ᠰᠢᠯᠤᠭᠤᠨ ᠬᠥᠬᠡ ᠬᠤᠰᠢᠭᠤ ᠠᠮᠢᠲᠠᠨ ᠤ ᠬᠢᠵᠢᠭ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠠᠵᠢᠯ ᠢ ᠲᠤᠤᠱᠲᠠᠢ ᠥᠷᠨᠢᠭᠦᠯᠪᠡ
ᠨᠡᠶᠢᠲᠡᠯᠡᠭᠰᠡᠨ ᠴᠠᠭ᠄
2022/5/11
           ᠠᠮᠢᠲᠠᠨ ᠤ ᠬᠢᠵᠢᠭ ᠢ ᠤᠷᠢᠳᠴᠢᠯᠠᠨ ᠰᠡᠷᠭᠡᠶᠢᠯᠡᠬᠦ ᠠᠵᠢᠯ ᠢ ᠲᠤᠤᠱᠲᠠᠢ ᠬᠢᠵᠦ᠂ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠨ ᠬᠤᠷᠢᠭᠯᠠᠵᠤ᠂ ᠮᠠᠯᠴᠢᠳ ᠤᠨ ᠣᠷᠣᠯᠭ᠎ᠠ ᠶᠢᠨ ᠨᠡᠮᠡᠭᠳᠡᠯ ᠪᠠ ᠬᠥᠳᠡᠭᠡ ᠣᠷᠣᠨ ᠤ ᠲᠣᠭᠲᠠᠭᠤᠨ ᠪᠠᠶᠢᠳᠠᠯ ᠢ ᠠᠬᠢᠭᠤᠯᠤᠨ᠂ ᠮᠠᠯ ᠠᠵᠤ ᠠᠬᠤᠶ ᠶᠢᠨ ᠡᠷᠡᠭᠦᠯ ᠲᠤᠭᠲᠠᠪᠤᠷᠢᠲᠠᠢ ᠬᠦᠭᠵᠢᠬᠦ ᠶᠢ ᠪᠡᠶᠡᠯᠡᠭᠦᠯᠬᠦ ᠶᠢᠨ ᠲᠤᠰᠠᠳᠠ ᠣᠶᠢᠷ᠎ᠠ ᠶᠢᠨ ᠬᠤᠭᠤᠴᠠᠭᠠᠨ ᠳᠤ᠂ ᠰᠢᠯᠤᠭᠤᠨ ᠬᠥᠬᠡ ᠬᠤᠰᠢᠭᠤᠨ ᠤ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯᠲᠠᠳ ᠨᠢ ᠬᠥᠳᠡᠭᠡ ᠣᠷᠣᠨ ᠳᠤ ᠭᠦᠨᠵᠡᠭᠡᠶᠢᠷᠡᠨ᠂ ᠮᠠᠯ ᠤᠨᠤᠭᠠᠨ ᠳᠤ ᠸᠠᠺᠼᠢᠨ ᠲᠠᠷᠢᠬᠤ ᠵᠢᠴᠢ ᠬᠢᠵᠢᠭ ᠤᠨ ᠰᠤᠷᠪᠤᠯᠵᠢ ᠶᠢ ᠠᠷᠢᠭᠤᠳᠬᠠᠨ ᠤᠰᠠᠳᠬᠠᠬᠤ ᠠᠵᠢᠯ ᠢ ᠬᠢᠵᠦ᠂ ᠪᠥᠬᠦ ᠬᠤᠰᠢᠭᠤᠨ ᠤ ᠮᠠᠯ ᠤᠨᠤᠭᠠᠨ ᠤ ᠡᠷᠡᠭᠦᠯ ᠤᠨᠳᠤᠷᠤᠯᠭ᠎ᠠ ᠶᠢ ᠪᠠᠲᠤᠯᠠᠪᠠ᠃            ᠰᠢᠯᠤᠭᠤᠨ ᠬᠥᠬᠡ ᠬᠤᠰᠢᠭᠤ ᠨᠢ 4 ᠰᠠᠷ᠎ᠠ ᠶᠢᠨ 10 ᠠᠴᠠ ᠡᠬᠢᠯᠡᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠬᠦ ᠠᠵᠢᠯ ᠢ ᠡᠬᠢᠯᠡᠭᠦᠯᠵᠦ᠂ ᠭᠤᠤᠯᠳᠠᠭᠤ ᠦᠬᠡᠷ᠂ ᠬᠤᠨᠢ᠂ ᠭᠠᠭ᠋ᠠᠶ ᠵᠡᠷᠭᠡ ᠶᠢᠨ ᠲᠠᠷᠬᠠᠯᠠᠭ᠎ᠠ ᠶᠢ ᠰᠠᠶᠢᠵᠢᠷᠠᠭᠤᠯᠪᠠ᠃ ᠰᠤᠷᠪᠤᠯᠵᠢᠯᠠᠭᠴᠢ ᠰᠢᠯᠤᠭᠤᠨ ᠬᠥᠬᠡ ᠬᠤᠰᠢᠭᠤᠨ ᠤ ᠱᠠᠩᠳᠤ ᠪᠠᠯᠭᠠᠰᠤᠨ ᠤ ᠪᠠᠶᠠᠨᠭᠤᠤᠯ ᠭᠠᠴᠠᠭᠠᠨ ᠳᠤ ᠬᠦᠷᠬᠦ ᠳᠤ᠂ ᠠᠮᠢᠲᠠᠨ ᠤ ᠬᠢᠵᠢᠭ ᠢ ᠰᠡᠷᠭᠡᠶᠢᠯᠡᠬᠦ ᠲᠥᠪ ᠤᠨ ᠠᠵᠢᠯᠲᠠᠳ ᠶᠠᠭ ᠰᠡᠷᠭᠡᠶᠢᠯᠡᠯᠲᠡ ᠶᠢᠨ ᠪᠦᠷᠢᠳᠭᠡᠯ ᠢ ᠨᠢᠮᠪᠠᠢ ᠲᠠᠭᠯᠠᠵᠤ᠂ ᠳᠠᠩᠰᠠ ᠡᠪᠬᠡᠮᠡᠯ ᠢ ᠪᠦᠷᠢᠵᠢᠭᠦᠯᠦᠨ᠂ ᠨᠢᠭᠡ ᠠᠶᠢᠯ ᠡᠷᠦᠬᠡ᠂ ᠨᠢᠭᠡ ᠮᠠᠯ ᠣᠨᠤᠭ᠎ᠠ᠂ ᠭᠠᠭᠴᠠ ᠵᠡᠭᠦᠦ ᠲᠠᠷᠢᠯᠭ᠎ᠠ ᠶᠢ ᠴᠤ ᠣᠷᠬᠢᠭᠳᠠᠭᠤᠯᠬᠤ ᠦᠭᠡᠢ ᠪᠠᠶᠢᠬᠤ ᠶᠢ ᠬᠢᠴᠢᠶᠡᠵᠦ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠬᠦ ᠠᠵᠢᠯ ᠢ ᠴᠢᠨᠠᠷᠲᠠᠢ᠂ ᠦᠨᠳᠦᠷ ᠪᠠᠷᠢᠮᠵᠢᠶ᠎ᠠ ᠲᠠᠢ᠂ ᠴᠢᠩᠭ᠎ᠠ ᠱᠠᠭᠠᠷᠳᠠᠯᠭ᠎ᠠ ᠲᠠᠢ ᠪᠡᠶᠡᠯᠡᠭᠦᠯᠬᠦ ᠪᠠᠷ ᠴᠢᠷᠮᠠᠶᠢᠵᠤ ᠪᠠᠶᠢᠭ᠎ᠠ ᠶᠢ ᠣᠯᠵᠤ ᠬᠠᠷᠠᠪᠠ᠃ ᠬᠢᠵᠢᠭ ᠰᠡᠷᠭᠡᠶᠢᠯᠡᠭᠴᠢ ᠨᠢ ᠮᠠᠯ ᠤᠨᠤᠭᠠᠨ ᠳᠤ ᠸᠠᠺᠼᠢᠨ ᠲᠠᠷᠢᠬᠤ ᠠᠴᠠ ᠭᠠᠳᠠᠨ᠎ᠠ ᠪᠠᠰᠠ ᠮᠠᠯᠴᠢᠳ ᠲᠤ ᠠᠮᠢᠲᠠᠨ ᠤ ᠬᠢᠵᠢᠭ ᠢ ᠰᠡᠷᠭᠡᠶᠢᠯᠡᠨ ᠵᠠᠰᠠᠬᠤ ᠮᠡᠳᠡᠯᠭᠡ ᠶᠢ ᠲᠠᠶᠢᠯᠪᠤᠷᠢᠯᠠᠨ ᠵᠢᠭᠠᠵᠤ᠂ ᠮᠠᠯ ᠵᠢᠭᠦᠷᠲᠡᠨ ᠤ ᠬᠢᠵᠢᠭ ᠢ ᠰᠡᠷᠭᠡᠶᠢᠯᠡᠬᠦ ᠶᠢᠨ ᠠᠴᠢ ᠬᠤᠯᠪᠤᠭᠳᠠᠯ ᠢ ᠣᠯᠠᠨ ᠲᠦᠮᠡᠨ ᠳᠤ ᠨᠡᠩ ᠢᠯᠡᠬᠦᠦ ᠲᠠᠨᠢᠭᠤᠯᠤᠨ᠂ ᠬᠠᠮᠲᠤ ᠪᠠᠷ ᠢᠶᠠᠨ ᠠᠮᠢᠲᠠᠨ ᠤ ᠬᠢᠵᠢᠭ ᠢ ᠰᠡᠷᠭᠡᠶᠢᠯᠡᠵᠦ᠂ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠤᠨ ᠰᠡᠷᠭᠡᠶᠢᠯᠡᠯᠲᠡ ᠳᠤ ᠢᠳᠡᠪᠬᠢᠯᠡᠨ ᠣᠷᠤᠯᠴᠠᠬᠤ ᠲᠤᠬᠠᠢ ᠮᠠᠯᠴᠢᠳ ᠢ ᠳᠠᠶᠢᠴᠢᠯᠠᠵᠤ ᠪᠤᠢ᠃           ᠮᠠᠨ ᠤ ᠬᠤᠰᠢᠭᠤ ᠨᠢ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠬᠦ ᠠᠵᠢᠯ ᠢ 4 ᠰᠠᠷ᠎ᠠ ᠶᠢᠨ ᠡᠬᠢᠨ ᠠᠴᠠ 11 ᠰᠠᠷ᠎ᠠ ᠶᠢᠨ ᠰᠡᠭᠦᠯᠴᠢ ᠪᠣᠯᠲᠠᠯ᠎ᠠ ᠬᠤᠶᠠᠷ ᠱᠠᠲᠤ ᠬᠤᠪᠢᠶᠠᠨ ᠪᠥᠬᠦ ᠲᠠᠯ᠎ᠠ ᠪᠠᠷ ᠳᠥᠯᠭᠢᠨ ᠠᠬᠢᠭᠤᠯᠬᠤ ᠪᠣᠯᠤᠨ᠎ᠠ᠃ ᠣᠳᠣᠬᠠᠨ ᠳᠤ᠂ ᠮᠠᠨ ᠤ ᠬᠤᠰᠢᠭᠤᠨ ᠤ ᠡᠯ᠎ᠡ ᠰᠤᠮᠤ ᠪᠠᠯᠭᠠᠰᠤ ︵ᠲᠠᠯᠠᠪᠠᠶ︶ ᠨᠢ ᠠᠮᠢᠲᠠᠨ ᠤ ᠬᠢᠵᠢᠭ ᠤᠨ ᠰᠡᠷᠭᠡᠶᠢᠯᠡᠭᠴᠢᠳ ᠢ ᠵᠣᠬᠢᠶᠠᠨ ᠪᠠᠶᠢᠭᠤᠯᠵᠤ᠂ ᠬᠢᠵᠢᠭ ᠲᠣᠰᠬᠤ ᠨᠣᠷᠮ᠎ᠠ ᠦᠨᠳᠦᠷ ᠵᠢᠭᠦᠷᠲᠡᠨ ᠤ ᠬᠠᠯᠳᠠᠪᠤᠷᠢᠲᠤ ᠲᠠᠬᠤᠯ ᠢ ᠰᠡᠷᠭᠡᠶᠢᠯᠡᠬᠦ ᠠᠵᠢᠯ ᠢ ᠡᠮᠬᠢ ᠵᠢᠷᠤᠮ ᠲᠠᠢ ᠥᠷᠨᠢᠭᠦᠯᠵᠦ᠂ ᠰᠡᠷᠭᠡᠶᠢᠯᠡᠯᠲᠡ ᠶᠢᠨ ᠪᠦᠷᠬᠦᠴᠡ ᠶᠢ ᠵᠢᠯ ᠪᠦᠷᠢ 90 % ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠪᠦᠲᠦᠮᠵᠢᠲᠡᠶ ᠰᠡᠷᠭᠡᠶᠢᠯᠡᠪᠡ᠃ ᠲᠠᠷᠠᠭᠠᠴᠢ ᠪᠠᠷ᠂ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠵᠢᠴᠢ ᠡᠯ᠎ᠡ ᠰᠤᠮᠤ ᠪᠠᠯᠭᠠᠰᠤ ᠲᠠᠯᠠᠪᠠᠶ ᠨᠢ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠤᠨ ᠰᠡᠷᠭᠡᠶᠢᠯᠡᠯᠲᠡ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠤᠷᠢᠭᠯᠠᠬᠤ ᠠᠵᠢᠯ ᠢ ᠤᠯᠠᠮ ᠴᠢᠨᠠᠷᠯᠢᠭ ᠪᠡᠶᠡᠯᠡᠬᠦᠯᠬᠦ ᠪᠣᠯᠤᠨ᠎ᠠ᠃           ᠣᠶᠣᠨᠰᠡᠷᠭᠦᠯᠡᠩ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号