︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠳᠤᠮᠳᠠᠳᠤ ᠤᠯᠤᠰ ᠤᠨ ᠠᠳᠤᠭᠤᠨ ᠰᠣᠶᠣᠯ ᠤᠨ ᠲᠦᠪ ᠰᠢᠯᠢ ᠶᠢᠨ ᠭᠤᠤᠯ ᠠᠶᠢᠮᠠᠭ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠰᠢᠯᠤᠭᠤᠨ ᠬᠥᠬᠡ ᠬᠤᠰᠢᠭᠤᠨ ᠳᠠᠬᠢ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2023/12/25
    ᠲᠠᠯ᠎ᠠ ᠨᠣᠳᠤᠭ ᠮᠦᠩᠭᠦᠨ ᠴᠠᠭᠠᠨ ᠦᠩᠭᠡ ᠪᠠᠷ ᠬᠤᠴᠢᠠᠠᠳ᠋ᠬᠠᠰᠠᠨ 12 ᠳ᠋ᠤᠭᠠᠷ ᠰᠠᠷ᠎ᠠ ᠶᠢᠨ 23᠎ ᠤ ᠡᠳᠦᠷ᠂ ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠳᠤᠮᠳᠠᠳᠤ ᠤᠯᠤᠰ ᠤᠨ ᠠᠳᠤᠭᠤᠨ ᠰᠣᠶᠣᠯ ᠤᠨ ᠲᠦᠪ ᠰᠢᠯᠢ ᠶᠢᠨ ᠭᠤᠤᠯ ᠠᠶᠢᠮᠠᠭ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠰᠢᠯᠤᠭᠤᠨ ᠬᠥᠬᠡ ᠬᠤᠰᠢᠭᠤᠨ ᠳᠠᠬᠢ ᠤᠷᠤᠯᠳᠤᠭᠠᠨ‌‍ᠰᠢᠯᠤᠭᠤᠨ ᠬᠥᠬᠡ ᠬᠤᠰᠢᠭᠤᠨ ᠤ ᠵᠢᠭᠠᠰᠤᠲᠠᠶ ᠰᠤᠮᠤᠨ ᠤ ᠪᠠᠶᠠᠨᠪᠤᠯᠠᠭ ᠭᠠᠴᠠᠭᠠᠨ ᠤ ᠬᠤᠭᠤᠯᠠᠳᠤ ᠶᠢᠨ ᠭᠤᠤᠯ ᠬᠡᠷ ᠪᠦᠯᠢ ᠶᠢᠨ ᠮᠠᠯᠵᠢᠯ ᠤᠨ ᠲᠠᠯᠠᠪᠠᠢ ᠳᠤ ᠨᠢᠵᠢᠬᠡᠷ ᠡᠬᠢᠯᠡᠯ᠎ᠡ᠃
   ᠬᠤᠰᠢᠭᠤ ᠤᠳᠤᠷᠢᠳᠤᠯᠭ᠎ᠠ ᠯᠢᠦ ᠰᠢᠶᠤᠤ ᠮᠢᠨ᠂ ᠹᠧᠩ ᠵᠢᠶᠠᠨ ᠵᠢᠶᠦ᠋ᠨ᠂ ᠡᠷᠬᠢᠮ᠂ ᠼᠤᠤ ᠵᠧᠨ ᠢᠦ᠋ᠢ᠂ ᠶᠠᠨ ᠷᠦᠢ ᠴᠢ᠂ ᠯᠢ ᠳ᠋ᠦᠩ᠂ ᠠᠮᠵᠢᠯᠳᠣ᠂ ᠯᠢᠦᠢ ᠡᠾᠦ᠋ᠢ᠂ ᠱᠧᠨ ᠭᠤᠸᠠᠩ ᠱᠧᠩ᠂ ᠵᠣᠷᠢᠭᠰᠠᠶᠢᠬᠠᠨ᠂ ᠯᠢ ᡁᠢ ᠵᠢᠤᠸᠠᠨ ᠡᠬᠢᠯᠡᠯᠲᠡ ᠎ ᠶᠢᠨ ᠶᠣᠰᠣᠯᠠᠯ ᠳᠤ ᠣᠷᠣᠯᠴᠠᠪᠠ᠃   ᠡᠬᠢᠯᠡᠯᠲᠡ ᠶᠢᠨ ᠶᠣᠰᠣᠯᠠᠯ ᠳᠡᠭᠡᠷ᠎ᠡ᠂ ᠤᠯᠠᠭᠠᠨᠮᠥ᠋ᠴᠢᠷ ‍ᠦᠨ‌ᠬᠠᠮᠳᠤ ᠶᠢᠨ ᠳᠠᠭᠤᠤ ︽ᠲᠠᠯ᠎ᠠ ᠨᠤᠲᠤᠭ ᠲᠤ ᠮᠥᠩᠬᠡ ᠶᠢᠨ ᠨᠡᠷᠡᠨ ᠮᠠᠨᠳᠤᠯ᠎ᠠ︾᠂ ︽ᠨᠠᠭᠠᠳᠤᠮ ᠤᠨ ᠨᠤᠲᠤᠭ︾᠂ ᠮᠣᠷᠢᠨ ᠬᠤᠭᠤᠷ ᠤᠨ ᠠᠶ᠎ᠠ ︽ᠲᠦᠮᠡᠨ ᠠᠭᠲᠠ ᠶᠢᠨ ᠲᠦᠪᠡᠷᠭᠡᠨ︾ ᠎ ᠨᠢ ᠰᠢᠯᠤᠭᠤᠨ ᠬᠥᠬᠡ ᠬᠤᠰᠢᠭᠤᠨ ᠤ ᠠᠷᠠᠳ ᠲᠦᠮᠡᠨ ᠤ ᠨᠠᠮ ᠢᠶᠠᠨ ᠬᠠᠶᠢᠷᠠᠯᠠᠬᠤ᠂ ᠡᠬᠡ ᠨᠤᠲᠤᠭ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠶᠢ ᠢᠯᠡᠷᠡᠭᠦᠯᠵᠦ᠂ ᠲᠤᠬᠠᠶ ᠶᠢᠨ ᠲᠠᠯᠠᠪᠠᠶ ᠳᠤ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ  ᠶᠢᠨ ᠲᠠᠭᠤᠨ ᠢ ᠬᠥᠯᠢᠶᠡᠵᠤ ᠪᠠᠶᠢᠯ᠎ᠠ᠃   ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠯᠢᠦ ᠰᠢᠶᠣᠤ ᠮᠢᠨ ᠣᠷᠣᠯᠳᠣᠭᠠᠨ ᠡᠬᠢᠯᠡᠭᠰᠡᠨ ᠢ ᠵᠠᠷᠯᠠᠪᠠ᠃  ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠮᠣᠷᠢᠨ ᠤᠷᠤᠯᠳᠤᠭᠠᠨ ᠵᠢᠩᠬᠢᠨᠢ ᠪᠠᠷ ᠡᠬᠢᠯᠡᠵᠦ᠂ ᠮᠣᠷᠢᠨ ᠤᠷᠤᠯᠳᠤᠭᠠᠨ ᠤ ᠠᠩᠭᠢ ᠰᠠᠩ ᠲᠣᠭᠤᠷᠢᠨ ᠤᠷᠤᠯᠳᠤᠭᠠᠨ ᠤ ᠡᠬᠢᠯᠡᠯᠲᠡ ᠳᠤ ᠬᠦᠷᠴᠦ᠂ ᠳᠤᠮᠳᠠᠳᠤ ᠤᠯᠤᠰ ᠤᠨ ᠮᠣᠷᠢᠨ ᠨᠡᠶᠢᠰᠯᠡᠯ ᠰᠢᠯᠢ ᠎ ᠶᠢᠨ ᠭᠤᠤᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠰᠢᠯᠤᠭᠤᠨ ᠬᠥᠬᠡ ᠬᠤᠰᠢᠭᠤᠨ ᠤ ᠤᠷᠤᠯᠳᠤᠭᠠᠨ ᠵᠢᠩᠬᠢᠨᠢ ᠪᠠᠷ ᠡᠬᠢᠯᠡᠪᠡ᠃ ᠲᠣᠰ ᠤᠳᠠᠭᠠᠨ ᠣᠷᠣᠯᠳᠣᠭᠠᠨ ᠳᠤ ᠠᠷᠪᠠᠨ ᠲᠠᠪᠤᠨ ᠺᠢᠯᠣᠮᠧᠲᠷ ᠤᠨ ᠮᠣᠩᠭᠤᠯ ᠮᠣᠷᠢᠨ ᠤ  ᠬᠤᠯᠠ ᠶᠢᠨ ᠮᠤᠷᠢᠨ ᠤ ᠤᠷᠤᠯᠳᠤᠭᠠᠨ᠂ ᠲᠠᠪᠤᠨ ᠺᠢᠯᠣᠮᠧᠲᠷ ᠤᠨ ᠬᠤᠷᠳᠣᠨ ᠮᠣᠷᠢᠨ ᠤ ᠤᠷᠤᠯᠳᠤᠭᠠᠨ ᠤ 2 ᠵᠦᠶᠯ ᠤᠨ ᠠᠭᠤᠯᠭ᠎ᠠ ᠵᠢᠴᠢ ᠮᠦᠰᠦᠨ ᠲᠡᠭᠡᠷᠡᠬᠢ ᠱᠠᠭ᠎ᠠ ᠲᠣᠠᠠᠯᠠᠭᠠᠮ ᠤᠨ ᠣᠷᠣᠯᠳᠣᠭᠠᠨ ᠢ ᠲᠣᠬᠢᠷᠠᠭᠤᠯᠵᠠᠢ᠃  ᠵᠢᠭᠠᠰᠣᠳᠠᠢ ᠰᠤᠮᠤᠨ ᠤ ᠪᠠᠶᠠᠨᠪᠤᠯᠠᠭ ᠭᠠᠴᠠᠭᠠᠨ ᠤ ᠮᠠᠯᠴᠢᠨ ᠰᠢᠨᠵᠢᠯᠡᠳᠦ ᠬᠡᠯᠡᠬᠦ ᠳᠡᠭᠡᠨ᠄ ︽ᠥᠨᠥᠳᠦᠷ ᠮᠢᠨᠦ ᠮᠣᠷᠢ 15 ᠺᠢᠯᠣᠮᠧᠲᠷ ᠤᠨ ᠬᠤᠯᠠ ᠶᠢᠨ ᠮᠤᠷᠢᠨ ᠤ ᠤᠷᠤᠯᠳᠤᠭᠠᠨ ᠳᠤ ᠲᠡᠷᠢᠭᠦᠯᠡᠭᠰᠡᠨ ᠳᠤ ᠪᠢ ᠮᠠᠰᠢ ᠪᠠᠶᠠᠷᠯᠠᠵᠤ ᠪᠠᠶᠢᠨ᠎ᠠ᠂ ᠪᠠᠰᠠ ᠠᠶᠢᠮᠠᠭ ᠤᠨ ᠤᠷᠤᠯᠳᠤᠭᠠᠨ ᠳᠤ ᠣᠷᠣᠯᠴᠠᠬᠤ ᠬᠢᠷᠢ ᠬᠡᠮ ᠢ ᠣᠯᠤᠭᠰᠠᠨ ᠪᠥᠭᠡᠳ ᠠᠶᠢᠮᠠᠭ ᠤᠨ ᠤᠷᠤᠯᠳᠤᠭᠠᠨ ᠳᠤ ᠨᠡᠩ ᠰᠠᠶᠢᠨ ᠬᠢᠷᠢ ᠪᠦᠲᠦᠮᠵᠢ ᠤᠯᠬᠤ ᠪᠠᠷ ᠴᠢᠷᠮᠠᠶᠢᠨ᠎ᠠ︾ ᠬᠡᠯ᠎ᠡ᠃  ᠡᠨᠡ ᠬᠤᠭᠤᠴᠠᠭᠠᠨ ᠳᠤ ᠪᠠᠰᠠ ᠬᠤᠯᠠᠨ ᠰᠢᠷᠭ᠎ᠠ ᠲᠠᠭ᠎ᠠ ᠶᠢᠨ ᠡᠯᠡᠰᠦᠨ ᠤ ᠦᠬᠡᠷ  ᠤᠨ ᠮᠢᠬᠠᠨ ᠤ ᠳᠠᠶᠢᠯᠠᠯᠭ᠎ᠠ᠂ ᠡᠪᠦᠯ ᠎ ᠤᠨ ᠤᠯᠠᠷᠢᠯ ᠤᠨ ᠤᠶᠤᠨ ᠤ ᠲᠠᠮᠢᠷ ᠤᠨ ᠤᠷᠤᠯᠳᠤᠭᠠᠨ ᠪᠣᠯᠤᠨ ᠲᠢᠺ ᠲᠣᠺ ᠤᠨ ᠵᠢᠵᠢᠭ ᠳᠡᠯᠭᠡᠭᠦᠷ ᠤᠨ ᠰᠢᠭᠤᠳ ᠨᠡᠪᠲᠡᠷᠡᠭᠦᠯᠭᠡ ᠪᠣᠯᠤᠨ ᠵᠤᠭᠠᠴᠠᠭᠰᠠᠳ ᠤᠨ ᠲᠥᠪ ᠤᠨ ᠪᠦᠬᠡ ᠶᠢᠨ ᠡᠪᠦᠯ ᠤᠨ ᠤᠯᠠᠷᠢᠯ ᠤᠨ ᠤᠷᠤᠯᠳᠤᠭᠠᠨ ᠤ ᠰᠢᠭᠤᠳ ᠨᠡᠪᠲᠡᠷᠡᠭᠦᠯᠭᠡ ᠵᠡᠷᠭᠡ ᠠᠵᠢᠯᠯᠠᠭ᠎ᠠ ᠶᠢ ᠦᠷᠭᠦᠯᠵᠢᠯᠡᠨ ᠡᠷᠬᠢᠯᠡᠵᠦ᠂ ᠣᠷᠣᠯᠳᠣᠭᠠᠨ ᠨᠢ ᠨᠢᠭᠡ ᠰᠠᠷ᠎ᠠ ᠬᠦᠷᠴᠦ᠂ ᠰᠢᠯᠤᠭᠤᠨ ᠬᠦᠬᠡ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠰᠢᠷᠢᠰ ᠠᠵᠢᠯᠯᠠᠭᠠᠨ ᠤ ᠨᠡᠷᠡᠳᠣ ᠲᠡᠮᠳᠡᠭ ᠢ ᠴᠢᠷᠮᠠᠶᠢᠨ ᠡᠭᠦᠥᠠᠬᠦ ᠪᠣᠯᠤᠨ᠎ᠠ᠃
微信图片_20231225160041.jpg
  ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠢᠶᠠᠷ ᠠᠵᠠ ᠲᠤᠬᠢᠨᠶᠠᠯ ᠪᠤᠯᠭᠠᠵᠤ᠂ ᠰᠢᠯᠤᠭᠤᠨ ᠬᠥᠬᠡ ᠬᠤᠰᠢᠭᠤᠨ ᠤ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠢ ᠡᠷᠬᠢᠯᠡᠬᠦ ᠪᠠ ᠡᠪᠦᠯ ᠤᠨ ᠤᠯᠠᠷᠢᠯ ᠤᠨ ᠮᠥᠰᠥ ᠴᠠᠰᠤᠨ ᠤ ᠵᠢᠭᠤᠯᠴᠢᠯᠠᠯ ᠢ ᠣᠶᠠᠯᠳᠣᠭᠤᠯᠣᠨ ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠵᠦᠢᠯᠡᠰ ᠢ ᠨᠡᠭᠡᠭᠡᠨ ᠭᠦᠭᠵᠢᠬᠦᠯᠵᠦ᠂ ᠡᠪᠦᠯ ᠤᠨ ᠤᠯᠠᠷᠢᠯ ᠤᠨ ᠵᠢᠭᠤᠯᠴᠢᠯᠠᠯ ᠎ ᠤᠨ ᠵᠠᠬ᠎ᠠ ᠳᠡᠯᠭᠡᠭᠦᠷ ᠢ ᠬᠦᠭᠵᠢᠬᠡᠨ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠦᠶᠯᠡᠰ ᠤᠨ ᠬᠥᠭᠵᠢᠯᠲᠡ ᠶᠢ ᠲᠠᠶᠢᠴᠢᠯᠠᠵᠦ᠂ ᠥᠷᠭᠡᠨ ᠣᠯᠠᠨ ᠵᠢᠭᠤᠯᠴᠢᠯᠠᠭᠴᠢᠳ ᠤᠨ ᠪᠡᠶᠡᠴᠢᠯᠡᠨ ᠣᠶᠢᠯᠠᠭᠠᠬᠤ ᠶᠢ ᠲᠠᠰᠤᠷᠠᠯᠲᠠ ᠦᠭᠡᠢ ᠪᠠᠶᠠᠯᠢᠠᠠᠵᠢᠭᠤᠯᠵᠦ᠂ ᠰᠢᠯᠤᠭᠤᠨ ᠬᠥᠬᠡ ᠬᠤᠰᠢᠭᠤᠨ ᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠴᠤᠭ ᠵᠢᠪᠬᠤᠭ᠎ᠠ ᠶᠢ ᠢᠯᠡᠷᠡᠬᠦᠯᠦᠨ᠂ ᠰᠢᠯᠤᠭᠤᠨ ᠬᠥᠬᠡ ᠬᠤᠰᠢᠭᠤᠨ ᠤ ᠵᠢᠭᠤᠯᠴᠢᠯᠠᠯ ᠤᠨ ᠪᠦᠬᠦᠯᠢ ᠴᠣᠭᠴᠠ ᠶᠢᠨ ᠳᠦᠷᠢ ᠲᠥᠷᠬᠦ ᠪᠠ‌ᠨᠡᠷ᠎ᠡ‌ᠠᠯᠳᠠᠷᠰᠢᠯ ᠬᠢᠭᠡᠳ ᠨᠥᠯᠥᠭᠡᠯᠡᠬᠦ ᠬᠦᠴᠦᠨ ᠢ ᠪᠦᠬᠦ ᠲᠠᠯ᠎ᠠ ᠪᠠᠷ ᠲᠡᠭᠡᠭᠰᠢᠯᠡᠬᠦᠯᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠯᠣᠨ᠎ᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号