ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 12 ᠤᠨ ᠴᠠᠭᠢᠯᠭᠠᠨ ᠮᠡᠳᠡᠭᠡ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ 12 ᠰᠠᠷ᠎ᠠ ᠶᠢᠨ 11 ᠠᠴᠠ 12 ᠤᠨ ᠡᠳᠦᠷ ᠪᠤᠯᠲᠠᠯ᠎ᠠ ᠪᠡᠭᠡᠵᠢᠩ ᠳᠤ | ᠬᠤᠷᠠᠯᠳᠤᠪᠠ ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ | ᠴᠢᠬᠤᠯᠠ ᠶᠠᠷᠢᠶ᠎ᠠ ᠲᠠᠯᠪᠢᠪᠠ ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ ᠯᠢ ᠴᠢᠶᠠᠩ ᠂ ᠵᠤᠤ ᠯᠧ ᠵᠢᠢ ᠂ ᠸᠠᠩ ᠬᠤ᠋ ᠨᠢᠩ᠂ ᠼᠠᠢ ᠴᠢ ᠂ ᠳ᠋ᠢᠩ | ᠰᠢᠤᠸᠠᠢ ᠰᠢᠶᠠᠩ ᠂ ᠯᠢ ᠰᠢ ᠬᠤᠷᠠᠯ ᠳᠤ ᠣᠷᠣᠯᠴᠠᠪᠠ᠃ | | | ᠲᠥᠪ ᠤᠨ ᠠᠵᠤ ᠠᠬᠤᠢ ᠶᠢᠨ ᠠᠵᠢᠯ ᠤᠨ ᠬᠤᠷᠠᠯ 12 ᠰᠠᠷ᠎ᠠ ᠶᠢᠨ 11 ᠠᠴᠠ 12 ᠤᠨ ᠡᠳᠦᠷ ᠪᠤᠯᠲᠠᠯ᠎ᠠ ᠪᠡᠭᠡᠵᠢᠩ ᠳᠤ | ᠬᠤᠷᠠᠯᠳᠤᠪᠠ ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ | ᠪᠥᠭᠡᠳ ᠴᠢᠬᠤᠯᠠ ᠶᠠᠷᠢᠶ᠎ᠠ ᠲᠠᠯᠪᠢᠪᠠ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠣᠣ ᠳ᠋ᠠ ᠸᠧᠢ ᠰᠡᠭᠦᠳᠡᠷᠯᠡᠪᠡ | | ᠰᠢ ᠶᠢᠨ ᠫᠢᠩ ᠴᠢᠬᠤᠯᠠ ᠶᠠᠷᠢᠶᠠᠨ ᠳᠠᠭᠠᠨ 2023 ᠣᠨ ᠤ ᠠᠵᠤ ᠠᠬᠤᠢ ᠶᠢᠨ ᠠᠵᠢᠯ ᠢ ᠪᠦᠭᠦ ᠲᠠᠯ᠎ᠠ ᠪᠠᠷ ᠳ᠋ᠦᠩᠨᠡᠵᠦ ᠂ | ᠣᠳᠣᠬᠠᠨ ᠤ ᠠᠵᠤ ᠠᠬᠤᠢ ᠶᠢᠨ ᠪᠠᠶᠢᠳᠠᠯ ᠢ ᠭᠦᠨᠵᠡᠭᠡᠢ ᠵᠠᠳᠠᠯᠵᠤ ᠂ 2024 ᠣᠨ ᠤ ᠠᠵᠤ ᠠᠬᠤᠢ ᠶᠢᠨ | ᠠᠵᠢᠯ ᠢ ᠰᠢᠰᠲ᠋ᠧᠮ ᠲᠠᠢ ᠪᠠᠶᠢᠷᠢᠯᠠᠭᠤᠯᠪᠠ ᠃ ᠯᠢ ᠴᠢᠶᠠᠩ ᠳ᠋ᠦᠩᠨᠡᠯᠲᠡ ᠶᠢᠨ ᠶᠠᠷᠢᠶ᠎ᠠ ᠲᠠᠯᠪᠢᠵᠤ ᠂ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠢᠷᠡᠬᠦ | ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠠᠢ ᠃ | ᠬᠤᠷᠠᠯ ᠠᠴᠠ ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠬᠤ ᠡᠭᠢᠯᠡᠯᠲᠡ ᠶᠢᠨ ᠵᠢᠯ ᠮᠥᠨ ᠂ ᠭᠤᠷᠪᠠᠨ ᠵᠢᠯ ᠤᠨ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠱᠠᠲᠤ ᠬᠤᠪᠢᠷᠠᠭᠰᠠᠨ ᠤ | ᠳᠠᠷᠠᠭᠠᠬᠢ ᠠᠵᠤ ᠠᠬᠤᠢ ᠰᠡᠷᠭᠦᠨ ᠬᠥᠭᠵᠢᠭᠰᠡᠨ ᠨᠢᠭᠡ ᠵᠢᠯ ᠪᠣᠯᠣᠨ᠎ᠠ ᠃ ᠰᠢ ᠶᠢᠨ ᠫᠢᠩ ᠨᠥᠬᠦᠷ ᠢᠶᠠᠷ | ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠢ ᠪᠦᠯᠬᠦᠮᠳᠡᠭᠦᠯᠦᠨ ᠳᠠᠭᠠᠭᠤᠯᠵᠤ ᠂ ᠭᠠᠳᠠᠭᠠᠳᠤ ᠳᠠᠷᠤᠯᠲᠠ ᠶᠢ ᠲᠤᠯᠵᠤ ᠂ ᠳᠣᠲᠣᠭᠠᠳᠤ ᠶᠢᠨ | ᠬᠦᠴᠢᠷᠳᠡᠯ ᠢ ᠢᠯᠡᠨ ᠳᠠᠪᠠᠵᠤ ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠨ ᠂ | ᠬᠤᠷᠸ᠎ᠠ ᠡᠵᠡᠮᠳᠡᠯ ᠲᠣᠬᠢᠷᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠂ | ᠪᠦᠲᠦᠴᠡ ᠪᠠᠨ ᠰᠢᠯᠢᠳᠡᠭᠵᠢᠭᠦᠯᠬᠦ ᠂ ᠢᠲᠡᠭᠡᠯ ᠵᠣᠷᠢᠭ ᠢ ᠬᠥᠪᠴᠢᠯᠡᠬᠦ ᠂ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠪᠠᠷ ᠬᠦᠴᠦᠯᠡᠵᠦ ᠂ ᠮᠠᠨ ᠤ ᠤᠯᠤᠰ ᠤᠨ ᠠᠵᠤ ᠠᠬᠤᠢ ᠰᠡᠷᠭᠦᠨ ᠰᠠᠶᠢᠵᠢᠷᠠᠵᠤ ᠂ | ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠪᠠ ᠃ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ | ᠪᠠᠶᠢᠭᠤᠯᠤᠯᠲᠠ ᠴᠢᠬᠤᠯᠠ ᠠᠬᠢᠴᠠ ᠲᠠᠢ ᠪᠣᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠠᠵᠢᠯ ᠰᠢᠨ᠎ᠡ ᠰᠢᠪᠲᠤᠯᠤᠯᠲᠠ ᠲᠠᠢ ᠪᠣᠯᠵᠤ ᠂ ᠥᠭᠡᠷᠡᠴᠢᠯᠡᠯᠲᠡ ᠨᠡᠭᠡᠭᠡᠯᠲᠡ | ᠭᠦᠨᠵᠡᠭᠡᠶᠢᠷᠡᠨ ᠠᠬᠢᠵᠤ ᠂ ᠠᠮᠤᠷ ᠲᠦᠪᠰᠢᠨ ᠬᠥᠭᠵᠢᠯᠲᠡ ᠶᠢᠨ ᠰᠠᠭᠤᠷᠢ ᠪᠠᠬᠢᠵᠢᠵᠦ ᠂ | ᠠᠷᠠᠳ ᠤᠨ ᠠᠮᠢᠳᠤᠷᠠᠯ ᠤᠨ ᠪᠠᠲᠤᠯᠠᠭ᠎ᠠ ᠡᠷᠴᠢᠮᠲᠡᠢ ᠪᠦᠲᠦᠮᠵᠢᠲᠡᠢ ᠪᠣᠯᠵᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ ᠢ ᠠᠯᠬᠤᠵᠠᠢ ᠭᠡᠵᠦ ᠦᠵᠡᠪᠡ ᠃ | ᠬᠤᠷᠠᠯ ᠠᠴᠠ ᠂ ᠠᠵᠤ ᠠᠬᠤᠢ ᠶᠢᠨ ᠰᠡᠷᠭᠦᠯᠲᠡ ᠰᠠᠶᠢᠵᠢᠷᠠᠯᠲᠠ ᠶᠢ ᠴᠢᠨᠠᠭᠰᠢᠳᠠ ᠠᠬᠢᠭᠤᠯᠬᠤ ᠳᠤ ᠵᠠᠷᠢᠮ ᠬᠦᠴᠢᠷᠳᠡᠯ | ᠪᠣᠯᠣᠨ ᠥᠷᠢᠰᠦᠯᠳᠦᠭᠡᠨ ᠢ ᠢᠯᠠᠨ ᠳᠠᠪᠠᠭ᠋ᠤ ᠴᠢᠬᠤᠯᠠᠲᠠᠢ ᠪᠠᠶᠢᠨ᠎ᠠ ᠂ ᠭᠤᠣᠯᠳᠠᠭᠤ ᠪᠦᠲᠦᠮᠵᠢᠲᠡᠢ ᠬᠡᠷᠡᠭᠴᠡᠭᠡ | ᠬᠦᠷᠦᠯᠴᠡᠬᠦ ᠦᠭᠡᠢ ᠂ ᠬᠡᠰᠡᠭ ᠠᠵᠢᠯ ᠲᠦᠷᠦᠯ ᠤᠨ ᠦᠢᠯᠡᠳᠪᠦᠷᠢᠯᠡᠯ ᠤᠨ ᠴᠢᠳᠠᠪᠤᠷᠢ ᠦᠯᠡᠭᠦᠳᠡᠭᠰᠡᠨ ᠂ | ᠨᠡᠶᠢᠭᠡᠮ ᠤᠨ ᠵᠢᠱᠢᠯᠲᠡ ᠪᠠᠭᠤᠷᠠᠢ ᠂ ᠠᠶᠤᠯ ᠲᠦᠭᠰᠢᠭᠦᠷᠢ ᠭᠡᠮ ᠰᠣᠭᠤᠭ ᠮᠥᠨ ᠨᠡᠯᠢᠶᠡᠳ ᠤᠯᠠᠨ | ᠪᠠᠶᠢᠵᠤ ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠲᠦᠭᠵᠢᠷᠡᠯ ᠣᠷᠣᠰᠢᠵᠤ ᠂ ᠭᠠᠳᠠᠭᠠᠳᠤ ᠣᠷᠴᠢᠨ | ᠲᠣᠭᠤᠷᠢᠨ ᠤ ᠪᠤᠳᠤᠯᠢᠶᠠᠨᠲᠤ ᠴᠢᠨᠠᠷ ᠂ ᠬᠦᠨᠳᠦ ᠬᠡᠴᠡᠭᠦᠦ ᠴᠢᠨᠠᠷ ᠂ ᠲᠣᠬᠲᠠᠭᠠᠯᠲᠤ ᠪᠤᠰᠤ ᠴᠢᠨᠠᠷ ᠨᠡᠮᠡᠭᠳᠡᠵᠦ | ᠪᠠᠶᠢᠨ᠎ᠠ ᠃ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ ᠂ ᠡᠳᠡᠭᠡᠷ ᠠᠰᠠᠭᠤᠳᠠᠯ ᠢ ᠪᠦᠲᠦᠮᠵᠢᠲᠡᠢ | ᠠᠷᠭᠠᠴᠠᠭᠠᠨ ᠰᠢᠢᠳᠪᠦᠷᠢᠯᠡᠬᠦ ᠬᠡᠷᠡᠭᠲᠡᠢ ᠃ ᠶᠡᠷᠦᠩᠬᠡᠶᠢᠯᠡᠭᠡᠳ ᠦᠵᠡᠪᠡᠯ ᠂ ᠮᠠᠨ ᠤ ᠤᠯᠤᠰ ᠤᠨ | ᠬᠥᠭᠵᠢᠯᠲᠡ ᠳᠤ ᠲᠤᠯᠭᠠᠷᠠᠵᠤ ᠪᠠᠶᠢᠭ᠎ᠠ ᠠᠰᠢᠭᠲᠠᠢ ᠨᠥᠬᠦᠴᠡᠯ ᠨᠢ ᠠᠰᠢᠭ ᠦᠭᠡᠢ ᠬᠦᠴᠦᠨ ᠵᠦᠢᠯ ᠠᠴᠠ | ᠴᠢᠩᠭ᠎ᠠ ᠪᠠᠶᠢᠵᠤ ᠂ ᠠᠵᠤ ᠠᠬᠤᠢ ᠰᠡᠷᠭᠦᠨ ᠰᠠᠶᠢᠵᠢᠷᠠᠬᠤ ᠂ ᠤᠷᠳᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠬᠠᠨᠳᠤᠰᠢ | ᠬᠤᠪᠢᠷᠠᠭ᠎ᠠ ᠦᠭᠡᠢ ᠂ ᠢᠲᠡᠭᠡᠯ ᠵᠣᠷᠢᠭ ᠪᠠ ᠢᠲᠡᠭᠡᠯ ᠬᠦᠴᠦᠨ ᠢᠶᠠᠨ ᠴᠢᠩᠭᠠᠷᠠᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ ᠃ | ᠬᠤᠷᠠᠯ ᠠᠴᠠ ᠂ ᠣᠶᠢᠷ᠎ᠠ ᠶᠢᠨ ᠵᠢᠯ ᠤᠨ ᠲᠤᠷᠰᠢ ᠂ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ ᠂ ᠪᠢᠳᠡ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠪᠦᠲᠦᠮᠵᠢᠲᠡᠶ ᠨᠢᠭᠡᠳᠦᠯᠲᠡᠢ | ᠲᠥᠯᠥᠪᠵᠢᠭᠦᠯᠵᠦ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠵᠦ ᠂ ᠰᠢᠨ᠎ᠡ ᠴᠠᠭ ᠦᠶ᠎ᠡ ᠳᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠶᠢᠨ | ᠵᠢᠮ᠎ᠡ ᠶᠣᠰᠣᠴᠢ ᠴᠢᠨᠠᠷᠲᠠᠢ ᠲᠠᠨᠢᠯᠲᠠ ᠶᠢ ᠭᠦᠨᠵᠡᠭᠡᠶᠢᠷᠡᠭᠦᠯᠪᠡ ᠃ ᠡᠷᠬᠡᠪᠰᠢ ᠴᠢᠨᠠᠷ ᠰᠠᠶᠢᠲᠠᠢ ᠬᠥᠭᠵᠢᠯᠲᠡ ᠶᠢ | ᠪᠠᠷᠢᠮᠲᠠᠯᠠᠬᠤ ᠶᠢ ᠰᠢᠨ᠎ᠡ ᠴᠠᠭ ᠦᠶ᠎ᠡ ᠶᠢᠨ ᠬᠠᠲᠠᠭᠤ ᠶᠣᠰᠣ ᠪᠤᠯᠭᠠᠵᠤ ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠣᠨᠣᠪᠴᠢᠲᠠᠢ ᠂ ᠪᠦᠭᠦ ᠲᠠᠯ᠎ᠠ ᠪᠠᠷ | ᠲᠤᠭᠤᠰᠢᠯᠠᠭᠤᠯᠵᠤ ᠂ ᠠᠵᠤ ᠠᠬᠤᠢ ᠶᠢᠨ ᠴᠢᠨᠠᠷ ᠢ ᠪᠦᠲᠦᠮᠵᠢᠲᠡᠢ ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ ᠵᠣᠬᠢᠰᠲᠠᠢ | ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠃ ᠡᠷᠬᠡᠪᠰᠢ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠪᠦᠲᠦᠮᠵᠢᠲᠡᠶ ᠬᠡᠷᠡᠭᠴᠡᠭᠡ ᠶᠢ | ᠬᠦᠴᠦᠯᠡᠨ ᠥᠷᠭᠡᠳᠬᠡᠬᠦ ᠲᠠᠯ᠎ᠠ ᠪᠠᠷ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ ᠂ ᠭᠡᠲᠦ ᠶᠡᠭᠡ ᠬᠡᠪᠴᠢᠶᠡᠨ ᠤ ᠵᠠᠬ᠎ᠠ | ᠳᠡᠯᠭᠡᠭᠦᠷ ᠪᠠ ᠬᠦᠴᠦᠷᠬᠡᠭ ᠶᠡᠭᠡ ᠦᠢᠯᠡᠳᠪᠦᠷᠢᠯᠡᠯ ᠤᠨ ᠴᠢᠳᠠᠪᠤᠷᠢ ᠶᠢᠨ ᠳᠠᠪᠠᠭᠤᠯᠢᠭ ᠢ ᠪᠠᠳᠠᠷᠠᠭᠤᠯᠵᠤ ᠂ ᠤᠯᠤᠰ ᠤᠨ | ᠳᠣᠲᠣᠭᠠᠳᠤ ᠶᠢᠨ ᠶᠡᠭᠡ ᠣᠷᠴᠢᠯ ᠢ ᠳᠣᠲᠣᠭᠠᠳᠤ ᠬᠡᠷᠡᠭᠴᠡᠭᠡ ᠶᠢᠨ ᠭᠤᠣᠯ ᠬᠥᠳᠡᠯᠭᠡᠬᠦ ᠬᠦᠴᠦᠨ ᠤ | ᠰᠠᠭᠤᠷᠢᠨ ᠳᠡᠭᠡᠷ᠎ᠡ ᠪᠠᠶᠢᠭᠤᠯᠵᠤ ᠂ ᠣᠯᠠᠨ ᠤᠯᠤᠰ ᠤᠨ ᠣᠷᠴᠢᠯ ᠤᠨ ᠶᠠᠰᠤ ᠴᠢᠨᠠᠷ ᠪᠠ ᠲᠦᠪᠰᠢᠨ ᠢ | ᠳᠡᠭᠡᠭᠰᠢᠯᠡᠭᠦᠯᠭᠦ ᠬᠡᠷᠡᠭᠲᠡᠢ ᠃ ᠡᠷᠬᠡᠪᠰᠢ ᠥᠭᠡᠷᠡᠴᠢᠯᠡᠯᠲᠡ ᠨᠡᠭᠡᠭᠡᠯᠲᠡ ᠳᠤ ᠲᠦᠰᠢᠭᠯᠡᠨ | ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠷᠠᠭᠤᠯᠬᠤ ᠶᠢ ᠪᠠᠷᠢᠮᠲᠠᠯᠠᠵᠤ ᠂ ᠭᠦᠨ | ᠳᠠᠪᠬᠤᠷᠭ᠎ᠠ ᠶᠢᠨ ᠥᠭᠡᠷᠡᠴᠢᠯᠡᠯᠲᠡ ᠪᠠ ᠥᠨᠳᠥᠷ ᠲᠦᠪᠰᠢᠨ ᠪᠦᠬᠦᠢ ᠨᠡᠭᠡᠭᠡᠯᠲᠡ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠲᠠᠰᠤᠷᠠᠯᠲᠠ ᠦᠭᠡᠢ ᠴᠢᠯᠦᠭᠡᠯᠡᠨ ᠬᠥᠭᠵᠢᠭᠦᠯᠵᠦ ᠂ | ᠨᠡᠶᠢᠭᠡᠮ ᠤᠨ ᠠᠮᠢᠵᠢᠷᠠᠯ ᠤᠨ ᠬᠦᠴᠦᠨ ᠢ ᠬᠥᠭᠵᠢᠭᠡᠨ ᠴᠢᠩᠭᠠᠷᠠᠭᠤᠯᠬᠤ ᠬᠡᠷᠡᠭᠲᠡᠢ ᠃ ᠡᠷᠬᠡᠪᠰᠢ ᠴᠢᠨᠠᠷ ᠰᠠᠶᠢᠲᠠᠢ ᠬᠥᠭᠵᠢᠯᠲᠡ ᠪᠠ | ᠥᠨᠳᠥᠷ ᠲᠦᠪᠰᠢᠨ ᠪᠦᠬᠦᠢ ᠠᠮᠤᠷ ᠲᠦᠪᠰᠢᠨ ᠰᠠᠶᠢᠨ ᠬᠤᠷᠰᠢᠯᠴᠠᠯ ᠢ ᠪᠠᠷᠢᠮᠲᠠᠯᠠᠵᠤ ᠂ ᠴᠢᠨᠠᠷ ᠰᠠᠶᠢᠲᠠᠢ | ᠬᠥᠭᠵᠢᠯᠲᠡ ᠪᠠᠷ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠠᠬᠢᠭᠤᠯᠵᠤ ᠂ ᠥᠨᠳᠥᠷ | ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ ᠂ ᠬᠥᠭᠵᠢᠯᠲᠡ ᠪᠠ ᠠᠮᠤᠷ | ᠲᠦᠪᠰᠢᠨ ᠢ ᠬᠥᠳᠡᠯᠦᠩᠭᠦᠢ ᠲᠡᠩᠴᠡᠭᠦᠷᠢᠲᠡᠢ ᠪᠠᠶᠢᠯᠭᠠᠵᠤ ᠂ ᠬᠠᠮᠵᠢᠨ ᠬᠠᠪᠰᠤᠷᠤᠯᠴᠠᠵᠤ ᠬᠠᠷᠢᠯᠴᠠᠨ | ᠲᠤᠪᠤᠶᠢᠯᠭᠠᠬᠤ ᠬᠡᠷᠡᠭᠲᠡᠢ ᠃ ᠡᠷᠬᠡᠪᠰᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠶᠢ ᠬᠠᠮᠤᠭ ᠤᠨ ᠶᠡᠭᠡ ᠤᠯᠤᠰ ᠲᠦᠷᠦ ᠪᠤᠯᠭᠠᠵᠤ ᠂ ᠨᠠᠮ ᠤᠨ ᠨᠢᠭᠡᠳᠦᠯᠲᠡᠢ ᠤᠳᠤᠷᠢᠳᠤᠯᠭ᠎ᠠ | ᠳᠣᠣᠷ᠎ᠠ ᠂ ᠬᠠᠮᠤᠭ ᠤᠨ ᠥᠷᠭᠡᠨ ᠤᠯᠠᠨ ᠠᠷᠠᠳ ᠲᠦᠮᠡᠨ ᠲᠠᠢ ᠪᠦᠯᠬᠦᠮᠳᠡᠵᠦ ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ | ᠭᠡᠬᠦ ᠡᠨᠡ ᠬᠦ ᠭᠤᠣᠯ ᠠᠵᠢᠯ ᠪᠠ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠳᠤ | ᠠᠩᠬᠠᠷᠤᠯ ᠢᠶᠠᠨ ᠲᠥᠪᠯᠡᠷᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠠᠤᠭ᠎ᠠ ᠲᠥᠰᠥᠪ ᠢ ᠠᠯᠬᠤᠮ ᠠᠯᠬᠤᠮ ᠢᠶᠠᠷ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ | ᠭᠡᠵᠦ ᠦᠵᠡᠪᠡ ᠃ | ᠬᠤᠷᠠᠯ ᠠᠴᠠ ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠲᠣᠭᠲᠠᠭᠤᠨ ᠤ ᠳᠤᠮᠳᠠ ᠤᠷᠤᠭᠰᠢᠯᠠᠨ | ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠦᠷᠢᠨ ᠪᠦᠲᠦᠨ ᠂ ᠵᠥᠪ ᠣᠨᠣᠪᠴᠢᠲᠠᠶ ᠂ ᠪᠦᠭᠦ ᠲᠠᠯ᠎ᠠ ᠪᠠᠷ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠲᠦᠷᠭᠡᠳᠬᠡᠨ ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ ᠂ ᠥᠭᠡᠷᠡᠴᠢᠯᠡᠯᠲᠡ | ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠥᠨᠳᠥᠷ ᠲᠦᠪᠰᠢᠨ ᠪᠦᠬᠦᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠵᠤ ᠂ ᠬᠤᠷᠸ᠎ᠠ ᠡᠵᠡᠮᠳᠡᠯ | ᠲᠣᠬᠢᠷᠠᠭᠤᠯᠭ᠎ᠠ ᠶᠢᠨ ᠡᠷᠴᠢᠮ ᠢ ᠴᠢᠩᠭᠠᠷᠠᠭᠤᠯᠵᠤ ᠂ ᠳᠣᠲᠣᠭᠠᠳᠤ ᠬᠡᠷᠡᠭᠴᠡᠭᠡ ᠶᠢ | ᠥᠷᠭᠡᠳᠬᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢ ᠨᠢᠭᠡᠳᠦᠯᠲᠡᠢ ᠲᠥᠯᠥᠪᠵᠢᠭᠦᠯᠵᠦ ᠂ ᠰᠢᠨ᠎ᠡ ᠭᠡᠯᠪᠡᠷᠢ ᠶᠢᠨ | ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ | ᠲᠥᠯᠥᠪᠵᠢᠭᠦᠯᠵᠦ ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠵᠦ ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠦᠨᠡᠨ ᠬᠦ | ᠨᠡᠮᠡᠭᠳᠡᠭᠦᠯᠵᠦ ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ ᠂ ᠨᠡᠶᠢᠭᠡᠮ ᠤᠨ | ᠵᠢᠱᠢᠯᠲᠡ ᠶᠢ ᠰᠠᠶᠢᠵᠢᠷᠠᠭᠤᠯᠵᠤ ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠰᠠᠶᠢᠨ ᠪᠠᠶᠢᠳᠠᠯ ᠢ | ᠪᠠᠬᠢᠵᠢᠭᠦᠯᠦᠨ ᠴᠢᠩᠭᠠᠳᠬᠠᠵᠤ ᠂ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ | ᠪᠠ ᠲᠤᠭ᠎ᠠ ᠬᠡᠮᠵᠢᠶᠡᠨ ᠤ ᠵᠣᠬᠢᠰᠲᠠᠢ ᠨᠡᠮᠡᠭᠳᠡᠯ ᠢ ᠦᠷᠭᠦᠯᠵᠢᠯᠡᠨ ᠠᠬᠢᠭᠤᠯᠵᠤ ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ | ᠨᠡᠮᠡᠭᠳᠡᠭᠦᠯᠵᠦ ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠂ ᠢᠷᠡᠬᠦ ᠵᠢᠯ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠂ ᠤᠷᠤᠭᠰᠢᠯᠠᠨ ᠲᠠᠪᠰᠢᠬᠤ ᠪᠠᠷ | ᠲᠣᠭᠲᠠᠭᠤᠨ ᠢ ᠠᠬᠢᠭᠤᠯᠬᠤ ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠨ ᠂ | ᠵᠢᠱᠢᠯᠲᠡ ᠶᠢ ᠲᠣᠭᠲᠠᠪᠤᠷᠢᠵᠢᠭᠤᠯᠬᠤ ᠂ ᠨᠡᠮᠡᠭᠳᠡᠯ ᠢ ᠲᠣᠭᠲᠠᠪᠤᠷᠢᠵᠢᠭᠤᠯᠬᠤ ᠂ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ ᠳᠤ ᠠᠰᠢᠭᠲᠠᠢ ᠲᠥᠷᠥ ᠶᠢᠨ ᠪᠣᠳᠣᠯᠭ᠎ᠠ ᠶᠢ ᠢᠯᠡᠭᠦᠬᠡᠨ | ᠭᠠᠷᠭᠠᠵᠤ ᠂ ᠭᠡᠯᠪᠡᠷᠢ ᠶᠢ ᠬᠤᠪᠢᠷᠠᠭᠤᠯᠬᠤ ᠂ ᠪᠦᠲᠦᠴᠡ ᠶᠢ ᠲᠣᠬᠢᠷᠠᠭᠤᠯᠬᠤ ᠂ ᠶᠠᠰᠤ ᠴᠢᠨᠠᠷ ᠢ ᠳᠡᠭᠡᠭᠰᠢᠯᠡᠭᠦᠯᠭᠦ ᠂ | ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠢᠳᠡᠪᠬᠢᠲᠡᠢ ᠤᠷᠤᠭᠰᠢᠯᠠᠨ ᠳᠡᠪᠰᠢᠵᠦ ᠂ ᠲᠣᠭᠲᠠᠭᠤᠨ ᠤ ᠳᠤᠮᠳᠠ ᠰᠠᠶᠢᠵᠢᠷᠠᠬᠤ | ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ ᠃ ᠬᠤᠷᠸ᠎ᠠ ᠲᠦᠷᠦ ᠶᠢᠨ ᠪᠣᠳᠣᠯᠭ᠎ᠠ ᠶᠢᠨ | ᠦᠶᠡᠯᠡᠯ ᠥᠭᠰᠥᠬᠦ ᠪᠠ ᠦᠶᠡᠯᠡᠯ ᠠᠯᠤᠰᠯᠠᠨ ᠲᠣᠬᠢᠷᠠᠭᠤᠯᠬᠤ ᠶᠢ ᠴᠢᠩᠭᠠᠳᠬᠠᠵᠤ ᠂ ᠡᠳ᠋ ᠤᠨ ᠵᠠᠰᠠᠭ ᠤᠨ | ᠢᠳᠡᠪᠬᠢᠲᠡᠢ ᠲᠦᠷᠦ ᠶᠢᠨ ᠪᠣᠳᠣᠯᠭ᠎ᠠ ᠪᠠ ᠵᠣᠭᠤᠰᠤᠨ ᠤ ᠲᠣᠭᠲᠠᠭᠤᠨ ᠲᠦᠷᠦ ᠶᠢᠨ ᠪᠣᠳᠣᠯᠭ᠎ᠠ ᠶᠢ | ᠦᠷᠭᠦᠯᠵᠢᠯᠡᠨ ᠬᠡᠷᠡᠭᠵᠢᠭᠦᠯᠵᠦ ᠂ ᠲᠦᠷᠦ ᠶᠢᠨ ᠪᠣᠳᠣᠯᠭ᠎ᠠ ᠶᠢᠨ ᠪᠠᠭᠠᠵᠢ ᠶᠢᠨ ᠰᠢᠨ᠎ᠡ ᠶᠢ ᠡᠭᠦᠳᠬᠦ ᠪᠠ | ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠬᠤ ᠬᠡᠷᠡᠭᠲᠡᠢ ᠃ | ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠨᠢ ᠵᠣᠬᠢᠰᠲᠠᠢ ᠬᠦᠴᠦᠯᠡᠵᠦ ᠂ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ ᠃ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢᠨ ᠣᠷᠣᠨ ᠵᠠᠢ ᠶᠢ ᠰᠠᠶᠢᠲᠤᠷ | ᠬᠡᠷᠡᠭᠯᠡᠵᠦ ᠂ ᠪᠡᠯᠡ ᠮᠥᠩᠭᠦ ᠶᠢᠨ ᠦᠷ᠎ᠡ ᠠᠰᠢᠭ ᠪᠠ ᠲᠦᠷᠦ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ ᠃ | ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ | ᠡᠭᠦᠷᠭᠡ ᠳᠠᠬᠢ ᠡᠳ᠋ ᠤᠨ ᠬᠦᠴᠦᠨ ᠤ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ ᠃ ᠣᠷᠣᠨ ᠨᠤᠲᠤᠭ ᠤᠨ ᠵᠠᠰᠠᠭ ᠤᠨ ᠣᠷᠳᠣᠨ ᠤ | ᠲᠤᠰᠬᠠᠢ ᠵᠢᠭᠡᠯᠡᠯᠭᠡ ᠶᠢᠨ ᠲᠡᠮᠳᠡᠭᠲᠦ ᠶᠢ ᠬᠥᠷᠥᠩᠭᠡ ᠮᠥᠩᠭᠦ ᠪᠣᠯᠭᠠᠨ ᠬᠡᠷᠡᠭᠯᠡᠬᠦ ᠬᠡᠪᠴᠢᠶ᠎ᠡ ᠶᠢ ᠵᠦᠢ ᠵᠣᠬᠢᠰᠲᠠᠢ ᠪᠠᠷ | ᠥᠷᠭᠡᠳᠬᠡᠬᠦ ᠬᠡᠷᠡᠭᠲᠡᠢ ᠃ ᠪᠦᠲᠦᠴᠡ ᠶᠢᠨ ᠴᠢᠨᠠᠷᠲᠠᠢ ᠪᠠᠷ ᠭᠠᠶᠢᠯᠢ ᠶᠢ ᠬᠥᠩᠭᠡᠯᠡᠵᠦ ᠰᠦᠢᠳᠬᠡᠯ ᠢ | ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠢᠯᠡᠳᠬᠦ ᠦᠢᠯᠡᠰ ᠤᠨ ᠬᠥᠭᠵᠢᠯᠲᠡ ᠶᠢ ᠭᠤᠣᠯᠳᠠᠯᠭ᠎ᠠ ᠲᠠᠢ | ᠳᠡᠮᠵᠢᠬᠦ ᠬᠡᠷᠡᠭᠲᠡᠢ ᠃ ᠰᠢᠯᠵᠢᠭᠦᠯᠦᠨ ᠲᠣᠭᠠᠴᠠᠭ᠎ᠠ ᠬᠢᠬᠦ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ | ᠴᠢᠩᠳᠠᠯᠠᠵᠤ ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠬᠤ ᠬᠡᠷᠡᠭᠲᠡᠢ ᠃ | ᠡᠳ᠋ ᠤᠨ ᠵᠠᠰᠠᠭ ᠤᠨ ᠦᠷᠭᠦᠯᠵᠢᠯᠡᠬᠦ ᠴᠢᠨᠠᠷ ᠢ ᠴᠢᠩᠭᠠᠳᠬᠠᠵᠤ ᠂ ᠦᠨᠳᠦᠰᠦᠨ ᠱᠠᠲᠤᠨ ᠤ ︽ᠭᠤᠷᠪᠠ ᠶᠢ | ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠃ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ | ᠬᠢᠵᠠᠭᠠᠷᠯᠠᠬᠤ ᠬᠡᠷᠡᠭᠲᠡᠢ ᠃ ᠨᠠᠮ ᠵᠠᠰᠠᠭ ᠤᠨ ᠪᠠᠶᠢᠭᠤᠯᠭ᠎ᠠ ᠠᠷᠪᠢᠯᠠᠵᠤ ᠠᠮᠢᠳᠤᠷᠠᠬᠤ ᠳᠠᠳᠬᠠᠯ ᠲᠠᠢ ᠪᠠᠶᠢᠬᠤ ᠬᠡᠷᠡᠭᠲᠡᠢ ᠃ | ᠵᠣᠭᠤᠰᠤᠨ ᠤ ᠲᠣᠭᠲᠠᠭᠤᠨ ᠲᠦᠷᠦ ᠶᠢᠨ ᠪᠣᠳᠣᠯᠭ᠎ᠠ ᠶᠢ ᠠᠮᠢᠳᠤᠯᠢᠭ ᠪᠥᠭᠡᠳ ᠵᠣᠬᠢᠰᠲᠠᠢ ᠂ ᠤᠨᠤᠪᠴᠢᠲᠠᠢ ᠪᠥᠭᠡᠳ | ᠪᠦᠲᠦᠮᠵᠢᠲᠡᠢ ᠪᠠᠶᠢᠯᠭᠠᠬᠤ ᠬᠡᠷᠡᠭᠲᠡᠢ ᠃ ᠭᠦᠢᠯᠭᠡᠭᠡᠨ ᠤ ᠴᠢᠨᠠᠷ ᠤᠨ ᠵᠦᠢ ᠵᠣᠬᠢᠰᠲᠠᠢ ᠪᠥᠭᠡᠳ ᠭᠦᠢᠴᠡᠳ | ᠪᠠᠶᠢᠬᠤ ᠂ ᠨᠡᠶᠢᠭᠡᠮ ᠤᠨ ᠪᠡᠯᠡ ᠮᠥᠩᠭᠦ ᠴᠤᠭᠯᠠᠭᠤᠯᠬᠤ ᠬᠡᠪᠴᠢᠶ᠎ᠡ ᠂ ᠵᠣᠭᠤᠰᠤᠨ ᠤ ᠬᠠᠩᠭᠠᠯᠭ᠎ᠠ ᠶᠢᠨ ᠬᠡᠮᠵᠢᠶ᠎ᠡ ᠶᠢ | ᠠᠵᠤ ᠠᠬᠤᠢ ᠶᠢᠨ ᠨᠡᠮᠡᠭᠳᠡᠯ ᠪᠠ ᠦᠨ᠎ᠡ ᠬᠠᠩᠰᠢ ᠶᠢᠨ ᠲᠦᠪᠰᠢᠨ ᠤ ᠵᠢᠱᠢᠭᠰᠡᠨ ᠬᠠᠷᠠᠯᠲᠠ ᠯᠤᠭ᠎ᠠ ᠬᠠᠷᠢᠯᠴᠠᠨ ᠵᠣᠬᠢᠴᠠᠯᠳᠤᠬᠤ ᠶᠢ | ᠪᠠᠲᠤᠯᠠᠬᠤ ᠬᠡᠷᠡᠭᠲᠡᠢ ᠃ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠶᠡᠷᠦᠩᠬᠡᠢ ᠬᠡᠮᠵᠢᠶ᠎ᠡ ᠪᠠ | ᠪᠦᠲᠦᠴᠡ ᠶᠢᠨ ᠳᠠᠪᠬᠤᠷ ᠴᠢᠳᠠᠮᠵᠢ ᠶᠢ ᠰᠠᠶᠢᠲᠤᠷ ᠪᠠᠳᠠᠷᠠᠭᠤᠯᠵᠤ ᠂ ᠨᠥᠭᠡᠴᠡ ᠶᠢ ᠠᠮᠢᠳᠤᠯᠢᠭᠵᠢᠭᠤᠯᠵᠤ ᠂ | ᠦᠷ᠎ᠡ ᠠᠰᠢᠭ ᠢ ᠳᠡᠭᠡᠭᠰᠢᠯᠡᠭᠦᠯᠦᠨ ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠂ ᠪᠣᠬᠢᠷᠳᠤᠯ ᠦᠭᠡᠢ ᠲᠡᠶᠢᠰᠢ | ᠭᠡᠯᠪᠡᠷᠢ ᠪᠠᠨ ᠬᠤᠪᠢᠷᠠᠭᠤᠯᠬᠤ ᠂ ᠪᠠᠭ᠎ᠠ ᠵᠢᠵᠢᠭ ᠠᠵᠤ ᠠᠬᠤᠶᠢᠯᠠᠯ ᠳᠤ ᠨᠡᠶᠢᠳᠡᠮ ᠠᠰᠢᠭ ᠬᠦᠷᠲᠡᠭᠡᠬᠦ ᠂ | ᠲᠣᠭᠠᠴᠢᠯᠠᠭᠰᠠᠨ ᠠᠵᠤ ᠠᠬᠤᠢ ᠵᠡᠷᠭᠡ ᠲᠠᠯ᠎ᠠ ᠪᠠᠷ ᠬᠢ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ ᠃ ᠨᠡᠶᠢᠭᠡᠮ ᠤᠨ | ᠶᠡᠷᠦᠩᠬᠡᠶᠢᠯᠡᠭᠰᠡᠨ ᠪᠡᠯᠡ ᠮᠥᠩᠭᠦ ᠴᠤᠭᠯᠠᠭᠤᠯᠬᠤ ᠥᠪᠡᠷ ᠤᠨ ᠥᠷᠲᠡᠭ ᠢ ᠲᠣᠭᠲᠠᠭᠤᠨ ᠤ | ᠳᠤᠮᠳᠠ ᠪᠠᠭᠤᠷᠠᠭᠤᠯᠬᠤ ᠶᠢ ᠠᠬᠢᠭᠤᠯᠬᠤ ᠬᠡᠷᠡᠭᠲᠡᠢ ᠃ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠶᠢᠨ ᠵᠣᠬᠢᠰᠲᠠᠢ | ᠪᠥᠭᠡᠳ ᠲᠡᠩᠴᠡᠭᠦᠷᠢᠲᠡᠢ ᠲᠦᠪᠰᠢᠨ ᠳᠤ ᠦᠨᠳᠦᠰᠦᠨ ᠳᠡᠭᠡᠨ ᠲᠣᠭᠲᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ ᠃ | ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠡᠢ ᠴᠢᠨᠠᠷ ᠢ ᠴᠢᠩᠭᠠᠳᠬᠠᠬᠤ ᠬᠡᠷᠡᠭᠲᠡᠢ ᠃ ᠡᠳ᠋ ᠤᠨ ᠵᠠᠰᠠᠭ ᠂ | ᠵᠣᠭᠤᠰ ᠂ ᠠᠵᠢᠯ ᠣᠯᠭᠤᠯᠲᠠ ᠂ ᠠᠵᠤ ᠦᠢᠯᠡᠰ ᠂ ᠣᠷᠣᠨ ᠪᠦᠰᠡ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠂ | ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠶᠢᠨ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ | ᠬᠠᠮᠵᠢᠯᠴᠠᠭ᠎ᠠ ᠶᠢ ᠴᠢᠩᠭᠠᠳᠬᠠᠵᠤ ᠂ ᠠᠵᠤ ᠠᠬᠤᠢ ᠶᠢᠨ ᠪᠤᠰᠤ ᠴᠢᠨᠠᠷᠲᠠᠢ ᠲᠦᠷᠦ ᠶᠢᠨ | ᠪᠣᠳᠣᠯᠭ᠎ᠠ ᠶᠢ ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷᠲᠠᠢ ᠦᠨᠡᠯᠡᠨ | ᠵᠢᠱᠢᠯᠲᠡ ᠳᠤ ᠣᠷᠣᠭᠤᠯᠵᠤ ᠂ ᠲᠦᠷᠦ ᠶᠢᠨ ᠪᠣᠳᠣᠯᠭ᠎ᠠ ᠶᠢᠨ ᠨᠢᠭᠡᠳᠦᠯᠲᠡᠢ ᠲᠥᠯᠦᠪᠵᠢᠭᠦᠯᠭᠡ ᠶᠢ ᠴᠢᠩᠭᠠᠳᠬᠠᠨ ᠂ ᠠᠳᠠᠯᠢ | ᠴᠢᠭᠯᠡᠯ ᠢᠶᠠᠷ ᠬᠦᠴᠦᠯᠡᠵᠦ ᠂ ᠬᠠᠮᠲᠤᠷᠠᠯ ᠬᠦᠴᠦᠨ ᠢ ᠪᠦᠷᠢᠯᠳᠦᠭᠦᠯᠬᠦ ᠶᠢ ᠦᠨᠡᠨ ᠬᠦ ᠪᠠᠲᠤᠯᠠᠬᠤ | ᠬᠡᠷᠡᠭᠲᠡᠢ ᠃ ᠠᠵᠤ ᠠᠬᠤᠢ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ | ᠴᠢᠩᠭᠠᠳᠬᠠᠵᠤ ᠂ ᠳᠤᠮᠳᠠᠳᠤ ᠤᠯᠤᠰ ᠤᠨ ᠠᠵᠤ ᠠᠬᠤᠢ ᠭᠡᠭᠡᠨ ᠰᠠᠷᠠᠭᠤᠯ ᠤᠨᠤᠯ ᠢ ᠬᠠᠩᠭᠢᠨᠠᠭᠤᠯᠬᠤ | ᠬᠡᠷᠡᠭᠲᠡᠢ ᠭᠡᠵᠦ ᠱᠠᠭᠠᠷᠳᠠᠪᠠ ᠃ | ᠬᠤᠷᠠᠯ ᠠᠴᠠ᠂ ᠢᠷᠡᠬᠦ ᠵᠢᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠂ ᠭᠤᠣᠯᠳᠠᠯᠭ᠎ᠠ ᠶᠢ | ᠲᠣᠪᠤᠶᠢᠯᠭᠠᠨ ᠵᠠᠩᠭᠢᠯᠠᠭ᠎ᠠ ᠶᠢ ᠡᠵᠡᠮᠳᠡᠵᠦ ᠂ ᠠᠵᠤ ᠠᠬᠤᠢ ᠶᠢᠨ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠬᠦ ᠬᠡᠷᠡᠭᠲᠡᠢ ᠃ | ᠨᠢᠭᠡ ᠳᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠬᠡᠷᠡᠭᠲᠡᠢ ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠵᠤ ᠂ | ᠢᠯᠠᠩᠭᠤᠶ᠎ᠠ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠪᠣᠯᠣᠨ ᠬᠤᠰᠢᠭᠤᠷᠠᠯ ᠮᠡᠷᠭᠡᠵᠢᠯ ᠢᠶᠠᠷ ᠰᠢᠨ᠎ᠡ ᠠᠵᠤ | ᠦᠢᠯᠡᠰ ᠂ ᠰᠢᠨ᠎ᠡ ᠵᠠᠭᠪᠤᠷ ᠂ ᠰᠢᠨ᠎ᠡ ᠬᠥᠳᠡᠯᠭᠡᠬᠦ ᠡᠨᠧᠷᠭᠢ ᠶᠢ ᠪᠤᠢ ᠪᠤᠯᠭᠠᠵᠤ ᠂ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ ᠃ ᠰᠢᠨ᠎ᠡ ᠭᠡᠯᠪᠡᠷᠢ ᠶᠢᠨ ᠤᠯᠤᠰ | ᠳᠠᠶᠠᠭᠠᠷᠴᠢᠯᠠᠬᠰᠠᠨ ᠪᠠᠶᠢᠭᠤᠯᠤᠮᠵᠢ ᠶᠢ ᠲᠡᠭᠦᠯᠳᠡᠷᠵᠢᠭᠦᠯᠵᠦ ᠂ ᠦᠢᠯᠡᠳᠬᠦ ᠦᠢᠯᠡᠰ ᠤᠨ | ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ | ᠠᠵᠢᠯᠯᠠᠭ᠎ᠠ ᠶᠢ ᠬᠡᠷᠡᠭᠵᠢᠭᠦᠯᠵᠦ ᠂ ᠶᠠᠰᠤ ᠴᠢᠨᠠᠷ ᠢᠶᠠᠷ ᠲᠤᠯᠭᠠᠭᠤᠷᠢᠯᠠᠬᠤ ᠪᠠ ᠪᠠᠷᠢᠮᠵᠢᠶ᠎ᠠ ᠪᠠᠷ | ᠬᠥᠲᠥᠯᠥᠨ ᠳᠠᠭᠠᠭᠤᠯᠬᠤ ᠶᠢ ᠴᠢᠩᠭᠠᠳᠬᠠᠵᠤ ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠤᠶᠠᠨ ᠬᠠᠳᠠᠨ ᠴᠢᠨᠠᠷ ᠪᠠ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠃ ᠰᠢᠨ᠎ᠡ ᠭᠡᠯᠪᠡᠷᠢ ᠶᠢᠨ | ᠠᠵᠤ ᠦᠢᠯᠡᠳᠪᠦᠷᠢᠵᠢᠯᠲᠡ ᠶᠢ ᠶᠡᠭᠡ ᠪᠠᠷ ᠠᠬᠢᠭᠤᠯᠵᠤ ᠂ ᠲᠣᠭᠠᠴᠢᠯᠠᠭᠰᠠᠨ ᠠᠵᠤ ᠠᠬᠤᠢ ᠶᠢ ᠬᠥᠭᠵᠢᠭᠦᠯᠵᠦ ᠂ ᠵᠣᠬᠢᠶᠠᠮᠠᠯ | ᠤᠶᠤᠨ ᠴᠢᠳᠠᠪᠤᠷᠢ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ ᠃ ᠠᠮᠢᠳᠤ ᠪᠣᠳᠠᠰ ᠤᠨ ᠦᠢᠯᠡᠳᠬᠡᠯ ᠂ | ᠬᠤᠳᠠᠯᠳᠤᠭᠠᠨ ᠤ ᠰᠠᠨᠰᠠᠷ ᠤᠨ ᠠᠶᠠᠯᠠᠯ ᠂ ᠳᠣᠣᠷ᠎ᠠ ᠠᠭᠠᠷ ᠤᠨ ᠠᠵᠤ ᠠᠬᠤᠢ ᠵᠡᠷᠭᠡ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠨᠦᠭᠦᠳ ᠢ ᠪᠤᠶ ᠪᠤᠯᠭᠠᠵᠤ ᠂ | ᠺᠸᠠᠨ᠋ᠲ ᠂ ᠠᠮᠢ ᠨᠠᠰᠤᠨ ᠤ ᠰᠢᠨᠵᠢᠯᠡᠬᠦ ᠤᠬᠠᠭᠠᠨ ᠵᠡᠷᠭᠡ ᠢᠷᠡᠭᠡᠳᠦᠢ ᠶᠢᠨ ᠠᠵᠤ ᠦᠢᠯᠡᠰ ᠤᠨ ᠰᠢᠨ᠎ᠡ | ᠤᠷᠤᠯᠳᠤᠭᠠᠨ ᠤ ᠵᠠᠮ ᠢ ᠨᠡᠭᠡᠭᠡᠵᠦ ᠂ ᠲᠣᠭᠠᠨ ᠤ ᠤᠬᠠᠭᠠᠨ ᠪᠠ ᠣᠶᠤᠨ ᠤ ᠮᠡᠷᠭᠡᠵᠢᠯ ᠂ ᠪᠣᠬᠢᠷᠳᠤᠯ | ᠦᠭᠡᠢ ᠮᠡᠷᠭᠡᠵᠢᠯ ᠢ ᠥᠷᠭᠡᠨ ᠢᠶᠠᠷ ᠬᠡᠷᠡᠭᠯᠡᠵᠦ ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠶᠢ ᠲᠦᠷᠭᠡᠳᠬᠡᠬᠦ ᠬᠡᠷᠡᠭᠲᠡᠢ ᠃ ᠬᠡᠷᠡᠭᠯᠡᠭᠡᠨ ᠤ ᠰᠠᠭᠤᠷᠢ ᠰᠤᠳᠤᠯᠭᠠᠨ ᠪᠠ ᠬᠤᠰᠢᠭᠤᠷᠠᠯ ᠰᠤᠳᠤᠯᠭᠠᠨ ᠢ ᠴᠢᠩᠭᠠᠳᠬᠠᠵᠤ ᠂ | ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ | ᠰᠠᠭᠤᠷᠢ ᠶᠢ ᠴᠢᠩᠭᠠᠳᠬᠠᠬᠤ ᠬᠡᠷᠡᠭᠲᠡᠢ ᠃ ᠦᠢᠯᠡᠰ ᠪᠣᠰᠬᠠᠬᠤ ᠪᠡᠯᠡ ᠣᠷᠣᠭᠤᠯᠤᠯᠲᠠ ᠂ ᠰᠲ᠋ᠣᠺ ᠤᠨ | ᠡᠷᠬᠡ ᠶᠢᠨ ᠪᠡᠯᠡ ᠣᠷᠣᠭᠤᠯᠤᠯᠲᠠ ᠶᠢ ᠬᠥᠭᠵᠢᠭᠦᠯᠬᠦ ᠶᠢ ᠵᠣᠷᠢᠭᠵᠢᠭᠤᠯᠬᠤ ᠬᠡᠷᠡᠭᠲᠡᠢ ᠃ | ᠬᠤᠶᠠᠷ ᠲᠤ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠬᠦ ᠬᠡᠷᠡᠭᠲᠡᠢ ᠃ ᠲᠠᠯᠳᠠ ᠴᠢᠳᠠᠪᠤᠷᠢ ᠲᠠᠢ | ᠬᠡᠷᠡᠭᠯᠡᠭᠡ ᠶᠢ ᠬᠥᠭᠵᠢᠭᠡᠵᠦ ᠂ ᠦᠷ᠎ᠡ ᠠᠰᠢᠭ ᠲᠠᠢ ᠪᠡᠯᠡ ᠣᠷᠣᠭᠤᠯᠤᠯᠲᠠ ᠶᠢ ᠥᠷᠭᠡᠳᠬᠡᠨ ᠂ | ᠬᠡᠷᠡᠭᠯᠡᠭᠡ ᠪᠠ ᠪᠡᠯᠡ ᠣᠷᠣᠭᠤᠯᠤᠯᠲᠠ ᠶᠢᠨ ᠬᠠᠷᠢᠯᠴᠠᠨ ᠠᠬᠢᠭᠤᠯᠬᠤ ᠰᠠᠶᠢᠨ ᠣᠷᠴᠢᠯ ᠢ ᠪᠤᠢ ᠪᠤᠯᠭᠠᠬᠤ | ᠬᠡᠷᠡᠭᠲᠡᠢ ᠃ ᠬᠡᠷᠡᠭᠯᠡᠭᠡ ᠶᠢᠨ ᠬᠢᠵᠢᠭ ᠤᠨ ᠳᠠᠷᠠᠭᠠᠬᠢ ᠰᠡᠷᠭᠦᠯᠲᠡ ᠠᠴᠠ ᠦᠷᠭᠦᠯᠵᠢᠯᠡᠨ ᠥᠷᠭᠡᠳᠬᠦ ᠲᠡᠶᠢᠰᠢ | ᠰᠢᠯᠵᠢᠭᠦ ᠶᠢ ᠠᠬᠢᠭᠤᠯᠵᠤ ᠂ ᠰᠢᠨ᠎ᠡ ᠭᠡᠯᠪᠡᠷᠢ ᠶᠢᠨ ᠬᠡᠷᠡᠭᠯᠡᠭᠡ ᠶᠢ ᠪᠣᠶᠢᠵᠢᠭᠤᠯᠤᠨ ᠪᠤᠵᠠᠭᠠᠶᠢᠷᠠᠭᠤᠯᠵᠤ ᠂ ᠲᠣᠭᠠᠴᠢᠯᠠᠭᠰᠠᠨ ᠬᠡᠷᠡᠭᠯᠡᠭᠡ ᠂ | ᠪᠣᠬᠢᠷᠳᠤᠯ ᠦᠭᠡᠢ ᠬᠡᠷᠡᠭᠯᠡᠭᠡ ᠂ ᠡᠷᠡᠭᠦᠯ ᠮᠡᠨᠳᠦ ᠶᠢᠨ ᠬᠡᠷᠡᠭᠯᠡᠭᠡ ᠶᠢ ᠶᠡᠭᠡ ᠪᠠᠷ ᠬᠥᠭᠵᠢᠭᠦᠯᠵᠦ ᠂ ᠣᠶᠤᠨᠲᠤ ᠭᠡᠷ ᠤᠨ ᠬᠡᠷᠡᠭᠰᠡᠯ ᠂ | ᠰᠣᠶᠣᠯ ᠵᠢᠭᠤᠯᠴᠢᠯᠠᠯ ᠂ ᠪᠡᠶ᠎ᠡ ᠶᠢᠨ ᠲᠠᠮᠢᠷ ᠤᠨ ᠤᠷᠤᠯᠳᠤᠭᠠᠨ ᠂ ᠤᠯᠤᠰ ᠤᠨ ᠪᠠᠷᠠᠭᠠᠨ ᠤ ︽ ᠴᠠᠭ ᠤᠨ | ᠤᠷᠤᠰᠬᠠᠯᠲᠤ ᠦᠢᠯᠡᠳᠬᠦᠨ ︾ ᠵᠡᠷᠭᠡ ᠰᠢᠨ᠎ᠡ ᠬᠡᠷᠡᠭᠯᠡᠭᠡᠨ ᠤ ᠨᠡᠮᠡᠭᠳᠡᠯ ᠤᠨ ᠴᠡᠭ ᠢ ᠢᠳᠡᠪᠬᠢᠲᠡᠢ | ᠪᠣᠶᠢᠵᠢᠭᠤᠯᠬᠤ ᠬᠡᠷᠡᠭᠲᠡᠢ ᠃ ᠤᠯᠠᠮᠵᠢᠯᠠᠯᠲᠤ ᠬᠡᠷᠡᠭᠯᠡᠭᠡ ᠶᠢ ᠲᠣᠭᠲᠠᠪᠤᠷᠢᠵᠢᠭᠤᠯᠤᠨ ᠥᠷᠭᠡᠳᠬᠡᠵᠦ ᠂ | ᠰᠢᠨ᠎ᠡ ᠡᠨᠧᠷᠭᠢ ᠶᠢᠨ ᠮᠠᠰᠢᠨ ᠲᠡᠷᠭᠡ ᠂ ᠡᠯᠧᠺᠲᠷᠣᠨ ᠦᠢᠯᠡᠳᠬᠦᠨ ᠵᠡᠷᠭᠡ ᠪᠥᠭᠡᠮ ᠲᠠᠸᠠᠷ ᠤᠨ ᠬᠡᠷᠡᠭᠯᠡᠭᠡ ᠶᠢ | ᠬᠥᠭᠵᠢᠭᠦᠯᠬᠦ ᠬᠡᠷᠡᠭᠲᠡᠢ ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠵᠦ ᠂ | ᠳᠤᠮᠳᠠ ᠵᠡᠷᠭᠡ ᠶᠢᠨ ᠣᠷᠣᠯᠭ᠎ᠠ ᠲᠠᠢ ᠬᠥᠮᠥᠰ ᠤᠨ ᠬᠡᠪᠴᠢᠶ᠎ᠡ ᠶᠢ ᠥᠷᠭᠡᠳᠬᠡᠵᠦ ᠂ ᠬᠡᠷᠡᠭᠯᠡᠭᠡᠨ ᠤ ᠣᠷᠴᠢᠨ ᠨᠥᠬᠦᠴᠡᠯ ᠢ | ᠰᠢᠯᠢᠳᠡᠭᠵᠢᠭᠦᠯᠬᠦ ᠬᠡᠷᠡᠭᠲᠡᠢ ᠃ ᠮᠡᠷᠭᠡᠵᠢᠯ ᠂ ᠡᠨᠧᠷᠭᠢ ᠶᠢᠨ ᠬᠤᠷᠣᠭᠳᠠᠯ ᠂ | ᠭᠠᠳᠠᠭᠰᠢᠯᠠᠭᠤᠯᠤᠯᠲᠠ ᠵᠡᠷᠭᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠭᠦ ᠪᠠᠷ ᠬᠥᠲᠥᠯᠥᠮᠵᠢ | ᠪᠤᠯᠭᠠᠵᠤ ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠢ ᠬᠠᠭᠤᠴᠢᠨ ᠢᠶᠠᠷ | ᠰᠢᠨ᠎ᠡ ᠶᠢ ᠰᠣᠯᠢᠬᠤ ᠶᠢ ᠠᠬᠢᠭᠤᠯᠬᠤ ᠬᠡᠷᠡᠭᠲᠡᠢ ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ | ᠳᠠᠶᠢᠴᠢᠯᠠᠨ ᠶᠡᠬᠡᠰᠬᠡᠬᠦ ᠦᠢᠯᠡᠳᠦᠯ ᠢ ᠰᠠᠶᠢᠲᠤᠷ ᠪᠠᠳᠠᠷᠠᠭᠤᠯᠵᠤ ᠂ ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠤᠨ ᠪᠣᠭᠤᠮᠲᠠ ᠰᠢᠪᠲᠤᠯᠬᠤ ᠂ ᠰᠢᠨ᠎ᠡ ᠭᠡᠯᠪᠡᠷᠢ ᠶᠢᠨ ᠰᠠᠭᠤᠷᠢ ᠲᠥᠬᠦᠭᠡᠷᠦᠮᠵᠢ ᠂ ᠡᠨᠧᠷᠭᠢ | ᠠᠷᠪᠢᠯᠠᠵᠤ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠶᠢ | ᠭᠤᠣᠯᠳᠠᠯᠭ᠎ᠠ ᠲᠠᠢ ᠳᠡᠮᠵᠢᠵᠦ ᠂ ᠰᠢᠨ᠎ᠡ ᠬᠥᠳᠡᠯᠭᠡᠬᠦ ᠡᠨᠧᠷᠭᠢ ᠶᠢ ᠪᠣᠶᠢᠵᠢᠭᠤᠯᠤᠨ ᠬᠥᠭᠵᠢᠭᠦᠯᠬᠦ | ᠬᠡᠷᠡᠭᠲᠡᠢ ᠃ ᠪᠡᠯᠡ ᠣᠷᠣᠭᠤᠯᠵᠤ ᠪᠡᠯᠡ ᠮᠥᠩᠭᠦ ᠴᠤᠭᠯᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ ᠂ | ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ | ᠬᠡᠷᠡᠭᠵᠢᠭᠦᠯᠵᠦ ᠂ ᠨᠡᠶᠢᠭᠡᠮ ᠤᠨ ᠬᠥᠷᠥᠩᠭᠡ ᠶᠢᠨ ᠰᠢᠨ᠎ᠡ ᠭᠡᠯᠪᠡᠷᠢ ᠶᠢᠨ ᠰᠠᠭᠤᠷᠢ ᠲᠥᠬᠦᠭᠡᠷᠦᠮᠵᠢ | ᠵᠡᠷᠭᠡ ᠬᠦᠷᠢᠶᠡᠨ ᠤ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠳᠡᠮᠵᠢᠬᠦ ᠬᠡᠷᠡᠭᠲᠡᠢ ᠃ | ᠭᠤᠷᠪᠠ ᠳᠤ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ ᠃ ᠥᠭᠡᠷᠡᠴᠢᠯᠡᠯᠲᠡ ᠶᠢ | ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠲᠥᠯᠥᠪᠵᠢᠭᠦᠯᠵᠦ ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ | ᠬᠡᠷᠡᠭᠲᠡᠢ ᠃ ︽ ᠬᠤᠶᠠᠷ ᠡᠷᠡᠰ ᠭᠤᠶᠢᠪᠢᠰᠢ ᠦᠭᠡᠢ ︾ ᠶᠢᠨ ᠪᠠᠶᠢᠭᠤᠯᠤᠮᠵᠢ ᠲᠣᠭᠲᠠᠴᠠ ᠶᠢ ᠲᠠᠰᠤᠷᠠᠯᠲᠠ ᠦᠭᠡᠢ | ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ ᠂ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ | ᠴᠣᠭᠴᠠ ᠶᠢᠨ ᠳᠣᠲᠣᠭᠠᠳᠤ ᠬᠥᠳᠡᠯᠭᠡᠬᠦ ᠬᠦᠴᠦᠨ ᠪᠠ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ | ᠭᠦᠢᠴᠡᠳ ᠬᠥᠭᠵᠢᠭᠡᠬᠦ ᠬᠡᠷᠡᠭᠲᠡᠢ ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ ᠂ | ᠭᠤᠣᠯᠯᠠᠬᠤ ᠴᠢᠳᠠᠮᠵᠢ ᠶᠢ ᠴᠢᠩᠭᠠᠳᠬᠠᠨ ᠂ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ ᠃ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠵᠤ ᠂ ᠵᠠᠬ᠎ᠠ ᠳᠡᠯᠭᠡᠭᠦᠷ ᠲᠤ | ᠣᠷᠣᠬᠤ ᠶᠢ ᠵᠥᠪᠰᠢᠶᠡᠷᠡᠬᠦ ᠂ ᠬᠦᠴᠦᠨ ᠵᠦᠢᠯ ᠢ ᠣᠯᠬᠤ ᠂ ᠭᠤᠤᠯᠴᠢ ᠪᠠᠷ ᠬᠠᠤᠯᠢ ᠬᠡᠷᠡᠭᠵᠢᠭᠦᠯᠬᠦ ᠂ ᠡᠷᠬᠡ | ᠠᠰᠢᠭ ᠢ ᠬᠠᠮᠠᠭᠠᠯᠠᠬᠤ ᠵᠡᠷᠭᠡ ᠲᠠᠯ᠎ᠠ ᠪᠠᠷ ᠨᠢᠭᠡ ᠪᠦᠯᠦᠭ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ ᠃ | ᠳᠤᠮᠳᠠ ᠪᠠᠭ᠎ᠠ ᠠᠵᠤ ᠠᠬᠤᠶᠢᠯᠠᠯ ᠤᠨ ᠲᠤᠰᠬᠠᠢ ᠨᠠᠷᠢᠯᠢᠭ ᠣᠨᠴᠠᠭᠠᠢ ᠰᠢᠨ᠎ᠡ ᠬᠥᠭᠵᠢᠯᠲᠡ ᠶᠢ ᠠᠬᠢᠭᠤᠯᠬᠤ ᠬᠡᠷᠡᠭᠲᠡᠢ ᠃ | ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠲᠦᠷᠭᠡᠳᠬᠡᠵᠦ ᠂ ᠡᠯ᠎ᠡ ᠵᠦᠢᠯ ᠤᠨ ᠭᠡᠯᠪᠡᠷᠢ ᠶᠢᠨ | ᠣᠷᠣᠨ ᠨᠤᠲᠤᠭ ᠤᠨ ᠬᠠᠮᠠᠭᠠᠯᠠᠯᠲᠠ ᠪᠠ ᠵᠠᠬ᠎ᠠ ᠳᠡᠯᠭᠡᠭᠦᠷ ᠤᠨ ᠬᠡᠰᠡᠭᠯᠡᠯ ᠢ ᠬᠦᠴᠦᠯᠡᠨ ᠠᠷᠢᠯᠭᠠᠬᠤ ᠬᠡᠷᠡᠭᠲᠡᠢ ᠃ ᠪᠦᠭᠦ | ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠬᠤ ᠬᠡᠷᠡᠭᠲᠡᠢ ᠃ | ᠰᠢᠨ᠎ᠡ ᠨᠢᠭᠡ ᠡᠭᠡᠯᠵᠢ ᠶᠢᠨ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠥᠯᠥᠪᠵᠢᠭᠦᠯᠵᠦ ᠂ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠬᠡᠷᠡᠭᠲᠡᠢ ᠃ | ᠳᠥᠷᠪᠡ ᠳᠤ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠬᠡᠷᠡᠭᠲᠡᠢ ᠃ ᠭᠠᠳᠠᠭᠠᠳᠤ | ᠠᠷᠠᠯᠵᠢᠶᠠᠨ ᠤ ᠰᠢᠨ᠎ᠡ ᠬᠥᠳᠡᠯᠭᠡᠬᠦ ᠡᠨᠧᠷᠭᠢ ᠶᠢ ᠲᠦᠷᠭᠡᠨ ᠪᠣᠶᠢᠵᠢᠭᠤᠯᠵᠤ ᠂ ᠭᠠᠳᠠᠭᠠᠳᠤ ᠠᠷᠠᠯᠵᠢᠶ᠎ᠠ | ᠭᠠᠳᠠᠭᠠᠳᠤ ᠪᠡᠯᠡ ᠶᠢᠨ ᠦᠨᠳᠦᠰᠦᠨ ᠪᠠᠶᠢᠳᠠᠯ ᠢ ᠪᠠᠬᠢᠵᠢᠭᠦᠯᠵᠦ ᠂ ᠵᠠᠪᠰᠠᠷ ᠤᠨ ᠪᠦᠲᠦᠭᠡᠭᠳᠡᠬᠦᠨ ᠤ ᠠᠷᠠᠯᠵᠢᠶ᠎ᠠ ᠂ | ᠦᠢᠯᠡᠴᠢᠯᠡᠭᠡᠨ ᠤ ᠠᠷᠠᠯᠵᠢᠶ᠎ᠠ ᠂ ᠲᠣᠭᠠᠴᠢᠯᠠᠭᠰᠠᠨ ᠠᠷᠠᠯᠵᠢᠶ᠎ᠠ ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ | ᠭᠠᠳᠠᠭᠠᠳᠤ ᠭᠠᠷᠭᠠᠯᠲᠠ ᠶᠢ ᠥᠷᠭᠡᠳᠬᠡᠬᠦ ᠬᠡᠷᠡᠭᠲᠡᠢ ᠃ ᠴᠠᠭᠢᠯᠭᠠᠨ ᠬᠤᠯᠪᠤᠭ᠎ᠠ ᠂ ᠡᠮ ᠡᠮᠨᠡᠯᠭᠡ ᠵᠡᠷᠭᠡ | ᠦᠢᠯᠡᠴᠢᠯᠡᠭᠡᠨ ᠤ ᠦᠢᠯᠡᠰ ᠤᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠴᠢᠯᠦᠭᠡᠲᠡᠢ | ᠪᠤᠯᠭᠠᠵᠤ ᠂ ᠣᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠳᠦᠷᠢᠮ ᠲᠠᠢ | ᠬᠠᠷᠭᠤᠭᠤᠯᠵᠤ ᠂ ᠲᠤᠭ᠎ᠠ ᠪᠠᠷᠢᠮᠲᠠ ᠶᠢᠨ ᠬᠢᠯᠢ ᠠᠯᠤᠰᠯᠠᠨ ᠰᠢᠯᠵᠢᠭᠦ ᠂ ᠵᠠᠰᠠᠭ ᠤᠨ ᠣᠷᠳᠣᠨ ᠤ | ᠬᠤᠳᠠᠯᠳᠤᠨ ᠠᠪᠬᠤ ᠳᠤ ᠡᠷᠬᠡ ᠲᠡᠭᠰᠢ ᠪᠠᠷ ᠣᠷᠤᠯᠴᠠᠬᠤ ᠵᠡᠷᠭᠡ ᠠᠰᠠᠭᠤᠳᠠᠯ ᠢ ᠬᠢᠨᠠᠮᠠᠭᠠᠢ ᠰᠢᠢᠳᠪᠦᠷᠢᠯᠡᠵᠦ ᠂ | ᠵᠠᠬ᠎ᠠ ᠳᠡᠯᠭᠡᠭᠦᠷᠴᠢᠯᠡᠭᠰᠡᠨ ᠂ ᠬᠠᠤᠯᠢᠵᠢᠭᠰᠠᠨ ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ | ᠣᠷᠴᠢᠨ ᠨᠥᠬᠦᠴᠡᠯ ᠢ ᠦᠷᠭᠦᠯᠵᠢᠯᠡᠨ ᠪᠠᠶᠢᠭᠤᠯᠵᠤ ᠂ ︽ ᠪᠡᠯᠡ ᠣᠷᠣᠭᠤᠯᠤᠯᠲᠠ ᠶᠢᠨ ᠳᠤᠮᠳᠠᠳᠤ ᠤᠯᠤᠰ ︾ | ᠤᠨ ᠲᠥᠷᠥᠯ ᠲᠡᠮᠳᠡᠭ ᠢ ᠪᠤᠶ ᠪᠤᠯᠭᠠᠬᠤ ᠬᠡᠷᠡᠭᠲᠡᠢ ᠃ ᠭᠠᠳᠠᠭᠠᠳᠤ ᠶᠢᠨ ᠬᠥᠮᠥᠰ ᠤᠨ ᠳᠤᠮᠳᠠᠳᠤ ᠤᠯᠤᠰ ᠲᠤ ᠢᠷᠡᠵᠦ | ᠠᠷᠠᠯᠵᠢᠶ᠎ᠠ ᠬᠢᠬᠦ ᠂ ᠰᠤᠷᠤᠯᠴᠠᠬᠤ ᠂ ᠵᠢᠭᠤᠯᠴᠢᠯᠠᠬᠤ ᠶᠢᠨ ᠲᠦᠭᠵᠢᠷᠡᠯ ᠢ ᠦᠨᠡᠨ ᠬᠦ ᠨᠡᠪᠲᠡᠷᠡᠭᠦᠯᠬᠦ | ᠬᠡᠷᠡᠭᠲᠡᠢ ᠃ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠳᠡᠮᠵᠢᠬᠦ | ᠨᠠᠢᠮᠠᠨ ᠵᠦᠢᠯ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠰᠠᠶᠢᠲᠤᠷ ᠠᠳᠬᠤᠵᠤ ᠂ | ᠴᠢᠬᠤᠯᠠ ᠶᠡᠭᠡ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠪᠠ ︽ ᠪᠠᠭ᠎ᠠ ᠪᠤᠯᠪᠠᠴᠤ ᠪᠦᠷᠢᠨ ᠴᠢᠳᠠᠮᠵᠢᠲᠤ ︾ | ᠠᠷᠠᠳ ᠤᠨ ᠠᠮᠢᠳᠤᠷᠠᠯ ᠤᠨ ᠲᠥᠷᠥᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ᠃ | ᠲᠠᠪᠤ ᠳᠤ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠦᠷᠭᠦᠯᠵᠢᠯᠡᠨ ᠪᠦᠲᠦᠮᠵᠢᠲᠡᠶ ᠰᠡᠷᠭᠡᠶᠢᠯᠡᠨ | ᠠᠷᠢᠯᠭᠠᠬᠤ ᠬᠡᠷᠡᠭᠲᠡᠢ ᠃ ᠭᠡᠷ ᠭᠠᠵᠠᠷ ᠤᠨ ᠬᠥᠷᠥᠩᠭᠡ ᠂ ᠣᠷᠣᠨ ᠨᠤᠲᠤᠭ ᠤᠨ ᠥᠷᠢ ᠥᠭᠴᠡᠭᠡ ᠂ ᠳᠤᠮᠳᠠ | ᠪᠠᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠶᠢᠨ ᠠᠶᠤᠯ ᠲᠦᠭᠰᠢᠭᠦᠷᠢ ᠶᠢ ᠨᠢᠭᠡᠳᠦᠯᠲᠡᠢ ᠲᠥᠯᠥᠪᠵᠢᠭᠦᠯᠦᠨ | ᠰᠢᠢᠳᠪᠦᠷᠢᠯᠡᠵᠦ ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠬᠤ | ᠬᠡᠷᠡᠭᠲᠡᠢ ᠃ ᠭᠡᠷ ᠭᠠᠵᠠᠷ ᠤᠨ ᠬᠥᠷᠥᠩᠭᠡ ᠶᠢᠨ ᠠᠶᠤᠯ ᠲᠦᠭᠰᠢᠭᠦᠷᠢ ᠶᠢ ᠢᠳᠡᠪᠬᠢᠲᠡᠢ ᠪᠥᠭᠡᠳ | ᠯᠠᠪᠳᠠᠭᠤᠨ ᠢᠶᠠᠷ ᠠᠷᠢᠯᠭᠠᠵᠤ ᠂ ᠠᠳᠠᠯᠢ ᠪᠤᠰᠤ ᠥᠮᠴᠢᠯᠡᠯ ᠤᠨ ᠭᠡᠷ ᠭᠠᠵᠠᠷ ᠤᠨ ᠬᠥᠷᠥᠩᠭᠡ ᠶᠢᠨ | ᠠᠵᠤ ᠠᠬᠤᠶᠢᠯᠠᠯ ᠤᠨ ᠵᠦᠢ ᠵᠣᠬᠢᠰᠲᠠᠢ ᠪᠡᠯᠡ ᠮᠥᠩᠭᠦ ᠴᠤᠭᠯᠠᠭᠤᠯᠬᠤ ᠬᠡᠷᠡᠭᠴᠡᠭᠡ ᠶᠢ ᠨᠢᠭᠡ ᠯᠡ ᠠᠳᠠᠯᠢ ᠪᠠᠷ ᠬᠠᠩᠭᠠᠵᠤ ᠂ ᠭᠡᠷ | ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ | ᠠᠬᠢᠭᠤᠯᠬᠤ ᠬᠡᠷᠡᠭᠲᠡᠢ ᠃ ᠪᠠᠲᠤᠯᠠᠪᠤᠷᠢ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠂ | ︽ ᠡᠩ ᠤᠨ ᠪᠠ ᠪᠠᠴᠢᠮ ᠪᠠᠶᠢᠳᠠᠯ ᠳᠤ ᠵᠡᠷᠭᠡ ᠪᠠᠷ ᠬᠡᠷᠡᠭᠯᠡᠬᠦ︾ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠂ ᠬᠤᠳᠠ ᠳᠤᠮᠳᠠᠬᠢ ᠲᠣᠰᠬᠤᠨ ᠢ ᠥᠭᠡᠷᠡᠴᠢᠯᠡᠨ ᠪᠠᠶᠢᠭᠤᠯᠬᠤ ᠵᠡᠷᠭᠡ ︽ ᠭᠤᠷᠪᠠᠨ | ᠶᠡᠭᠡ ᠢᠨᠵᠧᠨᠧᠷᠢᠩ ︾ ᠢ ᠲᠦᠷᠭᠡᠳᠬᠡᠨ ᠠᠬᠢᠭᠤᠯᠬᠤ ᠬᠡᠷᠡᠭᠲᠡᠢ ᠃ ᠬᠠᠮᠢᠶ᠎ᠠ ᠪᠦᠬᠦᠢ ᠰᠠᠭᠤᠷᠢ ᠴᠢᠨᠠᠷᠲᠠᠢ | ᠳᠦᠷᠢᠮ ᠢ ᠲᠡᠭᠦᠯᠳᠡᠷᠵᠢᠭᠦᠯᠵᠦ ᠂ ᠭᠡᠷ ᠭᠠᠵᠠᠷ ᠤᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ | ᠲᠦᠷᠭᠡᠳᠬᠡᠨ ᠪᠠᠶᠢᠭᠤᠯᠬᠤ ᠬᠡᠷᠡᠭᠲᠡᠢ ᠃ ᠣᠷᠣᠨ ᠨᠤᠲᠤᠭ ᠤᠨ ᠥᠷᠢ ᠥᠭᠴᠡᠭᠡ ᠶᠢᠨ ᠠᠶᠤᠯ | ᠲᠦᠭᠰᠢᠭᠦᠷᠢ ᠶᠢ ᠠᠷᠢᠯᠭᠠᠬᠤ ᠪᠠ ᠲᠣᠭᠲᠠᠭᠤᠨ ᠢᠶᠠᠷ ᠬᠥᠭᠵᠢᠭᠦᠯᠬᠦ ᠶᠢ ᠰᠠᠶᠢᠲᠤᠷ ᠨᠢᠭᠡᠳᠦᠯᠲᠡᠢ | ᠲᠥᠯᠥᠪᠵᠢᠭᠦᠯᠵᠦ ᠂ ᠠᠵᠤ ᠠᠬᠤᠢ ᠶᠢᠨ ᠲᠣᠮᠣ ᠮᠤᠵᠢ ᠦᠨᠡᠨ ᠬᠦ ᠴᠢᠬᠤᠯᠠ ᠡᠭᠦᠷᠭᠡ ᠶᠢ ᠡᠭᠦᠷᠭᠡᠯᠡᠵᠦ ᠂ | ᠪᠦᠭᠦ ᠤᠯᠤᠰ ᠤᠨ ᠠᠵᠤ ᠠᠬᠤᠢ ᠶᠢ ᠲᠣᠭᠲᠠᠪᠤᠷᠢᠵᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠃ | ᠵᠢᠷᠭᠤᠭ᠎ᠠ ᠳᠤ ︽ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ︾ ᠤ ᠠᠵᠢᠯ ᠢ ᠴᠥᠬᠦᠷᠡᠰᠢ ᠦᠭᠡᠢ | ᠰᠠᠶᠢᠲᠤᠷ ᠠᠳᠬᠤᠬᠤ ᠬᠡᠷᠡᠭᠲᠡᠢ ᠃ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ | ᠬᠠᠷᠠᠯᠲᠠ ᠶᠢ ᠪᠠᠲᠤ ᠡᠵᠡᠮᠳᠡᠵᠦ ᠂ ︽ ᠮᠢᠩᠭᠠᠨ ᠲᠦᠮᠡ ᠶᠢᠨ ᠢᠨᠵᠧᠨᠧᠷᠢᠩ ︾ ᠤᠨ | ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠬᠦᠴᠦᠲᠡᠢ ᠪᠦᠲᠦᠮᠵᠢᠲᠡᠢ ᠠᠬᠢᠭᠤᠯᠵᠤ ᠂ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠢ ᠦᠨᠡᠨ ᠬᠦ ᠪᠠᠲᠤᠯᠠᠵᠤ ᠂ ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠪᠠᠶᠢᠳᠠᠯ ᠡᠭᠦᠰᠬᠦ ᠦᠭᠡᠢ ᠪᠠᠶᠢᠬᠤ ᠶᠢ | ᠦᠨᠡᠨ ᠬᠦ ᠪᠠᠲᠤᠯᠠᠬᠤ ᠪᠠᠷ ᠬᠤᠷᠢᠭ᠎ᠠ ᠱᠤᠭᠤᠮ ᠪᠤᠯᠭᠠᠵᠤ ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ | ᠲᠦᠪᠰᠢᠨ ᠢ ᠳᠡᠭᠡᠭᠰᠢᠯᠡᠭᠦᠯᠭᠦ ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠪᠰᠢᠨ ᠢ | ᠳᠡᠭᠡᠭᠰᠢᠯᠡᠭᠦᠯᠭᠦ ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ | ᠳᠡᠭᠡᠭᠰᠢᠯᠡᠭᠦᠯᠭᠦ ᠪᠠᠷ ᠭᠤᠣᠯᠳᠠᠯᠭ᠎ᠠ ᠪᠤᠯᠭᠠᠵᠤ ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠪᠣᠯᠣᠨ ᠥᠭᠡᠷᠡᠴᠢᠯᠡᠯᠲᠡ ᠶᠢᠨ ᠬᠤᠣᠰ ᠬᠥᠳᠡᠯᠭᠡᠭᠦᠷ ᠢ ᠴᠢᠩᠭᠠᠳᠬᠠᠵᠤ ᠂ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠴᠢᠩᠭᠠᠳᠬᠠᠵᠤ ᠂ ᠬᠦᠴᠦᠨ ᠢᠶᠠᠨ ᠲᠥᠪᠯᠡᠷᠡᠭᠦᠯᠦᠨ | ᠤᠯᠠᠨ ᠲᠦᠮᠡᠨ ᠤ ᠮᠡᠳᠡᠷᠡᠵᠦ ᠬᠦᠷᠲᠡᠵᠦ ᠪᠣᠯᠬᠤᠶᠢᠴᠠ ᠨᠢᠭᠡ ᠪᠦᠯᠦᠭ ᠪᠣᠳᠠᠲᠤ ᠶᠠᠪᠤᠳᠠᠯ ᠢ ᠰᠠᠶᠢᠲᠤᠷ ᠠᠳᠬᠤᠵᠤ ᠂ | ᠠᠵᠢᠯᠯᠠᠵᠤ ᠠᠮᠢᠳᠤᠷᠠᠬᠤ ᠳᠤ ᠲᠣᠬᠢᠲᠠᠢ ᠪᠥᠭᠡᠳ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ | ᠪᠠᠶᠢᠭᠤᠯᠬᠤ ᠬᠡᠷᠡᠭᠲᠡᠢ ᠃ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠠᠮᠤᠷ ᠲᠦᠪᠰᠢᠨ ᠤ | ᠬᠠᠩᠭᠠᠯᠭ᠎ᠠ ᠶᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ ᠂ ᠠᠮᠤ ᠪᠤᠳᠠᠭᠠᠨ ᠤ | ᠦᠢᠯᠡᠳᠪᠦᠷᠢᠯᠡᠯ ᠪᠣᠷᠤᠯᠠᠭᠤᠯᠭ᠎ᠠ ᠶᠢᠨ ᠣᠷᠣᠨ ᠮᠤᠵᠢ ᠶᠢᠨ ᠬᠤᠭᠤᠷᠣᠨᠳᠣᠭᠢ ᠬᠥᠨᠳᠡᠯᠡᠨ ᠴᠢᠭᠯᠡᠯ ᠤᠨ ᠠᠰᠢᠭ ᠲᠤᠰᠠ ᠶᠢᠨ | ᠨᠥᠬᠦᠪᠦᠷᠢ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ ᠂ ᠲᠠᠷᠢᠶᠠᠨ ᠭᠠᠵᠠᠷ ᠢ ᠡᠵᠡᠯᠡᠬᠦ ᠪᠠ | ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠥᠭᠡᠷᠡᠴᠢᠯᠡᠨ | ᠲᠡᠭᠦᠯᠳᠡᠷᠵᠢᠭᠦᠯᠵᠦ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠣᠷᠣᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠭᠦ ᠬᠡᠷᠡᠭᠲᠡᠢ ᠃ | ᠬᠠᠮ ᠲᠠᠷᠢᠶᠠᠯᠠᠩ ᠤᠨ ᠦᠵᠡᠯᠲᠡ ᠂ ᠬᠠᠮ ᠢᠳᠡᠭᠡᠨ ᠤ ᠦᠵᠡᠯᠲᠡ ᠶᠢ ᠪᠤᠢ ᠪᠤᠯᠭᠠᠵᠤ ᠂ ᠬᠥᠳᠡᠭᠡ ᠠᠵᠤ ᠠᠬᠤᠢ ᠶᠢ | ᠣᠳᠣᠬᠢᠴᠢᠯᠠᠭᠰᠠᠨ ᠲᠣᠮᠣ ᠠᠵᠤ ᠦᠢᠯᠡᠰ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠃ | ᠳᠣᠯᠤᠭ᠎ᠠ ᠳᠤ ᠬᠤᠲᠠ ᠬᠥᠳᠡᠭᠡ ᠶᠢᠨ ᠠᠭᠤᠰᠤᠯᠴᠠᠯ ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ | ᠬᠡᠷᠡᠭᠲᠡᠢ ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠣᠯᠣᠨ ᠬᠥᠳᠡᠭᠡ ᠲᠣᠰᠬᠤᠨ ᠢ ᠪᠦᠭᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ ᠂ ᠡᠯ᠎ᠡ | ᠲᠥᠷᠥᠯ ᠤᠨ ᠡᠯᠧᠮᠧᠨ᠋ᠲ ᠤᠨ ᠬᠤᠣᠰ ᠴᠢᠭᠯᠡᠯ ᠢᠶᠠᠷ ᠰᠢᠯᠵᠢᠭᠦ ᠶᠢ ᠠᠬᠢᠭᠤᠯᠵᠤ ᠂ ᠰᠢᠶᠠᠨ ᠤ ᠬᠤᠲᠠ ᠪᠠᠷ ᠴᠢᠬᠤᠯᠠ | ᠠᠴᠢᠶᠠᠯᠠᠪᠤᠷᠢ ᠪᠤᠯᠭᠠᠬᠰᠠᠨ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ | ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ ᠃ ᠬᠤᠲᠠ ᠶᠢ | ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ ᠂ ᠰᠠᠭᠤᠷᠢᠰᠢᠬᠤ ᠳᠤ ᠲᠣᠬᠢᠷᠠᠮᠵᠢᠲᠠᠢ ᠂ ᠤᠶᠠᠨ ᠬᠠᠲᠠᠨ | ᠴᠢᠨᠠᠷᠲᠠᠢ ᠂ ᠣᠶᠤᠨᠴᠢ ᠬᠤᠲᠠ ᠶᠢ ᠴᠣᠭᠴᠠᠯᠠᠨ ᠪᠠᠶᠢᠭᠤᠯᠬᠤ ᠬᠡᠷᠡᠭᠲᠡᠢ ᠃ ᠡᠯ᠎ᠡ ᠭᠠᠵᠠᠷ ᠣᠷᠣᠨ ᠤ | ᠬᠠᠷᠢᠴᠠᠭᠤᠯᠤᠭᠰᠠᠨ ᠳᠠᠪᠠᠭᠤᠯᠢᠭ ᠢ ᠭᠦᠢᠴᠡᠳ ᠪᠠᠳᠠᠷᠠᠭᠤᠯᠵᠤ ᠂ ᠭᠤᠣᠯ ᠴᠣᠭᠴᠠ ᠶᠢᠨ | ᠴᠢᠳᠠᠮᠵᠢ ᠶᠢᠨ ᠪᠠᠶᠢᠷᠢ ᠲᠣᠭᠲᠠᠭᠠᠯᠲᠠ ᠶᠣᠰᠣᠭᠠᠷ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ ᠳᠤ ᠢᠳᠡᠪᠬᠢᠲᠡᠢ ᠠᠭᠤᠰᠤᠯᠴᠠᠬᠤ ᠪᠠ ᠦᠢᠯᠡᠴᠢᠯᠡᠬᠦ ᠬᠡᠷᠡᠭᠲᠡᠢ ᠃ ᠴᠢᠬᠤᠯᠠ ᠶᠡᠭᠡ | ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ ᠂ ᠤᠯᠤᠰ ᠤᠨ | ᠪᠠᠶᠢᠯᠳᠤᠬᠤ ᠪᠣᠳᠣᠯᠭ᠎ᠠ ᠶᠢᠨ ᠥᠷᠥᠴᠡ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠃ | ᠳᠠᠯᠠᠢ ᠲᠠᠩᠭᠢᠰ ᠤᠨ ᠠᠵᠤ ᠠᠬᠤᠢ ᠶᠢ ᠶᠡᠭᠡ ᠪᠠᠷ ᠬᠥᠭᠵᠢᠭᠦᠯᠵᠦ ᠂ ᠳᠠᠯᠠᠢ ᠲᠠᠩᠭᠢᠰ ᠤᠨ ᠬᠦᠴᠦᠷᠬᠡᠭ ᠤᠯᠤᠰ ᠢ ᠪᠦᠲᠦᠭᠡᠨ | ᠪᠠᠶᠢᠭᠤᠯᠬᠤ ᠬᠡᠷᠡᠭᠲᠡᠢ ᠃ | ᠨᠠᠢᠮᠠ ᠳᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠬᠥᠭᠵᠢᠯᠲᠡ ᠶᠢ ᠭᠦᠨᠵᠡᠭᠡᠢ ᠠᠬᠢᠭᠤᠯᠬᠤ ᠬᠡᠷᠡᠭᠲᠡᠢ ᠃ ᠦᠵᠡᠰᠬᠦᠯᠡᠩᠲᠦ ᠰᠠᠶᠢᠬᠠᠨ ᠳᠤᠮᠳᠠᠳᠤ | ᠤᠯᠤᠰ ᠤᠨ ᠬᠤᠰᠢᠭᠤᠴᠢ ᠣᠷᠣᠨ ᠢ ᠪᠦᠲᠦᠭᠡᠨ ᠪᠠᠶᠢᠭᠤᠯᠵᠤ ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠬᠥᠭᠵᠢᠯᠲᠡ ᠶᠢᠨ ᠥᠨᠳᠦᠷᠯᠢᠭ ᠢ ᠴᠣᠭᠴᠠᠯᠠᠬᠤ ᠬᠡᠷᠡᠭᠲᠡᠢ ᠃ ᠨᠡᠭᠦᠷᠡᠰᠦᠳᠦ᠋ᠷᠦᠭᠴᠢ ᠶᠢᠨ | ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠵᠤ ᠂ | ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠠᠩᠭᠠᠯᠭ᠎ᠠ ᠶᠢᠨ ᠬᠡᠯᠬᠢᠶ᠎ᠡ ᠶᠢ ᠲᠦᠷᠭᠡᠳᠬᠡᠨ ᠪᠠᠶᠢᠭᠤᠯᠬᠤ | ᠬᠡᠷᠡᠭᠲᠡᠢ ᠃ ᠬᠥᠬᠡ ᠣᠭᠲᠠᠷᠭᠤᠢ ᠂ ᠬᠥᠬᠡᠮᠳᠦᠭ ᠤᠰᠤ ᠂ ᠴᠡᠪᠡᠷ ᠬᠥᠷᠥᠰᠥ ᠶᠢ ᠬᠠᠮᠠᠭᠠᠯᠠᠬᠤ | ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠬᠦ ᠬᠡᠷᠡᠭᠲᠡᠢ ᠃ ᠠᠮᠢ ᠠᠬᠤᠢ ᠶᠢᠨ | ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠃ ᠬᠠᠮᠲᠤ ᠶᠢᠨ | ᠣᠶ ᠶᠢᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠬᠡᠷᠡᠭᠲᠡᠢ ᠃ ᠰᠢᠨ᠎ᠡ ᠭᠡᠯᠪᠡᠷᠢ ᠶᠢᠨ | ᠡᠨᠧᠷᠭᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ ᠂ ᠡᠬᠢ ᠪᠠᠶᠠᠯᠢᠭ ᠢ ᠠᠷᠪᠢᠯᠠᠬᠤ ᠡᠷᠴᠢᠮᠵᠢᠭᠦᠯᠬᠦ | ᠣᠷᠴᠢᠯᠳᠤᠭᠤᠯᠬᠤ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠴᠢᠩᠭᠠᠳᠬᠠᠵᠤ ᠂ ᠡᠨᠧᠷᠭᠢ ᠡᠬᠢ | ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠃ | ᠶᠢᠰᠦ ᠳᠤ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠬᠤ ᠬᠡᠷᠡᠭᠲᠡᠢ ᠃ ᠪᠦᠭᠦ ᠬᠦᠴᠦᠨ ᠢᠶᠠᠷ ᠢᠶᠠᠨ | ᠴᠢᠷᠮᠠᠶᠢᠵᠤ ᠂ ᠴᠢᠳᠠᠯ ᠤᠨ ᠢᠶᠠᠨ ᠬᠢᠷᠢ ᠪᠠᠷ ᠬᠢᠵᠦ ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ | ᠪᠠᠲᠤᠯᠠᠵᠤ ᠂ ᠣᠨᠣᠴᠠᠲᠠᠢ ᠪᠠᠲᠤᠯᠠᠵᠤ ᠂ ᠪᠠᠲᠤ ᠪᠠᠬᠢ ᠪᠠᠲᠤᠯᠠᠬᠤ ᠬᠡᠷᠡᠭᠲᠡᠢ ᠃ ᠠᠵᠢᠯ ᠣᠯᠭᠤᠯᠲᠠ ᠶᠢ | ᠤᠷᠢᠳ ᠢᠶᠠᠷ ᠪᠣᠳᠣᠯᠬᠢᠯᠠᠬᠤ ᠤᠳᠤᠷᠢᠳᠤᠮᠵᠢ ᠶᠢ ᠨᠠᠩ ᠳᠣᠪᠤᠶᠢᠯᠭᠠᠵᠤ ᠂ ᠭᠤᠣᠯᠳᠠᠯᠭ᠎ᠠ ᠲᠠᠢ ᠬᠥᠮᠥᠰ ᠤᠨ | ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠨᠡᠶᠢᠭᠡᠮ ᠤᠨ ᠪᠠᠲᠤᠯᠠᠭ᠎ᠠ ᠶᠢᠨ | ᠲᠣᠣᠷ ᠢ ᠨᠢᠭᠲᠠ ᠪᠥᠭᠡᠳ ᠪᠠᠲᠤ ᠰᠦᠯᠵᠢᠵᠦ ᠂ ᠲᠡᠰ ᠳᠠᠪᠬᠤᠷᠭ᠎ᠠ ᠲᠦᠷᠦᠯ ᠬᠤᠪᠢᠶᠠᠭᠰᠠᠨ ᠨᠡᠶᠢᠭᠡᠮ ᠤᠨ | ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠬᠦ ᠬᠡᠷᠡᠭᠲᠡᠢ ᠃ ᠦᠷᠡᠵᠢᠯ ᠢ ᠳᠡᠮᠵᠢᠬᠦ ᠲᠥᠷᠥ ᠶᠢᠨ ᠪᠣᠳᠣᠯᠭ᠎ᠠ ᠶᠢᠨ | ᠰᠢᠰᠲ᠋ᠧᠮ ᠢ ᠲᠦᠷᠭᠡᠪᠴᠢᠯᠡᠨ ᠲᠡᠭᠦᠯᠳᠡᠷᠵᠢᠭᠦᠯᠵᠦ ᠂ ᠪᠤᠭᠤᠷᠤᠯᠴᠤᠳ ᠤᠨ ᠠᠵᠤ ᠠᠬᠤᠢ ᠶᠢ ᠬᠥᠭᠵᠢᠭᠦᠯᠦᠨ ᠂ | ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠂ ᠨᠠᠮ ᠤᠨ ᠲᠥᠪ ᠬᠤᠷᠢᠶ᠎ᠠ ᠶᠢᠨ ᠠᠵᠤ ᠠᠬᠤᠢ ᠶᠢᠨ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ | ᠮᠠᠭᠠᠳᠯᠠᠯᠲᠠ ᠶᠢ ᠭᠦᠨᠵᠡᠭᠡᠢ ᠣᠶᠢᠯᠠᠭᠠᠵᠤ ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ | ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠪᠤᠳᠤᠯ ᠢᠶᠠᠨ ᠦᠨᠡᠨ ᠬᠦ ᠴᠢᠩᠭᠠᠳᠬᠠᠵᠤ ᠂ ᠠᠯᠢᠪᠠ | ᠠᠰᠢᠭᠲᠠᠢ ᠴᠠᠭ ᠲᠣᠭᠢᠶᠠᠯ ᠢ ᠠᠮᠵᠢᠵᠤ ᠂ ᠠᠯᠢᠪᠠ ᠠᠰᠢᠭᠲᠠᠢ ᠨᠥᠬᠦᠴᠡᠯ ᠢ ᠠᠰᠢᠭᠯᠠᠵᠤ ᠂ ᠦᠵᠡᠵᠦ ᠲᠣᠭᠲᠠᠪᠠᠯ | ᠱᠠᠯᠠᠪᠳᠠᠨ ᠬᠢᠵᠦ ᠂ ᠢᠯᠡᠭᠦᠦ ᠬᠢᠵᠦ ᠳᠡᠶᠢᠯᠪᠡᠯ ᠢᠯᠡᠭᠦᠬᠡᠨ ᠬᠢᠵᠦ ᠂ ᠲᠤᠰ ᠪᠡᠶ᠎ᠡ ᠶᠢᠨ ᠠᠵᠢᠯ ᠤᠨ ᠲᠣᠬᠲᠠᠭᠠᠯᠲᠤ ᠴᠢᠨᠠᠷ ᠢᠶᠠᠷ | ᠪᠠᠶᠢᠳᠠᠯ ᠤᠨ ᠬᠤᠪᠢᠷᠠᠯᠲᠠ ᠶᠢᠨ ᠲᠣᠭᠲᠠᠪᠤᠷᠢ ᠦᠭᠡᠢ ᠴᠢᠨᠠᠷ ᠢ ᠠᠷᠭᠠᠴᠠᠭᠠᠬᠤ ᠪᠠᠷ ᠴᠢᠷᠮᠠᠶᠢᠬᠤ ᠬᠡᠷᠡᠭᠲᠡᠢ ᠃ | ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠬᠤᠷᠳᠤᠴᠠ | ᠪᠣᠯᠣᠨ ᠶᠠᠰᠤ ᠴᠢᠨᠠᠷ ᠂ ᠬᠤᠷᠸ᠎ᠠ ᠲᠤᠭ᠎ᠠ ᠪᠠᠷᠢᠮᠲᠠ ᠪᠣᠯᠣᠨ ᠬᠤᠮᠠᠬᠢ ᠲᠥᠷᠥᠭᠳᠡᠯ ᠂ ᠠᠵᠤ ᠠᠬᠤᠢ ᠶᠢ ᠬᠥᠭᠵᠢᠭᠦᠯᠬᠦ | ᠪᠣᠯᠣᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠂ ᠬᠥᠭᠵᠢᠯᠲᠡ ᠪᠣᠯᠣᠨ ᠠᠮᠤᠷ ᠲᠦᠪᠰᠢᠨ ᠤ ᠬᠠᠷᠢᠴᠠᠭ᠎ᠠ ᠶᠢ | ᠰᠠᠶᠢᠲᠤᠷ ᠡᠵᠡᠮᠰᠢᠨ ᠰᠢᠢᠳᠪᠦᠷᠢᠯᠡᠬᠦ ᠶᠢ ᠠᠩᠬᠠᠷᠴᠤ ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠪᠠᠶᠢᠳᠠᠯ ᠢ | ᠳᠠᠰᠤᠷᠠᠯᠳᠠ ᠦᠭᠡᠢ ᠪᠠᠬᠢᠵᠢᠭᠦᠯᠦᠨ ᠴᠢᠩᠭᠠᠳᠬᠠᠬᠤ ᠬᠡᠷᠡᠭᠲᠡᠢ ᠃ ᠢᠷᠡᠬᠦ ᠵᠢᠯ ᠤᠨ ᠠᠵᠤ ᠠᠬᠤᠢ ᠶᠢᠨ | ᠠᠵᠢᠯ ᠤᠨ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠣᠨᠣᠪᠴᠢᠲᠠᠶ ᠡᠵᠡᠮᠳᠡᠵᠦ ᠂ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠲᠠᠯ᠎ᠠ ᠪᠠᠷ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ ᠂ ᠬᠠᠮ | ᠦᠢᠯᠡᠳᠦᠯ ᠢ ᠶᠡᠬᠡᠰᠬᠡᠵᠦ ᠂ ᠲᠥᠷᠥ ᠶᠢᠨ ᠪᠣᠳᠣᠯᠭ᠎ᠠ ᠶᠢᠨ ᠨᠥᠭᠡᠴᠡᠯᠡᠯᠲᠡ ᠶᠢᠨ ᠲᠠᠯ᠎ᠠ ᠪᠠᠷ | ᠤᠷᠢᠳᠴᠢᠯᠠᠭᠰᠠᠨ ᠬᠡᠮᠵᠢᠶ᠎ᠡ ᠶᠢ ᠰᠠᠶᠢᠲᠤᠷ ᠬᠢᠵᠦ ᠂ ᠢᠯᠡᠭᠦᠴᠡ ᠬᠡᠮᠵᠢᠶ᠎ᠡ ᠶᠢ ᠦᠯᠡᠳᠡᠭᠡᠨ ᠂ | ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠦᠨᠡᠯᠡᠬᠦ ᠲᠠᠯ᠎ᠠ ᠪᠠᠷ ᠪᠦᠲᠦᠮᠵᠢᠲᠡᠶ ᠴᠢᠨᠠᠷ ᠢ ᠴᠢᠬᠤᠯᠠᠴᠢᠯᠠᠵᠤ ᠂ | ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ ᠂ ᠬᠤᠷᠸ᠎ᠠ ᠲᠥᠷᠥ ᠶᠢᠨ ᠪᠣᠳᠣᠯᠭ᠎ᠠ ᠪᠠᠷ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ | ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠭᠦ ᠬᠡᠷᠡᠭᠲᠡᠢ ᠃ ᠠᠵᠢᠯ ᠢ ᠠᠬᠢᠭᠤᠯᠬᠤ ᠠᠷᠭ᠎ᠠ ᠭᠡᠯᠪᠡᠷᠢ ᠶᠢ ᠴᠢᠬᠤᠯᠠᠴᠢᠯᠠᠵᠤ ᠂ | ᠭᠤᠣᠯ ᠵᠥᠷᠢᠴᠡᠯ ᠢ ᠠᠳᠬᠤᠵᠤ ᠂ ᠪᠣᠭᠤᠮᠢ ᠬᠢᠵᠠᠭᠠᠷᠯᠠᠯ ᠢ ᠰᠢᠪᠲᠤᠯᠵᠤ ᠂ ᠤᠷᠢᠳᠠᠴᠢ ᠪᠠᠶᠢᠷᠢᠰᠢᠭᠤᠯᠤᠯᠲᠠ ᠶᠢ ᠴᠢᠬᠤᠯᠠᠴᠢᠯᠠᠵᠤ ᠂ | ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠪᠠᠲᠤᠯᠠᠬᠤ ᠬᠡᠷᠡᠭᠲᠡᠢ ᠃ ᠡᠷᠡᠮᠡᠬᠡᠶᠢᠯᠡᠨ ᠲᠡᠮᠡᠴᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ ᠢᠮᠠᠭᠲᠠ | ᠪᠠᠲᠤᠯᠠᠵᠤ ᠂ ︽ ᠤᠯᠤᠰ ᠤᠨ ᠶᠡᠭᠡ ᠶᠠᠪᠤᠳᠠᠯ ︾ ᠢ ᠬᠡᠬᠦᠳᠡᠭ ᠴᠡᠭᠡᠵᠢᠨ ᠳᠡᠭᠡᠨ ᠪᠠᠭᠲᠠᠭᠠᠵᠤ ᠂ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠵᠤ ᠂ ᠬᠠᠮᠵᠢᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ ᠂ ᠬᠥᠲᠥᠯᠬᠦ ᠴᠢᠨᠠᠷ ᠂ | ᠬᠥᠰᠢᠭᠦᠷᠭᠡ ᠶᠢᠨ ᠴᠢᠨᠠᠷ ᠢᠶᠠᠷ ᠴᠢᠩᠭ᠎ᠠ ᠠᠵᠢᠯ ᠤᠨ ᠭᠠᠷᠳᠠᠴᠠ ᠶᠢ ᠢᠳᠡᠪᠬᠢᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ ᠂ ᠴᠢᠨᠠᠷ | ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠠᠴᠠ ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ ᠂ ᠠᠵᠤ ᠠᠬᠤᠢ ᠶᠢᠨ | ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠃ ᠲᠡᠷᠡ ᠶᠣᠰᠣᠭᠠᠷ ᠨᠢ | ᠨᠠᠶᠢᠳᠠᠪᠤᠷᠢᠵᠢᠭᠤᠯᠬᠤ ᠶᠢ ᠠᠳᠬᠤᠵᠤ ᠂ ᠡᠴᠦᠰ ᠤᠨ ᠦᠷ᠎ᠡ ᠪᠦᠲᠦᠮᠵᠢ ᠨᠢ | ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠵᠣᠷᠢᠯᠲᠠ ᠳᠤ ᠨᠡᠶᠢᠴᠡᠬᠦ ᠶᠢ ᠪᠠᠲᠤᠯᠠᠬᠤ ᠬᠡᠷᠡᠭᠲᠡᠢ ᠃ ᠡᠷᠡᠰ | ᠰᠢᠭᠤᠷᠬᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ ᠂ ᠲᠣᠬᠢᠷᠠᠮᠵᠢᠲᠠᠢ ᠴᠠᠭ ᠲᠣᠬᠢᠷᠠᠮᠵᠢᠲᠠᠢ ᠬᠡᠮᠵᠢᠶ᠎ᠡ ᠦᠷ᠎ᠡ ᠪᠦᠲᠦᠮᠵᠢ | ᠭᠠᠷᠭᠠᠬᠤ ᠶᠢ ᠨᠢᠭᠡᠳᠦᠯᠲᠡᠢ ᠲᠥᠯᠥᠪᠵᠢᠭᠦᠯᠦᠨ ᠡᠵᠡᠮᠳᠡᠬᠦ ᠬᠡᠷᠡᠭᠲᠡᠢ ᠃ ᠦᠨᠡᠨ ᠪᠣᠳᠠᠲᠠᠢ | ᠨᠠᠶᠢᠳᠠᠪᠤᠷᠢᠵᠢᠭᠤᠯᠤᠯᠲᠠ ᠶᠢ ᠠᠳᠬᠤᠵᠤ ᠂ ᠬᠡᠯᠪᠡᠷᠢᠴᠢ ᠦᠵᠡᠯ ᠂ | ᠨᠣᠶᠠᠨᠴᠢ ᠰᠤᠷᠲᠠᠯ ᠢ ᠡᠷᠡᠰ ᠵᠠᠯᠠᠷᠠᠭᠤᠯᠬᠤ ᠬᠡᠷᠡᠭᠲᠡᠢ ᠃ ᠵᠣᠷᠢᠭᠲᠠᠢ ᠪᠠᠷ ᠬᠢᠵᠦ ᠵᠢᠳᠬᠦᠯ ᠴᠢᠷᠮᠠᠶᠢᠯᠭ᠎ᠠ ᠭᠠᠷᠭᠠᠵᠤ | ᠨᠠᠶᠢᠳᠠᠪᠤᠷᠢᠵᠢᠭᠤᠯᠤᠯᠲᠠ ᠶᠢ ᠠᠳᠬᠤᠵᠤ ᠂ ᠬᠥᠮᠥᠨ ᠬᠡᠷᠡᠭᠯᠡᠬᠦ ᠵᠥᠪ ᠤᠳᠤᠷᠢᠳᠤᠮᠵᠢ ᠶᠢ ᠪᠠᠷᠢᠮᠲᠠᠯᠠᠵᠤ ᠂ ᠡᠯ᠎ᠡ ᠱᠠᠲᠤᠨ ᠤ | ᠤᠳᠤᠷᠢᠳᠬᠤ ᠺᠠᠳ᠋ᠷ ᠤᠨ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠭᠦᠢᠴᠡᠳ ᠪᠠᠳᠠᠷᠠᠭᠤᠯᠬᠤ | ᠬᠡᠷᠡᠭᠲᠡᠢ ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢᠨ | ᠬᠠᠮᠲᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ | ᠴᠢᠬᠤᠯᠠᠴᠢᠯᠠᠪᠠ ᠃ | ᠬᠤᠷᠠᠯ ᠠᠴᠠ ᠂ ᠵᠢᠯ ᠤᠨ ᠰᠡᠭᠦᠯᠴᠢ ᠣᠨ ᠤ ᠡᠬᠢᠨ ᠤ ᠴᠢᠬᠤᠯᠠ ᠠᠷᠠᠳ ᠤᠨ ᠠᠮᠢᠳᠤᠷᠠᠯ ᠤᠨ ᠲᠠᠸᠠᠷ ᠤᠨ ᠬᠠᠩᠭᠠᠯᠭ᠎ᠠ ᠶᠢ | ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ ᠂ ᠬᠥᠯᠥᠰᠦᠨ | ᠲᠠᠷᠢᠶᠠᠴᠢᠨ ᠤ ᠴᠠᠯᠢᠩ ᠢ ᠴᠠᠭ ᠲᠤᠬᠠᠢ ᠳᠤᠨᠢ ᠲᠤᠭ᠎ᠠ ᠶᠣᠰᠣᠭᠠᠷ ᠥᠭᠬᠦ ᠶᠢ ᠪᠠᠲᠤᠯᠠᠵᠤ ᠂ | ᠬᠦᠴᠢᠷᠳᠡᠯᠲᠡᠢ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠬᠠᠯᠠᠮᠵᠢᠯᠠᠵᠤ ᠂ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ ᠂ | ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ | ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ ᠃ | ᠬᠤᠷᠠᠯ ᠠᠴᠠ ᠂ ᠪᠦᠭᠦ ᠨᠠᠮ ᠢᠶᠠᠷ ᠢᠶᠠᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ | ᠲᠣᠭᠤᠷᠢᠨ ᠳᠤ ᠨᠢᠭᠲᠠᠷᠠᠨ ᠪᠦᠯᠬᠦᠮᠳᠡᠵᠦ ᠂ ᠢᠲᠡᠭᠡᠯ ᠵᠣᠷᠢᠭ ᠢᠶᠠᠨ ᠪᠠᠲᠤᠳᠬᠠᠵᠤ ᠂ ᠵᠠᠮ ᠨᠡᠭᠡᠭᠡᠨ | ᠤᠷᠤᠭᠰᠢᠯᠠᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ | ᠴᠢᠷᠮᠠᠶᠢᠨ ᠪᠡᠶᠡᠯᠡᠭᠦᠯᠵᠦ ᠂ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠠᠵᠢᠯᠯᠠᠭ᠎ᠠ ᠪᠣᠯᠣᠨ ᠦᠷ᠎ᠡ | ᠪᠦᠲᠦᠮᠵᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ | ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠰᠦᠭᠡᠢ ᠭᠡᠵᠦ ᠤᠷᠢᠶᠠᠯᠠᠪᠠ ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ ᠂ ᠲᠥᠪ ᠤᠨ ᠱᠦᠵᠢ ᠨᠠᠷ ᠤᠨ ᠭᠠᠵᠠᠷ ᠤᠨ | ᠱᠦᠵᠢ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠬᠤᠯᠪᠣᠭᠳᠠᠯ ᠪᠦᠬᠦᠢ ᠤᠳᠤᠷᠢᠳᠬᠤ ᠨᠥᠬᠦᠳ ᠂ ᠲᠦᠷᠦ ᠶᠢᠨ ᠶᠠᠪᠤᠳᠠᠯ ᠤᠨ ᠭᠡᠰᠢᠭᠦᠨ ᠂ ᠠᠷᠠᠳ ᠤᠨ | ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ | ᠳᠠᠷᠤᠭ᠎ᠠ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ | ᠨᠥᠬᠦᠳ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠪᠠ ᠃ | ᠡᠯ᠎ᠡ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠪᠣᠯᠣᠨ ᠲᠤᠰᠠᠭᠠᠷ ᠲᠥᠯᠥᠪᠯᠡᠭᠡᠲᠦ ᠬᠤᠳᠠ ᠂ | ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ | ᠨᠥᠬᠦᠳ ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠬᠤᠯᠪᠣᠭᠳᠠᠯ | ᠪᠦᠬᠦᠢ ᠠᠷᠠᠳ ᠤᠨ ᠪᠦᠯᠭᠦᠮ ᠂ ᠲᠥᠪ ᠠᠴᠠ ᠬᠠᠮᠢᠶᠠᠷᠴᠤ ᠪᠠᠶᠢᠭ᠎ᠠ ᠬᠡᠰᠡᠭ ᠮᠥᠩᠭᠦᠨ ᠭᠦᠢᠯᠭᠡᠭᠡᠨ ᠤ ᠪᠠᠶᠢᠭᠤᠯᠤᠮᠵᠢ | ᠪᠣᠯᠣᠨ ᠠᠵᠤ ᠠᠬᠤᠶᠢᠯᠠᠯ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ | ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ ᠃ | | | | | | | | |