ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/20
     ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢ ᠳᠡᠮᠵᠢᠬᠦ ᠪᠠ ᠨᠢᠭᠡ ᠯᠡ ᠤᠳᠠᠭ᠎ᠠ ᠳᠤ ᠤᠯᠠᠨ ᠶᠠᠪᠤᠳᠠᠯ ᠢ ᠪᠦᠲᠦᠭᠡᠬᠦ ᠲᠦᠷᠦᠯ ᠵᠦᠢᠯ ᠢ ᠠᠬᠢᠭᠤᠯᠬᠤ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠨᠡᠩ ᠰᠠᠶᠢᠲᠤᠷ ᠥᠷᠭᠡᠳᠬᠡᠵᠦ᠂ ᠬᠡᠷᠡᠭᠯᠡᠭᠡ ᠪᠠ ᠠᠵᠢᠯ ᠣᠯᠭᠤᠯᠲᠠ ᠶᠢ ᠳᠠᠶᠢᠴᠢᠯᠠᠬᠤ ᠬᠡᠷᠡᠭᠲᠡᠢ ᠭᠡᠵᠡᠢ᠃      ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠪᠠᠶᠢᠭᠤᠯᠭ᠎ᠠ ᠨᠢᠭᠡᠴᠢ ᠶᠢᠨ ᠰᠦᠢᠳᠬᠡᠯ ᠲᠤᠰᠢᠶᠠᠬᠤ ᠶᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠵᠤ᠂ ᠬᠦᠴᠢᠷᠳᠡᠯ ᠢ ᠨᠠᠮᠳᠠᠭᠤᠯᠬᠤ ᠪᠠ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢ ᠬᠦᠴᠦᠯᠡᠨ ᠳᠡᠮᠵᠢᠬᠦ ᠪᠠᠷ ᠲᠣᠭᠲᠠᠭᠠᠪᠠ᠃      ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠭᠰᠡᠨ ᠰᠦᠢᠳᠬᠡᠯ ᠬᠤᠷᠢᠶᠠᠯᠲᠠ ᠶᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠬᠤᠶᠢᠰᠢᠯᠠᠭᠤᠯᠤᠨ ᠲᠤᠰᠢᠶᠠᠬᠤ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠯᠲᠠ ᠶᠢ ᠪᠠᠶᠢᠷᠢᠯᠠᠭᠤᠯᠬᠤ ᠪᠠᠷ ᠲᠣᠭᠲᠠᠪᠠ᠃      ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 15 ᠤ ᠡᠳᠦᠷ ᠤᠨ ᠴᠠᠬᠢᠯᠭᠠᠨ ᠮᠡᠳᠡᠭᠡ  ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 6 ᠳ᠋ᠤᠭᠠᠷ ᠰᠠᠷ᠎ᠠ ᠶᠢᠨ 15 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢ ᠳᠡᠮᠵᠢᠬᠦ ᠪᠠ ᠨᠢᠭᠡ ᠯᠡ ᠤᠳᠠᠭ᠎ᠠ ᠳᠤ ᠤᠯᠠᠨ ᠶᠠᠪᠤᠳᠠᠯ ᠢ ᠪᠦᠲᠦᠭᠡᠬᠦ ᠲᠦᠷᠦᠯ ᠵᠦᠢᠯ ᠢ ᠠᠬᠢᠭᠤᠯᠬᠤ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠨᠡᠩ ᠰᠠᠶᠢᠲᠤᠷ ᠥᠷᠭᠡᠳᠬᠡᠵᠦ ᠂ ᠬᠡᠷᠡᠭᠯᠡᠭᠡ ᠪᠠ ᠠᠵᠢᠯ ᠣᠯᠭᠤᠯᠲᠠ ᠶᠢ ᠳᠠᠶᠢᠴᠢᠯᠠᠬᠤ ᠬᠡᠷᠡᠭᠲᠡᠢ ᠭᠡᠵᠡᠢ︔ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠪᠠᠶᠢᠭᠤᠯᠭ᠎ᠠ ᠨᠢᠭᠡᠴᠢ ᠶᠢᠨ ᠲᠤᠰᠢᠶᠠᠬᠤ ᠵᠠᠷᠤᠳᠠᠯ ᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠵᠤ᠂ ᠬᠦᠴᠢᠷᠳᠡᠯ ᠢ ᠨᠠᠮᠳᠠᠭᠤᠯᠬᠤ ᠪᠠ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢ ᠬᠦᠴᠦᠯᠡᠨ ᠳᠡᠮᠵᠢᠬᠦ ᠪᠠᠷ ᠲᠣᠭᠲᠠᠪᠠ︔ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠭᠰᠡᠨ ᠰᠦᠢᠳᠬᠡᠯ ᠬᠤᠷᠢᠶᠠᠯᠲᠠ ᠶᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠬᠤᠶᠢᠰᠢᠯᠠᠭᠤᠯᠤᠨ ᠲᠤᠰᠢᠶᠠᠬᠤ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠯᠲᠠ ᠶᠢ ᠪᠠᠶᠢᠷᠢᠯᠠᠭᠤᠯᠬᠤ ᠪᠠᠷ ᠲᠣᠭᠲᠠᠪᠠ᠃      ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠣᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠶᠡᠷᠦᠩᠬᠡᠢ ᠰᠡᠳᠬᠢᠮᠵᠢ᠂ ᠲᠦᠷᠦ ᠶᠢᠨ ᠪᠣᠳᠣᠯᠭ᠎ᠠ ᠶᠢᠨ ᠬᠠᠨᠳᠤᠰᠢ ᠶᠣᠰᠣᠭᠠᠷ᠂ ᠣᠳᠣᠬᠠᠨ ᠤ ᠲᠣᠭᠲᠠᠭᠤᠨ ᠢᠶᠠᠷ ᠨᠡᠮᠡᠭᠳᠡᠭᠦᠯᠬᠦ ᠳᠤ ᠰᠠᠭᠤᠷᠢᠯᠠᠵᠤ᠂ ᠠᠯᠤᠰ ᠬᠡᠳᠦ ᠶᠢ ᠪᠣᠳᠣᠯᠬᠢᠯᠠᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠠᠵᠠ ᠳᠣᠬᠢᠶᠠᠯ ᠢ ᠡᠵᠡᠮᠳᠡᠵᠦ᠂ ᠣᠷᠣᠨ ᠵᠠᠢ ᠶᠢᠨ ᠲᠣᠬᠢᠷᠠᠭᠤᠯᠤᠯ ᠡᠵᠡᠮᠳᠡᠯ ᠢ ᠴᠢᠬᠤᠯᠠᠴᠢᠯᠠᠵᠤ᠂ ᠡᠷᠴᠢᠮ ᠢᠶᠠᠨ ᠡᠷᠡᠰ ᠰᠢᠭᠤᠷᠬᠠᠢ ᠪᠠᠷ ᠴᠢᠩᠭᠠᠷᠠᠭᠤᠯᠵᠤ᠂ ᠠᠵᠤ ᠠᠬᠤᠢ ᠶᠢ ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠶᠢᠨ ᠭᠠᠷᠭᠠᠬᠤ ᠶᠣᠰᠣᠲᠠᠢ ᠶᠢ ᠨᠢ ᠪᠦᠬᠦᠨ ᠢ ᠭᠠᠷᠭᠠᠬᠤ ᠮᠥᠷᠲᠡᠭᠡᠨ ᠵᠣᠭᠤᠰ ᠢ ᠬᠡᠲᠦᠷᠡᠲᠡᠯ᠎ᠡ ᠲᠠᠷᠬᠠᠭᠠᠬᠤ ᠦᠭᠡᠢ᠂ ᠢᠷᠡᠭᠡᠳᠦᠢ ᠳᠤ ᠬᠡᠲᠦᠷᠡᠲᠡᠯ᠎ᠡ ᠵᠠᠷᠤᠬᠤ ᠦᠭᠡᠢ ᠪᠠᠶᠢᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠢᠯ ᠣᠯᠭᠤᠯᠲᠠ ᠶᠢ ᠪᠠᠲᠤᠯᠠᠵᠤ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠶᠢ ᠬᠦᠴᠦᠯᠡᠨ ᠪᠠᠲᠤᠯᠠᠵᠤ᠂ ᠬᠤᠷᠸ᠎ᠠ ᠠᠵᠤ ᠠᠬᠤᠢ ᠶᠢᠨ ᠶᠡᠭᠡ ᠪᠠᠶᠢᠳᠠᠯ ᠢ ᠲᠣᠭᠲᠠᠪᠤᠷᠢᠵᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠵᠢᠭᠠᠬᠤ ᠳᠤ ᠪᠠᠨ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ ᠳᠤ᠂ ᠳᠤᠲᠠᠭᠤᠳᠠᠯ ᠢ ᠨᠥᠬᠦᠪᠦᠷᠢᠯᠡᠨ ᠪᠦᠲᠦᠴᠡ ᠳᠤ ᠲᠣᠬᠢᠷᠠᠭᠤᠯᠤᠯᠲᠠ ᠬᠢᠵᠦ ᠴᠢᠳᠠᠬᠤ ᠮᠥᠷᠲᠡᠭᠡᠨ ᠬᠡᠷᠡᠭᠯᠡᠭᠡ ᠳᠤ ᠵᠣᠬᠢᠴᠠᠭᠤᠯᠤᠨ ᠠᠵᠢᠯ ᠣᠯᠭᠤᠯᠲᠠ ᠶᠢ ᠥᠷᠭᠡᠳᠬᠡᠵᠦ ᠴᠢᠳᠠᠬᠤ ᠨᠢᠭᠡ ᠯᠡ ᠤᠳᠠᠭ᠎ᠠ ᠳᠤ ᠤᠯᠠᠨ ᠶᠠᠪᠤᠳᠠᠯ ᠢ ᠪᠦᠲᠦᠭᠡᠬᠦ ᠲᠦᠷᠦᠯ ᠵᠦᠢᠯ ᠢ ᠡᠬᠢᠯᠡᠭᠦᠯᠬᠦ ᠶᠢ ᠴᠢᠬᠤᠯᠠᠴᠢᠯᠠᠵᠤ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠳᠠᠶᠢᠴᠢᠯᠠᠬᠤ ᠬᠡᠷᠡᠭᠲᠡᠢ᠃ ᠠᠷᠠᠳ ᠤᠨ ᠳᠤᠮᠳᠠᠬᠢ ᠪᠡᠯᠡ ᠣᠷᠣᠭᠤᠯᠤᠯᠲᠠ ᠨᠢ ᠪᠦᠬᠦ ᠨᠡᠶᠢᠭᠡᠮ ᠤᠨ ᠪᠡᠯᠡ ᠣᠷᠣᠭᠤᠯᠤᠯᠲᠠ ᠶᠢᠨ ᠬᠠᠭᠠᠰ ᠠᠴᠠ ᠳᠡᠭᠡᠭᠰᠢᠬᠢ ᠶᠢ ᠡᠵᠡᠯᠡᠵᠦ ᠪᠠᠶᠢᠭ᠎ᠠ ᠪᠣᠯᠬᠤᠷ ︽ᠬᠤᠶᠠᠷ ᠥᠴᠥᠬᠡᠨ ᠴᠦ ᠭᠤᠶᠢᠪᠢᠯᠵᠠᠭᠤᠯᠬᠤ ᠦᠭᠡᠢ︾ ᠶᠢ ᠪᠠᠷᠢᠮᠲᠠᠯᠠᠵᠤ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠠᠷᠭ᠎ᠠ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠᠷ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠨᠢᠭᠡ ᠳᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ 102 ᠵᠦᠢᠯ ᠤᠨ ᠴᠢᠬᠤᠯᠠ ᠶᠡᠭᠡ ᠢᠨᠵᠧᠨᠧᠷᠢᠩ ᠪᠠ ᠤᠯᠤᠰ ᠠᠴᠠ ᠲᠣᠳᠣᠷᠬᠠᠢ ᠲᠣᠭᠲᠠᠭᠠᠭᠰᠠᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠨᠢᠭᠡ ᠪᠦᠯᠦᠭ ᠵᠢᠱᠢᠶ᠎ᠡ ᠦᠵᠡᠭᠦᠯᠬᠦ ᠲᠥᠷᠥᠯ ᠵᠦᠢᠯ ᠢ ᠰᠣᠩᠭᠤᠵᠤ ᠠᠷᠠᠳ ᠤᠨ ᠬᠥᠷᠥᠩᠭᠡ ᠶᠢ ᠲᠠᠳᠠᠨ ᠣᠷᠣᠭᠤᠯᠤᠨ᠎ᠠ᠃ ᠨᠢᠭᠡᠨᠲᠡ ᠲᠣᠭᠲᠠᠭᠠᠭᠰᠠᠨ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠲᠥᠷᠥᠯ ᠵᠦᠢᠯ ᠢ ᠲᠦᠷᠭᠡᠪᠴᠢᠯᠡᠨ ᠠᠬᠢᠭᠤᠯᠵᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠠᠪᠤᠴᠠ ᠳᠤ ᠠᠷᠠᠳ ᠤᠨ ᠳᠤᠮᠳᠠᠬᠢ ᠪᠡᠯᠡ ᠣᠷᠣᠭᠤᠯᠤᠯᠲᠠ ᠳᠤ ᠨᠢᠭᠡ ᠯᠡ ᠠᠳᠠᠯᠢ ᠪᠠᠷ ᠬᠠᠨᠳᠤᠬᠤ ᠪᠥᠭᠡᠳ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠲᠥᠷᠭᠡᠳᠬᠡᠨ ᠭᠠᠷᠭᠠᠨ᠎ᠠ᠃ ᠬᠤᠶᠠᠷ ᠲᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ ᠭᠠᠷᠳᠠᠮ ᠢ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠣᠮᠣ ᠲᠥᠷᠥᠯ ᠵᠦᠢᠯ ᠢ ᠣᠷᠣᠨ ᠨᠤᠲᠤᠭ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠬᠥᠮᠥᠷᠭᠡ ᠳᠤ ᠣᠷᠣᠭᠤᠯᠬᠤ ᠶᠢᠨ ᠬᠠᠮᠲᠤ ᠭᠠᠵᠠᠷ ᠬᠡᠷᠡᠭᠯᠡᠬᠦ ᠵᠡᠷᠭᠡ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠤ ᠬᠢᠨ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠲᠥᠷᠥ ᠶᠢᠨ ᠪᠣᠳᠣᠯᠭ᠎ᠠ ᠶᠢᠨ ᠠᠮᠠᠯᠠᠯᠲᠠ ᠪᠠᠨ ᠴᠢᠩᠭ᠎ᠠ ᠭᠦᠢᠴᠡᠳᠬᠡᠬᠦ ᠬᠡᠷᠡᠭᠲᠡᠢ᠃ ᠲᠠᠪᠴᠠᠩ ᠤᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠳᠡᠮᠵᠢᠵᠦ᠂ ᠠᠷᠠᠳ ᠤᠨ ᠳᠤᠮᠳᠠᠬᠢ ᠬᠥᠷᠥᠩᠭᠡ ᠶᠢᠨ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢ ᠬᠥᠭᠵᠢᠭᠦᠯᠬᠦ ᠶᠢ ᠳᠡᠮᠵᠢᠬᠦ ᠬᠡᠷᠡᠭᠲᠡᠢ᠃ ᠭᠤᠷᠪᠠ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠦᠷᠭᠦᠯᠵᠢᠯᠡᠨ ᠵᠢᠭᠡᠯᠡᠯᠭᠡ ᠲᠠᠯᠪᠢᠬᠤ᠂ ᠬᠤᠭᠤᠴᠠᠭ᠎ᠠ ᠶᠢ ᠤᠷᠲᠤᠳᠬᠠᠬᠤ ᠵᠡᠷᠭᠡ ᠪᠠᠷ ᠳᠠᠮᠵᠢᠨ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢ ᠳᠡᠮᠵᠢᠬᠦ ᠶᠢ ᠵᠣᠷᠢᠭᠵᠢᠭᠤᠯᠬᠤ ᠬᠡᠷᠡᠭᠲᠡᠢ᠃ ᠨᠥᠬᠦᠴᠡᠯ ᠳᠤ ᠨᠡᠶᠢᠴᠡᠬᠦ ᠲᠥᠷᠥᠯ ᠵᠦᠢᠯ ᠳᠤ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠬᠠᠩᠭᠠᠬᠤ ᠬᠡᠷᠡᠭᠲᠡᠢ᠃ ᠠᠷᠠᠳ ᠤᠨ ᠳᠤᠮᠳᠠᠬᠢ ᠪᠡᠯᠡ ᠣᠷᠣᠭᠤᠯᠤᠯᠲᠠ ᠳᠤ ᠬᠠᠨᠳᠤᠭᠤᠯᠤᠭᠰᠠᠨ ᠦᠯᠦ ᠬᠥᠳᠡᠯᠬᠦ ᠬᠥᠷᠥᠩᠭᠡ ᠶᠢᠨ ᠪᠡᠯᠡ ᠣᠷᠣᠭᠤᠯᠤᠯᠲᠠ ᠶᠢᠨ ᠢᠲᠡᠭᠡᠮᠵᠢᠲᠦ ᠨᠠᠶᠢᠳᠠᠯᠭ᠎ᠠ ᠶᠢᠨ ᠰᠠᠭᠤᠷᠢ ᠮᠥᠩᠭᠦᠨ ᠤ ᠲᠥᠷᠥᠯ ᠵᠦᠢᠯ ᠢ ᠴᠠᠭ ᠢ ᠠᠮᠵᠢᠨ ᠬᠡᠷᠡᠭᠵᠢᠭᠦᠯᠬᠦ ᠬᠡᠷᠡᠭᠲᠡᠢ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠠᠴᠠ ᠵᠠᠬ᠎ᠠ ᠳᠡᠯᠭᠡᠭᠦᠷᠴᠢᠯᠡᠬᠦ ᠠᠷᠭ᠎ᠠ ᠪᠠᠷ ᠠᠪᠴᠠᠭᠠᠨ ᠤ ᠡᠷᠬᠡ ᠶᠢ ᠰᠲ᠋ᠣᠺ ᠪᠣᠯᠭᠠᠨ ᠬᠤᠪᠢᠷᠠᠭᠤᠯᠬᠤ ᠶᠢ ᠳᠡᠮᠵᠢᠬᠦ ᠬᠡᠷᠡᠭᠲᠡᠢ ᠭᠡᠵᠡᠢ᠃ ᠬᠤᠷᠠᠯ ᠠᠴᠠ ᠴᠢᠬᠤᠯᠠᠴᠢᠯᠠᠬᠤ ᠳᠤ ᠪᠠᠨ᠂ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠢ ᠶᠢᠨ ᠬᠤᠩᠭᠢᠯ ᠪᠣᠯ ᠬᠤᠳᠠ ᠶᠢᠨ ︽ᠳᠣᠲᠣᠷ︾ ᠢᠨᠵᠧᠨᠧᠷᠢᠩ ᠪᠠᠶᠢᠵᠤ᠂ ᠪᠡᠯᠡ ᠣᠷᠣᠭᠤᠯᠤᠯᠲᠠ ᠶᠢᠨ ᠳᠠᠯᠳᠠ ᠬᠦᠴᠦᠨ ᠶᠡᠭᠡ᠂ ᠳᠠᠶᠢᠴᠢᠯᠠᠬᠤ ᠴᠢᠳᠠᠪᠤᠷᠢ ᠴᠢᠩᠭ᠎ᠠ᠂ ᠨᠢᠭᠡ ᠯᠡ ᠤᠳᠠᠭ᠎ᠠ ᠳᠤ ᠤᠯᠠᠨ ᠶᠠᠪᠤᠳᠠᠯ ᠢ ᠪᠦᠲᠦᠭᠡᠬᠦ ᠲᠥᠯᠥᠭᠡᠯᠡᠬᠦ ᠴᠢᠨᠠᠷᠲᠠᠢ ᠲᠦᠷᠦᠯ ᠵᠦᠢᠯ ᠪᠣᠯᠣᠨ᠎ᠠ᠃ ᠨᠢᠭᠡᠨᠲᠡ ᠪᠠᠶᠢᠷᠢᠯᠠᠭᠤᠯᠤᠭᠰᠠᠨ ᠬᠤᠳᠠ ᠶᠢᠨ ᠬᠠᠭᠤᠴᠢᠷᠠᠭᠰᠠᠨ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠲᠠᠢ ᠤᠶᠠᠯᠳᠤᠭᠤᠯᠤᠨ᠂ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠨᠡᠮᠡᠭᠳᠡᠭᠦᠯᠵᠦ᠂ ᠰᠦᠢᠳᠬᠡᠯ ᠬᠤᠷᠢᠶᠠᠵᠤ ᠬᠠᠷᠢᠭᠤ ᠥᠭᠬᠦ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠬᠥᠷᠥᠩᠭᠡ ᠶᠢ ᠲᠠᠳᠠᠨ ᠣᠷᠣᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠣᠷᠳᠣ ᠬᠤᠭᠤᠴᠠᠭᠠᠨ ᠤ ᠵᠢᠭᠡᠯᠡᠯᠭᠡ ᠲᠠᠯᠪᠢᠬᠤ ᠶᠢ ᠬᠥᠲᠥᠯᠥᠨ ᠵᠢᠯᠤᠭᠤᠳᠴᠤ᠂ ᠲᠥᠷᠥᠯ ᠵᠦᠢᠯ ᠤᠨ ᠭᠤᠣᠯ ᠴᠣᠭᠴᠠ ᠳᠤ ᠢᠲᠡᠭᠡᠮᠵᠢᠲᠦ ᠵᠢᠭᠡᠯᠡᠯᠭᠡ ᠲᠠᠷᠬᠠᠭᠠᠬᠤ ᠳᠤ ᠵᠠᠬ᠎ᠠ ᠳᠡᠯᠭᠡᠭᠦᠷᠴᠢᠯᠡᠨ ᠢᠲᠡᠭᠡᠮᠵᠢ ᠨᠡᠮᠡᠭᠳᠡᠭᠦᠯᠬᠦ ᠳᠡᠮᠵᠢᠯᠭᠡ ᠦᠵᠡᠭᠦᠯᠦᠨ᠎ᠡ ᠭᠡᠵᠡᠢ᠃      ᠬᠤᠷᠠᠯ ᠠᠴᠠ ᠵᠢᠭᠠᠬᠤ ᠳᠤ ᠪᠠᠨ᠂ 1.5 ᠳ᠋ᠦᠩᠰᠢᠭᠤᠷ ᠡᠷᠦᠬᠡ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠪᠠᠯ ᠳᠠᠷᠤᠢ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠳᠤᠮᠳᠠᠳᠤ ᠤᠯᠤᠰ ᠤᠨ ᠠᠵᠤ ᠠᠬᠤᠢ ᠶᠢᠨ ᠤᠶᠠᠨ ᠬᠠᠳᠠᠨ ᠴᠢᠨᠠᠷ ᠢ ᠪᠠᠲᠤᠯᠠᠵᠤ ᠴᠢᠳᠠᠨ᠎ᠠ᠃ ᠠᠵᠤ ᠠᠬᠤᠶᠢᠯᠠᠯ ᠤᠨ ᠬᠦᠴᠢᠷᠳᠡᠯ ᠢ ᠤᠯᠠᠮ ᠨᠢᠭᠡ ᠠᠯᠬᠤᠮ ᠰᠢᠢᠳᠪᠦᠷᠢᠯᠡᠬᠦ ᠪᠠ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢᠨ ᠲᠥᠯᠥᠭᠡ᠂ ᠨᠥᠬᠦᠴᠡᠯ ᠳᠤ ᠨᠡᠶᠢᠴᠡᠭᠰᠡᠨ ᠭᠠᠵᠠᠷ ᠣᠷᠣᠨ ᠳᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠪᠠᠶᠢᠭᠤᠯᠭ᠎ᠠ ᠨᠢᠭᠡᠴᠢ ᠠᠴᠠ ᠲᠤᠰᠢᠶᠠᠬᠤ ᠬᠡᠰᠡᠭ ᠢ 3 ᠰᠠᠷ᠎ᠠ ᠬᠤᠶᠢᠰᠢᠯᠠᠭᠤᠯᠬᠤ ᠶᠢ ᠵᠥᠪᠰᠢᠶᠡᠷᠡᠵᠦ᠂ ᠬᠡᠪᠴᠢᠶ᠎ᠡ ᠨᠢ ᠪᠠᠷᠤᠭ 1500 ᠳ᠋ᠦᠩᠰᠢᠭᠤᠷ ᠲᠥᠭᠦᠷᠢᠭ ᠲᠤ ᠬᠦᠷᠬᠦ ᠪᠣᠯᠣᠨ᠎ᠠ᠃ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠳᠤ ᠪᠠᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠰᠢᠭᠤᠳ ᠬᠦᠷᠭᠡᠵᠦ᠂ ᠭᠤᠶᠤᠴᠢᠯᠠᠯ ᠠᠴᠠ ᠭᠡᠯᠲᠦᠷᠢᠭᠦᠯᠦᠨ ᠳᠠᠷᠤᠢ ᠳᠤ ᠨᠢ ᠬᠦᠷᠲᠡᠭᠡᠬᠦ ᠬᠡᠷᠡᠭᠲᠡᠢ᠃ ᠬᠤᠶᠢᠰᠢᠯᠠᠭᠤᠯᠤᠨ ᠲᠤᠰᠢᠶᠠᠬᠤ ᠨᠢ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠢ ᠨᠥᠯᠥᠭᠡᠯᠡᠬᠦ ᠦᠭᠡᠢ᠂ ᠲᠠᠩᠰᠠ ᠲᠠᠶᠢᠯᠬᠤ ᠬᠠᠷᠢᠴᠠᠯ ᠪᠠ ᠡᠮ ᠤᠨ ᠵᠦᠢᠯ ᠤᠨ ᠲᠥᠷᠥᠯ ᠵᠦᠢᠯ ᠤᠨ ᠲᠣᠭᠲᠠᠭᠤᠨ ᠪᠠᠶᠢᠬᠤ ᠶᠢ ᠪᠠᠲᠤᠯᠠᠵᠤ᠂ ᠲᠠᠶᠢᠯᠬᠤ ᠶᠣᠰᠣᠲᠠᠢ ᠶᠢ ᠨᠢ ᠪᠦᠬᠦᠨ ᠢ ᠲᠠᠶᠢᠯᠬᠤ ᠶᠢ ᠦᠨᠡᠨ ᠬᠦ ᠪᠠᠲᠤᠯᠠᠨ᠎ᠠ ᠭᠡᠵᠡᠢ᠃      ᠬᠤᠷᠠᠯ ᠠᠴᠠ ᠲᠣᠭᠲᠠᠭᠠᠬᠤ ᠳᠤ ᠪᠠᠨ᠂ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠭᠰᠡᠨ ᠰᠦᠢᠳᠬᠡᠯ ᠬᠤᠷᠢᠶᠠᠯᠲᠠ ᠶᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡ᠂ ᠤᠰᠤ ᠴᠠᠬᠢᠯᠭᠠᠨ ᠬᠡᠢ ᠳᠤᠯᠠᠭᠠᠯᠭ᠎ᠠ᠂ ᠮᠥᠩᠭᠦᠨ ᠭᠦᠢᠯᠭᠡᠭᠡ᠂ ᠣᠷᠣᠨ ᠨᠤᠲᠤᠭ ᠤᠨ ᠡᠳ᠋ ᠤᠨ ᠵᠠᠰᠠᠭ ᠠᠵᠤ ᠠᠬᠤᠢ᠂ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ ᠪᠣᠯᠣᠨ ᠵᠠᠭᠤᠴᠢ ᠪᠠᠶᠢᠭᠤᠯᠤᠮᠵᠢ ᠵᠡᠷᠭᠡ ᠬᠦᠷᠢᠶ᠎ᠡ ᠪᠠᠷ ᠭᠤᠣᠯᠳᠠᠯᠭ᠎ᠠ ᠪᠣᠯᠭᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ 7 ︱ 9 ᠳ᠋ᠦ᠋ᠭᠡᠷ ᠰᠠᠷ᠎ᠠ ᠳᠤ ᠥᠪᠡᠷ ᠢ ᠪᠠᠨ ᠪᠠᠶᠢᠴᠠᠭᠠᠨ ᠥᠪᠡᠷ ᠢ ᠪᠠᠨ ᠵᠠᠯᠠᠷᠠᠭᠤᠯᠵᠤ᠂ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠭᠰᠠᠨ ᠦᠭᠡᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠡᠷ᠎ᠡ ᠪᠠᠷ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ᠂ ᠵᠠᠷᠯᠢᠭᠳᠠᠨ ᠬᠦᠴᠦᠨ ᠦᠭᠡᠢ ᠪᠣᠯᠭᠠᠭᠰᠠᠨ ᠰᠦᠢᠳᠬᠡᠯ ᠢ ᠬᠤᠷᠢᠶᠠᠭᠰᠠᠨ᠂ ᠠᠯᠪᠠᠳᠠᠯᠭ᠎ᠠ ᠪᠠᠷ ᠬᠤᠯᠪᠣᠭᠳᠠᠭᠤᠯᠵᠤ ᠳᠠᠭᠠᠯᠳᠤᠭᠤᠯᠤᠨ ᠬᠤᠳᠠᠯᠳᠤᠭᠰᠠᠨ᠂ ᠳᠤᠷ᠎ᠠ ᠪᠠᠷ ᠪᠠᠶᠢᠴᠠᠭᠠᠵᠤ ᠳᠤᠷ᠎ᠠ ᠪᠠᠷ ᠵᠣᠭᠤᠰ ᠢᠶᠠᠷ ᠲᠣᠷᠭᠠᠭᠰᠠᠨ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠬᠤ ᠬᠡᠷᠡᠭᠲᠡᠢ᠃ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠳᠤ ᠪᠠᠨ ᠴᠠᠭ ᠲᠤᠬᠠᠢ ᠳᠤ ᠨᠢ ᠬᠤᠯᠪᠣᠭᠠᠯᠠᠨ ᠪᠠᠶᠢᠴᠠᠭᠠᠬᠤ ᠶᠢ ᠥᠷᠨᠢᠭᠦᠯᠵᠦ᠂ ᠨᠡᠶᠢᠲᠡᠯᠢᠭ ᠠᠰᠠᠭᠤᠳᠠᠯ ᠢ ᠴᠢᠩᠭ᠎ᠠ ᠰᠢᠢᠳᠪᠦᠷᠢᠯᠡᠬᠦ ᠶᠢᠨ ᠬᠠᠮᠲᠤ ᠢᠯᠡᠴᠢᠯᠡᠵᠦ᠂ ᠥᠭᠡᠷᠡᠴᠢᠯᠡᠯᠲᠡ ᠶᠢᠨ ᠠᠷᠭ᠎ᠠ ᠪᠠᠷ ᠣᠷᠳᠣ ᠬᠤᠭᠤᠴᠠᠭᠠᠨ ᠤ ᠬᠢᠨᠠᠯᠲᠠ ᠬᠠᠮᠢᠶᠠᠷᠤᠯᠲᠠ ᠶᠢᠨ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠬᠡᠷᠡᠭᠲᠡᠢ᠃ ᠡᠭᠦᠨ ᠤ ᠬᠠᠮᠲᠤ᠂ ᠡᠯ᠎ᠡ ᠰᠠᠯᠠᠭ᠎ᠠ ᠮᠥᠴᠢᠷ ᠤᠳ ᠪᠥᠬᠦ ᠲᠠᠯ᠎ᠠ ᠶᠢᠨ ᠤᠬᠠᠮᠰᠠᠷ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ ᠦᠵᠡᠯᠲᠡ ᠲᠠᠢ ᠪᠠᠶᠢᠵᠤ᠂ ᠲᠣᠰ ᠬᠦᠷᠢᠶᠡᠨ ᠳᠠᠬᠢ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ ᠬᠤᠯᠪᠣᠭᠳᠠᠬᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠪᠠ ᠪᠠᠲᠤᠯᠠᠭ᠎ᠠ ᠶᠢᠨ ᠮᠥᠩᠭᠦ ᠶᠢ ᠰᠢᠰᠲ᠋ᠧᠮ ᠲᠠᠢ ᠡᠮᠬᠢᠯᠡᠨ ᠳᠢᠭᠯᠡᠵᠦ᠂ ᠵᠠᠷᠴᠢᠮ ᠳᠡᠭᠡᠷ᠎ᠡ ᠪᠠᠨ ᠨᠢᠭᠡ ᠤᠯᠠᠷᠢᠯ ᠬᠤᠶᠢᠰᠢᠯᠠᠭᠤᠯᠤᠨ ᠲᠤᠰᠢᠶᠠᠵᠤ᠂ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠬᠤᠷᠢᠶᠠᠬᠤ ᠦᠭᠡᠢ ᠪᠠᠶᠢᠬᠤ ᠬᠡᠷᠡᠭᠲᠡᠢ᠃ ᠬᠤᠶᠢᠰᠢᠯᠠᠭᠤᠯᠤᠨ ᠲᠤᠰᠢᠶᠠᠬᠤ ᠲᠣᠳᠣᠷᠬᠠᠢ ᠬᠠᠭᠤᠳᠠᠰᠤ ᠶᠢ ᠲᠣᠭᠲᠠᠭᠠᠬᠤ ᠪᠠ ᠨᠡᠶᠢᠲᠡᠯᠡᠬᠦ ᠶᠢᠨ ᠬᠠᠮᠲᠤ ᠴᠠᠭ ᠲᠤᠬᠠᠢ ᠳᠤ  ᠨᠢ ᠲᠣᠬᠢᠷᠠᠭᠤᠯᠤᠯᠲᠠ ᠬᠢᠵᠦ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠠᠬᠤ ᠣᠷᠣᠨ ᠤ ᠠᠷᠠᠳ ᠤᠨ ᠵᠠᠰᠠᠭ ᠤᠨ ᠣᠷᠳᠣᠨ  ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号