2023 ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2023/12/25
ᠵᠠᠰᠠᠭ ᠤᠨ ᠣᠷᠳᠣᠨ ᠤ ᠠᠵᠢᠯ ᠤᠨ ᠢᠯᠡᠳᠬᠡᠯ2023 ᠣᠨ ᠤ 1 ᠰᠠᠷ᠎ᠠ ᠶᠢᠨ 2᠎ ᠤᠨ ᠡᠳᠦᠷ ᠰᠢᠯᠤᠭᠤᠨ ᠬᠥᠬᠡ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ ᠰᠢᠯᠣᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ    ᠯᠢᠦ ᠰᠢᠶᠣᠣ ᠮᠢᠨᠲᠥᠯᠥᠭᠡᠯᠡᠭᠴᠢᠳ ᠡ᠄     ᠣᠳᠣ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠤᠯᠪᠠᠤ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠤᠯᠪᠠᠤ᠃     ᠨᠢᠭᠡ᠂ 2022 ᠣᠨ ᠤ ᠠᠵᠢᠯ ᠤᠨ ᠡᠷᠭᠢᠴᠡᠭᠦᠯᠦᠯ     2022 ᠣᠨ ᠪᠣᠯ ᠰᠢᠨ᠎ᠡ ᠨᠢᠭᠡ ᠬᠤᠭᠤᠴᠠᠭᠠᠨ ᠤ ᠬᠤᠰᠢᠭᠤ ᠵᠠᠰᠠᠭ ᠤᠨ ᠣᠷᠳᠣᠨ ᠤ ᠠᠵᠢᠯ ᠤᠨ ᠡᠬᠢᠯᠡᠯᠲᠡ ᠶᠢᠨ ᠵᠢᠯ ᠪᠤᠯᠠᠬᠤ ᠮᠦᠷᠳᠡᠬᠡᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠬᠡᠷᠡᠭᠵᠢᠭᠦᠯᠵᠦ᠂ ᠬᠤᠰᠢᠭᠤ ᠠᠷᠪᠠᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ᠪᠥᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠎ ᠳᠤ ᠲᠤᠰᠢᠶᠠᠭᠰᠠᠨ  ︽ᠲᠠᠪᠤᠨ ᠴᠢᠬᠤᠯᠠ ᠡᠭᠦᠷᠭᠡ ︾᠎ ᠶᠢᠨ ᠲᠣᠭᠤᠷᠢᠨ ᠳᠤ᠂  ︽ᠬᠢᠵᠢᠭ ᠢ ᠴᠢᠩᠭ᠎ᠠ ᠰᠡᠷᠭᠡᠶᠢᠯᠡᠨ᠂ ᠠᠵᠤ ᠠᠬᠤᠶ ᠶᠢ  ᠲᠤᠭᠲᠠᠪᠤᠷᠢᠵᠢᠭᠤᠯᠵᠤ᠂ ᠠᠶᠤᠯ ᠦᠭᠡᠢ ᠬᠥᠭᠵᠢᠯᠲᠠ ᠶᠢ ᠪᠠᠲᠤᠯᠠᠬᠤ︾ ᠴᠢᠬᠤᠯᠠ ᠱᠠᠭᠠᠷᠳᠠᠯᠭ᠎ᠠ ᠶᠢ ᠡᠷᠡᠰ ᠪᠠᠷᠢᠮᠲᠠᠯᠠᠵᠤ᠂  ︽ᠬᠤᠶᠠᠷ ᠬᠡᠯᠬᠢᠶ᠎ᠡ ᠬᠤᠶᠠᠷ ᠤᠷᠤᠨ︾  ︽ᠲᠠᠪᠤᠨ ᠵᠦᠶᠯ ᠤᠨ ᠣᠨᠴᠠᠯᠢᠭᠲᠤ ᠠᠵᠤ ᠦᠶᠯᠡᠰ ︾ ᠎ ᠢ ᠪᠥᠬᠦ ᠲᠠᠯ᠎ᠠ ᠪᠠᠷ ᠠᠬᠢᠭᠤᠯᠬᠤ᠂ ᠦᠷ᠎ᠡ ᠪᠦᠲᠦᠮᠵᠢ ᠲᠠᠢ ᠠᠵᠢᠯᠯᠠᠭᠰᠠᠨ ᠮᠦᠷᠳᠡᠬᠡᠨ ᠬᠢᠵᠢᠭ ᠲᠠᠢ ᠲᠡᠮᠡᠴᠡᠬᠦ᠂ ᠠᠵᠣ ᠠᠬᠤᠢ ᠶᠢ ᠲᠤᠭᠳᠠᠪᠤᠷᠢᠳᠠᠢ ᠨᠡᠮᠡᠭᠳᠡᠭᠦᠯᠬᠦ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠲᠤ ᠠᠰᠢᠭ ᠬᠦᠷᠲᠡᠭᠡᠬᠦ᠂ ᠲᠦᠭᠰᠢᠬᠦᠷᠢ ᠠᠴᠠ ᠰᠡᠷᠭᠡᠶᠢᠯᠡᠬᠦ᠂ ᠲᠤᠭᠲᠠᠭᠤᠨ ᠢ ᠪᠠᠲᠤᠯᠠᠬᠤ ᠡᠯ᠎ᠡ ᠲᠠᠯ᠎ᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠠᠵᠤ ᠠᠬᠤᠶ ᠨᠡᠶᠢᠭᠡᠮ ᠤᠨ ᠲᠣᠭᠲᠠᠭᠤᠨ ᠬᠥᠭᠵᠢᠯᠲᠡ ᠶᠢ ᠪᠠᠲᠤᠯᠠᠪᠠ ᠃     ᠪᠦᠬᠦ ᠵᠢᠯ ᠳᠤ᠂ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ 68.9 ᠳ᠋ᠦᠩᠰᠢᠭᠤᠷ ᠲᠥᠭᠦᠷᠢᠭ ᠎ ᠲᠤ ᠬᠦᠷᠴᠦ᠂ 3.2%᠎ ᠢᠶᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 38.6 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 35.6%᠎ ᠪᠠᠷ ᠨᠡᠮᠡᠭᠳᠡᠪᠡ︔ ᠣᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ 3.2 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 26.6%᠎ ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 13.3 ᠳ᠋ᠦᠩᠰᠢᠭᠤᠷ ᠲᠥᠭᠦᠷᠢᠭ ᠲᠤ ᠬᠦᠷᠴᠦ᠂ 2.4%᠎ ᠪᠠᠷ ᠨᠡᠮᠡᠭᠳᠡᠪᠡ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤᠶᠢᠴᠠ ᠣᠷᠣᠯᠭ᠎ᠠ 44800 ᠲᠥᠭᠦᠷᠢᠭ ᠪᠠ 25010 ᠲᠥᠭᠦᠷᠢᠭ ᠲᠤ ᠬᠦᠷᠴᠦ᠂ ᠲᠣᠰᠪᠣᠷᠢ 5% ᠪᠠ 7%᠎ ᠪᠠᠷ ᠨᠡᠮᠡᠭᠳᠡᠨ᠂ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ ᠃     ᠨᠢᠭᠡ ᠵᠢᠯ ᠤᠨ ᠲᠤᠷᠰᠢ᠂ ᠪᠢᠳᠡ ᠬᠦᠭᠵᠢᠯᠲᠡ ᠶᠢᠨ ᠣᠷᠴᠢᠨ ᠢ ᠰᠢᠯᠢᠳᠡᠭᠵᠢᠭᠦᠯᠵᠦ᠂ ᠠᠵᠤ ᠠᠬᠤᠢ ᠶᠢᠨ ᠬᠥᠭᠵᠢᠯᠲᠡ ᠎ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠪᠡ   ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠠᠷ ᠲᠠᠮᠵᠢᠭᠤᠯᠵᠦ ᠴᠢᠨᠠᠷᠯᠢᠭ ᠬᠥᠭᠵᠢᠯᠲᠡ ᠶᠢ ᠠᠬᠢᠭᠤᠯᠪᠠ᠃ ︽2022 ᠣᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠤᠨ ᠲᠥᠰᠦᠯ ︾ ᠪᠣᠯᠤᠨ ᠭᠤᠤᠯᠳᠠᠯᠭ᠎ᠠ ᠲᠠᠢ ᠲᠦᠷᠦᠯ ᠵᠦᠢᠯ ᠎ ᠤᠨ ᠵᠢᠭᠰᠠᠭᠠᠯᠳᠠ ᠶᠢ ᠨᠠᠶᠢᠷᠠᠭᠤᠯᠤᠨ ᠵᠣᠬᠢᠶᠠᠵᠤ᠂ ︽ᠨᠢᠭᠡ ᠠᠵᠤ ᠠᠬᠤᠶᠢᠯᠠᠯ ᠲᠠᠢ ᠨᠢᠭᠡ ᠠᠵᠢᠯ ᠤᠨ ᠪᠠᠭ ᠬᠠᠷᠢᠴᠠᠬᠤ ︾ ᠲᠤᠭᠳᠠᠯᠴᠠᠭ᠎ᠠ ᠶᠢ ᠪᠠᠶᠢᠭᠤᠯᠵᠦ᠂ ︽ᠭᠠᠳᠠᠭᠰᠢ ᠭᠠᠷᠬᠤ᠂ ᠤᠷᠢᠵᠤ ᠠᠪᠴᠢᠷᠠᠬᠤ︾ ᠠᠷᠭ᠎ᠠ ᠶᠢ ᠬᠡᠷᠡᠭᠯᠡᠨ᠂ ᠪᠦᠬᠦ ᠬᠤᠰᠢᠭᠤᠨ ᠤ ᠬᠡᠪᠴᠢᠶᠡᠨ ᠳᠤ 4 ᠤᠳᠠᠭᠠᠨ ᠤ ᠠᠷᠠᠯᠵᠢᠶᠠᠴᠢᠨ ᠤᠷᠢᠬᠤ ᠠᠵᠢᠯᠯᠠᠭ᠎ᠠ ᠡᠷᠬᠢᠯᠡᠵᠦ᠂ 60 ᠠᠵᠤ ᠠᠬᠤᠶᠢᠯᠠᠯ ᠎ ᠲᠠᠢ ᠵᠦᠪᠳᠡᠯᠴᠡᠭᠡᠷ ᠢᠶᠠᠷ ᠳᠠᠮᠵᠢᠨ᠂ 10 ᠲᠦᠷᠦᠯ ᠵᠦᠢᠯ ᠳᠤ ᠭᠡᠷ᠎ᠡ ᠲᠣᠭᠲᠠᠵᠤ᠂ 3 ᠲᠦᠷᠦᠯ ᠵᠦᠢᠯ ᠢ ᠨᠠᠶᠢᠳᠠᠪᠤᠷᠢᠵᠢᠭᠤᠯᠤᠭᠰᠠᠨ ᠪᠥᠭᠡᠳ ᠡᠭᠦᠨ ᠤ ᠳᠣᠲᠤᠷ᠎ᠠ 3 ᠲᠦᠷᠦᠯ ᠵᠦᠢᠯ ᠨᠢ ᠨᠢᠭᠡᠨᠲᠠ ᠠᠵᠢᠯ ᠢᠶᠠᠨ ᠡᠬᠢᠯᠡᠭᠦᠯᠪᠡ᠃ 500 ᠲᠦᠮᠡᠨ ᠲᠥᠭᠦᠷᠢᠭ ᠠᠴᠠ ᠳᠡᠭᠡᠭᠰᠢᠬᠢ ᠪᠡᠯᠡ ᠤᠷᠤᠭᠤᠯᠤᠯᠳᠠ ᠪᠦᠬᠦᠢ ᠤᠯᠤᠰ ᠤᠨ ᠳᠣᠲᠣᠭᠠᠳᠤ  ︵ᠣᠷᠣᠨ ᠤ ᠭᠠᠳᠠᠨ᠎ᠠ︶᠎ ᠶᠢᠨ 7 ᠲᠦᠷᠦᠯ ᠵᠦᠢᠯ ᠢ ᠳᠠᠲᠠᠨ ᠠᠪᠴᠢᠷᠠᠵᠤ᠂ 34.6 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠪᠡ᠃     ᠲᠦᠷᠦᠯ ᠵᠦᠢᠯ ᠤᠨ ᠪᠥᠲᠥᠭᠡᠨ ᠪᠠᠶᠢᠭᠤᠯᠤᠯᠲᠠ ᠪᠠᠷ ᠳᠠᠮᠵᠢᠭᠤᠯᠵᠦ ᠴᠢᠨᠠᠷᠯᠢᠭ ᠬᠥᠭᠵᠢᠯᠲᠡ ᠶᠢ ᠠᠬᠢᠭᠤᠯᠪᠠ᠃ ᠠᠶᠢᠮᠠᠭ ᠤᠨ ᠲᠡᠰ ᠤᠨ 10 ᠭᠤᠣᠯᠳᠠᠯᠭ᠎ᠠ ᠲᠠᠢ ᠲᠦᠷᠦᠯ ᠵᠦᠢᠯ ᠢ ᠪᠦᠬᠦᠨ ᠢ ᠠᠵᠢᠯ ᠡᠬᠢᠯᠡᠭᠦᠯᠦᠨ᠂ ᠬᠤᠰᠢᠭᠤᠨ ᠤ ᠲᠡᠰ ᠎ ᠤᠨ 21 ᠭᠤᠣᠯᠳᠠᠯᠭ᠎ᠠ ᠲᠠᠢ ᠲᠦᠷᠦᠯ ᠵᠦᠢᠯ ᠢ ᠲᠦᠯᠬᠢᠨ ᠠᠬᠢᠭᠤᠯᠵᠤ᠂ ᠠᠵᠢᠯ ᠡᠬᠢᠯᠡᠭᠦᠯᠦᠭᠰᠡᠨ ᠨᠣᠷᠮ᠎ᠠ 95%᠎ ᠳᠤ ᠬᠦᠷᠴᠦ᠂ 36.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ 2023 ᠣᠨ ᠤ ᠠᠶᠢᠮᠠᠭ ᠎ ᠤᠨ ᠲᠠᠰ ᠤᠨ ᠭᠤᠤᠯᠳᠠᠯᠭ᠎ᠠ ᠲᠠᠢ ᠲᠦᠷᠦᠯ ᠵᠦᠢᠯ ᠤᠨ ᠭᠠᠷ ᠭᠦᠢᠴᠡᠳᠬᠡᠯ ᠢ  ︽ᠪᠦᠬᠦᠨ ᠢ ᠣᠯᠭᠤᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠢᠷᠡᠬᠦ ᠵᠢᠯ ᠤᠨ ᠠᠵᠢᠯ ᠢᠶᠠᠨ ᠰᠢᠯᠤᠭᠤᠬᠠᠨ ᠡᠬᠢᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠪᠠ᠃ ᠡᠩ ᠤᠨ ᠵᠢᠭᠡᠯᠡᠯᠭᠡ ᠶᠢᠨ ᠲᠡᠮᠳᠡᠭᠲᠦ᠂ ᠲᠤᠰᠬᠠᠶ ᠵᠦᠶᠯ ᠤᠨ ᠵᠢᠭᠡᠯᠡᠯᠭᠡ ᠶᠢᠨ ᠲᠡᠮᠳᠡᠭᠲᠦ ᠶᠢᠨ ᠲᠦᠷᠦᠯ ᠵᠦᠢᠯ ᠢ ᠨᠢᠭᠡᠳᠦᠯᠲᠡᠶ ᠲᠦᠰᠦᠪᠯᠡᠨ᠂ ᠨᠢᠮᠪᠠᠢ ᠰᠣᠩᠭᠤᠵᠦ ᠡᠷᠡᠮᠡᠯᠵᠡᠯᠡᠬᠦ ᠠᠵᠢᠯ ᠢ ᠰᠠᠶᠢᠳᠦᠷ ᠬᠢᠵᠦ᠂ 14 ᠵᠦᠢᠯ ᠤᠨ ᠲᠦᠷᠦᠯ ᠵᠦᠢᠯ ᠳᠤ 1 ᠳ᠋ᠦᠩᠰᠢᠭᠤᠷ ᠲᠥᠭᠦᠷᠢᠭ ᠤᠨ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠡᠷᠡᠮᠡᠯᠵᠡᠯᠡᠨ ᠣᠯᠪᠠ︔ ᠲᠤᠰᠬᠠᠶ ᠵᠦᠶᠯ ᠤᠨ ᠵᠢᠭᠡᠯᠡᠯᠭᠡ ᠶᠢᠨ ᠲᠡᠮᠳᠡᠭᠲᠦ ᠶᠢᠨ ᠲᠦᠷᠦᠯ ᠵᠦᠢᠯ ᠢ 21 ᠨᠦᠭᠡᠴᠡᠯᠡᠨ᠂ ᠶᠡᠷᠦᠩᠬᠡᠶ ᠪᠠᠯᠠ ᠣᠷᠣᠭᠤᠯᠤᠯᠲᠠ ᠨᠢ 11.5 ᠳ᠋ᠦᠩᠰᠢᠭᠤᠷ ᠲᠥᠭᠦᠷᠢᠭ ᠲᠤ ᠬᠦᠷᠪᠠ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠤᠷᠤᠭᠤᠯᠤᠯᠲᠠ ᠪᠦᠬᠦᠢ 12 ᠲᠦᠷᠦᠯ ᠤᠨ ᠨᠦᠭᠡᠴᠡ ᠲᠦᠷᠦᠯ ᠵᠦᠢᠯ ᠤᠨ ᠪᠡᠯᠡᠳᠬᠡᠯ ᠠᠵᠢᠯ ᠢ ᠤᠷᠤᠭᠰᠢᠳᠠᠢ ᠠᠬᠢᠭᠤᠯᠤᠭᠰᠠᠨ ᠪᠦᠭᠡᠳ ᠡᠳᠡᠭᠡᠷ ᠲᠦᠷᠦᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠨᠢ 40.5 ᠳ᠋ᠦᠩᠰᠢᠭᠤᠷ ᠲᠥᠭᠦᠷᠢᠭ ᠪᠠᠶᠢᠨ᠎ᠠ᠃ ᠮᠠᠨ ᠤ ᠬᠤᠰᠢᠭᠤ ᠨᠢ ︽ᠨᠢᠭᠡ ᠲᠠᠯ᠎ᠠ ᠪᠠᠷ ᠲᠦᠰᠦᠯ ᠢ ᠨᠦᠭᠡᠴᠡᠯᠡᠵᠦ᠂ ᠨᠢᠭᠡ ᠲᠠᠯ᠎ᠠ ᠪᠠᠷ ᠪᠠᠶᠢᠭᠤᠯᠤᠯᠳᠠ ᠬᠢᠬᠦ᠂ ᠨᠢᠭᠡ ᠲᠠᠯ᠎ᠠ ᠪᠠᠷ ᠠᠰᠢᠭᠯᠠᠯᠳᠠ ᠳᠤ ᠤᠷᠤᠭᠤᠯᠬᠤ ︾ ᠠᠵᠢᠯ ᠤᠨ ᠬᠡᠯᠪᠡᠷᠢ ᠶᠢ ᠠᠩᠬ᠎ᠠ ᠠᠯᠬᠤᠮ ᠪᠦᠷᠢᠯᠳᠦᠭᠦᠯᠪᠡ ᠃ ᠠᠷᠠᠯᠵᠢᠶ᠎ᠠ ᠡᠷᠬᠢᠯᠡᠬᠦ ᠣᠷᠴᠢᠨ ᠨᠦᠬᠦᠴᠡᠯ ᠢᠶᠠᠷ ᠴᠢᠨᠠᠷᠯᠢᠭ ᠬᠥᠭᠵᠢᠯᠲᠡ ᠳᠤ ᠬᠦᠴᠦᠨ ᠨᠡᠮᠡᠷᠢᠯᠡᠪᠠ᠃ ᠠᠷᠠᠯᠵᠢᠶ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠣᠨ ᠤ ᠲᠥᠰᠦᠪ ᠢ ᠲᠣᠭᠲᠠᠭᠠᠵᠤ᠂ ᠭᠠᠵᠠᠷ ᠤᠨ ᠲᠠᠰ ᠤᠨ ᠤᠳᠤᠷᠢᠳᠤᠯᠭ᠎ᠠ ᠎ ᠠᠴᠠ ᠳᠠᠭᠠᠭᠠᠴᠢᠯᠠᠨ ᠬᠠᠷᠢᠭᠤᠴᠠᠬᠤ ᠪᠠ  ︽ᠨᠢᠭᠡ ᠲᠦᠷᠦᠯ ᠵᠦᠢᠯ ᠢ ᠨᠢᠭᠡ ᠠᠵᠢᠯ ᠤᠨ ᠪᠠᠭ ᠬᠠᠷᠢᠭᠤᠴᠠᠬᠤ︾ ᠵᠠᠷᠴᠢᠮ ᠢ ᠠᠵᠢᠯ ᠤᠨ ᠪᠥᠬᠦ ᠶᠠᠪᠤᠴᠠ ᠳᠤ ᠲᠤᠤᠱᠯᠠᠭᠤᠯᠪᠠ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠢ ᠠᠰᠢᠭᠯᠠᠯᠲᠠ ᠎ ᠳᠤ ᠣᠷᠣᠭᠤᠯᠤᠨ ᠬᠡᠷᠡᠭᠯᠡᠵᠦ᠂ ᠬᠢᠨᠠᠨ ᠵᠥᠪᠰᠢᠶᠡᠷᠡᠬᠦ ᠵᠦᠶᠯᠡᠰ ᠢ ᠴᠥᠮ  ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ︾ ︽ᠢᠨᠲ᠋ᠧᠷᠨ᠋ᠲ ᠢᠶᠠᠷ ᠭᠦᠶᠴᠡᠳᠬᠡᠬᠦ ︾  ︽ᠲᠤᠰᠬᠠᠢ ᠰᠦᠯᠵᠢᠶᠠᠨ ᠲᠡᠭᠡᠷ᠎ᠡ ᠬᠠᠮᠲᠤ ᠳᠤᠨᠢ ᠭᠦᠶᠴᠡᠳᠬᠡᠬᠦ ︾ ᠠᠵᠢᠯ ᠲᠦᠷᠦᠯ ᠢ ᠨᠠᠶᠢᠳᠠ 1614 ᠵᠦᠶᠯ ᠪᠡᠶᠡᠯᠡᠭᠦᠯᠪᠡ᠂ ᠠᠵᠤ ᠠᠬᠤᠶᠢᠯᠠᠯ ᠡᠷᠭᠢᠯᠡᠨ ᠪᠠᠶᠢᠭᠤᠯᠬᠤ ᠭᠠᠷ ᠭᠦᠢᠴᠡᠳᠬᠡᠯ ᠣᠯᠭᠤᠬᠤ ᠴᠠᠭ ᠢ  ᠬᠠᠭᠠᠰ ᠠᠵᠢᠯᠯᠠᠬᠤ ᠡᠳᠦᠷ ᠪᠣᠯᠲᠠᠯ᠎ᠠ ᠪᠣᠭᠤᠨᠢᠰᠬᠠᠵᠤ᠂ ᠪᠠᠷᠢᠯᠭ᠎ᠠ ᠶᠢᠨ ᠲᠦᠷᠦᠯ ᠵᠦᠢᠯ ᠤᠨ ᠪᠥᠬᠦ ᠬᠢᠨᠠᠨ ᠵᠦᠪᠰᠢᠶᠡᠷᠡᠯ ᠢ ᠣᠯᠭᠤᠬᠤ ᠴᠠᠭ ᠢ 39 ᠠᠵᠢᠯᠯᠠᠬᠤ ᠡᠳᠦᠷ ᠪᠣᠯᠲᠠᠯ᠎ᠠ ᠪᠣᠭᠤᠨᠢᠰᠬᠠᠪᠠ︔ ᠤᠰᠤ᠂ ᠰᠢᠲᠠᠮᠠᠬᠠᠶ ᠬᠡᠶ᠂ ᠳᠤᠯᠠᠭᠠᠯᠠᠭ᠎ᠠ ᠶᠢᠨ ᠬᠢᠨᠠᠨ ᠵᠦᠪᠰᠢᠶᠡᠷᠡᠯ ᠤᠯᠭᠤᠬᠤ ᠴᠠᠭ ᠢ 10 ᠡᠳᠦᠷ ᠤᠨ ᠳᠣᠲᠣᠷ᠎ᠠ ᠬᠢᠵᠠᠭᠠᠷᠯᠠᠪᠠ᠃  ︽12345︾ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠤᠲᠠᠰᠤ ᠪᠠᠷ ᠳᠠᠮᠵᠢᠭᠤᠯᠤᠨ ᠣᠯᠠᠨ ᠲᠦᠮᠡᠨ ᠤ ᠲᠤᠰᠬᠠᠭᠰᠠᠨ 3850 ᠬᠤᠪᠢ ︽ᠪᠠᠴᠢᠮ᠂ ᠶᠠᠭᠠᠷᠠᠤ᠂ ᠬᠦᠴᠢᠷ ᠲᠦᠪᠡᠭ ᠲᠠᠢ᠂ ᠮᠠᠳᠠᠭ ᠲᠠᠢ ︾ ᠠᠰᠠᠭᠤᠳᠠᠯ ᠢ ᠰᠢᠢᠳᠪᠦᠷᠢᠯᠡᠭᠰᠡᠨ ᠪᠦᠭᠡᠳ ᠡᠨᠡ ᠨᠢ ᠠᠳᠠᠯᠢ ᠬᠤᠭᠤᠴᠠᠭᠠᠨ ᠤ ᠬᠢ ᠠᠴᠠ 258%᠎ ᠪᠠᠷ ᠨᠡᠮᠡᠭᠳᠡᠨ᠂ ᠭᠦᠶᠴᠡᠳᠬᠡᠵᠦ ᠳᠠᠭᠤᠰᠬᠠᠬᠤ ᠴᠠᠭ ᠨᠢ ᠤᠤᠯ ᠤᠨ 5 ᠡᠳᠦᠷ ᠪᠠᠶᠢᠭᠰᠠᠨ ᠠᠴᠠ 3.5 ᠡᠳᠦᠷ ᠪᠤᠯᠤᠨ ᠪᠣᠭᠤᠨᠢᠰᠴᠤ᠂ ᠭᠥᠯᠢᠶᠡᠨ ᠠᠪᠤᠭᠰᠠᠨ ᠨᠣᠷᠮ᠎ᠠ᠂ ᠰᠢᠶᠳᠪᠦᠷᠢᠯᠡᠭᠰᠡᠨ ᠨᠣᠷᠮ᠎ᠠ᠂ ᠬᠠᠨᠤᠮᠵᠢᠲᠠᠶ ᠪᠠᠶᠢᠬᠤ ᠨᠣᠷᠮ᠎ᠠ ᠲᠣᠰ ᠲᠣᠰ 100%᠂ 97.6% ᠪᠠ 99.9%᠎ ᠳᠤ ᠬᠦᠷᠴᠦ᠂ 2021 ᠣᠨ ᠤ ᠬᠢ ᠠᠴᠠ ᠲᠣᠰ ᠲᠣᠰ 3.4%᠂ 2.96% ᠪᠠ 3.8%᠎ ᠪᠠᠷ ᠨᠡᠮᠡᠭᠳᠡᠪᠡ᠃ ᠳᠤᠮᠳᠠ ᠵᠢᠵᠢᠭ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠦᠷᠢ ᠦᠭᠴᠡᠭᠡ ᠶᠢ ᠰᠢᠢᠳᠪᠦᠷᠢᠯᠡᠬᠦ ᠠᠵᠢᠯ ᠎ ᠢ ᠰᠠᠶᠢᠨ ᠬᠢᠵᠦ᠂ ᠡᠳ᠋ ᠤᠨ ᠬᠦᠴᠦᠨ ᠲᠤᠶᠢᠯ ᠤᠨ ᠬᠦᠴᠢᠷᠲᠠᠢ ᠪᠠᠶᠢᠳᠠᠯ ᠳᠣᠤᠷ᠎ᠠ 1.03 ᠳ᠋ᠦᠩᠰᠢᠭᠤᠷ ᠲᠥᠭᠦᠷᠢᠭ ᠤᠨ ᠥᠷᠢ ᠶᠢ ᠲᠦᠯᠦᠪᠡ᠃ ᠰᠢᠨᠵᠢᠯᠡᠭᠡ ᠮᠡᠷᠭᠡᠵᠢᠯ ᠤᠨ ᠡᠭᠦᠳᠦᠯᠳᠡ ᠰᠢᠨᠡᠴᠢᠯᠡᠯᠳᠡ ᠪᠠᠷ ᠬᠦᠳᠡᠯᠭᠡᠬᠦ ᠬᠦᠴᠦᠨ ᠪᠣᠯᠭᠠᠬᠤ ᠠᠵᠢᠯ ᠢ ᠴᠢᠬᠤᠯᠠᠴᠢᠯᠠᠵᠦ᠂ ᠠᠶᠢᠮᠠᠭ ᠤᠨ ᠲᠡᠰ ᠤᠨ ᠮᠡᠷᠭᠡᠵᠢᠯ ᠤᠨ ᠲᠦᠷᠦᠯ ᠵᠦᠢᠯ 1 ᠨᠡᠷ᠎ᠡ᠂  ᠳᠡᠭᠡᠳᠦ ᠰᠢᠨ᠎ᠡ ᠮᠡᠷᠭᠡᠵᠢᠯ ᠎ ᠤᠨ ᠠᠵᠤ ᠠᠬᠤᠶᠢᠯᠠᠯ2 ᠨᠡᠷ᠎ᠡ ᠶᠢ ᠡᠷᠡᠮᠡᠯᠵᠡᠯᠡᠨ ᠮᠡᠳᠡᠭᠦᠯᠵᠦ᠂ 3 ᠰᠢᠨᠵᠢᠯᠡᠭᠡ ᠮᠡᠷᠭᠡᠵᠢᠯ ᠤᠨ ᠠᠵᠤ ᠠᠬᠤᠶᠢᠯᠠᠯ ᠢ ᠬᠢᠨᠠᠨ ᠦᠨᠡᠯᠡᠵᠦ ᠲᠦᠷᠦᠯ ᠵᠦᠢᠯ ᠤᠨ ᠬᠦᠮᠦᠷᠭᠡ ᠳᠤ ᠣᠷᠣᠭᠤᠯᠪᠠ᠃ᠪᠦᠬᠦ ᠲᠠᠯ᠎ᠠ ᠪᠠᠷ ᠴᠡᠭᠴᠡᠯᠡᠵᠦ ᠴᠡᠪᠡᠷᠯᠡᠬᠦ ᠪᠠᠷ ᠴᠢᠨᠠᠷᠯᠢᠭ ᠬᠥᠭᠵᠢᠯᠲᠡ ᠶᠢ ᠪᠠᠲᠤᠯᠠᠪᠠ᠃ ᠬᠢᠨᠠᠨ ᠵᠦᠪᠰᠢᠶᠡᠷᠡᠭᠦᠯᠬᠦ ᠪᠠᠷ ᠪᠠᠶᠢᠭ᠎ᠠ ᠲᠦᠷᠦᠯ ᠵᠦᠢᠯ᠂ ᠠᠰᠢᠭᠯᠠᠭ᠎ᠠ ᠦᠬᠡᠢ ᠰᠤᠯᠠ ᠭᠠᠵᠠᠷ᠂ ᠰᠤᠯᠠ ᠪᠡᠯᠡ ᠮᠥᠩᠭᠦ᠂  ︽ᠲᠤᠷᠭᠤᠨ ᠵᠤᠭᠰᠤᠭᠰᠠᠨ︾ ᠪᠠᠷᠢᠯᠭ᠎ᠠ ᠪᠠᠶᠢᠭᠤᠯᠤᠯᠳᠠ᠂ ᠨᠡᠭᠡᠭᠡᠯᠲᠡ ᠶᠢᠨ ᠲᠤᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ︽ᠲᠠᠪᠤ ᠶᠢ ᠲᠤᠶᠢᠯᠪᠤᠷᠢᠳᠠᠢ ᠪᠠᠶᠢᠴᠠᠭᠠᠬᠤ︾ᠲᠤᠰᠬᠠᠶ ᠵᠦᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠵᠥᠪᠰᠢᠶᠡᠷᠡᠬᠦ ᠶᠢ ᠬᠦᠯᠢᠶᠡᠵᠦ ᠪᠠᠶᠢᠭ᠎ᠠ᠂ ᠨᠥᠬᠦᠵᠦ ᠵᠥᠪᠰᠢᠶᠡᠷᠡᠬᠦ ᠴᠢᠬᠤᠯᠠᠲᠠᠢ 14 ᠲᠦᠷᠦᠯ ᠵᠦᠢᠯ ᠤᠨ 22 ᠵᠦᠢᠯ ᠤᠨ ᠭᠠᠷᠳᠠᠮ ᠢ ᠪᠦᠬᠦᠨ ᠢ ᠭᠦᠢᠴᠡᠳᠬᠡᠵᠦ ᠳᠠᠭᠤᠰᠬᠠᠪᠠ︔ ᠵᠥᠪᠰᠢᠶᠡᠷᠡᠭᠰᠡᠨ ᠪᠣᠯᠪᠠᠴᠤ ᠦᠭᠭᠦᠭᠡᠳᠦᠢ ᠪᠠᠶᠢᠭᠰᠠᠨ 40.23 ᠾᠧᠺᠲ᠋ᠠᠷ ᠭᠠᠵᠠᠷ ᠰᠢᠷᠣᠶ ᠶᠢ ᠰᠢᠢᠳᠪᠦᠷᠢᠯᠵᠦ᠂ ᠰᠤᠯᠠ ᠪᠠᠶᠢᠭ᠎ᠠ 7.32 ᠾᠧᠺᠲ᠋ᠠᠷ ᠭᠠᠵᠠᠷ ᠰᠢᠷᠣᠶ ᠶᠢ ᠴᠡᠭᠴᠡᠯᠡᠵᠦ᠂ ᠣᠨ ᠤ ᠡᠭᠦᠷᠭᠡ ᠪᠠᠨ 105% ᠪᠠ 107.5%᠎ ᠪᠠᠷ ᠲᠣᠰ ᠲᠣᠰ ᠪᠡᠶᠡᠯᠡᠭᠦᠯᠪᠡ︔ 2011.7 ᠲᠦᠮᠡᠨ ᠲᠥᠭᠦᠷᠢᠭ ᠲᠤᠨᠤᠮᠠᠯ ᠪᠡᠯᠡ ᠮᠥᠩᠭᠦ ᠶᠢ ᠬᠤᠷᠢᠶᠠᠪᠠ︔  ︽ᠲᠤᠷᠭᠤᠨ ᠵᠤᠭᠰᠤᠭᠰᠠᠨ︾ 2 ᠪᠠᠷᠢᠯᠭ᠎ᠠ ᠶᠢᠨ ᠢᠨᠵᠧᠨᠧᠷᠢᠩ ᠢ ᠴᠡᠭᠴᠡᠯᠡᠨ᠂ 2023 ᠣᠨ ᠤ 4 ᠰᠠᠷ᠎ᠠ ᠳᠤ ᠠᠵᠢᠯ ᠢᠶᠠᠨ ᠰᠡᠷᠭᠦᠭᠡᠬᠦ ᠪᠠᠷ ᠲᠥᠯᠥᠪᠯᠡᠵᠦ ᠪᠠᠶᠢᠨ᠎ᠠ︔ ᠱᠠᠩᠳᠤ ᠠᠵᠤ ᠦᠢᠯᠡᠰ ᠤᠨ ᠬᠦᠷᠢᠶᠠᠯᠠᠩ ᠤᠨ ᠦᠢᠯᠡᠳᠪᠦᠷᠢᠯᠡᠯ ᠵᠣᠭᠰᠣᠭᠰᠠᠨ 2 ᠠᠵᠤ ᠠᠬᠤᠶᠢᠯᠠᠯ ᠤᠨ ᠰᠤᠯᠠ ᠬᠥᠷᠥᠩᠭᠡ ᠶᠢ ᠠᠮᠢᠯᠠᠭᠤᠯᠪᠠ᠃  ᠨᠡᠭᠡᠭᠡᠯᠳᠡ ᠶᠢᠨ ᠲᠤᠭᠤᠷᠢᠭ ᠲᠤ ᠦᠯᠢᠭᠡᠷ ᠵᠢᠱᠢᠶ᠎ᠡ ᠪᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ 4 ᠲᠠᠯ᠎ᠠ ᠶᠢᠨ 9 ᠵᠦᠢᠯ ᠤᠨ ᠠᠰᠠᠭᠤᠳᠠᠯ ᠢ ᠪᠦᠬᠦᠨ ᠢ ᠰᠢᠢᠳᠪᠦᠷᠢᠯᠡᠪᠡ᠃ ᠠᠮᠤ ᠪᠤᠳᠠᠭ᠎ᠠ ᠨᠥᠭᠡᠴᠡᠯᠡᠬᠦ ᠪᠠ ᠪᠣᠷᠣᠯᠠᠭᠤᠯᠬᠤ ᠠᠵᠢᠯ ᠲᠦᠷᠦᠯ ᠤᠨ ᠲᠤᠭᠤᠷᠢᠨ ᠳᠠᠬᠢ 16 ᠵᠦᠢᠯ ᠤᠨ ᠢᠯᠵᠠᠷᠠᠯ ᠤᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠠᠪᠤᠭᠳᠠᠭᠤᠯᠵᠤ ᠬᠤᠯᠪᠤᠭᠳᠠᠬᠤ ᠠᠰᠠᠭᠤᠳᠠᠯ ᠢ ᠪᠦᠬᠦᠨ ᠢ ᠴᠡᠭᠴᠡᠯᠡᠵᠦ ᠳᠠᠭᠤᠰᠬᠠᠪᠠ ᠃ ᠨᠢᠭᠡ ᠵᠢᠯ ᠤᠨ ᠲᠤᠷᠰᠢ᠂ ᠪᠢᠳᠠ ᠴᠢᠨᠠᠷ ᠢ ᠳᠡᠭᠡᠭᠰᠢᠯᠡᠭᠦᠯᠵᠦ ᠠᠰᠢᠭ ᠢ ᠨᠡᠮᠡᠭᠳᠡᠭᠦᠯᠬᠦ ᠲᠠᠯ᠎ᠠ ᠪᠠᠷ ᠴᠢᠩᠭ᠎ᠠ ᠠᠳᠬᠤᠵᠤ᠂ ᠠᠵᠤ ᠦᠢᠯᠡᠰ ᠤᠨ ᠬᠥᠭᠵᠢᠯᠲᠡ ᠶᠢᠨ ᠬᠦᠳᠡᠯᠭᠡᠭᠴᠢ ᠬᠦᠴᠦᠨ ᠢ ᠦᠷᠭᠦᠯᠵᠢᠯᠡᠨ ᠨᠡᠮᠡᠭᠳᠡᠭᠦᠯᠪᠠᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠳᠡᠰ ᠳᠡᠪᠰᠢᠬᠦ ᠶᠢ ᠲᠦᠯᠬᠢᠨ ᠠᠬᠢᠭᠤᠯᠪᠠ᠃  ︽ᠬᠤᠯᠠᠨ ᠰᠢᠷᠭ᠎ᠠ ᠲᠠᠭ᠎ᠠ ᠶᠢᠨ ᠡᠯᠡᠰᠤ ᠮᠠᠩᠬ᠎ᠠ ᠶᠢ ᠶᠡᠷᠦᠩᠬᠡᠶᠢᠯᠡᠨ ᠵᠠᠰᠠᠬᠤ ᠠᠵᠤ ᠦᠶᠯᠡᠰ ᠤᠨ ᠬᠥᠭᠵᠢᠯᠲᠡ ᠶᠢᠨ ᠲᠦᠷᠦᠯ ᠵᠦᠢᠯ︾᠎ ᠢ ᠭᠦᠨᠵᠡᠭᠡᠶ ᠬᠡᠷᠡᠭᠵᠢᠭᠦᠯᠵᠦ᠂ ᠣᠷᠣᠨ ᠤ ᠲᠠᠰ ᠤᠨ ᠮᠢᠬᠠᠨ ᠤ ᠦᠬᠡᠷ ᠤᠨ ᠤᠳᠤᠬᠢᠴᠢᠯᠠᠭᠰᠠᠨ ᠠᠵᠤ ᠦᠶᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠪᠠ᠃ ᠵᠣᠨ ᠤ ᠲᠣᠭᠠᠯᠠᠯᠭ᠎ᠠ ᠶᠢᠨ ᠮᠠᠯ ᠎ ᠤᠨ ᠶᠡᠷᠦᠩᠬᠡᠶ ᠲᠤᠭ᠎ᠠ ᠲᠣᠯᠣᠭᠠᠶ 64.6 ᠲᠦᠮᠡ ᠳᠤ ᠬᠦᠷᠴᠦ᠂ ᠮᠠᠯ ᠤᠨ ᠭᠠᠷᠭᠠᠯᠲᠠ 29.5 ᠲᠦᠮᠡᠨ ᠲᠤᠯᠤᠭᠠᠢ ᠳᠤ ᠬᠦᠷᠴᠦ᠂ ᠮᠢᠬᠠᠨ ᠤ ᠦᠬᠡᠷ ᠤᠨ ᠡᠭᠦᠯᠳᠡᠷ ᠰᠠᠶᠢᠵᠢᠷᠠᠭᠤᠯᠤᠭᠰᠠᠨ ᠨᠤᠷᠮ᠎ᠠ᠂ ᠡᠬᠡ ᠮᠠᠯ ᠤᠨ ᠡᠵᠡᠯᠡᠬᠦ ᠨᠤᠷᠮ᠎ᠠ ᠪᠠ ᠲᠥᠯ ᠪᠤᠶᠢᠵᠢᠯᠲᠠ ᠶᠢᠨ ᠨᠣᠷᠮ᠎ᠠ ᠲᠣᠰ ᠲᠣᠰ 96%᠂ 64.8% ᠪᠠ 84.8%᠎ ᠳᠤ ᠬᠥᠷᠪᠡ᠃ ᠼᠤᠤ ᠳ᠋ᠦ᠋ ᠪᠦᠯᠦᠭᠯᠡᠯ᠂ ᠵᠦᠩ ᠨᠦᠩ ᠸᠠᠨ ᠵᠦᠩ ᠢ ᠰᠢᠨ᠂ ᠢ ᠮᠦ ᡁᠢ ᠯᠢᠶᠠᠨ ᠵᠡᠷᠭᠡ ᠠᠵᠤ ᠠᠬᠤᠶᠢᠯᠠᠯ ᠢ ᠣᠷᠣᠭᠤᠯᠵᠤ᠂ ᠡᠪᠡᠰᠦ ᠪᠣᠷᠳᠤᠭ᠎ᠠ ᠬᠠᠩᠭᠠᠬᠤ᠂ ᠬᠠᠰᠢᠶᠠᠯᠠᠵᠦ ᠪᠤᠷᠳᠤᠬᠤ᠂ ᠠᠷᠠᠯᠵᠢᠶᠠᠯᠠᠨ ᠪᠣᠷᠣᠯᠠᠭᠤᠯᠬᠤ ᠵᠡᠷᠭᠡ ᠠᠵᠤ ᠦᠢᠯᠡᠰ ᠤᠨ ᠬᠡᠯᠬᠢᠶᠡᠨ ᠳᠠᠬᠢ ᠵᠠᠩᠭᠢᠯᠠᠭ᠎ᠠ ᠶᠢᠨ ᠭᠤᠭᠴᠤᠭ᠎ᠠ ᠶᠢ ᠴᠢᠩᠭᠠᠳᠬᠠᠵᠤ᠂ ᠮᠠᠯ ᠤᠨ ᠢᠯᠭᠠᠳᠠᠰᠤ ᠶᠢ ᠡᠬᠢ ᠪᠠᠶᠠᠯᠢᠭ ᠪᠣᠯᠭᠠᠨ ᠠᠰᠢᠭᠯᠠᠬᠤ ᠨᠣᠷᠮ᠎ᠠ ᠳᠣᠣᠷ᠎ᠠ᠂ ᠣᠶᠤᠨᠴᠢᠯᠠᠭᠰᠠᠨ ᠦᠢᠯᠡᠴᠢᠯᠡᠭᠡᠨ ᠤ ᠰᠢᠰᠲ᠋ᠧᠮ ᠲᠡᠭᠦᠯᠳᠡᠷ ᠪᠤᠰᠤ ᠵᠡᠷᠭᠡ ᠠᠰᠠᠭᠤᠳᠠᠯ ᠢ ᠰᠢᠢᠳᠪᠦᠷᠢᠯᠡᠪᠠ᠃ ᠤᠳᠤᠬᠢᠴᠢᠯᠠᠭᠰᠠᠨ ᠮᠢᠬᠠᠨ ᠤ ᠦᠬᠡᠷ ᠤᠨ ᠠᠵᠤ ᠦᠶᠯᠡᠰ ᠤᠨ ᠬᠦᠷᠢᠶᠡᠯᠡᠩ ᠤᠨ ᠲᠦᠷᠦᠯ ᠵᠦᠢᠯ ᠳᠤ ᠬᠤᠯᠪᠤᠭᠳᠠᠭᠤᠯᠵᠤ 500 ᠲᠦᠮᠡᠨ ᠲᠥᠭᠦᠷᠢᠭ ᠤᠨ ᠵᠢᠭᠡᠯᠡᠯᠭᠡ ᠶᠢᠨ ᠬᠦᠦ ᠮᠦᠩᠭᠦᠨ ᠤ ᠨᠥᠬᠦᠪᠦᠷᠢ ᠪᠠᠭᠤᠯᠭᠠᠬᠤ ᠪᠠᠷ ᠲᠤᠭᠳᠠᠭᠰᠠᠨ ᠪᠦᠭᠡᠳ ᠪᠣᠷᠳᠣᠬᠤ᠂ ᠪᠣᠯᠪᠠᠰᠤᠷᠠᠭᠤᠯᠬᠤ ᠭᠤᠭᠴᠤᠭ᠎ᠠ ᠳᠤ ᠬᠡᠷᠡᠭᠯᠡᠨ᠂  ᠮᠠᠯᠴᠢᠳ ᠢ ᠵᠢᠯᠤᠭᠤᠳᠤᠨ ᠦᠵᠡᠯᠲᠡ ᠲᠠᠨᠢᠯᠲᠠ ᠶᠢ ᠨᠢ ᠬᠤᠪᠢᠷᠠᠭᠤᠯᠵᠤ᠂ ᠠᠵᠤ ᠦᠶᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠲᠤᠲᠠᠭᠳᠠᠯ ᠢ ᠬᠦᠴᠦᠯᠡᠨ ᠨᠥᠬᠦᠪᠦᠷᠢᠯᠡᠬᠦ ᠪᠠᠷ ᠴᠢᠷᠮᠠᠶᠢᠪᠠ᠃ ᠮᠠᠯᠴᠢᠳ ᠬᠢᠭᠡᠳ ᠠᠵᠤ ᠠᠬᠤᠶᠢᠯᠠᠯ ᠤᠨ ᠠᠰᠢᠭ ᠲᠤᠰᠠ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠡᠷ ᠪᠦᠯᠢ ᠶᠢᠨ ᠮᠠᠯᠵᠢᠯ ᠤᠨ ᠲᠠᠯᠠᠪᠠᠢ 34 ᠡᠷᠦᠬᠡ᠂ ᠵᠢᠱᠢᠶ᠎ᠡ ᠦᠵᠡᠭᠦᠯᠬᠦ ᠬᠤᠷᠰᠢᠶᠠᠵᠢᠯ 4 ᠡᠷᠦᠬᠡ ᠎ ᠶᠢ ᠪᠠᠶᠢᠭᠤᠯᠪᠠ᠃ ᠣᠳᠣ ᠪᠣᠯᠬᠤ ᠳᠤ ᠮᠢᠬᠠᠨ ᠤ ᠦᠬᠡᠷ ᠤᠨ ᠭᠤᠤᠯᠳᠠᠯᠭᠠᠲᠤ ᠰᠦᠷᠦᠭ 62᠎ ᠳᠤ ᠬᠦᠷᠴᠦ᠂ ᠠᠶᠢᠮᠠᠭ ᠤᠨ ᠳᠡᠰ ᠠᠴᠠ ᠳᠡᠭᠡᠭᠰᠢᠬᠢ ᠲᠣᠯᠣᠭᠠᠶᠢᠯᠠᠭᠴᠢ ᠠᠵᠤ ᠠᠬᠤᠶᠢᠯᠠᠯ 9᠎ ᠳᠤ ᠬᠦᠷᠪᠡ᠃  ᠰᠦᠨ ᠤ ᠦᠶᠯᠡᠰ ᠢ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠯᠠᠪᠳᠠᠭᠤᠨ ᠢᠶᠠᠷ ᠠᠬᠢᠭᠤᠯᠵᠤ᠂ ᠢ ᠯᠢ ᠰᠠᠭᠠᠯᠢ ᠶᠢᠨ ᠦᠨᠢᠶ᠎ᠡ ᠮᠠᠯᠵᠢᠬᠤ ᠲᠠᠯᠠᠪᠠᠶ ᠶᠢᠨ ᠲᠦᠷᠦᠯ ᠵᠦᠢᠯ ᠤᠨ ᠪᠡᠯᠡᠳᠬᠡᠯ ᠠᠵᠢᠯ ᠢ ᠤᠷᠤᠭᠰᠢᠲᠠᠶ ᠠᠬᠢᠭᠤᠯᠤᠭᠰᠠᠨ ᠪᠦᠭᠡᠳ ᠡᠨᠡ ᠵᠢᠯ  ︽ᠴᠠᠭᠠᠨ ᠢᠳᠡᠭᠡᠨ ᠤ ᠨᠠᠶᠢᠷ︾᠎ ᠤᠨ ᠰᠢᠷᠢᠰ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ᠃ ᠳᠤᠮᠳᠠ᠂ ᠪᠠᠭ᠎ᠠ ᠬᠡᠪᠴᠢᠶᠠᠨ ᠤ ᠮᠠᠯᠵᠢᠯ ᠤᠨ ᠲᠠᠯᠠᠪᠠᠢ ᠶᠢ ᠳᠡᠰ ᠳᠡᠪᠰᠢᠭᠦᠯᠦᠨ ᠥᠭᠡᠷᠡᠴᠢᠯᠡᠬᠦ ᠴᠡᠭ ᠵᠢᠴᠢ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡ ᠪᠣᠯᠪᠠᠰᠤᠷᠠᠭᠤᠯᠬᠤ ᠪᠠᠷᠢᠮᠵᠢᠶᠠᠵᠢᠭᠰᠠᠨ ᠲᠤᠷᠰᠢᠯᠲᠠ ᠶᠢᠨ ᠴᠢᠭ ᠢ ᠲᠣᠰᠪᠣᠷᠢ 9᠎ ᠶᠢ ᠦᠭᠡᠷᠡᠴᠢᠯᠡᠪᠠ᠃ ᠾᠧᠰᠲ᠋ᠠᠨ ᠰᠠᠭᠠᠯᠢ ᠶᠢᠨ ᠦᠨᠢᠶ᠎ᠡ 4150 ᠲᠣᠯᠣᠭᠠᠶ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.3%᠎ ᠪᠠᠷ ᠨᠡᠮᠡᠭᠳᠡᠪᠡ︔ ᠵᠢᠯ ᠤᠨ ᠰᠦᠨ ᠤ ᠭᠠᠷᠤᠯᠲᠠ 1.5 ᠲᠦᠮᠡᠨ ᠲᠤᠨ ᠬᠦᠷᠴᠦ᠂ ᠠᠳᠠᠯᠢ ᠬᠤᠭᠤᠴᠠᠭᠠᠨ ᠤ ᠬᠢ ᠠᠴᠠ 13.1%᠎ ᠪᠠᠷ ᠨᠡᠮᠡᠭᠳᠡᠪᠡ᠃ ᠴᠠᠭᠠᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠠᠵᠢᠯ ᠢ ᠴᠢᠩᠭᠠᠳᠬᠠᠵᠤ᠂ ᠣᠷᠣᠨ ᠨᠤᠲᠤᠭ ᠤᠨ ᠣᠨᠴᠠᠯᠢᠭ ᠲᠠᠢ ᠴᠠᠭᠠᠨ ᠢᠳᠡᠭᠡ ᠶᠢ ᠰᠢᠯᠭᠠᠨ ᠪᠠᠶᠢᠴᠠᠭᠠᠬᠤ ᠲᠥᠪ ᠢ ᠪᠠᠶᠢᠭᠤᠯᠵᠤ᠂ ᠰᠦ᠂ ᠰᠦᠨ ᠪᠦᠲᠦᠭᠡᠭᠳᠡᠬᠦᠨ ᠢ 1500  ᠤᠳᠠᠭ᠎ᠠ ᠰᠢᠯᠭᠠᠨ ᠪᠠᠶᠢᠴᠠᠭᠠᠪᠠ᠃ ᠲᠠᠷᠢᠮᠠᠯ ᠤᠨ ᠦᠶᠯᠡᠰ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠮᠤ ᠪᠤᠳᠠᠭᠠᠨ ᠤ ᠲᠠᠷᠢᠮᠠᠯ ᠪᠠ ᠠᠵᠤ ᠠᠬᠤᠶ ᠶᠢᠨ ᠲᠠᠷᠢᠮᠠᠯ᠂ ᠪᠤᠷᠳᠤᠭᠠᠨ ᠲᠠᠯᠠᠪᠠᠢ ᠶᠢᠨ ᠡᠵᠡᠯᠡᠬᠦ ᠬᠠᠷᠢᠴᠠᠯ ᠲᠤᠰ ᠲᠤᠰ 58᠄ 12᠄ 30  ᠪᠣᠯᠤᠭᠰᠠᠨ ᠪᠦᠭᠡᠳ ᠥᠨᠳᠥᠷ ᠤᠨᠠᠯᠳᠠᠲᠤ ᠲᠠᠷᠢᠶᠠᠨ ᠭᠠᠵᠠᠷ ᠢ 1 ᠲᠦᠮᠡᠨ ᠮᠥ ᠪᠦᠲᠦᠭᠡᠨ ᠪᠠᠶᠢᠭᠤᠯᠵᠤ᠂ ᠲᠠᠷᠢᠮᠠᠯ ᠳᠠᠷᠢᠬᠤ ᠲᠠᠯᠠᠪᠠᠶ 38.08 ᠲᠦᠮᠡᠨ ᠮᠥ ᠳᠤ ᠬᠦᠷᠪᠡ᠃ ᠪᠥᠬᠦ ᠤᠯᠤᠰ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠤᠷᠤᠭᠰᠢᠲᠠᠶ ᠥᠷᠨᠢᠭᠦᠯᠵᠦ᠂ ᠬᠤᠵᠢᠷᠯᠢᠭ ᠭᠠᠵᠠᠷ ᠢ ᠨᠡᠶᠢᠳᠡᠮ ᠪᠠᠶᠢᠴᠠᠭᠠᠬᠤ ᠠᠵᠢᠯ ᠢ ᠠᠮᠵᠢᠯᠳᠠᠳᠠᠢ ᠪᠡᠶᠡᠯᠡᠭᠦᠯᠪᠠ᠃  ᠦᠶᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠢ ᠠᠬᠢᠭᠤᠯᠪᠠ᠃ ᠪᠦᠬᠦ ᠵᠢᠯ ᠳᠤ ᠠᠵᠤ ᠦᠶᠯᠡᠳᠪᠦᠷᠢ ᠶᠢᠨ ᠲᠣᠭᠲᠠᠮᠠᠯ ᠪᠡᠯᠡ ᠣᠷᠣᠭᠤᠯᠤᠯᠲᠠ ᠶᠢ 35.2 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠵᠢᠱᠢᠵᠦ᠂ 47%᠎ ᠪᠠᠷ ᠨᠡᠮᠡᠭᠳᠡᠭᠦᠯᠪᠠ︔ 13 ᠡᠷᠦᠬᠡ  ᠬᠡᠪᠴᠢᠶᠠᠨ ᠠᠴᠠ ᠳᠡᠭᠡᠭᠰᠢᠬᠢ ᠠᠵᠤ ᠠᠬᠤᠶᠢᠯᠠᠯ ᠨᠢ 61.5 ᠳ᠋ᠦᠩᠰᠢᠭᠤᠷ ᠲᠥᠭᠦᠷᠢᠭ ᠎ ᠤᠨ ᠦᠢᠯᠡᠳᠪᠦᠷᠢᠯᠡᠯ ᠤᠨ ᠥᠷᠲᠡᠭ ᠢ ᠪᠡᠶᠡᠯᠡᠭᠦᠯᠵᠦ᠂ 30.3%᠎ ᠪᠠᠷ ᠨᠡᠮᠡᠭᠳᠡᠪᠡ᠂ ᠡᠭᠦᠨ ᠳᠤ᠄ ᠱᠠᠩᠳᠤ ᠴᠠᠬᠢᠯᠭᠠᠨ ᠤ ᠦᠶᠯᠡᠳᠪᠦᠷᠢ ᠵᠢᠱᠢᠯᠲᠡ ᠪᠠᠷ 168 ᠳ᠋ᠦᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠵᠤ᠂ 5.3%᠎ ᠪᠠᠷ ᠨᠡᠮᠡᠭᠳᠡᠵᠦ᠂ 59 ᠳ᠋ᠦᠩᠰᠢᠭᠤᠷ ᠲᠥᠭᠦᠷᠢᠭ ᠤᠨ ᠦᠢᠯᠡᠳᠪᠦᠷᠢᠯᠡᠯ ᠤᠨ ᠥᠷᠲᠡᠭ ᠢ ᠪᠡᠶᠡᠯᠡᠭᠦᠯᠪᠡ︔ 7 ᠰᠢᠨ᠎ᠡ ᠡᠨᠧᠷᠭᠢ ᠶᠢᠨ ᠠᠵᠤ ᠠᠬᠤᠶᠢᠯᠠᠯ ᠵᠢᠱᠢᠯᠲᠡ ᠪᠠᠷ 10.1 ᠳ᠋ᠦᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠵᠤ᠂ 1.4 %᠎ ᠪᠠᠷ ᠨᠡᠮᠡᠭᠳᠡᠵᠦ᠂ 2.02 ᠳ᠋ᠦᠩᠰᠢᠭᠤᠷ ᠲᠥᠭᠦᠷᠢᠭ ᠤᠨ ᠦᠢᠯᠡᠳᠪᠦᠷᠢᠯᠡᠯ ᠤᠨ ᠥᠷᠲᠡᠭ ᠢ ᠪᠡᠶᠡᠯᠡᠭᠦᠯᠪᠠ᠃ ᠥᠪᠡᠷᠲᠡᠭᠡᠨ ᠵᠠᠰᠠᠬᠤ ᠣᠷᠣᠨ ᠤ  ︽ᠰᠢᠨ᠎ᠡ ᠡᠨᠧᠷᠭᠢ ᠶᠢ ᠬᠦᠭᠵᠢᠭᠦᠯᠬᠦ ᠢᠨᠵᠧᠨᠧᠷᠢᠩ ︾᠎ ᠢ ᠬᠡᠷᠡᠭᠵᠢᠭᠦᠯᠬᠦ ᠠᠰᠢᠭᠲᠠᠶ ᠲᠣᠬᠢᠶᠠᠯ ᠢ ᠠᠰᠢᠭᠯᠠᠨ᠂ ᠰᠢᠨ᠎ᠡ ᠡᠨᠧᠷᠭᠢ ᠎ ᠶᠢᠨ ᠠᠵᠤ ᠦᠶᠯᠡᠰ ᠤᠨ ᠲᠦᠷᠭᠡᠨ ᠬᠥᠭᠵᠢᠯᠲᠡ ᠶᠢ ᠠᠬᠢᠭᠤᠯᠵᠤ᠂ ᠱᠠᠩᠳᠤ ᠳᠠᠬᠢ ᠵᠠᠭᠤᠨ ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠰᠠᠭᠤᠷᠢᠨ ᠭᠠᠵᠠᠷ ᠤᠨ ᠲᠥᠷᠥᠯ ᠵᠦᠶᠯ᠂ ᠲᠠᠩ ᠾᠧ 20 ᠲᠦᠮᠡᠨ ᠺᠢᠯᠣᠸᠠᠲ ᠎ ᠤᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠲᠥᠷᠥᠯ ᠵᠦᠶᠯ ᠤᠨ ᠲᠦᠷᠦᠭᠦᠦ ᠪᠦᠯᠦᠭ ᠮᠠᠰᠢᠨ ᠴᠣᠭᠴᠠᠯᠠᠪᠤᠷᠢ ᠶᠢᠨ ᠴᠠᠬᠢᠯᠭᠠᠨ ᠭᠠᠷᠭᠠᠯᠳᠠ ᠶᠢ ᠪᠡᠶᠡᠯᠡᠭᠦᠯᠵᠦ᠂ ᠮᠢᠩ ᠶᠠᠩ᠂ ᠵᠥᠩ ᠭᠤᠸᠠᠩ ᠾᠧ ᠨᠢᠭᠡᠳᠦᠭᠡᠷ ᠂ ᠬᠤᠶᠠᠳᠤᠭᠠᠷ ᠬᠤᠭᠤᠴᠠᠭᠠᠨ ᠎ ᠤ 1 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠲᠥᠷᠥᠯ ᠵᠦᠶᠯ ᠢ ᠪᠠᠶᠢᠭᠤᠯᠤᠨ ᠳᠠᠭᠤᠰᠬᠠᠵᠤ᠂ ᠺᠦᠨ ᠢᠦ᠋ᠶ 1 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠲᠥᠷᠥᠯ ᠵᠦᠶᠯ ᠤᠨ ᠭᠤᠤᠯ ᠪᠠᠷᠢᠯᠭ᠎ᠠ ᠶᠢ ᠲᠠᠭᠤᠰᠬᠠᠭᠰᠠᠨ ᠪᠦᠭᠡᠳ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠶᠡᠷᠦᠩᠬᠡᠶ ᠴᠠᠬᠢᠯᠭᠠᠨ ᠬᠦᠴᠦᠨ ᠤ ᠬᠡᠮᠵᠢᠶ᠎ᠠ ᠨᠢ 189 ᠲᠦᠮᠡᠨ ᠺᠢᠯᠣᠸᠠᠲ ᠲᠤ ᠬᠥᠷᠪᠡ ᠃ ᠶᠦᠨ ᠳ᠋ᠠ ᠰᠠᠯᠬᠢᠨ ᠬᠦᠴᠦᠨ ᠤ ᠲᠥᠬᠦᠭᠡᠷᠦᠮᠵᠢ ᠶᠢ ᠡᠬᠢ ᠪᠠᠶᠠᠯᠢᠭ ᠪᠤᠯᠭᠠᠨ ᠠᠰᠢᠭᠯᠠᠬᠤ ᠰᠠᠭᠤᠷᠢᠨ ᠭᠠᠵᠠᠷ ᠤᠨ ᠲᠥᠷᠥᠯ ᠵᠦᠢᠯ ᠢ ᠤᠷᠢᠨ ᠣᠷᠣᠭᠤᠯᠵᠤ᠂ ᠰᠢᠯᠢ ᠶᠢᠨ ᠭᠤᠣᠯ ᠠᠶᠢᠮᠠᠭ ᠤᠨ ᠡᠮᠦᠨ᠎ᠡ ᠬᠡᠰᠡᠭ ᠤᠨ ᠰᠠᠯᠬᠢᠨ ᠬᠦᠴᠦᠨ ᠤ ᠮᠠᠰᠢᠨ ᠴᠣᠭᠴᠠᠯᠠᠪᠣᠷᠢ ᠶᠢ ᠤᠭᠰᠠᠷᠠᠬᠤ᠂ ᠠᠵᠢᠯᠯᠠᠭᠤᠯᠬᠤ᠂ ᠬᠠᠮᠠᠭᠠᠯᠠᠬᠤ ᠪᠠ ᠬᠤᠷᠢᠶᠠᠨ ᠠᠰᠢᠭᠯᠠᠬᠤ ᠰᠠᠭᠤᠷᠢᠨ ᠭᠠᠵᠠᠷ ᠢ ᠬᠦᠴᠦᠯᠡᠨ ᠪᠠᠶᠢᠭᠤᠯᠬᠤ ᠪᠠᠷ ᠴᠢᠷᠮᠠᠶᠢᠪᠠ᠃ ᠠᠵᠤ ᠠᠬᠤᠶᠢᠯᠠᠯ ᠢ ᠲᠤᠭᠳᠠᠪᠤᠷᠢᠵᠢᠭᠤᠯᠬᠤ ᠪᠠ ᠲᠤᠰᠠᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠱᠦᠨ ᠰᠢᠨ ᠰᠢᠨ ᠶᠤᠸᠠᠨ ᠪᠠ ᠰᠢ ᠪᠸᠢ ᠾᠦᠢ ᠲᠦᠩ ᠮᠠᠯ ᠠᠵᠤ ᠠᠬᠤᠢ᠂ ᠴᠠᠩ ᠬᠤᠩ ᠴᠠᠭᠠᠨ ᠢᠳᠡᠭᠡ᠂ ᠼᠤᠤ ᠶᠤᠸᠠᠨ ᠲᠢᠶᠠᠨ ᠮᠤ᠋᠂ ᠱᠠᠩᠳᠤ ᠦᠬᠡᠷ ᠤᠨ ᠮᠢᠬ᠎ᠠ ᠵᠡᠷᠭᠡ ᠰᠦ ᠮᠢᠬ᠎ᠠ ᠪᠣᠯᠪᠠᠰᠤᠷᠠᠭᠤᠯᠬᠤ ᠠᠵᠤ ᠠᠬᠤᠶᠢᠯᠠᠯ ᠤᠨ  ᠪᠤᠵᠠᠭᠠᠶᠢᠷᠠᠨ ᠬᠥᠭᠵᠢᠭᠦᠯᠬᠦ ᠶᠢ ᠠᠬᠢᠭᠤᠯᠵᠤ᠂ ᠦᠨᠳᠦᠰᠦᠲᠡᠨ ᠤ ᠣᠨᠴᠠᠯᠢᠭᠲᠤ ᠠᠵᠤ ᠦᠢᠯᠡᠰ ᠤᠨ ᠬᠦᠷᠢᠶᠡᠯᠡᠩ ᠳᠤ  ᠳᠤᠯᠠᠭᠠᠯᠭ᠎ᠠ ᠬᠠᠩᠭᠠᠵᠤ ᠂ ᠱᠠᠩᠳᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠪᠠᠷ ᠢᠳᠡᠪᠬᠢᠲᠡᠢ ᠵᠤᠬᠢᠴᠠᠭᠤᠯᠪᠠ ᠃ ᠱᠠᠩᠳᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢ ᠠᠬᠢᠭᠤᠯᠵᠤ᠂ ᠠᠶᠢᠮᠠᠭ ᠠᠴᠠ ᠶᠠᠪᠤᠭᠳᠠᠭᠤᠯᠵᠤ ᠪᠠᠶᠢᠭ᠎ᠠ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠢ ᠡᠮᠬᠢᠯᠡᠨ ᠨᠡᠶᠢᠯᠡᠭᠦᠯᠬᠦ ᠪᠠ ᠪᠠᠶᠢᠭᠤᠯᠤᠮᠵᠢ ᠠᠵᠢᠯᠲᠠᠨ ᠢ ᠲᠣᠬᠢᠷᠠᠭᠤᠯᠬᠤ ᠠᠵᠢᠯ ᠢ ᠠᠬᠢᠭᠤᠯᠤᠨ ᠂ ᠬᠦᠷᠢᠶᠡᠯᠡᠩ ᠳᠤ ᠣᠷᠣᠭᠰᠠᠨ 37 ᠠᠵᠤ ᠠᠬᠤᠶᠢᠯᠠᠯ ᠳᠤ ᠪᠠᠶᠢᠴᠠᠭᠠᠯᠲᠠ ᠬᠢᠵᠦ᠂ ᠹᠦ᠋ ᠶᠠᠩ ᠵᠤᠭᠠᠩ ᠤᠨ ᠠᠵᠤ ᠠᠬᠤᠶᠢᠯᠠᠯ ᠳᠤ ᠬᠠᠪᠰᠤᠷᠤᠨ ᠬᠦᠬᠦᠷ ᠥᠬᠡᠶᠢᠳᠡᠭᠦᠯᠦᠭᠰᠡᠨ ᠵᠤᠭᠠᠩ ᠤᠨ ᠲᠦᠭᠦᠬᠡᠢ ᠮᠠᠲ᠋ᠧᠷᠢᠶᠠᠯ ᠨᠢ ᠪᠠᠷᠢᠮᠵᠢᠶ᠎ᠠ ᠳᠤ ᠬᠦᠷᠬᠦ ᠦᠭᠡᠢ ᠪᠠᠶᠢᠭ᠎ᠠ ᠠᠰᠠᠭᠤᠳᠠᠯ ᠢ ᠰᠢᠢᠳᠪᠦᠷᠢᠯᠡᠪᠡ᠃ 4300 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠠᠵᠤ ᠦᠢᠯᠡᠳᠪᠦᠷᠢ ᠶᠢᠨ ᠲᠤᠭᠤᠷᠢᠭ ᠤᠨ ᠡᠮᠦᠨ᠎ᠡ ᠤᠮᠠᠷ᠎ᠠ᠂ ᠵᠡᠭᠦᠨ ᠪᠠᠷᠠᠭᠤᠨ ᠭᠤᠤᠯ ᠵᠠᠮ᠂ ᠭᠤᠷᠪᠠᠨ ᠬᠦᠨᠳᠡᠯᠡᠨ ᠵᠠᠮ᠂ ᠬᠤᠶᠠᠷ ᠭᠤᠯᠳᠤ ᠵᠠᠮ ᠤᠨ ᠢᠨᠵᠧᠨᠧᠷᠢᠩ ᠤᠨ ᠪᠠᠶᠢᠭᠤᠯᠤᠯᠲᠠ ᠶᠢ ᠲᠦᠷᠭᠡᠳᠬᠡᠨ᠂ ᠤᠰᠤ ᠬᠠᠩᠭᠠᠬᠤ ᠬᠤᠭᠤᠯᠠᠢ ᠳᠡᠪᠢᠰᠬᠦ ᠠᠵᠢᠯ ᠢ ᠡᠬᠢᠯᠡᠭᠦᠯᠦᠨ᠂ ᠣᠶᠤᠨᠴᠢᠯᠠᠭᠰᠠᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠲᠤᠷᠰᠢᠯᠳᠠ ᠶᠢᠨ ᠱᠠᠲᠤᠨ ᠳᠤ ᠪᠠᠨ ᠣᠷᠣᠵᠤ᠂ ᠲᠣᠭᠤᠷᠢᠭ ᠤᠨ ᠰᠠᠭᠤᠷᠢ ᠲᠥᠬᠦᠭᠡᠷᠦᠮᠵᠢ ᠤᠯᠠᠮ ᠨᠢᠭᠡ ᠠᠯᠬᠤᠮ ᠲᠡᠭᠦᠯᠳᠡᠷᠵᠢᠪᠡ᠃ᠣᠳᠣ ᠦᠶ᠎ᠡ ᠶᠢᠨ ᠦᠢᠯᠡᠴᠢᠯᠡᠭᠡᠨ ᠤ ᠠᠵᠤ ᠦᠢᠯᠡᠰ ᠤᠨ ᠰᠢᠰᠲ᠋ᠧᠮ ᠢ ᠪᠠᠶᠢᠭᠤᠯᠪᠠ᠃  ︽ᠪᠦᠬᠦ ᠤᠷᠤᠨ ᠪᠥᠰᠡ ᠶᠢᠨ ᠵᠢᠭᠤᠯᠴᠢᠯᠠᠯ ᠤᠨ ᠲᠥᠯᠥᠪᠵᠢᠭᠦᠯᠭᠡ ︾᠎ ᠶᠢ ᠨᠠᠶᠢᠷᠠᠭᠤᠯᠤᠨ ᠳᠠᠭᠤᠰᠬᠠᠵᠤ᠂ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠪᠠ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ ᠤᠨ ᠦᠢᠯᠡᠰ ᠢ ᠠᠭᠤᠰᠤᠯᠳᠤᠭᠤᠯᠤᠨ ᠬᠥᠭᠵᠢᠭᠦᠯᠬᠦ ᠪᠠ ᠵᠢᠷᠤᠮᠵᠢᠭᠤᠯᠤᠨ ᠬᠥᠭᠵᠢᠭᠦᠯᠬᠦ ᠶᠢ ᠠᠬᠢᠭᠤᠯᠪᠠ᠃ ᠶᠤᠸᠠᠨ ᠤ ᠳᠡᠭᠡᠳᠦ ᠨᠡᠶᠢᠰᠯᠡᠯ ᠎ ᠤᠨ ᠪᠠᠭᠤᠷᠢ ᠶᠢᠨ 5 A ᠲᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠤᠷᠤᠭᠰᠢᠲᠠᠢ ᠶᠠᠪᠤᠭᠳᠠᠵᠤ᠂  ︽ᠶᠡᠷᠦᠩᠬᠡᠢ ᠲᠦᠯᠦᠪᠵᠢᠭᠦᠯᠭᠡ︾᠎ ᠨᠢ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠱᠠᠲᠤᠨ ᠳᠤ ᠬᠦᠷᠴᠦ᠂ ᠮᠠᠨ ᠤ ᠬᠤᠰᠢᠭᠤᠨ ᠤ 5 ᠵᠢᠭᠤᠯᠴᠢᠯᠠᠯ ᠤᠨ ᠥᠷᠲᠡᠭᠡ ᠨᠢ ᠰᠢᠯᠢ ᠶᠢᠨ ᠭᠤᠣᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠱᠤᠭᠤᠮ ᠳᠠᠬᠢ ᠣᠳᠣᠨ ᠲᠡᠰ ᠤᠨ ᠥᠷᠲᠡᠭᠡ ᠪᠠᠷ ᠦᠨᠡᠯᠡᠭᠳᠡᠵᠦ᠂ ᠰᠢᠯᠤᠭᠤᠨ ᠬᠥᠬᠡ ᠬᠤᠰᠢᠭᠤᠨ ᠤ ᠵᠢᠭᠤᠯᠴᠢᠳ ᠲᠤ ᠦᠢᠯᠡᠴᠢᠯᠡᠬᠦ ᠲᠥᠪ᠂ ᠶᠤᠸᠠᠨ ᠤ ᠳᠡᠭᠡᠳᠦ ᠨᠡᠶᠢᠰᠯᠡᠯ ᠤᠨ ᠠᠳᠤᠭᠤᠨ ᠰᠤᠶᠤᠯ ᠤᠨ ᠬᠦᠷᠢᠶᠡᠯᠡᠩ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠢ ᠯᠠᠪᠳᠠᠭᠤᠨ ᠢᠶᠠᠷ ᠠᠬᠢᠭᠤᠯᠪᠠ᠃ ᠠᠯᠳᠠᠩᠬᠤᠸ᠎ᠠ ᠴᠡᠴᠡᠭ ᠰᠣᠨᠢᠷᠬᠠᠬᠤ ᠨᠠᠶᠢᠷ ᠵᠡᠷᠭᠡ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭᠲᠦ ᠬᠥᠳᠡᠯᠭᠡᠭᠡᠨ ᠢ ᠠᠮᠵᠢᠯᠲᠠ ᠲᠠᠢ ᠡᠷᠬᠢᠯᠡᠵᠦ᠂  ᠬᠥᠳᠡᠯᠭᠡᠭᠡᠨ ᠤ ᠬᠤᠭᠤᠴᠠᠭᠠᠨ ᠎ ᠳᠤ ᠵᠢᠭᠤᠯᠴᠢᠳ ᠤᠨ ᠲᠤᠭ᠎ᠠ 16.2 ᠲᠦᠮᠡᠨ ᠬᠥᠮᠦᠨ ᠤᠳᠠᠭ᠎ᠠ ᠳᠤ ᠬᠦᠷᠴᠦ᠂ 1.1 ᠳ᠋ᠦᠩᠰᠢᠭᠤᠷ ᠲᠥᠭᠦᠷᠢᠭ ᠤᠨ ᠤᠷᠤᠯᠭ᠎ᠠ ᠶᠢ ᠪᠡᠶᠡᠯᠡᠭᠦᠯᠪᠡ᠃ ᠪᠦᠬᠦ ᠵᠢᠯ ᠳᠤ 43 ᠲᠦᠮᠡᠨ ᠵᠢᠭᠤᠯᠴᠢᠳ ᠢ ᠬᠦᠯᠢᠶᠡᠨ ᠠᠪᠴᠤ᠂ 2.94 ᠳ᠋ᠦᠩᠰᠢᠭᠤᠷ ᠲᠥᠭᠦᠷᠢᠭ ᠤᠨ ᠣᠷᠣᠯᠭ᠎ᠠ ᠶᠢ ᠪᠡᠶᠡᠯᠡᠭᠦᠯᠪᠡ᠃ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠨᠡᠯᠢᠶᠡᠳ ᠲᠦᠷᠭᠡᠨ ᠬᠥᠭᠵᠢᠵᠦ᠂ ᠦᠢᠯᠡᠴᠢᠯᠡᠭᠡᠨ ᠤ ᠦᠢᠯᠡᠰ ᠡᠷᠬᠢᠯᠡᠵᠦ ᠪᠠᠶᠢᠭ᠎ᠠ 1ᠠᠵᠤ ᠠᠬᠤᠶᠢᠯᠠᠯ ᠨᠢ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢᠶᠠᠷ ᠪᠥᠷᠢᠳᠭᠡᠭᠳᠡᠭᠰᠡᠨ ᠪᠠ ᠠᠨ ᠲᠠᠢ ᠰᠢᠨᠡᠳᠴᠦ ᠪᠤᠯᠬᠤ ᠡᠬᠢ ᠪᠠᠶᠠᠯᠢᠭ ᠢ ᠪᠤᠴᠠᠭᠠᠨ ᠬᠤᠷᠢᠶᠠᠵᠤ ᠲᠡᠬᠢᠨ ᠠᠰᠢᠭᠯᠠᠬᠤ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠡᠬᠢᠯᠡᠪᠡ᠃ ᠴᠠᠬᠢᠮ ᠬᠤᠳᠠᠯᠳᠤᠭ᠎ᠠ  ᠵᠦᠭᠡᠭᠡᠪᠦᠷᠢ ᠶᠢᠨ ᠠᠵᠤ ᠦᠶᠯᠡᠰ ᠢ ᠵᠢᠷᠤᠮᠵᠢᠭᠤᠯᠤᠨ ᠬᠥᠭᠵᠢᠭᠦᠯᠵᠦ᠂ ᠴᠠᠬᠢᠮ ᠬᠤᠳᠠᠯᠳᠤᠭᠠᠨ ᠤ ᠪᠣᠷᠣᠯᠠᠭᠤᠯᠭ᠎ᠠ ᠶᠢᠨ ᠶᠡᠷᠦᠩᠬᠡᠶ ᠬᠡᠮᠵᠢᠶ᠎ᠡ 5333 ᠲᠦᠮᠡᠨ ᠲᠥᠭᠦᠷᠢᠭ ᠲᠤ ᠬᠦᠷᠴᠦ᠂ ᠮᠠᠨ ᠤ ᠬᠤᠰᠢᠭᠤ 2022 ᠣᠨ ᠤ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠪᠤᠯᠪᠠ᠃ᠨᠢᠭᠡ ᠵᠢᠯ ᠤᠨ ᠲᠤᠷᠰᠢ᠂ ᠪᠢᠳᠡ ᠪᠣᠬᠢᠷᠲᠤᠯ ᠥᠬᠡᠶ ᠬᠥᠭᠵᠢᠯᠲᠡ ᠶᠢ ᠪᠠᠷᠢᠮᠲᠠᠯᠠᠨ᠂ ᠠᠮᠢ ᠠᠬᠤᠶ ᠶᠢᠨ ᠪᠣᠯᠪᠠᠰᠤᠨ ᠤ  ᠪᠥᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠪᠠ᠃ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠨ᠂ ᠬᠤᠰᠢᠭᠤ ᠰᠤᠮᠤ ᠪᠠᠯᠭᠠᠰᠣ ᠬᠤᠶᠠᠷ ᠱᠠᠲᠤᠨ ᠤ  ︽ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ︾᠎ ᠶᠢ ᠨᠠᠶᠢᠷᠠᠭᠤᠯᠤᠨ ᠳᠠᠭᠤᠰᠬᠠᠵᠤ᠂ 35 ᠭᠠᠴᠠᠭ᠎ᠠ ᠲᠤᠰᠬᠤᠨ ᠤ  ︽ᠲᠦᠯᠦᠪᠵᠢᠭᠦᠯᠭᠡ ︾᠎ ᠶᠢ ᠨᠠᠶᠢᠷᠠᠭᠤᠯᠤᠨ ᠂ ᠬᠤᠲᠠ ᠪᠠᠯᠭᠠᠰᠤᠨ ᠤ ᠣᠷᠣᠨ ᠵᠠᠶ᠂ ᠲᠠᠷᠢᠶᠠᠯᠠᠩ ᠤᠨ ᠣᠷᠣᠨ ᠵᠠᠶ᠂ ᠠᠮᠢ ᠠᠬᠤᠶ ᠶᠢᠨ ᠣᠷᠣᠨ ᠵᠠᠶ ᠶᠢ ᠨᠢᠭᠡᠳᠦᠯᠲᠡᠶ ᠲᠥᠯᠥᠪᠯᠡᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ 72287.68 ᠾᠧᠺᠲ᠋ᠠᠷ᠂ ᠬᠤᠲᠠ ᠪᠠᠯᠭᠠᠰᠤᠨ ᠤ ᠨᠡᠭᠡᠭᠡᠨ ᠬᠦᠭᠵᠢᠯᠳᠡ ᠶᠢᠨ ᠵᠠᠭᠠᠭ ᠢ 2577 ᠾᠧᠺᠲ᠋ᠠᠷ᠂ ᠦᠨᠳᠦᠰᠦᠨ ᠲᠠᠷᠢᠶᠠᠨ ᠭᠠᠵᠠᠷ ᠢ 19069.74 ᠾᠧᠺᠲ᠋ᠠᠷ᠂ ᠦᠨᠳᠦᠰᠦᠨ ᠨᠤᠲᠤᠭ ᠪᠡᠯᠴᠢᠭᠡᠷ ᠢ 938.35 ᠲᠦᠮᠡᠨ ᠮᠥ ᠪᠠᠶᠢᠭᠰᠠᠨ ᠠᠴᠠ 747. 06 ᠲᠦᠮᠡᠨ ᠮᠥ ᠪᠣᠯᠭᠠᠨ ᠲᠣᠬᠢᠷᠠᠭᠤᠯᠵᠤ᠂ ᠨᠤᠭᠤ ᠭᠠᠵᠠᠷ ᠢ 40.5 ᠲᠦᠮᠡᠨ ᠮᠥ ᠵᠠᠭᠠᠭᠯᠠᠨ ᠲᠣᠭᠲᠠᠭᠠᠵᠤ᠂ ᠱᠠᠩᠳᠤ ᠶᠢᠨ ᠭᠤᠤᠯ ᠤᠯᠤᠰ ᠤᠨ ᠨᠤᠭᠤ ᠭᠠᠵᠠᠷ ᠤᠨ ᠴᠡᠴᠡᠷᠯᠢᠭ ᠢ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠪᠦᠯᠦᠭ ᠤᠨ ᠴᠢᠬᠤᠯᠠ ᠨᠤᠭᠤ ᠭᠠᠵᠠᠷ ᠲᠤ ᠵᠢᠭᠰᠠᠭᠠᠨ ᠣᠷᠣᠭᠤᠯᠵᠤ᠂ ᠵᠢᠭᠠᠰᠤᠲᠠᠶ ᠨᠠᠭᠤᠷ ᠵᠢᠴᠢ ᠡᠷᠬᠢᠨ ᠲᠣᠭᠤᠷᠢᠨ ᠤ ᠨᠤᠭᠤ ᠭᠠᠵᠠᠷ ᠢ ᠠᠶᠢᠮᠠᠭ ᠤᠨ ᠲᠠᠰ ᠤᠨ ᠴᠢᠬᠤᠯᠠ ᠨᠤᠭᠤ ᠭᠠᠵᠠᠷ ᠲᠤ ᠪᠥᠷᠢᠳᠬᠡᠭᠦᠯᠪᠡ᠃ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠥᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ︽ᠤᠯᠤᠰ ᠤᠨ ᠠᠮᠢ ᠠᠬᠤᠶ ᠶᠢᠨ ᠪᠣᠯᠪᠠᠰᠤᠨ ᠤ  ᠪᠥᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤᠨ ᠤ ᠲᠥᠯᠥᠪᠵᠢᠭᠦᠯᠭᠡ   ︵2021-2035 ︶ ︾᠎ ᠶᠢ ᠨᠠᠶᠢᠷᠠᠭᠤᠯᠤᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠰᠡᠯᠭᠦᠨ ᠮᠠᠯᠵᠢᠬᠤ ᠪᠠ ᠬᠠᠰᠢᠶᠠᠯᠠᠨ ᠮᠠᠯᠵᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠪᠦᠭᠡᠳ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠥᠷᠥ ᠶᠢᠨ ᠪᠤᠳᠤᠯᠭ᠎ᠠ ᠶᠢ 1356.68 ᠲᠦᠮᠡᠨ ᠮᠤ᠋ ᠳᠤ ᠬᠡᠷᠡᠭᠵᠢᠭᠦᠯᠵᠦ᠂ 8577 ᠲᠦᠮᠡᠨ ᠲᠥᠭᠦᠷᠢᠭ ᠤᠨ ᠨᠦᠬᠦᠪᠦᠷᠢ ᠪᠠᠭᠤᠯᠭᠠᠵᠤ ᠂ 1.78 ᠲᠦᠮᠡᠨ ᠡᠷᠦᠬᠡ ᠶᠢᠨ 4.33 ᠲᠦᠮᠡᠨ ᠬᠥᠮᠦᠨ ᠳᠤ ᠠᠰᠢᠭ ᠬᠦᠷᠲᠡᠭᠡᠪᠡ᠃ 5277.7 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠣᠢ ᠰᠢᠭᠤᠢ ᠪᠠ ᠲᠠᠯ᠎ᠠ ᠨᠤᠲᠤᠭ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ 11.97 ᠲᠦᠮᠡᠨ ᠮᠦ ᠪᠡᠶᠡᠯᠡᠭᠦᠯᠵᠦ᠂  ᠪᠦᠲᠦᠭᠡᠨ ᠪᠠᠶᠢᠭᠤᠯᠤᠯᠲᠠ ᠶᠢᠨ ᠬᠢᠷᠢ ᠪᠦᠳᠦᠮᠵᠢ ᠨᠢ ᠴᠥᠮ ᠤᠯᠤᠰ ᠤᠨ ᠪᠠᠷᠢᠮᠵᠢᠶ᠎ᠠ ᠎ ᠳᠤ ᠬᠦᠷᠴᠠᠢ᠃ᠠᠮᠢ ᠠᠬᠤᠶ ᠶᠢᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠲᠥᠪ ᠤᠨ ᠬᠤᠶᠠᠳᠤᠭᠠᠷ ᠡᠭᠡᠯᠵᠢ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠴᠠᠭᠠᠯᠲᠠ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ‌‍ᠶᠢᠨ ᠪᠠᠶᠢᠴᠠᠭᠠᠯᠲᠠ ᠳᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ 29 ᠵᠦᠶᠯ ᠢ ᠴᠡᠭᠴᠡᠯᠡᠨ ᠵᠠᠰᠠᠵᠤ᠂ 7 ᠵᠦᠶᠯ ᠢ ᠲᠣᠭᠲᠠᠭᠰᠠᠨ ᠬᠤᠭᠤᠴᠠᠭᠠᠨ ᠳᠤ ᠨᠢ ᠠᠬᠢᠭᠤᠯᠤᠨ᠂ ᠨᠢᠭᠡ ᠪᠦᠯᠦᠭ ᠲᠣᠪᠣᠶᠢᠮ᠎ᠠ ᠠᠰᠠᠭᠤᠳᠠᠯ ᠢ ᠰᠢᠶᠳᠪᠦᠷᠢᠯᠡᠪᠡ᠃ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ᠂ ᠣᠶ ᠰᠢᠭᠤᠶ ᠨᠤᠲᠤᠭ ᠪᠡᠯᠴᠢᠭᠡᠷ ᠤᠨ ᠳᠠᠷᠤᠭ᠎ᠠ ᠶᠢᠨ ᠲᠦᠷᠢᠮ ᠎ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ᠂ ᠣᠶᠢᠲᠤ ᠭᠠᠵᠠᠷ ᠢ ᠡᠪᠳᠡᠬᠦ  ᠵᠡᠷᠭᠡ ᠬᠠᠤᠯᠢ ᠲᠣᠭᠲᠠᠭᠠᠯ ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠶᠢ ᠭᠦᠨᠵᠡᠭᠡᠶ ᠠᠬᠢᠭᠤᠯᠵᠤ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ᠂ ᠬᠠᠤᠯᠢ ᠪᠤᠰᠤ ᠪᠠᠷ ᠨᠤᠲᠤᠭ ᠪᠡᠯᠴᠢᠭᠡᠷ ᠢ ᠬᠠᠭᠠᠯᠪᠤᠷᠢᠯᠠᠬᠤ᠂ ᠣᠶ ᠰᠢᠭᠤᠶ ᠨᠤᠭᠤ ᠭᠠᠵᠠᠷ ᠪᠠ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠡᠪᠳᠡᠬᠦ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠡᠢ᠃ ᠱᠠᠩᠳᠤ ᠶᠢᠨ ᠭᠤᠣᠯ ᠤᠨ ᠤᠰᠤᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠾᠧᠪᠧᠢ ᠮᠤᠵᠢ ᠶᠢᠨ ᠰᠠᠢ ᠪᠧᠢ ᠬᠠᠮᠢᠶᠠᠷᠣᠯᠳᠠ ᠶᠢᠨ ᠣᠷᠣᠨ ᠲᠠᠢ  ︽ᠳᠡᠭᠡᠳᠦ ᠲᠤᠤᠷᠠᠳᠤ ᠤᠷᠤᠰᠬᠠᠯ ᠎ ᠤᠨ ᠤᠰᠤᠨ ᠤ ᠪᠣᠬᠢᠷᠲᠤᠯ ᠢ ᠬᠠᠮᠲᠤᠪᠠᠷ ᠰᠡᠷᠭᠡᠶᠢᠯᠡᠬᠦ ᠮᠤᠵᠢ ᠠᠯᠤᠰᠯᠠᠭᠰᠠᠨ ᠠᠵᠢᠯ ᠤᠨ ᠲᠤᠶᠢᠮᠤ ᠵᠦᠪᠳᠡᠯᠴᠡᠭᠡᠷ︾᠎ ᠲᠤ ᠭᠠᠷ ᠤᠨ ᠦᠰᠦᠭ ᠵᠢᠷᠤᠵᠤ᠂ ᠭᠠᠵᠠᠷ ᠬᠤᠪᠢᠶᠠᠨ ᠤᠷᠤᠰᠬᠠᠯ ᠬᠤᠪᠢᠶᠠᠨ ᠬᠠᠮᠢᠶᠠᠷᠬᠤ ᠵᠠᠷᠴᠢᠮ ᠢ ᠬᠡᠷᠡᠭᠵᠢᠭᠦᠯᠪᠡ᠃ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢ ᠪᠦᠬᠦ ᠲᠠᠯ᠎ᠠ ᠪᠠᠷ ᠠᠬᠢᠭᠤᠯᠵᠤ᠂ 5 ᠡᠷᠦᠬᠡ ᠪᠠᠷᠢᠯᠭ᠎ᠠ ᠶᠢᠨ ᠬᠠᠶᠢᠷ ᠴᠢᠯᠠᠭᠤ ᠬᠠᠩᠭᠠᠬᠤ ᠠᠭᠤᠷᠬᠠᠢ ᠶᠢ ᠬᠠᠤᠯᠢ ᠶᠣᠰᠣᠭᠠᠷ ᠵᠤᠭᠰᠤᠭᠠᠵᠤ᠂ ᠠᠰᠢᠭᠯᠠᠵᠤ ᠪᠠᠶᠢᠭ᠎ᠠ ᠠᠭᠤᠷᠬᠠᠢ ᠶᠢ 0.88 ᠲᠡᠭᠰᠢ ᠳᠥᠷᠪᠡᠯᠵᠢᠨ ᠺᠢᠯᠤᠮᠧᠲᠷ ᠵᠠᠰᠠᠵᠤ᠂ ᠬᠠᠶᠠᠭᠳᠠᠮᠠᠯ ᠠᠭᠤᠷᠬᠠᠢ ᠶᠢᠨ ᠨᠦᠬᠡ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠢᠨᠵᠧᠨᠧᠷᠢᠩ ᠢ  ᠪᠡᠶᠡᠯᠡᠭᠦᠯᠪᠡ᠃ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠷᠡᠶᠢᠭᠦᠯᠵᠦ᠂ ᠬᠥᠬᠡ ᠣᠭᠲᠠᠷᠭᠤᠶ ᠬᠥᠬᠡᠮᠳᠦᠭ ᠤᠰᠤ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠶ ᠰᠠᠶᠢᠲᠤᠷ ᠬᠢᠵᠦ᠂ ᠪᠠᠯᠭᠠᠰᠤᠨ ᠤ ᠬᠡᠪᠴᠢᠶᠡᠨ ᠳᠠᠬᠢ ᠠᠭᠤᠷ ᠤᠨ ᠬᠡᠮᠵᠢᠶ᠎ᠠ ᠨᠢ 10 ᠲᠣᠨ ᠪᠤᠶᠤ ᠲᠡᠭᠦᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠭᠦᠸᠧᠯᠦ ᠶᠢ ᠪᠦᠬᠦᠨ ᠢ ᠰᠣᠯᠢᠵᠦ᠂ ᠠᠭᠠᠷ ᠤᠨ ᠶᠠᠰᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ 96%᠎ ᠳᠤ ᠬᠦᠷᠴᠦ᠂ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠠᠭᠠᠷ ᠤᠨ ᠶᠠᠰᠤ ᠴᠢᠨᠠᠷ ᠢ ᠪᠠᠲᠤᠯᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠪᠣᠬᠢᠷ ᠪᠣᠳᠠᠰ ᠭᠠᠳᠠᠭᠰᠢᠯᠠᠭᠤᠯᠬᠤ  ᠡᠯ᠎ᠡ ᠲᠥᠷᠦᠯ ᠤᠨ ᠭᠦᠢᠴᠡᠳᠬᠡᠯ ᠲᠤᠭ᠎ᠠ ᠶᠢ ᠪᠠᠷᠢᠮᠵᠢᠶ᠎ᠠ ᠳᠤ ᠬᠦᠷᠭᠡᠨ᠂  ᠴᠡᠪᠡᠷᠰᠢᠭᠦᠯᠦᠭᠰᠡᠨ ᠤᠰᠤ ᠎ ᠶᠢ ᠡᠭᠡᠭᠦᠯᠦᠨ ᠬᠡᠷᠡᠭᠯᠡᠬᠦ ᠨᠣᠷᠮ᠎ᠠ ᠶᠢ 66%᠎ ᠳᠤ ᠬᠦᠷᠭᠡᠪᠡ᠃ ᠬᠤᠲᠠ ᠪᠠᠯᠭᠠᠰᠤᠨ ᠤ ᠤᠤᠭᠤᠬᠤ ᠤᠰᠤᠨ ᠤ ᠴᠢᠨᠠᠷ ᠨᠢ 100%᠎ ᠪᠠᠷ ᠪᠠᠷᠢᠮᠵᠢᠶᠠᠨ ᠳᠤ ᠬᠦᠷᠴᠠᠢ᠃ ᠠᠵᠤ ᠦᠶᠯᠡᠳᠪᠦᠷᠢ ᠶᠢᠨ  ︽ᠰᠤᠯᠠ᠂  ᠵᠠᠳᠠᠭᠠᠢ᠂ ᠪᠣᠬᠢᠷᠲᠤᠯ ᠲᠠᠢ ︾ ᠠᠵᠤ ᠠᠬᠤᠶᠢᠯᠠᠯ ᠢ ᠲᠤᠰᠬᠠᠶ ᠴᠡᠭᠴᠡᠯᠡᠨ ᠵᠠᠰᠠᠬᠤ ᠪᠠ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠶᠡᠬᠡᠪᠡᠷ ᠠᠬᠢᠭᠤᠯᠵᠤ᠂ 7 ᠠᠵᠤ ᠠᠬᠤᠶᠢᠯᠠᠯ ᠳᠤ ᠪᠣᠬᠢᠷᠲᠤᠯ ᠢ ᠬᠢᠨᠠᠨ ᠪᠠᠶᠢᠴᠠᠭᠠᠬᠤ ᠳᠦᠬᠦᠭᠡᠷᠦᠮᠵᠢ ᠤᠭᠰᠠᠷᠠᠵᠤ᠂ 16 ᠡᠷᠦᠬᠡ ᠭᠤᠤᠯᠳᠠᠯᠭ᠎ᠠ ᠲᠠᠢ ᠬᠢᠨᠠᠨ ᠬᠠᠮᠢᠶᠠᠷᠬᠤ ᠨᠢᠭᠡᠴᠡ ᠶᠢᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠴᠡᠭᠴᠡᠯᠡᠨ ᠵᠠᠰᠠᠬᠤ ᠠᠵᠢᠯ ᠢ ᠪᠡᠶᠡᠯᠡᠭᠦᠯᠵᠦ᠂ 13 ᠭᠤᠤᠯᠳᠠᠯᠭ᠎ᠠ ᠲᠠᠢ ᠬᠢᠨᠠᠨ ᠬᠠᠮᠢᠶᠠᠷᠬᠤ ᠠᠵᠤ ᠠᠬᠤᠶᠢᠯᠠᠯ ᠳᠤ ᠣᠷᠴᠢᠨ ᠲᠣᠭᠤᠷᠢᠨ ᠎ ᠤ  ᠬᠠᠮᠢᠶᠠᠷᠤᠭᠴᠢ ᠶᠢᠨ ᠦᠶᠯᠡᠴᠢᠯᠡᠭᠡ ᠬᠠᠩᠭᠠᠪᠠ᠃ ︽ᠮᠠᠯ ᠵᠢᠭᠦᠷᠲᠡᠨ᠂ ᠲᠡᠵᠢᠭᠡᠪᠦᠷᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ  ︵2021-2025 ︶ ︾᠎ ᠶᠢ ᠨᠠᠶᠢᠷᠠᠭᠤᠯᠤᠨ ᠵᠣᠬᠢᠶᠠᠵᠤ᠂ ᠮᠠᠯ ᠵᠢᠭᠦᠷᠲᠡᠨ᠂ ᠲᠡᠵᠢᠭᠡᠪᠦᠷᠢ ᠶᠢᠨ ᠢᠯᠭᠠᠳᠠᠰᠤ ᠶᠢ ᠡᠬᠢ ᠪᠠᠶᠠᠯᠢᠭ ᠪᠤᠯᠭᠠᠨ ᠠᠰᠢᠭᠯᠠᠬᠤ ᠨᠣᠷᠮ᠎ᠠ ᠶᠢ 91.4%᠎ ᠳᠤ ᠬᠦᠷᠭᠡᠨ᠂ ᠬᠡᠪᠴᠢᠶᠡᠵᠢᠭᠰᠡᠨ ᠮᠠᠯᠵᠢᠯ ᠤᠨ ᠲᠠᠯᠠᠪᠠᠶ ᠳᠤ ᠢᠯᠭᠠᠳᠠᠰᠤ ᠰᠢᠶᠳᠪᠦᠷᠢᠯᠡᠬᠦ ᠲᠥᠬᠦᠭᠡᠷᠦᠮᠵᠢ ᠤᠭᠰᠠᠷᠠᠪᠠ᠃ ᠲᠠᠷᠢᠶᠠᠨ ᠭᠠᠵᠠᠷ ᠎ ᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠴᠡᠪᠡᠷᠯᠡᠬᠦ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ 1.7 ᠲᠦᠮᠡᠨ ᠮᠥ ᠲᠠᠷᠢᠶᠠᠨ ᠭᠠᠵᠠᠷ ᠤᠨ ᠰᠦᠯᠢᠶᠣᠣ ᠪᠦᠷᠬᠦᠪᠴᠢ ᠶᠢ ᠬᠤᠷᠢᠶᠠᠨ ᠴᠡᠪᠡᠷᠯᠡᠪᠡ᠃ᠨᠢᠭᠡ ᠵᠢᠯ ᠤᠨ ᠲᠤᠷᠰᠢ᠂ ᠪᠢᠳᠡ ᠨᠢᠭᠡᠳᠦᠯᠲᠡᠢ ᠲᠥᠯᠥᠪᠵᠢᠭᠦᠯᠦᠨ ᠬᠠᠮᠲᠤ ᠪᠠᠷ ᠴᠢᠷᠮᠠᠶᠢᠵᠦ᠂ ᠬᠤᠲᠠ ᠬᠥᠳᠡᠭᠡ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠪᠠ᠃ ᠬᠥᠳᠡᠭᠡ ᠣᠷᠣᠨ ᠨᠣᠳᠤᠭ ᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ‌‍ᠬᠥ᠋ᠳᠡᠭᠡ ᠣᠷᠣᠨ ᠨᠣᠳᠤᠭ ᠢ ᠬᠦᠴᠦᠷᠬᠡᠭᠵᠢᠭᠦᠯᠬᠦ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠢ ᠦᠷᠭᠦᠯᠵᠢᠯᠡᠨ ᠰᠠᠶᠢᠨ ᠬᠢᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠰᠢᠯᠭᠠᠬᠤ ᠪᠠ ᠬᠠᠪᠰᠤᠷᠤᠨ ᠲᠡᠳᠬᠦᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ᠂ ᠳᠡᠭᠡᠷ᠎ᠡ ᠱᠠᠲᠤᠨ ᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠢᠢᠳᠪᠦᠷᠢᠯᠡᠵᠦ ᠨᠠᠶᠢᠳᠠᠪᠤᠷᠢᠵᠢᠭᠤᠯᠬᠤ ᠶᠢ ᠠᠳᠬᠤᠵᠦ᠂  ᠬᠡᠪᠴᠢᠶᠡᠵᠢᠯ ᠤᠨ ᠴᠢᠨᠠᠷᠳᠠᠢ ᠪᠠᠷ ᠳᠠᠬᠢᠨ ᠶᠠᠳᠠᠭᠤᠷᠠᠬᠤ ᠥᠬᠡᠶ ᠪᠠᠶᠢᠬᠤ ᠶᠢ ᠪᠠᠲᠤᠯᠠᠪᠠ᠃ ︽ᠬᠥᠳᠡᠭᠡ ᠣᠷᠣᠨ ᠨᠣᠳᠤᠭ ᠢ ᠬᠦᠴᠦᠷᠬᠡᠭᠵᠢᠭᠦᠯᠬᠦ ᠲᠦᠯᠦᠪᠯᠡᠭᠡ︾ ᠪᠠ ︽︿5 + 1﹀ ᠲᠤᠰᠬᠠᠢ ᠲᠥᠷᠥᠯ ᠤᠨ ᠲᠦᠯᠦᠪᠯᠡᠭᠡ︾᠎ ᠶᠢ ᠨᠠᠶᠢᠷᠠᠭᠤᠯᠪᠠ᠃ ᠦᠩᠭᠡᠷᠡᠭᠰᠡᠨ ᠨᠢᠭᠡ ᠵᠢᠯ 6370.5 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ 23 ᠲᠥᠷᠦᠯ ᠵᠦᠢᠯ ᠢ ᠨᠠᠶᠢᠳᠠᠪᠤᠷᠢᠵᠢᠭᠤᠯᠵᠤ᠂ 11 ᠭᠤᠣᠯᠳᠠᠯᠭ᠎ᠠ ᠲᠠᠢ ᠭᠠᠴᠠᠭ᠎ᠠ ᠲᠣᠰᠬᠤᠨ ᠳᠤ ᠠᠵᠤ ᠦᠢᠯᠡᠰ ᠢᠶᠠᠷ ᠳᠠᠶᠢᠴᠢᠯᠠᠬᠤ ᠲᠥᠷᠦᠯ ᠵᠦᠢᠯ ᠢ ᠬᠡᠷᠡᠭᠵᠢᠭᠦᠯᠦᠨ᠂ 1075 ᠡᠷᠦᠬᠡ ᠶᠢᠨ 2313 ᠬᠥᠮᠦᠨ ᠢ ᠬᠠᠮᠤᠷᠪᠠ︔ ᠮᠠᠯ ᠤᠨᠤᠭ᠎ᠠ ᠶᠢ ᠠᠮᠢᠳᠤᠷᠠᠯ ᠤᠨ ᠲᠤᠭᠤᠷᠢᠭ ᠠᠴᠠ ᠵᠠᠶᠢᠳᠠᠭᠤᠯᠬᠤ ᠲᠤᠷᠰᠢᠯᠲᠠ ᠶᠢᠨ ᠴᠢᠭ 3᠎ ᠶᠢ ᠪᠠᠶᠢᠭᠤᠯᠵᠤ᠂ 985 ᠡᠷᠦᠬᠡ ᠶᠢᠨ 1775 ᠬᠥᠮᠦᠨ ᠢ ᠬᠠᠮᠤᠷᠪᠠ︔ ᠠᠮᠢᠳᠤᠷᠠᠯ ᠤᠨ ᠣᠷᠴᠢᠨ ᠨᠥᠬᠦᠴᠡᠯ ᠢ ᠴᠡᠭᠴᠡᠯᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠵᠦ᠂ ᠬᠤᠭ ᠨᠣᠪᠰᠢ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢ ᠪᠠᠶᠢᠭᠤᠯᠵᠤ᠂  ᠮᠠᠰᠢᠨ ᠮᠧᠬᠠᠨᠢᠭ ᠬᠤᠳᠠᠯᠳᠤᠨ ᠠᠪᠴᠤ᠂ ᠬᠠᠶᠠᠭᠳᠠᠮᠠᠯ ᠪᠤᠳᠠᠰ ᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠢ ᠲᠡᠭᠦᠯᠳᠡᠷᠵᠢᠭᠦᠯᠦᠨ᠂ 2238 ᠡᠷᠦᠬᠡ ᠶᠢᠨ 6864 ᠬᠥᠮᠦᠨ ᠳᠤ ᠠᠰᠢᠭ ᠬᠦᠷᠲᠡᠭᠡᠪᠡ︔ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠵᠤ᠂ ᠨᠠᠷᠠᠲᠤ ᠰᠤᠮᠤᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢ ᠡᠬᠢᠯᠡᠭᠦᠯᠦᠭᠰᠡᠨ ᠪᠦᠭᠡᠳ ᠡᠯ᠎ᠡ ᠰᠤᠮᠤ ᠪᠠᠯᠭᠠᠰᠤ  ︵ᠲᠠᠯᠠᠪᠠᠢ ︶ ᠎ ᠳᠤ ᠨᠡᠶᠢᠭᠡᠮᠴᠢᠯᠡᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ 19᠎ ᠶᠢ ᠪᠠᠶᠢᠭᠤᠯᠵᠤ᠂ ᠨᠡᠶᠢᠲᠡ 610 ᠤᠳᠠᠭ᠎ᠠ ᠲᠥᠯᠥᠪᠦᠷᠢ ᠦᠭᠡᠢ ᠦᠢᠯᠡᠴᠢᠯᠡᠭᠡ ᠬᠠᠩᠭᠠᠪᠠ᠃ ᠮᠥᠩᠭᠦᠨ ᠭᠦᠢᠯᠭᠡᠭᠡ ᠪᠠᠷ ᠲᠡᠳᠬᠦᠬᠦ ᠬᠦᠴᠦᠯᠡᠴᠡ ᠪᠠᠨ ᠦᠷᠭᠦᠯᠵᠢᠯᠡᠨ ᠨᠡᠮᠡᠭᠳᠡᠭᠦᠯᠵᠦ᠂ 2762 ᠲᠦᠮᠡᠨ ᠲᠥᠭᠦᠷᠢᠭ ᠤᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠲᠠᠷᠬᠠᠭᠠᠵᠤ ᠂ 547 ᠡᠷᠦᠬᠡ ᠳᠤ ᠠᠰᠢᠭ ᠬᠦᠷᠲᠡᠭᠡᠪᠡ᠃ ︽  ᠶᠠᠳᠠᠭᠤᠷᠠᠯ ᠠᠴᠠ ᠰᠡᠷᠭᠡᠶᠢᠯᠡᠬᠦ ᠳᠠᠭᠠᠳᠬᠠᠯ︾᠎ ᠳᠤ ᠤᠯᠠᠨ ᠢ ᠢᠳᠡᠪᠬᠢᠲᠡᠢ ᠤᠷᠢᠶᠠᠯᠠᠵᠤ᠂ 3.48 ᠲᠦᠮᠡᠨ ᠬᠥᠮᠦᠨ ᠢ ᠤᠷᠤᠯᠴᠠᠭᠤᠯᠵᠤ᠂ 64.05 ᠲᠦᠮᠡᠨ ᠲᠥᠭᠦᠷᠢᠭ ᠤᠨ ᠲᠥᠯᠥᠪᠦᠷᠢ ᠤᠯᠭᠤᠪᠠ ᠃ ᠦᠨᠳᠦᠰᠦᠨ ᠡᠮ ᠡᠮᠨᠡᠯᠭᠡ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠴᠠᠭ᠎ᠠ ᠵᠡᠷᠭᠡ ︽ᠭᠤᠷᠪᠠᠨ ᠲᠠᠪᠬᠤᠷ ᠪᠠᠲᠤᠯᠠᠭ᠎ᠠ︾᠎ ᠶᠢ 2.5 ᠲᠦᠮᠡᠨ ᠬᠥᠮᠦᠨ ᠤᠳᠠᠭ᠎ᠠ ᠳᠤ ᠪᠦᠷᠬᠦᠭᠦᠯᠵᠦ᠂ 3141 ᠲᠦᠮᠡᠨ ᠲᠥᠭᠦᠷᠢᠭ ᠎ ᠤᠨ ᠳᠠᠩᠰᠠ ᠴᠠᠶᠢᠷᠠᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠎ ᠶᠢ ᠬᠦᠴᠦᠯᠡᠨ ᠴᠢᠩᠭᠠᠳᠬᠠᠵᠤ᠂500 ᠭᠠᠷᠤᠶ ᠬᠥᠮᠦᠨ ᠪᠠ 5800 ᠭᠠᠷᠤᠶ ᠮᠠᠯ ᠤᠨᠤᠭᠠᠨ ᠤ ᠤᠤᠭᠤᠬᠤ ᠤᠰᠤᠨ ᠤ ᠠᠮᠤᠷ ᠲᠦᠪᠰᠢᠨ ᠪᠣᠯᠤᠨ ᠤᠰᠤ ᠲᠣᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ 439 ᠡᠷᠦᠬᠡ ᠳᠤ ᠰᠢᠨ᠎ᠡ ᠡᠨᠧᠷᠭᠢ ᠶᠢᠨ ᠴᠠᠬᠢᠯᠭᠠᠨ ᠤᠷᠤᠭᠤᠯᠪᠠ᠃ 4265 ᠲᠦᠮᠡᠨ ᠲᠥᠭᠦᠷᠢᠭ ᠤᠨ ᠪᠡᠯᠡ ᠣᠷᠣᠭᠤᠯᠵᠤ ᠂  ᠬᠦᠳᠡᠭᠡ ᠨᠣᠲᠤᠭ ᠢᠶᠠᠷ 25 ᠺᠢᠯᠤᠮᠧᠲᠷ ᠰᠢᠨ᠎ᠡ ᠵᠠᠮ  ᠵᠠᠰᠠᠵᠤ᠂ 66 ᠺᠢᠯᠤᠮᠧᠲᠷ ᠵᠠᠮ ᠢ ᠵᠠᠰᠠᠨ ᠰᠡᠯᠪᠢᠵᠦ᠂ 120 ᠺᠢᠯᠤᠮᠧᠲᠷ ᠵᠠᠮ ᠳᠤ ᠡᠳᠦᠷ ᠲᠤᠳᠤᠮ ᠤᠨ ᠠᠷᠠᠴᠢᠯᠠᠯᠲᠠ ᠬᠢᠵᠦ᠂ 1.05 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠡᠪᠳᠡᠷᠡᠵᠦ ᠰᠦᠢᠳᠦᠭᠰᠡᠨ ᠵᠠᠮ ᠢ ᠵᠠᠰᠠᠨ ᠰᠡᠯᠪᠢᠪᠡ᠃ ᠪᠣᠷᠣᠬᠤᠲᠠ ᠵᠢᠱᠢᠶ᠎ᠡ ᠦᠵᠡᠭᠦᠯᠬᠦ ᠲᠤᠭᠤᠷᠢᠭ ᠤᠨ 7 ᠺᠢᠯᠤᠮᠧᠲᠷ ᠬᠠᠶᠢᠷ ᠴᠢᠯᠠᠭᠤᠨ ᠵᠠᠮ ᠢ ᠰᠢᠨ᠎ᠡ ᠪᠠᠷ ᠵᠠᠰᠠᠵᠤ᠂ ᠨᠠᠷᠠᠲᠤ᠂ ᠰᠠᠶᠢᠨᠬᠤᠳᠳᠤᠭ ᠰᠤᠮᠤᠨ ᠳᠤ 10 ᠺᠢᠯᠤᠮᠧᠲᠷ ᠬᠠᠶᠢᠷ ᠴᠢᠯᠠᠭᠤᠨ ᠵᠠᠮ ᠵᠠᠰᠠᠨ᠂ ᠵᠢᠭᠠᠰᠤᠲᠠᠢ ᠰᠤᠮᠤ᠂ ᠲᠠᠪᠦ‍ ᠨᠢᠭᠡ ᠮᠠᠯ ᠤᠨ ᠲᠠᠯᠠᠪᠠᠢ ᠶᠢᠨ 2 ᠰᠠᠭᠤᠷᠢ ᠬᠥᠭᠦᠷᠭᠡ ᠶᠢ ᠵᠠᠰᠠᠨ ᠰᠢᠨᠡᠳᠬᠡᠪᠡ᠃ ᠰᠤᠮᠤ ᠪᠠᠯᠭᠠᠰᠤ ᠪᠠ ᠭᠠᠴᠠᠭ᠎ᠠ ᠲᠣᠰᠬᠤᠨ ᠤ ᠲᠥᠪ ᠤᠨ ᠲᠤᠤᠷ ᠰᠦᠯᠵᠢᠶᠡᠨ ᠤ ᠥᠷᠭᠡᠨ ᠪᠦᠰᠡ ᠶᠢᠨ ᠪᠦᠷᠬᠦᠴᠡ ᠶᠢᠨ ᠨᠣᠷᠮ᠎ᠠ ᠲᠣᠰᠪᠣᠷᠢ 100% ᠪᠠ 