ᠰᠢᠯᠤᠭᠤᠨ ᠬᠥᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠤᠨ | ᠬᠢᠵᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠬᠡᠯᠲᠡᠰ ᠤᠨ ᠵᠠᠷᠯᠠᠯ | ﹇2022﹈ 7 ᠳ᠋ᠣᠭᠠᠷ ᠲᠤᠭᠠᠳᠤ | ᠣᠳᠣᠬᠠᠨ ᠳᠤ᠂ ᠤᠯᠤᠰ ᠤᠨ ᠳᠣᠲᠣᠭᠠᠳᠤ ᠶᠢᠨ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠨᠢ | ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠵᠤ᠂ ᠢᠯᠠᠩᠭᠤᠶ᠎ᠠ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ | ᠪᠠᠶᠠᠷ︾ ᠤᠨ ᠡᠳᠦᠷ ᠬᠦᠷᠴᠦ ᠢᠷᠡᠵᠦ᠂ ᠬᠥᠮᠦᠨ ᠬᠠᠷ᠎ᠠ ᠨᠠᠰᠢ ᠴᠠᠰᠢ ᠶᠠᠪᠤᠬᠤ᠂ ᠬᠤᠷᠠᠨ ᠴᠤᠭᠯᠠᠷᠠᠬᠤ ᠨᠢ | ᠬᠢᠵᠢᠭ ᠤᠨ ᠲᠠᠷᠬᠠᠨ ᠳᠡᠯᠭᠡᠷᠡᠬᠦ ᠲᠦᠭᠰᠢᠭᠦᠷᠢ ᠶᠢ ᠤᠯᠠᠮ ᠨᠡᠮᠡᠭᠳᠡᠭᠦᠯᠵᠡᠢ᠃ ᠬᠢᠵᠢᠭ ᠢ ᠰᠡᠷᠭᠡᠶᠢᠯᠡᠨ ᠬᠤᠷᠢᠭᠯᠠᠬᠤ | ᠡᠯ᠎ᠡ ᠵᠦᠢᠯ ᠤᠨ ᠠᠵᠢᠯ ᠢ ᠤᠯᠠᠮ ᠰᠠᠶᠢᠲᠤᠷ ᠠᠳᠬᠤᠵᠤ᠂ ᠪᠥᠬᠦ ᠬᠤᠰᠢᠭᠤᠨ ᠤ ᠠᠷᠠᠳ ᠲᠥᠮᠡᠨ ᠢ ᠪᠠᠶᠠᠷ | ᠬᠥᠷ ᠲᠠᠢ᠂ ᠡᠷᠡᠭᠦᠯ ᠮᠡᠨᠳᠦ᠂ ᠠᠮᠤᠷ ᠲᠦᠪᠰᠢᠨ ᠢᠶᠠᠷ ᠠᠮᠠᠷᠠᠯᠲᠠ ᠶᠢᠨ ᠬᠤᠭᠤᠴᠠᠭ᠎ᠠ ᠪᠠᠨ ᠥᠩᠭᠡᠷᠡᠭᠦᠯᠬᠦ ᠶᠢ | ᠪᠠᠲᠤᠯᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠮᠡᠳᠡᠭᠳᠡᠶ᠎ᠡ᠄ | ᠨᠢᠭᠡ᠂ ᠴᠢᠬᠤᠯᠠ ᠦᠭᠡᠢ ᠪᠣᠯ ᠬᠤᠰᠢᠭᠤ ᠠᠴᠠ ᠪᠠᠨ ᠭᠠᠷᠬᠤ ᠦᠭᠡᠢ ︵ᠪᠤᠴᠠᠬᠤ ᠦᠭᠡᠢ︶ ᠪᠠᠶᠢᠬᠤ ᠬᠡᠷᠡᠭᠳᠡᠢ | ᠬᠤᠰᠢᠭᠤᠨ ᠳᠤ ᠪᠠᠶᠢᠭ᠎ᠠ ᠪᠤᠶᠤ ᠬᠤᠰᠢᠭᠤᠨ ᠤ ᠭᠠᠳᠠᠨ᠎ᠠ ᠪᠠᠶᠢᠭ᠎ᠠ ᠥᠷᠭᠡᠨ ᠣᠯᠠᠨ ᠰᠠᠭᠤᠭᠠᠯᠢ | ᠠᠷᠠᠳ ᠢ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ︾ ᠤᠨ ᠬᠤᠭᠤᠴᠠᠭᠠᠨ ᠳᠤ ᠲᠤᠬᠠᠶ ᠶᠢᠨ | ᠭᠠᠵᠠᠷ ᠲᠠᠭᠠᠨ ᠠᠮᠠᠷᠠᠯᠲᠠ ᠶᠢᠨ ᠬᠤᠭᠤᠴᠠᠭ᠎ᠠ ᠪᠠᠨ ᠥᠩᠭᠡᠷᠡᠭᠦᠯᠬᠦ ᠶᠢ ᠰᠠᠨᠠᠭᠠᠴᠢᠯᠠᠵᠤ ᠪᠠᠶᠢᠨ᠎ᠠ᠃ ᠴᠢᠬᠤᠯᠠ | ᠱᠠᠭᠠᠷᠳᠠᠯᠭ᠎ᠠ ᠦᠭᠡᠢ ᠪᠣᠯ ᠬᠤᠰᠢᠭᠤᠨ ᠠᠴᠠ ᠪᠠᠨ ᠭᠠᠷᠬᠤ ᠥᠬᠡᠶ ᠪᠣᠶᠣ ᠪᠤᠴᠠᠬᠤ ᠥᠬᠡᠶ ᠪᠠᠶᠢᠬᠤ ᠶᠢᠨ ᠳᠠᠭᠠᠤ᠂ | ᠳᠤᠮᠳᠠ᠂ ᠥᠨᠳᠥᠷ ᠲᠡᠰ ᠤᠨ ᠲᠦᠭᠰᠢᠭᠦᠷᠢ ᠲᠠᠢ ᠭᠠᠵᠠᠷ ᠣᠷᠣᠨ ᠵᠢᠴᠢ ᠪᠠᠶᠢᠭ᠎ᠠ ᠬᠤᠰᠢᠭᠤ ᠰᠢᠶᠠᠨ ︵ᠬᠤᠲᠠ᠂ | ᠲᠣᠭᠤᠷᠢᠭ︶ ᠳᠤ ᠣᠴᠢᠬᠤ ᠶᠢ ᠴᠢᠩᠭ᠎ᠠ ᠬᠢᠵᠠᠭᠠᠷᠯᠠᠨ᠂ ᠳᠤᠮᠳᠠ᠂ ᠥᠨᠳᠥᠷ ᠲᠡᠰ ᠤᠨ ᠲᠦᠭᠰᠢᠭᠦᠷᠢ ᠲᠠᠢ ᠭᠠᠵᠠᠷ | ᠣᠷᠣᠨ ᠤ ᠪᠠᠶᠢᠭ᠎ᠠ ᠭᠠᠵᠠᠷ ᠤᠨ ᠪᠤᠰᠤᠳ ᠬᠤᠰᠢᠭᠤ ᠰᠢᠶᠠᠨ ︵ᠬᠤᠲᠠ᠂ ᠲᠣᠭᠤᠷᠢᠭ︶ ᠪᠣᠯᠤᠨ ᠬᠤᠰᠢᠭᠤᠨ ᠤ | ᠭᠠᠳᠠᠨᠠᠬᠢ ᠭᠠᠵᠠᠷ ᠣᠷᠣᠨ ᠪᠠ ᠬᠢᠯᠢ ᠳᠠᠭᠠᠤ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠣᠴᠢᠬᠤ ᠶᠢ | ᠴᠢᠩᠭ᠎ᠠ ᠬᠢᠵᠠᠭᠠᠷᠯᠠᠵᠤ᠂ ᠬᠦᠮᠦᠨ ᠬᠠᠷ᠎ᠠ ᠶᠢᠨ ᠶᠠᠪᠤᠵᠤ ᠰᠠᠭᠤᠬᠤ ᠶᠢ ᠪᠠᠭᠠᠰᠬᠠᠨ᠂ ᠬᠠᠯᠳᠠᠪᠤᠷᠢᠯᠠᠬᠤ ᠲᠦᠭᠰᠢᠭᠦᠷᠢ ᠶᠢ | ᠪᠠᠭᠤᠷᠠᠭᠤᠯᠬᠤ ᠬᠡᠷᠡᠭᠳᠡᠢ᠃ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠶᠢᠨ ᠺᠠᠳ᠋ᠷ ᠠᠵᠢᠯᠲᠠᠨ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠳᠤ ᠣᠴᠢᠬᠤ ᠶᠢ ᠡᠷᠡᠰ | ᠴᠠᠭᠠᠵᠠᠯᠠᠵᠤ᠂ ᠬᠤᠰᠢᠭᠤᠨ ᠠᠴᠠ ᠪᠠᠨ ᠭᠠᠷᠬᠤ ᠴᠢᠬᠤᠯᠠᠲᠠᠶ ᠪᠣᠯ ᠡᠷᠬᠡᠪᠰᠢ ᠪᠠᠶᠢᠭ᠎ᠠ ᠰᠠᠯᠠᠭ᠎ᠠ ᠮᠥᠴᠢᠷ ᠤᠨ ᠢᠶᠠᠨ | ᠭᠤᠤᠯ ᠤᠳᠤᠷᠢᠳᠤᠯᠭ᠎ᠠ ᠳᠠᠭᠠᠨ ᠮᠡᠳᠡᠭᠦᠯᠦᠨ ᠳᠠᠩᠰᠠᠯᠠᠭᠤᠯᠵᠤ᠂ ᠪᠤᠴᠠᠵᠤ ᠢᠷᠡᠭᠰᠡᠨ ᠤ ᠪᠠᠨ ᠳᠠᠷᠠᠭ᠎ᠠ ᠶᠠᠪᠤᠵᠤ | ᠰᠠᠭᠤᠭᠰᠠᠨ ᠵᠠᠮ ᠮᠥᠷ ᠢᠶᠠᠨ ᠦᠨᠡᠨ ᠮᠥᠨ ᠢᠶᠠᠷ ᠨᠢ ᠮᠡᠳᠡᠭᠦᠯᠬᠦ ᠬᠡᠷᠡᠭᠲᠡᠶ᠃ | ᠬᠤᠶᠠᠷ᠂ ᠬᠤᠰᠢᠭᠤᠨ ᠳᠤ ᠢᠷᠡᠵᠦ ︵ᠪᠤᠴᠠᠵᠤ︶ ᠪᠠᠶᠢᠭ᠎ᠠ ᠬᠦᠮᠦᠰ ᠤᠨ ᠬᠠᠮᠢᠶᠠᠷᠤᠯᠳᠠ ᠶᠢ | ᠴᠢᠩᠭᠠᠳᠬᠠᠬᠤ ᠬᠡᠷᠡᠭᠳᠡᠢ | ︵ᠨᠢᠭᠡ︶ 14 ᠡᠳᠦᠷ ᠤᠨ ᠳᠣᠳᠣᠷ᠎ᠠ ᠡᠪᠡᠳᠴᠢᠨ ᠤ ᠵᠢᠱᠢᠶ᠎ᠡ ᠲᠠᠢ ᠭᠠᠵᠠᠷ ᠣᠷᠣᠨ ᠪᠠ ᠠᠶᠢᠮᠠᠭ ᠤᠨ | ᠭᠠᠳᠠᠨ᠎ᠠ ᠠᠴᠠ ᠮᠠᠨ ᠤ ᠬᠤᠰᠢᠭᠤᠨ ᠳᠤ ᠢᠷᠡᠬᠦ ︵ᠪᠤᠴᠠᠬᠤ︶ ᠬᠥᠮᠦᠰ᠂ ᠡᠷᠬᠡᠪᠰᠢ ︽ᠰᠢᠯᠢ ᠶᠢᠨ ᠭᠤᠣᠯ ᠤᠨ | ᠡᠷᠡᠭᠦᠯ ᠮᠡᠨᠳᠦ ᠶᠢᠨ ᠺᠣᠳ᠋︾ ᠢ ᠰᠢᠷᠪᠢᠨ ᠳᠠᠩᠰᠠᠯᠠᠬᠤ ᠶᠢᠨ ᠬᠠᠮᠲᠤ ᠪᠠᠶᠢᠭ᠎ᠠ ᠰᠤᠮᠤ ᠪᠠᠯᠭᠠᠰᠤ ︵ᠲᠠᠯᠠᠪᠠᠶ︶᠂ | ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠵᠣᠴᠢᠳ ᠤᠨ ᠪᠠᠭᠤᠳᠠᠯ ᠳᠠᠭᠠᠨ 3 ᠡᠳᠦᠷ ᠤᠨ ᠡᠮᠦᠨ᠎ᠡ | ᠳᠠᠩᠰᠠᠯᠠᠭᠤᠯᠤᠨ᠂ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷ ᠤᠨ | ᠭᠡᠷᠡᠴᠢ ᠪᠠᠨ ᠬᠠᠩᠭᠠᠬᠤ ᠶᠢᠨ ᠬᠠᠮᠳᠤ ᠬᠤᠰᠢᠭᠤᠨ ᠳᠤ ᠬᠦᠷᠴᠦ ᠢᠷᠡᠮᠡᠭᠴᠡ ᠪᠠᠨ ᠵᠠᠮ ᠳᠠᠭᠠᠤ ᠪᠠᠶᠢᠴᠠᠭᠠᠯᠳᠠ ᠶᠢᠨ | ᠭᠠᠵᠠᠷ ᠲᠤ ᠪᠥᠭᠡᠮ ᠬᠦᠴᠢᠯ ᠤᠨ ᠪᠠᠶᠢᠴᠠᠭᠠᠯᠳᠠ ᠬᠢᠯᠭᠡᠵᠦ᠂ ᠳ᠋ᠦᠩ ᠨᠢ ᠭᠠᠷᠭᠠᠬᠤ ᠠᠴᠠ ᠡᠮᠦᠨ᠎ᠡ᠂ ᠤᠷᠢᠳ ᠢᠶᠠᠷ | ᠬᠡᠷ ᠪᠦᠯᠢ ᠳᠡᠭᠡᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠵᠦ᠂ 7 ᠡᠳᠦᠷ ᠤᠨ ᠳᠣᠲᠣᠷ᠎ᠠ ᠣᠯᠠᠭᠤᠯᠠ | ᠬᠤᠭᠤᠯᠠᠯᠠᠬᠤ ᠥᠬᠡᠶ᠂ ᠴᠤᠭᠯᠠᠷᠠᠬᠤ ᠥᠬᠡᠶ᠂ ᠣᠯᠠᠨ ᠬᠥᠮᠦᠨ ᠲᠠᠢ ᠭᠠᠵᠠᠷ ᠣᠴᠢᠬᠤ ᠦᠭᠡᠢ ᠪᠠᠶᠢᠬᠤ ᠬᠡᠷᠡᠭᠳᠡᠢ᠃ | ᠢᠯᠠᠩᠭᠤᠶ᠎ᠠ 5 ᠰᠠᠷ᠎ᠠ ᠶᠢᠨ 25 ᠤ ᠡᠳᠦᠷ ᠠᠴᠠ ᠨᠠᠰᠢ ᠡᠷᠢᠶᠡᠨ ᠬᠤᠲᠠ᠂ ᠤᠯᠠᠭᠠᠨᠴᠠᠪ ᠬᠤᠲᠠ ᠶᠢᠨ ᠰᠢᠩ ᠾᠧ | ᠰᠢᠶᠠᠨ᠂ ᠴᠢᠭᠤᠯᠤᠯᠲᠤ ᠬᠠᠭᠠᠯᠭ᠎ᠠ ᠬᠤᠲᠠ ᠶᠢᠨ ᠸᠠᠨ ᠴᠢᠤᠸᠠᠨ ᠲᠤᠭᠤᠷᠢᠭ ᠠᠴᠠ ᠢᠷᠡᠭᠰᠡᠨ ᠬᠥᠮᠦᠰ ᠡᠷᠬᠡᠪᠰᠢ | ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠵᠣᠴᠢᠳ ᠤᠨ ᠪᠠᠭᠤᠳᠠᠯ ᠳᠠᠭᠠᠨ ᠮᠡᠳᠡᠭᠦᠯᠦᠨ | ᠳᠠᠩᠰᠠᠯᠠᠭᠤᠯᠵᠤ᠂ ᠬᠢᠵᠢᠭ ᠢ ᠰᠡᠷᠭᠡᠶᠢᠯᠡᠨ ᠬᠤᠷᠢᠭᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠬᠡᠷᠡᠭᠲᠡᠶ᠃ | ︵ᠬᠤᠶᠠᠷ︶ ᠲᠡᠷᠭᠡᠨ ᠥᠷᠲᠡᠭᠡ᠂ ᠭᠠᠯᠲᠤ ᠲᠡᠷᠭᠡᠨ ᠥᠷᠲᠡᠭᠡ᠂ ᠵᠠᠮ ᠳᠠᠭᠠᠤ ᠶᠢᠨ ᠪᠠᠶᠢᠴᠠᠭᠠᠯᠳᠠ ᠶᠢᠨ | ᠭᠠᠵᠠᠷ ᠨᠢ ᠲᠣᠭᠲᠠᠭᠠᠯ ᠶᠣᠰᠣᠭᠠᠷ ᠪᠥᠭᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷ ᠤᠨ ᠭᠡᠷᠡᠴᠢ᠂ ᠡᠷᠡᠭᠦᠯ | ᠮᠡᠨᠳᠦ ᠶᠢᠨ ᠺᠣᠳ᠋᠂ ᠠᠶᠠᠯᠠᠯ ᠤᠨ ᠺᠠᠷᠲ᠂ ︽ᠰᠢᠯᠢ ᠶᠢᠨ ᠭᠤᠣᠯ ᠤᠨ ᠡᠷᠡᠭᠦᠯ ᠮᠡᠨᠳᠦ ᠶᠢᠨ ᠺᠤᠳ᠋︾ ᠢ ᠰᠢᠷᠪᠢᠭᠰᠡᠨ | ᠪᠠᠶᠢᠳᠠᠯ ᠢ ᠪᠠᠶᠢᠴᠠᠭᠠᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠪᠥᠭᠡᠮ ᠬᠦᠴᠢᠯ ᠤᠨ ᠪᠠᠶᠢᠴᠠᠭᠠᠯᠳᠠ ᠶᠢ | ᠰᠠᠶᠢᠳᠣᠷ ︽ᠨᠠᠶᠢᠳᠠᠪᠤᠷᠢᠵᠢᠭᠤᠯᠬᠤ︾ ᠬᠡᠷᠡᠭᠲᠡᠶ᠃ | ︵ᠭᠤᠷᠪᠠ︶ ᠬᠤᠰᠢᠭᠤᠨ ᠤ ᠭᠠᠳᠠᠨ᠎ᠠ ᠪᠠᠶᠢᠭ᠎ᠠ ᠤᠶᠤᠲᠠᠳ ᠨᠤᠲᠤᠭ ᠲᠠᠭᠠᠨ ᠪᠤᠴᠠᠬᠤ ᠠᠴᠠ ᠪᠠᠨ | ᠡᠮᠦᠨ᠎ᠡ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠲᠠᠭᠠᠨ ᠮᠡᠳᠡᠭᠦᠯᠦᠨ ᠳᠠᠩᠰᠠᠯᠠᠭᠤᠯᠵᠤ᠂ ᠢᠷᠡᠬᠦ | ᠳᠡᠭᠡᠨ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷ ᠤᠨ ᠭᠡᠷᠡᠴᠢ ᠪᠠᠨ | ᠬᠠᠩᠭᠠᠵᠤ᠂ ᠵᠠᠮ ᠳᠠᠭᠠᠨ ᠥᠪᠡᠷ ᠤᠨ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠬᠦ ᠬᠡᠷᠡᠭᠲᠡᠶ᠃ ᠰᠤᠷᠭᠠᠨ | ᠬᠥᠮᠦᠵᠢᠯ ᠤᠨ ᠰᠠᠯᠠᠭ᠎ᠠ ᠮᠥᠴᠢᠷ ᠨᠢ ᠰᠤᠷᠭᠠᠭᠤᠯᠢ᠂ ᠴᠡᠴᠡᠷᠯᠢᠭ ᠤᠨ ᠪᠠᠭᠰᠢ ᠰᠤᠷᠤᠭᠴᠢᠳ ᠤᠨ ᠬᠠᠮᠢᠶᠠᠷᠤᠯᠲᠠ ᠶᠢ | ᠰᠠᠶᠢᠲᠤᠷ ᠬᠢᠵᠦ᠂ ᠢᠯᠠᠩᠭᠤᠶ᠎ᠠ 2022 ᠣᠨ ᠤ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠨᠢᠭᠡᠳᠦᠯᠲᠡᠶ | ᠰᠢᠯᠭᠠᠯᠲᠠ ᠳᠤ ᠣᠷᠣᠯᠴᠠᠭᠴᠢ ᠪᠣᠯᠤᠨ ᠬᠠᠮᠲᠤ ᠰᠠᠭᠤᠭ᠎ᠠ ᠬᠥᠮᠦᠰ ᠨᠢ ᠨᠢᠭᠡᠳᠦᠯᠲᠡᠶ ᠰᠢᠯᠭᠠᠯᠲᠠ ᠳᠠᠭᠤᠰᠲᠠᠯ᠎ᠠ | ᠭᠠᠳᠠᠭᠰᠢ ᠭᠠᠷᠴᠤ ᠪᠣᠯᠬᠤ ᠥᠬᠡᠶ᠃ ᠥᠭᠡᠷ᠎ᠡ ᠨᠤᠳᠤᠭ ᠲᠤ ᠰᠢᠯᠵᠢᠨ ᠰᠣᠷᠣᠯᠴᠠᠵᠤ ᠪᠠᠶᠢᠭ᠎ᠠ ᠰᠢᠯᠭᠠᠭᠤᠯᠤᠭᠴᠢᠳ | ᠬᠡᠷ ᠪᠦᠯᠢ ᠳᠡᠭᠡᠨ ᠡᠷᠡᠭᠦᠯ ᠮᠡᠨᠳᠦ ᠶᠢᠨ ᠬᠢᠨᠠᠯᠲᠠ ᠰᠠᠶᠢᠲᠤᠷ ᠬᠢᠬᠦ ᠬᠡᠷᠡᠭᠲᠡᠶ᠃ ᠬᠡᠷᠪᠡ ᠬᠠᠯᠠᠭᠤᠷᠠᠬᠤ᠂ ᠬᠠᠭᠤᠷᠠᠶ ᠪᠠᠷ | ᠬᠠᠨᠢᠶᠠᠯᠭᠠᠬᠤ᠂ ᠲᠠᠮᠢᠷᠳᠠᠬᠤ᠂ ᠬᠤᠭᠤᠯᠠᠶ ᠡᠪᠡᠳᠬᠦ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ ᠵᠡᠷᠭᠡ | ᠡᠪᠡᠳᠴᠢᠨ ᠤ ᠢᠯᠡᠷᠡᠯ ᠭᠠᠷᠪᠠᠯ᠂ ᠳᠠᠷᠤᠶ ᠲᠦᠷᠭᠡᠨ ᠬᠤᠰᠢᠭᠤ ᠡᠮᠨᠡᠯᠭᠡ ᠶᠢᠨ ᠬᠤᠷᠢᠶᠠᠨ ᠤ ᠬᠠᠯᠠᠭᠤᠷᠠᠭᠰᠠᠨ | ᠡᠪᠡᠳᠴᠢᠲᠠᠨ ᠢ ᠡᠮᠨᠡᠬᠦ ᠡᠭᠦᠳᠡᠨ ᠡᠮᠨᠡᠯᠭᠡ ᠳᠤ ᠬᠦᠷᠴᠦ ᠪᠠᠶᠢᠴᠠᠭᠠᠨ ᠣᠨᠣᠰᠢᠯᠠᠭᠤᠯᠬᠤ ᠶᠢᠨ ᠬᠠᠮᠲᠤ ᠰᠤᠷᠭᠠᠨ | ᠬᠥᠮᠦᠵᠢᠯ ᠤᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ | ᠭᠤᠷᠪᠠ᠂ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠴᠢᠩᠭ᠎ᠠ ᠡᠵᠡᠮᠳᠡᠬᠦ ᠬᠡᠷᠡᠭᠳᠡᠢ | ︽ᠴᠢᠬᠤᠯᠠ ᠱᠠᠭᠠᠠᠷᠳᠠᠯᠭᠠ ᠥᠬᠡᠶ ᠪᠣᠯ ᠡᠷᠭᠢᠯᠡᠬᠦ ᠥᠬᠡᠶ︾ ᠪᠠᠶᠢᠬᠤ ᠵᠠᠷᠴᠢᠮ ᠶᠣᠰᠣᠭᠠᠷ᠂ | ᠰᠦᠯᠵᠢᠶᠡᠨ ᠠᠴᠠ ᠪᠤᠰᠣᠳ ᠡᠯ᠎ᠡ ᠲᠥᠷᠥᠯ ᠤᠨ ᠬᠤᠷᠠᠯ᠂ ᠪᠣᠯᠪᠠᠰᠣᠷᠠᠯ᠂ ᠳᠡᠯᠭᠡᠨ ᠪᠣᠷᠣᠯᠠᠭᠤᠯᠭ᠎ᠠ ᠵᠡᠷᠭᠡ ᠲᠣᠮᠣ | ᠬᠡᠯᠪᠡᠷᠢ ᠶᠢᠨ ᠠᠵᠢᠯᠯᠠᠭ᠎ᠠ ᠶᠢ ᠴᠢᠩᠭ᠎ᠠ ᠬᠢᠵᠠᠭᠠᠷᠯᠠᠵᠤ᠂ ᠦᠨᠡᠨᠬᠦ ᠡᠷᠭᠢᠯᠡᠬᠦ ᠱᠠᠭᠠᠷᠳᠠᠯᠭ᠎ᠠ ᠲᠠᠢ ᠪᠣᠯ ︽ᠬᠡᠨ | ᠡᠷᠭᠢᠯᠡᠭᠰᠡᠨ ᠪᠣᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ᠂ ᠬᠡᠪᠴᠢᠶ᠎ᠡ ᠶᠢ ᠪᠠᠭᠠᠰᠬᠠᠵᠤ᠂ ᠬᠥᠮᠦᠨ ᠤ ᠲᠤᠭ᠎ᠠ ᠶᠢ | ᠬᠢᠵᠠᠭᠠᠷᠯᠠᠨ᠂ 50 ᠬᠥᠮᠦᠨ ᠠᠴᠠ ᠳᠡᠭᠡᠭᠰᠢᠬᠢ ᠠᠵᠢᠯᠯᠠᠭ᠎ᠠ ᠶᠢ ᠬᠠᠷᠢᠶ᠎ᠠ ᠭᠠᠵᠠᠷ ᠤᠨ ᠢᠶᠠᠨ ᠵᠢᠯᠣᠭᠤᠳᠬᠤ | ᠬᠡᠯᠲᠡᠰ ᠲᠤ ᠮᠡᠳᠡᠭᠦᠯᠦᠨ ᠳᠠᠩᠰᠠᠯᠠᠭᠤᠯᠵᠤ᠂ ᠰᠡᠷᠭᠡᠶᠢᠯᠡᠨ ᠬᠤᠷᠢᠭᠯᠠᠬᠤ ᠲᠥᠰᠦᠯ ᠲᠣᠭᠲᠠᠭᠠᠨ᠂ ᠰᠡᠷᠭᠡᠶᠢᠯᠡᠨ | ᠬᠤᠷᠢᠭᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠬᠠᠮᠲᠤ ᠬᠤᠭᠤᠯᠠᠯᠠᠬᠤ ᠳᠠᠭᠠᠨ 10 | ᠬᠥᠮᠦᠨ ᠠᠴᠠ ᠬᠡᠲᠦᠷᠡᠭᠦᠯᠬᠦ ᠦᠭᠡᠶ ᠪᠠᠶᠢᠬᠤ ᠶᠢ ᠰᠠᠨᠠᠭᠠᠴᠢᠯᠠᠵᠤ᠂ ᠬᠠᠯᠳᠠᠪᠤᠷᠢᠯᠠᠬᠤ ᠲᠦᠭᠰᠢᠭᠦᠷᠢ ᠶᠢ ᠬᠠᠮᠤᠭ ᠤᠨ | ᠶᠡᠭᠡ ᠬᠡᠮᠵᠢᠶ᠎ᠡ ᠪᠠᠷ ᠪᠠᠭᠠᠰᠬᠠᠬᠤ ᠬᠡᠷᠭᠡᠳᠡᠢ᠃ | ᠳᠥᠷᠪᠡ᠂ ᠭᠤᠤᠯᠳᠠᠯᠭ᠎ᠠ ᠲᠠᠢ ᠲᠠᠯᠠᠪᠤᠷ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠳᠡᠢ | ︵ᠨᠢᠭᠡ︶ ᠲᠣᠮᠣ ᠬᠤᠳᠠᠯᠳᠤᠭᠠᠨ ᠤ ᠠᠰᠠᠷ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ | ᠢᠳᠡᠭᠡᠨ ᠤᠮᠳᠠᠭᠠᠨ ᠤ ᠪᠠᠶᠢᠭᠤᠯᠤᠮᠵᠢ᠂ ᠵᠣᠴᠢᠳ ᠤᠨ ᠪᠠᠭᠤᠳᠠᠯ ᠪᠠ ᠵᠠᠰᠠᠮᠠᠯ ᠵᠠᠮ ᠳᠠᠭᠠᠤ ᠶᠢᠨ ᠦᠢᠯᠡᠴᠢᠯᠡᠭᠡᠨ ᠤ | ᠭᠠᠵᠠᠷ᠂ ᠰᠦᠢᠳᠬᠡᠯ ᠬᠤᠷᠢᠶᠠᠬᠤ ᠥᠷᠲᠡᠭᠡ ᠵᠢᠴᠢ ᠢᠳᠡᠭᠡᠨ ᠤᠮᠳᠠᠭᠠᠨ᠂ ᠰᠡᠯᠪᠢᠨ ᠵᠠᠰᠠᠬᠤ᠂ ᠬᠤᠨᠣᠭᠯᠠᠬᠤ ᠵᠡᠷᠭᠡ | ᠦᠢᠯᠡᠴᠢᠯᠡᠭᠡᠨ ᠤ ᠭᠠᠵᠠᠷ ᠨᠢ ᠺᠣᠳ᠋ ᠢ ᠪᠠᠶᠢᠴᠠᠭᠠᠬᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠰᠠᠯᠬᠢ ᠨᠡᠪᠲᠡᠷᠡᠭᠦᠯᠦᠨ | ᠠᠷᠢᠭᠤᠳᠬᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ᠂ ᠡᠮᠬᠢ ᠵᠢᠷᠤᠮ ᠲᠠᠢ ᠪᠠᠷ ᠮᠥᠷᠯᠡᠬᠦ ᠪᠠ ᠠᠶᠠᠨᠴᠢᠳ ᠢ ᠬᠥᠲᠥᠯᠥᠨ ᠵᠢᠯᠣᠭᠤᠳᠬᠤ ᠠᠵᠢᠯ ᠢ | ᠰᠠᠶᠢᠲᠤᠷ ᠬᠢᠵᠦ᠂ ᠪᠠᠶᠢᠳᠠᠯ ᠳᠤᠨᠢ ᠵᠤᠬᠢᠴᠠᠭᠤᠯᠤᠨ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠶᠢ ᠠᠪᠴᠤ᠂ | ᠤᠯᠠᠭᠤᠯᠠ ᠴᠤᠭᠯᠠᠷᠠᠬᠤ ᠶᠢ ᠰᠡᠷᠭᠡᠶᠢᠯᠡᠨ ᠬᠤᠷᠢᠭᠯᠠᠨ᠎ᠠ᠃ ᠵᠤᠭ᠎ᠠ ᠴᠡᠩᠭᠡᠯ ᠤᠨ ᠭᠠᠵᠠᠷ᠂ ᠪᠡᠶ᠎ᠡ ᠲᠠᠮᠢᠷ ᠤᠨ ᠣᠷᠳᠣᠨ᠂ | ᠰᠦᠯᠵᠢᠶᠡᠨ ᠤ ᠪᠠᠭᠠᠷ᠂ ᠺᠢᠨᠣ᠋ ᠶᠢᠨ ᠣᠷᠳᠣᠨ ᠵᠡᠷᠭᠡ ᠬᠡᠷ ᠳᠣᠲᠣᠷᠠᠬᠢ ᠣᠯᠠᠨ ᠨᠡᠶᠢᠲᠡ ᠶᠢᠨ ᠲᠠᠯᠠᠪᠤᠷ ᠨᠢ ᠬᠥᠮᠦᠨ ᠤ | ᠲᠤᠭ᠎ᠠ ᠶᠢ ᠪᠠᠭᠲᠠᠭᠠᠮᠵᠢ ᠶᠢᠨ ᠬᠡᠮᠵᠢᠶᠡᠨ ᠤ ᠪᠠᠨ 75 % ᠠᠴᠠ ᠬᠡᠲᠦᠷᠡᠭᠦᠯᠵᠦ ᠪᠣᠯᠬᠤ ᠥᠬᠡᠶ᠃ | ︵ᠬᠤᠶᠠᠷ︶ ᠡᠮ ᠤᠨ ᠳᠡᠯᠭᠡᠭᠦᠷ᠂ ᠬᠤᠪᠢ ᠶᠢᠨ ᠡᠮᠴᠢᠯᠡᠭᠡᠨ ᠤ ᠭᠠᠵᠠᠷ᠂ ᠡᠷᠡᠭᠦᠯ ᠬᠠᠮᠠᠭᠠᠯᠠᠯ ᠤᠨ | ᠬᠤᠷᠢᠶ᠎ᠠ ᠨᠤᠭᠤᠳ ︽ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ᠂ ᠸᠢᠷᠦ᠋ᠰ ᠢ ᠳᠠᠷᠤᠬᠤ᠂ ᠨᠢᠶᠠᠨ | ᠳᠠᠷᠤᠬᠤ︾ ᠳᠥᠷᠪᠡᠨ ᠲᠥᠷᠥᠯ ᠤᠨ ᠡᠮ ᠢ ᠪᠤᠷᠤᠯᠠᠭᠤᠯᠤᠭᠰᠠᠨ ᠳᠠᠩᠰᠠ ᠶᠢ ᠰᠠᠶᠢᠲᠤᠷ ᠬᠢᠵᠦ᠂ ᠬᠠᠯᠠᠭᠤᠷᠠᠭᠰᠠᠳ ᠢ | ᠬᠠᠯᠠᠭᠤᠷᠠᠭᠰᠠᠨ ᠡᠪᠡᠳᠴᠢᠳᠠᠨ ᠢ ᠡᠮᠨᠡᠬᠦ ᠡᠭᠦᠳᠡᠨ ᠡᠮᠨᠡᠯᠭᠡ ᠳᠤ ᠬᠦᠷᠴᠦ ᠡᠮᠨᠡᠭᠦᠯᠬᠦ ᠶᠢ ᠰᠠᠨᠠᠭᠠᠴᠢᠯᠠᠬᠤ ᠬᠡᠷᠡᠭᠲᠡᠶ᠃ | ᠠᠰᠠᠷᠠᠮᠵᠢ ᠶᠢᠨ ᠪᠠᠶᠢᠭᠤᠯᠤᠮᠵᠢ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ᠂ ᠮᠡᠳᠡᠷᠡᠯ ᠤᠨ | ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠬᠤᠷᠢᠭᠤᠯ ᠤᠨ ᠭᠠᠵᠠᠷ ᠵᠡᠷᠭᠡ ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠢ | ᠦᠷᠭᠦᠯᠵᠢᠯᠡᠨ ᠬᠡᠷᠡᠭᠵᠢᠭᠦᠯᠦᠨ᠎ᠡ᠃ | ᠲᠠᠪᠤ᠂ ᠬᠤᠪᠢ ᠬᠥᠮᠦᠨ ᠤ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ | ︵ᠨᠢᠭᠡ︶ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠰᠠᠯᠬᠢ ᠨᠡᠪᠲᠡᠷᠡᠭᠦᠯᠬᠦ ᠵᠡᠷᠭᠡ | ᠡᠷᠡᠭᠦᠯ ᠠᠮᠢᠳᠤᠷᠠᠯ ᠤᠨ ᠳᠠᠳᠬᠠᠯ ᠢ ᠪᠠᠷᠢᠮᠲᠠᠯᠠᠵᠤ᠂ ᠣᠯᠠᠨ ᠨᠡᠶᠢᠲᠡ ᠶᠢᠨ ᠲᠠᠯᠠᠪᠤᠷ ᠲᠤ ᠣᠷᠣᠬᠤ ᠳᠠᠭᠠᠨ ᠺᠣᠳ᠋ | ᠰᠢᠯᠭᠠᠬᠤ᠂ ᠪᠡᠶ᠎ᠡ ᠶᠢᠨ ᠳᠤᠯᠠᠭᠠᠨ ᠢ ᠬᠡᠮᠵᠢᠬᠦ᠂ ︽ᠨᠢᠭᠡ ᠮᠧᠲᠷ ᠤᠨ ᠵᠠᠢ ᠶᠢ ᠪᠠᠳᠤᠯᠠᠬᠤ︾ ᠵᠡᠷᠭᠡ ᠰᠡᠷᠭᠡᠶᠢᠯᠡᠨ | ᠬᠤᠷᠢᠭᠯᠠᠬᠤ ᠠᠷᠭ᠎ᠠ ᠬᠡᠮᠵᠢᠶ᠎ᠡ ᠶᠢ ᠠᠪᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠬᠠᠮᠢᠶ᠎ᠠ ᠪᠥᠬᠦᠶ | ᠲᠣᠭᠲᠠᠭᠠᠯ ᠢ ᠴᠢᠩᠭ᠎ᠠ ᠵᠢᠷᠤᠮᠯᠠᠨ᠂ ᠶᠠᠪᠤᠵᠤ ᠰᠠᠭᠤᠭᠰᠠᠨ ᠵᠠᠮ ᠱᠤᠭᠤᠮ᠂ ᠪᠡᠶ᠎ᠡ ᠶᠢᠨ ᠳᠠᠭ᠎ᠠ ᠦᠭᠡᠢ ᠪᠠᠶᠢᠳᠠᠯ ᠢᠶᠠᠨ | ᠬᠠᠤᠯᠢ ᠶᠣᠰᠣᠭᠠᠷ ᠦᠨᠡᠨ ᠮᠥᠨ ᠢᠶᠠᠷ ᠨᠢ ᠮᠡᠳᠡᠭᠦᠯᠬᠦ ᠬᠡᠷᠡᠭᠲᠡᠶ᠃ ᠬᠤᠪᠢ ᠬᠥᠮᠦᠨ ᠵᠢᠴᠢ ᠭᠡᠷ ᠤᠨ | ᠬᠥᠮᠦᠰ ᠤᠨ ᠢᠶᠠᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠪᠠᠶᠢᠳᠠᠯ ᠢ ᠴᠠᠭ ᠲᠤᠬᠠᠶ ᠳᠤᠨᠢ ᠠᠩᠬᠠᠷᠴᠤ᠂ | ᠬᠠᠯᠠᠭᠤᠷᠠᠬᠤ᠂ ᠬᠠᠨᠢᠶᠠᠬᠤ᠂ ᠲᠠᠮᠢᠷᠳᠠᠬᠤ᠂ ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ | ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠰᠠᠶᠢᠲᠤᠷ ᠬᠢᠭᠰᠡᠨ ᠤᠷᠢᠲᠠᠯ ᠳᠣᠣᠷ᠎ᠠ᠂ ᠳᠠᠷᠦ᠋ᠢᠬᠠᠨ ᠣᠶᠢᠷ᠎ᠠ ᠬᠠᠪᠢ ᠶᠢᠨ | ᠬᠠᠯᠠᠭᠤᠷᠠᠭᠰᠠᠨ ᠡᠪᠡᠳᠴᠢᠲᠡᠨ ᠢ ᠡᠮᠨᠡᠬᠦ ᠡᠭᠦᠳᠡᠨ ᠡᠮᠨᠡᠯᠭᠡ ᠳᠤ ᠬᠦᠷᠴᠦ ᠡᠮᠨᠡᠭᠦᠯᠵᠦ᠂ ᠡᠮᠨᠡᠭᠦᠯᠬᠦ ᠵᠠᠮ ᠳᠠᠭᠠᠨ ᠣᠯᠠᠨ | ᠨᠡᠶᠢᠲᠡ ᠶᠢᠨ ᠵᠠᠮ ᠬᠠᠷᠢᠯᠴᠠᠭᠠᠨ ᠤ ᠲᠦᠭᠦᠭᠡᠷᠦᠮᠵᠢ ᠳᠤ ᠰᠠᠭᠤᠵᠤ ᠪᠣᠯᠬᠤ ᠦᠭᠡᠢ᠃ | ︵ᠬᠤᠶᠠᠷ︶ ᠴᠢᠬᠤᠯᠠ ᠱᠠᠭᠠᠷᠳᠠᠯᠭ᠎ᠠ ᠦᠭᠡᠢ ᠪᠣᠯ ᠬᠢᠯᠢ ᠶᠢᠨ ᠭᠠᠳᠠᠨᠠᠬᠢ ᠪᠠ ᠤᠯᠤᠰ ᠤᠨ | ᠳᠣᠲᠣᠭᠠᠳᠤ ᠶᠢᠨ ᠳᠤᠮᠳᠠ ᠥᠨᠳᠥᠷ ᠲᠡᠰ ᠤᠨ ᠲᠦᠭᠰᠢᠭᠦᠷᠢᠲᠡᠶ ᠭᠠᠵᠠᠷ ᠣᠷᠣᠨ ᠠᠴᠠ ᠲᠠᠸᠠᠷ ᠬᠤᠳᠠᠯᠳᠤᠨ ᠠᠪᠬᠤ | ᠥᠬᠡᠶ ᠪᠠᠶᠢᠬᠤ ᠬᠡᠷᠡᠭᠳᠡᠢ᠃ ᠦᠨᠡᠨ ᠬᠦ ᠬᠤᠳᠠᠯᠳᠤᠨ ᠠᠪᠬᠤ ᠴᠢᠬᠤᠯᠠᠲᠠᠶ ᠪᠣᠯ ︽ᠲᠥᠪᠯᠡᠷᠡᠭᠦᠯᠦᠨ ᠬᠦᠷᠭᠡᠬᠦ︾ ︽ | ᠪᠢᠲᠡᠭᠦᠮᠵᠢᠯᠡᠭᠰᠡᠨ ᠣᠷᠣᠨ ᠤ ᠬᠠᠮᠢᠶᠠᠷᠤᠯᠳᠠ︾ ᠵᠡᠷᠭᠡ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠶᠢᠨ ᠬᠠᠮᠲᠤ᠂ ᠲᠦᠷᠭᠡᠨ ᠬᠦᠷᠭᠡᠯᠲᠡ ᠶᠢ ᠭᠥᠯᠢᠶᠡᠨ ᠠᠪᠬᠤ ᠦᠶᠡᠰ ᠲᠡᠭᠡᠨ ᠬᠤᠪᠢ | ᠬᠥᠮᠦᠨ ᠤ ᠰᠡᠷᠭᠡᠶᠢᠯᠡᠯᠲᠡ ᠶᠢ ᠰᠠᠶᠢᠲᠤᠷ ᠬᠢᠵᠦ᠂ ᠨᠢᠭᠡ ᠯᠡ ᠤᠳᠠᠭ᠎ᠠ ᠶᠢᠨ ᠪᠡᠭᠡᠯᠡᠶ ᠪᠠ ᠠᠮᠠᠪᠴᠢ ᠵᠡᠭᠦᠬᠦ ᠬᠡᠷᠡᠭᠲᠡᠶ᠃ | | ︵ᠭᠤᠷᠪᠠ︶ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠨᠢ ᠬᠢᠵᠢᠭ ᠢ ᠰᠡᠷᠭᠡᠶᠢᠯᠡᠨ | ᠬᠤᠷᠢᠭᠯᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠃ ᠨᠥᠬᠦᠴᠡᠯ ᠳᠤ ᠨᠡᠶᠢᠴᠡᠬᠦ ᠬᠥᠮᠦᠰ᠂ ᠢᠯᠠᠩᠭᠤᠶ᠎ᠠ 60 | ᠨᠠᠰᠤᠨ ᠠᠴᠠ ᠳᠡᠭᠡᠭᠰᠢᠬᠢ ᠲᠠᠷᠢᠯᠭ᠎ᠠ ᠲᠠᠯᠪᠢᠬᠤ ᠨᠦᠬᠦᠴᠡᠯ ᠳᠤ ᠨᠡᠶᠢᠴᠡᠬᠦ ᠨᠠᠰᠤᠲᠠᠶᠢᠴᠤᠳ ᠲᠠᠷᠢᠯᠭ᠎ᠠ ᠪᠠᠨ ᠲᠦᠷᠭᠡᠨ | ᠳᠠᠷᠢᠭᠤᠯᠬᠤ ᠬᠡᠷᠡᠭᠳᠡᠢ᠃ | ︵ᠳᠥᠷᠪᠡ︶ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠬᠤ ᠥᠬᠡᠶ᠂ ᠪᠥᠭᠡᠮ ᠬᠦᠴᠢᠯ ᠤᠨ | ᠪᠠᠶᠢᠴᠠᠭᠠᠯᠳᠠ ᠶᠢᠨ ᠪᠢᠯᠢᠭ ᠴᠢᠨᠠᠷ ᠤᠨ ᠭᠡᠷᠡᠴᠢ ᠪᠠᠨ ᠬᠠᠩᠭᠠᠬᠤ ᠥᠬᠡᠶ᠂ ᠶᠠᠪᠤᠵᠤ ᠰᠠᠭᠤᠭᠰᠠᠨ ᠵᠠᠮ ᠱᠣᠭᠤᠮ ᠢᠶᠠᠨ | ᠵᠣᠷᠢᠭᠤᠳᠠ ᠨᠢᠭᠤᠬᠤ᠂ ᠴᠤᠤᠷᠬᠠᠯ ᠲᠠᠷᠬᠠᠭᠠᠬᠤ᠂ ᠬᠢᠵᠢᠭ ᠢ ᠰᠡᠷᠭᠡᠶᠢᠯᠡᠨ ᠬᠤᠷᠢᠭᠯᠠᠬᠤ ᠡᠮᠬᠢ ᠵᠢᠷᠤᠮ ᠢ | ᠰᠠᠮᠠᠭᠤᠷᠠᠭᠤᠯᠬᠤ ᠵᠡᠷᠭᠡ ᠦᠢᠯᠡ ᠠᠵᠢᠯᠯᠠᠭ᠎ᠠ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ | ᠶᠣᠰᠣᠭᠠᠷ ᠴᠢᠩᠭ᠎ᠠ ᠰᠢᠢᠳᠪᠦᠷᠢᠯᠡᠨ᠎ᠡ᠃ | ᠲᠤᠰ ᠠᠯᠪᠠᠨ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠬᠢᠵᠢᠭ ᠤᠨ | ᠪᠠᠶᠢᠳᠠᠯ ᠢ ᠦᠨᠳᠦᠰᠦᠯᠡᠨ ᠳᠡᠭᠡᠷ᠎ᠡ ᠳᠤᠷᠠᠳᠤᠭᠰᠠᠨ ᠠᠷᠭ᠎ᠠ ᠬᠡᠮᠵᠢᠶ᠎ᠡ ᠳᠤ ᠴᠠᠭ ᠲᠤᠬᠠᠶ ᠳᠤᠨᠢ ᠲᠣᠬᠢᠷᠠᠭᠤᠯᠤᠯᠲᠠ | ᠬᠢᠨ᠎ᠠ᠃ | ᠬᠤᠰᠢᠭᠤ ᠬᠢᠵᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠬᠡᠯᠲᠡᠰ ᠤᠨ ᠤᠲᠠᠰᠤ᠄ | 0479 - 4222545 | ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠲᠠᠰᠤ᠄ 0479 - | 4224480 | ᠬᠤᠰᠢᠭᠤ ᠬᠢᠵᠢᠭ ᠢ ᠰᠡᠷᠭᠡᠶᠢᠯᠡᠨ ᠬᠤᠷᠢᠭᠯᠠᠬᠤ ᠲᠥᠪ ᠤᠨ ᠤᠲᠠᠰᠤ᠄ 0479 - 4222907 | ᠬᠤᠰᠢᠭᠤ ᠰᠤᠷᠭᠠᠨ ᠬᠥᠮᠦᠵᠢᠯ ᠤᠨ ᠲᠣᠪᠴᠢᠶᠠᠨ ᠤ ᠤᠲᠠᠰᠤ᠄ 0479 - 4222060 | ᠱᠠᠩᠳᠤ ᠪᠠᠯᠭᠠᠰᠤᠨ ᠤ ᠵᠢᠵᠢᠭᠦᠷᠯᠡᠬᠦ ᠤᠲᠠᠰᠤ᠄ 0479 - 4227523 | ᠣᠪᠣᠭᠠᠨ ᠰᠢᠷᠡᠭᠡ ᠨᠡᠶᠢᠭᠡᠮ ᠲᠣᠭᠤᠷᠢᠭ᠄ 18047981666 | ᠬᠤᠶᠠᠷ ᠪᠤᠮᠪᠠ ᠨᠡᠶᠢᠭᠡᠮ ᠲᠣᠭᠤᠷᠢᠭ᠄ 13847917656 | ᠱᠠᠩᠳᠤ ᠶᠢᠨ ᠭᠤᠣᠯ ᠨᠡᠶᠢᠭᠡᠮ ᠲᠣᠭᠤᠷᠢᠭ᠄ 13754194896 | ᠰᠢᠷ᠎ᠠ ᠳᠡᠨᠵᠢ ᠨᠡᠶᠢᠭᠡᠮ ᠲᠣᠭᠤᠷᠢᠭ᠄ 13947958924 | ᠨᠠᠶᠢᠷ ᠤᠨ ᠰᠢᠷᠡᠭᠡ ᠨᠡᠶᠢᠭᠡᠮ ᠲᠣᠭᠤᠷᠢᠭ᠄ 15334798901 | ᠥᠨᠳᠦᠷ ᠡᠷᠭᠢ ᠨᠡᠶᠢᠭᠡᠮ ᠲᠣᠭᠤᠷᠢᠭ᠄ 15247907050 | ᠬᠠᠪᠢᠷᠭ᠎ᠠ ᠪᠠᠯᠭᠠᠰᠤᠨ ᠤ ᠵᠢᠵᠢᠭᠦᠷᠯᠡᠬᠦ ᠤᠲᠠᠰᠤ᠄ 16604891013 | ᠰᠠᠩ ᠤᠨ ᠲᠡᠯᠡᠶ ᠪᠠᠯᠭᠠᠰᠤᠨ ᠤ ᠵᠢᠵᠢᠭᠦᠷᠯᠡᠬᠦ ᠤᠲᠠᠰᠤ᠄ 0479 - 4358875 | ᠨᠡᠷᠡᠲᠦ ᠰᠤᠮᠤᠨ ᠤ ᠵᠢᠵᠢᠭᠦᠷᠯᠡᠬᠦ ᠤᠲᠠᠰᠤ᠄ 0479 - 2438312 | ᠪᠤᠱᠤᠤᠳᠠᠢ ᠰᠣᠮᠣᠨ ᠤ ᠵᠢᠵᠢᠭᠦᠷᠯᠡᠬᠦ ᠤᠲᠠᠰᠤ᠄ 0479 - 2438343 | ᠵᠢᠭᠠᠰᠤᠲᠠᠢ ᠰᠤᠮᠤᠨ ᠤ ᠵᠢᠵᠢᠭᠦᠷᠯᠡᠬᠦ ᠤᠲᠠᠰᠤ᠄ 0479 - 2438352 | ᠰᠠᠶᠢᠨᠬᠤᠳᠳᠤᠭ ᠰᠤᠮᠤᠨ ᠤ ᠵᠢᠵᠢᠭᠦᠷᠯᠡᠬᠦ ᠤᠲᠠᠰᠤ᠄ 0479 - 2438315 | ᠲᠠᠪᠦ ᠨᠢᠭᠡ ᠦᠷ᠎ᠡ ᠶᠢᠨ ᠮᠠᠯ ᠤᠨ ᠲᠠᠯᠠᠪᠠᠢ ᠶᠢᠨ ᠵᠢᠵᠢᠭᠦᠷᠯᠡᠬᠦ ᠤᠲᠠᠰᠤ᠄ 0479 - 2438318 | ᠪᠤᠷᠤᠬᠤᠳᠠ ᠵᠢᠱᠢᠶ᠎ᠡ ᠦᠵᠡᠭᠦᠯᠬᠦ ᠲᠤᠭᠤᠷᠢᠭ ᠤᠨ ᠵᠢᠵᠢᠭᠦᠷᠯᠡᠬᠦ ᠤᠲᠠᠰᠤ᠄ 0479 - 4428141 | | ᠰᠢᠯᠤᠭᠤᠨ ᠬᠥᠬᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠢ | ᠰᠡᠷᠭᠡᠶᠢᠯᠡᠨ ᠬᠤᠷᠢᠭᠯᠠᠬᠤ ᠵᠢᠯᠣᠭᠤᠳᠬᠤ ᠬᠡᠯᠲᠡᠰ | 2022 ᠣᠨ ᠤ 6 ᠰᠠᠷ᠎ᠠ ᠶᠢᠨ 2 ᠤᠨ ᠡᠳᠦᠷ | |