︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠳᠤᠮᠳᠠᠳᠤ ᠤᠯᠤᠰ ᠤᠨ ᠠᠳᠤᠭᠤᠨ ᠰᠣᠶᠣᠯ ᠤᠨ ᠲᠦᠪ ᠰᠢᠯᠢ ᠶᠢᠨ ᠭᠤᠤᠯ ᠠᠶᠢᠮᠠᠭ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠰᠢᠯᠤᠭᠤᠨ ᠬᠥᠬᠡ ᠬᠤᠰᠢᠭᠤᠨ ᠳᠠᠬᠢ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2023/12/25
    ᠲᠠᠯ᠎ᠠ ᠨᠣᠳᠤᠭ ᠮᠦᠩᠭᠦᠨ ᠴᠠᠭᠠᠨ ᠦᠩᠭᠡ ᠪᠠᠷ ᠬᠤᠴᠢᠠᠠᠳ᠋ᠬᠠᠰᠠᠨ 12 ᠳ᠋ᠤᠭᠠᠷ ᠰᠠᠷ᠎ᠠ ᠶᠢᠨ 23 ᠤ ᠡᠳᠦᠷ᠂ ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠳᠤᠮᠳᠠᠳᠤ ᠤᠯᠤᠰ ᠤᠨ ᠠᠳᠤᠭᠤᠨ ᠰᠣᠶᠣᠯ ᠤᠨ ᠲᠦᠪ ᠰᠢᠯᠢ ᠶᠢᠨ ᠭᠤᠤᠯ ᠠᠶᠢᠮᠠᠭ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠰᠢᠯᠤᠭᠤᠨ ᠬᠥᠬᠡ ᠬᠤᠰᠢᠭᠤᠨ ᠳᠠᠬᠢ ᠤᠷᠤᠯᠳᠤᠭᠠᠨ‌‍ᠰᠢᠯᠤᠭᠤᠨ ᠬᠥᠬᠡ ᠬᠤᠰᠢᠭᠤᠨ ᠤ ᠵᠢᠭᠠᠰᠤᠲᠠᠶ ᠰᠤᠮᠤᠨ ᠤ ᠪᠠᠶᠠᠨᠪᠤᠯᠠᠭ ᠭᠠᠴᠠᠭᠠᠨ ᠤ ᠬᠤᠭᠤᠯᠠᠳᠤ ᠶᠢᠨ ᠭᠤᠤᠯ ᠬᠡᠷ ᠪᠦᠯᠢ ᠶᠢᠨ ᠮᠠᠯᠵᠢᠯ ᠤᠨ ᠲᠠᠯᠠᠪᠠᠢ ᠳᠤ ᠨᠢᠵᠢᠬᠡᠷ ᠡᠬᠢᠯᠡᠯ᠎ᠡ᠃
   ᠬᠤᠰᠢᠭᠤ ᠤᠳᠤᠷᠢᠳᠤᠯᠭ᠎ᠠ ᠯᠢᠦ ᠰᠢᠶᠤᠤ ᠮᠢᠨ᠂ ᠹᠧᠩ ᠵᠢᠶᠠᠨ ᠵᠢᠶᠦ᠋ᠨ᠂ ᠡᠷᠬᠢᠮ᠂ ᠼᠤᠤ ᠵᠧᠨ ᠢᠦ᠋ᠢ᠂ ᠶᠠᠨ ᠷᠦᠢ ᠴᠢ᠂ ᠯᠢ ᠳ᠋ᠦᠩ᠂ ᠠᠮᠵᠢᠯᠳᠣ᠂ ᠯᠢᠦᠢ ᠡᠾᠦ᠋ᠢ᠂ ᠱᠧᠨ ᠭᠤᠸᠠᠩ ᠱᠧᠩ᠂ ᠵᠣᠷᠢᠭᠰᠠᠶᠢᠬᠠᠨ᠂ ᠯᠢ ᡁᠢ ᠵᠢᠤᠸᠠᠨ ᠡᠬᠢᠯᠡᠯᠲᠡ  ᠶᠢᠨ ᠶᠣᠰᠣᠯᠠᠯ ᠳᠤ ᠣᠷᠣᠯᠴᠠᠪᠠ᠃   ᠡᠬᠢᠯᠡᠯᠲᠡ ᠶᠢᠨ ᠶᠣᠰᠣᠯᠠᠯ ᠳᠡᠭᠡᠷ᠎ᠡ᠂ ᠤᠯᠠᠭᠠᠨᠮᠥ᠋ᠴᠢᠷ ‍ᠦᠨ‌ᠬᠠᠮᠳᠤ ᠶᠢᠨ ᠳᠠᠭᠤᠤ ︽ᠲᠠᠯ᠎ᠠ ᠨᠤᠲᠤᠭ ᠲᠤ ᠮᠥᠩᠬᠡ ᠶᠢᠨ ᠨᠡᠷᠡᠨ ᠮᠠᠨᠳᠤᠯ᠎ᠠ︾᠂ ︽ᠨᠠᠭᠠᠳᠤᠮ ᠤᠨ ᠨᠤᠲᠤᠭ︾᠂ ᠮᠣᠷᠢᠨ ᠬᠤᠭᠤᠷ ᠤᠨ ᠠᠶ᠎ᠠ ︽ᠲᠦᠮᠡᠨ ᠠᠭᠲᠠ ᠶᠢᠨ ᠲᠦᠪᠡᠷᠭᠡᠨ︾  ᠨᠢ ᠰᠢᠯᠤᠭᠤᠨ ᠬᠥᠬᠡ ᠬᠤᠰᠢᠭᠤᠨ ᠤ ᠠᠷᠠᠳ ᠲᠦᠮᠡᠨ ᠤ ᠨᠠᠮ ᠢᠶᠠᠨ ᠬᠠᠶᠢᠷᠠᠯᠠᠬᠤ᠂ ᠡᠬᠡ ᠨᠤᠲᠤᠭ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠶᠢ ᠢᠯᠡᠷᠡᠭᠦᠯᠵᠦ᠂ ᠲᠤᠬᠠᠶ ᠶᠢᠨ ᠲᠠᠯᠠᠪᠠᠶ ᠳᠤ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ  ᠶᠢᠨ ᠲᠠᠭᠤᠨ ᠢ ᠬᠥᠯᠢᠶᠡᠵᠤ ᠪᠠᠶᠢᠯ᠎ᠠ᠃   ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠯᠢᠦ ᠰᠢᠶᠣᠤ ᠮᠢᠨ ᠣᠷᠣᠯᠳᠣᠭᠠᠨ ᠡᠬᠢᠯᠡᠭᠰᠡᠨ ᠢ ᠵᠠᠷᠯᠠᠪᠠ᠃  ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠮᠣᠷᠢᠨ ᠤᠷᠤᠯᠳᠤᠭᠠᠨ ᠵᠢᠩᠬᠢᠨᠢ ᠪᠠᠷ ᠡᠬᠢᠯᠡᠵᠦ᠂ ᠮᠣᠷᠢᠨ ᠤᠷᠤᠯᠳᠤᠭᠠᠨ ᠤ ᠠᠩᠭᠢ ᠰᠠᠩ ᠲᠣᠭᠤᠷᠢᠨ ᠤᠷᠤᠯᠳᠤᠭᠠᠨ ᠤ ᠡᠬᠢᠯᠡᠯᠲᠡ ᠳᠤ ᠬᠦᠷᠴᠦ᠂ ᠳᠤᠮᠳᠠᠳᠤ ᠤᠯᠤᠰ ᠤᠨ ᠮᠣᠷᠢᠨ ᠨᠡᠶᠢᠰᠯᠡᠯ ᠰᠢᠯᠢ  ᠶᠢᠨ ᠭᠤᠤᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠰᠢᠯᠤᠭᠤᠨ ᠬᠥᠬᠡ ᠬᠤᠰᠢᠭᠤᠨ ᠤ ᠤᠷᠤᠯᠳᠤᠭᠠᠨ ᠵᠢᠩᠬᠢᠨᠢ ᠪᠠᠷ ᠡᠬᠢᠯᠡᠪᠡ᠃ ᠲᠣᠰ ᠤᠳᠠᠭᠠᠨ ᠣᠷᠣᠯᠳᠣᠭᠠᠨ ᠳᠤ ᠠᠷᠪᠠᠨ ᠲᠠᠪᠤᠨ ᠺᠢᠯᠣᠮᠧᠲᠷ ᠤᠨ ᠮᠣᠩᠭᠤᠯ ᠮᠣᠷᠢᠨ ᠤ  ᠬᠤᠯᠠ ᠶᠢᠨ ᠮᠤᠷᠢᠨ ᠤ ᠤᠷᠤᠯᠳᠤᠭᠠᠨ᠂ ᠲᠠᠪᠤᠨ ᠺᠢᠯᠣᠮᠧᠲᠷ ᠤᠨ ᠬᠤᠷᠳᠣᠨ ᠮᠣᠷᠢᠨ ᠤ ᠤᠷᠤᠯᠳᠤᠭᠠᠨ ᠤ 2 ᠵᠦᠶᠯ ᠤᠨ ᠠᠭᠤᠯᠭ᠎ᠠ ᠵᠢᠴᠢ ᠮᠦᠰᠦᠨ ᠲᠡᠭᠡᠷᠡᠬᠢ ᠱᠠᠭ᠎ᠠ ᠲᠣᠠᠠᠯᠠᠭᠠᠮ ᠤᠨ ᠣᠷᠣᠯᠳᠣᠭᠠᠨ ᠢ ᠲᠣᠬᠢᠷᠠᠭᠤᠯᠵᠠᠢ᠃  ᠵᠢᠭᠠᠰᠣᠳᠠᠢ ᠰᠤᠮᠤᠨ ᠤ ᠪᠠᠶᠠᠨᠪᠤᠯᠠᠭ ᠭᠠᠴᠠᠭᠠᠨ ᠤ ᠮᠠᠯᠴᠢᠨ ᠰᠢᠨᠵᠢᠯᠡᠳᠦ ᠬᠡᠯᠡᠬᠦ ᠳᠡᠭᠡᠨ᠄ ︽ᠥᠨᠥᠳᠦᠷ ᠮᠢᠨᠦ ᠮᠣᠷᠢ 15 ᠺᠢᠯᠣᠮᠧᠲᠷ ᠤᠨ ᠬᠤᠯᠠ ᠶᠢᠨ ᠮᠤᠷᠢᠨ ᠤ ᠤᠷᠤᠯᠳᠤᠭᠠᠨ ᠳᠤ ᠲᠡᠷᠢᠭᠦᠯᠡᠭᠰᠡᠨ ᠳᠤ ᠪᠢ ᠮᠠᠰᠢ ᠪᠠᠶᠠᠷᠯᠠᠵᠤ ᠪᠠᠶᠢᠨ᠎ᠠ᠂ ᠪᠠᠰᠠ ᠠᠶᠢᠮᠠᠭ ᠤᠨ ᠤᠷᠤᠯᠳᠤᠭᠠᠨ ᠳᠤ ᠣᠷᠣᠯᠴᠠᠬᠤ ᠬᠢᠷᠢ ᠬᠡᠮ ᠢ ᠣᠯᠤᠭᠰᠠᠨ ᠪᠥᠭᠡᠳ ᠠᠶᠢᠮᠠᠭ ᠤᠨ ᠤᠷᠤᠯᠳᠤᠭᠠᠨ ᠳᠤ ᠨᠡᠩ ᠰᠠᠶᠢᠨ ᠬᠢᠷᠢ ᠪᠦᠲᠦᠮᠵᠢ ᠤᠯᠬᠤ ᠪᠠᠷ ᠴᠢᠷᠮᠠᠶᠢᠨ᠎ᠠ︾ ᠬᠡᠯ᠎ᠡ᠃  ᠡᠨᠡ ᠬᠤᠭᠤᠴᠠᠭᠠᠨ ᠳᠤ ᠪᠠᠰᠠ ᠬᠤᠯᠠᠨ ᠰᠢᠷᠭ᠎ᠠ ᠲᠠᠭ᠎ᠠ ᠶᠢᠨ ᠡᠯᠡᠰᠦᠨ ᠤ ᠦᠬᠡᠷ  ᠤᠨ ᠮᠢᠬᠠᠨ ᠤ ᠳᠠᠶᠢᠯᠠᠯᠭ᠎ᠠ᠂ ᠡᠪᠦᠯ  ᠤᠨ ᠤᠯᠠᠷᠢᠯ ᠤᠨ ᠤᠶᠤᠨ ᠤ ᠲᠠᠮᠢᠷ ᠤᠨ ᠤᠷᠤᠯᠳᠤᠭᠠᠨ ᠪᠣᠯᠤᠨ ᠲᠢᠺ ᠲᠣᠺ ᠤᠨ ᠵᠢᠵᠢᠭ ᠳᠡᠯᠭᠡᠭᠦᠷ ᠤᠨ ᠰᠢᠭᠤᠳ ᠨᠡᠪᠲᠡᠷᠡᠭᠦᠯᠭᠡ ᠪᠣᠯᠤᠨ ᠵᠤᠭᠠᠴᠠᠭᠰᠠᠳ ᠤᠨ ᠲᠥᠪ ᠤᠨ ᠪᠦᠬᠡ ᠶᠢᠨ ᠡᠪᠦᠯ ᠤᠨ ᠤᠯᠠᠷᠢᠯ ᠤᠨ ᠤᠷᠤᠯᠳᠤᠭᠠᠨ ᠤ ᠰᠢᠭᠤᠳ ᠨᠡᠪᠲᠡᠷᠡᠭᠦᠯᠭᠡ ᠵᠡᠷᠭᠡ ᠠᠵᠢᠯᠯᠠᠭ᠎ᠠ ᠶᠢ ᠦᠷᠭᠦᠯᠵᠢᠯᠡᠨ ᠡᠷᠬᠢᠯᠡᠵᠦ᠂ ᠣᠷᠣᠯᠳᠣᠭᠠᠨ ᠨᠢ ᠨᠢᠭᠡ ᠰᠠᠷ᠎ᠠ ᠬᠦᠷᠴᠦ᠂ ᠰᠢᠯᠤᠭᠤᠨ ᠬᠦᠬᠡ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠰᠢᠷᠢᠰ ᠠᠵᠢᠯᠯᠠᠭᠠᠨ ᠤ ᠨᠡᠷᠡᠳᠣ ᠲᠡᠮᠳᠡᠭ ᠢ ᠴᠢᠷᠮᠠᠶᠢᠨ ᠡᠭᠦᠥᠠᠬᠦ ᠪᠣᠯᠤᠨ᠎ᠠ᠃
微信图片_20231225160041.jpg
  ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠢᠶᠠᠷ ᠠᠵᠠ ᠲᠤᠬᠢᠨᠶᠠᠯ ᠪᠤᠯᠭᠠᠵᠤ᠂ ᠰᠢᠯᠤᠭᠤᠨ ᠬᠥᠬᠡ ᠬᠤᠰᠢᠭᠤᠨ ᠤ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠢ ᠡᠷᠬᠢᠯᠡᠬᠦ ᠪᠠ ᠡᠪᠦᠯ ᠤᠨ ᠤᠯᠠᠷᠢᠯ ᠤᠨ ᠮᠥᠰᠥ ᠴᠠᠰᠤᠨ ᠤ ᠵᠢᠭᠤᠯᠴᠢᠯᠠᠯ ᠢ ᠣᠶᠠᠯᠳᠣᠭᠤᠯᠣᠨ ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠵᠦᠢᠯᠡᠰ ᠢ ᠨᠡᠭᠡᠭᠡᠨ ᠭᠦᠭᠵᠢᠬᠦᠯᠵᠦ᠂ ᠡᠪᠦᠯ ᠤᠨ ᠤᠯᠠᠷᠢᠯ ᠤᠨ ᠵᠢᠭᠤᠯᠴᠢᠯᠠᠯ  ᠤᠨ ᠵᠠᠬ᠎ᠠ ᠳᠡᠯᠭᠡᠭᠦᠷ ᠢ ᠬᠦᠭᠵᠢᠬᠡᠨ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠦᠶᠯᠡᠰ ᠤᠨ ᠬᠥᠭᠵᠢᠯᠲᠡ ᠶᠢ ᠲᠠᠶᠢᠴᠢᠯᠠᠵᠦ᠂ ᠥᠷᠭᠡᠨ ᠣᠯᠠᠨ ᠵᠢᠭᠤᠯᠴᠢᠯᠠᠭᠴᠢᠳ ᠤᠨ ᠪᠡᠶᠡᠴᠢᠯᠡᠨ ᠣᠶᠢᠯᠠᠭᠠᠬᠤ ᠶᠢ ᠲᠠᠰᠤᠷᠠᠯᠲᠠ ᠦᠭᠡᠢ ᠪᠠᠶᠠᠯᠢᠠᠠᠵᠢᠭᠤᠯᠵᠦ᠂ ᠰᠢᠯᠤᠭᠤᠨ ᠬᠥᠬᠡ ᠬᠤᠰᠢᠭᠤᠨ ᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠴᠤᠭ ᠵᠢᠪᠬᠤᠭ᠎ᠠ ᠶᠢ ᠢᠯᠡᠷᠡᠬᠦᠯᠦᠨ᠂ ᠰᠢᠯᠤᠭᠤᠨ ᠬᠥᠬᠡ ᠬᠤᠰᠢᠭᠤᠨ ᠤ ᠵᠢᠭᠤᠯᠴᠢᠯᠠᠯ ᠤᠨ ᠪᠦᠬᠦᠯᠢ ᠴᠣᠭᠴᠠ ᠶᠢᠨ ᠳᠦᠷᠢ ᠲᠥᠷᠬᠦ ᠪᠠ‌ᠨᠡᠷ᠎ᠡ‌ᠠᠯᠳᠠᠷᠰᠢᠯ ᠬᠢᠭᠡᠳ ᠨᠥᠯᠥᠭᠡᠯᠡᠬᠦ ᠬᠦᠴᠦᠨ ᠢ ᠪᠦᠬᠦ ᠲᠠᠯ᠎ᠠ ᠪᠠᠷ ᠲᠡᠭᠡᠭᠰᠢᠯᠡᠬᠦᠯᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠯᠣᠨ᠎ᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号