ᠴᠠᠭᠠᠨ ᠰᠠᠷ᠎ᠠ ᠶᠢᠨ ᠪᠠᠶᠠᠷ ᠤᠨ ᠶᠠᠷᠢᠶ᠎ᠠ
ᠨᠡᠶᠢᠲᠡᠯᠡᠭᠰᠡᠨ ᠴᠠᠭ᠄
2023/1/22

 ︵2022 ᠣᠨ ᠤ 1 ᠰᠠᠷ᠎ᠠ ᠶᠢᠨ 21 ᠤ ᠡᠳᠦᠷ︶

ᠤᠴᠠᠷᠠᠯ ᠪᠠᠶᠠᠰᠤᠯ ᠬᠤᠣᠰᠯᠠᠨ ᠪᠠᠶᠠᠷ ᠪᠢᠯᠬᠠᠭᠰᠠᠨ ᠴᠠᠭᠠᠨ ᠰᠠᠷ᠎ᠠ᠂ ᠦᠯᠵᠡᠢ ᠬᠤᠳᠤᠭ ᠳᠡᠭᠡᠳᠦᠯᠡᠨ ᠪᠤᠶᠠᠨ

ᠳᠡᠯᠭᠡᠷᠡᠭᠰᠡᠨ ᠴᠠᠭᠠᠨ ᠰᠠᠷ᠎ᠠ᠂ ᠬᠠᠷ᠎ᠠ ᠪᠠᠷᠰ ᠵᠢᠯ ᠢᠶᠠᠨ ᠦᠳᠡᠵᠦ᠂ ᠬᠠᠷᠠᠭᠴᠢᠨ ᠲᠠᠤᠯᠠᠢ ᠵᠢᠯ ᠢᠶᠠᠨ ᠤᠭᠳᠤᠬᠤ ᠡᠨᠡ

ᠪᠠᠶᠠᠷᠲᠤ ᠳᠠᠰᠢᠷᠠᠮ ᠢᠶᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠬᠡ ᠬᠤᠰᠢᠭᠤᠨ ᠤ ᠨᠠᠮ

 ᠤᠨ ᠬᠤᠷᠢᠶ᠎ᠠ᠂ ᠰᠢᠯᠤᠭᠤᠨ ᠬᠥᠬᠡ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ

 ᠶᠢᠨ ᠬᠤᠷᠢᠶ᠎ᠠ᠂ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠤᠯᠤᠰ ᠲᠥᠷᠥ ᠶᠢᠨ

ᠵᠥᠪᠯᠡᠯᠭᠡᠨ ᠠᠴᠠ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ᠂ ᠡᠯ᠎ᠡ ᠠᠷᠠᠳ ᠤᠨ ᠪᠦᠯᠬᠦᠮ᠂

ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ ᠪᠦᠯᠦᠭ ᠤᠨ ᠪᠤᠰᠤ ᠬᠥᠮᠦᠰ᠂ ᠬᠤᠰᠢᠭᠤᠨ ᠳᠤ ᠰᠠᠭᠤᠭ᠎ᠠ

ᠵᠡᠪᠰᠡᠭᠲᠦ ᠴᠠᠭᠳᠠᠭᠠᠨ ᠤ ᠠᠩᠭᠢ ᠶᠢᠨ ᠳᠠᠷᠤᠭ᠎ᠠ ᠪᠠᠶᠢᠯᠳᠤᠭᠴᠢ ᠪᠣᠯᠤᠨ ᠪᠥᠬᠦ ᠤᠯᠤᠰ ᠲᠥᠷᠥ ᠬᠠᠤᠯᠢ ᠴᠠᠭᠠᠵᠠ ᠶᠢᠨ

ᠺᠠᠳ᠋ᠷ ᠴᠠᠭᠳᠠᠭ᠎ᠠ ᠨᠠᠷ᠂ ᠪᠠᠶᠠᠷ ᠤᠨ ᠡᠳᠦᠷ ᠤᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ

ᠺᠠᠳ᠋ᠷ ᠠᠵᠢᠯᠲᠠᠳ ᠵᠢᠴᠢ ᠰᠢᠯᠤᠭᠤᠨ ᠬᠥᠬᠡ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠳᠡᠮᠵᠢᠵᠦ ᠪᠠᠶᠢᠭ᠎ᠠ ᠪᠣᠶ

ᠪᠥᠬᠦᠶ ᠨᠠᠶᠢᠵᠠ ᠨᠠᠷ ᠲᠤ ᠪᠠᠨ ᠴᠢᠩ ᠰᠡᠳᠬᠢᠯ ᠤᠨ ᠮᠡᠨᠳᠦᠴᠢᠯᠡᠯ ᠪᠣᠯᠤᠨ ᠴᠠᠭᠠᠨ ᠰᠠᠷ᠎ᠠ ᠶᠢᠨ ᠵᠥᠩᠨᠡᠯ

ᠳᠡᠪᠰᠢᠭᠦᠯᠵᠦ ᠪᠠᠶᠢᠨ᠎ᠠ︕

 ᠰᠠᠶ᠋ᠢᠬᠠᠨ ᠥᠩᠭᠡᠷᠡᠭᠰᠡᠨ 2022 ᠣᠨ ᠪᠣᠯ ᠮᠠᠨ ᠤ ᠨᠠᠮ ᠪᠣᠯᠤᠨ ᠤᠯᠤᠰ ᠤᠨ ᠲᠡᠦᠬᠡᠨ ᠳᠡᠭᠡᠷᠡᠬᠢ ᠲᠤᠶᠢᠯ ᠤᠨ

ᠴᠢᠬᠤᠯᠠ ᠨᠢᠭᠡ ᠵᠢᠯ ᠪᠣᠯᠤᠨ᠎ᠠ᠂ ᠨᠠᠮ ᠤᠨ ᠬᠤᠷᠢᠳᠤᠭᠠᠷ ᠶᠡᠭᠡ ᠬᠤᠷᠠᠯ ᠠᠮᠵᠢᠯᠲᠠ ᠲᠠᠢ ᠬᠤᠷᠠᠯᠳᠤᠵᠤ᠂ ᠨᠡᠶᠢᠭᠡᠮ

ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠵᠢᠴᠢ ᠳᠤᠮᠳᠠᠳᠤ ᠤᠯᠤᠰ ᠤᠨ

ᠣᠨᠴᠠᠯᠢᠭ ᠲᠠᠢ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ

ᠪᠥᠬᠦ ᠲᠠᠯ᠎ᠠ ᠪᠠᠷ ᠠᠬᠢᠭᠤᠯᠬᠤ ᠠᠤᠭ᠎ᠠ ᠲᠥᠰᠦᠪ ᠢ ᠵᠢᠷᠤᠭᠯᠠᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ

ᠴᠠᠭ ᠦᠶ᠎ᠡ ᠶᠢᠨ ᠪᠦᠷᠢᠶ᠎ᠡ ᠶᠢ ᠬᠠᠩᠭᠢᠨᠠᠭᠤᠯᠪᠠ᠃ ᠨᠢᠭᠡ ᠵᠢᠯ ᠤᠨ ᠲᠤᠷᠰᠢ᠂ ᠪᠢᠳᠡ ᠰᠢ ᠶᠢᠨ ᠫᠢᠩ ᠤᠨ ᠰᠢᠨ᠎ᠡ

ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ

ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ

ᠰᠤᠷᠤᠯᠴᠠᠨ ᠲᠤᠤᠱᠯᠠᠭᠤᠯᠬᠤ ᠶᠢ ᠲᠡᠷᠢᠭᠦᠨ ᠴᠢᠬᠤᠯᠠ ᠤᠯᠤᠰ ᠲᠥᠷᠦ ᠶᠢᠨ ᠡᠭᠦᠷᠭᠡ ᠪᠣᠯᠭᠠᠨ᠂ ᠨᠠᠮ ᠤᠨ ᠲᠥᠪ

ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶ᠎ᠠ᠂ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠠᠵᠢᠯ ᠤᠨ ᠱᠠᠭᠠᠷᠳᠠᠯᠭ᠎ᠠ ᠶᠢ

ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ

ᠶᠡᠷᠦᠩᠬᠡᠢ ᠬᠥᠭ ᠠᠶᠠᠰ ᠢ ᠪᠠᠷᠢᠮᠲᠠᠯᠠᠨ᠂ ᠪᠦᠬᠦ ᠬᠤᠰᠢᠭᠤᠨ ᠤ ᠠᠵᠤ ᠠᠬᠤᠢ ᠶᠢᠨ ᠲᠣᠭᠲᠠᠭᠤᠨ ᠨᠡᠮᠡᠭᠳᠡᠯ ᠢ

ᠪᠠᠲᠤᠯᠠᠵᠤ᠂ ᠣᠯᠠᠨ ᠲᠥᠷᠥᠯ ᠤᠨ ᠠᠵᠤ ᠠᠬᠤᠢ ᠶᠢᠨ ᠭᠦᠢᠴᠡᠳᠭᠡᠯ ᠲᠤᠭ᠎ᠠ ᠨᠢ ᠪᠦᠬᠦ ᠠᠶᠢᠮᠠᠭ ᠤᠨ ᠡᠮᠦᠨ᠎ᠡ

ᠡᠩᠨᠡᠭᠡᠨ ᠳᠤ ᠵᠢᠭᠰᠠᠭᠠᠭᠳᠠᠵᠠᠢ᠃ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ

ᠭᠦᠨᠵᠡᠭᠡᠶ ᠦᠶᠯᠡᠳᠦᠯᠭᠡᠵᠢᠭᠦᠯᠵᠦ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠡᠶᠢᠭᠡᠮ ᠤᠨ

ᠪᠠᠲᠤᠯᠠᠭ᠎ᠠ᠂ ᠰᠣᠶᠣᠯ ᠵᠡᠷᠭᠡ ᠡᠯ᠎ᠡ ᠵᠦᠶᠯ ᠤᠨ ᠠᠵᠢᠯ ᠦᠶᠯᠡᠰ ᠪᠥᠬᠦ ᠲᠠᠯ᠎ᠠ ᠪᠠᠷ ᠳᠡᠪᠰᠢᠵᠦ᠂ ᠬᠥᠳᠡᠭᠡ ᠣᠷᠣᠨ

ᠨᠤᠲᠤᠭ ᠢ ᠬᠦᠴᠦᠷᠬᠡᠭᠵᠢᠬᠦᠯᠬᠦ ᠠᠵᠢᠯ ᠲᠣᠭᠲᠠᠭᠤᠨ ᠠᠬᠢᠯᠲᠠ ᠣᠯᠵᠤ᠂ ᠠᠮᠢ ᠠᠬᠤᠶ ᠶᠢᠨ ᠬᠠᠮᠠᠭᠠᠯᠠᠯᠲᠠ ᠬᠢᠭᠡᠳ

ᠵᠠᠰᠠᠯᠲᠠ ᠰᠢᠨ᠎ᠡ ᠦᠷ᠎ᠡ ᠪᠦᠲᠦᠮᠵᠢ ᠣᠯᠵᠠᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠳᠤᠳᠬᠠᠨ᠂ ︽ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ

ᠦᠵᠡᠭᠦᠯᠬᠦ ᠬᠤᠰᠢᠭᠤ︾ ᠶᠢ ᠠᠮᠵᠢᠯᠲᠠ ᠲᠠᠢ ᠪᠠᠶᠢᠭᠤᠯᠵᠠᠢ᠃ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠢ

ᠣᠨᠣᠪᠴᠢᠲᠠᠶ ᠰᠢᠢᠳᠪᠦᠷᠢᠯᠡᠨ᠂ ᠬᠢᠵᠢᠭ ᠳᠡᠯᠭᠡᠷᠡᠬᠦ ᠶᠢ ᠪᠦᠳᠦᠮᠵᠢᠲᠡᠢ ᠰᠡᠷᠭᠡᠶᠢᠯᠡᠵᠦ᠂ ᠡᠯ᠎ᠡ ᠦᠨᠳᠦᠰᠦᠲᠡᠨ ᠤ ᠠᠷᠠᠳ

ᠲᠦᠮᠡᠨ ᠳᠤ ᠠᠮᠤᠷ ᠮᠡᠨᠳᠦ ᠠᠵᠠ ᠵᠢᠷᠭᠠᠯ ᠢ ᠡᠳ᠋ᠯᠡᠭᠦᠯᠵᠡᠢ᠃

ᠥᠩᠭᠡᠷᠡᠭᠰᠡᠨ ᠨᠢᠭᠡ ᠵᠢᠯ ᠤᠨ ᠡᠷᠡᠯᠬᠡᠭᠯᠡᠨ ᠲᠡᠮᠡᠴᠡᠭᠰᠡᠨ ᠡᠳᠦᠷ ᠬᠤᠨᠤᠭ ᠪᠦᠬᠦᠨ ᠭᠡᠷᠡᠯ ᠭᠢᠯᠪᠠᠭ᠎ᠠ ᠲᠠᠢ᠂

ᠮᠠᠷᠲᠠᠭᠳᠠᠰᠢ ᠦᠭᠡᠢ ᠳᠤᠷᠠᠰᠤᠮᠵᠢ ᠲᠠᠢ᠃ ᠰᠠᠯᠬᠢ ᠪᠣᠷᠣᠭᠠᠨ᠂ ᠬᠦᠴᠢᠷ ᠪᠡᠷᠬᠡᠰᠢᠶᠡᠯ ᠢ ᠲᠤᠭᠤᠯᠤᠨ ᠳᠠᠪᠠᠭᠰᠠᠨ

2022 ᠣᠨ ᠪᠣᠯ ᠲᠤᠶᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ︕ ᠣᠯᠣᠭᠰᠠᠨ ᠠᠮᠵᠢᠯᠲᠠ ᠪᠦᠬᠦᠨ ᠨᠢ

ᠪᠥᠬᠦ ᠬᠤᠰᠢᠭᠤᠨ ᠤ ᠡᠯ᠎ᠡ ᠦᠨᠳᠦᠰᠦᠲᠡᠨ ᠤ ᠣᠯᠠᠨ ᠲᠦᠮᠡᠨ ᠪᠣᠯᠤᠨ ᠥᠷᠭᠡᠨ ᠣᠯᠠᠨ ᠨᠠᠮ ᠤᠨ ᠭᠡᠰᠢᠭᠦᠨ

ᠺᠠᠳ᠋ᠷᠴᠤᠳ ᠤᠨ ᠬᠠᠮᠲᠤ ᠶᠢᠨ ᠴᠢᠷᠮᠠᠶᠢᠯᠭ᠎ᠠ ᠪᠠ ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠮᠥᠨ᠂ ᠰᠢᠯᠤᠭᠤᠨ

ᠬᠥᠬᠡ ᠬᠤᠰᠢᠭᠤᠨ ᠤ ᠬᠦᠮᠦᠨ ᠪᠦᠬᠦᠨ ᠪᠦᠷ ᠦᠯᠢᠭᠡᠷ ᠤᠨ ᠪᠠᠭᠠᠲᠤᠷ᠂ ᠦᠢᠯᠡᠰ ᠴᠣᠭᠴᠠᠯᠠᠭᠴᠢ ᠮᠥᠨ︕

ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠲᠡᠮᠡᠴᠡᠯ ᠤᠨ ᠭᠡᠷᠡᠯ ᠭᠢᠯᠪᠠᠭ᠎ᠠ ᠪᠢᠳᠡᠨ ᠤ ᠠᠮᠵᠢᠯᠲᠠ ᠶᠢ ᠦᠩᠭᠡᠯᠡᠵᠦ

ᠪᠠᠶᠢᠨ᠎ᠠ᠃ ᠢᠷᠡᠭᠡᠳᠦᠶ ᠪᠠᠨ ᠪᠠᠷᠠᠯᠠᠬᠤᠶ᠎ᠠ᠂ ᠲᠡᠮᠡᠴᠡᠯ ᠤᠨ ᠡᠷᠴᠢ ᠵᠣᠷᠢᠭ ᠪᠢᠳᠡᠨ ᠤ ᠠᠯᠤᠰ ᠤᠨ ᠬᠠᠷᠭᠤᠢ ᠶᠢ

