ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2022 ᠣᠨ ᠤ ᠬᠠᠪᠤᠷ ᠤᠨ ᠪᠡᠯᠴᠢᠭᠡᠷ ᠰᠡᠷᠭᠦᠬᠦ ᠬᠤᠭᠤᠴᠠᠭᠠᠨ ᠳᠠᠬᠢ ᠰᠡᠯᠭᠦᠨ ᠮᠠᠯᠵᠢᠬᠤ ᠠᠵᠢᠯ ᠤᠨ ᠲᠤᠬᠠᠶ ᠠᠯᠪᠠᠨ ᠵᠠᠷᠯᠠᠯ
ᠨᠡᠶᠢᠲᠡᠯᠡᠭᠰᠡᠨ ᠴᠠᠭ᠄
2022/3/18
             ᠪᠥᠬᠦ ᠠᠶᠢᠮᠠᠭ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠬᠠᠪᠤᠷ ᠤᠨ ᠪᠡᠯᠴᠢᠭᠡᠷ ᠰᠡᠷᠭᠦᠬᠦ ᠬᠤᠭᠤᠴᠠᠭᠠᠨ ᠳᠠᠬᠢ ᠰᠡᠯᠭᠦᠨ ᠮᠠᠯᠵᠢᠬᠤ ᠠᠵᠢᠯ ᠤᠨ ᠦᠷ᠎ᠡ ᠪᠦᠲᠦᠭᠡᠯ ᠢ ᠤᠯᠠᠮ ᠪᠠᠬᠢᠵᠢᠭᠦᠯᠵᠦ᠂ ᠨᠤᠲᠤᠭ ᠪᠡᠯᠴᠢᠭᠡᠷ ᠠᠮᠢ ᠠᠬᠤᠶ ᠶᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠨ ᠠᠰᠢᠭᠯᠠᠬᠤ ᠶᠢᠨ ᠲᠤᠯᠠᠳᠠ᠂ 2022 ᠣᠨ ᠤ ᠬᠠᠪᠤᠷ ᠤᠨ ᠪᠡᠯᠴᠢᠭᠡᠷ ᠰᠡᠷᠭᠦᠬᠦ ᠬᠤᠭᠤᠴᠠᠭᠠᠨ ᠳᠤ ᠰᠡᠯᠭᠦᠨ ᠮᠠᠯᠵᠢᠬᠤ ᠠᠵᠢᠯ ᠢ ᠦᠷᠭᠦᠯᠵᠢᠯᠡᠨ ᠬᠡᠷᠡᠭᠵᠢᠭᠦᠯᠬᠦ ᠪᠠᠷ ᠲᠤᠭᠲᠠᠪᠠ᠃ ᠬᠢᠵᠢᠭ ᠢ ᠰᠡᠷᠭᠡᠶᠢᠯᠡᠬᠦ ᠪᠠ ᠰᠡᠯᠭᠦᠨ ᠮᠠᠯᠵᠢᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠶᠢᠨ ᠲᠤᠰᠠᠳᠠ᠂ ᠡᠳᠦᠭᠡ ᠬᠠᠮᠢᠶ᠎ᠠ ᠪᠦᠬᠦᠢ ᠵᠦᠢᠯ ᠢ ᠵᠠᠷᠯᠠᠨ ᠮᠡᠳᠡᠭᠳᠡᠶ᠎ᠡ᠄              ᠨᠢᠭᠡ᠂ ᠰᠡᠯᠭᠦᠨ ᠮᠠᠯᠵᠢᠬᠤ ᠬᠤᠭᠤᠴᠠᠭ᠎ᠠ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ︾ ᠤᠨ ᠶᠢᠰᠦᠳᠦᠭᠡᠷ ᠵᠣᠷᠪᠤᠰ ᠤᠨ ᠳᠠᠭᠠᠤ ︽ᠬᠤᠰᠢᠭᠤ ᠰᠢᠶᠠᠨ ᠬᠤᠲᠠ ︵ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠨᠢ ᠲᠤᠬᠠᠶ ᠶᠢᠨ ᠭᠠᠵᠠᠷ ᠤᠨ ᠠᠭᠤᠷ ᠠᠮᠢᠰᠬᠤᠯ ᠤᠨ ᠨᠥᠬᠦᠴᠡᠯ ᠪᠣᠯᠤᠨ ᠡᠪᠡᠰᠦ ᠨᠣᠭᠤᠭᠠᠨ ᠤ ᠤᠷᠭᠤᠯᠲᠠ ᠶᠢᠨ ᠵᠢᠮ᠎ᠡ ᠶᠣᠰᠣ ᠶᠢ ᠦᠨᠳᠦᠰᠦᠯᠡᠨ᠂ ᠵᠢᠯ ᠪᠦᠷᠢ ᠶᠢᠨ ᠬᠠᠪᠤᠷ ᠤᠨ ᠪᠡᠯᠴᠢᠭᠡᠷ ᠰᠡᠷᠭᠦᠬᠦ ᠬᠤᠭᠤᠴᠠᠭᠠᠨ ᠳᠤ 45 ᠬᠤᠨᠤᠭ ᠰᠡᠯᠭᠦᠨ ᠮᠠᠯᠵᠢᠬᠤ ᠳᠥᠷᠢᠮ ᠢ ᠬᠡᠷᠡᠭᠵᠢᠭᠦᠯᠦᠨ᠎ᠡ᠃ ︽ᠰᠢᠯᠢ ᠶᠢᠨ ᠭᠤᠤᠯ ᠠᠶᠢᠮᠠᠭ ᠤᠨ 2022 ᠣᠨ ᠤ ᠬᠠᠪᠤᠷ ᠤᠨ ᠪᠡᠯᠴᠢᠭᠡᠷ ᠰᠡᠷᠭᠦᠬᠦ ᠬᠤᠭᠤᠴᠠᠭᠠᠨ ᠤ ᠰᠡᠯᠭᠦᠨ ᠮᠠᠯᠵᠢᠬᠤ ᠠᠵᠢᠯ ᠤᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤ ᠨᠢ 2022 ᠣᠨ ᠤ 4 ᠰᠠᠷ᠎ᠠ ᠶᠢᠨ 10 ᠠᠴᠠ 5 ᠰᠠᠷ᠎ᠠ ᠶᠢᠨ 25 ᠪᠣᠯᠲᠠᠯ᠎ᠠ ᠰᠡᠯᠭᠦᠨ ᠮᠠᠯᠵᠢᠬᠤ ᠳᠥᠷᠢᠮ ᠢ ᠬᠡᠷᠡᠭᠵᠢᠬᠦᠯᠬᠦ ᠪᠠᠷ ᠲᠣᠭᠲᠠᠪᠠ᠃ᠬᠤᠶᠠᠷ᠂ ᠰᠡᠯᠭᠦᠨ ᠮᠠᠯᠵᠢᠬᠤ ᠬᠡᠪᠴᠢᠶ᠎ᠡ              ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠠᠮᠢ ᠠᠬᠤᠶ ᠶᠢᠨ ᠱᠠᠩᠨᠠᠯ ᠨᠥᠬᠦᠪᠥᠷᠢ ᠶᠢᠨ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ᠂ ᠪᠥᠬᠦ ᠬᠤᠰᠢᠭᠤᠨ ᠤ 945 ᠲᠦᠮᠡᠨ ᠮᠥ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠳᠤ ᠦᠬᠡᠷ᠂ ᠠᠳᠤᠭᠤ᠂ ᠡᠯᠵᠢᠭᠡ᠂ ᠬᠤᠨᠢ᠂ ᠲᠡᠮᠡᠭᠡ ᠶᠢ ᠬᠠᠰᠢᠶᠠᠯᠠᠨ᠎ᠠ᠃ ᠭᠤᠷᠪᠠ᠂ ᠨᠥᠬᠦᠪᠥᠷᠢ ᠥᠭᠬᠦ ᠪᠠᠷᠢᠮᠵᠢᠶ᠎ᠠ              ᠰᠡᠯᠭᠦᠨ ᠮᠠᠯᠵᠢᠬᠤ ᠡᠷᠦᠬᠡ ᠳᠤ ᠨᠤᠲᠤᠭ ᠪᠡᠯᠴᠢᠭᠡᠷ ᠤᠨ ᠲᠠᠯᠠᠪᠠᠶ ᠪᠠᠷ ᠨᠢ ᠮᠦ ᠪᠦᠷᠢ ᠳᠤ 1.125 ᠲᠥᠭᠦᠷᠢᠭ ᠣᠯᠭᠤᠨ᠎ᠠ᠃ ᠳᠥᠷᠪᠡ᠂ ᠮᠠᠯ ᠤᠨ ᠬᠠᠰᠢᠶᠠᠨ ᠤ ᠪᠠᠶᠢᠭᠤᠯᠤᠯᠲᠠ              ᠬᠤᠨᠢ ᠨᠢᠭᠡᠪᠦᠷᠢ ᠳᠤ 20 ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠬᠦ ᠦᠭᠡᠶ ᠪᠠᠶᠢᠬᠤ ᠱᠠᠭᠠᠷᠳᠠᠯᠭ᠎ᠠ ᠶᠣᠰᠣᠭᠠᠷ ᠮᠠᠯ ᠤᠨ ᠬᠠᠰᠢᠶ᠎ᠠ ᠪᠠᠶᠢᠭᠤᠯᠵᠤ᠂ ᠨᠢᠭᠡ ᠦᠬᠡᠷ ᠨᠢ ᠲᠠᠪᠤᠨ ᠬᠤᠨᠢ ᠲᠠᠢ ᠲᠡᠩᠴᠡᠵᠦ᠂ ᠨᠢᠭᠡ ᠲᠣᠭᠤᠯ ᠨᠢ ᠬᠤᠶᠠᠷ ᠴᠡᠭ ᠲᠠᠪᠤᠨ ᠬᠤᠨᠢ ᠲᠠᠢ ᠲᠡᠩᠴᠡᠨ᠎ᠡ᠂ ᠬᠤᠷᠤᠭ᠎ᠠ ᠬᠠᠰᠢᠶ᠎ᠠ ᠪᠠᠨ ᠫᠧᠩ ᠰᠠᠷᠠᠪᠴᠢ ᠶᠢᠨ ᠢᠶᠠᠨ ᠡᠷᠭᠢᠨ ᠲᠣᠭᠤᠷᠢᠨ ᠳᠤ ᠪᠠᠶᠢᠭᠤᠯᠤᠨ᠂ ᠵᠠᠭᠠᠭ ᠬᠢᠵᠠᠭᠠᠷ᠂ ᠬᠤᠳᠳᠤᠭ ᠣᠩᠭᠤᠴᠠ ᠪᠠᠨ ᠵᠦᠢ ᠵᠣᠬᠢᠰᠲᠠᠶ ᠪᠠᠶᠢᠷᠢᠯᠠᠭᠤᠯᠬᠤ ᠶᠢᠨ ᠬᠠᠮᠲᠤ᠂ ᠬᠠᠰᠢᠶᠠᠨ ᠤ ᠭᠠᠳᠠᠨ᠎ᠠ ᠮᠠᠯ ᠪᠡᠯᠴᠢᠭᠡᠷᠯᠡᠭᠦᠯᠵᠦ ᠪᠣᠯᠬᠤ ᠦᠭᠡᠢ᠃ ᠡᠭᠦᠨ ᠠᠴᠠ ᠭᠠᠳᠠᠨ᠎ᠠ ᠢᠰᠢᠭᠡ ᠬᠤᠷᠠᠭ᠎ᠠ ᠭᠥᠭᠦᠭᠦᠯᠬᠦ ᠲᠠᠯᠠᠪᠠᠢ ᠶᠢ ᠨᠡᠮᠡᠭᠳᠡᠭᠦᠯᠵᠦ᠂ ᠡᠬᠡ ᠲᠥᠯ ᠪᠦᠷᠢ ᠳᠤ 0.5 ᠮᠥ ᠠᠴᠠ ᠬᠡᠳᠦᠷᠡᠭᠦᠯᠬᠦ ᠦᠭᠡᠢ ᠪᠠᠶᠢᠵᠤ᠂ ᠭᠥᠭᠦᠭᠦᠯᠬᠦ ᠴᠠᠭ ᠢ ᠴᠢᠩᠭ᠎ᠠ ᠬᠢᠵᠠᠭᠠᠷᠯᠠᠬᠤ ᠬᠡᠷᠡᠭᠲᠡᠶ᠃ ᠲᠠᠪᠤ᠂ ᠨᠥᠬᠦᠪᠥᠷᠢ ᠣᠯᠭᠤᠬᠤ              ᠰᠡᠯᠭᠦᠨ ᠮᠠᠯᠵᠢᠬᠤ ᠠᠵᠢᠯ ᠳᠠᠭᠤᠰᠤᠭᠰᠠᠨ ᠤ ᠰᠡᠭᠦᠯᠡᠷ᠂ ᠬᠤᠰᠢᠭᠤ ᠬᠠᠪᠤᠷ ᠤᠨ ᠪᠡᠯᠴᠢᠭᠡᠷ ᠰᠡᠷᠭᠦᠬᠦ ᠬᠤᠭᠤᠴᠠᠭᠠᠨ ᠳᠠᠬᠢ ᠰᠡᠯᠭᠦᠨ ᠮᠠᠯᠵᠢᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠲᠠᠷᠢᠶᠠᠯᠠᠩ ᠮᠠᠯ ᠠᠵᠤ ᠠᠬᠤᠶ ᠶᠢᠨ ᠲᠤᠪᠴᠢᠶ᠎ᠠ᠂ ᠣᠶ ᠰᠢᠭᠤᠶ ᠨᠣᠳᠤᠭ ᠪᠡᠯᠴᠢᠭᠡᠷ ᠤᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ ᠪᠣᠯᠤᠨ ᠡᠯ᠎ᠡ ᠰᠤᠮᠤ ᠪᠠᠯᠭᠠᠰᠤ ᠶᠢ ᠵᠣᠬᠢᠶᠠᠨ ᠪᠠᠶᠢᠭᠤᠯᠵᠤ᠂ ᠰᠡᠯᠭᠦᠨ ᠮᠠᠯᠵᠢᠬᠤ ᠠᠵᠢᠯ ᠢ ᠬᠢᠨᠠᠨ ᠳ᠋ᠦᠩᠨᠡᠵᠦ ᠬᠢᠷᠢ ᠲᠡᠩᠴᠡᠭᠰᠡᠨ ᠤ ᠳᠠᠷᠠᠭ᠎ᠠ ᠱᠠᠭᠠᠷᠳᠠᠯᠭ᠎ᠠ ᠶᠣᠰᠣᠭᠠᠷ ᠵᠠᠷᠯᠠᠨ ᠨᠡᠶᠢᠲᠡᠯᠡᠵᠦ ᠬᠢᠨᠠᠨ ᠬᠠᠷᠭᠤᠭᠤᠯᠤᠭᠠᠳ ᠠᠯᠳᠠᠭ᠎ᠠ ᠪᠤᠷᠤᠭᠤ ᠥᠬᠡᠶ ᠪᠣᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ︽ᠨᠡᠪᠲᠡᠷᠬᠡᠢ ᠺᠠᠷᠲ︾ ᠢᠶᠠᠷ ᠪᠡᠯᠴᠢᠭᠡᠷ ᠰᠡᠷᠭᠦᠭᠡᠬᠦ ᠨᠥᠬᠦᠪᠥᠷᠢ ᠶᠢ ᠨᠢᠭᠡ ᠯᠡ ᠤᠳᠠᠭ᠎ᠠ ᠳᠤ ᠪᠠᠭᠤᠯᠭᠠᠨ᠎ᠠ᠃ ᠵᠢᠷᠭᠤᠭ᠎ᠠ᠂ ᠬᠠᠮᠢᠶ᠎ᠠ ᠪᠥᠬᠦᠶ ᠱᠠᠭᠠᠷᠳᠠᠯᠭ᠎ᠠ              ︵ᠨᠢᠭᠡ︶ ᠡᠯ᠎ᠡ ᠰᠤᠮᠤ ᠪᠠᠯᠭᠠᠰᠤ ᠨᠢ ᠰᠡᠯᠭᠦᠨ ᠮᠠᠯᠵᠢᠬᠤ ᠲᠠᠩᠰᠠ ᠡᠪᠬᠡᠮᠡᠯ ᠢᠶᠠᠨ ᠪᠠᠶᠢᠭᠤᠯᠤᠨ ᠲᠡᠭᠦᠯᠳᠡᠷᠵᠢᠭᠦᠯᠵᠦ᠂ ᠰᠡᠯᠭᠦᠨ ᠮᠠᠯᠵᠢᠬᠤ ᠡᠷᠦᠬᠡ ᠨᠢ ᠡᠯ᠎ᠡ ᠵᠦᠢᠯ ᠤᠨ ᠪᠡᠯᠡᠳᠬᠡᠯ ᠠᠵᠢᠯ ᠢᠶᠠᠨ ᠰᠠᠶᠢᠲᠤᠷ ᠬᠢᠵᠦ᠂ ᠰᠡᠯᠭᠦᠨ ᠮᠠᠯᠵᠢᠬᠤ ᠬᠤᠭᠤᠴᠠᠭᠠᠨ ᠳᠤ ᠮᠠᠯ ᠢᠶᠠᠨ ᠭᠠᠷᠭᠠᠵᠤ ᠪᠣᠯᠬᠤ ᠥᠬᠡᠶ᠃ ᠥᠷᠭᠡᠨ ᠣᠯᠠᠨ ᠮᠠᠯᠴᠢᠨ ᠲᠦᠮᠡᠨ ᠰᠡᠯᠭᠦᠨ ᠮᠠᠯᠵᠢᠬᠤ ᠳᠥᠷᠢᠮ ᠢ ᠤᠬᠠᠮᠰᠠᠷ ᠠᠴᠠ ᠪᠠᠨ ᠵᠢᠷᠤᠮᠯᠠᠵᠤ᠂ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠣᠯᠤᠨ ᠣᠶ ᠰᠢᠭᠤᠶ ᠨᠣᠲᠤᠭ ᠪᠡᠯᠴᠢᠭᠡᠷ ᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠶ᠃              ︵ᠬᠤᠶᠠᠷ︶ ᠡᠯ᠎ᠡ ᠰᠤᠮᠤ ᠪᠠᠯᠭᠠᠰᠤ ᠨᠢ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠮᠠᠯᠵᠢᠬᠤ ᠡᠷᠦᠬᠡ ᠶᠢ ᠮᠠᠯ ᠣᠨᠤᠭ᠎ᠠ ᠪᠠᠨ ᠪᠦᠬᠦᠨ ᠢ ᠬᠠᠰᠢᠶᠠᠯᠠᠨ ᠮᠠᠯᠵᠢᠵᠤ᠂ ᠡᠪᠡᠰᠦ ᠪᠣᠷᠳᠤᠭ᠎ᠠ ᠤᠰᠤ ᠲᠡᠵᠢᠭᠡᠯ ᠤᠨ ᠬᠠᠩᠭᠠᠮᠵᠢ ᠪᠠᠨ ᠪᠠᠲᠤᠯᠠᠨ᠂ ᠬᠤᠷᠤᠭ᠎ᠠ ᠬᠠᠰᠢᠶᠠᠨ ᠳᠤ ᠪᠠᠨ ᠲᠡᠮᠳᠡᠭ ᠫᠠᠶᠢᠰᠠ ᠲᠠᠯᠪᠢᠬᠤ ᠶᠢ ᠱᠠᠭᠠᠷᠳᠠᠬᠤ ᠬᠡᠷᠡᠭᠳᠡᠢ᠃ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠬᠠᠰᠢᠶᠠᠯᠠᠨ ᠮᠠᠯᠵᠢᠬᠤ ᠮᠡᠷᠭᠡᠵᠢᠯ ᠤᠨ ᠵᠢᠯᠣᠭᠤᠳᠤᠯᠭ᠎ᠠ᠂ ᠬᠢᠵᠢᠭ ᠡᠪᠡᠳᠴᠢᠨ ᠤ ᠰᠡᠷᠭᠡᠶᠢᠯᠡᠯᠲᠡ ᠪᠠ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠨᠢ ᠬᠢᠨᠠᠯᠲᠠ ᠵᠢᠯᠣᠭᠤᠳᠤᠯᠭ᠎ᠠ  ᠪᠠᠨ ᠴᠢᠩᠭᠠᠳᠬᠠᠵᠤ᠂ ᠨᠤᠲᠤᠭ ᠪᠡᠯᠴᠢᠭᠡᠷ ᠤᠨ ᠲᠤᠰᠬᠠᠶ ᠲᠤᠰᠢᠶᠠᠯᠲᠤ ᠬᠠᠮᠠᠭᠠᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠢᠨᠠᠨ ᠬᠠᠮᠢᠶᠠᠷᠤᠯᠲᠠ ᠪᠠᠨ ᠨᠠᠶᠢᠳᠠᠪᠤᠷᠢᠵᠢᠭᠤᠯᠬᠤ ᠬᠡᠷᠡᠭᠲᠡᠶ᠃ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠶᠡᠭᠡ ᠠᠩᠭᠢ᠂ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠲᠣᠪᠴᠢᠶ᠎ᠠ ᠨᠢ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠳᠠᠯᠳᠠᠭᠤᠷ ᠪᠡᠯᠴᠢᠭᠡᠷᠯᠡᠬᠦᠯᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠣᠭᠲᠠᠭᠠᠯ ᠠᠴᠠ ᠵᠣᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠳᠡᠢ᠃              ︵ᠭᠤᠷᠪᠠ︶ ᠰᠡᠯᠭᠦᠨ ᠮᠠᠯᠵᠢᠬᠤ ᠬᠤᠭᠤᠴᠠᠭᠠᠨ ᠳᠤ ᠢᠯᠡᠴᠢᠯᠡᠨ ᠮᠡᠳᠡᠭᠦᠯᠬᠦ ᠲᠦᠷᠢᠮ ᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠥᠪᠡᠷ ᠳᠡᠭᠡᠨ ᠬᠢᠨᠠᠯᠲᠠ ᠲᠠᠯᠪᠢᠬᠤ᠂ ᠨᠡᠶᠢᠭᠡᠮ ᠤᠨ ᠬᠢᠨ ᠬᠢᠨᠠᠯᠲᠠ ᠲᠠᠯᠪᠢᠬᠤ᠂ ᠣᠯᠠᠨ ᠲᠦᠮᠡᠨ ᠬᠢᠨᠠᠯᠲᠠ ᠲᠠᠯᠪᠢᠬᠤ ᠠᠵᠢᠯ ᠤᠨ ᠬᠦᠴᠦᠨ ᠢ ᠪᠣᠶ ᠪᠣᠯᠭᠠᠨ᠎ᠠ᠂ ᠣᠯᠠᠨ ᠢᠶᠠᠷ ᠢᠶᠠᠨ ᠳᠠᠯᠳᠠᠭᠤᠷ ᠪᠡᠯᠴᠢᠭᠡᠷᠯᠡᠬᠦᠯᠬᠦ ᠪᠣᠶᠣ ᠪᠣᠰᠣᠳ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠦᠭᠡᠷᠡᠢ᠃ ᠢᠯᠡᠴᠢᠯᠡᠨ ᠮᠡᠳᠡᠭᠦᠯᠬᠦ ᠤᠲᠠᠰᠤ᠄              ᠱᠠᠩᠳᠤ ᠪᠠᠯᠭᠠᠰᠤ   4227523              ᠰᠠᠩ ᠤᠨ ᠳᠠᠯᠠᠶ ᠪᠠᠯᠭᠠᠰᠤ   4358875              ᠬᠠᠪᠢᠷᠭ᠎ᠠ ᠪᠠᠯᠭᠠᠰᠤ   4488027              ᠪᠤᠱᠤᠤᠳᠠᠶ ᠰᠤᠮᠤ   15247883871              ᠨᠠᠷᠠᠲᠤ ᠰᠤᠮᠤ   18604791300              ᠵᠢᠭᠠᠰᠤᠲᠠᠢ ᠰᠤᠮᠤ   4239982              ᠰᠠᠶᠢᠨᠬᠤᠳᠳᠤᠭ ᠰᠤᠮᠤ   15164970398              ᠲᠠᠪᠦ‍ ᠨᠢᠭᠡ ᠮᠠᠯᠵᠢᠯ ᠤᠨ ᠲᠠᠯᠠᠪᠠᠢ   15147963066              ᠪᠣᠷᠣᠬᠤᠲᠠ ᠵᠢᠱᠢᠶ᠎ᠡ ᠦᠵᠡᠭᠦᠯᠬᠦ ᠲᠣᠭᠤᠷᠢᠭ   4428142                          ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ                                 2022 ᠣᠨ ᠤ 3 ᠰᠠᠷ᠎ᠠ ᠶᠢᠨ 8 ᠤ ᠡᠳᠦᠷ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号