ᠯᠢᠦ ᠰᠢᠶᠤᠤ ᠮᠢᠨ ᠬᠤᠭᠤᠯᠠ ᠬᠦᠨᠡᠰᠦ ᠪᠠ ᠡᠮ ᠤᠨ ᠠᠶᠣᠯᠭᠦᠢ ᠶᠢᠨ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2022/5/13
           5 ᠰᠠᠷ᠎ᠠ ᠶᠢᠨ 11 ᠤ ᠡᠳᠦᠷ᠂ ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠯᠢᠦ ᠰᠢᠶᠤᠤ ᠮᠢᠨ ᠱᠠᠩᠳᠤ ᠪᠠᠯᠭᠠᠰᠤᠨ ᠤ ᠬᠤᠭᠤᠯᠠ ᠬᠦᠨᠡᠰᠦ ᠪᠠ ᠡᠮ ᠤᠨ ᠵᠦᠢᠯ ᠤᠨ ᠡᠵᠡᠩᠨᠡᠯᠲᠡ ᠶᠢᠨ ᠭᠠᠵᠠᠷ ᠲᠤ ᠭᠦᠨᠵᠡᠭᠡᠶᠢᠷᠡᠵᠦ᠂ ᠠᠶᠤᠯᠭᠦᠢ ᠶᠢᠨ ᠠᠵᠢᠯ ᠤᠨ ᠲᠤᠬᠠᠢ ᠪᠠᠶᠢᠴᠠᠭᠠᠨ ᠵᠢᠯᠣᠭᠤᠳᠴᠤ᠂ ᠡᠯ᠎ᠡ ᠵᠦᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠪᠦᠷᠢᠨ ᠬᠡᠷᠡᠭᠵᠢᠬᠦᠯᠵᠦ᠂ ᠦᠢᠯᠡ ᠶᠠᠪᠤᠴᠠ ᠶᠢ ᠵᠢᠷᠤᠮᠵᠢᠭᠤᠯᠤᠨ᠂ ᠬᠦᠨᠡᠰᠦ ᠪᠠ ᠡᠮ ᠤᠨ ᠠᠶᠤᠯᠬᠦᠢ ᠪᠠᠶᠢᠳᠠᠯ ᠢ ᠤᠨᠴᠠᠯᠠᠨ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃            ᠳ᠋ᠦᠩ ᠹᠠᠩ ᠡᠮ ᠤᠨ ᠳᠡᠯᠭᠡᠭᠦᠷ ᠲᠤ᠂ ᠡᠮ ᠤᠨ ᠢᠷᠡᠯᠲᠡ ᠵᠢᠴᠢ ᠪᠣᠷᠣᠯᠠᠭᠤᠯᠬᠤ ᠦᠨ᠎ᠡ ᠬᠠᠩᠰᠢ ᠶᠢ ᠨᠠᠷᠢᠨ ᠠᠰᠠᠭᠤᠵᠤ᠂ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢᠨ ᠬᠡᠷᠡᠭᠵᠢᠭᠦᠯᠦᠯᠲᠡ᠂ ᠡᠮ ᠤᠨ ᠠᠶᠤᠯᠭᠦᠢ ᠪᠠᠶᠢᠳᠠᠯ ᠤᠨ ᠡᠳᠦᠷ ᠲᠤᠲᠤᠮ ᠤᠨ ᠬᠢᠨᠠᠨ ᠬᠠᠮᠢᠶᠠᠷᠤᠯᠲᠠ ᠵᠡᠷᠭᠡ ᠶᠢ ᠪᠠᠶᠢᠴᠠᠭᠠᠨ ᠯᠠᠪᠯᠠᠪᠠ᠃ ᠯᠢᠦ ᠰᠢᠶᠤᠤ ᠮᠢᠨ ᠴᠢᠬᠤᠯᠠᠴᠢᠯᠠᠬᠤ ᠳᠠᠭᠠᠨ᠂ ᠡᠮ ᠤᠨ ᠠᠶᠤᠯᠭᠦᠢ ᠪᠠᠶᠢᠳᠠᠯ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠡᠮ ᠤᠨ ᠢᠷᠡᠯᠲᠡ ᠶᠢ ᠵᠢᠷᠤᠮᠵᠢᠭᠤᠯᠤᠨ᠂ ᠬᠠᠭᠤᠷᠮᠠᠭ ᠡᠮ᠂ ᠮᠠᠭᠤ ᠡᠮ ᠪᠣᠷᠣᠯᠠᠭᠤᠯᠬᠤ ᠶᠢ ᠡᠷᠡᠰ ᠬᠤᠷᠢᠭᠯᠠᠵᠤ᠂ ᠪᠣᠶ ᠪᠥᠬᠦᠶ ᠡᠮ ᠤᠨ ᠡᠬᠢ ᠢᠷᠡᠯᠲᠡ ᠨᠢ ᠲᠤᠳᠤᠷᠬᠠᠢ᠂ ᠨᠡᠬᠡᠮᠵᠢᠯᠡᠵᠦ ᠪᠣᠯᠬᠤ ᠶᠢ ᠪᠠᠲᠤᠯᠠᠨ᠂ ᠠᠷᠠᠳ ᠣᠯᠠᠨ ᠤ ᠡᠮ ᠲᠠᠩ ᠤᠨ ᠬᠡᠷᠡᠭᠯᠡᠭᠡᠨ ᠤ ᠦᠨᠡᠨᠬᠦ ᠠᠶᠤᠯᠬᠦᠢ ᠪᠠᠶᠢᠬᠤ ᠶᠢ ᠪᠠᠲᠤᠯᠠᠬᠤ ᠬᠡᠷᠡᠭᠲᠡᠶ᠃ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠬᠢᠵᠢᠭ ᠢ ᠰᠡᠷᠭᠡᠶᠢᠯᠡᠬᠦ ︽ᠠᠩᠬᠠᠨ ᠤ ᠬᠠᠯᠬᠠᠪᠴᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠳᠥᠷᠪᠡᠨ ᠲᠥᠷᠥᠯ ᠤᠨ ᠡᠮ︾ ᠢ ᠪᠣᠷᠣᠯᠠᠭᠤᠯᠬᠤ ᠲᠦᠷᠢᠮ᠂ ᠵᠢᠩᠭᠢᠨᠢ ᠨᠡᠷ᠎ᠡ ᠪᠠᠷ ᠳᠠᠩᠰᠠᠯᠠᠭᠤᠯᠬᠤ ᠲᠦᠷᠢᠮ᠂ ᠪᠡᠶ᠎ᠡ ᠶᠢᠨ ᠳᠤᠯᠠᠭᠠᠨ ᠢ ᠬᠡᠮᠵᠢᠬᠦ ᠵᠡᠷᠭᠡ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ ᠭᠡᠵᠡᠢ᠃            ᠯᠢᠦ ᠰᠢᠶᠤᠤ ᠮᠢᠨ ᠹᠦ᠋ ᠸᠠᠨ ᠵᠢᠶᠠ ᠴᠢᠯᠦᠭᠡᠲᠦ ᠳᠡᠯᠭᠡᠭᠦᠷ ᠲᠤ ᠬᠦᠷᠴᠦ᠂ ᠬᠦᠯᠳᠡᠭᠦᠦ ᠢᠳᠡᠭᠡᠨ ᠤ ᠯᠠᠩᠭᠦᠶ ᠲᠣᠲᠤᠷᠠᠬᠢ ᠪᠦᠳᠦᠭᠡᠭᠳᠡᠭᠦᠨ ᠤ ᠦᠢᠯᠡᠳᠪᠦᠷᠢ ᠠᠴᠠ ᠭᠠᠷᠤᠭᠰᠠᠨ ᠡᠳᠦᠷ ᠬᠤᠭᠤᠴᠠᠭ᠎ᠠ᠂ ᠬᠠᠳᠠᠭᠠᠯᠠᠬᠤ ᠬᠤᠭᠤᠴᠠᠭ᠎ᠠ ᠵᠢᠴᠢ ᠪᠣᠰᠤᠳ ᠱᠣᠰᠢᠭ᠎ᠠ ᠲᠡᠮᠳᠡᠭ ᠢ ᠪᠠᠶᠢᠴᠠᠭᠠᠨ ᠦᠵᠡᠵᠦ᠂ ᠪᠠᠷᠠᠭᠠᠨ ᠤ ᠢᠷᠡᠯᠲᠡ᠂ ᠭᠡᠷᠡᠴᠢ ᠲᠡᠮᠳᠡᠭ᠂ ᠲᠠᠩᠰᠠ ᠲᠡᠮᠳᠡᠭᠯᠡᠯ᠂ ᠬᠠᠳᠠᠭᠠᠯᠠᠬᠤ ᠨᠥᠬᠦᠴᠡᠯ ᠵᠡᠷᠭᠡ ᠪᠠ ᠡᠳᠦᠷ ᠲᠤᠲᠤᠮ ᠤᠨ ᠬᠢᠵᠢᠭ ᠤᠨ ᠰᠡᠷᠭᠡᠶᠢᠯᠡᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠴᠢᠬᠤᠯᠠᠴᠢᠯᠠᠬᠤ ᠳᠠᠭᠠᠨ᠂ ᠬᠤᠭᠤᠯᠠ ᠬᠦᠨᠡᠰᠦᠨ ᠤ ᠠᠶᠤᠯᠬᠦᠢ ᠪᠠᠶᠢᠬᠤ ᠨᠢ ᠲᠦᠭ ᠲᠥᠮᠡᠨ ᠠᠶᠢᠯ ᠡᠷᠦᠬᠡ ᠲᠠᠢ ᠬᠤᠯᠪᠤᠭᠠᠲᠠᠢ ᠪᠣᠯᠬᠤᠷ ᠶᠠᠭᠠᠬᠢᠭᠰᠠᠨ ᠴᠤ ᠬᠥᠩᠭᠡᠨ ᠬᠠᠭᠤᠮᠠᠭᠠᠶ ᠬᠠᠨᠳᠤᠵᠤ ᠪᠣᠯᠬᠤ ᠥᠬᠡᠶ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠵᠦ᠂ ᠬᠦᠨᠡᠰᠦᠨ ᠤ ᠠᠶᠤᠯᠭᠦᠢ ᠪᠠᠶᠢᠳᠠᠯ ᠳᠤ ᠴᠢᠩᠭ᠎ᠠ ᠬᠢᠨᠠᠯᠲᠠ ᠲᠠᠯᠪᠢᠬᠤ ᠬᠡᠷᠡᠭᠲᠡᠶ᠃ ᠡᠳᠦᠷ ᠲᠤᠲᠤᠮ ᠤᠨ ᠠᠷᠢᠭᠤᠳᠬᠠᠯ᠂ ᠪᠡᠶ᠎ᠡ ᠶᠢᠨ ᠳᠤᠯᠠᠭᠠᠨ ᠢ ᠬᠡᠮᠵᠢᠬᠦ᠂ ᠺᠣᠳ᠋ ᠤᠩᠰᠢᠭᠤᠯᠵᠤ ᠳᠠᠩᠰᠠᠯᠠᠬᠤ᠂ ᠠᠮᠠᠪᠴᠢ ᠵᠡᠭᠦᠬᠦ ᠵᠡᠷᠭᠡ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠨᠢᠭᠡ ᠲᠠᠯ᠎ᠠ ᠪᠠᠷ ᠬᠢᠵᠢᠭ ᠢ ᠰᠡᠷᠭᠡᠶᠢᠯᠡᠨ᠂ ᠨᠥᠭᠦᠭᠡ ᠲᠠᠯ᠎ᠠ ᠪᠠᠷ ᠬᠦᠨᠡᠰᠦᠨ ᠤ ᠠᠶᠤᠯᠭᠦᠢ ᠪᠠᠶᠢᠳᠠᠯ ᠢ ᠲᠤᠤᠱᠲᠠᠢ ᠠᠩᠬᠠᠷᠴᠤ᠂ ᠠᠶᠤᠯᠭᠦᠢ ᠬᠡᠷᠡᠭᠯᠡᠭᠡᠨ ᠤ ᠣᠷᠴᠢᠨ ᠢ ᠪᠣᠶ ᠪᠣᠯᠭᠠᠬᠤ ᠬᠡᠷᠡᠭᠲᠡᠶ᠃ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠨ᠂ ︽ᠳᠥᠷᠪᠡᠨ ᠴᠢᠩᠭ᠎ᠠ︾ ᠱᠠᠭᠠᠷᠳᠠᠯᠭ᠎ᠠ ᠶᠢ ᠪᠦᠷᠢᠨ ᠬᠡᠷᠡᠭᠵᠢᠬᠦᠯᠵᠦ᠂ ᠠᠷᠠᠳ ᠲᠥᠮᠡᠨ ᠤ ︽ᠬᠤᠭᠤᠯᠠ ᠬᠦᠨᠡᠰᠦᠨ ᠤ ᠠᠶᠤᠯᠭᠦᠢ ᠪᠠᠶᠢᠳᠠᠯ︾ ᠢ ᠦᠨᠡᠨᠬᠦ ᠪᠠᠲᠤᠯᠠᠬᠤ ᠬᠡᠷᠡᠭᠳᠡᠢ ᠭᠡᠪᠡ᠃            ᠬᠤᠰᠢᠭᠤ ᠳᠡᠳ᠋ ᠳᠠᠷᠤᠭ᠎ᠠ ᠵᠣᠷᠢᠭᠰᠠᠶᠢᠬᠠᠨ ᠵᠢᠴᠢ ᠵᠠᠰᠠᠭ ᠤᠨ ᠣᠷᠳᠣᠨ ᠤ ᠠᠯᠪᠠᠨ ᠬᠡᠷ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶᠠᠨ ᠤ ᠬᠠᠷᠢᠭᠤᠴᠠᠯᠭᠠᠲᠠᠨ ᠪᠠᠷ᠎ᠠ ᠪᠣᠯᠴᠠᠭᠠᠪᠠ᠃  ᠣᠷᠠᠯᠢᠭ ᠣᠷᠴᠢᠭᠤᠯᠵᠣ ᠮᠦᠳᠡᠭ ᠣᠷᠴᠢᠭᠤᠯᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号