ᠯᠢᠦ ᠰᠢᠶᠤᠤ ᠮᠢᠨ ᠭᠤᠤᠯᠳᠠᠯᠭ᠎ᠠ ᠲᠠᠢ ᠭᠠᠴᠠᠭᠠᠨ ᠳᠤ ᠭᠦᠨᠵᠡᠭᠡᠶᠢᠷᠡᠨ ᠬᠥᠳᠡᠭᠡ ᠤᠷᠤᠨ ᠢ ᠬᠦᠴᠦᠷᠬᠡᠭᠵᠢᠭᠦᠯᠬᠦ ᠲᠥᠷᠥᠯ ᠵᠦᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/7/1
          6 ᠰᠠᠷ᠎ᠠ ᠶᠢᠨ 28 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠯᠢᠦ ᠰᠢᠶᠤᠤ ᠮᠢᠨ ᠪᠤᠱᠣᠣᠳᠠᠢ ᠰᠣᠮᠣᠨ ᠤ  ᠬᠦᠢᠰᠦ ᠶᠢᠨ ᠭᠤᠣᠯ ᠭᠠᠴᠠᠭ᠎ᠠ᠂ ᠰᠠᠩ ᠤᠨ ᠲᠡᠯᠡᠶ ᠪᠠᠯᠭᠠᠰᠤᠨ ᠤ ᠰᠠᠩ ᠤᠨ ᠲᠡᠯᠡᠶ ᠭᠠᠴᠠᠭ᠎ᠠ᠂ ᠡᠩᠬᠡᠪᠤᠯᠠᠭ ᠭᠠᠴᠠᠭ᠎ᠠ᠂ ᠵᠢᠭᠠᠰᠤᠲᠠᠶ ᠰᠣᠮᠣᠨ ᠤ   ᠪᠠᠶᠠᠨ᠋ᠤ᠋ᠯᠠᠭᠠᠨ ᠭᠠᠴᠠᠭ᠎ᠠ ᠪᠠ ᠨᠠᠷᠠᠲᠤ ᠰᠣᠮᠣᠨ ᠤ ᠪᠠᠭᠠᠰᠤᠬᠠᠢ ᠭᠠᠴᠠᠭ᠎ᠠ ᠵᠡᠷᠭᠡ ᠬᠥᠳᠡᠭᠡ ᠣᠷᠣᠨ ᠢ ᠬᠦᠴᠦᠷᠬᠡᠭᠵᠢᠭᠦᠯᠬᠦ ᠭᠤᠤᠯᠳᠠᠯᠭ᠎ᠠ ᠲᠠᠢ  ᠭᠠᠴᠠᠭᠠᠨ ᠳᠤ ᠭᠦᠨᠵᠡᠭᠡᠶᠢᠷᠡᠨ ᠬᠥᠳᠡᠭᠡ ᠣᠷᠣᠨ ᠢ ᠬᠦᠴᠦᠷᠬᠡᠭᠵᠢᠭᠦᠯᠬᠦ ᠲᠥᠷᠥᠯ ᠵᠦᠢᠯ ᠤᠨ ᠬᠡᠷᠡᠭᠵᠢᠭᠦᠯᠦᠯᠲᠡ ᠪᠠ ᠵᠣᠷᠯᠣᠩ ᠤᠨ ᠥᠭᠡᠷᠡᠴᠢᠯᠡᠯᠲᠡ ᠶᠢᠨ ᠠᠵᠢᠯ ᠢ ᠪᠠᠶᠢᠴᠠᠭᠠᠨ ᠵᠢᠯᠣᠭᠤᠳᠪᠠ᠃          ᠯᠢᠦ ᠰᠢᠶᠤᠤ ᠮᠢᠨ ᠰᠣᠮᠣᠨ ᠤ ᠨᠠᠮ ᠵᠠᠰᠠᠭ ᠤᠨ ᠤᠳᠤᠷᠢᠳᠤᠯᠭ᠎ᠠ ᠵᠢᠴᠢ ᠭᠠᠴᠠᠭᠠᠨ ᠤ ᠬᠠᠷᠢᠭᠤᠴᠠᠯᠭᠠᠲᠠᠨ ᠲᠠᠢ ᠨᠠᠷᠢᠨ ᠶᠠᠷᠢᠯᠴᠠᠵᠤ᠂ ᠭᠠᠴᠠᠭᠠᠨ ᠤ ᠣᠷᠣᠰᠢᠨ ᠰᠠᠭᠤᠬᠤ ᠣᠷᠴᠢᠨ ᠲᠣᠭᠤᠷᠢᠨ᠂ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢᠨ ᠪᠠᠶᠢᠳᠠᠯ ᠵᠢᠴᠢ ᠲᠦᠷᠦᠯ ᠵᠦᠢᠯ ᠤᠨ ᠠᠬᠢᠴᠠ᠂ ᠰᠣᠩᠭᠤᠭᠰᠠᠨ ᠭᠠᠵᠠᠷ᠂ ᠤᠰᠤ ᠴᠠᠬᠢᠯᠭᠠᠨ᠂ ᠵᠠᠰᠠᠮᠠᠯ ᠵᠠᠮ ᠵᠡᠷᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠣᠯᠤᠨ ᠣᠷᠣᠰᠢᠵᠤ ᠪᠠᠶᠢᠭ᠎ᠠ ᠬᠦᠴᠢᠷᠳᠡᠯ ᠢ ᠣᠶᠢᠯᠠᠭᠠᠪᠠ᠃           ᠯᠢᠦ ᠰᠢᠶᠤᠤ ᠮᠢᠨ ᠠᠴᠠ᠂ ᠡᠯ᠎ᠡ ᠭᠠᠵᠠᠷ ᠤᠨ ᠬᠢᠨ ᠥᠷᠭᠡᠨ ᠣᠯᠠᠨ ᠮᠠᠯᠴᠢᠨ ᠲᠠᠷᠢᠶᠠᠴᠢᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠠᠵᠢᠯ ᠤᠨ ᠵᠣᠷᠢᠯᠲᠠ ᠪᠠᠨ ᠪᠣᠯᠭᠠᠵᠤ᠂ ︽ᠠᠵᠤ ᠦᠢᠯᠡᠰ ᠬᠥᠭᠵᠢᠭᠰᠡᠨ᠂ ᠣᠷᠣᠰᠢᠨ ᠰᠠᠭᠤᠬᠤ ᠳᠤ ᠲᠣᠬᠢᠷᠠᠮᠵᠢᠲᠠᠶ᠂ ᠪᠣᠯᠪᠠᠰᠤᠨ ᠮᠤᠷᠠᠯ ᠲᠠᠢ᠂ ᠵᠠᠰᠠᠯᠲᠠ ᠪᠦᠲᠦᠮᠵᠢᠲᠡᠶ᠂ ᠠᠮᠢᠳᠤᠷᠠᠯ ᠴᠢᠨᠡᠭᠡᠯᠢᠭᠵᠢᠭᠰᠡᠨ︾ ᠭᠠᠴᠠᠭ᠎ᠠ ᠲᠣᠰᠬᠤᠨ ᠢ ᠬᠥᠭᠵᠢᠭᠦᠯᠬᠦ ᠱᠠᠭᠠᠷᠳᠠᠯᠭ᠎ᠠ ᠶᠣᠰᠣᠭᠠᠷ᠂ ᠭᠠᠵᠠᠷ ᠣᠷᠣᠨ ᠤ ᠪᠠᠨ ᠪᠠᠶᠢᠳᠠᠯ ᠳᠠᠭᠠᠨ ᠲᠣᠬᠢᠷᠠᠭᠤᠯᠵᠤ᠂ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠬᠡᠷᠡᠭᠲᠡᠶ᠃ ᠤᠷᠢᠳᠠᠪᠠᠷ ᠲᠥᠯᠥᠪᠵᠢᠭᠦᠯᠵᠦ ᠳᠠᠷᠠᠭ᠎ᠠ ᠨᠢ ᠪᠦᠲᠦᠭᠡᠨ ᠪᠠᠶᠢᠭᠤᠯᠬᠤ ᠵᠠᠷᠴᠢᠮ ᠶᠣᠰᠣᠭᠠᠷ᠂ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠱᠠᠲᠤ ᠦᠶ᠎ᠡ ᠬᠤᠪᠢᠶᠠᠨ᠂ ᠳᠡᠰ ᠳᠠᠪᠬᠤᠷᠭ᠎ᠠ ᠬᠤᠪᠢᠶᠠᠨ᠂ ᠠᠯᠬᠤᠮ ᠳᠠᠷᠠᠭ᠎ᠠ ᠬᠤᠪᠢᠶᠠᠨ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠬᠡᠷᠡᠭᠲᠡᠶ᠃ ᠴᠡᠭ ᠢᠶᠠᠷ ᠨᠡᠶᠢᠳᠡᠮ ᠢ ᠳᠠᠶᠢᠴᠢᠯᠠᠬᠤ  ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠷᠠᠳ ᠣᠯᠠᠨ ᠳᠤ ᠨᠠᠩ ᠶᠡᠭᠡ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠣᠯᠭᠤᠨ᠎ᠠ᠃ ᠠᠵᠤ ᠦᠢᠯᠡᠰ ᠤᠨ ᠪᠦᠲᠦᠴᠡ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠲᠥᠷᠥᠯ ᠵᠦᠢᠯ ᠤᠨ ᠡᠬᠢᠨ ᠤ ᠬᠤᠭᠤᠴᠠᠭᠠᠨ ᠳᠤ ᠪᠠᠶᠢᠴᠠᠭᠠᠨ ᠰᠤᠳᠤᠯᠤᠯᠲᠠ ᠬᠢᠵᠦ᠂ ᠮᠠᠯᠴᠢᠳ ᠲᠠᠢ ᠬᠠᠷᠢᠯᠴᠠᠭ᠎ᠠ ᠪᠠᠨ ᠴᠢᠩᠭᠠᠳᠬᠠᠨ᠂ ᠨᠠᠷᠢᠨ ᠲᠥᠰᠦᠪᠯᠡᠵᠦ᠂ ᠡᠯ᠎ᠡ ᠵᠦᠢᠯ ᠤᠨ ᠲᠣᠭᠲᠠᠴᠠ ᠶᠢ ᠪᠠᠶᠢᠭᠤᠯᠤᠨ ᠪᠦᠷᠢᠠᠰᠢᠭᠦᠯᠵᠦ᠂ ᠲᠥᠷᠥᠯ ᠵᠦᠢᠯ ᠤᠨ  ᠪᠦᠳᠦᠮᠵᠢᠳᠠᠢ ᠪᠠᠶᠢᠬᠤ ᠶᠢ ᠪᠠᠲᠤᠯᠠᠬᠤ ᠬᠡᠷᠡᠭᠳᠡᠢ ᠭᠡᠵᠦ ᠴᠢᠬᠤᠯᠠᠴᠢᠯᠠᠪᠠ᠃          ᠬᠤᠰᠢᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠪᠣᠯᠤᠨ ᠬᠠᠮᠢᠶ᠎ᠠ ᠪᠥᠬᠦᠶ ᠰᠤᠮᠤ ᠪᠠᠯᠭᠠᠰᠤᠨ ᠤ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃  ᠣᠶᠣᠨᠰᠡᠷᠭᠦᠯᠡᠩ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号