ᠰᠢᠯᠤᠭᠤᠨ ᠬᠥᠬᠡ ᠬᠤᠰᠢᠭᠤ ᠬᠤᠯᠤᠭᠠᠨ᠎ᠠ ᠣᠰᠠᠳᠬᠠᠬᠤ ᠠᠵᠢᠯ ᠢ ᠡᠷᠴᠢᠮᠳᠠᠢ ᠥᠷᠨᠢᠭᠦᠯᠵᠦ ᠪᠤᠢ
ᠨᠡᠶᠢᠲᠡᠯᠡᠭᠰᠡᠨ ᠴᠠᠭ᠄
2022/5/11
         ᠬᠤᠯᠤᠭᠠᠨ᠎ᠠ ᠶᠢᠨ ᠬᠢᠵᠢᠭ ᠢ ᠰᠡᠷᠭᠡᠶᠢᠯᠡᠵᠦ᠂ ᠬᠤᠲᠠ ᠬᠥᠳᠡᠭᠡᠨ ᠤ ᠬᠤᠯᠤᠭᠠᠨ᠎ᠠ ᠶᠢᠨ ᠨᠢᠭᠲᠠᠴᠠ ᠶᠢ ᠪᠠᠭᠠᠰᠬᠠᠵᠤ᠂ ᠬᠤᠯᠤᠭᠠᠨ᠎ᠠ ᠶᠢᠨ ᠬᠠᠯᠳᠠᠪᠤᠷᠢᠲᠤ ᠡᠪᠡᠳᠴᠢᠨ ᠳᠡᠯᠭᠡᠷᠡᠬᠦ ᠶᠢ ᠬᠤᠷᠢᠭᠯᠠᠵᠤ᠂ ᠪᠥᠬᠦ ᠬᠤᠰᠢᠭᠤᠨ ᠤ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠨᠤᠲᠤᠭ ᠪᠡᠯᠴᠢᠭᠡᠷ ᠤᠨ ᠥᠷᠲᠡᠭᠡ᠂ ᠬᠢᠵᠢᠭ ᠢ ᠰᠡᠷᠭᠡᠶᠢᠯᠡᠨ ᠬᠤᠷᠢᠭᠯᠠᠬᠤ ᠲᠥᠪ ᠤᠨ ᠬᠠᠮᠢᠶ᠎ᠠ ᠪᠥᠬᠦᠶ ᠠᠵᠢᠯᠲᠠᠨ ᠮᠠᠯᠵᠢᠬᠤ ᠣᠷᠣᠨ ᠳᠤ ᠬᠦᠷᠴᠦ᠂ ᠬᠡᠭᠡᠷ᠎ᠡ ᠶᠢᠨ ᠬᠤᠯᠤᠭᠠᠨ᠎ᠠ ᠶᠢ ᠪᠠᠶᠢᠴᠠᠭᠠᠬᠤ ᠶᠢᠨ ᠬᠠᠮᠲᠤ ᠬᠤᠯᠤᠭᠠᠨ᠎ᠠ ᠪᠠ ᠨᠤᠬᠠᠢ ᠶᠢᠨ ᠪᠥᠭᠡᠰᠦ ᠶᠢ ᠤᠰᠠᠳᠬᠠᠬᠤ ᠠᠵᠢᠯ ᠢ ᠥᠷᠨᠢᠭᠦᠯᠪᠡ᠃          5 ᠰᠠᠷ᠎ᠠ ᠶᠢᠨ 8 ᠤ ᠡᠳᠦᠷ᠂ ᠰᠠᠩ ᠤᠨ ᠲᠡᠯᠡᠶ ᠪᠠᠯᠭᠠᠰᠤᠨ ᠤ ᠠᠯᠲᠠᠶ ᠭᠠᠴᠠᠭᠠᠨ ᠳᠤ ᠬᠤᠰᠢᠭᠤ ᠨᠤᠲᠤᠭ ᠪᠡᠯᠴᠢᠭᠡᠷ ᠤᠨ ᠥᠷᠲᠡᠭᠡᠨ ᠤ  ᠮᠡᠷᠭᠡᠵᠢᠯᠲᠡᠳ ᠬᠠᠳᠣᠯᠠᠩ ᠪᠡᠯᠴᠢᠭᠡᠷ᠂ ᠵᠠᠰᠠᠮᠠᠯ ᠵᠠᠮ ᠤᠨ ᠬᠠᠵᠠᠭᠤ ᠬᠠᠪᠢ᠂ ᠬᠡᠭᠡᠷ᠎ᠡ ᠭᠠᠳᠠᠭ᠎ᠠ ᠬᠤᠯᠤᠭᠠᠨ᠎ᠠ ᠶᠢᠨ ᠤᠯᠠ ᠮᠥᠷ ᠪᠤᠯᠤᠨ ᠭᠠᠵᠠᠷ ᠵᠦᠶ ᠶᠢᠨ ᠪᠠᠶᠢᠷᠢᠯᠠᠯ᠂ ᠭᠠᠵᠠᠷ ᠤᠨ ᠪᠠᠶᠢᠴᠠ᠂ ᠬᠥᠷᠥᠰᠥ ᠰᠢᠷᠣᠶ ᠶᠢᠨ ᠲᠥᠷᠥᠯ ᠬᠡᠯᠪᠡᠷᠢ ᠵᠡᠷᠭᠡ ᠶᠢ ᠪᠠᠶᠢᠴᠠᠭᠠᠵᠤ᠂ ᠬᠡᠭᠡᠷ᠎ᠡ ᠶᠢᠨ ᠬᠤᠯᠤᠭᠠᠨ᠎ᠠ ᠶᠢᠨ ᠤᠯᠠ ᠮᠥᠷ ᠢ ᠮᠥᠷᠲᠡᠨ᠂ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠵᠠᠰᠠᠪᠠ᠃         ᠮᠠᠯᠴᠢᠨ ᠪᠦᠷᠢᠨᠮᠠᠨᠳᠤᠬᠤ᠄ ︽ᠣᠶᠢᠷ᠎ᠠ ᠶᠢᠨ ᠬᠡᠳᠦᠨ ᠵᠢᠯ ᠳᠤ᠂ ᠰᠣᠬᠤᠷ ᠨᠤᠮᠤᠨ᠂ ᠠᠯᠠᠭᠳᠠᠭ᠎ᠠ ᠣᠯᠠᠰᠢᠷᠠᠵᠤ᠂ ᠨᠤᠲᠤᠭ ᠪᠡᠯᠴᠢᠭᠡᠷ ᠢ ᠡᠪᠳᠡᠵᠦ᠂ ᠡᠪᠡᠰᠦ ᠪᠡᠯᠴᠢᠭᠡᠷ ᠤᠨ ᠤᠷᠭᠤᠯᠲᠠ ᠶᠢ ᠨᠥᠯᠥᠭᠡᠯᠡᠵᠦ ᠪᠠᠶᠢᠨ᠎ᠠ᠃  ᠬᠤᠰᠢᠭᠤ ᠨᠤᠲᠤᠭ ᠪᠡᠯᠴᠢᠭᠡᠷ ᠤᠨ ᠥᠷᠲᠡᠭᠡᠨ ᠤ ᠠᠵᠢᠯᠲᠠᠨ ᠬᠤᠶᠠᠷ ᠵᠢᠯ ᠳᠠᠷᠠᠭᠠᠯᠠᠨ ᠮᠠᠨ ᠤ ᠠᠳᠡ ᠬᠤᠯᠤᠭᠠᠨ᠎ᠠ ᠪᠤᠯᠤᠨ ᠨᠣᠭᠠᠶ ᠶᠢᠨ ᠪᠥᠭᠡᠰᠦ ᠶᠢ ᠤᠰᠠᠳᠬᠠᠬᠤ ᠠᠵᠢᠯ ᠥᠷᠨᠢᠭᠦᠯᠵᠦ᠂ ᠮᠠᠯᠴᠢᠳ ᠲᠤ ᠮᠠᠰᠢ ᠶᠡᠭᠡ ᠬᠠᠪᠰᠤᠷᠤᠯᠭ᠎ᠠ ᠦᠵᠡᠭᠦᠯᠪᠡ︾ ᠭᠡᠵᠡᠢ᠃          ᠬᠤᠯᠤᠭᠠᠨ᠎ᠠ ᠪᠠ ᠨᠤᠬᠠᠢ ᠶᠢᠨ ᠪᠥᠭᠡᠰᠦ ᠶᠢ ᠤᠰᠠᠳᠬᠠᠬᠤ ᠠᠵᠢᠯ ᠤᠨ ᠡᠷᠴᠢᠮᠳᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠰᠢᠯᠤᠭᠤᠨ ᠬᠥᠬᠡ ᠬᠤᠰᠢᠭᠤ 3 ᠰᠠᠷ᠎ᠠ ᠠᠴᠠ ᠡᠬᠢᠯᠡᠨ᠂ ᠠᠯᠠᠭᠳᠠᠭ᠎ᠠ ᠣᠯᠠᠨᠲᠠᠢ ᠪᠤᠱᠤᠤᠳᠠᠶ ᠰᠤᠮᠤᠨ ᠤ ᠵᠠᠷᠤᠳ ᠭᠠᠴᠠᠭ᠎ᠠ᠂ ᠬᠠᠯᠠᠭᠠᠶᠢᠲᠤ ᠭᠠᠴᠠᠭ᠎ᠠ᠂ ᠪᠤᠷᠤᠬᠤᠳᠠ ᠬᠠᠮᠢᠶᠠᠷᠤᠯᠲᠠ ᠶᠢᠨ ᠵᠥᠪᠯᠡᠯ᠂ ᠵᠢᠭᠠᠰᠤᠲᠠᠶ ᠰᠤᠮᠤᠨ ᠤ ᠪᠠᠶᠠᠨᠨᠠᠭᠤᠷ ᠭᠠᠴᠠᠭ᠎ᠠ᠂ ᠪᠠᠶᠠᠨᠬᠠᠩᠭᠠᠶ ᠭᠠᠴᠠᠭ᠎ᠠ ᠵᠡᠷᠭᠡ ᠭᠤᠤᠯᠳᠠᠯᠭ᠎ᠠ ᠲᠠᠢ ᠣᠷᠣᠨ ᠤ ᠬᠤᠯᠤᠭᠠᠨ᠎ᠠ ᠶᠢᠨ ᠨᠢᠭᠲᠠᠴᠠ ᠵᠢᠴᠢ ᠬᠡᠭᠡᠷ᠎ᠡ ᠶᠢᠨ ᠠᠮᠢᠲᠠᠨ ᠤ ᠥᠭᠦᠭᠰᠡᠨ ᠰᠢᠯᠲᠠᠭᠠᠨ ᠳᠤ ᠰᠠᠷ᠎ᠠ ᠪᠦᠷᠢ ᠨᠢᠭᠡ ᠤᠳᠠᠭᠠᠨ ᠤ ᠪᠠᠶᠢᠴᠠᠭᠠᠯᠲᠠ ᠬᠢᠵᠦ᠂ ᠡᠪᠡᠳᠴᠢᠨ ᠢᠶᠠᠷ ᠥᠭᠦᠭᠰᠡᠨ ᠪᠠ ᠥᠭᠦᠭᠰᠡᠨ ᠰᠢᠯᠲᠠᠭᠠᠨ ᠨᠢ ᠲᠣᠳᠣᠷᠬᠠᠶ ᠥᠬᠡᠶ ᠬᠡᠭᠡᠷ᠎ᠡ ᠶᠢᠨ ᠠᠮᠢᠲᠠᠨ ᠢ ᠬᠤᠤᠷ ᠦᠭᠡᠶᠢᠲᠡᠭᠦᠯᠦᠨ ᠰᠢᠢᠳᠪᠦᠷᠢᠯᠡᠬᠦ ᠠᠵᠢᠯ ᠢ ᠥᠷᠨᠢᠭᠦᠯᠪᠡ᠃ ᠡᠭᠦᠨ ᠤ ᠬᠠᠮᠲᠤ ︽ᠭᠤᠷᠪᠠᠨ ᠵᠦᠢᠯ ᠤᠨ ᠮᠡᠳᠡᠭᠦᠯᠦᠯᠲᠡ︾ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠯᠳᠠᠪᠤᠷᠢᠲᠤ ᠡᠪᠡᠳᠴᠢᠨ ᠢ ᠰᠦᠯᠵᠢᠶ᠎ᠡ ᠪᠠᠷ ᠰᠢᠭᠤᠳ ᠮᠡᠳᠡᠭᠦᠯᠬᠦ ᠮᠡᠳᠡᠭᠡ ᠵᠠᠩᠭᠢ ᠶᠢᠨ ᠰᠢᠰᠲ᠋ᠧᠮ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠰᠢᠰᠲ᠋ᠧᠮ ᠵᠡᠷᠭᠡ ᠲᠠᠪᠴᠠᠩ ᠳᠤ ᠲᠦᠰᠢᠭᠯᠡᠨ᠂ ᠡᠳᠦᠷ ᠲᠤᠲᠤᠮ ᠤᠨ ᠬᠢᠨᠠᠨ ᠪᠠᠶᠢᠴᠠᠭᠠᠯᠳᠠ ᠪᠠᠨ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠠᠵᠢᠯ ᠢ ᠰᠠᠶᠢᠲᠤᠷ ᠬᠢᠵᠦ᠂ ᠬᠠᠤᠯᠢ ᠶᠣᠰᠣᠭᠠᠷ ᠮᠡᠳᠡᠭᠦᠯᠬᠦ᠂ ᠵᠢᠷᠤᠮᠵᠢᠯ ᠲᠠᠢ ᠮᠡᠳᠡᠭᠦᠯᠬᠦ᠂ ᠴᠠᠭ ᠲᠤᠬᠠᠶ ᠳᠤᠨᠢ ᠮᠡᠳᠡᠭᠦᠯᠬᠦ ᠶᠢ ᠦᠨᠡᠨᠬᠦ ᠪᠠᠲᠤᠯᠠᠪᠠ᠃ ᠡᠭᠦᠨ ᠤ ᠬᠠᠮᠲᠤ᠂ ᠬᠤᠯᠤᠭᠠᠨ᠎ᠠ ᠪᠠ ᠨᠤᠬᠠᠢ ᠶᠢᠨ ᠪᠥᠭᠡᠰᠦ ᠶᠢ ᠤᠰᠠᠳᠬᠠᠬᠤ ᠬᠠᠮᠠᠭᠠᠯᠠᠯᠳᠠ ᠶᠢᠨ ᠴᠢᠨᠠᠷᠳᠠᠢ ᠠᠵᠢᠯ ᠵᠢᠴᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭᠠᠨ ᠤ ᠪᠡᠯᠡᠳᠬᠡᠯ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠪᠡ᠃ ᠲᠠᠯ᠎ᠠ ᠨᠤᠳᠤᠭ ᠤᠨ ᠬᠤᠯᠤᠭᠠᠨ᠎ᠠ ᠶᠢᠨ ᠬᠥᠨᠥᠭᠡᠯ ᠤᠨ ᠪᠠᠶᠢᠴᠠᠭᠠᠯᠳᠠ ᠶᠢ ᠦᠨᠳᠦᠰᠦᠯᠡᠪᠡᠯ᠂ ᠮᠠᠨ ᠤ ᠬᠤᠰᠢᠭᠤ 2022 ᠣᠨ ᠤ ᠬᠠᠪᠤᠷ 7 ᠲᠦᠮᠡᠨ ᠮᠥ ᠨᠤᠳᠤᠭ ᠪᠡᠯᠴᠢᠭᠡᠷ ᠲᠤ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠬᠦ ᠠᠵᠢᠯᠯᠠᠭ᠎ᠠ ᠥᠷᠨᠢᠭᠦᠯᠬᠦ ᠪᠠᠷ ᠲᠥᠯᠥᠪᠯᠡᠵᠦ᠂ ᠣᠳᠣᠬᠠᠨ ᠪᠣᠯᠲᠠᠯ᠎ᠠ 6.8 ᠲᠦᠮᠡᠨ ᠮᠥ ᠨᠤᠳᠤᠭ ᠪᠡᠯᠴᠢᠭᠡᠷ ᠤᠨ ᠬᠤᠯᠤᠭᠠᠨ᠎ᠠ ᠶᠢ ᠤᠰᠠᠳᠬᠠᠪᠠ᠃ ᠡᠭᠦᠨ ᠳᠤ᠂ 4.8 ᠲᠦᠮᠡᠨ ᠮᠥ ᠨᠤᠳᠤᠭ ᠪᠡᠯᠴᠢᠭᠡᠷ ᠲᠠᠬᠢ ᠰᠣᠬᠤᠷ ᠨᠤᠮᠤᠨ᠂  2 ᠲᠦᠮᠡᠨ ᠮᠥ ᠨᠤᠳᠤᠭ ᠪᠡᠯᠴᠢᠭᠡᠷ ᠲᠠᠬᠢ ᠠᠯᠠᠭᠳᠠᠭ᠎ᠠ ᠶᠢᠨ ᠬᠦᠨᠦᠭᠡᠯ ᠢ ᠠᠷᠢᠯᠭᠠᠪᠠ᠃           ᠡᠨᠡ ᠵᠢᠯ ᠮᠠᠨ ᠤ ᠬᠤᠰᠢᠭᠤ ᠨᠢ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠠᠵᠢᠯ ᠲᠠᠢ ᠤᠶᠠᠯᠳᠤᠭᠤᠯᠤᠨ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠤᠷᠢᠭᠯᠠᠬᠤ ᠪᠠ ᠨᠤᠲᠤᠭ ᠪᠡᠯᠴᠢᠭᠡᠷ ᠢ ᠬᠠᠮᠠᠭᠠᠯᠠᠬᠤ ᠠᠵᠢᠯ ᠢ ᠣᠷᠭᠠᠨᠢᠭ ᠢᠶᠠᠷ ᠤᠶᠠᠯᠳᠤᠭᠤᠯᠵᠤ᠂ ᠬᠤᠯᠤᠭᠠᠨ᠎ᠠ ᠪᠠ ᠨᠤᠬᠠᠢ ᠶᠢᠨ ᠪᠥᠭᠡᠰᠦ ᠶᠢ ᠤᠰᠠᠳᠬᠠᠬᠤ ᠬᠠᠮᠠᠭᠠᠯᠠᠯᠳᠠ ᠶᠢᠨ ᠴᠢᠨᠠᠷᠳᠠᠢ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠪᠡ᠃ ᠨᠡᠶᠢᠭᠡᠮ ᠤᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠢᠩᠭ᠎ᠠ ᠡᠵᠡᠮᠳᠡᠵᠦ᠂ ᠷᠠᠳᠢᠣ᠋ ᠨᠡᠪᠲᠡᠷᠡᠭᠦᠯᠭᠡ᠂ ᠲᠧᠯᠸᠢᠰ᠂ ᠸᠢᠴᠠᠲ ᠵᠡᠷᠭᠡ ᠵᠠᠭᠤᠴᠢᠯᠠᠭᠤᠷ ᠢᠶᠠᠷ ᠳᠠᠮᠵᠢᠨ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠤᠷᠢᠭᠯᠠᠬᠤ ︽ᠭᠤᠷᠪᠠᠨ ᠴᠠᠭᠠᠵᠠᠯᠠᠬᠤ ᠭᠤᠷᠪᠠᠨ ᠮᠡᠳᠡᠭᠦᠯᠬᠦ︾ ᠵᠢᠴᠢ ᠬᠠᠪᠤᠷ ᠤᠨ ᠤᠯᠠᠷᠢᠯ ᠤᠨ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠮᠡᠳᠡᠯᠭᠡ ᠶᠢ ᠭᠤᠤᠯᠳᠠᠯᠭ᠎ᠠ ᠲᠠᠢ ᠤᠬᠠᠭᠤᠯᠵᠤ᠂ ᠬᠤᠯᠤᠭᠠᠨ᠎ᠠ ᠶᠢᠨ ᠬᠢᠵᠢᠭ ᠪᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠵᠡᠷᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠳᠣᠬᠠᠢ ᠮᠡᠳᠡᠯᠭᠡ ᠶᠢ ᠲᠥᠭᠡᠮᠡᠯᠵᠢᠭᠦᠯᠵᠦ᠂ ᠥᠷᠭᠡᠨ ᠣᠯᠠᠨ ᠲᠦᠮᠡᠨ ᠢ ᠵᠢᠯᠣᠭᠤᠳᠴᠤ ᠪᠠᠶᠢᠭᠠᠳ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠵᠤ᠂ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠪᠠ ᠴᠢᠳᠠᠪᠤᠷᠢ ᠶᠢ ᠨᠢ ᠳᠡᠭᠡᠭᠰᠢᠯᠡᠭᠦᠯᠪᠡ᠃  ᠣᠷᠠᠯᠢᠭ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号