ᠰᠢᠯᠤᠭᠤᠨ ᠬᠥᠬᠡ ᠬᠤᠰᠢᠭᠤᠨ ᠤ ᠨᠤᠲᠤᠭ ᠪᠤᠴᠠᠭᠰᠠᠳ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ
ᠨᠡᠶᠢᠲᠡᠯᠡᠭᠰᠡᠨ ᠴᠠᠭ᠄
2022/2/18
▲ ᠳᠤᠮᠳᠠ ᠥᠨᠳᠥᠷ ᠳᠡᠰ ᠤᠨ ᠬᠢᠵᠢᠭ ᠤᠨ ᠲᠦᠭᠰᠢᠭᠦᠷᠢᠲᠡᠶ ᠭᠠᠵᠠᠷ ᠣᠷᠣᠨ ᠠᠴᠠ ᠬᠤᠰᠢᠭᠤᠨ ᠳᠤ ᠢᠷᠡᠭᠰᠡᠳᠦᠨᠳᠦᠷ ᠳᠡᠰ ᠤᠨ ᠬᠢᠵᠢᠭ ᠤᠨ ᠳᠦᠭᠰᠢᠭᠦᠷᠢᠲᠡᠢ ᠭᠠᠵᠠᠷ ᠣᠷᠣᠨ ︵ᠬᠤᠲᠠ / ᠲᠣᠭᠤᠷᠢᠭ︶᠄ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ︵ᠪᠠᠶ ᠰᠧ ᠬᠤᠲᠠ ᠶᠢᠨ ᠳ᠋ᠧ ᠪᠦᠦ ᠰᠢᠶᠠᠨ︶᠂ ᠯᠢᠶᠣᠤᠨᠢᠩ ᠮᠤᠵᠢ ︵ᠬᠤ᠋ ᠯᠦ ᠳ᠋ᠣᠣ ᠬᠤᠲᠠ ᠶᠢᠨ ᠰᠦᠶ ᠵᠥᠩ ᠰᠢᠶᠠᠨ︶᠃ ᠳᠡᠭᠡᠷ᠎ᠡ ᠳᠤᠷᠠᠳᠤᠭᠰᠠᠨ ᠰᠢᠶᠠᠨ ︵ᠬᠤᠲᠠ / ᠲᠣᠭᠤᠷᠢᠭ / ᠵᠡᠭᠡᠯᠢ ᠭᠤᠳᠤᠮᠵᠢ︶ ᠠᠴᠠ ᠮᠠᠨ ᠤ ᠬᠤᠰᠢᠭᠤᠨ ᠳᠤ ᠢᠷᠡᠭᠰᠡᠳ ᠲᠤ ᠢᠷᠡᠭᠰᠡᠨ ᠡᠳᠦᠷ ᠠᠴᠠ ᠨᠢ ᠡᠬᠢᠯᠡᠨ᠂ 14 ᠬᠤᠨᠤᠭ ᠨᠢᠭᠡᠳᠦᠯᠲᠡᠢ ᠲᠤᠰᠠᠭᠠᠷᠯᠠᠬᠤ + 7 ᠬᠤᠨᠤᠭ ᠡᠷᠡᠭᠦᠯ ᠮᠡᠨᠳᠦ ᠶᠢᠨ ᠬᠢᠨᠠᠯᠲᠠ ᠲᠠᠯᠪᠢᠬᠤ ︵ᠨᠢᠭᠡᠳᠦᠯᠲᠡᠢ ᠲᠤᠰᠠᠭᠠᠷᠯᠠᠬᠤ 1᠂ 4᠂ 7᠂ 10᠂ 14 ᠳ᠋ᠦ᠋ᠭᠡᠷ ᠡᠳᠦᠷ ᠨᠡᠶᠢᠲᠡ 5 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠨ᠎ᠠ︶ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠳᠤᠮᠳᠠ ᠳᠡᠰ ᠤᠨ ᠬᠢᠵᠢᠭ ᠤᠨ ᠲᠦᠭᠰᠢᠭᠦᠷᠢᠲᠡᠶ ᠭᠠᠵᠠᠷ ᠣᠷᠣᠨ ︵ᠬᠤᠲᠠ / ᠲᠣᠭᠤᠷᠢᠭ︶᠄ ᠪᠡᠭᠡᠵᠢᠩ ᠬᠤᠲᠠ ︵ᠹᠧᠩ ᠲᠠᠢ ᠲᠣᠭᠤᠷᠢᠭ ᠤᠨ ᠢᠦᠶ ᠴᠢᠤᠸᠠᠨ ᠶᠢᠩ ᠵᠡᠭᠡᠯᠢ︶᠂ ᠬᠠᠷᠠᠮᠥ᠋ᠷᠡᠨ ︵ᠾᠸᠢ ᠾᠧ ᠬᠤᠲᠠ ᠶᠢᠨ ᠠᠶ ᠾᠦᠢ ᠲᠣᠭᠤᠷᠢᠭ ︶᠂ ᠲᠢᠶᠠᠨᠵᠢᠨ ︵ᠾᠧᠪᠸᠢ ᠲᠣᠭᠤᠷᠢᠭ ᠤᠨ ᠵᠢᠶᠠᠨ ᠴᠠᠩ ᠵᠡᠭᠡᠯᠢ︶᠂ ᠭᠤᠸᠠᠩᠳᠦ᠋ᠩ ᠤᠨ ᠱᠧᠨᠵᠧᠨ ︵ᠪᠦᠦ ᠠᠨ ᠲᠣᠭᠤᠷᠢᠭ ᠤᠨ ᠱᠢ ᠶᠠᠨ ᠵᠡᠭᠡᠯᠢ᠂ ᠱᠧᠨᠵᠧᠨ ᠬᠤᠲᠠ ᠶᠢᠨ ᠯᠦᠸᠧ ᠬᠤ᠋ ᠲᠣᠭᠤᠷᠢᠭ ᠤᠨ ᠳ᠋ᠦᠩ ᠮᠧᠨ ᠵᠡᠭᠡᠯᠢ︶᠂ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ︵ᠪᠠᠶ ᠰᠧ ᠬᠤᠲᠠ ᠶᠢᠨ ᠵᠢᠩ ᠰᠢ ᠬᠤᠲᠠ︶᠂ ᠵᠢᠶᠠᠩᠰᠦ ᠮᠤᠵᠢ ︵ᠰᠦᠵᠧᠦ ᠬᠤᠲᠠ ᠶᠢᠨ ᠠᠵᠤ ᠦᠢᠯᠡᠳᠪᠦᠷᠢ ᠶᠢᠨ ᠲᠣᠭᠤᠷᠢᠭ᠂ ᠬᠥ᠋ ᠰᠦ ᠲᠣᠭᠤᠷᠢᠭ᠂ ᠡᠦ ᠵᠥᠩ ᠲᠣᠭᠤᠷᠢᠭ᠂ ᠡᠦ ᠵᠢᠶᠠᠩ ᠲᠣᠭᠤᠷᠢᠭ᠂ ᠰᠢᠶᠠᠩ ᠴᠧᠩ ᠲᠣᠭᠤᠷᠢᠭ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︵ᠮᠠᠨᠵᠤᠤᠷ ᠬᠤᠲᠠ ᠶᠢᠨ ᠡᠮᠦᠨ᠎ᠡ ᠲᠣᠭᠤᠷᠢᠭ ᠤᠨ ᠵᠡᠭᠡᠯᠢ ᠭᠤᠳᠤᠮᠵᠢ︶᠃ ᠳᠡᠭᠡᠷ᠎ᠡ ᠳᠤᠷᠠᠳᠤᠭᠰᠠᠨ ᠰᠢᠶᠠᠨ ︵ᠬᠤᠲᠠ᠂ ᠲᠣᠭᠤᠷᠢᠭ᠂ ᠵᠡᠭᠡᠯᠢ ᠭᠤᠳᠤᠮᠵᠢ︶ ᠠᠴᠠ ᠮᠠᠨ ᠤ ᠬᠤᠰᠢᠭᠤᠨ ᠳᠤ ᠢᠷᠡᠭᠰᠡᠳ ᠲᠤ ᠢᠷᠡᠭᠰᠡᠨ ᠡᠳᠦᠷ ᠠᠴᠠ ᠨᠢ ᠡᠬᠢᠯᠡᠨ᠂ ᠬᠡᠷ ᠲᠤᠨᠢ 14 ᠬᠤᠨᠤᠭ ᠲᠤᠰᠠᠭᠠᠷᠯᠠᠵᠤ ︵4᠂ 7᠂ 10᠂ 14 ᠳ᠋ᠦ᠋ᠭᠡᠷ ᠡᠳᠦᠷ ᠨᠡᠶᠢᠲᠡ 5 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠬᠦ︶᠂ ᠭᠡᠷ ᠲᠡᠭᠡᠨ ᠲᠤᠰᠠᠭᠠᠷᠯᠠᠬᠤ ᠨᠥᠬᠦᠴᠡᠯ ᠦᠭᠡᠶ ᠪᠣᠯ ᠴᠥᠮ ᠨᠢᠭᠡᠳᠦᠯᠲᠡᠢ ᠲᠤᠰᠠᠭᠠᠷᠯᠠᠨ᠎ᠠ᠃ ᠳᠤᠮᠳᠠ᠂ ᠥᠨᠳᠥᠷ ᠳᠡᠰ ᠤᠨ ᠬᠢᠵᠢᠭ ᠤᠨ ᠲᠦᠭᠰᠢᠭᠦᠷᠢᠲᠡᠶ ᠭᠠᠵᠠᠷ ᠣᠷᠣᠨ ︵ᠬᠤᠲᠠ᠂ ᠲᠣᠭᠤᠷᠢᠭ᠂ ᠬᠤᠰᠢᠭᠤ︶ ᠤ ᠳᠤᠤᠷ᠎ᠠ ᠳᠡᠰ ᠤᠨ ᠲᠦᠭᠰᠢᠭᠦᠷᠢᠲᠡᠶ ᠣᠷᠣᠨ ᠠᠴᠠ ᠢᠷᠡᠭᠡᠳ 14 ᠬᠤᠨᠤᠭ ᠪᠤᠯᠤᠭᠠᠳᠤᠢ ᠬᠥᠮᠦᠰ᠂ ᠳᠠᠷᠤᠶ ᠲᠦᠷᠭᠡᠨ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ︶ ᠪᠠ ᠪᠠᠶᠢᠭᠤᠯᠭ᠎ᠠ ᠨᠢᠭᠡᠴᠡ ᠳᠡᠭᠡᠨ ᠮᠡᠳᠡᠭᠦᠯᠦᠭᠰᠡᠨ ᠤ ᠳᠠᠷᠠᠭ᠎ᠠ 3 ᠬᠤᠨᠤᠭ ᠤᠨ ᠳᠣᠲᠣᠷ᠎ᠠ 2 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠵᠦ ︵24 ᠴᠠᠭ ᠠᠯᠤᠰᠯᠠᠭᠤᠯᠤᠨ᠎ᠠ︶᠂ 14 ᠳ᠋ᠦ᠋ᠭᠡᠷ ᠡᠳᠦᠷ ᠪᠣᠯᠲᠠᠯ᠎ᠠ ᠡᠷᠡᠭᠦᠯ ᠮᠡᠨᠳᠦ ᠳᠤ ᠪᠠᠨ ᠬᠢᠨᠠᠯᠲᠠ ᠲᠠᠯᠪᠢᠨ᠎ᠡ᠃ ᠥᠪᠡᠷᠲᠡᠭᠡᠨ ᠡᠷᠡᠭᠦᠯ ᠮᠡᠨᠳᠦ ᠶᠢ ᠬᠢᠨᠠᠯᠲᠠ ᠲᠠᠯᠪᠢᠵᠤ ᠪᠠᠶᠢᠭ᠎ᠠ  ᠬᠤᠭᠤᠴᠠᠭᠠᠨ ᠳᠤ ᠭᠠᠳᠠᠭᠰᠢ ᠭᠠᠷᠴᠤ ᠬᠥᠮᠦᠨ ᠬᠠᠷ᠎ᠠ ᠴᠤᠭᠯᠠᠷᠠᠭᠰᠠᠨ ᠲᠠᠯᠠᠪᠤᠷ ᠲᠤ ᠣᠴᠢᠵᠤ ᠪᠣᠯᠬᠤ ᠥᠬᠡᠶ᠃ ᠳᠤᠮᠳᠠ᠂ ᠥᠨᠳᠥᠷ ᠳᠡᠰ ᠤᠨ ᠲᠦᠭᠰᠢᠭᠦᠷᠢᠲᠡᠶ ᠭᠠᠵᠠᠷ ᠣᠷᠣᠨ ︵ᠬᠤᠲᠠ᠂ ᠲᠣᠭᠤᠷᠢᠭ᠂ ᠬᠤᠰᠢᠭᠤ︶ ᠤ ᠬᠥᠮᠦᠰ ᠰᠢᠯᠤᠭᠤᠨ ᠬᠥᠬᠡ ᠬᠤᠰᠢᠭᠤᠨ ᠳᠤ ᠢᠷᠡᠬᠦ ᠪᠠᠨ ᠲᠦᠷ ᠬᠤᠶᠢᠰᠢᠯᠠᠭᠤᠯᠤᠭᠠᠷᠠᠢ᠃ ᠦᠨᠡᠨ ᠬᠦ ᠢᠷᠡᠬᠦ ᠱᠠᠭᠠᠷᠳᠠᠯᠭ᠎ᠠ  ᠲᠠᠢ ᠪᠣᠯ᠂ ᠲᠤᠬᠠᠶ ᠶᠢᠨ ᠭᠠᠵᠠᠷ ᠤᠨ ᠬᠢᠵᠢᠭ ᠢ ᠰᠡᠷᠭᠡᠶᠢᠯᠡᠬᠦ ᠵᠢᠯᠣᠭᠤᠳᠬᠤ ᠬᠡᠯᠲᠡᠰ ᠤᠨ ᠵᠥᠪᠰᠢᠶᠡᠷᠡᠯ ᠤᠨ ᠳᠠᠭᠠᠤ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠬᠠᠩᠭᠠᠨ᠂ ᠬᠤᠪᠢ ᠶᠢᠨ ᠬᠠᠮᠠᠭᠠᠯᠠᠯᠲᠠ ᠪᠠᠨ ᠰᠠᠶᠢᠲᠤᠷ ᠬᠢᠭᠰᠡᠨ ᠤᠷᠢᠳᠠᠯ ᠳᠤᠤᠷ᠎ᠠ ᠰᠠᠶ᠋ᠢ ᠰᠢᠯᠤᠭᠤᠨ ᠬᠥᠬᠡ ᠬᠤᠰᠢᠭᠤᠨ ᠳᠤ ᠢᠷᠡᠵᠦ ᠪᠣᠯᠤᠨ᠎ᠠ᠃ ᠰᠢᠯᠤᠭᠤᠨ ᠬᠥᠬᠡ ᠬᠤᠰᠢᠭᠤᠨ ᠳᠤ ᠬᠥᠷᠬᠦ ᠠᠴᠠ ᠡᠮᠦᠨ᠎ᠡ ᠵᠣᠷᠢᠭᠰᠠᠨ ᠭᠠᠵᠠᠷ ᠤᠨ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ᠂ ᠲᠣᠰᠬᠤᠨ︶ ᠪᠠ ᠪᠠᠶᠢᠭᠤᠯᠭ᠎ᠠ ᠨᠢᠭᠡᠴᠡ ᠳᠤ ᠮᠡᠳᠡᠭᠦᠯᠵᠦ᠂ ᠬᠤᠰᠢᠭᠤᠨ ᠳᠤ ᠭᠦᠷᠦᠭᠰᠡᠨ ᠤ ᠳᠠᠷᠠᠭᠠᠬᠢ 1᠂ 3 ᠳ᠋ᠤᠭᠠᠷ ᠡᠳᠦᠷ ᠲᠤ ᠲᠣᠰ ᠲᠣᠰ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢᠨ ᠬᠠᠮᠲᠤ ᠥᠪᠡᠷᠲᠡᠭᠡᠨ ᠡᠷᠡᠭᠦᠯ ᠮᠡᠨᠳᠦ ᠶᠢᠨ ᠬᠢᠨᠠᠯᠲᠠ ᠬᠢᠬᠦ ᠴᠢᠬᠤᠯᠠᠲᠠᠢ᠃ ᠬᠤᠶᠠᠳᠤᠭᠠᠷ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠨᠢ ᠭᠠᠷᠬᠤ ᠠᠴᠠ ᠡᠮᠦᠨ᠎ᠡ᠂ ᠲᠦᠷ ᠴᠠᠭ ᠬᠡᠷ ᠲᠡᠭᠡᠨ ᠲᠤᠰᠠᠭᠠᠷᠯᠠᠬᠤ ᠴᠢᠬᠤᠯᠠᠲᠠᠶ᠂ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠲᠤ ᠣᠴᠢᠵᠤ ᠪᠣᠯᠬᠤ ᠥᠬᠡᠶ᠃ ▲ ᠬᠢᠯᠢ ᠶᠢᠨ ᠭᠠᠳᠠᠨ᠎ᠠ ᠠᠴᠠ ᠬᠤᠰᠢᠭᠤᠨ ᠳᠤ ᠢᠷᠡᠭᠰᠡᠳ ᠮᠠᠨ ᠤ ᠬᠤᠰᠢᠭᠤ ᠨᠢ ᠬᠢᠯᠢ ᠶᠢᠨ ᠭᠠᠳᠠᠨ᠎ᠠ ᠠᠴᠠ ᠢᠷᠡᠭᠰᠡᠳ ᠤᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ︽ᠬᠢᠯᠢ ᠳᠤ ᠣᠷᠣᠭᠰᠠᠨ ᠭᠠᠵᠠᠷ ᠲᠤ ᠪᠠᠨ 14 ᠬᠤᠨᠤᠭ ᠨᠢᠭᠡᠳᠦᠯᠲᠡᠢ ᠲᠤᠰᠠᠭᠠᠷᠯᠠᠬᠤ + 7 ᠬᠤᠨᠤᠭ ᠬᠡᠷ ᠲᠡᠭᠡᠨ ᠲᠤᠰᠠᠭᠠᠷᠯᠠᠬᠤ︾ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ 2᠂ 7 ᠳ᠋ᠤᠭᠠᠷ ᠡᠳᠦᠷ ᠲᠤ ᠲᠣᠰ ᠲᠣᠰ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠬᠡᠷ ᠲᠡᠭᠡᠨ ᠲᠤᠰᠠᠭᠠᠷᠯᠠᠬᠤ ᠨᠥᠬᠦᠴᠡᠯ ᠳᠤ ᠨᠡᠶᠢᠴᠡᠬᠦ ᠥᠬᠡᠶ ᠪᠣᠯ ᠴᠥᠮ ᠨᠢᠭᠡᠳᠦᠯᠲᠡᠢ ᠲᠤᠰᠠᠭᠠᠷᠯᠠᠨ᠎ᠠ᠃▲ ᠰᠢᠯᠢ ᠶᠢᠨ ᠭᠤᠤᠯ ᠠᠶᠢᠮᠠᠭ ᠤᠨ ᠭᠠᠳᠠᠨ᠎ᠠ ᠠᠴᠠ ᠬᠤᠰᠢᠭᠤᠨ ᠳᠤ ᠢᠷᠡᠭᠰᠡᠳᠰᠢᠯᠢ ᠶᠢᠨ ᠭᠤᠤᠯ ᠠᠶᠢᠮᠠᠭ ᠤᠨ ᠭᠠᠳᠠᠨᠠᠬᠢ ᠳᠤᠤᠷ᠎ᠠ ᠳᠡᠰ ᠤᠨ ᠬᠢᠵᠢᠭ ᠤᠨ ᠲᠦᠭᠰᠢᠭᠦᠷᠢ ᠲᠠᠢ ᠭᠠᠵᠠᠷ ᠣᠷᠣᠨ ᠠᠴᠠ ᠬᠤᠰᠢᠭᠤᠨ ᠳᠤ ᠢᠷᠡᠭᠰᠡᠳ ︵ᠪᠤᠴᠠᠭᠰᠠᠳ︶ ᠨᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠬᠠᠩᠭᠠᠬᠤ ᠪᠤᠶᠤ ᠬᠤᠰᠢᠭᠤᠨ ᠳᠤ ᠢᠷᠡᠭᠰᠡᠨ ᠤ ᠳᠠᠷᠠᠭᠠᠬᠢ 24 ᠴᠠᠭ ᠤᠨ ᠳᠣᠲᠣᠷ᠎ᠠ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢᠨ ᠬᠠᠮᠲᠤ 14 ᠬᠤᠨᠤᠭ ᠥᠪᠡᠷᠲᠡᠭᠡᠨ ᠡᠷᠡᠭᠦᠯ ᠮᠡᠨᠳᠦ ᠶᠢᠨ ᠬᠢᠨᠠᠯᠲᠠ ᠬᠢᠬᠦ ᠬᠡᠷᠡᠭᠳᠡᠢ᠂ ᠡᠷᠡᠭᠦᠯ ᠮᠡᠨᠳᠦ ᠶᠢᠨ ᠬᠢᠨᠠᠯᠲᠠ ᠬᠢᠬᠦ ᠬᠤᠭᠤᠴᠠᠭᠠᠨ ᠳᠤ ᠠᠯᠢ ᠴᠢᠳᠠᠬᠤ ᠪᠠᠷ ᠭᠠᠳᠠᠭᠰᠢ ᠭᠠᠷᠬᠤ ᠪᠠᠨ ᠪᠠᠭᠠᠰᠬᠠᠵᠤ᠂ ᠬᠥᠮᠦᠨ ᠬᠠᠷ᠎ᠠ ᠣᠯᠠᠨ ᠴᠤᠭᠯᠠᠷᠠᠭᠰᠠᠨ ᠭᠠᠵᠠᠷ ᠣᠴᠢᠵᠤ ᠪᠣᠯᠬᠤ ᠦᠭᠡᠢ᠃ ᠬᠡᠷᠪᠡ ᠬᠠᠯᠠᠭᠤᠷᠠᠬᠤ᠂ ᠬᠠᠨᠢᠶᠠᠯᠭᠠᠬᠤ᠂ ᠲᠠᠮᠢᠷᠳᠠᠬᠤ᠂ ᠦᠨᠦᠷ ᠤᠨ ᠰᠡᠷᠡᠯ ᠮᠠᠭᠤᠳᠠᠬᠤ᠂ ᠭᠦᠶᠦᠯᠭᠡᠬᠦ᠂ ᠬᠤᠭᠤᠯᠠᠶ ᠡᠪᠡᠳᠬᠦ ᠵᠡᠷᠭᠡ ᠢᠯᠡᠷᠡᠯ ᠭᠠᠷᠪᠠᠯ᠂ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ᠂ ᠲᠣᠰᠬᠤᠨ ︶ ᠪᠠ ᠪᠠᠶᠢᠭᠤᠯᠭ᠎ᠠ ᠨᠢᠭᠡᠴᠡ ᠳᠡᠭᠡᠨ ᠳᠠᠷᠤᠶ ᠲᠦᠷᠭᠡᠨ ᠮᠡᠳᠡᠭᠦᠯᠦᠭᠡᠷᠡᠶ᠂ ᠡᠪᠡᠳᠴᠢᠨ ᠲᠠᠢ ᠪᠠᠶᠢᠭᠠᠳ ᠠᠵᠢᠯᠯᠠᠬᠤ ᠪᠣᠶᠣ ᠰᠤᠷᠭᠠᠭᠤᠯᠢ ᠳᠠᠭᠠᠨ ᠣᠴᠢᠵᠤ ᠪᠣᠯᠬᠤ ᠥᠬᠡᠶ᠂ ᠴᠠᠭ ᠲᠤᠬᠠᠶ ᠳᠤ ᠪᠠᠨ ᠣᠶᠢᠷ᠎ᠠ ᠬᠠᠪᠢ ᠶᠢᠨ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠨᠡᠭᠦᠯᠬᠦ ᠶᠢᠨ ᠬᠠᠮᠲᠤ ᠰᠠᠨᠠᠭᠠᠴᠢᠯᠠᠭ᠎ᠠ ᠠᠴᠠ ᠪᠠᠨ ᠥᠪᠡᠷ ᠤᠨ ᠣᠴᠢᠵᠤ ᠦᠩᠭᠡᠷᠡᠭᠰᠡᠨ ᠭᠠᠵᠠᠷ ᠢᠶᠠᠨ ᠬᠡᠯᠡᠵᠦ ᠥᠭᠬᠦ ᠬᠡᠷᠡᠭᠲᠡᠶ᠂ ᠡᠪᠡᠳᠴᠢᠨ ᠢᠶᠠᠨ ᠦᠵᠡᠭᠦᠯᠬᠦ ᠶᠠᠪᠤᠴᠠ ᠳᠤ ᠬᠤᠪᠢ ᠬᠥᠮᠦᠨ ᠤ ᠰᠡᠷᠭᠡᠶᠢᠯᠡᠯᠲᠡ ᠪᠠᠨ ᠰᠠᠶᠢᠲᠤᠷ ᠬᠢᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠶ᠃ ᠬᠡᠷᠪᠡ ᠡᠷᠡᠭᠦᠯ ᠮᠡᠨᠳᠦ ᠶᠢᠨ ᠺᠣᠳ᠋ ᠳᠡᠭᠡᠷ᠎ᠡ ᠴᠢᠨᠢ ᠤᠯᠠᠭᠠᠨ᠂ ᠰᠢᠷ᠎ᠠ ᠥᠩᠭᠡ ᠢᠯᠡᠷᠡᠬᠦ ᠪᠣᠶᠣ ᠶᠠᠪᠤᠵᠤ ᠰᠠᠭᠤᠭᠰᠠᠨ ᠭᠠᠵᠠᠷ ᠣᠷᠣᠨ ᠳᠤ ᠴᠢᠨᠢ ᠣᠶᠢᠷ᠎ᠠ ᠶᠢᠨ ᠬᠤᠭᠤᠴᠠᠭᠠᠨ ᠳᠤ ᠬᠢᠵᠢᠭ ᠢᠯᠡᠷᠡᠭᠰᠡᠨ ᠪᠠᠶᠢᠪᠠᠯ᠂ ᠳᠠᠷᠤᠶ ᠲᠦᠷᠭᠡᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠪᠠᠶᠢᠭᠤᠯᠭ᠎ᠠ ᠨᠢᠭᠡᠴᠡ ᠪᠤᠶᠤ ᠰᠠᠭᠤᠭᠰᠠᠨ ᠪᠠᠭᠤᠳᠠᠯ ᠳᠤ ᠪᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠡᠯ᠎ᠡ ᠵᠦᠢᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠳᠤ ᠬᠠᠮᠵᠢᠯᠴᠠᠬᠤ ᠬᠡᠷᠡᠭᠳᠡᠢ᠃▲ ᠥᠪᠡᠷᠳᠡᠭᠡᠨ ᠵᠠᠰᠠᠬᠤ ᠤᠷᠤᠨ ᠤ ᠬᠢᠯᠢ ᠳᠠᠭᠠᠤ ᠭᠠᠵᠠᠷ ᠤᠷᠤᠨ ᠠᠴᠠ ᠢᠷᠡᠭᠰᠡᠳᠡᠷᠭᠦᠨ᠎ᠡ ᠬᠤᠲᠠ᠂ ᠮᠠᠨᠵᠤᠤᠷ ᠬᠤᠲᠠ ︵ᠵᠠᠯᠠᠶᠢᠨᠠᠭᠤᠷ ᠲᠣᠭᠤᠷᠢᠭ ᠪᠠᠭᠲᠠᠨ᠎ᠠ︶᠂ ᠰᠢᠨ᠎ᠡ ᠪᠠᠷᠭᠤ ᠪᠠᠷᠠᠭᠤᠨ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠷᠠᠰᠢᠶᠠᠨ ᠬᠤᠲᠠ᠂ ᠵᠡᠭᠦᠨ ᠦᠵᠦᠮᠦᠴᠢᠨ ᠬᠤᠰᠢᠭᠤ᠂ ᠡᠷᠢᠶᠡᠨ ᠬᠤᠲᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠤᠷᠠᠳ ᠤᠨ ᠳᠤᠮᠳᠠᠳᠤ ᠬᠤᠰᠢᠭᠤ᠂ ᠡᠵᠡᠨ᠎ᠡ ᠬᠤᠰᠢᠭᠤ ᠵᠡᠷᠭᠡ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠣᠷᠣᠨ ᠠᠴᠠ ᠢᠷᠡᠬᠦ ︵ᠪᠤᠴᠠᠬᠤ︶ ᠬᠥᠮᠦᠰ 48 ᠴᠠᠭ ᠤᠨ ᠪᠥᠭᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷ ᠤᠨ ᠭᠡᠷᠡᠴᠢ ᠪᠠᠨ ᠬᠠᠩᠭᠠᠵᠤ᠂ 14 ᠬᠤᠨᠤᠭ ᠥᠪᠡᠷ ᠤᠨ ᠡᠷᠡᠭᠦᠯ ᠮᠡᠨᠳᠦ ᠳᠤ ᠪᠠᠨ ᠬᠢᠨᠠᠯᠲᠠ ᠲᠠᠯᠪᠢᠬᠤ ᠬᠡᠷᠡᠭᠳᠡᠢ᠃ ᠪᠥᠭᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷ ᠤᠨ ᠭᠡᠷᠡᠴᠢ ᠬᠠᠩᠭᠠᠭᠰᠠᠨ ᠥᠬᠡᠶ ᠬᠥᠮᠦᠰ 24 ᠴᠠᠭ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠳᠠ ᠬᠢᠯᠭᠡᠬᠦ ᠬᠡᠷᠡᠭᠲᠡᠶ᠃ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ ᠤ ᠢᠯᠡᠷᠡᠯ ᠲᠠᠢ ᠪᠣᠯ ᠳᠠᠷᠤᠶᠢᠬᠠᠨ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠲᠠᠭᠠᠨ ᠮᠡᠳᠡᠭᠦᠯᠬᠦ ᠬᠡᠷᠡᠭᠲᠡᠶ᠃▲ ᠠᠶᠠᠯᠠᠯ ᠤᠨ ᠺᠣᠳ᠋ ᠳᠡᠭᠡᠷ᠎ᠡ ᠨᠢ ᠣᠳᠣᠨ ᠲᠡᠮᠳᠡᠭ ᠲᠠᠢ ᠬᠥᠮᠦᠰ ᠪᠠ ᠳᠤᠮᠳᠠ᠂ ᠥᠨᠳᠥᠷ ᠲᠡᠰ ᠤᠨ ᠲᠦᠭᠰᠢᠭᠦᠷᠢᠲᠡᠶ ᠭᠠᠵᠠᠷ ᠣᠷᠣᠨ ᠳᠠᠬᠢ ᠬᠤᠰᠢᠭᠤ ᠰᠢᠶᠠᠨ ︵ᠬᠤᠲᠠ᠂ ᠲᠣᠭᠤᠷᠢᠭ᠂ ᠬᠤᠰᠢᠭᠤ︶ ᠠᠴᠠ ᠢᠷᠡᠭᠰᠡᠳᠢᠷᠡᠬᠦ ᠠᠴᠠ ᠪᠠᠨ ᠡᠮᠦᠨ᠎ᠡ ᠵᠣᠷᠢᠭᠰᠠᠨ ᠭᠠᠵᠠᠷ ᠤᠨ ᠢᠶᠠᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠠ ᠪᠠᠶᠢᠭᠤᠯᠭ᠎ᠠ ᠨᠢᠭᠡᠴᠡ ᠳᠡᠭᠡᠨ ᠮᠡᠳᠡᠭᠦᠯᠵᠦ᠂ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷ ᠤᠨ ᠭᠡᠷᠡᠴᠢ ᠬᠠᠩᠭᠠᠬᠤ ᠶᠢᠨ ᠬᠠᠮᠳᠣ ᠳᠤᠮᠳᠠ᠂ ᠥᠨᠳᠥᠷ ᠲᠡᠰ ᠤᠨ ᠲᠦᠭᠰᠢᠭᠦᠷᠢᠲᠡᠶ ᠭᠠᠵᠠᠷ ᠣᠷᠣᠨ ᠳᠤ ᠬᠦᠷᠴᠦ ᠥᠩᠭᠡᠷᠡᠭᠰᠡᠨ ᠡᠰᠡᠬᠦ ᠪᠠᠨ ᠮᠡᠳᠡᠭᠦᠯᠬᠦ ᠬᠡᠷᠡᠭᠳᠡᠢ᠃ ᠬᠡᠷᠪᠡ 14 ᠡᠳᠦᠷ ᠤᠨ ᠳᠣᠲᠣᠷ᠎ᠠ ᠳᠤᠮᠳᠠ ᠂ ᠥᠨᠳᠥᠷ ᠲᠠᠰ ᠤᠨ ᠲᠦᠭᠰᠢᠭᠦᠷᠢ ᠲᠠᠢ ᠭᠠᠵᠠᠷ ᠣᠷᠣᠨ ᠳᠤ ᠬᠦᠷᠴᠦ ᠥᠩᠭᠡᠷᠡᠭᠰᠡᠨ ᠪᠣᠯ᠂ ᠠᠯᠪᠠᠨ ᠵᠠᠷᠯᠠᠯ ᠤᠨ ᠨᠢᠭᠡᠳᠦᠭᠡᠷ ᠵᠣᠷᠪᠣᠰ ᠲᠣᠭᠲᠠᠭᠠᠯ ᠢ ᠬᠡᠷᠡᠭᠵᠢᠭᠦᠯᠬᠦ ᠬᠡᠷᠡᠭᠳᠡᠢ᠃ ᠬᠡᠷᠪᠡ ᠳᠤᠮᠳᠠ᠂ ᠥᠨᠳᠥᠷ ᠲᠠᠰ ᠤᠨ ᠲᠦᠭᠰᠢᠭᠦᠷᠢ ᠲᠠᠢ ᠭᠠᠵᠠᠷ ᠣᠷᠣᠨ ᠳᠤ ᠬᠦᠷᠴᠦ ᠥᠩᠭᠡᠷᠡᠭᠰᠡᠨ ᠥᠬᠡᠶ ᠪᠣᠯ᠂ ᠬᠤᠰᠢᠭᠤᠨ ᠳᠤ ᠢᠷᠡᠭᠰᠡᠨ ᠤ ᠳᠠᠷᠠᠭ᠎ᠠ 24 ᠴᠠᠭ ᠤᠨ ᠳᠣᠲᠣᠷ᠎ᠠ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢᠨ ᠬᠠᠮᠲᠤ᠂ ᠥᠪᠡᠷᠳᠡᠭᠡᠨ ᠡᠷᠡᠭᠦᠯ ᠮᠡᠨᠳᠦ ᠶᠢᠨ ᠬᠢᠨᠠᠯᠲᠠ ᠬᠢᠨ᠎ᠠ᠃ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠭᠠᠷᠬᠤ ᠠᠴᠠ ᠡᠮᠦᠨ᠎ᠡ᠂ ᠬᠡᠷ ᠲᠡᠭᠡᠨ ᠲᠦᠷ ᠴᠠᠭ ᠲᠤᠰᠠᠭᠠᠷᠯᠠᠵᠤ᠂ ᠬᠥᠮᠦᠨ ᠬᠠᠷ᠎ᠠ ᠬᠤᠷᠠᠨ ᠴᠤᠭᠯᠠᠷᠠᠭᠰᠠᠨ ᠭᠠᠵᠠᠷ ᠲᠤ ᠣᠴᠢᠵᠤ ᠪᠣᠯᠬᠤ ᠥᠬᠡᠶ᠃▲ ᠨᠤᠲᠤᠭ ᠲᠠᠭᠠᠨ ᠪᠤᠴᠠᠬᠤ ᠪᠠᠷ ᠪᠠᠶᠢᠭ᠎ᠠ ᠭᠤᠣᠯᠳᠠᠯᠭ᠎ᠠ ᠲᠠᠢ ᠬᠦᠮᠦᠰᠨᠤᠲᠤᠭ ᠲᠠᠭᠠᠨ ᠪᠤᠴᠠᠬᠤ ᠭᠤᠣᠯᠳᠠᠯᠭ᠎ᠠ ᠲᠠᠢ ᠬᠦᠮᠦᠰ ᠭᠡᠳᠡᠭ ᠨᠢ᠄ ᠨᠢᠭᠡ ᠳᠤ᠂ ᠬᠢᠯᠢ ᠶᠢᠨ ᠣᠷᠣᠨ ᠤ ᠲᠦᠭᠰᠢᠭᠦᠷᠢ ᠶᠡᠬᠡᠲᠡᠶ ᠠᠵᠢᠯ ᠤᠨ ᠪᠠᠶᠢᠷᠢᠨ ᠳᠤ ᠪᠠᠶᠢᠭ᠎ᠠ ᠬᠥᠮᠦᠰ ᠪᠤᠯᠤᠨ᠎ᠠ᠃ ᠳᠠᠷᠣᠢ᠄ ᠬᠠᠭᠤᠷᠠᠶ ᠵᠠᠮ᠂ ᠠᠭᠠᠷ ᠤᠨ ᠠᠶᠠᠯᠠᠯ᠂ ᠳᠠᠯᠠᠢ ᠶᠢᠨ ᠲᠡᠭᠡᠭᠡᠪᠦᠷᠢ ᠶᠢᠨ ᠪᠣᠭᠤᠮᠲᠠ ᠠᠴᠠ ᠬᠢᠯᠢ ᠳᠤ ᠣᠷᠣᠵᠤ ᠢᠷᠡᠬᠦ ᠬᠥᠮᠦᠰ᠂ ᠡᠳ᠋ ᠪᠣᠳᠠᠰ᠂ ᠣᠷᠴᠢᠨ ᠲᠣᠭᠤᠷᠢᠨ ᠯᠤᠭ᠎ᠠ ᠰᠢᠭᠤᠳ ᠣᠶᠢᠷᠠᠳᠬᠤ ᠠᠵᠢᠯ ᠤᠨ ᠪᠠᠶᠢᠷᠢᠨ ᠳᠤ ᠪᠠᠶᠢᠭ᠎ᠠ ᠬᠥᠮᠦᠰ ᠵᠢᠴᠢ ᠲᠥᠪᠯᠡᠷᠡᠭᠦᠯᠦᠨ ᠲᠤᠰᠠᠭᠠᠷᠯᠠᠬᠤ ᠭᠠᠵᠠᠷ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ᠂ ᠬᠥᠯᠳᠡᠭᠦᠦ ᠪᠠᠷᠠᠭᠠᠨ ᠤ ᠭᠦᠢᠯᠭᠡᠭᠡᠨ ᠤ ᠬᠠᠮᠢᠶ᠎ᠠ ᠪᠥᠬᠦᠶ ᠠᠵᠤ ᠠᠬᠤᠶᠢᠯᠠᠯ ᠵᠡᠷᠭᠡ ᠲᠦᠭᠰᠢᠭᠦᠷᠢ ᠶᠡᠬᠡᠲᠡᠶ ᠠᠵᠢᠯ ᠤᠨ ᠪᠠᠶᠢᠷᠢᠨ ᠳᠤ ᠪᠠᠶᠢᠭ᠎ᠠ ᠬᠥᠮᠦᠰ ᠢ ᠵᠢᠭᠠᠵᠤ ᠪᠣᠶ᠃ ᠬᠤᠶᠠᠷ ᠲᠤ᠂ᠲᠥᠪᠯᠡᠷᠡᠭᠦᠯᠦᠨ ᠲᠤᠰᠠᠭᠠᠷᠯᠠᠬᠤ ᠭᠠᠵᠠᠷ ᠠᠵᠢᠯᠯᠠᠵᠤ ᠪᠠᠶᠢᠭ᠎ᠠ ᠬᠥᠮᠦᠰ᠃ ᠭᠤᠷᠪᠠ ᠳᠤ ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠠᠵᠢᠯᠯᠠᠵᠤ ᠪᠠᠶᠢᠭ᠎ᠠ ᠬᠦᠮᠦᠰ᠃ ᠳᠥᠷᠪᠡ ᠳᠤ᠂ ᠬᠠᠯᠠᠭᠤᠷᠠᠭᠰᠠᠨ ᠡᠪᠡᠳᠴᠢᠲᠡᠨ ᠢ ᠡᠮᠴᠢᠯᠡᠬᠦ ᠡᠭᠦᠳᠡᠨ ᠡᠮᠨᠡᠯᠭᠡ ᠳᠤ ᠠᠵᠢᠯᠯᠠᠵᠤ ᠪᠠᠶᠢᠭ᠎ᠠ ᠬᠦᠮᠦᠰ᠃ ᠲᠠᠪᠤ ᠳᠤ᠂ ᠪᠤᠰᠤᠳ ᠠᠵᠢᠯ ᠤᠨ ᠪᠠᠶᠢᠷᠢᠨ ᠳᠤ ᠪᠠᠶᠢᠭ᠎ᠠ ᠬᠥᠮᠦᠰ᠃ ᠳᠡᠭᠡᠷ᠎ᠡ ᠳᠤᠷᠠᠳᠤᠭᠰᠠᠨ ᠨᠤᠲᠤᠭ ᠲᠠᠭᠠᠨ ᠪᠤᠴᠠᠬᠤ ᠪᠠᠷ ᠪᠠᠶᠢᠭ᠎ᠠ ᠭᠤᠣᠯᠳᠠᠯᠭ᠎ᠠ  ᠲᠠᠢ ᠬᠦᠮᠦᠰ ᠨᠢ 48 ᠴᠠᠭ ᠤᠨ ᠪᠥᠭᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷ ᠤᠨ ᠭᠡᠷᠡᠴᠢ ᠪᠠᠨ ᠬᠠᠩᠭᠠᠵᠤ᠂ ᠥᠪᠡᠷᠲᠡᠭᠡᠨ ᠡᠷᠡᠭᠦᠯ ᠮᠡᠨᠳᠦ ᠳᠡᠭᠡᠨ 7 ᠡᠳᠦᠷ ᠤᠨ ᠬᠢᠨᠠᠯᠳᠠ ᠲᠠᠯᠪᠢᠬᠤ ᠬᠡᠷᠡᠭᠳᠡᠢ᠃ ᠪᠥᠭᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷ ᠤᠨ ᠭᠡᠷᠡᠴᠢ ᠬᠠᠩᠭᠠᠭᠰᠠᠨ ᠥᠬᠡᠶ ᠬᠥᠮᠦᠰ 24 ᠴᠠᠭ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠳᠠ ᠬᠢᠯᠭᠡᠬᠦ ᠬᠡᠷᠡᠭᠲᠡᠶ᠃ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ ᠤ ᠢᠯᠡᠷᠡᠯ ᠲᠠᠢ ᠪᠣᠯ ᠳᠠᠷᠤᠶᠢᠬᠠᠨ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠲᠠᠭᠠᠨ ᠮᠡᠳᠡᠭᠦᠯᠬᠦ ᠬᠡᠷᠡᠭᠲᠡᠶ᠃1 ᠰᠠᠷ᠎ᠠ ᠶᠢᠨ 30 ᠤ ᠡᠳᠦᠷ ᠠᠴᠠ ᠨᠠᠰᠢ ᠬᠥᠬᠡᠬᠤᠳᠠ ᠳᠤ ᠣᠴᠢᠵᠣ ᠥᠩᠭᠡᠷᠡᠭᠰᠡᠨ ᠬᠦᠮᠦᠰ᠂ 2 ᠰᠠᠷ᠎ᠠ ᠶᠢᠨ 1 ᠤ ᠡᠳᠦᠷ ᠠᠴᠠ ᠨᠠᠰᠢ ᠮᠠᠨᠵᠤᠤᠷ ᠬᠤᠳᠠ ᠶᠢ ᠣᠴᠢᠵᠤ ᠥᠩᠭᠡᠷᠡᠭᠰᠡᠨ ᠬᠦᠮᠦᠰ ᠪᠤᠶᠤ ᠮᠠᠨᠵᠤᠤᠷ ᠬᠤᠲᠠ᠂ ᠬᠥᠬᠡᠬᠤᠳᠠ ᠶᠢᠨ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠠᠴᠠ ᠨᠡᠶᠢᠲᠡᠯᠡᠭᠰᠡᠨ ᠡᠪᠡᠳᠴᠢᠨ ᠤ ᠵᠢᠱᠢᠶ᠎ᠡ ᠶᠢᠨ ᠠᠶᠠᠯᠠᠭᠰᠠᠨ ᠵᠠᠮ ᠱᠣᠭᠤᠮ ᠢᠶᠠᠷ ᠶᠠᠪᠤᠭᠰᠠᠨ ᠬᠥᠮᠦᠰ ᠳᠠᠷᠤᠶᠢᠬᠠᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠪᠠᠶᠢᠭᠤᠯᠭ᠎ᠠ ᠨᠢᠭᠡᠴᠡ ᠪᠤᠶᠤ ᠵᠣᠴᠢᠳ ᠤᠨ ᠪᠠᠭᠤᠳᠠᠯ ᠳᠠᠭᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠬᠠᠮᠢᠶ᠎ᠠ ᠪᠦᠬᠦᠢ ᠬᠠᠮᠢᠶᠠᠷᠤᠯᠳᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠵᠢᠭᠤᠯᠬᠤ ᠬᠡᠷᠡᠭᠳᠡᠢ᠃ ᠣᠳᠣᠬᠠᠨ ᠳᠤ ᠮᠠᠨᠵᠣᠣᠷ ᠬᠤᠳᠠ ᠶᠢᠨ ᠡᠯ᠎ᠡ ᠵᠠᠮ ᠱᠣᠭᠤᠮ ᠪᠠ ᠬᠤᠳᠠ ᠳᠤ ᠣᠷᠣᠵᠤ ᠭᠠᠷᠬᠤ ᠭᠠᠵᠠᠷ ᠲᠤ ᠴᠢᠩᠭ᠎ᠠ ᠬᠠᠮᠢᠶᠠᠷᠤᠯᠳᠠ ᠶᠠᠪᠤᠭᠤᠯᠵᠤ ᠪᠠᠶᠢᠭ᠎ᠠ ᠲᠤᠯᠠᠳᠠ ᠣᠶᠢᠷ᠎ᠠ ᠶᠢᠨ ᠬᠤᠭᠤᠴᠠᠭᠠᠨ ᠳᠤ ᠮᠠᠨᠵᠤᠤᠷ ᠬᠤᠳᠠ ᠳᠤ ᠣᠴᠢᠬᠤ ᠲᠥᠯᠥᠪᠯᠡᠭᠡ ᠲᠠᠢ ᠬᠦᠮᠦᠰ ᠣᠴᠢᠬᠤ ᠪᠠᠨ ᠪᠣᠯᠢᠭᠠᠷᠠᠢ᠃                                     ᠰᠢᠯᠤᠭᠤᠨ ᠬᠥᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨᠠᠭᠤᠰᠬᠢᠨ ᠥᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠤᠭᠤᠳᠬᠤ ᠬᠡᠯᠲᠡᠰ                  2022 ᠣᠨ ᠤ 2 ᠰᠠᠷ᠎ᠠ ᠶᠢᠨ 16 ᠤ ᠡᠳᠦᠷ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号