| | 2022 ᠣᠨ ᠤ 3 ᠰᠠᠷ᠎ᠠ ᠶᠢᠨ 28 ᠤ ᠡᠳᠦᠷ᠂ ᠲᠦᠩᠯᠢᠶᠣᠤ ᠬᠤᠲᠠ ᠶᠢᠨ ᠬᠤᠷᠴᠢᠨ ᠵᠡᠭᠦᠨ | ᠭᠠᠷᠤᠨ ᠳᠤᠮᠳᠠᠳᠤ ᠬᠤᠰᠢᠭᠤᠨ ᠳᠤ ᠨᠢᠭᠡ ᠬᠦᠮᠦᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠨᠢ ᠠᠷᠭ᠎ᠠ | ᠴᠢᠨᠠᠷ ᠢᠯᠡᠷᠡᠵᠡᠢ᠃ 2022 ᠣᠨ ᠤ 3 ᠰᠠᠷ᠎ᠠ ᠶᠢᠨ 29 ᠤ ᠡᠳᠦᠷ᠂ ᠪᠠᠭᠠᠷᠢᠨ ᠵᠡᠭᠦᠨ ᠬᠤᠰᠢᠭᠤᠨ ᠳᠤ ᠰᠢᠨ᠎ᠡ | ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠩᠬᠠᠨ ᠤ ᠰᠢᠭᠰᠢᠨ ᠪᠠᠶᠢᠴᠠᠭᠠᠯᠲᠠ ᠳᠤ | ᠪᠠᠰᠠ ᠨᠢᠭᠡ ᠬᠦᠮᠦᠨ ᠠᠷᠭ᠎ᠠ ᠴᠢᠨᠠᠷ ᠢᠯᠡᠷᠡᠪᠡ᠃ ᠲᠤᠰ ᠬᠦᠮᠦᠨ ᠨᠢ ᠰᠢᠶᠠᠩᠭᠠᠩ ᠠᠴᠠ ᠪᠤᠴᠠᠵᠤ ᠢᠷᠡᠭᠰᠡᠨ | ᠬᠠᠮᠢᠶᠠᠷᠤᠯᠳᠠ ᠳᠤ ᠪᠠᠶᠢᠭ᠎ᠠ ᠬᠦᠮᠦᠨ ᠪᠣᠯᠤᠨ᠎ᠠ᠃ ᠣᠳᠣᠬᠠᠨ ᠳᠤ᠂ ᠬᠢᠵᠢᠭ ᠤᠯᠠᠨ ᠭᠠᠵᠠᠷ ᠡᠭᠦᠰᠴᠦ᠂ ᠬᠡᠪᠴᠢᠶ᠎ᠡ | ᠥᠷᠭᠡᠨ᠂ ᠪᠠᠶᠢᠩᠭᠤ ᠡᠭᠦᠰᠬᠦ ᠵᠡᠷᠭᠡ ᠣᠨᠴᠠᠯᠢᠭ ᠢᠯᠡᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ | ᠠᠵᠢᠯ ᠬᠦᠨᠳᠦ ᠨᠤᠴᠢᠳᠠᠢ ᠮᠦᠷᠲᠡᠭᠡᠨ ᠨᠠᠷᠢᠨ ᠪᠤᠳᠤᠯᠢᠶᠠᠨᠲᠠᠶ ᠪᠠᠶᠢᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ | ᠠᠶᠢᠮᠠᠭ᠂ ᠬᠤᠰᠢᠭᠤᠨ ᠤ ᠰᠢᠢᠳᠪᠦᠷᠢᠳᠦ ᠪᠣᠳᠣᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠬᠢᠵᠢᠭ ᠢ ᠰᠡᠷᠭᠡᠶᠢᠯᠡᠨ ᠬᠤᠷᠢᠭᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢᠨ | ᠲᠥᠯᠥᠭᠡ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠮᠡᠳᠡᠭᠳᠡᠶ᠎ᠡ᠄ | ᠨᠢᠭᠡ᠂ ᠬᠤᠰᠢᠭᠤᠨ ᠳᠤ ᠢᠷᠡᠬᠦ ︵ᠪᠤᠴᠠᠬᠤ︶ ᠬᠥᠮᠦᠰ ᠤᠨ ᠬᠠᠮᠢᠶᠠᠷᠤᠯᠳᠠ ᠶᠢ ᠴᠢᠩᠭᠠᠳᠬᠠᠬᠤ | ᠬᠡᠷᠡᠭᠳᠡᠢ | ︵ᠨᠢᠭᠡ︶ ᠬᠤᠰᠢᠭᠤᠨ ᠳᠤ ᠢᠷᠡᠬᠦ ︵ᠪᠤᠴᠠᠬᠤ︶ ᠪᠦᠬᠦᠶᠢᠯᠡ ᠬᠥᠮᠦᠰ ᠡᠷᠬᠡᠪᠰᠢ ᠪᠥᠷᠢᠳᠬᠡᠨ ᠳᠠᠩᠰᠠᠯᠠᠭᠤᠯᠵᠤ᠂ | 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷ ᠤᠨ ᠭᠡᠷᠡᠴᠢ ᠪᠠᠨ ᠠᠪᠴᠤ | ᠬᠤᠰᠢᠭᠤᠨ ᠳᠠᠭᠠᠨ ᠢᠷᠡᠭᠰᠡᠨ ᠤ ᠳᠠᠷᠠᠭ᠎ᠠ 12 ᠴᠠᠭ ᠤᠨ ᠳᠣᠳᠣᠷ᠎ᠠ ᠪᠠᠶᠢᠭ᠎ᠠ ᠰᠤᠮᠤ ᠪᠠᠯᠭᠠᠰᠤ᠂ ᠭᠠᠴᠠᠭ᠎ᠠ ︵ | ᠨᠡᠶᠢᠭᠡᠮ ᠲᠣᠭᠤᠷᠢᠭ︶᠂ ᠪᠠᠶᠢᠭᠤᠯᠭ᠎ᠠ ᠨᠢᠭᠡᠴᠡ᠂ ᠪᠠᠭᠤᠳᠠᠯ ᠳᠠᠭᠠᠨ ᠳᠠᠩᠰᠠᠯᠠᠭᠤᠯᠬᠤ ᠬᠡᠷᠡᠭᠳᠡᠢ᠃ | ︵ᠬᠤᠶᠠᠷ︶ ᠬᠢᠯᠢ ᠪᠠᠷ ᠣᠷᠣᠭᠰᠠᠨ ᠬᠥᠮᠦᠰ ᠤᠨ 14 ᠡᠳᠦᠷ ᠤᠨ ᠲᠥᠪᠯᠡᠷᠡᠭᠦᠯᠦᠨ ᠲᠤᠰᠠᠭᠠᠷᠯᠠᠯᠲᠠ | ᠳᠠᠭᠤᠰᠤᠭᠰᠠᠨ ᠤ ᠳᠠᠷᠠᠭ᠎ᠠ 7 ᠡᠳᠦᠷ ᠬᠡᠷ ᠲᠡᠭᠡᠨ ᠲᠤᠰᠠᠭᠠᠷᠯᠠᠵᠤ᠂ 2 ᠤᠳᠠᠭᠠᠨ ᠤ ᠪᠥᠭᠡᠮ ᠬᠦᠴᠢᠯ ᠤᠨ | ᠪᠠᠶᠢᠴᠠᠭᠠᠯᠲᠠ ᠬᠢᠨ᠎ᠠ ︵2᠂ 7 ᠡᠳᠦᠷ ᠲᠤ ᠬᠢᠨ᠎ᠡ︶᠃ ᠭᠡᠷ ᠲᠡᠭᠡᠨ ᠲᠤᠰᠠᠭᠠᠷᠯᠠᠬᠤ ᠨᠥᠬᠦᠴᠡᠯ ᠦᠭᠡᠶ ᠪᠣᠯ | ᠲᠥᠪᠯᠡᠷᠡᠭᠦᠯᠦᠨ ᠲᠤᠰᠠᠭᠠᠷᠯᠠᠨ᠎ᠠ᠃ | ︵ᠭᠤᠷᠪᠠ︶ ᠤᠯᠤᠰ ᠤᠨ ᠳᠣᠲᠣᠭᠠᠳᠤ ᠶᠢᠨ ᠦᠨᠳᠦᠷ ᠲᠡᠰ ᠤᠨ ᠲᠦᠭᠰᠢᠭᠦᠷᠢ ᠲᠠᠢ ᠭᠠᠵᠠᠷ ᠣᠷᠣᠨ ᠵᠢᠴᠢ | ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠢᠷᠡᠭᠰᠡᠨ ︵ᠪᠤᠴᠠᠵᠤ ᠢᠷᠡᠭᠰᠡᠨ︶ ᠬᠥᠮᠦᠰ ᠢ ᠴᠥᠮ 14 | ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠶᠢᠨ ᠬᠠᠮᠳᠤ 6 ᠤᠳᠠᠭ᠎ᠠ ᠰᠢᠨ᠎ᠡ | ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠨ᠎ᠠ ︵1᠂ 3᠂ 5᠂ 7᠂ 10᠂ 14 | ᠡᠳᠦᠷ ᠲᠤ ᠬᠢᠨ᠎ᠡ︶᠃ | ︵ᠳᠥᠷᠪᠡ︶ ᠤᠯᠤᠰ ᠤᠨ ᠳᠣᠲᠣᠭᠠᠳᠤ ᠶᠢᠨ ᠳᠤᠮᠳᠠ ᠲᠡᠰ ᠤᠨ ᠲᠦᠭᠰᠢᠭᠦᠷᠢᠲᠡᠶ ᠭᠠᠵᠠᠷ ᠣᠷᠣᠨ ᠵᠢᠴᠢ ᠬᠤᠰᠢᠭᠤ | ᠰᠢᠶᠠᠨ ︵ᠬᠤᠲᠠ᠂ ᠲᠣᠭᠤᠷᠢᠭ︶ ᠠᠴᠠ ᠢᠷᠡᠭᠰᠡᠨ ︵ᠪᠤᠴᠠᠵᠤ ᠢᠷᠡᠭᠰᠡᠨ︶ ᠬᠥᠮᠦᠰ ᠢ ᠴᠥᠮ 14 ᠡᠳᠦᠷ ᠬᠡᠷ | ᠲᠤᠨᠢ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠶᠢᠨ ᠬᠠᠮᠳᠤ 6 ᠤᠳᠠᠭ᠎ᠠ ᠰᠢᠨ᠎ᠡ ᠲᠢᠲᠢᠮᠯᠢᠭ | ᠸᠢᠷᠦ᠋ᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ ︵1᠂ 3᠂ 5᠂ 7᠂ 10᠂ 14 ᠡᠳᠦᠷ ᠲᠤ | ᠬᠢᠨ᠎ᠡ︶᠂ ᠬᠡᠷ ᠲᠡᠭᠡᠨ ᠲᠤᠰᠠᠭᠠᠷᠯᠠᠬᠤ ᠨᠥᠬᠦᠴᠡᠯ ᠥᠬᠡᠶ ᠪᠣᠯ ᠲᠥᠪᠯᠡᠷᠡᠭᠦᠯᠦᠨ ᠲᠤᠰᠠᠭᠠᠷᠯᠠᠨ᠎ᠠ᠃ | ︵ᠲᠠᠪᠤ︶ ᠬᠢᠵᠢᠭ ᠡᠭᠦᠰᠦᠭᠰᠡᠨ ᠭᠠᠵᠠᠷ ︵ᠠᠶᠠᠯᠠᠯ ᠤᠨ ᠺᠣᠳ᠋ ᠳᠡᠭᠡᠷ᠎ᠡ ᠨᠢ * ᠳᠡᠮᠳᠡᠭ ᠲᠠᠢ ᠬᠦᠮᠦᠰ ᠪᠠᠭᠲᠠᠨ᠎ᠠ︶ | ᠠᠴᠠ ᠢᠷᠡᠭᠰᠡᠨ ᠪᠤᠰᠤᠳ ᠬᠥᠮᠦᠰ ᠨᠢ 48 ᠴᠠᠭ ᠤᠨ ᠳᠣᠳᠣᠷᠠᠬᠢ ᠪᠥᠭᠡᠮ ᠬᠦᠴᠢᠯ ᠤᠨ ᠪᠢᠯᠢᠭ ᠴᠢᠨᠠᠷ ᠤᠨ | ᠭᠡᠷᠡᠴᠢ ᠪᠠᠨ ᠬᠠᠩᠭᠠᠬᠤ ᠶᠢᠨ ᠰᠠᠭᠤᠷᠢᠨ ᠳᠡᠭᠡᠷ᠎ᠡ᠂ ︽ᠨᠢᠭᠡ ᠲᠠᠯᠠᠪᠤᠷ ᠬᠤᠶᠠᠷ ᠥᠷᠲᠡᠭᠡ︾ ᠪᠠ ᠵᠠᠮ ᠳᠠᠭᠠᠤ ᠶᠢᠨ | ᠪᠠᠶᠢᠴᠠᠭᠠᠯᠳᠠ ᠶᠢᠨ ᠭᠠᠵᠠᠷ ᠲᠤ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠳᠠ ᠬᠢᠵᠦ᠂ ᠥᠪᠡᠷ ᠤᠨ | ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ ᠶᠢᠨ ᠳᠠᠭᠠᠤ ᠬᠠᠷᠢᠶ᠎ᠠ ᠭᠠᠵᠠᠷ ᠤᠨ ᠵᠢᠯᠣᠭᠤᠳᠬᠤ ᠬᠡᠯᠲᠡᠰ ᠲᠤ ᠡᠳᠡᠭᠡᠷ | ᠬᠦᠮᠦᠰ ᠤᠨ ᠨᠠᠷᠢᠨ ᠪᠠᠶᠢᠳᠠᠯ ᠢ ᠮᠡᠳᠡᠭᠦᠯᠦᠨ ᠳᠠᠩᠰᠠᠯᠠᠭᠤᠯᠵᠤ᠂ ᠲᠦᠭᠰᠢᠭᠦᠷᠢ ᠶᠢᠨ ᠬᠡᠮᠵᠢᠶ᠎ᠡ ᠶᠢ ᠦᠨᠳᠦᠰᠦᠯᠡᠨ᠂ | ᠵᠤᠬᠢᠴᠠᠭᠰᠠᠨ ᠬᠠᠮᠢᠶᠠᠷᠤᠯᠳᠠ ᠶᠢᠨ ᠠᠷᠭ᠎ᠠ ᠬᠡᠮᠵᠢᠶ᠎ᠡ ᠠᠪᠤᠨ᠎ᠠ᠃ | ᠬᠤᠶᠠᠷ᠂ ᠬᠤᠪᠢ ᠪᠡᠶ᠎ᠡ ᠶᠢᠨ ᠡᠷᠡᠭᠦᠯ ᠮᠡᠨᠳᠦ ᠶᠢᠨ ᠬᠠᠮᠢᠶᠠᠷᠤᠯᠳᠠ ᠪᠠᠨ ᠰᠠᠶᠢᠳᠤᠷ ᠬᠢᠬᠦ ᠬᠡᠷᠡᠭᠳᠡᠢ | ︵ᠨᠢᠭᠡ︶ ᠥᠷᠭᠡᠨ ᠣᠯᠠᠨ ᠰᠠᠭᠤᠭᠠᠯᠢ ᠠᠷᠠᠳ ᠱᠠᠭᠠᠷᠳᠠᠯᠭ᠎ᠠ ᠦᠭᠡᠢ ᠪᠣᠯ ᠬᠢᠯᠢ ᠶᠢᠨ ᠭᠠᠳᠠᠨᠠᠬᠢ ᠪᠠ ᠤᠯᠤᠰ ᠤᠨ | ᠳᠣᠲᠣᠭᠠᠳᠤ ᠶᠢᠨ ᠳᠤᠮᠳᠠ ᠥᠨᠳᠥᠷ ᠲᠡᠰ ᠤᠨ ᠲᠦᠭᠰᠢᠭᠦᠷᠢᠲᠡᠶ ᠭᠠᠵᠠᠷ ᠣᠷᠣᠨ ᠤ ᠡᠳ᠋ ᠪᠣᠳᠠᠰ ᠢ ᠴᠠᠬᠢᠮ | ᠰᠦᠯᠵᠢᠶ᠎ᠡ ᠪᠠᠷ ᠬᠤᠳᠠᠯᠳᠤᠨ ᠠᠪᠬᠤ ᠥᠬᠡᠶ ᠪᠠᠶᠢᠵᠤ᠂ ᠳᠤᠮᠳᠠ ᠥᠨᠳᠥᠷ ᠲᠡᠰ ᠤᠨ ᠲᠦᠭᠰᠢᠭᠦᠷᠢᠲᠡᠶ ᠭᠠᠵᠠᠷ | ᠣᠷᠣᠨ ᠳᠤ ᠣᠴᠢᠬᠤ ᠥᠬᠡᠶ ᠪᠠᠶᠢᠭᠠᠷᠠᠢ᠃ ᠬᠡᠷᠪᠡ ᠭᠠᠳᠠᠭᠰᠢ ᠭᠠᠷᠬᠤ ᠴᠢᠬᠤᠯᠠ ᠲᠠᠢ ᠪᠣᠯ ᠬᠤᠪᠢ ᠪᠡᠶ᠎ᠡ ᠶᠢᠨ | ᠡᠷᠡᠭᠦᠯ ᠮᠡᠨᠳᠦ ᠶᠢᠨ ᠰᠡᠷᠭᠡᠶᠢᠯᠡᠨ ᠬᠠᠮᠠᠭᠠᠯᠠᠯᠲᠠ ᠪᠠᠨ ᠰᠠᠶᠢᠲᠤᠷ ᠬᠢᠵᠦ᠂ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠲᠤ | ᠣᠴᠢᠬᠤ ᠠᠴᠠ ᠵᠠᠶᠢᠯᠠᠰᠬᠢᠵᠦ᠂ ᠬᠤᠰᠢᠭᠤᠨ ᠳᠠᠭᠠᠨ ᠪᠤᠴᠠᠬᠤ ᠠᠴᠠ ᠡᠮᠦᠨ᠎ᠡ ᠰᠤᠮᠤ ᠪᠠᠯᠭᠠᠰᠤ᠂ ᠭᠠᠴᠠᠭᠠᠨ ︵ | ᠨᠡᠶᠢᠭᠡᠮ ᠲᠣᠭᠤᠷᠢᠭ︶ ᠳᠠᠭᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ | ︵ᠬᠤᠶᠠᠷ︶ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠣᠯᠠᠭᠤᠯᠠ ᠴᠤᠭᠯᠠᠷᠠᠬᠤ ᠥᠬᠡᠶ ᠵᠡᠷᠭᠡ | ᠠᠮᠢᠳᠤᠷᠠᠯ ᠤᠨ ᠳᠠᠳᠬᠠᠯ ᠢ ᠪᠠᠷᠢᠮᠲᠠᠯᠠᠵᠤ᠂ ᠬᠤᠪᠢ ᠬᠥᠮᠦᠨ ᠵᠢᠴᠢ ᠬᠡᠷ ᠤᠨ ᠬᠥᠮᠦᠰ ᠤᠨ ᠢᠶᠠᠨ ᠪᠡᠶ᠎ᠡ ᠶᠢᠨ ᠡᠷᠡᠭᠦᠯ | ᠮᠡᠨᠳᠦ ᠶᠢᠨ ᠪᠠᠶᠢᠳᠠᠯ ᠢ ᠴᠠᠭ ᠲᠤᠬᠠᠶ ᠳᠤᠨᠢ ᠠᠩᠬᠠᠷᠴᠤ᠂ ᠬᠠᠯᠠᠭᠤᠷᠠᠬᠤ᠂ ᠬᠠᠨᠢᠶᠠᠬᠤ᠂ ᠲᠠᠮᠢᠷᠳᠠᠬᠤ ᠵᠡᠷᠭᠡ | ᠡᠪᠡᠳᠴᠢᠨ ᠤ ᠢᠯᠡᠷᠡᠯ ᠭᠠᠷᠪᠠᠯ᠂ ᠬᠤᠪᠢ ᠬᠥᠮᠦᠨ ᠤ ᠰᠡᠷᠭᠡᠶᠢᠯᠡᠯᠲᠡ ᠪᠠᠨ ᠰᠠᠶᠢᠲᠤᠷ ᠬᠢᠭᠰᠡᠨ ᠤᠷᠢᠲᠠᠯ ᠳᠤᠤᠷ᠎ᠠ᠂ | ᠳᠠᠷᠤᠶ ᠲᠦᠷᠭᠡᠨ ᠣᠶᠢᠷ᠎ᠠ ᠬᠠᠪᠢ ᠶᠢᠨ ᠬᠠᠯᠠᠭᠤᠷᠠᠭᠰᠠᠨ ᠡᠪᠡᠳᠴᠢᠲᠡᠨ ᠢ ᠡᠮᠨᠡᠬᠦ ᠡᠭᠦᠳᠡᠨ ᠡᠮᠨᠡᠯᠭᠡ ᠳᠤ ᠬᠦᠷᠴᠦ | ᠡᠮᠨᠡᠭᠦᠯᠵᠦ᠂ ᠡᠪᠡᠳᠴᠢᠨ ᠦᠵᠡᠭᠦᠯᠬᠦ ᠵᠠᠮ ᠳᠠᠭᠠᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠦᠭᠦᠭᠡᠷᠦᠮᠵᠢ ᠳᠤ | ᠰᠠᠭᠤᠵᠤ ᠪᠣᠯᠬᠤ ᠥᠬᠡᠶ᠃ | ︵ᠭᠤᠷᠪᠠ︶ ᠲᠠᠬᠤᠯ ᠡᠪᠡᠳᠴᠢᠨ ᠤ ᠪᠠᠶᠢᠴᠠᠭᠠᠯᠲᠠ ᠳᠤ ᠬᠤᠪᠢ ᠬᠥᠮᠦᠨ ᠤ ᠠᠶᠠᠯᠠᠨ ᠵᠢᠭᠤᠯᠴᠢᠯᠠᠭᠰᠠᠨ ᠵᠠᠮ ᠮᠥᠷ᠂ | ᠠᠵᠢᠯᠯᠠᠭᠠᠨ ᠤ ᠵᠠᠮ ᠱᠣᠭᠤᠮ ᠪᠠ ᠣᠶᠢᠷᠠᠲᠤᠭᠰᠠᠨ ᠬᠥᠮᠦᠰ ᠢ ᠦᠨᠡᠨ ᠮᠥᠨ ᠢᠶᠠᠷ ᠨᠢ ᠬᠡᠯᠡᠵᠦ ᠥᠭᠬᠦ ᠬᠡᠷᠡᠭᠲᠡᠶ᠃ | ᠠᠶᠠᠯᠠᠯ ᠢᠶᠠᠨ ᠵᠣᠷᠢᠭᠤᠳᠠ ᠨᠢᠭᠤᠨ ᠳᠠᠯᠳᠠᠯᠠᠵᠤ᠂ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠳᠤ | ᠬᠠᠮᠵᠢᠯᠴᠠᠬᠤ ᠥᠬᠡᠶ᠂ ᠬᠢᠵᠢᠭ ᠢ ᠰᠡᠷᠭᠡᠶᠢᠯᠡᠬᠦ ᠲᠣᠭᠲᠠᠭᠠᠯ ᠢ ᠬᠡᠷᠡᠭᠵᠢᠭᠦᠯᠬᠦ ᠥᠬᠡᠶ᠂ ᠪᠥᠭᠡᠮ ᠬᠦᠴᠢᠯ ᠤᠨ | ᠪᠠᠶᠢᠴᠠᠭᠠᠨ ᠬᠡᠮᠵᠢᠯᠲᠡ ᠶᠢᠨ ᠭᠡᠷᠡᠴᠢ ᠶᠢ ᠬᠠᠭᠤᠷᠮᠠᠭᠯᠠᠨ ᠵᠣᠬᠢᠶᠠᠵᠤ᠂ ᠬᠤᠳᠠᠯ ᠬᠠᠭᠤᠷᠮᠠᠭ ᠮᠡᠳᠡᠭᠡ ᠵᠠᠩᠭᠢ | ᠲᠠᠷᠬᠠᠭᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠨ᠎ᠡ᠃ | ᠭᠤᠷᠪᠠ᠂ ᠣᠯᠠᠨ ᠨᠡᠶᠢᠲᠡ ᠶᠢᠨ ᠲᠠᠯᠠᠪᠤᠷ᠂ ᠭᠤᠤᠯᠳᠠᠯᠭ᠎ᠠ ᠲᠠᠢ ᠪᠠᠶᠢᠭᠤᠯᠤᠮᠵᠢ ᠪᠠ ᠭᠤᠤᠯᠳᠠᠯᠭ᠎ᠠ ᠲᠠᠢ | ᠬᠥᠮᠦᠰ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠳᠡᠢ | ︵ᠨᠢᠭᠡ︶ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠤ ᠦᠢᠯᠡᠰ ᠤᠨ ᠨᠢᠭᠡᠴᠡ᠂ ᠲᠣᠮᠣ ᠬᠡᠯᠪᠡᠷᠢ ᠶᠢᠨ | ᠴᠢᠯᠦᠭᠡᠲᠦ ᠳᠡᠯᠭᠡᠭᠦᠷ᠂ ᠵᠣᠴᠢᠳ ᠤᠨ ᠪᠠᠭᠤᠳᠠᠯ᠂ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠵᠡᠷᠭᠡ | ᠣᠯᠠᠨ ᠨᠡᠶᠢᠲᠡ ᠶᠢᠨ ᠲᠠᠯᠠᠪᠤᠷ ᠨᠢ ᠪᠠᠶᠢᠩᠭᠤᠵᠢᠭᠰᠠᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠤᠨ᠂ ᠣᠷᠤᠬᠤ ᠬᠥᠮᠦᠰ ᠤᠨ ᠡᠷᠡᠭᠦᠯ ᠮᠡᠨᠳᠦ ᠶᠢᠨ ᠺᠣᠳ᠋ ᠢ ᠰᠢᠯᠭᠠᠬᠤ ᠶᠢᠨ ᠬᠠᠮᠲᠤ ︽ᠲᠠᠯᠠᠪᠤᠷ | ᠭᠠᠵᠠᠷ ᠤᠨ ᠺᠣᠳ᠋︾ ᠢ ᠰᠢᠷᠪᠢᠭᠦᠯᠵᠦ᠂ ᠠᠮᠠᠪᠴᠢ ᠵᠡᠭᠦᠬᠦ᠂ ᠪᠡᠶ᠎ᠡ ᠶᠢᠨ ᠬᠠᠯᠠᠭᠤᠨ ᠢ ᠬᠡᠮᠵᠢᠬᠦ᠂ ᠨᠢᠭᠡ ᠮᠧᠲᠷ ᠤᠨ | ᠵᠠᠢ ᠶᠢ ᠪᠠᠲᠤᠯᠠᠬᠤ ᠵᠢᠴᠢ ᠲᠠᠯᠠᠪᠤᠷ ᠭᠠᠵᠠᠷ ᠢ ᠠᠷᠢᠭᠤᠳᠬᠠᠬᠤ ᠵᠡᠷᠭᠡ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ | ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ | ︵ᠬᠤᠶᠠᠷ︶ ᠺᠢᠨᠣ᠋ ᠵᠦᠴᠦᠭᠡ ᠶᠢᠨ ᠲᠢᠶᠠᠲᠷ᠂ ᠪᠡᠶ᠎ᠡ ᠴᠢᠭᠢᠷᠠᠭᠵᠢᠭᠤᠯᠬᠤ ᠭᠠᠵᠠᠷ᠂ ᠮᠠᠵᠢᠶᠠᠩ ᠤᠨ ᠭᠠᠵᠠᠷ᠂ ᠰᠢᠲᠠᠷ᠎ᠠ | ᠬᠥᠵᠥᠷ ᠤᠨ ᠭᠠᠵᠠᠷ᠂ ᠰᠦᠯᠵᠢᠶᠡᠨ ᠤ ᠪᠠᠭᠠᠷ᠂ KTV ᠵᠡᠷᠭᠡ ᠨᠢᠭᠲᠠ ᠪᠢᠲᠡᠭᠦᠮᠵᠢᠯᠡᠭᠰᠡᠨ ᠲᠠᠯᠠᠪᠤᠷ ᠤᠨ ᠬᠦᠮᠦᠨ ᠤ | ᠪᠠᠭᠲᠠᠭᠠᠮᠵᠢ ᠶᠢ 75 % ᠠᠴᠠ ᠬᠡᠲᠦᠷᠡᠭᠦᠯᠵᠦ ᠪᠣᠯᠬᠤ ᠥᠬᠡᠶ᠂ ︽ᠲᠤᠭ᠎ᠠ ᠶᠢ ᠬᠢᠵᠠᠭᠠᠷᠯᠠᠬᠤ᠂ ᠤᠷᠢᠳᠴᠢᠯᠠᠨ | ᠪᠣᠯᠵᠣᠬᠤ᠂ ᠴᠠᠭ ᠢ ᠵᠥᠷᠢᠭᠦᠯᠬᠦ᠂ ᠺᠣᠳ᠋ ᠰᠢᠯᠭᠠᠬᠤ᠂ ᠳᠤᠯᠠᠭᠠᠨ ᠢ ᠬᠡᠮᠵᠢᠬᠦ︾ ᠵᠡᠷᠭᠡ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠶ᠃ | ︵ᠭᠤᠷᠪᠠ︶ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠵᠢᠴᠢ ᠰᠤᠷᠭᠠᠭᠤᠯᠢ ᠶᠢᠨ ᠭᠠᠳᠠᠨᠠᠬᠢ | ᠳᠠᠪᠲᠠᠯᠭ᠎ᠠ ᠶᠢᠨ ᠪᠠᠶᠢᠭᠤᠯᠤᠮᠵᠢ ᠨᠢ ᠬᠢᠵᠢᠭ ᠤᠨ ᠰᠡᠷᠭᠡᠶᠢᠯᠡᠯᠲᠡ ᠶᠢ ᠴᠢᠩᠭᠠᠳᠬᠠᠵᠤ᠂ ᠣᠷᠣᠭᠤᠯᠵᠤ ᠭᠠᠷᠭᠠᠬᠤ | ᠬᠠᠮᠢᠶᠠᠷᠤᠯᠲᠠ᠂ ᠪᠥᠭᠡᠮ ᠬᠦᠴᠢᠯ ᠤᠨ ᠪᠠᠶᠢᠴᠠᠭᠠᠯᠲᠠ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ᠂ ᠠᠷᠢᠭᠤᠳᠬᠠᠬᠤ᠂ | ᠠᠭᠠᠷ ᠨᠡᠪᠲᠡᠷᠡᠭᠦᠯᠬᠦ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ | ︵ᠳᠥᠷᠪᠡ︶ ᠬᠢᠵᠢᠭ ᠠᠴᠠ ᠣᠶᠢᠷᠠᠬᠠᠨ ᠡᠯ᠎ᠡ ᠲᠦᠷᠦᠯ ᠤᠨ ᠠᠵᠢᠯ ᠮᠡᠷᠭᠡᠵᠢᠯ ᠤᠨ ᠬᠥᠮᠦᠰ ᠢ ᠠᠯᠢ ᠴᠢᠳᠠᠬᠤ ᠪᠠᠷ | ᠪᠦᠬᠦᠨ ᠢ ᠪᠠᠶᠢᠴᠠᠭᠠᠨ᠂ ᠣᠯᠠᠨ ᠴᠡᠭ ᠲᠤ ᠬᠦᠷᠴᠦ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠤᠨ ᠱᠠᠭᠠᠷᠳᠠᠯᠭ᠎ᠠ ᠶᠢ | ᠴᠢᠩᠭᠠᠳᠬᠠᠨ᠂ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠬᠢᠷᠠᠭᠤᠯᠵᠤ᠂ | ᠲᠣᠭᠲᠠᠮᠠᠯ ᠬᠤᠭᠤᠴᠠᠭ᠎ᠠ ᠲᠠᠢ ᠪᠠᠷ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠬᠡᠷᠡᠭᠲᠡᠶ᠃ | ᠳᠥᠷᠪᠡ᠂ ᠣᠯᠠᠨ ᠬᠦᠮᠦᠨ ᠴᠤᠭᠯᠠᠷᠠᠬᠤ ᠠᠵᠢᠯᠯᠠᠭ᠎ᠠ ᠶᠢ ᠴᠢᠩᠭ᠎ᠠ ᠬᠢᠵᠠᠭᠠᠷᠯᠠᠬᠤ ᠬᠡᠷᠡᠭᠳᠡᠢ | ︵ᠨᠢᠭᠡ︶ ᠡᠯ᠎ᠡ ᠲᠥᠷᠥᠯ ᠤᠨ ᠬᠤᠷᠠᠯ᠂ ᠳᠡᠯᠭᠡᠨ ᠪᠣᠷᠤᠯᠠᠭᠤᠯᠭ᠎ᠠ ᠵᠡᠷᠭᠡ ᠲᠣᠮᠣ ᠬᠡᠯᠪᠡᠷᠢ ᠶᠢᠨ ᠠᠵᠢᠯᠯᠠᠭ᠎ᠠ ᠶᠢ | ᠴᠢᠩᠭ᠎ᠠ ᠬᠢᠵᠠᠭᠠᠷᠯᠠᠵᠤ᠂ ᠪᠠᠶᠠᠷ ᠨᠠᠶᠢᠷ ᠢ ᠬᠤᠶᠢᠰᠢᠯᠠᠭᠤᠯᠬᠤ᠂ ᠣᠷᠣᠰᠢᠭᠤᠯᠭ᠎ᠠ ᠶᠢ ᠳᠥᠭᠦᠮᠴᠢᠯᠡᠬᠦ᠂ ᠳᠠᠶᠢᠯᠠᠯᠭ᠎ᠠ ᠶᠢ | ᠥᠯᠥ ᠡᠷᠭᠢᠯᠡᠬᠦ ᠶᠢ ᠰᠠᠨᠠᠭᠠᠴᠢᠯᠠᠨ᠎ᠠ᠃ ᠬᠡᠷᠪᠡ ᠦᠨᠡᠨᠬᠦ ᠴᠢᠬᠤᠯᠠ ᠱᠠᠭᠠᠷᠳᠠᠯᠭ᠎ᠠ ᠲᠠᠢ ᠪᠣᠯ ︽ᠬᠡᠨ ᠡᠷᠬᠢᠯᠡᠪᠡᠯ ᠬᠡᠨ | ᠬᠠᠷᠢᠭᠤᠴᠠᠬᠤ︾ ᠵᠠᠷᠴᠢᠮ ᠶᠣᠰᠣᠭᠠᠷ᠂ ᠬᠡᠪᠴᠢᠶ᠎ᠡ ᠶᠢ ᠪᠠᠭᠠᠰᠬᠠᠵᠤ᠂ ᠬᠥᠮᠦᠨ ᠤ ᠲᠤᠭ᠎ᠠ ᠶᠢ ᠬᠢᠵᠠᠭᠠᠷᠯᠠᠨ᠂ 50 | ᠬᠥᠮᠦᠨ ᠠᠴᠠ ᠳᠡᠭᠡᠭᠰᠢᠬᠢ ᠠᠵᠢᠯᠯᠠᠭ᠎ᠠ ᠶᠢ ᠤᠷᠢᠳᠴᠢᠯᠠᠨ ᠬᠤᠰᠢᠭᠤ ᠬᠢᠵᠢᠭ ᠢ ᠰᠡᠷᠭᠡᠶᠢᠯᠡᠬᠦ ᠵᠢᠯᠣᠭᠤᠳᠬᠤ ᠬᠡᠯᠲᠡᠰ | ᠲᠤ ᠮᠡᠳᠡᠭᠦᠯᠦᠨ ᠳᠠᠩᠰᠠᠯᠠᠭᠤᠯᠵᠤ᠂ ᠰᠡᠷᠭᠡᠶᠢᠯᠡᠯᠲᠡ ᠶᠢᠨ ᠲᠥᠰᠦᠯ ᠲᠤᠭᠲᠠᠭᠠᠨ᠂ ᠠᠷᠭ᠎ᠠ ᠬᠡᠮᠵᠢᠶ᠎ᠡ ᠶᠢ ᠴᠢᠩᠭ᠎ᠠ | ᠬᠡᠷᠡᠭᠵᠢᠭᠦᠯᠬᠦ ᠬᠡᠷᠡᠭᠲᠡᠶ᠃ | ︵ᠬᠤᠶᠠᠷ︶ ᠬᠠᠩᠰᠢ ᠪᠠᠷ ᠲᠠᠬᠢᠯᠭ᠎ᠠ ᠡᠷᠭᠦᠬᠦ ᠳᠡᠭᠡᠨ᠂ ᠬᠦᠮᠦᠨ ᠢᠶᠠᠷ ᠣᠷᠤᠯᠠᠭᠤᠯᠬᠤ ᠶᠢ ᠰᠠᠨᠠᠭᠠᠴᠢᠯᠠᠵᠤ᠂ | ᠤᠷᠢᠳᠴᠢᠯᠠᠨ ᠪᠣᠯᠵᠣᠬᠤ᠂ ᠬᠦᠮᠦᠨ ᠤ ᠲᠤᠭ᠎ᠠ ᠶᠢ ᠬᠢᠵᠠᠭᠠᠷᠯᠠᠬᠤ᠂ ᠴᠠᠭ ᠢ ᠵᠥᠷᠢᠭᠦᠯᠬᠦ ᠵᠡᠷᠭᠡ ᠠᠷᠭ᠎ᠠ ᠬᠡᠮᠵᠢᠶ᠎ᠡ ᠶᠢ | ᠴᠢᠩᠭ᠎ᠠ ᠨᠠᠶᠢᠳᠠᠪᠤᠷᠢᠵᠢᠭᠤᠯᠤᠨ᠎ᠠ᠃ ᠲᠠᠬᠢᠯᠭ᠎ᠠ ᠬᠢᠬᠦ ᠳᠡᠭᠡᠨ ᠮᠠᠨ ᠤ ᠬᠤᠰᠢᠭᠤᠨ ᠤ ᠬᠦᠮᠦᠨ ᠬᠤᠰᠢᠭᠤᠨ ᠠᠴᠠ ᠪᠠᠨ | ᠭᠠᠷᠬᠤ ᠦᠭᠡᠢ ᠪᠠᠶᠢᠬᠤ᠂ ᠭᠠᠳᠠᠨᠠᠬᠢ ᠬᠦᠮᠦᠰ ᠮᠠᠨ ᠤ ᠬᠤᠰᠢᠭᠤᠨ ᠳᠤ ᠢᠷᠡᠬᠦ ᠦᠭᠡᠢ ᠪᠠᠶᠢᠬᠤ ᠶᠢ ᠰᠠᠨᠠᠭᠠᠴᠢᠯᠠᠵᠤ᠂ | ᠦᠨᠡᠨ ᠬᠦ ᠮᠠᠨ ᠤ ᠬᠤᠰᠢᠭᠤᠨ ᠳᠤ ᠢᠷᠡᠬᠦ ᠴᠢᠬᠤᠯᠠᠲᠠᠶ ᠪᠣᠯ ᠤᠷᠢᠳᠴᠢᠯᠠᠨ ᠬᠤᠰᠢᠭᠤ ᠬᠢᠵᠢᠭ ᠢ ᠰᠡᠷᠭᠡᠶᠢᠯᠡᠬᠦ | ᠵᠢᠯᠣᠭᠤᠳᠬᠤ ᠬᠡᠯᠲᠡᠰ ᠲᠤ ᠳᠠᠩᠰᠠᠯᠠᠭᠤᠯᠤᠨ ᠮᠡᠳᠡᠭᠦᠯᠵᠦ᠂ ᠬᠤᠰᠢᠭᠤᠨ ᠳᠤ ᠢᠷᠡᠵᠦ ᠶᠠᠪᠤᠬᠤ ᠬᠥᠮᠦᠰ ᠢ ᠴᠢᠩᠭ᠎ᠠ | ᠬᠠᠮᠢᠶᠠᠷᠤᠨ᠎ᠠ᠃ | ᠲᠠᠪᠤ᠂ ᠬᠢᠵᠢᠭ ᠢ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠳᠡᠢ | ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ ᠪᠣᠯᠤᠨ | ᠪᠣᠶ ᠪᠥᠬᠦᠶ ᠵᠠᠬ᠎ᠠ ᠳᠡᠯᠭᠡᠭᠦᠷ ᠤᠨ ᠬᠤᠳᠠᠯᠳᠤᠭ᠎ᠠ ᠡᠷᠬᠢᠯᠡᠬᠦ ᠨᠢᠭᠡᠴᠡ ᠨᠢ ᠬᠢᠵᠢᠭ ᠢ ᠰᠡᠷᠭᠡᠶᠢᠯᠡᠬᠦ ᠲᠥᠰᠦᠯ | ᠲᠣᠭᠲᠠᠭᠠᠵᠤ᠂ ᠬᠠᠷᠢᠭᠤᠴᠠᠯᠭ᠎ᠠ ᠶᠢᠨ ᠨᠠᠷᠢᠨ ᠲᠠᠩᠰᠠ ᠪᠠᠶᠢᠭᠤᠯᠤᠨ᠂ ᠡᠯ᠎ᠡ ᠵᠦᠢᠯ ᠤᠨ ᠰᠡᠷᠭᠡᠶᠢᠯᠡᠯᠲᠡ ᠶᠢᠨ | ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠷᠭ᠎ᠠ ᠬᠡᠮᠵᠢᠶ᠎ᠡ ᠶᠢ ᠪᠣᠳᠠᠲᠠᠶ ᠨᠠᠶᠢᠳᠠᠪᠤᠷᠢᠵᠢᠭᠤᠯᠬᠤ ᠬᠡᠷᠡᠭᠲᠡᠶ᠂ | ᠢᠯᠠᠩᠭᠤᠶ᠎ᠠ 14 ᠬᠤᠨᠤᠭ ᠤᠨ ᠳᠣᠲᠣᠷ᠎ᠠ ᠳᠤᠮᠳᠠ ᠥᠨᠳᠥᠷ ᠳᠡᠰ ᠤᠨ ᠬᠢᠵᠢᠭ ᠤᠨ ᠲᠦᠭᠰᠢᠭᠦᠷᠢᠲᠡᠶ ᠭᠠᠵᠠᠷ ᠣᠷᠣᠨ | ᠪᠤᠶᠤ ᠬᠢᠵᠢᠭ ᠡᠭᠦᠰᠦᠭᠰᠡᠨ ᠭᠠᠵᠠᠷ ᠲᠤ ᠣᠴᠢᠵᠤ ᠥᠩᠭᠡᠷᠡᠭᠰᠡᠨ ᠬᠥᠮᠦᠰ ᠨᠢ ᠴᠠᠭ ᠲᠤᠬᠠᠶ ᠳᠤ ᠪᠠᠨ ᠥᠪᠡᠷ ᠤᠨ | ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠳᠤ ᠪᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠡᠯ᠎ᠡ | ᠵᠦᠢᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠬᠡᠷᠡᠭᠳᠡᠢ᠃ ᠡᠯ᠎ᠡ | ᠪᠠᠶᠢᠭᠤᠯᠭ᠎ᠠ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠢ ᠳᠠᠷᠤᠢ ᠲᠤᠰ ᠪᠠᠶᠢᠭᠤᠯᠭ᠎ᠠ ᠨᠢᠭᠡᠴᠡ ᠶᠢᠨ ᠢᠶᠠᠨ ᠬᠢᠵᠢᠭ ᠢ | ᠰᠡᠷᠭᠡᠶᠢᠯᠡᠬᠦ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠣᠯᠤᠨ᠎ᠠ᠃ | ᠵᠢᠷᠭᠤᠭ᠎ᠠ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠢᠳᠡᠪᠬᠢᠲᠡᠢ ᠲᠠᠷᠢᠭᠤᠯᠬᠤ ᠬᠡᠷᠡᠭᠳᠡᠢ | ᠸᠠᠺᠼᠢᠨ ᠤ ᠲᠠᠷᠢᠯᠭ᠎ᠠ ᠪᠣᠯ ᠬᠢᠵᠢᠭ ᠢ ᠰᠡᠷᠭᠡᠶᠢᠯᠡᠬᠦ ᠵᠠᠩᠭᠢᠯᠠᠭ᠎ᠠ ᠶᠢᠨ ᠠᠷᠭ᠎ᠠ ᠪᠠᠷᠢᠯ ᠪᠣᠯᠬᠤᠷ ᠨᠥᠬᠦᠴᠡᠯ ᠳᠤ | ᠨᠡᠶᠢᠴᠡᠭᠰᠡᠨ ᠬᠥᠮᠦᠰ ᠲᠠᠷᠢᠯᠭ᠎ᠠ ᠪᠠᠨ ᠳᠦᠷᠭᠡᠨ ᠲᠠᠷᠢᠭᠤᠯᠬᠤ ᠪᠣᠯᠪᠠᠤ᠃ 60 ᠨᠠᠰᠤᠨ ᠠᠴᠠ ᠳᠡᠭᠡᠭᠰᠢᠬᠢ | ᠨᠠᠰᠤᠲᠠᠶᠢᠴᠤᠳ ᠤᠨ ᠬᠦᠨᠳᠦ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠨᠢ ᠪᠤᠰᠤᠳ ᠬᠥᠮᠦᠰ ᠤᠨ ᠬᠢ ᠠᠴᠠ | ᠥᠨᠳᠥᠷ ᠪᠣᠯᠬᠤᠷ᠂ ᠴᠡᠭᠡᠷ ᠬᠤᠷᠢᠭ᠎ᠠ ᠥᠬᠡᠶ ᠨᠠᠰᠤᠲᠠᠶᠢᠴᠤᠳ ᠸᠠᠺᠼᠢᠨ ᠲᠠᠷᠢᠭᠤᠯᠵᠤ ᠪᠣᠯᠤᠨ᠎ᠠ᠃ ᠲᠤᠰ ᠵᠠᠷᠯᠠᠯ ᠢ | ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠢᠵᠢᠭ ᠤᠨ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ | ᠴᠠᠭ ᠲᠤᠬᠠᠶ ᠳᠤᠨᠢ ᠲᠣᠬᠢᠷᠠᠭᠤᠯᠤᠯᠲᠠ ᠬᠢᠨ᠎ᠡ᠃ | ᠰᠢᠯᠤᠭᠤᠨ ᠬᠥᠬᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ | 2022 ᠣᠨ ᠤ 3 ᠰᠠᠷ᠎ᠠ ᠶᠢᠨ 30 ᠤ ᠡᠳᠦᠷ | | | | | | ᠣᠶᠣᠨᠰᠡᠷᠭᠦᠯᠡᠩ ᠣᠷᠠᠯᠢᠭ ᠣᠷᠴᠢᠭᠤᠯᠵᠣ ᠮᠦᠳᠡᠭ ᠬᠢᠨᠠᠪᠠ | |