ᠥᠷᠯᠥᠭᠡ ᠣᠷᠣᠢ ᠶᠢᠨ ᠵᠠᠬ᠎ᠠ ᠶᠢ ᠲᠦᠷ ᠵᠤᠭᠰᠣᠭᠠᠬᠤ ᠲᠤᠬᠠᠢ ᠰᠢᠯᠤᠭᠤᠨ ᠬᠥᠬᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠤᠨ ᠵᠠᠷᠯᠠᠯ
ᠨᠡᠶᠢᠲᠡᠯᠡᠭᠰᠡᠨ ᠴᠠᠭ᠄
2022/6/6
        ᠣᠳᠣᠬᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠤᠷᠢᠭᠯᠠᠵᠤ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠢ ᠤᠯᠠᠮ ᠰᠠᠶᠢᠲᠤᠷ ᠬᠢᠵᠦ᠂ ᠠᠷᠠᠳ ᠣᠯᠠᠨ ᠤ ᠠᠮᠤᠷ ᠲᠦᠪᠰᠢᠨ ᠢ ᠪᠠᠲᠤᠯᠠᠵᠤ᠂ ᠬᠥᠮᠦᠨ ᠬᠠᠷ᠎ᠠ ᠬᠤᠷᠠᠨ ᠴᠤᠭᠯᠠᠷᠠᠬᠤ ᠶᠢ ᠪᠠᠭᠠᠰᠬᠠᠬᠤ ᠶᠢᠨ ᠲᠥᠯᠥᠭᠡ᠂ ᠪᠥᠬᠦ ᠬᠤᠰᠢᠭᠤᠨ ᠤ ᠥᠷᠯᠥᠭᠡ ᠣᠷᠣᠢ ᠶᠢᠨ ᠵᠠᠬ᠎ᠠ ᠶᠢ ᠲᠦᠷ ᠵᠣᠭᠰᠣᠭᠠᠬᠤ ᠳᠣᠬᠠᠢ ᠳᠣᠣᠷᠠᠬᠢ ᠵᠦᠢᠯᠡᠰ ᠢ ᠵᠠᠷᠯᠠᠶ᠎ᠠ᠄         ᠨᠢᠭᠡ᠂ 6 ᠰᠠᠷ᠎ᠠ ᠶᠢᠨ 6 ᠤ ᠡᠳᠦᠷ ᠠᠴᠠ ᠡᠬᠢᠯᠡᠨ᠂ ᠪᠥᠬᠦ ᠬᠤᠰᠢᠭᠤᠨ ᠤ ᠬᠡᠪᠴᠢᠶᠡᠨ ᠳᠤ ᠥᠷᠯᠥᠭᠡ ᠣᠷᠣᠢ ᠶᠢᠨ ᠵᠠᠬ᠎ᠠ᠂ ᠳᠡᠯᠭᠡᠨ ᠪᠣᠷᠤᠯᠠᠭᠤᠯᠭ᠎ᠠ᠂ ᠵᠠᠮ ᠳᠠᠭᠠᠤ ᠳᠠᠯᠭᠡᠨ ᠬᠤᠳᠠᠯᠳᠤᠵᠤ ᠪᠠᠶᠢᠭ᠎ᠠ ᠮᠠᠶᠢᠮᠠᠶ ᠶᠢ ᠲᠦᠷ ᠵᠣᠭᠰᠣᠭᠠᠨ᠎ᠠ᠃          ᠬᠤᠶᠠᠷ᠂ ᠬᠤᠳᠠᠯᠳᠤᠭᠠᠨ ᠤ ᠳᠡᠯᠭᠡᠭᠦᠷ᠂ ᠵᠡᠭᠡᠯᠢ ᠳᠠᠭᠠᠤ ᠳᠡᠯᠭᠡᠭᠦᠷ ᠤᠨ ᠠᠵᠢᠯᠲᠠᠨ ᠠᠵᠢᠯᠯᠠᠬᠤ ᠬᠤᠭᠤᠴᠠᠭᠠᠨ ᠳᠠᠭᠠᠨ ᠡᠷᠬᠡᠪᠰᠢ ᠠᠮᠠᠪᠴᠢ ᠵᠡᠭᠦᠵᠦ᠂ ᠥᠪᠡᠷ ᠤᠨ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠳᠠ ᠪᠠᠨ ᠰᠠᠶᠢᠲᠤᠷ ᠬᠢᠬᠦ ᠬᠡᠷᠡᠭᠲᠡᠶ᠃ ᠡᠭᠦᠨ ᠤ ᠬᠠᠮᠲᠤ ᠳᠡᠯᠭᠡᠭᠦᠷ ᠲᠤ ᠣᠷᠣᠬᠤ ᠵᠣᠴᠢᠳ ᠢᠶᠠᠷ ︽ᠰᠢᠯᠢ ᠶᠢᠨ ᠺᠣᠳ᠋︾ ᠢ ᠰᠢᠷᠪᠢᠭᠦᠯᠵᠦ᠂ ᠠᠶᠠᠯᠠᠯ ᠤᠨ ᠺᠣᠳ᠋ ᠢ ᠨᠢ ᠦᠵᠡᠵᠦ᠂ ᠪᠡᠶ᠎ᠡ ᠶᠢᠨ ᠳᠤᠯᠠᠭᠠᠨ ᠢ ᠨᠢ ᠬᠡᠮᠵᠢᠵᠦ᠂ ᠠᠮᠠᠪᠴᠢ ᠵᠡᠭᠦᠬᠦ ᠶᠢ ᠱᠠᠭᠠᠷᠳᠠᠬᠤ ᠬᠡᠷᠡᠭᠳᠡᠢ᠃          ᠭᠤᠷᠪᠠ᠂ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠡᠯ᠎ᠡ ᠠᠵᠢᠯ ᠲᠥᠷᠥᠯ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠢᠨᠠᠨ ᠪᠠᠶᠢᠴᠠᠭᠠᠯᠳᠠ ᠶᠢᠨ ᠡᠷᠴᠢᠮ ᠢᠶᠠᠨ ᠴᠢᠩᠭᠠᠳᠬᠠᠵᠤ᠂ ᠳᠤᠷ᠎ᠠ ᠪᠠᠷ ᠢᠶᠠᠨ ᠳᠡᠯᠭᠡᠨ ᠪᠤᠷᠤᠯᠠᠭᠤᠯᠬᠤ ᠭᠠᠵᠠᠷ ᠭᠠᠷᠭᠠᠬᠤ᠂ ᠥᠷᠯᠥᠭᠡ ᠣᠷᠣᠶ ᠶᠢᠨ ᠵᠠᠬ᠎ᠠ ᠨᠡᠭᠡᠭᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠰᠢᠳᠬᠡᠨ ᠲᠣᠷᠭᠠᠬᠤ ᠬᠡᠷᠡᠭᠲᠡᠶ᠃           ᠳᠥᠷᠪᠡ᠂ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠠᠮᠢᠶᠠᠷᠤᠨ ᠬᠤᠷᠢᠭᠯᠠᠬᠤ ᠲᠥᠷᠥ ᠶᠢᠨ ᠪᠣᠳᠣᠯᠭ᠎ᠠ ᠳᠤ ᠬᠢᠵᠢᠭ ᠤᠨ ᠪᠠᠶᠢᠳᠠᠯ ᠢ ᠦᠨᠳᠦᠰᠦᠯᠡᠨ ᠳᠣᠬᠢᠷᠠᠭᠤᠯᠤᠯᠳᠠ ᠬᠢᠵᠦ᠂ ᠨᠡᠭᠡᠭᠡᠬᠦ ᠴᠠᠭ ᠢ ᠳᠠᠬᠢᠨ ᠮᠡᠳᠡᠭᠳᠡᠨ᠎ᠡ᠃        ᠰᠢᠯᠤᠭᠤᠨ ᠬᠥᠬᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ                  ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ  ᠬᠡᠯᠲᠡᠰ                        2022 ᠣᠨ ᠤ 6 ᠰᠠᠷ᠎ᠠ ᠶᠢᠨ 6 ᠤ ᠡᠳᠦᠷ  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号