ᠰᠢᠯᠤᠭᠤᠨ ᠬᠥᠬᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠤᠨ ᠡᠯ᠎ᠡ ᠲᠥᠷᠥᠯ ᠤᠨ ᠳᠠᠶᠢᠯᠠᠯᠭ᠎ᠠ ᠴᠤᠭᠯᠠᠭ᠎ᠠ ᠶᠢ ᠲᠦᠷ ᠵᠣᠭᠰᠣᠭᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2022/6/6
         ᠪᠥᠬᠦ ᠬᠤᠰᠢᠭᠤᠨ ᠤ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠪᠥᠬᠦ ᠬᠦᠴᠦᠨ ᠢᠶᠠᠷ ᠢᠶᠠᠨ ᠪᠠᠲᠤᠯᠠᠬᠤ ᠶᠢᠨ ᠲᠤᠯᠠᠳᠠ᠂ ᠣᠲᠣ ᠡᠯ᠎ᠡ ᠲᠥᠷᠥᠯ ᠤᠨ ᠳᠠᠶᠢᠯᠠᠯᠭ᠎ᠠ ᠴᠤᠭᠯᠠᠭᠠᠨ ᠤ ᠲᠤᠬᠠᠢ ᠮᠡᠳᠡᠭᠳᠡᠬᠦ ᠵᠦᠢᠯᠡᠰ ᠢ ᠵᠠᠷᠯᠠᠶ᠎ᠠ᠄          ᠨᠢᠭᠡ᠂ ᠲᠣᠰ ᠡᠳᠦᠷ ᠠᠴᠠ ᠡᠬᠢᠯᠡᠨ᠂ ︽ᠣᠷᠤᠭ ᠬᠤᠷᠢᠮ ᠢ ᠬᠤᠶᠢᠰᠢᠯᠠᠭᠤᠯᠬᠤ᠂ ᠣᠷᠣᠰᠢᠭᠤᠯᠭ᠎ᠠ ᠶᠢ ᠳᠥᠭᠦᠮᠴᠢᠯᠡᠬᠦ᠂ ᠳᠠᠶᠢᠯᠠᠯᠭ᠎ᠠ ᠶᠢ ᠥᠯᠥ ᠡᠷᠭᠢᠯᠡᠬᠦ︾ ᠵᠠᠷᠴᠢᠮ ᠶᠣᠰᠣᠭᠠᠷ᠂ ᠪᠥᠬᠦ ᠬᠤᠰᠢᠭᠤᠨ ᠤ ᠬᠤᠭᠤᠯᠠ ᠵᠣᠭᠤᠭ ᠤᠨ ᠭᠠᠵᠠᠷ ᠤᠨ ᠬᠤᠷᠢᠮ ᠨᠠᠶᠢᠷ᠂ ᠲᠥᠷᠥᠭᠰᠡᠨ ᠡᠳᠦᠷ ᠤᠨ ᠨᠠᠶᠢᠷ᠂ ᠰᠤᠷᠭᠠᠭᠤᠯᠢ ᠳᠡᠪᠰᠢᠭᠰᠡᠨ ᠨᠠᠶᠢᠷ ᠵᠡᠷᠭᠡ ᠡᠯ᠎ᠡ ᠲᠥᠷᠥᠯ ᠤᠨ ᠲᠣᠮᠣ ᠬᠡᠯᠪᠡᠷᠢ ᠶᠢᠨ ᠴᠤᠭᠯᠠᠭ᠎ᠠ ᠨᠠᠶᠢᠷ ᠢ ᠲᠦᠷ ᠵᠣᠭᠰᠣᠭᠠᠨ᠎ᠠ ︵ᠰᠡᠷᠭᠦᠭᠡᠬᠦ ᠴᠠᠭ ᠢ ᠬᠢᠵᠢᠭ ᠢ ᠰᠡᠷᠭᠡᠶᠢᠯᠡᠬᠦ ᠠᠵᠢᠯ ᠤᠨ ᠪᠣᠳᠠᠲᠤ ᠪᠠᠶᠢᠳᠠᠯ ᠢ ᠦᠨᠳᠦᠰᠦᠯᠡᠨ ᠲᠣᠭᠲᠠᠭᠠᠨ᠎ᠠ︶᠃          ᠬᠤᠶᠠᠷ᠂ ᠬᠤᠭᠤᠯᠠ ᠵᠣᠭᠤᠭ ᠤᠨ ᠭᠠᠵᠠᠷ ᠨᠢ ᠬᠤᠭᠤᠯᠠᠯᠠᠬᠤ ᠬᠥᠮᠦᠨ ᠤ ᠲᠤᠭ᠎ᠠ ᠶᠢ ᠬᠢᠵᠠᠭᠠᠷᠯᠠᠵᠤ᠂ ᠣᠯᠠᠭᠤᠯᠠ ᠬᠤᠭᠤᠯᠠᠯᠠᠬᠤ ᠶᠢ ᠪᠠᠭᠠᠰᠬᠠᠨ᠂ ᠳᠠᠶᠢᠯᠠᠯᠭ᠎ᠠ ᠴᠤᠭᠯᠠᠭᠠᠨ᠂ ᠭᠡᠷ ᠪᠦᠯᠢ ᠶᠢᠨ ᠴᠤᠭᠯᠠᠭᠠᠨ ᠶᠢ ᠵᠠᠷᠴᠢᠮ ᠳᠡᠭᠡᠷ᠎ᠡ ᠪᠠᠨ 10 ᠬᠥᠮᠦᠨ ᠠᠴᠠ ᠬᠡᠳᠦᠷᠡᠭᠦᠯᠬᠦ ᠦᠭᠡᠢ ᠪᠠᠶᠢᠵᠤ᠂ ᠬᠤᠭᠤᠯᠠ ᠵᠣᠭᠤᠭ ᠤᠨ ᠬᠡᠪᠴᠢᠶ᠎ᠡ ᠶᠢ 75 % ᠠᠴᠠ ᠳᠣᠷᠣᠭᠰᠢ ᠪᠠᠷ ᠬᠢᠵᠠᠭᠠᠷᠯᠠᠬᠤ ᠬᠡᠷᠡᠭᠲᠡᠶ ᠪᠥᠭᠡᠳ ᠡᠷᠬᠡᠪᠰᠢ ᠨᠡᠶᠢᠲᠡ ᠶᠢᠨ ᠰᠠᠪᠬ᠎ᠠ ᠬᠠᠯᠪᠠᠭ᠎ᠠ ᠲᠣᠬᠢᠷᠠᠭᠤᠯᠬᠤ ᠬᠡᠷᠡᠭᠲᠡᠶ᠃          ᠭᠤᠷᠪᠠ᠂ ᠬᠤᠭᠤᠯᠠ ᠵᠣᠭᠤᠭ ᠤᠨ ᠭᠠᠵᠠᠷ ᠨᠢ ᠡᠭᠦᠳᠡᠨ ᠳᠡᠭᠡᠷ᠎ᠡ ᠪᠠᠨ ᠬᠦᠷᠦᠯᠴᠡᠬᠦ᠋ᠢᠴᠡ ᠲᠣᠭᠠᠨ ᠤ ︽ᠰᠢᠯᠢ ᠶᠢᠨ ᠭᠤᠣᠯ ᠡᠷᠡᠭᠦᠯ ᠮᠡᠨᠳᠦ ᠶᠢᠨ ᠺᠣᠳ᠋︾ ᠢ ᠨᠠᠭᠠᠵᠤ᠂ ᠲᠤᠰᠬᠠᠶ ᠬᠥᠮᠦᠨ ᠲᠣᠬᠢᠷᠠᠭᠤᠯᠤᠨ ᠬᠤᠭᠤᠯᠠᠯᠠᠬᠤ ᠬᠥᠮᠦᠰ ᠢ ︽ᠣᠩᠰᠢᠭᠤᠯᠬᠤ ︵ᠲᠠᠯᠠᠪᠤᠷ ᠭᠠᠵᠠᠷ ᠤᠨ ᠺᠣᠳ᠋ ᠢ ᠭᠠᠷ ᠤᠲᠠᠰᠤ ᠪᠠᠷ ᠤᠩᠰᠢᠭᠤᠯᠬᠤ︶᠂ ᠪᠠᠶᠢᠴᠠᠭᠠᠬᠤ ︵ᠠᠶᠠᠯᠠᠯ ᠤᠨ ᠺᠣᠳ᠋ ᠢ ᠪᠠᠶᠢᠴᠠᠭᠠᠬᠤ︶᠂ ᠳᠤᠯᠠᠭᠠᠨ ᠢ ᠬᠡᠮᠵᠢᠬᠦ︾ ᠶᠢ ᠪᠡᠶᠡᠯᠡᠭᠦᠯᠦᠨ᠂ ᠬᠡᠪ ᠤᠨ ᠪᠤᠰᠤ ᠪᠠᠶᠢᠳᠠᠯ ᠦᠭᠡᠶ ᠪᠣᠯ ᠣᠷᠣᠵᠤ ᠬᠤᠭᠤᠯᠠᠯᠠᠵᠤ ᠪᠣᠯᠤᠨ᠎ᠠ᠂ ᠬᠡᠷᠪᠡ ᠬᠡᠪ ᠤᠨ ᠪᠤᠰᠤ ᠪᠠᠶᠢᠳᠠᠯ ᠢᠯᠡᠷᠡᠪᠡᠯ᠂ ᠴᠠᠭ ᠲᠤᠬᠠᠶ ᠳᠤᠨᠢ ᠬᠤᠰᠢᠭᠤ ᠬᠢᠵᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠬᠡᠯᠲᠡᠰ ᠪᠠ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃          ᠳᠥᠷᠪᠡ᠂  ᠬᠤᠭᠤᠯᠠ ᠵᠣᠭᠤᠭ ᠤᠨ ᠭᠠᠵᠠᠷ ᠨᠢ ᠡᠳᠦᠷ ᠪᠦᠷᠢ ᠬᠤᠭᠤᠯᠠᠨ ᠭᠡᠷ ᠢᠶᠠᠨ ᠠᠷᠢᠭᠤᠳᠬᠠᠨ ᠰᠠᠯᠬᠢ ᠨᠡᠪᠲᠡᠷᠡᠭᠦᠯᠵᠦ᠂ ᠲᠢᠩᠬᠢᠮ᠂ ᠭᠤᠳᠤᠮᠵᠢ᠂ ᠤᠭᠢᠶᠠᠯᠭ᠎ᠠ ᠶᠢᠨ ᠥᠷᠦᠭᠡ᠂ ᠴᠠᠬᠢᠯᠭᠠᠨ ᠱᠠᠲᠤ᠂ ᠬᠠᠭᠠᠯᠭᠠᠨ ᠤ ᠪᠠᠷᠢᠭᠤᠯ ᠵᠡᠷᠭᠡ ᠨᠡᠶᠢᠲᠡ ᠶᠢᠨ ᠲᠠᠯᠠᠪᠤᠷ ᠪᠣᠶᠣ ᠨᠡᠶᠢᠲᠡ ᠶᠢᠨ ᠪᠠᠭᠠᠵᠢ ᠲᠥᠬᠦᠭᠡᠷᠦᠮᠵᠢ ᠶᠢ ᠪᠠᠶᠢᠩᠭᠤ ᠠᠷᠢᠭᠤᠳᠬᠠᠵᠤ᠂ ᠠᠷᠢᠭᠤᠳᠬᠠᠭᠰᠠᠨ ᠲᠡᠮᠳᠡᠭᠯᠡᠯ ᠬᠢᠬᠦ ᠬᠡᠷᠡᠭᠳᠡᠢ᠃          ᠲᠠᠪᠤ᠂ ᠬᠤᠭᠤᠯᠠ ᠵᠣᠭᠤᠭ ᠤᠨ ᠭᠠᠵᠠᠷ ᠨᠢ ᠬᠦᠨᠡᠰᠦᠨ ᠤ ᠠᠶᠦᠯᠬᠦᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠦᠨᠡᠰᠦᠨ ᠤ ᠠᠶᠣᠯᠭᠦᠢ ᠪᠠᠶᠢᠳᠠᠯ ᠢ ᠴᠢᠩᠭ᠎ᠠ ᠬᠢᠨᠠᠨ ᠬᠠᠮᠢᠶᠠᠷᠴᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠴᠢᠮ ᠲᠠᠢ ᠪᠠᠶᠢᠴᠠᠭᠠᠨ ᠰᠢᠢᠳᠪᠦᠷᠢᠯᠡᠵᠦ᠂ ᠬᠦᠨᠡᠰᠦᠨ ᠤ ᠠᠶᠤᠯᠭᠦᠢ ᠶᠢ ᠦᠨᠡᠨᠬᠦ ᠪᠠᠲᠤᠯᠠᠬᠤ ᠬᠡᠷᠡᠭᠲᠡᠶ᠃          ᠵᠢᠷᠭᠤᠭ᠎ᠠ᠂ ᠬᠤᠭᠤᠯᠠ ᠵᠣᠭᠤᠭ ᠤᠨ ᠭᠠᠵᠠᠷ ᠨᠢ ᠳᠡᠭᠡᠷ᠎ᠡ ᠳᠤᠷᠠᠳᠤᠭᠰᠠᠨ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠵᠥᠷᠢᠴᠡᠵᠦ ᠪᠣᠯᠬᠤ ᠥᠬᠡᠶ᠂ ᠬᠡᠷᠪᠡ ᠵᠥᠷᠢᠴᠡᠪᠡᠯ ᠬᠠᠤᠯᠢ ᠲᠣᠭᠲᠠᠭᠠᠯ ᠶᠣᠰᠣᠭᠠᠷ ᠡᠵᠡᠩᠨᠡᠯᠲᠡ ᠶᠢ ᠨᠢ ᠲᠦᠷ ᠵᠣᠭᠰᠤᠭᠠᠬᠤ ᠪᠣᠯᠤᠨ᠎ᠠ᠃ ᠬᠢᠵᠢᠭ ᠤᠨ ᠰᠡᠷᠭᠡᠶᠢᠯᠡᠯᠲᠡ ᠳᠤ ᠬᠦᠨᠳᠦ ᠶᠡᠭᠡ ᠲᠦᠭᠰᠢᠭᠦᠷᠢ ᠪᠤᠶᠤ ᠬᠠᠯᠳᠠᠪᠤᠷᠢᠯᠠᠯ ᠡᠭᠦᠰᠭᠡᠨ ᠬᠢᠵᠢᠭ ᠢ ᠲᠠᠷᠬᠠᠭᠠᠭᠰᠠᠨ ᠪᠠᠶᠢᠪᠠᠯ᠂ ᠬᠠᠤᠯᠢ ᠶᠣᠰᠣᠭᠠᠷ ᠬᠠᠮᠢᠶ᠎ᠠ ᠪᠥᠬᠦᠶ ᠬᠠᠷᠢᠭᠤᠴᠠᠯᠭ᠎ᠠ ᠨᠡᠬᠡᠮᠵᠢᠯᠡᠨ᠎ᠡ᠃          ᠲᠤᠰ ᠵᠠᠷᠯᠠᠯ ᠢ 6 ᠰᠠᠷ᠎ᠠ ᠶᠢᠨ 4 ᠠᠴᠠ ᠡᠬᠢᠯᠡᠨ ᠬᠡᠷᠡᠭᠵᠢᠭᠦᠯᠦᠨ᠎ᠡ᠂ ᠬᠢᠵᠢᠭ ᠤᠨ ᠪᠠᠶᠢᠳᠠᠯ ᠢ ᠦᠨᠳᠦᠰᠦᠯᠡᠨ ᠰᠡᠷᠭᠡᠶᠢᠯᠡᠯᠲᠡ ᠶᠢᠨ ᠠᠷᠭ᠎ᠠ ᠪᠤᠳᠤᠯᠭ᠎ᠠ ᠳᠤ ᠲᠤᠬᠢᠷᠠᠭᠤᠯᠤᠯᠳᠠ ᠬᠢᠬᠦ ᠪᠣᠯᠤᠨ᠎ᠠ᠃ ᠰᠢᠯᠤᠭᠤᠨ ᠬᠥᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ 2022 ᠣᠨ ᠤ 6 ᠰᠠᠷ᠎ᠠ ᠶᠢᠨ 4 ᠤ ᠡᠳᠦᠷ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号