| | 6 ᠰᠠᠷ᠎ᠠ ᠶᠢᠨ 11 ᠤ ᠡᠳᠦᠷ ᠤᠨ ᠰᠢᠷᠦᠭᠦᠨ ᠪᠣᠷᠤᠭ᠎ᠠ ᠲᠣᠭᠰᠢᠨ ᠰᠠᠯᠬᠢᠨ ᠢᠶᠠᠷ ᠰᠢᠯᠤᠭᠤᠨ ᠬᠥᠬᠡ | ᠬᠤᠰᠢᠭᠤᠨ ᠤ ᠰᠠᠩ ᠤᠨ ᠲᠡᠯᠡᠶ ᠪᠠᠯᠭᠠᠰᠤᠨ ᠤ 10 ᠭᠠᠴᠠᠭ᠎ᠠ ᠨᠢ ᠠᠳᠠᠯᠢ ᠪᠤᠰᠤ ᠬᠡᠮᠵᠢᠶ᠎ᠡ ᠪᠠᠷ ᠭᠠᠮᠰᠢᠭᠳᠠᠭᠰᠠᠨ | ᠪᠠᠶᠢᠨ᠎ᠠ᠃ ᠪᠠᠯᠭᠠᠰᠤᠨ ᠤ ᠺᠠᠳ᠋ᠷ ᠣᠯᠠᠨ ᠲᠦᠮᠡᠨ ᠳᠠᠷᠤᠶᠢᠬᠠᠨ ᠭᠠᠮᠰᠢᠭ ᠢ ᠰᠡᠷᠭᠡᠶᠢᠯᠡᠵᠦ᠂ ᠭᠠᠮᠰᠢᠭ ᠲᠠᠢ ᠲᠡᠮᠡᠴᠡᠬᠦ | ᠠᠵᠢᠯ ᠳᠤ ᠢᠳᠡᠪᠬᠢᠯᠡᠨ ᠣᠷᠣᠯᠴᠠᠵᠤ᠂ ᠭᠠᠮᠰᠢᠭ ᠠᠴᠠ ᠪᠣᠯᠤᠭᠰᠠᠨ ᠬᠤᠬᠢᠷᠠᠯ ᠢ ᠴᠢᠷᠮᠠᠶᠢᠨ ᠪᠠᠭᠠᠰᠬᠠᠵᠤ᠂ | ᠭᠠᠮᠰᠢᠭ ᠤᠨ ᠳᠠᠷᠠᠭᠠᠬᠢ ᠰᠡᠷᠭᠦᠭᠡᠨ ᠪᠠᠶᠢᠭᠤᠯᠬᠤ ᠠᠵᠢᠯ ᠢ ᠡᠮᠬᠢ ᠴᠡᠭᠴᠡ ᠲᠠᠢ ᠥᠷᠨᠢᠭᠦᠯᠪᠡ᠃ | 6 ᠰᠠᠷ᠎ᠠ ᠶᠢᠨ 17 ᠤ ᠡᠳᠦᠷ᠂ ᠰᠤᠷᠪᠤᠯᠵᠢᠯᠠᠭᠴᠢ ᠬᠦᠨᠳᠦ ᠶᠡᠭᠡ ᠪᠠᠷ ᠭᠠᠮᠰᠢᠭᠳᠠᠭᠰᠠᠨ ᠲᠥᠭᠦᠷᠢᠭ | ᠭᠠᠴᠠᠭ᠎ᠠ ᠳᠤ ᠬᠦᠷᠬᠦ ᠳᠤ᠂ ᠰᠡᠳᠬᠢᠯ ᠢᠶᠠᠷ ᠤᠨᠠᠭᠰᠠᠨ ᠪᠣᠶᠣ ᠡᠯᠡᠢ ᠬᠤᠯᠠᠢ ᠪᠠᠶᠢᠳᠠᠯ ᠬᠠᠷᠠᠭᠳᠠᠭᠰᠠᠨ ᠦᠭᠡᠢ᠂ | ᠬᠠᠷᠢᠨ ᠺᠠᠳ᠋ᠷ ᠤᠯᠠᠨ ᠲᠦᠮᠡᠨ ᠰᠡᠳᠬᠢᠯ ᠨᠢᠭᠡᠳᠦᠨ ᠬᠠᠮᠲᠤ ᠪᠠᠷ ᠰᠡᠷᠭᠦᠭᠡᠨ ᠪᠠᠶᠢᠭᠤᠯᠤᠯᠲᠠ ᠬᠢᠵᠦ ᠪᠠᠶᠢᠭ᠎ᠠ ᠳᠦᠷᠢ | ᠵᠢᠷᠤᠭ ᠲᠣᠳᠤᠷᠠᠯᠠ᠃ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠠᠵᠢᠯᠴᠢᠳ ᠭᠡᠷ ᠤᠨ ᠣᠷᠣᠶ ᠶᠢ ᠰᠡᠯᠪᠢᠨ ᠵᠠᠰᠠᠬᠤ | ᠠᠵᠢᠯ ᠢᠶᠠᠨ ᠶᠠᠭᠠᠷᠠᠯᠲᠠᠶ ᠬᠢᠵᠦ ᠪᠠᠶᠢᠪᠠ᠃ | ᠭᠠᠮᠰᠢᠭ ᠤᠨ ᠳᠠᠷᠠᠭ᠎ᠠ᠂ ᠰᠠᠩ ᠤᠨ ᠲᠡᠯᠡᠶ ᠪᠠᠯᠭᠠᠰᠤ ᠨᠢ ᠳᠠᠷᠦ᠋ᠢᠬᠠᠨ ᠭᠠᠮᠰᠢᠭ ᠢ ᠰᠡᠷᠭᠡᠶᠢᠯᠡᠵᠦ᠂ | ᠭᠠᠮᠰᠢᠭ ᠠᠴᠠ ᠠᠪᠤᠷᠬᠠᠤ ᠠᠵᠢᠯ ᠥᠷᠨᠢᠭᠦᠯᠵᠦ᠂ ᠲᠤᠰᠬᠠᠶ ᠲᠣᠭᠤᠶᠢᠯᠠᠩ ᠪᠠᠶᠢᠭᠤᠯᠤᠨ᠂ ᠭᠠᠮᠰᠢᠭ ᠠᠴᠠ ᠠᠪᠤᠷᠬᠠᠤ | ᠠᠵᠢᠯ ᠤᠨ ᠲᠥᠰᠦᠯ ᠲᠣᠭᠲᠠᠭᠠᠵᠤ᠂ ᠳᠠᠭᠠᠭᠠᠴᠢᠯᠠᠨ ᠳᠡᠮᠵᠢᠬᠦ ᠪᠠᠶᠢᠭᠤᠯᠭ᠎ᠠ ᠨᠢᠭᠡᠴᠡ᠂ ᠪᠠᠯᠭᠠᠰᠤᠨ ᠤ ᠺᠠᠳ᠋ᠷ ᠪᠣᠯᠤᠨ | ᠭᠠᠴᠠᠭᠠᠨ ᠤ ︽ᠬᠤᠶᠠᠷ ᠵᠥᠪᠯᠡᠯ︾ ᠢ ᠵᠣᠬᠢᠶᠠᠨ ᠪᠠᠶᠢᠭᠤᠯᠵᠤ ᠳᠤᠭᠤᠶᠢᠯᠠᠩ ᠬᠤᠪᠢᠶᠠᠨ᠂ ᠰᠥᠨᠢ ᠳᠦᠯᠢ ᠪᠠᠷ ᠠᠶᠢᠯ | ᠳᠠᠷᠠᠭᠠᠯᠠᠨ ᠭᠠᠮᠰᠢᠭ ᠤᠨ ᠬᠤᠬᠢᠷᠠᠯ ᠢ ᠪᠠᠶᠢᠴᠠᠭᠠᠭᠰᠠᠨ ᠤ ᠬᠠᠮᠲᠤ ᠭᠠᠮᠰᠢᠭᠳᠠᠭᠰᠠᠨ ᠣᠯᠠᠨ ᠲᠦᠮᠡᠨ ᠢ | ᠲᠣᠬᠤᠨᠢᠭᠤᠯᠵᠠᠢ᠃ 45 ᠬᠥᠮᠦᠨ ᠢ ᠨᠡᠭᠦᠯᠭᠡᠨ ᠲᠥᠪᠬᠢᠨᠡᠭᠦᠯᠵᠦ᠂ ᠣᠯᠠᠨ ᠲᠦᠮᠡᠨ ᠤ ᠠᠮᠢ ᠨᠠᠰᠤᠨ ᠤ ᠠᠮᠤᠷ | ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠭᠰᠠᠨ ᠪᠥᠭᠡᠳ ᠭᠠᠮᠰᠢᠭᠳᠠᠭᠰᠠᠨ ᠪᠠᠶᠢᠳᠠᠯ ᠢ ᠪᠤᠳᠠᠲᠠᠢ ᠦᠢᠯᠠᠭᠠᠵᠤ᠂ | ᠳᠡᠭᠡᠳᠦ ᠱᠠᠲᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠭᠠᠮᠰᠢᠭ ᠤᠨ ᠳᠠᠷᠠᠭᠠᠬᠢ ᠦᠢᠯᠡᠳᠪᠦᠷᠢᠯᠡᠯ | ᠠᠮᠢᠳᠤᠷᠠᠯ ᠢ ᠰᠡᠷᠭᠦᠭᠡᠬᠦ ᠠᠵᠢᠯ ᠢ ᠡᠮᠬᠢ ᠴᠡᠭᠴᠡ ᠲᠠᠢ ᠥᠷᠨᠢᠭᠦᠯᠪᠡ᠃ | ︽ᠰᠠᠩ ᠤᠨ ᠲᠠᠯᠠᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ | ᠦᠵᠡᠰᠭᠦᠯᠡᠩ ᠬᠡᠯᠡᠬᠦ ᠳᠡᠭᠡᠨ᠄ ᠭᠠᠮᠰᠢᠭ ᠤᠨ ᠳᠠᠷᠠᠭ᠎ᠠ᠂ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ | ᠤᠳᠤᠷᠢᠳᠬᠤ ᠺᠠᠳ᠋ᠷᠴᠤᠳ ᠳᠠᠷᠤᠶ ᠲᠦᠷᠭᠡᠨ ᠲᠤᠬᠠᠶ ᠶᠢᠨ ᠲᠠᠯᠠᠪᠠᠶ ᠳᠤ ᠬᠦᠷᠴᠦ᠂ ᠵᠠᠮ ᠵᠠᠰᠠᠬᠤ ᠪᠠ ᠴᠠᠬᠢᠯᠭᠠᠨ | ᠬᠦᠴᠦᠨ ᠢ ᠰᠡᠷᠭᠦᠭᠡᠬᠦ ᠠᠵᠢᠯ ᠢ ᠰᠠᠶᠢᠲᠤᠷ ᠬᠢᠪᠡ᠃ ᠪᠠᠴᠢᠮ ᠪᠠᠶᠢᠳᠠᠯ ᠢ ᠠᠷᠭᠠᠴᠠᠬᠤ᠂ ᠠᠷᠠᠳ ᠤᠨ ᠶᠠᠪᠤᠳᠠᠯ᠂ | ᠲᠠᠷᠢᠶᠠᠯᠠᠩ ᠮᠠᠯ ᠠᠵᠤ ᠠᠬᠤᠶ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠵᠡᠷᠭᠡ | ᠬᠠᠮᠢᠶ᠎ᠠ ᠪᠥᠬᠦᠶ ᠰᠠᠯᠠᠭ᠎ᠠ ᠮᠥᠴᠢᠷ ᠨᠢ ᠴᠤ ᠲᠡᠷᠡ ᠳᠠᠷᠤᠶ ᠳᠠᠭᠠᠨ ᠬᠦᠷᠴᠦ ᠢᠷᠡᠵᠡᠢ᠃ ᠪᠠᠯᠭᠠᠰᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠨᠢ ᠬᠤᠰᠢᠭᠤ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤ ᠪᠠᠷ ᠭᠠᠮᠰᠢᠭ ᠤᠨ | ᠳᠠᠷᠠᠭᠠᠬᠢ ᠰᠡᠷᠭᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠲᠥᠯᠦᠪᠯᠡᠪᠡ᠃ ᠣᠳᠣᠬᠠᠨ ᠳᠤ ᠶᠠᠭ ᠭᠡᠷ | ᠪᠠᠶᠢᠰᠢᠩ ᠢ ᠰᠡᠯᠪᠢᠨ ᠵᠠᠰᠠᠵᠤ ᠪᠤᠢ᠂ ᠪᠠᠷᠤᠭ ᠨᠢᠭᠡ ᠭᠠᠷᠠᠭ ᠲᠤ ᠠᠵᠢᠯ ᠢᠶᠠᠨ ᠳᠠᠭᠤᠰᠬᠠᠴᠢᠬᠠᠨ᠎ᠠ᠃ ᠳᠠᠷᠠᠭ᠎ᠠ ᠳᠤ ᠨᠢ | ᠭᠠᠮᠰᠢᠭ ᠠᠴᠠ ᠠᠪᠤᠷᠠᠬᠤ ᠪᠡᠯᠡ ᠮᠥᠩᠭᠦ ᠶᠢᠨ ᠲᠣᠬᠢᠷᠠᠭᠤᠯᠤᠯᠲᠠ ᠶᠢ ᠦᠨᠳᠦᠰᠦᠯᠡᠨ ᠪᠣᠳᠠᠲᠠᠶ ᠲᠥᠰᠦᠯ ᠲᠣᠭᠲᠠᠭᠠᠬᠤ | ᠪᠣᠯᠤᠨ᠎ᠠ ᠭᠡᠵᠡᠢ᠃ | ᠬᠤᠰᠢᠭᠤ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠴᠠᠭ ᠲᠤᠬᠠᠶ ᠳᠤᠨᠢ ᠣᠨᠴᠠᠭᠠᠶ | ᠭᠠᠮᠰᠢᠭ ᠤᠨ ᠪᠠᠶᠢᠳᠠᠯ ᠳᠤ ᠴᠢᠭᠯᠡᠭᠦᠯᠦᠨ ᠣᠨᠴᠠᠭᠠᠶ ᠠᠷᠭ᠎ᠠ ᠬᠡᠮᠵᠢᠶ᠎ᠡ ᠠᠪᠴᠤ᠂ ᠣᠳᠣ ᠨᠢᠭᠡᠨᠲᠡ ᠴᠠᠬᠢᠯᠭᠠᠨ | ᠨᠡᠪᠲᠡᠷᠡᠵᠦ᠂ ᠪᠠᠶᠢᠰᠢᠩ ᠤᠨ ᠣᠷᠣᠶ ᠶᠢ ᠵᠠᠰᠠᠨ ᠰᠡᠯᠪᠢᠬᠦ ᠠᠵᠢᠯ ᠦᠷᠭᠦᠯᠵᠢᠯᠡᠵᠦ ᠪᠤᠢ᠃ | ᠣᠳᠣᠬᠠᠨ ᠪᠣᠯᠲᠠᠯ᠎ᠠ᠂ ᠰᠠᠩ ᠤᠨ ᠲᠡᠯᠡᠶ ᠪᠠᠯᠭᠠᠰᠤ ᠨᠢ ᠲᠥᠭᠦᠷᠢᠭ ᠭᠠᠴᠠᠭᠠᠨ ᠤ 31 ᠭᠠᠮᠰᠢᠭᠳᠠᠭᠰᠠᠨ | ᠡᠷᠦᠬᠡ ᠲᠠᠢ ᠪᠠᠶᠢᠰᠢᠩ ᠤᠨ ᠣᠷᠣᠶ ᠶᠢ ᠰᠡᠯᠪᠢᠨ ᠵᠠᠰᠠᠬᠤ ᠬᠡᠯᠡᠯᠴᠡᠭᠡᠷ ᠲᠣᠭᠲᠠᠵᠤ᠂ 7 ᠪᠠᠷᠢᠯᠭ᠎ᠠ ᠶᠢᠨ ᠠᠩᠭᠢ | ᠵᠠᠯᠠᠭᠰᠠᠨ ᠪᠥᠭᠡᠳ ᠨᠢᠭᠡᠨᠲᠡ 