ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠠᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ ᠨᠢ ᠭᠠᠳᠠᠭᠠᠳᠤ ᠲᠠᠢ ᠬᠤᠯᠪᠣᠭᠳᠠᠬᠤ ᠬᠠᠤᠯᠢ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ ᠠᠰᠢᠭᠲᠠᠢ ᠬᠠᠤᠯᠢᠵᠢᠯ ᠤᠨ ᠨᠥᠬᠦᠴᠡᠯ ᠪᠠ ᠭᠠᠳᠠᠭᠠᠳᠤ ᠣᠷᠴᠢᠨ ᠲᠣᠭᠤᠷᠢᠨ ᠢ ᠪᠤᠢ ᠪᠤᠯᠭᠠᠬᠤ ᠬᠡᠷᠡᠭᠲᠡᠢ
ᠨᠡᠶᠢᠲᠡᠯᠡᠭᠰᠡᠨ ᠴᠠᠭ᠄
2023/11/30
       ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 28 ᠤ ᠴᠠᠭᠢᠯᠭᠠᠨ ᠮᠡᠳᠡᠭᠡ  ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 11 ᠰᠠᠷ᠎ᠠ ᠶᠢᠨ 27 ᠤ ᠦᠳᠡ ᠶᠢᠨ ᠬᠤᠶᠢᠨ᠎ᠠ ᠭᠠᠳᠠᠭᠠᠳᠤ ᠲᠠᠢ ᠬᠤᠯᠪᠣᠭᠳᠠᠬᠤ ᠬᠠᠤᠯᠢ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠠᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ᠂ ᠭᠠᠳᠠᠭᠠᠳᠤ ᠲᠠᠢ ᠬᠤᠯᠪᠣᠭᠳᠠᠬᠤ ᠬᠠᠤᠯᠢ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠠᠯᠤᠰ ᠭᠡᠳᠦ ᠶᠢᠨ ᠬᠡᠷᠡᠭᠴᠡᠭᠡ ᠪᠤᠯᠬᠤ ᠪᠠᠷ ᠪᠠᠷᠠᠬᠤ ᠦᠭᠡᠢ᠂ ᠪᠠᠰᠠ ᠴᠤ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠭᠠᠳᠠᠭᠠᠳᠤ ᠶᠢᠨ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ ᠲᠤᠯᠭᠠᠮ ᠡᠭᠦᠷᠭᠡ ᠪᠣᠯᠣᠨ᠎ᠠ᠃ ᠤᠯᠤᠰ ᠤᠨ ᠳᠣᠲᠣᠭᠠᠳᠤ ᠪᠠ ᠤᠯᠠᠨ ᠤᠯᠤᠰ ᠭᠡᠬᠦ ᠬᠤᠶᠠᠷ ᠶᠡᠭᠡ ᠲᠠᠯ᠎ᠠ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ᠂ ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠥᠨᠳᠥᠷᠴᠡ ᠠᠴᠠ᠂ ᠭᠠᠳᠠᠭᠠᠳᠤ ᠲᠠᠢ ᠬᠤᠯᠪᠣᠭᠳᠠᠬᠤ ᠬᠠᠤᠯᠢ ᠳᠦᠷᠢᠮ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠣᠯᠣᠨ ᠲᠤᠯᠭᠠᠮ ᠴᠢᠨᠠᠷ ᠢ ᠭᠦᠨᠵᠡᠭᠡᠢ ᠲᠠᠨᠢᠵᠤ᠂ ᠴᠢᠨᠠᠷ ᠰᠠᠶᠢᠲᠠᠢ ᠬᠥᠭᠵᠢᠯᠲᠡ᠂ ᠥᠨᠳᠥᠷ ᠲᠦᠪᠰᠢᠨ ᠪᠦᠬᠦᠢ ᠨᠡᠭᠡᠭᠡᠯᠲᠡ ᠶᠢᠨ ᠱᠠᠭᠠᠷᠳᠠᠯᠭ᠎ᠠ ᠳᠤ ᠵᠣᠬᠢᠴᠠᠭᠰᠠᠨ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠰᠢᠰᠲ᠋ᠧᠮ ᠪᠣᠯᠣᠨ ᠴᠢᠳᠠᠪᠤᠷᠢ ᠶᠢ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠯᠠᠪᠳᠠᠭᠤᠨ ᠢᠶᠠᠷ ᠬᠤᠯᠠ ᠠᠶᠠᠯᠠᠬᠤ ᠳᠤ ᠠᠰᠢᠭᠲᠠᠢ ᠬᠠᠤᠯᠢᠵᠢᠯ ᠤᠨ ᠨᠥᠬᠦᠴᠡᠯ ᠪᠣᠯᠣᠨ ᠭᠠᠳᠠᠭᠠᠳᠤ ᠣᠷᠴᠢᠨ ᠲᠣᠭᠤᠷᠢᠨ ᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃     ᠦᠬᠠᠨ ᠶᠡᠭᠡ ᠰᠤᠷᠭᠠᠭᠤᠯᠢ ᠶᠢᠨ ᠣᠨᠴᠠ ᠤᠷᠢᠭᠰᠠᠨ ᠫᠷᠤᠹᠧᠰᠰᠤᠷ ᠬᠤᠸᠠᠩ ᠬᠤᠢ ᠺᠠᠩ ᠨᠥᠬᠦᠷ ᠡᠨᠡ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ ᠳᠤᠷᠠᠳᠴᠠᠢ᠃ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃     ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠬᠠᠤᠯᠢ ᠴᠠᠭᠠᠵᠠ ᠪᠣᠯ ᠨᠡᠶᠢᠭᠡᠮ ᠤᠨ ᠠᠮᠢᠳᠤᠷᠠᠯ᠂ ᠤᠯᠤᠰ ᠤᠨ ᠵᠠᠰᠠᠯᠲᠠ ᠶᠢᠨ ᠪᠠᠷᠢᠮᠵᠢᠶ᠎ᠠ ᠮᠥᠨ᠃ ᠭᠠᠳᠠᠭᠠᠳᠤ ᠲᠠᠢ ᠬᠤᠯᠪᠣᠭᠳᠠᠬᠤ ᠬᠠᠤᠯᠢ ᠳᠦᠷᠢᠮ ᠪᠣᠯ ᠤᠯᠤᠰ ᠤᠨ ᠬᠠᠤᠯᠢ ᠳᠦᠷᠢᠮ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠰᠠᠭᠤᠷᠢ ᠮᠥᠨ᠂ ᠲᠡᠷᠡ ᠨᠢ ᠦᠨᠳᠦᠰᠦ ᠶᠢ ᠪᠠᠬᠢᠵᠢᠭᠦᠯᠵᠦ᠂ ᠵᠢᠱᠢᠯᠲᠡ ᠶᠢ ᠲᠣᠭᠲᠠᠪᠤᠷᠢᠵᠢᠭᠤᠯᠤᠨ᠂ ᠠᠯᠤᠰ ᠭᠡᠳᠤ ᠳᠤ ᠠᠰᠢᠭᠲᠠᠢ ᠪᠠᠶᠢᠯᠭᠠᠬᠤ ᠴᠢᠬᠤᠯᠠ ᠦᠢᠯᠡᠳᠦᠯ ᠢ ᠪᠠᠳᠠᠷᠠᠭᠤᠯᠵᠤ ᠪᠠᠶᠢᠳᠠᠭ᠃ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠢᠨ᠎ᠡ ᠠᠶᠠᠨ ᠳᠤ᠂ ᠡᠷᠬᠡᠪᠰᠢ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠵᠤ᠂ ᠨᠡᠩ ᠢᠳᠡᠪᠬᠢᠲᠡᠢ ᠲᠡᠦᠬᠡᠨ ᠡᠭᠦᠷᠭᠡᠯᠡᠯ ᠪᠠ ᠪᠦᠲᠦᠭᠡᠯᠴᠢ ᠵᠣᠷᠢᠭ ᠰᠠᠨᠠᠭ᠎ᠠ ᠪᠠᠷ ᠮᠠᠨ ᠤ ᠤᠯᠤᠰ ᠤᠨ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠰᠢ ᠶᠢᠨ ᠫᠢᠩ᠂ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠨᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠤᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠳᠤ ᠬᠤᠯᠪᠣᠭᠳᠠᠵᠤ᠂ ᠮᠠᠨ ᠤ ᠤᠯᠤᠰ ᠤᠨ ᠭᠠᠳᠠᠭᠠᠳᠤ ᠨᠡᠭᠡᠭᠡᠯᠲᠡ ᠪᠣᠯᠣᠨ ᠭᠠᠳᠠᠭᠠᠳᠤ ᠬᠠᠷᠢᠯᠴᠠᠭᠠᠨ ᠤ ᠠᠵᠢᠯ ᠤᠨ ᠶᠡᠭᠡ ᠲᠠᠯ᠎ᠠ ᠳᠤ ᠬᠤᠯᠪᠣᠭᠳᠠᠨ᠎ᠠ᠃ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠠᠵᠢᠯ ᠢ ᠠᠬᠢᠭᠤᠯᠬᠤ ᠶᠢᠨ ᠦᠨᠳᠦᠰᠦᠨ ᠵᠣᠷᠢᠯᠭ᠎ᠠ ᠪᠣᠯ ᠬᠠᠤᠯᠢᠵᠢᠯ ᠤᠨ ᠠᠷᠭ᠎ᠠ ᠮᠠᠶ᠋ᠢᠭ ᠢᠶᠠᠷ ᠤᠯᠤᠰ ᠣᠷᠣᠨ ᠪᠠ ᠠᠷᠠᠳ ᠲᠦᠮᠡᠨ ᠤ ᠠᠰᠢᠭ ᠲᠤᠰᠠ ᠶᠢ ᠨᠡᠩ ᠰᠠᠶᠢᠲᠤᠷ ᠬᠠᠮᠠᠭᠠᠯᠠᠵᠤ᠂ ᠤᠯᠠᠨ ᠤᠯᠤᠰ ᠤᠨ ᠬᠠᠤᠯᠢᠵᠢᠯ ᠤᠨ ᠲᠠᠪᠰᠢᠯᠳᠠ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢᠨ ᠲᠥᠯᠥᠭᠡ ᠶᠤᠮ᠃ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃     ᠰᠢ ᠶᠢᠨ ᠫᠢᠩ᠂ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠠᠵᠢᠯ ᠪᠣᠯ ᠬᠤᠯᠪᠣᠭᠳᠠᠬᠤ ᠲᠠᠯ᠎ᠠ ᠨᠢ ᠥᠷᠭᠡᠨ᠂ ᠬᠤᠯᠪᠣᠯᠳᠤᠨ ᠬᠥᠳᠡᠯᠦᠯᠴᠡᠬᠦ ᠴᠢᠨᠠᠷ ᠢᠶᠠᠷ ᠴᠢᠩᠭ᠎ᠠ ᠰᠢᠰᠲ᠋ᠧᠮᠲᠦ ᠢᠨᠵᠧᠨᠧᠷᠢᠩ ᠮᠥᠨ᠂ ᠡᠷᠬᠡᠪᠰᠢ ᠤᠯᠤᠰ ᠤᠨ ᠳᠣᠲᠣᠭᠠᠳᠤ ᠪᠠ ᠤᠯᠠᠨ ᠤᠯᠤᠰ ᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠪᠠᠷᠠᠯᠠᠯᠳᠤ ᠴᠢᠨᠠᠷᠲᠠᠢ ᠪᠣᠳᠣᠯᠬᠢᠯᠠᠬᠤ᠂ ᠪᠦᠭᠦ ᠲᠠᠯ᠎ᠠ ᠶᠢᠨ ᠴᠢᠨᠠᠷᠲᠠᠢ ᠲᠥᠯᠥᠪᠯᠡᠬᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠠᠶᠢᠷᠢᠰᠢᠭᠤᠯᠬᠤ᠂ ᠪᠦᠬᠦᠯᠢ ᠴᠣᠭᠴᠠ ᠶᠢᠨ ᠴᠢᠨᠠᠷᠲᠠᠢ ᠠᠬᠢᠭᠤᠯᠬᠤ ᠶᠢ ᠪᠠᠷᠢᠮᠲᠠᠯᠠᠵᠤ᠂ ᠦᠵᠦ ᠲᠥᠯᠥᠪᠯᠡᠭᠡ ᠶᠢ ᠴᠢᠩᠭᠠᠳᠬᠠᠵᠤ᠂ ᠭᠠᠳᠠᠭᠠᠳᠤ ᠲᠠᠢ ᠬᠤᠯᠪᠣᠭᠳᠠᠬᠤ ᠬᠠᠤᠯᠢ ᠶᠢ ᠲᠣᠭᠲᠠᠭᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠶᠢ ᠵᠢᠷᠤᠮᠯᠠᠬᠤ ᠪᠠ ᠬᠠᠤᠯᠢ ᠴᠠᠭᠠᠵᠠ ᠶᠢᠨ ᠦᠢᠯᠡᠴᠢᠯᠡᠭᠡ ᠶᠢ ᠨᠢᠭᠡ ᠴᠣᠭᠴᠠᠵᠢᠭᠤᠯᠤᠨ ᠠᠬᠢᠭᠤᠯᠵᠤ᠂ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠠᠵᠢᠯ ᠤᠨ ᠶᠡᠭᠡ ᠬᠠᠮᠵᠢᠯᠴᠠᠭᠰᠠᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠬᠠᠤᠯᠢ ᠲᠣᠭᠲᠠᠭᠠᠬᠤ ᠶᠢ ᠤᠷᠢᠳ ᠢᠶᠠᠷ ᠬᠡᠷᠡᠭᠵᠢᠭᠦᠯᠵᠦ᠂ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠤᠯᠭᠠᠬᠤ ᠲᠠᠶᠢᠯᠪᠤᠷᠢᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠰᠢᠰᠲ᠋ᠧᠮ ᠲᠠᠢ ᠪᠦᠷᠢᠨ ᠲᠥᠬᠦᠷ ᠭᠠᠳᠠᠭᠠᠳᠤ ᠲᠠᠢ ᠬᠤᠯᠪᠣᠭᠳᠠᠬᠤ ᠬᠠᠤᠯᠢ ᠲᠣᠭᠲᠠᠭᠠᠯ ᠤᠨ ᠰᠢᠰᠲ᠋ᠧᠮ ᠢ ᠪᠦᠷᠢᠯᠳᠦᠭᠦᠯᠬᠦ ᠬᠡᠷᠡᠭᠲᠡᠢ᠃ ᠬᠠᠷᠢᠯᠴᠠᠨ ᠬᠠᠮᠵᠢᠯᠴᠠᠭᠰᠠᠨ ᠥᠨᠳᠥᠷ ᠪᠦᠲᠦᠮᠵᠢᠲᠡᠢ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠬᠡᠷᠡᠭᠵᠢᠭᠦᠯᠬᠦ ᠰᠢᠰᠲ᠋ᠧᠮ ᠢ ᠪᠠᠶᠢᠭᠤᠯᠵᠤ᠂ ᠭᠠᠳᠠᠭᠠᠳᠤ ᠲᠠᠢ ᠬᠤᠯᠪᠣᠭᠳᠠᠬᠤ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠦᠷ᠎ᠡ ᠠᠰᠢᠭ ᠢ ᠳᠡᠭᠡᠭᠰᠢᠯᠡᠭᠦᠯᠵᠦ᠂ ᠭᠠᠳᠠᠭᠠᠳᠤ ᠲᠠᠢ ᠬᠤᠯᠪᠣᠭᠳᠠᠬᠤ ᠬᠠᠤᠯᠢ ᠪᠠᠷᠢᠬᠤ ᠰᠢᠭᠦᠨ ᠲᠠᠰᠤᠯᠬᠤ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠵᠤ᠂ ᠭᠠᠳᠠᠭᠠᠳᠤ ᠲᠠᠢ ᠬᠤᠯᠪᠣᠭᠳᠠᠬᠤ ᠬᠠᠤᠯᠢ ᠪᠠᠷᠢᠬᠤ ᠶᠢᠨ ᠤᠯᠠᠨ ᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠭᠠᠳᠠᠭᠠᠳᠤ ᠲᠠᠢ ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡ ᠶᠢ ᠢᠳᠡᠪᠬᠢᠲᠡᠢ ᠬᠥᠭᠵᠢᠭᠦᠯᠵᠦ᠂ ᠤᠯᠠᠨ ᠤᠯᠤᠰ ᠤᠨ ᠲᠡᠷᠢᠭᠦᠨ ᠵᠡᠷᠭᠡ ᠶᠢᠨ ᠬᠥᠨᠳᠡᠯᠡᠨ ᠠᠴᠠ ᠲᠠᠰᠤᠯᠬᠤ ᠨᠢᠭᠡ ᠪᠦᠯᠦᠭ ᠪᠠᠶᠢᠭᠤᠯᠤᠮᠵᠢ᠂ ᠬᠠᠤᠯᠢᠴᠢ ᠶᠢᠨ ᠬᠡᠷᠡᠭ ᠡᠷᠭᠢᠯᠡᠭᠦ ᠭᠠᠵᠠᠷ ᠢ ᠪᠣᠶᠢᠵᠢᠭᠤᠯᠬᠤ ᠬᠡᠷᠡᠭᠲᠡᠢ᠃ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠤᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠺᠤᠨᠰᠦ᠋ᠯ ᠤᠨ ᠬᠠᠮᠠᠭᠠᠯᠠᠯᠲᠠ ᠪᠠ ᠬᠠᠮᠵᠢᠯᠴᠠᠭ᠎ᠠ ᠶᠢ ᠴᠢᠩᠭᠠᠳᠬᠠᠵᠤ᠂ ᠮᠠᠨ ᠤ ᠤᠯᠤᠰ ᠤᠨ ᠭᠠᠳᠠᠭᠠᠳᠤ ᠳᠠᠬᠢ ᠠᠰᠢᠭ ᠲᠤᠰᠠ ᠶᠢ ᠬᠠᠮᠠᠭᠠᠯᠠᠬᠤ ᠬᠠᠤᠯᠢᠵᠢᠯ ᠤᠨ ᠠᠮᠤᠷ ᠲᠦᠪᠰᠢᠨ ᠤ ᠬᠡᠯᠬᠢᠶ᠎ᠡ ᠶᠢ ᠪᠠᠶᠢᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠲᠣᠭᠲᠠᠭᠠᠯ ᠳᠤ ᠨᠡᠶᠢᠴᠡᠬᠦ ᠤᠬᠠᠮᠰᠠᠷ ᠢᠶᠠᠨ ᠴᠢᠩᠭᠠᠳᠬᠠᠵᠤ᠂ ᠮᠠᠨ ᠤ ᠤᠯᠤᠰ ᠤᠨ ᠠᠷᠠᠳ ᠢᠷᠭᠡᠳ᠂ ᠠᠵᠤ ᠠᠬᠤᠶᠢᠯᠠᠯ ᠤᠨ ︽ᠭᠠᠳᠠᠭᠰᠢ ᠭᠠᠷᠬᠤ︾ ᠶᠠᠪᠤᠴᠠ ᠳᠤ ᠲᠤᠬᠠᠢ ᠶᠢᠨ ᠭᠠᠵᠠᠷ ᠤᠨ ᠬᠠᠤᠯᠢ ᠲᠣᠭᠲᠠᠭᠠᠯ ᠪᠠ ᠵᠠᠩ ᠳᠠᠳᠬᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠬᠤ᠂ ᠬᠠᠤᠯᠢᠵᠢᠯ ᠪᠠ ᠳᠦᠷᠢᠮ ᠢ ᠬᠡᠷᠡᠭᠯᠡᠨ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠰᠢ ᠶᠢᠨ ᠫᠢᠩ᠂ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠤᠯᠠᠨ ᠤᠯᠤᠰ ᠤᠨ ᠳᠦᠷᠢᠮ ᠢ ᠲᠣᠭᠲᠠᠭᠠᠬᠤ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠤᠯᠠᠨ ᠤᠯᠤᠰ ᠤᠨ ᠬᠠᠷᠢᠯᠴᠠᠭ᠎ᠠ ᠶᠢᠨ ᠬᠠᠤᠯᠢᠵᠢᠯᠲᠠ ᠶᠢ ᠠᠬᠢᠭᠤᠯᠬᠤ ᠬᠡᠷᠡᠭᠲᠡᠢ᠃ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠠ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠠᠬᠢᠭᠤᠯᠵᠤ᠂ ᠤᠯᠠᠨ ᠤᠯᠤᠰ ᠤᠨ ᠰᠠᠶᠢᠨ ᠬᠠᠤᠯᠢ ᠪᠠᠷ ᠪᠦᠭᠦ ᠪᠥᠮᠪᠥᠷᠴᠡᠭ ᠤᠨ ᠴᠢᠳᠠᠮᠠᠭᠠᠢ ᠵᠠᠰᠠᠯᠲᠠ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃     ᠰᠢ ᠶᠢᠨ ᠫᠢᠩ᠂ ᠬᠠᠤᠯᠢᠵᠢᠯ ᠨᠢ ᠨᠡᠭᠡᠭᠡᠯᠲᠡ ᠲᠠᠢ ᠬᠠᠮᠲᠤ ᠤᠷᠤᠭᠰᠢᠯᠠᠳᠠᠭ᠂ ᠭᠠᠳᠠᠭᠠᠳᠤ ᠨᠡᠭᠡᠭᠡᠯᠲᠡ ᠴᠢᠨᠠᠭᠰᠢᠳᠠ ᠠᠬᠢᠪᠠᠯ᠂ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠪᠠᠶᠢᠭᠤᠯᠤᠯᠲᠠ ᠶᠢ ᠪᠠᠰᠠ ᠴᠢᠨᠠᠭᠰᠢᠳᠠ ᠠᠬᠢᠭᠤᠯᠬᠤ ᠬᠡᠷᠡᠭᠲᠡᠢ᠃ ᠬᠠᠤᠯᠢᠵᠢᠯ ᠤᠨ ᠰᠠᠭᠤᠷᠢᠨ ᠳᠡᠭᠡᠷ᠎ᠡ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠶᠢ ᠪᠠᠷᠢᠮᠲᠠᠯᠠᠵᠤ᠂ ᠨᠡᠭᠡᠭᠡᠯᠲᠡ ᠶᠢ ᠥᠷᠭᠡᠳᠬᠡᠬᠦ ᠳᠤᠮᠳᠠ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠵᠤ᠂ ᠥᠨᠳᠥᠷ ᠲᠦᠪᠰᠢᠨ ᠪᠦᠬᠦᠢ ᠨᠡᠭᠡᠭᠡᠯᠲᠡ ᠶᠢᠨ ᠬᠠᠤᠯᠢᠵᠢᠯ ᠤᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃     ᠬᠠᠤᠯᠢᠵᠢᠯ ᠪᠣᠯ ᠬᠠᠮᠤᠭ ᠤᠨ ᠰᠠᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠮᠥᠨ᠂ ᠢᠯᠡ ᠲᠣᠳᠣ ᠭᠠᠳᠠᠭᠠᠳᠤ ᠲᠠᠢ ᠬᠤᠯᠪᠣᠭᠳᠠᠬᠤ ᠬᠠᠤᠯᠢ ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠤᠯᠤᠰ ᠤᠨ ᠳᠣᠲᠣᠭᠠᠳᠤ ᠤᠯᠠᠨ ᠤᠯᠤᠰ ᠤᠨ ᠬᠤᠶᠠᠷ ᠲᠦᠷᠦᠯ ᠤᠨ ᠳᠦᠷᠢᠮ ᠢ ᠰᠠᠶᠢᠲᠤᠷ ᠬᠡᠷᠡᠭᠯᠡᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠤᠯᠠᠨ ᠤᠯᠤᠰᠴᠢᠯᠠᠭᠰᠠᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠦᠷᠢᠯᠳᠦᠭᠦᠯᠬᠦ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠥᠨᠳᠥᠷ ᠪᠠᠷᠢᠮᠵᠢᠶᠠᠲᠤ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮ ᠢ ᠢᠳᠡᠪᠬᠢᠲᠡᠢ ᠰᠢᠩᠭᠡᠬᠡᠨ ᠠᠪᠴᠤ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠠᠷᠠᠯᠵᠢᠶ᠎ᠠ ᠪᠣᠯᠣᠨ ᠪᠡᠯᠡ ᠣᠷᠣᠭᠤᠯᠤᠯᠲᠠ ᠶᠢᠨ ᠴᠢᠯᠦᠭᠡᠲᠡᠢ ᠪᠠᠶᠢᠬᠤ ᠪᠠ ᠳᠥᠳᠠᠵᠢᠯᠳᠠ ᠶᠢᠨ ᠲᠦᠪᠰᠢᠨ ᠢ ᠳᠡᠭᠡᠭᠰᠢᠯᠡᠭᠦᠯᠵᠦ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠪᠠᠶᠢᠭᠤᠯᠬᠤ ᠬᠡᠷᠡᠭᠲᠡᠢ᠃ ᠳᠡᠯᠡᠬᠡᠢ ᠶᠢᠨ ᠲᠡᠷᠢᠭᠦᠨ ᠤ ᠲᠦᠪᠰᠢᠨ ᠢᠶᠠᠷ ᠪᠠᠷᠢᠮᠵᠢᠶᠠᠯᠠᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠵᠡᠷᠭᠡ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠪᠦᠲᠦᠮᠵᠢᠲᠡᠢ ᠠᠷᠭ᠎ᠠ ᠬᠡᠮᠵᠢᠶ᠎ᠡ ᠪᠣᠯᠣᠨ ᠪᠣᠯᠪᠠᠰᠤᠷᠠᠩᠭᠤᠢ ᠲᠤᠷᠰᠢᠯᠭ᠎ᠠ ᠶᠢ ᠴᠠᠭ ᠲᠤᠬᠠᠢ ᠳᠤᠨᠢ ᠬᠠᠤᠯᠢ ᠴᠠᠭᠠᠵᠠ ᠪᠣᠯᠭᠠᠨ ᠳᠡᠭᠡᠭᠰᠢᠯᠡᠭᠦᠯᠵᠦ᠂ ᠨᠡᠭᠡᠭᠡᠯᠲᠡ ᠶᠢᠨ ᠲᠡᠰ ᠳᠠᠪᠬᠤᠷᠭ᠎ᠠ ᠨᠡᠩ ᠥᠨᠳᠥᠷ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠨᠡᠩ ᠰᠢᠯᠢᠳᠡᠭ᠂ ᠨᠥᠯᠥᠭᠡᠯᠡᠬᠦ ᠦᠢᠯᠡᠳᠦᠯ ᠨᠡᠩ ᠴᠢᠩᠭ᠎ᠠ ᠭᠠᠳᠠᠭᠠᠳᠤ ᠨᠡᠭᠡᠭᠡᠯᠲᠡ ᠶᠢᠨ ᠰᠢᠨ᠎ᠡ ᠥᠨᠳᠦᠷᠯᠢᠭ ᠢ ᠪᠠᠶᠢᠭᠤᠯᠬᠤ ᠬᠡᠷᠡᠭᠲᠡᠢ᠃ ᠨᠡᠭᠡᠭᠡᠯᠲᠡ ᠶᠢᠨ ᠠᠮᠤᠷ ᠲᠦᠪᠰᠢᠨ ᠢ ᠬᠠᠤᠯᠢ ᠶᠣᠰᠣᠭᠠᠷ ᠬᠠᠮᠠᠭᠠᠯᠠᠬᠤ ᠴᠢᠳᠠᠪᠤᠷᠢ ᠪᠠᠨ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ ᠭᠠᠳᠠᠭᠠᠳᠤ ᠶᠢᠨ ᠬᠥᠮᠥᠨ ᠤ ᠳᠤᠮᠳᠠᠳᠤ ᠤᠯᠤᠰ ᠲᠤ ᠠᠮᠢᠳᠤᠷᠠᠬᠤ ᠳᠤ ᠲᠦᠭᠦᠮ ᠦᠵᠡᠭᠦᠯᠭᠦ ᠦᠢᠯᠡᠴᠢᠯᠡᠭᠡᠨ ᠤ ᠠᠷᠭ᠎ᠠ ᠬᠡᠮᠵᠢᠶ᠎ᠡ ᠪᠠ ᠬᠤᠯᠪᠣᠭᠳᠠᠯ ᠪᠦᠬᠦᠢ ᠬᠠᠤᠯᠢ ᠲᠣᠭᠲᠠᠭᠠᠯ ᠢ ᠲᠡᠭᠦᠯᠳᠡᠷᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠰᠢ ᠶᠢᠨ ᠫᠢᠩ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠪᠠ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ᠂ ᠶᠣᠰᠣ ᠰᠤᠷᠲᠠᠬᠤᠨ ᠬᠠᠤᠯᠢ ᠴᠠᠭᠠᠵᠠ ᠶᠢ ᠵᠡᠷᠭᠡ ᠪᠠᠷ ᠰᠤᠷᠬᠤ ᠶᠢ ᠪᠠᠷᠢᠮᠲᠠᠯᠠᠵᠤ᠂ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠶᠢᠨ ᠤᠬᠠᠭᠠᠨ ᠤ ᠬᠥᠮᠦᠵᠢᠯ ᠢ ᠰᠠᠶᠢᠲᠤᠷ ᠡᠷᠭᠢᠯᠡᠵᠦ᠂ ᠦᠢᠯᠡᠳᠦᠯᠭᠡ ᠪᠠᠷ ᠤᠳᠤᠷᠢᠳᠤᠮᠵᠢ ᠪᠤᠯᠭᠠᠬᠰᠠᠨ ᠬᠥᠮᠥᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠨᠢᠭᠡ ᠪᠦᠯᠦᠭ ᠤᠯᠤᠰ ᠲᠦᠷᠦ ᠶᠢᠨ ᠵᠣᠭᠰᠣᠯᠲᠠ ᠨᠢ ᠡᠷᠡᠰ ᠪᠠᠲᠤ᠂ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠳᠤ ᠴᠠᠭᠠᠷᠠᠭᠰᠠᠨ᠂ ᠤᠯᠠᠨ ᠤᠯᠤᠰ ᠤᠨ ᠳᠦᠷᠢᠮ ᠢ ᠨᠡᠪᠲᠡᠷᠬᠡᠢ ᠮᠡᠳᠡᠬᠦ᠂ ᠭᠠᠳᠠᠭᠠᠳᠤ ᠲᠠᠢ ᠬᠤᠯᠪᠣᠭᠳᠠᠬᠤ ᠬᠠᠤᠯᠢ ᠴᠠᠭᠠᠵᠠ ᠶᠢᠨ ᠪᠣᠳᠠᠲᠤ ᠶᠠᠪᠤᠳᠠᠯ ᠳᠤ ᠨᠡᠪᠲᠡᠷᠡᠭᠰᠡᠨ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠴᠢᠳᠠᠪᠤᠷᠢᠲᠠᠨ ᠢ ᠡᠷᠲᠡᠬᠡᠨ ᠬᠥᠮᠥᠵᠢᠭᠦᠯᠦᠨ ᠭᠠᠷᠭᠠᠬᠤ ᠬᠡᠷᠡᠭᠲᠡᠢ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠰᠢᠯᠢᠨ ᠰᠣᠩᠭᠤᠬᠤ᠂ ᠬᠡᠷᠡᠭᠯᠡᠬᠦ᠂ ᠬᠠᠮᠢᠶᠠᠷᠬᠤ ᠲᠣᠭᠲᠠᠴᠠ ᠶᠢ ᠪᠦᠷᠢᠨᠰᠢᠭᠦᠯᠵᠦ᠂ ᠭᠠᠳᠠᠭᠠᠳᠤ ᠲᠠᠢ ᠬᠤᠯᠪᠣᠭᠳᠠᠬᠤ ᠳᠡᠭᠡᠳᠦ ᠲᠠᠰ ᠤᠨ ᠬᠠᠤᠯᠢᠵᠢᠯ ᠤᠨ ᠴᠢᠳᠠᠪᠤᠷᠢᠲᠠᠨ ᠢ ᠬᠥᠮᠥᠵᠢᠭᠦᠯᠦᠨ ᠨᠥᠭᠡᠴᠡᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠭᠠᠳᠠᠭᠠᠳᠤ ᠲᠠᠢ ᠬᠤᠯᠪᠣᠭᠳᠠᠬᠤ ᠺᠠᠳ᠋ᠷ ᠤᠨ ᠡᠩᠨᠡᠭᠡ ᠶᠢᠨ ᠬᠠᠤᠯᠢᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠠᠵᠢᠯ ᠤᠨ ᠡᠩᠨᠡᠭᠡ ᠶᠢ ᠪᠠᠶᠢᠭᠤᠯᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷ ᠲᠦᠷᠦᠭᠦᠯᠡᠨ ᠬᠠᠤᠯᠢ ᠶᠢ ᠭᠦᠨᠳᠦᠳᠭᠡᠵᠦ ᠬᠠᠤᠯᠢ ᠶᠢ ᠰᠤᠷᠤᠯᠴᠠᠵᠤ ᠬᠠᠤᠯᠢ ᠶᠢ ᠰᠠᠬᠢᠵᠤ ᠬᠠᠤᠯᠢ ᠶᠢ ᠬᠡᠷᠡᠭᠯᠡᠵᠦ᠂ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠰᠡᠳᠬᠢᠬᠦᠢ ᠪᠠ ᠬᠠᠤᠯᠢ ᠶᠣᠰᠣᠭᠠᠷ ᠠᠵᠢᠯᠯᠠᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃     ᠰᠢ ᠶᠢᠨ ᠫᠢᠩ᠂ ᠬᠠᠤᠯᠢᠵᠢᠯ ᠤᠨ ᠢᠲᠡᠭᠡᠯ ᠢᠶᠠᠨ ᠪᠠᠲᠤᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠣᠶᠢᠯᠠᠭᠠᠭᠳᠠᠬᠤᠨ᠂ ᠵᠣᠷᠢᠯᠲᠠ ᠪᠣᠯᠣᠨ ᠠᠮᠵᠢᠯᠲᠠ ᠲᠠᠢ ᠦᠢᠯᠡᠳᠦᠯᠭᠡ ᠶᠢ ᠢᠳᠡᠪᠬᠢᠲᠡᠢ ᠲᠠᠶᠢᠯᠪᠤᠷᠢᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠬᠠᠤᠯᠢᠵᠢᠯ ᠤᠨ ᠦᠯᠢᠭᠡᠷ ᠢ ᠰᠠᠶᠢᠲᠤᠷ ᠶᠠᠷᠢᠬᠤ ᠬᠡᠷᠡᠭᠲᠡᠢ᠃ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠤᠨᠤᠯ ᠪᠠ ᠦᠢᠯᠡᠳᠦᠯᠭᠡ ᠶᠢᠨ ᠬᠤᠰᠢᠭᠤᠷᠠᠯ ᠰᠡᠳᠦᠪ ᠤᠨ ᠰᠤᠳᠤᠯᠭᠠᠨ ᠢ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ᠂ ᠳᠤᠮᠳᠠᠳᠤ ᠭᠠᠳᠠᠭᠠᠳᠤ ᠠᠭᠤᠰᠤᠯᠴᠠᠨ ᠨᠡᠪᠲᠡᠷᠡᠯᠴᠡᠭᠰᠡᠨ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠤᠨᠤᠯ ᠤᠨ ᠰᠢᠰᠲ᠋ᠧᠮ ᠪᠠ ᠦᠭᠡ ᠬᠡᠯᠡᠬᠦ ᠰᠢᠰᠲ᠋ᠧᠮ ᠢ ᠪᠠᠶᠢᠭᠤᠯᠵᠤ᠂ ᠮᠠᠨ ᠤ ᠤᠯᠤᠰ ᠤᠨ ᠬᠠᠤᠯᠢᠵᠢᠯ ᠤᠨ ᠲᠣᠮᠣ ᠤᠯᠤᠰ᠂ ᠪᠣᠯᠪᠠᠰᠤᠨ ᠤ ᠲᠣᠮᠣ ᠤᠯᠤᠰ ᠤᠨ ᠳᠦᠷᠢ ᠲᠥᠷᠬᠦ ᠶᠢ ᠢᠯᠡᠷᠡᠭᠦᠯᠬᠦ ᠬᠡᠷᠡᠭᠲᠡᠢ᠃ ᠳᠤᠮᠳᠠᠳᠤ ᠶᠢᠨ ᠬᠠᠤᠯᠢ ᠶᠢᠨ ᠰᠢᠰᠲ᠋ᠧᠮ ᠪᠣᠯ ᠥᠨᠢ ᠤᠳᠠᠭᠠᠨ ᠤᠯᠠᠮᠵᠢᠯᠠᠯ ᠲᠠᠢ ᠶᠤᠮ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠬᠠᠤᠯᠢ ᠴᠠᠭᠠᠵᠠ ᠶᠢᠨ ᠰᠣᠶᠣᠯ ᠳᠤ ᠡᠯᠪᠡᠭ ᠪᠠᠶᠠᠯᠢᠭ ᠬᠠᠤᠯᠢᠵᠢᠯ ᠤᠨ ᠦᠵᠡᠯ ᠰᠠᠨᠠᠭ᠎ᠠ ᠪᠠ ᠭᠦᠨ ᠭᠦᠨᠵᠡᠭᠡᠢ ᠤᠯᠤᠰ ᠲᠦᠷᠦ ᠶᠢᠨ ᠤᠶᠤᠨ ᠤᠬᠠᠭᠠᠨ ᠠᠭᠤᠯᠤᠭᠳᠠᠵᠤ ᠪᠠᠶᠢᠳᠠᠭ᠂ ᠲᠡᠷᠡ ᠪᠣᠯ ᠳᠤᠮᠳᠠᠳᠤ ᠶᠢᠨ ᠰᠣᠶᠣᠯ ᠤᠨ ᠦᠨᠡᠲᠦ ᠡᠷᠳᠡᠨᠢ ᠮᠥᠨ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠬᠠᠤᠯᠢ ᠴᠠᠭᠠᠵᠠ ᠶᠢᠨ ᠰᠣᠶᠣᠯ ᠢ ᠪᠦᠲᠦᠭᠡᠯᠴᠢ ᠪᠠᠷ ᠣᠨᠳᠣᠣᠰᠢᠭᠤᠯᠵᠤ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠢᠳᠡᠪᠬᠢᠲᠡᠢ ᠠᠬᠢᠭᠤᠯᠵᠤ᠂ ᠳᠤᠮᠳᠠᠳᠤ ᠶᠢᠨ ᠬᠠᠤᠯᠢᠵᠢᠯ ᠤᠨ ᠪᠣᠯᠪᠠᠰᠤᠨ ᠳᠤ ᠰᠢᠨ᠎ᠡ ᠴᠠᠭ ᠦᠶ᠎ᠡ ᠶᠢᠨ ᠠᠭᠤᠯᠤᠭᠳᠠᠬᠤᠨ ᠣᠯᠭᠤᠵᠤ᠂ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃       
 
ᠢᠷᠡᠯᠲᠡ᠄          
 
 
ᠬᠠᠮᠢᠶ᠎ᠠ ᠪᠥᠬᠦᠢ ᠰᠤᠨᠢᠨ
 
                                  : 010098    蒙ICP备05000248号