ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 8 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠤᠯᠤᠰ ᠲᠦᠷᠦ ᠶᠢᠨ ᠲᠣᠪᠴᠢᠶ᠎ᠠ 12 ᠰᠠᠷ᠎ᠠ ᠶᠢᠨ 8 ᠤ ᠡᠳᠦᠷ ᠬᠤᠷᠠᠯ ᠬᠤᠷᠠᠯᠳᠤᠭᠤᠯᠵᠤ᠂ 2024 ᠣᠨ ᠤ ᠠᠵᠤ | ᠠᠬᠤᠢ ᠶᠢᠨ ᠠᠵᠢᠯ ᠢ ᠵᠠᠳᠠᠯᠤᠨ ᠰᠤᠳᠤᠯᠪᠠ︔ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 2024 | ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ ᠰᠤᠳᠤᠯᠤᠨ | ᠪᠠᠶᠢᠷᠢᠯᠠᠭᠤᠯᠪᠠ︔ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ | ᠰᠢᠢᠳᠬᠡᠯ ᠥᠭᠬᠦ ᠳᠦᠷᠢᠮ︾ ᠢ ᠬᠢᠨᠠᠨ ᠵᠥᠪᠯᠡᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ | ᠰᠢ ᠶᠢᠨ ᠫᠢᠩ ᠬᠤᠷᠠᠯ ᠢ ᠡᠷᠭᠢᠯᠡᠵᠡᠢ᠃ | ᠬᠤᠷᠠᠯ ᠠᠴᠠ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠤᠭᠰᠠᠨ ᠡᠭᠢᠯᠡᠯᠲᠡ ᠶᠢᠨ ᠵᠢᠯ᠂ ᠭᠤᠷᠪᠠᠨ ᠵᠢᠯ ᠤᠨ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠱᠠᠲᠤ ᠬᠤᠪᠢᠷᠠᠭᠰᠠᠨ ᠤ | ᠳᠠᠷᠠᠭᠠᠬᠢ ᠠᠵᠤ ᠠᠬᠤᠢ ᠰᠡᠷᠭᠦᠨ ᠬᠥᠭᠵᠢᠭᠰᠡᠨ ᠨᠢᠭᠡ ᠵᠢᠯ ᠪᠣᠯᠣᠨ᠎ᠠ᠃ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ᠂ ᠭᠠᠳᠠᠭᠠᠳᠤ ᠳᠠᠷᠤᠯᠲᠠ ᠶᠢ ᠲᠤᠯᠵᠤ᠂ ᠳᠣᠲᠣᠭᠠᠳᠤ ᠶᠢᠨ | ᠬᠦᠴᠢᠷᠳᠡᠯ ᠢ ᠢᠯᠠᠨ ᠳᠠᠪᠠᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠪᠦᠲᠦᠴᠡ ᠶᠢ ᠰᠢᠯᠢᠳᠡᠭᠵᠢᠭᠦᠯᠬᠦ᠂ | ᠢᠲᠡᠭᠡᠯ ᠵᠣᠷᠢᠭ ᠢ ᠬᠥᠪᠴᠢᠯᠡᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠷ ᠬᠦᠴᠦᠯᠡᠵᠦ᠂ ᠮᠠᠨ ᠤ ᠤᠯᠤᠰ ᠤᠨ ᠠᠵᠤ | ᠠᠬᠤᠢ ᠰᠡᠷᠭᠦᠨ ᠰᠠᠶᠢᠵᠢᠷᠠᠵᠤ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠵᠤ᠂ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠴᠢᠬᠤᠯᠠ ᠠᠬᠢᠴᠠ ᠲᠠᠢ ᠪᠣᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠵᠤ᠂ ᠥᠭᠡᠷᠡᠴᠢᠯᠡᠯᠲᠡ | ᠨᠡᠭᠡᠭᠡᠯᠲᠡ ᠭᠦᠨᠵᠡᠭᠡᠶᠢᠷᠡᠨ ᠠᠬᠢᠵᠤ᠂ ᠠᠮᠤᠷ ᠲᠦᠪᠰᠢᠨ ᠬᠥᠭᠵᠢᠯᠲᠡ ᠶᠢᠨ ᠰᠠᠭᠤᠷᠢ ᠪᠠᠬᠢᠵᠢᠵᠦ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠡᠷᠴᠢᠮᠲᠡᠢ ᠪᠦᠲᠦᠮᠵᠢᠲᠡᠢ ᠪᠣᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ | ᠲᠠᠯ᠎ᠠ ᠪᠠᠷ ᠪᠦᠲᠦᠭᠡᠨ ᠪᠠᠶᠢᠭᠤᠯᠬᠤ ᠲᠠᠯ᠎ᠠ ᠪᠠᠷ ᠯᠠᠪᠳᠠᠭᠤᠨ ᠪᠠᠲᠤᠲᠠᠢ ᠠᠯᠬᠤᠮ ᠢ ᠠᠯᠬᠤᠵᠠᠢ ᠭᠡᠵᠦ ᠦᠵᠡᠪᠡ᠃ | | ᠬᠤᠷᠠᠯ ᠠᠴᠠ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠵᠥ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ | ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠭᠦ ᠲᠠᠯ᠎ᠠ ᠪᠠᠷ᠂ ᠪᠦᠷᠢᠨ ᠪᠦᠲᠦᠨ᠂ | ᠵᠥᠪ ᠤᠨᠤᠪᠴᠢᠳᠠᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠬᠦᠴᠦᠯᠡᠨ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ | ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠤᠨ᠂ | ᠬᠤᠷᠸ᠎ᠠ ᠡᠵᠡᠮᠳᠡᠯ ᠲᠣᠬᠢᠷᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢ ᠨᠢᠭᠡᠳᠦᠯᠲᠡᠢ ᠲᠥᠯᠥᠪᠵᠢᠭᠦᠯᠵᠦ᠂ ᠰᠢᠨ᠎ᠡ ᠭᠡᠯᠪᠡᠷᠢ ᠶᠢᠨ | ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ | ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠦᠨᠡᠨ ᠬᠦ | ᠠᠵᠤ ᠠᠬᠤᠢ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ | ᠨᠡᠶᠢᠭᠡᠮ ᠤᠨ ᠵᠢᠱᠢᠯᠲᠡ ᠶᠢ ᠰᠠᠶᠢᠵᠢᠷᠠᠭᠤᠯᠵᠤ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ | ᠪᠠᠬᠢᠵᠢᠭᠦᠯᠦᠨ ᠴᠢᠩᠭᠠᠳᠬᠠᠵᠤ᠂ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ | ᠪᠠ ᠬᠡᠮᠵᠢᠶᠡᠨ ᠤ ᠵᠣᠬᠢᠰᠲᠠᠢ ᠨᠡᠮᠡᠭᠳᠡᠯ ᠢ ᠦᠷᠭᠦᠯᠵᠢᠯᠡᠨ ᠠᠬᠢᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠦᠨ᠂ | ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | ᠬᠤᠷᠠᠯ ᠠᠴᠠ᠂ ᠢᠷᠡᠬᠦ ᠵᠢᠯ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ᠂ | ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠬᠤᠷᠸ᠎ᠠ ᠲᠥᠷᠥ ᠶᠢᠨ ᠪᠣᠳᠣᠯᠭ᠎ᠠ ᠶᠢᠨ ᠦᠶᠡᠯᠡᠯ ᠥᠭᠰᠥᠬᠦ ᠪᠠ | ᠦᠶᠡᠯᠡᠯ ᠠᠯᠤᠰᠯᠠᠭᠰᠠᠨ ᠲᠣᠬᠢᠷᠠᠭᠤᠯᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠢᠳᠡᠪᠬᠢᠲᠡᠢ ᠲᠥᠷᠥ ᠶᠢᠨ ᠪᠣᠳᠣᠯᠭ᠎ᠠ ᠪᠠ | ᠵᠣᠭᠤᠰᠤᠨ ᠤ ᠲᠣᠭᠲᠠᠭᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠬᠡᠷᠡᠭᠲᠡᠢ᠃ ᠡᠳ᠋ ᠤᠨ | ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠨᠢ ᠵᠣᠬᠢᠰᠲᠠᠢ ᠪᠠᠷ ᠡᠷᠴᠢᠮ ᠢᠶᠠᠨ ᠴᠢᠩᠭᠠᠷᠠᠭᠤᠯᠵᠤ᠂ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠵᠣᠭᠤᠰᠤᠨ ᠤ ᠲᠣᠭᠲᠠᠭᠤᠨ ᠲᠦᠷᠦ ᠶᠢᠨ | ᠪᠣᠳᠣᠯᠭ᠎ᠠ ᠶᠢ ᠠᠮᠢᠳᠤᠯᠢᠭ ᠪᠥᠭᠡᠳ ᠵᠣᠬᠢᠰᠲᠠᠢ᠂ ᠣᠨᠣᠪᠴᠢᠲᠠᠢ ᠪᠥᠭᠡᠳ ᠪᠦᠲᠦᠮᠵᠢᠲᠡᠢ ᠪᠠᠶᠢᠯᠭᠠᠬᠤ ᠬᠡᠷᠡᠭᠲᠡᠢ᠃ | ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠴᠢᠩᠭᠠᠳᠬᠠᠵᠤ᠂ ᠠᠵᠤ ᠠᠬᠤᠢ ᠶᠢᠨ ᠤᠬᠠᠭᠤᠯᠭ᠎ᠠ | ᠪᠠ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠴᠢᠩᠭᠠᠳᠬᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠠᠷ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ | ᠬᠥᠲᠥᠯᠥᠨ ᠳᠠᠭᠠᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ | ᠪᠣᠯᠣᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠤᠯᠤᠰ ᠤᠨ ᠳᠣᠲᠣᠭᠠᠳᠤ ᠶᠢᠨ | ᠬᠡᠷᠡᠭᠴᠡᠭᠡ ᠶᠢ ᠬᠦᠴᠦᠯᠡᠨ ᠥᠷᠭᠡᠳᠬᠡᠵᠦ᠂ ᠬᠡᠷᠡᠭᠯᠡᠭᠡ ᠪᠠ ᠪᠡᠯᠡ ᠣᠷᠣᠭᠤᠯᠤᠯᠲᠠ ᠶᠢᠨ ᠬᠠᠷᠢᠯᠴᠠᠨ | ᠠᠬᠢᠭᠤᠯᠬᠤ ᠰᠠᠶᠢᠨ ᠣᠷᠴᠢᠯ ᠢ ᠪᠤᠢ ᠪᠤᠯᠭᠠᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠴᠢᠨᠠᠷ ᠰᠠᠶᠢᠲᠠᠢ ᠬᠥᠭᠵᠢᠯᠲᠡ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠥᠨᠳᠥᠷ | ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ | ᠦᠨᠳᠦᠰᠦᠨ ᠪᠠᠶᠢᠳᠠᠯ ᠢ ᠪᠠᠬᠢᠵᠢᠭᠦᠯᠬᠦ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ | ᠦᠷᠭᠦᠯᠵᠢᠯᠡᠨ ᠪᠦᠲᠦᠮᠵᠢᠲᠡᠢ ᠰᠡᠷᠭᠡᠶᠢᠯᠡᠨ ᠨᠠᠮᠳᠠᠭᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ | ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ︽ᠬᠥᠳᠡᠭᠡ ᠠᠵᠤ ᠠᠬᠤᠢ ᠬᠥᠳᠡᠭᠡ ᠲᠣᠰᠬᠤᠨ | ᠲᠠᠷᠢᠶᠠᠴᠢᠨ︾ ᠤ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠵᠤ᠂ ᠬᠤᠲᠠ ᠬᠥᠳᠡᠭᠡ ᠶᠢᠨ ᠠᠭᠤᠰᠤᠯᠴᠠᠯ᠂ | ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ | ᠪᠣᠯᠣᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠭᠦᠨᠵᠡᠭᠡᠢ ᠠᠬᠢᠭᠤᠯᠵᠤ᠂ ᠦᠵᠡᠰᠬᠦᠯᠡᠩᠲᠦ | ᠰᠠᠶᠢᠬᠠᠨ ᠳᠤᠮᠳᠠᠳᠤ ᠤᠯᠤᠰ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠪᠦᠭᠦ ᠬᠦᠴᠦᠨ ᠢᠶᠠᠷ ᠢᠶᠠᠨ ᠴᠢᠷᠮᠠᠶᠢᠬᠤ᠂ | ᠴᠢᠳᠠᠯ ᠤᠨ ᠬᠢᠷᠢ ᠪᠠᠷ ᠢᠶᠠᠨ ᠬᠢᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠲᠥᠪ | ᠬᠤᠷᠢᠶ᠎ᠠ ᠶᠢᠨ ᠠᠵᠤ ᠠᠬᠤᠢ ᠶᠢᠨ ᠠᠵᠢᠯ ᠤᠨ ᠲᠤᠬᠠᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠴᠢᠨᠠᠷ ᠰᠠᠶᠢᠲᠠᠢ ᠨᠠᠶᠢᠳᠠᠪᠤᠷᠢᠵᠢᠭᠤᠯᠬᠤ ᠬᠡᠷᠡᠭᠲᠡᠢ᠃ | ︽ᠬᠤᠣᠰ ᠪᠠᠶᠠᠷ︾ ᠤᠨ ᠬᠤᠭᠤᠴᠠᠭᠠᠨ ᠳᠠᠬᠢ ᠴᠢᠬᠤᠯᠠ ᠠᠷᠠᠳ ᠤᠨ ᠠᠮᠢᠳᠤᠷᠠᠯ ᠤᠨ ᠲᠠᠸᠠᠷ ᠤᠨ ᠬᠠᠩᠭᠠᠯᠭ᠎ᠠ ᠶᠢ | ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠬᠥᠯᠥᠰᠦᠨ ᠲᠠᠷᠢᠶᠠᠴᠢᠨ ᠤ | ᠴᠠᠯᠢᠩ ᠢ ᠴᠠᠭ ᠲᠤᠬᠠᠢ ᠳᠤᠨᠢ ᠲᠤᠭ᠎ᠠ ᠶᠣᠰᠣᠭᠠᠷ ᠥᠭᠬᠦ ᠶᠢ ᠪᠠᠲᠤᠯᠠᠵᠤ᠂ ᠬᠦᠴᠢᠷᠳᠡᠯᠲᠡᠢ ᠣᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠢ ᠬᠠᠯᠠᠮᠵᠢᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ | ᠭᠦᠨᠵᠡᠭᠡᠢ ᠨᠠᠶᠢᠳᠠᠪᠤᠷᠢᠵᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ | ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ | ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠪᠣᠯᠣᠨ ᠡᠯ᠎ᠡ ᠱᠠᠲᠤᠨ ᠤ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ | ᠰᠡᠳᠦᠪᠲᠦ ᠬᠥᠮᠦᠵᠢᠯ ᠪᠣᠯᠣᠨ ᠪᠦᠭᠦ ᠤᠯᠤᠰ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ | ᠡᠩᠨᠡᠭᠡ ᠶᠢᠨ ᠬᠥᠮᠦᠵᠢᠯ ᠴᠡᠭᠴᠡᠯᠡᠯᠲᠡ ᠶᠢ ᠯᠠᠪᠳᠠᠭᠤᠨ ᠪᠠᠲᠤᠲᠠᠢ ᠥᠷᠨᠢᠭᠦᠯᠵᠦ᠂ ᠨᠠᠮ ᠤᠨ ᠰᠤᠷᠲᠠᠯ | ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠪᠦᠭᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠶᠢ ᠦᠷᠭᠦᠯᠵᠢᠯᠡᠨ ᠠᠬᠢᠭᠤᠯᠵᠤ᠂ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠦᠷ ᠴᠡᠷᠢᠭ ᠢ ᠪᠠᠶᠢᠭᠤᠯᠬᠤ ᠶᠢ ᠴᠢᠩᠭ᠎ᠠ ᠬᠠᠮᠢᠶᠠᠷᠤᠨ | ᠴᠢᠩᠭ᠎ᠠ ᠵᠠᠰᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ | ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠵᠠᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ | ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ᠃ | ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠪᠦᠭᠦ ᠨᠠᠮ ᠢᠶᠠᠷ ᠢᠶᠠᠨ ︽ᠬᠤᠶᠠᠷ ᠢ ᠲᠣᠭᠲᠠᠭᠠᠭᠰᠠᠨ︾ ᠤ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ ᠶᠢ ᠠᠬᠢᠭᠤᠯᠵᠤ᠂ | ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠪᠦᠯᠬᠦᠮᠳᠡᠯ ᠨᠢᠭᠡᠳᠦᠯ ᠢ ᠡᠷᠡᠰ ᠪᠠᠲᠤ | ᠪᠦᠲᠦᠮᠵᠢᠲᠡᠢ ᠬᠠᠮᠠᠭᠠᠯᠠᠬᠤ ᠬᠡᠷᠡᠭᠲᠡᠢ᠃ ᠢᠯᠵᠠᠷᠠᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠬᠦᠴᠦᠯᠡᠵᠦ᠂ | ᠭᠦᠨᠵᠡᠭᠡᠶᠢᠷᠡᠭᠦᠯᠦᠨ ᠠᠬᠢᠭᠤᠯᠵᠤ᠂ ᠨᠡᠯᠢᠶᠡᠳ ᠲᠣᠪᠣᠶᠢᠮ᠎ᠠ ᠠᠵᠢᠯ ᠲᠦᠷᠦᠯ ᠤᠨ ᠴᠢᠨᠠᠷᠲᠠᠢ᠂ ᠰᠢᠰᠲ᠋ᠧᠮ ᠤᠨ ᠴᠢᠨᠠᠷᠲᠠᠢ᠂ ᠣᠷᠣᠨ | ᠪᠦᠰᠡ ᠶᠢᠨ ᠴᠢᠨᠠᠷᠲᠠᠢ ᠢᠯᠵᠠᠷᠠᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠵᠤ᠂ ᠤᠯᠠᠨ ᠲᠦᠮᠡᠨ ᠤ | ᠳᠡᠷᠭᠡᠳᠡᠬᠢ ︽ᠪᠠᠭ᠎ᠠ ᠱᠠᠮᠰᠢᠯ ᠪᠢᠴᠢᠯ ᠢᠯᠵᠠᠷᠠᠯ︾ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ | ᠬᠡᠭᠡᠯᠢ ᠢᠳᠡᠵᠦ ᠬᠠᠭ᠋ᠤᠤᠯᠢ ᠲᠦᠯᠬᠢᠬᠦ ᠶᠢ ᠵᠡᠷᠭᠡ ᠪᠠᠷ ᠪᠠᠶᠢᠴᠠᠭᠠᠬᠤ ᠶᠢ ᠪᠠᠷᠢᠮᠲᠠᠯᠠᠨ᠂ ᠡᠬᠢ ᠡᠭᠦᠰᠦᠯ ᠠᠴᠠ ᠨᠢ | ᠵᠠᠰᠠᠬᠤ ᠶᠢ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ | ᠪᠠᠶᠢᠭᠤᠯᠤᠯᠲᠠ ᠶᠢ ᠴᠢᠩᠭᠠᠳᠬᠠᠨ᠂ ᠢᠯᠵᠠᠷᠠᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ | ᠨᠥᠬᠦᠴᠡᠯ ᠢ ᠡᠷᠡᠰ ᠠᠷᠢᠯᠭᠠᠬᠤ ᠬᠡᠷᠡᠭᠲᠡᠢ᠃ ︽ᠲᠦᠷᠪᠡᠨ ᠰᠤᠷᠲᠠᠯ︾ ᠤᠨ ᠠᠷᠬᠠᠭ ᠢ ᠴᠢᠩᠭ᠎ᠠ ᠵᠠᠰᠠᠵᠤ᠂ ᠬᠢᠨᠠᠯᠲᠠ | ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠤᠰᠬᠠᠢ ᠬᠠᠷᠢᠭᠤᠴᠠᠯᠭᠠᠲᠤ ᠬᠢᠨᠠᠯᠲᠠ ᠪᠣᠯᠣᠨ ᠪᠤᠰᠤᠳ | ᠬᠢᠨᠠᠯᠲᠠ ᠶᠢᠨ ᠨᠡᠪᠲᠡᠷᠡᠯᠴᠡᠨ ᠬᠠᠮᠵᠢᠯᠴᠠᠬᠤ ᠶᠢ ᠴᠢᠩᠭᠠᠳᠬᠠᠵᠤ᠂ ᠵᠠᠪᠰᠠᠷ ᠦᠭᠡᠢ ᠬᠢᠨᠠᠯᠲᠠ ᠲᠠᠯᠪᠢᠬᠤ᠂ | ᠬᠦᠴᠦ ᠪᠠᠨ ᠬᠠᠮᠲᠤᠳᠬᠠᠨ ᠬᠢᠨᠠᠯᠲᠠ ᠲᠠᠯᠪᠢᠬᠤ ᠶᠢ ᠪᠡᠶᠡᠯᠡᠭᠦᠯᠵᠦ᠂ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ | ᠥᠪᠡᠷ ᠪᠡᠶ᠎ᠡ ᠶᠢᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠡᠩᠨᠡᠭᠡ ᠶᠢ ᠳᠠᠪᠲᠠᠨ ᠪᠤᠯᠪᠠᠰᠤᠷᠠᠭᠤᠯᠵᠤ᠂ ᠥᠪᠡᠷ ᠪᠡᠶ᠎ᠡ ᠶᠢᠨ ᠬᠤᠪᠢᠰᠬᠠᠯ ᠬᠢᠬᠦ ᠦᠯᠢᠭᠡᠷ ᠳᠠᠭᠤᠷᠢᠶᠠᠯ᠂ | ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠬᠡᠪ ᠳᠠᠭᠤᠷᠢᠶᠠᠯ ᠪᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ | | ᠡᠭᠦᠨ ᠠᠴᠠ ᠡᠮᠦᠨ᠎ᠡ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ 2023 ᠣᠨ ᠤ | ᠠᠵᠢᠯ ᠤᠨ ᠪᠠᠶᠢᠳᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠪᠡᠯᠡᠳᠬᠡᠯ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ ᠢᠷᠡᠬᠦ ᠵᠢᠯ ᠤᠨ 1 ᠰᠠᠷ᠎ᠠ ᠶᠢᠨ 8 ᠠᠴᠠ 10 ᠤ ᠡᠳᠦᠷ ᠪᠤᠯᠲᠠᠯ᠎ᠠ ᠬᠤᠷᠢᠳᠤᠭᠠᠷ ᠬᠤᠭᠤᠴᠠᠭᠠᠨ ᠤ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠢ ᠬᠤᠷᠠᠯᠳᠤᠭᠤᠯᠬᠤ ᠶᠢ ᠵᠥᠪᠰᠢᠶᠡᠷᠡᠪᠡ᠃ | | ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠨᠠᠮ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠳᠤ ᠤᠷᠢᠳ ᠬᠤᠵᠢᠳ 3 ᠤᠳᠠᠭ᠎ᠠ ᠵᠠᠰᠠᠪᠤᠷᠢ | ᠣᠷᠣᠭᠤᠯᠤᠭᠰᠠᠨ ᠨᠢ ᠳᠠᠷᠤᠢ ᠢᠮᠠᠭᠲᠠ ᠴᠢᠩᠭ᠎ᠠ ᠪᠠᠶᠢᠬᠤ ᠦᠨᠳᠦᠰᠦᠨ ᠭᠦᠭ ᠠᠶᠠᠰ ᠢ ᠪᠠᠷᠢᠮᠲᠠᠯᠠᠵᠤ᠂ | ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠪᠦᠭᠦ ᠬᠡᠯᠬᠢᠶ᠎ᠡ ᠪᠦᠭᠦ ᠦᠶᠡᠯᠡᠯ ᠪᠦᠭᠦᠨ ᠢ | ᠬᠠᠮᠤᠷᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ | ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠴᠢᠳᠠᠪᠤᠷᠢ ᠪᠠᠨ ᠲᠠᠰᠤᠷᠠᠯᠲᠠ ᠦᠭᠡᠢ | ᠴᠢᠩᠭᠠᠳᠬᠠᠬᠤ ᠶᠢᠨ ᠲᠥᠯᠥᠭᠡ ᠶᠤᠮ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠤᠯᠤᠰ ᠲᠦᠷᠦ ᠶᠢᠨ ᠰᠠᠬᠢᠯᠭ᠎ᠠ ᠪᠠᠲᠤ ᠪᠣᠯᠣᠨ ᠤᠯᠤᠰ ᠲᠦᠷᠦ ᠶᠢᠨ ᠶᠣᠰᠣ ᠳᠦᠷᠢᠮ ᠢ ᠴᠢᠨᠠᠭᠰᠢᠳᠠ ᠴᠢᠩᠳᠠᠯᠠᠵᠤ᠂ | ᠤᠯᠤᠰ ᠲᠦᠷᠦ ᠶᠢᠨ ᠰᠠᠬᠢᠯᠭ᠎ᠠ ᠪᠠᠲᠤ ᠶᠢ ᠴᠢᠩᠳᠠᠯᠠᠬᠤ ᠪᠠᠷ ᠡᠯ᠎ᠡ ᠵᠦᠢᠯ ᠤᠨ ᠰᠠᠬᠢᠯᠭ᠎ᠠ ᠪᠠᠲᠤ ᠶᠢ ᠪᠦᠭᠦ ᠲᠠᠯ᠎ᠠ ᠪᠠᠷ | ᠴᠢᠩᠳᠠᠯᠠᠬᠤ ᠶᠢ ᠳᠠᠶᠢᠴᠢᠯᠠᠬᠤ ᠬᠡᠷᠡᠭᠲᠡᠢ᠃ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ | ᠪᠠᠲᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠨ᠂ ᠰᠠᠬᠢᠯᠭ᠎ᠠ ᠪᠠᠲᠤ ᠶᠢᠨ ᠬᠥᠮᠦᠵᠢᠯ ᠢ ᠪᠠᠶᠢᠩᠭᠤᠵᠢᠭᠤᠯᠬᠤ ᠶᠢ ᠠᠬᠢᠭᠤᠯᠵᠤ᠂ | ︽ᠳᠦᠷᠢᠮ︾ ᠤᠨ ᠤᠬᠠᠭᠤᠯᠭ᠎ᠠ ᠬᠥᠮᠦᠵᠢᠯ ᠤᠨ ᠡᠷᠴᠢᠮ ᠢ ᠴᠢᠩᠭᠠᠷᠠᠭᠤᠯᠤᠨ᠂ ᠥᠷᠭᠡᠨ ᠤᠯᠠᠨ ᠨᠠᠮ ᠤᠨ ᠭᠡᠰᠢᠭᠦᠨ᠂ | ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ | ᠲᠣᠳᠣᠷᠬᠠᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠬᠥᠲᠥᠯᠥᠨ ᠵᠢᠯᠤᠭᠤᠳᠬᠤ ᠬᠡᠷᠡᠭᠲᠡᠢ᠃ ᠰᠠᠬᠢᠯᠭ᠎ᠠ ᠪᠠᠲᠤ ᠶᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ︽ᠳᠦᠷᠢᠮ︾ ᠢ ᠲᠤᠭᠤᠰᠢᠯᠠᠭᠤᠯᠤᠨ ᠬᠡᠷᠡᠭᠵᠢᠭᠦᠯᠬᠦ ᠶᠢ | ᠰᠠᠶᠢᠲᠤᠷ ᠠᠳᠬᠤᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠬᠡᠷᠡᠭᠵᠢᠭᠦᠯᠬᠦ ᠶᠢ ᠨᠡᠪᠲᠡᠷᠡᠭᠦᠯᠬᠦ ᠶᠢ ᠠᠬᠢᠭᠤᠯᠵᠤ᠂ | ᠰᠠᠬᠢᠯᠭ᠎ᠠ ᠪᠠᠲᠤ ᠶᠢᠨ ᠬᠠᠲᠠᠭᠤ ᠴᠢᠩᠭ᠎ᠠ ᠴᠢᠨᠠᠷ᠂ ᠲᠥᠪ ᠴᠢᠩᠭ᠎ᠠ ᠴᠢᠨᠠᠷ ᠢ ᠦᠨᠡᠨ ᠬᠦ ᠬᠠᠮᠠᠭᠠᠯᠠᠬᠤ ᠬᠡᠷᠡᠭᠲᠡᠢ᠃ | ︽ᠲᠦᠷᠪᠡᠨ ᠵᠦᠢᠯ ᠤᠨ ᠭᠡᠯᠪᠡᠷᠢ ᠪᠠᠶᠢᠳᠠᠯ︾ ᠢ ᠣᠨᠣᠪᠴᠢᠲᠠᠢ ᠬᠡᠷᠡᠭᠯᠡᠵᠦ᠂ ︽ᠭᠤᠷᠪᠠ ᠶᠢ ᠢᠯᠭᠠᠨ ᠦᠵᠡᠬᠦ︾ ᠶᠢ ᠨᠠᠶᠢᠳᠠᠪᠤᠷᠢᠵᠢᠭᠤᠯᠵᠤ᠂ | ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ ᠶᠢ ᠨᠢᠭᠡᠳᠬᠡᠵᠦ᠂ ᠪᠦᠭᠦ ᠨᠠᠮ ᠤᠨ | ᠪᠦᠲᠦᠭᠡᠯᠴᠢ ᠬᠦᠴᠦᠨ ᠨᠢᠭᠲᠠᠷᠠᠯ ᠤᠨ ᠬᠦᠴᠦᠨ ᠲᠠᠶᠢᠴᠢᠨ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | | | | | | | |