ᠲᠠᠷᠠᠬᠠᠢ ᠪᠤᠲᠠᠷᠬᠠᠢ᠂ ᠳᠤᠷ᠎ᠠ ᠪᠠᠷ ᠣᠷᠣᠰᠢᠭᠤᠯᠤᠭᠰᠠᠨ ᠣᠩᠭᠤᠨ ᠪᠤᠯᠠᠰᠢ ᠶᠢ ᠴᠡᠭᠴᠡᠯᠡᠨ ᠵᠠᠰᠠᠬᠤ ᠠᠵᠢᠯ ᠤᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2022/3/22
         ᠶᠡᠷᠦᠩᠬᠡᠶ ᠱᠦᠵᠢ ᠰᠢ ᠶᠢᠨ ᠫᠢᠩ ᠤᠨ ᠣᠷᠣᠰᠢᠭᠤᠯᠭ᠎ᠠ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠥᠷᠢᠮ ᠠᠴᠠ ᠵᠥᠷᠢᠴᠡᠨ ᠣᠷᠣᠰᠢᠭᠤᠯᠤᠭᠰᠠᠨ ᠣᠩᠭᠤᠨ ᠪᠤᠯᠠᠰᠢ ᠶᠢ ᠲᠤᠰᠬᠠᠶ ᠴᠡᠭᠴᠡᠯᠡᠨ  ᠵᠠᠰᠠᠬᠤ ᠠᠵᠢᠯ ᠤᠨ ᠦᠷ᠎ᠡ ᠪᠦᠳᠦᠮᠵᠢ ᠶᠢ ᠪᠠᠬᠢᠵᠢᠭᠦᠯᠦᠨ᠂ ᠳᠠᠭᠠᠭᠠᠮᠠᠭᠠᠢ ᠬᠠᠮᠢᠶᠠᠷᠤᠯᠲᠠ ᠶᠢ ᠠᠬᠢᠭᠤᠯᠵᠤ᠂ ᠠᠷᠠᠳ ᠣᠯᠠᠨ ᠤ ᠣᠩᠭᠤᠨ ᠪᠤᠯᠠᠰᠢ ᠶᠢᠨ ᠲᠠᠯ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠪᠠ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢ ᠣᠷᠭᠠᠨᠢᠭ ᠢᠶᠠᠷ ᠤᠶᠠᠯᠳᠤᠭᠤᠯᠬᠤ ᠶᠢᠨ ᠲᠤᠯᠠᠳᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠦᠷᠢᠮ︾ ᠵᠢᠴᠢ ᠳᠥᠷᠢᠮ ᠠᠴᠠ ᠵᠥᠷᠢᠴᠡᠨ ᠣᠷᠣᠰᠢᠭᠤᠯᠤᠭᠰᠠᠨ ᠣᠩᠭᠤᠨ ᠪᠤᠯᠠᠰᠢ ᠶᠢ ᠴᠡᠭᠴᠡᠯᠡᠨ ᠵᠠᠰᠠᠬᠤ ᠬᠠᠮᠢᠶ᠎ᠠ ᠪᠥᠬᠦᠶ ᠬᠠᠤᠯᠢ ᠴᠠᠭᠠᠵᠠ ᠶᠢ ᠦᠨᠳᠦᠰᠦᠯᠡᠨ᠂ ︽ᠰᠠᠭᠤᠷᠢ ᠲᠤᠭ᠎ᠠ ᠶᠢ ᠲᠤᠳᠣᠷᠬᠠᠶᠢᠯᠠᠬᠤ᠂ ᠭᠤᠤᠯᠳᠠᠯᠭ᠎ᠠ ᠶᠢ ᠳᠣᠪᠤᠶᠢᠯᠭᠠᠬᠤ᠂ ᠲᠥᠷᠥᠯ ᠬᠤᠪᠢᠶᠠᠨ ᠴᠡᠭᠴᠡᠯᠡᠨ ᠵᠠᠰᠠᠬᠤ︾ ᠠᠵᠢᠯ ᠤᠨ ᠰᠡᠳᠬᠢᠴᠡ ᠪᠠᠷ ᠪᠥᠬᠦ ᠬᠤᠰᠢᠭᠤᠨ ᠤ ᠬᠡᠪᠴᠢᠶᠡᠨ ᠳᠤ ᠨᠤᠳᠤᠭ ᠪᠡᠯᠴᠢᠭᠡᠷ ᠢ ᠡᠵᠡᠯᠡᠨ ᠳᠥᠷᠢᠮ ᠠᠴᠠ ᠵᠥᠷᠢᠴᠡᠨ ᠣᠷᠣᠰᠢᠭᠤᠯᠤᠭᠰᠠᠨ ᠣᠩᠭᠤᠨ ᠪᠤᠯᠠᠰᠢ ᠶᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠮᠡᠳᠡᠭᠳᠡᠶ᠎ᠡ᠄ᠨᠢᠭᠡ᠂ ᠴᠡᠭᠴᠡᠯᠡᠨ ᠵᠠᠰᠠᠬᠤ ᠬᠠᠷᠠᠯᠲᠠ          2022 ᠣᠨ ᠤ 3 ᠰᠠᠷ᠎ᠠ ᠶᠢᠨ 1 ᠤ ᠡᠳᠦᠷ ᠠᠴᠠ 11 ᠰᠠᠷ᠎ᠠ ᠶᠢᠨ 30 ᠤ ᠡᠳᠦᠷ ᠪᠣᠯᠲᠠᠯ᠎ᠠ᠂ ᠪᠥᠬᠦ ᠬᠤᠰᠢᠭᠤᠨ ᠤ ᠬᠡᠪᠴᠢᠶᠡᠨ ᠳᠤ ᠨᠤᠲᠤᠭ ᠪᠡᠯᠴᠢᠭᠡᠷ ᠢ ᠡᠵᠡᠯᠡᠨ ᠳᠥᠷᠢᠮ ᠠᠴᠠ ᠵᠥᠷᠢᠴᠡᠨ ᠣᠷᠣᠰᠢᠭᠤᠯᠤᠭᠰᠠᠨ ᠣᠩᠭᠤᠨ ᠪᠤᠯᠠᠰᠢ ᠶᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ︽ᠬᠠᠭᠤᠴᠢᠨ ᠣᠩᠭᠤᠨ ᠢ ᠢᠯᠡ ᠪᠠᠶᠢᠯᠭᠠᠬᠤ ᠦᠭᠡᠢ᠂ ᠰᠢᠨ᠎ᠡ ᠣᠩᠭᠤᠨ ᠢ ᠨᠡᠮᠡᠬᠦ ᠦᠭᠡᠢ︾ ᠬᠠᠷᠠᠯᠲᠠ ᠶᠢ ᠪᠡᠶᠡᠯᠡᠭᠦᠯᠦᠨ᠎ᠡ᠃ 4 ᠰᠠᠷ᠎ᠠ ᠶᠢᠨ ᠰᠡᠭᠦᠯᠴᠢ ᠠᠴᠠ ᠡᠮᠦᠨ᠎ᠡ ᠳᠥᠷᠢᠮ ᠠᠴᠠ ᠵᠥᠷᠢᠴᠡᠨ ᠣᠷᠣᠰᠢᠭᠤᠯᠤᠭᠰᠠᠨ ᠤᠩᠭᠤᠨ ᠪᠤᠯᠠᠰᠢ ᠶᠢ ᠴᠡᠭᠴᠡᠯᠡᠨ ᠵᠠᠰᠠᠬᠤ ᠠᠵᠢᠯ ᠤᠨ ᠱᠠᠳᠤᠴᠢ ᠴᠢᠨᠠᠷᠲᠠᠢ ᠦᠷ᠎ᠡ ᠪᠦᠲᠦᠮᠵᠢ ᠶᠢ ᠣᠯᠬᠤ ᠬᠡᠷᠡᠭᠳᠡᠢ᠃ᠬᠤᠶᠠᠷ᠂ ᠴᠡᠭᠴᠡᠯᠡᠨ ᠵᠠᠰᠠᠬᠤ ᠭᠤᠣᠯᠳᠠᠯᠭ᠎ᠠ          ︵ᠨᠢᠭᠡ︶ ᠪᠦᠬᠦ ᠬᠤᠰᠢᠭᠤᠨ ᠤ ᠵᠠᠰᠠᠮᠠᠯ ᠵᠠᠮ ︵ᠤᠯᠤᠰ ᠮᠤᠵᠢ ᠶᠢᠨ ᠲᠡᠰ ᠤᠨ ᠭᠤᠤᠯ ᠪᠣᠯᠬᠤ ᠵᠠᠮ᠂ ᠰᠢᠶᠠᠨ ᠰᠢᠶᠠᠩ ᠤᠨ ᠲᠡᠰ ᠤᠨ ᠵᠠᠮ᠂ ᠵᠢᠭᠤᠯᠴᠢᠯᠠᠯ ᠤᠨ ᠵᠠᠰᠠᠮᠠᠯ ᠵᠠᠮ ᠵᠡᠷᠭᠡ︶᠂ ᠲᠡᠮᠦᠷ ᠵᠠᠮ ᠤᠨ ᠬᠠᠵᠠᠭᠤ ᠬᠠᠪᠢ  ᠳᠠᠬᠢ ᠦᠵᠡᠭᠳᠡᠬᠦ ᠬᠡᠪᠴᠢᠶᠡᠨ ᠳᠣᠳᠣᠷᠠᠬᠢ ᠬᠠᠤᠯᠢ ᠠᠴᠠ ᠵᠥᠷᠢᠴᠡᠨ  ᠣᠷᠣᠰᠢᠭᠤᠯᠤᠭᠰᠠᠨ ᠲᠠᠷᠠᠬᠠᠶ ᠪᠤᠲᠠᠷᠬᠠᠶ ᠪᠤᠯᠠᠰᠢ ᠪᠠ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠭᠤᠴᠢᠨ ᠪᠤᠯᠠᠰᠢᠨ ᠤ ᠭᠠᠵᠠᠷ ᠢ ᠴᠡᠭᠴᠡᠯᠡᠨ ᠵᠠᠰᠠᠨ᠎ᠠ᠃          ︵ᠬᠤᠶᠠᠷ︶ ᠳᠥᠷᠢᠮ ᠠᠴᠠ ᠵᠥᠷᠢᠴᠡᠨ ᠪᠤᠰᠬᠠᠭᠰᠠᠨ ︽ᠣᠷᠣᠨ ᠰᠠᠭᠤᠴᠠ ᠶᠢᠨ ᠮᠠᠶ᠋ᠢᠭᠲᠤ︾ ᠣᠩᠭᠤᠨ ᠪᠤᠯᠠᠰᠢ᠂ ᠬᠠᠲᠠᠭᠤᠷᠠᠭᠤᠯᠤᠭᠰᠠᠨ ᠲᠣᠮᠣ ᠣᠩᠭᠤᠨ ᠪᠤᠯᠠᠰᠢ᠂ ᠠᠮᠢᠳᠤ ᠬᠥᠮᠦᠨ ᠳᠤ ᠣᠩᠭᠤᠨ ᠪᠡᠯᠡᠳᠬᠡᠬᠦ ᠵᠡᠷᠭᠡ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠴᠡᠭᠴᠡᠯᠡᠨ᠎ᠡ᠃          ︵ᠭᠤᠷᠪᠠ︶ ᠲᠠᠷᠠᠬᠠᠶ ᠪᠤᠲᠠᠷᠬᠠᠶ ᠣᠩᠭᠤᠨ ᠪᠤᠰᠬᠠᠬᠤ ᠶᠢ ᠴᠠᠭᠠᠵᠠᠯᠠᠬᠤ ᠣᠷᠣᠨ ᠢ ᠲᠣᠭᠲᠠᠭᠠᠵᠤ᠂ ᠣᠷᠤᠰᠢᠭᠤᠯᠭ᠎ᠠ ᠶᠢᠨ ᠥᠭᠡᠷᠡᠴᠢᠯᠡᠯᠲᠡ ᠶᠢᠨ ᠣᠷᠣᠨ ᠳᠤ ᠭᠠᠭᠴᠠ ᠬᠥᠮᠦᠨ ᠤ ᠣᠩᠭᠤᠨ ᠤ ᠡᠵᠡᠯᠡᠬᠦ ᠲᠠᠯᠠᠪᠠᠢ 4 ᠲᠡᠭᠰᠢ ᠳᠥᠷᠪᠡᠯᠵᠢᠨ ᠮᠧᠲᠷ ᠠᠴᠠ ᠬᠡᠲᠦᠷᠡᠬᠦ ᠦᠭᠡᠶ ᠪᠠᠶᠢᠵᠤ᠂ ᠬᠤᠶᠠᠷ ᠬᠥᠮᠦᠨ ᠤ ᠬᠠᠮᠲᠤ ᠶᠢᠨ ᠣᠩᠭᠤᠨ ᠢ 6 ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠬᠦ ᠦᠭᠡᠶ ᠪᠠᠶᠢᠵᠤ᠂ ᠭᠦᠨ  ᠪᠤᠯᠠᠵᠤ ᠪᠤᠯᠠᠰᠢ ᠶᠢ ᠳᠠᠯᠳᠠᠯᠠᠨ᠂ ᠡᠭᠦᠰᠬᠡᠭᠰᠡᠨ ᠪᠤᠯᠠᠰᠢᠨ ᠤ ᠡᠵᠡᠯᠡᠬᠦ ᠲᠠᠯᠠᠪᠠᠶ ᠶᠢ 1 ᠲᠡᠭᠰᠢ ᠳᠥᠷᠪᠡᠯᠵᠢᠨ ᠮᠧᠲᠷ ᠠᠴᠠ  ᠬᠡᠲᠦᠷᠡᠭᠦᠯᠬᠦ ᠦᠭᠡᠶ ᠪᠠᠶᠢᠵᠤ᠂ ᠬᠡᠪᠲᠡᠭᠡ ᠬᠥᠰᠢᠶ᠎ᠡ ᠪᠠ ᠴᠠᠭᠠᠨ ᠥᠩᠭᠡ ᠠᠴᠠ ᠪᠤᠰᠣᠳ ᠥᠩᠭᠡ ᠶᠢᠨ ᠬᠥᠰᠢᠶ᠎ᠡ ᠬᠡᠷᠡᠭᠯᠡᠬᠦ ᠶᠢ ᠰᠠᠨᠠᠭᠠᠴᠢᠯᠠᠵᠤ᠂ ᠳᠠᠭᠠᠭᠠᠮᠠᠭᠠᠢ ᠪᠥᠭᠡᠳ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ᠭᠤᠷᠪᠠ᠂ ᠴᠡᠭᠴᠡᠯᠡᠨ ᠵᠠᠰᠠᠬᠤ ᠬᠤᠭᠤᠴᠠᠭ᠎ᠠ          2022 ᠣᠨ ᠤ 3 ᠰᠠᠷ᠎ᠠ ᠠᠴᠠ 11 ᠰᠠᠷ᠎ᠠ ᠪᠣᠯᠲᠠᠯ᠎ᠠ᠂ ᠪᠥᠬᠦ ᠬᠤᠰᠢᠭᠤᠨ ᠤ ᠵᠠᠰᠠᠮᠠᠯ ᠵᠠᠮ ︵ᠤᠯᠤᠰ ᠮᠤᠵᠢ ᠶᠢᠨ ᠲᠡᠰ ᠤᠨ ᠭᠤᠤᠯ ᠪᠣᠯᠬᠤ ᠵᠠᠮ᠂ ᠰᠢᠶᠠᠨ ᠰᠢᠶᠠᠩ ᠤᠨ ᠲᠡᠰ ᠤᠨ ᠵᠠᠮ᠂ ᠵᠢᠭᠤᠯᠴᠢᠯᠠᠯ ᠤᠨ ᠵᠠᠰᠠᠮᠠᠯ ᠵᠠᠮ ᠵᠡᠷᠭᠡ︶᠂ ᠲᠡᠮᠦᠷ ᠵᠠᠮ ᠤᠨ ᠬᠠᠵᠠᠭᠤ ᠬᠠᠪᠢ ᠳᠠᠬᠢ ᠦᠵᠡᠭᠳᠡᠬᠦ ᠬᠡᠪᠴᠢᠶᠡᠨ ᠳᠣᠳᠣᠷᠠᠬᠢ ᠨᠤᠳᠤᠭ ᠪᠡᠯᠴᠢᠭᠡᠷ ᠢ ᠡᠵᠡᠯᠡᠨ ᠪᠤᠰᠬᠠᠭᠰᠠᠨ ᠲᠠᠷᠠᠬᠠᠶ ᠪᠤᠲᠠᠷᠬᠠᠶ ᠣᠩᠭᠤᠨ᠂ ᠳᠥᠷᠢᠮ ᠠᠴᠠ ᠵᠥᠷᠢᠴᠡᠨ ᠪᠤᠰᠬᠠᠭᠰᠠᠨ ︽ᠣᠷᠣᠨ ᠰᠠᠭᠤᠴᠠ ᠶᠢᠨ ᠮᠠᠶ᠋ᠢᠭᠲᠤ︾ ᠣᠩᠭᠤᠨ᠂ ᠬᠠᠲᠠᠭᠤᠷᠠᠭᠤᠯᠤᠭᠰᠠᠨ ᠲᠣᠮᠣ ᠣᠩᠭᠤᠨ᠂ ᠠᠮᠢᠳᠤ ᠬᠥᠮᠦᠨ ᠳᠤ ᠪᠡᠯᠡᠳᠬᠡᠭᠰᠡᠨ ᠣᠩᠭᠤᠨ ᠵᠡᠷᠭᠡ ᠶᠢ ᠥᠪᠡᠷᠳᠡᠭᠡᠨ ᠨᠤᠷᠠᠭᠠᠬᠤ ᠬᠡᠷᠡᠭᠳᠡᠢ᠃ ᠲᠣᠭᠲᠠᠭᠰᠠᠨ ᠬᠤᠭᠤᠴᠠᠭᠠᠨ ᠳᠤ ᠨᠡᠭᠦᠯᠭᠡᠨ ᠪᠤᠯᠠᠭᠰᠠᠨ ᠦᠭᠡᠢ ᠪᠤᠶᠤ ᠨᠤᠷᠠᠭᠠᠭᠰᠠᠨ ᠥᠬᠡᠶ ᠶᠢ ᠬᠠᠷᠢᠶ᠎ᠠ ᠰᠤᠮᠤ ᠪᠠᠯᠭᠠᠰᠣᠨ ︵ᠲᠠᠯᠠᠪᠠᠶ︶ ᠤ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠠᠴᠠ ᠳᠠᠶᠢᠴᠢᠯᠠᠨ᠂ ᠬᠠᠤᠯᠢ ᠶᠣᠰᠣᠭᠠᠷ ᠨᠢᠭᠡᠳᠦᠯᠲᠡᠶ ᠰᠢᠢᠳᠪᠦᠷᠢᠯᠡᠬᠦ ᠬᠡᠷᠡᠭᠲᠡᠶ᠃ᠳᠥᠷᠪᠡ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ          ︵ᠨᠢᠭᠡ︶ ᠡᠵᠡᠨ ᠲᠠᠢ ᠪᠤᠯᠠᠰᠢ᠃ ᠬᠡᠭᠦᠷ ᠪᠣᠩᠬᠤᠨ ᠤ ᠭᠡᠷ ᠪᠦᠯᠢ ᠶᠢᠨ ᠬᠢᠨ ᠢ ᠱᠠᠭᠠᠷᠳᠠᠵᠤ ᠴᠢᠨᠳᠠᠷ ᠪᠤᠶᠤ ᠬᠡᠭᠦᠷ ᠶᠠᠰᠤ ᠶᠢ ᠣᠶᠢᠷ᠎ᠠ ᠬᠠᠪᠢ ᠶᠢᠨ ᠨᠡᠶᠢᠲᠡ ᠶᠢᠨ ᠣᠩᠭᠤᠨ ᠪᠤᠶᠤ ᠣᠷᠤᠰᠢᠭᠤᠯᠭ᠎ᠠ ᠶᠢᠨ ᠭᠠᠵᠠᠷ ᠲᠤ ᠨᠡᠭᠦᠯᠭᠡᠬᠦ ᠶᠢᠨ ᠬᠠᠮᠲᠤ ᠲᠣᠭᠲᠠᠭᠠᠭᠰᠠᠨ ᠲᠠᠯᠠᠪᠠᠢ ᠶᠣᠰᠣᠭᠠᠷ ᠣᠷᠣᠰᠢᠭᠤᠯᠵᠤ᠂ ᠠᠰᠳᠠᠭᠠᠨ ᠬᠡᠭᠦᠷ ᠣᠩᠭᠤᠨ ᠪᠠᠶᠢᠭᠤᠯᠬᠤ ᠶᠢ ᠴᠢᠩᠭ᠎ᠠ ᠴᠠᠭᠠᠵᠠᠯᠠᠨ᠎ᠠ᠃ ᠵᠠᠷᠯᠠᠯ ᠤᠨ ᠬᠤᠭᠤᠴᠠᠭ᠎ᠠ ᠳᠠᠭᠤᠰᠤᠭᠰᠠᠨ ᠪᠠᠶᠢᠲᠠᠯ᠎ᠠ ᠮᠥᠨ ᠯᠡ ᠨᠡᠭᠦᠯᠭᠡᠭᠰᠡᠨ ᠦᠭᠡᠢ ᠪᠤᠶᠤ ᠨᠤᠷᠠᠭᠠᠭᠰᠠᠨ ᠦᠭᠡᠢ ᠪᠠᠶᠢᠪᠠᠯ᠂ ᠡᠵᠡᠨ ᠦᠭᠡᠢ ᠪᠤᠯᠠᠰᠢ ᠪᠠᠷ ᠦᠵᠡᠨ᠎ᠡ᠃          ︵ᠬᠤᠶᠠᠷ︶ ᠡᠵᠡᠨ ᠦᠭᠡᠢ ᠪᠣᠯᠠᠰᠢ᠃ ᠵᠠᠷᠯᠠᠯ ᠨᠠᠶᠢᠲᠠᠯᠡᠭᠰᠡᠨ ᠤ ᠳᠠᠷᠠᠭ᠎ᠠ ᠨᠤᠲᠠᠯᠠᠭᠰᠠᠨ ᠡᠵᠡᠨ ᠥᠬᠡᠶ ᠣᠩᠭᠤᠨ ᠢ ᠡᠮᠬᠢ ᠵᠢᠷᠤᠮ ᠲᠠᠢ ᠪᠠᠷ ᠴᠡᠭᠴᠡᠯᠡᠵᠦ᠂ ᠲᠠᠩᠰᠠ ᠡᠪᠬᠡᠮᠡᠯ ᠪᠠᠶᠢᠭᠤᠯᠤᠨ᠂ ᠡᠷᠢᠵᠦ ᠪᠣᠯᠬᠤᠶᠢᠴᠠ ᠲᠡᠮᠳᠡᠭ ᠵᠣᠬᠢᠶᠠᠵᠤ᠂ ᠬᠠᠮᠢᠶ᠎ᠠ ᠪᠦᠬᠦᠢ ᠰᠤᠮᠤ ᠪᠠᠯᠭᠠᠰᠤᠨ ︵ᠲᠠᠯᠠᠪᠠᠶ︶ ᠤ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠠᠴᠠ ᠬᠠᠷᠢᠭᠤᠴᠠᠨ ᠬᠠᠤᠯᠢ ᠶᠣᠰᠣᠭᠠᠷ ᠨᠢᠭᠡᠳᠦᠯᠲᠡᠶ ᠵᠠᠰᠠᠵᠤ᠂ ᠦᠯᠡᠳᠡᠭᠳᠡᠯ ᠠᠰᠠᠭᠤᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃          ︵ᠭᠤᠷᠪᠠ︶ ᠲᠥᠪᠯᠡᠷᠡᠨ ᠰᠦᠷᠦᠭᠯᠡᠭᠰᠡᠨ ᠣᠩᠭᠤᠨ᠃ ᠳᠠᠭᠠᠯᠲᠠ ᠵᠦᠢᠯ ᠪᠣᠶᠣ ᠳᠤᠷ᠎ᠠ ᠪᠠᠷ ᠢᠶᠠᠨ ᠭᠠᠵᠠᠷ ᠬᠦᠷᠢᠶᠡᠯᠡᠵᠦ ᠪᠠᠶᠢᠭᠤᠯᠤᠭᠰᠠᠨ ᠬᠡᠷᠡᠮ ᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠣᠩᠭᠤᠨ ᠪᠣᠯᠭᠠᠨ ᠥᠭᠡᠷᠡᠴᠢᠯᠡᠨ ᠪᠠᠶᠢᠭᠤᠯᠵᠤ᠂ ᠮᠣᠳᠣ ᠲᠠᠷᠢᠵᠤ ᠨᠣᠭᠤᠭᠠᠷᠠᠭᠤᠯᠬᠤ᠂ ᠲᠣᠣᠷ ᠬᠦᠷᠢᠶᠡᠯᠡᠵᠦ ᠬᠠᠯᠬᠠᠯᠠᠬᠤ ᠵᠡᠷᠭᠡ ᠠᠷᠭ᠎ᠠ ᠬᠡᠮᠵᠢᠶ᠎ᠡ ᠠᠪᠴᠤ᠂ ᠳᠥᠷᠢᠮᠵᠢᠬᠦᠨ ᠬᠠᠮᠢᠶᠠᠷᠬᠤ ᠶᠢᠨ ᠬᠠᠮᠲᠤ ᠳᠠᠬᠢᠨ ᠳᠥᠷᠢᠮ ᠠᠴᠠ ᠵᠥᠷᠢᠴᠡᠨ ᠰᠢᠨ᠎ᠡ ᠪᠠᠷ ᠣᠩᠭᠤᠨ ᠪᠠᠶᠢᠭᠤᠯᠬᠤ ᠶᠢ ᠲᠠᠰᠤ ᠬᠤᠷᠢᠭᠯᠠᠨ᠎ᠠ᠃ᠲᠠᠪᠤ᠂ ᠬᠠᠮᠢᠶ᠎ᠠ ᠪᠦᠬᠦᠢ ᠵᠦᠢᠯᠡᠰ          ︵ᠨᠢᠭᠡ︶ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠭᠦᠢᠴᠡᠳ ᠪᠣᠰᠤ ᠵᠦᠢᠯᠡᠰ ᠢ ᠬᠠᠮᠢᠶ᠎ᠠ ᠪᠦᠬᠦᠢ ᠬᠠᠤᠯᠢ ᠴᠠᠭᠠᠵᠠ ᠳᠥᠷᠢᠮ ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠤᠨ ᠳᠠᠭᠠᠤ ᠬᠡᠷᠡᠭᠵᠢᠭᠦᠯᠦᠨ᠎ᠡ᠃          ︵ᠬᠤᠶᠠᠷ︶ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠨᠢ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ᠂ ᠤᠬᠠᠭᠤᠯᠬᠤ ᠬᠡᠯᠲᠡᠰ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠠᠵᠢᠯ ᠤᠨ ᠬᠦᠴᠦᠯᠡᠴᠡ ᠪᠠᠨ ᠴᠢᠩᠭᠠᠳᠬᠠᠨ᠂ ᠳᠤᠷ᠎ᠠ ᠪᠠᠷ ᠣᠷᠤᠰᠢᠭᠤᠯᠬᠤ᠂ ᠳᠤᠷ᠎ᠠ ᠪᠠᠷ ᠣᠩᠭᠤᠨ ᠪᠠᠶᠢᠭᠤᠯᠬᠤ ᠵᠡᠷᠭᠡ ᠬᠠᠤᠯᠢ  ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠳᠡᠢ᠃          ︵ᠭᠤᠷᠪᠠ︶ ᠨᠢᠭᠡᠳᠦᠯᠲᠡᠢ ᠴᠡᠭᠴᠡᠯᠡᠨ ᠵᠠᠰᠠᠬᠤ ᠠᠵᠢᠯ ᠤᠨ ᠬᠤᠭᠤᠴᠠᠭᠠᠨ ᠳᠤ ᠣᠩᠭᠤᠨ ᠨᠡᠭᠦᠯᠭᠡᠬᠦ ᠰᠠᠨᠠᠭ᠎ᠠ ᠲᠠᠢ ᠪᠣᠯ᠂ ᠬᠠᠷᠢᠶ᠎ᠠ ᠰᠤᠮᠤ ᠪᠠᠯᠭᠠᠰᠤᠨ ︵ᠲᠠᠯᠠᠪᠠᠶ︶ ᠤ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠯᠤᠭ᠎ᠠ ᠪᠠᠨ ᠴᠡᠭᠴᠡᠯᠡᠨ ᠨᠡᠭᠦᠯᠭᠡᠬᠦ ᠳᠠᠩᠰᠠ ᠲᠡᠮᠳᠡᠭᠯᠡᠯ ᠢ ᠭᠦᠶᠴᠡᠳᠬᠡᠬᠦ ᠶᠢᠨ ᠬᠠᠮᠲᠤ ᠴᠡᠭᠴᠡᠯᠡᠨ ᠨᠡᠭᠦᠯᠭᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠭᠤᠴᠠᠭ᠎ᠠ ᠶᠣᠰᠣᠭᠠᠷ ᠨᠤᠷᠠᠭᠠᠨ ᠴᠡᠭᠴᠡᠯᠡᠭᠰᠡᠨ ᠥᠬᠡᠶ᠂ ᠨᠡᠭᠦᠯᠭᠡᠨ ᠰᠢᠯᠵᠢᠭᠦᠯᠦᠭᠰᠡᠨ ᠥᠬᠡᠶ ᠪᠤᠶᠤ ᠲᠤᠰ ᠠᠵᠢᠯ ᠳᠤ ᠬᠠᠮᠵᠢᠯᠴᠠᠭᠰᠠᠨ ᠥᠬᠡᠶ ᠪᠠᠶᠢᠪᠠᠯ᠂ ᠬᠠᠤᠯᠢ ᠶᠣᠰᠣᠭᠠᠷ ᠠᠯᠪᠠᠳᠠᠯᠭ᠎ᠠ ᠪᠠᠷ ᠨᠤᠷᠠᠭᠠᠨ ᠴᠡᠭᠴᠡᠯᠡᠨ᠎ᠡ᠃           ︵ᠳᠥᠷᠪᠡ︶ ᠥᠷᠭᠡᠨ ᠣᠯᠠᠨ ᠨᠠᠮ ᠤᠨ ᠭᠡᠰᠢᠭᠦᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ᠨᠠᠮ ᠤᠨ ᠭᠡᠰᠢᠭᠦᠨ ᠺᠠᠳ᠋ᠷ ᠤᠨ ᠳᠠᠶᠢᠴᠢᠯᠠᠬᠤ ᠦᠢᠯᠡᠳᠦᠯ ᠢᠶᠠᠨ ᠪᠠᠳᠠᠷᠠᠭᠤᠯᠵᠤ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠰᠠᠨᠠᠯ﹀ ᠢ ᠳᠠᠷᠤᠮᠠᠯᠯᠠᠨ ᠲᠠᠷᠬᠠᠭᠠᠬᠤ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠣᠷᠣᠰᠢᠭᠤᠯᠭ᠎ᠠ ᠶᠢᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠬᠠᠤᠯᠢ ᠠᠴᠠ ᠵᠥᠷᠢᠴᠡᠭᠰᠡᠨ ᠣᠩᠭᠤᠨ ᠪᠤᠯᠠᠰᠢ ᠶᠢ ᠨᠡᠭᠦᠯᠭᠡᠨ ᠴᠡᠭᠴᠡᠯᠡᠬᠦ ᠪᠠ ᠪᠣᠬᠢᠷᠲᠤᠯ ᠦᠭᠡᠶ ᠣᠷᠣᠰᠢᠭᠤᠯᠭ᠎ᠠ ᠶᠢ ᠤᠬᠠᠭᠤᠯᠬᠤ ᠠᠵᠢᠯ ᠢ ᠳᠠᠶᠢᠴᠢᠯᠠᠨ ᠭᠦᠢᠴᠡᠳᠭᠡᠬᠦ ᠬᠡᠷᠡᠭᠲᠡᠶ᠃          ︵ᠲᠠᠪᠤ︶ ᠠᠵᠢᠯᠳᠠᠨ ᠤᠯᠠᠨ ᠲᠦᠮᠡᠨ ᠤ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢ ᠰᠠᠭᠠᠳ ᠦᠭᠡᠢ ᠨᠡᠪᠲᠡᠷᠡᠭᠦᠯᠵᠦ᠂ ᠢᠯᠡᠴᠢᠯᠡᠨ ᠮᠡᠳᠡᠭᠦᠯᠦᠯᠲᠡ ᠶᠢ ᠵᠣᠷᠢᠭᠵᠢᠭᠤᠯᠤᠨ᠎ᠠ᠃          ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0479 - 4222236      ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠠ ᠬᠡᠷ                  2022 ᠣᠨ ᠤ 3 ᠰᠠᠷ᠎ᠠ ᠶᠢᠨ 21 ᠤ ᠡᠳᠦᠷ  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号