ᠬᠤᠲᠠ ᠶᠢᠨ ᠡᠮᠬᠢ ᠳᠢᠭᠯᠢᠮ ᠪᠠ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/6/9
           ᠠᠷᠢᠭᠤᠨ ᠴᠡᠪᠡᠷ ᠣᠷᠴᠢᠨ ᠲᠤᠭᠤᠷᠢᠨ ᠢ ᠡᠭᠦᠳᠬᠦ ᠠᠵᠢᠯ ᠢ ᠦᠷᠭᠦᠯᠵᠢᠯᠡᠨ ᠠᠬᠢᠭᠤᠯᠵᠤ᠂ ᠬᠤᠲᠠ ᠶᠢᠨ ᠡᠮᠬᠢ ᠲᠢᠭᠯᠢᠮ ᠢ ᠤᠯᠠᠮ ᠰᠠᠶᠢᠵᠢᠷᠠᠭᠤᠯᠤᠨ᠂ ᠪᠣᠯᠪᠠᠰᠤᠨ ᠡᠮᠬᠢ ᠵᠢᠷᠤᠮ ᠲᠠᠢ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ︽ᠥᠪᠥᠷ ᠮᠣᠩᠭᠤᠯ ᠤᠨ ᠬᠤᠲᠠ ᠶᠢᠨ ᠳᠦᠷᠢ ᠲᠥᠷᠬᠦ ᠪᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠲᠦᠷᠢᠮ︾ ᠤᠨ ᠲᠣᠭᠲᠠᠭᠠᠯ ᠢ ᠦᠨᠳᠦᠰᠦᠯᠡᠨ᠂ ᠬᠤᠲᠠ ᠶᠢᠨ ᠲᠣᠭᠤᠷᠢᠭ ᠲᠤ ᠳᠤᠷ᠎ᠠ ᠪᠠᠷ ᠬᠤᠭ ᠨᠣᠪᠰᠢ ᠬᠠᠶᠠᠬᠤ᠂ ᠪᠣᠬᠢᠷ ᠤᠰᠤ ᠠᠰᠬᠠᠬᠤ ᠶᠢ ᠴᠠᠭᠠᠵᠠᠯᠠᠬᠤ ᠳᠣᠬᠠᠢ ᠮᠠᠨ ᠤ ᠬᠤᠰᠢᠭᠤᠨ ᠤ ᠬᠠᠮᠢᠶ᠎ᠠ ᠪᠥᠬᠦᠶ ᠲᠣᠭᠲᠠᠭᠠᠯ ᠢ ᠳᠤᠤᠷᠠᠬᠢ ᠮᠡᠲᠦ ᠵᠠᠷᠯᠠᠶ᠎ᠠ᠄            ᠨᠢᠭᠡ᠂ ᠬᠤᠲᠠ ᠶᠢᠨ ᠵᠡᠭᠡᠯᠢ ᠭᠤᠳᠤᠮᠵᠢ ᠶᠢᠨ ᠬᠠᠵᠠᠭᠤ ᠬᠠᠪᠢ ᠶᠢᠨ ᠪᠠᠶᠢᠭᠤᠯᠭ᠎ᠠ ᠨᠢᠭᠡᠴᠡ ᠪᠣᠯᠤᠨ ᠬᠤᠪᠢ ᠬᠥᠮᠦᠨ ᠡᠷᠬᠡᠪᠰᠢ ᠲᠣᠭᠲᠠᠭᠠᠯ ᠢ  ᠵᠢᠷᠤᠮᠯᠠᠨ ᠡᠳᠦᠷ ᠳᠣᠲᠤᠮ ᠤᠨ ᠬᠤᠭ ᠨᠣᠪᠰᠢ ᠪᠣᠯᠤᠨ ᠪᠠᠷᠢᠯᠭ᠎ᠠ ᠶᠢᠨ ᠬᠤᠭ ᠨᠣᠪᠰᠢ ᠪᠠᠨ ᠰᠢᠢᠳᠪᠦᠷᠢᠯᠡᠵᠦ᠂ ᠵᠡᠭᠡᠯᠢ ᠭᠤᠳᠤᠮᠵᠢ᠂ ᠶᠠᠪᠠᠭᠠᠨ ᠬᠥᠮᠦᠨ ᠤ ᠵᠠᠮ᠂ ᠪᠣᠷᠣᠭᠠᠨ ᠤ ᠤᠰᠤᠨ ᠤ ᠬᠤᠳᠳᠤᠭ ᠵᠡᠷᠭᠡ ᠣᠯᠠᠨ ᠨᠡᠶᠢᠲᠡ ᠶᠢᠨ ᠲᠦᠭᠦᠭᠡᠷᠦᠮᠵᠢ ᠳᠤ ᠪᠣᠬᠢᠷ ᠤᠰᠤ᠂ ᠬᠤᠭ ᠨᠣᠪᠰᠢ ᠬᠠᠶᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃            ᠬᠤᠶᠠᠷ᠂ ᠶᠠᠮᠠᠷᠪᠠ ᠨᠢᠭᠡᠴᠡ ᠪᠤᠯᠤᠨ ᠬᠤᠪᠢ ᠬᠥᠮᠦᠨ ᠨᠢ ᠡᠳᠦᠷ ᠳᠤᠳᠤᠮ ᠤᠨ ᠬᠤᠭ ᠨᠣᠪᠰᠢ ᠪᠠᠨ ᠡᠷᠬᠡᠪᠰᠢ ᠲᠣᠭᠲᠠᠭᠰᠠᠨ ᠴᠠᠭ᠂ ᠲᠣᠭᠲᠠᠭᠰᠠᠨ ᠭᠠᠵᠠᠷ ᠲᠤ ᠲᠠᠯᠪᠢᠬᠤ ᠬᠡᠷᠡᠭᠲᠡᠢ᠃ ᠬᠤᠲᠠ ᠶᠢᠨ ᠡᠳᠦᠷ ᠳᠣᠲᠤᠮ ᠤᠨ ᠬᠤᠭ ᠨᠣᠪᠰᠢ ᠶᠢ ᠱᠦᠭᠦᠷᠳᠡᠬᠦ᠂ ᠴᠤᠭᠯᠠᠭᠤᠯᠬᠤ᠂ ᠲᠡᠭᠡᠭᠡᠪᠦᠷᠢᠯᠡᠬᠦ ᠠᠵᠢᠯ  ᠢ ᠡᠵᠡᠩᠨᠡᠵᠦ ᠪᠠᠶᠢᠭ᠎ᠠ ᠠᠵᠤ ᠠᠬᠤᠶᠢᠯᠠᠯ ︵ᠠᠵᠢᠯᠯᠠᠭᠰᠠᠳ︶ ᠨᠢ ᠲᠡᠭᠡᠭᠡᠪᠦᠷᠢᠯᠡᠬᠦ ᠶᠠᠪᠤᠴᠠ ᠳᠠᠭᠠᠨ ᠵᠠᠮ ᠳᠠᠭᠠᠤ ᠬᠤᠭ ᠨᠣᠪᠰᠢ ᠬᠠᠶᠠᠬᠤ᠂ ᠠᠰᠬᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃            ᠭᠤᠷᠪᠠ᠂ ᠭᠡᠷ ᠪᠠᠶᠢᠰᠢᠩ ᠵᠠᠰᠠᠨ ᠴᠢᠮᠡᠭᠯᠡᠬᠦ ᠠᠴᠠ ᠪᠣᠯᠤᠭᠰᠠᠨ ᠪᠠᠷᠢᠯᠭ᠎ᠠ ᠶᠢᠨ ᠬᠤᠭ ᠨᠣᠪᠰᠢ ᠶᠢ ᠡᠭᠦᠳᠡᠨ ᠡᠮᠦᠨᠡᠬᠢ ᠶᠠᠪᠠᠭᠠᠨ ᠬᠥᠮᠦᠨ ᠤ ᠵᠠᠮ ᠳᠡᠭᠡᠷ᠎ᠡ ᠣᠪᠣᠭᠠᠯᠠᠵᠤ ᠪᠣᠯᠬᠤ ᠦᠭᠡᠢ᠂ ᠡᠳᠦᠷ ᠲᠣᠳᠤᠮ ᠤᠨ ᠬᠤᠭ ᠨᠣᠪᠰᠢ ᠲᠠᠢ ᠬᠤᠯᠢᠯᠳᠤᠭᠤᠯᠤᠨ ᠬᠠᠶᠠᠬᠤ ᠶᠢ ᠴᠢᠩᠭ᠎ᠠ ᠴᠠᠭᠠᠵᠠᠯᠠᠵᠤ᠂ ᠲᠣᠭᠲᠠᠭᠠᠯ ᠶᠣᠰᠣᠭᠠᠷ ᠲᠣᠭᠲᠠᠭᠰᠠᠨ ᠪᠠᠶᠢᠷᠢᠨ ᠳᠤ ᠲᠠᠯᠪᠢᠬᠤ ᠬᠡᠷᠡᠭᠲᠡᠢ᠃            ᠳᠥᠷᠪᠡ᠂ ᠪᠠᠷᠢᠯᠭ᠎ᠠ ᠪᠠᠷᠢᠬᠤ ᠨᠢᠭᠡᠴᠡ ᠶᠢᠨ ᠪᠠᠷᠢᠯᠭ᠎ᠠ ᠶᠢᠨ ᠬᠤᠭ ᠨᠣᠪᠰᠢ ᠶᠢ ᠲᠣᠭᠲᠠᠭᠠᠯ ᠶᠣᠰᠣᠭᠠᠷ ᠴᠠᠭ ᠲᠤᠬᠠᠶ ᠳᠤᠨᠢ ᠴᠡᠪᠡᠷᠯᠡᠨ ᠲᠡᠭᠡᠭᠡᠪᠦᠷᠢᠯᠡᠵᠦ᠂ ᠲᠡᠭᠡᠭᠡᠪᠦᠷᠢᠯᠡᠬᠦ ᠲᠡᠷᠭᠡ ᠤᠨᠤᠭᠠᠨ ᠤ ᠪᠦᠲᠡᠭᠡᠯᠭᠡ ᠶᠢ ᠰᠠᠶᠢᠲᠤᠷ ᠬᠢᠵᠦ᠂ ᠵᠠᠮ ᠳᠠᠭᠠᠤ ᠬᠠᠶᠠᠬᠤ ᠪᠤᠶᠤ ᠳᠤᠷ᠎ᠠ ᠪᠠᠷ ᠢᠶᠠᠨ ᠠᠰᠬᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃            ᠲᠠᠪᠤ᠂ ᠵᠡᠭᠡᠯᠢ ᠭᠤᠳᠤᠮᠵᠢ ᠳᠠᠭᠠᠤ ᠶᠢᠨ ᠳᠡᠯᠭᠡᠭᠦᠷ ᠤᠳ ︽ᠡᠭᠦᠳᠡᠨ ᠡᠮᠦᠨᠡᠬᠢ ᠲᠠᠪᠤ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠭᠦᠷᠭᠡ ᠪᠠᠨ ᠰᠠᠶᠢᠳᠤᠷ ᠭᠦᠢᠴᠡᠳᠬᠡᠨ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠠᠷᠢᠮᠵᠢᠶᠠᠨ ᠳᠤ ᠬᠦᠷᠭᠡᠬᠦ ᠶᠢ ᠦᠨᠡᠨᠬᠦ ᠪᠠᠲᠤᠯᠠᠬᠤ ᠬᠡᠷᠡᠭᠲᠡᠶ᠃            ᠵᠢᠷᠭᠤᠭ᠎ᠠ᠂ ᠬᠤᠭ ᠨᠣᠪᠰᠢ᠂ ᠪᠣᠬᠢᠷ ᠤᠰᠤ ᠶᠢ ᠳᠤᠷ᠎ᠠ ᠪᠠᠷ ᠢᠶᠠᠨ ᠠᠰᠠᠬᠠᠵᠤ ᠪᠠᠶᠢᠭ᠎ᠠ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠷᠡᠭᠦᠯᠪᠡᠯ᠂ ᠬᠠᠤᠯᠢ ᠬᠡᠷᠡᠭᠵᠢᠭᠦᠯᠦᠭᠴᠢ ᠠᠴᠠ ᠴᠠᠭ ᠲᠤᠬᠠᠶ ᠳᠤᠨᠢ ᠢᠳᠬᠠᠨ ᠬᠤᠷᠢᠭᠯᠠᠵᠤ᠂ ᠣᠯᠠᠨᠲᠠ ᠰᠢᠭᠦᠮᠵᠢᠯᠡᠨ ᠰᠤᠷᠭᠠᠭᠰᠠᠨ ᠴᠤ ᠵᠠᠰᠠᠷᠠᠬᠤ ᠦᠭᠡᠶ ᠪᠣᠯ ︽ᠥᠪᠥᠷ ᠮᠣᠩᠭᠤᠯ ᠤᠨ ᠬᠤᠲᠠ ᠶᠢᠨ ᠳᠥᠷᠢ ᠲᠦᠷᠬᠢ ᠪᠣᠯᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠳᠦᠷᠢᠮ︾ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠳᠣᠬᠠᠢ ᠶᠢᠨ ᠬᠥᠮᠦᠨ ᠢ ᠵᠠᠭᠤᠨ ᠲᠥᠭᠦᠷᠢᠭ ᠠᠴᠠ ᠳᠡᠭᠡᠭᠰᠢ ᠲᠠᠪᠤᠨ ᠵᠠᠭᠤᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠶᠢᠨ ᠬᠠᠮᠲᠤ ᠳᠣᠬᠠᠢ ᠶᠢᠨ ᠬᠦᠮᠦᠨ ᠤ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠠᠨ ᠳᠤ ᠢᠯᠡᠴᠢᠯᠡᠨ ᠮᠡᠳᠡᠭᠦᠯᠬᠦ ᠬᠡᠷᠡᠭᠲᠡᠶ᠃            ᠳᠣᠯᠤᠭ᠎ᠠ᠂ ᠬᠠᠮᠢᠶᠠᠷᠤᠯᠲᠠ ᠶᠢ ᠲᠡᠪᠴᠢᠭᠰᠡᠨ᠂ ᠬᠠᠤᠯᠢ ᠬᠡᠷᠡᠭᠵᠢᠭᠦᠯᠦᠭᠴᠢ ᠶᠢᠨ ᠠᠯᠪᠠᠨ ᠠᠵᠢᠯ ᠭᠦᠢᠴᠡᠳᠬᠡᠬᠦ ᠶᠢ ᠬᠠᠷᠰᠢᠯᠠᠭᠰᠠᠨ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠰᠢᠳᠬᠡᠨ ᠲᠣᠷᠭᠠᠭᠤᠯᠤᠨ᠎ᠠ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃            ᠨᠠᠢᠮᠠ᠂ ᠥᠷᠭᠡᠨ ᠣᠯᠠᠨ ᠠᠷᠠᠳ ᠲᠥᠮᠡᠨ ᠬᠤᠭ ᠨᠣᠪᠰᠢ᠂ ᠪᠣᠬᠢᠷ ᠤᠰᠤ ᠳᠤᠷ᠎ᠠ ᠪᠠᠷ ᠢᠶᠠᠨ ᠠᠰᠬᠠᠭᠰᠠᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠬᠦᠰᠡᠵᠦ ᠪᠠᠶᠢᠨ᠎ᠠ᠃ ᠢᠯᠡᠴᠢᠯᠡᠨ ᠮᠡᠳᠡᠭᠦᠯᠬᠦ ᠤᠲᠠᠰᠤ᠄ 4231071᠃            ᠶᠢᠰᠦ᠂ ᠲᠤᠰ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃           ᠰᠢᠯᠤᠭᠤᠨ ᠬᠥᠬᠡ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠵᠠᠰᠠᠭ                     ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ                     2022 ᠣᠨ ᠤ 6 ᠰᠠᠷ᠎ᠠ ᠶᠢᠨ 8 ᠤ ᠡᠳᠦᠷ                              ᠣᠶᠣᠨᠰᠡᠷᠭᠦᠯᠡᠩ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号