ᠰᠢᠯᠤᠭᠤᠨ ᠬᠥᠬᠡ ᠬᠤᠰᠢᠭᠤ ᠥᠪᠡᠷᠳᠡᠭᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠢ ᠴᠡᠭᠴᠡᠯᠡᠨ ᠵᠠᠰᠠᠬᠤ ᠠᠵᠢᠯ ᠢ ᠳᠠᠶᠢᠴᠢᠯᠠᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/5/13
           5 ᠰᠠᠷ᠎ᠠ ᠶᠢᠨ 11 ᠤ ᠡᠳᠦᠷ᠂ ᠰᠢᠯᠤᠭᠤᠨ ᠬᠥᠬᠡ ᠬᠤᠰᠢᠭᠤ ᠥᠪᠡᠷᠳᠡᠭᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠢ ᠴᠡᠭᠴᠡᠯᠡᠨ ᠵᠠᠰᠠᠬᠤ ᠠᠵᠢᠯ ᠢ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠯᠢᠦ ᠰᠢᠶᠣᠤ ᠮᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠳᠡᠳ᠋ ᠬᠤᠰᠢᠭᠤ ᠳᠠᠷᠤᠭ᠎ᠠ ᠠᠮᠵᠢᠯᠲᠤ ᠬᠤᠷᠠᠯ ᠡᠷᠭᠢᠯᠡᠪᠡ᠃           ᠬᠤᠷᠠᠯ ᠠᠴᠠ ᠶᠠᠭᠤᠨ ᠤ ᠤᠷᠢᠳ ᠪᠥᠬᠦ ᠬᠤᠰᠢᠭᠤᠨ ᠤ ᠥᠪᠡᠷᠳᠡᠭᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠴᠡᠭᠴᠡᠯᠡᠭᠰᠡᠨ ᠪᠠᠶᠢᠳᠠᠯ ᠢ ᠵᠠᠷᠯᠠᠨ ᠮᠡᠳᠡᠭᠳᠡᠭᠰᠡᠨ ᠪᠦᠭᠡᠳ ᠥᠪᠡᠷᠳᠡᠭᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠢ ᠲᠤᠰᠬᠠᠢ ᠴᠡᠭᠴᠡᠯᠡᠨ ᠵᠠᠰᠠᠬᠤ ᠠᠵᠢᠯ ᠪᠣᠯ ᠶᠡᠷᠦᠩᠬᠡᠢ ᠱᠦᠵᠢ ᠰᠢ ᠶᠢᠨ ᠫᠢᠩ ᠤᠨ ᠭᠤᠣᠯᠳᠠᠯᠭ᠎ᠠ ᠲᠠᠢ ᠬᠠᠯᠠᠮᠵᠢᠯᠠᠵᠤ᠂ ᠳᠣᠰᠬᠠᠶᠢᠯᠠᠨ ᠪᠠᠶᠢᠷᠢᠯᠠᠭᠤᠯᠤᠭᠰᠠᠨ ᠴᠢᠬᠤᠯᠠ ᠠᠵᠢᠯ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠠᠲᠤ ᠴᠢᠩᠭ᠎ᠠ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠥᠪᠡᠷᠳᠡᠭᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠱᠠᠯᠠᠪᠳᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠰᠠᠭᠤᠭᠠᠯᠢ ᠠᠷᠠᠳ ᠤᠨ ᠥᠪᠡᠷᠳᠡᠭᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠢ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠵᠤ᠂ ᠠᠮᠤᠷ ᠲᠦᠪᠰᠢᠨ ᠤ ᠰᠡᠷᠡᠮᠵᠢ ᠶᠢᠨ ᠱᠤᠭᠤᠮ ᠢ ᠴᠢᠩᠭ᠎ᠠ ᠰᠠᠬᠢᠵᠤ᠂ ᠠᠶᠤᠯᠭᠦᠢ ᠦᠢᠯᠡᠳᠪᠦᠷᠢᠯᠡᠯ ᠤᠨ ᠬᠦᠨᠳᠦ ᠨᠤᠴᠢᠳᠠᠢ ᠠᠳᠡᠯ ᠣᠰᠣᠯ ᠭᠠᠷᠬᠤ ᠶᠢ ᠦᠨᠡᠨ ᠬᠦ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠵᠢᠭᠠᠪᠠ᠃             ᠬᠤᠷᠠᠯ ᠠᠴᠠ᠂ ᠡᠯ᠎ᠡ ᠰᠤᠮᠤ ᠪᠠᠯᠭᠠᠰᠤ ᠲᠠᠯᠠᠪᠠᠢ᠂ ᠡᠯ᠎ᠡ ᠰᠠᠯᠠᠭ᠎ᠠ ᠮᠥᠴᠢᠷ ᠠᠳᠡᠯ ᠣᠰᠣᠯ ᠠᠴᠠ ᠰᠤᠷᠭᠠᠮᠵᠢ ᠠᠪᠴᠤ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠰᠡᠷᠡᠮᠵᠢ ᠶᠢᠨ ᠱᠤᠭᠤᠮ ᠢ ᠪᠠᠲᠤ ᠰᠠᠬᠢᠵᠤ᠂ ᠭᠡᠷ ᠪᠠᠶᠢᠰᠢᠩ ᠤᠨ ᠠᠮᠤᠷ ᠲᠦᠪᠰᠢᠨ ᠤ ᠭᠡᠮ ᠰᠣᠭᠤᠭ ᠢ ᠪᠠᠶᠢᠴᠠᠭᠠᠨ ᠴᠡᠭᠴᠡᠯᠡᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠦᠨᠳᠦ ᠨᠣᠴᠢᠲᠠᠢ ᠠᠳᠡᠯ ᠭᠠᠷᠬᠤ ᠠᠴᠠ ᠰᠡᠷᠭᠡᠶᠢᠯᠡᠬᠦ ᠬᠡᠷᠡᠭᠲᠡᠢ᠃ ᠲᠦᠭᠰᠢᠭᠦᠷᠢ ᠶᠢᠨ ᠳᠠᠯᠳᠠ ᠬᠡᠮ ᠢ ᠦᠷᠭᠦᠯᠵᠢᠯᠡᠨ ᠭᠦᠨᠵᠡᠭᠡᠶ ᠪᠠᠶᠢᠴᠠᠭᠠᠵᠤ᠂ ᠲᠠᠩᠰᠠ ᠡᠪᠬᠡᠮᠡᠯ ᠪᠠᠶᠢᠭᠤᠯᠤᠨ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠨᠢᠭᠡᠨᠲᠡ ᠪᠠᠶᠢᠴᠠᠭᠠᠨ ᠢᠯᠡᠷᠡᠭᠦᠯᠦᠭᠰᠡᠨ ᠠᠰᠠᠭᠤᠳᠠᠯ ᠢ ᠲᠥᠷᠥᠯ ᠬᠤᠪᠢᠶᠠᠨ ᠪᠣᠳᠣᠯᠭ᠎ᠠ ᠳᠣᠭᠲᠠᠭᠠᠵᠤ᠂ ᠥᠪᠡᠷᠲᠡᠭᠡᠨ  ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠬᠡᠮ ᠢ ᠬᠢᠨᠠᠨ ᠡᠵᠡᠮᠳᠡᠵᠦ᠂ ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ ᠪᠠᠶᠢᠬᠤ ᠬᠡᠷᠡᠭᠲᠡᠶ ᠃ ᠨᠢᠭᠡᠳᠦᠯᠲᠡᠢ ᠲᠥᠯᠥᠪᠯᠡᠨ ᠨᠡᠶᠢᠳᠡ ᠳᠤᠨᠢ ᠬᠠᠷᠠᠭᠠᠯᠵᠠᠵᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠤᠯᠠᠨ ᠵᠦᠢᠯ ᠤᠨ ᠬᠡᠯᠪᠡᠷᠢ ᠪᠠᠷ ᠪᠠᠷᠢᠯᠭ᠎ᠠ ᠶᠢᠨ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠤᠯᠠᠨ ᠲᠦᠮᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠮᠤᠷ ᠲᠦᠪᠰᠢᠨ ᠤ ᠲᠠᠯᠳᠠ ᠭᠡᠮ ᠢ ᠦᠭᠡᠶᠢᠰᠬᠡᠬᠦ ᠬᠡᠷᠡᠭᠲᠡᠢ᠃ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠪᠠ ᠠᠷᠠᠳ ᠲᠦᠮᠡᠨ ᠳᠤ ᠬᠠᠷᠢᠭᠤᠴᠠᠬᠤ ᠵᠣᠷᠢᠭ ᠰᠠᠨᠠᠭ᠎ᠠ ᠪᠠᠷ ᠶᠡᠭᠡ ᠲᠠᠯ᠎ᠠ ᠶᠢ ᠪᠤᠳᠣᠯᠬᠢᠯᠠᠵᠤ᠂ ᠰᠡᠷᠡᠮᠵᠢ ᠶᠢᠨ ᠱᠤᠭᠤᠮ ᠢ ᠪᠠᠲᠤ ᠰᠠᠬᠢᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ᠂  ᠥᠪᠡᠷᠳᠡᠭᠡᠨ ᠪᠠᠷᠢᠭᠰᠠᠨ ᠬᠡᠷ ᠪᠠᠶᠢᠰᠢᠩ ᠢ ᠪᠠᠶᠢᠴᠠᠭᠠᠨ ᠴᠡᠭᠴᠡᠯᠡᠬᠦ ᠠᠵᠢᠯ ᠢ ᠰᠠᠶᠢᠲᠤᠷ ᠬᠢᠵᠦ᠂ ᠠᠳᠡᠯ ᠣᠰᠣᠯ ᠤᠨ ᠬᠡᠮ ᠰᠣᠭᠤᠭ ᠢ ᠡᠷᠴᠢᠮᠳᠠᠢ ᠦᠭᠡᠶᠢᠰᠬᠡᠵᠦ᠂ ᠬᠦᠨᠳᠦ ᠨᠤᠴᠢᠳᠠᠢ ᠠᠳᠡᠯ ᠣᠰᠣᠯ ᠭᠠᠷᠬᠤ ᠠᠴᠠ ᠰᠡᠷᠭᠡᠶᠢᠯᠡᠬᠦ ᠬᠡᠷᠡᠭᠲᠡᠶ᠃ ᠠᠷᠠᠳ ᠤᠯᠠᠨ ᠤ ᠠᠮᠢ ᠨᠠᠰᠤ ᠪᠠ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠰᠢᠯᠢᠳᠡᠭ ᠠᠮᠵᠢᠯᠲᠠ ᠪᠦᠳᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠢ ᠠᠮᠵᠢᠯᠲᠠ ᠲᠠᠢ ᠪᠠᠷ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃           ᠡᠯ᠎ᠡ ᠰᠤᠮᠤ ᠪᠠᠯᠭᠠᠰᠤ ᠲᠠᠯᠠᠪᠠᠢ᠂ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃  ᠣᠶᠣᠨᠰᠡᠷᠭᠦᠯᠡᠩ ᠣᠷᠴᠢᠭᠤᠯᠵᠣ ᠮᠦᠳᠡᠭ ᠣᠷᠴᠢᠭᠤᠯᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号