ᠬᠤᠯᠠᠨ ᠰᠢᠷᠭ᠎ᠠ ᠲᠠᠭ᠎ᠠ ᠶᠢᠨ ᠡᠯᠡᠰᠦᠨ ᠤ ᠦᠬᠡᠷ ᠤᠨ ᠮᠢᠬᠠᠨ ᠤ ᠳᠠᠶᠢᠯᠠᠯᠭ᠎ᠠ ᠶᠠᠪᠤᠠᠠᠳᠠᠯ᠎ᠠ
ᠨᠡᠶᠢᠲᠡᠯᠡᠭᠰᠡᠨ ᠴᠠᠭ᠄
2023/12/25
    12 ᠰᠠᠷ᠎ᠠ ᠶᠢᠨ 24 ᠤ ᠡᠳᠦᠷ᠂ ᠥᠪᠡᠷᠮᠢᠴᠡ ᠣᠨᠴᠠᠯᠢᠭ ᠲᠠᠢ ᠠᠮᠲᠠᠲᠤ ᠢᠳᠡᠭᠡᠨ ᠤ ᠦᠪᠡᠳᠡᠭᠰᠢ ᠴᠤᠭᠯᠠᠭᠠᠨ — ᠰᠢᠯᠤᠭᠤᠨ ᠬᠥᠬᠡ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠨ ᠤ ᠦᠬᠡᠷ ᠤᠨ ᠮᠢᠬᠠᠨ ᠤ ᠳᠠᠶᠢᠯᠠᠯᠭ᠎ᠠ ᠰᠢᠯᠤᠭᠤᠨ ᠬᠥᠬᠡ ᠬᠤᠰᠢᠭᠤᠨ ᠤ ᠴᠠᠭᠠᠨ ᠢᠳᠡᠬᠡᠨ ᠤ ᠵᠣᠭᠤᠭ ᠤᠨ ᠦᠷᠦᠬᠡᠨ ᠳᠤ ᠶᠠᠪᠤᠠᠠᠳᠠᠯ᠎ᠠ᠃  ᠴᠠᠭᠠᠨ ᠢᠳᠡᠬᠡᠨ ᠤ ᠵᠣᠭᠤᠭ ᠤᠨ ᠦᠷᠦᠬᠡᠨ ᠤ ᠭᠠᠳᠠᠨ᠎ᠠ᠂ 500 ᠵᠢᠩ ᠦᠬᠡᠷ ᠤᠨ ᠮᠢᠬ᠎ᠠ ᠶᠢ ᠲᠣᠮᠣ ᠲᠣᠭᠤᠭᠠᠨ ᠳᠤ 4 ᠴᠠᠭ ᠭᠠᠷᠤᠶ ᠴᠢᠨᠠᠵᠤ ᠪᠤᠯᠭᠤᠭᠰᠠᠨ ᠤ ᠳᠠᠷᠠᠭ᠎ᠠ ᠦᠪᠡᠳᠡᠭᠰᠢ ᠳᠠᠶᠢᠯᠠᠯᠭ᠎ᠠ ᠡᠬᠢᠯᠡᠭᠦᠯᠵᠦ᠂ ᠵᠤᠭᠠᠴᠠᠭᠰᠠᠳ ᠪᠣᠯᠤᠨ ᠰᠠᠭᠤᠭᠠᠯᠢ ᠠᠷᠠᠳ ᠬᠠᠮᠳᠤ ᠳᠠᠭᠠᠨ ᠰᠢᠯᠤᠭᠤᠨ ᠬᠥᠬᠡ ᠬᠤᠰᠢᠭᠤᠨ ᠤ ᠡᠯᠡᠰᠦᠨ ᠤ ᠦᠬᠡᠷ ᠤᠨ ᠮᠢᠬ᠎ᠠ ᠶᠢ ᠠᠮᠳᠠᠯᠠᠵᠠᠭᠠᠭᠰᠠᠨ ᠪᠠᠶᠢᠨ᠎ᠠ᠃  ᠰᠢᠯᠤᠭᠤᠨ ᠬᠥᠬᠡ ᠬᠤᠰᠢᠭᠤᠨ ᠤ ᠤᠯᠠᠭᠠᠨᠮᠥ᠋ᠴᠢᠷ ᠤᠨ ᠲᠣᠭᠯᠠᠭᠴᠢᠳ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠠᠵᠢᠯᠯᠠᠭ᠎ᠠ ᠳᠤ ᠬᠦᠷ ᠬᠦᠭᠵᠢᠶᠡᠨ ᠨᠡᠮᠡᠷᠢᠯᠡᠯ᠎ᠡ᠃  ᠰᠠᠭᠤᠭᠠᠯᠢ ᠠᠷᠠᠳ ᠯᠢᠦᠢ ᠴᠦᠨ ᠵᠢᠩ ᠬᠡᠯᠡᠬᠦ ᠳᠡᠭᠡᠨ᠄ ︽ᠪᠢᠳᠡ ᠡᠨᠡ ᠤᠳᠠᠭᠠᠨ ᠤ ᠬᠥᠳᠡᠯᠭᠡᠭᠡᠨ ᠳᠤ ᠤᠷᠢᠭᠳᠠᠨ ᠣᠷᠣᠯᠴᠠᠵᠤ᠂ ᠰᠢᠨ᠎ᠡ ᠰᠣᠷᠭᠤᠭ ᠦᠬᠡᠷ ᠤᠨ ᠮᠢᠬ᠎ᠠ ᠠᠮᠳᠠᠯᠠᠯ᠎ᠠ᠃ ᠮᠠᠨ ᠤ ᠰᠢᠯᠤᠭᠤᠨ ᠬᠥᠬᠡ ᠬᠤᠰᠢᠭᠤᠨ ᠤ ᠦᠬᠡᠷ ᠤᠨ ᠮᠢᠬ᠎ᠠ ᠦᠨᠦᠷ ᠠᠮᠳᠠ ᠰᠤᠷᠭᠤᠭ ᠰᠠᠶᠢᠬᠠᠨ ᠪᠠᠶᠢᠨ᠎ᠠ︾ ᠬᠡᠯ᠎ᠡ᠃  ᠵᠤᠭᠠᠴᠠᠭᠴᠢ ᠡᠦ ᠰᠢᠤᠸᠠᠢ ᠶᠠᠨ᠄ ︽ᠪᠢ ᠹᠦᠵᠢᠶᠠᠨ ᠮᠤᠵᠢ ᠠᠴᠠ ᠢᠷᠡᠭᠰᠡᠨ᠂ ᠡᠨᠡ ᠲᠣᠬᠢᠶᠠᠯ ᠢᠶᠠᠷ ᠲᠤᠬᠠᠢ ᠶᠢᠨ ᠭᠠᠵᠠᠷ  ᠤᠨ ᠠᠮᠲᠠᠲᠤ ᠢᠳᠡᠭᠡᠨ ᠢ ᠠᠮᠲᠠᠯᠠᠵᠤ᠂ ᠪᠠᠰᠠ ᠲᠤᠬᠠᠢ ᠶᠢᠨ ᠭᠠᠵᠠᠷ ᠤᠨ ᠨᠠᠶᠢᠵᠠ ᠨᠠᠷ ᠤᠨ ᠬᠠᠯᠠᠭᠤᠮᠰᠤᠭ ᠵᠠᠩ ᠠᠷᠠᠨᠰᠢᠨ  ᠢ ᠮᠡᠳᠡᠷᠡᠭᠰᠡᠨ︾ ᠬᠡᠯ᠎ᠡ᠃   ᠲᠣᠰ ᠤᠳᠠᠭᠠᠨ ᠤ ᠡᠯᠡᠰᠦᠨ ᠤ ᠦᠬᠡᠷ ᠤᠨ ᠮᠢᠬᠠᠨ ᠤ ᠳᠠᠶᠢᠯᠠᠯᠭ᠎ᠠ ᠳᠤ ᠰᠢᠯᠤᠭᠤᠨ ᠬᠥᠬᠡ ᠬᠤᠰᠢᠭᠤᠨ ᠤ ᠪᠡᠯᠴᠢᠭᠡᠷᠯᠡᠭᠦᠯᠦᠨ ᠮᠠᠯᠵᠢᠭᠰᠠᠨ ᠦᠬᠡᠷ ᠤᠨ ᠮᠢᠬ᠎ᠠ ᠶᠢ ᠭᠡᠷᠡᠭᠯᠡᠵᠦ᠂ ᠡᠨᠡ ᠨᠢ ᠲᠡᠵᠢᠭᠡᠯ ᠪᠣᠷᠳᠣᠭᠠᠨ ᠤ ᠨᠡᠮᠡᠯᠲᠡ ᠡᠳ᠋ ᠠᠭᠤᠯᠤᠭᠳᠠᠬᠤ ᠦᠭᠡᠢ᠂ ᠰᠢᠮ᠎ᠡ ᠲᠡᠵᠢᠭᠡᠯ ᠡᠯᠪᠡᠭ᠂ ᠠᠮᠲᠠ ᠨᠢ ᠰᠣᠷᠭᠤᠭ᠂ ᠣᠯᠠᠨ ᠵᠦᠶᠯ ᠤᠨ ᠰᠢᠮ᠎ᠡ ᠲᠡᠵᠢᠭᠡᠯ ᠤᠨ ᠪᠣᠳᠠᠰ ᠠᠭᠤᠯᠣᠠᠠᠳᠠᠵᠦ ᠪᠠᠶᠢᠳᠠᠭ ᠢᠶᠠᠷ ᠢᠶᠠᠨ ᠠᠯᠳᠠᠷᠲᠠᠶ ᠶᠤᠮ᠃  ᠠᠬᠤᠢ ᠳᠠᠯᠠᠪᠠᠢ ᠳᠤ ︽ᠰᠦᠯᠵᠢᠶᠡᠨ ᠤᠳᠤ︾ ᠡᠩᠬᠡ ᠪᠣᠯᠤᠨ ᠡᠯ᠎ᠡ ᠠᠵᠤ ᠠᠬᠤᠶᠢᠯᠠᠯ ᠤᠨ ᠬᠢᠨ ᠰᠢᠭᠤᠳ ᠨᠡᠪᠲᠡᠷᠡᠭᠦᠯᠭᠡ ᠪᠠᠷ ᠬᠤᠯᠠᠨ ᠰᠢᠷᠭ᠎ᠠ ᠲᠠᠭ᠎ᠠ ᠶᠢᠨ ᠡᠯᠡᠰᠦᠨ ᠤ ᠦᠬᠡᠷ ᠤᠨ ᠮᠢᠬᠠᠨ ᠤ ᠳᠠᠶᠢᠯᠠᠯᠭ᠎ᠠ ᠶᠢ ᠲᠠᠨᠢᠯᠴᠠᠭᠤᠯᠬᠤ ᠶᠢᠨ ᠬᠠᠮᠳᠤ ᠦᠬᠡᠷ ᠬᠤᠨᠢᠨ ᠤ ᠮᠢᠬᠠᠨ ᠤ ᠪᠦᠲᠦᠭᠡᠭᠳᠡᠬᠦᠨ ᠪᠤᠷᠤᠯᠠᠭᠤᠯᠤᠨ᠂ ᠤᠯᠠᠨ ᠰᠦᠯᠵᠢᠶᠡᠴᠢᠳ ᠤᠨ ᠠᠩᠬᠠᠷᠤᠯ ᠢ ᠳᠠᠳᠠᠵᠤ ᠪᠠᠶᠢᠯ᠎ᠠ᠃
   ᠰᠢᠯᠤᠭᠤᠨ ᠬᠥᠬᠡ ᠬᠤᠰᠢᠭᠤᠨ ᠤ ᠴᠠᠭᠠᠨ ᠢᠳᠡᠬᠡᠨ ᠤ ᠵᠣᠭᠤᠭ ᠤᠨ ᠦᠷᠦᠬᠡᠨ ᠤ ᠠᠵᠢᠯᠳᠠᠨ ᠬᠤᠳᠠᠯᠠ ᠬᠡᠯᠡᠬᠦ ᠳᠡᠭᠡᠨ᠄ ︽ᠠᠩᠬᠠᠳᠤᠭᠠᠷ ᠬᠤᠭᠤᠴᠠᠭᠠᠨ ᠤ ︿ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ﹀ ᠳᠤᠮᠳᠠᠳᠤ ᠤᠯᠤᠰ ᠤᠨ ᠠᠳᠤᠭᠤᠨ ᠰᠣᠶᠣᠯ ᠤᠨ ᠲᠦᠪ — ᠰᠢᠯᠢ ᠶᠢᠨ ᠭᠤᠤᠯ ᠠᠶᠢᠮᠠᠭ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ  ᠤ ᠰᠢᠯᠤᠭᠤᠨ ᠬᠥᠬᠡ ᠬᠤᠰᠢᠭᠤᠨ ᠳᠠᠬᠢ ᠠᠵᠢᠯᠯᠠᠭ᠎ᠠ ᠪᠠᠷ ᠳᠠᠮᠵᠢᠭᠤᠯᠵᠤ ᠪᠢᠳᠡ ᠰᠢᠯᠤᠭᠤᠨ ᠬᠥᠬᠡ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠨ ᠤ ᠦᠬᠡᠷ ᠤᠨ ᠮᠢᠬ᠎ᠠ ᠶᠢ ᠭᠠᠳᠠᠭᠰᠢ ᠤᠬᠠᠭᠤᠯᠤᠨ ᠰᠤᠷᠳᠠᠯᠴᠢᠯᠠᠬᠤ ᠶᠢᠨ ᠬᠠᠮᠳᠤ ᠪᠠᠰᠠ ᠮᠠᠨ  ᠤ ᠰᠢᠯᠤᠭᠤᠨ ᠬᠥᠬᠡ ᠬᠤᠰᠢᠭᠤᠨ ᠤ ᠡᠯ᠎ᠡ ᠵᠦᠶᠯ ᠤᠨ ᠣᠨᠴᠠᠯᠢᠭᠲᠤ ᠴᠠᠭᠠᠨ ᠢᠳᠡᠭᠡᠨ ᠢ ᠲᠤᠬᠠᠶ ᠶᠢᠨ ᠲᠠᠯᠠᠪᠤᠷ ᠲᠤ ᠪᠤᠷᠤᠯᠠᠭᠤᠯᠵᠤ᠂ ᠰᠢᠯᠤᠭᠤᠨ ᠬᠥᠬᠡ ᠬᠤᠰᠢᠭᠤᠨ ᠤ ᠣᠨᠴᠠᠯᠢᠭ ᠢ ᠤᠬᠠᠭᠤᠯᠤᠨ᠂ ᠰᠢᠯᠤᠭᠤᠨ ᠬᠥᠬᠡ ᠬᠤᠰᠢᠭᠤ ᠶᠢ ᠨᠠᠩ ᠣᠯᠠᠨ ᠬᠥᠮᠦᠨ ᠳᠤ ᠤᠶᠢᠯᠠᠭᠠᠭᠤᠯᠵᠤ᠂ ᠨᠠᠩ ᠣᠯᠠᠨ ᠬᠥᠮᠦᠨ ᠵᠤᠭᠠᠴᠠᠨ ᠲᠤᠭᠤᠷᠢᠬᠤ ᠪᠠᠷ ᠢᠷᠡᠬᠦ ᠶᠢ ᠪᠠᠶᠠᠷᠯᠠᠨ ᠤᠭᠲᠤᠵᠤ ᠪᠠᠶᠢᠨ᠎ᠠ︾ ᠬᠡᠯ᠎ᠡ᠃  ᠬᠤᠯᠠᠨ ᠰᠢᠷᠭ᠎ᠠ ᠲᠠᠭ᠎ᠠ ᠶᠢᠨ ᠡᠯᠡᠰᠦᠨ ᠤ ᠦᠬᠡᠷ ᠤᠨ ᠮᠢᠬᠠᠨ ᠤ ᠳᠠᠶᠢᠯᠠᠯᠭ᠎ᠠ ᠪᠠᠷ ᠳᠠᠮᠵᠢᠭᠤᠯᠤᠨ᠂ ᠰᠢᠯᠤᠭᠤᠨ ᠬᠥᠬᠡ ᠬᠤᠰᠢᠭᠤᠨ ᠤ ᠨᠤᠲᠤᠭ ᠤᠨ ᠦᠬᠡᠷ ᠤᠨ ᠮᠢᠬᠠᠨ ᠤ ᠠᠮᠲᠠᠲᠤ ᠢᠳᠡᠭᠡᠨ ᠢ ᠳᠡᠯᠭᠡᠨ ᠦᠵᠡᠭᠦᠯᠵᠦ᠂ ᠬᠤᠯᠠᠨ ᠰᠢᠷᠭ᠎ᠠ ᠲᠠᠭ᠎ᠠ  ᠶᠢᠨ ᠡᠯᠡᠰᠦᠨ ᠤ ᠦᠬᠡᠷ ᠤᠨ ᠮᠢᠬ᠎ᠠ ᠪᠠᠷ ᠲᠥᠯᠥᠭᠡᠯᠡᠭᠦᠯᠦᠭᠰᠡᠨ ᠠᠮᠲᠠᠲᠤ ᠢᠳᠡᠭᠡᠨ ᠤ ᠨᠡᠷᠡᠳᠦ ᠲᠡᠮᠳᠡᠭ ᠢ ᠡᠬᠦᠳᠴᠠᠢ᠃   ᠡᠨᠡ ᠵᠢᠯ᠂ ᠰᠢᠯᠤᠭᠤᠨ ᠬᠥᠬᠡ ᠬᠤᠰᠢᠭᠤ ︽ᠮᠣᠩᠭᠤᠯ ᠮᠣᠷᠢᠨ︾ ᠤ ᠬᠤᠯᠪᠣᠭᠠᠲᠤ ᠤᠷᠤᠯᠳᠤᠭᠠᠨ ᠢ ᠡᠪᠦᠯ ᠤᠨ ᠤᠯᠠᠷᠢᠯ ᠤᠨ ᠮᠥᠰᠥ ᠴᠠᠰᠤᠨ ᠤ ᠵᠢᠭᠤᠯᠴᠢᠯᠠᠯ ᠲᠠᠢ ᠤᠶᠠᠯᠳᠤᠭᠤᠯᠵᠤ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠡᠬᠢ ᠪᠠᠶᠠᠯᠢᠭ ᠢ ᠤᠯᠠᠮ ᠴᠢᠨᠠᠭᠰᠢᠳᠠ ᠠᠭᠤᠳᠠᠯᠤᠨ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠦᠶᠯᠡᠰ ᠤᠨ ᠬᠥᠭᠵᠢᠯᠲᠡ ᠶᠢ ᠳᠠᠶᠢᠴᠢᠯᠠᠵᠤ᠂ ᠥᠷᠭᠡᠨ ᠣᠯᠠᠨ ᠵᠢᠭᠤᠯᠴᠢᠯᠠᠭᠴᠢᠳ ᠲᠤ ᠡᠪᠦᠯ ᠤᠨ ᠤᠯᠠᠷᠢᠯ ᠤᠨ ᠵᠢᠭᠤᠯᠴᠢᠯᠠᠯ ᠢ ᠪᠡᠶᠡᠴᠢᠯᠡᠨ ᠣᠶᠢᠯᠠᠭᠠᠬᠤ ᠲᠤᠬᠢᠶᠠᠯ ᠬᠠᠩᠭᠠᠨ᠂ ᠰᠢᠯᠤᠭᠤᠨ ᠬᠥᠬᠡ ᠬᠤᠰᠢᠭᠤᠨ ᠤ ᠨᠡᠷ᠎ᠡ ᠠᠯᠳᠠᠷ ᠪᠠ ᠨᠥᠯᠥᠭᠡᠯᠡᠬᠦ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠦᠭᠰᠡᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号