15 ᠠᠶᠢᠯ ᠤᠨ ᠬᠢ ᠶᠢ ᠵᠠᠰᠠᠵᠤ ᠳᠠᠭᠤᠰᠬᠠᠪᠠ᠃ ᠶᠡᠬᠡᠲᠠᠯ᠎ᠠ ᠭᠠᠴᠠᠭ᠎ᠠ ᠨᠢ 6 ᠡᠷᠦᠬᠡ | ᠲᠠᠢ ᠬᠡᠯᠡᠯᠴᠡᠭᠡᠷ ᠲᠣᠭᠲᠠᠵᠤ᠂ 1 ᠡᠷᠦᠬᠡ ᠶᠢᠨ ᠬᠢ ᠶᠢ ᠨᠢ ᠨᠢᠭᠡᠨᠲᠡ ᠵᠠᠰᠠᠵᠤ ᠳᠠᠭᠤᠰᠬᠠᠪᠠ᠃ ᠪᠤᠯᠠᠭᠠᠨ ᠴᠠᠭᠠᠨ | ᠭᠠᠴᠠᠭ᠎ᠠ ᠤ 8 ᠡᠷᠦᠬᠡ ᠲᠠᠢ ᠬᠡᠯᠡᠯᠴᠡᠭᠡᠷ ᠲᠣᠭᠲᠠᠵᠤ᠂ 4 ᠡᠷᠦᠬᠡ ᠶᠢᠨ ᠬᠢ ᠶᠢ ᠨᠢ ᠵᠠᠰᠠᠵᠤ ᠳᠠᠭᠤᠰᠬᠠᠨ᠂ 1 | ᠡᠷᠦᠬᠡ ᠨᠢ ᠬᠡᠯᠡᠯᠴᠡᠭᠡᠷ ᠲᠣᠭᠲᠠᠭᠰᠠᠨ ᠦᠭᠡᠢ ᠪᠣᠯᠪᠠᠴᠤ ᠥᠪᠡᠷᠲᠡᠭᠡᠨ ᠵᠠᠰᠠᠨ ᠰᠡᠯᠪᠢᠭᠰᠡᠨ ᠪᠠᠶᠢᠨ᠎ᠠ᠃ ᠲᠠᠪᠤᠨ | ᠤᠳᠤ ᠭᠠᠴᠠᠭ᠎ᠠ ᠨᠢ 1 ᠡᠷᠦᠬᠡ ᠲᠠᠢ ᠬᠡᠯᠡᠯᠴᠡᠭᠡᠷ ᠲᠣᠭᠲᠠᠵᠤ᠂ ᠨᠢᠭᠡᠨᠲᠡ ᠵᠠᠰᠠᠵᠤ ᠳᠠᠭᠤᠰᠬᠠᠪᠠ᠃ | ᠭᠠᠮᠰᠢᠭ ᠠᠴᠠ ᠨᠠᠰᠢ᠂ ᠰᠠᠩ ᠤᠨ ᠲᠡᠯᠡᠶ ᠪᠠᠯᠭᠠᠰᠤ ᠨᠢ 20 ᠲᠦᠮᠡᠨ ᠲᠥᠭᠦᠷᠢᠭ ᠤᠨ ᠡᠯ᠎ᠡ | ᠲᠥᠷᠥᠯ ᠤᠨ ᠭᠠᠮᠰᠢᠭ ᠤᠨ ᠳᠠᠷᠠᠭᠠᠬᠢ ᠰᠡᠷᠭᠦᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠲᠣᠰᠣᠨ ᠣᠯᠵᠤ᠂ | ᠨᠡᠶᠢᠲᠡ 0. 64 ᠲᠦᠮᠡᠨ ᠲᠥᠭᠦᠷᠢᠭ ᠤᠨ ᠲᠥᠪᠬᠢᠨᠡᠭᠦᠯᠬᠦ ᠨᠥᠬᠦᠪᠥᠷᠢ ᠪᠠᠭᠤᠯᠭᠠᠨ᠂ ᠭᠠᠮᠰᠢᠭ ᠤᠨ ᠳᠠᠷᠠᠭᠠᠬᠢ | ᠵᠠᠰᠠᠯᠲᠠ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠵᠤ ᠪᠣᠶ᠃ | |