ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠶᠢ ᠲᠤᠷᠰᠢᠨ ᠳᠤᠤᠭᠠᠷᠭᠠᠬᠤ ᠲᠤᠬᠠᠢ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/9/16
         ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠠᠤᠯᠢ︾ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠷᠭᠡᠨ ᠣᠯᠠᠨ ᠬᠤᠲᠠ ᠶᠢᠨ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠤᠬᠠᠢ ᠤᠬᠠᠮᠰᠠᠷ ᠢ ᠨᠡᠩ ᠢᠯᠡᠭᠦᠦ ᠴᠢᠩᠭᠠᠳᠬᠠᠬᠤ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠤ ︽9 ᠰᠠᠷ᠎ᠠ ᠶᠢᠨ 18︾ ᠤ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠶᠢ ᠲᠤᠷᠰᠢᠨ ᠳᠤᠤᠭᠠᠷᠭᠠᠬᠤ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤ ᠨᠢ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠶᠢ ᠲᠤᠷᠰᠢᠨ ᠳᠤᠤᠭᠠᠷᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠᠷ ᠲᠣᠭᠲᠠᠪᠠ᠂ ᠡᠳᠦᠭᠡ ᠬᠠᠮᠢᠶ᠎ᠠ ᠪᠥᠬᠦᠶ ᠵᠦᠢᠯᠡᠰ ᠢ ᠵᠠᠷᠯᠠᠶ᠎ᠠ᠄ ᠨᠢᠭᠡ᠂ ᠰᠡᠷᠡᠮᠵᠢ ᠶᠢᠨ ᠳᠣᠬᠢᠶ᠎ᠠ ᠶᠢ ᠲᠤᠷᠰᠢᠨ ᠲᠤᠤᠭᠠᠷᠭᠠᠬᠤ ᠴᠠᠭ         2022 ᠣᠨ ᠤ 9 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨᠡᠬᠢ 9 ᠴᠠᠭ 30 ᠠᠴᠠ 11 ᠴᠠᠭ 30 ᠪᠣᠯᠲᠠᠯ᠎ᠠ᠃ᠬᠤᠶᠠᠷ᠂ ᠰᠡᠷᠡᠮᠵᠢ ᠶᠢᠨ ᠳᠣᠬᠢᠶ᠎ᠠ ᠶᠢ ᠲᠤᠷᠰᠢᠨ ᠳᠤᠤᠭᠠᠷᠭᠠᠬᠤ ᠬᠡᠪᠴᠢᠶ᠎ᠡ         ᠰᠢᠯᠤᠭᠤᠨ ᠬᠥᠬᠡ ᠬᠤᠰᠢᠭᠤᠨ ᠤ ᠱᠠᠩᠳᠤ ᠪᠠᠯᠭᠠᠰᠤ᠂ ᠬᠠᠪᠢᠷᠭ᠎ᠠ ᠪᠠᠯᠭᠠᠰᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ᠂ ᠪᠣᠷᠣᠬᠤᠲᠠ ᠵᠢᠱᠢᠶ᠎ᠡ ᠦᠵᠡᠭᠦᠯᠬᠦ ᠣᠷᠣᠨᠭᠤᠷᠪᠠ᠂ ᠰᠡᠷᠡᠮᠵᠢ ᠶᠢᠨ ᠳᠣᠬᠢᠶ᠎ᠠ ᠶᠢ ᠲᠤᠷᠰᠢᠨ ᠳᠤᠤᠭᠠᠷᠭᠠᠬᠤ ᠳᠣᠬᠢᠶ᠎ᠠ         ᠤᠷᠢᠳᠴᠢᠯᠠᠭᠰᠠᠨ ᠲᠣᠬᠢᠶ᠎ᠠ᠄ 36 ᠰᠧᠺᠦ᠋ᠨ᠋ᠳ᠋ ᠲᠤᠤᠭᠠᠷᠭᠠᠨ᠂ 24 ᠰᠧᠺᠦ᠋ᠨ᠋ᠳ᠋ ᠵᠣᠭᠰᠣᠭᠠᠵᠤ᠂ 3 ᠤᠳᠠᠭ᠎ᠠ ᠳᠠᠪᠲᠠᠨ᠎ᠠ᠂ ᠬᠤᠭᠤᠴᠠᠭ᠎ᠠ ᠨᠢ 3 ᠮᠢᠨᠦ᠋ᠲ᠃ᠠᠭᠠᠷ ᠤᠨ ᠳᠠᠭᠠᠷᠢᠯᠲᠠ ᠶᠢᠨ ᠰᠡᠷᠡᠮᠵᠢ ᠶᠢᠨ ᠳᠣᠬᠢᠶ᠎ᠠ᠄ 6 ᠰᠧᠺᠦ᠋ᠨ᠋ᠳ᠋ ᠲᠤᠤᠭᠠᠷᠭᠠᠨ᠂ 6 ᠰᠧᠺᠦ᠋ᠨ᠋ᠳ᠋ ᠵᠣᠭᠰᠤᠭᠠᠵᠤ᠂ 15 ᠤᠳᠠᠭ᠎ᠠ ᠳᠠᠪᠲᠠᠨ᠎ᠠ᠂ ᠬᠤᠭᠤᠴᠠᠭ᠎ᠠ ᠨᠢ 3 ᠮᠢᠨᠦ᠋ᠲ᠃ᠰᠡᠷᠡᠮᠵᠢ ᠶᠢᠨ ᠳᠣᠬᠢᠶ᠎ᠠ ᠲᠠᠶᠢᠯᠬᠤ᠄ ᠵᠠᠯᠭᠠᠭ᠎ᠠ ᠪᠠᠷ 3 ᠮᠢᠨᠦ᠋ᠲ ᠳᠤᠤᠭᠠᠷᠭᠠᠨ᠎ᠠ᠃         ᠰᠡᠷᠡᠮᠵᠢ ᠶᠢᠨ ᠳᠣᠬᠢᠶ᠎ᠠ ᠶᠢ ᠲᠤᠷᠰᠢᠨ ᠳᠤᠤᠭᠠᠷᠭᠠᠬᠤ ᠬᠤᠭᠤᠴᠠᠭᠠᠨ ᠳᠤ᠂ ᠥᠷᠭᠡᠨ ᠣᠯᠠᠨ ᠰᠠᠭᠤᠭᠠᠯᠢ ᠠᠷᠠᠳ ᠲᠠ ᠪᠦᠬᠦᠨ ᠠᠶᠤᠵᠤ ᠰᠠᠨᠳᠤᠷᠬᠤ ᠥᠬᠡᠶ ᠪᠠᠷ ᠬᠡᠪ ᠤᠨ ᠠᠵᠢᠯ ᠠᠮᠢᠳᠤᠷᠠᠯ ᠤᠨ ᠡᠮᠬᠢ ᠳᠢᠭᠯᠢᠮ ᠢᠶᠠᠨ ᠪᠠᠲᠤᠯᠠᠭᠠᠷᠠᠢ᠃ ᠤᠬᠠᠭᠤᠯᠬᠤ ᠰᠠᠯᠠᠭ᠎ᠠ ᠮᠥᠴᠢᠷ ᠨᠢ ᠤᠬᠠᠭᠤᠯᠤᠨ ᠮᠡᠳᠡᠭᠡᠯᠡᠬᠦ ᠪᠠ ᠮᠡᠳᠡᠭᠡ ᠵᠠᠩᠭᠢ ᠲᠠᠷᠬᠠᠭᠠᠬᠤ ᠠᠵᠢᠯ ᠢ ᠰᠠᠶᠢᠲᠤᠷ ᠬᠢᠵᠦ᠂ ᠡᠷᠦᠬᠡ ᠪᠣᠯᠭᠠᠨ ᠳᠤ ᠮᠡᠳᠡᠭᠳᠡᠨ᠂ ᠮᠠᠨ ᠤ ᠬᠤᠰᠢᠭᠤᠨ ᠤ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠶᠢ ᠲᠤᠷᠰᠢᠨ ᠳᠤᠤᠭᠠᠷᠭᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃ᠳᠥᠷᠪᠡ᠂ ᠠᠯᠪᠠᠨ ᠵᠠᠷᠯᠠᠯ ᠨᠡᠶᠢᠲᠡᠯᠡᠬᠦ ᠬᠤᠭᠤᠴᠠᠭ᠎ᠠ         2022 ᠣᠨ ᠤ 9 ᠰᠠᠷ᠎ᠠ ᠶᠢᠨ 15 ᠠᠴᠠ 9 ᠰᠠᠷ᠎ᠠ ᠶᠢᠨ 17 ᠪᠣᠯᠲᠠᠯ᠎ᠠ         ᠡᠭᠦᠨ ᠤ ᠲᠤᠯᠠ ᠣᠨᠴᠠᠭᠠᠶᠢᠯᠠᠨ ᠵᠠᠷᠯᠠᠪᠠ᠃                                        2022 ᠣᠨ ᠤ 9 ᠰᠠᠷ᠎ᠠ ᠶᠢᠨ 15 ᠤ ᠡᠳᠦᠷ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号