98%᠎ ᠳᠤ  ᠬᠦᠷᠪᠡ᠃ 8 ᠭᠠᠴᠠᠭ᠎ᠠ ᠲᠣᠰᠬᠤᠨ ᠤ 429 ᠮᠤ᠋ ᠭᠠᠵᠠᠷ ᠢ ᠨᠤᠭᠤᠭᠠᠷᠠᠭᠤᠯᠤᠨ᠂ ᠥᠪᠥᠷ ᠮᠣᠩᠭᠤᠯ ᠤᠨ ᠥᠨᠳᠦᠷᠯᠢᠭ ᠤᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ ᠤᠨ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠦᠰᠢᠭᠯᠡᠨ᠂ 4.9 ᠲᠦᠮᠡᠨ ᠲᠡᠭᠰᠢ ᠳᠥᠷᠪᠡᠯᠵᠢᠨ ᠮᠧᠲᠷ ᠫᠧᠩ ᠬᠤᠷᠤᠭ᠎ᠠ ᠪᠠᠶᠢᠭᠤᠯᠵᠤ᠂ ᠨᠣᠭᠤᠭᠠᠨ ᠳᠠᠷᠤᠰᠢ ᠶᠢᠨ ᠵᠣᠭᠤᠷᠢ 4.2 ᠲᠦᠮᠡᠨ ᠺᠦᠪ ᠮᠧᠲᠷ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠰᠠᠭᠤᠷᠢ ᠪᠣᠯᠤᠨ ᠭᠠᠮᠰᠢᠭ ᠲᠠᠢ ᠲᠡᠮᠡᠴᠡᠵᠦ ᠠᠶᠤᠯ ᠠᠴᠠ ᠵᠠᠶᠢᠯᠠᠬᠤ ᠴᠢᠳᠠᠪᠤᠷᠢ ᠶᠢ ᠤᠯᠠᠮ ᠨᠢᠭᠡ ᠠᠯᠬᠤᠮ ᠨᠡᠮᠡᠭᠳᠡᠭᠦᠯᠪᠡ᠃ ᠰᠠᠩ ᠤᠨ ᠳᠠᠯᠠᠢ ᠪᠠᠯᠭᠠᠰᠤᠨ ᠤ ᠲᠥᠭᠦᠷᠢᠭ ᠭᠠᠴᠠᠭ᠎ᠠ ᠬᠦᠨᠳᠦ ᠨᠣᠴᠢᠲᠠᠢ ᠪᠠᠶᠢᠭᠠᠯᠢ ᠶᠢᠨ ᠭᠠᠮᠰᠢᠭ ᠲᠤ ᠤᠴᠠᠷᠠᠭᠰᠠᠨ ᠪᠥᠭᠡᠳ ᠠᠵᠤ ᠦᠢᠯᠡᠰ ᠤᠨ ᠰᠠᠭᠤᠷᠢ ᠨᠢᠮᠭᠡᠨ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠠᠨᠠᠢ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ ᠮᠠᠯ ᠤᠨᠤᠭ᠎ᠠ ᠶᠢ ᠠᠮᠢᠳᠤᠷᠠᠯ ᠤᠨ ᠲᠤᠭᠤᠷᠢᠭ ᠠᠴᠠ ᠵᠠᠶᠢᠳᠠᠭᠤᠯᠬᠤ ᠲᠥᠷᠥᠯ ᠵᠦᠢᠯ ᠤᠨ ᠲᠤᠷᠰᠢᠯᠳᠠ ᠶᠢᠨ ᠴᠡᠭ ᠪᠤᠯᠭᠠᠨ᠂ 529 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠫᠧᠩ ᠬᠤᠷᠤᠭ᠎ᠠ ᠵᠡᠷᠭᠡ ᠰᠠᠭᠤᠷᠢ ᠲᠥᠬᠦᠭᠡᠷᠦᠮᠵᠢ ᠶᠢ ᠪᠠᠶᠢᠭᠤᠯᠤᠨ᠂ ᠮᠠᠯ ᠠᠵᠤ ᠠᠬᠤᠢ ᠶᠢᠨ ᠮᠠᠰᠢᠨ ᠮᠧᠬᠠᠨᠢᠭ ᠬᠠᠩᠭᠠᠵᠤ᠂ 94 ᠡᠷᠦᠬᠡ ᠶᠢᠨ 256 ᠬᠥᠮᠦᠨ ᠳᠤ ᠠᠰᠢᠭ ᠬᠦᠷᠲᠡᠭᠡᠪᠡ᠃ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠠᠲᠤᠯᠠᠪᠠ᠃ ᠲᠠᠶᠢᠽᠢ ᠴᠧᠩ ᠠᠴᠠ ᠰᠢᠯᠢᠩᠬᠤᠲᠠ᠂ ᠵᠢᠨᠢᠩ ᠠᠴᠠ ᠲᠥᠩᠯᠢᠶᠤᠤ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢᠨ ᠢᠵᠢ ᠪᠥᠷᠢᠳᠦᠭᠰᠡᠨ ᠴᠠᠬᠢᠯᠭᠠᠨ ᠲᠤᠤᠷ ᠤᠨ ᠢᠨᠵᠧᠨᠧᠷᠢᠩ ᠤᠨ 1073 ᠰᠠᠭᠤᠷᠢ ᠰᠤᠪᠣᠷᠭ᠎ᠠ ᠶᠢᠨ ᠭᠠᠵᠠᠷ ᠳᠠᠲᠠᠪᠣᠷᠢᠯᠠᠬᠤ ᠠᠵᠢᠯ ᠎ ᠢ ᠪᠦᠬᠦᠨ ᠢ ᠪᠡᠶᠡᠯᠡᠭᠦᠯᠪᠡ︔ ᠲᠠᠶᠢᠽᠢ ᠴᠧᠩ ᠠᠴᠠ ᠰᠢᠯᠢᠩᠬᠤᠲᠠ ᠬᠦᠷᠬᠦ ᠲᠡᠮᠦᠷ ᠵᠠᠮ ᠤᠨ ᠲᠥᠷᠦᠯ ᠵᠦᠢᠯ ᠢ ᠪᠥᠲᠦᠭᠡᠨ ᠪᠠᠶᠢᠭᠤᠯᠬᠤ ᠠᠵᠢᠯ ᠢ ᠡᠬᠢᠯᠡᠭᠦᠯᠵᠦ᠂ ᠰᠢᠯᠤᠭᠤᠨ ᠬᠥᠬᠡ ᠬᠤᠰᠢᠭᠤᠨ ᠤ ᠥᠷᠲᠡᠭᠡ᠂ ᠰᠠᠩ ᠤᠨ ᠲᠡᠯᠡᠶ ᠥᠷᠲᠡᠭᠡ ᠪᠠ ᠰᠠᠩ ᠤᠨ ᠲᠡᠯᠡᠶ ᠬᠤᠶᠢᠲᠤ ᠥᠷᠲᠡᠭᠡᠨ ᠤ ᠪᠦᠲᠦᠭᠡᠨ ᠪᠠᠶᠢᠭᠤᠯᠤᠯᠲᠠ ᠶᠢ ᠲᠥᠯᠥᠪᠯᠡᠭᠡ ᠳᠤ ᠣᠷᠤᠭᠤᠯᠪᠠ︔ ᠠᠨ ᠬᠦᠩ ᠥᠨᠳᠦᠷ ᠬᠤᠷᠳᠣᠴᠠᠲᠦ ᠵᠠᠰᠠᠮᠠᠯ ᠵᠠᠮ ᠳᠠᠭᠤ ᠶᠢᠨ 8630.6 ᠮᠦ ᠭᠠᠵᠠᠷ ᠢ ᠲᠠᠲᠠᠪᠤᠷᠢᠯᠠᠬᠤ ᠪᠠ 4000 ᠮᠦ ᠲᠦᠷ ᠬᠡᠷᠡᠭᠯᠡᠬᠦ ᠭᠠᠵᠠᠷ ᠢ ᠲᠠᠲᠠᠪᠤᠷᠢᠯᠠᠬᠤ ᠠᠵᠢᠯ ᠢ ᠪᠦᠬᠦᠨ ᠢ ᠳᠠᠭᠤᠰᠬᠠᠪᠠ︔ 304 ᠳ᠋ᠤᠭᠠᠷ ᠮᠤᠵᠢ ᠶᠢᠨ ᠳᠡᠰ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠤᠨ 12.38 ᠺᠢᠯᠣᠮᠧᠲᠷ ᠵᠠᠮ ᠵᠠᠰᠠᠬᠤ ᠠᠵᠢᠯ ᠢ ᠪᠦᠬᠦᠨ ᠢ ᠳᠠᠭᠤᠰᠬᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠢ ᠮᠠᠨ ᠤ ᠬᠤᠰᠢᠭᠤᠨ ᠳᠤ ᠤᠷᠤᠭᠰᠢᠲᠠᠢ ᠬᠡᠷᠡᠭᠵᠢᠭᠳᠡᠬᠦ ᠶᠢ ᠪᠠᠲᠤᠯᠠᠪᠠ᠃ ᠰᠢᠨ᠎ᠡ ᠪᠠᠷ ᠪᠠᠶᠢᠭᠤᠯᠬᠤ ᠪᠠᠷ ᠪᠠᠶᠢᠭ᠎ᠠ ᠠᠷᠠᠳ ᠤᠨ ᠨᠢᠰᠬᠡᠯ ᠤᠨ ᠪᠠᠭᠤᠳᠠᠯ ᠤᠨ ᠲᠥᠷᠦᠯ ᠵᠦᠢᠯ ᠢ ᠯᠠᠪᠳᠠᠭᠤᠨ ᠢᠶᠠᠷ ᠠᠬᠢᠭᠤᠯᠵᠤ᠂ ᠪᠠᠶᠢᠷᠢᠰᠢᠯ ᠰᠤᠩᠭᠤᠭᠰᠠᠨ ᠮᠡᠳᠡᠭᠦᠯᠦᠯᠲᠡ ᠨᠢ ᠨᠢᠭᠡᠨᠲᠡ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠶᠡᠷᠦᠩᠬᠡᠢ ᠳᠤᠪᠴᠢᠶᠠᠨ ᠤ ᠵᠦᠪᠰᠢᠶᠡᠷᠡᠯ ᠢ ᠣᠯᠵᠤ᠂ ᠰᠤᠳᠤᠯᠭᠠᠨ ᠤ ᠮᠡᠳᠡᠭᠦᠯᠦᠯᠳᠡ ᠨᠢ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠳᠣᠪᠴᠢᠶᠠᠨ ᠤ ᠲᠤᠰᠬᠠᠢ ᠨᠢᠭᠡᠴᠡ ᠶᠢᠨ ᠬᠢᠨᠠᠨ ᠪᠠᠶᠢᠴᠠᠭᠠᠭᠰᠠᠨ ᠰᠠᠨᠠᠯ ᠢ ᠤᠯᠤᠭᠰᠠᠨ ᠪᠦᠭᠡᠳ ᠴᠡᠷᠢᠭ ᠠᠩᠭᠢ ᠪᠠ ᠭᠠᠵᠠᠷ ᠣᠷᠣᠨ ᠤ ᠬᠤᠭᠤᠷᠤᠨᠳᠤᠬᠢ ᠵᠥᠪᠳᠡᠯᠴᠡᠭᠡᠷ ᠨᠢ ᠴᠡᠷᠢᠭ ᠤᠨ ᠲᠠᠯ᠎ᠠ ᠶᠢᠨ ᠬᠢᠨ ᠤ ᠬᠢᠨᠠᠨ ᠵᠥᠪᠰᠢᠶᠡᠷᠡᠯ ᠢ ᠣᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠳᠤ ᠳᠡᠪᠰᠢᠭᠦᠯᠦᠨ ᠮᠡᠳᠡᠭᠦᠯᠵᠦ᠂ ᠲᠦᠷᠦᠯ ᠵᠦᠢᠯ ᠤᠨ ᠡᠯ᠎ᠠ ᠭᠠᠷ ᠭᠦᠢᠴᠡᠳᠬᠡᠯ ᠦᠨᠳᠦᠰᠦᠨ ᠳᠡᠭᠡᠨ ᠪᠦᠷᠢᠯᠳᠦᠪᠡ᠃ᠬᠤᠲᠠ ᠪᠠᠯᠭᠠᠰᠣᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠳᠥᠪᠰᠢᠨ ᠢ ᠳᠡᠭᠡᠭᠰᠢᠯᠡᠭᠦᠯᠪᠡ᠃ ᠪᠦᠬᠦ ᠵᠢᠯ ᠳᠤ ᠤᠯᠤᠰ ᠤᠨ ᠭᠠᠵᠠᠷ ᠰᠢᠷᠤᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠵᠥᠪᠯᠡᠯ ᠤᠨ ᠬᠤᠷᠠᠯ ᠢ 7 ᠤᠳᠠᠭ᠎ᠠ ᠬᠤᠷᠠᠯᠳᠤᠭᠤᠯᠵᠤ᠂ 20 ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠤᠨ ᠲᠥᠯᠦᠪᠵᠢᠭᠦᠯᠭᠡ ᠶᠢ ᠬᠢᠨᠠᠨ ᠵᠥᠪᠯᠡᠪᠡ᠃ 9391 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠱᠠᠩᠳᠤ ᠪᠠᠯᠭᠠᠰᠤᠨ ᠤ ᠵᠡᠭᠦᠨ ᠪᠠᠷᠠᠭᠤᠨ ᠵᠠᠬ᠎ᠠ ᠵᠢᠴᠢ ᠠᠯᠲᠠᠩᠬᠤᠸ᠎ᠠ ᠵᠡᠭᠡᠯᠢ ᠶᠢᠨ ᠨᠣᠭᠤᠭᠠᠷᠠᠭᠤᠯᠤᠯᠲᠠ ᠎ ᠶᠢᠨ ᠪᠦᠷᠬᠦᠴᠡ ᠶᠢ ᠨᠡᠮᠡᠭᠳᠡᠭᠦᠯᠪᠡ︔ ᠣᠪᠤᠭ᠎ᠠ ᠰᠢᠷᠡᠭᠡ ᠰᠠᠭᠤᠭᠠᠯᠢ ᠠᠷᠠᠳ ᠤᠨ ᠲᠤᠭᠤᠷᠢᠭ᠂ ᠶᠤᠸᠠᠨ ᠹᠦ᠋ ᠬᠤᠸᠠ ᠶᠤᠸᠠᠨ ᠰᠠᠭᠤᠭᠠᠯᠢ ᠠᠷᠠᠳ ᠤᠨ ᠲᠤᠭᠤᠷᠢᠭ ᠤᠨ AB ᠲᠣᠭᠤᠷᠢᠭ ᠵᠡᠷᠭᠡ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠪᠡ︔ ᠱᠠᠩᠳᠤ ᠪᠠᠯᠭᠠᠰᠤᠨ ᠤ ᠱᠠᠩᠳᠤ ᠵᠡᠭᠡᠯᠢ᠂ ᠳᠡᠭᠦᠯᠢᠯᠲᠡ ᠵᠠᠮ ᠤᠨ ᠪᠣᠷᠤᠭᠠᠨ ᠤ ᠣᠰᠤ ᠵᠠᠯᠠᠬᠤ ᠠᠰᠠᠭᠤᠳᠠᠯ ᠢ ᠰᠢᠢᠳᠪᠦᠷᠢᠯᠡᠵᠦ᠂ 3.8 ᠺᠢᠯᠣᠮᠧᠲᠷ ᠳᠤᠯᠠᠭᠠᠯᠠᠯᠭ᠎ᠠ ᠶᠢᠨ ᠬᠤᠭᠤᠯᠠᠢ᠂ 1.1 ᠺᠢᠯᠣᠮᠧᠲᠷ ᠪᠣᠬᠢᠷ ᠤᠰᠤᠨ ᠤ ᠬᠤᠭᠤᠯᠠᠢ ᠶᠢ ᠥᠭᠡᠷᠡᠴᠢᠯᠡᠨ ᠵᠠᠰᠠᠪᠠ︔ 1.08 ᠲᠥᠮᠡᠨ ᠢᠵᠢ ᠡᠯᠺᠧᠲᠷᠤᠨ ᠤᠰᠤᠨ ᠤ ᠬᠡᠮᠵᠢᠭᠦᠷ ᠰᠤᠯᠢᠪᠠ︔ ᠬᠠᠪᠢᠷᠭ᠎ᠠ ᠪᠠᠯᠭᠠᠰᠤᠨ ᠳᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠠᠯᠠᠪᠠᠢ ᠶᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠱᠠᠩᠳᠤ ᠶᠢᠨ ᠭᠤᠣᠯ ᠤᠯᠤᠰ ᠤᠨ ᠨᠤᠭᠤ ᠭᠠᠵᠠᠷ ᠤᠨ ᠴᠡᠴᠡᠷᠯᠢᠭ ᠎ ᠤᠨ 1350 ᠮᠦ ᠲᠠᠯᠠᠪᠠᠢ ᠶᠢ ᠬᠦᠷᠢᠶᠡᠯᠡᠨ ᠬᠠᠮᠠᠭᠠᠯᠠᠵᠤ᠂ ᠰᠠᠭᠤᠷᠢ ᠲᠥᠬᠦᠭᠡᠷᠦᠮᠵᠢ ᠶᠢ ᠪᠥᠬᠦᠨ ᠢ ᠰᠡᠯᠪᠢᠨ ᠵᠠᠰᠠᠪᠠ᠃ ᠨᠡᠶᠢᠲᠡ ᠶᠢᠨ ᠳᠥᠷᠢᠶᠡᠰᠦᠨ ᠣᠷᠣᠨ ᠰᠠᠭᠤᠴᠠ ᠶᠢᠨ ᠨᠥᠬᠦᠪᠦᠷᠢ ᠶᠢ 51 ᠡᠷᠦᠬᠡ ᠳᠤ ᠬᠦᠷᠲᠡᠭᠡᠵᠦ᠂ 23.05 ᠲᠦᠮᠡᠨ ᠲᠥᠭᠦᠷᠢᠭ ᠤᠨ ᠪᠡᠯᠡ ᠮᠥᠩᠭᠦ ᠲᠠᠷᠬᠠᠭᠠᠪᠠ᠃ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠳᠤᠯᠠᠬᠤ ᠵᠠᠬ᠎ᠠ ᠳᠡᠯᠭᠡᠭᠦᠷᠴᠢᠯᠡᠭᠰᠡᠨ ᠦᠢᠯᠡᠴᠢᠯᠡᠭᠡᠨ ᠤ ᠶᠠᠰᠤ ᠴᠢᠨᠠᠷ  ᠶᠢ ᠳᠡᠭᠡᠭᠰᠢᠯᠡᠭᠦᠯᠵᠦ᠂ ᠬᠤᠲᠠ ᠪᠠᠯᠭᠠᠰᠤᠨ ᠎ ᠤ ᠮᠠᠰᠢᠨᠴᠢᠯᠠᠭᠰᠠᠨ ᠴᠡᠪᠡᠷᠯᠡᠯᠲᠡ ᠶᠢᠨ ᠨᠣᠷᠮ᠎ᠠ  80%᠎ ᠳᠤ ᠬᠦᠷᠴᠦ᠂ ᠬᠤᠲᠠ ᠪᠠᠯᠭᠠᠰᠤᠨ ᠤ ᠦᠢᠯᠡᠴᠢᠯᠡᠭᠡᠨ ᠤ ᠪᠠᠲᠤᠯᠠᠭ᠎ᠠ ᠪᠠ ᠳᠠᠭᠠᠭᠠᠴᠠ ᠶᠢ ᠲᠠᠰᠤᠷᠠᠯᠲᠠ ᠦᠭᠡᠢ ᠴᠢᠩᠭᠠᠳᠬᠠᠪᠠ᠃ᠨᠢᠭᠡ ᠵᠢᠯ ᠤᠨ ᠲᠤᠷᠰᠢ᠂ ᠠᠷᠠᠳ ᠤᠨ ᠠᠮᠢᠳᠤᠷᠠᠯ ᠳᠤ ᠰᠠᠭᠤᠷᠢᠯᠠᠵᠤ᠂ ᠣᠯᠠᠨ ᠲᠦᠮᠡᠨ ᠤ ᠠᠮᠢᠳᠤᠷᠠᠯ ᠤᠨ ᠶᠠᠰᠣ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠪᠡ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ᠃ ︽ᠭᠠᠳᠠᠨ᠎ᠠ ᠎ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠶᠡᠷᠦᠩᠬᠡᠶ ᠠᠷᠭ᠎ᠠ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠠᠨᠳᠤᠯᠭ᠎ᠠ ᠲᠠᠢ ᠰᠢᠢᠳᠪᠦᠷᠢᠯᠡᠬᠦ︾ ᠶᠡᠷᠦᠩᠬᠡᠶ ᠴᠢᠭᠯᠡᠯᠲᠡ ᠶᠢ ᠲᠤᠤᠱᠯᠠᠭᠤᠯᠵᠤ᠂ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠰᠢᠰᠲ᠋ᠧᠮ ᠢ ᠦᠷᠭᠦᠯᠵᠢᠯᠡᠨ ᠰᠢᠯᠢᠳᠡᠭᠵᠢᠭᠦᠯᠪᠡ᠃ ᠭᠠᠳᠠᠨ᠎ᠠ ᠠᠴᠠ ᠬᠠᠯᠳᠠᠪᠣᠷᠢᠯᠠᠨ‌ᠣᠷᠤᠵᠤ ᠢᠷᠡᠬᠦ᠂ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠡᠭᠦᠰᠬᠦ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠳᠤ 3545 ᠲᠦᠮᠡᠨ ᠲᠥᠭᠦᠷᠢᠭ ᠤᠨ ᠪᠠᠯᠠ ᠮᠥᠩᠭᠦ ᠵᠠᠷᠤᠴᠠᠭᠤᠯᠵᠤ᠂ ᠰᠡᠷᠬᠡᠶᠢᠯᠡᠯᠳᠡ ᠶᠢ ᠪᠠᠶᠢᠩᠭᠤ ᠶᠢᠨ ᠴᠢᠨᠠᠷᠳᠠᠢ ᠠᠳᠬᠤᠵᠦ᠂ ᠭᠡᠨᠡᠳᠲᠡ ᠪᠠᠷ ᠡᠭᠦᠰᠦᠭᠰᠡᠨ ᠬᠢᠵᠢᠭ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ᠂ ᠰᠤᠮᠤ ᠪᠠᠯᠭᠠᠰᠤ ︵ᠲᠠᠯᠠᠪᠠᠶ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠤ 6000 ᠭᠠᠷᠤᠶ ᠨᠠᠮ ᠤᠨ ᠭᠡᠰᠢᠭᠦᠨ ᠺᠠᠳ᠋ᠷ ᠪᠣᠯᠤᠨ 300 ᠭᠠᠷᠤᠶ ᠰᠠᠶᠢᠨ ᠲᠤᠷᠠᠴᠤᠳ ᠬᠢᠵᠢᠭ ᠢ ᠰᠡᠷᠭᠡᠶᠢᠯᠡᠨ ᠬᠤᠷᠢᠭᠯᠠᠬᠤ ᠨᠢᠭᠡᠳᠦᠭᠡᠷ ᠹᠷᠣᠨᠲ ᠲᠤ ᠭᠠᠪᠰᠢᠭᠠᠶᠢᠯᠠᠨ ᠠᠵᠢᠯᠯᠠᠪᠠ᠃ ᠭᠤᠣᠯᠳᠠᠯᠭ᠎ᠠ ᠲᠠᠢ ᠡᠵᠡᠩᠨᠡᠯᠲᠡ ᠶᠢᠨ ᠲᠠᠯᠠᠪᠤᠷ᠂ ᠭᠤᠤᠯᠳᠠᠯᠭ᠎ᠠ ᠲᠠᠢ ᠬᠥᠮᠦᠰ ᠪᠠ ᠭᠤᠣᠯ ᠪᠣᠯᠬᠤ ᠵᠠᠮ ᠱᠤᠭᠤᠮ ᠢ ᠴᠢᠩᠭ᠎ᠠ ᠬᠠᠮᠢᠶᠠᠷᠴᠦ᠂ ᠨᠡᠶᠢᠭᠡᠮ ᠤᠨ ᠡᠯ᠎ᠡ ᠡᠲᠡᠭᠡᠳ ᠠᠴᠠ111.4 ᠲᠦᠮᠡᠨ ᠲᠥᠭᠦᠷᠢᠭ ᠤᠨ ᠡᠳ᠋ ᠪᠣᠳᠠᠰ ᠬᠠᠨᠳᠢᠪᠯᠠᠨ᠂ ᠲᠠᠶᠠᠭᠠᠷ ᠣᠯᠠᠨ ᠢᠶᠠᠷ ᠢᠶᠠᠨ ᠰᠡᠳᠬᠢᠯ ᠨᠢᠭᠡᠳᠦᠵᠦ ᠲᠠᠬᠤᠯ ᠸᠢᠷᠦ᠋ᠰ ᠢ ᠬᠠᠮᠳᠤᠪᠡᠷ ᠰᠡᠷᠭᠡᠶᠢᠯᠡᠬᠦ ᠬᠠᠮᠲᠦ ᠶᠢᠨ ᠬᠦᠴᠦᠨ ᠢ ᠪᠥᠷᠢᠯᠳᠦᠭᠦᠯᠦᠭᠰᠡᠨ ᠪᠦᠭᠡᠳ ᠡᠭᠦᠨ ᠤ ᠤᠯᠠᠮ ᠢᠶᠠᠷ ︽10.13︾᠂ ︽10.23︾᠂ ︽11.27︾ ᠵᠡᠷᠭᠡ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠢ ᠡᠷᠡᠰ ᠰᠢᠭᠤᠷᠬᠠᠶ ᠡᠷᠬᠡᠰᠢᠶᠡᠵᠦ᠂ ᠶᠡᠭᠡ ᠬᠡᠪᠴᠢᠶᠡᠨ ᠤ ᠬᠢᠵᠢᠭ ᠡᠭᠦᠰᠬᠦ ᠶᠢ ᠪᠥᠲᠦᠮᠵᠢᠲᠠᠢ ᠰᠡᠷᠭᠡᠶᠢᠯᠡᠵᠦ ᠴᠢᠳᠠᠪᠠ᠃ ᠡᠮᠴᠢᠯᠡᠭᠡᠨ ᠤ ᠬᠢᠷᠢ ᠲᠦᠪᠰᠢᠨ ᠢᠶᠠᠨ ᠲᠠᠰᠤᠷᠠᠯᠲᠠ ᠦᠭᠡᠢ ᠴᠢᠩᠭᠠᠳᠬᠠᠵᠤ᠂ P C R ᠰᠢᠯᠵᠢᠮᠡᠯ ᠲᠤᠷᠰᠢᠯᠲᠠ ᠶᠢᠨ ᠲᠠᠰᠤᠭ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠬᠡᠮᠵᠢᠭᠦᠷᠯᠢᠭ᠂ P C R ᠥᠷᠭᠡᠳᠬᠡᠬᠦ ᠬᠡᠮᠵᠢᠭᠦᠷᠯᠢᠭ ᠵᠡᠷᠭᠡ ᠶᠢ ᠬᠤᠳᠠᠯᠳᠤᠨ ᠠᠪᠴᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠠᠵᠢᠯ ᠤᠨ ᠡᠷᠴᠢᠮ ᠢ ᠨᠡᠮᠡᠭᠳᠡᠭᠦᠯᠪᠡ᠃ ᠡᠯ᠎ᠡ ᠨᠠᠰᠤᠨ ᠤ ᠬᠥᠮᠦᠰ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠬᠦ ᠠᠵᠢᠯ ᠢ ᠦᠷᠭᠦᠯᠵᠢᠯᠡᠨ ᠴᠢᠩᠭᠠᠳᠬᠠᠵᠤ ᠂ ᠪᠦᠬᠦ ᠠᠷᠠᠳ ᠤᠨ ᠲᠠᠷᠢᠯᠭ᠎ᠠ ᠲᠠᠯᠪᠢᠭᠰᠠᠨ ᠨᠤᠷᠮ᠎ᠠ 95.86%᠎ ᠳᠤ ᠬᠦᠷᠪᠡ︔157 ᠨᠡᠷ᠎ᠡ ᠠᠷᠭ᠎ᠠ ᠴᠢᠨᠠᠷᠲᠠᠢ ᠡᠪᠡᠳᠴᠢᠲᠡᠨ ᠢ ᠠᠮᠤᠷ ᠲᠦᠪᠰᠢᠨ ᠢᠶᠠᠷ ᠰᠢᠯᠵᠢᠭᠦᠯᠦᠨ ᠵᠥᠭᠡᠭᠡᠪᠦᠷᠢᠯᠡᠵᠦ ᠡᠮᠴᠢᠯᠡᠭᠦᠯᠪᠡ︔ ᠡᠮᠴᠢ ᠰᠤᠪᠢᠯᠠᠭᠴᠢ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠶᠢ 300 ᠭᠠᠷᠤᠢ ᠬᠥᠮᠥᠨ ᠤᠳᠠᠭ᠎ᠠ ᠵᠣᠬᠢᠶᠠᠨ ᠪᠠᠶᠢᠭᠤᠯᠵᠤ ᠬᠥᠬᠡᠬᠤᠲᠠ᠂ ᠡᠷᠢᠶᠡᠨ ᠬᠤᠲᠠ᠂ ᠰᠢᠯᠢᠩᠬᠤᠲᠠ ᠶᠢᠨ ᠬᠢᠵᠢᠭ ᠢ ᠰᠡᠷᠭᠡᠶᠢᠯᠡᠬᠦ ᠠᠵᠢᠯ ᠳᠤ ᠳᠣᠰᠠᠯᠠᠭᠤᠯᠪᠠ︔ ᠬᠢᠵᠢᠭ ᠤᠨ ᠳᠥᠭᠰᠢᠭᠦᠷᠢᠲᠦ ᠣᠷᠣᠨ ᠠᠴᠠ 4 ᠤᠳᠠᠭ᠎ᠠ ᠨᠠᠶᠢᠳᠠ 852 ᠬᠥᠮᠦᠨ ᠢ ᠬᠦᠯᠢᠶᠡᠨ ᠳᠣᠰᠴᠦ ᠳᠣᠰᠠᠭᠠᠷᠯᠠᠪᠠ︔ ᠳᠤᠮᠳᠠ᠂ ᠥᠨᠳᠥᠷ ᠳᠡᠰ ᠎ ᠤᠨ ᠲᠦᠭᠰᠢᠭᠦᠷᠢᠲᠡᠶ ᠭᠠᠵᠠᠷ ᠣᠷᠣᠨ ᠳᠤ ᠪᠠᠶᠢᠭ᠎ᠠ ᠰᠢᠯᠣᠭᠤᠨ ᠬᠥᠬᠡ ᠬᠤᠰᠢᠭᠤ ᠪᠠᠷ ᠨᠤᠲᠤᠭᠲᠠᠢ 1281 ᠰᠣᠷᠣᠭᠴᠢ ᠵᠢᠴᠢ ᠢᠷᠭᠡᠳ ᠢ ᠠᠮᠤᠷ ᠲᠦᠪᠰᠢᠨ ᠡᠮᠬᠢ ᠵᠢᠷᠤᠮ ᠲᠠᠢ ᠪᠠᠷ ᠨᠤᠲᠤᠭ ᠲᠠᠭᠠᠨ ᠪᠤᠴᠠᠬᠤ ᠶᠢ ᠪᠠᠲᠤᠯᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠪᠠᠶᠢᠳᠠᠭ ᠪᠤᠯᠤᠮᠵᠢ ᠪᠠᠷ ᠢᠶᠠᠨ ᠬᠠᠮᠠᠭᠠᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ ᠬᠢᠵᠢᠭ ᠤᠨ ᠨᠥᠯᠥᠭᠡ ᠶᠢ ᠬᠠᠮᠤᠭ ᠤᠨ ᠲᠣᠣᠷ᠎ᠠ ᠬᠡᠮᠵᠢᠶᠠᠨ ᠳᠤ ᠬᠦᠷᠳᠡᠯ᠎ᠡ ᠪᠠᠭᠠᠰᠬᠠᠪᠠ᠃ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠳᠥᠪᠰᠢᠨ ᠢ ᠳᠡᠭᠡᠭᠰᠢᠯᠡᠭᠦᠯᠪᠡ᠃ ᠣᠯᠠᠨ ᠨᠡᠶᠢᠲᠡ ᠶᠢᠨ ᠡᠩ ᠤᠨ ᠲᠥᠰᠦᠪ ᠎ ᠤᠨ ᠠᠷᠠᠳ ᠤᠨ ᠠᠮᠢᠳᠤᠷᠠᠯ ᠤᠨ ᠵᠠᠷᠤᠯᠭ᠎ᠠ 11.69 ᠳ᠋ᠦᠩᠰᠢᠭᠤᠷ ᠲᠥᠭᠦᠷᠢᠭ ᠲᠤ ᠬᠦᠷᠴᠦ᠂ 2021 ᠣᠨ ᠤ ᠬᠢ ᠎ ᠠᠴᠠ 35.7 %᠎ ᠪᠠᠷ ᠨᠡᠮᠡᠭᠳᠡᠪᠡ᠃ ᠵᠢᠯ ᠤᠨ ᠡᠬᠢᠨ ᠳᠤ ᠠᠮᠠᠯᠠᠭᠰᠠᠨ ᠠᠷᠠᠳ ᠤᠨ ᠠᠮᠢᠳᠤᠷᠠᠯ ᠳᠤ ᠬᠤᠯᠪᠤᠭᠳᠠᠬᠤ ᠪᠣᠳᠠᠲᠤ ᠶᠠᠪᠤᠳᠠᠯ ᠢ ᠰᠠᠶᠢᠳᠤᠷ ᠪᠡᠶᠡᠯᠡᠭᠦᠯᠵᠦ᠂ ᠣᠯᠠᠨ ᠲᠦᠮᠡᠨ ᠳᠤ ︽ᠪᠠᠴᠢᠮ ᠱᠠᠭᠠᠷᠳᠠᠭᠳᠠᠵᠤ ᠪᠠᠶᠢᠭ᠎ᠠ︾ ᠤᠴᠢᠷ ᠶᠠᠪᠤᠳᠠᠯ ᠢ ᠰᠢᠶᠳᠪᠦᠷᠢᠯᠡᠪᠡ᠃ ᠣᠯᠠᠨ ᠨᠡᠶᠢᠲᠡ ᠶᠢᠨ ᠠᠵᠢᠯ ᠣᠯᠭᠤᠵᠦ ᠦᠢᠯᠡᠰ ᠪᠣᠰᠬᠠᠬᠤ ᠦᠢᠯᠡᠴᠢᠯᠡᠭᠡ ᠶᠢ ᠴᠢᠩᠭᠠᠳᠬᠠᠵᠤ᠂ ᠵᠢᠯ ᠤᠨ ᠳᠣᠲᠣᠷ᠎ᠠ 6151 ᠠᠵᠢᠯ ᠤᠨ ᠪᠠᠶᠢᠷᠢ ᠲᠤᠬᠢᠷᠠᠭᠤᠯᠵᠤ᠂ ᠬᠤᠲᠠ ᠪᠠᠯᠭᠠᠰᠤᠨ ᠤ 950 ᠬᠥᠮᠦᠨ ᠳᠤ ᠰᠢᠨ᠎ᠡ ᠪᠠᠷ ᠠᠵᠢᠯ ᠣᠯᠭᠤᠵᠤ᠂ 6315 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ 705 ᠨᠡᠷ᠎ᠡ ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠤ᠂ ᠠᠵᠢᠯ ᠣᠯᠬᠤ ᠳᠤ ᠬᠦᠴᠢᠷᠲᠡᠢ 270 ᠬᠥᠮᠥᠨ ᠳᠤ ᠠᠵᠢᠯ ᠣᠯᠭᠤᠵᠤ᠂ ᠬᠤᠲᠠ ᠪᠠᠯᠭᠠᠰᠣᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 3%᠎ ᠶᠢᠨ ᠳᠣᠲᠣᠷ᠎ᠠ ᠬᠢᠵᠠᠭᠠᠷᠯᠠᠵᠦ ᠴᠢᠳᠠᠪᠠ᠃ ᠬᠤᠲᠠ ᠬᠥᠳᠡᠭᠡᠨ ᠤ ᠦᠨᠳᠦᠰᠦᠨ ᠪᠠᠲᠤᠯᠠᠭ᠎ᠠ᠂ ᠲᠠᠪᠤᠨ ᠪᠠᠳᠤᠯᠠᠭ᠎ᠠ᠂ ᠣᠨᠴᠠ ᠬᠦᠴᠢᠷᠳᠡᠯᠲᠡᠢ ᠡᠷᠦᠬᠡ ᠵᠢᠴᠢ ᠥᠨᠳᠥᠷ ᠨᠠᠰᠤᠨ ᠤ ᠨᠥᠬᠦᠪᠦᠷᠢ ᠵᠡᠷᠭᠡ ᠪᠠᠲᠤᠯᠠᠭ᠎ᠠ ᠶᠢᠨ ᠪᠠᠷᠢᠮᠵᠢᠶ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠵᠢᠯᠲᠠᠨ᠂ ᠬᠤᠲᠠ ᠬᠦᠳᠡᠭᠡᠨ ᠤ ᠰᠠᠭᠤᠭᠠᠯᠢ ᠠᠷᠠᠳ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ ᠲᠣᠰ ᠲᠣᠰ 95 %᠂ 81 % ᠪᠠ 100 %᠎ ᠳᠤ ᠬᠦᠷᠭᠡᠨ᠂ ᠬᠤᠲᠠ ᠬᠦᠳᠡᠭᠡᠨ ᠤ ᠰᠠᠭᠤᠭᠠᠯᠢ ᠠᠷᠠᠳ ᠢ ᠪᠦᠬᠦᠨ ᠢ ᠡᠮᠴᠢᠯᠡᠭᠡᠨ ᠤ ᠳᠠᠭᠠᠳᠬᠠᠯ ᠳᠤ ᠤᠷᠤᠯᠴᠠᠭᠤᠯᠪᠠ᠃ ︽ᠨᠢᠭᠡ ᠺᠠᠷᠲ︾᠎ ᠪᠠᠷ ᠳᠠᠮᠵᠢᠭᠤᠯᠤᠨ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠪᠡᠯᠡ ᠮᠥᠩᠭᠦ 4 ᠳ᠋ᠦᠩᠰᠢᠭᠤᠷ ᠲᠥᠭᠦᠷᠢᠭ ᠲᠠᠷᠬᠠᠭᠠᠵᠤ᠂ 30.7 ᠲᠦᠮᠡᠨ ᠬᠥᠮᠦᠨ ︵ᠤᠳᠠᠭ᠎ᠠ︶᠎ ᠳᠤ ᠠᠰᠢᠭ ᠬᠦᠷᠲᠡᠭᠡᠪᠡ︔ ᠡᠯ᠎ᠡ ᠲᠥᠷᠥᠯ ᠤᠨ ᠨᠡᠶᠢᠭᠡᠮ ᠤᠨ ᠠᠰᠠᠷᠠᠮᠵᠢ ᠶᠢᠨ ᠪᠡᠯᠡ ᠮᠥᠩᠭᠦ 426 ᠲᠦᠮᠡᠨ ᠲᠥᠭᠦᠷᠢᠭ᠂ ᠠᠪᠤᠷᠠᠨ ᠲᠤᠰᠠᠯᠠᠬᠤ ᠪᠡᠯᠡ ᠮᠥᠩᠭᠦ 3600 ᠲᠦᠮᠡᠨ ᠲᠥᠭᠦᠷᠢᠭ ᠲᠠᠷᠬᠠᠭᠠᠪᠠ︔ ᠡᠯ᠎ᠡ ᠠᠰᠠᠷᠠᠨ ᠬᠠᠷᠠᠭᠠᠯᠵᠠᠬᠤ ᠡᠲᠡᠭᠡᠳ᠂ ᠴᠡᠷᠢᠭ ᠎ ᠠᠴᠠ ᠬᠠᠯᠠᠭᠳᠠᠭᠰᠠᠳ ᠲᠤ ᠡᠯ᠎ᠡ ᠲᠥᠷᠥᠯ ᠤᠨ ᠨᠥᠬᠦᠪᠥᠷᠢ ᠮᠥᠩᠭᠦ 721. 4 ᠲᠦᠮᠡᠨ ᠲᠥᠭᠦᠷᠢᠭ ᠲᠠᠷᠬᠠᠭᠠᠪᠠ︔ ᠮᠠᠯᠵᠢᠬᠤ ᠲᠠᠷᠢᠶᠠᠯᠠᠬᠤ ᠣᠷᠣᠨ ᠤ ᠡᠷᠦᠬᠡ ᠠᠮᠠ ᠶᠢᠨ ᠳᠠᠩᠰᠠ ᠲᠠᠢ 906 ᠬᠦᠮᠦᠨ ᠳᠤ ᠡᠮᠡᠭᠲᠡᠶᠢᠴᠦᠳ ᠤᠨ ︽ᠬᠤᠶᠠᠷ ᠵᠦᠢᠯ ᠤᠨ ᠥᠮᠡᠨ︾᠎ ᠤ ᠪᠠᠶᠢᠴᠠᠭᠠᠯᠲᠠ ᠶᠢ ᠲᠥᠯᠥᠪᠦᠷᠢ ᠦᠭᠡᠢ ᠬᠢᠵᠦ ᠥᠭᠪᠡ︔ ᠬᠤᠰᠢᠭᠤᠨ ᠤ ᠣᠷᠣᠰᠢᠭᠤᠯᠭ᠎ᠠ ᠶᠢᠨ ᠣᠷᠳᠤᠨ ᠢ ᠡᠬᠢᠯᠡᠨ ᠪᠠᠶᠢᠭᠤᠯᠪᠠ︔ 200 ᠵᠡᠮᠳᠡᠭ ᠬᠥᠮᠦᠨ ᠳᠤ ᠡᠷᠡᠭᠦᠯᠵᠢᠯ ᠤᠨ ᠪᠠᠭᠠᠵᠢ ᠶᠢ ᠦᠨ᠎ᠡ ᠲᠦᠯᠦᠪᠦᠷᠢ ᠦᠭᠡᠢ ᠎ ᠪᠠᠷ ᠬᠠᠩᠭᠠᠪᠠ︔ ᠮᠠᠯᠵᠢᠬᠤ ᠲᠠᠷᠢᠶᠠᠯᠠᠬᠤ ᠣᠷᠣᠨ ᠤ 25 ᠡᠷᠦᠬᠡ ᠶᠢᠨ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠪᠠ︔ 2479 ᠡᠷᠦᠬᠡ ᠶᠢᠨ ᠠᠰᠠᠭᠤᠳᠠᠯ ᠲᠠᠢ ᠵᠣᠷᠯᠤᠩ ᠢ ᠲᠥᠷᠥᠯ ᠬᠤᠪᠢᠶᠠᠨ ᠴᠡᠭᠴᠡᠯᠡᠨ ᠰᠠᠶᠢᠵᠢᠷᠠᠭᠤᠯᠵᠤ᠂ 332 ᠡᠷᠦᠬᠡ ᠎ ᠳᠤ ᠰᠢᠨ᠎ᠡ ᠵᠣᠷᠯᠣᠩ ᠪᠠᠶᠢᠭᠤᠯᠪᠠ︔ 7911 ᠮᠠᠯᠴᠢᠨ ᠲᠠᠷᠢᠶᠠᠴᠢᠨ ᠡᠷᠦᠬᠡ ᠳᠤ 1.7 ᠲᠦᠮᠡᠨ ᠲᠣᠨ ᠬᠡᠪ ᠤᠨ ᠦᠨ᠎ᠡ ᠶᠢᠨ ᠨᠡᠭᠦᠷᠡᠰᠦ ᠲᠠᠷᠬᠠᠭᠠᠪᠠ᠃ ᠲᠤᠭᠲᠠᠮᠠᠯ ᠬᠥᠷᠥᠩᠭᠡ ᠶᠢ ᠳᠠᠩᠰᠠᠯᠠᠵᠤ ︽ᠦᠨᠡᠮᠯᠡᠯ ᠠᠪᠬᠤ ᠳᠤ ᠬᠦᠴᠢᠷᠲᠡᠶ︾ ᠪᠠᠶᠢᠭ᠎ᠠ ᠦᠯᠡᠳᠡᠭᠳᠡᠯ ᠠᠰᠠᠭᠤᠳᠠᠯ ᠢ ᠰᠢᠶᠳᠪᠦᠷᠢᠯᠡᠵᠦ᠂ 4042 ᠡᠷᠦᠬᠡ ᠶᠢᠨ ᠣᠷᠣᠨ ᠰᠠᠭᠤᠴᠠ ᠶᠢ ᠠᠩᠬ᠎ᠠ ᠤᠳᠠᠭ᠎ᠠ ᠳᠠᠩᠰᠠᠯᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ 2995 ᠭᠡᠷ ᠬᠥᠷᠥᠩᠭᠡ ᠤᠨ ᠦᠨᠡᠮᠯᠡᠯ ᠢ ᠲᠠᠷᠬᠠᠭᠠᠪᠠ᠃ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠬᠦᠴᠦᠯᠡᠨ ᠪᠠᠶᠢᠭᠤᠯᠵᠤ᠂ ᠥᠷᠢ ᠥᠭᠴᠡᠭᠡ ᠶᠢ ᠲᠦᠯᠦᠵᠦ ᠵᠠᠷᠤᠯᠭ᠎ᠠ ᠶᠢ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ 2597 ᠲᠦᠮᠡᠨ ᠲᠥᠭᠦᠷᠢᠭ ᠤᠨ ᠬᠦᠯᠦᠰᠦᠨ ᠠᠵᠢᠯᠴᠢᠨ ᠤ ᠴᠠᠯᠢᠩ ᠤᠨ ᠪᠠᠲᠤᠯᠠᠭ᠎ᠠ ᠶᠢᠨ ᠮᠥᠩᠭᠦ ᠶᠢ ᠬᠤᠷᠢᠶᠠᠨ ᠠᠪᠴᠤ᠂ ᠬᠥᠯᠥᠰᠥᠨ ᠠᠵᠢᠯᠴᠢᠨ ᠤ ᠴᠠᠯᠢᠩ ᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢ ᠪᠠᠲᠤᠯᠠᠪᠠ᠃ᠨᠡᠶᠢᠭᠡᠮ ᠤᠨ ᠠᠵᠢᠯ ᠦᠢᠯᠡᠰ ᠵᠣᠬᠢᠴᠠᠩᠭᠤᠢ ᠪᠠᠷ ᠬᠦᠭᠵᠢᠪᠡ᠃ ᠰᠤᠷᠭᠠᠨ ᠬᠥᠮᠦᠵᠢᠯ ᠢ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠵᠠᠷᠤᠯᠭ᠎ᠠ 1.74 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.7 %᠎ ᠪᠠᠷ ᠨᠡᠮᠡᠭᠳᠡᠪᠡ᠃ ᠰᠤᠷᠭᠠᠭᠤᠯᠢ ᠡᠷᠬᠢᠯᠡᠬᠦ ᠨᠥᠬᠦᠴᠡᠯ ᠦᠷᠭᠦᠯᠵᠢᠯᠡᠨ ᠰᠠᠶᠢᠵᠢᠷᠠᠵᠤ ᠂ ᠭᠤᠷᠪᠠᠳᠤᠭᠠᠷ ᠬᠡᠦᠬᠡᠳ ᠤᠨ ᠴᠡᠴᠡᠷᠯᠢᠭ ᠢ ᠥᠷᠭᠡᠳᠬᠡᠨ ᠪᠠᠶᠢᠭᠤᠯᠬᠤ᠂ ᠰᠠᠩ ᠤᠨ ᠳᠠᠯᠠᠢ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠲᠥᠷᠦᠯ ᠵᠦᠢᠯ ᠪᠠ 15 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠭᠠᠯ  ᠰᠡᠷᠭᠡᠶᠢᠯᠡᠬᠦ ᠪᠠᠷᠢᠯᠭ᠎ᠠ ᠲᠦᠬᠦᠭᠡᠷᠦᠮᠵᠢ ᠶᠢᠨ ᠥᠭᠡᠷᠡᠴᠢᠯᠡᠯᠲᠡ ᠶᠢᠨ ᠲᠥᠷᠦᠯ ᠵᠦᠢᠯ ᠢ ᠡᠬᠢᠯᠡᠨ ᠪᠠᠶᠢᠭᠤᠯᠪᠠ︔ ᠭᠤᠷᠪᠠᠳᠤᠭᠠᠷ ᠪᠠᠭ᠎ᠠ ᠰᠤᠷᠭᠠᠭᠤᠯᠢ ᠶᠢ ᠨᠡᠭᠦᠯᠭᠡᠬᠦ᠂ ᠭᠤᠷᠪᠠᠳᠤᠭᠠᠷ ᠳᠤᠮᠳᠠᠳᠤ ᠰᠤᠷᠭᠠᠭᠤᠯᠢ ᠶᠢ ᠥᠷᠭᠡᠳᠬᠡᠨ ᠪᠠᠶᠢᠭᠤᠯᠬᠤ ᠪᠠ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠬᠤ ᠶᠡᠷᠦᠩᠬᠡᠶᠢᠯᠡᠭᠰᠡᠨ ᠠᠰᠠᠷ᠂ ᠲᠤᠭᠤᠭᠠᠨ ᠭᠡᠷ ᠢ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠭᠠᠷᠳᠠᠮ ᠭᠦᠢᠴᠡᠳᠬᠡᠯ ᠤᠨ ᠠᠵᠢᠯ ᠢ ᠲᠣᠭᠲᠠᠭᠤᠨ ᠢᠶᠠᠷ ᠲᠦᠯᠬᠢᠨ ᠠᠬᠢᠭᠤᠯᠪᠠ︔ ᠨᠢᠭᠡᠳᠦᠭᠡᠷ ᠪᠠᠭ᠎ᠠ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠤᠷ ᠢ ᠥᠭᠡᠷᠡᠴᠢᠯᠡᠨ ᠰᠢᠨᠡᠳᠬᠡᠵᠦ ᠠᠰᠢᠭᠯᠠᠯᠲᠠ ᠎ ᠳᠤ ᠣᠷᠣᠭᠤᠯᠪᠠ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ 23 ᠨᠡᠷ᠎ᠡ ᠪᠠᠭᠰᠢ ᠡᠯᠰᠡᠪᠡ᠃ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠳᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠵᠦ᠂ ᠬᠡᠦᠬᠡᠳ ᠤᠨ ᠴᠡᠴᠡᠷᠯᠢᠭ ᠲᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠰᠤᠷᠭᠠᠯᠳᠠ ᠶᠠᠪᠤᠭᠳᠠᠭᠤᠯᠬᠤ ᠶᠢ ᠪᠠᠲᠤᠯᠠᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ 4150 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠤᠰᠢᠭᠤᠨ ᠤ ᠡᠮᠨᠡᠯᠭᠡ ᠶᠢᠨ ᠬᠤᠷᠢᠶᠠᠨ ᠤ ᠪᠠᠴᠢᠮ ᠠᠪᠤᠷᠠᠯᠲᠠ ᠶᠢᠨ ᠶᠡᠷᠦᠩᠬᠡᠶᠢᠯᠡᠭᠰᠡᠨ ᠠᠰᠠᠷ ᠤᠨ ᠪᠦᠲᠦᠭᠡᠨ ᠪᠠᠶᠢᠭᠤᠯᠤᠯᠲᠠ᠂ ᠡᠪᠡᠳᠴᠢᠨ ᠡᠮᠭᠡᠭ ᠰᠡᠷᠭᠡᠶᠢᠯᠡᠨ ᠬᠤᠷᠢᠭᠯᠠᠬᠤ ᠲᠥᠪ ᠤᠨ ᠲᠥᠷᠦᠯ ᠵᠦᠢᠯ᠂ ᠰᠠᠶᠢᠨᠬᠤᠳᠳᠤᠭ ᠡᠷᠡᠭᠦᠯ ᠬᠠᠮᠠᠭᠠᠯᠠᠯ ᠤᠨ ᠬᠤᠷᠢᠶ᠎ᠠ᠂ ᠲᠠᠪᠦ‍ ᠨᠢᠭᠡ ᠮᠠᠯᠵᠢᠯ ᠤᠨ ᠲᠠᠯᠠᠪᠠᠶ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠤᠷᠤᠭᠤᠯᠪᠠ︔ 650 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠴᠢᠳᠠᠪᠣᠷᠢ ᠶᠢ ᠴᠢᠩᠭᠠᠳᠬᠠᠪᠠ︔ ᠡᠮᠴᠢᠯᠡᠭᠡᠨ ᠤ ᠤᠬᠠᠭᠠᠨ᠂ ᠰᠠᠴᠤᠷᠠᠭ ᠭᠡᠷᠡᠯ᠂ ᠰᠢᠯᠭᠠᠨ ᠪᠠᠶᠢᠴᠠᠭᠠᠬᠤ ᠵᠡᠷᠭᠡ ᠲᠤᠰᠬᠠᠢ ᠮᠡᠷᠭᠡᠵᠢᠯ ᠢᠶᠠᠷ 33 ᠡᠮᠴᠢ ᠡᠯᠰᠡᠪᠡ︔ ᠡᠮᠴᠢᠯᠡᠭᠡᠨ ᠤ ᠬᠤᠯᠪᠣᠭᠠᠲᠤ ᠴᠣᠭᠴᠠ᠂ ᠡᠮᠴᠢᠯᠡᠭᠡᠨ ᠤ ᠬᠠᠮᠲᠤ ᠶᠢᠨ ᠴᠣᠭᠴᠠ ᠎ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠤᠰᠢᠭᠤ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ ᠨᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠶᠡᠷᠦᠩᠬᠡᠶ ᠡᠮᠨᠡᠯᠭᠡ ᠶᠢᠨ ᠬᠤᠷᠢᠶ᠎ᠠ᠂ ᠪᠤᠭᠤᠲᠤ ᠬᠤᠲᠠ ᠶᠢᠨ ᠪᠣᠯᠣᠳ ᠲᠡᠮᠦᠷ ᠤᠨ ᠦᠶᠯᠡᠳᠪᠦᠷᠢ ᠶᠢᠨ ᠭᠤᠷᠪᠠᠳᠤᠭᠠᠷ ᠡᠮᠨᠡᠯᠭᠡ ᠶᠢᠨ ᠬᠤᠷᠢᠶ᠎ᠠ᠂ ᠰᠢᠯᠢ ᠶᠢᠨ ᠭᠤᠤᠯ ᠠᠶᠢᠮᠠᠭ ᠎ ᠤᠨ ᠲᠥᠪ ᠡᠮᠨᠡᠯᠭᠡ ᠶᠢᠨ ᠬᠤᠷᠢᠶ᠎ᠠ᠂ ᠰᠢᠯᠢ ᠶᠢᠨ ᠭᠤᠤᠯ ᠠᠶᠢᠮᠠᠭ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠵᠡᠷᠭᠡ ᠡᠮᠴᠢᠯᠡᠭᠡᠨ ᠤ ᠪᠠᠶᠢᠭᠤᠯᠤᠮᠵᠢ ᠯᠤᠭ᠎ᠠ ᠡᠮᠴᠢᠯᠡᠭᠡᠨ ᠤ ᠬᠤᠯᠪᠣᠭᠠᠲᠤ ᠴᠣᠭᠴᠠ ᠶᠢᠨ ᠬᠠᠮᠲᠤᠷᠠᠯᠴᠠᠭ᠎ᠠ ᠪᠠᠶᠢᠭᠤᠯᠤᠭᠰᠠᠨ ᠪᠦᠭᠡᠳ ᠬᠤᠰᠢᠭᠤᠨ ᠳᠣᠲᠣᠷᠠᠬᠢ ᠭᠤᠷᠪᠠᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠱᠠᠲᠤ ᠬᠤᠪᠢᠶᠠᠨ ᠣᠨᠣᠰᠢᠯᠠᠨ ᠡᠮᠨᠡᠬᠦ ᠶᠢ ᠬᠡᠷᠡᠭᠵᠢᠭᠦᠯᠦᠭᠰᠡᠨ ᠢᠶᠠᠷ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠷᠢᠴᠠᠭ᠎ᠠ ᠣᠯᠠᠮ ᠨᠢᠭᠲᠠ ᠪᠣᠯᠪᠠ᠃ ᠬᠤᠯᠤᠭᠠᠨ᠎ᠠ ᠶᠢᠨ ᠬᠢᠵᠢᠭ ᠢ ᠴᠢᠩᠭ᠎ᠠ ᠰᠡᠷᠭᠡᠶᠢᠯᠡᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠯᠠᠪᠳᠠᠭᠤᠨ ᠪᠠᠲᠤᠲᠠᠶ ᠥᠷᠨᠢᠭᠦᠯᠦᠨ ᠨᠡᠶᠢᠭᠡᠮ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠰᠣᠶᠣᠯ ᠲᠠᠮᠢᠷ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠲᠣᠭᠠᠴᠢᠯᠠᠭᠰᠠᠨ ᠲᠧᠯᠸᠢᠰ ᠤᠨ ᠲᠤᠬᠢᠶ᠎ᠠ ᠶᠢ ᠰᠢᠯᠵᠢᠭᠦᠯᠬᠦ ᠢᠨᠵᠧᠨᠧᠷᠢᠩ ᠢ ᠪᠡᠶᠡᠯᠡᠭᠦᠯᠵᠦ᠂ ᠥᠪᠡᠷᠲᠡᠭᠡᠨ ᠡᠷᠭᠢᠯᠡᠭᠰᠡᠨ ᠷᠠᠳᠢᠣ᠋ ᠲᠧᠯᠸᠢᠰ ᠰᠣᠨᠢᠨ ᠮᠡᠳᠡᠭᠡᠨ ᠤ ᠫᠷᠣᠭ᠍ᠷᠠᠮ ᠢ ᠬᠤᠤᠰ ᠬᠡᠯᠡ ᠪᠠᠷ ᠡᠳᠦᠷ ᠪᠦᠷᠢ ᠨᠡᠪᠲᠡᠷᠡᠭᠦᠯᠬᠦ ᠶᠢ ᠪᠡᠶᠡᠯᠡᠭᠦᠯᠪᠡ᠃ ᠤᠯᠠᠭᠠᠨᠮᠥ᠋ᠴᠢᠷ ᠤᠨ ᠬᠢᠨ 24 ᠰᠢᠯᠢᠳᠡᠭ ᠪᠦᠲᠦᠭᠡᠯ ᠵᠣᠬᠢᠶᠠᠵᠤ᠂ ᠣᠷᠣᠨ ᠤ ᠲᠠᠰ ᠤᠨ ᠱᠠᠩᠨᠠᠯ ᠢ 4  ᠤᠳᠠᠭ᠎ᠠ ᠲᠤᠰᠤᠭᠰᠠᠨ ᠪᠠᠶᠢᠨ᠎ᠠ᠃ ᠡᠨᠡ ᠵᠢᠯ 5 ᠤᠯᠠᠭᠠᠨᠮᠥ᠋ᠴᠢᠷ ᠤᠨ ᠭᠡᠰᠢᠬᠦᠨ ᠡᠯᠰᠡᠪᠡ᠃ ︽ᠭᠦᠶᠦᠭᠴᠢ︾ ᠬᠤᠯᠠ ᠭᠦᠶᠦᠬᠦ ᠣᠷᠤᠯᠳᠣᠭᠠᠨ ᠨᠢ ᠳᠣᠯᠣᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠳᠤ ᠵᠢᠭᠰᠠᠭᠠᠭᠳᠠᠪᠠ᠃ ᠣᠬᠤᠷ ᠸᠢᠳᠢᠤ᠋ ᠶᠢᠨ ᠪᠦᠲᠦᠭᠡᠯ ︽ᠬᠠᠶᠢᠷ᠎ᠠ ᠶᠢᠨ ᠤᠶᠠᠭᠠᠰᠤ︾᠎ ᠨᠢ ᠪᠦᠬᠦ ᠣᠷᠣᠨ ᠤ ᠠᠩᠬᠠᠳᠤᠭᠠᠷ ᠬᠤᠭᠤᠴᠠᠭᠠᠨ ᠤ ᠬᠥᠮᠦᠯᠢᠭ ᠦᠵᠡᠯ ᠤᠨ ᠣᠬᠤᠷ ᠸᠢᠳᠢᠤ᠋ ᠶᠢᠨ ᠤᠷᠤᠯᠳᠤᠭᠠᠨ ᠤ ᠬᠤᠶᠠᠳᠤᠭᠠᠷ ᠳᠡᠰ ᠤᠨ ᠱᠠᠩᠨᠠᠯ ᠢ ᠬᠦᠷᠳᠡᠪᠡ᠃ᠨᠡᠶᠢᠭᠡᠮ ᠤᠨ ᠶᠡᠷᠦᠩᠬᠡᠢ ᠪᠠᠶᠢᠳᠠᠯ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠪᠠᠲᠤᠯᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠴᠤᠭᠴᠠᠯᠠᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠨᠣᠬᠤᠴᠠᠳᠠᠢ ᠠᠬᠢᠭᠤᠯᠵᠤ᠂ ᠮᠠᠨ ᠤ ᠬᠤᠰᠢᠭᠤ ᠨᠢ ᠨᠠᠶᠮᠠᠳᠤᠭᠠᠷ ᠪᠦᠯᠦᠭ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠪᠠᠷ ᠦᠨᠡᠯᠡᠭᠳᠡᠵᠦ᠂ ᠬᠤᠰᠢᠭᠤ ᠰᠢᠭᠦᠬᠦ ᠬᠤᠷᠢᠶ᠎ᠠ᠂ ᠤᠯᠠᠭᠠᠨᠮᠥ᠋ᠴᠢᠷ ᠨᠢ 2022 ᠣᠨ ᠤ ᠠᠶᠢᠮᠠᠭ ᠤᠨ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠠᠮᠲᠤ ᠨᠢᠭᠡᠴᠡ ᠶᠢᠨ ᠢᠷᠠᠭᠤ ᠠᠯᠳᠠᠷ ᠢ ᠬᠦᠷᠲᠡᠪᠡ᠃ ︽ᠬᠤᠤᠰ ᠵᠠᠭᠤᠨ ᠡᠳᠦᠷ ᠤᠨ ᠪᠤᠭᠤᠮᠲᠠ ᠰᠢᠪᠲᠤᠯᠠᠬᠤ ᠠᠵᠢᠯᠯᠠᠭ᠎ᠠ︾᠎ ᠶᠢ ᠪᠠᠶᠢᠩᠭᠤᠵᠢᠭᠤᠯᠬᠤ ᠪᠠ ᠣᠷᠳᠣ ᠬᠤᠭᠤᠴᠠᠭ᠎ᠠ ᠪᠦᠲᠦᠮᠵᠢᠲᠡᠶ ᠶᠠᠪᠤᠭᠳᠠᠭᠤᠯᠬᠤ ᠪᠠᠷ ᠳᠠᠮᠵᠢᠨ᠂ ᠨᠡᠶᠢᠭᠡᠮ ᠤᠨ ᠵᠥᠷᠢᠴᠡᠯ ᠵᠢᠭᠤᠷᠠᠭᠠᠨ ᠢ ᠪᠠᠶᠢᠴᠠᠭᠠᠬᠤ ᠪᠠ ᠵᠠᠬᠢᠳᠠᠯ ᠰᠤᠷᠪᠤᠯᠵᠢᠯᠠᠯ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠶᠢ ᠪᠥᠬᠦ ᠲᠠᠯ᠎ᠠ ᠪᠠᠷ ᠴᠢᠩᠭᠠᠳᠬᠠᠵᠤ᠂ ᠡᠯ᠎ᠡ ᠲᠥᠷᠥᠯ ᠤᠨ ᠵᠥᠷᠢᠴᠡᠯ ᠵᠢᠭᠤᠷᠭᠠᠨ ᠢ 604 ᠬᠤᠪᠢ ᠡᠶᠡᠳᠡᠭᠦᠯᠦᠨ ᠰᠢᠶᠳᠪᠦᠷᠢᠯᠡᠵᠦ᠂ ᠡᠶᠡᠳᠡᠭᠦᠯᠦᠨ ᠰᠢᠶᠳᠪᠦᠷᠢᠯᠡᠭᠰᠡᠨ ᠨᠣᠷᠮ᠎ᠠ 100 %᠎ ᠳᠤ ᠬᠥᠷᠪᠡ︔ 63 ᠪᠦᠯᠦᠭ 135 ᠬᠥᠮᠦᠨ ᠣᠳᠠᠭᠠᠨ ᠤ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 18 % ᠪᠠ 52 %᠎ ᠢᠶᠠᠷ ᠪᠠᠭᠤᠷᠠᠵᠤ᠂ ᠴᠠᠭ ᠲᠤᠬᠠᠢ ᠳᠤᠨᠢ ᠬᠦᠯᠢᠶᠡᠨ ᠠᠪᠴᠤ ᠰᠢᠢᠳᠪᠦᠷᠢᠯᠡᠭᠰᠡᠨ ᠨᠤᠷᠮ᠎ᠠ᠂ ᠴᠠᠭ ᠲᠤᠬᠠᠢ ᠳᠤᠨᠢ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ ᠪᠠ ᠬᠠᠨᠤᠮᠵᠢᠲᠠᠢ ᠨᠤᠷᠮ᠎ᠠ ᠴᠥᠮ 100 %᠎ ᠳᠤ ᠬᠦᠷᠴᠡᠢ᠃ ᠲᠥᠪ ᠤᠨ ᠲᠣᠭᠤᠷᠢᠨ ᠪᠠᠶᠢᠴᠠᠭᠠᠯᠲᠠ᠂ ᠲᠥᠪ ᠤᠨ ᠬᠠᠮᠲᠤᠷᠠᠭᠰᠠᠨ ᠠᠵᠢᠯ ᠤᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠬᠠᠮᠲᠤᠷᠠᠭᠰᠠᠨ ᠠᠵᠢᠯ ᠤᠨ ᠠᠯᠪᠠᠨ ᠭᠡᠷ ᠪᠠ ᠠᠶᠢᠮᠠᠭ ᠤᠨ ᠱᠠᠲᠤᠨ ᠠᠴᠠ ᠲᠤᠰᠢᠶᠠᠨ ᠰᠢᠢᠳᠪᠦᠷᠢᠯᠡᠭᠦᠯᠦᠭᠰᠡᠨ 54 ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠪᠦᠬᠦᠨ ᠢ ᠰᠢᠢᠳᠪᠦᠷᠢᠯᠡᠵᠦ ᠳᠠᠭᠤᠰᠬᠠᠪᠠ᠃ ︽ᠠᠮᠤᠭᠤᠯᠠᠩ ᠰᠢᠯᠤᠭᠤᠨ ᠬᠥᠬᠡ︾᠂ ︽ᠬᠠᠤᠯᠢ ᠶᠢᠨ ᠵᠠᠰᠠᠭᠯᠠᠯᠳᠤ ᠰᠢᠯᠤᠭᠤᠨ ᠬᠥᠬᠡ ᠬᠤᠰᠢᠭᠤ ᠶᠢ ᠪᠠᠶᠢᠭᠤᠯᠬᠤ︾ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠥᠷᠨᠢᠭᠦᠯᠵᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠨᠡᠶᠢᠲᠡ 226 ᠡᠷᠡᠭᠦᠦ ᠶᠢᠨ ᠬᠡᠷᠡᠭ ᠢ ᠰᠢᠢᠳᠪᠦᠷᠢᠯᠡᠵᠦ᠂ ᠠᠳᠠᠯᠢ ᠬᠤᠭᠤᠴᠠᠭᠠᠨ ᠎ ᠤ ᠬᠢ ᠠᠴᠠ 7 %᠎ ᠪᠠᠷ ᠪᠠᠭᠤᠷᠠᠪᠠ᠃ 261 ᠠᠮᠤᠷ ᠢ ᠬᠠᠮᠠᠭᠠᠯᠠᠬᠤ ᠬᠡᠷᠡᠭ ᠢ ᠰᠢᠶᠳᠪᠦᠷᠢᠯᠡᠵᠦ᠂ ᠠᠳᠠᠯᠢ ᠬᠤᠭᠤᠴᠠᠭᠠᠨ ᠎ ᠤ ᠬᠢ ᠠᠴᠠ 6. 2 %᠎ ᠢᠶᠠᠷ ᠪᠠᠭᠤᠷᠠᠪᠠ᠃ 452 ᠵᠠᠮ ᠬᠠᠷᠢᠯᠴᠠᠭᠠᠨ ᠤ ᠠᠳᠡᠯ ᠬᠡᠷᠡᠭ ᠢ ᠰᠢᠶᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 8 %᠎ ᠪᠠᠷ ᠪᠠᠭᠤᠷᠠᠪᠠ᠃ ᠵᠠᠮ ᠬᠠᠷᠢᠯᠴᠠᠭᠠᠨ ᠤ ᠬᠠᠤᠯᠢ ᠵᠥᠷᠢᠴᠡᠭᠰᠡᠨ ᠡᠯ᠎ᠡ ᠲᠥᠷᠥᠯ ᠤᠨ ᠦᠶᠯᠡ ᠠᠵᠢᠯᠯᠠᠭ᠎ᠠ ᠶᠢ 2. 1 ᠲᠥᠮᠡᠨ ᠤᠳᠠᠭ᠎ᠠ ᠪᠠᠶᠢᠴᠠᠭᠠᠨ ᠰᠢᠢᠳᠪᠦᠷᠢᠯᠡᠵᠡᠢ᠂ ᠡᠭᠦᠨ ᠳᠤ᠄ ᠠᠷᠢᠬᠢ ᠤᠤᠭᠤᠵᠤ ᠲᠡᠷᠭᠡ ᠵᠢᠯᠣᠭᠤᠳᠤᠭᠰᠠᠨ ᠬᠡᠷᠡᠭ 181᠂ ᠰᠣᠭᠲᠣᠭᠤ ᠪᠠᠷ ᠲᠡᠷᠭᠡ ᠵᠢᠯᠣᠭᠤᠳᠤᠭᠰᠠᠨ ᠬᠡᠷᠡᠭ 56 ᠪᠠᠶᠢᠵᠤ᠂ 2 ᠬᠥᠮᠦᠨ ᠢ ᠠᠯᠪᠠᠨ ᠲᠤᠰᠢᠶᠠᠯ ᠠᠴᠠ ᠨᠢ ᠤᠭᠴᠠᠷᠠᠭᠤᠯᠪᠠ᠃ ᠲᠦᠷ ᠬᠤᠷᠢᠬᠤ ᠭᠠᠵᠠᠷ ᠢ ᠰᠡᠯᠪᠢᠨ ᠵᠠᠰᠠᠬᠤ ᠢᠨᠵᠧᠨᠧᠷᠢᠩ᠂ ᠰᠠᠶᠢᠨᠬᠤᠳᠳᠤᠭ ᠲᠠᠬᠢ ᠵᠠᠮ ᠬᠠᠷᠢᠯᠴᠠᠭᠠᠨ ᠤ ᠬᠠᠤᠯᠢ ᠬᠡᠷᠡᠭᠵᠢᠭᠦᠯᠬᠦ ᠥᠷᠲᠡᠭᠡ᠂ ᠪᠣᠷᠣᠬᠤᠲᠠ ᠳᠠᠬᠢ ᠬᠤᠤᠷᠲᠤ ᠡᠳ᠋ ᠤᠨ ᠪᠠᠶᠢᠴᠠᠭᠠᠯᠲᠠ ᠶᠢᠨ ᠥᠷᠲᠡᠭᠡ ᠶᠢ ᠪᠠᠶᠢᠭᠤᠯᠤᠨ ᠠᠰᠢᠭᠯᠠᠯᠲᠠ ᠳᠤ ᠣᠷᠤᠭᠤᠯᠵᠤ᠂ 72 ᠨᠡᠷ᠎ᠡ ᠲᠤᠰᠠᠯᠠᠬᠤ ᠴᠠᠭᠳᠠᠭ᠎ᠠ ᠡᠯᠰᠡᠨ᠂ 22 ᠲᠡᠷᠭᠡ ᠲᠣᠬᠢᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠪᠥᠬᠦ ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾᠂ ᠡᠪᠦᠯ ᠤᠨ ᠤᠯᠠᠷᠢᠯ ᠤᠨ ᠣᠯᠢᠮᠫᠢᠺ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠠᠮᠤᠷ ᠢ ᠬᠠᠮᠠᠭᠠᠯᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ 283 ᠤᠳᠠᠭᠠᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠢ ᠬᠠᠪᠰᠤᠷᠤᠨ 545. 82 ᠲᠦᠮᠡᠨ ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠪᠠ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠰᠠᠶᠢᠲᠤᠷ ᠬᠢᠵᠦ᠂ ᠣᠨᠴᠠᠭᠠᠢ ᠴᠠᠭ ᠠᠭᠤᠷ ᠤᠨ ᠭᠠᠮᠰᠢᠭ ᠢ ᠪᠦᠲᠦᠮᠵᠢᠲᠡᠢ ᠠᠷᠭᠠᠴᠠᠵᠤ ᠂ 149 ᠡᠷᠦᠬᠡ ᠶᠢᠨ 331 ᠲᠠᠰᠤᠯᠭ᠎ᠠ ᠡᠪᠳᠡᠭᠳᠡᠭᠰᠡᠨ ᠭᠡᠷ ᠪᠠᠶᠢᠰᠢᠩ ᠢ ᠰᠡᠯᠪᠢᠨ ᠵᠠᠰᠠᠵᠤ᠂ ᠴᠠᠬᠢᠯᠭᠠᠨ ᠬᠦᠴᠦᠨ ᠤ ᠲᠥᠬᠦᠭᠡᠷᠦᠮᠵᠢ ᠶᠢ ᠴᠠᠭ ᠲᠤᠬᠠᠢ ᠳᠤᠨᠢ ᠵᠠᠰᠠᠵᠤ ᠰᠡᠯᠪᠢᠨ᠂ 31 ᠲᠦᠮᠡᠨ ᠲᠥᠭᠦᠷᠢᠭ ᠤᠨ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠪᠠᠭᠤᠯᠭᠠᠵᠤ᠂ ᠭᠠᠮᠰᠢᠭ ᠤᠨ ᠨᠥᠯᠥᠭᠡ ᠶᠢ ᠪᠠᠭᠠᠰᠬᠠᠪᠠ᠃ ᠢᠳᠡᠭᠡᠨ ᠤᠮᠳᠠᠭᠠᠨ᠂ ᠡᠮ ᠲᠠᠩ ᠤᠨ ᠠᠶᠤᠯᠭᠦᠢ ᠪᠠᠶᠢᠳᠠᠯ ᠤᠨ ᠬᠢᠨᠠᠨ ᠬᠠᠮᠢᠶᠠᠷᠤᠯᠲᠠ ᠪᠠ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠠᠵᠢᠯ ᠢ ᠭᠦᠨᠵᠡᠭᠡᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠥᠷᠥᠯ ᠤᠨ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠦᠨ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ 1890 ᠡᠷᠦᠬᠡ ᠤᠳᠠᠭ᠎ᠠ ᠪᠠᠶᠢᠴᠠᠭᠠᠵᠤ᠂ 1690 ᠵᠦᠢᠯ ᠤᠨ ᠭᠡᠮ ᠰᠣᠭᠤᠭ ᠢ ᠴᠡᠭᠴᠡᠯᠡᠨ ᠵᠠᠰᠠᠬᠤ ᠶᠢ ᠱᠠᠭᠠᠷᠳᠠᠪᠠ᠃ 976 ᠡᠷᠦᠬᠡ ᠶᠢᠨ ᠥᠪᠡᠷᠲᠡᠭᠡᠨ ᠪᠠᠷᠢᠭᠰᠠᠨ ᠡᠵᠡᠩᠨᠡᠯᠳᠡ ᠶᠢᠨ ᠴᠢᠨᠠᠷᠳᠠᠢ ᠭᠡᠷ ᠪᠠᠶᠢᠰᠢᠩ ᠤᠨ ᠠᠶᠦᠯᠭᠦᠢ ᠪᠠᠶᠢᠳᠠᠯ ᠢ ᠪᠠᠶᠢᠴᠠᠭᠠᠨ᠂ ᠰᠢᠲᠠᠮᠠᠬᠠᠶ ᠬᠡᠶ ᠶᠢᠨ ᠠᠶᠤᠯᠭᠦᠢ ᠪᠠᠶᠢᠳᠠᠯ ᠢ 24 ᠤᠳᠠᠭ᠎ᠠ ᠰᠢᠯᠭᠠᠵᠤ᠂ 368 ᠵᠦᠶᠯ ᠤᠨ ᠭᠡᠮ ᠰᠤᠭᠤᠭ ᠢ ᠴᠡᠭᠴᠡᠯᠡᠨ  ᠵᠠᠰᠠᠪᠠ᠃ ᠪᠦᠬᠦ ᠬᠤᠰᠢᠭᠤᠨ ᠳᠤ ᠠᠶᠤᠯᠭᠦᠶ ᠦᠶᠯᠡᠳᠪᠦᠷᠢᠯᠡᠯ ᠤᠨ ᠠᠳᠡᠯ ᠣᠰᠤᠯ ᠪᠠ ᠢᠳᠡᠭᠡᠨ ᠤᠮᠳᠠᠭᠠᠨ ᠡᠮ ᠲᠠᠩ ᠤᠨ ᠡᠷᠡᠰᠳᠡᠯ ᠬᠡᠷᠡᠭ ᠭᠠᠷᠤᠭᠰᠠᠨ ᠦᠭᠡᠢ᠃ᠨᠢᠭᠡ ᠵᠢᠯ ᠤᠨ ᠲᠤᠷᠰᠢ᠂ ᠪᠢᠳᠡ ᠦᠷ᠎ᠡ ᠪᠦᠳᠦᠮᠵᠢ ᠶᠢ ᠠᠳᠬᠤᠵᠣ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠪᠠ᠃ ᠰᠠᠬᠢᠯᠭ᠎ᠠ ᠪᠠᠲᠤ ᠤᠪᠤᠷ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠪᠠ᠃ ᠠᠷᠪᠠ ᠶᠢᠰᠦᠳᠦᠭᠡᠷ ᠶᠡᠭᠡ ᠬᠤᠷᠠᠯ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ︽ᠬᠤᠶᠠᠷ ᠢ ᠲᠣᠭᠲᠠᠭᠠᠬᠤ ︾᠎ ᠶᠢ ᠡᠷᠡᠰ ᠬᠦᠷᠢᠶᠡᠯᠡᠨ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠪᠠ ᠣᠷᠳᠣ ᠬᠤᠭᠤᠴᠠᠭ᠎ᠠ ᠪᠦᠲᠦᠮᠵᠢᠲᠡᠶ ᠪᠠᠶᠢᠯᠭᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ ᠥᠷᠨᠢᠭᠦᠯᠦᠨ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠎ ᠶᠢᠨ ᠬᠠᠷᠢᠭᠤᠴᠠᠯᠭ᠎ᠠ ᠶᠢᠨ ᠲᠦᠷᠢᠮ ᠪᠠ ︽ᠨᠢᠭᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭ᠎ᠠ ᠶᠢᠨ ᠳᠦᠷᠢᠮ︾ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠭᠡᠮ ᠤᠨ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠎ ᠢ ᠪᠣᠳᠠᠲᠠᠶ ᠠᠳᠬᠤᠨ᠂ ᠲᠥᠪ ᠤᠨ ᠨᠠᠶᠮᠠᠨ ᠵᠣᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠲᠤᠤᠱᠯᠠᠭᠤᠯᠵᠤ᠂ ︽ᠬᠤᠶᠠᠷ ᠢ ᠴᠢᠩᠭᠠᠳᠬᠠᠬᠤ︾ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠂ ᠵᠠᠰᠠᠭ ᠤᠨ ᠣᠷᠳᠣᠨ ᠤ ᠭᠦᠢᠴᠡᠳᠭᠡᠬᠦ ᠴᠢᠳᠠᠪᠤᠷᠢ ᠶᠢ ᠳᠡᠭᠡᠭᠰᠢᠯᠡᠬᠦᠯᠪᠡ᠃ᠵᠠᠰᠠᠭ ᠵᠠᠬᠢᠷᠭᠠᠨ ᠤ ᠠᠵᠢᠯ ᠤᠨ ᠦᠷ᠎ᠡ ᠪᠥᠳᠥᠮᠵᠢ ᠪᠣᠯᠤᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠬᠦᠯᠪᠡ᠃ ᠰᠠᠯᠠᠭ᠎ᠠ ᠮᠥᠴᠢᠷ ᠤᠨ ᠲᠥᠰᠦᠪ ᠤᠨ ᠬᠡᠷᠡᠭᠵᠢᠭᠦᠯᠦᠯᠲᠡ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦᠨ ᠤ ᠬᠡᠷᠡᠭᠯᠡᠯᠲᠡ ᠶᠢᠨ ᠦᠷ᠎ᠡ ᠪᠦᠲᠦᠮᠵᠢ ᠢᠯᠡᠳᠲᠡ ᠳᠡᠭᠡᠭᠰᠢᠯᠡᠵᠦ᠂ ︽ᠭᠤᠷᠪᠠᠨ ᠲᠥᠷᠥᠯ ᠤᠨ ᠠᠯᠪᠠᠨ ᠵᠠᠷᠤᠳᠠᠯ︾᠎ ᠨᠢ ᠠᠳᠠᠯᠢ ᠬᠤᠭᠤᠴᠠᠭᠠᠨ ᠤ ᠬᠢ ᠠᠴᠠ 5. 1 %᠎ ᠪᠠᠷ ᠪᠠᠭᠤᠷᠠᠪᠠ᠃ ᠵᠠᠰᠠᠭ ᠤᠨ ᠣᠷᠳᠣᠨ ᠤ ᠥᠷᠢ ᠥᠭᠴᠡᠭᠡ ᠶᠢ ᠴᠢᠩᠭ᠎ᠠ ᠬᠢᠵᠠᠭᠠᠷᠯᠠᠵᠤ᠂ ᠥᠷᠢ ᠥᠭᠴᠡᠭᠡᠨ ᠳᠤ ᠲᠦᠭᠰᠢᠭᠦᠷᠢ ᠶᠢ ᠰᠡᠷᠭᠡᠶᠢᠯᠡᠨ᠂ 2. 01 ᠳ᠋ᠦᠩᠰᠢᠭᠤᠷ ᠲᠥᠭᠦᠷᠢᠭ ᠤᠨ ᠳᠠᠯᠳᠠ ᠥᠷᠢ ᠥᠭᠴᠡᠭᠡ ᠶᠢ ᠠᠷᠢᠯᠭᠠᠪᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ ᠥᠭᠡᠷᠡᠴᠢᠯᠡᠯᠲᠡ ᠬᠢᠵᠦ ᠳᠠᠬᠢᠨ ᠵᠣᠬᠢᠶᠠᠨ ᠪᠠᠶᠢᠭᠤᠯᠬᠤ ᠠᠵᠢᠯ ᠢ ᠡᠬᠢᠯᠡᠭᠦᠯᠵᠦ᠂ ᠪᠣᠳᠠᠲᠠᠶ ᠡᠵᠡᠩᠨᠡᠯᠲᠡ ᠥᠬᠡᠶ 5 ᠠᠵᠤ ᠠᠬᠤᠶᠢᠯᠠᠯ ᠢ ᠬᠦᠴᠦᠨ ᠥᠬᠡᠶ ᠪᠣᠯᠭᠠᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠪᠠᠯᠠ ᠣᠷᠣᠭᠤᠯᠤᠯᠲᠠ ᠶᠢᠨ 2 ᠺᠣᠮᠫᠠᠨᠢ ᠶᠢ ᠵᠣᠬᠢᠶᠠᠨ ᠪᠠᠶᠢᠭᠤᠯᠪᠠ᠃ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠨᠢᠭᠡᠳᠦᠯᠲᠡᠢ ᠬᠠᠮᠢᠶᠠᠷᠤᠯᠲᠠ ᠨᠢ ᠦᠷ᠎ᠡ ᠪᠦᠲᠦᠮᠵᠢ ᠣᠯᠵᠤ᠂ ᠲᠣᠰᠤᠨ ᠤ ᠵᠠᠷᠤᠳᠠᠯ ᠪᠠ ᠰᠡᠯᠪᠢᠨ ᠵᠠᠰᠠᠬᠤ ᠵᠠᠷᠤᠳᠠᠯ ᠲᠣᠰ ᠲᠣᠰ 10 % ᠪᠠ 15 %᠎ ᠪᠠᠷ ᠪᠠᠭᠤᠷᠠᠪᠠ᠃ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ 85 ᠲᠦᠷᠦᠯ ᠵᠦᠢᠯ ᠢ ᠬᠦᠯᠢᠶᠡᠨ ᠠᠪᠴᠤ᠂ 102 ᠲᠦᠮᠡᠨ ᠲᠥᠭᠦᠷᠢᠭ ᠤᠨ ᠪᠡᠯᠡ ᠮᠥᠩᠭᠦ ᠶᠢ ᠠᠷᠪᠢᠯᠠᠪᠠ᠃ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠤᠷᠤᠭᠰᠢᠲᠠᠶ ᠪᠡᠶᠡᠯᠡᠭᠦᠯᠵᠦ᠂ ᠪᠥᠬᠦ ᠣᠷᠣᠨ ᠤ ᠲᠡᠷᠢᠭᠦᠨ ᠤ ᠬᠠᠮᠲᠤ ᠨᠡᠶᠢᠲᠡ ᠶᠢᠨ ᠢᠷᠠᠭᠤ ᠠᠯᠳᠠᠷ ᠤᠨ ᠴᠣᠯᠠ ᠶᠢ ᠭᠥᠷᠳᠡᠪᠡ᠃ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠪᠡ᠃ ᠵᠠᠰᠠᠭ ᠤᠨ ᠣᠷᠳᠣᠨ ᠤ ︽ᠭᠤᠷᠪᠠᠨ ᠴᠢᠬᠤᠯᠠ ᠨᠢᠭᠡ ᠶᠡᠭᠡ︾ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠤᠯᠭ᠎ᠠ ᠶᠢ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ᠂ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠳᠤ ᠰᠤᠯᠠ ᠣᠷᠣᠯᠴᠠᠬᠤ ᠲᠦᠷᠢᠮ ᠢ ᠪᠠᠷᠢᠮᠲᠠᠯᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠯ ᠰᠠᠨᠠᠭᠤᠯᠭ᠎ᠠ ᠶᠢ 114 ᠬᠤᠪᠢ᠂ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢ 141 ᠬᠤᠪᠢ ᠰᠢᠢᠳᠪᠦᠷᠢᠯᠡᠪᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠯᠠᠪᠳᠠᠭᠤᠨ ᠢᠶᠠᠷ ᠠᠬᠢᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠬᠢᠨᠠᠨ ᠪᠠᠶᠢᠴᠠᠭᠠᠯᠲᠠ ᠪᠠᠨ ᠴᠢᠩᠭᠠᠷᠠᠭᠤᠯᠪᠠ᠃ ︽ᠨᠠᠶᠮᠠᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠢ ᠠᠬᠢᠭᠤᠯᠵᠤ᠂ ᠵᠠᠰᠠᠭ ᠵᠠᠬᠢᠷᠭᠠᠨ ᠤ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠠᠬᠢᠭᠤᠯᠤᠨ᠂ 17 ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠰᠢᠢᠳᠪᠦᠷᠢᠯᠡᠨ᠂ ᠵᠠᠰᠠᠭ ᠤᠨ ᠣᠷᠳᠣᠨ ᠤ ᠰᠢᠰᠲ᠋ᠧᠮ ᠤᠨ ᠬᠢᠨ ᠬᠠᠤᠯᠢᠴᠢ ᠠᠴᠠ ᠵᠥᠪᠯᠡᠮᠵᠢ ᠠᠪᠬᠤ ᠳᠥᠷᠢᠮ ᠢ ᠬᠡᠷᠡᠭᠵᠢᠭᠦᠯᠵᠦ ᠂  ᠲᠠᠩᠬᠢᠮ ᠳᠤ ᠬᠦᠷᠴᠦ ᠵᠠᠷᠭᠤ ᠬᠦᠯᠢᠶᠡᠬᠦ ᠨᠣᠷᠮ᠎ᠠ 100 %᠎ ᠳᠤ ᠬᠥᠷᠪᠡ᠃ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠬᠤᠶᠢᠴᠢ ᠦᠶ᠎ᠡ ᠪᠠᠨ ᠬᠠᠯᠠᠮᠵᠢᠯᠠᠬᠤ ᠵᠥᠪᠯᠡᠯ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠎ ᠤᠨ ᠨᠡᠶᠢᠭᠡᠮᠯᠢᠭ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠎ ᠶᠢᠨ ᠠᠵᠢᠯ ᠢ ᠢᠳᠡᠪᠬᠢᠲᠡᠶ ᠳᠡᠮᠵᠢᠵᠦ᠂ ᠬᠤᠶᠠᠷ ᠢ ᠬᠦᠷᠢᠶᠡᠯᠡᠵᠦ ᠬᠠᠷᠠᠭᠠᠯᠵᠠᠨ ᠲᠡᠳᠬᠦᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠴᠢᠩᠭᠠᠷᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠳᠠᠭᠠᠳᠤ ᠶᠠᠪᠤᠳᠠᠯ᠂ ᠲᠠᠩᠰᠠ ᠡᠪᠬᠡᠮᠡᠯ᠂ ᠴᠠᠭ ᠠᠭᠤᠷ᠂ ᠨᠢᠭᠤᠴᠠ ᠶᠢ ᠬᠠᠮᠠᠭᠠᠯᠠᠬᠤ ᠵᠡᠷᠭᠡ ᠠᠵᠢᠯ ᠰᠢᠨ᠎ᠡ ᠦᠷ᠎ᠡ ᠪᠦᠲᠦᠮᠵᠢ ᠤᠯᠪᠠ᠃ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠪᠣᠯ ᠰᠢᠯᠤᠭᠤᠨ ᠬᠥᠬᠡ ᠬᠤᠰᠢᠭᠤᠨ ᠤ ᠬᠥᠭᠵᠢᠯᠲᠡ ᠶᠢᠨ ᠶᠠᠪᠤᠴᠠ ᠳᠠᠬᠢ ᠲᠤᠶᠢᠯ ᠤᠨ ᠶᠡᠷᠦ ᠪᠤᠰᠤ ᠶᠢᠨ᠂ ᠥᠷᠢᠰᠥᠯᠳᠦᠭᠡᠨ ᠶᠡᠭᠡ ᠲᠠᠢ ᠨᠢᠭᠡ ᠵᠢᠯ ᠪᠣᠯᠤᠨ᠎ᠠ᠂ ᠪᠢᠳᠡ ᠡᠨᠡᠬᠦ ᠠᠮᠵᠢᠯᠲᠠ ᠪᠦᠲᠦᠮᠵᠢ ᠪᠠᠨ ᠬᠢᠯᠪᠠᠷ ᠪᠤᠰᠤ ᠪᠠᠷ ᠣᠯᠵᠠᠢ᠃ ᠬᠥᠭᠵᠢᠯᠲᠡ ᠂ ᠥᠭᠡᠷᠡᠴᠢᠯᠡᠯᠲᠡ ᠂ ᠲᠣᠭᠲᠠᠭᠤᠨ ᠢ ᠪᠠᠳᠤᠯᠠᠬᠤ ᠬᠦᠨᠳᠦ ᠡᠭᠦᠷᠭᠡ ᠪᠣᠯᠤᠨ ᠨᠠᠷᠢᠨ ᠪᠤᠳᠤᠯᠢᠶᠠᠨᠲᠠᠶ ᠬᠢᠵᠢᠭ ᠤᠨ ᠪᠠᠶᠢᠳᠠᠯ ᠤᠨ ᠡᠮᠦᠨ᠎ᠡ᠂ ᠪᠥᠬᠦ ᠬᠤᠰᠢᠭᠤᠨ ᠤ ᠥᠷᠭᠡᠨ ᠣᠯᠠᠨ ᠨᠠᠮ ᠎ ᠤᠨ ᠭᠡᠰᠢᠭᠦᠨ ᠺᠡᠲᠠᠷᠴᠤᠳ ᠨᠢᠭᠡ ᠰᠡᠳᠬᠢᠯ ᠨᠢᠭᠡ ᠵᠣᠷᠢᠭ ᠢᠶᠠᠷ ᠰᠢᠷᠭᠠᠭᠤ ᠠᠵᠢᠯᠯᠠᠨ᠂ ᠬᠠᠯᠠᠰᠢᠷᠠᠯ ᠦᠭᠡᠢ ᠴᠢᠷᠮᠠᠶᠢᠨ᠂ ᠢᠳᠡᠪᠬᠢᠯᠡᠨ ᠤᠷᠤᠭᠰᠢᠯᠠᠵᠤ᠂ ᠳᠠᠷᠤᠯᠲᠠ ᠶᠢ ᠰᠦᠷᠦᠨ᠂ ᠬᠠᠷᠢᠭᠤᠴᠠᠯᠭ᠎ᠠ ᠪᠠᠨ ᠡᠭᠦᠷᠭᠡᠯᠡᠨ᠂ ᠡᠯ᠎ᠡ ᠵᠦᠶᠯ ᠤᠨ ᠠᠵᠢᠯ ᠦᠶᠯᠡᠰ ᠤᠨ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠬᠦᠴᠦᠯᠡᠨ ᠠᠬᠢᠭᠤᠯᠵᠤ᠂ ᠡᠯ᠎ᠡ ᠵᠦᠶᠯ ᠤᠨ ᠠᠵᠢᠯ ᠢᠶᠠᠨ ᠰᠠᠶᠢᠳᠤᠷ ᠪᠡᠶᠡᠯᠡᠬᠦᠯᠦᠭᠰᠡᠨ ᠪᠠᠶᠢᠨ᠎ᠠ᠂ ᠡᠨᠡ ᠪᠣᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠣᠯᠤᠨ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠶᠢᠨ ᠦᠷ᠎ᠡ ᠳ᠋ᠦᠩ ᠮᠥᠨ ᠂ ᠮᠥᠨ ᠴᠤ ᠺᠠᠳ᠋ᠷ ᠠᠵᠢᠯᠲᠠᠨ ᠤ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠭᠰᠡᠨ᠂ ᠣᠯᠠᠨ ᠲᠦᠮᠡᠨ ᠤ ᠢᠳᠡᠭᠡᠨ ᠳᠡᠮᠵᠢᠭᠰᠡᠨ ᠪᠠ᠂ ᠡᠯ᠎ᠡ ᠡᠲᠡᠭᠡᠳ ᠤᠨ ᠬᠠᠯᠠᠭᠤᠨ ᠳᠡᠮᠵᠢᠯᠭᠡ ᠶᠢᠨ ᠦᠷ᠎ᠡ ᠳ᠋ᠦᠩ ᠮᠥᠨ᠃ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠪᠥᠬᠦ ᠬᠤᠰᠢᠭᠤᠨ ᠤ ᠺᠠᠳ᠋ᠷ ᠣᠯᠠᠨ ᠲᠦᠮᠡᠨ᠂ ᠰᠢᠯᠤᠭᠤᠨ ᠬᠥᠬᠡ ᠬᠤᠰᠢᠭᠤᠨ ᠤ ᠡᠯ᠎ᠡ ᠲᠥᠷᠥᠯ ᠎ ᠤᠨ ᠠᠵᠢᠯ ᠦᠶᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠲᠠ ᠪᠦᠬᠦᠨ ᠳᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ᠪᠢᠳᠡ ᠠᠮᠵᠢᠯᠲᠠ ᠪᠦᠳᠦᠮᠵᠢ ᠪᠠᠨ ᠨᠤᠲᠠᠯᠠᠬᠤ ᠶᠢᠨ ᠬᠠᠮᠲᠤ᠂ ᠪᠠᠰᠠ ᠮᠠᠨ ᠤ ᠬᠤᠰᠢᠭᠤ ᠨᠢ ᠶᠠᠭ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠬᠥᠭᠵᠢᠯᠲᠡ ᠶᠢᠨ ᠳᠤᠮᠳᠠ ᠵᠠᠷᠢᠮ ᠬᠦᠴᠢᠷ ᠠᠰᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠪᠠ᠃  ᠡᠭᠦᠨ ᠳᠤ ᠂ ᠠᠵᠤ ᠠᠬᠤᠢ ᠤᠷᠤᠭᠤᠳᠠᠵᠤ ᠪᠠᠶᠢᠭ᠎ᠠ ᠳᠠᠷᠤᠯᠲᠠ ᠶᠡᠭᠡ ᠂ ︽ᠲᠤᠯᠤᠭᠠᠶᠢᠯᠠᠭᠴᠢ  ᠠᠵᠤ ᠠᠬᠤᠶᠢᠯᠠᠯ ᠤᠨ ᠳᠠᠶᠢᠴᠢᠯᠠᠬᠤ ᠬᠦᠴᠦᠨ ︽ᠮᠡᠬᠦᠰ︾᠂ ᠠᠵᠤ ᠦᠢᠯᠡᠰ ᠤᠨ ᠬᠡᠯᠬᠢᠶ᠎ᠡ ︽ᠣᠬᠤᠷ︾᠂ ᠵᠠᠩᠭᠢᠯᠠᠭ᠎ᠠ ᠶᠢᠨ ᠴᠡᠭ ︽ᠳᠤᠲᠠᠮᠠᠭ︾᠂ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ︽ᠪᠠᠭᠤᠷᠠᠢ︾᠂ ᠠᠵᠤ ᠦᠢᠯᠡᠰ ᠤᠨ ᠪᠦᠲᠦᠴᠡ ᠲᠠᠩ ᠴᠤᠯᠭᠤᠢ᠂ ᠭᠠᠶᠢᠯᠢ ᠶᠢᠨ ᠢᠷᠡᠯᠲᠡ ᠲᠠᠢ ᠠᠵᠤ ᠠᠬᠤᠶᠢᠯᠠᠯ ᠴᠥᠭᠡᠨ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ︔ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠳᠤᠲᠠᠭᠳᠠᠯ ᠣᠷᠣᠰᠢᠵᠤ᠂ ᠡᠵᠡᠮᠳᠡᠵᠦ ᠪᠣᠯᠬᠤ ᠡᠳ᠋ ᠤᠨ ᠬᠦᠴᠦᠨ ᠤ ᠨᠥᠯᠥᠭᠡ ᠶᠢ ᠭᠥᠷᠳᠡᠵᠦ᠂ ᠬᠥᠳᠡᠭᠡ ᠲᠣᠰᠬᠤᠨ ᠤ ᠤᠰᠤ ᠴᠠᠬᠢᠯᠭᠠᠨ ᠵᠠᠮ ᠴᠢᠮᠡᠭᠡ ᠨᠡᠪᠲᠡᠷᠡᠯᠭᠡ ᠵᠡᠷᠭᠡ ᠰᠠᠭᠤᠷᠢ ᠳᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠨᠢ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠬᠦᠷᠴᠦ ᠴᠢᠳᠠᠭᠠᠳᠦᠢ ᠪᠠᠶᠢᠨ᠎ᠠ ᠃ ᠠᠷᠠᠯᠵᠢᠶ᠎ᠠ ᠡᠷᠬᠢᠯᠡᠬᠦ ᠣᠷᠴᠢᠨ ᠨᠥᠬᠦᠴᠡᠯ ᠠᠨᠠᠶᠢᠬᠠᠨ ᠪᠠᠶᠢᠵᠤ᠂ ᠵᠠᠷᠢᠮ ᠺᠠᠳ᠋ᠷ ᠤᠨ ᠰᠢᠨ᠎ᠡ ᠶᠢ ᠡᠭᠦᠳᠴᠦ ᠬᠠᠮᠲᠤᠷᠠᠯᠴᠠᠬᠤ ᠰᠡᠳᠬᠢᠬᠦᠶ ᠪᠠ ᠦᠵᠡᠯᠲᠡ ᠴᠢᠩᠭ᠎ᠠ ᠪᠢᠰᠢ᠂ ᠰᠠᠨᠠᠭᠠᠴᠢᠯᠠᠭ᠎ᠠ ᠠᠴᠠ ᠪᠠᠨ ᠠᠵᠢᠯ ᠵᠣᠬᠢᠴᠠᠭᠤᠯᠬᠤ ᠤᠬᠠᠮᠰᠠᠷ ᠬᠦᠷᠦᠯᠴᠡᠬᠦ ᠥᠬᠡᠶ ᠪᠠᠶᠢᠨ᠎ᠠ᠂ ︽  ᠬᠦᠭᠵᠢᠭᠦᠯᠬᠦ ᠪᠠᠷ ᠶᠠᠭᠠᠷᠠᠬᠤ ᠥᠬᠡᠶ︾ ᠲᠠᠶᠢᠪᠤᠩ ᠪᠤᠳᠤᠯ ᠢ ᠡᠪᠦᠷᠯᠡᠨ ᠂ ︽  ᠬᠤᠯᠠ ᠶᠢᠨ ᠬᠠᠷᠠᠴᠠ ᠦᠭᠡᠢ︾ ᠤᠬᠤᠷ ᠰᠡᠳᠬᠢᠭᠦᠢ ᠲᠠᠢ ᠂ ︽  ᠬᠠᠰᠢ ᠶᠠᠰᠢ ᠬᠠᠨᠳᠤᠬᠤ︾ ᠬᠠᠭᠤᠮᠠᠭᠠᠢ ᠪᠤᠳᠤᠯ ᠳᠤ ᠠᠪᠳᠠᠭᠳᠠᠵᠤ ᠪᠠᠶᠢᠭ᠎ᠠ ᠪᠤᠯᠬᠤᠷ᠂ ᠦᠶᠯᠡᠴᠢᠯᠡᠭᠡᠨ ᠤ ᠤᠬᠠᠮᠰᠠᠷ ᠪᠠ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠡᠭᠦᠨ ᠳᠤ ᠴᠢᠭᠯᠡᠭᠦᠯᠦᠨ ᠬᠤᠰᠢᠭᠤ ᠵᠠᠰᠠᠭ ᠤᠨ ᠣᠷᠳᠣᠨ ᠨᠢ ᠴᠢᠩᠭ᠎ᠠ ᠪᠣᠳᠠᠲᠠᠶ ᠠᠷᠭ᠎ᠠ ᠬᠡᠮᠵᠢᠶ᠎ᠡ ᠠᠪᠴᠤ᠂ ᠪᠥᠬᠦ ᠬᠦᠴᠦᠨ ᠎ ᠢᠶᠠᠷ ᠢᠶᠠᠨ ᠰᠢᠢᠳᠪᠦᠷᠢᠯᠡᠬᠦ ᠪᠣᠯᠤᠨ᠎ᠠ᠃ ᠨᠥᠬᠦᠳ ᠨᠡᠷ ᠥᠩᠭᠡᠷᠡᠭᠰᠡᠨ ᠲᠠᠢ ᠪᠠᠨ ᠠᠳᠠᠯᠢ ᠪᠠᠷ ᠵᠠᠰᠠᠭ ᠤᠨ ᠣᠷᠳᠣᠨ ᠤ ᠠᠵᠢᠯ ᠢ ᠳᠡᠮᠵᠢᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠯᠤᠭᠤᠨ ᠬᠥᠬᠡ ᠬᠤᠰᠢᠭᠤᠨ ᠤ ᠡᠯ᠎ᠡ ᠵᠦᠶᠯ ᠤᠨ ᠠᠵᠢᠯ ᠢ ᠰᠠᠶᠢᠲᠤᠷ ᠬᠢᠬᠦ ᠶᠢ ᠬᠦᠰᠡᠵᠦ ᠪᠠᠶᠢᠨ᠎ᠠ᠃ᠬᠤᠶᠠᠷ᠂ 2023 ᠣᠨ ᠤ ᠠᠵᠢᠯ ᠤᠨ ᠪᠠᠶᠢᠷᠢᠯᠠᠭᠤᠯᠤᠯᠲᠠ2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠬᠡᠷᠡᠭᠵᠢᠬᠦᠯᠵᠦ ᠂ ᠤᠷᠢᠳᠤᠬᠢ ᠶᠢ ᠵᠠᠯᠭᠠᠮᠵᠢᠯᠠᠨ ᠬᠤᠶᠢᠳᠤᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠨᠢᠭᠡ ᠵᠢᠯ ᠮᠥᠨ᠃ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠮᠵᠢ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠎ ᠶᠢ ᠪᠠᠷᠢᠮᠲᠠᠯᠠᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠴᠢᠬᠤᠯᠠ ᠡᠭᠦᠷᠭᠡ︾᠎ ᠶᠢᠨ ᠲᠣᠭᠤᠷᠢᠨ ᠳᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠯᠠᠪᠳᠠᠭᠤᠨ ᠢ ᠪᠠᠷᠢᠮᠲᠠᠯᠠᠬᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠡᠵᠡᠮᠳᠡᠵᠦ᠂ ᠰᠢᠨ᠎ᠡ ᠬᠥᠭᠵᠢᠯᠲᠡ ᠶᠢᠨ ᠤᠶᠢᠯᠠᠭᠠᠭᠳᠠᠬᠤᠨ ᠢ ᠪᠦᠷᠢᠨ ᠪᠦᠳᠦᠨ ᠂ ᠨᠠᠷᠢᠯᠢᠭ ᠤᠨᠤᠪᠴᠢᠲᠠᠢ ᠪᠠᠷ ᠲᠤᠤᠱᠠᠯᠠᠭᠤᠯᠤᠨ ᠂ ᠠᠶᠢᠮᠠᠭ ᠤᠨ ᠨᠠᠮ ᠤᠨ ᠬᠤᠷᠢᠶ᠎ᠠ ᠂ ᠵᠠᠬᠢᠷᠭ᠎ᠠ ᠂ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢ ᠳᠠᠭᠤ ᠳᠤ  ᠬᠢᠵᠢᠭ ᠢ ᠰᠡᠷᠭᠡᠶᠢᠯᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠳᠥᠯᠦᠪᠵᠢᠭᠦᠯᠦᠨ᠂ ᠬᠥᠭᠵᠢᠯᠲᠡ ᠪᠠ ᠠᠮᠤᠷ ᠲᠦᠪᠰᠢᠨ ᠢ ᠤᠶᠠᠯᠳᠤᠭᠤᠯᠵᠤ᠂ ︽ᠬᠤᠶᠠᠷ ᠬᠡᠯᠬᠢᠶ᠎ᠡ ᠬᠤᠶᠠᠷ ᠤᠷᠤᠨ︾ ︽ᠲᠠᠪᠤᠨ ᠵᠦᠢᠯ ᠤᠨ ᠣᠨᠴᠠᠯᠢᠭᠲᠤ ᠠᠵᠤ ᠦᠢᠯᠡᠰ︾᠎ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠲᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠬᠠᠮᠠᠭᠠᠯᠠᠬᠤ ᠶᠢ ᠪᠡᠶᠡᠯᠡᠬᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠶᠠᠨ ᠎ ᠳᠤ ᠰᠢᠯᠤᠭᠤᠨ ᠬᠥᠬᠡ ᠬᠤᠰᠢᠭᠤᠨ ᠤ ᠴᠢᠨᠠᠷᠯᠢᠭ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃ᠭᠤᠣᠯ ᠬᠠᠷᠠᠯᠲᠠ ᠪᠣᠯ᠄ 73. 