ᠯᠢᠦ ᠰᠢᠶᠤᠤ ᠮᠢᠨ ᠡᠳ᠋ ᠤᠨ ᠵᠠᠰᠠᠭ ᠭᠠᠶᠢᠯᠢ ᠶᠢᠨ ᠠᠵᠢᠯ ᠵᠢᠴᠢ ᠭᠤᠤᠯᠳᠠᠯᠭ᠎ᠠ ᠲᠠᠢ ᠲᠥᠷᠥᠯ ᠵᠦᠢᠯ ᠤᠨ ᠲᠤᠬᠠᠶ ᠬᠠᠷᠢᠭᠤ ᠮᠡᠳᠡᠭᠦᠯᠦᠯᠲᠡ ᠰᠣᠨᠣᠰᠪᠠ
ᠨᠡᠶᠢᠲᠡᠯᠡᠭᠰᠡᠨ ᠴᠠᠭ᠄
2022/6/7
        6 ᠰᠠᠷ᠎ᠠ ᠶᠢᠨ 6 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠯᠢᠦ ᠰᠢᠶᠤᠤ ᠮᠢᠨ ᠲᠤᠰᠬᠠᠶ ᠬᠤᠷᠠᠯ ᠬᠤᠷᠠᠯᠳᠤᠭᠤᠯᠵᠤ᠂ ᠡᠳ᠋ ᠤᠨ ᠵᠠᠰᠠᠭ ᠭᠠᠶᠢᠯᠢ ᠶᠢᠨ ᠠᠵᠢᠯ ᠵᠢᠴᠢ ᠭᠤᠤᠯᠳᠠᠯᠭ᠎ᠠ ᠲᠠᠢ ᠲᠥᠷᠥᠯ ᠵᠦᠢᠯ ᠤᠨ ᠳᠣᠬᠠᠢ ᠬᠠᠷᠢᠭᠤ ᠮᠡᠳᠡᠭᠦᠯᠦᠯᠲᠡ ᠰᠣᠨᠣᠰᠪᠠ᠃ ᠬᠤᠷᠠᠯ ᠳᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠬᠥᠭᠵᠢᠯᠲᠦ᠂ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠤᠭ᠎ᠠ ᠪᠦᠷᠢᠳᠬᠡᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠠᠷᠢᠭᠤᠴᠠᠯᠭᠠᠳᠠᠨ ᠣᠷᠣᠯᠴᠠᠪᠠ᠃             ᠬᠤᠷᠠᠯ ᠳᠡᠭᠡᠷ᠎ᠡ᠂ ᠡᠨᠡ ᠵᠢᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ᠂ ᠭᠠᠶᠢᠯᠢ ᠲᠠᠲᠠᠪᠤᠷᠢ ᠶᠢ ᠪᠡᠶᠡᠯᠡᠭᠦᠯᠦᠭᠰᠡᠨ ᠪᠠᠶᠢᠳᠠᠯ ᠵᠢᠴᠢ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠯᠢᠦ ᠰᠢᠶᠤᠤ ᠮᠢᠨ ᠠᠴᠠ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠳᠡᠭᠡᠭᠰᠢᠯᠡᠭᠦᠯᠵᠦ᠂ ᠬᠢᠵᠢᠭ ᠢ ᠰᠡᠷᠭᠡᠶᠢᠯᠡᠨ  ᠬᠤᠷᠢᠭᠯᠠᠬᠤ᠂ ᠠᠵᠤ ᠠᠬᠤᠶ ᠮᠠᠭᠤᠳᠠᠬᠤ ᠵᠡᠷᠭᠡ ᠠᠰᠢᠭ ᠥᠬᠡᠶ ᠨᠥᠯᠥᠭᠡ ᠶᠢ ᠢᠯᠡᠨ ᠳᠠᠪᠠᠵᠤ᠂ ᠡᠳ᠋ ᠤᠨ ᠵᠠᠰᠠᠭ ᠭᠠᠶᠢᠯᠢ ᠶᠢᠨ ᠠᠵᠢᠯ ᠢ ᠰᠠᠶᠢᠲᠤᠷ ᠪᠡᠶᠡᠯᠡᠭᠦᠯᠬᠦ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠨᠡᠮᠡᠭᠳᠡᠭᠦᠯᠵᠦ᠂ ᠰᠡᠳᠬᠢᠴᠡ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠲᠠᠲᠠᠪᠤᠷᠢᠯᠠᠨ ᠬᠠᠮᠢᠶᠠᠷᠬᠤ ᠪᠠᠨ ᠴᠢᠩᠭᠠᠳᠬᠠᠵᠤ᠂ ᠠᠷᠭ᠎ᠠ ᠪᠦᠬᠦᠨ ᠢ ᠰᠥᠪᠡᠭᠴᠢᠯᠡᠨ ᠡᠳ᠋ ᠤᠨ ᠵᠠᠰᠠᠭ ᠭᠠᠶᠢᠯᠢ ᠶᠢᠨ ᠠᠵᠢᠯ ᠢ ᠰᠠᠶᠢᠲᠤᠷ ᠭᠦᠢᠴᠡᠳᠬᠡᠬᠦ ᠬᠡᠷᠡᠭᠲᠡᠶ᠃ ︽ᠲᠥᠷᠥᠯ ᠵᠦᠢᠯ ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠬᠤ︾ ᠭᠡᠰᠡᠨ ᠦᠵᠡᠯᠲᠡ ᠶᠢ ᠪᠤᠢ ᠪᠣᠯᠭᠠᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠠᠩ ᠳᠣᠪᠤᠶᠢᠮ᠎ᠠ ᠪᠠᠶᠢᠷᠢᠨ ᠳᠤ ᠲᠠᠯᠪᠢᠵᠤ᠂ ᠠᠵᠤ ᠦᠢᠯᠡᠰ ᠤᠨ ᠲᠥᠷᠥᠯ ᠵᠦᠢᠯ ᠢ ᠰᠠᠶᠢᠳᠤᠷ ᠡᠵᠡᠮᠳᠡᠵᠦ᠂ ᠪᠦᠬᠦ ᠬᠤᠰᠢᠭᠤᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠠᠨᠳᠤᠰᠢ ᠶᠢ ᠪᠠᠬᠢᠵᠢᠭᠦᠯᠬᠦ ᠬᠡᠷᠡᠭᠲᠡᠢ᠃ ᠤᠷᠤᠭᠰᠢᠯᠠᠨ ᠳᠠᠪᠰᠢᠬᠤ ᠤᠬᠠᠮᠰᠠᠷ ᠪᠣᠯᠤᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠠᠵᠤ ᠠᠬᠤᠶ ᠶᠢᠨ ᠡᠵᠡᠩᠨᠡᠯᠲᠡ ᠶᠢᠨ ᠪᠠᠶᠢᠳᠠᠯ ᠢ ᠵᠠᠳᠠᠯᠬᠤ ᠠᠵᠢᠯ ᠤᠨ ᠡᠷᠴᠢᠮ ᠢᠶᠠᠨ ᠴᠢᠩᠭᠠᠳᠬᠠᠵᠤ᠂ ᠭᠤᠤᠯᠳᠠᠯᠭ᠎ᠠ ᠲᠠᠢ ᠠᠵᠤ ᠠᠬᠤᠶ ᠶᠢᠨ ᠲᠤᠭ᠎ᠠ ᠨᠤᠷᠮ᠎ᠠ ᠪᠣᠯᠤᠨ ᠲᠣᠮᠣ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠭᠤᠷᠠᠶ ᠲᠠᠯ᠎ᠠ ᠪᠠᠨ ᠨᠥᠬᠦᠪᠦᠷᠢᠯᠡᠨ᠂ ᠡᠯ᠎ᠡ ᠵᠦᠢᠯ ᠤᠨ ᠡᠭᠦᠷᠭᠡ ᠬᠠᠷᠠᠯᠲᠠ ᠪᠠᠨ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ᠰᠢᠯᠢᠳᠡᠭ  ᠪᠦᠳᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ ᠭᠡᠪᠡ᠃  ᠣᠶᠣᠨᠰᠡᠷᠭᠦᠯᠡᠩ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号