ᠰᠢ ᠶᠢᠨ ᠫᠢᠩ ᠤᠯᠤᠰ ᠲᠦᠷᠦ ᠶᠢᠨ ᠵᠥᠪᠯᠡᠯᠭᠡᠨ ᠤ ᠬᠤᠷᠠᠯ ᠳᠤ ᠣᠷᠣᠯᠴᠠᠵᠥ ᠪᠠᠶᠢᠭ᠎ᠠ ᠬᠥᠳᠡᠭᠡ ᠠᠵᠤ ᠠᠬᠤᠢ ᠶᠢᠨ ᠡᠲᠡᠭᠡᠳ ᠨᠡᠶᠢᠭᠡᠮ ᠤᠨ ᠠᠰᠠᠷᠠᠮᠵᠢ ᠪᠣᠯᠤᠨ ᠨᠡᠶᠢᠭᠡᠮ ᠤᠨ ᠪᠠᠲᠤᠯᠠᠭ᠎ᠠ ᠶᠢᠨ ᠡᠲᠡᠭᠡᠳ ᠤᠨ ᠭᠡᠰᠢᠭᠦᠳ ᠢ ᠡᠷᠬᠢᠨ ᠦᠵᠡᠬᠦ ᠳᠡᠭᠡᠨ ᠬᠦᠳᠡᠭᠡ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠠᠪᠤᠳᠠᠯ ᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠥ ᠨᠡᠶᠢᠭᠡᠮ ᠤᠨ ᠪᠠᠲᠤᠯᠠᠭ᠎ᠠ ᠶᠢᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠶ ᠭᠡᠵᠦ ᠴᠢᠬᠤᠯᠠᠴᠢᠯᠠᠪᠠ  ᠸᠠᠩ ᠶᠠᠩ ᠡᠷᠬᠢᠨ ᠦᠵᠡᠬᠦ ᠪᠠ ᠶᠠᠷᠢᠯᠴᠠᠬᠤ ᠳᠤ ᠣᠷᠣᠯᠴᠠᠵᠠᠢ
ᠨᠡᠶᠢᠲᠡᠯᠡᠭᠰᠡᠨ ᠴᠠᠭ᠄
2022/3/15
     3 ᠰᠠᠷ᠎ᠠ ᠶᠢᠨ 6 ᠤ ᠡᠳᠦᠷ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠬᠤᠷᠠᠯ ᠳᠤ ᠣᠷᠣᠯᠴᠠᠵᠤ ᠪᠠᠶᠢᠭ᠎ᠠ ᠬᠥᠳᠡᠭᠡ ᠠᠵᠤ ᠠᠬᠤᠢ ᠶᠢᠨ ᠡᠲᠡᠭᠡᠳ᠂ ᠨᠡᠶᠢᠭᠡᠮ ᠤᠨ ᠠᠰᠠᠷᠠᠮᠵᠢ ᠪᠣᠯᠤᠨ ᠨᠡᠶᠢᠭᠡᠮ ᠤᠨ ᠪᠠᠲᠤᠯᠠᠭ᠎ᠠ ᠶᠢᠨ ᠡᠲᠡᠭᠡᠳ ᠤᠨ ᠭᠡᠰᠢᠭᠦᠳ ᠢ ᠡᠷᠬᠢᠨ ᠦᠵᠡᠭᠰᠡᠨ ᠪᠥᠭᠡᠳ ᠳᠤᠭᠤᠶᠢᠯᠠᠩ ᠬᠠᠮᠲᠤᠷᠠᠭᠰᠠᠨ ᠬᠤᠷᠠᠯ ᠳᠤ ᠣᠷᠣᠯᠴᠠᠵᠤ᠂ ᠰᠠᠨᠠᠯ ᠰᠠᠨᠠᠭᠤᠯᠭ᠎ᠠ ᠶᠢ  ᠨᠢ ᠰᠤᠨᠤᠰᠪᠠ᠃ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠭᠦᠨ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠸᠠᠩ ᠶᠠᠩ ᠡᠷᠭᠢᠨ ᠦᠵᠡᠬᠦ ᠪᠠ ᠶᠠᠷᠢᠯᠴᠠᠬᠤ ᠳᠤ ᠤᠷᠤᠯᠴᠠᠵᠠᠢ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ      ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 6 ᠤ ᠴᠠᠬᠢᠯᠭᠠᠨ ᠮᠡᠳᠡᠭᠡ  ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ  ᠶᠢᠨ ᠫᠢᠩ 3 ᠰᠠᠷ᠎ᠠ ᠶᠢᠨ 6 ᠤ ᠦᠳᠡ ᠶᠢᠨ ᠬᠤᠶᠢᠨ᠎ᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠬᠤᠷᠠᠯ ᠳᠤ ᠣᠷᠣᠯᠴᠠᠵᠤ ᠪᠠᠶᠢᠭ᠎ᠠ ᠬᠥᠳᠡᠭᠡ ᠠᠵᠤ ᠠᠬᠤᠢ ᠶᠢᠨ ᠡᠲᠡᠭᠡᠳ᠂ ᠨᠡᠶᠢᠭᠡᠮ ᠤᠨ ᠠᠰᠠᠷᠠᠮᠵᠢ ᠪᠣᠯᠤᠨ ᠨᠡᠶᠢᠭᠡᠮ ᠤᠨ ᠪᠠᠲᠤᠯᠠᠭ᠎ᠠ ᠶᠢᠨ ᠡᠲᠡᠭᠡᠳ ᠤᠨ ᠭᠡᠰᠢᠭᠦᠳ ᠢ ᠡᠷᠬᠢᠨ ᠦᠵᠡᠭᠰᠡᠨ ᠪᠥᠭᠡᠳ ᠳᠤᠭᠤᠶᠢᠯᠠᠩ ᠬᠠᠮᠲᠤᠷᠠᠭᠰᠠᠨ ᠬᠤᠷᠠᠯ ᠳᠤ ᠣᠷᠣᠯᠴᠠᠵᠤ᠂ ᠰᠠᠨᠠᠯ ᠰᠠᠨᠠᠭᠤᠯᠭ᠎ᠠ ᠶᠢ ᠨᠢ ᠰᠣᠨᠣᠰᠴᠠᠢ᠃ ᠲᠡᠷᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ᠂ ᠡᠷᠬᠡᠪᠰᠢ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠢᠯᠠᠩᠭᠤᠶ᠎ᠠ ᠠᠮᠤ ᠪᠤᠳᠠᠭᠠᠨ ᠤ ᠬᠠᠩᠭᠠᠯᠭ᠎ᠠ ᠶᠢ ᠪᠠᠲᠤᠯᠠᠬᠤ ᠪᠠᠷ ᠲᠡᠷᠢᠭᠦᠨ ᠴᠢᠬᠤᠯᠠ ᠡᠭᠦᠷᠭᠡ ᠪᠣᠯᠭᠠᠵᠤ᠂ ᠬᠦᠳᠡᠭᠡ ᠠᠵᠤ ᠠᠬᠤᠢ ᠶᠢᠨ ᠶᠡᠷᠦᠩᠬᠡᠶᠢᠯᠡᠭᠰᠡᠨ ᠦᠶᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ᠂ ︽ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠵᠤ᠂ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ︾ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠨᠡᠶᠢᠭᠡᠮ ᠤᠨ ᠪᠠᠲᠤᠯᠠᠭ᠎ᠠ ᠶᠢᠨ ᠠᠮᠤᠷ ᠲᠦᠪᠰᠢᠨ ᠤ ᠲᠣᠣᠷ ᠢ ᠨᠢᠭᠲᠠ ᠰᠦᠯᠵᠢᠵᠦ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠬᠦ ᠳᠤ ᠦᠨᠳᠦᠰᠦᠨ ᠵᠦᠢᠯ ᠢ ᠪᠠᠲᠤᠯᠠᠬᠤ ᠬᠡᠷᠡᠭᠲᠡᠢ ᠬᠡᠵᠥ ᠴᠢᠬᠤᠯᠠᠴᠢᠯᠠᠪᠠ᠃      ︽3·8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠡᠮᠦᠨ᠎ᠡ ᠠᠴᠠ ᠪᠦᠬᠦ ᠤᠯᠤᠰ ᠤᠨ ᠬᠤᠶᠠᠷ ᠬᠤᠷᠠᠯ ᠳᠤ ᠣᠷᠣᠯᠴᠠᠵᠥ ᠪᠠᠶᠢᠭ᠎ᠠ ᠡᠮᠡᠭᠲᠡᠢ ᠲᠥᠯᠥᠭᠡᠯᠡᠭᠴᠢ᠂ ᠡᠮᠡᠭᠲᠡᠢ ᠭᠡᠰᠢᠭᠦᠨ᠂ ᠡᠮᠡᠭᠲᠡᠢ ᠠᠵᠢᠯᠳᠠᠨ᠂ ᠪᠦᠬᠦ ᠤᠯᠤᠰ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠡᠮᠡᠭᠲᠡᠶᠢᠴᠦᠳ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠪᠣᠯᠤᠨ ᠲᠠᠶᠢᠸᠠᠨ ᠤ ᠡᠮᠡᠭᠲᠡᠢ ᠡᠬᠡᠴᠢ ᠳᠡᠭᠦᠦ ᠨᠡᠷ᠂ ᠤᠯᠤᠰ ᠤᠨ ᠭᠠᠳᠠᠭᠠᠳᠤ ᠳᠤ ᠪᠠᠶᠢᠭ᠎ᠠ ᠡᠮᠡᠭᠲᠡᠢ ᠬᠠᠷᠢᠶᠠᠲᠤ ᠡᠬᠡᠴᠢ ᠳᠡᠭᠦᠦ ᠨᠡᠷ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠤᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠠᠩ ᠡᠷᠬᠢᠨ ᠦᠵᠡᠬᠦ ᠪᠠ ᠶᠠᠷᠢᠯᠴᠠᠬᠤ ᠳᠤ ᠣᠷᠣᠯᠴᠠᠪᠠ᠃      ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ᠂ ᠶᠠᠩ ᠹᠧᠩ ᠵᠢᠶ᠂ ᠸᠠᠩ ᠵᠢᠩ᠂ ᠲᠠᠩ ᠵᠢᠶᠦ᠋ᠨ ᠵᠢᠶᠧ᠂ ᠮᠦᠸᠧ ᠷᠦᠩ᠂ ᠢᠰᠢᠳᠠᠸᠠ᠂ ᠸᠠᠨ ᠵᠢᠶᠠᠨ ᠮᠢᠨ᠂ ᠸᠠᠩ ᠬᠠᠶ ᠵᠢᠩ ᠵᠡᠷᠭᠡ 7 ᠭᠡᠰᠢᠭᠦᠨ ᠬᠥᠳᠡᠭᠡ ᠲᠣᠰᠬᠤᠨ ᠤ ᠠᠵᠤ ᠦᠶᠯᠡᠰ ᠢ ᠶᠡᠭᠡ ᠪᠠᠷ ᠬᠥᠭᠵᠢᠭᠦᠯᠬᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ᠂ ᠲᠠᠷᠢᠮᠠᠯ ᠤᠨ ᠦᠶᠯᠡᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠠᠬᠢᠭᠤᠯᠬᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠳᠤᠲᠠᠭᠤᠳᠠᠯ ᠢ ᠨᠥᠬᠦᠪᠥᠷᠢᠯᠡᠬᠦ᠂ ᠨᠡᠶᠢᠭᠡᠮ ᠤᠨ ᠠᠰᠠᠷᠠᠮᠵᠢ ᠶᠢᠨ ᠦᠶᠯᠡᠰ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ᠂ ᠬᠦᠳᠡᠭᠡ ᠠᠵᠥ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠪᠥᠬᠦ ᠲᠠᠯ᠎ᠠ ᠪᠠᠷ ᠠᠬᠢᠭᠤᠯᠬᠤ᠂ ᠨᠡᠶᠢᠭᠡᠮ ᠤᠨ ᠬᠦᠴᠦᠨ ᠢ ᠳᠠᠶᠢᠴᠢᠯᠠᠵᠤ ᠪᠠᠶᠢᠭᠠᠳ ᠬᠠᠮᠲᠤ ᠪᠠᠷ ᠪᠠᠶᠠᠵᠢᠬᠤ ᠶᠢ ᠠᠬᠢᠭᠤᠯᠬᠤ ᠵᠡᠷᠭᠡ ᠶᠢᠨ ᠲᠣᠭᠤᠷᠢᠨ ᠳᠤ ᠦᠭᠡ ᠬᠡᠯᠡᠪᠡ᠃      ᠰᠢ ᠶᠢᠨ ᠫᠢᠩ ᠤᠯᠠᠨ ᠤ ᠬᠡᠯᠡᠬᠦ ᠶᠢ ᠰᠣᠨᠣᠰᠤᠭᠰᠠᠨ ᠤ ᠲᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠥᠳᠡᠭᠡ ᠠᠵᠤ ᠠᠬᠤᠢ ᠶᠢᠨ ᠡᠲᠡᠭᠡᠳ᠂ ᠨᠡᠶᠢᠭᠡᠮ ᠤᠨ ᠠᠰᠠᠷᠠᠮᠵᠢ ᠪᠣᠯᠤᠨ ᠨᠡᠶᠢᠭᠡᠮ ᠤᠨ ᠪᠠᠲᠤᠯᠠᠭ᠎ᠠ ᠶᠢᠨ ᠡᠲᠡᠭᠡᠳ ᠤᠨ ᠭᠡᠰᠢᠭᠦᠳ ᠢ ᠡᠷᠬᠢᠨ ᠦᠵᠡᠵᠦ᠂ ᠳᠤᠭᠤᠶᠢᠯᠠᠩ ᠬᠠᠮᠲᠤᠷᠠᠭᠰᠠᠨ ᠬᠤᠷᠠᠯ ᠳᠤ ᠣᠷᠣᠯᠴᠠᠭᠰᠠᠨ ᠳᠠᠭᠠᠨ ᠮᠠᠰᠢ ᠪᠠᠶᠠᠷᠲᠠᠢ ᠪᠠᠶᠢᠨ᠎ᠠ ᠬᠡᠵᠥ ᠢᠯᠡᠳᠬᠡᠪᠡ᠃ ᠲᠡᠷᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠡᠮᠦᠨ᠎ᠡ ᠠᠴᠠ ᠬᠤᠷᠠᠯ ᠳᠤ ᠣᠷᠣᠯᠴᠠᠭᠰᠠᠨ ᠭᠡᠰᠢᠭᠦᠳ᠂ ᠪᠦᠬᠦ ᠤᠯᠤᠰ ᠤᠨ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠵᠦ᠂ ᠪᠦᠬᠦ ᠤᠯᠤᠰ ᠤᠨ ᠥᠷᠭᠡᠨ ᠤᠯᠠᠨ ᠬᠦᠳᠡᠭᠡ ᠠᠵᠥ ᠠᠬᠤᠢ ᠪᠠ ᠨᠡᠶᠢᠭᠡᠮ ᠤᠨ ᠪᠠᠲᠤᠯᠠᠭ᠎ᠠ᠂ ᠨᠡᠶᠢᠭᠡᠮ ᠤᠨ ᠠᠰᠠᠷᠠᠮᠵᠢ ᠶᠢᠨ ᠠᠵᠢᠯᠲᠠᠳ ᠢ ᠴᠢᠩ ᠰᠡᠳᠭᠢᠯ ᠠᠴᠠ ᠪᠠᠨ ᠲᠣᠬᠤᠨᠢᠭᠤᠯᠪᠠ᠃      ᠰᠢ ᠶᠢᠨ ᠫᠢᠩ᠂ ᠥᠩᠭᠡᠷᠡᠭᠰᠡᠨ ᠨᠢᠭᠡ ᠵᠢᠯ᠂ ᠨᠠᠷᠢᠨ ᠪᠤᠳᠤᠯᠢᠶᠠᠨᠲᠠᠶ ᠬᠠᠳᠠᠭᠤ ᠪᠡᠷᠭᠡ ᠳᠡᠯᠡᠬᠡᠶ ᠶᠢᠨ ᠪᠠᠶᠢᠳᠠᠯ᠂ ᠪᠡᠷᠬᠡ ᠬᠠᠳᠠᠭᠤᠵᠢᠯᠳᠠᠢ ᠨᠦᠰᠡᠷ ᠬᠦᠨᠳᠦ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠢᠯᠠᠩᠭᠤᠶ᠎ᠠ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠳᠠᠭᠠᠷᠢᠯᠲᠠ ᠶᠢᠨ ᠡᠮᠤᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠢᠷᠭᠠᠭᠤ ᠬᠠᠲᠠᠭᠤᠵᠢᠯᠲᠠᠶ ᠲᠡᠮᠡᠴᠡᠵᠥ᠂ ᠬᠦᠴᠢᠷ ᠢ ᠰᠦᠷᠦᠨ ᠤᠷᠤᠭᠰᠢᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠵᠥ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠥ᠂ ᠳᠤᠬᠳᠠᠬᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠵᠥ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠬᠰᠢᠯᠠᠬᠤ ᠰᠢᠨ᠎ᠡ ᠠᠶᠠᠨ ᠢᠶᠠᠨ ᠡᠬᠢᠯᠡᠬᠦᠯᠵᠥ᠂ ᠨᠠᠮ ᠪᠠ ᠤᠯᠤᠰ ᠤᠨ ᠡᠯ᠎ᠡ ᠵᠦᠢᠯ ᠤᠨ ᠠᠵᠢᠯ ᠦᠢᠯᠡᠰ ᠴᠢᠬᠤᠯᠠ ᠶᠡᠭᠡ ᠰᠢᠨ᠎ᠡ ᠠᠮᠵᠢᠯᠲᠠ ᠤᠯᠵᠥ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃ ᠡᠳᠡᠭᠡᠷ ᠠᠮᠵᠢᠯᠲᠠ ᠪᠦᠲᠦᠮᠵᠢ ᠶᠢ ᠬᠢᠯᠪᠠᠷ ᠪᠤᠰᠤ ᠪᠠᠷ ᠣᠯᠤᠭᠰᠠᠨ ᠶᠤᠮ᠂ ᠡᠨᠡ ᠪᠣᠯ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠢᠷᠭᠠᠭᠤ ᠬᠠᠲᠠᠭᠤᠵᠢᠯᠲᠠᠢ ᠲᠡᠮᠡᠴᠡᠭᠰᠡᠨ ᠤ ᠦᠷ᠎ᠡ ᠳ᠋ᠦᠩ ᠮᠥᠨ᠂ ᠪᠠᠰᠠ ᠴᠤ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃      ᠰᠢ ᠶᠢᠨ ᠫᠢᠩ᠂ ᠣᠳᠣᠬᠠᠨ ᠳᠤ᠂ ᠳᠡᠯᠡᠬᠡᠢ ᠶᠢᠨ ᠪᠠᠶᠢᠳᠠᠯ ᠳᠤ ᠦᠷᠭᠦᠯᠵᠢᠯᠡᠨ ᠭᠦᠨᠵᠡᠭᠡᠢ ᠪᠤᠳᠤᠯᠢᠶᠠᠨᠲᠠᠢ ᠬᠤᠪᠢᠷᠠᠯᠲᠠ ᠭᠠᠷᠴᠤ᠂ ᠵᠠᠭᠤᠨ ᠵᠢᠯ ᠤᠨ ᠬᠤᠪᠢᠰᠤᠯᠲᠠ ᠪᠣᠯᠤᠨ ᠡᠷᠢᠨ ᠵᠠᠭᠤᠨ ᠤ ᠬᠢᠵᠢᠭ ᠤᠨ ᠪᠠᠶᠢᠳᠠᠯ ᠬᠠᠷᠢᠯᠴᠠᠨ ᠰᠣᠯᠪᠢᠴᠠᠵᠤ᠂ ᠠᠵᠤ ᠠᠬᠤᠢ ᠶᠢᠨ ᠳᠡᠯᠡᠬᠡᠶᠢᠵᠢᠯᠲᠡ ᠰᠥᠷᠭᠡᠦ ᠤᠷᠤᠰᠬᠠᠯ ᠳᠤ ᠤᠴᠠᠷᠠᠵᠤ᠂ ᠲᠤᠮᠤ ᠤᠯᠤᠰ ᠤᠨ ᠥᠷᠢᠰᠥᠯᠳᠦᠭᠡᠨ ᠡᠳᠦᠷ ᠢᠷᠡᠬᠦᠶ᠎ᠡ ᠰᠢᠷᠦᠭᠦᠰᠴᠦ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠵᠤ᠂ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠪᠡᠷᠬᠡ ᠬᠠᠲᠠᠭᠤᠵᠢᠯᠲᠠᠢ ᠬᠦᠨᠳᠦ ᠨᠦᠰᠡᠷ ᠪᠠᠶᠢᠨ᠎ᠠ᠃ ᠮᠠᠨ ᠤ ᠤᠯᠤᠰ ᠤᠨ ᠬᠥᠭᠵᠢᠯᠲᠡ ᠳᠤ ᠮᠥᠨ ᠯᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠮᠠᠰᠢ ᠤᠯᠠᠨ ᠠᠰᠢᠭᠲᠠᠢ ᠨᠥᠬᠦᠴᠡᠯ ᠪᠠᠶᠢᠬᠤ ᠶᠢ ᠪᠢᠳᠡ ᠣᠯᠵᠤ ᠬᠠᠷᠠᠬᠤ ᠬᠡᠷᠡᠭᠲᠡᠢ᠃ ᠨᠢᠭᠡ ᠳᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠡᠯ᠎ᠡ ᠲᠠᠯ᠎ᠠ ᠶᠢ ᠵᠣᠬᠢᠴᠠᠭᠤᠯᠵᠤ᠂ ᠡᠯ᠎ᠡ ᠵᠦᠢᠯ ᠤᠨ ᠬᠦᠨᠳᠦ ᠶᠡᠭᠡ ᠠᠶᠤᠯ ᠲᠦᠭᠰᠢᠭᠦᠷᠢ ᠥᠷᠢᠰᠥᠯᠳᠦᠭᠡᠨ ᠢ ᠯᠠᠪᠳᠠᠭᠤᠨ ᠲᠣᠭᠲᠠᠭᠤᠨ ᠢᠶᠠᠷ ᠠᠷᠭᠠᠴᠠᠭᠠᠬᠤ ᠳᠤ ᠦᠨᠳᠦᠰᠦᠨ ᠤᠯᠤᠰ ᠲᠦᠷᠦ ᠶᠢᠨ ᠪᠠᠲᠤᠯᠠᠭ᠎ᠠ ᠬᠠᠩᠭᠠᠪᠠ᠃ ᠬᠤᠶᠠᠷ ᠲᠤ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠢᠯᠡᠳᠲᠡ ᠳᠠᠪᠠᠭᠤᠯᠢᠭ ᠲᠠᠢ ᠪᠠᠶᠢᠵᠤ᠂ ᠮᠠᠨ ᠤ ᠤᠯᠤᠰ ᠤᠨ ᠤᠯᠤᠰ ᠲᠥᠷᠥ ᠶᠢᠨ ᠪᠠᠶᠢᠭᠤᠯᠤᠯ ᠪᠣᠯᠤᠨ ᠵᠠᠰᠠᠯᠲᠠ ᠶᠢᠨ ᠰᠢᠰᠲ᠋ᠧᠮ ᠨᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠵᠡᠷᠭᠡ ᠦᠢᠯᠡᠳᠦᠯᠭᠡ ᠶᠢᠨ ᠳᠤᠮᠳᠠ ᠢᠯᠡᠳᠲᠡ ᠳᠠᠪᠠᠭᠤᠯᠢᠭ ᠴᠢᠨᠠᠷ ᠢᠶᠠᠨ ᠤᠯᠠᠮ ᠴᠢᠨᠠᠬᠰᠢᠳᠠ ᠢᠯᠡᠷᠡᠭᠦᠯᠵᠦ᠂ ︽ᠳᠤᠮᠳᠠᠳᠤ ᠤᠯᠤᠰ ᠤᠨ ᠵᠠᠰᠠᠯᠲᠠ︾ ᠬᠢᠭᠡᠳ ︽ᠥᠷᠥᠨᠡᠳᠠᠬᠢᠨ ᠤ ᠰᠠᠮᠠᠭᠤᠷᠠᠯ︾ ᠤᠨ ᠬᠠᠷᠢᠴᠠᠭᠤᠯᠤᠯ ᠨᠢ ᠨᠠᠩ ᠢᠯᠡ ᠲᠣᠳᠣ ᠪᠣᠯᠪᠠ᠃ ᠭᠤᠷᠪᠠ ᠳᠤ᠂ ᠦᠷᠭᠦᠯᠵᠢᠯᠡᠨ ᠲᠦᠷᠭᠡᠨ ᠬᠥᠭᠵᠢᠵᠦ ᠬᠤᠷᠠᠮᠳᠤᠭᠤᠯᠤᠭᠰᠠᠨ ᠪᠠᠲᠤ ᠪᠠᠬᠢ ᠰᠠᠭᠤᠷᠢ ᠲᠠᠢ ᠪᠠᠶᠢᠵᠤ᠂ ᠮᠠᠨ ᠤ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠣᠳᠠᠲᠤ ᠬᠦᠴᠦᠨ᠂ ᠤᠯᠤᠰ ᠤᠨ ᠶᠡᠷᠦᠩᠬᠡᠶᠢᠯᠡᠭᠰᠡᠨ ᠬᠦᠴᠦᠨ ᠢᠯᠡᠳᠲᠡ ᠴᠢᠩᠭᠠᠷᠠᠵᠤ᠂ ᠠᠵᠤ ᠠᠬᠤᠢ ᠶᠢᠨ ᠪᠠᠭᠲᠠᠭᠠᠮᠵᠢ ᠶᠡᠭᠡ᠂ ᠡᠷᠭᠢᠯᠲᠡ ᠶᠢᠨ ᠣᠷᠣᠨ ᠵᠠᠢ ᠥᠷᠭᠡᠨ ᠪᠥᠭᠡᠳ ᠭᠡᠳᠤ ᠶᠡᠭᠡ ᠬᠡᠪᠴᠢᠶᠡᠨ ᠤ ᠵᠠᠬ᠎ᠠ ᠳᠡᠯᠭᠡᠭᠦᠷ ᠲᠠᠢ ᠪᠠᠶᠢᠵᠤ᠂ ᠤᠷᠳᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠠᠬᠤ ᠦᠭᠡᠢ ᠪᠠᠶᠢᠵᠤ᠂ ᠬᠦᠴᠦᠷᠬᠡᠭ ᠶᠡᠭᠡ ᠤᠶᠠᠨ ᠬᠠᠳᠠᠨ ᠴᠢᠨᠠᠷ ᠪᠠ ᠠᠮᠢᠵᠢᠷᠠᠯ ᠤᠨ ᠬᠦᠴᠦᠨ ᠲᠠᠢ ᠶᠤᠮ᠃ ᠲᠦᠷᠪᠡ ᠳᠤ᠂ ᠤᠷᠳᠤ ᠬᠤᠭᠤᠴᠠᠭᠠᠨ ᠤ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠲᠠᠢ ᠪᠠᠶᠢᠵᠤ᠂ ᠠᠷᠠᠳ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢᠯᠡᠳᠲᠡ ᠨᠡᠮᠡᠭᠳᠡᠵᠦ᠂ ᠨᠡᠶᠢᠭᠡᠮ ᠤᠨ ᠵᠠᠰᠠᠯᠲᠠ ᠶᠢᠨ ᠲᠦᠪᠰᠢᠨ ᠲᠠᠰᠤᠷᠠᠯᠳᠡ ᠦᠭᠡᠢ ᠳᠡᠭᠡᠭᠰᠢᠯᠡᠵᠦ᠂ ᠨᠡᠶᠢᠭᠡᠮ ᠤᠨ ᠤᠷᠳᠤ ᠬᠤᠭᠤᠴᠠᠭᠠᠨ ᠤ ᠲᠣᠭᠲᠠᠭᠤᠨ ᠪᠠᠶᠢᠳᠠᠯ ᠤᠨ ᠭᠠᠶᠢᠬᠠᠮᠰᠢᠭ ᠢ ᠦᠷᠭᠦᠯᠵᠢᠯᠡᠨ ᠪᠢᠴᠢᠭᠯᠡᠪᠡ᠃ ᠲᠠᠪᠤ ᠳᠤ᠂ ᠢᠲᠡᠭᠡᠯ ᠲᠡᠭᠦᠯᠳᠡᠷ ᠢᠶᠠᠷ ᠥᠪᠡᠷ ᠢ ᠪᠠᠨ ᠬᠦᠴᠦᠷᠬᠡᠭᠵᠢᠭᠦᠯᠬᠦ ᠵᠣᠷᠢᠭ ᠰᠠᠨᠠᠭᠠᠨ ᠤ ᠬᠦᠴᠦᠨ ᠲᠠᠢ ᠪᠠᠶᠢᠵᠤ᠂ ᠳᠤᠮᠳᠠᠳᠤ ᠤᠯᠤᠰ ᠤᠨ ᠠᠷᠠᠳ ᠲᠦᠮᠡᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠤᠯᠠᠮ ᠴᠢᠨᠠᠬᠰᠢᠳᠠ ᠬᠥᠭᠵᠢᠭᠡᠵᠦ᠂ ᠡᠷᠴᠢ ᠵᠤᠷᠢᠭ᠂ ᠰᠥᠰᠥ ᠵᠣᠷᠢᠭ᠂ ᠢᠲᠡᠭᠡᠯ ᠵᠣᠷᠢᠭ ᠤᠷᠢᠳᠤ ᠡᠮᠦᠨ᠎ᠡ ᠪᠠᠶᠢᠭ᠎ᠠ ᠦᠭᠡᠢ ᠴᠢᠩᠭᠠᠷᠠᠵᠤ᠂ ᠨᠠᠮ ᠤᠨ ᠰᠡᠳᠭᠢᠯ ᠴᠡᠷᠢᠭ ᠤᠨ ᠰᠡᠳᠭᠢᠯ ᠠᠷᠠᠳ ᠤᠨ ᠰᠡᠳᠭᠢᠯ ᠢ ᠬᠦᠪᠴᠢᠯᠡᠪᠡ᠃ ᠪᠢᠳᠡ ᠬᠦᠴᠢᠷ ᠪᠡᠷᠬᠡᠰᠢᠶᠡᠯ ᠳᠤ ᠵᠥᠪ ᠢᠶᠠᠷ ᠬᠠᠨᠳᠤᠬᠤ ᠮᠥᠷᠲᠡᠭᠡᠨ ᠪᠠᠰᠠ ᠢᠲᠡᠭᠡᠯ ᠵᠣᠷᠢᠭ ᠢᠶᠠᠨ ᠪᠠᠲᠤᠳᠬᠠᠵᠤ᠂ ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠬᠦᠴᠢᠷ ᠢ ᠰᠦᠷᠦᠨ ᠤᠷᠤᠭᠰᠢᠯᠠᠵᠤ᠂ ᠵᠣᠷᠢᠭᠲᠠᠢ ᠪᠠᠷ ᠲᠡᠮᠡᠴᠡᠨ᠂ ᠡᠷᠡᠮᠡᠬᠡᠶᠢᠯᠡᠨ ᠤᠷᠤᠭᠰᠢᠯᠠᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠵᠦ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠤ ᠴᠢᠬᠤᠯᠠᠴᠢᠯᠠᠪᠠ᠃      ᠰᠢ ᠶᠢᠨ ᠫᠢᠩ᠂ ᠠᠮᠤ ᠪᠤᠳᠠᠭᠠᠨ ᠤ ᠠᠮᠤᠷ ᠲᠦᠪᠰᠢᠨ ᠪᠣᠯ ︽ᠤᠯᠤᠰ ᠤᠨ ᠶᠡᠭᠡ ᠶᠠᠪᠤᠳᠠᠯ ᠮᠥᠨ︾᠃ ᠲᠦᠮᠡᠨ ᠬᠡᠷᠡᠭ ᠮᠢᠩᠭᠠᠨ ᠶᠠᠪᠤᠳᠠᠯ᠂ ᠬᠤᠭᠤᠯᠠ ᠢᠳᠡᠬᠦ ᠪᠤᠯ ᠶᠡᠭᠡ ᠶᠠᠪᠤᠳᠠᠯ ᠮᠦᠨ᠃ ᠠᠷᠠᠳ ᠢᠨᠤ ᠬᠦᠨᠡᠰᠦ ᠶᠢ ᠲᠡᠭᠡᠳᠦᠯᠡᠮᠤᠢ᠃ ᠬᠠᠲᠠᠭᠤᠵᠢᠯᠲᠠᠶ ᠴᠢᠷᠮᠠᠶᠢᠯᠭ᠎ᠠ ᠪᠠᠷ ᠳᠡᠮᠵᠢᠨ᠂ ᠮᠠᠨ ᠤ ᠤᠯᠤᠰ ᠳᠡᠯᠡᠬᠡᠶ ᠶᠢᠨ 9% ᠶᠢ ᠡᠵᠡᠯᠡᠬᠦ ᠲᠠᠷᠢᠶᠠᠨ ᠭᠠᠵᠠᠷ᠂ 6% ᠶᠢᠨ ᠴᠡᠩᠭᠡᠭ ᠤᠰᠤᠨ ᠤ ᠡᠬᠢ ᠪᠠᠶᠠᠯᠢᠭ ᠢᠶᠠᠷ ᠳᠡᠯᠡᠬᠡᠶ ᠶᠢᠨ 1/5 ᠣᠷᠴᠢᠮ ᠤᠨ ᠬᠥᠮᠦᠨ ᠠᠮᠠ ᠶᠢ ᠲᠡᠵᠢᠭᠡᠵᠦ᠂ ᠲᠤᠬᠠᠶ ᠶᠢᠨ ᠵᠢᠯ ᠳᠤ 4 ᠳ᠋ᠦᠩᠰᠢᠭᠤᠷ ᠬᠥᠮᠦᠨ ᠢᠳᠡᠵᠦ ᠴᠠᠳᠬᠤ ᠥᠬᠡᠶ ᠪᠠᠶᠢᠭᠰᠠᠨ ᠠᠴᠠ ᠪᠠᠨ ᠥᠨᠥᠳᠦᠷ ᠤᠨ 14 ᠳ᠋ᠦᠩᠰᠢᠭᠤᠷ ᠭᠠᠷᠤᠶ ᠬᠥᠮᠦᠨ ᠭᠡᠳᠡᠰᠦ ᠴᠠᠳᠬᠤᠯᠠᠩ ᠪᠤᠯᠵᠤ᠂ ︽ᠬᠡᠨ ᠳᠤᠮᠳᠠᠳᠤ ᠤᠯᠤᠰ ᠢ ᠲᠡᠵᠢᠭᠡᠬᠦ ᠪᠣᠶ︾ ᠭᠡᠬᠦ ᠠᠰᠠᠭᠤᠯᠲᠠ ᠳᠤ ᠬᠦᠴᠦᠲᠡᠶ ᠬᠠᠷᠢᠭᠤᠯᠳᠠ ᠦᠭᠪᠠ᠃ ᠡᠨᠡ ᠬᠦ ᠠᠮᠵᠢᠯᠲᠠ ᠶᠢ ᠬᠢᠯᠪᠠᠷ ᠪᠤᠰᠤ ᠪᠠᠷ ᠣᠯᠤᠭᠰᠠᠨ ᠶᠤᠮ᠂ ᠦᠷᠭᠦᠯᠵᠢᠯᠡᠨ ᠪᠠᠬᠢᠵᠢᠭᠦᠯᠦᠨ ᠥᠷᠭᠡᠳᠭᠡᠬᠦ ᠬᠡᠷᠡᠭᠲᠡᠢ᠃ ᠠᠮᠤ ᠪᠤᠳᠠᠭᠠᠨ ᠤ ᠠᠮᠤᠷ ᠲᠦᠪᠰᠢᠨ ᠤ ᠠᠰᠠᠭᠤᠳᠠᠯ ᠳᠡᠭᠡᠷ᠎ᠡ ᠥᠴᠦᠬᠡᠨ ᠴᠦ ᠠᠯᠮᠠᠶᠢᠷᠠᠨ ᠲᠠᠶᠢᠪᠤᠰᠢᠷᠠᠵᠤ ᠪᠣᠯᠬᠤ ᠦᠭᠡᠢ᠂ ᠠᠵᠤ ᠦᠢᠯᠡᠳᠪᠦᠷᠢᠵᠢᠯᠲᠡ ᠳᠤ ᠣᠷᠣᠪᠠᠯ ᠬᠤᠭᠤᠯᠠ ᠬᠦᠨᠡᠰᠦᠨ ᠤ ᠠᠰᠠᠭᠤᠳᠠᠯ ᠢ ᠬᠦᠩᠭᠡᠪᠴᠢᠯᠠᠵᠤ ᠪᠤᠯᠬᠤ ᠦᠭᠡᠢ᠂ ᠳᠡᠯᠡᠬᠡᠢ ᠶᠢᠨ ᠵᠠᠬ᠎ᠠ ᠳᠡᠯᠭᠡᠭᠦᠷ ᠲᠤ ᠲᠦᠰᠢᠭᠯᠡᠨ ᠰᠢᠢᠳᠪᠤᠷᠢᠯᠡᠨ᠎ᠠ ᠭᠡᠵᠦ ᠭᠤᠷᠢᠳᠠᠵᠤ ᠪᠤᠯᠬᠤ ᠦᠭᠡᠢ᠃ ᠪᠡᠯᠡᠳᠭᠡᠯ ᠠᠵᠢᠯ ᠢᠶᠠᠨ ᠰᠠᠶᠢᠲᠤᠷ ᠬᠢᠵᠦ᠂ ᠠᠮᠤ ᠪᠤᠳᠠᠭᠠᠨ ᠤ ᠠᠮᠤᠷ ᠲᠦᠪᠰᠢᠨ ᠤ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠢᠮᠠᠭᠲᠠ ᠥᠪᠡᠷ ᠤᠨ ᠬᠢ ᠪᠠᠷ ᠢᠶᠠᠨ ᠭᠤᠣᠯ ᠪᠣᠯᠭᠠᠬᠤ ᠶᠢ ᠪᠠᠷᠢᠮᠲᠠᠯᠠᠵᠤ᠂ ᠤᠯᠤᠰ ᠤᠨ ᠳᠣᠲᠣᠭᠠᠳᠤ ᠳᠠᠭᠠᠨ ᠰᠠᠭᠤᠷᠢᠯᠠᠵᠤ᠂ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠵᠤ᠂ ᠭᠠᠳᠠᠭᠠᠳᠤ ᠠᠴᠠ ᠵᠣᠬᠢᠰᠲᠠᠢ ᠣᠷᠣᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠤᠯᠭᠠᠭᠤᠷᠢᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠪᠠᠶᠢᠴᠠᠭᠠᠯᠳᠠ ᠶᠢ ᠴᠢᠩᠳᠠᠯᠠᠵᠤ᠂ ᠭᠤᠣᠯ ᠭᠠᠷᠤᠯᠲᠠ ᠶᠢᠨ ᠣᠷᠣᠨ᠂ ᠭᠤᠣᠯ ᠪᠣᠷᠣᠯᠠᠭᠤᠯᠭ᠎ᠠ ᠶᠢᠨ ᠣᠷᠣᠨ᠂ ᠦᠢᠯᠡᠳᠪᠦᠷᠢᠯᠡᠯ ᠪᠣᠷᠣᠯᠠᠭᠤᠯᠭ᠎ᠠ ᠲᠡᠩᠴᠡᠭᠦᠷᠢᠲᠡᠢ ᠪᠠᠶᠢᠬᠤ ᠣᠷᠣᠨ ᠤ ᠬᠢᠨ ᠪᠤᠳᠠᠭᠠᠨ ᠠᠶᠠᠭ᠎ᠠ ᠪᠠᠨ ᠬᠠᠮᠳᠤ ᠪᠠᠷ ᠠᠳᠬᠤᠵᠤ ᠂ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠬᠦ ᠬᠡᠷᠡᠭᠲᠡᠢ᠃ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠠᠮᠤ ᠪᠤᠳᠠᠭ᠎ᠠ ᠶᠢ ᠲᠣᠭᠲᠠᠪᠤᠷᠢᠵᠢᠭᠤᠯᠵᠤ᠂ ᠡᠷᠳᠡᠨᠢ ᠰᠢᠰᠢ ᠶᠢ ᠲᠣᠭᠲᠠᠪᠤᠷᠢᠵᠢᠭᠤᠯᠵᠤ᠂ ᠪᠤᠷᠴᠠᠭ ᠢ ᠥᠷᠭᠡᠳᠭᠡᠵᠦ᠂ ᠲᠣᠰᠣᠯᠢᠭ ᠲᠠᠷᠢᠮᠠᠯ ᠢ ᠥᠷᠭᠡᠳᠭᠡᠵᠦ᠂ ᠠᠮᠤ ᠪᠤᠳᠠᠭᠠᠨ ᠤ ᠵᠢᠯ ᠤᠨ ᠤᠨᠠᠯᠲᠠ ᠶᠢ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠳᠤᠮᠳᠠᠳᠤᠴᠤᠳ ᠤᠨ ᠪᠤᠳᠠᠭᠠᠨ ᠠᠶᠠᠭᠠᠨ ᠳᠤ ᠭᠤᠤᠯᠳᠠᠭᠤ ᠳᠤᠮᠳᠠᠳᠤ ᠤᠯᠤᠰ ᠤᠨ ᠠᠮᠤ ᠪᠤᠳᠠᠭ᠎ᠠ ᠶᠢ ᠰᠠᠪᠠᠯᠠᠬᠤ ᠶᠢ ᠪᠠᠲᠤᠯᠠᠬᠤ ᠬᠡᠷᠡᠭᠲᠡᠶ᠃ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠬᠠᠮᠠᠭᠠᠯᠠᠵᠤ ᠂ ᠵᠣᠬᠢᠬᠤ ᠬᠡᠪᠴᠢᠶᠡᠲᠦ ᠡᠵᠡᠩᠨᠡᠯᠲᠡ ᠶᠢ ᠬᠥᠭᠵᠢᠭᠦᠯᠦᠨ᠂ ᠲᠠᠷᠢᠶᠠᠴᠢᠳ ᠲᠤ ᠠᠰᠢᠭ ᠬᠦᠷᠳᠡᠭᠡᠵᠤ᠂ ᠢᠯᠡᠭᠦᠬᠡᠨ ᠠᠰᠢᠭ ᠬᠦᠷᠳᠡᠭᠡᠬᠦ ᠬᠡᠷᠡᠭᠲᠡᠢ᠃ ᠢᠳᠡᠭᠡᠨ ᠤᠮᠳᠠᠭᠠᠨ ᠢ ᠪᠦᠷᠢᠯᠭᠡᠨ ᠰᠦᠢᠳᠭᠡᠬᠦ ᠶᠢ ᠬᠤᠷᠢᠬᠯᠠᠬᠤ ᠪᠣᠯ ᠨᠢᠭᠡᠨ ᠤᠷᠳᠤ ᠬᠤᠭᠤᠴᠠᠭᠠᠨ ᠤ ᠡᠭᠦᠷᠭᠡ ᠮᠥᠨ᠂ ᠴᠥᠬᠦᠷᠡᠰᠢ ᠦᠭᠡᠢ ᠠᠳᠬᠤᠵᠤ᠂ ᠠᠷᠪᠢᠯᠡᠨ ᠭᠠᠮᠨᠠᠬᠤ ᠮᠠᠶ᠋ᠢᠭ ᠤᠨ ᠨᠡᠶᠢᠭᠡᠮ ᠤᠨ ᠪᠠᠶᠢᠭᠤᠯᠤᠯᠳᠠ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃      ᠰᠢ ᠶᠢᠨ ᠫᠢᠩ᠂ ᠲᠠᠷᠢᠶᠠᠨ ᠭᠠᠵᠠᠷ ᠪᠣᠯ ᠠᠮᠤ ᠪᠤᠳᠠᠭᠠᠨ ᠤ ᠦᠢᠯᠡᠳᠪᠦᠷᠢᠯᠡᠯ ᠤᠨ ᠠᠮᠢᠨ ᠰᠤᠳᠠᠰᠤ ᠮᠦᠨ᠂ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠶᠢᠨ ᠦᠨᠳᠦᠰᠦ ᠰᠠᠭᠤᠷᠢ ᠮᠥᠨ᠃ ᠲᠠᠷᠢᠶᠠᠨ ᠭᠠᠵᠠᠷ ᠪᠣᠯ ᠲᠠᠷᠤᠢ ᠲᠠᠷᠢᠶᠠᠨ ᠭᠠᠵᠠᠷ ᠮᠦᠨ᠂ ᠵᠥᠪᠬᠡᠨ ᠲᠠᠷᠢᠮᠠᠯ ᠤᠨ ᠦᠶᠯᠡᠰ ᠢᠯᠠᠩᠭᠤᠶ᠎ᠠ ᠠᠮᠤ ᠪᠤᠳᠠᠭᠠᠨ ᠤ ᠦᠶᠯᠡᠳᠪᠦᠷᠢᠯᠡᠯ ᠢ ᠬᠥᠭᠵᠢᠭᠦᠯᠬᠦ ᠳᠤ ᠯᠡ ᠬᠡᠷᠡᠭᠯᠡᠨ᠎ᠠ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠵᠤ᠂ ᠬᠡᠷᠡᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠨ᠂ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠵᠢᠷᠤᠮᠵᠢᠭᠤᠯᠵᠤ᠂ ᠭᠠᠵᠠᠷ ᠰᠢᠷᠣᠶ ᠶᠢᠨ ᠡᠵᠡᠩᠨᠡᠯᠳᠠ ᠶᠢᠨ ᠡᠷᠭᠡ ᠶᠢ ᠬᠦᠢᠯᠭᠡᠭᠡᠬᠦ ᠬᠡᠷᠡᠭᠴᠡᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠲᠠᠷᠰᠢᠭᠤᠯᠤᠭᠰᠠᠨ ᠭᠠᠵᠠᠷ ᠢ ᠠᠰᠢᠭᠯᠠᠬᠤ ᠶᠢ ᠠᠬᠢᠭᠤᠯᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾᠂ ᠦᠨᠳᠦᠰᠦᠨ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠡᠷᠡᠰ ᠬᠤᠷᠢᠭᠯᠠᠬᠤ ᠬᠡᠷᠡᠭᠲᠡᠶ᠃ ᠲᠠᠷᠢᠶᠠᠨ ᠭᠠᠵᠠᠷ ᠨᠢ ᠡᠷᠬᠡᠪᠰᠢ ᠰᠠᠶᠢᠨ ᠲᠠᠷᠢᠶ᠎ᠠ ᠪᠠᠶᠢᠬᠤ ᠭᠡᠷᠡᠭᠲᠡᠢ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠠᠵᠤ ᠦᠶᠯᠡᠰ ᠤᠨ ᠪᠦᠰᠡ ᠶᠢ ᠪᠥᠲᠥᠭᠡᠨ ᠪᠠᠶᠢᠭᠤᠯᠵᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠬᠤᠵᠢᠷᠯᠢᠭ ᠭᠠᠵᠠᠷ ᠢ ᠲᠥᠷᠥᠯ ᠬᠤᠪᠢᠶᠠᠨ ᠥᠭᠡᠷᠡᠴᠢᠯᠡᠵᠦ᠂ 10 ᠳ᠋ᠦᠩᠰᠢᠭᠤᠷ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠴᠢᠷᠮᠠᠶᠢᠨ ᠪᠠᠶᠢᠭᠤᠯᠬᠤ ᠬᠡᠷᠡᠭᠲᠡᠶ᠃ ︽ᠰᠢᠳᠦ ᠤᠷᠭᠤᠭᠤᠯᠬᠤ︾ ᠴᠢᠩᠭ᠎ᠠ ᠠᠷᠭ᠎ᠠ ᠬᠡᠮᠵᠢᠶ᠎ᠡ ᠠᠪᠴᠤ᠂ ᠡᠯ᠎ᠡ ᠱᠠᠲᠤᠨ ᠤ ᠣᠷᠣᠨ ᠨᠤᠲᠤᠭ ᠤᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠲᠥᠪ ᠠᠴᠠ ᠡᠯ᠎ᠡ ᠭᠠᠵᠠᠷ ᠤᠨ ᠬᠢᠨ ᠲᠠᠢ ᠲᠠᠷᠢᠶᠠᠨ ᠭᠠᠵᠠᠷ ᠢ ᠬᠠᠮᠠᠭᠠᠯᠠᠬᠤ ︽ᠵᠠᠷᠯᠢᠭ ᠤᠨ ᠪᠢᠴᠢᠭ︾ ᠲᠣᠭᠲᠠᠵᠤ᠂ ᠴᠢᠩᠭ᠎ᠠ ᠬᠢᠨᠠᠨ ᠰᠢᠯᠭᠠᠵᠤ ᠂ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠵᠦ᠂ 18 ᠳ᠋ᠦᠩᠰᠢᠭᠤᠷ ᠮᠥ ᠲᠠᠷᠢᠶᠠᠨ ᠭᠠᠵᠠᠷ ᠢ ᠨᠡᠷ᠎ᠡ ᠨᠢᠳᠡᠷ ᠲᠡᠭᠡᠨ ᠨᠡᠶᠢᠴᠡᠭᠰᠡᠡ ᠲᠠᠷᠢᠶᠠᠠ ᠭᠠᠵᠠᠷ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠠᠮᠤ ᠪᠤᠲᠠᠭᠠᠠ ᠤ ᠠᠰᠠᠭᠤᠳᠠᠯ ᠢ ᠰᠢᠢᠳᠪᠦᠷᠢᠯᠡᠬᠦ ᠳᠤ ᠦᠨᠳᠦᠰᠦᠨ ᠭᠠᠷᠬᠤ ᠵᠠᠮ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠪᠠᠶᠢᠨ᠎ᠠ᠃ ᠦᠷ᠎ᠡ ᠶᠢᠨ ᠢᠷᠡᠯᠳᠡ ᠶᠢᠨ ᠠᠮᠤᠷ ᠲᠦᠪᠰᠢᠨ ᠨᠢ ᠤᠯᠤᠰ ᠤᠨ ᠠᠮᠤᠷ ᠲᠦᠪᠰᠢᠨ ᠳᠤ ᠬᠤᠯᠪᠣᠭᠳᠠᠵᠤ ᠪᠠᠶᠢᠳᠠᠭ᠂ ᠡᠷᠬᠡᠪᠰᠢ ᠵᠣᠷᠢᠭ ᠰᠢᠭᠤᠳᠤᠨ ᠮᠠᠨ ᠤ ᠤᠯᠤᠰ ᠤᠨ ᠦᠷ᠎ᠡ ᠶᠢᠨ ᠦᠢᠯᠡᠰ ᠢ ᠬᠥᠭᠵᠢᠭᠦᠯᠵᠦ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ᠂ ᠦᠷ᠎ᠡ ᠶᠢᠨ ᠢᠷᠡᠯᠳᠡ ᠶᠢ ᠪᠡᠶ᠎ᠡ ᠪᠠᠨ ᠳᠠᠭᠠᠭᠠᠵᠤ ᠡᠵᠡᠮᠳᠡᠬᠦ ᠶᠢ ᠪᠡᠶᠡᠯᠡᠭᠦᠯᠬᠦ ᠬᠡᠷᠡᠭᠲᠡᠢ᠃ ᠮᠠᠨ ᠤ ᠤᠯᠤᠰ ᠤᠨ ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠵᠤ᠂ ᠳᠠᠪᠠᠭᠤᠯᠢᠭ ᠲᠠᠢ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠦᠷ᠎ᠡ ᠶᠢᠨ ᠦᠢᠯᠡᠰ ᠤᠨ ᠬᠦᠷᠢᠶᠡᠨ ᠳᠠᠬᠢ ᠤᠯᠤᠰ ᠤᠨ ᠴᠢᠬᠤᠯᠠ ᠶᠡᠭᠡ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠰᠠᠭᠤᠷᠢ ᠴᠢᠨᠠᠷᠲᠠᠢ ᠬᠤᠰᠢᠭᠤᠷᠠᠯ ᠰᠤᠳᠤᠯᠭᠠᠨ ᠢ ᠴᠢᠩᠭᠠᠳᠬᠠᠵᠤ ᠂ ᠦᠷ᠎ᠡ ᠶᠢᠨ ᠡᠬᠢ ᠪᠠᠶᠠᠯᠢᠭ ᠢ ᠴᠤᠭᠯᠠᠭᠤᠯᠬᠤ᠂ ᠬᠠᠮᠠᠭᠠᠯᠠᠬᠤ ᠪᠠ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠠᠮᠢᠳᠤ ᠪᠣᠳᠠᠰ ᠤᠨ ᠦᠷ᠎ᠡ ᠪᠣᠶᠢᠵᠢᠭᠤᠯᠬᠤ ᠠᠵᠤ ᠦᠢᠯᠡᠰᠵᠢᠯᠲᠡ ᠶᠢᠨ ᠠᠯᠬᠤᠭ᠎ᠠ ᠶᠢ ᠲᠦᠷᠭᠡᠳᠭᠡᠬᠦ ᠬᠡᠷᠡᠭᠲᠡᠢ᠃ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠨ᠂ ᠡᠭᠦᠯᠳᠡᠷ ᠢ ᠬᠢᠨᠠᠨ ᠲᠣᠭᠲᠠᠭᠠᠬᠤ ᠪᠠ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠲᠦᠷᠢᠮ ᠢ ᠪᠦᠷᠢᠨᠰᠢᠬᠦᠯᠵᠤ᠂ ᠰᠢᠨ᠎ᠡ ᠶᠢ ᠡᠭᠦᠳᠬᠦ ᠬᠡᠯᠬᠢᠶ᠎ᠡ ᠶᠢᠨ ᠪᠥᠲᠥᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠨ ᠮᠠᠨ ᠤ ᠤᠯᠤᠰ ᠤᠨ ᠦᠷ᠎ᠡ ᠶᠢᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠰᠢ ᠶᠢᠨ ᠫᠢᠩ᠂ ᠬᠠᠮ ᠢᠳᠡᠭᠡᠨ ᠤ ᠦᠵᠡᠯᠲᠡ ᠶᠢ ᠪᠤᠢ ᠪᠣᠯᠭᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠨ ᠬᠠᠩᠭᠠᠬᠤ ᠠᠴᠠ ᠡᠭᠦᠰᠴᠦ᠂ ᠠᠷᠠᠳ ᠤᠯᠠᠨ ᠤ ᠢᠳᠡᠭᠡᠨ ᠤ ᠪᠦᠲᠦᠴᠡ ᠶᠢᠨ ᠬᠤᠪᠢᠷᠠᠯᠲᠠ ᠶᠢᠨ ᠬᠠᠨᠳᠤᠰᠢ ᠶᠢ ᠡᠵᠡᠮᠳᠡᠵᠦ᠂ ᠠᠮᠤ ᠪᠤᠳᠠᠭᠠᠨ ᠤ ᠬᠠᠩᠭᠠᠯᠭ᠎ᠠ ᠶᠢ ᠪᠠᠲᠤᠯᠠᠬᠤ ᠶᠢᠨ ᠵᠡᠷᠭᠡ ᠪᠠᠷ ᠮᠢᠬᠠᠨ ᠤ ᠲᠦᠷᠦᠯ᠂ ᠢᠳᠡᠰᠢᠨ ᠨᠣᠭᠤᠭ᠎ᠠ᠂ ᠵᠢᠮᠢᠰ᠂ ᠤᠰᠤᠨ ᠭᠠᠷᠤᠯᠲᠠ ᠵᠡᠷᠭᠡ ᠡᠯ᠎ᠡ ᠲᠦᠷᠦᠯ ᠤᠨ ᠢᠳᠡᠭᠡᠨ ᠤ ᠪᠦᠲᠦᠮᠵᠢᠲᠡᠢ ᠬᠠᠩᠭᠠᠯᠭ᠎ᠠ ᠶᠢ ᠪᠠᠲᠤᠯᠠᠬᠤ ᠬᠡᠷᠡᠭᠲᠡᠢ᠂ ᠠᠯᠢ ᠨᠢ ᠳᠤᠲᠠᠭᠳᠠᠪᠠᠴᠤ ᠪᠣᠯᠬᠤ ᠦᠭᠡᠢ᠃ ᠠᠮᠢ ᠠᠬᠤᠢ ᠣᠷᠴᠢᠨ ᠲᠤᠭᠤᠷᠢᠨ ᠢ ᠰᠠᠶᠢᠲᠤᠷ ᠬᠠᠮᠠᠭᠠᠯᠠᠭᠰᠠᠨ ᠤᠷᠢᠲᠠᠯ ᠳᠣᠣᠷ᠎ᠠ᠂ ᠲᠠᠷᠢᠶᠠᠨ ᠭᠠᠵᠠᠷ ᠤᠨ ᠡᠬᠢ ᠪᠠᠶᠠᠯᠢᠭ ᠢ ᠪᠦᠬᠦᠶᠢᠯᠡ ᠤᠯᠤᠰ ᠤᠨ ᠨᠤᠲᠤᠭ ᠳᠡᠪᠢᠰᠭᠡᠷ ᠡᠬᠢ ᠪᠠᠶᠠᠯᠢᠭ ᠲᠡᠶᠢᠰᠢ ᠥᠷᠭᠡᠳᠭᠡᠵᠦ᠂ ᠠᠮᠤ ᠪᠤᠳᠠᠭ᠎ᠠ ᠲᠠᠷᠢᠬᠤ ᠳᠤ ᠲᠣᠬᠢᠷᠠᠮᠵᠢᠲᠠᠢ ᠪᠣᠯ ᠠᠮᠤ ᠪᠤᠳᠠᠭ᠎ᠠ ᠲᠠᠷᠢᠵᠤ᠂ ᠠᠵᠤ ᠠᠬᠤᠢ ᠡᠷᠬᠢᠯᠡᠬᠦ ᠳᠤ ᠲᠣᠬᠢᠷᠠᠮᠵᠢᠲᠠᠢ ᠪᠣᠯ ᠠᠵᠤ ᠠᠬᠤᠢ ᠡᠷᠬᠢᠯᠡᠵᠦ᠂ ᠮᠠᠯᠵᠢᠬᠤ ᠳᠤ ᠲᠣᠬᠢᠷᠠᠮᠵᠢᠲᠠᠢ ᠪᠣᠯ ᠮᠠᠯ ᠠᠵᠤ ᠠᠬᠤᠢ ᠡᠷᠬᠢᠯᠡᠵᠦ᠂ ᠵᠢᠭᠠᠰᠤ ᠲᠡᠵᠢᠭᠡᠬᠦ ᠳᠤ ᠲᠣᠬᠢᠷᠠᠮᠵᠢᠲᠠᠢ ᠪᠣᠯ ᠵᠢᠭᠠᠰᠤ ᠲᠡᠵᠢᠭᠡᠵᠤ᠂ ᠣᠶᠢᠵᠢᠭᠤᠯᠬᠤ ᠳᠤ ᠲᠣᠬᠢᠷᠠᠮᠵᠢᠲᠠᠢ ᠪᠣᠯ ᠤᠶᠢᠵᠢᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠲᠠᠢ ᠵᠣᠬᠢᠴᠠᠭᠰᠠᠨ᠂ ᠡᠬᠢ ᠪᠠᠶᠠᠯᠢᠭ ᠣᠷᠴᠢᠨ ᠲᠤᠭᠤᠷᠢᠨ ᠤ ᠳᠠᠭᠠᠭᠠᠴᠠ ᠲᠠᠢ ᠵᠣᠬᠢᠴᠠᠯᠳᠤᠭᠰᠠᠨ ᠤᠳᠤ ᠦᠶ᠎ᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠪᠦᠲᠦᠴᠡ ᠪᠠ ᠣᠷᠣᠨ ᠪᠦᠰᠡ ᠶᠢᠨ ᠪᠠᠶᠢᠷᠢᠰᠢᠭᠤᠯᠤᠯᠳᠠ ᠶᠢ ᠪᠦᠷᠢᠯᠳᠦᠬᠦᠯᠬᠦ ᠬᠡᠷᠡᠭᠲᠡᠢ᠃ ᠤᠢ ᠰᠢᠭᠤᠢ ᠠᠴᠠ ᠢᠳᠡᠭᠡᠡ ᠠᠪᠴᠤ᠂ ᠭᠤᠣᠯ ᠮᠥᠷᠡᠨ ᠳᠠᠯᠠᠢ ᠲᠠᠩᠭᠢᠰ ᠠᠴᠠ ᠢᠳᠡᠭᠡᠡ ᠠᠪᠴᠤ᠂ ᠲᠦᠬᠦᠭᠡᠷᠦᠮᠵᠢᠲᠦ ᠲᠠᠷᠢᠶᠠᠯᠠᠩ ᠠᠴᠠ ᠢᠳᠡᠭᠡᠡ ᠠᠪᠬᠤ ᠶᠢᠨ ᠬᠠᠮᠲᠤ ᠤᠯᠠᠮᠵᠢᠯᠠᠯᠲᠤ ᠲᠠᠷᠢᠮᠠᠯ ᠪᠠ ᠮᠠᠯ ᠵᠢᠭᠦᠷᠲᠡᠨ ᠤ ᠡᠬᠢ ᠪᠠᠶᠠᠯᠢᠭ ᠠᠴᠠ ᠨᠡᠩ ᠡᠯᠪᠡᠭ ᠪᠠᠶᠠᠯᠢᠭ ᠠᠮᠢᠳᠤ ᠪᠣᠳᠠᠰ ᠤᠨ ᠡᠬᠢ ᠪᠠᠶᠠᠯᠢᠭ ᠵᠦᠭ ᠥᠷᠭᠡᠳᠭᠡᠵᠦ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠮᠢᠳᠤ ᠪᠣᠳᠠᠰ ᠤᠨ ᠠᠵᠤ ᠦᠢᠯᠡᠰ ᠢ ᠬᠥᠭᠵᠢᠭᠦᠯᠵᠦ᠂ ᠠᠮᠢᠲᠠᠨ ᠤᠷᠭᠤᠮᠠᠯ ᠮᠢᠺᠷᠣᠪ ᠠᠴᠠ ᠢᠯᠴᠢ᠂ ᠤᠭᠤᠷᠠᠭ ᠠᠪᠬᠤ ᠬᠡᠷᠡᠭᠲᠡᠢ᠃ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠢᠳᠡᠭᠡᠨ ᠤ ᠡᠬᠢ ᠪᠠᠶᠠᠯᠢᠭ ᠢ ᠪᠦᠬᠦ ᠲᠠᠯ᠎ᠠ ᠪᠠᠷ᠂ ᠤᠯᠠᠨ ᠠᠷᠭ᠎ᠠ ᠵᠠᠮ ᠢᠶᠠᠷ ᠨᠡᠭᠡᠭᠡᠨ ᠬᠥᠭᠵᠢᠭᠦᠯᠵᠦ᠂ ᠡᠯᠪᠡᠭ ᠪᠠᠶᠠᠯᠢᠭ ᠤᠯᠠᠨ ᠶᠠᠩᠵᠤ ᠶᠢᠨ ᠢᠳᠡᠭᠡᠨ ᠤ ᠲᠦᠷᠦᠯ ᠵᠦᠢᠯ ᠢ ᠨᠡᠭᠡᠭᠡᠨ ᠬᠥᠭᠵᠢᠭᠦᠯᠵᠦ᠂ ᠡᠯ᠎ᠡ ᠲᠦᠷᠦᠯ ᠤᠨ ᠢᠳᠡᠭᠡᠨ ᠤ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠶᠢ ᠪᠡᠶᠡᠯᠡᠭᠦᠯᠵᠦ᠂ ᠠᠷᠠᠳ ᠤᠯᠠᠨ ᠤ ᠡᠳᠦᠷ ᠢᠷᠡᠬᠦᠶ᠎ᠡ ᠤᠯᠠᠨ ᠡᠰᠢᠵᠢᠵᠤ ᠪᠠᠶᠢᠭ᠎ᠠ ᠢᠳᠡᠭᠡᠨ ᠤ ᠬᠡᠷᠡᠭᠯᠡᠭᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠵᠥᠪᠬᠡᠨ ᠠᠵᠤ ᠠᠬᠤᠢ ᠶᠢᠨ ᠬᠥᠭᠵᠢᠯᠲᠡ ᠶᠢ ᠴᠢᠬᠤᠯᠠᠴᠢᠯᠠᠵᠤ ᠪᠣᠯᠬᠤ ᠦᠭᠡᠢ᠂ ᠪᠠᠰᠠ ᠡᠷᠬᠡᠪᠰᠢ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠲᠠᠷᠢᠶᠠᠴᠢᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠬᠥᠮᠦᠵᠢᠯ ᠢ ᠴᠢᠬᠤᠯᠠᠴᠢᠯᠠᠵᠤ᠂ ᠬᠠᠤᠯᠢᠵᠢᠯ ᠤᠨ ᠪᠠᠶᠢᠭᠤᠯᠤᠯᠲᠠ ᠶᠢ ᠴᠢᠬᠤᠯᠠᠴᠢᠯᠠᠵᠤ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠲᠣᠰᠬᠤᠨ ᠤ ᠠᠷᠠᠳ ᠤᠨ ᠥᠪᠡᠷᠲᠡᠭᠡᠨ ᠵᠠᠰᠠᠬᠤ ᠦᠢᠯᠡᠳᠦᠯᠭᠡ ᠶᠢ ᠭᠦᠨᠵᠡᠭᠡᠶᠢᠷᠡᠭᠦᠯᠵᠦ᠂ ᠲᠣᠰᠬᠤᠨ ᠤ ᠲᠦᠷᠢᠮ ᠠᠷᠠᠳ ᠤᠨ ᠭᠡᠷ᠎ᠡ᠂ ᠭᠡᠷ ᠤᠨ ᠰᠤᠷᠭᠠᠯ ᠭᠡᠷ ᠤᠨ ᠰᠤᠷᠲᠠᠯ ᠤᠨ ᠦᠢᠯᠡᠳᠦᠯ ᠢ ᠪᠦᠲᠦᠮᠵᠢᠲᠡᠢ ᠪᠠᠳᠠᠷᠠᠭᠤᠯᠵᠤ᠂ ᠪᠣᠯᠪᠠᠰᠤᠨ ᠨᠤᠲᠤᠭ ᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠡᠭᠡᠯ ᠪᠣᠷᠣᠭᠵᠢᠭᠤᠨ ᠠᠷᠠᠳ ᠤᠨ ᠰᠤᠷᠲᠠᠯ ᠢ ᠪᠣᠶᠢᠵᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠡᠭᠭᠤᠵᠢᠬᠰᠡᠨ ᠲᠣᠭᠲᠠᠴᠠ ᠶᠢ ᠪᠦᠷᠢᠨᠰᠢᠬᠦᠯᠵᠤ᠂ ᠬᠥᠳᠡᠭᠡ ᠲᠣᠰᠬᠤᠨ ᠤ ᠬᠠᠷ᠎ᠠ ᠪᠦᠯᠦᠭᠲᠡᠨ ᠬᠠᠷᠭᠢᠰ ᠬᠦᠴᠦᠨ᠂ ᠤᠪᠤᠭ ᠲᠦᠷᠦᠯ ᠤᠨ ᠬᠠᠷᠭᠢᠰ ᠬᠦᠴᠦᠨ ᠳᠤ ᠦᠷᠭᠦᠯᠵᠢᠯᠡᠨ ᠴᠣᠬᠢᠯᠲᠠ ᠥᠭᠴᠦ᠂ ᠬᠥᠳᠡᠭᠡ ᠲᠣᠰᠬᠤᠨ ᠤ ᠱᠠᠯᠢᠭ ᠵᠠᠪᠬᠠᠢ ᠵᠣᠭᠤᠰ ᠮᠥᠷᠥᠶᠢᠴᠡᠬᠦ ᠬᠤᠣᠷ ᠲᠠᠲᠠᠬᠤ ᠪᠠ ᠡᠮᠡᠭᠲᠡᠶᠢᠴᠦᠳ ᠬᠡᠦᠬᠡᠳ ᠤᠨ ᠡᠷᠬᠡ ᠠᠰᠢᠭ ᠲᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠮᠠᠨ ᠤ ᠤᠯᠤᠰ ᠨᠢᠭᠡᠨᠲᠡ ᠳᠡᠯᠡᠬᠡᠢ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠪᠠ᠃ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠲᠦᠷᠢᠮ ᠤᠨ ᠨᠢᠭᠡᠳᠦᠯᠲᠡᠢ ᠴᠢᠨᠠᠷ ᠪᠠ ᠵᠢᠷᠤᠮᠵᠢᠯᠳᠤ ᠴᠢᠨᠠᠷ ᠢ ᠴᠢᠩᠭᠠᠳᠬᠠᠵᠦ᠂ ᠤᠯᠠᠨ ᠲᠡᠰ ᠳᠠᠪᠬᠤᠷᠭ᠎ᠠ᠂ ᠤᠯᠠᠨ ᠲᠤᠯᠭᠠᠭᠤᠷᠢᠳᠤ ᠨᠠᠰᠤᠵᠢᠯ ᠤᠨ ᠳᠠᠭᠠᠳᠬᠠᠯ ᠤᠨ ᠰᠢᠰᠲ᠋ᠧᠮ ᠢ ᠬᠥᠭᠵᠢᠭᠦᠯᠵᠦ᠂ ᠨᠡᠩ ᠤᠯᠠᠨ ᠬᠥᠮᠦᠨ ᠢ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠳᠤ ᠣᠷᠣᠭᠤᠯᠬᠤ ᠬᠡᠷᠡᠭᠲᠡᠢ᠃ ᠠᠮᠢᠳᠤᠯᠢᠭ ᠢᠶᠠᠷ ᠠᠵᠢᠯ ᠣᠯᠤᠭᠰᠠᠳ ᠤᠨ ᠨᠡᠶᠢᠭᠡᠮ ᠤᠨ ᠪᠠᠲᠤᠯᠠᠭ᠎ᠠ ᠶᠢᠨ ᠲᠦᠷᠢᠮ ᠢ ᠪᠦᠷᠢᠨᠰᠢᠬᠦᠯᠵᠤ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ᠂ ᠦᠷᠡᠵᠢᠯ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠭᠡᠵᠦ᠂ ᠲᠦᠷᠢᠮ ᠤᠨ ᠲᠤᠬᠢᠷᠠᠭᠤᠯᠤᠯᠳᠠ ᠶᠢ ᠨᠡᠩ ᠲᠥᠪ ᠭᠤᠣᠯᠴᠢ᠂ ᠬᠠᠮᠤᠷᠬᠤ ᠬᠡᠪᠴᠢᠶ᠎ᠡ ᠶᠢ ᠨᠡᠩ ᠥᠷᠭᠡᠨ ᠳᠡᠯᠭᠡᠷ ᠪᠣᠯᠭᠠᠵᠤ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠬᠦ ᠳᠤ ᠦᠨᠳᠦᠰᠦᠨ ᠵᠦᠢᠯ ᠢ ᠪᠠᠲᠤᠯᠠᠬᠤ ᠬᠡᠷᠡᠭᠲᠡᠢ᠃ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠳᠠᠭᠠᠳᠬᠠᠯ ᠢ ᠮᠡᠬᠡᠯᠡᠨ ᠠᠪᠬᠤ᠂ ᠳᠠᠭᠠᠳᠬᠠᠯ ᠢ ᠲᠤᠬᠤᠵᠤ ᠠᠪᠬᠤ ᠪᠠ ᠡᠯ᠎ᠡ ᠲᠦᠷᠦᠯ ᠤᠨ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢ ᠨᠡᠭᠦᠯᠭᠡᠨ ᠬᠡᠷᠡᠭᠯᠡᠵᠦ ᠡᠵᠡᠯᠡᠨ ᠠᠪᠬᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠤᠯᠠᠨ ᠤ ︽ᠨᠠᠰᠤᠵᠢᠯ ᠤᠨ ᠠᠰᠠᠷᠠᠮᠵᠢ ᠶᠢᠨ ᠮᠥᠩᠭᠦ︾᠂ ︽ᠠᠮᠢ ᠠᠪᠤᠷᠠᠬᠤ ᠮᠥᠩᠭᠦ︾ ᠨᠢᠭᠡᠪᠦᠷᠢ ᠶᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠦᠭᠡᠢ᠂ ᠪᠠᠭ᠎ᠠ ᠶᠠᠪᠤᠳᠠᠯ ᠢ ᠴᠤ ᠢᠮᠠᠭᠳᠠ ᠬᠠᠯᠠᠮᠵᠢᠯᠠᠬᠤ ᠬᠡᠷᠡᠭᠳᠡᠢ᠃ ᠬᠦᠴᠢᠷᠳᠡᠯᠲᠡᠢ ᠤᠯᠠᠨ ᠲᠦᠮᠡᠨ ᠢ ᠪᠢᠳᠡ ᠣᠨᠴᠠᠭᠠᠶᠢᠯᠠᠨ ᠠᠩᠬᠠᠷᠴᠤ᠂ ᠣᠨᠴᠠᠭᠠᠶᠢᠯᠠᠨ ᠬᠠᠯᠠᠮᠵᠢᠯᠠᠵᠤ᠂ ᠣᠨᠴᠠᠭᠠᠶᠢᠯᠠᠨ ᠬᠠᠶᠢᠷᠠᠯᠠᠵᠤ᠂ ᠲᠡᠳᠡᠨ ᠢ ᠬᠠᠪᠰᠤᠷᠤᠨ ᠬᠦᠴᠢᠷ ᠵᠣᠪᠠᠭᠤᠷᠢ ᠶᠢ ᠨᠢ ᠰᠢᠢᠳᠪᠦᠷᠢᠯᠡᠵᠦ ᠥᠭᠬᠦ ᠬᠡᠷᠡᠭᠲᠡᠢ᠃ ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠯᠲᠠ᠂ ᠲᠤᠰᠬᠠᠢ ᠵᠦᠢᠯ ᠤᠨ ᠨᠡᠶᠢᠭᠡᠮ ᠤᠨ ᠠᠪᠤᠷᠠᠨ ᠲᠤᠰᠠᠯᠠᠯᠲᠠ᠂ ᠪᠠᠴᠢᠮ ᠬᠦᠴᠢᠷᠳᠡᠯ ᠤᠨ ᠨᠡᠶᠢᠭᠡᠮ ᠤᠨ ᠠᠪᠤᠷᠠᠨ ᠲᠤᠰᠠᠯᠠᠯᠲᠠ ᠪᠠᠷ ᠭᠤᠣᠯ ᠴᠣᠭᠴᠠ ᠪᠣᠯᠭᠠᠭᠰᠠᠨ᠂ ᠨᠡᠶᠢᠭᠡᠮ ᠤᠨ ᠬᠦᠴᠦᠨ ᠤ ᠤᠷᠤᠯᠴᠠᠭ᠎ᠠ ᠪᠠᠷ ᠨᠥᠬᠦᠪᠥᠷᠢ ᠪᠣᠯᠭᠠᠭᠰᠠᠨ᠂ ᠪᠦᠬᠦ ᠲᠠᠯ᠎ᠠ ᠶᠢ ᠬᠠᠮᠤᠷᠤᠭᠰᠠᠨ᠂ ᠳᠠᠪᠬᠤᠷᠭ᠎ᠠ ᠲᠦᠷᠦᠯ ᠬᠤᠪᠢᠶᠠᠭᠰᠠᠨ᠂ ᠶᠡᠷᠦᠩᠬᠡᠶᠢᠯᠡᠭᠰᠡᠨ ᠥᠨᠳᠥᠷ ᠪᠦᠲᠦᠮᠵᠢᠲᠡᠢ ᠨᠡᠶᠢᠭᠡᠮ ᠤᠨ ᠠᠪᠤᠷᠠᠨ ᠲᠤᠰᠠᠯᠠᠬᠤ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠣᠨᠴᠠ ᠬᠦᠴᠢᠷᠳᠡᠯᠲᠡᠶ ᠬᠥᠮᠦᠰ ᠤᠨ ᠣᠨᠴᠠᠯᠢᠭ ᠪᠠ ᠬᠡᠷᠡᠭᠴᠡᠭᠡ ᠳᠤ ᠴᠢᠭᠯᠡᠭᠦᠯᠦᠨ ᠲᠥᠷᠥ ᠶᠢᠨ ᠪᠣᠳᠣᠯᠭ᠎ᠠ ᠶᠢ ᠣᠨᠣᠴᠠᠲᠠᠶ ᠬᠡᠷᠡᠭᠵᠢᠭᠦᠯᠵᠦ᠂ ᠡᠯ᠎ᠡ ᠲᠥᠷᠥᠯ ᠤᠨ ᠠᠪᠤᠷᠠᠨ ᠲᠤᠰᠠᠯᠠᠬᠤ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠲᠠᠷᠬᠠᠭᠠᠵᠤ᠂ ᠲᠦᠷ ᠴᠠᠭ ᠤᠨ ᠠᠪᠤᠷᠠᠨ ᠲᠤᠰᠠᠯᠠᠬᠤ ᠶᠢ ᠴᠢᠩᠭᠠᠳᠬᠠᠵᠤ᠂ ᠦᠨᠳᠦᠰᠦᠨ ᠵᠦᠶᠯ ᠢ ᠣᠨᠣᠪᠴᠢᠲᠠᠶ ᠰᠠᠶᠢᠲᠤᠷ ᠪᠠᠲᠤᠯᠠᠬᠤ ᠬᠡᠷᠡᠭᠲᠡᠶ᠃ ᠬᠥᠳᠡᠭᠡ ᠲᠣᠰᠬᠤᠨ ᠤ ᠨᠡᠶᠢᠭᠡᠮ ᠤᠨ ᠠᠰᠠᠷᠠᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠬᠥᠳᠡᠭᠡ ᠲᠣᠰᠬᠤᠨ ᠤ ᠨᠠᠰᠤᠲᠠᠶᠢᠴᠤᠳ᠂ ᠬᠡᠦᠬᠡᠳ ᠪᠠᠭᠠᠴᠤᠳ᠂ ︽ᠬᠦᠳᠡᠭᠡ ᠲᠤᠰᠬᠤᠨ ᠤ ᠭᠡᠷ ᠲᠡᠭᠡᠨ ᠬᠤᠴᠤᠷᠤᠭᠰᠠᠨ ᠭᠡᠦᠭᠡᠳ᠂ ᠬᠦᠳᠡᠭᠡ ᠲᠤᠰᠬᠤᠨ ᠤ ᠭᠡᠷ ᠲᠡᠭᠡᠨ ᠬᠤᠴᠤᠷᠤᠭᠰᠠᠨ ᠨᠠᠰᠤᠳᠠᠶᠢᠴᠤᠳ᠂ ᠬᠦᠳᠡᠭᠡ ᠲᠤᠰᠬᠤᠨ ᠤ ᠭᠡᠷ ᠲᠡᠭᠡᠨ ᠬᠤᠴᠤᠷᠤᠭᠰᠠᠨ ᠪᠦᠰᠡᠭᠦᠶᠢᠴᠤᠳ︾ ᠵᠡᠷᠭᠡ ᠣᠨᠴᠠᠭᠠᠢ ᠬᠦᠴᠢᠷᠳᠡᠯᠲᠡᠢ ᠬᠥᠮᠦᠰ ᠢ ᠬᠠᠯᠠᠮᠵᠢᠯᠠᠨ ᠬᠠᠶᠢᠷᠠᠯᠠᠬᠤ ᠪᠠᠨ ᠴᠢᠩᠭᠠᠳᠬᠠᠬᠤ ᠬᠡᠷᠡᠭᠲᠡᠢ᠃ ᠬᠢᠵᠢᠭ ᠤᠨ ᠪᠠᠶᠢᠳᠠᠯ᠂ ᠭᠠᠮᠰᠢᠭ ᠠᠴᠠ ᠪᠤᠯᠵᠤ ᠬᠦᠴᠢᠷᠳᠡᠯ ᠳᠤ ᠲᠤᠯᠭᠠᠷᠠᠭᠰᠠᠨ ᠤᠯᠠᠨ ᠲᠦᠮᠡᠨ ᠢ ᠲᠦᠷ ᠴᠠᠭ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ ᠵᠡᠮᠳᠡᠭᠴᠦᠳ ᠤᠨ ᠡᠷᠡᠭᠦᠯᠵᠢᠯ᠂ ᠰᠤᠷᠭᠠᠨ ᠬᠥᠮᠦᠵᠢᠯ᠂ ᠠᠵᠢᠯ ᠣᠯᠭᠤᠯᠲᠠ ᠵᠡᠷᠭᠡ ᠠᠵᠢᠯ ᠢ ᠰᠠᠶᠢᠲᠤᠷ ᠬᠢᠵᠦ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠤᠨ ᠪᠡᠶ᠎ᠡ ᠮᠠᠬᠠᠪᠤᠳ ᠤᠨ ᠠᠮᠤᠷ ᠲᠦᠪᠰᠢᠨ ᠪᠣᠯᠤᠨ ᠦᠨᠳᠦᠰᠦᠨ ᠠᠮᠢᠳᠤᠷᠠᠯ ᠢ ᠪᠠᠲᠤᠯᠠᠵᠤ᠂ ᠤᠶᠤᠨ ᠮᠡᠳᠡᠷᠡᠯ ᠤᠨ ᠰᠠᠭᠠᠳ ᠲᠠᠢ ᠬᠥᠮᠦᠰ ᠢ ᠬᠠᠯᠠᠮᠵᠢᠯᠠᠨ ᠬᠠᠶᠢᠷᠠᠯᠠᠵᠤ᠂ ᠡᠮᠡᠭᠲᠡᠶᠢᠴᠦᠳ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠢ ᠲᠤᠷᠤᠮᠵᠢᠯᠠᠨ ᠳᠠᠷᠤᠯᠠᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠡᠷᠡᠰ ᠲᠡᠪᠴᠢᠬᠦ ᠬᠡᠷᠡᠭᠲᠡᠢ ᠭᠡᠵᠦ ᠴᠢᠬᠤᠯᠠᠴᠢᠯᠠᠪᠠ᠃      ᠳ᠋ᠢᠩ ᠰᠢᠤᠸᠠᠢ ᠰᠢᠶᠠᠩ᠂ ᠵᠠᠩ ᠴᠢᠩ ᠯᠢ᠂ ᠯᠢ ᠪᠢᠨ᠂ ᠸᠠᠩ ᠶᠦᠩ ᠴᠢᠩ᠂ ᠭᠦ᠋ ᠱᠧᠩ ᠽᠦ ᠨᠠᠷ ᠬᠠᠮᠲᠤᠷᠠᠭᠰᠠᠨ ᠳᠤᠭᠤᠶᠢᠯᠠᠩ ᠤᠨ ᠬᠤᠷᠠᠯ ᠳᠤ ᠣᠷᠣᠯᠴᠠᠵᠠᠢ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠠᠬᠤ ᠣᠷᠣᠨ ᠤ ᠠᠷᠠᠳ ᠤᠨ ᠵᠠᠰᠠᠭ ᠤᠨ ᠣᠷᠳᠣᠨ  ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号