04 ᠳ᠋ᠦᠩᠰᠢᠭᠤᠷ ᠲᠥᠭᠦᠷᠢᠭ ᠤᠨ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠪᠡᠶᠡᠯᠡᠭᠦᠯᠦᠨ᠎ᠡ᠃ 2. 6 ᠳ᠋ᠦᠩᠰᠢᠭᠤᠷ ᠲᠥᠭᠦᠷᠢᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠪᠡᠶᠡᠯᠡᠬᠦᠯᠦᠨ᠎ᠡ᠃ 39 ᠳ᠋ᠦᠩᠰᠢᠭᠤᠷ ᠲᠥᠭᠦᠷᠢᠭ ᠤᠨ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠬᠦᠯᠦᠨ᠎ᠡ᠃ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ ᠶᠢ 14. 2 ᠳ᠋ᠦᠩᠰᠢᠭᠤᠷ ᠲᠥᠭᠦᠷᠢᠭ ᠲᠤ ᠬᠦᠷᠭᠡᠨ᠎ᠡ᠃ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠯᠤᠭ᠎ᠠ ᠦᠨᠳᠦᠰᠦᠨ ᠳᠡᠭᠡᠨ ᠠᠳᠠᠯᠢ ᠪᠠᠶᠢᠯᠭᠠᠵᠤ ᠂ ᠡᠨᠧᠷᠭᠢ ᠶᠢᠨ ᠬᠤᠷᠤᠭᠳᠠᠯ ᠪᠠ ᠭᠠᠳᠠᠭᠰᠢᠯᠠᠭᠤᠯᠤᠯᠲᠠ ᠶᠢ ᠪᠠᠷᠢᠮᠵᠢᠶ᠎ᠠ ᠳᠤ ᠬᠦᠷᠭᠡᠨ᠎ᠡ ᠃ᠳᠡᠭᠡᠷ᠎ᠡ ᠳᠣᠷᠠᠳᠣᠭᠰᠠᠨ ᠬᠠᠷᠠᠯᠲᠠ ᠶᠢᠨ ᠢᠶᠠᠨ ᠲᠤᠭᠤᠷᠢᠨ ᠳᠤ ᠲᠤᠤᠷᠠᠬᠢ ᠮᠡᠨᠳᠦ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠠᠳᠬᠤᠨ᠎ᠠ᠄︵ᠨᠢᠭᠡ︶ ᠡᠷᠴᠢᠮ ᠬᠦᠴᠦᠨ ᠤ ᠰᠣᠯᠢᠭᠳᠠᠯ ᠳᠤ ᠠᠩᠬᠠᠷᠣᠯ ᠢᠶᠠᠨ ᠬᠠᠨᠳᠣᠭᠤᠯᠵᠣ ᠂ ᠴᠢᠨᠠᠷᠯᠢᠭ ᠬᠥᠭᠵᠢᠯᠳᠡ ᠶᠢᠨ ᠣᠷᠴᠢᠨ ᠢ ᠰᠢᠯᠢᠳᠡᠭᠵᠢᠭᠦᠯᠦᠨ᠎ᠡ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠦᠴᠦᠯᠡᠴᠡ ᠪᠠᠨ ᠴᠢᠩᠭᠠᠳᠬᠠᠨ᠎ᠠ᠃ ︽ᠥᠭᠡᠷᠡᠴᠢᠯᠡᠯᠳᠡ ᠨᠡᠭᠡᠭᠡᠯᠳᠡ ᠶᠢ ᠴᠢᠩᠭ᠎ᠠ ᠠᠳᠬᠤᠵᠤ᠂ ᠠᠷᠠᠯᠵᠢᠶᠠᠴᠢᠨ ᠤᠷᠢᠬᠤ ᠶᠢ ᠰᠠᠶᠢᠳᠦᠷ ᠠᠳᠬᠤᠬᠤ︾ ᠣᠨ ᠤ ᠲᠤᠰᠬᠠᠶ ᠠᠵᠢᠯᠯᠠᠭ᠎ᠠ ᠶᠢ ᠥᠷᠨᠢᠭᠦᠯᠦᠨ᠂ ︽ᠠᠷᠠᠯᠵᠢᠶᠠᠴᠢᠨ ᠤᠷᠢᠵᠤ ᠪᠠᠯᠠ ᠣᠷᠣᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ︵2023 — 2025︶︾᠎ ᠢ ᠲᠣᠭᠲᠠᠭᠠᠨ᠂ ᠳᠠᠭᠠᠯᠳᠤᠭᠤᠯᠤᠭᠰᠠᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠤᠳᠤᠯᠤᠨ ᠲᠡᠭᠦᠯᠳᠡᠷᠵᠢᠭᠦᠯᠵᠦ᠂ ︽ᠬᠤᠶᠠᠷ ᠬᠡᠯᠬᠢᠶ᠎ᠡ ᠬᠤᠶᠠᠷ ᠤᠷᠤᠨ︾ ︽ᠲᠠᠪᠤᠨ ᠵᠦᠢᠯ ᠤᠨ ᠣᠨᠴᠠᠯᠢᠭᠲᠤ ᠠᠵᠤ ᠦᠢᠯᠡᠰ︾᠎ ᠤᠨ ᠲᠣᠭᠤᠷᠢᠨ ᠳᠤ᠂ ︽ᠠᠵᠤ ᠦᠢᠯᠡᠰ ᠤᠨ ᠬᠡᠯᠬᠢᠶ᠎ᠡ ᠶᠢ ᠤᠷᠳᠤᠳᠬᠠᠬᠤ + ᠲᠤᠰᠬᠠᠶ ᠪᠠᠭ ᠬᠠᠷᠢᠭᠤᠴᠠᠬᠤ︾ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠠᠷᠠᠯᠵᠢᠶᠠᠴᠢᠨ ᠤᠷᠢᠬᠤ ᠲᠥᠷᠥᠯ ᠵᠦᠢᠯ ᠢ ᠲᠥᠰᠦᠪᠯᠡᠬᠦ᠂ ᠪᠣᠭᠤᠳᠠᠯᠯᠠᠬᠤ᠂ ᠨᠥᠭᠡᠴᠡᠯᠡᠬᠦ᠂ ᠲᠠᠨᠢᠯᠴᠠᠭᠤᠯᠬᠤ ᠠᠵᠢᠯ ᠢ ᠴᠢᠩᠭ᠎ᠠ ᠠᠳᠬᠤᠵᠤ᠂ ᠲᠥᠷᠥᠯ  ᠵᠦᠢᠯ ᠤᠨ ᠬᠥᠮᠥᠷᠭᠡ ᠶᠢ ᠢᠮᠠᠭᠳᠠ ᠰᠢᠨᠡᠳᠬᠡᠨ᠂ ᠠᠷᠠᠯᠵᠢᠶ᠎ᠠ ᠪᠠᠷ ᠠᠷᠠᠯᠵᠢᠶᠠᠴᠢᠨ ᠤᠷᠢᠬᠤ᠂ ᠲᠣᠭᠳᠠᠭᠰᠠᠨ ᠴᠡᠭ ᠲᠤ ᠠᠷᠠᠯᠵᠢᠶᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ ᠵᠡᠷᠭᠡ ᠣᠯᠠᠨ ᠬᠡᠯᠪᠡᠷᠢ ᠪᠠᠷ ᠳᠠᠮᠵᠢᠭᠤᠯᠤᠨ ᠣᠷᠢᠨ ᠠᠪᠴᠢᠷᠠᠬᠤ ᠠᠵᠤ ᠠᠬᠤᠶᠢᠯᠠᠯ ᠢᠶᠠᠨ ᠲᠣᠭᠲᠠᠭᠠᠵᠤ᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠲᠤ ᠬᠦᠷᠴᠦ ᠠᠷᠠᠯᠵᠢᠶᠠᠴᠢᠨ ᠤᠷᠢᠬᠤ ᠠᠵᠢᠯ ᠢ ᠨᠠᠷᠢᠯᠢᠭ ᠣᠨᠣᠪᠴᠢᠲᠠᠶ ᠶᠠᠪᠣᠭᠳᠠᠭᠤᠯᠵᠣ᠂ ᠨᠢᠭᠡ ᠪᠦᠯᠦᠭ ᠳᠠᠶᠢᠴᠢᠯᠠᠨ ᠳᠠᠭᠠᠭᠤᠯᠬᠤ ᠬᠡᠯᠪᠡᠷᠢ ᠶᠢᠨ᠂ ᠪᠦᠷᠢᠨ ᠬᠡᠯᠪᠡᠷᠢ ᠶᠢᠨ᠂  ᠠᠵᠤ ᠦᠢᠯᠡᠰ ᠤᠨ ᠬᠡᠯᠬᠢᠶ᠎ᠡ ᠶᠢ ᠨᠥᠬᠦᠪᠥᠷᠢᠯᠡᠬᠦ ᠲᠥᠷᠥᠯ ᠵᠦᠢᠯ ᠢ ᠣᠷᠣᠭᠤᠯᠤᠨ ᠠᠪᠴᠢᠷᠠᠨ᠎ᠠ᠃ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ 2023 ︽ᠰᠢᠷ᠎ᠠ ᠲᠠᠯ᠎ᠠ ᠶᠢᠨ ᠴᠡᠴᠡᠭ ᠰᠣᠨᠢᠷᠬᠠᠬᠤ ᠨᠠᠶᠢᠷ︾᠎ ᠤᠨ ᠠᠷᠠᠯᠵᠢᠶᠠᠴᠢᠨ ᠤᠷᠢᠵᠤ ᠪᠡᠯᠡ ᠲᠠᠲᠠᠬᠤ ᠲᠠᠨᠢᠯᠴᠠᠭᠤᠯᠭ᠎ᠠ ᠶᠢᠨ ᠬᠤᠷᠠᠯ ᠢ ᠰᠠᠶᠢᠲᠤᠷ ᠡᠷᠬᠢᠯᠡᠵᠦ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠡᠷᠬᠢᠯᠡᠭᠰᠡᠨ ︽ᠳᠤᠮᠳᠠᠳᠤ ᠤᠯᠤᠰ ᠤᠨ ᠪᠠᠷᠠᠭᠤᠨ ᠣᠷᠣᠨ ᠤ ᠣᠯᠠᠨ ᠤᠯᠤᠰ ᠤᠨ ᠦᠵᠡᠰᠬᠦᠯᠡᠩ︾ ᠪᠠ ᠠᠶᠢᠮᠠᠭ ᠤᠨ ᠲᠡᠰ ᠤᠨ ᠠᠷᠠᠯᠵᠢᠶᠠᠴᠢᠨ ᠤᠷᠢᠬᠤ ᠲᠤᠰᠬᠠᠢ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠵᠢᠯ ᠤᠨ ᠳᠣᠲᠣᠷ᠎ᠠ 500 ᠲᠦᠮᠡᠨ ᠲᠥᠭᠦᠷᠢᠭ ᠠᠴᠠ ᠳᠡᠭᠡᠭᠰᠢᠬᠢ ᠤᠯᠤᠰ ᠤᠨ ᠳᠣᠲᠣᠭᠠᠳᠤ ︵ᠣᠷᠣᠨ ᠤ ᠭᠠᠳᠠᠨ᠎ᠠ︶᠎ ᠶᠢᠨ ᠪᠠᠯᠠ ᠮᠥᠩᠭᠦ ᠶᠢ 14 . 8 ᠳ᠋ᠦᠩᠰᠢᠭᠤᠷ ᠲᠥᠭᠦᠷᠢᠭ ᠲᠡᠳᠡᠨ ᠣᠷᠣᠭᠤᠯᠬᠤ ᠪᠠᠷ ᠴᠢᠷᠮᠠᠶᠢᠨ᠎ᠠ᠃ ᠪᠦᠲᠦᠮᠵᠢᠲᠡᠢ ᠪᠡᠯᠡ ᠣᠷᠣᠭᠤᠯᠤᠯᠲᠠ ᠶᠢ ᠬᠦᠴᠦᠯᠡᠨ ᠥᠷᠭᠡᠳᠬᠡᠨ᠎ᠡ᠃ ︽ᠲᠥᠷᠦᠯ ᠵᠦᠢᠯ ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠬᠤ᠂ ᠪᠡᠯᠡ ᠣᠷᠣᠭᠤᠯᠤᠯᠲᠠ ᠶᠢ ᠠᠳᠬᠤᠬᠤ ᠪᠣᠯ ᠳᠠᠷᠤᠢ ᠦᠢᠯᠡᠳᠪᠦᠷᠢᠯᠡᠯᠳᠡ ᠶᠢ ᠠᠳᠬᠤᠬᠤ︾ ᠣᠢᠯᠠᠭᠠᠭᠳᠠᠬᠤᠨ ᠢ ᠪᠠᠲᠤ ᠪᠣᠢ ᠪᠣᠯᠭᠠᠵᠤ᠂ ᠠᠵᠤ ᠦᠢᠯᠡᠰ ᠤᠨ ᠪᠠᠶᠢᠷᠢᠯᠠᠭᠤᠯᠤᠯᠲᠠ ᠪᠠ ᠴᠢᠨᠠᠷᠯᠢᠭ ᠬᠥᠭᠵᠢᠯᠲᠡ ᠪᠠᠷ ᠤᠳᠤᠷᠢᠳᠤᠮᠵᠢ ᠪᠤᠯᠭᠠᠨ᠂ ᠠᠶᠢᠮᠠᠭ ᠤᠨ ᠲᠡᠰ ᠤᠨ 10 ᠭᠤᠣᠯᠳᠠᠯᠭ᠎ᠠ ᠲᠠᠢ ᠲᠥᠷᠦᠯ ᠵᠦᠢᠯ ᠢ ᠠᠬᠢᠭᠤᠯᠤᠨ ᠬᠡᠷᠡᠭᠵᠢᠭᠦᠯᠵᠦ᠂ ᠳᠦᠷᠪᠡᠳᠦᠬᠡᠷ ᠰᠠᠷ᠎ᠠ ᠶᠢᠨ ᠳᠤᠮᠳᠠᠴᠢ ᠪᠠᠷ ᠪᠦᠷᠢᠨ ᠬᠦᠢᠴᠡᠳᠬᠡᠯ ᠲᠠᠢ ᠠᠵᠢᠯ ᠡᠬᠢᠯᠡᠭᠦᠯᠦᠨ᠂ 25.25 ᠳ᠋ᠦᠩᠰᠢᠭᠤᠷ ᠲᠥᠭᠦᠷᠢᠭ ᠤᠨ ᠣᠨ ᠤ ᠪᠡᠯᠡ ᠣᠷᠣᠭᠤᠯᠤᠯᠲᠠ ᠶᠢᠨ ᠲᠦᠯᠦᠪᠯᠡᠭᠡ ᠶᠢ ᠪᠡᠶᠡᠯᠡᠭᠦᠯᠦᠨ᠎ᠡ᠃  ᠬᠤᠰᠢᠭᠤᠨ ᠤ ᠲᠡᠰ ᠤᠨ ᠭᠤᠣᠯᠳᠠᠯᠭ᠎ᠠ ᠲᠠᠢ ᠲᠥᠷᠥᠯ ᠵᠦᠢᠯ 46᠎ ᠶᠢ ᠬᠡᠷᠡᠭᠵᠢᠭᠦᠯᠵᠦ᠂ 12.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ︽ᠲᠠᠪᠤᠨ ᠴᠢᠬᠤᠯᠠ ᠡᠭᠦᠷᠭᠡ︾᠎ ᠳᠤ ᠰᠠᠭᠤᠷᠢᠯᠠᠨ ᠂ ᠤᠯᠤᠰ ᠪᠠ ᠣᠷᠣᠨ ᠤ ᠲᠥᠷᠥ ᠶᠢᠨ ᠪᠣᠳᠣᠯᠭ᠎ᠠ ᠶᠢᠨ ᠬᠠᠨᠳᠣᠰᠢ ᠪᠣᠯᠤᠨ ᠪᠡᠯᠡ ᠣᠷᠣᠭᠤᠯᠤᠯᠲᠠ ᠶᠢᠨ ᠴᠢᠭᠯᠡᠯ ᠢ ᠬᠢᠨᠠᠮᠠᠭᠠᠶ ᠰᠤᠳᠤᠯᠤᠨ ᠡᠵᠡᠮᠰᠢᠵᠤ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠨᠢᠭᠡᠳᠦᠵᠤ ᠠᠵᠢᠯᠯᠠᠬᠤ ᠪᠠᠨ ᠴᠢᠩᠭᠠᠳᠬᠠᠵᠤ᠂ ᠲᠥᠷᠥᠯ ᠵᠦᠢᠯ ᠤᠨ ᠨᠥᠭᠡᠴᠢᠯᠡᠯᠳᠡ ᠳᠤ ᠪᠠᠨ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ᠂ ᠭᠠᠷ ᠭᠦᠢᠴᠡᠳᠬᠡᠯ ᠢ ᠰᠢᠯᠤᠭᠤᠳᠬᠠᠨ ᠠᠬᠢᠭᠤᠯᠵᠤ ᠂ ᠨᠡᠩ ᠤᠯᠠᠨ ᠲᠥᠷᠥᠯ ᠵᠦᠢᠯ ᠢ ᠥᠪᠡᠷᠳᠡᠭᠡᠨ ᠵᠠᠰᠠᠬᠤ ᠤᠷᠤᠨ ᠪᠠ ᠠᠶᠢᠮᠠᠭ ᠤᠨ ︽ᠬᠥᠮᠦᠷᠭᠡ︾ ᠎ ᠳᠤ ᠤᠷᠤᠭᠤᠯᠤᠨ᠎ᠠ ᠃ ᠡᠨᠡ ᠵᠢᠯ ᠳᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠲᠥᠷᠣ᠋ ᠵᠦᠢᠯ 29᠎ ᠶᠢ ᠨᠥᠭᠡᠴᠡᠯᠡᠵᠣ 12.22 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠬᠦ᠂ ᠡᠩ ᠤᠨ ᠵᠢᠭᠡᠯᠡᠯᠭᠡ ᠶᠢᠨ ᠲᠡᠮᠳᠡᠭᠲᠦ ᠲᠥᠷᠥᠯ ᠵᠦᠶ᠋ᠯ 22᠎ ᠢ ᠨᠥᠭᠡᠴᠡᠯᠡᠵᠤ 7.2 ᠳ᠋ᠦᠩᠰᠢᠭᠤᠷ ᠲᠥᠭᠦᠷᠢᠭ ᠤᠨ ᠪᠠᠯᠠ ᠣᠷᠤᠭᠤᠯᠤᠯᠳᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠠᠷᠠᠯᠵᠢᠶ᠎ᠠ ᠡᠷᠬᠢᠯᠡᠬᠦ ᠣᠷᠴᠢᠨ ᠨᠥᠬᠦᠴᠡᠯ ᠢ ᠬᠦᠴᠦᠯᠡᠨ ᠰᠠᠶᠢᠵᠢᠷᠠᠭᠤᠯᠤᠨ᠎ᠠ᠃ ︽ᠥᠪᠡᠷᠳᠡᠭᠡᠨ ᠵᠠᠰᠠᠬᠤ ᠤᠷᠤᠨ ᠤ ᠠᠷᠠᠯᠵᠢᠶ᠎ᠠ ᠡᠷᠬᠢᠯᠡᠬᠦ ᠤᠷᠴᠢᠨ ᠨᠥᠬᠦᠴᠡᠯ ᠢ ᠰᠠᠶᠢᠵᠢᠷᠠᠭᠤᠯᠬᠤ ᠲᠥᠰᠥᠯ  ︵3.0︶︾ ᠲᠤᠭᠤᠷᠢᠨ ᠳᠤ ᠂ ᠤᠨ ᠤ ᠠᠵᠢᠯ ᠤᠨ ᠬᠠᠷᠠᠯᠲᠠ ᠪᠠᠨ ᠲᠤᠭᠳᠠᠭᠠᠵᠤ ᠂ ᠠᠷᠠᠯᠵᠢᠶᠠᠴᠢᠨ ᠤᠷᠢᠬᠤ᠂ ᠲᠦᠷᠦᠯ ᠵᠦᠢᠯ ᠨᠠᠶᠢᠳᠠᠪᠤᠷᠢᠵᠢᠭᠤᠯᠬᠤ᠂ ᠪᠥᠲᠥᠭᠡᠨ ᠪᠠᠶᠢᠭᠤᠯᠬᠤ᠂ ᠠᠰᠢᠭᠯᠠᠯᠲᠠ ᠳᠤ ᠣᠷᠣᠭᠤᠯᠬᠤ ᠪᠥᠬᠦ ᠭᠤᠭᠴᠤᠭᠠᠨ ᠤ ᠮᠦᠷᠳᠡᠨ ᠦᠢᠯᠡᠴᠢᠯᠡᠭᠡ ᠶᠢ ᠰᠠᠶᠢᠲᠤᠷ ᠬᠢᠵᠦ᠂ ᠭᠠᠵᠠᠷ ᠤᠨ ᠲᠠᠰ ᠤᠨ ᠤᠳᠤᠷᠢᠳᠤᠯᠭ᠎ᠠ ᠠᠴᠠ ᠭᠤᠤᠯᠳᠠᠯᠭ᠎ᠠ ᠲᠠᠢ ᠲᠥᠷᠥᠯ ᠵᠦᠢᠯ ᠢ ᠳᠠᠭᠠᠭᠠᠴᠢᠯᠠᠬᠤ ᠲᠦᠷᠢᠮ ᠢ ᠴᠢᠨᠠᠭᠰᠢᠳᠠ ᠪᠠᠷᠢᠮᠳᠠᠯᠠᠨ᠂ ᠨᠢᠭᠡ ᠲᠥᠷᠥᠯ ᠵᠦᠢᠯ ᠳᠤ ᠨᠢᠭᠡ ᠤᠳᠤᠷᠢᠳᠤᠯᠭ᠎ᠠ ᠨᠢᠭᠡ ᠤᠳᠤᠷᠢᠳᠬᠤ ᠪᠠᠭ ᠂ ᠨᠢᠭᠡ ᠲᠤᠰᠬᠠᠢ ᠲᠥᠰᠥᠪ ᠲᠠᠢ ᠪᠠᠶᠢᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠣᠷᠢᠵᠣ ᠠᠪᠴᠢᠷᠠᠭᠰᠠᠨ ᠲᠥᠷᠥᠯ ᠵᠦᠢᠯ ᠤᠨ ᠡᠷᠲᠡᠬᠡᠨ ᠠᠵᠢᠯ ᠡᠬᠢᠯᠡᠵᠦ ᠦᠷ᠎ᠡ ᠪᠦᠳᠦᠮᠵᠢ ᠤᠯᠢᠬᠤ ᠶᠢ ᠪᠠᠲᠤᠯᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠪᠠᠷᠢᠮᠵᠢᠶᠠᠵᠢᠭᠰᠠᠨ ᠳᠥᠷᠢᠮᠵᠢᠭᠦᠨ ᠳᠥᠭᠦᠮ ᠲᠥᠳᠡ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ︽ᠳᠦᠷᠪᠡᠨ ᠵᠦᠢᠯ ᠢᠶᠠᠷ ᠭᠦᠶ᠋ᠴᠡᠳᠬᠡᠬᠦ︾ ᠠᠵᠢᠯ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠨᠢᠭᠡ ᠴᠣᠩᠬᠤ ᠪᠠᠷ ᠭᠥᠯᠢᠶᠡᠨ ᠠᠪᠬᠤ ᠶᠡᠷᠦᠩᠭᠡᠢ ᠦᠢᠯᠡᠴᠢᠯᠡᠭᠡ︾᠎ ᠶᠢ ᠪᠦᠬᠦ ᠲᠠᠯ᠎ᠠ ᠪᠠᠷ ᠲᠥᠭᠡᠮᠡᠯᠵᠢᠭᠦᠯᠵᠦ ᠂ ᠣᠯᠠᠨ ᠲᠤᠬᠢᠶᠠᠯᠲᠤ ᠵᠦᠢᠯᠡᠰ ᠢ  ᠨᠢᠭᠡᠳᠦᠯᠳᠡᠢ ᠭᠦᠢᠴᠡᠳᠬᠡᠨ᠎ᠡ᠃ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ︾ ᠡᠷᠴᠢᠮ ᠢ ᠴᠢᠩᠭᠠᠷᠠᠭᠤᠯᠵᠤ᠂ ᠪᠥᠬᠦ ᠶᠠᠪᠤᠴᠠ ᠳᠤ ᠡᠯᠧᠺᠲᠷᠣᠨ ᠢᠶᠠᠷ ᠳᠡᠩᠰᠡᠯᠡᠨ ᠲᠡᠮᠳᠡᠭᠯᠡᠵᠦ᠂ ᠠᠵᠤ ᠠᠬᠤᠶᠢᠯᠠᠯ ᠡᠷᠭᠢᠯᠡᠨ ᠪᠠᠶᠢᠭᠤᠯᠬᠤ ᠭᠠᠷ ᠭᠦᠢᠴᠡᠳᠬᠡᠯ ᠤᠨ ᠶᠠᠪᠣᠴᠠ ᠶᠢ ᠬᠢᠯᠪᠠᠷᠴᠢᠯᠠᠨ᠂ ︽ᠨᠢᠭᠡ ᠰᠦᠯᠵᠢᠶ᠎ᠡ ᠪᠠᠷ ᠨᠡᠶᠢᠳᠡᠮ ᠭᠦᠶ᠋ᠴᠡᠳᠬᠡᠬᠦ︾ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾᠎ ᠶᠢ ᠪᠡᠶᠡᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠨᠳᠦᠰᠦᠨ ᠱᠠᠲᠤᠨ ᠳᠤ ᠬᠠᠨᠳᠤᠬᠤ᠂ ᠠᠷᠠᠳ ᠲᠤ ᠲᠥᠬᠦᠮ ᠦᠵᠡᠭᠦᠯᠵᠦ ᠠᠰᠢᠭ ᠬᠦᠷᠲᠡᠭᠡᠬᠦ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠦᠢᠯᠡᠴᠢᠯᠡᠭᠡᠨ ᠤ ᠬᠡᠯᠪᠡᠷᠢ ᠪᠥᠬᠦᠶ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ︽12345︾ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠬᠠᠯᠠᠮᠰᠢᠯ ᠤᠲᠠᠰᠤ ᠶᠢ ᠭᠥᠯᠢᠶᠡᠨ ᠠᠪᠬᠤ ᠨᠣᠷᠮ᠎ᠠ᠂ ᠭᠦᠶ᠋ᠴᠡᠳᠬᠡᠵᠦ ᠳᠠᠭᠤᠰᠬᠠᠬᠤ ᠨᠣᠷᠮ᠎ᠠ᠂ ᠰᠢᠶ᠋ᠳᠪᠦᠷᠢᠯᠡᠬᠦ ᠨᠣᠷᠮ᠎ᠠ ᠪᠠ ᠬᠠᠨᠤᠮᠵᠢ ᠶᠢᠨ ᠨᠣᠷᠮ᠎ᠠ ᠶᠢ ᠦᠨᠡᠨᠬᠦ ᠲᠣᠭᠲᠠᠭᠤᠨ ᠢᠶᠠᠷ ᠳᠡᠭᠡᠭᠰᠢᠯᠡᠭᠦᠯᠦᠨ᠂ ︽12345︾ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠬᠠᠯᠠᠮᠰᠢᠯ ᠤᠲᠠᠰᠤ ᠪᠣᠯᠣᠨ ︽110︾ ᠴᠠᠭᠳᠠᠭ᠎ᠠ ᠳᠤ ᠮᠡᠳᠡᠭᠦᠯᠬᠦ ᠦᠢᠯᠡᠴᠢᠯᠡᠭᠡᠨ ᠤ ᠲᠠᠪᠴᠠᠩ ᠤᠨ ᠬᠠᠷᠢᠯᠴᠠᠨ ᠬᠤᠯᠪᠤᠭᠳᠠᠵᠤ ᠨᠡᠪᠲᠡᠷᠡᠬᠦ ᠶᠢ ᠠᠬᠢᠭᠤᠯᠤᠨ᠂ ᠴᠠᠭᠳᠠᠭᠠᠨ ᠤ ᠪᠤᠰᠤ ᠲᠤᠰᠠᠯᠠᠮᠵᠢ ᠭᠤᠶᠤᠴᠢᠯᠠᠯᠳᠠ ᠮᠦᠨ ᠡᠰᠡᠬᠦ ᠶᠢ ᠵᠥᠪ ᠲᠦᠷᠭᠡᠨ ᠢᠯᠭᠠᠪᠤᠷᠢᠯᠠᠨ᠂ ᠭᠡᠨᠡᠳᠲᠡ ᠡᠭᠦᠰᠦᠭᠰᠡᠨ ᠳᠦᠭᠰᠢᠭᠦᠷᠢ ᠶᠢᠨ ᠪᠠᠶᠢᠳᠠᠯ ᠢ ᠪᠦᠲᠦᠮᠵᠢᠲᠡ᠊ ᠰᠢᠢᠳᠪᠦᠷᠢᠯᠡᠨ᠎ᠡ᠃ ᠥᠯᠥ ᠬᠥᠳᠡᠯᠬᠦ ᠬᠥᠷᠥᠩᠭᠡ ᠶᠢᠨ ᠠᠷᠠᠳ ᠲᠤ ᠲᠥᠬᠦᠮ ᠦᠵᠡᠭᠦᠯᠬᠦ ᠦᠶ᠋ᠯᠡᠴᠢᠯᠡᠭᠡ ᠶᠢ ᠰᠢᠯᠢᠳᠡᠭᠵᠢᠭᠦᠯᠵᠦ᠂ ᠥᠯᠥ ᠬᠥᠳᠡᠯᠬᠦ ᠬᠥᠷᠥᠩᠭᠡ ᠶᠢᠨ ᠲᠠᠯ᠎ᠠ ᠪᠠᠷ ᠬᠢ ᠦᠢᠯᠡᠴᠢᠯᠡᠭᠡ ᠶᠢ ᠰᠢᠢᠳᠪᠦᠷᠢᠯᠡᠬᠦ ᠡᠷᠴᠢᠮ ᠢ ᠴᠢᠩᠭᠠᠷᠠᠭᠤᠯᠤᠨ᠂ ︽ᠣᠷᠣᠨ ᠰᠠᠭᠤᠴᠠ ᠶᠢ ᠭᠡᠷᠡᠴᠢ ᠪᠢᠴᠢᠭ ᠲᠠᠢ ᠨᠢ ᠬᠠᠮᠳᠣ ᠵᠡᠷᠭᠡ ᠰᠢᠯᠵᠢᠭᠦᠯᠵᠦ ᠲᠤᠰᠢᠶᠠᠬᠤ︾᠎ ᠶᠢ ᠬᠡᠷᠡᠭᠵᠢᠭᠦᠯᠵᠦ ︽ᠣᠷᠣᠨ ᠰᠠᠭᠤᠴᠠ ᠪᠠ ᠭᠡᠷᠡᠴᠢ ᠪᠢᠴᠢᠭ ᠠᠰᠳᠠᠭᠠᠨ︾ ᠪᠠᠶᠢᠬᠤ ᠠᠰᠠᠭᠤᠳᠠᠯ ᠢ ᠦᠨᠳᠦᠰᠦᠨ ᠠᠴᠠ ᠨᠢ ᠪᠠᠭᠠᠰᠬᠠᠨ᠎ᠠ᠃ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠬᠢ ︽ᠳᠣᠲᠣᠨᠣ︾ ︽ᠴᠢᠬᠡᠴᠢ︾ ᠬᠠᠷᠢᠴᠠᠭ᠎ᠠ ᠶᠢ ᠪᠠᠶᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠ ᠶᠢ ᠵᠦᠭᠰᠢᠷᠡᠭᠦᠯᠦᠨ ᠲᠦᠯᠦᠬᠦ ᠠᠵᠢᠯ ᠢ ᠰᠠᠶᠢᠲᠤᠷ ᠬᠢᠨ᠎ᠠ᠃︵ᠬᠤᠶᠠᠷ︶ ᠠᠵᠤ ᠦᠢᠯᠡᠰ ᠤᠨ ᠳᠡᠰ ᠳᠡᠪᠰᠢᠯᠳᠡ ᠳᠤ ᠠᠩᠬᠠᠷᠣᠯ ᠢᠶᠠᠨ ᠬᠠᠨᠳᠤᠭᠤᠯᠵᠤ ᠴᠢᠨᠠᠷᠯᠢᠭ ᠬᠥᠭᠵᠢᠯᠲᠡ ᠶᠢᠨ ᠦᠷ᠎ᠡ ᠪᠥᠲᠦᠮᠵᠢ ᠶᠢ ᠳᠡᠭᠡᠭᠰᠢᠯᠡᠭᠦᠯᠦᠨ᠎ᠡᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠢ ᠰᠠᠶᠢᠵᠢᠷᠠᠭᠤᠯᠵᠤ ᠦᠷ᠎ᠡ ᠪᠦᠲᠦᠮᠵᠢ ᠶᠢ ᠤᠯᠠᠮ ᠨᠡᠮᠡᠭᠳᠡᠭᠦᠯᠦᠨ᠎ᠡ᠃ ᠣᠳᠣᠬᠢᠴᠢᠯᠠᠭᠰᠠᠨ ᠮᠢᠬᠠᠨ ᠤ ᠦᠬᠡᠷ ᠤᠨ ᠠᠵᠤ ᠦᠢᠯᠡᠰ ᠤᠨ ᠪᠦᠷᠢᠨ ᠬᠡᠯᠬᠢᠶᠡᠵᠢᠯ ᠢ ᠲᠦᠷᠭᠡᠨ ᠪᠣᠢ ᠪᠣᠯᠭᠠᠵᠣ᠂ ︽ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠂ ᠳᠠᠭᠠᠭᠤᠯᠤᠭᠴᠢ ᠠᠵᠤ ᠠᠬᠤᠶᠢᠯᠠᠯ ᠢ ᠬᠦᠴᠦᠷᠬᠡᠭᠵᠢᠭᠦᠯᠵᠦ ᠂ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠣᠢ ᠪᠣᠯᠭᠠᠨ ᠂ ᠮᠠᠯᠴᠢᠳ ᠢ ᠳᠠᠭᠠᠭᠤᠯᠤᠨ ᠬᠠᠮᠲᠤᠪᠠᠷ ᠴᠢᠨᠡᠭᠡᠯᠢᠭᠵᠢᠬᠦ︾ ᠬᠥᠭᠵᠢᠯᠲᠡ ᠶᠢᠨ ᠵᠠᠮ ᠢ ᠭᠤᠶᠢᠪᠢᠰᠢ ᠦᠭᠡᠢ ᠮᠦᠷᠳᠡᠨ᠂ ᠮᠢᠬᠠᠨ ᠤ ᠦᠬᠡᠷ ᠤᠨ ᠣᠳᠣᠬᠢᠴᠢᠯᠠᠭᠰᠠᠨ ᠠᠵᠤ ᠦᠢᠯᠡᠰ ᠤᠨ ᠣᠷᠣᠨ ᠤ ᠳᠡᠰ ᠤᠨ ᠬᠦᠷᠢᠶᠡᠯᠡᠩ ᠪᠠ ᠲᠠᠷᠢᠶᠠᠯᠠᠬᠤ ᠣᠷᠣᠨ ᠳᠤ ᠬᠠᠰᠢᠶᠠᠯᠠᠵᠤ ᠲᠡᠵᠢᠭᠡᠨ ᠮᠠᠯᠵᠢᠬᠤ ᠲᠦᠰᠦᠯ ᠤᠨ ᠬᠡᠷᠡᠭᠵᠢᠭᠦᠯᠦᠯᠳᠡ ᠶᠢ ᠪᠦᠳᠦᠮᠵᠢᠳᠠᠢ ᠨᠠᠶᠢᠳᠠᠪᠤᠷᠢᠵᠢᠭᠤᠯᠤᠨ᠎ᠠ᠃ ᠰᠠᠩ ᠤᠨ ᠳᠠᠯᠠᠢ ᠪᠠᠯᠭᠠᠰᠤᠨ ᠳᠤ ᠡᠪᠡᠰᠦ ᠪᠣᠷᠳᠣᠭᠠᠨ ᠤ ᠰᠠᠭᠤᠷᠢᠨ ᠪᠠ ᠠᠮᠢᠳᠤ ᠮᠠᠯ ᠤᠨ ᠵᠠᠬ᠎ᠠ ᠶᠢ ᠪᠥᠲᠦᠭᠡᠨ ᠪᠠᠶᠢᠭᠤᠯᠵᠣ᠂ ᠲᠠᠷᠢᠶᠠᠯᠠᠩ ᠮᠠᠯ ᠠᠵᠤ ᠠᠬᠤᠢ ᠶᠢᠨ ᠲᠠᠸᠠᠷ ᠤᠨ ᠰᠣᠯᠢᠯᠴᠠᠭᠠᠨ ᠤ ᠤᠶᠤᠨᠴᠢᠯᠠᠭᠰᠠᠨ ᠰᠣᠷᠠᠭ ᠵᠠᠩᠭᠢ ᠶᠢᠨ ᠲᠠᠪᠴᠠᠩ ᠢ  ᠪᠠᠶᠢᠭᠤᠯᠵᠤ ᠂ ᠮᠠᠯᠴᠢᠨ ᠲᠠᠷᠢᠶᠠᠴᠢᠨ ᠤ ᠡᠪᠡᠰᠦ ᠪᠤᠷᠳᠤᠭᠠᠨ ᠤ ᠦᠪᠡᠷ ᠤᠨ ᠥᠷᠳᠡᠭ ᠪᠠ ᠠᠮᠢᠳᠦ ᠮᠠᠯ ᠤᠨ ᠠᠷᠠᠯᠵᠢᠶᠠᠨ ᠤ ᠥᠷᠳᠡᠭ ᠢ ᠪᠠᠭᠤᠷᠠᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠪᠤᠬᠢᠷᠳᠣᠯ ᠦᠭᠡᠢ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠪᠠ ᠭᠠᠳᠠᠭᠰᠢ ᠵᠠᠷᠣᠬᠤ ᠴᠢᠳᠠᠮᠵᠢ ᠶᠢ ᠠᠬᠢᠭᠤᠯᠵᠤ᠂ ᠳᠠᠭᠠᠭᠤᠯᠤᠭᠴᠢ ᠠᠵᠤ ᠠᠬᠤᠶᠢᠯᠠᠯ᠂ ᠮᠢᠬᠠᠨ ᠤ ᠪᠦᠲᠦᠭᠡᠭᠳᠡᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ᠂ ᠬᠤᠷᠰᠢᠶᠠᠵᠢᠯ᠂ ᠲᠤᠰᠬᠠᠢ ᠡᠷᠦᠬᠡ ᠵᠡᠷᠭᠡ ᠨᠢᠭᠡᠴᠡ ᠤᠳ ᠤᠨ ᠦᠬᠡᠷ ᠤᠨ ᠮᠢᠬ᠎ᠠ ᠶᠢ ᠨᠠᠷᠢᠯᠢᠭ ᠡᠳ᠋ᠰᠢᠭᠦᠯᠬᠦ ᠦᠢᠯᠡᠳᠪᠦᠷᠢ ᠪᠠ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠡᠵᠡᠩᠨᠡᠬᠦ ᠶᠢ ᠵᠣᠷᠢᠭᠵᠢᠭᠤᠯᠤᠨ᠂  ᠲᠡᠵᠢᠭᠡᠨ ᠪᠤᠷᠳᠤᠬᠤ ᠂ ᠡᠳ᠋ᠰᠢᠭᠦᠯᠦᠨ ᠪᠤᠯᠪᠠᠰᠤᠷᠠᠭᠤᠯᠬᠤ ᠠᠵᠤ ᠦᠢᠯᠡᠰ ᠤᠨ ᠲᠤᠳᠠᠭᠳᠠᠯ ᠢ ᠨᠥᠬᠦᠪᠦᠷᠢᠯᠡᠨ᠎ᠡ ᠃ ᠠᠮᠢᠳᠠᠨ ᠤ ᠬᠢᠵᠢᠭ ᠢ ᠰᠡᠷᠭᠡᠶᠢᠯᠡᠵᠦ ᠡᠮᠴᠢᠯᠡᠬᠦ ᠪᠠ ᠡᠪᠡᠰᠦ ᠪᠣᠷᠳᠤᠭᠠᠨ ᠤ ᠨᠥᠭᠡᠭᠡᠴᠢᠯᠡᠯᠳᠡ ᠶᠢᠨ ᠠᠵᠢᠯ ᠢ ᠴᠢᠩᠭᠠᠳᠬᠠᠨ᠎ᠠ ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠮᠤᠷ ᠲᠥᠪᠰᠢᠨ ᠢ ᠪᠠᠲᠤᠯᠠᠨ᠎ᠠ᠃ 3 ᠮᠢᠬᠠᠨ ᠤ ᠦᠬᠡᠷ ᠤᠨ ᠭᠤᠣᠯᠯᠠᠬᠤ ᠰᠦᠷᠦᠭ ᠢ ᠰᠢᠨ᠎ᠡ ᠪᠠᠷ ᠪᠠᠶᠢᠭᠤᠯᠬᠤ᠂ 9.45 ᠲᠦᠮᠡᠨ ᠲᠣᠯᠣᠭᠠᠢ ᠮᠢᠬᠠᠨ ᠤ ᠦᠬᠡᠷ ᠤᠨ ᠡᠭᠦᠯᠳᠡᠷ ᠰᠠᠶᠢᠵᠢᠷᠠᠭᠤᠯᠬᠤ᠂ 3000 ᠲᠣᠯᠣᠭᠠᠢ ᠮᠢᠬᠠᠨ ᠤ ᠦᠬᠡᠷ ᠲᠡᠵᠢᠭᠡᠨ ᠦᠷᠡᠵᠢᠭᠦᠯᠬᠦ᠂ ᠨᠡᠶᠢᠲᠡ 2 ᠲᠦᠮᠡᠨ ᠲᠣᠯᠣᠭᠠᠢ ᠮᠢᠬᠠᠨ ᠤ ᠦᠬᠡᠷ ᠪᠣᠷᠳᠣᠨ ᠲᠠᠷᠭᠤᠯᠠᠭᠤᠯᠵᠤ 1 ᠲᠦᠮᠡᠨ ᠦᠬᠡᠷ ᠶᠢ ᠠᠯᠠᠵᠤ ᠡᠳ᠋ᠰᠢᠭᠦᠯᠬᠦ ᠵᠡᠷᠭᠡ ᠣᠨ ᠤ ᠲᠥᠯᠥᠪᠯᠡᠭᠡ ᠶᠢ ᠪᠡᠶᠡᠯᠡᠭᠦᠯᠦᠨ᠂  ᠮᠠᠯ ᠠᠵᠤ ᠠᠬᠤᠢ ᠶᠢᠨ ᠲᠤᠮᠤ ᠬᠤᠰᠢᠭᠤ ᠠᠴᠠ ᠮᠠᠯ ᠠᠵᠤ ᠠᠬᠤᠢ ᠶᠢᠨ ᠬᠦᠴᠦᠷᠬᠡᠭ ᠬᠤᠰᠢᠭᠤ ᠶᠢ ᠪᠠᠶᠢᠭᠤᠯᠤᠨ᠎ᠠ᠃ ᠰᠦᠨ ᠤ ᠠᠵᠤ ᠦᠢᠡᠯᠰ ᠢ ᠴᠢᠨᠠᠭᠰᠢᠳᠠ ᠭᠦᠨᠵᠡᠭᠡᠢ ᠭᠥᠭᠵᠢᠭᠦᠯᠬᠦ ᠶᠢ ᠠᠩᠬᠠᠷᠴᠣ᠂ ︽ᠰᠢᠯᠢ ᠶᠢᠨ ᠭᠤᠤᠯ ᠴᠠᠭᠠᠨ ᠢᠳᠡᠭᠡᠨ︾᠎ ᠤ ᠨᠡᠷᠡᠲᠦ ᠳᠡᠮᠳᠡᠭ ᠤᠨ ᠣᠷᠴᠢᠨ ᠳᠤ ᠨᠢᠭᠡᠳᠦᠨ ︽2023 ᠴᠠᠭᠠᠨ ᠢᠳᠡᠭᠡᠨ ᠤ ᠨᠠᠶᠢᠷ︾᠎ ᠤ ᠰᠢᠷᠢᠰ ᠠᠵᠢᠯᠯᠠᠭ᠎ᠠ ᠶᠢ ᠡᠷᠬᠢᠯᠡᠨ ᠶᠠᠪᠣᠭᠳᠠᠭᠤᠯᠤᠨ᠎ᠠ᠃  ᠢ ᠯᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠦᠷᠦᠯ ᠵᠦᠢᠯ ᠤᠨ ᠪᠠᠶᠢᠭᠤᠯᠣᠯᠳᠠ ᠶᠢ ᠲᠦᠷᠭᠡᠳᠭᠡᠨ᠂ ᠴᠠᠭᠠᠨ ᠢᠳᠡᠭᠡᠨ ᠤ ᠠᠵᠣ ᠦᠢᠯᠡᠰ ᠤᠨ ᠬᠦᠷᠢᠶᠡᠯᠡᠩ ᠤᠨ ᠥᠭᠡᠷᠡᠴᠢᠯᠡᠯᠳᠡ ᠪᠠ ᠳᠤᠮᠳᠠ ᠪᠠᠭ᠎ᠠ ᠲᠡᠵᠢᠭᠡᠨ ᠦᠷᠡᠵᠢᠭᠦᠯᠬᠦ ᠲᠠᠯᠠᠪᠠᠢ ᠶᠢ ᠳᠡᠰ ᠳᠡᠪᠰᠢᠭᠦᠯᠦᠨ ᠥᠭᠡᠷᠡᠴᠢᠯᠡᠬᠦ ᠲᠦᠷᠦᠯ ᠵᠦᠢᠯ ᠢ ᠦᠷᠨᠢᠭᠦᠯᠦᠨ᠂ ᠰᠢᠭᠦᠰᠦᠨ ︵ᠰᠢᠷ᠎ᠠ ᠤᠰᠤ︶᠎ ᠤ ᠪᠦᠷᠢᠨ ᠠᠰᠢᠭᠯᠠᠯᠳᠠ ᠶᠢ ᠨᠡᠮᠡᠭᠳᠡᠭᠦᠯᠦᠨ᠎ᠡ᠃ ᠮᠠᠨ ᠤ ᠬᠤᠰᠢᠭᠤᠨ ᠤ ᠡᠾᠧᠰᠲ᠋ᠠᠨ ᠰᠠᠭᠠᠯᠢ ᠶᠢᠨ ᠰᠦᠨ ᠤ ᠦᠨᠢᠶᠡᠨ ᠤ ᠲᠡᠵᠢᠭᠡᠨ ᠦᠷᠡᠵᠢᠭᠦᠯᠬᠦ ᠬᠡᠪᠴᠢᠶ᠎ᠡ ᠶᠢ 6000 ᠲᠣᠯᠣᠭᠠᠢ ᠬᠦᠷᠭᠡᠵᠣ᠂ ᠰᠦᠨ ᠤ  ᠭᠠᠷᠤᠯᠲᠠ ᠶᠢ ᠠᠳᠠᠯᠢ ᠬᠤᠭᠤᠴᠠᠭᠠᠨ ᠠᠴᠠ 1500 ᠲᠣᠨ ᠨᠡᠮᠡᠭᠳᠡᠭᠦᠯᠦᠨ᠎ᠡ᠃ ᠨᠡᠷᠡᠲᠦ ᠲᠡᠮᠳᠡᠭ ᠤᠨ ᠡᠵᠡᠩᠨᠡᠨ ᠪᠣᠷᠤᠯᠠᠭᠤᠯᠤᠯᠳᠠ ᠶᠢ ᠦᠷᠭᠡᠵᠢᠭᠦᠯᠦᠨ ᠲᠡᠯᠡᠵᠣ᠂ ᠴᠢᠨᠠᠷ ᠮᠠᠭᠤ ᠬᠠᠭᠤᠷᠮᠠᠭ ᠰᠦᠨ ᠪᠦᠲᠦᠭᠡᠭᠳᠡᠭᠦᠨ ᠦᠢᠯᠡᠳᠦᠨ ᠰᠠᠷᠢᠭᠠᠯᠠᠬᠤ ᠬᠠᠣᠯᠢ ᠪᠤᠰᠤ ᠠᠵᠢᠯᠯᠠᠭᠠᠨ ᠳᠤ ᠡᠷᠡᠰ ᠴᠣᠬᠢᠯᠲᠠ ᠥᠭᠴᠦ ︽ᠰᠢᠯᠣᠭᠤᠨ ᠬᠥᠬᠡ ᠶᠢᠨ ᠦᠨᠦᠷ ᠠᠮᠲᠠ︾᠎ ᠶᠢ ᠦᠨᠡᠨᠬᠦ ᠬᠠᠮᠠᠭᠠᠯᠠᠨ ᠰᠠᠶᠢᠲᠤᠷ ᠳᠡᠯᠭᠡᠷᠡᠭᠦᠯᠦᠨ᠎ᠡ᠃ ᠲᠠᠷᠢᠮᠠᠯ ᠤᠨ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠵᠣ᠂ ᠥᠨᠳᠦᠷ ᠦᠷ᠎ᠡ ᠠᠰᠢᠭᠲᠣ ᠤᠰᠤ ᠠᠷᠪᠢᠯᠠᠬᠤ ᠤᠰᠤᠯᠤᠯᠲᠠ ᠶᠢ ᠲᠥᠭᠡᠭᠡᠮᠡᠯᠵᠢᠭᠦᠯᠬᠦ ᠪᠠ ᠲᠠᠷᠢᠶᠠᠨ ᠭᠠᠵᠠᠷ ᠤᠨ ᠬᠥᠷᠦᠰᠦ ᠶᠢ ᠰᠠᠶᠢᠵᠢᠷᠠᠭᠤᠯᠬᠤ ᠵᠡᠷᠭᠡ ᠠᠵᠢᠯ ᠢ ᠦᠷᠭᠦᠯᠵᠢᠯᠡᠨ ᠠᠬᠢᠭᠤᠯᠵᠣ᠂ ᠮᠠᠯᠵᠢᠬᠤ ᠲᠠᠷᠢᠶᠠᠯᠠᠬᠤ ᠣᠷᠣᠨ ᠳᠤ ︽ᠮᠠᠯᠵᠢᠬᠤ ᠶᠢᠨ ᠲᠦᠯᠦᠭᠡ ᠲᠠᠷᠢᠵᠣ᠂ ᠲᠠᠷᠢᠮᠠᠯ ᠢᠶᠠᠷ ᠮᠠᠯᠵᠢᠯ ᠢ ᠠᠬᠢᠭᠤᠯᠬᠤ︾ ᠬᠤᠣᠰ ᠴᠢᠭᠯᠡᠯᠳᠦ ᠬᠠᠷᠢᠯᠴᠠᠨ ᠨᠦᠬᠦᠪᠦᠷᠢᠯᠡᠬᠦ ᠠᠵᠣ ᠦᠢᠯᠡᠰ ᠤᠨ ᠬᠥᠭᠵᠢᠯᠲᠡ ᠶᠢᠨ ᠵᠠᠭᠪᠣᠷ ᠢ ᠰᠦᠪᠡᠭᠴᠢᠯᠡᠨ᠎ᠡ᠃ ᠲᠠᠷᠢᠮᠠᠯ ᠤᠨ ᠲᠠᠯᠠᠪᠠᠢ ᠶᠢ 38 ᠲᠦᠮᠡᠨ ᠮᠦ ᠳᠤ ᠬᠦᠷᠭᠡᠵᠣ᠂ 19 ᠲᠦᠮᠡᠨ ᠮᠦ ᠠᠮᠤ ᠪᠤᠳᠠᠭ᠎ᠠ ᠲᠠᠷᠢᠬᠤ ᠣᠨ ᠤ ᠡᠭᠦᠷᠭᠡ ᠶᠢ ᠪᠡᠶᠡᠯᠡᠭᠦᠯᠦᠨ᠎ᠡ᠃ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠡᠷᠭᠢᠯᠲᠡ ᠶᠢ ᠠᠬᠢᠭᠤᠯᠤᠨ᠎ᠠ᠃ ᠤᠳᠤᠬᠢᠴᠢᠯᠠᠭᠰᠠᠨ ᠡᠨᠧᠷᠭᠢ ᠶᠢᠨ ᠠᠵᠤ ᠠᠬᠤᠶ ᠶᠢᠨ ᠣᠷᠴᠢᠯ ᠠᠵᠤ ᠦᠢᠯᠡᠰ ᠤᠨ ᠬᠡᠯᠬᠢᠶ᠎ᠡ ᠶᠢ ᠲᠦᠷᠭᠡᠳᠬᠡᠨ ᠪᠠᠶᠢᠭᠤᠯᠵᠤ᠂ ᠰᠢᠨ᠎ᠡ ᠡᠨᠧᠷᠭᠢ ᠪᠠᠷ ᠰᠢᠨ᠎ᠡ ᠠᠵᠤ ᠦᠢᠯᠡᠳᠪᠦᠷᠢ ᠶᠢ ᠳᠠᠶᠢᠴᠢᠯᠠᠬᠤ ᠶᠢ ᠪᠠᠷᠢᠮᠲᠠᠯᠠᠵᠤ᠂ ᠲᠡᠷᠢᠭᠦᠨ ᠤ ᠦᠢᠯᠡᠳᠬᠦ ᠦᠢᠯᠡᠰ ᠢᠶᠠᠷ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠠ ᠶᠢ ᠳᠠᠶᠢᠴᠢᠯᠠᠵᠤ᠂ ᠳᠠᠪᠠᠭᠤᠯᠢᠭ ᠢᠶᠠᠨ ᠤᠯᠠᠮ ᠪᠠᠳᠠᠷᠠᠭᠤᠯᠣᠨ ᠠᠵᠤ ᠦᠢᠯᠡᠰ ᠤᠨ ᠬᠡᠯᠬᠢᠶ᠎ᠡ ᠶᠢ ᠤᠯᠠᠮ ᠤᠷᠲᠤᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠴᠢᠨᠠᠷᠲᠠᠢ ᠬᠥᠭᠵᠢᠯᠲᠡ ᠶᠢᠨ ᠲᠥᠯᠥᠪᠵᠢᠭᠦᠯᠭᠡ ᠶᠣᠰᠣᠭᠠᠷ᠂ ᠰᠢᠨ᠎ᠡ ᠡᠨᠧᠷᠭᠢ ᠶᠢᠨ ᠲᠥᠷᠥᠯ ᠵᠦᠢᠯ ᠢ ᠢᠳᠡᠪᠬᠢᠲᠡᠶ ᠲᠥᠯᠥᠪᠵᠢᠭᠦᠯᠵᠦ᠂  ᠨᠡᠩ ᠤᠯᠠᠨ ᠲᠥᠷᠥᠯ ᠵᠦᠢᠯ ᠢ ᠲᠡᠮᠡᠴᠡᠨ ᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠴᠠᠬᠢᠯᠭᠠᠨ ᠬᠦᠴᠦᠨ ᠤ ᠡᠬᠢ ᠪᠠᠶᠠᠯᠢᠭ ᠤᠨ ᠠᠵᠣ ᠦᠢᠯᠡᠰ ᠤᠨ ᠦᠢᠯᠡᠴᠢᠯᠡᠭᠡ ᠶᠢ ᠰᠠᠶᠢᠲᠣᠷ ᠬᠢᠵᠣ᠂ ᠱᠠᠩᠳᠣ ᠴᠠᠬᠢᠯᠭᠠᠨ ᠦᠢᠯᠡᠳᠪᠦᠷᠢ ᠶᠢᠨ ᠨᠡᠭᠦᠷᠡᠰᠦᠨ ᠤ ᠬᠠᠩᠭᠠᠯᠭ᠎ᠠ ᠪᠠ ᠴᠠᠬᠢᠯᠠᠭᠠᠨ ᠭᠠᠷᠭᠠᠯᠳᠠ ᠶᠢ ᠪᠠᠶᠢᠩᠭᠤ ᠠᠩᠬᠠᠷᠣᠨ ᠬᠠᠯᠠᠮᠵᠢᠯᠠᠵᠣ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠨᠡᠩ ᠣᠯᠠᠨ ᠲᠡᠮᠡᠴᠡᠨ ᠣᠯᠬᠤ ᠪᠠᠷ ᠴᠢᠷᠮᠠᠶᠢᠨ᠎ᠠ᠃ ᠱᠠᠩᠳᠤ ᠳᠠᠬᠢ ᠵᠠᠭᠤᠨ ᠲᠦᠮᠡᠨ ᠺᠢᠯᠤᠸ᠋ᠲ ᠤᠨ ᠲᠡᠰ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠨᠢ ᠪᠦᠬᠦ ᠪᠠᠭᠲᠠᠭᠠᠮᠵᠢ ᠪᠠᠷ ᠢᠶᠠᠨ ᠴᠠᠬᠢᠯᠭᠠᠨ ᠭᠠᠷᠭᠠᠵᠤ᠂ ᠭᠠᠯ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠥᠭᠡᠷᠡᠴᠢᠯᠡᠯᠲᠡ ᠶᠢ ᠠᠯᠬᠤᠮ ᠠᠯᠬᠤᠮ ᠢᠶᠠᠷ ᠥᠷᠨᠢᠭᠦᠯᠦᠨ᠂ ᠱᠠᠩᠳᠤ ᠶᠢᠨ ᠴᠠᠬᠢᠯᠭᠠᠨ ᠦᠢᠯᠡᠳᠪᠦᠷᠢ ᠶᠢᠨ ᠡᠨᠧᠷᠭᠢ ᠬᠠᠳᠠᠭᠠᠯᠠᠬᠤ ᠲᠥᠷᠥᠯ ᠵᠦᠢᠯ ᠤᠨ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠱᠠᠩᠳᠤ ᠶᠢᠨ ᠴᠠᠬᠢᠯᠭᠠᠨ ᠦᠢᠯᠡᠳᠪᠦᠷᠢ ᠶᠢ ︽ᠰᠠᠯᠬᠢᠨ ᠭᠡᠷᠡᠯ ᠢᠯᠴᠢ ᠬᠠᠳᠠᠭᠠᠯᠠᠬᠤ ᠳᠣᠯᠠᠭᠠᠯᠭ᠎ᠠ ᠬᠠᠩᠭᠠᠬᠤ︾ ᠡᠨᠧᠷᠭᠢ ᠶᠢᠨ ᠵᠢᠱᠢᠶ᠎ᠡ ᠦᠵᠡᠭᠦᠯᠬᠦ ᠴᠣᠭᠴᠠ ᠪᠣᠯᠭᠠᠬᠤ ᠪᠠᠷ ᠳᠡᠮᠡᠴᠡᠨ᠎ᠡ᠃ ᠶᠦᠨ ᠳ᠋ᠠ ᠰᠠᠯᠬᠢᠨ ᠬᠦᠴᠦᠨ ᠤ ᠴᠠᠬᠢᠯᠭᠠᠨ ᠭᠠᠷᠭᠠᠬᠤ ᠲᠥᠬᠦᠭᠡᠷᠦᠮᠵᠢ ᠶᠢ ᠳᠠᠬᠢᠨ ᠠᠰᠢᠭᠯᠠᠬᠤ ᠰᠠᠭᠤᠷᠢᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠨᠡᠭᠡᠭᠡᠨ ᠠᠰᠢᠭᠯᠠᠬᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠦᠢᠯᠡᠳᠪᠦᠷᠢᠯᠡᠯ ᠵᠣᠭᠰᠣᠭᠰᠠᠨ ᠠᠵᠤ ᠠᠬᠤᠶᠢᠯᠠᠯ ᠢ ᠠᠮᠢᠯᠠᠭᠤᠯᠵᠣ ᠠᠰᠢᠭᠯᠠᠯᠲᠠ ᠳᠤ ᠣᠷᠣᠭᠤᠯᠤᠨ ᠦᠷ᠎ᠡ ᠠᠰᠢᠭ ᠢ ᠪᠡᠶᠡᠯᠡᠭᠦᠯᠦᠨ᠎ᠡ᠃ ᠹᠦ᠋ ᠶᠠᠩ ᠵᠤᠭᠠᠩ ᠤᠨ ᠦᠢᠯᠡᠳᠪᠦᠷᠢ ᠶᠢᠨ ᠴᠠᠭᠠᠰᠣᠨ ᠭᠠᠳᠠᠷ ᠲᠠᠢ ᠵᠤᠭᠠᠩ ᠤᠨ ᠬᠠᠪᠲᠠᠰᠤ ᠶᠢᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠵᠦ᠂ ᠹᠦ᠋ ᠶᠠᠩ ᠵᠤᠭᠠᠩ ᠬᠢᠭᠡᠳ ᠪᠧᠢ ᠰᠢᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠶᠢ ᠦᠨᠡᠨ ᠪᠣᠳᠠᠲᠤ ᠠᠬᠢᠯᠲᠠ ᠲᠠᠢ ᠪᠣᠯᠭᠠᠵᠤ᠂ ᠨᠤᠨᠲᠠᠭ ᠨᠡᠭᠦᠷᠡᠰᠦᠨ ᠤ ᠦᠨᠡᠰᠦ ᠪᠠ ᠬᠦᠬᠦᠷ ᠥᠬᠡᠶᠢᠳᠡᠭᠦᠯᠦᠭᠰᠡᠨ ᠵᠤᠭᠠᠩ ᠢ ᠭᠠᠳᠠᠭᠰᠢ ᠪᠣᠷᠣᠯᠠᠭᠤᠯᠬᠤ ᠠᠵᠢᠯ ᠢ ᠬᠢᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠨᠣᠷᠮ᠎ᠠ ᠶᠢ 60 %᠎ ᠠᠴᠠ ᠳᠡᠭᠡᠭᠰᠢ ᠳᠤ ᠬᠦᠷᠭᠡᠬᠦ ᠪᠠᠷ ᠴᠢᠷᠮᠠᠶᠢᠵᠤ᠂ ᠪᠦᠬᠦ ᠠᠶᠢᠮᠠᠭ ᠤᠨ ᠠᠵᠤ ᠦᠢᠯᠡᠳᠪᠦᠷᠢ ᠵᠢᠨ‌ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠬᠤᠰᠢᠭᠤ ᠶᠢ ᠪᠠᠶᠢᠭᠤᠯᠬᠤ ᠪᠠᠷ ᠴᠢᠷᠮᠠᠶᠢᠨ ᠠᠵᠢᠯᠯᠠᠨ᠎ᠠ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠦᠢᠯᠡᠴᠢᠯᠡᠬᠦ ᠡᠷᠴᠢᠮ ᠢᠶᠠᠨ ᠴᠢᠩᠭᠠᠳᠬᠠᠨ᠂ ᠵᠢᠯ ᠤᠨ ᠳᠣᠲᠣᠷ᠎ᠠ 2 ᠠᠵᠤ ᠠᠬᠤᠶᠢᠯᠠᠯ ᠢ ᠬᠡᠪᠴᠢᠶᠡᠨ ᠳᠡᠭᠡᠭᠰᠢᠬᠢ ᠠᠵᠤ ᠠᠬᠤᠶᠢᠯᠠᠯ ᠤᠨ ᠬᠡᠪᠴᠢᠶᠡᠨ ᠳᠤ ᠣᠷᠣᠭᠤᠯᠵᠤ᠂ ᠰᠢᠨ ᠫᠧᠩ ᠪᠤᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ᠂ ᠱᠦᠨ ᠰᠢᠨ ᠰᠢᠨ ᠶᠤᠸᠠᠨ᠂ ᠰᠢ ᠪᠧᠢ ᠬᠤᠢ ᠲᠦᠩ ᠮᠠᠯ ᠠᠵᠤ ᠠᠬᠤᠢ᠂ ᠴᠠᠩ ᠬᠤᠩ ᠴᠠᠭᠠᠨ ᠢᠳᠡᠭᠡ᠂ ᠱᠠᠩᠳᠤ ᠦᠬᠡᠷ ᠤᠨ ᠮᠢᠬ᠎ᠠ᠂ ᠲᠠᠯ᠎ᠠ ᠨᠤᠲᠤᠭ ᠤᠨ ᠲᠢᠶᠠᠨ ᠮᠦ ᠵᠡᠷᠭᠡ ᠠᠵᠤ ᠠᠬᠤᠶᠢᠯᠠᠯ ᠤᠨ ᠲᠣᠭᠲᠠᠭᠤᠨ ᠡᠷᠭᠢᠯᠲᠡ ᠶᠢ ᠪᠠᠲᠤᠯᠠᠨ᠎ᠠ᠃ ᠱᠠᠩᠳᠤ ᠠᠵᠤ ᠦᠢᠯᠡᠰ ᠤᠨ ᠬᠦᠷᠢᠶᠡᠯᠡᠩ ᠤᠨ ᠡᠮᠦᠨ᠎ᠡ ᠤᠮᠠᠷ᠎ᠠ ᠶᠡᠭᠡ ᠵᠠᠮ᠂ ᠤᠷᠲᠤᠷᠢᠭ ᠭᠤᠷᠪᠠᠨ ᠵᠠᠮ ᠪᠠ ᠤᠰᠤ ᠬᠠᠩᠭᠠᠬᠤ ᠬᠤᠭᠤᠯᠠᠢ ᠲᠣᠣᠷ ᠤᠨ ᠢᠨᠵᠧᠨᠧᠷᠢᠩ ᠢ ᠪᠦᠲᠦᠭᠡᠨ ᠪᠠᠶᠢᠭᠤᠯᠵᠤ ᠳᠠᠭᠤᠰᠬᠠᠨ᠂ ᠢᠯᠴᠢ ᠬᠡᠢ ᠬᠠᠩᠭᠠᠬᠤ ᠲᠥᠷᠥᠯ ᠵᠦᠢᠯ ᠤᠨ ᠠᠵᠢᠯ ᠢ ᠡᠬᠢᠯᠡᠭᠦᠯᠦᠨ᠎ᠡ᠃ ᠮᠣᠩᠭᠤᠯ ᠭᠡᠷ ᠤᠨ ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠳᠤ ᠠᠰᠢᠭᠲᠠᠢ ᠨᠥᠬᠦᠴᠡᠯ ᠢ ᠪᠦᠷᠢᠯᠳᠦᠭᠦᠯᠵᠦ ᠥᠭᠭᠦᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ᠂ ᠠᠵᠤ ᠠᠬᠤᠶᠢᠯᠠᠯ ᠬᠢᠭᠡᠳ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠬᠠᠮᠲᠤᠷᠠᠯᠴᠠᠬᠤ ᠶᠢ ᠵᠣᠷᠢᠭᠵᠢᠭᠤᠯᠵᠤ᠂ ᠰᠢᠨ᠎ᠡ ᠶᠢ ᠡᠭᠦᠳᠬᠦ ᠲᠠᠪᠴᠠᠩ ᠪᠠᠶᠢᠭᠤᠯᠵᠤ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠵᠢᠯ ᠤᠨ ᠳᠣᠲᠣᠷ᠎ᠠ ︽ᠲᠤᠰᠬᠠᠢ ᠨᠠᠷᠢᠯᠢᠭᠵᠢᠭᠰᠠᠨ ᠂ ᠤᠨᠴᠠᠯᠢᠭᠳᠤ ᠂ ᠰᠢᠨ᠎ᠡ︾ ᠠᠵᠤ ᠠᠬᠤᠶᠢᠯᠠᠯ 1᠎ ᠢ ᠪᠠᠶᠢᠭᠤᠯᠤᠨ᠎ᠠ᠃ ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠤᠨ ᠲᠡᠰ ᠳᠡᠪᠰᠢᠬᠦ ᠶᠢ ᠲᠦᠯᠬᠢᠨ ᠠᠬᠢᠭᠤᠯᠤᠨ᠎ᠠ᠃ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠢ ᠠᠭᠤᠰᠣᠯᠴᠠᠭᠤᠯᠥᠨ ᠬᠥᠭᠵᠢᠭᠦᠯᠬᠦ ᠣᠷᠣᠨ ᠤ ᠪᠠᠶᠢᠭᠤᠯᠣᠯᠳᠠ ᠶᠢ ᠲᠦᠷᠭᠡᠳᠬᠡᠨ᠂ ︽ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠲᠥᠯᠥᠪᠵᠢᠭᠦᠯᠭᠡ︾᠎ ᠶᠢᠨ ᠬᠤᠷᠸ᠎ᠠ ᠲᠠᠯ᠎ᠠ ᠶᠢᠨ ᠬᠥᠲᠥᠯᠦᠨ ᠵᠢᠯᠣᠭᠤᠳᠬᠤ ᠪᠠ ᠵᠠᠶᠢᠯᠠᠰᠢ ᠦᠭᠡᠢ ᠬᠢᠵᠠᠭᠠᠷᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠨᠢᠭᠡᠳᠦᠯᠲᠡᠶ ᠲᠥᠯᠥᠪᠯᠡᠨ ᠲᠥᠯᠥᠪᠵᠢᠭᠦᠯᠬᠦ ᠶᠢ ᠴᠢᠩᠭᠠᠳᠬᠠᠵᠤ᠂ ᠪᠥᠬᠦ ᠣᠷᠣᠨ ᠪᠦᠰᠡ ᠪᠥᠬᠦ ᠤᠯᠠᠷᠢᠯ ᠪᠥᠬᠦ ᠠᠵᠤ ᠦᠢᠯᠡᠰ ᠤᠨ ᠵᠢᠭᠤᠯᠴᠢᠯᠠᠯ ᠤᠨ ᠦᠢᠯᠡᠰ ᠢ ᠬᠦᠭᠵᠢᠭᠦᠯᠦᠨ᠎ᠡ᠃ ︽ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ︾᠎ ᠪᠠᠷ ᠭᠤᠣᠯ ᠪᠣᠯᠭᠠᠵᠤ᠂ ᠱᠠᠩᠳᠣ ᠵᠢᠭᠤᠯᠴᠢᠯᠠᠯ ᠤᠨ ᠵᠠᠩ ᠦᠢᠯᠡ ᠶᠢᠨ ᠪᠠᠯᠭᠠᠰᠤ᠂ ᠰᠠᠩ ᠤᠨ ᠳᠠᠯᠠᠢ ᠵᠢᠭᠤᠯᠴᠢᠯᠠᠯ ᠤᠨ ᠲᠥᠪᠯᠡᠷᠡᠭᠦᠯᠦᠨ ᠪᠠᠯᠭᠠᠰᠤ ᠪᠠᠷ ᠲᠤᠯᠭᠠᠭᠤᠷᠢ ᠪᠣᠯᠭᠠᠵᠤ᠂ 207ᠤᠯᠤᠰ ᠤᠨ ᠵᠠᠮ ᠱᠤᠭᠤᠮ ᠳᠠᠭᠠᠤ ᠶᠢᠨ ᠲᠠᠯ᠎ᠠ ᠨᠤᠲᠤᠭ ᠤᠨ ᠰᠣᠳᠣᠨ ᠵᠢᠭᠤᠯᠴᠢᠯᠠᠯ ᠤᠨ ᠪᠦᠰᠡ ᠳᠤ ᠦᠢᠯᠡᠴᠢᠯᠡᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠱᠤᠭᠤᠮ ᠢ ᠬᠤᠯᠪᠣᠬᠤ ᠬᠥᠭᠵᠢᠯᠲᠡ ᠶᠢᠨ ᠲᠣᠭᠳᠠᠯᠴᠠᠭ᠎ᠠ ᠶᠢ ᠪᠠᠶᠢᠭᠤᠯᠵᠣ᠂ ᠣᠷᠣᠨ ᠤ ᠲᠡᠰ ᠤᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠢᠳᠡᠪᠬᠢᠲᠡᠢ ᠡᠭᠦᠳᠦᠨ ᠪᠠᠶᠢᠭᠤᠯᠤᠨ᠎ᠠ᠃ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠵᠢᠭᠤᠯᠴᠢᠯᠠᠯ ᠤᠨ ᠣᠷᠣᠨ ᠤ 5 A ᠲᠡᠰ ᠤᠨ ᠦᠵᠡᠮᠵᠢ ᠶᠢᠨ ᠣᠷᠣᠨ ᠢ ᠴᠣᠭᠴᠠᠯᠠᠬᠤ ᠠᠵᠢᠯ ᠢ ᠠᠬᠢᠭᠤᠯᠵᠤ᠂ ᠪᠠᠭᠤᠷᠢ ᠶᠢᠨ ︽ᠵᠢᠭᠤᠯᠴᠢᠳ ᠲᠤ ᠦᠢᠯᠡᠴᠢᠯᠡᠬᠦ︾ ᠲᠥᠪ ᠢ ᠪᠠᠷᠢᠯᠭ᠎ᠠ ᠳᠠᠭᠤᠰᠬᠠᠨ ᠠᠰᠢᠭᠯᠠᠯᠲᠠ ᠳᠤ ᠣᠷᠣᠭᠤᠯᠤᠨ᠎ᠠ᠃ ᠶᠤᠸᠠᠨ ᠤ ᠳᠡᠭᠡᠳᠦ ᠨᠡᠶᠢᠰᠯᠡᠯ ᠠᠳᠤᠭᠤᠨ ᠰᠤᠶᠤᠯ ᠤᠨ ᠬᠦᠷᠢᠶᠡᠯᠡᠩ ᠂ ᠬᠤᠰᠢᠭᠤᠨ ᠤ ᠵᠢᠭᠤᠯᠴᠢᠳ ᠤᠨ ᠤᠯᠠᠮᠵᠢᠯᠠᠬᠤ ᠲᠥᠪ ᠤᠨ ᠪᠠᠶᠢᠭᠠᠯᠤᠯᠲᠠ ᠶᠢᠨ ᠠᠵᠢᠯ ᠢ ᠡᠬᠢᠯᠡᠭᠦᠯᠦᠨ᠎ᠡ ᠃ᠬᠢᠵᠢᠭ ᠤᠨ ᠳᠠᠷᠠᠭᠠᠬᠢ ᠬᠡᠷᠡᠭᠯᠡᠭᠡᠨ ᠤ ᠬᠠᠨᠳᠤᠰᠢ ᠶᠢ ᠠᠰᠢᠭᠯᠠᠨ᠂ ᠤᠬᠠᠭᠤᠯᠭ᠎ᠠ ᠲᠠᠨᠢᠯᠴᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ︽ᠶᠤᠸᠠᠨ ᠤ ᠳᠡᠭᠡᠳᠦ ᠨᠡᠶᠢᠰᠯᠡᠯ︾᠂ ︽ᠬᠤᠯᠠᠨ ᠰᠢᠷᠭ᠎ᠠ ᠲᠠᠭ᠎ᠠ︾ ᠵᠡᠷᠭᠡ ᠨᠡᠷᠡᠲᠦ ᠳᠡᠮᠳᠡᠭᠳᠦ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂  ᠰᠢᠷ᠎ᠠ ᠲᠠᠯ᠎ᠠ ᠶᠢᠨ ᠴᠡᠴᠡᠭ ᠰᠣᠨᠢᠷᠬᠠᠬᠤ ᠨᠠᠶᠢᠷ᠂ ᠶᠤᠸᠠᠨ ᠤ ᠳᠡᠭᠡᠳᠦ ᠨᠡᠶᠢᠰᠯᠡᠯ ᠤᠨ ᠳᠠᠭᠤᠤ ᠬᠥᠭᠵᠢᠮ ᠤᠨ ᠨᠠᠶᠢᠷ᠂ ᠴᠠᠭᠠᠨ ᠢᠳᠡᠭᠡᠨ ᠤ ᠰᠣᠶᠣᠯ ᠤᠨ ᠨᠠᠶᠢᠷ᠂ ᠲᠠᠯ᠎ᠠ ᠨᠤᠲᠤᠭ ᠤᠨ ᠮᠠᠷᠠᠽᠤᠨ᠂ ᠬᠤᠯᠠᠨ ᠰᠢᠷᠭ᠎ᠠ ᠲᠠᠭ᠎ᠠ ᠶᠢᠨ ᠮᠠᠩᠬᠠᠨ ᠭᠠᠵᠠᠷ ᠢᠶᠠᠷ ᠶᠠᠪᠠᠭᠠᠨ ᠠᠯᠬᠤᠬᠤ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠡᠷᠬᠢᠯᠡᠵᠦ᠂ ᠲᠥᠰᠥᠪᠯᠡᠬᠦ ᠪᠠᠷ ᠪᠦᠬᠦ ᠵᠢᠯ ᠳᠤ120 ᠲᠦᠮᠡᠨ ᠬᠥᠮᠦᠨ ᠤᠳᠠᠭᠠᠨ ᠤ ᠵᠢᠭᠤᠯᠴᠢᠨ ᠢ ᠬᠦᠯᠢᠶᠡᠨ ᠠᠪᠴᠤ᠂ 8.5 ᠳ᠋ᠦᠩᠰᠢᠭᠤᠷ ᠲᠥᠭᠦᠷᠢᠭ ᠤᠨ ᠣᠷᠣᠯᠭ᠎ᠠ ᠶᠢ ᠪᠡᠶᠡᠯᠡᠭᠦᠯᠦᠨ᠎ᠡ᠃ ᠠᠷᠠᠯᠵᠢᠶ᠎ᠠ ᠬᠤᠳᠠᠯᠳᠤᠭᠠᠨ ᠤ ᠬᠥᠭᠵᠢᠯᠲᠡ ᠶᠢ ᠵᠢᠷᠤᠮᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠭ ᠤᠨ ᠬᠤᠰᠢᠭᠤ ᠶᠢ ᠪᠠᠶᠢᠭᠤᠯᠬᠤ ᠠᠵᠠ ᠳᠣᠬᠢᠶᠠᠯ ᠢ ᠠᠰᠢᠭᠯᠠᠵᠤ ᠱᠠᠩᠳᠤ ᠪᠠᠯᠭᠠᠰᠣᠨ ᠤ ᠶᠡᠷᠦᠩᠬᠡᠶᠢᠯᠡᠭᠰᠡᠨ ᠵᠠᠬ᠎ᠠ ᠳᠡᠯᠭᠡᠭᠦᠷ ᠪᠠ ᠬᠥᠮᠥᠷᠭᠡᠯᠡᠨ ᠬᠠᠳᠠᠭᠠᠯᠠᠬᠤ ᠲᠥᠪ ᠢ ᠪᠠᠶᠢᠭᠤᠯᠵᠤ᠂ ᠬᠦᠳᠡᠭᠡ ᠳᠣᠰᠬᠤᠨ ᠤ ᠴᠠᠬᠢᠮ ᠬᠤᠳᠠᠯᠳᠤᠭᠠᠨ ᠤ ᠦᠶᠯᠡᠴᠢᠯᠡᠭᠡ ᠪᠠ ᠪᠣᠬᠢᠶ᠎ᠠ ᠰᠢᠤᠳᠠᠨ ᠤ ᠭᠦᠶᠯᠭᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠡᠷᠡᠭᠦᠯᠵᠢᠯ ᠰᠤᠪᠢᠯᠠᠯᠲᠠ ᠶᠢᠨ ᠠᠵᠤ ᠦᠶᠯᠡᠰ ᠤᠨ ᠬᠥᠭᠵᠢᠯᠲᠡ ᠶᠢ ᠲᠦᠷᠭᠡᠳᠬᠡᠵᠦ᠂ PPP ᠬᠡᠯᠪᠡᠷᠢ ᠶᠢ ᠠᠰᠢᠭᠯᠠᠨ᠂ ᠮᠧᠩ ᠯᠦᠩ ᠨᠠᠰᠤᠵᠢᠯ ᠤᠨ ᠬᠦᠷᠢᠶᠡᠯᠡᠩ ᠤᠨ ᠰᠠᠭᠤᠷᠢ ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ︽ᠠᠷᠠᠳ ᠠᠴᠠ ᠡᠷᠭᠢᠯᠡᠵᠦ ᠠᠯᠪᠠᠨ ᠠᠴᠠ ᠲᠤᠰᠠᠯᠠᠬᠤ︾ ᠬᠡᠯᠪᠡᠷᠢ ᠶᠢᠨ ᠨᠠᠰᠤᠳᠠᠳ ᠤᠨ ᠠᠰᠠᠷᠠᠮᠵᠢ ᠶᠢᠨ ᠬᠦᠷᠢᠶᠡᠯᠡᠩ ᠢ ᠳᠥᠷᠢᠮᠵᠢᠭᠦᠯᠦᠨ ᠡᠵᠡᠩᠨᠡᠬᠦ ᠶᠢ ᠠᠬᠢᠭᠤᠯᠤᠨ᠎ᠠ᠃︵ᠭᠤᠷᠪᠠ︶ ᠠᠮᠢ ᠠᠬᠤᠶ ᠶᠢ ᠲᠡᠷᠢᠭᠦᠨ ᠳᠤ ᠪᠤᠳᠣᠯᠬᠢᠯᠠᠵᠤ᠂ ᠴᠢᠨᠠᠷᠯᠢᠭ ᠬᠥᠭᠵᠢᠯᠲᠡ ᠶᠢ ᠪᠠᠲᠤᠯᠠᠨ᠎ᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠨ ᠰᠠᠶᠢᠵᠢᠷᠠᠭᠤᠯᠬᠤ ᠠᠵᠢᠯ ᠢ ᠴᠢᠩᠭᠠᠳᠬᠠᠨ᠎ᠠ᠃ ︽ᠰᠢᠯᠤᠭᠤᠨ ᠬᠥᠬᠡ ᠬᠤᠰᠢᠭᠤᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤᠨ ᠤ ᠲᠥᠯᠥᠪᠵᠢᠭᠦᠯᠭᠡ︾᠎ ᠶᠢ ᠰᠠᠶᠢᠲᠤᠷ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠰᠡᠷᠡᠮᠵᠢ ᠶᠢᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ᠂ ᠡᠬᠢ ᠪᠠᠶᠠᠯᠢᠭ ᠤᠨ ᠠᠰᠢᠭᠯᠠᠯᠲᠠ ᠶᠢ ᠴᠢᠩᠭ᠎ᠠ ᠰᠠᠬᠢᠵᠤ᠂ ᠠᠮᠢ ᠠᠬᠤᠢ ᠶᠢᠨ ᠣᠷᠴᠢᠨ ᠲᠣᠭᠤᠷᠢᠨ ᠤ ᠵᠥᠪᠰᠢᠶᠡᠷᠡᠨ ᠣᠷᠣᠭᠤᠯᠬᠤ ᠳᠥᠷᠢᠮ ᠢ ᠨᠠᠶᠢᠳᠠᠪᠤᠷᠢᠵᠢᠭᠤᠯᠵᠤ᠂ ᠠᠭᠤᠯᠠ ᠤᠰᠤ᠂ ᠣᠢ ᠮᠣᠳᠣ᠂ ᠭᠠᠵᠠᠷ ᠲᠠᠷᠢᠶ᠎ᠠ᠂ ᠨᠠᠭᠤᠷ ᠪᠦᠷᠢᠳᠦ᠂ ᠨᠤᠲᠤᠭ ᠪᠡᠯᠴᠢᠭᠡᠷ᠂ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠰᠡᠷᠭᠦᠭᠡᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠯ᠎ᠡ ᠵᠦᠢᠯ ᠤᠨ ᠪᠦᠳᠦᠭᠡᠨ ᠪᠠᠶᠢᠭᠤᠯᠤᠯᠳᠠ ᠶᠢ ᠪᠠᠷᠢᠮᠵᠢᠶᠠᠨ ᠳᠤ ᠬᠦᠷᠭᠡᠬᠦ ᠶᠢ ᠦᠨᠡᠨᠬᠦ ᠪᠠᠲᠤᠯᠠᠨ᠎ᠠ᠃ ᠬᠤᠯᠠᠨ ᠰᠢᠷᠭ᠎ᠠ ᠲᠠᠭ᠎ᠠ ᠶᠢᠨ ᠮᠠᠩᠬᠠᠨ ᠭᠠᠵᠠᠷ ᠤᠨ ᠠᠮᠢ ᠠᠬᠤᠶ ᠶᠢᠨ ᠴᠡᠭᠴᠡᠯᠡᠯᠳᠡ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ︽ᠬᠤᠯᠠᠨ ᠰᠢᠷᠭ᠎ᠠ ᠲᠠᠭ᠎ᠠ ᠶᠢᠨ ᠮᠠᠩᠬᠠᠨ ᠭᠠᠵᠠᠷ ᠤᠨ ᠠᠮᠢ ᠠᠬᠤᠶ ᠶᠢ ᠰᠡᠷᠭᠦᠭᠡᠬᠦ ᠪᠠ ᠦᠷᠭᠦᠯᠵᠢᠯᠡᠨ ᠬᠥᠭᠵᠢᠭᠦᠯᠬᠦ ᠲᠥᠯᠥᠪᠵᠢᠭᠦᠯᠭᠡ︾ ᠶᠣᠰᠣᠭᠠᠷ᠂ ᠬᠤᠯᠠᠨ ᠰᠢᠷᠭ᠎ᠠ ᠲᠠᠭ᠎ᠠ ᠶᠢᠨ ᠮᠠᠩᠬᠠᠨ ᠭᠠᠵᠠᠷ ᠪᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢᠶᠠᠷ ᠭᠤᠤᠯᠳᠠᠯᠭ᠎ᠠ ᠪᠣᠯᠭᠠᠨ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠣᠭᠠᠬᠤ᠂ ᠰᠡᠯᠭᠦᠨ ᠮᠠᠯᠵᠢᠬᠤ ᠳᠥᠷᠢᠮ ᠢ ᠡᠷᠴᠢᠮᠳᠠᠢ ᠬᠡᠷᠡᠭᠵᠢᠭᠦᠯᠵᠦ᠂ ᠭᠤᠣᠯ ᠪᠣᠯᠬᠤ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠢ ᠲᠦᠯᠬᠢᠨ ᠠᠬᠢᠭᠤᠯᠵᠤ᠂ 10 ᠲᠦᠮᠡᠨ ᠮᠦ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠵᠤ᠂ 0.2 ᠲᠦᠮᠡᠨ ᠮᠦ ᠳᠤᠷᠤᠭ ᠮᠤᠳᠤ ᠲᠠᠷᠢᠵᠤ᠂ ᠣᠶ ᠰᠢᠭᠤᠶ ᠶᠢᠨ ᠤᠷᠭᠤᠮᠠᠯ ᠬᠤᠴᠢᠯᠭ᠎ᠠ ᠶᠢ ᠰᠡᠷᠭᠦᠭᠡᠬᠦ ᠲᠥᠰᠥᠯ ᠤᠨ ᠢᠨᠵᠧᠨᠧᠷᠢᠩ ᠢᠶᠠᠷ 3.4 ᠲᠦᠮᠡᠨ ᠮᠥ ᠡᠯᠡᠰᠦ ᠶᠢ ᠳᠣᠭᠲᠠᠪᠤᠷᠢᠵᠢᠭᠤᠯᠵᠤ᠂ 0.5 ᠲᠦᠮᠡᠨ ᠮᠥ ᠪᠤᠳᠠ ᠮᠤᠳᠣ ᠲᠠᠷᠢᠵᠤ᠂ ᠥᠨᠳᠦᠷᠯᠢᠭ ᠭᠠᠵᠠᠷ ᠎ ᠤᠨ ᠡᠯᠡᠰᠦᠷᠬᠡᠭ ᠣᠷᠣᠨ ᠢ ᠶᠡᠷᠦᠩᠬᠡᠶᠢᠯᠡᠨ ᠵᠠᠰᠠᠬᠤ ᠲᠥᠰᠥᠯ ᠢᠶᠠᠷ 0.5 ᠲᠦᠮᠡᠨ ᠮᠥ ᠠᠭᠤᠯᠠ ᠶᠢ ᠪᠢᠲᠡᠭᠦᠮᠵᠢᠯᠡᠨ ᠣᠶ ᠮᠣᠳᠣ ᠶᠢ ᠪᠣᠶᠢᠵᠢᠭᠤᠯᠵᠤ᠂ 0.1ᠲᠦᠮᠡᠨ ᠮᠥ ᠡᠯᠡᠰᠦ ᠶᠢ ᠳᠣᠭᠲᠠᠪᠤᠷᠢᠵᠢᠭᠤᠯᠤᠨ᠎ᠠ᠃ ᠱᠠᠩᠳᠣ ᠶᠢᠨ ᠭᠤᠤᠯ ᠤᠨ ᠰᠢᠯᠤᠭᠤᠨ ᠬᠥᠬᠡ ᠬᠤᠰᠢᠭᠤᠨ ᠤ ᠬᠡᠰᠡᠭ ᠲᠠᠬᠢ 110 ᠺᠢᠯᠣᠮᠧᠲᠷ᠂ ᠪᠣᠱᠣᠣᠳᠠᠢ ᠰᠣᠮᠣᠨ ᠤ ᠬᠦᠶᠰᠦ ᠶᠢᠨ ᠭᠤᠤᠯ ᠤᠨ 29.5 ᠺᠢᠯᠣᠮᠧᠲᠷ᠂ ᠬᠠᠪᠢᠷᠭ᠎ᠠ ᠪᠠᠯᠭᠠᠰᠤᠨ ᠤ ᠴᠢᠩ ᠹᠧᠩ ᠭᠤᠤᠯ ᠤᠨ 1.24 ᠺᠢᠯᠣᠮᠧᠲᠷ ᠤᠨ ᠭᠤᠤᠯ ᠤᠨ ᠬᠥᠨᠳᠡᠢ ᠶᠢ ᠵᠠᠰᠠᠬᠤ ᠢᠨᠵᠧᠨᠧᠷᠢᠩ ᠪᠠ ᠬᠠᠪᠢᠷᠭ᠎ᠠ ᠪᠠᠯᠭᠠᠰᠤᠨ ᠤ ᠳᠣᠯᠣᠳᠤᠭᠠᠷ ᠲᠣᠰᠬᠤᠨ᠂ ᠴᠢᠩ ᠹᠧᠩ ᠲᠣᠰᠬᠤᠨ ᠤ ᠠᠭᠤᠯᠠᠨ ᠦᠶᠡᠷ ᠤᠨ ᠭᠤᠤ ᠶᠢ ᠵᠠᠰᠠᠬᠤ ᠲᠥᠰᠥᠯ ᠢ ᠬᠡᠷᠡᠭᠵᠢᠭᠦᠯᠦᠨ᠎ᠡ᠃ ᠬᠡᠪᠴᠢᠶᠡᠵᠢᠭᠰᠡᠨ ᠣᠶ ᠰᠢᠭᠤᠶ ᠶᠢᠨ ᠲᠠᠯᠠᠪᠠᠶ ᠶᠢᠨ ᠰᠠᠭᠤᠷᠢ ᠲᠦᠭᠦᠭᠡᠷᠦᠮᠵᠢ ᠶᠢ ᠰᠠᠶᠢᠵᠢᠷᠠᠭᠤᠯᠬᠤ ᠪᠠ ᠠᠵᠤ ᠦᠶᠯᠡᠰ ᠤᠨ ᠬᠥᠭᠵᠢᠯᠲᠡ ᠶᠢ ᠢᠳᠡᠪᠬᠢᠲᠡᠶ ᠠᠬᠢᠭᠤᠯᠵᠤ᠂ ︽ᠣᠶ ᠰᠢᠭᠤᠶ + ᠵᠢᠭᠤᠯᠴᠢᠯᠠᠯ︾᠎ ᠤᠨ ᠬᠥᠭᠵᠢᠯᠲᠡ ᠶᠢᠨ ᠠᠷᠭ᠎ᠠ ᠵᠠᠮ ᠢ ᠰᠦᠪᠡᠭᠴᠢᠯᠡᠨ᠂ ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠠᠷᠠᠯᠵᠢᠶ᠎ᠠ ᠶᠢ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠯᠠᠪᠳᠠᠭᠤᠨ ᠢᠶᠠᠷ ᠠᠬᠢᠭᠤᠯᠤᠨ᠎ᠠ᠃ᠠᠮᠢ ᠠᠬᠤᠢ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠨ᠎ᠠ᠃ ᠬᠤᠶᠠᠳᠤᠭᠠᠷ ᠡᠭᠡᠯᠵᠢᠨ ᠤ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠳᠣᠭᠤᠶᠢᠯᠠᠩ ᠠᠴᠠ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠦᠨ᠎ᠡ᠃ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥᠨ ᠤ ᠬᠠᠮᠠᠭᠠᠯᠠᠯᠳᠠ ᠶᠢ ᠰᠠᠶᠢᠲᠤᠷ ᠬᠢᠵᠦ᠂ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠪᠠ ᠬᠠᠮᠳᠤᠪᠠᠷ ᠰᠡᠷᠭᠡᠶᠢᠯᠡᠨ ᠬᠤᠷᠢᠭᠯᠠᠬᠤ ᠠᠵᠢᠯ ᠢ ᠴᠢᠩᠭᠠᠳᠬᠠᠵᠤ᠂ ᠴᠡᠯᠮᠡᠭ ᠲᠤᠩᠭᠠᠯᠠᠭ ᠡᠳᠦᠷ ᠤᠨ ᠬᠠᠷᠢᠴᠠᠯ ᠢ 90 % ᠎ ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ︽ᠢᠯᠭᠠᠨ ᠲᠣᠭᠲᠠᠭᠠᠬᠤ᠂ ᠪᠠᠷᠢᠮᠵᠢᠶ᠎ᠠ ᠲᠣᠭᠲᠠᠭᠠᠬᠤ᠂ ᠰᠡᠷᠭᠦᠭᠡᠨ ᠵᠠᠰᠠᠬᠤ︾ ᠭᠤᠷᠪᠠᠨ ᠵᠦᠶᠯ ᠤᠨ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠵᠤ᠂ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠴᠢᠨ ᠲᠣᠭᠤᠷᠢᠨ ᠎ ᠤ ᠠᠮᠤᠷ ᠲᠦᠪᠰᠢᠨ ᠢ ᠪᠠᠳᠤᠯᠠᠨ᠎ᠠ᠃ ᠱᠠᠩᠳᠤ ᠶᠢᠨ ᠭᠤᠤᠯ ᠤᠨ ᠰᠢᠯᠤᠭᠤᠨ ᠬᠥᠬᠡ ᠬᠤᠰᠢᠭᠤᠨ ᠤ ᠬᠡᠰᠡᠭ ᠲᠠᠬᠢ ᠤᠰᠤᠨ ᠎ ᠤ ᠶᠠᠰᠤ ᠴᠢᠨᠠᠷ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠭᠤᠤᠯ ᠤᠨ ᠵᠠᠮ ᠢ ᠯᠠᠶᠢᠳᠠᠬᠤ᠂ ᠥᠨᠳᠥᠷ ᠲᠣᠳᠣᠴᠠᠲᠤ ᠬᠢᠨᠠᠨ ᠡᠵᠡᠮᠳᠡᠭᠦᠷ ᠢ ᠬᠡᠷᠡᠭᠯᠡᠬᠦ ᠵᠡᠷᠭᠡ ᠭᠤᠤᠯᠳᠠᠯᠭ᠎ᠠ ᠲᠠᠢ ᠠᠵᠢᠯ ᠢ ᠪᠡᠶᠡᠯᠡᠭᠦᠯᠦᠨ᠎ᠡ᠃ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠭᠠᠳᠠᠭᠰᠢᠯᠠᠭᠤᠯᠤᠯᠲᠠ ᠶᠢ ᠬᠠᠮᠢᠶᠠᠷᠬᠤ᠂ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢ ᠪᠠᠶᠢᠴᠠᠭᠠᠬᠤ ᠂ ᠺᠠᠳ᠋ᠮᠢ ᠵᠡᠷᠭᠡ ᠳᠤ ᠬᠤᠯᠪᠣᠭᠳᠠᠭᠰᠠᠨ ᠬᠦᠨᠳᠦ ᠲᠡᠮᠦᠷᠯᠢᠭ ᠤᠨ ᠪᠣᠬᠢᠷᠲᠤᠯ ᠪᠠ ᠬᠥᠳᠡᠭᠡ ᠳᠣᠰᠬᠤᠨ ᠤ ᠪᠣᠬᠢᠷ ᠤᠰᠤᠨ ᠤ ᠪᠠᠶᠢᠴᠠᠭᠠᠯᠳᠠ ᠶᠢ ᠦᠷᠭᠦᠯᠵᠢᠯᠡᠨ ᠥᠷᠨᠢᠭᠦᠯᠵᠦ᠂ ᠮᠠᠯ ᠲᠡᠵᠢᠭᠡᠪᠦᠷᠢ ᠶᠢᠨ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠤᠨ ᠪᠠᠶᠢᠭᠤᠯᠤᠯᠲᠠ ᠶᠢ ᠠᠬᠢᠭᠤᠯᠵᠤ ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠦᠨ᠎ᠡ᠃ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ᠂ ᠣᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠱᠠᠩᠳᠤ ᠶᠢᠨ ᠭᠤᠣᠯ ᠤᠨ ᠰᠠᠪᠠ ᠭᠠᠵᠠᠷ᠂ ᠴᠢᠬᠤᠯᠠ ᠨᠤᠭᠤ ᠭᠠᠵᠠᠷ ᠪᠠ ᠪᠢᠲᠡᠭᠦᠮᠵᠢᠯᠡᠭᠰᠡᠨ ᠬᠠᠮᠠᠭᠠᠯᠠᠯᠲᠠ ᠶᠢᠨ ᠣᠷᠣᠨ ᠤ ᠬᠢᠨᠠᠨ ᠬᠠᠮᠢᠶᠠᠷᠤᠯᠲᠠ ᠶᠢ ᠴᠢᠩᠭ᠎ᠠ ᠥᠷᠨᠢᠭᠦᠯᠵᠦ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠰᠢᠢᠳᠬᠡᠨ᠎ᠡ᠃ ︽ᠰᠢᠯᠢ ᠶᠢᠨ ᠭᠤᠤᠯ ᠠᠶᠢᠮᠠᠭ ᠤᠨ 2023 ᠣᠨ ᠤ ᠲᠠᠷᠢᠶᠠᠯᠠᠬᠤ ᠤᠷᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠣᠭᠲᠠᠯᠴᠠᠭᠠᠨ ᠤ ᠲᠣᠰᠬᠤᠨ ᠤ ᠡᠭᠦᠷᠭᠡ ᠬᠠᠷᠢᠭᠤᠴᠠᠯᠭ᠎ᠠ︾᠎ ᠲᠠᠢ ᠬᠠᠷᠭᠤᠭᠤᠯᠵᠤ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ᠲᠥᠪᠯᠡᠷᠡᠭᠦᠯᠦᠨ ᠵᠠᠰᠠᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠪᠠᠶᠢᠩᠭᠤ ᠶᠢᠨ ᠴᠢᠨᠠᠷᠳᠠᠢ᠂ ᠠᠮᠢᠳᠤᠯᠢᠭ᠂ ᠳᠦᠷᠢᠮᠵᠢᠭᠰᠡᠨ ᠬᠠᠮᠢᠶᠠᠷᠤᠨ ᠡᠵᠡᠮᠳᠡᠬᠦ ᠲᠣᠭᠲᠠᠴᠠ ᠶᠢ ᠪᠦᠷᠢᠯᠳᠦᠭᠦᠯᠵᠦ᠂ ᠰᠦᠯᠢᠶᠣᠣ ᠪᠦᠷᠬᠦᠪᠴᠢ ᠶᠢ ᠬᠤᠷᠢᠶᠠᠨ ᠴᠡᠪᠡᠷᠯᠡᠬᠦ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ 3.3 ᠲᠦᠮᠡᠨ ᠮᠥ ᠰᠦᠯᠢᠶᠣᠣ ᠪᠦᠷᠬᠦᠪᠴᠢ ᠶᠢ ᠬᠤᠷᠢᠶᠠᠨ ᠴᠡᠪᠡᠷᠯᠡᠨ᠎ᠡ᠃ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ 79.08 ᠾᠧᠺᠲ᠋ᠠᠷ ᠬᠠᠶᠠᠭᠳᠠᠮᠠᠯ ᠠᠭᠤᠷᠬᠠᠢ ᠶᠢᠨ  ᠵᠠᠳᠠᠭᠠᠢ ᠨᠦᠬᠡ ᠶᠢ ᠵᠠᠰᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ 70.24 ᠾᠧᠺᠲ᠋ᠠᠷ ᠠᠭᠤᠷᠬᠠᠢ ᠶᠢᠨ ᠬᠥᠨᠳᠡᠢ ᠶᠢ ᠴᠡᠭᠴᠡᠯᠡᠨ ᠵᠠᠰᠠᠨ᠎ᠠ᠃ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ᠂ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠷᠴᠢᠮᠳᠠᠢ ᠬᠢᠨᠠᠨ ᠬᠠᠮᠢᠶᠠᠷᠤᠯᠲᠠ ᠪᠠᠷ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠵᠤ᠂ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠪᠠᠲᠤᠯᠠᠨ᠎ᠠ᠃︵ᠳᠥᠷᠪᠡ︶ ᠬᠤᠲᠠ ᠬᠥᠳᠡᠭᠡ ᠶᠢ ᠨᠢᠭᠡᠳᠦᠯᠲᠡᠶ ᠲᠥᠯᠥᠪᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷᠯᠢᠭ ᠬᠥᠭᠵᠢᠯᠲᠡ ᠶᠢᠨ ᠳᠤᠲᠠᠭᠳᠠᠯ ᠢᠶᠠᠨ ᠨᠥᠬᠦᠪᠥᠷᠢᠯᠡᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠣᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ ᠡᠯ᠎ᠡ ᠱᠠᠲᠤᠨ ᠤ ᠡᠯ᠎ᠡ ᠲᠥᠷᠥᠯ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠳᠠᠬᠢᠨ ᠶᠠᠳᠠᠭᠤᠷᠠᠬᠤ ᠶᠢ ᠡᠷᠡᠰ ᠰᠡᠷᠭᠡᠶᠢᠯᠡᠨ᠎ᠡ᠃ ︽ᠬᠥᠳᠡᠭᠡ ᠲᠣᠰᠬᠤᠨ  ᠢ ᠬᠦᠴᠦᠷᠬᠡᠭᠵᠢᠭᠦᠯᠬᠦ ᠲᠥᠯᠥᠪᠵᠢᠭᠦᠯᠭᠡ︾ ᠪᠠ ︽︿5 + 1﹀ ᠲᠤᠰᠬᠠᠢ ᠲᠥᠷᠥᠯ ᠤᠨ ᠲᠥᠯᠥᠪᠵᠢᠭᠦᠯᠭᠡ︾᠎ ᠶᠢ ᠰᠠᠶᠢᠲᠤᠷ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠨᠠᠶᠢᠳᠠᠪᠤᠷᠢᠵᠢᠭᠤᠯᠤᠯᠳᠠ ᠶᠢ ᠡᠷᠴᠢᠮᠵᠢᠭᠦᠯᠵᠦ᠂ ᠲᠥᠰᠥᠯ ᠤᠨ ᠬᠦᠮᠦᠷᠭᠡᠨ ᠳᠤ 6 ᠲᠥᠷᠥᠯ ᠤᠨ 59 ᠲᠥᠰᠥᠯ ᠢ ᠣᠷᠣᠭᠤᠯᠬᠤ ᠪᠠᠷ ᠲᠥᠯᠥᠪᠯᠡᠨ᠂ 1.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠎ᠠ᠃ 2023 ᠣᠨ ᠳᠤ 5 ᠲᠥᠷᠥᠯ ᠤᠨ 18 ᠲᠥᠰᠥᠯ ᠢ ᠬᠡᠷᠡᠭᠵᠢᠭᠦᠯᠵᠦ᠂ 9936 ᠲᠦᠮᠡᠨ ᠲᠥᠭᠦᠷᠢᠭ ᠤᠨ ᠪᠡᠯᠡ ᠣᠷᠣᠭᠤᠯᠵᠤ᠂ 9 ᠠᠵᠤ ᠦᠢᠯᠡᠰ ᠤᠨ ᠬᠥᠭᠵᠢᠯᠲᠡ ᠶᠢᠨ ᠲᠥᠰᠥᠯ᠂ ᠡᠷᠦᠬᠡ ᠳᠤ ᠨᠠᠶᠢᠳᠠᠪᠤᠷᠢᠵᠢᠭᠤᠯᠬᠤ 5 ᠲᠥᠰᠥᠯ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ 2 ᠲᠥᠰᠥᠯ ᠂ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠰᠥᠯ ᠢ 1᠎ ᠂ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠰᠥᠯ  1᠎ ᠶᠢ ᠨᠠᠶᠢᠳᠠᠪᠤᠷᠢᠵᠢᠭᠤᠯᠤᠨ᠎ᠠ᠃ ᠭᠠᠴᠠᠭ᠎ᠠ ᠲᠣᠰᠬᠤᠨ ᠤ ᠡᠯ᠎ᠡ ᠲᠥᠷᠥᠯ ᠤᠨ ᠡᠬᠢ ᠪᠠᠶᠠᠯᠢᠭ᠂ ᠪᠠᠯᠠ ᠮᠥᠩᠭᠦ᠂ ᠡᠳ᠋ ᠬᠥᠷᠥᠩᠭᠡ ᠶᠢ ᠰᠠᠶᠢᠲᠤᠷ ᠠᠰᠢᠭᠯᠠᠵᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠤᠨ᠎ᠠ᠃ ᠤᠰᠤ ᠴᠠᠬᠢᠯᠭᠠᠨ᠂ ᠵᠠᠰᠠᠮᠠᠯ ᠵᠠᠮ᠂ ᠴᠢᠮᠡᠭᠡ ᠬᠤᠯᠪᠣᠭ᠎ᠠ ᠵᠡᠷᠭᠡ ᠪᠠᠭᠤᠷᠠᠢ ᠲᠠᠯ᠎ᠠ ᠳᠤ ᠠᠩᠬᠠᠷᠤᠯ ᠢᠶᠠᠨ ᠲᠠᠯᠪᠢᠵᠤ᠂ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠳᠠ ᠶᠢ ᠬᠦᠳᠡᠭᠡ ᠳᠣᠰᠬᠤᠨ ᠵᠦᠭ ᠬᠡᠯᠪᠡᠶᠢᠯᠭᠡᠵᠦ᠂ 133 ᠴᠡᠭ ᠲᠠᠬᠢ ᠤᠰᠤᠨ ᠰᠤᠷᠪᠤᠯᠵᠢ ᠶᠢᠨ ᠢᠨᠵᠧᠨᠧᠷᠢᠩ᠂ 42 ᠴᠡᠭ ᠤᠨ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ᠂ 203 ᠰᠠᠣᠷᠢ ᠮᠠᠰᠢᠨ ᠬᠤᠳᠳᠤᠭ᠂ 14 ᠰᠠᠣᠷᠢ ᠭᠦᠨ ᠬᠤᠳᠳᠤᠭ ᠢ ᠰᠢᠨ᠎ᠡ ᠪᠠᠷ ᠪᠠᠶᠢᠭᠤᠯᠤᠨ᠎ᠠ᠃ ᠬᠥᠳᠡᠭᠡ ᠳᠣᠰᠬᠤᠨ ᠤ ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ ᠪᠠ ᠴᠢᠮᠡᠭᠡ ᠬᠤᠯᠪᠣᠭᠠᠨ ᠤ ᠲᠦᠭᠦᠭᠡᠷᠦᠮᠵᠢ ᠶᠢ ᠢᠳᠡᠪᠬᠢᠲᠡᠢ ᠡᠷᠡᠮᠡᠯᠵᠡᠯᠡᠨ ᠣᠯᠵᠤ᠂  ᠰᠦᠯᠵᠢᠶ᠎ᠡ ᠳᠣᠬᠢᠶ᠎ᠠ ᠦᠭᠡᠢ 307 ᠡᠷᠥᠬᠡ ᠮᠠᠯᠴᠢᠨ ᠠᠶᠢᠯ ᠳᠤ ᠰᠦᠯᠵᠢᠶ᠎ᠡ ᠣᠷᠣᠭᠤᠯᠵᠤ᠂ ᠥᠨᠳᠥᠷ ᠲᠣᠳᠣᠴᠠᠲᠤ ᠬᠤᠣᠰ ᠴᠢᠭᠯᠡᠯ ᠤᠨ ᠬᠠᠷᠢᠯᠴᠠᠨ ᠰᠣᠯᠢᠯᠴᠠᠭᠰᠠᠨ ᠷᠠᠳᠢᠣ᠋ ᠲᠧᠯᠸᠢᠰ ᠢ ᠨᠡᠪᠲᠡᠷᠡᠭᠦᠯᠦᠨ᠎ᠡ᠃ ᠨᠠᠷᠠᠲᠤ ᠠᠴᠠ ᠵᠢᠭᠠᠰᠤᠲᠠᠢ ᠬᠦᠷᠬᠦ ᠵᠠᠮ ᠢ ᠵᠠᠰᠠᠵᠤ᠂ ᠺᠢᠨᠣ᠋ ᠲᠧᠯᠸᠢᠰ ᠤᠨ ᠰᠠᠭᠤᠷᠢᠨ ᠭᠠᠵᠠᠷ ᠠᠴᠠ ᠬᠡᠶᠢᠪᠦᠩ ᠭᠤᠣᠯ ᠦᠵᠡᠮᠵᠢ ᠶᠢᠨ ᠣᠷᠣᠨ ᠬᠦᠷᠬᠦ 62.8 ᠺᠢᠯᠤᠮᠧᠲᠷ ᠤᠨ ᠵᠠᠰᠠᠮᠠᠯ ᠵᠠᠮ ᠢ ᠰᠢᠨ᠎ᠡ ᠪᠠᠷ ᠳᠡᠪᠢᠰᠴᠦ᠂ ᠪᠤᠱᠤᠤᠲᠠᠢ ᠰᠣᠮᠣᠨ ᠤ ᠬᠠᠷ᠎ᠠ ᠮᠣᠳᠣ ᠠᠴᠠ ᠰᠠᠩ ᠤᠨ ᠳᠠᠯᠠᠢ᠂ ᠪᠤᠱᠤᠤᠲᠠᠢ ᠰᠣᠮᠣᠨ ᠤ ᠡᠩᠭᠡᠷ ᠭᠠᠴᠠᠭᠠᠨ ᠤ ᠨᠢᠭᠡᠳᠦᠭᠡᠷ ᠨᠠᠮ ᠤᠨ ᠡᠭᠦᠷ ᠬᠦᠷᠬᠦ 49.65 ᠺᠢᠯᠤᠮᠧᠲᠷ ᠵᠠᠰᠠᠮᠠᠯ ᠵᠠᠮ ᠢ ᠵᠠᠰᠠᠨ ᠰᠡᠯᠪᠢᠵᠤ᠂ ︽ᠠᠮᠤᠭᠤᠯᠠᠩ ᠬᠥᠭᠦᠷᠭᠡ︾᠎ ᠶᠢ ᠥᠭᠡᠷᠡᠴᠢᠯᠡᠨ ᠵᠠᠰᠠᠬᠤ ᠲᠦᠰᠥᠯ ᠢ ᠭᠦᠢᠴᠡᠳᠬᠡᠨ᠎ᠡ᠃ ᠬᠥᠳᠡᠭᠡ ᠳᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠬᠥᠳᠡᠭᠡ ᠲᠤᠰᠬᠤᠨ ᠤ ᠨᠡᠶᠢᠭᠡᠮᠴᠢᠯᠡᠭᠰᠡᠨ ᠦᠢᠯᠡᠴᠢᠯᠡᠭᠡᠨ ᠎ ᠤ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠬᠥᠳᠡᠭᠡ ᠲᠤᠰᠬᠤᠨ ᠤ ︽ᠵᠣᠷᠯᠣᠩ ᠤᠨ ᠥᠭᠡᠷᠡᠴᠢᠯᠡᠯᠳᠡ︾᠎ ᠶᠢ ᠯᠠᠪᠳᠠᠭᠤᠨ ᠪᠠᠲᠤᠲᠠᠶ ᠠᠬᠢᠭᠤᠯᠵᠤ᠂ ᠰᠡᠭᠦᠯᠴᠢ ᠶᠢᠨ ᠬᠤᠭᠤᠴᠠᠭᠠᠨ ᠤ ᠠᠰᠢᠭᠯᠠᠯᠳᠠ ᠬᠠᠮᠢᠶᠠᠷᠤᠯᠳᠠ ᠶᠢ ᠲᠡᠭᠦᠯᠳᠡᠷᠵᠢᠭᠦᠯᠦᠨ᠂ ᠬᠡᠷᠡᠭᠯᠡᠵᠦ ᠪᠣᠯᠬᠤ ᠥᠬᠡᠶ᠂ ᠬᠡᠷᠡᠭᠯᠡᠬᠦ ᠳᠤ ᠠᠨᠠᠢ᠂ ᠬᠡᠷᠡᠭᠯᠡᠵᠦ ᠴᠢᠳᠠᠬᠤ ᠥᠬᠡᠶ᠂ ᠬᠡᠷᠡᠭᠯᠡᠬᠦ ᠳᠤᠷ᠎ᠠ ᠥᠬᠡᠶ ᠪᠠᠶᠢᠬᠤ ᠠᠰᠠᠭᠤᠳᠠᠯ ᠢ ᠰᠠᠶᠢᠲᠤᠷ ᠰᠢᠶᠳᠪᠦᠷᠢᠯᠡᠨ᠎ᠡ᠃ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠢᠵᠠᠭᠠᠷᠯᠠᠬᠤ ᠴᠢᠨᠠᠷᠲᠠᠶ ᠨᠠᠷᠢᠨ ᠲᠥᠯᠥᠪᠯᠡᠭᠡ ᠪᠠ ᠬᠤᠲᠠ ᠪᠠᠯᠭᠠᠰᠤᠨ ᠤ ᠵᠢᠷᠤᠭ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠠᠬᠢᠭᠤᠯᠤᠨ᠎ᠠ᠃ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠬᠤᠳᠠ ᠶᠢᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢᠨ ᠬᠠᠮᠢᠶᠠᠲᠠᠢ ᠲᠥᠰᠥᠯ ᠤᠳ ᠢ ᠨᠥᠭᠡᠴᠡᠯᠡᠨ ᠪᠠᠶᠢᠭᠤᠯᠤᠨ᠎ᠠ᠃ ᠱᠠᠩᠳᠤ ᠪᠠᠯᠭᠠᠰᠤᠨ ᠤ ᠬᠤᠶᠢᠲᠤ ᠲᠣᠭᠤᠷᠢᠯ ᠵᠠᠮ ᠤᠨ ᠪᠦᠳᠦᠭᠡᠨ ᠪᠠᠶᠢᠭᠤᠯᠤᠯᠳᠠ ᠶᠢᠨ ᠪᠡᠯᠡᠳᠬᠡᠯ ᠠᠵᠢᠯ ᠢ ᠠᠬᠢᠭᠤᠯᠵᠤ᠂ ᠱᠠᠩᠳᠤ ᠪᠠᠯᠭᠠᠰᠤᠨ ᠤ ᠬᠤᠭᠤᠯᠠᠨ ᠭᠡᠷ ᠤᠨ ᠤᠬᠢᠶᠠᠳᠠᠰᠤ ᠵᠢᠴᠢ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠥᠰᠥᠯ ᠪᠠ ᠰᠠᠩ ᠤᠨ ᠳᠠᠯᠠᠢ ᠪᠠᠯᠭᠠᠰᠤᠨ ᠤ ᠲᠡᠭᠡᠭᠡᠪᠦᠷᠢ ᠶᠢᠨ ᠲᠡᠷᠭᠡᠨ ᠵᠤᠭᠰᠣᠭᠠᠯ ᠢ ᠪᠦᠲᠦᠭᠡᠨ ᠪᠠᠶᠢᠭᠤᠯᠬᠤ ᠠᠵᠢᠯ ᠢ ᠡᠬᠢᠯᠡᠭᠦᠯᠦᠨ᠎ᠡ᠃ ᠬᠤᠳᠠ ᠪᠠᠯᠭᠠᠰᠤᠨ ᠤ ᠰᠠᠭᠤᠷᠢ ᠲᠦᠭᠦᠭᠡᠷᠦᠮᠵᠢ ᠶᠢ ᠰᠠᠶᠢᠵᠢᠷᠠᠭᠤᠯᠵᠤ᠂ 17.5 ᠺᠢᠯᠤᠮᠧᠲᠷ ᠤᠨ ᠰᠢᠲᠠᠮᠠᠬᠠᠢ ᠬᠡᠢ ᠶᠢᠨ ᠬᠤᠭᠤᠯᠠᠢ᠂ 16.9 ᠺᠢᠯᠤᠮᠧᠲᠷ ᠤᠨ ᠤᠰᠤ ᠬᠠᠩᠭᠠᠬᠤ ᠬᠤᠭᠤᠯᠠᠢ᠂ 10 ᠺᠢᠯᠤᠮᠧᠲᠷ ᠤᠨ ᠤᠰᠤ ᠭᠠᠳᠠᠭᠰᠢᠯᠠᠭᠤᠯᠬᠤ ᠬᠤᠭᠤᠯᠠᠢ᠂ 6.85 ᠺᠢᠯᠤᠮᠧᠲᠷ ᠤᠨ ᠢᠯᠴᠢ ᠬᠠᠩᠭᠠᠬᠤ ᠬᠤᠭᠤᠯᠠᠢ ᠶᠢ ᠵᠠᠰᠠᠨ ᠥᠭᠡᠷᠡᠴᠢᠯᠡᠨ᠎ᠡ᠃ ᠬᠤᠲᠠ ᠪᠠᠯᠭᠠᠰᠣᠨ ᠤ ᠨᠠᠷᠢᠯᠢᠭᠵᠢᠭᠰᠠᠨ ᠬᠠᠮᠢᠶᠠᠷᠤᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠠᠷᠢᠭᠤᠨ ᠴᠡᠪᠡᠷ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠠᠬᠢ ᠡᠳᠡᠭᠡᠳ ᠤᠨ ᠺᠣᠮᠫᠠᠨᠢ ᠳᠠᠬᠢ ᠬᠢᠨᠠᠨ ᠬᠠᠮᠢᠶᠠᠷᠤᠯᠲᠠ ᠪᠠᠨ ᠴᠢᠩᠭᠠᠳᠬᠠᠨ᠂ ᠬᠤᠲᠠ ᠲᠡᠭᠦᠷᠭᠡ ᠶᠢᠨ ᠮᠠᠰᠢᠨᠵᠢᠯᠠᠭᠰᠠᠨ ᠴᠡᠪᠡᠷᠯᠡᠬᠦ ᠨᠣᠷᠮ᠎ᠠ ᠶᠢ ᠳᠡᠭᠡᠭᠰᠢᠯᠡᠭᠦᠯᠵᠦ᠂ ᠠᠷᠢᠭᠤᠨ ᠴᠡᠪᠡᠷ ᠬᠤᠲᠠ ᠶᠢᠨ ᠳᠦᠷᠢ ᠲᠥᠷᠬᠦ ᠶᠢ ᠪᠠᠳᠤᠯᠠᠵᠤ ᠬᠠᠤᠯᠢ ᠬᠡᠷᠡᠭᠵᠢᠭᠦᠯᠬᠦ ᠬᠠᠮᠢᠶᠠᠷᠤᠯᠲᠠ  ᠶᠢᠨ ᠡᠷᠴᠢᠮ ᠢᠶᠠᠨ ᠴᠢᠩᠭᠠᠷᠠᠭᠤᠯᠤᠨ᠂ ᠴᠡᠭᠴᠡᠯᠡᠨ ᠵᠠᠰᠠᠬᠤ ᠦᠷ᠎ᠡ ᠪᠦᠲᠦᠮᠵᠢ ᠪᠠ ᠬᠠᠮᠢᠶᠠᠷᠤᠯᠲᠠ ᠶᠢᠨ ᠬᠢᠷᠢ ᠲᠥᠪᠰᠢᠨ ᠢᠶᠠᠨ ᠦᠨᠡᠨᠬᠦ ᠳᠡᠭᠡᠭᠰᠢᠯᠡᠭᠦᠯᠦᠨ᠎ᠡ᠃ᠴᠢᠬᠤᠯᠠ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠰᠢᠨ᠎ᠡ ᠪᠠᠷ ᠪᠠᠶᠢᠭᠤᠯᠬᠤ ᠠᠷᠠᠳ ᠎ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠥᠰᠥᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ᠠᠨ ᠭᠦᠩ ᠦᠨᠳᠦᠷ ᠬᠤᠷᠳᠤᠴᠠᠲᠤ ᠵᠠᠰᠠᠮᠠᠯ ᠵᠠᠮ ᠢ ᠳᠡᠪᠢᠰᠬᠦ ᠠᠵᠢᠯ ᠤᠨ ᠣᠷᠣᠭᠰᠢᠳᠠᠢ ᠶᠠᠪᠤᠭᠳᠠᠬᠤ ᠶᠢ ᠪᠠᠳᠣᠯᠠᠨ᠎ᠠ᠃ ᠲᠠᠶᠢᠽᠢ ᠴᠧᠩ ᠠᠴᠠ ᠰᠢᠯᠢᠩᠬᠤᠲᠠ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢᠨ ᠢᠵᠢ ᠲᠦᠭᠦᠷᠴᠢᠯᠡᠭᠰᠡᠨ ᠴᠠᠬᠢᠯᠭᠠᠨ ᠲᠣᠣᠷ ᠤᠨ ᠪᠦᠳᠦᠭᠡᠨ ᠪᠠᠶᠢᠭᠤᠯᠤᠯᠳᠠ ᠶᠢ ᠴᠠᠭ ᠲᠤᠬᠠᠢ ᠳᠤᠨᠢ ᠳᠠᠭᠤᠰᠬᠠᠬᠤ ᠶᠢ ᠪᠠᠲᠤᠯᠠᠵᠤ᠂ ᠲᠠᠶᠢᠽᠢ ᠴᠧᠩ ᠠᠴᠠ ᠰᠢᠯᠢᠩᠬᠤᠲᠠ ᠬᠦᠷᠬᠦ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠎ ᠶᠢᠨ ᠲᠥᠰᠥᠯ ᠢ ᠤᠷᠤᠭᠰᠢᠲᠠᠢ ᠠᠬᠢᠭᠤᠯᠵᠤ᠂ ᠰᠢᠯᠤᠭᠤᠨ ᠬᠥᠬᠡ ᠬᠤᠰᠢᠭᠤ ᠥᠷᠲᠡᠭᠡ᠂ ᠰᠠᠩ ᠤᠨ ᠳᠠᠯᠠᠢ ᠥᠷᠲᠡᠭᠡ᠂ ᠰᠠᠩ ᠤᠨ ᠳᠠᠯᠠᠢ ᠬᠤᠶᠢᠲᠤ ᠥᠷᠳᠡᠭᠡᠨ ᠤ ᠠᠭᠤᠳᠠᠮ ᠲᠠᠯᠠᠪᠠᠢ ᠶᠢᠨ ᠪᠠᠷᠢᠯᠭ᠎ᠠ ᠶᠢᠨ ᠡᠬᠢᠨ ᠤ ᠬᠤᠭᠤᠴᠠᠭᠠᠨ ᠤ ᠠᠵᠢᠯ ᠢ ᠪᠡᠶᠡᠯᠡᠭᠦᠯᠵᠦ᠂ ᠵᠢᠯ ᠤᠨ ᠳᠣᠲᠣᠷ᠎ᠠ ᠪᠦᠬᠦᠨ ᠢ ᠠᠵᠢᠯ ᠡᠬᠢᠯᠡᠭᠦᠯᠬᠦ ᠪᠠᠷ ᠴᠢᠷᠮᠠᠶᠢᠨ᠎ᠠ᠃ ᠵᠠᠩᠪᠸᠢ ᠠᠴᠠ ᠢᠯᠠᠯᠲᠠ ᠬᠦᠷᠬᠦ 1000 ᠺᠢᠯᠣᠸᠠᠲ ᠤᠨ ᠣᠨᠴᠠ ᠥᠨᠳᠥᠷ ᠬᠦᠴᠦᠳᠡᠯᠲᠦ ᠢᠨᠵᠧᠨᠧᠷᠢᠩ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠴᠢᠬᠤᠯᠠ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠰᠥᠯ ᠤᠨ ᠤᠷᠤᠭᠰᠢᠲᠠᠢ ᠬᠡᠷᠡᠭᠵᠢᠭᠦᠯᠦᠭᠳᠡᠬᠦ ᠎ ᠶᠢ ᠦᠨᠡᠨᠬᠦ ᠪᠠᠲᠤᠯᠠᠨ᠎ᠠ᠃︵ᠲᠠᠪᠤ︶ ᠴᠢᠨᠠᠷᠯᠢᠭ ᠮᠥᠷᠲᠡᠭᠡᠨ ᠲᠡᠩᠴᠡᠭᠦᠷᠢᠲᠡᠶ ᠪᠠᠶᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷᠯᠢᠭ ᠬᠥᠭᠵᠢᠯᠲᠡ ᠎ ᠶᠢᠨ ᠦᠷ᠎ᠡ ᠪᠦᠳᠦᠮᠵᠢ ᠶᠢ ᠬᠠᠮᠲᠤ ᠪᠠᠷ ᠡᠳ᠋ᠯᠡᠨ᠎ᠡ ᠰᠤᠷᠭᠠᠨ ᠬᠥᠮᠦᠵᠢᠯ ᠤᠨ ᠦᠢᠯᠡᠰ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠨ᠎ᠠ᠃ ᠰᠤᠷᠭᠠᠭᠤᠯᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠢ ᠢᠯᠡ ᠪᠠᠷ ᠥᠷᠢᠰᠥᠯᠳᠦᠭᠦᠯᠦᠨ ᠤᠷᠢᠬᠤ ᠲᠣᠭᠲᠠᠴᠠ ᠶᠢ ᠬᠡᠷᠡᠭᠵᠢᠭᠦᠯᠵᠦ᠂ ᠭᠠᠳᠠᠨ᠎ᠠ ᠠᠴᠠ ᠰᠢᠯᠢᠳᠡᠭ ᠵᠠᠬᠢᠷᠤᠯ ᠤᠷᠢᠨ ᠬᠡᠷᠡᠭᠯᠡᠬᠦ ᠲᠤᠷᠰᠢᠯᠲᠠ ᠶᠢᠨ ᠴᠡᠭ ᠤᠨ ᠰᠤᠷᠭᠠᠭᠤᠯᠢ ᠶᠢ ᠳᠣᠭᠲᠠᠭᠠᠵᠤ᠂ ᠰᠢᠯᠢᠳᠡᠭ ᠤᠨ ᠳᠣᠲᠣᠷ᠎ᠠ ᠠᠴᠠ ᠰᠢᠯᠢᠳᠡᠭ ᠢ ᠨᠢ ᠰᠣᠩᠭᠤᠬᠤ᠂ ᠴᠢᠳᠠᠪᠤᠷᠢᠲᠠᠨ ᠢ ᠤᠷᠢᠨ ᠬᠡᠷᠡᠭᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠤᠳᠤᠷᠢᠳᠬᠤ ᠪᠠᠭ ᠢ ᠰᠢᠯᠢᠳᠡᠭᠵᠢᠭᠦᠯᠦᠨ ᠴᠢᠩᠭᠠᠳᠬᠠᠨ᠎ᠠ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠵᠦ᠂ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠤᠨ᠂ ᠪᠠᠭᠰᠢ ᠶᠢᠨ ᠵᠢᠭᠠᠨ ᠰᠤᠷᠭᠠᠯᠲᠠ ᠪᠠ ᠰᠤᠳᠤᠯᠭᠠᠨ ᠤ ᠴᠢᠳᠠᠪᠤᠷᠢ ᠶᠢ ᠴᠢᠩᠭᠠᠳᠬᠠᠵᠤ᠂ ᠵᠢᠭᠠᠨ ᠰᠤᠷᠭᠠᠯᠲᠠ ᠶᠢᠨ ᠰᠤᠳᠤᠯᠭᠠᠨ ᠤ ᠡᠩᠨᠡᠭᠡᠨ ᠤ ᠪᠠᠶᠢᠭᠤᠯᠤᠯᠲᠠ ᠶᠢ ᠤᠯᠠᠮ ᠰᠢᠯᠢᠳᠡᠭᠵᠢᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠪᠠᠭᠰᠢ ᠶᠢᠨ ᠬᠡᠪ ᠪᠤᠯᠪᠠᠰᠤᠷᠠᠯ ᠤᠨ ᠪᠠᠶᠢᠭᠤᠯᠤᠯᠲᠠ ᠪᠠ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠦᠷᠭᠦᠯᠵᠢᠯᠡᠨ ᠴᠢᠩᠭᠠᠷᠠᠭᠤᠯᠵᠤ᠂ ᠪᠠᠭᠰᠢ ᠶᠢᠨ ᠠᠵᠢᠯ ᠤᠨ ᠪᠦᠲᠦᠮᠵᠢ ᠶᠢ ᠬᠢᠨᠠᠨ ᠳᠣᠭᠳᠠᠭᠠᠬᠤ ᠲᠦᠷᠢᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ︽ᠪᠠᠭᠰᠢ ᠨᠠᠷ ᠤᠨ ᠬᠠᠮᠳᠤᠷᠠᠯᠴᠠᠭ᠎ᠠ︾ ᠵᠡᠷᠭᠡ ᠬᠡᠯᠪᠡᠷᠢ ᠪᠠᠷ ᠰᠢᠯᠢᠳᠡᠭ ᠪᠠᠭᠰᠢ ᠶᠢᠨ ᠵᠢᠱᠢᠶ᠎ᠡ ᠦᠵᠡᠭᠦᠯᠦᠨ ᠳᠠᠶᠢᠴᠢᠯᠠᠬᠤ ᠦᠶᠯᠡᠳᠦᠯ ᠢ ᠦᠨᠡᠨᠬᠦ ᠪᠠᠳᠠᠷᠠᠭᠤᠯᠤᠨ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ᠲᠡᠷᠢᠭᠦᠨ ᠤ ᠬᠤᠰᠢᠭᠤ ᠰᠢᠶᠠᠨ ᠯᠤᠭ᠎ᠠ ᠰᠣᠯᠢᠯᠴᠠᠨ ᠰᠤᠷᠤᠯᠴᠠᠬᠤ ᠡᠷᠴᠢᠮ ᠢᠶᠠᠨ ᠴᠢᠩᠭᠠᠷᠠᠭᠤᠯᠵᠤ᠂ ᠣᠷᠣᠨ ᠪᠦᠰᠡ ᠪᠠᠷ ᠵᠠᠯᠭᠠᠯᠳᠤᠭᠰᠠᠨ ᠵᠢᠭᠠᠬᠤ ᠶᠢ ᠰᠤᠳᠤᠯᠬᠤ ᠠᠵᠢᠯᠯᠠᠭ᠎ᠠ ᠶᠢ ᠰᠠᠶᠢᠲᠤᠷ ᠥᠷᠨᠢᠭᠦᠯᠦᠨ᠂ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠳᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ᠂ ᠤᠯᠤᠰ ᠠᠴᠠ ᠬᠥᠮᠦᠵᠢᠭᠦᠯᠬᠦ ᠲᠥᠯᠥᠪᠯᠡᠭᠡ ᠶᠢᠨ ᠡᠳ᠋ ᠮᠥᠩᠭᠦ ᠪᠠᠷ ᠲᠥᠰᠥᠯ ᠢ ᠰᠠᠶᠢᠲᠤᠷ ᠬᠡᠷᠡᠭᠯᠡᠵᠦ᠂ ᠪᠠᠭᠰᠢ ᠨᠠᠷ ᠲᠤ ᠪᠤᠯᠪᠠᠰᠤᠷᠠᠯ ᠬᠦᠷᠳᠡᠭᠡᠬᠦ ᠨᠣᠷᠮ᠎ᠠ ᠶᠢ 100 %᠎ ᠳᠤ ᠬᠦᠷᠭᠡᠨ᠎ᠡ᠃ ᠨᠠᠷᠠᠲᠤ ᠪᠠᠭᠰᠢ ᠶᠢᠨ ᠠᠵᠢᠯ ᠤᠨ ᠲᠠᠰᠤᠭ 10᠎ ᠶᠢ ᠪᠠᠶᠢᠭᠤᠯᠵᠤ᠂  ᠳᠤᠮᠳᠠᠳᠤ ᠪᠠᠭ᠎ᠠ ᠰᠤᠷᠭᠠᠭᠤᠯᠢ ᠶᠢᠨ16 ᠪᠠᠭᠰᠢ᠂  ᠬᠡᠦᠬᠡᠳ ᠤᠨ ᠴᠡᠴᠡᠷᠯᠢᠭ ᠤᠨ62 ᠪᠠᠭᠰᠢ ᠡᠯᠰᠡᠨ᠎ᠡ᠃ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠡᠷᠡᠭᠯᠡᠯᠲᠡ ᠶᠢ ᠴᠢᠩᠭᠠᠳᠬᠠᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠎ ᠤᠨ ᠠᠶᠢᠮᠠᠭ ᠤᠨ ᠲᠠᠰ ᠤᠨ ᠵᠢᠱᠢᠶ᠎ᠡ ᠦᠵᠡᠭᠦᠯᠬᠦ ᠰᠤᠷᠭᠠᠭᠤᠯᠢ 3᠎ ᠶᠢ ᠡᠭᠦᠳᠦᠨ ᠪᠠᠶᠢᠭᠤᠯᠤᠨ᠎ᠠ᠃ ᠰᠤᠷᠭᠠᠭᠤᠯᠢ ᠡᠷᠬᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠭᠤᠷᠪᠠᠳᠤᠭᠠᠷ ᠬᠡᠦᠬᠡᠳ ᠤᠨ ᠴᠡᠴᠡᠷᠯᠢᠭ ᠢ ᠥᠷᠭᠡᠳᠬᠡᠨ ᠪᠠᠶᠢᠭᠤᠯᠬᠤ᠂ ᠰᠠᠩ ᠤᠨ ᠳᠠᠯᠠᠢ ᠬᠡᠦᠬᠡᠳ ᠤᠨ ᠴᠡᠴᠡᠷᠯᠢᠭ ᠤᠨ ᠰᠢᠨ᠎ᠡ ᠪᠠᠷ ᠪᠠᠶᠢᠭᠤᠯᠬᠤ ᠲᠥᠰᠥᠯ ᠤᠨ ᠪᠠᠷᠢᠯᠭ᠎ᠠ ᠳᠠᠭᠤᠰᠴᠤ ᠠᠰᠢᠭᠯᠠᠯᠲᠠ ᠎ ᠳᠤ ᠣᠷᠣᠬᠤ ᠶᠢ ᠪᠠᠲᠤᠯᠠᠵᠤ᠂ ᠭᠤᠷᠪᠠᠳᠤᠭᠠᠷ ᠪᠠᠭ᠎ᠠ ᠰᠤᠷᠭᠠᠭᠤᠯᠢ ᠶᠢᠨ ᠨᠡᠭᠦᠯᠭᠡᠨ ᠪᠠᠶᠢᠭᠤᠯᠬᠤ ᠲᠥᠷᠥᠯ ᠵᠦᠢᠯ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠡᠷᠦᠩᠬᠡᠶᠢᠯᠡᠭᠰᠡᠨ ᠠᠰᠠᠷ ᠵᠢᠴᠢ ᠬᠤᠭᠤᠯᠠᠨ ᠭᠡᠷ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠥᠷᠭᠡᠳᠬᠡᠨ ᠪᠠᠶᠢᠭᠤᠯᠬᠤ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ 15 ᠳᠤᠮᠳᠠᠳᠤ ᠪᠠᠭ᠎ᠠ ᠰᠤᠷᠭᠠᠭᠤᠯᠢ ᠂ ᠬᠡᠦᠬᠡᠳ ᠤᠨ ᠴᠡᠴᠡᠷᠯᠢᠭ ᠤᠨ ᠭᠠᠯ ᠰᠡᠷᠭᠡᠶᠢᠯᠡᠬᠦ ᠲᠦᠬᠦᠭᠡᠷᠦᠮᠵᠢ ᠶᠢᠨ ᠴᠡᠭᠴᠡᠯᠡᠯᠲᠡ ᠪᠠ ᠬᠢᠨᠠᠨ ᠰᠢᠯᠭᠠᠯᠲᠠ ᠎ ᠶᠢ ᠪᠡᠶᠡᠯᠡᠭᠦᠯᠵᠦ᠂ ᠰᠤᠷᠭᠠᠭᠤᠯᠢ ᠶᠢᠨ ᠠᠮᠤᠷ ᠲᠦᠪᠰᠢᠨ ᠤ ᠳᠠᠯᠳᠠ ᠭᠡᠮ ᠢ ᠦᠨᠡᠨᠬᠦ ᠠᠷᠢᠯᠭᠠᠨ᠎ᠠ᠃ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠰᠢᠨ᠎ᠡ ᠲᠢᠲᠢᠮᠯᠢᠭ ᠠᠭᠤᠰᠬᠢᠨ ᠥᠷᠪᠢᠰᠦᠯ ᠢ ᠰᠡᠷᠭᠡᠶᠢᠯᠡᠬᠦ ︽  ᠠᠷᠪᠠᠨ ᠰᠢᠨ᠎ᠡ ᠲᠤᠭᠳᠠᠭᠠᠯ︾ ᠪᠠ  ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ ︾᠎ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠰᠠᠶᠢᠲᠤᠷ ᠪᠠᠲᠤᠯᠠᠵᠤ᠂ ᠸᠠᠺᠼᠢᠨ ᠤ ᠲᠠᠷᠢᠯᠭ᠎ᠠ ᠬᠢᠬᠦ ᠪᠠ ᠡᠮᠴᠢᠯᠡᠭᠡ ᠪᠠᠷ ᠠᠪᠤᠷᠠᠨ ᠵᠠᠰᠠᠬᠤ ᠠᠵᠢᠯ ᠢ ᠰᠠᠶᠢᠲᠤᠷ ᠬᠢᠵᠦ᠂ ᠨᠠᠰᠤᠲᠠᠶᠢᠴᠤᠳ ᠪᠣᠯᠤᠨ‌ᠠᠷᠬᠠᠭ ᠡᠪᠡᠳᠴᠢᠨ ᠲᠠᠢ ᠬᠦᠮᠦᠰ ᠤᠨ ᠰᠡᠷᠭᠡᠶᠢᠯᠡᠯᠳᠡ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠡᠷᠡᠭᠦᠯ ᠮᠡᠨᠳᠦ ᠶᠢ ᠪᠠᠲᠤᠯᠠᠵᠤ᠂ ᠬᠦᠨᠳᠦ ᠡᠪᠡᠳᠴᠢᠨ ᠢ ᠰᠡᠷᠭᠡᠶᠢᠯᠡᠨ᠎ᠡ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠠᠰᠠᠷ᠂ ᠬᠤᠰᠢᠭᠤ ᠡᠮᠨᠡᠯᠭᠡ ᠶᠢᠨ ᠬᠤᠷᠢᠶᠠᠨ ᠤ ᠲᠦᠷᠭᠡᠨ ᠡᠮᠴᠢᠯᠡᠭᠡᠨ ᠤ ᠶᠡᠷᠦᠩᠬᠡᠶᠢᠯᠡᠭᠰᠡᠨ ᠠᠰᠠᠷ ᠢ ᠠᠰᠢᠭᠯᠠᠯᠲᠠ ᠳᠤ ᠣᠷᠣᠭᠤᠯᠤᠨ᠂ ᠣᠶᠤᠨᠴᠢᠯᠠᠭᠰᠠᠨ ᠡᠮᠨᠡᠯᠭᠡ ᠶᠢᠨ ᠬᠤᠷᠢᠶᠠᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠥᠭᠡᠷᠭᠦ ᠳᠠᠷᠤᠯᠲᠠᠲᠤ ᠲᠦᠷᠭᠡᠨ ᠠᠪᠤᠷᠠᠯᠳᠠ ᠶᠢᠨ ᠲᠡᠷᠭᠡ ᠪᠠ ᠪᠠᠴᠢᠮ ᠪᠠᠶᠢᠳᠠᠯ ᠢ ᠠᠷᠭᠠᠴᠠᠬᠤ ᠡᠮᠴᠢᠯᠡᠭᠡᠨ ᠤ ᠲᠥᠬᠦᠭᠡᠷᠦᠮᠵᠢ ᠬᠤᠳᠠᠯᠳᠤᠨ ᠠᠪᠴᠤ᠂ ᠡᠳᠦᠷ ᠲᠤᠲᠤᠮ ᠤᠨ ᠲᠦᠷᠭᠡᠨ ᠠᠪᠤᠷᠠᠯᠳᠠ᠂ ᠭᠡᠨᠡᠳᠲᠡ ᠶᠢᠨ ᠬᠡᠷᠡᠭ ᠎ ᠤᠨ ᠪᠠᠴᠢᠮ ᠡᠮᠴᠢᠯᠡᠭᠡᠨ ᠤ ᠠᠪᠤᠷᠠᠨ ᠲᠤᠰᠠᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠠᠪᠴᠠᠩ ᠢ ᠪᠠᠶᠢᠭᠤᠯᠵᠤ᠂ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠶᠢᠨ ᠨᠢᠭᠲᠠ ᠤᠶᠠᠯᠳᠤᠭᠰᠠᠨ ᠥᠭᠡᠷᠡᠴᠢᠯᠡᠯᠲᠡ ᠶᠢ ᠳᠠᠶᠢᠴᠢᠯᠠᠨ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤ ᠳᠠᠰᠢ ᠬᠡᠯᠪᠡᠶᠢᠯᠭᠡᠵᠦ᠂ ᠡᠮᠴᠢᠯᠡᠭᠡ᠂ ᠰᠠᠴᠤᠷᠠᠭ ᠭᠡᠷᠡᠯ ᠤᠨ ᠪᠠᠶᠢᠴᠠᠭᠠᠯᠲᠠ ᠵᠡᠷᠭᠡ ᠲᠠᠯ᠎ᠠ ᠶᠢᠨ ᠲᠤᠰᠬᠠᠶ ᠮᠡᠷᠭᠡᠵᠢᠯ ᠤᠨ ᠠᠵᠢᠯᠲᠠᠨ 9᠎ ᠶᠢ ᠡᠯᠰᠡᠨ᠂ ᠬᠤᠰᠢᠭᠤ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ ᠨᠢ ᠡᠳᠦᠷ ᠪᠦᠷᠢ ᠡᠯ᠎ᠡ ᠰᠤᠮᠤ ᠪᠠᠯᠭᠠᠰᠤ  ︵ᠲᠠᠯᠠᠪᠠᠶ︶᠎ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠳᠤ ᠡᠮᠴᠢ ᠲᠣᠮᠢᠯᠠᠨ ᠣᠨᠣᠰᠢᠯᠠᠭᠤᠯᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠦᠨ᠂ ᠣᠯᠠᠨ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠪᠠᠲᠤᠯᠠᠨ᠎ᠠ᠃ ᠬᠢᠲᠠᠳ ᠮᠣᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠮᠣᠩᠭᠤᠯ ᠡᠮᠨᠡᠯᠭᠡ ᠶᠢᠨ ᠬᠤᠷᠢᠶ᠎ᠠ ᠶᠢᠨ ︽ᠡᠪᠡᠳᠴᠢᠨ ᠢ ᠰᠡᠷᠭᠡᠶᠢᠯᠡᠬᠦ ᠰᠠᠯᠠᠭ᠎ᠠ︾ ︽ᠡᠷᠡᠭᠦᠯᠵᠢᠭᠦᠯᠬᠦ ᠰᠠᠯᠠᠭ᠎ᠠ︾ ᠪᠠ ᠬᠤᠰᠢᠭᠤ ᠡᠮᠨᠡᠯᠭᠡ ᠶᠢᠨ ᠬᠤᠷᠢᠶ᠎ᠠ ᠶᠢᠨ ︽ᠬᠢᠲᠠᠳ ᠧᠦ᠋ᠷᠣᠫᠠ ᠡᠮᠨᠡᠯᠭᠡ ᠶᠢᠨ ᠰᠠᠯᠠᠭ᠎ᠠ︾ ᠵᠡᠷᠭᠡ ᠣᠨᠴᠠᠯᠢᠭᠲᠤ ᠳᠠᠪᠠᠭᠤᠯᠢᠭ ᠲᠤᠰᠬᠠᠶ ᠰᠠᠯᠠᠭᠠᠨ ᠤ ᠪᠠᠶᠢᠭᠤᠯᠤᠯᠲᠠ ᠶᠢ ᠠᠬᠢᠭᠤᠯᠵᠤ᠂ ᠬᠠᠪᠢᠷᠭ᠎ᠠ ᠡᠷᠡᠭᠦᠯ ᠬᠠᠮᠠᠭᠠᠯᠠᠯ ᠤᠨ ᠬᠤᠷᠢᠶ᠎ᠠ᠂ ᠪᠣᠷᠣᠬᠤᠲᠠ ᠡᠷᠡᠭᠦᠯ ᠬᠠᠮᠠᠭᠠᠯᠠᠯ ᠤᠨ ᠬᠤᠷᠢᠶ᠎ᠠ᠂ ᠲᠠᠪᠦ‍ ᠨᠢᠭᠡ ᠮᠠᠯᠵᠢᠯ ᠤᠨ ᠲᠠᠯᠠᠪᠠᠢ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠬᠢᠲᠠᠳ ᠡᠮᠨᠡᠯᠭᠡ ᠶᠢᠨ ᠲᠠᠰᠤᠭ ᠤᠨ ᠪᠠᠷᠢᠮᠵᠢᠶ᠎ᠠ ᠪᠠᠨ ᠳᠡᠭᠡᠭᠰᠢᠯᠡᠭᠦᠯᠦᠨ ᠴᠢᠳᠠᠮᠵᠢ ᠪᠠᠨ ᠥᠷᠭᠡᠳᠬᠡᠬᠦ ᠶᠢ ᠠᠬᠢᠭᠤᠯᠤᠨ᠎ᠠ᠃ ᠡᠷᠡᠭᠦᠯ ᠡᠩᠬᠡ ᠰᠢᠯᠤᠭᠤᠨ ᠬᠥᠬᠡ  ᠬᠤᠰᠢᠭᠤ ᠶᠢ ᠪᠠᠶᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠭᠡᠨ ᠢᠶᠠᠷ ᠥᠷᠨᠢᠭᠦᠯᠵᠦ᠂ ᠠᠷᠢᠭᠤᠨ ᠴᠡᠪᠡᠷ ᠬᠤᠲᠠ ᠪᠠᠯᠭᠠᠰᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠠᠩᠭᠠᠯᠭ᠎ᠠ ᠶᠢ ᠪᠠᠲᠤᠯᠠᠨ᠎ᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ ᠱᠠᠩᠳᠤ ᠪᠡᠶ᠎ᠡ ᠲᠠᠮᠢᠷ ᠤᠨ ᠴᠡᠴᠡᠷᠯᠢᠭ᠂ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ᠂ ᠲᠠᠪᠦ‍ ᠨᠢᠭᠡ ᠮᠠᠯᠵᠢᠯ ᠤᠨ ᠲᠠᠯᠠᠪᠠᠢ ᠶᠢᠨ ᠮᠢᠩᠳᠧᠯᠠ ᠰᠦᠮ᠎ᠡ ᠶᠢᠨ ᠲᠡᠦᠬᠡ ᠰᠣᠶᠣᠯ ᠤᠨ ᠲᠥᠷᠥᠯ ᠵᠦᠢᠯ ᠢ ᠠᠬᠢᠭᠤᠯᠵᠤ᠂ ᠮᠢᠩᠳᠧᠯᠠ ᠰᠦᠮ᠎ᠡ ᠶᠢ ᠰᠡᠯᠪᠢᠨ ᠵᠠᠰᠠᠬᠤ ᠪᠠ ᠰᠧ ᠯᠠᠩ ᠴᠧᠩ ᠬᠤᠲᠠ ᠶᠢᠨ ᠡᠷᠲᠡᠨ ᠤ ᠬᠤᠲᠠ ᠶᠢᠨ ᠬᠠᠮᠠᠭᠠᠯᠠᠯᠳᠠ ᠶᠢᠨ ᠢᠨᠵᠧᠨᠧᠷᠢᠩ ᠢ ᠬᠡᠷᠡᠭᠵᠢᠭᠦᠯᠵᠦ᠂ ᠴᠠᠬᠠᠷ ᠠᠶᠢᠮᠠᠭ ᠤᠨ ᠨᠢᠭᠡᠳᠦᠭᠡᠷ ᠨᠠᠮ ᠤᠨ ᠡᠭᠦᠷ ᠤᠨ ᠳᠤᠷᠠᠰᠬᠠᠯ ᠤᠨ ᠣᠷᠳᠣᠨ᠂ ᠮᠢᠩᠳᠧᠯᠠ ᠰᠦᠮ᠎ᠡ ᠶᠢᠨ ᠪᠠᠭᠤᠷᠢ ᠶᠢ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠡ ᠪᠠᠷ ᠮᠡᠳᠡᠭᠦᠯᠬᠦ ᠶᠢ ᠠᠬᠢᠭᠤᠯᠤᠨ᠎ᠠ᠃ ᠤᠯᠠᠭᠠᠨᠮᠥ᠋ᠴᠢᠷ ᠤᠨ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠎ ᠤᠨ ᠬᠥᠩᠭᠡᠨ ᠮᠣᠷᠢᠲᠤ ᠴᠡᠷᠢᠭ ᠤᠨ ᠦᠶᠯᠡᠳᠦᠯ ᠢ ᠰᠠᠶᠢᠲᠤᠷ ᠪᠠᠳᠠᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠬᠤ ᠶᠢᠨ ᠬᠠᠮᠲᠤ᠂ ᠮᠠᠯᠵᠢᠬᠤ ᠲᠠᠷᠢᠶᠠᠯᠠᠬᠤ ᠣᠷᠣᠨ᠂ ᠦᠨᠳᠦᠰᠦᠨ ᠱᠠᠲᠤᠨ ᠳᠤ ᠭᠦᠨᠵᠡᠭᠡᠶᠢᠷᠡᠨ 100 ᠲᠠᠯᠠᠪᠠᠶ ᠠᠴᠠ ᠳᠡᠭᠡᠭᠰᠢ ᠤᠳᠠᠭ᠎ᠠ ᠲᠣᠭᠯᠠᠯᠲᠠ ᠭᠠᠷᠭᠠᠵᠤ᠂ ᠳᠠᠭᠤᠯᠠᠯᠲᠤ ᠵᠦᠴᠦᠭᠡ   ︽ᠬᠤᠯᠠᠨ ᠰᠢᠷᠭ᠎ᠠ︾ ᠵᠡᠷᠭᠡ ᠰᠣᠶᠣᠯ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠨ᠎ᠡ᠃ ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠰᠢᠷ᠎ᠠ ᠲᠠᠯ᠎ᠠ ᠶᠢᠨ ᠡᠷᠲᠡᠨ ᠤ ᠲᠡᠦᠬᠡ ᠶᠢ ᠬᠠᠶᠢᠨ ᠰᠢᠨᠵᠢᠬᠦ ᠶᠠᠪᠠᠭᠠᠨ ᠠᠯᠬᠤᠬᠤ ᠤᠷᠤᠯᠳᠤᠭᠠᠨ᠂ ᠠᠭᠤᠳᠠᠮ ᠲᠠᠯᠠᠪᠠᠶ ᠶᠢᠨ ᠪᠥᠵᠢᠭ ᠤᠨ ᠤᠷᠤᠯᠳᠤᠭᠠᠨ ᠵᠡᠷᠭᠡ ᠣᠯᠠᠨ ᠲᠦᠮᠡᠨᠴᠢ ᠴᠢᠨᠠᠷᠲᠠᠶ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠤᠲᠠ ᠬᠥᠳᠡᠭᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠲᠦᠷᠭᠡᠳᠬᠡᠨ᠂ ᠨᠣᠮ ᠤᠨ ᠰᠠᠩ ᠤᠨ ᠬᠤᠪᠢᠶᠠᠷᠢ ᠦᠷᠦᠭᠡ ᠪᠠᠶᠢᠭᠤᠯᠬᠤ ᠳᠦᠷᠢᠮ ᠢ ᠬᠡᠷᠡᠭᠵᠢᠭᠦᠯᠵᠦ᠂  ᠳᠥᠷᠪᠡᠨ ᠰᠤᠮᠤ ᠪᠠᠯᠭᠠᠰᠤ᠂ ᠨᠡᠶᠢᠭᠡᠮ ᠲᠣᠭᠤᠷᠢᠭ ᠲᠤ ᠬᠤᠪᠢᠶᠠᠷᠢ ᠦᠷᠦᠭᠡ ᠰᠢᠨ᠎ᠡ ᠪᠠᠷ ᠪᠠᠶᠢᠭᠤᠯᠵᠤ᠂ ᠶᠡᠷᠦᠩᠬᠡᠢ ᠨᠣᠮ ᠤᠨ ᠰᠠᠩ ᠪᠠ ᠬᠤᠪᠢᠶᠠᠷᠢ ᠨᠣᠮ ᠤᠨ ᠦᠷᠦᠭᠡ ᠶᠢᠨ ᠨᠣᠮ ᠵᠢᠭᠡᠯᠡᠵᠦ ᠪᠤᠴᠠᠭᠠᠬᠤ ᠶᠢ ᠨᠢᠭᠡᠳᠦᠯᠵᠢᠭᠦᠯᠵᠦ᠂ ᠤᠷᠢᠳᠴᠢᠯᠠᠨ ᠪᠣᠯᠵᠣᠵᠤ ᠨᠣᠮ ᠤᠩᠰᠢᠬᠤ ᠶᠢ ᠪᠡᠶᠡᠯᠡᠭᠦᠯᠦᠨ᠎ᠡ᠃ ᠬᠠᠮ ᠵᠠᠭᠤᠴᠢᠯᠠᠭᠤᠷ ᠤᠨ ᠰᠣᠨᠢᠨ ᠮᠡᠳᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠰᠡᠯᠭᠦᠭᠡ ᠳᠠᠪᠲᠠᠮᠵᠢᠲᠤ ᠷᠠᠳᠢᠣ᠋ ᠨᠡᠪᠲᠡᠷᠡᠭᠦᠯᠭᠡ ᠶᠢᠨ ᠰᠠᠴᠤᠷᠠᠭᠤᠯᠭ᠎ᠠ ᠶᠢ ᠰᠢᠨᠡᠳᠬᠡᠨ ᠰᠣᠯᠢᠬᠤ᠂ ᠭᠠᠵᠠᠷ ᠳᠡᠭᠡᠷᠡᠬᠢ ᠲᠣᠭᠠᠴᠢᠯᠠᠭᠰᠠᠨ ᠲᠧᠯᠸᠢᠰ ᠵᠢᠴᠢ ᠰᠡᠯᠭᠦᠭᠡ ᠳᠠᠪᠲᠠᠮᠵᠢᠲᠤ ᠷᠠᠳᠢᠣ᠋ ᠨᠡᠪᠲᠡᠷᠡᠭᠦᠯᠭᠡ ᠶᠢᠨ ᠰᠤᠪᠤᠷᠭ᠎ᠠ ᠶᠢᠨ ᠬᠠᠮᠠᠭᠠᠯᠠᠯᠲᠠ ᠶᠢ ᠠᠬᠢᠭᠤᠯᠵᠤ᠂ ᠷᠠᠳᠢᠣ᠋ ᠲᠧᠯᠸᠢᠰ ᠨᠡᠪᠲᠡᠷᠡᠭᠦᠯᠭᠡ ᠶᠢᠨ ᠠᠮᠤᠷ ᠲᠦᠪᠰᠢᠨ ᠵᠢᠴᠢ ᠬᠢᠨᠠᠨ ᠬᠠᠮᠢᠶᠠᠷᠬᠤ ᠪᠦᠬᠦᠯᠢ ᠴᠣᠭᠴᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠰᠢᠰᠲ᠋ᠧᠮ ᠢ ᠭᠦᠨᠵᠡᠭᠡᠶᠢᠷᠡᠭᠦᠯᠦᠨ᠎ᠡ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠲᠥᠪ ᠭᠤᠤᠯᠴᠢ ᠪᠥᠭᠡᠳ ᠵᠣᠬᠢᠰᠲᠠᠢ ᠡᠮᠴᠢᠯᠡᠭᠡᠨ ᠤ ᠳᠠᠭᠠᠳᠬᠠᠯ ᠎ ᠤᠨ ᠣᠯᠭᠤᠮᠵᠢ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠵᠢᠷᠤᠮᠵᠢᠭᠤᠯᠤᠨ ᠬᠡᠷᠡᠭᠵᠢᠭᠦᠯᠦᠨ᠎ᠡ᠃ ᠬᠦᠴᠢᠷᠳᠡᠯᠲᠡᠶ ᠣᠯᠠᠨ ᠲᠦᠮᠡᠨ ᠤ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ 3800 ᠭᠠᠷᠤᠶ ᠡᠷᠦᠬᠡ ᠶᠢᠨ 6000 ᠭᠠᠷᠤᠶ ᠬᠥᠮᠦᠨ ᠎ ᠳᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠤᠯᠭᠤᠵᠦ᠂ 260 ᠬᠥᠮᠦᠨ ᠳᠤ ᠣᠨᠴᠠ ᠬᠦᠴᠢᠷᠳᠡᠯᠲᠡᠶ ᠶᠢ ᠲᠤᠰᠠᠯᠠᠵᠤ ᠳᠡᠳᠭᠦᠨ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ᠎ᠠ᠃ ︽ᠦᠢᠯᠡᠰ ᠪᠣᠰᠬᠠᠵᠤ ᠰᠢᠨ᠎ᠡ ᠶᠢ ᠡᠭᠦᠳᠬᠦ︾ ᠠᠵᠢᠯᠯᠠᠭ᠎ᠠ ᠶᠢ ᠯᠠᠪᠳᠠᠭᠤᠨ ᠥᠷᠨᠢᠭᠦᠯᠵᠦ᠂ ᠱᠠᠩᠳᠤ ᠪᠠᠯᠭᠠᠰᠤᠨ ᠤ ᠶᠡᠷᠦᠩᠬᠡᠶᠢᠯᠡᠭᠰᠡᠨ ᠵᠠᠬ᠎ᠠ ᠳᠡᠯᠭᠡᠭᠦᠷ ᠢ ᠠᠶᠢᠮᠠᠭ ᠤᠨ ᠲᠡᠰ ᠎ ᠤᠨ ᠦᠢᠯᠡᠰ ᠪᠣᠰᠬᠠᠬᠤ ᠵᠢᠱᠢᠶ᠎ᠡ ᠦᠵᠡᠭᠦᠯᠬᠦ ᠬᠦᠷᠢᠶᠡᠯᠡᠩ ᠪᠣᠯᠭᠠᠨ ᠪᠠᠶᠢᠭᠤᠯᠤᠨ᠎ᠠ᠃ ᠠᠵᠢᠯ ᠣᠯᠬᠤ ᠳᠤ ᠬᠦᠴᠢᠷᠲᠡᠶ ᠬᠥᠮᠦᠰ ᠲᠤ ᠳᠠᠬᠢᠨ ᠠᠵᠢᠯ ᠣᠯᠭᠤᠬᠤ ᠡᠷᠴᠢᠮ ᠢᠶᠠᠨ ᠨᠡᠮᠡᠭᠳᠡᠭᠦᠯᠵᠦ᠂ ᠮᠡᠷᠭᠡᠵᠢᠯ ᠤᠨ ᠴᠢᠳᠠᠪᠤᠷᠢ ᠶᠢᠨ ᠪᠤᠯᠪᠠᠰᠤᠷᠠᠯ ᠬᠦᠷᠳᠡᠭᠡᠬᠦ ᠬᠡᠪᠴᠢᠶ᠎ᠡ ᠶᠢ ᠥᠷᠭᠡᠳᠬᠡᠨ᠂ ᠬᠤᠲᠠ ᠪᠠᠯᠭᠠᠰᠤ ᠶᠢᠨ 800 ᠬᠥᠮᠦᠨ ᠳᠤ ᠰᠢᠨ᠎ᠡ ᠪᠠᠷ ᠠᠵᠢᠯ ᠣᠯᠭᠤᠬᠤ ᠶᠢ ᠪᠡᠶᠡᠯᠡᠭᠦᠯᠵᠦ᠂ 5000 ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5 %᠎ ᠶᠢᠨ ᠳᠣᠲᠣᠷ᠎ᠠ ᠬᠢᠵᠠᠭᠠᠷᠯᠠᠨ᠎ᠠ᠃ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠦᠷᠡᠭᠳᠡᠭᠰᠡᠨ ᠪᠠᠭᠠᠲᠤᠷᠴᠤᠳ ᠤᠨ ᠤᠩᠭᠤᠨ ᠤ ᠬᠦᠷᠢᠶᠡᠯᠡᠩ ᠢ ᠥᠪᠡᠷᠲᠡᠭᠡᠨ ᠵᠠᠰᠠᠬᠤ ᠣᠷᠣᠨ ᠤ ᠲᠡᠰ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠵᠦᠢᠯᠡᠰ ᠢᠶᠠᠷ ᠮᠡᠳᠡᠭᠦᠯᠬᠦ ᠪᠠᠷ ᠢᠳᠡᠪᠬᠢᠯᠡᠨ ᠴᠢᠷᠮᠠᠶᠢᠨ᠎ᠠ ᠃  ︵ᠵᠢᠷᠭᠤᠭ᠎ᠠ︶ ᠡᠭᠦᠷᠭᠡ ᠴᠢᠳᠠᠪᠬᠢ ᠪᠠᠨ ᠬᠤᠪᠢᠷᠠᠭᠤᠯᠬᠤ ᠶᠢ ᠡᠷᠬᠢᠮᠯᠡᠵᠦ᠂  ᠴᠢᠨᠠᠷᠯᠢᠭ ᠬᠥᠭᠵᠢᠯᠲᠡ ᠶᠢᠨ ᠬᠠᠷᠢᠭᠤᠴᠠᠯᠭ᠎ᠠ ᠎ ᠶᠢ ᠪᠣᠳᠠᠲᠠᠶᠢᠵᠢᠭᠤᠯᠤᠨ᠎ᠠ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠩ ᠲᠡᠷᠢᠭᠦᠨ ᠳᠤ ᠬᠡᠷᠡᠭᠵᠢᠭᠦᠯᠵᠦ᠂ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠨ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠠᠬᠢᠭᠤᠯᠬᠤ ᠶᠢ ᠪᠠᠲᠤᠯᠠᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ︽ᠳᠣᠯᠤᠭ᠎ᠠ ᠶᠢ ᠲᠠᠶᠠᠭᠳᠠᠬᠤ ︾᠎ ᠶᠢ ᠤᠬᠠᠮᠰᠠᠷ ᠠᠴᠠ ᠪᠠᠨ ᠪᠡᠶᠡᠯᠡᠭᠦᠯᠵᠦ᠂ ᠥᠷᠭᠡᠨ ᠣᠯᠠᠨ ᠺᠠᠳ᠋ᠷ ᠢ ᠬᠥᠲᠥᠯᠥᠨ ᠵᠢᠯᠣᠭᠤᠳᠴᠤ ᠪᠠᠶᠢᠭᠠᠳ ︽ᠢᠳᠡᠪᠬᠢᠳᠡᠢ ᠬᠦᠳᠡᠯᠦᠯᠴᠡᠵᠦ᠂ ᠰᠢᠷᠭᠠᠭᠤ ᠠᠵᠢᠯᠯᠠᠵᠦ᠂ ᠮᠡᠷᠡᠶᠢᠨ ᠵᠢᠳᠬᠦᠬᠦ︾ ᠢᠳᠡᠪᠬᠢᠵᠢᠯ ᠶᠢ ᠲᠠᠶᠢᠴᠢᠯᠠᠨ᠂ ︽ᠠᠰᠠᠭᠤᠳᠠᠯ ᠢ ᠰᠢᠢᠳᠪᠦᠷᠢᠯᠡᠬᠦ︾ ᠰᠡᠳᠬᠢᠬᠦᠶ ᠪᠠᠷ ᠠᠵᠢᠯ ᠢᠶᠠᠨ ᠠᠬᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠎ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ︾᠎ ᠶᠢ ᠦᠨᠡᠨᠬᠦ ᠰᠠᠶᠢᠲᠤᠷ ᠭᠦᠢᠴᠡᠳᠬᠡᠵᠦ᠂ ᠴᠢᠬᠡᠴᠢ ᠵᠠᠰᠠᠭ ᠤᠨ ᠲᠦᠭᠰᠢᠭᠦᠷᠢ ᠶᠢ ᠪᠦᠲᠦᠮᠵᠢᠲᠡᠢ ᠬᠠᠮᠢᠶᠠᠷᠤᠨ ᠡᠵᠡᠮᠳᠡᠵᠦ᠂ ᠲᠥᠪ ᠤᠨ ᠨᠠᠢᠮᠠᠨ  ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠪᠠᠷᠢᠮᠲᠠᠯᠠᠵᠤ᠂ ᠠᠷᠠᠳ ᠤᠨ ᠲᠥᠯᠥᠭᠡ᠂ ᠪᠣᠳᠠᠲᠠᠢ ᠎ ᠶᠢ ᠡᠷᠬᠢᠮᠯᠡᠭᠰᠡᠨ᠂ ᠠᠷᠢᠭᠤᠨ ᠴᠢᠬᠡᠴᠢ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠷᠭᠦᠯᠵᠢᠯᠡᠨ ᠪᠠᠬᠢᠵᠢᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠨ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ 1᠂ ᠪᠦᠬᠦ ᠠᠶᠢᠮᠠᠭ ᠤᠨ ᠵᠢᠱᠢᠶ᠎ᠡ ᠦᠵᠡᠭᠦᠯᠬᠦ ᠨᠢᠭᠡᠴᠡ 5᠎ ᠶᠢ ᠴᠢᠷᠮᠠᠶᠢᠨ ᠪᠠᠶᠢᠭᠤᠯᠵᠤ᠂ ᠬᠤᠰᠢᠭᠤ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ 30᠎ ᠶᠢ ᠪᠠᠶᠢᠭᠤᠯᠤᠨ᠎ᠠ᠃  ︽ᠠᠮᠤᠭᠤᠯᠠᠩ ᠰᠢᠯᠤᠭᠤᠨ ᠬᠥᠬᠡ ᠬᠤᠰᠢᠭᠤ︾ ︽ᠬᠠᠤᠯᠢ ᠪᠠᠷ ᠵᠠᠰᠠᠭᠰᠠᠨ ᠰᠢᠯᠤᠭᠤᠨ ᠬᠥᠬᠡ ᠬᠤᠰᠢᠭᠤ︾᠎ ᠶᠢᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠬᠥᠮᠦᠨ ᠠᠮᠠ ᠶᠢᠨ ᠪᠠᠶᠢᠴᠠᠭᠠᠯᠲᠠ᠂ ᠲᠦᠷᠢᠶᠡᠰᠦᠨ ᠭᠡᠷ ᠪᠠᠶᠢᠰᠢᠩ ᠤᠨ ᠪᠠᠶᠢᠴᠠᠭᠠᠯᠲᠠ᠂ ᠵᠥᠷᠢᠴᠡᠯ ᠵᠢᠭᠤᠷᠠᠯᠳᠤᠭᠠᠨ ᠤ ᠪᠠᠶᠢᠴᠠᠭᠠᠯᠲᠠ᠂ ᠭᠤᠤᠯᠳᠠᠯᠭ᠎ᠠ ᠲᠠᠢ ᠬᠥᠮᠦᠨ ᠠᠮᠠ ᠶᠢᠨ ᠬᠠᠮᠢᠶᠠᠷᠤᠯᠲᠠ ᠵᠡᠷᠭᠡ  ︽ᠭᠤᠷᠪᠠᠨ ᠪᠠᠶᠢᠴᠠᠭᠠᠯᠲᠠ ᠨᠢᠭᠡ ᠬᠠᠮᠢᠶᠠᠷᠤᠯᠲᠠ︾᠎ ᠶᠢᠨ ᠲᠤᠰᠬᠠᠶ ᠠᠵᠢᠯᠯᠠᠭ᠎ᠠ ᠎ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠵᠠᠬᠢᠳᠠᠯ ᠰᠤᠷᠪᠤᠯᠵᠢᠯᠠᠯ ᠤᠨ ᠠᠷᠭ᠎ᠠ ᠵᠠᠮ ᠢ ᠰᠢᠯᠤᠭᠤᠳᠬᠠᠵᠤ᠂ ᠠᠩᠬ᠎ᠠ ᠤᠳᠠᠭ᠎ᠠ ᠵᠠᠬᠢᠳᠠᠯ ᠰᠤᠷᠪᠤᠯᠵᠢᠯᠠᠯ ᠬᠢᠵᠦ ᠪᠠᠶᠢᠭ᠎ᠠ ᠵᠦᠢᠯᠡᠰ ᠢ ᠰᠢᠢᠳᠪᠦᠷᠢᠯᠡᠬᠦ ᠠᠵᠢᠯ ᠤᠨ ᠡᠷᠴᠢᠮ ᠢᠶᠠᠨ ᠴᠢᠩᠭᠠᠳᠬᠠᠨ᠂ ᠵᠠᠬᠢᠳᠠᠯ ᠰᠤᠷᠪᠤᠯᠵᠢᠯᠠᠯ ᠤᠨ ᠳᠠᠬᠢᠨ ᠳᠠᠪᠲᠠᠬᠤ ᠨᠣᠷᠮ᠎ᠠ ᠶᠢ 5 %᠎ ᠪᠠᠷ ᠪᠠᠭᠤᠷᠠᠭᠤᠯᠵᠤ᠂ ᠣᠯᠠᠨ ᠲᠦᠮᠡᠨ ᠤ ᠬᠠᠨᠤᠮᠵᠢ ᠎ ᠶᠢᠨ ᠬᠡᠮᠵᠢᠶ᠎ᠡ ᠶᠢ 92 %᠎ ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠪᠦᠬᠦ ᠤᠯᠤᠰ᠂ ᠪᠦᠬᠦ ᠣᠷᠣᠨ ᠤ ︽ᠬᠤᠶᠠᠷ ᠬᠤᠷᠠᠯ︾᠎ ᠤᠨ ᠬᠤᠭᠤᠴᠠᠭᠠᠨ ᠤ ᠲᠣᠭᠲᠠᠭᠤᠨ ᠢ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠰᠡᠷᠭᠡᠶᠢᠯᠡᠨ ᠡᠵᠡᠮᠳᠡᠬᠦ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂  ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ︽ᠱᠠᠯᠢᠭ ᠵᠠᠪᠬᠠᠶ᠂ ᠵᠣᠭᠤᠰ ᠮᠥᠷᠥᠶᠢᠴᠡᠬᠦ᠂ ᠬᠤᠤᠷ ᠲᠠᠲᠠᠬᠤ︾ ︽ᠢᠳᠡᠭᠡᠨ ᠤᠮᠳᠠᠭᠠᠨ᠂ ᠡᠮ ᠤᠨ ᠵᠦᠢᠯ᠂ ᠣᠷᠴᠢᠨ ᠲᠣᠭᠤᠷᠢᠨ︾ ᠪᠠ ᠴᠠᠬᠢᠯᠭᠠᠨ ᠬᠤᠯᠪᠣᠭ᠎ᠠ ᠲᠣᠤᠷ ᠰᠦᠯᠵᠢᠶ᠎ᠡ ᠪᠠᠷ ᠮᠡᠬᠡᠯᠡᠬᠦ᠂ ᠰᠣᠭᠲᠣᠭᠤ ᠪᠠᠷ ᠲᠡᠷᠭᠡ ᠵᠢᠯᠣᠭᠤᠳᠬᠤ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ ᠠᠶᠤᠯ ᠥᠬᠡᠶ ᠦᠶᠯᠡᠳᠪᠦᠷᠢᠯᠡᠯ ᠪᠠ ᠢᠳᠡᠭᠡᠨ ᠤᠮᠳᠠᠭᠠᠨ᠂ ᠡᠮ ᠤᠨ ᠵᠦᠶᠯ ᠎ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ᠠᠶᠤᠯᠭᠦᠢ ᠦᠢᠯᠡᠳᠪᠦᠷᠢᠯᠡᠯ ᠤᠨ ︽ᠠᠷᠪᠠᠨ ᠲᠠᠪᠤᠨ ᠵᠣᠷᠪᠤᠰ︾ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠱᠠᠲᠤ ᠬᠤᠪᠢᠶᠠᠨ ᠬᠠᠮᠢᠶᠠᠷᠬᠤ ᠪᠠ ᠭᠡᠮ ᠰᠣᠭᠤᠭ ᠢ ᠪᠠᠶᠢᠴᠠᠭᠠᠬᠤ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠬᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ᠂ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ᠂ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠬᠠᠤ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠠᠩ ᠤᠨ ᠲᠡᠯᠡᠶ ᠪᠠᠯᠭᠠᠰᠤᠨ ᠤ ᠲᠤᠰᠬᠠᠶ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠵᠤ᠂ ᠬᠦᠨᠳᠦ ᠣᠨᠴᠠ ᠶᠡᠭᠡ ᠠᠳᠡᠯ ᠢ ᠡᠷᠡᠰ ᠰᠡᠷᠭᠡᠶᠢᠯᠡᠨ ᠬᠤᠷᠢᠭᠯᠠᠨ᠎ᠠ᠃ ᠵᠠᠰᠠᠭ ᠵᠠᠬᠢᠷᠭᠠᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠢᠮᠠᠭᠲᠠ ᠪᠣᠳᠠᠲᠠᠢ ᠶᠢ ᠡᠷᠬᠢᠮᠯᠡᠨ ᠥᠨᠳᠥᠷ ᠪᠦᠲᠦᠮᠵᠢᠲᠡᠢ ᠪᠠᠶᠢᠬᠤ ᠶᠢ ᠵᠠᠰᠠᠭ ᠤᠨ ᠣᠷᠳᠣᠨ ᠤ ᠠᠵᠢᠯ ᠤᠨ ᠦᠨᠳᠦᠰᠦᠨ ᠱᠠᠭᠠᠷᠳᠠᠯᠭ᠎ᠠ ᠪᠣᠯᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠨᠠᠮ ᠤᠨ ᠳᠣᠲᠣᠭᠠᠳᠤ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠶᠠᠷᠢᠶ᠎ᠠ ᠬᠡᠯᠡᠯᠴᠡᠭᠡᠨ ᠤ ᠬᠢᠨᠠᠯᠲᠠ᠂ ᠨᠡᠶᠢᠭᠡᠮ ᠤᠨ ᠬᠢᠨᠠᠯᠲᠠ᠂ ᠤᠯᠠᠨ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ ︽ᠲᠠᠪᠤᠨ ᠵᠦᠢᠯ ᠢ ᠴᠡᠭᠴᠡᠯᠡᠵᠦ ᠴᠡᠪᠡᠷᠯᠡᠬᠦ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠯ᠎ᠡ ᠲᠥᠷᠥᠯ ᠤᠨ ᠡᠬᠢ ᠪᠠᠶᠠᠯᠢᠭ ᠢ ᠦᠨᠡᠨ ᠬᠦ ᠠᠮᠢᠳᠤᠯᠢᠭᠵᠢᠭᠤᠯᠵᠤ᠂ ᠥᠨᠳᠥᠷ ᠪᠦᠲᠦᠮᠵᠢᠲᠡᠶ ᠪᠠᠷ ᠬᠡᠷᠡᠭᠯᠡᠬᠦ ᠶᠢ ᠠᠬᠢᠭᠤᠯᠤᠨ᠎ᠠ᠃ ᠬᠠᠤᠯᠢ ᠪᠠᠷ ᠵᠠᠰᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ︽ᠨᠠᠶᠮᠠᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠶ ᠦᠷᠨᠢᠭᠦᠯᠵᠦ᠂ ᠵᠠᠰᠠᠭ ᠵᠠᠬᠢᠷᠭᠠᠨ ᠤ ᠠᠵᠢᠯᠯᠠᠭ᠎ᠠ ᠶᠢᠨ ᠬᠠᠤᠯᠢ ᠴᠠᠭᠠᠵᠠ ᠶᠢᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠨ᠎ᠠ᠃ ︽ᠠᠷᠪᠢᠴᠢ ᠭᠠᠮᠲᠠᠶ ᠠᠮᠢᠳᠤᠷᠠᠬᠤ︾ ᠦᠵᠡᠯ ᠰᠠᠨᠠᠭ᠎ᠠ ᠶᠢ ᠪᠠᠷᠢᠮᠲᠠᠯᠠᠵᠤ᠂  ︽ᠭᠤᠷᠪᠠᠨ ᠲᠦᠷᠦᠯ ᠤᠨ ᠠᠯᠪᠠᠨ ᠵᠠᠷᠤᠳᠠᠯ︾ ᠪᠣᠯᠤᠨ ᠴᠢᠬᠤᠯᠠ ᠪᠤᠰᠤ ᠵᠠᠷᠤᠯᠭ᠎ᠠ ᠶᠢ ᠴᠢᠩᠭ᠎ᠠ ᠬᠢᠵᠠᠭᠠᠷᠯᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ  ᠬᠤᠷᠢᠭᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠲᠤᠰᠬᠠᠶ ᠬᠢᠨᠠᠨ ᠪᠤᠳᠤᠯᠲᠠ ᠶᠢ ᠥᠷᠨᠢᠭᠦᠯᠵᠦ᠂ ᠵᠣᠭᠤᠰ ᠮᠦᠩᠭᠦ ᠪᠠᠨ ︽ᠵᠠᠩᠭᠢᠯᠠᠭ᠎ᠠ ᠶᠢᠨ ᠭᠠᠵᠠᠷ︾᠎ ᠲᠤ ᠬᠡᠷᠡᠭᠯᠡᠬᠦ ᠶᠢ ᠦᠨᠡᠨ ᠬᠦ ᠪᠠᠲᠤᠯᠠᠨ᠎ᠠ᠃ ᠵᠠᠰᠠᠭ ᠎ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠪᠡᠶᠡᠯᠡᠭᠦᠯᠦᠨ᠎ᠡ᠃ ᠴᠢᠳᠠᠪᠤᠷᠢᠲᠠᠨ ᠤ ᠬᠥᠭᠵᠢᠯᠲᠡ ᠳᠤ ᠦᠢᠯᠡᠴᠢᠯᠡᠵᠦ᠂ ᠴᠢᠳᠠᠪᠤᠷᠢᠲᠠᠨ ᠤ ᠰᠢᠯᠵᠢᠯᠲᠡ᠂ ᠦᠨᠡᠯᠡᠯᠲᠡ᠂ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠪᠠᠴᠢᠮ ᠰᠠᠭᠠᠷᠳᠠᠭᠳᠠᠵᠤ ᠪᠠᠶᠢᠭ᠎ᠠ ᠴᠢᠳᠠᠪᠤᠷᠢᠲᠠᠨ᠂ ᠳᠤᠲᠠᠭᠳᠠᠵᠤ ᠪᠠᠶᠢᠭ᠎ᠠ ᠴᠢᠳᠠᠪᠤᠷᠢᠲᠠᠨ ᠢᠶᠠᠷ ᠭᠤᠣᠯᠯᠠᠭᠤᠯᠤᠨ᠂ ᠴᠢᠳᠠᠪᠤᠷᠢᠲᠠᠨ ᠢ ᠳᠠᠲᠠᠨ ᠠᠪᠴᠢᠷᠠᠵᠤ ᠬᠥᠮᠦᠵᠢᠭᠦᠯᠦᠨ ᠬᠡᠷᠡᠭᠯᠡᠬᠦ ᠶᠢ ᠴᠢᠩᠭᠠᠳᠬᠠᠵᠤ᠂ ᠨᠤᠲᠤᠭ ᠤᠨ ᠴᠢᠳᠠᠪᠤᠷᠢᠲᠠᠨ ᠢᠶᠠᠨ ᠦᠯᠡᠳᠡᠭᠡᠵᠦ᠂ ᠭᠠᠳᠠᠨ᠎ᠠ ᠶᠢᠨ ᠴᠢᠳᠠᠪᠤᠷᠢᠲᠠᠨ ᠢ ᠤᠷᠢᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠭᠵᠢᠯᠲᠡ ᠶᠢᠨ ᠲᠤᠲᠠᠭᠳᠠᠯ ᠢ ᠬᠦᠴᠦᠯᠡᠨ ᠨᠥᠬᠦᠪᠥᠷᠢᠯᠡᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠬᠢᠵᠦ ᠳᠠᠬᠢᠨ ᠵᠣᠬᠢᠶᠠᠨ ᠪᠠᠶᠢᠭᠤᠯᠬᠤ ᠶᠢ ᠪᠡᠶᠡᠯᠡᠭᠦᠯᠵᠦ᠂ ᠰᠢᠨ᠎ᠡ ᠪᠠᠷ ᠵᠣᠬᠢᠶᠠᠨ ᠪᠠᠶᠢᠭᠤᠯᠤᠭᠰᠠᠨ ᠤᠯᠤᠰ ᠤᠨ ᠥᠮᠴᠢᠯᠡᠯᠲᠦ 2 ᠪᠦᠯᠦᠭᠯᠡᠯ ᠺᠣᠮᠫᠠᠨᠢ ᠎ ᠶᠢᠨ ᠪᠣᠳᠠᠲᠤ ᠡᠵᠡᠩᠨᠡᠯᠲᠡ ᠢ ᠠᠬᠢᠭᠤᠯᠵᠤ᠂ ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠲᠡᠳᠡᠨ ᠤ ᠲᠤᠰ ᠪᠡᠶ᠎ᠡ ᠎ ᠶᠢᠨ ᠬᠥᠭᠵᠢᠯᠲᠡ ᠶᠢᠨ ᠴᠢᠳᠠᠪᠤᠷᠢ ᠶᠢ ᠨᠡᠮᠡᠭᠳᠡᠭᠦᠯᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠠᠯᠬᠤᠮ ᠠᠯᠬᠤᠮ ᠢᠶᠠᠷ ᠰᠢᠶᠳᠪᠦᠷᠢᠯᠡᠨ᠎ᠡ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ ᠶᠢ ᠰᠠᠶᠢᠲᠤᠷ ᠵᠣᠬᠢᠶᠠᠨ ᠪᠠᠶᠢᠭᠤᠯᠤᠨ ᠦᠷᠨᠢᠭᠦᠯᠦᠨ᠎ᠠ᠃ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠪᠣᠯᠤᠨ ᠣᠷᠣᠨ ᠨᠤᠲᠤᠭ ᠤᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠰᠠᠩ ᠤᠨ ᠲᠡᠯᠡᠶ ᠳᠠᠬᠢ ᠴᠡᠷᠢᠭ ᠎ ᠤᠨ ᠬᠠᠩᠭᠠᠯᠭ᠎ᠠ ᠶᠢᠨ ᠥᠷᠲᠡᠭᠡᠨ ᠤ ᠪᠠᠶᠢᠭᠤᠯᠤᠯᠲᠠ ᠶᠢ ᠠᠬᠢᠭᠤᠯᠤᠨ᠎ᠠ᠃ ᠣᠯᠠᠨ ᠲᠦᠮᠡᠨ ᠤ ᠪᠦᠯᠬᠦᠮ ᠨᠢᠭᠡᠴᠡ ᠶᠢᠨ ᠡᠭᠦᠷᠭᠡ ᠴᠢᠳᠠᠪᠬᠢ ᠪᠠᠨ ᠭᠦᠶᠴᠡᠳᠬᠡᠬᠦ᠂ ᠳᠠᠪᠠᠭᠤᠯᠢᠭ ᠢᠶᠠᠨ ᠪᠠᠳᠠᠷᠠᠭᠤᠯᠬᠤ ᠶᠢ ᠳᠠᠮᠵᠢᠵᠤ᠂ ᠬᠥᠭᠵᠢᠯᠲᠡ ᠳᠤ ᠦᠶᠯᠡᠴᠢᠯᠡᠬᠦ᠂ ᠣᠯᠠᠨ ᠲᠦᠮᠡᠨ ᠳᠤ ᠦᠶᠯᠡᠴᠢᠯᠡᠬᠦ ᠬᠦᠴᠦᠷᠬᠡᠭ ᠶᠡᠭᠡ ᠬᠠᠮᠲᠤ ᠶᠢᠨ ᠬᠦᠴᠦᠨ ᠢ ᠪᠤᠢ ᠪᠤᠯᠭᠠᠨ᠎ᠠ᠃ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠳᠤ ᠬᠠᠷᠢᠭᠤᠯᠲᠠ ᠥᠭᠴᠦ᠂ ᠠᠷᠠᠳ ᠤᠨ ᠠᠮᠢᠳᠤᠷᠠᠯ ᠳᠤ ᠬᠤᠯᠪᠤᠭᠳᠠᠬᠤ ᠪᠣᠳᠠᠲᠤ ᠶᠠᠪᠤᠳᠠᠯ ᠢ ᠰᠠᠶᠢᠲᠤᠷ ᠬᠢᠬᠦ ᠪᠣᠯ ᠬᠤᠰᠢᠭᠤ ᠵᠠᠰᠠᠭ ᠤᠨ ᠣᠷᠳᠣᠨ ᠤ ᠣᠷᠳᠣ ᠬᠤᠭᠤᠴᠠᠭᠠᠨ ᠤ ᠲᠤᠷᠰᠢ ᠪᠠᠷᠢᠮᠲᠠᠯᠠᠭᠰᠠᠭᠠᠷ ᠢᠷᠡᠭᠰᠡᠨ ᠨᠢᠭᠡᠨ ᠴᠢᠬᠤᠯᠠ ᠵᠠᠷᠴᠢᠮ ᠪᠣᠯᠤᠨ᠎ᠠ᠂ 2023 ᠣᠨ ᠳᠤ ᠪᠢᠳᠡ ᠳᠣᠤᠷᠠᠬᠢ ᠮᠡᠲᠦ᠂ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠪᠣᠳᠠᠲᠤ ᠶᠠᠪᠤᠳᠠᠯ ᠢ ᠦᠷᠭᠦᠯᠵᠢᠯᠡᠨ ᠬᠢᠬᠦ ᠪᠤᠯᠤᠨ᠎ᠠ᠄ ᠨᠢᠭᠡ ᠳᠤ᠂ ᠱᠠᠩᠳᠤ ᠪᠠᠯᠭᠠᠰᠤᠨ ᠤ ᠶᠡᠷᠦᠩᠬᠡᠶᠢᠯᠡᠭᠰᠡᠨ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠬᠡᠷᠡᠭᠵᠢᠭᠦᠯᠦᠨ᠎ᠡ ︔ ᠬᠤᠶᠠᠷ ᠲᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ ᠪᠠᠶᠢᠭᠤᠯᠵᠤ ᠡᠬᠢᠯᠡᠨ᠎ᠡ᠃ ᠭᠤᠷᠪᠠ ᠳᠤ᠂ ᠰᠠᠩ ᠎ ᠤᠨ ᠲᠡᠯᠡᠶ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ ᠰᠢᠶᠳᠪᠦᠷᠢᠯᠡᠬᠦ ᠲᠥᠷᠥᠯ ᠵᠦᠶᠯ ᠢ ᠡᠬᠢᠯᠡᠨ ᠬᠡᠷᠡᠭᠵᠢᠭᠦᠯᠦᠨ᠎ᠡ︔ ᠳᠥᠷᠪᠡ ᠳᠤ᠂ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠲᠠᠯ᠎ᠠ ᠪᠠᠷ ᠬᠢ ᠢᠨᠵᠧᠨᠧᠷᠢᠩ ᠢ 43 ᠴᠡᠭ ᠲᠤ ᠬᠡᠷᠡᠭᠵᠢᠭᠦᠯᠵᠦ᠂ 260 ᠭᠠᠷᠤᠶ ᠬᠥᠮᠦᠨ ᠪᠠ 4000 ᠭᠠᠷᠤᠶ ᠮᠠᠯ  ᠤᠨᠤᠭᠠᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠳᠤᠯᠠᠬᠤ ᠶᠢᠨ ᠬᠠᠮᠲᠤ ᠤᠰᠤ ᠤᠤᠭᠤᠬᠤ ᠳᠤ ᠬᠦᠴᠢᠷ ᠠᠰᠠᠭᠤᠳᠠᠯ ᠢ ᠰᠢᠢᠳᠪᠦᠷᠢᠯᠡᠨ᠎ᠡ︔ ᠲᠠᠪᠤ ᠳᠤ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠡᠷᠦᠩᠬᠡᠶᠢᠯᠡᠭᠰᠡᠨ ᠠᠰᠠᠷ ᠵᠢᠴᠢ ᠬᠤᠭᠤᠯᠠᠨ ᠭᠡᠷ ᠤᠨ ᠲᠥᠷᠥᠯ ᠵᠦᠶᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ︔ ᠵᠢᠷᠭᠤᠭ᠎ᠠ ᠳᠤ᠂ ᠮᠢᠬᠠᠨ ᠤ ᠦᠬᠡᠷ ᠪᠣᠷᠳᠣᠵᠤ ᠲᠠᠷᠭᠤᠯᠠᠭᠤᠯᠬᠤ᠂ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠤᠨ ᠭᠤᠤᠯ ᠴᠣᠭᠴᠠ ᠳᠤ 5500 ᠲᠦᠮᠡᠨ ᠲᠥᠭᠦᠷᠢᠭ ᠤᠨ ᠳᠠᠮ ᠬᠦᠦ ᠲᠠᠢ ᠵᠢᠭᠡᠯᠡᠯᠭᠡ  ᠬᠠᠩᠭᠠᠨ᠎ᠠ︔ ᠳᠣᠯᠤᠭ᠎ᠠ ᠳᠤ᠂ ᠤᠲᠠᠰᠤ ᠎ ᠲᠠᠢ ᠪᠠ ᠤᠲᠠᠰᠤ ᠥᠬᠡᠶ ᠲᠧᠯᠸᠢᠰ ᠲᠠᠮᠢᠷᠵᠢᠭᠤᠯᠤᠭ᠎ᠠ ᠶᠢᠨ ᠲᠤᠤᠷ ᠰᠦᠯᠵᠢᠶ᠎ᠡ ᠶᠢ ᠰᠠᠶᠢᠵᠢᠷᠠᠭᠤᠯᠤᠨ᠂ 307 ᠡᠷᠦᠬᠡ ᠎ ᠶᠢᠨ ᠲᠤᠬᠢᠶᠠᠨ ᠤ ᠠᠰᠠᠭᠤᠳᠠᠯ ᠢ ᠰᠢᠶᠳᠪᠦᠷᠢᠯᠡᠨ᠎ᠡ︔ ᠨᠠᠢᠮᠠ ᠳᠤ᠂ ᠰᠠᠩ ᠤᠨ ᠳᠠᠯᠠᠢ ᠪᠠᠯᠭᠠᠰᠤᠨ ᠤ ᠣᠷᠬᠢᠬᠤ ᠰᠠᠭᠠᠯᠢ ᠶᠢᠨ ᠦᠨᠢᠶᠡᠨ ᠤ ᠲᠣᠰᠬᠤᠨ ᠠᠴᠠ ᠪᠣᠱᠣᠣᠳᠠᠢ ᠰᠣᠮᠣᠨ ᠤ ᠨᠠᠷᠢᠨᠠᠭᠤᠷ ᠬᠦᠷᠬᠦ ᠵᠠᠮ ᠢ ᠰᠡᠯᠪᠢᠨ ᠵᠠᠰᠠᠬᠤ ᠢᠨᠵᠧᠨᠧᠷᠢᠩ ᠢ ᠬᠡᠷᠡᠭᠵᠢᠬᠦᠯᠵᠦ᠂ ᠣᠯᠠᠨ ᠲᠥᠪᠮᠡᠨᠳᠦ ᠶᠢᠨ ᠶᠠᠪᠤᠵᠤ ᠰᠠᠭᠤᠬᠤ ᠬᠦᠴᠢᠷᠳᠡᠯ ᠢ ᠰᠢᠢᠳᠪᠦᠷᠢᠯᠡᠨ᠎ᠡ᠃ ᠶᠢᠰᠦ ᠳᠤ ᠂ ᠬᠤᠲᠠ ᠪᠠᠯᠭᠠᠰᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠲᠠᠢ ᠪᠣᠶᠣ ᠮᠠᠯᠵᠢᠬᠤ ᠲᠠᠷᠢᠶᠠᠯᠠᠬᠤ ᠣᠷᠣᠨ ᠤ ᠵᠣᠬᠢᠬᠤ ᠨᠠᠰᠤᠨ ᠳᠤ ᠬᠦᠷᠦᠭᠰᠡᠨ ᠡᠮᠡᠭᠲᠡᠶᠢᠴᠦᠳ ᠲᠤ ︽ᠬᠤᠶᠠᠷ ᠥᠮᠡᠨ︾᠎ ᠤ ᠪᠠᠶᠢᠴᠠᠭᠠᠯᠲᠠ ᠶᠢ ᠰᠦᠢᠳᠬᠡᠯ ᠦᠭᠡᠢ ᠬᠢᠵᠦ ᠦᠭᠭᠦᠨ᠎ᠡ᠃ ᠠᠷᠪᠠ ᠳᠤ᠂ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠰᠦᠢᠳᠬᠡᠯ ᠬᠤᠷᠢᠶᠠᠬᠤ ᠦᠭᠡᠢ ᠪᠡᠶ᠎ᠡ ᠶᠢᠨ ᠪᠠᠶᠢᠴᠠᠭᠠᠯᠲᠠ ᠬᠢᠵᠦ ᠥᠭᠭᠦᠨ᠎ᠡ᠃ ᠬᠤᠰᠢᠭᠤ ᠵᠠᠰᠠᠭ ᠤᠨ ᠣᠷᠳᠣᠨ ᠨᠢ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠡᠳᠦᠯᠲᠡᠶ ᠲᠥᠯᠥᠪᠵᠢᠭᠦᠯᠦᠨ ᠬᠠᠮᠵᠢᠯᠴᠠᠵᠦ᠂ ᠪᠣᠳᠠᠲᠤ ᠶᠠᠪᠤᠳᠠᠯ ᠢ ᠰᠠᠶᠢᠲᠤᠷ ᠬᠢᠵᠦ᠂ ᠰᠠᠶᠢᠨ ᠶᠠᠪᠤᠳᠠᠯ ᠢ ᠪᠣᠳᠠᠲᠠᠶ ᠬᠢᠬᠦ ᠶᠢ ᠦᠨᠡᠨ ᠬᠦ ᠪᠠᠲᠤᠯᠠᠨ᠎ᠠ᠃ᠲᠥᠯᠥᠭᠡᠯᠡᠭᠴᠢᠳ ᠡ᠂ ᠨᠥᠬᠦᠳ ᠡ᠂ ᠰᠢᠨ᠎ᠡ ᠴᠠᠭ ᠦᠶ᠎ᠡ ᠶᠢᠨ ᠰᠢᠨ᠎ᠡ ᠠᠶᠠᠨ ᠠᠳᠡ ᠠᠴᠠ ᠡᠬᠢᠯᠡᠵᠦ ᠪᠢᠳᠡᠨ ᠢ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠤᠷᠢᠶᠠᠯᠠᠵᠦ ᠪᠠᠶᠢᠨ᠎ᠠ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ  ᠮᠠᠨᠳᠤᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠦ᠂ ᠠᠶᠢᠮᠠᠭ ᠤᠨ ᠨᠠᠮ ᠤᠨ ᠬᠤᠷᠢᠶ᠎ᠡ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ ᠢᠲᠡᠭᠡᠯ ᠵᠣᠷᠢᠭ ᠢᠶᠠᠨ ᠬᠦᠪᠴᠢᠯᠡᠵᠦ᠂ ᠡᠷᠡᠯᠬᠡᠭ ᠢᠶᠠᠷ ᠤᠷᠤᠭᠰᠢᠯᠠᠨ᠂ ᠴᠠᠭ ᠢᠮᠬᠠᠳᠠ ᠤᠯᠠᠨ ᠲᠦᠮᠡᠨ ᠢ ᠪᠤᠳᠤᠯᠬᠢᠯᠠᠨ᠂ ᠳᠤᠮᠳᠠᠳᠤ ᠤᠯᠤᠰ ᠤᠨ ᠮᠠᠶ᠋ᠢᠭᠲᠤ ᠣᠳᠣᠬᠢᠴᠢᠯᠠᠯᠲᠠ ᠶᠢᠨ ᠰᠢᠨ᠎ᠡ ᠠᠶᠠᠨ ᠳᠤ ᠰᠢᠯᠤᠭᠤᠨ ᠬᠥᠬᠡ ᠬᠤᠰᠢᠭᠤᠨ ᠤ ᠴᠢᠨᠠᠷᠯᠢᠭ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠴᠡᠭᠡᠶ᠎ᠡ ︕ᠨᠡᠷ᠎ᠡ ᠦᠭᠡ ᠤᠨ ᠲᠠᠶᠢᠯᠪᠤᠷᠢᠲᠠᠪᠤᠨ ᠴᠢᠬᠤᠯᠡ ᠡᠭᠦᠷᠭᠡ᠄ ᠥᠪᠥᠷ ᠮᠣᠩᠭᠤᠯ ᠢ ᠳᠤᠮᠳᠠᠳᠤ ᠤᠯᠤᠰ ᠤᠨ ᠤᠮᠠᠷᠠᠲᠤ ᠳᠠᠬᠢ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠬᠢᠯᠢ ᠶᠢᠨ ᠲᠣᠭᠲᠠᠭᠤᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠰᠠᠭᠤᠷᠢᠨ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠤᠷᠤᠨ ᠪᠣᠯᠭᠠᠨ ᠪᠥᠲᠥᠭᠡᠨ ᠪᠠᠶᠢᠭᠤᠯᠬᠤ ᠶᠢ ᠵᠢᠭᠠᠵᠤ ᠪᠤᠢ᠃ᠬᠤᠶᠠᠷ ᠬᠡᠯᠬᠢᠶ᠎ᠡ ᠬᠤᠶᠠᠷ ᠣᠷᠣᠨ᠄ ᠤᠳᠤᠬᠢᠴᠢᠯᠠᠭᠰᠠᠨ ᠮᠢᠬᠠᠨ ᠤ ᠦᠬᠡᠷ ᠤᠨ ᠪᠥᠬᠦ ᠠᠵᠤ ᠦᠶᠯᠡᠰ ᠤᠨ ᠬᠡᠯᠬᠢᠶ᠎ᠡ᠂ ᠤᠳᠤᠬᠢᠴᠢᠯᠠᠭᠰᠠᠨ ᠡᠨᠧᠷᠭᠢ ᠶᠢᠨ ᠠᠵᠤ ᠠᠬᠤᠶ ᠶᠢᠨ ᠣᠷᠴᠢᠯ ᠠᠵᠤ ᠦᠶᠯᠡᠰ ᠤᠨ ᠬᠡᠯᠬᠢᠶ᠎ᠡ᠂ ᠬᠤᠯᠠᠨ ᠰᠢᠷᠭ᠎ᠠ ᠲᠠᠭ᠎ᠠ ᠶᠢᠨ ᠮᠠᠩᠬᠠᠨ ᠤ ᠠᠮᠢ ᠠᠬᠤᠶ ᠶᠢᠨ ᠴᠡᠭᠴᠡᠯᠡᠯᠳᠡ ᠶᠢᠨ ᠣᠷᠣᠨ᠂ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠤᠨ ᠠᠭᠤᠰᠤᠯᠴᠠᠨ ᠬᠦᠭᠵᠢᠭᠰᠡᠨ ᠣᠷᠣᠨ ᠢ ᠲᠦᠷᠭᠡᠳᠬᠡᠨ ᠪᠠᠶᠢᠭᠤᠯᠵᠤ᠂ ᠴᠢᠨᠠᠷᠯᠢᠭ ᠬᠥᠭᠵᠢᠯᠲᠡ ᠳᠤ ᠠᠷᠭ᠎ᠠ ᠵᠠᠮ ᠪᠠ  ᠪᠤᠳᠠᠳᠤ ᠲᠤᠯᠭᠠᠭᠤᠷᠢ ᠬᠠᠩᠭᠠᠨ᠎ᠠ᠃ᠲᠠᠪᠤᠨ ᠵᠦᠶᠯ ᠤᠨ ᠣᠨᠴᠠᠯᠢᠭᠲᠤ ᠠᠵᠤ ᠦᠶᠯᠡᠰ᠄ ᠨᠢᠭᠡ ᠳᠤ᠂ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠎ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠪᠠ ᠭᠠᠳᠠᠭᠰᠢ ᠭᠠᠷᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ ᠂ ᠰᠦ ᠮᠢᠬ᠎ᠠ ᠢᠳᠡᠭᠡᠰᠢᠬᠦᠯᠬᠦ ᠲᠦᠪᠰᠢᠨ ᠢ ᠳᠡᠭᠡᠭᠰᠢᠯᠡᠭᠦᠯᠵᠦ᠂ ᠤᠳᠤᠬᠢᠴᠢᠯᠠᠭᠰᠠᠨ ᠮᠠᠯ ᠠᠵᠤ ᠠᠬᠤᠶ ᠶᠢᠨ ᠠᠵᠤ ᠦᠶᠯᠡᠰ ᠎ ᠤᠨ ᠬᠡᠯᠬᠢᠶ᠎ᠡ ᠶᠢ ᠤᠷᠲᠤᠳᠬᠠᠨ᠎ᠠ᠃ ᠬᠤᠶᠠᠷ ᠲᠤ᠂ ᠮᠣᠩᠭᠤᠯ ᠭᠡᠷ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠠᠷ ᠠᠴᠢᠶᠠᠯᠠᠪᠤᠷᠢ ᠪᠣᠯᠭᠠᠵᠤ᠂ ᠮᠣᠩᠭᠤᠯ ᠭᠡᠷ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠡᠵᠡᠮᠳᠡᠵᠦ᠂ ᠮᠣᠩᠭᠤᠯ ᠭᠡᠷ ᠤᠨ ᠠᠵᠤ ᠦᠢᠯᠡᠰ ᠤᠨ ᠲᠥᠪᠯᠡᠷᠡᠭᠰᠡᠨ᠂ ᠵᠢᠷᠤᠮᠵᠢᠭᠰᠠᠨ ᠬᠥᠭᠵᠢᠯᠲᠡ ᠶᠢ ᠠᠬᠢᠭᠤᠯᠵᠤ᠂ ᠪᠦᠬᠦ ᠤᠯᠤᠰ ᠲᠠᠬᠢ ᠮᠣᠩᠭᠤᠯ ᠭᠡᠷ ᠤᠨ ᠦᠢᠯᠡᠳᠪᠦᠷᠢ ᠶᠢᠨ ᠨᠡᠷᠡᠲᠦ ᠰᠠᠭᠤᠷᠢᠨ ᠢ ᠬᠦᠴᠦᠯᠡᠨ ᠪᠠᠶᠢᠭᠤᠯᠤᠨ᠎ᠠ᠃ ᠭᠤᠷᠪᠠ ᠳᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠪᠦᠬᠦ ᠠᠶᠢᠮᠠᠭ ᠲᠠᠬᠢ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠬᠤᠰᠢᠭᠤ ᠶᠢ ᠪᠠᠶᠢᠭᠤᠯᠤᠨ᠎ᠠ᠃ ᠳᠥᠷᠪᠡ ᠳᠤ᠂ ᠵᠠᠮ ᠬᠠᠷᠢᠯᠴᠠᠭᠠᠨ ᠤ ᠣᠷᠣᠨ ᠪᠠᠶᠢᠷᠢ ᠶᠢᠨ ᠳᠠᠪᠠᠭᠤᠯᠢᠭ ᠲᠤ ᠲᠦᠰᠢᠭᠯᠡᠨ᠂ ᠪᠥᠬᠦ ᠠᠶᠢᠮᠠᠭ ᠤᠨ ᠠᠮᠢᠳᠤ ᠮᠠᠯ ᠵᠢᠴᠢ ᠪᠠᠶᠢᠭᠠᠯᠢᠯᠢᠭ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠷᠠᠯᠵᠢᠶ᠎ᠠ ᠭᠦᠶᠯᠭᠡᠭᠡᠨ ᠤ ᠴᠢᠬᠤᠯᠠ ᠭᠠᠵᠠᠷ ᠢ ᠪᠠᠶᠢᠭᠤᠯᠤᠨ᠎ᠠ᠃ ᠲᠠᠪᠤ ᠳᠤ᠂ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠳᠠᠮᠵᠢᠨ᠂ ᠤᠷᠤᠰᠢᠨ ᠰᠠᠭᠤᠷᠢᠰᠢᠬᠤ ᠳᠤ ᠲᠠᠭᠠᠯᠠᠮᠵᠢᠳᠠᠢ᠂ ᠠᠵᠢᠯᠯᠠᠵᠦ ᠠᠮᠢᠳᠤᠷᠠᠬᠤ ᠳᠤ ᠲᠣᠬᠢᠷᠠᠮᠵᠢᠲᠠᠢ᠂ ᠰᠡᠯᠡᠭᠦᠴᠡᠨ ᠵᠤᠭᠠᠴᠠᠬᠤ ᠳᠤ ᠲᠠᠭᠠᠳᠠᠢ ᠣᠨᠴᠠᠯᠢᠭᠲᠤ ᠬᠤᠲᠠ ᠪᠠᠯᠭᠠᠰᠤ ᠶᠢ ᠪᠠᠶᠢᠭᠤᠯᠵᠤ᠂ ᠬᠤᠲᠠ ᠪᠠᠯᠭᠠᠰᠤᠨ ᠤ ᠲᠠᠲᠠᠬᠤ ᠬᠦᠴᠦᠨ᠂ ᠠᠴᠢᠶᠠᠯᠠᠬᠤ ᠬᠦᠴᠦᠨ ᠢ ᠳᠡᠭᠡᠭᠰᠢᠯᠡᠭᠦᠯᠦᠨ᠎ᠡ᠃ ᠰᠤᠯᠠ ᠵᠠᠳᠠᠭᠠᠢ ᠪᠣᠬᠢᠷᠲᠤᠯ ᠲᠠᠢ ᠠᠵᠤ ᠠᠬᠤᠶᠢᠯᠠᠯ᠄ ᠡᠨᠡ ᠨᠢ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠠᠵᠤ ᠦᠢᠯᠡᠰ ᠤᠨ ᠪᠠᠶᠢᠷᠢᠰᠢᠯᠠᠭᠤᠯᠤᠯᠳᠠ ᠶᠢᠨ ᠲᠥᠯᠥᠪᠵᠢᠭᠦᠯᠭᠡ ᠳᠤ ᠨᠡᠶᠢᠴᠡᠬᠦ ᠦᠭᠡᠶ᠂ ᠪᠣᠬᠢᠷ ᠪᠣᠳᠠᠰ ᠤᠨ ᠭᠠᠳᠠᠭᠰᠢᠯᠠᠭᠤᠯᠤᠯᠳᠠ ᠨᠢ ᠪᠠᠷᠢᠮᠵᠢᠶ᠎ᠠ ᠳᠤ ᠬᠦᠷᠬᠦ ᠦᠭᠡᠶ ᠪᠦᠭᠡᠳ ᠭᠠᠵᠠᠷ ᠰᠢᠷᠣᠶ᠂ ᠣᠷᠴᠢᠨ ᠲᠣᠭᠤᠷᠢᠨ ᠤ ᠬᠠᠮᠠᠭᠠᠯᠠᠯᠲᠠ ᠂ ᠠᠵᠤ ᠦᠢᠯᠡᠳᠪᠦᠷᠢ ᠬᠤᠳᠠᠯᠳᠤᠭ᠎ᠠ᠂ ᠶᠠᠰᠤ ᠴᠢᠨᠠᠷ ᠲᠤ ᠬᠢᠨᠠᠯᠲᠠ ᠲᠠᠯᠪᠢᠬᠤ ᠵᠡᠷᠭᠡ ᠭᠠᠷᠳᠠᠮ ᠭᠦᠢᠴᠡᠳᠬᠡᠯ ᠨᠢ ᠪᠦᠷᠢᠨ ᠪᠤᠰᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ ᠵᠢᠭᠠᠵᠤ ᠪᠤᠶ᠃ᠬᠤᠤᠰ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ᠄ ︽ᠪᠠᠶᠢᠭᠤᠯᠭ᠎ᠠ ᠨᠢᠭᠡᠴᠡ ᠶᠢᠨ ᠲᠤᠰᠢᠶᠠᠯ ᠬᠠᠷᠢᠭᠤᠴᠠᠯᠭ᠎ᠠ ᠎ ᠪᠠᠨ ᠭᠦᠶᠴᠡᠳᠬᠡᠬᠦ︾ ᠪᠠ ︽ᠨᠡᠶᠢᠭᠡᠮ ᠤᠨ ᠠᠮᠤᠷ ᠲᠣᠭᠲᠠᠭᠤᠨ ᠤ ᠠᠶᠤᠯ ᠲᠦᠭᠰᠢᠭᠦᠷᠢ ᠶᠢ ᠪᠠᠶᠢᠴᠠᠭᠠᠨ ᠴᠡᠭᠴᠡᠯᠡᠬᠦ ︾ ᠬᠤᠶᠠᠷ ᠵᠦᠢᠯ ᠤᠨ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ᠃ᠬᠤᠶᠠᠷ ᠢ ᠲᠣᠭᠲᠠᠭᠠᠬᠤ᠄ ᠰᠢ ᠶᠢᠨ ᠫᠢᠩ ᠨᠥᠬᠦᠷ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠲᠣᠭᠲᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠎ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠬᠤ ᠪᠠᠶᠢᠷᠢ ᠰᠠᠭᠤᠷᠢ ᠶᠢ ᠲᠣᠭᠲᠠᠭᠠᠨ᠎ᠠ᠃ᠬᠤᠶᠠᠷ ᠢ ᠬᠠᠮᠠᠭᠠᠯᠠᠬᠤ᠄ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠎ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠨ᠎ᠠ᠃ᠭᠤᠷᠪᠠᠨ ᠴᠢᠬᠤᠯᠠ ᠨᠢᠭᠡ ᠶᠡᠭᠡ ᠶᠠᠪᠤᠳᠠᠯ᠄ ᠴᠢᠬᠤᠯᠠ ᠶᠡᠭᠡ ᠵᠦᠶᠯᠡᠰ ᠲᠤ ᠰᠢᠶᠳᠪᠦᠷᠢᠲᠦ ᠪᠣᠳᠣᠯᠭ᠎ᠠ ᠲᠣᠭᠲᠠᠭᠠᠬᠤ᠂ ᠴᠢᠬᠤᠯᠠ ᠺᠠᠳ᠋ᠷ ᠢ ᠲᠣᠮᠢᠯᠠᠵᠤ ᠪᠠᠭᠤᠯᠭᠠᠬᠤ᠂ ᠴᠢᠬᠤᠯᠠ ᠲᠥᠷᠥᠯ ᠵᠦᠶᠯ ᠤᠨ ᠲᠣᠬᠢᠷᠠᠭᠤᠯᠤᠯᠲᠠ᠂ ᠶᠡᠭᠡ ᠲᠣᠭᠠᠨ ᠤ ᠪᠠᠯᠠ ᠮᠥᠩᠭᠦ ᠶᠢᠨ ᠬᠡᠷᠡᠭᠯᠡᠯᠲᠡ᠃ ᠳᠦᠷᠪᠡᠨ ᠵᠦᠢᠯ ᠢᠶᠠᠷ ᠭᠦᠢᠴᠡᠳᠬᠡᠬᠦ᠄ ᠰᠦᠯᠵᠢᠶ᠎ᠡ ᠪᠠᠷ ᠭᠦᠢᠴᠡᠳᠬᠡᠬᠦ᠂ ᠨᠢᠭᠡ ᠤᠳᠠᠭ᠎ᠠ ᠳᠤ ᠭᠦᠢᠴᠡᠳᠬᠡᠬᠦ᠂ ᠬᠠᠪᠰᠤᠷᠤᠨ ᠭᠦᠢᠴᠡᠳᠬᠡᠬᠦ ᠂ ᠭᠠᠷ ᠤᠳᠠᠰᠤᠨ ᠲᠡᠭᠡᠷ᠎ᠡ ᠭᠦᠢᠴᠡᠳᠬᠡᠬᠦ ᠃ ᠲᠤᠰᠬᠠᠢ᠂ ᠨᠠᠷᠢᠯᠢᠭᠵᠢᠭᠰᠠᠨ᠂ ᠤᠨᠴᠠᠯᠢᠭᠳᠤ᠂ ᠰᠢᠨ᠎ᠡ᠄ ᠡᠨᠡ ᠨᠢ ᠳᠤᠮᠳᠠ ᠵᠢᠵᠢᠭ ᠠᠵᠤ ᠠᠬᠤᠶᠢᠯᠠᠯ ᠤᠨ ᠲᠤᠰᠬᠠᠶᠢᠵᠢᠭᠰᠠᠨ᠂ ᠨᠠᠷᠢᠯᠢᠭᠵᠢᠭᠰᠠᠨ ᠂ ᠤᠨᠴᠠᠯᠢᠭᠳᠤ᠂ ᠰᠢᠨ᠎ᠡ ᠰᠡᠪᠡᠬᠦᠨ ᠤᠨᠴᠠᠯᠢᠭ ᠢ ᠵᠢᠭᠠᠵᠤ ᠪᠤᠶ᠃ᠬᠤᠶᠠᠷ ᠢ ᠬᠦᠩᠭᠡᠷᠡᠭᠦᠯᠬᠦ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠳᠠᠰᠬᠠᠯ ᠳᠠᠭᠠᠭᠠᠯᠭᠠᠪᠤᠷᠢ ᠶᠢᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠬᠢᠴᠢᠶᠡᠯ ᠪᠤᠯᠪᠠᠰᠤᠷᠠᠯ ᠤᠨ ᠳᠠᠷᠤᠭᠠᠰᠤ ᠶᠢ ᠬᠦᠩᠭᠡᠷᠡᠭᠦᠯᠬᠦ᠃ ᠪᠠᠭᠰᠢ ᠨᠠᠷ ᠤᠨ ᠬᠠᠮᠵᠢᠯᠴᠠᠭ᠎ᠠ᠄ ᠵᠠᠯᠠᠭᠤ ᠪᠠᠭᠰᠢ ᠨᠠᠷ ᠤᠨ ᠲᠠᠷᠤᠶᠢᠬᠠᠨ ᠠᠵᠢᠯ ᠳᠠᠭᠠᠨ ᠴᠠᠭᠠᠷᠠᠬᠤ ᠵᠠ ᠠᠬᠢᠭᠤᠯᠤᠨ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠤᠯᠠᠮ ᠴᠢᠨᠠᠭᠰᠢᠳᠠ ᠳᠡᠭᠡᠭᠰᠢᠯᠡᠭᠦᠯᠬᠦ ᠤᠨ ᠲᠤᠯᠠᠳᠠ᠂ ᠭᠤᠣᠯᠯᠠᠭᠴᠢ ᠪᠠᠭᠰᠢ ᠨᠠᠷ ᠤᠨ ᠤᠯᠠᠮᠵᠢᠯᠠᠬᠤ᠂ ᠬᠠᠪᠰᠤᠷᠬᠤ᠂ ᠳᠠᠭᠠᠭᠤᠯᠬᠤ ᠢᠳᠡᠪᠬᠢ ᠦᠢᠯᠡᠳᠦᠯ ᠢ ᠢᠳᠡᠪᠬᠢᠳᠡᠢ ᠪᠠᠳᠠᠷᠠᠭᠤᠯᠵᠤ᠂ ︽ᠬᠠᠭᠤᠴᠢᠨ ᠢᠶᠠᠷ ᠰᠢᠨ᠎ᠡ ᠶᠢ ᠳᠠᠭᠠᠭᠤᠯᠬᠤ᠂ ᠰᠢᠨ᠎ᠡ ᠪᠠᠷ ᠬᠠᠭᠤᠴᠢᠨ ᠢ ᠠᠬᠢᠭᠤᠯᠬᠤ᠂ ᠪᠠᠭᠰᠢ ᠱᠠᠪᠢ ᠬᠤᠣᠰᠯᠠᠬᠤ᠂ ᠬᠠᠮᠲᠤ ᠪᠠᠷ ᠳᠡᠭᠡᠭᠰᠢᠯᠡᠬᠦ︾᠎ ᠶᠢ ᠵᠢᠭᠠᠵᠤ ᠪᠤᠢ ᠃ ᠦᠢᠯᠡᠰ ᠪᠤᠰᠬᠠᠵᠦ ᠰᠢᠨ᠎ᠡ ᠶᠢ ᠡᠭᠦᠳᠬᠦ᠄ ᠲᠦᠮᠡᠨ ᠤᠯᠠᠨ ᠢᠶᠠᠷ ᠢᠶᠠᠨ ᠦᠢᠯᠡᠰ ᠪᠤᠰᠬᠠᠵᠦ᠂ ᠲᠦᠭᠡᠮᠡᠯ ᠤᠯᠠᠨ ᠢᠶᠠᠷ ᠢᠶᠠᠨ ᠰᠢᠨ᠎ᠡ ᠶᠢ ᠡᠭᠦᠳᠬᠦ ᠃ ᠭᠤᠷᠪᠠᠨ ᠲᠦᠷᠦᠯ ᠤᠨ ᠠᠯᠪᠠᠨ ᠵᠠᠷᠤᠳᠠᠯ᠄ ᠠᠯᠪᠠᠨ ᠶᠠᠪᠤᠳᠠᠯ ᠢᠶᠠᠷ ᠤᠯᠤᠰ ︵ᠬᠢᠯᠢ︶᠎ ᠠᠴᠠ ᠭᠠᠷᠬᠤ ᠵᠠᠷᠤᠳᠠᠯ᠂ ᠠᠯᠪᠠᠨ ᠤ ᠲᠡᠷᠭᠡ ᠬᠤᠳᠠᠯᠳᠤᠨ ᠠᠪᠬᠤ ᠪᠠ ᠠᠵᠢᠯᠯᠠᠭᠤᠯᠬᠤ ᠵᠠᠷᠤᠳᠠᠯ᠂ ᠠᠯᠪᠠᠨ ᠶᠠᠪᠤᠳᠠᠯ ᠤᠨ ᠵᠣᠴᠢᠯᠠᠬᠤ ᠵᠠᠷᠤᠳᠠᠯ᠃ ᠳᠤᠯᠤᠭ᠎ᠠ ᠶᠢ ᠲᠠᠶᠠᠭᠳᠠᠬᠤ᠄ ︽ᠪᠢ ᠪᠤᠰᠤᠳ ᠢ ᠬᠦᠷᠬᠦ ᠦᠭᠡᠶ︾ ᠭᠡᠬᠦ ᠨᠤᠮᠤᠢ ᠪᠣᠳᠣᠯ᠂ ︽ᠬᠥᠭᠵᠢᠭᠦᠯᠬᠦ ᠪᠠᠷ ᠶᠠᠭᠠᠷᠠᠬᠤ ᠦᠬᠡᠢ︾ ᠲᠠᠶᠢᠪᠣᠩ ᠪᠣᠳᠣᠯ᠂ ︽ᠶᠠᠪᠤᠴᠠ ᠶᠢ ᠴᠢᠬᠤᠯᠠᠴᠢᠯᠠᠨ ᠦᠷ᠎ᠡ ᠳ᠋ᠦᠩ ᠢ ᠬᠦᠩᠭᠡᠪᠴᠢᠯᠡᠬᠦ︾ ᠦᠩᠭᠡᠴᠡ ᠤᠬᠠᠮᠰᠠᠷ᠂ ︽ᠬᠡᠷᠡᠭ ᠤᠴᠢᠷ ᠢ ᠰᠢᠢᠳᠪᠦᠷᠢᠯᠡᠬᠦ ᠦᠬᠡᠢ︾ ᠠᠶᠤᠮᠠᠲᠠᠭᠠᠢ ᠪᠣᠳᠣᠯ᠂ ︽ᠬᠤᠯᠠ ᠶᠢᠨ ᠬᠠᠷᠠᠴᠠ ᠦᠬᠡᠢ︾ ᠤᠬᠤᠷ ᠰᠡᠳᠬᠢᠬᠦᠶ᠂ ︽ᠬᠠᠰᠢ ᠶᠠᠰᠢ ᠬᠠᠨᠳᠤᠬᠤ︾ ᠬᠠᠭᠤᠮᠠᠭᠠᠢ ᠪᠣᠳᠣᠯ ᠪᠣᠯᠤᠨ ︽ᠦᠢᠯᠡᠳᠪᠦᠷᠢᠯᠡᠯ ᠢ ᠴᠢᠬᠤᠯᠠᠴᠢᠯᠠᠨ ᠡᠵᠡᠩᠨᠡᠯᠲᠡ ᠶᠢ ᠬᠥᠩᠭᠡᠪᠴᠢᠯᠡᠬᠦ ︾ ᠨᠠᠵᠠᠭᠠᠢ ᠦᠵᠡᠯᠲᠡ ᠶᠢ ᠲᠠᠶᠠᠭᠳᠠᠬᠤ ᠶᠢ ᠬᠡᠯᠡᠵᠦ ᠪᠤᠢ᠃ 
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠎ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号