ᠭᠡᠷᠡᠯᠳᠦᠭᠦᠯᠵᠦ ᠪᠠᠶᠢᠨ᠎ᠠ᠃ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ

ᠪᠦᠬᠦ ᠲᠠᠯ᠎ᠠ ᠪᠠᠷ ᠲᠣᠣᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ︽ᠠᠷᠪᠠᠨ ᠳᠥᠷᠪᠡᠳᠦᠭᠡᠷ

ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠢᠷᠡᠭᠡᠳᠦᠢ ᠳᠤ ᠵᠠᠮ ᠨᠡᠭᠡᠭᠡᠬᠦ

ᠵᠠᠩᠭᠢᠯᠠᠭ᠎ᠠ ᠶᠢᠨ ᠵᠢᠯ ᠮᠥᠨ᠂ ᠰᠢᠨ᠎ᠡ ᠨᠢᠭᠡᠨ ᠵᠢᠯ ᠳᠤ ᠰᠢᠨ᠎ᠡ ᠬᠦᠰᠡᠯ ᠮᠥᠷᠦᠭᠡᠳᠦᠯ᠂ ᠰᠢᠨ᠎ᠡ ᠠᠶᠠᠨ ᠰᠢᠨ᠎ᠡ

ᠡᠷᠡᠮᠡᠯᠵᠡᠯ ᠠᠴᠢᠶᠠᠯᠠᠵᠤ ᠪᠠᠶᠢᠨ᠎ᠠ᠃ ᠪᠢᠳᠡ ᠭᠠᠭᠴᠠ ᠬᠦ ᠪᠦᠯᠬᠦᠮᠳᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠪᠠᠯ ᠰᠠᠶ᠋ᠢ

ᠡᠭᠦᠷᠭᠡ ᠬᠠᠷᠢᠭᠤᠴᠠᠯᠭ᠎ᠠ ᠪᠠᠨ ᠤᠮᠠᠷᠳᠠᠬᠤ ᠦᠭᠡᠢ᠂ ᠠᠷᠠᠳ ᠲᠦᠮᠡᠨ ᠢᠶᠠᠨ ᠬᠥᠰᠡᠷᠳᠡᠭᠦᠯᠬᠦ ᠦᠭᠡᠢ ᠪᠠᠶᠢᠵᠤ

ᠴᠢᠳᠠᠨ᠎ᠠ᠃

ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ

ᠴᠢᠩᠭ᠎ᠠ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ

 ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ

ᠪᠦᠷᠢᠨ ᠪᠦᠲᠦᠨ᠂ ᠵᠥᠪ ᠣᠨᠣᠪᠴᠢᠲᠠᠶ᠂ ᠪᠥᠬᠦ ᠲᠠᠯ᠎ᠠ ᠪᠠᠷ ᠲᠤᠤᠱᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ

 ᠳᠤ ᠢᠳᠡᠪᠬᠢᠲᠡᠶ ᠦᠶᠯᠡᠴᠢᠯᠡᠬᠦ ᠪᠠ ᠠᠭᠤᠰᠤᠯᠴᠠᠵᠤ᠂ ︽ᠲᠠᠪᠤᠨ ᠴᠢᠬᠤᠯᠠ ᠡᠭᠦᠷᠭᠡ︾ ᠶᠢ ᠬᠢᠨᠠᠮᠠᠭᠠᠶ

ᠨᠠᠶᠢᠳᠠᠪᠤᠷᠢᠵᠢᠭᠤᠯᠵᠤ᠂ ᠬᠢᠵᠢᠭ ᠢ ᠰᠡᠷᠬᠡᠶᠢᠯᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ

ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠤᠭᠲᠠᠭᠤᠨ ᠢ ᠨᠢᠭᠡᠳᠦᠯᠲᠡᠶ ᠲᠥᠯᠥᠪᠵᠢᠭᠦᠯᠵᠦ᠂ ᠰᠡᠳᠬᠢᠯ ᠨᠢᠭᠡᠳᠦᠨ

ᠬᠦᠴᠦ ᠪᠠᠨ ᠬᠠᠮᠲᠤᠳᠬᠠᠵᠤ᠂ ᠯᠠᠪᠳᠠᠭᠤᠨ ᠪᠠᠲᠤᠲᠠᠶ ᠰᠢᠷᠭᠠᠭᠤ ᠬᠠᠲᠠᠭᠤᠵᠢᠯᠲᠠᠶ ᠠᠵᠢᠯᠯᠠᠨ᠂ ᠣᠳᠣᠬᠢᠴᠢᠯᠠᠯᠲᠠ

 ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠠᠶᠠᠨ ᠳᠤ ᠰᠢᠯᠤᠭᠤᠨ ᠬᠥᠬᠡ ᠬᠤᠰᠢᠭᠤᠨ ᠤ ᠴᠢᠨᠠᠷᠯᠢᠭ ᠬᠥᠭᠵᠢᠯᠲᠡ

 ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠪᠠᠷ ᠴᠢᠷᠮᠠᠶᠢᠵᠠᠭᠠᠶ᠎ᠠ︕

ᠣᠳᠣᠬᠠᠨ ᠳᠤ᠂ ᠬᠢᠵᠢᠭ ᠢ ᠰᠡᠷᠭᠡᠶᠢᠯᠡᠬᠦ ᠠᠵᠢᠯ ᠰᠢᠨ᠎ᠡ ᠱᠠᠲᠤᠨ ᠳᠤ ᠣᠷᠤᠵᠠᠢ᠂ ᠤᠯᠠᠨ ᠢᠶᠠᠷ ᠢᠶᠠᠨ ᠪᠠᠶᠠᠷ ᠤᠨ

ᠡᠳᠦᠷ ᠤᠨ ᠬᠤᠭᠤᠴᠠᠭᠠᠨ ᠳᠤ ᠬᠢᠵᠢᠭ ᠤᠨ ᠰᠡᠷᠭᠡᠶᠢᠯᠡᠯᠲᠡ ᠪᠠᠨ ᠰᠠᠶᠢᠲᠤᠷ ᠬᠢᠵᠦ᠂ ᠴᠠᠭᠠᠨ ᠰᠠᠷ᠎ᠠ ᠪᠠᠨ ᠪᠠᠶᠠᠷ ᠬᠦᠷ

 ᠲᠠᠢ ᠦᠩᠭᠡᠷᠡᠭᠦᠯᠦᠭᠡᠷᠡᠢ︕

ᠠᠭᠤᠤ ᠶᠡᠭᠡ ᠡᠬᠡ ᠤᠯᠤᠰ ᠮᠢᠨᠢ ᠴᠡᠴᠡᠭᠯᠡᠨ ᠬᠥᠭᠵᠢᠵᠦ᠂ ᠲᠦᠷᠦ ᠲᠦᠪᠰᠢᠨ ᠲᠦᠮᠡᠨ ᠠᠮᠤᠭᠤᠯᠠᠩ ᠪᠠᠶᠢᠬᠤ

ᠪᠣᠯᠳᠤᠭᠠᠢ︕

ᠪᠦᠬᠦ ᠬᠤᠰᠢᠭᠤᠨ ᠤ ᠠᠷᠠᠳ ᠲᠦᠮᠡᠨ ᠮᠢᠨᠢ ᠰᠠᠷ᠎ᠠ ᠰᠢᠨ᠎ᠡ ᠳᠡᠭᠡᠨ ᠰᠠᠶᠢᠬᠠᠨ ᠰᠢᠨᠡᠯᠡᠭᠡᠷᠡᠢ︕

ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶ᠎ᠠ

ᠰᠢᠯᠤᠭᠤᠨ ᠬᠥᠬᠡ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ

ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ

ᠤᠯᠤᠰ ᠲᠥᠷᠥ ᠶᠢᠨ ᠵᠥᠪᠯᠡᠯᠭᠡᠨ ᠤ ᠰᠢᠯᠤᠭᠤᠨ ᠬᠥᠬᠡ ᠬᠤᠰᠢᠭᠤᠨ ᠤ ᠵᠥᠪᠯᠡᠯ

 

 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号