| | ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ | ᠬᠤᠰᠢᠭᠤᠨ ᠤ ᠠᠷᠠᠳ ᠣᠯᠠᠨ ᠤ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠶᠢᠨ ᠲᠥᠯᠥᠭᠡ᠂ ᠬᠤᠰᠢᠭᠤ | ᠬᠢᠵᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠬᠡᠯᠲᠡᠰ ᠨᠢ 6 ᠰᠠᠷ᠎ᠠ ᠶᠢᠨ 8 ᠤ ᠡᠳᠦᠷ ᠠᠴᠠ ᠡᠬᠢᠯᠡᠨ ᠪᠥᠬᠦ | ᠬᠤᠰᠢᠭᠤᠨ ᠤ ᠦᠢᠯᠡᠳᠪᠦᠷᠢᠯᠡᠯ ᠠᠮᠢᠳᠤᠷᠠᠯ ᠢ ᠪᠠᠳᠤᠯᠠᠬᠤ ᠠᠴᠠ ᠪᠤᠰᠣᠳ ᠡᠵᠡᠩᠨᠡᠯᠲᠡ ᠶᠢᠨ ᠭᠠᠵᠠᠷ ᠵᠢᠴᠢ | ᠦᠢᠯᠡᠴᠢᠯᠡᠭᠡᠨ ᠤ ᠪᠠᠶᠢᠭᠤᠯᠤᠮᠵᠢ ᠶᠢ ᠲᠦᠷ ᠵᠣᠭᠰᠣᠭᠠᠬᠤ ᠪᠠᠷ ᠲᠣᠭᠲᠠᠪᠠ᠃ | ᠨᠢᠭᠡ᠂ ᠪᠥᠬᠦ ᠬᠤᠰᠢᠭᠤᠨ ᠤ ᠪᠣᠶ ᠪᠥᠬᠦᠶ ᠺᠢᠨᠣ᠋ ᠶᠢᠨ ᠣᠷᠳᠣᠨ᠂ ᠰᠦᠯᠵᠢᠶᠡᠨ ᠤ ᠪᠠᠭᠠᠷ᠂ KTV ︵ | ᠢᠳᠡᠭᠡᠨ ᠤᠮᠳᠠᠭᠠᠨ ᠤ ᠦᠢᠯᠡᠴᠢᠯᠡᠭᠡᠨ ᠤ ᠪᠦᠬᠦᠢ KTV ᠶᠢ ᠪᠠᠭᠲᠠᠭᠠᠨ᠎ᠠ︶᠂ ᠠᠷᠢᠬᠢᠨ ᠪᠠᠭᠠᠷ᠂ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠵᠡᠷᠭᠡ ᠶᠢ ᠵᠠᠷᠯᠠᠯ ᠨᠡᠶᠢᠲᠡᠯᠡᠭᠰᠡᠨ ᠡᠳᠦᠷ ᠠᠴᠠ ᠡᠬᠢᠯᠡᠨ | ᠲᠦᠷ ᠵᠣᠭᠰᠣᠭᠠᠨ᠎ᠠ᠃ | ᠬᠤᠶᠠᠷ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠯ᠎ᠡ ᠲᠥᠷᠥᠯ ᠤᠨ ᠰᠣᠶᠣᠯ ᠴᠡᠩᠭᠦᠨ᠂ ᠪᠡᠶ᠎ᠡ | ᠲᠠᠮᠢᠷ᠂ ᠰᠤᠯᠠ ᠰᠡᠯᠡᠭᠦᠴᠡᠯ ᠤᠨ ᠲᠠᠯᠠᠪᠤᠷ ᠵᠢᠴᠢ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠳᠤ | ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ | ᠬᠡᠷᠡᠭᠲᠡᠶ᠃ ᠲᠤᠰ ᠳᠣᠭᠳᠠᠭᠠᠯ ᠢ ᠲᠡᠪᠴᠢᠭᠰᠡᠳ ᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ᠭᠤᠷᠪᠠ᠂ ᠥᠷᠭᠡᠨ ᠣᠯᠠᠨ ᠠᠷᠠᠳ ᠲᠦᠮᠡᠨ ᠰᠡᠷᠭᠡᠶᠢᠯᠡᠨ ᠬᠠᠮᠠᠭᠠᠯᠠᠬᠤ ᠦᠵᠡᠯ ᠤᠬᠠᠮᠰᠠᠷ ᠢᠶᠠᠨ | ᠳᠡᠭᠡᠭᠰᠢᠯᠡᠭᠦᠯᠵᠦ᠂ ᠬᠥᠮᠦᠨ ᠬᠠᠷ᠎ᠠ ᠬᠤᠷᠠᠨ ᠴᠤᠭᠯᠠᠷᠠᠬᠤ ᠶᠢ ᠪᠠᠭᠠᠰᠬᠠᠨ᠂ ᠬᠠᠮᠲᠤᠯᠢᠭ ᠤᠨ ᠴᠢᠨᠠᠷᠲᠠᠶ᠂ | ᠴᠤᠭᠯᠠᠷᠠᠯ ᠤᠨ ᠴᠢᠨᠠᠷᠲᠠᠶ ᠠᠵᠢᠯᠯᠠᠭ᠎ᠠ ᠳᠤ ᠣᠷᠣᠯᠴᠠᠬᠤ ᠶᠢ ᠲᠡᠪᠴᠢᠬᠦ ᠶᠢᠨ ᠬᠠᠮᠲᠤ᠂ ᠳᠤᠷ᠎ᠠ ᠪᠠᠷ ᠢᠶᠠᠨ ᠡᠵᠡᠩᠨᠡᠯᠲᠡ | ᠬᠢᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠢᠯᠡᠴᠢᠯᠡᠨ ᠮᠡᠳᠡᠭᠦᠯᠦᠭᠡᠷᠡᠢ᠃ ᠡᠯ᠎ᠡ ᠲᠥᠷᠥᠯ ᠤᠨ | ᠦᠢᠯᠡᠴᠢᠯᠡᠭᠡᠨ ᠤ ᠭᠠᠵᠠᠷ ᠤᠨ ᠡᠵᠡᠩᠨᠡᠯᠲᠡ ᠪᠠᠨ ᠰᠡᠷᠭᠦᠭᠡᠬᠦ ᠴᠠᠭ ᠢ ᠳᠠᠬᠢᠨ ᠮᠡᠳᠡᠭᠳᠡᠨ᠎ᠡ᠃ | ᠢᠯᠡᠴᠢᠯᠡᠨ ᠮᠡᠳᠡᠭᠦᠯᠬᠦ ᠤᠲᠠᠰᠤ᠄ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ 12315 | ᠰᠤᠷᠭᠠᠨ ᠬᠥᠮᠦᠵᠢᠯ ᠤᠨ ᠲᠣᠪᠴᠢᠶ᠎ᠠ᠄ 4222060 | ᠰᠣᠶᠣᠯ ᠵᠢᠭᠤᠯᠴᠢᠯᠠᠯ ᠤᠨ ᠲᠣᠪᠴᠢᠶ᠎ᠠ᠄ 4222335 | ᠰᠢᠯᠤᠭᠤᠨ ᠬᠥᠬᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ | ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ | 2022 ᠣᠨ ᠤ 6 ᠰᠠᠷ᠎ᠠ ᠶᠢᠨ 8 ᠤ ᠡᠳᠦᠷ | ᠣᠶᠣᠨᠰᠡᠷᠭᠦᠯᠡᠩ ᠣᠷᠴᠢᠭᠤᠯᠵᠤ ᠮᠦᠳᠡᠭ ᠬᠢᠨᠠᠪᠠ | |