ᠵᠠᠰᠠᠭ ᠤᠨ ᠣᠷᠳᠣᠨ ᠤ ᠠᠵᠢᠯ ᠤᠨ ᠢᠯᠡᠳᠬᠡᠯ | 2023 ᠣᠨ ᠤ 1 ᠰᠠᠷ᠎ᠠ ᠶᠢᠨ 2 ᠤᠨ ᠡᠳᠦᠷ ᠰᠢᠯᠤᠭᠤᠨ ᠬᠥᠬᠡ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ | ᠰᠢᠯᠣᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠯᠢᠦ ᠰᠢᠶᠣᠣ ᠮᠢᠨ | ᠲᠥᠯᠥᠭᠡᠯᠡᠭᠴᠢᠳ ᠡ᠄ | ᠣᠳᠣ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ | ᠬᠢᠶ᠎ᠡ᠂ ᠬᠢᠨᠠᠨ ᠵᠥᠪᠯᠡᠬᠦ ᠪᠤᠯᠪᠠᠤ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ | ᠣᠷᠣᠯᠴᠠᠭᠰᠠᠳ ᠰᠠᠨᠠᠯ ᠢᠶᠠᠨ ᠳᠤᠷᠠᠳᠬᠤ ᠪᠤᠯᠪᠠᠤ᠃ | ᠨᠢᠭᠡ᠂ 2022 ᠣᠨ ᠤ ᠠᠵᠢᠯ ᠤᠨ ᠡᠷᠭᠢᠴᠡᠭᠦᠯᠦᠯ | 2022 ᠣᠨ ᠪᠣᠯ ᠰᠢᠨ᠎ᠡ ᠨᠢᠭᠡ ᠬᠤᠭᠤᠴᠠᠭᠠᠨ ᠤ ᠬᠤᠰᠢᠭᠤ ᠵᠠᠰᠠᠭ ᠤᠨ ᠣᠷᠳᠣᠨ ᠤ ᠠᠵᠢᠯ ᠤᠨ ᠡᠬᠢᠯᠡᠯᠲᠡ ᠶᠢᠨ | ᠵᠢᠯ ᠪᠤᠯᠠᠬᠤ ᠮᠦᠷᠳᠡᠬᠡᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠵᠦ᠂ ᠬᠤᠰᠢᠭᠤ | ᠠᠷᠪᠠᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠤᠭᠰᠠᠨ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ | ᠬᠤᠰᠢᠭᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ᠂ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ᠪᠥᠬᠦ | ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ | ᠳᠤ ᠲᠤᠰᠢᠶᠠᠭᠰᠠᠨ ︽ᠲᠠᠪᠤᠨ ᠴᠢᠬᠤᠯᠠ ᠡᠭᠦᠷᠭᠡ ︾ ᠶᠢᠨ ᠲᠣᠭᠤᠷᠢᠨ ᠳᠤ᠂ ︽ᠬᠢᠵᠢᠭ ᠢ ᠴᠢᠩᠭ᠎ᠠ ᠰᠡᠷᠭᠡᠶᠢᠯᠡᠨ᠂ | ᠠᠵᠤ ᠠᠬᠤᠶ ᠶᠢ ᠲᠤᠭᠲᠠᠪᠤᠷᠢᠵᠢᠭᠤᠯᠵᠤ᠂ ᠠᠶᠤᠯ ᠦᠭᠡᠢ ᠬᠥᠭᠵᠢᠯᠲᠠ ᠶᠢ ᠪᠠᠲᠤᠯᠠᠬᠤ︾ ᠴᠢᠬᠤᠯᠠ ᠱᠠᠭᠠᠷᠳᠠᠯᠭ᠎ᠠ ᠶᠢ | ᠡᠷᠡᠰ ᠪᠠᠷᠢᠮᠲᠠᠯᠠᠵᠤ᠂ ︽ᠬᠤᠶᠠᠷ ᠬᠡᠯᠬᠢᠶ᠎ᠡ ᠬᠤᠶᠠᠷ ᠤᠷᠤᠨ︾ ︽ᠲᠠᠪᠤᠨ ᠵᠦᠶᠯ ᠤᠨ ᠣᠨᠴᠠᠯᠢᠭᠲᠤ ᠠᠵᠤ ᠦᠶᠯᠡᠰ ︾ | ᠢ ᠪᠥᠬᠦ ᠲᠠᠯ᠎ᠠ ᠪᠠᠷ ᠠᠬᠢᠭᠤᠯᠬᠤ᠂ ᠦᠷ᠎ᠡ ᠪᠦᠲᠦᠮᠵᠢ ᠲᠠᠢ ᠠᠵᠢᠯᠯᠠᠭᠰᠠᠨ ᠮᠦᠷᠳᠡᠬᠡᠨ ᠬᠢᠵᠢᠭ ᠲᠠᠢ ᠲᠡᠮᠡᠴᠡᠬᠦ᠂ ᠠᠵᠣ | ᠠᠬᠤᠢ ᠶᠢ ᠲᠤᠭᠳᠠᠪᠤᠷᠢᠳᠠᠢ ᠨᠡᠮᠡᠭᠳᠡᠭᠦᠯᠬᠦ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠲᠤ | ᠠᠰᠢᠭ ᠬᠦᠷᠲᠡᠭᠡᠬᠦ᠂ ᠲᠦᠭᠰᠢᠬᠦᠷᠢ ᠠᠴᠠ ᠰᠡᠷᠭᠡᠶᠢᠯᠡᠬᠦ᠂ ᠲᠤᠭᠲᠠᠭᠤᠨ ᠢ ᠪᠠᠲᠤᠯᠠᠬᠤ ᠡᠯ᠎ᠡ ᠲᠠᠯ᠎ᠠ ᠶᠢᠨ ᠠᠵᠢᠯ ᠢ ᠪᠦᠬᠦ | ᠲᠠᠯ᠎ᠠ ᠪᠠᠷ ᠰᠠᠶᠢᠲᠤᠷ ᠬᠢᠵᠦ᠂ ᠠᠵᠤ ᠠᠬᠤᠶ ᠨᠡᠶᠢᠭᠡᠮ ᠤᠨ ᠲᠣᠭᠲᠠᠭᠤᠨ ᠬᠥᠭᠵᠢᠯᠲᠡ ᠶᠢ ᠪᠠᠲᠤᠯᠠᠪᠠ ᠃ | ᠪᠦᠬᠦ ᠵᠢᠯ ᠳᠤ᠂ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ 68.9 ᠳ᠋ᠦᠩᠰᠢᠭᠤᠷ ᠲᠥᠭᠦᠷᠢᠭ | ᠲᠤ ᠬᠦᠷᠴᠦ᠂ 3.2% ᠢᠶᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 38.6 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ 35.6% ᠪᠠᠷ ᠨᠡᠮᠡᠭᠳᠡᠪᠡ︔ ᠣᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ 3. | 2 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 26.6% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠪᠣᠳᠠᠰ ᠢ | ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 13.3 ᠳ᠋ᠦᠩᠰᠢᠭᠤᠷ ᠲᠥᠭᠦᠷᠢᠭ ᠲᠤ ᠬᠦᠷᠴᠦ᠂ 2.4% ᠪᠠᠷ | ᠨᠡᠮᠡᠭᠳᠡᠪᠡ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤᠶᠢᠴᠠ ᠣᠷᠣᠯᠭ᠎ᠠ | 44800 ᠲᠥᠭᠦᠷᠢᠭ ᠪᠠ 25010 ᠲᠥᠭᠦᠷᠢᠭ ᠲᠤ ᠬᠦᠷᠴᠦ᠂ ᠲᠣᠰᠪᠣᠷᠢ 5% ᠪᠠ 7% ᠪᠠᠷ ᠨᠡᠮᠡᠭᠳᠡᠨ᠂ | ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ ᠃ | ᠨᠢᠭᠡ ᠵᠢᠯ ᠤᠨ ᠲᠤᠷᠰᠢ᠂ ᠪᠢᠳᠡ ᠬᠦᠭᠵᠢᠯᠲᠡ ᠶᠢᠨ ᠣᠷᠴᠢᠨ ᠢ ᠰᠢᠯᠢᠳᠡᠭᠵᠢᠭᠦᠯᠵᠦ᠂ ᠠᠵᠤ ᠠᠬᠤᠢ ᠶᠢᠨ ᠬᠥᠭᠵᠢᠯᠲᠡ | ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠪᠡ | ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠠᠷ ᠲᠠᠮᠵᠢᠭᠤᠯᠵᠦ ᠴᠢᠨᠠᠷᠯᠢᠭ ᠬᠥᠭᠵᠢᠯᠲᠡ ᠶᠢ ᠠᠬᠢᠭᠤᠯᠪᠠ᠃ ︽2022 | ᠣᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠤᠨ ᠲᠥᠰᠦᠯ ︾ ᠪᠣᠯᠤᠨ ᠭᠤᠤᠯᠳᠠᠯᠭ᠎ᠠ ᠲᠠᠢ ᠲᠦᠷᠦᠯ ᠵᠦᠢᠯ | ᠤᠨ ᠵᠢᠭᠰᠠᠭᠠᠯᠳᠠ ᠶᠢ ᠨᠠᠶᠢᠷᠠᠭᠤᠯᠤᠨ ᠵᠣᠬᠢᠶᠠᠵᠤ᠂ ︽ᠨᠢᠭᠡ ᠠᠵᠤ ᠠᠬᠤᠶᠢᠯᠠᠯ ᠲᠠᠢ ᠨᠢᠭᠡ ᠠᠵᠢᠯ ᠤᠨ ᠪᠠᠭ ᠬᠠᠷᠢᠴᠠᠬᠤ ︾ | ᠲᠤᠭᠳᠠᠯᠴᠠᠭ᠎ᠠ ᠶᠢ ᠪᠠᠶᠢᠭᠤᠯᠵᠦ᠂ ︽ᠭᠠᠳᠠᠭᠰᠢ ᠭᠠᠷᠬᠤ᠂ ᠤᠷᠢᠵᠤ ᠠᠪᠴᠢᠷᠠᠬᠤ︾ ᠠᠷᠭ᠎ᠠ ᠶᠢ ᠬᠡᠷᠡᠭᠯᠡᠨ᠂ ᠪᠦᠬᠦ | ᠬᠤᠰᠢᠭᠤᠨ ᠤ ᠬᠡᠪᠴᠢᠶᠡᠨ ᠳᠤ 4 ᠤᠳᠠᠭᠠᠨ ᠤ ᠠᠷᠠᠯᠵᠢᠶᠠᠴᠢᠨ ᠤᠷᠢᠬᠤ ᠠᠵᠢᠯᠯᠠᠭ᠎ᠠ ᠡᠷᠬᠢᠯᠡᠵᠦ᠂ 60 ᠠᠵᠤ ᠠᠬᠤᠶᠢᠯᠠᠯ | ᠲᠠᠢ ᠵᠦᠪᠳᠡᠯᠴᠡᠭᠡᠷ ᠢᠶᠠᠷ ᠳᠠᠮᠵᠢᠨ᠂ 10 ᠲᠦᠷᠦᠯ ᠵᠦᠢᠯ ᠳᠤ ᠭᠡᠷ᠎ᠡ ᠲᠣᠭᠲᠠᠵᠤ᠂ 3 ᠲᠦᠷᠦᠯ ᠵᠦᠢᠯ ᠢ | ᠨᠠᠶᠢᠳᠠᠪᠤᠷᠢᠵᠢᠭᠤᠯᠤᠭᠰᠠᠨ ᠪᠥᠭᠡᠳ ᠡᠭᠦᠨ ᠤ ᠳᠣᠲᠤᠷ᠎ᠠ 3 ᠲᠦᠷᠦᠯ ᠵᠦᠢᠯ ᠨᠢ ᠨᠢᠭᠡᠨᠲᠠ ᠠᠵᠢᠯ ᠢᠶᠠᠨ ᠡᠬᠢᠯᠡᠭᠦᠯᠪᠡ᠃ | 500 ᠲᠦᠮᠡᠨ ᠲᠥᠭᠦᠷᠢᠭ ᠠᠴᠠ ᠳᠡᠭᠡᠭᠰᠢᠬᠢ ᠪᠡᠯᠡ ᠤᠷᠤᠭᠤᠯᠤᠯᠳᠠ ᠪᠦᠬᠦᠢ ᠤᠯᠤᠰ ᠤᠨ ᠳᠣᠲᠣᠭᠠᠳᠤ ︵ᠣᠷᠣᠨ ᠤ | ᠭᠠᠳᠠᠨ᠎ᠠ︶ ᠶᠢᠨ 7 ᠲᠦᠷᠦᠯ ᠵᠦᠢᠯ ᠢ ᠳᠠᠲᠠᠨ ᠠᠪᠴᠢᠷᠠᠵᠤ᠂ 34.6 ᠳ᠋ᠦᠩᠰᠢᠭᠤᠷ ᠲᠥᠭᠦᠷᠢᠭ ᠤᠨ ᠪᠡᠯᠡ | ᠤᠷᠤᠭᠤᠯᠤᠯᠳᠠ ᠶᠢ ᠪᠡᠶᠡᠯᠡᠭᠦᠯᠪᠡ᠃ | ᠲᠦᠷᠦᠯ ᠵᠦᠢᠯ ᠤᠨ ᠪᠥᠲᠥᠭᠡᠨ ᠪᠠᠶᠢᠭᠤᠯᠤᠯᠲᠠ ᠪᠠᠷ ᠳᠠᠮᠵᠢᠭᠤᠯᠵᠦ ᠴᠢᠨᠠᠷᠯᠢᠭ ᠬᠥᠭᠵᠢᠯᠲᠡ ᠶᠢ ᠠᠬᠢᠭᠤᠯᠪᠠ᠃ | ᠠᠶᠢᠮᠠᠭ ᠤᠨ ᠲᠡᠰ ᠤᠨ 10 ᠭᠤᠣᠯᠳᠠᠯᠭ᠎ᠠ ᠲᠠᠢ ᠲᠦᠷᠦᠯ ᠵᠦᠢᠯ ᠢ ᠪᠦᠬᠦᠨ ᠢ ᠠᠵᠢᠯ ᠡᠬᠢᠯᠡᠭᠦᠯᠦᠨ᠂ ᠬᠤᠰᠢᠭᠤᠨ ᠤ ᠲᠡᠰ | ᠤᠨ 21 ᠭᠤᠣᠯᠳᠠᠯᠭ᠎ᠠ ᠲᠠᠢ ᠲᠦᠷᠦᠯ ᠵᠦᠢᠯ ᠢ ᠲᠦᠯᠬᠢᠨ ᠠᠬᠢᠭᠤᠯᠵᠤ᠂ ᠠᠵᠢᠯ ᠡᠬᠢᠯᠡᠭᠦᠯᠦᠭᠰᠡᠨ ᠨᠣᠷᠮ᠎ᠠ 95% ᠳᠤ | ᠬᠦᠷᠴᠦ᠂ 36.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ 2023 ᠣᠨ ᠤ ᠠᠶᠢᠮᠠᠭ | ᠤᠨ ᠲᠠᠰ ᠤᠨ ᠭᠤᠤᠯᠳᠠᠯᠭ᠎ᠠ ᠲᠠᠢ ᠲᠦᠷᠦᠯ ᠵᠦᠢᠯ ᠤᠨ ᠭᠠᠷ ᠭᠦᠢᠴᠡᠳᠬᠡᠯ ᠢ ︽ᠪᠦᠬᠦᠨ ᠢ ᠣᠯᠭᠤᠬᠤ︾ ᠠᠵᠢᠯᠯᠠᠭ᠎ᠠ ᠶᠢ | ᠭᠦᠨᠵᠡᠭᠡᠶ ᠥᠷᠨᠢᠭᠦᠯᠵᠦ᠂ ᠢᠷᠡᠬᠦ ᠵᠢᠯ ᠤᠨ ᠠᠵᠢᠯ ᠢᠶᠠᠨ ᠰᠢᠯᠤᠭᠤᠬᠠᠨ ᠡᠬᠢᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠪᠠ᠃ | ᠡᠩ ᠤᠨ ᠵᠢᠭᠡᠯᠡᠯᠭᠡ ᠶᠢᠨ ᠲᠡᠮᠳᠡᠭᠲᠦ᠂ ᠲᠤᠰᠬᠠᠶ ᠵᠦᠶᠯ ᠤᠨ ᠵᠢᠭᠡᠯᠡᠯᠭᠡ ᠶᠢᠨ ᠲᠡᠮᠳᠡᠭᠲᠦ ᠶᠢᠨ ᠲᠦᠷᠦᠯ ᠵᠦᠢᠯ ᠢ | ᠨᠢᠭᠡᠳᠦᠯᠲᠡᠶ ᠲᠦᠰᠦᠪᠯᠡᠨ᠂ ᠨᠢᠮᠪᠠᠢ ᠰᠣᠩᠭᠤᠵᠦ ᠡᠷᠡᠮᠡᠯᠵᠡᠯᠡᠬᠦ ᠠᠵᠢᠯ ᠢ ᠰᠠᠶᠢᠳᠦᠷ ᠬᠢᠵᠦ᠂ 14 ᠵᠦᠢᠯ ᠤᠨ ᠲᠦᠷᠦᠯ | ᠵᠦᠢᠯ ᠳᠤ 1 ᠳ᠋ᠦᠩᠰᠢᠭᠤᠷ ᠲᠥᠭᠦᠷᠢᠭ ᠤᠨ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠡᠷᠡᠮᠡᠯᠵᠡᠯᠡᠨ | ᠣᠯᠪᠠ︔ ᠲᠤᠰᠬᠠᠶ ᠵᠦᠶᠯ ᠤᠨ ᠵᠢᠭᠡᠯᠡᠯᠭᠡ ᠶᠢᠨ ᠲᠡᠮᠳᠡᠭᠲᠦ ᠶᠢᠨ ᠲᠦᠷᠦᠯ ᠵᠦᠢᠯ ᠢ 21 ᠨᠦᠭᠡᠴᠡᠯᠡᠨ᠂ ᠶᠡᠷᠦᠩᠬᠡᠶ ᠪᠠᠯᠠ | ᠣᠷᠣᠭᠤᠯᠤᠯᠲᠠ ᠨᠢ 11.5 ᠳ᠋ᠦᠩᠰᠢᠭᠤᠷ ᠲᠥᠭᠦᠷᠢᠭ ᠲᠤ ᠬᠦᠷᠪᠠ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ | ᠤᠷᠤᠭᠤᠯᠤᠯᠲᠠ ᠪᠦᠬᠦᠢ 12 ᠲᠦᠷᠦᠯ ᠤᠨ ᠨᠦᠭᠡᠴᠡ ᠲᠦᠷᠦᠯ ᠵᠦᠢᠯ ᠤᠨ ᠪᠡᠯᠡᠳᠬᠡᠯ ᠠᠵᠢᠯ ᠢ ᠤᠷᠤᠭᠰᠢᠳᠠᠢ | ᠠᠬᠢᠭᠤᠯᠤᠭᠰᠠᠨ ᠪᠦᠭᠡᠳ ᠡᠳᠡᠭᠡᠷ ᠲᠦᠷᠦᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠨᠢ 40.5 ᠳ᠋ᠦᠩᠰᠢᠭᠤᠷ | ᠲᠥᠭᠦᠷᠢᠭ ᠪᠠᠶᠢᠨ᠎ᠠ᠃ ᠮᠠᠨ ᠤ ᠬᠤᠰᠢᠭᠤ ᠨᠢ ︽ᠨᠢᠭᠡ ᠲᠠᠯ᠎ᠠ ᠪᠠᠷ ᠲᠦᠰᠦᠯ ᠢ ᠨᠦᠭᠡᠴᠡᠯᠡᠵᠦ᠂ ᠨᠢᠭᠡ ᠲᠠᠯ᠎ᠠ ᠪᠠᠷ | ᠪᠠᠶᠢᠭᠤᠯᠤᠯᠳᠠ ᠬᠢᠬᠦ᠂ ᠨᠢᠭᠡ ᠲᠠᠯ᠎ᠠ ᠪᠠᠷ ᠠᠰᠢᠭᠯᠠᠯᠳᠠ ᠳᠤ ᠤᠷᠤᠭᠤᠯᠬᠤ ︾ ᠠᠵᠢᠯ ᠤᠨ ᠬᠡᠯᠪᠡᠷᠢ ᠶᠢ ᠠᠩᠬ᠎ᠠ ᠠᠯᠬᠤᠮ | ᠪᠦᠷᠢᠯᠳᠦᠭᠦᠯᠪᠡ ᠃ | ᠠᠷᠠᠯᠵᠢᠶ᠎ᠠ ᠡᠷᠬᠢᠯᠡᠬᠦ ᠣᠷᠴᠢᠨ ᠨᠦᠬᠦᠴᠡᠯ ᠢᠶᠠᠷ ᠴᠢᠨᠠᠷᠯᠢᠭ ᠬᠥᠭᠵᠢᠯᠲᠡ ᠳᠤ ᠬᠦᠴᠦᠨ ᠨᠡᠮᠡᠷᠢᠯᠡᠪᠠ᠃ ᠠᠷᠠᠯᠵᠢᠶ᠎ᠠ ᠡᠷᠬᠢᠯᠡᠬᠦ | ᠣᠷᠴᠢᠨ ᠨᠦᠬᠦᠴᠡᠯ ᠢ ᠰᠢᠯᠢᠳᠡᠭᠵᠢᠭᠦᠯᠬᠦ ᠣᠨ ᠤ ᠲᠥᠰᠦᠪ ᠢ ᠲᠣᠭᠲᠠᠭᠠᠵᠤ᠂ ᠭᠠᠵᠠᠷ ᠤᠨ ᠲᠠᠰ ᠤᠨ ᠤᠳᠤᠷᠢᠳᠤᠯᠭ᠎ᠠ | ᠠᠴᠠ ᠳᠠᠭᠠᠭᠠᠴᠢᠯᠠᠨ ᠬᠠᠷᠢᠭᠤᠴᠠᠬᠤ ᠪᠠ ︽ᠨᠢᠭᠡ ᠲᠦᠷᠦᠯ ᠵᠦᠢᠯ ᠢ ᠨᠢᠭᠡ ᠠᠵᠢᠯ ᠤᠨ ᠪᠠᠭ ᠬᠠᠷᠢᠭᠤᠴᠠᠬᠤ︾ ᠵᠠᠷᠴᠢᠮ ᠢ | ᠠᠵᠢᠯ ᠤᠨ ᠪᠥᠬᠦ ᠶᠠᠪᠤᠴᠠ ᠳᠤ ᠲᠤᠤᠱᠯᠠᠭᠤᠯᠪᠠ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠢ ᠠᠰᠢᠭᠯᠠᠯᠲᠠ | ᠳᠤ ᠣᠷᠣᠭᠤᠯᠤᠨ ᠬᠡᠷᠡᠭᠯᠡᠵᠦ᠂ ᠬᠢᠨᠠᠨ ᠵᠥᠪᠰᠢᠶᠡᠷᠡᠬᠦ ᠵᠦᠶᠯᠡᠰ ᠢ ᠴᠥᠮ ︽ᠨᠢᠭᠡ ᠴᠣᠩᠬᠤᠪᠴᠢ ᠪᠠᠷ ᠭᠥᠯᠢᠶᠡᠨ ᠠᠪᠴᠤ | ᠰᠢᠶᠳᠪᠦᠷᠢᠯᠡᠬᠦ︾ ︽ᠢᠨᠲ᠋ᠧᠷᠨ᠋ᠲ ᠢᠶᠠᠷ ᠭᠦᠶᠴᠡᠳᠬᠡᠬᠦ ︾ ︽ᠲᠤᠰᠬᠠᠢ ᠰᠦᠯᠵᠢᠶᠠᠨ ᠲᠡᠭᠡᠷ᠎ᠡ ᠬᠠᠮᠲᠤ ᠳᠤᠨᠢ ᠭᠦᠶᠴᠡᠳᠬᠡᠬᠦ | ︾ ᠠᠵᠢᠯ ᠲᠦᠷᠦᠯ ᠢ ᠨᠠᠶᠢᠳᠠ 1614 ᠵᠦᠶᠯ ᠪᠡᠶᠡᠯᠡᠭᠦᠯᠪᠡ᠂ ᠠᠵᠤ ᠠᠬᠤᠶᠢᠯᠠᠯ ᠡᠷᠭᠢᠯᠡᠨ ᠪᠠᠶᠢᠭᠤᠯᠬᠤ ᠭᠠᠷ ᠭᠦᠢᠴᠡᠳᠬᠡᠯ | ᠣᠯᠭᠤᠬᠤ ᠴᠠᠭ ᠢ ᠬᠠᠭᠠᠰ ᠠᠵᠢᠯᠯᠠᠬᠤ ᠡᠳᠦᠷ ᠪᠣᠯᠲᠠᠯ᠎ᠠ ᠪᠣᠭᠤᠨᠢᠰᠬᠠᠵᠤ᠂ ᠪᠠᠷᠢᠯᠭ᠎ᠠ ᠶᠢᠨ ᠲᠦᠷᠦᠯ ᠵᠦᠢᠯ ᠤᠨ ᠪᠥᠬᠦ | ᠬᠢᠨᠠᠨ ᠵᠦᠪᠰᠢᠶᠡᠷᠡᠯ ᠢ ᠣᠯᠭᠤᠬᠤ ᠴᠠᠭ ᠢ 39 ᠠᠵᠢᠯᠯᠠᠬᠤ ᠡᠳᠦᠷ ᠪᠣᠯᠲᠠᠯ᠎ᠠ ᠪᠣᠭᠤᠨᠢᠰᠬᠠᠪᠠ︔ ᠤᠰᠤ᠂ ᠰᠢᠲᠠᠮᠠᠬᠠᠶ ᠬᠡᠶ᠂ | ᠳᠤᠯᠠᠭᠠᠯᠠᠭ᠎ᠠ ᠶᠢᠨ ᠬᠢᠨᠠᠨ ᠵᠦᠪᠰᠢᠶᠡᠷᠡᠯ ᠤᠯᠭᠤᠬᠤ ᠴᠠᠭ ᠢ 10 ᠡᠳᠦᠷ ᠤᠨ ᠳᠣᠲᠣᠷ᠎ᠠ ᠬᠢᠵᠠᠭᠠᠷᠯᠠᠪᠠ᠃ ︽12345︾ | ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠤᠲᠠᠰᠤ ᠪᠠᠷ ᠳᠠᠮᠵᠢᠭᠤᠯᠤᠨ ᠣᠯᠠᠨ ᠲᠦᠮᠡᠨ ᠤ ᠲᠤᠰᠬᠠᠭᠰᠠᠨ | 3850 ᠬᠤᠪᠢ ︽ᠪᠠᠴᠢᠮ᠂ ᠶᠠᠭᠠᠷᠠᠤ᠂ ᠬᠦᠴᠢᠷ ᠲᠦᠪᠡᠭ ᠲᠠᠢ᠂ ᠮᠠᠳᠠᠭ ᠲᠠᠢ ︾ ᠠᠰᠠᠭᠤᠳᠠᠯ ᠢ ᠰᠢᠢᠳᠪᠦᠷᠢᠯᠡᠭᠰᠡᠨ | ᠪᠦᠭᠡᠳ ᠡᠨᠡ ᠨᠢ ᠠᠳᠠᠯᠢ ᠬᠤᠭᠤᠴᠠᠭᠠᠨ ᠤ ᠬᠢ ᠠᠴᠠ 258% ᠪᠠᠷ ᠨᠡᠮᠡᠭᠳᠡᠨ᠂ ᠭᠦᠶᠴᠡᠳᠬᠡᠵᠦ ᠳᠠᠭᠤᠰᠬᠠᠬᠤ ᠴᠠᠭ ᠨᠢ | ᠤᠤᠯ ᠤᠨ 5 ᠡᠳᠦᠷ ᠪᠠᠶᠢᠭᠰᠠᠨ ᠠᠴᠠ 3.5 ᠡᠳᠦᠷ ᠪᠤᠯᠤᠨ ᠪᠣᠭᠤᠨᠢᠰᠴᠤ᠂ ᠭᠥᠯᠢᠶᠡᠨ ᠠᠪᠤᠭᠰᠠᠨ ᠨᠣᠷᠮ᠎ᠠ᠂ | ᠰᠢᠶᠳᠪᠦᠷᠢᠯᠡᠭᠰᠡᠨ ᠨᠣᠷᠮ᠎ᠠ᠂ ᠬᠠᠨᠤᠮᠵᠢᠲᠠᠶ ᠪᠠᠶᠢᠬᠤ ᠨᠣᠷᠮ᠎ᠠ ᠲᠣᠰ ᠲᠣᠰ 100%᠂ 97.6% ᠪᠠ 99.9% ᠳᠤ | ᠬᠦᠷᠴᠦ᠂ 2021 ᠣᠨ ᠤ ᠬᠢ ᠠᠴᠠ ᠲᠣᠰ ᠲᠣᠰ 3.4%᠂ 2.96% ᠪᠠ 3.8% ᠪᠠᠷ ᠨᠡᠮᠡᠭᠳᠡᠪᠡ᠃ ᠳᠤᠮᠳᠠ | ᠵᠢᠵᠢᠭ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠦᠷᠢ ᠦᠭᠴᠡᠭᠡ ᠶᠢ ᠰᠢᠢᠳᠪᠦᠷᠢᠯᠡᠬᠦ ᠠᠵᠢᠯ | ᠢ ᠰᠠᠶᠢᠨ ᠬᠢᠵᠦ᠂ ᠡᠳ᠋ ᠤᠨ ᠬᠦᠴᠦᠨ ᠲᠤᠶᠢᠯ ᠤᠨ ᠬᠦᠴᠢᠷᠲᠠᠢ ᠪᠠᠶᠢᠳᠠᠯ ᠳᠣᠤᠷ᠎ᠠ 1.03 ᠳ᠋ᠦᠩᠰᠢᠭᠤᠷ ᠲᠥᠭᠦᠷᠢᠭ ᠤᠨ | ᠥᠷᠢ ᠶᠢ ᠲᠦᠯᠦᠪᠡ᠃ ᠰᠢᠨᠵᠢᠯᠡᠭᠡ ᠮᠡᠷᠭᠡᠵᠢᠯ ᠤᠨ ᠡᠭᠦᠳᠦᠯᠳᠡ ᠰᠢᠨᠡᠴᠢᠯᠡᠯᠳᠡ ᠪᠠᠷ ᠬᠦᠳᠡᠯᠭᠡᠬᠦ ᠬᠦᠴᠦᠨ ᠪᠣᠯᠭᠠᠬᠤ | ᠠᠵᠢᠯ ᠢ ᠴᠢᠬᠤᠯᠠᠴᠢᠯᠠᠵᠦ᠂ ᠠᠶᠢᠮᠠᠭ ᠤᠨ ᠲᠡᠰ ᠤᠨ ᠮᠡᠷᠭᠡᠵᠢᠯ ᠤᠨ ᠲᠦᠷᠦᠯ ᠵᠦᠢᠯ 1 ᠨᠡᠷ᠎ᠡ᠂ ᠳᠡᠭᠡᠳᠦ ᠰᠢᠨ᠎ᠡ ᠮᠡᠷᠭᠡᠵᠢᠯ | ᠤᠨ ᠠᠵᠤ ᠠᠬᠤᠶᠢᠯᠠᠯ2 ᠨᠡᠷ᠎ᠡ ᠶᠢ ᠡᠷᠡᠮᠡᠯᠵᠡᠯᠡᠨ ᠮᠡᠳᠡᠭᠦᠯᠵᠦ᠂ 3 ᠰᠢᠨᠵᠢᠯᠡᠭᠡ ᠮᠡᠷᠭᠡᠵᠢᠯ ᠤᠨ ᠠᠵᠤ ᠠᠬᠤᠶᠢᠯᠠᠯ ᠢ ᠬᠢᠨᠠᠨ | ᠦᠨᠡᠯᠡᠵᠦ ᠲᠦᠷᠦᠯ ᠵᠦᠢᠯ ᠤᠨ ᠬᠦᠮᠦᠷᠭᠡ ᠳᠤ ᠣᠷᠣᠭᠤᠯᠪᠠ᠃ | ᠪᠦᠬᠦ ᠲᠠᠯ᠎ᠠ ᠪᠠᠷ ᠴᠡᠭᠴᠡᠯᠡᠵᠦ ᠴᠡᠪᠡᠷᠯᠡᠬᠦ ᠪᠠᠷ ᠴᠢᠨᠠᠷᠯᠢᠭ ᠬᠥᠭᠵᠢᠯᠲᠡ ᠶᠢ ᠪᠠᠲᠤᠯᠠᠪᠠ᠃ ᠬᠢᠨᠠᠨ ᠵᠦᠪᠰᠢᠶᠡᠷᠡᠭᠦᠯᠬᠦ ᠪᠠᠷ | ᠪᠠᠶᠢᠭ᠎ᠠ ᠲᠦᠷᠦᠯ ᠵᠦᠢᠯ᠂ ᠠᠰᠢᠭᠯᠠᠭ᠎ᠠ ᠦᠬᠡᠢ ᠰᠤᠯᠠ ᠭᠠᠵᠠᠷ᠂ ᠰᠤᠯᠠ ᠪᠡᠯᠡ ᠮᠥᠩᠭᠦ᠂ ︽ᠲᠤᠷᠭᠤᠨ ᠵᠤᠭᠰᠤᠭᠰᠠᠨ︾ | ᠪᠠᠷᠢᠯᠭ᠎ᠠ ᠪᠠᠶᠢᠭᠤᠯᠤᠯᠳᠠ᠂ ᠨᠡᠭᠡᠭᠡᠯᠲᠡ ᠶᠢᠨ ᠲᠤᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ︽ᠲᠠᠪᠤ ᠶᠢ ᠲᠤᠶᠢᠯᠪᠤᠷᠢᠳᠠᠢ | ᠪᠠᠶᠢᠴᠠᠭᠠᠬᠤ︾ᠲᠤᠰᠬᠠᠶ ᠵᠦᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠵᠥᠪᠰᠢᠶᠡᠷᠡᠬᠦ ᠶᠢ ᠬᠦᠯᠢᠶᠡᠵᠦ ᠪᠠᠶᠢᠭ᠎ᠠ᠂ | ᠨᠥᠬᠦᠵᠦ ᠵᠥᠪᠰᠢᠶᠡᠷᠡᠬᠦ ᠴᠢᠬᠤᠯᠠᠲᠠᠢ 14 ᠲᠦᠷᠦᠯ ᠵᠦᠢᠯ ᠤᠨ 22 ᠵᠦᠢᠯ ᠤᠨ ᠭᠠᠷᠳᠠᠮ ᠢ ᠪᠦᠬᠦᠨ ᠢ ᠭᠦᠢᠴᠡᠳᠬᠡᠵᠦ | ᠳᠠᠭᠤᠰᠬᠠᠪᠠ︔ ᠵᠥᠪᠰᠢᠶᠡᠷᠡᠭᠰᠡᠨ ᠪᠣᠯᠪᠠᠴᠤ ᠦᠭᠭᠦᠭᠡᠳᠦᠢ ᠪᠠᠶᠢᠭᠰᠠᠨ 40.23 ᠾᠧᠺᠲ᠋ᠠᠷ ᠭᠠᠵᠠᠷ ᠰᠢᠷᠣᠶ ᠶᠢ | ᠰᠢᠢᠳᠪᠦᠷᠢᠯᠵᠦ᠂ ᠰᠤᠯᠠ ᠪᠠᠶᠢᠭ᠎ᠠ 7.32 ᠾᠧᠺᠲ᠋ᠠᠷ ᠭᠠᠵᠠᠷ ᠰᠢᠷᠣᠶ ᠶᠢ ᠴᠡᠭᠴᠡᠯᠡᠵᠦ᠂ ᠣᠨ ᠤ ᠡᠭᠦᠷᠭᠡ ᠪᠠᠨ 105% | ᠪᠠ 107.5% ᠪᠠᠷ ᠲᠣᠰ ᠲᠣᠰ ᠪᠡᠶᠡᠯᠡᠭᠦᠯᠪᠡ︔ 2011.7 ᠲᠦᠮᠡᠨ ᠲᠥᠭᠦᠷᠢᠭ ᠲᠤᠨᠤᠮᠠᠯ ᠪᠡᠯᠡ ᠮᠥᠩᠭᠦ ᠶᠢ | ᠬᠤᠷᠢᠶᠠᠪᠠ︔ ︽ᠲᠤᠷᠭᠤᠨ ᠵᠤᠭᠰᠤᠭᠰᠠᠨ︾ 2 ᠪᠠᠷᠢᠯᠭ᠎ᠠ ᠶᠢᠨ ᠢᠨᠵᠧᠨᠧᠷᠢᠩ ᠢ ᠴᠡᠭᠴᠡᠯᠡᠨ᠂ 2023 ᠣᠨ ᠤ 4 | ᠰᠠᠷ᠎ᠠ ᠳᠤ ᠠᠵᠢᠯ ᠢᠶᠠᠨ ᠰᠡᠷᠭᠦᠭᠡᠬᠦ ᠪᠠᠷ ᠲᠥᠯᠥᠪᠯᠡᠵᠦ ᠪᠠᠶᠢᠨ᠎ᠠ︔ ᠱᠠᠩᠳᠤ ᠠᠵᠤ ᠦᠢᠯᠡᠰ ᠤᠨ ᠬᠦᠷᠢᠶᠠᠯᠠᠩ ᠤᠨ | ᠦᠢᠯᠡᠳᠪᠦᠷᠢᠯᠡᠯ ᠵᠣᠭᠰᠣᠭᠰᠠᠨ 2 ᠠᠵᠤ ᠠᠬᠤᠶᠢᠯᠠᠯ ᠤᠨ ᠰᠤᠯᠠ ᠬᠥᠷᠥᠩᠭᠡ ᠶᠢ ᠠᠮᠢᠯᠠᠭᠤᠯᠪᠠ᠃ ᠨᠡᠭᠡᠭᠡᠯᠳᠡ ᠶᠢᠨ | ᠲᠤᠭᠤᠷᠢᠭ ᠲᠤ ᠦᠯᠢᠭᠡᠷ ᠵᠢᠱᠢᠶ᠎ᠡ ᠪᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ 4 | ᠲᠠᠯ᠎ᠠ ᠶᠢᠨ 9 ᠵᠦᠢᠯ ᠤᠨ ᠠᠰᠠᠭᠤᠳᠠᠯ ᠢ ᠪᠦᠬᠦᠨ ᠢ ᠰᠢᠢᠳᠪᠦᠷᠢᠯᠡᠪᠡ᠃ ᠠᠮᠤ ᠪᠤᠳᠠᠭ᠎ᠠ ᠨᠥᠭᠡᠴᠡᠯᠡᠬᠦ ᠪᠠ ᠪᠣᠷᠣᠯᠠᠭᠤᠯᠬᠤ | ᠠᠵᠢᠯ ᠲᠦᠷᠦᠯ ᠤᠨ ᠲᠤᠭᠤᠷᠢᠨ ᠳᠠᠬᠢ 16 ᠵᠦᠢᠯ ᠤᠨ ᠢᠯᠵᠠᠷᠠᠯ ᠤᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ | ᠠᠵᠢᠯᠯᠠᠭ᠎ᠠ ᠶᠠᠪᠤᠭᠳᠠᠭᠤᠯᠵᠤ ᠬᠤᠯᠪᠤᠭᠳᠠᠬᠤ ᠠᠰᠠᠭᠤᠳᠠᠯ ᠢ ᠪᠦᠬᠦᠨ ᠢ ᠴᠡᠭᠴᠡᠯᠡᠵᠦ ᠳᠠᠭᠤᠰᠬᠠᠪᠠ ᠃ | ᠨᠢᠭᠡ ᠵᠢᠯ ᠤᠨ ᠲᠤᠷᠰᠢ᠂ ᠪᠢᠳᠠ ᠴᠢᠨᠠᠷ ᠢ ᠳᠡᠭᠡᠭᠰᠢᠯᠡᠭᠦᠯᠵᠦ ᠠᠰᠢᠭ ᠢ ᠨᠡᠮᠡᠭᠳᠡᠭᠦᠯᠬᠦ ᠲᠠᠯ᠎ᠠ ᠪᠠᠷ ᠴᠢᠩᠭ᠎ᠠ ᠠᠳᠬᠤᠵᠤ᠂ | ᠠᠵᠤ ᠦᠢᠯᠡᠰ ᠤᠨ ᠬᠥᠭᠵᠢᠯᠲᠡ ᠶᠢᠨ ᠬᠦᠳᠡᠯᠭᠡᠭᠴᠢ ᠬᠦᠴᠦᠨ ᠢ ᠦᠷᠭᠦᠯᠵᠢᠯᠡᠨ ᠨᠡᠮᠡᠭᠳᠡᠭᠦᠯᠪᠠ | ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠳᠡᠰ ᠳᠡᠪᠰᠢᠬᠦ ᠶᠢ ᠲᠦᠯᠬᠢᠨ ᠠᠬᠢᠭᠤᠯᠪᠠ᠃ | ︽ᠬᠤᠯᠠᠨ ᠰᠢᠷᠭ᠎ᠠ ᠲᠠᠭ᠎ᠠ ᠶᠢᠨ ᠡᠯᠡᠰᠤ ᠮᠠᠩᠬ᠎ᠠ ᠶᠢ ᠶᠡᠷᠦᠩᠬᠡᠶᠢᠯᠡᠨ ᠵᠠᠰᠠᠬᠤ ᠠᠵᠤ ᠦᠶᠯᠡᠰ ᠤᠨ ᠬᠥᠭᠵᠢᠯᠲᠡ ᠶᠢᠨ | ᠲᠦᠷᠦᠯ ᠵᠦᠢᠯ︾ ᠢ ᠭᠦᠨᠵᠡᠭᠡᠶ ᠬᠡᠷᠡᠭᠵᠢᠭᠦᠯᠵᠦ᠂ ᠣᠷᠣᠨ ᠤ ᠲᠠᠰ ᠤᠨ ᠮᠢᠬᠠᠨ ᠤ ᠦᠬᠡᠷ ᠤᠨ ᠤᠳᠤᠬᠢᠴᠢᠯᠠᠭᠰᠠᠨ ᠠᠵᠤ | ᠦᠶᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠪᠠ᠃ ᠵᠣᠨ ᠤ ᠲᠣᠭᠠᠯᠠᠯᠭ᠎ᠠ ᠶᠢᠨ ᠮᠠᠯ | ᠤᠨ ᠶᠡᠷᠦᠩᠬᠡᠶ ᠲᠤᠭ᠎ᠠ ᠲᠣᠯᠣᠭᠠᠶ 64.6 ᠲᠦᠮᠡ ᠳᠤ ᠬᠦᠷᠴᠦ᠂ ᠮᠠᠯ ᠤᠨ ᠭᠠᠷᠭᠠᠯᠲᠠ 29.5 ᠲᠦᠮᠡᠨ ᠲᠤᠯᠤᠭᠠᠢ ᠳᠤ | ᠬᠦᠷᠴᠦ᠂ ᠮᠢᠬᠠᠨ ᠤ ᠦᠬᠡᠷ ᠤᠨ ᠡᠭᠦᠯᠳᠡᠷ ᠰᠠᠶᠢᠵᠢᠷᠠᠭᠤᠯᠤᠭᠰᠠᠨ ᠨᠤᠷᠮ᠎ᠠ᠂ ᠡᠬᠡ ᠮᠠᠯ ᠤᠨ ᠡᠵᠡᠯᠡᠬᠦ ᠨᠤᠷᠮ᠎ᠠ ᠪᠠ ᠲᠥᠯ | ᠪᠤᠶᠢᠵᠢᠯᠲᠠ ᠶᠢᠨ ᠨᠣᠷᠮ᠎ᠠ ᠲᠣᠰ ᠲᠣᠰ 96%᠂ 64.8% ᠪᠠ 84.8% ᠳᠤ ᠬᠥᠷᠪᠡ᠃ ᠼᠤᠤ ᠳ᠋ᠦ᠋ ᠪᠦᠯᠦᠭᠯᠡᠯ᠂ | ᠵᠦᠩ ᠨᠦᠩ ᠸᠠᠨ ᠵᠦᠩ ᠢ ᠰᠢᠨ᠂ ᠢ ᠮᠦ ᡁᠢ ᠯᠢᠶᠠᠨ ᠵᠡᠷᠭᠡ ᠠᠵᠤ ᠠᠬᠤᠶᠢᠯᠠᠯ ᠢ ᠣᠷᠣᠭᠤᠯᠵᠤ᠂ ᠡᠪᠡᠰᠦ ᠪᠣᠷᠳᠤᠭ᠎ᠠ | ᠬᠠᠩᠭᠠᠬᠤ᠂ ᠬᠠᠰᠢᠶᠠᠯᠠᠵᠦ ᠪᠤᠷᠳᠤᠬᠤ᠂ ᠠᠷᠠᠯᠵᠢᠶᠠᠯᠠᠨ ᠪᠣᠷᠣᠯᠠᠭᠤᠯᠬᠤ ᠵᠡᠷᠭᠡ ᠠᠵᠤ ᠦᠢᠯᠡᠰ ᠤᠨ ᠬᠡᠯᠬᠢᠶᠡᠨ ᠳᠠᠬᠢ | ᠵᠠᠩᠭᠢᠯᠠᠭ᠎ᠠ ᠶᠢᠨ ᠭᠤᠭᠴᠤᠭ᠎ᠠ ᠶᠢ ᠴᠢᠩᠭᠠᠳᠬᠠᠵᠤ᠂ ᠮᠠᠯ ᠤᠨ ᠢᠯᠭᠠᠳᠠᠰᠤ ᠶᠢ ᠡᠬᠢ ᠪᠠᠶᠠᠯᠢᠭ ᠪᠣᠯᠭᠠᠨ ᠠᠰᠢᠭᠯᠠᠬᠤ ᠨᠣᠷᠮ᠎ᠠ | ᠳᠣᠣᠷ᠎ᠠ᠂ ᠣᠶᠤᠨᠴᠢᠯᠠᠭᠰᠠᠨ ᠦᠢᠯᠡᠴᠢᠯᠡᠭᠡᠨ ᠤ ᠰᠢᠰᠲ᠋ᠧᠮ ᠲᠡᠭᠦᠯᠳᠡᠷ ᠪᠤᠰᠤ ᠵᠡᠷᠭᠡ ᠠᠰᠠᠭᠤᠳᠠᠯ ᠢ ᠰᠢᠢᠳᠪᠦᠷᠢᠯᠡᠪᠠ᠃ | ᠤᠳᠤᠬᠢᠴᠢᠯᠠᠭᠰᠠᠨ ᠮᠢᠬᠠᠨ ᠤ ᠦᠬᠡᠷ ᠤᠨ ᠠᠵᠤ ᠦᠶᠯᠡᠰ ᠤᠨ ᠬᠦᠷᠢᠶᠡᠯᠡᠩ ᠤᠨ ᠲᠦᠷᠦᠯ ᠵᠦᠢᠯ ᠳᠤ ᠬᠤᠯᠪᠤᠭᠳᠠᠭᠤᠯᠵᠤ | 500 ᠲᠦᠮᠡᠨ ᠲᠥᠭᠦᠷᠢᠭ ᠤᠨ ᠵᠢᠭᠡᠯᠡᠯᠭᠡ ᠶᠢᠨ ᠬᠦᠦ ᠮᠦᠩᠭᠦᠨ ᠤ ᠨᠥᠬᠦᠪᠦᠷᠢ ᠪᠠᠭᠤᠯᠭᠠᠬᠤ ᠪᠠᠷ ᠲᠤᠭᠳᠠᠭᠰᠠᠨ ᠪᠦᠭᠡᠳ | ᠪᠣᠷᠳᠣᠬᠤ᠂ ᠪᠣᠯᠪᠠᠰᠤᠷᠠᠭᠤᠯᠬᠤ ᠭᠤᠭᠴᠤᠭ᠎ᠠ ᠳᠤ ᠬᠡᠷᠡᠭᠯᠡᠨ᠂ ᠮᠠᠯᠴᠢᠳ ᠢ ᠵᠢᠯᠤᠭᠤᠳᠤᠨ ᠦᠵᠡᠯᠲᠡ ᠲᠠᠨᠢᠯᠲᠠ ᠶᠢ ᠨᠢ | ᠬᠤᠪᠢᠷᠠᠭᠤᠯᠵᠤ᠂ ᠠᠵᠤ ᠦᠶᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠲᠤᠲᠠᠭᠳᠠᠯ ᠢ ᠬᠦᠴᠦᠯᠡᠨ ᠨᠥᠬᠦᠪᠦᠷᠢᠯᠡᠬᠦ ᠪᠠᠷ | ᠴᠢᠷᠮᠠᠶᠢᠪᠠ᠃ ᠮᠠᠯᠴᠢᠳ ᠬᠢᠭᠡᠳ ᠠᠵᠤ ᠠᠬᠤᠶᠢᠯᠠᠯ ᠤᠨ ᠠᠰᠢᠭ ᠲᠤᠰᠠ ᠶᠢᠨ ᠬᠠᠮᠲᠤᠷᠠᠯᠴᠠᠭ᠎ᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠭᠡᠷ ᠪᠦᠯᠢ ᠶᠢᠨ ᠮᠠᠯᠵᠢᠯ ᠤᠨ ᠲᠠᠯᠠᠪᠠᠢ 34 ᠡᠷᠦᠬᠡ᠂ ᠵᠢᠱᠢᠶ᠎ᠡ ᠦᠵᠡᠭᠦᠯᠬᠦ ᠬᠤᠷᠰᠢᠶᠠᠵᠢᠯ 4 ᠡᠷᠦᠬᠡ | ᠶᠢ ᠪᠠᠶᠢᠭᠤᠯᠪᠠ᠃ ᠣᠳᠣ ᠪᠣᠯᠬᠤ ᠳᠤ ᠮᠢᠬᠠᠨ ᠤ ᠦᠬᠡᠷ ᠤᠨ ᠭᠤᠤᠯᠳᠠᠯᠭᠠᠲᠤ ᠰᠦᠷᠦᠭ 62 ᠳᠤ ᠬᠦᠷᠴᠦ᠂ ᠠᠶᠢᠮᠠᠭ ᠤᠨ | ᠳᠡᠰ ᠠᠴᠠ ᠳᠡᠭᠡᠭᠰᠢᠬᠢ ᠲᠣᠯᠣᠭᠠᠶᠢᠯᠠᠭᠴᠢ ᠠᠵᠤ ᠠᠬᠤᠶᠢᠯᠠᠯ 9 ᠳᠤ ᠬᠦᠷᠪᠡ᠃ ᠰᠦᠨ ᠤ ᠦᠶᠯᠡᠰ ᠢ ᠬᠦᠭᠵᠢᠭᠦᠯᠬᠦ | ᠪᠠᠶᠢᠯᠳᠤᠬᠤ ᠪᠤᠳᠤᠯᠭ᠎ᠠ ᠶᠢ ᠯᠠᠪᠳᠠᠭᠤᠨ ᠢᠶᠠᠷ ᠠᠬᠢᠭᠤᠯᠵᠤ᠂ ᠢ ᠯᠢ ᠰᠠᠭᠠᠯᠢ ᠶᠢᠨ ᠦᠨᠢᠶ᠎ᠡ ᠮᠠᠯᠵᠢᠬᠤ ᠲᠠᠯᠠᠪᠠᠶ ᠶᠢᠨ ᠲᠦᠷᠦᠯ | ᠵᠦᠢᠯ ᠤᠨ ᠪᠡᠯᠡᠳᠬᠡᠯ ᠠᠵᠢᠯ ᠢ ᠤᠷᠤᠭᠰᠢᠲᠠᠶ ᠠᠬᠢᠭᠤᠯᠤᠭᠰᠠᠨ ᠪᠦᠭᠡᠳ ᠡᠨᠡ ᠵᠢᠯ ︽ᠴᠠᠭᠠᠨ ᠢᠳᠡᠭᠡᠨ ᠤ ᠨᠠᠶᠢᠷ︾ ᠤᠨ | ᠰᠢᠷᠢᠰ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ᠃ ᠳᠤᠮᠳᠠ᠂ ᠪᠠᠭ᠎ᠠ ᠬᠡᠪᠴᠢᠶᠠᠨ ᠤ ᠮᠠᠯᠵᠢᠯ ᠤᠨ ᠲᠠᠯᠠᠪᠠᠢ ᠶᠢ ᠳᠡᠰ | ᠳᠡᠪᠰᠢᠭᠦᠯᠦᠨ ᠥᠭᠡᠷᠡᠴᠢᠯᠡᠬᠦ ᠴᠡᠭ ᠵᠢᠴᠢ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡ ᠪᠣᠯᠪᠠᠰᠤᠷᠠᠭᠤᠯᠬᠤ | ᠪᠠᠷᠢᠮᠵᠢᠶᠠᠵᠢᠭᠰᠠᠨ ᠲᠤᠷᠰᠢᠯᠲᠠ ᠶᠢᠨ ᠴᠢᠭ ᠢ ᠲᠣᠰᠪᠣᠷᠢ 9 ᠶᠢ ᠦᠭᠡᠷᠡᠴᠢᠯᠡᠪᠠ᠃ ᠾᠧᠰᠲ᠋ᠠᠨ ᠰᠠᠭᠠᠯᠢ ᠶᠢᠨ ᠦᠨᠢᠶ᠎ᠡ | 4150 ᠲᠣᠯᠣᠭᠠᠶ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.3% ᠪᠠᠷ ᠨᠡᠮᠡᠭᠳᠡᠪᠡ︔ ᠵᠢᠯ ᠤᠨ ᠰᠦᠨ ᠤ | ᠭᠠᠷᠤᠯᠲᠠ 1.5 ᠲᠦᠮᠡᠨ ᠲᠤᠨ ᠬᠦᠷᠴᠦ᠂ ᠠᠳᠠᠯᠢ ᠬᠤᠭᠤᠴᠠᠭᠠᠨ ᠤ ᠬᠢ ᠠᠴᠠ 13.1% ᠪᠠᠷ ᠨᠡᠮᠡᠭᠳᠡᠪᠡ᠃ ᠴᠠᠭᠠᠨ | ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠠᠵᠢᠯ ᠢ | ᠴᠢᠩᠭᠠᠳᠬᠠᠵᠤ᠂ ᠣᠷᠣᠨ ᠨᠤᠲᠤᠭ ᠤᠨ ᠣᠨᠴᠠᠯᠢᠭ ᠲᠠᠢ ᠴᠠᠭᠠᠨ ᠢᠳᠡᠭᠡ ᠶᠢ ᠰᠢᠯᠭᠠᠨ ᠪᠠᠶᠢᠴᠠᠭᠠᠬᠤ ᠲᠥᠪ ᠢ ᠪᠠᠶᠢᠭᠤᠯᠵᠤ᠂ | ᠰᠦ᠂ ᠰᠦᠨ ᠪᠦᠲᠦᠭᠡᠭᠳᠡᠬᠦᠨ ᠢ 1500 ᠤᠳᠠᠭ᠎ᠠ ᠰᠢᠯᠭᠠᠨ ᠪᠠᠶᠢᠴᠠᠭᠠᠪᠠ᠃ ᠲᠠᠷᠢᠮᠠᠯ ᠤᠨ ᠦᠶᠯᠡᠰ ᠤᠨ ᠪᠦᠲᠦᠴᠡ ᠶᠢ | ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠮᠤ ᠪᠤᠳᠠᠭᠠᠨ ᠤ ᠲᠠᠷᠢᠮᠠᠯ ᠪᠠ ᠠᠵᠤ ᠠᠬᠤᠶ ᠶᠢᠨ ᠲᠠᠷᠢᠮᠠᠯ᠂ ᠪᠤᠷᠳᠤᠭᠠᠨ | ᠲᠠᠯᠠᠪᠠᠢ ᠶᠢᠨ ᠡᠵᠡᠯᠡᠬᠦ ᠬᠠᠷᠢᠴᠠᠯ ᠲᠤᠰ ᠲᠤᠰ 58᠄ 12᠄ 30 ᠪᠣᠯᠤᠭᠰᠠᠨ ᠪᠦᠭᠡᠳ ᠥᠨᠳᠥᠷ ᠤᠨᠠᠯᠳᠠᠲᠤ ᠲᠠᠷᠢᠶᠠᠨ | ᠭᠠᠵᠠᠷ ᠢ 1 ᠲᠦᠮᠡᠨ ᠮᠥ ᠪᠦᠲᠦᠭᠡᠨ ᠪᠠᠶᠢᠭᠤᠯᠵᠤ᠂ ᠲᠠᠷᠢᠮᠠᠯ ᠳᠠᠷᠢᠬᠤ ᠲᠠᠯᠠᠪᠠᠶ 38.08 ᠲᠦᠮᠡᠨ ᠮᠥ ᠳᠤ ᠬᠦᠷᠪᠡ᠃ | ᠪᠥᠬᠦ ᠤᠯᠤᠰ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ | ᠤᠷᠤᠭᠰᠢᠲᠠᠶ ᠥᠷᠨᠢᠭᠦᠯᠵᠦ᠂ ᠬᠤᠵᠢᠷᠯᠢᠭ ᠭᠠᠵᠠᠷ ᠢ ᠨᠡᠶᠢᠳᠡᠮ ᠪᠠᠶᠢᠴᠠᠭᠠᠬᠤ ᠠᠵᠢᠯ ᠢ ᠠᠮᠵᠢᠯᠳᠠᠳᠠᠢ ᠪᠡᠶᠡᠯᠡᠭᠦᠯᠪᠠ᠃ | ᠦᠶᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠢ ᠠᠬᠢᠭᠤᠯᠪᠠ᠃ ᠪᠦᠬᠦ ᠵᠢᠯ ᠳᠤ ᠠᠵᠤ ᠦᠶᠯᠡᠳᠪᠦᠷᠢ ᠶᠢᠨ | ᠲᠣᠭᠲᠠᠮᠠᠯ ᠪᠡᠯᠡ ᠣᠷᠣᠭᠤᠯᠤᠯᠲᠠ ᠶᠢ 35.2 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠵᠢᠱᠢᠵᠦ᠂ 47% ᠪᠠᠷ | ᠨᠡᠮᠡᠭᠳᠡᠭᠦᠯᠪᠠ︔ 13 ᠡᠷᠦᠬᠡ ᠬᠡᠪᠴᠢᠶᠠᠨ ᠠᠴᠠ ᠳᠡᠭᠡᠭᠰᠢᠬᠢ ᠠᠵᠤ ᠠᠬᠤᠶᠢᠯᠠᠯ ᠨᠢ 61.5 ᠳ᠋ᠦᠩᠰᠢᠭᠤᠷ ᠲᠥᠭᠦᠷᠢᠭ | ᠤᠨ ᠦᠢᠯᠡᠳᠪᠦᠷᠢᠯᠡᠯ ᠤᠨ ᠥᠷᠲᠡᠭ ᠢ ᠪᠡᠶᠡᠯᠡᠭᠦᠯᠵᠦ᠂ 30.3% ᠪᠠᠷ ᠨᠡᠮᠡᠭᠳᠡᠪᠡ᠂ ᠡᠭᠦᠨ ᠳᠤ᠄ ᠱᠠᠩᠳᠤ ᠴᠠᠬᠢᠯᠭᠠᠨ ᠤ | ᠦᠶᠯᠡᠳᠪᠦᠷᠢ ᠵᠢᠱᠢᠯᠲᠡ ᠪᠠᠷ 168 ᠳ᠋ᠦᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠵᠤ᠂ 5.3% ᠪᠠᠷ ᠨᠡᠮᠡᠭᠳᠡᠵᠦ᠂ | 59 ᠳ᠋ᠦᠩᠰᠢᠭᠤᠷ ᠲᠥᠭᠦᠷᠢᠭ ᠤᠨ ᠦᠢᠯᠡᠳᠪᠦᠷᠢᠯᠡᠯ ᠤᠨ ᠥᠷᠲᠡᠭ ᠢ ᠪᠡᠶᠡᠯᠡᠭᠦᠯᠪᠡ︔ 7 ᠰᠢᠨ᠎ᠡ ᠡᠨᠧᠷᠭᠢ ᠶᠢᠨ ᠠᠵᠤ | ᠠᠬᠤᠶᠢᠯᠠᠯ ᠵᠢᠱᠢᠯᠲᠡ ᠪᠠᠷ 10.1 ᠳ᠋ᠦᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠵᠤ᠂ 1.4 % ᠪᠠᠷ ᠨᠡᠮᠡᠭᠳᠡᠵᠦ᠂ 2. | 02 ᠳ᠋ᠦᠩᠰᠢᠭᠤᠷ ᠲᠥᠭᠦᠷᠢᠭ ᠤᠨ ᠦᠢᠯᠡᠳᠪᠦᠷᠢᠯᠡᠯ ᠤᠨ ᠥᠷᠲᠡᠭ ᠢ ᠪᠡᠶᠡᠯᠡᠭᠦᠯᠪᠠ᠃ ᠥᠪᠡᠷᠲᠡᠭᠡᠨ ᠵᠠᠰᠠᠬᠤ ᠣᠷᠣᠨ ᠤ ︽ | ᠰᠢᠨ᠎ᠡ ᠡᠨᠧᠷᠭᠢ ᠶᠢ ᠬᠦᠭᠵᠢᠭᠦᠯᠬᠦ ᠢᠨᠵᠧᠨᠧᠷᠢᠩ ︾ ᠢ ᠬᠡᠷᠡᠭᠵᠢᠭᠦᠯᠬᠦ ᠠᠰᠢᠭᠲᠠᠶ ᠲᠣᠬᠢᠶᠠᠯ ᠢ ᠠᠰᠢᠭᠯᠠᠨ᠂ ᠰᠢᠨ᠎ᠡ ᠡᠨᠧᠷᠭᠢ | ᠶᠢᠨ ᠠᠵᠤ ᠦᠶᠯᠡᠰ ᠤᠨ ᠲᠦᠷᠭᠡᠨ ᠬᠥᠭᠵᠢᠯᠲᠡ ᠶᠢ ᠠᠬᠢᠭᠤᠯᠵᠤ᠂ ᠱᠠᠩᠳᠤ ᠳᠠᠬᠢ ᠵᠠᠭᠤᠨ ᠲᠦᠮᠡᠨ ᠺᠢᠯᠣᠸᠠᠲ ᠤᠨ | ᠰᠠᠯᠬᠢᠨ ᠬᠦᠴᠦᠨ ᠤ ᠴᠠᠬᠢᠯᠭᠠᠨ ᠭᠠᠷᠭᠠᠬᠤ ᠰᠠᠭᠤᠷᠢᠨ ᠭᠠᠵᠠᠷ ᠤᠨ ᠲᠥᠷᠥᠯ ᠵᠦᠶᠯ᠂ ᠲᠠᠩ ᠾᠧ 20 ᠲᠦᠮᠡᠨ ᠺᠢᠯᠣᠸᠠᠲ | ᠤᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠲᠥᠷᠥᠯ ᠵᠦᠶᠯ ᠤᠨ ᠲᠦᠷᠦᠭᠦᠦ ᠪᠦᠯᠦᠭ ᠮᠠᠰᠢᠨ ᠴᠣᠭᠴᠠᠯᠠᠪᠤᠷᠢ ᠶᠢᠨ | ᠴᠠᠬᠢᠯᠭᠠᠨ ᠭᠠᠷᠭᠠᠯᠳᠠ ᠶᠢ ᠪᠡᠶᠡᠯᠡᠭᠦᠯᠵᠦ᠂ ᠮᠢᠩ ᠶᠠᠩ᠂ ᠵᠥᠩ ᠭᠤᠸᠠᠩ ᠾᠧ ᠨᠢᠭᠡᠳᠦᠭᠡᠷ ᠂ ᠬᠤᠶᠠᠳᠤᠭᠠᠷ ᠬᠤᠭᠤᠴᠠᠭᠠᠨ | ᠤ 1 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠲᠥᠷᠥᠯ ᠵᠦᠶᠯ ᠢ ᠪᠠᠶᠢᠭᠤᠯᠤᠨ ᠳᠠᠭᠤᠰᠬᠠᠵᠤ᠂ | ᠺᠦᠨ ᠢᠦ᠋ᠶ 1 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠲᠥᠷᠥᠯ ᠵᠦᠶᠯ ᠤᠨ ᠭᠤᠤᠯ | ᠪᠠᠷᠢᠯᠭ᠎ᠠ ᠶᠢ ᠲᠠᠭᠤᠰᠬᠠᠭᠰᠠᠨ ᠪᠦᠭᠡᠳ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠶᠡᠷᠦᠩᠬᠡᠶ ᠴᠠᠬᠢᠯᠭᠠᠨ ᠬᠦᠴᠦᠨ ᠤ | ᠬᠡᠮᠵᠢᠶ᠎ᠠ ᠨᠢ 189 ᠲᠦᠮᠡᠨ ᠺᠢᠯᠣᠸᠠᠲ ᠲᠤ ᠬᠥᠷᠪᠡ ᠃ | ᠶᠦᠨ ᠳ᠋ᠠ ᠰᠠᠯᠬᠢᠨ ᠬᠦᠴᠦᠨ ᠤ ᠲᠥᠬᠦᠭᠡᠷᠦᠮᠵᠢ ᠶᠢ ᠡᠬᠢ ᠪᠠᠶᠠᠯᠢᠭ ᠪᠤᠯᠭᠠᠨ ᠠᠰᠢᠭᠯᠠᠬᠤ ᠰᠠᠭᠤᠷᠢᠨ ᠭᠠᠵᠠᠷ ᠤᠨ ᠲᠥᠷᠥᠯ | ᠵᠦᠢᠯ ᠢ ᠤᠷᠢᠨ ᠣᠷᠣᠭᠤᠯᠵᠤ᠂ ᠰᠢᠯᠢ ᠶᠢᠨ ᠭᠤᠣᠯ ᠠᠶᠢᠮᠠᠭ ᠤᠨ ᠡᠮᠦᠨ᠎ᠡ ᠬᠡᠰᠡᠭ ᠤᠨ ᠰᠠᠯᠬᠢᠨ ᠬᠦᠴᠦᠨ ᠤ ᠮᠠᠰᠢᠨ | ᠴᠣᠭᠴᠠᠯᠠᠪᠣᠷᠢ ᠶᠢ ᠤᠭᠰᠠᠷᠠᠬᠤ᠂ ᠠᠵᠢᠯᠯᠠᠭᠤᠯᠬᠤ᠂ ᠬᠠᠮᠠᠭᠠᠯᠠᠬᠤ ᠪᠠ ᠬᠤᠷᠢᠶᠠᠨ ᠠᠰᠢᠭᠯᠠᠬᠤ ᠰᠠᠭᠤᠷᠢᠨ ᠭᠠᠵᠠᠷ ᠢ | ᠬᠦᠴᠦᠯᠡᠨ ᠪᠠᠶᠢᠭᠤᠯᠬᠤ ᠪᠠᠷ ᠴᠢᠷᠮᠠᠶᠢᠪᠠ᠃ ᠠᠵᠤ ᠠᠬᠤᠶᠢᠯᠠᠯ ᠢ ᠲᠤᠭᠳᠠᠪᠤᠷᠢᠵᠢᠭᠤᠯᠬᠤ ᠪᠠ ᠲᠤᠰᠠᠯᠠᠬᠤ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠱᠦᠨ ᠰᠢᠨ ᠰᠢᠨ ᠶᠤᠸᠠᠨ ᠪᠠ ᠰᠢ ᠪᠸᠢ ᠾᠦᠢ ᠲᠦᠩ ᠮᠠᠯ ᠠᠵᠤ ᠠᠬᠤᠢ᠂ ᠴᠠᠩ | ᠬᠤᠩ ᠴᠠᠭᠠᠨ ᠢᠳᠡᠭᠡ᠂ ᠼᠤᠤ ᠶᠤᠸᠠᠨ ᠲᠢᠶᠠᠨ ᠮᠤ᠋᠂ ᠱᠠᠩᠳᠤ ᠦᠬᠡᠷ ᠤᠨ ᠮᠢᠬ᠎ᠠ ᠵᠡᠷᠭᠡ ᠰᠦ ᠮᠢᠬ᠎ᠠ ᠪᠣᠯᠪᠠᠰᠤᠷᠠᠭᠤᠯᠬᠤ | ᠠᠵᠤ ᠠᠬᠤᠶᠢᠯᠠᠯ ᠤᠨ ᠪᠤᠵᠠᠭᠠᠶᠢᠷᠠᠨ ᠬᠥᠭᠵᠢᠭᠦᠯᠬᠦ ᠶᠢ ᠠᠬᠢᠭᠤᠯᠵᠤ᠂ ᠦᠨᠳᠦᠰᠦᠲᠡᠨ ᠤ ᠣᠨᠴᠠᠯᠢᠭᠲᠤ ᠠᠵᠤ ᠦᠢᠯᠡᠰ ᠤᠨ | ᠬᠦᠷᠢᠶᠡᠯᠡᠩ ᠳᠤ ᠳᠤᠯᠠᠭᠠᠯᠭ᠎ᠠ ᠬᠠᠩᠭᠠᠵᠤ ᠂ ᠱᠠᠩᠳᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠨᠡᠭᠦᠷᠡᠰᠦᠨ ᠤ | ᠬᠠᠩᠭᠠᠯᠭ᠎ᠠ ᠶᠢ ᠪᠠᠲᠤᠯᠠᠬᠤ ᠪᠠᠷ ᠢᠳᠡᠪᠬᠢᠲᠡᠢ ᠵᠤᠬᠢᠴᠠᠭᠤᠯᠪᠠ ᠃ ᠱᠠᠩᠳᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠶᠢᠨ ᠬᠥᠭᠵᠢᠯᠲᠡ ᠶᠢ ᠠᠬᠢᠭᠤᠯᠵᠤ᠂ ᠠᠶᠢᠮᠠᠭ ᠠᠴᠠ ᠶᠠᠪᠤᠭᠳᠠᠭᠤᠯᠵᠤ ᠪᠠᠶᠢᠭ᠎ᠠ ᠠᠵᠤ ᠦᠢᠯᠡᠰ ᠤᠨ | ᠨᠡᠭᠡᠭᠡᠯᠲᠡ ᠶᠢᠨ ᠲᠣᠭᠤᠷᠢᠭ ᠢ ᠡᠮᠬᠢᠯᠡᠨ ᠨᠡᠶᠢᠯᠡᠭᠦᠯᠬᠦ ᠪᠠ ᠪᠠᠶᠢᠭᠤᠯᠤᠮᠵᠢ ᠠᠵᠢᠯᠲᠠᠨ ᠢ ᠲᠣᠬᠢᠷᠠᠭᠤᠯᠬᠤ ᠠᠵᠢᠯ ᠢ ᠠᠬᠢᠭᠤᠯᠤᠨ | ᠂ ᠬᠦᠷᠢᠶᠡᠯᠡᠩ ᠳᠤ ᠣᠷᠣᠭᠰᠠᠨ 37 ᠠᠵᠤ ᠠᠬᠤᠶᠢᠯᠠᠯ ᠳᠤ ᠪᠠᠶᠢᠴᠠᠭᠠᠯᠲᠠ ᠬᠢᠵᠦ᠂ ᠹᠦ᠋ ᠶᠠᠩ ᠵᠤᠭᠠᠩ ᠤᠨ ᠠᠵᠤ | ᠠᠬᠤᠶᠢᠯᠠᠯ ᠳᠤ ᠬᠠᠪᠰᠤᠷᠤᠨ ᠬᠦᠬᠦᠷ ᠥᠬᠡᠶᠢᠳᠡᠭᠦᠯᠦᠭᠰᠡᠨ ᠵᠤᠭᠠᠩ ᠤᠨ ᠲᠦᠭᠦᠬᠡᠢ ᠮᠠᠲ᠋ᠧᠷᠢᠶᠠᠯ ᠨᠢ ᠪᠠᠷᠢᠮᠵᠢᠶ᠎ᠠ ᠳᠤ ᠬᠦᠷᠬᠦ | ᠦᠭᠡᠢ ᠪᠠᠶᠢᠭ᠎ᠠ ᠠᠰᠠᠭᠤᠳᠠᠯ ᠢ ᠰᠢᠢᠳᠪᠦᠷᠢᠯᠡᠪᠡ᠃ 4300 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠠᠵᠤ | ᠦᠢᠯᠡᠳᠪᠦᠷᠢ ᠶᠢᠨ ᠲᠤᠭᠤᠷᠢᠭ ᠤᠨ ᠡᠮᠦᠨ᠎ᠡ ᠤᠮᠠᠷ᠎ᠠ᠂ ᠵᠡᠭᠦᠨ ᠪᠠᠷᠠᠭᠤᠨ ᠭᠤᠤᠯ ᠵᠠᠮ᠂ ᠭᠤᠷᠪᠠᠨ ᠬᠦᠨᠳᠡᠯᠡᠨ ᠵᠠᠮ᠂ ᠬᠤᠶᠠᠷ | ᠭᠤᠯᠳᠤ ᠵᠠᠮ ᠤᠨ ᠢᠨᠵᠧᠨᠧᠷᠢᠩ ᠤᠨ ᠪᠠᠶᠢᠭᠤᠯᠤᠯᠲᠠ ᠶᠢ ᠲᠦᠷᠭᠡᠳᠬᠡᠨ᠂ ᠤᠰᠤ ᠬᠠᠩᠭᠠᠬᠤ ᠬᠤᠭᠤᠯᠠᠢ ᠳᠡᠪᠢᠰᠬᠦ ᠠᠵᠢᠯ ᠢ | ᠡᠬᠢᠯᠡᠭᠦᠯᠦᠨ᠂ ᠣᠶᠤᠨᠴᠢᠯᠠᠭᠰᠠᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠲᠤᠷᠰᠢᠯᠳᠠ ᠶᠢᠨ ᠱᠠᠲᠤᠨ ᠳᠤ ᠪᠠᠨ ᠣᠷᠣᠵᠤ᠂ | ᠲᠣᠭᠤᠷᠢᠭ ᠤᠨ ᠰᠠᠭᠤᠷᠢ ᠲᠥᠬᠦᠭᠡᠷᠦᠮᠵᠢ ᠤᠯᠠᠮ ᠨᠢᠭᠡ ᠠᠯᠬᠤᠮ ᠲᠡᠭᠦᠯᠳᠡᠷᠵᠢᠪᠡ᠃ | ᠣᠳᠣ ᠦᠶ᠎ᠡ ᠶᠢᠨ ᠦᠢᠯᠡᠴᠢᠯᠡᠭᠡᠨ ᠤ ᠠᠵᠤ ᠦᠢᠯᠡᠰ ᠤᠨ ᠰᠢᠰᠲ᠋ᠧᠮ ᠢ ᠪᠠᠶᠢᠭᠤᠯᠪᠠ᠃ ︽ᠪᠦᠬᠦ ᠤᠷᠤᠨ ᠪᠥᠰᠡ ᠶᠢᠨ | ᠵᠢᠭᠤᠯᠴᠢᠯᠠᠯ ᠤᠨ ᠲᠥᠯᠥᠪᠵᠢᠭᠦᠯᠭᠡ ︾ ᠶᠢ ᠨᠠᠶᠢᠷᠠᠭᠤᠯᠤᠨ ᠳᠠᠭᠤᠰᠬᠠᠵᠤ᠂ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠪᠠ | ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ ᠤᠨ ᠦᠢᠯᠡᠰ ᠢ | ᠠᠭᠤᠰᠤᠯᠳᠤᠭᠤᠯᠤᠨ ᠬᠥᠭᠵᠢᠭᠦᠯᠬᠦ ᠪᠠ ᠵᠢᠷᠤᠮᠵᠢᠭᠤᠯᠤᠨ ᠬᠥᠭᠵᠢᠭᠦᠯᠬᠦ ᠶᠢ ᠠᠬᠢᠭᠤᠯᠪᠠ᠃ ᠶᠤᠸᠠᠨ ᠤ ᠳᠡᠭᠡᠳᠦ ᠨᠡᠶᠢᠰᠯᠡᠯ | ᠤᠨ ᠪᠠᠭᠤᠷᠢ ᠶᠢᠨ 5 A ᠲᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠤᠷᠤᠭᠰᠢᠲᠠᠢ ᠶᠠᠪᠤᠭᠳᠠᠵᠤ᠂ | ︽ᠶᠡᠷᠦᠩᠬᠡᠢ ᠲᠦᠯᠦᠪᠵᠢᠭᠦᠯᠭᠡ︾ ᠨᠢ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠱᠠᠲᠤᠨ ᠳᠤ ᠬᠦᠷᠴᠦ᠂ ᠮᠠᠨ ᠤ | ᠬᠤᠰᠢᠭᠤᠨ ᠤ 5 ᠵᠢᠭᠤᠯᠴᠢᠯᠠᠯ ᠤᠨ ᠥᠷᠲᠡᠭᠡ ᠨᠢ ᠰᠢᠯᠢ ᠶᠢᠨ ᠭᠤᠣᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ | ᠦᠵᠡᠮᠵᠢ ᠶᠢᠨ ᠱᠤᠭᠤᠮ ᠳᠠᠬᠢ ᠣᠳᠣᠨ ᠲᠡᠰ ᠤᠨ ᠥᠷᠲᠡᠭᠡ ᠪᠠᠷ ᠦᠨᠡᠯᠡᠭᠳᠡᠵᠦ᠂ ᠰᠢᠯᠤᠭᠤᠨ ᠬᠥᠬᠡ ᠬᠤᠰᠢᠭᠤᠨ ᠤ | ᠵᠢᠭᠤᠯᠴᠢᠳ ᠲᠤ ᠦᠢᠯᠡᠴᠢᠯᠡᠬᠦ ᠲᠥᠪ᠂ ᠶᠤᠸᠠᠨ ᠤ ᠳᠡᠭᠡᠳᠦ ᠨᠡᠶᠢᠰᠯᠡᠯ ᠤᠨ ᠠᠳᠤᠭᠤᠨ ᠰᠤᠶᠤᠯ ᠤᠨ ᠬᠦᠷᠢᠶᠡᠯᠡᠩ ᠵᠡᠷᠭᠡ | ᠭᠤᠣᠯᠳᠠᠯᠭ᠎ᠠ ᠲᠠᠢ ᠲᠥᠷᠥᠯ ᠵᠦᠢᠯ ᠢ ᠯᠠᠪᠳᠠᠭᠤᠨ ᠢᠶᠠᠷ ᠠᠬᠢᠭᠤᠯᠪᠠ᠃ ᠠᠯᠳᠠᠩᠬᠤᠸ᠎ᠠ ᠴᠡᠴᠡᠭ ᠰᠣᠨᠢᠷᠬᠠᠬᠤ ᠨᠠᠶᠢᠷ ᠵᠡᠷᠭᠡ | ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭᠲᠦ ᠬᠥᠳᠡᠯᠭᠡᠭᠡᠨ ᠢ ᠠᠮᠵᠢᠯᠲᠠ ᠲᠠᠢ ᠡᠷᠬᠢᠯᠡᠵᠦ᠂ ᠬᠥᠳᠡᠯᠭᠡᠭᠡᠨ ᠤ ᠬᠤᠭᠤᠴᠠᠭᠠᠨ | ᠳᠤ ᠵᠢᠭᠤᠯᠴᠢᠳ ᠤᠨ ᠲᠤᠭ᠎ᠠ 16.2 ᠲᠦᠮᠡᠨ ᠬᠥᠮᠦᠨ ᠤᠳᠠᠭ᠎ᠠ ᠳᠤ ᠬᠦᠷᠴᠦ᠂ 1.1 ᠳ᠋ᠦᠩᠰᠢᠭᠤᠷ ᠲᠥᠭᠦᠷᠢᠭ ᠤᠨ | ᠤᠷᠤᠯᠭ᠎ᠠ ᠶᠢ ᠪᠡᠶᠡᠯᠡᠭᠦᠯᠪᠡ᠃ ᠪᠦᠬᠦ ᠵᠢᠯ ᠳᠤ 43 ᠲᠦᠮᠡᠨ ᠵᠢᠭᠤᠯᠴᠢᠳ ᠢ ᠬᠦᠯᠢᠶᠡᠨ ᠠᠪᠴᠤ᠂ 2.94 ᠳ᠋ᠦᠩᠰᠢᠭᠤᠷ | ᠲᠥᠭᠦᠷᠢᠭ ᠤᠨ ᠣᠷᠣᠯᠭ᠎ᠠ ᠶᠢ ᠪᠡᠶᠡᠯᠡᠭᠦᠯᠪᠡ᠃ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠨᠡᠯᠢᠶᠡᠳ | ᠲᠦᠷᠭᠡᠨ ᠬᠥᠭᠵᠢᠵᠦ᠂ ᠦᠢᠯᠡᠴᠢᠯᠡᠭᠡᠨ ᠤ ᠦᠢᠯᠡᠰ ᠡᠷᠬᠢᠯᠡᠵᠦ ᠪᠠᠶᠢᠭ᠎ᠠ 1ᠠᠵᠤ ᠠᠬᠤᠶᠢᠯᠠᠯ ᠨᠢ ᠬᠡᠪᠴᠢᠶᠡᠵᠢᠯ ᠠᠴᠠ | ᠳᠡᠭᠡᠭᠰᠢᠬᠢ ᠠᠵᠤ ᠠᠬᠤᠶᠢᠯᠠᠯ ᠢᠶᠠᠷ ᠪᠥᠷᠢᠳᠭᠡᠭᠳᠡᠭᠰᠡᠨ ᠪᠠ ᠠᠨ ᠲᠠᠢ ᠰᠢᠨᠡᠳᠴᠦ ᠪᠤᠯᠬᠤ ᠡᠬᠢ ᠪᠠᠶᠠᠯᠢᠭ ᠢ ᠪᠤᠴᠠᠭᠠᠨ | ᠬᠤᠷᠢᠶᠠᠵᠤ ᠲᠡᠬᠢᠨ ᠠᠰᠢᠭᠯᠠᠬᠤ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠡᠬᠢᠯᠡᠪᠡ᠃ ᠴᠠᠬᠢᠮ ᠬᠤᠳᠠᠯᠳᠤᠭ᠎ᠠ | ᠵᠦᠭᠡᠭᠡᠪᠦᠷᠢ ᠶᠢᠨ ᠠᠵᠤ ᠦᠶᠯᠡᠰ ᠢ ᠵᠢᠷᠤᠮᠵᠢᠭᠤᠯᠤᠨ ᠬᠥᠭᠵᠢᠭᠦᠯᠵᠦ᠂ ᠴᠠᠬᠢᠮ ᠬᠤᠳᠠᠯᠳᠤᠭᠠᠨ ᠤ ᠪᠣᠷᠣᠯᠠᠭᠤᠯᠭ᠎ᠠ ᠶᠢᠨ | ᠶᠡᠷᠦᠩᠬᠡᠶ ᠬᠡᠮᠵᠢᠶ᠎ᠡ 5333 ᠲᠦᠮᠡᠨ ᠲᠥᠭᠦᠷᠢᠭ ᠲᠤ ᠬᠦᠷᠴᠦ᠂ ᠮᠠᠨ ᠤ ᠬᠤᠰᠢᠭᠤ 2022 ᠣᠨ ᠤ ᠥᠪᠡᠷᠲᠡᠭᠡᠨ | ᠵᠠᠰᠠᠬᠤ ᠣᠷᠣᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ | ᠪᠤᠯᠪᠠ᠃ | ᠨᠢᠭᠡ ᠵᠢᠯ ᠤᠨ ᠲᠤᠷᠰᠢ᠂ ᠪᠢᠳᠡ ᠪᠣᠬᠢᠷᠲᠤᠯ ᠥᠬᠡᠶ ᠬᠥᠭᠵᠢᠯᠲᠡ ᠶᠢ ᠪᠠᠷᠢᠮᠲᠠᠯᠠᠨ᠂ ᠠᠮᠢ ᠠᠬᠤᠶ ᠶᠢᠨ ᠪᠣᠯᠪᠠᠰᠤᠨ ᠤ | ᠪᠥᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠪᠠ᠃ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠨ᠂ | ᠬᠤᠰᠢᠭᠤ ᠰᠤᠮᠤ ᠪᠠᠯᠭᠠᠰᠣ ᠬᠤᠶᠠᠷ ᠱᠠᠲᠤᠨ ᠤ ︽ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ | ᠲᠥᠯᠥᠪᠵᠢᠭᠦᠯᠭᠡ ︾ ᠶᠢ ᠨᠠᠶᠢᠷᠠᠭᠤᠯᠤᠨ ᠳᠠᠭᠤᠰᠬᠠᠵᠤ᠂ 35 ᠭᠠᠴᠠᠭ᠎ᠠ ᠲᠤᠰᠬᠤᠨ ᠤ ︽ᠲᠦᠯᠦᠪᠵᠢᠭᠦᠯᠭᠡ ︾ ᠶᠢ | ᠨᠠᠶᠢᠷᠠᠭᠤᠯᠤᠨ ᠂ ᠬᠤᠲᠠ ᠪᠠᠯᠭᠠᠰᠤᠨ ᠤ ᠣᠷᠣᠨ ᠵᠠᠶ᠂ ᠲᠠᠷᠢᠶᠠᠯᠠᠩ ᠤᠨ ᠣᠷᠣᠨ ᠵᠠᠶ᠂ ᠠᠮᠢ ᠠᠬᠤᠶ ᠶᠢᠨ ᠣᠷᠣᠨ ᠵᠠᠶ ᠶᠢ | ᠨᠢᠭᠡᠳᠦᠯᠲᠡᠶ ᠲᠥᠯᠥᠪᠯᠡᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ 72287.68 ᠾᠧᠺᠲ᠋ᠠᠷ᠂ | ᠬᠤᠲᠠ ᠪᠠᠯᠭᠠᠰᠤᠨ ᠤ ᠨᠡᠭᠡᠭᠡᠨ ᠬᠦᠭᠵᠢᠯᠳᠡ ᠶᠢᠨ ᠵᠠᠭᠠᠭ ᠢ 2577 ᠾᠧᠺᠲ᠋ᠠᠷ᠂ ᠦᠨᠳᠦᠰᠦᠨ ᠲᠠᠷᠢᠶᠠᠨ ᠭᠠᠵᠠᠷ ᠢ | 19069.74 ᠾᠧᠺᠲ᠋ᠠᠷ᠂ ᠦᠨᠳᠦᠰᠦᠨ ᠨᠤᠲᠤᠭ ᠪᠡᠯᠴᠢᠭᠡᠷ ᠢ 938.35 ᠲᠦᠮᠡᠨ ᠮᠥ ᠪᠠᠶᠢᠭᠰᠠᠨ ᠠᠴᠠ 747. 06 | ᠲᠦᠮᠡᠨ ᠮᠥ ᠪᠣᠯᠭᠠᠨ ᠲᠣᠬᠢᠷᠠᠭᠤᠯᠵᠤ᠂ ᠨᠤᠭᠤ ᠭᠠᠵᠠᠷ ᠢ 40.5 ᠲᠦᠮᠡᠨ ᠮᠥ ᠵᠠᠭᠠᠭᠯᠠᠨ ᠲᠣᠭᠲᠠᠭᠠᠵᠤ᠂ ᠱᠠᠩᠳᠤ ᠶᠢᠨ | ᠭᠤᠤᠯ ᠤᠯᠤᠰ ᠤᠨ ᠨᠤᠭᠤ ᠭᠠᠵᠠᠷ ᠤᠨ ᠴᠡᠴᠡᠷᠯᠢᠭ ᠢ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠪᠦᠯᠦᠭ ᠤᠨ | ᠴᠢᠬᠤᠯᠠ ᠨᠤᠭᠤ ᠭᠠᠵᠠᠷ ᠲᠤ ᠵᠢᠭᠰᠠᠭᠠᠨ ᠣᠷᠣᠭᠤᠯᠵᠤ᠂ ᠵᠢᠭᠠᠰᠤᠲᠠᠶ ᠨᠠᠭᠤᠷ ᠵᠢᠴᠢ ᠡᠷᠬᠢᠨ ᠲᠣᠭᠤᠷᠢᠨ ᠤ ᠨᠤᠭᠤ ᠭᠠᠵᠠᠷ ᠢ | ᠠᠶᠢᠮᠠᠭ ᠤᠨ ᠲᠠᠰ ᠤᠨ ᠴᠢᠬᠤᠯᠠ ᠨᠤᠭᠤ ᠭᠠᠵᠠᠷ ᠲᠤ ᠪᠥᠷᠢᠳᠬᠡᠭᠦᠯᠪᠡ᠃ ᠤᠯᠤᠰ ᠤᠨ ᠠᠮᠢ ᠠᠬᠤᠶ ᠶᠢᠨ ᠪᠣᠯᠪᠠᠰᠤᠨ ᠤ | ᠪᠥᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ | ᠥᠷᠨᠢᠭᠦᠯᠵᠦ᠂ ︽ᠤᠯᠤᠰ ᠤᠨ ᠠᠮᠢ ᠠᠬᠤᠶ ᠶᠢᠨ ᠪᠣᠯᠪᠠᠰᠤᠨ ᠤ ᠪᠥᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠬᠤᠰᠢᠭᠤᠨ ᠤ ᠲᠥᠯᠥᠪᠵᠢᠭᠦᠯᠭᠡ ︵2021-2035 ︶ ︾ ᠶᠢ ᠨᠠᠶᠢᠷᠠᠭᠤᠯᠤᠨ᠂ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ᠂ ᠰᠡᠯᠭᠦᠨ ᠮᠠᠯᠵᠢᠬᠤ ᠪᠠ ᠬᠠᠰᠢᠶᠠᠯᠠᠨ ᠮᠠᠯᠵᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠪᠦᠭᠡᠳ | ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠥᠷᠥ ᠶᠢᠨ ᠪᠤᠳᠤᠯᠭ᠎ᠠ ᠶᠢ | 1356.68 ᠲᠦᠮᠡᠨ ᠮᠤ᠋ ᠳᠤ ᠬᠡᠷᠡᠭᠵᠢᠭᠦᠯᠵᠦ᠂ 8577 ᠲᠦᠮᠡᠨ ᠲᠥᠭᠦᠷᠢᠭ ᠤᠨ ᠨᠦᠬᠦᠪᠦᠷᠢ ᠪᠠᠭᠤᠯᠭᠠᠵᠤ ᠂ 1.78 | ᠲᠦᠮᠡᠨ ᠡᠷᠦᠬᠡ ᠶᠢᠨ 4.33 ᠲᠦᠮᠡᠨ ᠬᠥᠮᠦᠨ ᠳᠤ ᠠᠰᠢᠭ ᠬᠦᠷᠲᠡᠭᠡᠪᠡ᠃ 5277.7 ᠲᠦᠮᠡᠨ ᠲᠥᠭᠦᠷᠢᠭ ᠤᠨ ᠪᠡᠯᠡ | ᠣᠷᠣᠭᠤᠯᠵᠤ᠂ ᠣᠢ ᠰᠢᠭᠤᠢ ᠪᠠ ᠲᠠᠯ᠎ᠠ ᠨᠤᠲᠤᠭ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ 11. | 97 ᠲᠦᠮᠡᠨ ᠮᠦ ᠪᠡᠶᠡᠯᠡᠭᠦᠯᠵᠦ᠂ ᠪᠦᠲᠦᠭᠡᠨ ᠪᠠᠶᠢᠭᠤᠯᠤᠯᠲᠠ ᠶᠢᠨ ᠬᠢᠷᠢ ᠪᠦᠳᠦᠮᠵᠢ ᠨᠢ ᠴᠥᠮ ᠤᠯᠤᠰ ᠤᠨ ᠪᠠᠷᠢᠮᠵᠢᠶ᠎ᠠ | ᠳᠤ ᠬᠦᠷᠴᠠᠢ᠃ | ᠠᠮᠢ ᠠᠬᠤᠶ ᠶᠢᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠲᠥᠪ ᠤᠨ ᠬᠤᠶᠠᠳᠤᠭᠠᠷ | ᠡᠭᠡᠯᠵᠢ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠴᠠᠭᠠᠯᠲᠠ ᠪᠠ ᠥᠪᠡᠷᠲᠡᠭᠡᠨ ᠵᠠᠰᠠᠬᠤ ᠣᠷᠣᠨ ᠤ | ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠᠶᠢᠨ ᠪᠠᠶᠢᠴᠠᠭᠠᠯᠲᠠ ᠳᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ 29 ᠵᠦᠶᠯ ᠢ ᠴᠡᠭᠴᠡᠯᠡᠨ ᠵᠠᠰᠠᠵᠤ᠂ 7 ᠵᠦᠶᠯ ᠢ | ᠲᠣᠭᠲᠠᠭᠰᠠᠨ ᠬᠤᠭᠤᠴᠠᠭᠠᠨ ᠳᠤ ᠨᠢ ᠠᠬᠢᠭᠤᠯᠤᠨ᠂ ᠨᠢᠭᠡ ᠪᠦᠯᠦᠭ ᠲᠣᠪᠣᠶᠢᠮ᠎ᠠ ᠠᠰᠠᠭᠤᠳᠠᠯ ᠢ ᠰᠢᠶᠳᠪᠦᠷᠢᠯᠡᠪᠡ᠃ ᠭᠤᠤᠯ | ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ᠂ ᠣᠶ ᠰᠢᠭᠤᠶ ᠨᠤᠲᠤᠭ ᠪᠡᠯᠴᠢᠭᠡᠷ ᠤᠨ ᠳᠠᠷᠤᠭ᠎ᠠ ᠶᠢᠨ ᠲᠦᠷᠢᠮ | ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ᠂ ᠣᠶᠢᠲᠤ ᠭᠠᠵᠠᠷ ᠢ ᠡᠪᠳᠡᠬᠦ ᠵᠡᠷᠭᠡ ᠬᠠᠤᠯᠢ ᠲᠣᠭᠲᠠᠭᠠᠯ | ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠶᠢ ᠭᠦᠨᠵᠡᠭᠡᠶ ᠠᠬᠢᠭᠤᠯᠵᠤ᠂ ᠳᠠᠭᠠᠭᠠᠴᠠ ᠠᠴᠠ | ᠬᠡᠲᠦᠷᠡᠭᠦᠯᠦᠨ ᠮᠠᠯᠵᠢᠬᠤ᠂ ᠬᠠᠤᠯᠢ ᠪᠤᠰᠤ ᠪᠠᠷ ᠨᠤᠲᠤᠭ ᠪᠡᠯᠴᠢᠭᠡᠷ ᠢ ᠬᠠᠭᠠᠯᠪᠤᠷᠢᠯᠠᠬᠤ᠂ ᠣᠶ ᠰᠢᠭᠤᠶ ᠨᠤᠭᠤ ᠭᠠᠵᠠᠷ ᠪᠠ | ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠡᠪᠳᠡᠬᠦ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠡᠢ᠃ | ᠱᠠᠩᠳᠤ ᠶᠢᠨ ᠭᠤᠣᠯ ᠤᠨ ᠤᠰᠤᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠦᠷᠭᠦᠯᠵᠢᠯᠡᠨ | ᠴᠢᠩᠭᠠᠳᠬᠠᠵᠤ᠂ ᠾᠧᠪᠧᠢ ᠮᠤᠵᠢ ᠶᠢᠨ ᠰᠠᠢ ᠪᠧᠢ ᠬᠠᠮᠢᠶᠠᠷᠣᠯᠳᠠ ᠶᠢᠨ ᠣᠷᠣᠨ ᠲᠠᠢ ︽ᠳᠡᠭᠡᠳᠦ ᠲᠤᠤᠷᠠᠳᠤ ᠤᠷᠤᠰᠬᠠᠯ | ᠤᠨ ᠤᠰᠤᠨ ᠤ ᠪᠣᠬᠢᠷᠲᠤᠯ ᠢ ᠬᠠᠮᠲᠤᠪᠠᠷ ᠰᠡᠷᠭᠡᠶᠢᠯᠡᠬᠦ ᠮᠤᠵᠢ ᠠᠯᠤᠰᠯᠠᠭᠰᠠᠨ ᠠᠵᠢᠯ ᠤᠨ ᠲᠤᠶᠢᠮᠤ ᠵᠦᠪᠳᠡᠯᠴᠡᠭᠡᠷ︾ ᠲᠤ | ᠭᠠᠷ ᠤᠨ ᠦᠰᠦᠭ ᠵᠢᠷᠤᠵᠤ᠂ ᠭᠠᠵᠠᠷ ᠬᠤᠪᠢᠶᠠᠨ ᠤᠷᠤᠰᠬᠠᠯ ᠬᠤᠪᠢᠶᠠᠨ ᠬᠠᠮᠢᠶᠠᠷᠬᠤ ᠵᠠᠷᠴᠢᠮ ᠢ ᠬᠡᠷᠡᠭᠵᠢᠭᠦᠯᠪᠡ᠃ ᠭᠠᠵᠠᠷ | ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢ ᠪᠦᠬᠦ ᠲᠠᠯ᠎ᠠ ᠪᠠᠷ ᠠᠬᠢᠭᠤᠯᠵᠤ᠂ 5 ᠡᠷᠦᠬᠡ ᠪᠠᠷᠢᠯᠭ᠎ᠠ ᠶᠢᠨ ᠬᠠᠶᠢᠷ | ᠴᠢᠯᠠᠭᠤ ᠬᠠᠩᠭᠠᠬᠤ ᠠᠭᠤᠷᠬᠠᠢ ᠶᠢ ᠬᠠᠤᠯᠢ ᠶᠣᠰᠣᠭᠠᠷ ᠵᠤᠭᠰᠤᠭᠠᠵᠤ᠂ ᠠᠰᠢᠭᠯᠠᠵᠤ ᠪᠠᠶᠢᠭ᠎ᠠ ᠠᠭᠤᠷᠬᠠᠢ ᠶᠢ 0.88 ᠲᠡᠭᠰᠢ | ᠳᠥᠷᠪᠡᠯᠵᠢᠨ ᠺᠢᠯᠤᠮᠧᠲᠷ ᠵᠠᠰᠠᠵᠤ᠂ ᠬᠠᠶᠠᠭᠳᠠᠮᠠᠯ ᠠᠭᠤᠷᠬᠠᠢ ᠶᠢᠨ ᠨᠦᠬᠡ ᠶᠢᠨ ᠭᠠᠵᠠᠷ ᠰᠢᠨᠵᠢᠯᠡᠭᠡᠨ ᠤ ᠣᠷᠴᠢᠨ | ᠲᠣᠭᠤᠷᠢᠨ ᠢ ᠵᠠᠰᠠᠬᠤ ᠢᠨᠵᠧᠨᠧᠷᠢᠩ ᠢ ᠪᠡᠶᠡᠯᠡᠭᠦᠯᠪᠡ᠃ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠷᠡᠶᠢᠭᠦᠯᠵᠦ᠂ ᠬᠥᠬᠡ ᠣᠭᠲᠠᠷᠭᠤᠶ ᠬᠥᠬᠡᠮᠳᠦᠭ ᠤᠰᠤ | ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠶ ᠰᠠᠶᠢᠲᠤᠷ ᠬᠢᠵᠦ᠂ ᠪᠠᠯᠭᠠᠰᠤᠨ ᠤ | ᠬᠡᠪᠴᠢᠶᠡᠨ ᠳᠠᠬᠢ ᠠᠭᠤᠷ ᠤᠨ ᠬᠡᠮᠵᠢᠶ᠎ᠠ ᠨᠢ 10 ᠲᠣᠨ ᠪᠤᠶᠤ ᠲᠡᠭᠦᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ | ᠭᠦᠸᠧᠯᠦ ᠶᠢ ᠪᠦᠬᠦᠨ ᠢ ᠰᠣᠯᠢᠵᠦ᠂ ᠠᠭᠠᠷ ᠤᠨ ᠶᠠᠰᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ 96% ᠳᠤ | ᠬᠦᠷᠴᠦ᠂ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ | ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠠᠭᠠᠷ ᠤᠨ ᠶᠠᠰᠤ ᠴᠢᠨᠠᠷ ᠢ ᠪᠠᠲᠤᠯᠠᠬᠤ ᠠᠵᠢᠯ ᠢ | ᠲᠡᠭᠦᠰ ᠠᠮᠵᠢᠯᠲᠠ ᠲᠠᠢ ᠪᠡᠶᠡᠯᠡᠭᠦᠯᠪᠡ᠃ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠪᠣᠬᠢᠷ ᠪᠣᠳᠠᠰ | ᠭᠠᠳᠠᠭᠰᠢᠯᠠᠭᠤᠯᠬᠤ ᠡᠯ᠎ᠡ ᠲᠥᠷᠦᠯ ᠤᠨ ᠭᠦᠢᠴᠡᠳᠬᠡᠯ ᠲᠤᠭ᠎ᠠ ᠶᠢ ᠪᠠᠷᠢᠮᠵᠢᠶ᠎ᠠ ᠳᠤ ᠬᠦᠷᠭᠡᠨ᠂ ᠴᠡᠪᠡᠷᠰᠢᠭᠦᠯᠦᠭᠰᠡᠨ ᠤᠰᠤ | ᠶᠢ ᠡᠭᠡᠭᠦᠯᠦᠨ ᠬᠡᠷᠡᠭᠯᠡᠬᠦ ᠨᠣᠷᠮ᠎ᠠ ᠶᠢ 66% ᠳᠤ ᠬᠦᠷᠭᠡᠪᠡ᠃ ᠬᠤᠲᠠ ᠪᠠᠯᠭᠠᠰᠤᠨ ᠤ ᠤᠤᠭᠤᠬᠤ ᠤᠰᠤᠨ ᠤ ᠴᠢᠨᠠᠷ ᠨᠢ | 100% ᠪᠠᠷ ᠪᠠᠷᠢᠮᠵᠢᠶᠠᠨ ᠳᠤ ᠬᠦᠷᠴᠠᠢ᠃ ᠠᠵᠤ ᠦᠶᠯᠡᠳᠪᠦᠷᠢ ᠶᠢᠨ ︽ᠰᠤᠯᠠ᠂ ᠵᠠᠳᠠᠭᠠᠢ᠂ ᠪᠣᠬᠢᠷᠲᠤᠯ ᠲᠠᠢ ︾ | ᠠᠵᠤ ᠠᠬᠤᠶᠢᠯᠠᠯ ᠢ ᠲᠤᠰᠬᠠᠶ ᠴᠡᠭᠴᠡᠯᠡᠨ ᠵᠠᠰᠠᠬᠤ ᠪᠠ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ | ᠠᠵᠢᠯ ᠢ ᠶᠡᠬᠡᠪᠡᠷ ᠠᠬᠢᠭᠤᠯᠵᠤ᠂ 7 ᠠᠵᠤ ᠠᠬᠤᠶᠢᠯᠠᠯ ᠳᠤ ᠪᠣᠬᠢᠷᠲᠤᠯ ᠢ ᠬᠢᠨᠠᠨ ᠪᠠᠶᠢᠴᠠᠭᠠᠬᠤ ᠳᠦᠬᠦᠭᠡᠷᠦᠮᠵᠢ ᠤᠭᠰᠠᠷᠠᠵᠤ᠂ | 16 ᠡᠷᠦᠬᠡ ᠭᠤᠤᠯᠳᠠᠯᠭ᠎ᠠ ᠲᠠᠢ ᠬᠢᠨᠠᠨ ᠬᠠᠮᠢᠶᠠᠷᠬᠤ ᠨᠢᠭᠡᠴᠡ ᠶᠢᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠴᠡᠭᠴᠡᠯᠡᠨ | ᠵᠠᠰᠠᠬᠤ ᠠᠵᠢᠯ ᠢ ᠪᠡᠶᠡᠯᠡᠭᠦᠯᠵᠦ᠂ 13 ᠭᠤᠤᠯᠳᠠᠯᠭ᠎ᠠ ᠲᠠᠢ ᠬᠢᠨᠠᠨ ᠬᠠᠮᠢᠶᠠᠷᠬᠤ ᠠᠵᠤ ᠠᠬᠤᠶᠢᠯᠠᠯ ᠳᠤ ᠣᠷᠴᠢᠨ ᠲᠣᠭᠤᠷᠢᠨ | ᠤ ᠬᠠᠮᠢᠶᠠᠷᠤᠭᠴᠢ ᠶᠢᠨ ᠦᠶᠯᠡᠴᠢᠯᠡᠭᠡ ᠬᠠᠩᠭᠠᠪᠠ᠃ ︽ᠮᠠᠯ ᠵᠢᠭᠦᠷᠲᠡᠨ᠂ ᠲᠡᠵᠢᠭᠡᠪᠦᠷᠢ ᠶᠢᠨ ᠪᠣᠬᠢᠷᠲᠤᠯ ᠢ ᠰᠡᠷᠭᠡᠶᠢᠯᠡᠨ | ᠵᠠᠰᠠᠬᠤ ᠲᠥᠯᠥᠪᠵᠢᠭᠦᠯᠭᠡ ︵2021-2025 ︶ ︾ ᠶᠢ ᠨᠠᠶᠢᠷᠠᠭᠤᠯᠤᠨ ᠵᠣᠬᠢᠶᠠᠵᠤ᠂ ᠮᠠᠯ ᠵᠢᠭᠦᠷᠲᠡᠨ᠂ | ᠲᠡᠵᠢᠭᠡᠪᠦᠷᠢ ᠶᠢᠨ ᠢᠯᠭᠠᠳᠠᠰᠤ ᠶᠢ ᠡᠬᠢ ᠪᠠᠶᠠᠯᠢᠭ ᠪᠤᠯᠭᠠᠨ ᠠᠰᠢᠭᠯᠠᠬᠤ ᠨᠣᠷᠮ᠎ᠠ ᠶᠢ 91.4% ᠳᠤ ᠬᠦᠷᠭᠡᠨ᠂ | ᠬᠡᠪᠴᠢᠶᠡᠵᠢᠭᠰᠡᠨ ᠮᠠᠯᠵᠢᠯ ᠤᠨ ᠲᠠᠯᠠᠪᠠᠶ ᠳᠤ ᠢᠯᠭᠠᠳᠠᠰᠤ ᠰᠢᠶᠳᠪᠦᠷᠢᠯᠡᠬᠦ ᠲᠥᠬᠦᠭᠡᠷᠦᠮᠵᠢ ᠤᠭᠰᠠᠷᠠᠪᠠ᠃ ᠲᠠᠷᠢᠶᠠᠨ ᠭᠠᠵᠠᠷ | ᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠴᠡᠪᠡᠷᠯᠡᠬᠦ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ 1.7 ᠲᠦᠮᠡᠨ | ᠮᠥ ᠲᠠᠷᠢᠶᠠᠨ ᠭᠠᠵᠠᠷ ᠤᠨ ᠰᠦᠯᠢᠶᠣᠣ ᠪᠦᠷᠬᠦᠪᠴᠢ ᠶᠢ ᠬᠤᠷᠢᠶᠠᠨ ᠴᠡᠪᠡᠷᠯᠡᠪᠡ᠃ | ᠨᠢᠭᠡ ᠵᠢᠯ ᠤᠨ ᠲᠤᠷᠰᠢ᠂ ᠪᠢᠳᠡ ᠨᠢᠭᠡᠳᠦᠯᠲᠡᠢ ᠲᠥᠯᠥᠪᠵᠢᠭᠦᠯᠦᠨ ᠬᠠᠮᠲᠤ ᠪᠠᠷ ᠴᠢᠷᠮᠠᠶᠢᠵᠦ᠂ ᠬᠤᠲᠠ ᠬᠥᠳᠡᠭᠡ ᠶᠢᠨ | ᠬᠥᠭᠵᠢᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠪᠠ᠃ ᠬᠥᠳᠡᠭᠡ ᠣᠷᠣᠨ ᠨᠣᠳᠤᠭ ᠢ | ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠭᠡᠯ ᠢᠬᠥ᠋ᠳᠡᠭᠡ ᠣᠷᠣᠨ ᠨᠣᠳᠤᠭ ᠢ ᠬᠦᠴᠦᠷᠬᠡᠭᠵᠢᠭᠦᠯᠬᠦ ᠯᠤᠭ᠎ᠠ ᠪᠦᠲᠦᠮᠵᠢᠲᠡᠶ | ᠵᠣᠯᠭᠠᠭᠤᠯᠬᠤ ᠠᠵᠢᠯ ᠢ ᠦᠷᠭᠦᠯᠵᠢᠯᠡᠨ ᠰᠠᠶᠢᠨ ᠬᠢᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠰᠢᠯᠭᠠᠬᠤ ᠪᠠ | ᠬᠠᠪᠰᠤᠷᠤᠨ ᠲᠡᠳᠬᠦᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ᠂ ᠳᠡᠭᠡᠷ᠎ᠡ ᠱᠠᠲᠤᠨ ᠤ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠢᠢᠳᠪᠦᠷᠢᠯᠡᠵᠦ ᠨᠠᠶᠢᠳᠠᠪᠤᠷᠢᠵᠢᠭᠤᠯᠬᠤ ᠶᠢ ᠠᠳᠬᠤᠵᠦ᠂ ᠬᠡᠪᠴᠢᠶᠡᠵᠢᠯ ᠤᠨ | ᠴᠢᠨᠠᠷᠳᠠᠢ ᠪᠠᠷ ᠳᠠᠬᠢᠨ ᠶᠠᠳᠠᠭᠤᠷᠠᠬᠤ ᠥᠬᠡᠶ ᠪᠠᠶᠢᠬᠤ ᠶᠢ ᠪᠠᠲᠤᠯᠠᠪᠠ᠃ ︽ᠬᠥᠳᠡᠭᠡ ᠣᠷᠣᠨ ᠨᠣᠳᠤᠭ ᠢ ᠬᠦᠴᠦᠷᠬᠡᠭᠵᠢᠭᠦᠯᠬᠦ | ᠲᠦᠯᠦᠪᠯᠡᠭᠡ︾ ᠪᠠ ︽︿5 + 1﹀ ᠲᠤᠰᠬᠠᠢ ᠲᠥᠷᠥᠯ ᠤᠨ ᠲᠦᠯᠦᠪᠯᠡᠭᠡ︾ ᠶᠢ ᠨᠠᠶᠢᠷᠠᠭᠤᠯᠪᠠ᠃ ᠦᠩᠭᠡᠷᠡᠭᠰᠡᠨ ᠨᠢᠭᠡ | ᠵᠢᠯ 6370.5 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ 23 ᠲᠥᠷᠦᠯ ᠵᠦᠢᠯ ᠢ ᠨᠠᠶᠢᠳᠠᠪᠤᠷᠢᠵᠢᠭᠤᠯᠵᠤ᠂ | 11 ᠭᠤᠣᠯᠳᠠᠯᠭ᠎ᠠ ᠲᠠᠢ ᠭᠠᠴᠠᠭ᠎ᠠ ᠲᠣᠰᠬᠤᠨ ᠳᠤ ᠠᠵᠤ ᠦᠢᠯᠡᠰ ᠢᠶᠠᠷ ᠳᠠᠶᠢᠴᠢᠯᠠᠬᠤ ᠲᠥᠷᠦᠯ ᠵᠦᠢᠯ ᠢ ᠬᠡᠷᠡᠭᠵᠢᠭᠦᠯᠦᠨ᠂ | 1075 ᠡᠷᠦᠬᠡ ᠶᠢᠨ 2313 ᠬᠥᠮᠦᠨ ᠢ ᠬᠠᠮᠤᠷᠪᠠ︔ ᠮᠠᠯ ᠤᠨᠤᠭ᠎ᠠ ᠶᠢ ᠠᠮᠢᠳᠤᠷᠠᠯ ᠤᠨ ᠲᠤᠭᠤᠷᠢᠭ ᠠᠴᠠ | ᠵᠠᠶᠢᠳᠠᠭᠤᠯᠬᠤ ᠲᠤᠷᠰᠢᠯᠲᠠ ᠶᠢᠨ ᠴᠢᠭ 3 ᠶᠢ ᠪᠠᠶᠢᠭᠤᠯᠵᠤ᠂ 985 ᠡᠷᠦᠬᠡ ᠶᠢᠨ 1775 ᠬᠥᠮᠦᠨ ᠢ ᠬᠠᠮᠤᠷᠪᠠ︔ | ᠠᠮᠢᠳᠤᠷᠠᠯ ᠤᠨ ᠣᠷᠴᠢᠨ ᠨᠥᠬᠦᠴᠡᠯ ᠢ ᠴᠡᠭᠴᠡᠯᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠵᠦ᠂ ᠬᠤᠭ ᠨᠣᠪᠰᠢ ᠪᠣᠬᠢᠷ | ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢ ᠪᠠᠶᠢᠭᠤᠯᠵᠤ᠂ ᠮᠠᠰᠢᠨ ᠮᠧᠬᠠᠨᠢᠭ ᠬᠤᠳᠠᠯᠳᠤᠨ ᠠᠪᠴᠤ᠂ ᠬᠠᠶᠠᠭᠳᠠᠮᠠᠯ | ᠪᠤᠳᠠᠰ ᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠢ ᠲᠡᠭᠦᠯᠳᠡᠷᠵᠢᠭᠦᠯᠦᠨ᠂ 2238 ᠡᠷᠦᠬᠡ ᠶᠢᠨ 6864 | ᠬᠥᠮᠦᠨ ᠳᠤ ᠠᠰᠢᠭ ᠬᠦᠷᠲᠡᠭᠡᠪᠡ︔ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠵᠤ᠂ ᠨᠠᠷᠠᠲᠤ ᠰᠤᠮᠤᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ | ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢ ᠡᠬᠢᠯᠡᠭᠦᠯᠦᠭᠰᠡᠨ ᠪᠦᠭᠡᠳ ᠡᠯ᠎ᠡ ᠰᠤᠮᠤ ᠪᠠᠯᠭᠠᠰᠤ ︵ᠲᠠᠯᠠᠪᠠᠢ ︶ ᠳᠤ | ᠨᠡᠶᠢᠭᠡᠮᠴᠢᠯᠡᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ 19 ᠶᠢ ᠪᠠᠶᠢᠭᠤᠯᠵᠤ᠂ ᠨᠡᠶᠢᠲᠡ 610 | ᠤᠳᠠᠭ᠎ᠠ ᠲᠥᠯᠥᠪᠦᠷᠢ ᠦᠭᠡᠢ ᠦᠢᠯᠡᠴᠢᠯᠡᠭᠡ ᠬᠠᠩᠭᠠᠪᠠ᠃ ᠮᠥᠩᠭᠦᠨ ᠭᠦᠢᠯᠭᠡᠭᠡ ᠪᠠᠷ ᠲᠡᠳᠬᠦᠬᠦ ᠬᠦᠴᠦᠯᠡᠴᠡ ᠪᠠᠨ | ᠦᠷᠭᠦᠯᠵᠢᠯᠡᠨ ᠨᠡᠮᠡᠭᠳᠡᠭᠦᠯᠵᠦ᠂ 2762 ᠲᠦᠮᠡᠨ ᠲᠥᠭᠦᠷᠢᠭ ᠤᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠲᠠᠷᠬᠠᠭᠠᠵᠤ | ᠂ 547 ᠡᠷᠦᠬᠡ ᠳᠤ ᠠᠰᠢᠭ ᠬᠦᠷᠲᠡᠭᠡᠪᠡ᠃ ︽ ᠶᠠᠳᠠᠭᠤᠷᠠᠯ ᠠᠴᠠ ᠰᠡᠷᠭᠡᠶᠢᠯᠡᠬᠦ ᠳᠠᠭᠠᠳᠬᠠᠯ︾ ᠳᠤ ᠤᠯᠠᠨ ᠢ ᠢᠳᠡᠪᠬᠢᠲᠡᠢ | ᠤᠷᠢᠶᠠᠯᠠᠵᠤ᠂ 3.48 ᠲᠦᠮᠡᠨ ᠬᠥᠮᠦᠨ ᠢ ᠤᠷᠤᠯᠴᠠᠭᠤᠯᠵᠤ᠂ 64.05 ᠲᠦᠮᠡᠨ ᠲᠥᠭᠦᠷᠢᠭ ᠤᠨ ᠲᠥᠯᠥᠪᠦᠷᠢ ᠤᠯᠭᠤᠪᠠ | ᠃ ᠦᠨᠳᠦᠰᠦᠨ ᠡᠮ ᠡᠮᠨᠡᠯᠭᠡ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠴᠠᠭ᠎ᠠ ᠵᠡᠷᠭᠡ ︽ | ᠭᠤᠷᠪᠠᠨ ᠲᠠᠪᠬᠤᠷ ᠪᠠᠲᠤᠯᠠᠭ᠎ᠠ︾ ᠶᠢ 2.5 ᠲᠦᠮᠡᠨ ᠬᠥᠮᠦᠨ ᠤᠳᠠᠭ᠎ᠠ ᠳᠤ ᠪᠦᠷᠬᠦᠭᠦᠯᠵᠦ᠂ 3141 ᠲᠦᠮᠡᠨ ᠲᠥᠭᠦᠷᠢᠭ | ᠤᠨ ᠳᠠᠩᠰᠠ ᠴᠠᠶᠢᠷᠠᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ | ᠶᠢ ᠬᠦᠴᠦᠯᠡᠨ ᠴᠢᠩᠭᠠᠳᠬᠠᠵᠤ᠂500 ᠭᠠᠷᠤᠶ ᠬᠥᠮᠦᠨ ᠪᠠ 5800 ᠭᠠᠷᠤᠶ ᠮᠠᠯ ᠤᠨᠤᠭᠠᠨ ᠤ ᠤᠤᠭᠤᠬᠤ ᠤᠰᠤᠨ ᠤ | ᠠᠮᠤᠷ ᠲᠦᠪᠰᠢᠨ ᠪᠣᠯᠤᠨ ᠤᠰᠤ ᠲᠣᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ 439 ᠡᠷᠦᠬᠡ ᠳᠤ ᠰᠢᠨ᠎ᠡ | ᠡᠨᠧᠷᠭᠢ ᠶᠢᠨ ᠴᠠᠬᠢᠯᠭᠠᠨ ᠤᠷᠤᠭᠤᠯᠪᠠ᠃ 4265 ᠲᠦᠮᠡᠨ ᠲᠥᠭᠦᠷᠢᠭ ᠤᠨ ᠪᠡᠯᠡ ᠣᠷᠣᠭᠤᠯᠵᠤ ᠂ ᠬᠦᠳᠡᠭᠡ | ᠨᠣᠲᠤᠭ ᠢᠶᠠᠷ 25 ᠺᠢᠯᠤᠮᠧᠲᠷ ᠰᠢᠨ᠎ᠡ ᠵᠠᠮ ᠵᠠᠰᠠᠵᠤ᠂ 66 ᠺᠢᠯᠤᠮᠧᠲᠷ ᠵᠠᠮ ᠢ ᠵᠠᠰᠠᠨ ᠰᠡᠯᠪᠢᠵᠦ᠂ 120 ᠺᠢᠯᠤᠮᠧᠲᠷ | ᠵᠠᠮ ᠳᠤ ᠡᠳᠦᠷ ᠲᠤᠳᠤᠮ ᠤᠨ ᠠᠷᠠᠴᠢᠯᠠᠯᠲᠠ ᠬᠢᠵᠦ᠂ 1.05 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ | ᠡᠪᠳᠡᠷᠡᠵᠦ ᠰᠦᠢᠳᠦᠭᠰᠡᠨ ᠵᠠᠮ ᠢ ᠵᠠᠰᠠᠨ ᠰᠡᠯᠪᠢᠪᠡ᠃ ᠪᠣᠷᠣᠬᠤᠲᠠ ᠵᠢᠱᠢᠶ᠎ᠡ ᠦᠵᠡᠭᠦᠯᠬᠦ ᠲᠤᠭᠤᠷᠢᠭ ᠤᠨ 7 ᠺᠢᠯᠤᠮᠧᠲᠷ | ᠬᠠᠶᠢᠷ ᠴᠢᠯᠠᠭᠤᠨ ᠵᠠᠮ ᠢ ᠰᠢᠨ᠎ᠡ ᠪᠠᠷ ᠵᠠᠰᠠᠵᠤ᠂ ᠨᠠᠷᠠᠲᠤ᠂ ᠰᠠᠶᠢᠨᠬᠤᠳᠳᠤᠭ ᠰᠤᠮᠤᠨ ᠳᠤ 10 ᠺᠢᠯᠤᠮᠧᠲᠷ ᠬᠠᠶᠢᠷ | ᠴᠢᠯᠠᠭᠤᠨ ᠵᠠᠮ ᠵᠠᠰᠠᠨ᠂ ᠵᠢᠭᠠᠰᠤᠲᠠᠢ ᠰᠤᠮᠤ᠂ ᠲᠠᠪᠦ ᠨᠢᠭᠡ ᠮᠠᠯ ᠤᠨ ᠲᠠᠯᠠᠪᠠᠢ ᠶᠢᠨ 2 ᠰᠠᠭᠤᠷᠢ ᠬᠥᠭᠦᠷᠭᠡ ᠶᠢ ᠵᠠᠰᠠᠨ | ᠰᠢᠨᠡᠳᠬᠡᠪᠡ᠃ ᠰᠤᠮᠤ ᠪᠠᠯᠭᠠᠰᠤ ᠪᠠ ᠭᠠᠴᠠᠭ᠎ᠠ ᠲᠣᠰᠬᠤᠨ ᠤ ᠲᠥᠪ ᠤᠨ ᠲᠤᠤᠷ ᠰᠦᠯᠵᠢᠶᠡᠨ ᠤ ᠥᠷᠭᠡᠨ ᠪᠦᠰᠡ ᠶᠢᠨ | ᠪᠦᠷᠬᠦᠴᠡ ᠶᠢᠨ ᠨᠣᠷᠮ᠎ᠠ ᠲᠣᠰᠪᠣᠷᠢ 100% ᠪᠠ 98% ᠳᠤ ᠬᠦᠷᠪᠡ᠃ 8 ᠭᠠᠴᠠᠭ᠎ᠠ ᠲᠣᠰᠬᠤᠨ ᠤ 429 ᠮᠤ᠋ | ᠭᠠᠵᠠᠷ ᠢ ᠨᠤᠭᠤᠭᠠᠷᠠᠭᠤᠯᠤᠨ᠂ ᠥᠪᠥᠷ ᠮᠣᠩᠭᠤᠯ ᠤᠨ ᠥᠨᠳᠦᠷᠯᠢᠭ ᠤᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ | ᠢᠨᠵᠧᠨᠧᠷᠢᠩ ᠤᠨ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠦᠰᠢᠭᠯᠡᠨ᠂ 4.9 | ᠲᠦᠮᠡᠨ ᠲᠡᠭᠰᠢ ᠳᠥᠷᠪᠡᠯᠵᠢᠨ ᠮᠧᠲᠷ ᠫᠧᠩ ᠬᠤᠷᠤᠭ᠎ᠠ ᠪᠠᠶᠢᠭᠤᠯᠵᠤ᠂ ᠨᠣᠭᠤᠭᠠᠨ ᠳᠠᠷᠤᠰᠢ ᠶᠢᠨ ᠵᠣᠭᠤᠷᠢ 4.2 ᠲᠦᠮᠡᠨ | ᠺᠦᠪ ᠮᠧᠲᠷ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠰᠠᠭᠤᠷᠢ ᠪᠣᠯᠤᠨ ᠭᠠᠮᠰᠢᠭ ᠲᠠᠢ | ᠲᠡᠮᠡᠴᠡᠵᠦ ᠠᠶᠤᠯ ᠠᠴᠠ ᠵᠠᠶᠢᠯᠠᠬᠤ ᠴᠢᠳᠠᠪᠤᠷᠢ ᠶᠢ ᠤᠯᠠᠮ ᠨᠢᠭᠡ ᠠᠯᠬᠤᠮ ᠨᠡᠮᠡᠭᠳᠡᠭᠦᠯᠪᠡ᠃ ᠰᠠᠩ ᠤᠨ ᠳᠠᠯᠠᠢ ᠪᠠᠯᠭᠠᠰᠤᠨ ᠤ | ᠲᠥᠭᠦᠷᠢᠭ ᠭᠠᠴᠠᠭ᠎ᠠ ᠬᠦᠨᠳᠦ ᠨᠣᠴᠢᠲᠠᠢ ᠪᠠᠶᠢᠭᠠᠯᠢ ᠶᠢᠨ ᠭᠠᠮᠰᠢᠭ ᠲᠤ ᠤᠴᠠᠷᠠᠭᠰᠠᠨ ᠪᠥᠭᠡᠳ ᠠᠵᠤ ᠦᠢᠯᠡᠰ ᠤᠨ ᠰᠠᠭᠤᠷᠢ | ᠨᠢᠮᠭᠡᠨ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠠᠨᠠᠢ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ ᠮᠠᠯ | ᠤᠨᠤᠭ᠎ᠠ ᠶᠢ ᠠᠮᠢᠳᠤᠷᠠᠯ ᠤᠨ ᠲᠤᠭᠤᠷᠢᠭ ᠠᠴᠠ ᠵᠠᠶᠢᠳᠠᠭᠤᠯᠬᠤ ᠲᠥᠷᠥᠯ ᠵᠦᠢᠯ ᠤᠨ ᠲᠤᠷᠰᠢᠯᠳᠠ ᠶᠢᠨ ᠴᠡᠭ ᠪᠤᠯᠭᠠᠨ᠂ | 529 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠫᠧᠩ ᠬᠤᠷᠤᠭ᠎ᠠ ᠵᠡᠷᠭᠡ ᠰᠠᠭᠤᠷᠢ ᠲᠥᠬᠦᠭᠡᠷᠦᠮᠵᠢ ᠶᠢ ᠪᠠᠶᠢᠭᠤᠯᠤᠨ᠂ | ᠮᠠᠯ ᠠᠵᠤ ᠠᠬᠤᠢ ᠶᠢᠨ ᠮᠠᠰᠢᠨ ᠮᠧᠬᠠᠨᠢᠭ ᠬᠠᠩᠭᠠᠵᠤ᠂ 94 ᠡᠷᠦᠬᠡ ᠶᠢᠨ 256 ᠬᠥᠮᠦᠨ ᠳᠤ ᠠᠰᠢᠭ ᠬᠦᠷᠲᠡᠭᠡᠪᠡ᠃ | ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠠᠲᠤᠯᠠᠪᠠ᠃ ᠲᠠᠶᠢᠽᠢ ᠴᠧᠩ ᠠᠴᠠ | ᠰᠢᠯᠢᠩᠬᠤᠲᠠ᠂ ᠵᠢᠨᠢᠩ ᠠᠴᠠ ᠲᠥᠩᠯᠢᠶᠤᠤ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢᠨ ᠢᠵᠢ | ᠪᠥᠷᠢᠳᠦᠭᠰᠡᠨ ᠴᠠᠬᠢᠯᠭᠠᠨ ᠲᠤᠤᠷ ᠤᠨ ᠢᠨᠵᠧᠨᠧᠷᠢᠩ ᠤᠨ 1073 ᠰᠠᠭᠤᠷᠢ ᠰᠤᠪᠣᠷᠭ᠎ᠠ ᠶᠢᠨ ᠭᠠᠵᠠᠷ ᠳᠠᠲᠠᠪᠣᠷᠢᠯᠠᠬᠤ ᠠᠵᠢᠯ | ᠢ ᠪᠦᠬᠦᠨ ᠢ ᠪᠡᠶᠡᠯᠡᠭᠦᠯᠪᠡ︔ ᠲᠠᠶᠢᠽᠢ ᠴᠧᠩ ᠠᠴᠠ ᠰᠢᠯᠢᠩᠬᠤᠲᠠ ᠬᠦᠷᠬᠦ ᠲᠡᠮᠦᠷ ᠵᠠᠮ ᠤᠨ ᠲᠥᠷᠦᠯ ᠵᠦᠢᠯ ᠢ ᠪᠥᠲᠦᠭᠡᠨ | ᠪᠠᠶᠢᠭᠤᠯᠬᠤ ᠠᠵᠢᠯ ᠢ ᠡᠬᠢᠯᠡᠭᠦᠯᠵᠦ᠂ ᠰᠢᠯᠤᠭᠤᠨ ᠬᠥᠬᠡ ᠬᠤᠰᠢᠭᠤᠨ ᠤ ᠥᠷᠲᠡᠭᠡ᠂ ᠰᠠᠩ ᠤᠨ ᠲᠡᠯᠡᠶ ᠥᠷᠲᠡᠭᠡ ᠪᠠ | ᠰᠠᠩ ᠤᠨ ᠲᠡᠯᠡᠶ ᠬᠤᠶᠢᠲᠤ ᠥᠷᠲᠡᠭᠡᠨ ᠤ ᠪᠦᠲᠦᠭᠡᠨ ᠪᠠᠶᠢᠭᠤᠯᠤᠯᠲᠠ ᠶᠢ ᠲᠥᠯᠥᠪᠯᠡᠭᠡ ᠳᠤ ᠣᠷᠤᠭᠤᠯᠪᠠ︔ ᠠᠨ ᠬᠦᠩ | ᠥᠨᠳᠦᠷ ᠬᠤᠷᠳᠣᠴᠠᠲᠦ ᠵᠠᠰᠠᠮᠠᠯ ᠵᠠᠮ ᠳᠠᠭᠤ ᠶᠢᠨ 8630.6 ᠮᠦ ᠭᠠᠵᠠᠷ ᠢ ᠲᠠᠲᠠᠪᠤᠷᠢᠯᠠᠬᠤ ᠪᠠ 4000 ᠮᠦ ᠲᠦᠷ | ᠬᠡᠷᠡᠭᠯᠡᠬᠦ ᠭᠠᠵᠠᠷ ᠢ ᠲᠠᠲᠠᠪᠤᠷᠢᠯᠠᠬᠤ ᠠᠵᠢᠯ ᠢ ᠪᠦᠬᠦᠨ ᠢ ᠳᠠᠭᠤᠰᠬᠠᠪᠠ︔ 304 ᠳ᠋ᠤᠭᠠᠷ ᠮᠤᠵᠢ ᠶᠢᠨ ᠳᠡᠰ ᠤᠨ ᠵᠠᠰᠠᠮᠠᠯ | ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠤᠨ 12.38 ᠺᠢᠯᠣᠮᠧᠲᠷ ᠵᠠᠮ ᠵᠠᠰᠠᠬᠤ ᠠᠵᠢᠯ ᠢ ᠪᠦᠬᠦᠨ ᠢ | ᠳᠠᠭᠤᠰᠬᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠲᠥᠷᠦᠯ ᠵᠦᠢᠯ ᠢ ᠮᠠᠨ ᠤ ᠬᠤᠰᠢᠭᠤᠨ ᠳᠤ ᠤᠷᠤᠭᠰᠢᠲᠠᠢ ᠬᠡᠷᠡᠭᠵᠢᠭᠳᠡᠬᠦ ᠶᠢ ᠪᠠᠲᠤᠯᠠᠪᠠ᠃ ᠰᠢᠨ᠎ᠡ ᠪᠠᠷ | ᠪᠠᠶᠢᠭᠤᠯᠬᠤ ᠪᠠᠷ ᠪᠠᠶᠢᠭ᠎ᠠ ᠠᠷᠠᠳ ᠤᠨ ᠨᠢᠰᠬᠡᠯ ᠤᠨ ᠪᠠᠭᠤᠳᠠᠯ ᠤᠨ ᠲᠥᠷᠦᠯ ᠵᠦᠢᠯ ᠢ ᠯᠠᠪᠳᠠᠭᠤᠨ ᠢᠶᠠᠷ ᠠᠬᠢᠭᠤᠯᠵᠤ᠂ | ᠪᠠᠶᠢᠷᠢᠰᠢᠯ ᠰᠤᠩᠭᠤᠭᠰᠠᠨ ᠮᠡᠳᠡᠭᠦᠯᠦᠯᠲᠡ ᠨᠢ ᠨᠢᠭᠡᠨᠲᠡ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ | ᠶᠡᠷᠦᠩᠬᠡᠢ ᠳᠤᠪᠴᠢᠶᠠᠨ ᠤ ᠵᠦᠪᠰᠢᠶᠡᠷᠡᠯ ᠢ ᠣᠯᠵᠤ᠂ ᠰᠤᠳᠤᠯᠭᠠᠨ ᠤ ᠮᠡᠳᠡᠭᠦᠯᠦᠯᠳᠡ ᠨᠢ ᠤᠯᠤᠰ ᠤᠨ ᠠᠷᠠᠳ ᠤᠨ | ᠠᠭᠠᠷ ᠤᠨ ᠲᠡᠭᠡᠭᠡᠪᠦᠷᠢ ᠶᠢᠨ ᠳᠣᠪᠴᠢᠶᠠᠨ ᠤ ᠲᠤᠰᠬᠠᠢ ᠨᠢᠭᠡᠴᠡ ᠶᠢᠨ ᠬᠢᠨᠠᠨ ᠪᠠᠶᠢᠴᠠᠭᠠᠭᠰᠠᠨ ᠰᠠᠨᠠᠯ ᠢ ᠤᠯᠤᠭᠰᠠᠨ ᠪᠦᠭᠡᠳ | ᠴᠡᠷᠢᠭ ᠠᠩᠭᠢ ᠪᠠ ᠭᠠᠵᠠᠷ ᠣᠷᠣᠨ ᠤ ᠬᠤᠭᠤᠷᠤᠨᠳᠤᠬᠢ ᠵᠥᠪᠳᠡᠯᠴᠡᠭᠡᠷ ᠨᠢ ᠴᠡᠷᠢᠭ ᠤᠨ ᠲᠠᠯ᠎ᠠ ᠶᠢᠨ ᠬᠢᠨ ᠤ ᠬᠢᠨᠠᠨ | ᠵᠥᠪᠰᠢᠶᠡᠷᠡᠯ ᠢ ᠣᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠳᠤ ᠳᠡᠪᠰᠢᠭᠦᠯᠦᠨ ᠮᠡᠳᠡᠭᠦᠯᠵᠦ᠂ ᠲᠦᠷᠦᠯ ᠵᠦᠢᠯ ᠤᠨ | ᠡᠯ᠎ᠠ ᠭᠠᠷ ᠭᠦᠢᠴᠡᠳᠬᠡᠯ ᠦᠨᠳᠦᠰᠦᠨ ᠳᠡᠭᠡᠨ ᠪᠦᠷᠢᠯᠳᠦᠪᠡ᠃ | ᠬᠤᠲᠠ ᠪᠠᠯᠭᠠᠰᠣᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠳᠥᠪᠰᠢᠨ ᠢ ᠳᠡᠭᠡᠭᠰᠢᠯᠡᠭᠦᠯᠪᠡ᠃ ᠪᠦᠬᠦ | ᠵᠢᠯ ᠳᠤ ᠤᠯᠤᠰ ᠤᠨ ᠭᠠᠵᠠᠷ ᠰᠢᠷᠤᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠵᠥᠪᠯᠡᠯ ᠤᠨ ᠬᠤᠷᠠᠯ ᠢ 7 ᠤᠳᠠᠭ᠎ᠠ | ᠬᠤᠷᠠᠯᠳᠤᠭᠤᠯᠵᠤ᠂ 20 ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠤᠨ ᠲᠥᠯᠦᠪᠵᠢᠭᠦᠯᠭᠡ ᠶᠢ ᠬᠢᠨᠠᠨ | ᠵᠥᠪᠯᠡᠪᠡ᠃ 9391 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠱᠠᠩᠳᠤ ᠪᠠᠯᠭᠠᠰᠤᠨ ᠤ ᠵᠡᠭᠦᠨ ᠪᠠᠷᠠᠭᠤᠨ ᠵᠠᠬ᠎ᠠ ᠵᠢᠴᠢ | ᠠᠯᠲᠠᠩᠬᠤᠸᠠ ᠵᠡᠭᠡᠯᠢ ᠶᠢᠨ ᠨᠣᠭᠤᠭᠠᠷᠠᠭᠤᠯᠤᠯᠲᠠ ᠶᠢᠨ ᠪᠦᠷᠬᠦᠴᠡ ᠶᠢ ᠨᠡᠮᠡᠭᠳᠡᠭᠦᠯᠪᠡ︔ ᠣᠪᠤᠭ᠎ᠠ ᠰᠢᠷᠡᠭᠡ ᠰᠠᠭᠤᠭᠠᠯᠢ | ᠠᠷᠠᠳ ᠤᠨ ᠲᠤᠭᠤᠷᠢᠭ᠂ ᠶᠤᠸᠠᠨ ᠹᠦ᠋ ᠬᠤᠸᠠ ᠶᠤᠸᠠᠨ ᠰᠠᠭᠤᠭᠠᠯᠢ ᠠᠷᠠᠳ ᠤᠨ ᠲᠤᠭᠤᠷᠢᠭ ᠤᠨ AB ᠲᠣᠭᠤᠷᠢᠭ ᠵᠡᠷᠭᠡ | ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠪᠡ︔ ᠱᠠᠩᠳᠤ ᠪᠠᠯᠭᠠᠰᠤᠨ ᠤ | ᠱᠠᠩᠳᠤ ᠵᠡᠭᠡᠯᠢ᠂ ᠳᠡᠭᠦᠯᠢᠯᠲᠡ ᠵᠠᠮ ᠤᠨ ᠪᠣᠷᠤᠭᠠᠨ ᠤ ᠣᠰᠤ ᠵᠠᠯᠠᠬᠤ ᠠᠰᠠᠭᠤᠳᠠᠯ ᠢ ᠰᠢᠢᠳᠪᠦᠷᠢᠯᠡᠵᠦ᠂ 3.8 ᠺᠢᠯᠣᠮᠧᠲᠷ | ᠳᠤᠯᠠᠭᠠᠯᠠᠯᠭ᠎ᠠ ᠶᠢᠨ ᠬᠤᠭᠤᠯᠠᠢ᠂ 1.1 ᠺᠢᠯᠣᠮᠧᠲᠷ ᠪᠣᠬᠢᠷ ᠤᠰᠤᠨ ᠤ ᠬᠤᠭᠤᠯᠠᠢ ᠶᠢ ᠥᠭᠡᠷᠡᠴᠢᠯᠡᠨ ᠵᠠᠰᠠᠪᠠ︔ 1.08 | ᠲᠥᠮᠡᠨ ᠢᠵᠢ ᠡᠯᠺᠧᠲᠷᠤᠨ ᠤᠰᠤᠨ ᠤ ᠬᠡᠮᠵᠢᠭᠦᠷ ᠰᠤᠯᠢᠪᠠ︔ ᠬᠠᠪᠢᠷᠭ᠎ᠠ ᠪᠠᠯᠭᠠᠰᠤᠨ ᠳᠤ ᠠᠮᠢᠳᠤᠷᠠᠯ ᠤᠨ ᠬᠤᠭ | ᠨᠣᠪᠰᠢ ᠶᠢ ᠰᠢᠢᠳᠪᠦᠷᠢᠯᠡᠬᠦ ᠲᠠᠯᠠᠪᠠᠢ ᠶᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠱᠠᠩᠳᠤ ᠶᠢᠨ ᠭᠤᠣᠯ ᠤᠯᠤᠰ ᠤᠨ | ᠨᠤᠭᠤ ᠭᠠᠵᠠᠷ ᠤᠨ ᠴᠡᠴᠡᠷᠯᠢᠭ ᠤᠨ 1350 ᠮᠦ ᠲᠠᠯᠠᠪᠠᠢ ᠶᠢ ᠬᠦᠷᠢᠶᠡᠯᠡᠨ ᠬᠠᠮᠠᠭᠠᠯᠠᠵᠤ᠂ ᠰᠠᠭᠤᠷᠢ ᠲᠥᠬᠦᠭᠡᠷᠦᠮᠵᠢ ᠶᠢ | ᠪᠥᠬᠦᠨ ᠢ ᠰᠡᠯᠪᠢᠨ ᠵᠠᠰᠠᠪᠠ᠃ ᠨᠡᠶᠢᠲᠡ ᠶᠢᠨ ᠳᠥᠷᠢᠶᠡᠰᠦᠨ ᠣᠷᠣᠨ ᠰᠠᠭᠤᠴᠠ ᠶᠢᠨ ᠨᠥᠬᠦᠪᠦᠷᠢ ᠶᠢ 51 ᠡᠷᠦᠬᠡ ᠳᠤ | ᠬᠦᠷᠲᠡᠭᠡᠵᠦ᠂ 23.05 ᠲᠦᠮᠡᠨ ᠲᠥᠭᠦᠷᠢᠭ ᠤᠨ ᠪᠡᠯᠡ ᠮᠥᠩᠭᠦ ᠲᠠᠷᠬᠠᠭᠠᠪᠠ᠃ ᠣᠷᠴᠢᠨ ᠲᠣᠭᠤᠷᠢᠨ ᠤ ᠠᠷᠢᠭᠤᠨ | ᠴᠡᠪᠡᠷ ᠢ ᠪᠠᠳᠤᠯᠠᠬᠤ ᠵᠠᠬ᠎ᠠ ᠳᠡᠯᠭᠡᠭᠦᠷᠴᠢᠯᠡᠭᠰᠡᠨ ᠦᠢᠯᠡᠴᠢᠯᠡᠭᠡᠨ ᠤ ᠶᠠᠰᠤ ᠴᠢᠨᠠᠷ ᠶᠢ ᠳᠡᠭᠡᠭᠰᠢᠯᠡᠭᠦᠯᠵᠦ᠂ ᠬᠤᠲᠠ ᠪᠠᠯᠭᠠᠰᠤᠨ | ᠤ ᠮᠠᠰᠢᠨᠴᠢᠯᠠᠭᠰᠠᠨ ᠴᠡᠪᠡᠷᠯᠡᠯᠲᠡ ᠶᠢᠨ ᠨᠣᠷᠮ᠎ᠠ 80% ᠳᠤ ᠬᠦᠷᠴᠦ᠂ ᠬᠤᠲᠠ ᠪᠠᠯᠭᠠᠰᠤᠨ ᠤ ᠦᠢᠯᠡᠴᠢᠯᠡᠭᠡᠨ ᠤ | ᠪᠠᠲᠤᠯᠠᠭ᠎ᠠ ᠪᠠ ᠳᠠᠭᠠᠭᠠᠴᠠ ᠶᠢ ᠲᠠᠰᠤᠷᠠᠯᠲᠠ ᠦᠭᠡᠢ ᠴᠢᠩᠭᠠᠳᠬᠠᠪᠠ᠃ | ᠨᠢᠭᠡ ᠵᠢᠯ ᠤᠨ ᠲᠤᠷᠰᠢ᠂ ᠠᠷᠠᠳ ᠤᠨ ᠠᠮᠢᠳᠤᠷᠠᠯ ᠳᠤ ᠰᠠᠭᠤᠷᠢᠯᠠᠵᠤ᠂ ᠣᠯᠠᠨ ᠲᠦᠮᠡᠨ ᠤ ᠠᠮᠢᠳᠤᠷᠠᠯ ᠤᠨ ᠶᠠᠰᠣ ᠴᠢᠨᠠᠷ ᠢ | ᠲᠠᠰᠤᠷᠠᠯᠲᠠ ᠦᠭᠡᠢ ᠳᠡᠭᠡᠭᠰᠢᠯᠡᠭᠦᠯᠪᠡ | ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ᠃ ︽ᠭᠠᠳᠠᠨ᠎ᠠ | ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ | ᠶᠡᠷᠦᠩᠬᠡᠶ ᠠᠷᠭ᠎ᠠ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠠᠨᠳᠤᠯᠭ᠎ᠠ ᠲᠠᠢ ᠰᠢᠢᠳᠪᠦᠷᠢᠯᠡᠬᠦ︾ ᠶᠡᠷᠦᠩᠬᠡᠶ | ᠴᠢᠭᠯᠡᠯᠲᠡ ᠶᠢ ᠲᠤᠤᠱᠯᠠᠭᠤᠯᠵᠤ᠂ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠰᠢᠰᠲ᠋ᠧᠮ ᠢ ᠦᠷᠭᠦᠯᠵᠢᠯᠡᠨ | ᠰᠢᠯᠢᠳᠡᠭᠵᠢᠭᠦᠯᠪᠡ᠃ ᠭᠠᠳᠠᠨ᠎ᠠ ᠠᠴᠠ ᠬᠠᠯᠳᠠᠪᠣᠷᠢᠯᠠᠨᠣᠷᠤᠵᠤ ᠢᠷᠡᠬᠦ᠂ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ | ᠡᠭᠦᠰᠬᠦ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠳᠤ 3545 | ᠲᠦᠮᠡᠨ ᠲᠥᠭᠦᠷᠢᠭ ᠤᠨ ᠪᠠᠯᠠ ᠮᠥᠩᠭᠦ ᠵᠠᠷᠤᠴᠠᠭᠤᠯᠵᠤ᠂ ᠰᠡᠷᠬᠡᠶᠢᠯᠡᠯᠳᠡ ᠶᠢ ᠪᠠᠶᠢᠩᠭᠤ ᠶᠢᠨ ᠴᠢᠨᠠᠷᠳᠠᠢ ᠠᠳᠬᠤᠵᠦ᠂ | ᠭᠡᠨᠡᠳᠲᠡ ᠪᠠᠷ ᠡᠭᠦᠰᠦᠭᠰᠡᠨ ᠬᠢᠵᠢᠭ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠪᠡ᠃ | ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ᠂ ᠰᠤᠮᠤ ᠪᠠᠯᠭᠠᠰᠤ ︵ᠲᠠᠯᠠᠪᠠᠶ︶᠂ ᠭᠠᠴᠠᠭ᠎ᠠ ᠲᠣᠰᠬᠤᠨ ︵ᠨᠡᠶᠢᠭᠡᠮ | ᠲᠣᠭᠤᠷᠢᠭ︶ ᠤ 6000 ᠭᠠᠷᠤᠶ ᠨᠠᠮ ᠤᠨ ᠭᠡᠰᠢᠭᠦᠨ ᠺᠠᠳ᠋ᠷ ᠪᠣᠯᠤᠨ 300 ᠭᠠᠷᠤᠶ ᠰᠠᠶᠢᠨ ᠲᠤᠷᠠᠴᠤᠳ ᠬᠢᠵᠢᠭ ᠢ | ᠰᠡᠷᠭᠡᠶᠢᠯᠡᠨ ᠬᠤᠷᠢᠭᠯᠠᠬᠤ ᠨᠢᠭᠡᠳᠦᠭᠡᠷ ᠹᠷᠣᠨᠲ ᠲᠤ ᠭᠠᠪᠰᠢᠭᠠᠶᠢᠯᠠᠨ ᠠᠵᠢᠯᠯᠠᠪᠠ᠃ ᠭᠤᠣᠯᠳᠠᠯᠭ᠎ᠠ ᠲᠠᠢ ᠡᠵᠡᠩᠨᠡᠯᠲᠡ ᠶᠢᠨ | ᠲᠠᠯᠠᠪᠤᠷ᠂ ᠭᠤᠤᠯᠳᠠᠯᠭ᠎ᠠ ᠲᠠᠢ ᠬᠥᠮᠦᠰ ᠪᠠ ᠭᠤᠣᠯ ᠪᠣᠯᠬᠤ ᠵᠠᠮ ᠱᠤᠭᠤᠮ ᠢ ᠴᠢᠩᠭ᠎ᠠ ᠬᠠᠮᠢᠶᠠᠷᠴᠦ᠂ ᠨᠡᠶᠢᠭᠡᠮ ᠤᠨ ᠡᠯ᠎ᠡ | ᠡᠲᠡᠭᠡᠳ ᠠᠴᠠ111.4 ᠲᠦᠮᠡᠨ ᠲᠥᠭᠦᠷᠢᠭ ᠤᠨ ᠡᠳ᠋ ᠪᠣᠳᠠᠰ ᠬᠠᠨᠳᠢᠪᠯᠠᠨ᠂ ᠲᠠᠶᠠᠭᠠᠷ ᠣᠯᠠᠨ ᠢᠶᠠᠷ ᠢᠶᠠᠨ ᠰᠡᠳᠬᠢᠯ | ᠨᠢᠭᠡᠳᠦᠵᠦ ᠲᠠᠬᠤᠯ ᠸᠢᠷᠦ᠋ᠰ ᠢ ᠬᠠᠮᠳᠤᠪᠡᠷ ᠰᠡᠷᠭᠡᠶᠢᠯᠡᠬᠦ ᠬᠠᠮᠲᠦ ᠶᠢᠨ ᠬᠦᠴᠦᠨ ᠢ ᠪᠥᠷᠢᠯᠳᠦᠭᠦᠯᠦᠭᠰᠡᠨ ᠪᠦᠭᠡᠳ ᠡᠭᠦᠨ ᠤ | ᠤᠯᠠᠮ ᠢᠶᠠᠷ ︽10.13︾᠂ ︽10.23︾᠂ ︽11.27︾ ᠵᠡᠷᠭᠡ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠢ | ᠡᠷᠡᠰ ᠰᠢᠭᠤᠷᠬᠠᠶ ᠡᠷᠬᠡᠰᠢᠶᠡᠵᠦ᠂ ᠶᠡᠭᠡ ᠬᠡᠪᠴᠢᠶᠡᠨ ᠤ ᠬᠢᠵᠢᠭ ᠡᠭᠦᠰᠬᠦ ᠶᠢ ᠪᠥᠲᠦᠮᠵᠢᠲᠠᠢ ᠰᠡᠷᠭᠡᠶᠢᠯᠡᠵᠦ ᠴᠢᠳᠠᠪᠠ᠃ | ᠡᠮᠴᠢᠯᠡᠭᠡᠨ ᠤ ᠬᠢᠷᠢ ᠲᠦᠪᠰᠢᠨ ᠢᠶᠠᠨ ᠲᠠᠰᠤᠷᠠᠯᠲᠠ ᠦᠭᠡᠢ ᠴᠢᠩᠭᠠᠳᠬᠠᠵᠤ᠂ P C R ᠰᠢᠯᠵᠢᠮᠡᠯ ᠲᠤᠷᠰᠢᠯᠲᠠ ᠶᠢᠨ | ᠲᠠᠰᠤᠭ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠬᠡᠮᠵᠢᠭᠦᠷᠯᠢᠭ᠂ P C R ᠥᠷᠭᠡᠳᠬᠡᠬᠦ ᠬᠡᠮᠵᠢᠭᠦᠷᠯᠢᠭ ᠵᠡᠷᠭᠡ ᠶᠢ | ᠬᠤᠳᠠᠯᠳᠤᠨ ᠠᠪᠴᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠠᠵᠢᠯ ᠤᠨ ᠡᠷᠴᠢᠮ ᠢ ᠨᠡᠮᠡᠭᠳᠡᠭᠦᠯᠪᠡ᠃ ᠡᠯ᠎ᠡ ᠨᠠᠰᠤᠨ ᠤ | ᠬᠥᠮᠦᠰ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠬᠦ ᠠᠵᠢᠯ ᠢ ᠦᠷᠭᠦᠯᠵᠢᠯᠡᠨ | ᠴᠢᠩᠭᠠᠳᠬᠠᠵᠤ ᠂ ᠪᠦᠬᠦ ᠠᠷᠠᠳ ᠤᠨ ᠲᠠᠷᠢᠯᠭ᠎ᠠ ᠲᠠᠯᠪᠢᠭᠰᠠᠨ ᠨᠤᠷᠮ᠎ᠠ 95.86% ᠳᠤ ᠬᠦᠷᠪᠡ︔157 ᠨᠡᠷ᠎ᠡ ᠠᠷᠭ᠎ᠠ | ᠴᠢᠨᠠᠷᠲᠠᠢ ᠡᠪᠡᠳᠴᠢᠲᠡᠨ ᠢ ᠠᠮᠤᠷ ᠲᠦᠪᠰᠢᠨ ᠢᠶᠠᠷ ᠰᠢᠯᠵᠢᠭᠦᠯᠦᠨ ᠵᠥᠭᠡᠭᠡᠪᠦᠷᠢᠯᠡᠵᠦ ᠡᠮᠴᠢᠯᠡᠭᠦᠯᠪᠡ︔ ᠡᠮᠴᠢ ᠰᠤᠪᠢᠯᠠᠭᠴᠢ᠂ | ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠶᠢ 300 ᠭᠠᠷᠤᠢ ᠬᠥᠮᠥᠨ ᠤᠳᠠᠭ᠎ᠠ ᠵᠣᠬᠢᠶᠠᠨ ᠪᠠᠶᠢᠭᠤᠯᠵᠤ ᠬᠥᠬᠡᠬᠤᠲᠠ᠂ | ᠡᠷᠢᠶᠡᠨ ᠬᠤᠲᠠ᠂ ᠰᠢᠯᠢᠩᠬᠤᠲᠠ ᠶᠢᠨ ᠬᠢᠵᠢᠭ ᠢ ᠰᠡᠷᠭᠡᠶᠢᠯᠡᠬᠦ ᠠᠵᠢᠯ ᠳᠤ ᠳᠣᠰᠠᠯᠠᠭᠤᠯᠪᠠ︔ ᠬᠢᠵᠢᠭ ᠤᠨ ᠳᠥᠭᠰᠢᠭᠦᠷᠢᠲᠦ | ᠣᠷᠣᠨ ᠠᠴᠠ 4 ᠤᠳᠠᠭ᠎ᠠ ᠨᠠᠶᠢᠳᠠ 852 ᠬᠥᠮᠦᠨ ᠢ ᠬᠦᠯᠢᠶᠡᠨ ᠳᠣᠰᠴᠦ ᠳᠣᠰᠠᠭᠠᠷᠯᠠᠪᠠ︔ ᠳᠤᠮᠳᠠ᠂ ᠥᠨᠳᠥᠷ ᠳᠡᠰ | ᠤᠨ ᠲᠦᠭᠰᠢᠭᠦᠷᠢᠲᠡᠶ ᠭᠠᠵᠠᠷ ᠣᠷᠣᠨ ᠳᠤ ᠪᠠᠶᠢᠭ᠎ᠠ ᠰᠢᠯᠣᠭᠤᠨ ᠬᠥᠬᠡ ᠬᠤᠰᠢᠭᠤ ᠪᠠᠷ ᠨᠤᠲᠤᠭᠲᠠᠢ 1281 ᠰᠣᠷᠣᠭᠴᠢ | ᠵᠢᠴᠢ ᠢᠷᠭᠡᠳ ᠢ ᠠᠮᠤᠷ ᠲᠦᠪᠰᠢᠨ ᠡᠮᠬᠢ ᠵᠢᠷᠤᠮ ᠲᠠᠢ ᠪᠠᠷ ᠨᠤᠲᠤᠭ ᠲᠠᠭᠠᠨ ᠪᠤᠴᠠᠬᠤ ᠶᠢ ᠪᠠᠲᠤᠯᠠᠵᠤ᠂ ᠠᠷᠠᠳ ᠲᠦᠮᠡᠨ ᠤ | ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠪᠠᠶᠢᠳᠠᠭ ᠪᠤᠯᠤᠮᠵᠢ ᠪᠠᠷ ᠢᠶᠠᠨ ᠬᠠᠮᠠᠭᠠᠯᠠᠵᠤ᠂ | ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ ᠬᠢᠵᠢᠭ ᠤᠨ ᠨᠥᠯᠥᠭᠡ ᠶᠢ ᠬᠠᠮᠤᠭ ᠤᠨ ᠲᠣᠣᠷ᠎ᠠ ᠬᠡᠮᠵᠢᠶᠠᠨ ᠳᠤ | ᠬᠦᠷᠳᠡᠯ᠎ᠡ ᠪᠠᠭᠠᠰᠬᠠᠪᠠ᠃ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠳᠥᠪᠰᠢᠨ ᠢ ᠳᠡᠭᠡᠭᠰᠢᠯᠡᠭᠦᠯᠪᠡ᠃ ᠣᠯᠠᠨ ᠨᠡᠶᠢᠲᠡ ᠶᠢᠨ ᠡᠩ ᠤᠨ ᠲᠥᠰᠦᠪ | ᠤᠨ ᠠᠷᠠᠳ ᠤᠨ ᠠᠮᠢᠳᠤᠷᠠᠯ ᠤᠨ ᠵᠠᠷᠤᠯᠭ᠎ᠠ 11.69 ᠳ᠋ᠦᠩᠰᠢᠭᠤᠷ ᠲᠥᠭᠦᠷᠢᠭ ᠲᠤ ᠬᠦᠷᠴᠦ᠂ 2021 ᠣᠨ ᠤ ᠬᠢ | ᠠᠴᠠ 35.7 % ᠪᠠᠷ ᠨᠡᠮᠡᠭᠳᠡᠪᠡ᠃ ᠵᠢᠯ ᠤᠨ ᠡᠬᠢᠨ ᠳᠤ ᠠᠮᠠᠯᠠᠭᠰᠠᠨ ᠠᠷᠠᠳ ᠤᠨ ᠠᠮᠢᠳᠤᠷᠠᠯ ᠳᠤ ᠬᠤᠯᠪᠤᠭᠳᠠᠬᠤ | ᠪᠣᠳᠠᠲᠤ ᠶᠠᠪᠤᠳᠠᠯ ᠢ ᠰᠠᠶᠢᠳᠤᠷ ᠪᠡᠶᠡᠯᠡᠭᠦᠯᠵᠦ᠂ ᠣᠯᠠᠨ ᠲᠦᠮᠡᠨ ᠳᠤ ︽ᠪᠠᠴᠢᠮ ᠱᠠᠭᠠᠷᠳᠠᠭᠳᠠᠵᠤ ᠪᠠᠶᠢᠭ᠎ᠠ︾ ᠤᠴᠢᠷ | ᠶᠠᠪᠤᠳᠠᠯ ᠢ ᠰᠢᠶᠳᠪᠦᠷᠢᠯᠡᠪᠡ᠃ ᠣᠯᠠᠨ ᠨᠡᠶᠢᠲᠡ ᠶᠢᠨ ᠠᠵᠢᠯ ᠣᠯᠭᠤᠵᠦ ᠦᠢᠯᠡᠰ ᠪᠣᠰᠬᠠᠬᠤ ᠦᠢᠯᠡᠴᠢᠯᠡᠭᠡ ᠶᠢ | ᠴᠢᠩᠭᠠᠳᠬᠠᠵᠤ᠂ ᠵᠢᠯ ᠤᠨ ᠳᠣᠲᠣᠷ᠎ᠠ 6151 ᠠᠵᠢᠯ ᠤᠨ ᠪᠠᠶᠢᠷᠢ ᠲᠤᠬᠢᠷᠠᠭᠤᠯᠵᠤ᠂ ᠬᠤᠲᠠ ᠪᠠᠯᠭᠠᠰᠤᠨ ᠤ 950 | ᠬᠥᠮᠦᠨ ᠳᠤ ᠰᠢᠨ᠎ᠡ ᠪᠠᠷ ᠠᠵᠢᠯ ᠣᠯᠭᠤᠵᠤ᠂ 6315 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ 705 | ᠨᠡᠷ᠎ᠡ ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠤ᠂ ᠠᠵᠢᠯ ᠣᠯᠬᠤ ᠳᠤ ᠬᠦᠴᠢᠷᠲᠡᠢ 270 ᠬᠥᠮᠥᠨ ᠳᠤ ᠠᠵᠢᠯ | ᠣᠯᠭᠤᠵᠤ᠂ ᠬᠤᠲᠠ ᠪᠠᠯᠭᠠᠰᠣᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 3% ᠶᠢᠨ ᠳᠣᠲᠣᠷ᠎ᠠ | ᠬᠢᠵᠠᠭᠠᠷᠯᠠᠵᠦ ᠴᠢᠳᠠᠪᠠ᠃ ᠬᠤᠲᠠ ᠬᠥᠳᠡᠭᠡᠨ ᠤ ᠦᠨᠳᠦᠰᠦᠨ ᠪᠠᠲᠤᠯᠠᠭ᠎ᠠ᠂ ᠲᠠᠪᠤᠨ ᠪᠠᠳᠤᠯᠠᠭ᠎ᠠ᠂ ᠣᠨᠴᠠ ᠬᠦᠴᠢᠷᠳᠡᠯᠲᠡᠢ | ᠡᠷᠦᠬᠡ ᠵᠢᠴᠢ ᠥᠨᠳᠥᠷ ᠨᠠᠰᠤᠨ ᠤ ᠨᠥᠬᠦᠪᠦᠷᠢ ᠵᠡᠷᠭᠡ ᠪᠠᠲᠤᠯᠠᠭ᠎ᠠ ᠶᠢᠨ ᠪᠠᠷᠢᠮᠵᠢᠶ᠎ᠠ ᠶᠢ ᠠᠯᠬᠤᠮ ᠠᠯᠬᠤᠮ ᠢᠶᠠᠷ | ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠵᠢᠯᠲᠠᠨ᠂ ᠬᠤᠲᠠ ᠬᠦᠳᠡᠭᠡᠨ ᠤ ᠰᠠᠭᠤᠭᠠᠯᠢ ᠠᠷᠠᠳ᠂ ᠠᠯᠪᠠᠨ ᠪᠠᠶᠢᠭᠤᠯᠭ᠎ᠠ | ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ ᠲᠣᠰ ᠲᠣᠰ 95 %᠂ | 81 % ᠪᠠ 100 % ᠳᠤ ᠬᠦᠷᠭᠡᠨ᠂ ᠬᠤᠲᠠ ᠬᠦᠳᠡᠭᠡᠨ ᠤ ᠰᠠᠭᠤᠭᠠᠯᠢ ᠠᠷᠠᠳ ᠢ ᠪᠦᠬᠦᠨ ᠢ ᠡᠮᠴᠢᠯᠡᠭᠡᠨ ᠤ | ᠳᠠᠭᠠᠳᠬᠠᠯ ᠳᠤ ᠤᠷᠤᠯᠴᠠᠭᠤᠯᠪᠠ᠃ ︽ᠨᠢᠭᠡ ᠺᠠᠷᠲ︾ ᠪᠠᠷ ᠳᠠᠮᠵᠢᠭᠤᠯᠤᠨ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ | ᠪᠡᠯᠡ ᠮᠥᠩᠭᠦ 4 ᠳ᠋ᠦᠩᠰᠢᠭᠤᠷ ᠲᠥᠭᠦᠷᠢᠭ ᠲᠠᠷᠬᠠᠭᠠᠵᠤ᠂ 30.7 ᠲᠦᠮᠡᠨ ᠬᠥᠮᠦᠨ ︵ᠤᠳᠠᠭ᠎ᠠ︶ ᠳᠤ ᠠᠰᠢᠭ | ᠬᠦᠷᠲᠡᠭᠡᠪᠡ︔ ᠡᠯ᠎ᠡ ᠲᠥᠷᠥᠯ ᠤᠨ ᠨᠡᠶᠢᠭᠡᠮ ᠤᠨ ᠠᠰᠠᠷᠠᠮᠵᠢ ᠶᠢᠨ ᠪᠡᠯᠡ ᠮᠥᠩᠭᠦ 426 ᠲᠦᠮᠡᠨ ᠲᠥᠭᠦᠷᠢᠭ᠂ ᠠᠪᠤᠷᠠᠨ | ᠲᠤᠰᠠᠯᠠᠬᠤ ᠪᠡᠯᠡ ᠮᠥᠩᠭᠦ 3600 ᠲᠦᠮᠡᠨ ᠲᠥᠭᠦᠷᠢᠭ ᠲᠠᠷᠬᠠᠭᠠᠪᠠ︔ ᠡᠯ᠎ᠡ ᠠᠰᠠᠷᠠᠨ ᠬᠠᠷᠠᠭᠠᠯᠵᠠᠬᠤ ᠡᠲᠡᠭᠡᠳ᠂ ᠴᠡᠷᠢᠭ | ᠠᠴᠠ ᠬᠠᠯᠠᠭᠳᠠᠭᠰᠠᠳ ᠲᠤ ᠡᠯ᠎ᠡ ᠲᠥᠷᠥᠯ ᠤᠨ ᠨᠥᠬᠦᠪᠥᠷᠢ ᠮᠥᠩᠭᠦ 721. 4 ᠲᠦᠮᠡᠨ ᠲᠥᠭᠦᠷᠢᠭ ᠲᠠᠷᠬᠠᠭᠠᠪᠠ︔ | ᠮᠠᠯᠵᠢᠬᠤ ᠲᠠᠷᠢᠶᠠᠯᠠᠬᠤ ᠣᠷᠣᠨ ᠤ ᠡᠷᠦᠬᠡ ᠠᠮᠠ ᠶᠢᠨ ᠳᠠᠩᠰᠠ ᠲᠠᠢ 906 ᠬᠦᠮᠦᠨ ᠳᠤ ᠡᠮᠡᠭᠲᠡᠶᠢᠴᠦᠳ ᠤᠨ ︽ᠬᠤᠶᠠᠷ | ᠵᠦᠢᠯ ᠤᠨ ᠥᠮᠡᠨ︾ ᠤ ᠪᠠᠶᠢᠴᠠᠭᠠᠯᠲᠠ ᠶᠢ ᠲᠥᠯᠥᠪᠦᠷᠢ ᠦᠭᠡᠢ ᠬᠢᠵᠦ ᠥᠭᠪᠡ︔ ᠬᠤᠰᠢᠭᠤᠨ ᠤ ᠣᠷᠣᠰᠢᠭᠤᠯᠭ᠎ᠠ ᠶᠢᠨ | ᠣᠷᠳᠤᠨ ᠢ ᠡᠬᠢᠯᠡᠨ ᠪᠠᠶᠢᠭᠤᠯᠪᠠ︔ 200 ᠵᠡᠮᠳᠡᠭ ᠬᠥᠮᠦᠨ ᠳᠤ ᠡᠷᠡᠭᠦᠯᠵᠢᠯ ᠤᠨ ᠪᠠᠭᠠᠵᠢ ᠶᠢ ᠦᠨ᠎ᠡ ᠲᠦᠯᠦᠪᠦᠷᠢ ᠦᠭᠡᠢ | ᠪᠠᠷ ᠬᠠᠩᠭᠠᠪᠠ︔ ᠮᠠᠯᠵᠢᠬᠤ ᠲᠠᠷᠢᠶᠠᠯᠠᠬᠤ ᠣᠷᠣᠨ ᠤ 25 ᠡᠷᠦᠬᠡ ᠶᠢᠨ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠪᠠ︔ | 2479 ᠡᠷᠦᠬᠡ ᠶᠢᠨ ᠠᠰᠠᠭᠤᠳᠠᠯ ᠲᠠᠢ ᠵᠣᠷᠯᠤᠩ ᠢ ᠲᠥᠷᠥᠯ ᠬᠤᠪᠢᠶᠠᠨ ᠴᠡᠭᠴᠡᠯᠡᠨ ᠰᠠᠶᠢᠵᠢᠷᠠᠭᠤᠯᠵᠤ᠂ 332 ᠡᠷᠦᠬᠡ | ᠳᠤ ᠰᠢᠨ᠎ᠡ ᠵᠣᠷᠯᠣᠩ ᠪᠠᠶᠢᠭᠤᠯᠪᠠ︔ 7911 ᠮᠠᠯᠴᠢᠨ ᠲᠠᠷᠢᠶᠠᠴᠢᠨ ᠡᠷᠦᠬᠡ ᠳᠤ 1.7 ᠲᠦᠮᠡᠨ ᠲᠣᠨ ᠬᠡᠪ ᠤᠨ | ᠦᠨ᠎ᠡ ᠶᠢᠨ ᠨᠡᠭᠦᠷᠡᠰᠦ ᠲᠠᠷᠬᠠᠭᠠᠪᠠ᠃ ᠲᠤᠭᠲᠠᠮᠠᠯ ᠬᠥᠷᠥᠩᠭᠡ ᠶᠢ ᠳᠠᠩᠰᠠᠯᠠᠵᠤ ︽ᠦᠨᠡᠮᠯᠡᠯ ᠠᠪᠬᠤ ᠳᠤ ᠬᠦᠴᠢᠷᠲᠡᠶ︾ | ᠪᠠᠶᠢᠭ᠎ᠠ ᠦᠯᠡᠳᠡᠭᠳᠡᠯ ᠠᠰᠠᠭᠤᠳᠠᠯ ᠢ ᠰᠢᠶᠳᠪᠦᠷᠢᠯᠡᠵᠦ᠂ 4042 ᠡᠷᠦᠬᠡ ᠶᠢᠨ ᠣᠷᠣᠨ ᠰᠠᠭᠤᠴᠠ ᠶᠢ ᠠᠩᠬ᠎ᠠ ᠤᠳᠠᠭ᠎ᠠ | ᠳᠠᠩᠰᠠᠯᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ 2995 ᠭᠡᠷ ᠬᠥᠷᠥᠩᠭᠡ ᠤᠨ ᠦᠨᠡᠮᠯᠡᠯ ᠢ ᠲᠠᠷᠬᠠᠭᠠᠪᠠ᠃ ᠡᠶ᠎ᠡ | ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠬᠦᠴᠦᠯᠡᠨ ᠪᠠᠶᠢᠭᠤᠯᠵᠤ᠂ ᠥᠷᠢ ᠥᠭᠴᠡᠭᠡ ᠶᠢ ᠲᠦᠯᠦᠵᠦ ᠵᠠᠷᠤᠯᠭ᠎ᠠ ᠶᠢ | ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ 2597 ᠲᠦᠮᠡᠨ ᠲᠥᠭᠦᠷᠢᠭ ᠤᠨ ᠬᠦᠯᠦᠰᠦᠨ ᠠᠵᠢᠯᠴᠢᠨ ᠤ ᠴᠠᠯᠢᠩ ᠤᠨ | ᠪᠠᠲᠤᠯᠠᠭ᠎ᠠ ᠶᠢᠨ ᠮᠥᠩᠭᠦ ᠶᠢ ᠬᠤᠷᠢᠶᠠᠨ ᠠᠪᠴᠤ᠂ ᠬᠥᠯᠥᠰᠥᠨ ᠠᠵᠢᠯᠴᠢᠨ ᠤ ᠴᠠᠯᠢᠩ ᠢ ᠴᠠᠭ ᠲᠤᠬᠠᠶ ᠳᠤᠨᠢ ᠲᠤᠭ᠎ᠠ | ᠶᠣᠰᠣᠭᠠᠷ ᠥᠭᠬᠦ ᠶᠢ ᠪᠠᠲᠤᠯᠠᠪᠠ᠃ | ᠨᠡᠶᠢᠭᠡᠮ ᠤᠨ ᠠᠵᠢᠯ ᠦᠢᠯᠡᠰ ᠵᠣᠬᠢᠴᠠᠩᠭᠤᠢ ᠪᠠᠷ ᠬᠦᠭᠵᠢᠪᠡ᠃ ᠰᠤᠷᠭᠠᠨ ᠬᠥᠮᠦᠵᠢᠯ ᠢ ᠲᠡᠷᠢᠭᠦᠨ ᠳᠤ ᠬᠥᠭᠵᠢᠭᠦᠯᠬᠦ ᠶᠢ | ᠪᠠᠷᠢᠮᠲᠠᠯᠠᠵᠤ᠂ ᠰᠤᠷᠭᠠᠨ ᠬᠥᠮᠦᠵᠢᠯ ᠤᠨ ᠵᠠᠷᠤᠯᠭ᠎ᠠ 1.74 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 19.7 % ᠪᠠᠷ ᠨᠡᠮᠡᠭᠳᠡᠪᠡ᠃ ᠰᠤᠷᠭᠠᠭᠤᠯᠢ ᠡᠷᠬᠢᠯᠡᠬᠦ ᠨᠥᠬᠦᠴᠡᠯ ᠦᠷᠭᠦᠯᠵᠢᠯᠡᠨ ᠰᠠᠶᠢᠵᠢᠷᠠᠵᠤ | ᠂ ᠭᠤᠷᠪᠠᠳᠤᠭᠠᠷ ᠬᠡᠦᠬᠡᠳ ᠤᠨ ᠴᠡᠴᠡᠷᠯᠢᠭ ᠢ ᠥᠷᠭᠡᠳᠬᠡᠨ ᠪᠠᠶᠢᠭᠤᠯᠬᠤ᠂ ᠰᠠᠩ ᠤᠨ ᠳᠠᠯᠠᠢ ᠬᠡᠦᠬᠡᠳ ᠤᠨ ᠴᠡᠴᠡᠷᠯᠢᠭ ᠢ | ᠰᠢᠨ᠎ᠡ ᠪᠠᠷ ᠪᠠᠶᠢᠭᠤᠯᠬᠤ ᠲᠥᠷᠦᠯ ᠵᠦᠢᠯ ᠪᠠ 15 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠭᠠᠯ | ᠰᠡᠷᠭᠡᠶᠢᠯᠡᠬᠦ ᠪᠠᠷᠢᠯᠭ᠎ᠠ ᠲᠦᠬᠦᠭᠡᠷᠦᠮᠵᠢ ᠶᠢᠨ ᠥᠭᠡᠷᠡᠴᠢᠯᠡᠯᠲᠡ ᠶᠢᠨ ᠲᠥᠷᠦᠯ ᠵᠦᠢᠯ ᠢ ᠡᠬᠢᠯᠡᠨ ᠪᠠᠶᠢᠭᠤᠯᠪᠠ︔ ᠭᠤᠷᠪᠠᠳᠤᠭᠠᠷ | ᠪᠠᠭ᠎ᠠ ᠰᠤᠷᠭᠠᠭᠤᠯᠢ ᠶᠢ ᠨᠡᠭᠦᠯᠭᠡᠬᠦ᠂ ᠭᠤᠷᠪᠠᠳᠤᠭᠠᠷ ᠳᠤᠮᠳᠠᠳᠤ ᠰᠤᠷᠭᠠᠭᠤᠯᠢ ᠶᠢ ᠥᠷᠭᠡᠳᠬᠡᠨ ᠪᠠᠶᠢᠭᠤᠯᠬᠤ ᠪᠠ ᠨᠢᠭᠡᠳᠦᠭᠡᠷ | ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠬᠤ ᠶᠡᠷᠦᠩᠬᠡᠶᠢᠯᠡᠭᠰᠡᠨ ᠠᠰᠠᠷ᠂ ᠲᠤᠭᠤᠭᠠᠨ ᠭᠡᠷ ᠢ ᠰᠢᠨ᠎ᠡ ᠪᠠᠷ ᠪᠠᠶᠢᠭᠤᠯᠬᠤ | ᠲᠥᠷᠥᠯ ᠵᠦᠢᠯ ᠤᠨ ᠭᠠᠷᠳᠠᠮ ᠭᠦᠢᠴᠡᠳᠬᠡᠯ ᠤᠨ ᠠᠵᠢᠯ ᠢ ᠲᠣᠭᠲᠠᠭᠤᠨ ᠢᠶᠠᠷ ᠲᠦᠯᠬᠢᠨ ᠠᠬᠢᠭᠤᠯᠪᠠ︔ ᠨᠢᠭᠡᠳᠦᠭᠡᠷ ᠪᠠᠭ᠎ᠠ | ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠤᠷ ᠢ ᠥᠭᠡᠷᠡᠴᠢᠯᠡᠨ ᠰᠢᠨᠡᠳᠬᠡᠵᠦ ᠠᠰᠢᠭᠯᠠᠯᠲᠠ | ᠳᠤ ᠣᠷᠣᠭᠤᠯᠪᠠ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ 23 ᠨᠡᠷ᠎ᠡ ᠪᠠᠭᠰᠢ ᠡᠯᠰᠡᠪᠡ᠃ | ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠳᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠵᠦ᠂ ᠬᠡᠦᠬᠡᠳ ᠤᠨ ᠴᠡᠴᠡᠷᠯᠢᠭ ᠲᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠢᠶᠠᠷ ᠰᠤᠷᠭᠠᠯᠳᠠ ᠶᠠᠪᠤᠭᠳᠠᠭᠤᠯᠬᠤ ᠶᠢ ᠪᠠᠲᠤᠯᠠᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠤ᠂ 4150 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠤᠰᠢᠭᠤᠨ ᠤ ᠡᠮᠨᠡᠯᠭᠡ ᠶᠢᠨ | ᠬᠤᠷᠢᠶᠠᠨ ᠤ ᠪᠠᠴᠢᠮ ᠠᠪᠤᠷᠠᠯᠲᠠ ᠶᠢᠨ ᠶᠡᠷᠦᠩᠬᠡᠶᠢᠯᠡᠭᠰᠡᠨ ᠠᠰᠠᠷ ᠤᠨ ᠪᠦᠲᠦᠭᠡᠨ ᠪᠠᠶᠢᠭᠤᠯᠤᠯᠲᠠ᠂ ᠡᠪᠡᠳᠴᠢᠨ ᠡᠮᠭᠡᠭ | ᠰᠡᠷᠭᠡᠶᠢᠯᠡᠨ ᠬᠤᠷᠢᠭᠯᠠᠬᠤ ᠲᠥᠪ ᠤᠨ ᠲᠥᠷᠦᠯ ᠵᠦᠢᠯ᠂ ᠰᠠᠶᠢᠨᠬᠤᠳᠳᠤᠭ ᠡᠷᠡᠭᠦᠯ ᠬᠠᠮᠠᠭᠠᠯᠠᠯ ᠤᠨ ᠬᠤᠷᠢᠶ᠎ᠠ᠂ ᠲᠠᠪᠦ ᠨᠢᠭᠡ | ᠮᠠᠯᠵᠢᠯ ᠤᠨ ᠲᠠᠯᠠᠪᠠᠶ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠤᠷᠤᠭᠤᠯᠪᠠ︔ | 650 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ | ᠴᠢᠳᠠᠪᠣᠷᠢ ᠶᠢ ᠴᠢᠩᠭᠠᠳᠬᠠᠪᠠ︔ ᠡᠮᠴᠢᠯᠡᠭᠡᠨ ᠤ ᠤᠬᠠᠭᠠᠨ᠂ ᠰᠠᠴᠤᠷᠠᠭ ᠭᠡᠷᠡᠯ᠂ ᠰᠢᠯᠭᠠᠨ ᠪᠠᠶᠢᠴᠠᠭᠠᠬᠤ ᠵᠡᠷᠭᠡ ᠲᠤᠰᠬᠠᠢ | ᠮᠡᠷᠭᠡᠵᠢᠯ ᠢᠶᠠᠷ 33 ᠡᠮᠴᠢ ᠡᠯᠰᠡᠪᠡ︔ ᠡᠮᠴᠢᠯᠡᠭᠡᠨ ᠤ ᠬᠤᠯᠪᠣᠭᠠᠲᠤ ᠴᠣᠭᠴᠠ᠂ ᠡᠮᠴᠢᠯᠡᠭᠡᠨ ᠤ ᠬᠠᠮᠲᠤ ᠶᠢᠨ ᠴᠣᠭᠴᠠ | ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠤᠰᠢᠭᠤ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ | ᠬᠤᠷᠢᠶ᠎ᠠ ᠨᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠶᠡᠷᠦᠩᠬᠡᠶ ᠡᠮᠨᠡᠯᠭᠡ ᠶᠢᠨ ᠬᠤᠷᠢᠶ᠎ᠠ᠂ ᠪᠤᠭᠤᠲᠤ | ᠬᠤᠲᠠ ᠶᠢᠨ ᠪᠣᠯᠣᠳ ᠲᠡᠮᠦᠷ ᠤᠨ ᠦᠶᠯᠡᠳᠪᠦᠷᠢ ᠶᠢᠨ ᠭᠤᠷᠪᠠᠳᠤᠭᠠᠷ ᠡᠮᠨᠡᠯᠭᠡ ᠶᠢᠨ ᠬᠤᠷᠢᠶ᠎ᠠ᠂ ᠰᠢᠯᠢ ᠶᠢᠨ ᠭᠤᠤᠯ ᠠᠶᠢᠮᠠᠭ | ᠤᠨ ᠲᠥᠪ ᠡᠮᠨᠡᠯᠭᠡ ᠶᠢᠨ ᠬᠤᠷᠢᠶ᠎ᠠ᠂ ᠰᠢᠯᠢ ᠶᠢᠨ ᠭᠤᠤᠯ ᠠᠶᠢᠮᠠᠭ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ | ᠬᠤᠷᠢᠶ᠎ᠠ ᠵᠡᠷᠭᠡ ᠡᠮᠴᠢᠯᠡᠭᠡᠨ ᠤ ᠪᠠᠶᠢᠭᠤᠯᠤᠮᠵᠢ ᠯᠤᠭ᠎ᠠ ᠡᠮᠴᠢᠯᠡᠭᠡᠨ ᠤ ᠬᠤᠯᠪᠣᠭᠠᠲᠤ ᠴᠣᠭᠴᠠ ᠶᠢᠨ ᠬᠠᠮᠲᠤᠷᠠᠯᠴᠠᠭ᠎ᠠ | ᠪᠠᠶᠢᠭᠤᠯᠤᠭᠰᠠᠨ ᠪᠦᠭᠡᠳ ᠬᠤᠰᠢᠭᠤᠨ ᠳᠣᠲᠣᠷᠠᠬᠢ ᠭᠤᠷᠪᠠᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠱᠠᠲᠤ ᠬᠤᠪᠢᠶᠠᠨ | ᠣᠨᠣᠰᠢᠯᠠᠨ ᠡᠮᠨᠡᠬᠦ ᠶᠢ ᠬᠡᠷᠡᠭᠵᠢᠭᠦᠯᠦᠭᠰᠡᠨ ᠢᠶᠠᠷ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠷᠢᠴᠠᠭ᠎ᠠ ᠣᠯᠠᠮ ᠨᠢᠭᠲᠠ | ᠪᠣᠯᠪᠠ᠃ ᠬᠤᠯᠤᠭᠠᠨ᠎ᠠ ᠶᠢᠨ ᠬᠢᠵᠢᠭ ᠢ ᠴᠢᠩᠭ᠎ᠠ ᠰᠡᠷᠭᠡᠶᠢᠯᠡᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠬᠥᠳᠡᠯᠭᠡᠭᠡᠨ ᠢ ᠯᠠᠪᠳᠠᠭᠤᠨ ᠪᠠᠲᠤᠲᠠᠶ ᠥᠷᠨᠢᠭᠦᠯᠦᠨ ᠨᠡᠶᠢᠭᠡᠮ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠪᠡ᠃ ᠰᠣᠶᠣᠯ ᠲᠠᠮᠢᠷ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠲᠣᠭᠠᠴᠢᠯᠠᠭᠰᠠᠨ ᠲᠧᠯᠸᠢᠰ ᠤᠨ | ᠲᠤᠬᠢᠶ᠎ᠠ ᠶᠢ ᠰᠢᠯᠵᠢᠭᠦᠯᠬᠦ ᠢᠨᠵᠧᠨᠧᠷᠢᠩ ᠢ ᠪᠡᠶᠡᠯᠡᠭᠦᠯᠵᠦ᠂ ᠥᠪᠡᠷᠲᠡᠭᠡᠨ ᠡᠷᠭᠢᠯᠡᠭᠰᠡᠨ ᠷᠠᠳᠢᠣ᠋ ᠲᠧᠯᠸᠢᠰ ᠰᠣᠨᠢᠨ ᠮᠡᠳᠡᠭᠡᠨ ᠤ | ᠫᠷᠣᠭ᠍ᠷᠠᠮ ᠢ ᠬᠤᠤᠰ ᠬᠡᠯᠡ ᠪᠠᠷ ᠡᠳᠦᠷ ᠪᠦᠷᠢ ᠨᠡᠪᠲᠡᠷᠡᠭᠦᠯᠬᠦ ᠶᠢ ᠪᠡᠶᠡᠯᠡᠭᠦᠯᠪᠡ᠃ ᠤᠯᠠᠭᠠᠨᠮᠥ᠋ᠴᠢᠷ ᠤᠨ ᠬᠢᠨ 24 ᠰᠢᠯᠢᠳᠡᠭ | ᠪᠦᠲᠦᠭᠡᠯ ᠵᠣᠬᠢᠶᠠᠵᠤ᠂ ᠣᠷᠣᠨ ᠤ ᠲᠠᠰ ᠤᠨ ᠱᠠᠩᠨᠠᠯ ᠢ 4 ᠤᠳᠠᠭ᠎ᠠ ᠲᠤᠰᠤᠭᠰᠠᠨ ᠪᠠᠶᠢᠨ᠎ᠠ᠃ ᠡᠨᠡ ᠵᠢᠯ 5 | ᠤᠯᠠᠭᠠᠨᠮᠥ᠋ᠴᠢᠷ ᠤᠨ ᠭᠡᠰᠢᠬᠦᠨ ᠡᠯᠰᠡᠪᠡ᠃ ︽ᠭᠦᠶᠦᠭᠴᠢ︾ ᠬᠤᠯᠠ ᠭᠦᠶᠦᠬᠦ ᠣᠷᠤᠯᠳᠣᠭᠠᠨ ᠨᠢ ᠳᠣᠯᠣᠳᠤᠭᠠᠷ ᠪᠦᠯᠦᠭ | ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠳᠤ | ᠵᠢᠭᠰᠠᠭᠠᠭᠳᠠᠪᠠ᠃ ᠣᠬᠤᠷ ᠸᠢᠳᠢᠤ᠋ ᠶᠢᠨ ᠪᠦᠲᠦᠭᠡᠯ ︽ᠬᠠᠶᠢᠷ᠎ᠠ ᠶᠢᠨ ᠤᠶᠠᠭᠠᠰᠤ︾ ᠨᠢ ᠪᠦᠬᠦ ᠣᠷᠣᠨ ᠤ ᠠᠩᠬᠠᠳᠤᠭᠠᠷ | ᠬᠤᠭᠤᠴᠠᠭᠠᠨ ᠤ ᠬᠥᠮᠦᠯᠢᠭ ᠦᠵᠡᠯ ᠤᠨ ᠣᠬᠤᠷ ᠸᠢᠳᠢᠤ᠋ ᠶᠢᠨ ᠤᠷᠤᠯᠳᠤᠭᠠᠨ ᠤ ᠬᠤᠶᠠᠳᠤᠭᠠᠷ ᠳᠡᠰ ᠤᠨ ᠱᠠᠩᠨᠠᠯ ᠢ | ᠬᠦᠷᠳᠡᠪᠡ᠃ | ᠨᠡᠶᠢᠭᠡᠮ ᠤᠨ ᠶᠡᠷᠦᠩᠬᠡᠢ ᠪᠠᠶᠢᠳᠠᠯ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠪᠠᠲᠤᠯᠠᠪᠠ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠲᠠᠢ ᠨᠢᠭᠲᠠ | ᠤᠶᠠᠯᠳᠤᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠴᠤᠭᠴᠠᠯᠠᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ | ᠨᠣᠬᠤᠴᠠᠳᠠᠢ ᠠᠬᠢᠭᠤᠯᠵᠤ᠂ ᠮᠠᠨ ᠤ ᠬᠤᠰᠢᠭᠤ ᠨᠢ ᠨᠠᠶᠮᠠᠳᠤᠭᠠᠷ ᠪᠦᠯᠦᠭ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠪᠠᠷ ᠦᠨᠡᠯᠡᠭᠳᠡᠵᠦ᠂ ᠬᠤᠰᠢᠭᠤ ᠰᠢᠭᠦᠬᠦ ᠬᠤᠷᠢᠶ᠎ᠠ᠂ ᠤᠯᠠᠭᠠᠨᠮᠥ᠋ᠴᠢᠷ ᠨᠢ | 2022 ᠣᠨ ᠤ ᠠᠶᠢᠮᠠᠭ ᠤᠨ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠠᠮᠲᠤ | ᠨᠢᠭᠡᠴᠡ ᠶᠢᠨ ᠢᠷᠠᠭᠤ ᠠᠯᠳᠠᠷ ᠢ ᠬᠦᠷᠲᠡᠪᠡ᠃ ︽ᠬᠤᠤᠰ ᠵᠠᠭᠤᠨ ᠡᠳᠦᠷ ᠤᠨ ᠪᠤᠭᠤᠮᠲᠠ ᠰᠢᠪᠲᠤᠯᠠᠬᠤ ᠠᠵᠢᠯᠯᠠᠭ᠎ᠠ︾ ᠶᠢ | ᠪᠠᠶᠢᠩᠭᠤᠵᠢᠭᠤᠯᠬᠤ ᠪᠠ ᠣᠷᠳᠣ ᠬᠤᠭᠤᠴᠠᠭ᠎ᠠ ᠪᠦᠲᠦᠮᠵᠢᠲᠡᠶ ᠶᠠᠪᠤᠭᠳᠠᠭᠤᠯᠬᠤ ᠪᠠᠷ ᠳᠠᠮᠵᠢᠨ᠂ ᠨᠡᠶᠢᠭᠡᠮ ᠤᠨ ᠵᠥᠷᠢᠴᠡᠯ | ᠵᠢᠭᠤᠷᠠᠭᠠᠨ ᠢ ᠪᠠᠶᠢᠴᠠᠭᠠᠬᠤ ᠪᠠ ᠵᠠᠬᠢᠳᠠᠯ ᠰᠤᠷᠪᠤᠯᠵᠢᠯᠠᠯ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠶᠢ ᠪᠥᠬᠦ ᠲᠠᠯ᠎ᠠ ᠪᠠᠷ | ᠴᠢᠩᠭᠠᠳᠬᠠᠵᠤ᠂ ᠡᠯ᠎ᠡ ᠲᠥᠷᠥᠯ ᠤᠨ ᠵᠥᠷᠢᠴᠡᠯ ᠵᠢᠭᠤᠷᠭᠠᠨ ᠢ 604 ᠬᠤᠪᠢ ᠡᠶᠡᠳᠡᠭᠦᠯᠦᠨ ᠰᠢᠶᠳᠪᠦᠷᠢᠯᠡᠵᠦ᠂ | ᠡᠶᠡᠳᠡᠭᠦᠯᠦᠨ ᠰᠢᠶᠳᠪᠦᠷᠢᠯᠡᠭᠰᠡᠨ ᠨᠣᠷᠮ᠎ᠠ 100 % ᠳᠤ ᠬᠥᠷᠪᠡ︔ 63 ᠪᠦᠯᠦᠭ 135 ᠬᠥᠮᠦᠨ ᠣᠳᠠᠭᠠᠨ ᠤ ᠵᠠᠬᠢᠳᠠᠯ | ᠰᠤᠷᠪᠤᠯᠵᠢᠯᠠᠭ᠎ᠠ ᠶᠢ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 18 % ᠪᠠ 52 % ᠢᠶᠠᠷ ᠪᠠᠭᠤᠷᠠᠵᠤ᠂ | ᠴᠠᠭ ᠲᠤᠬᠠᠢ ᠳᠤᠨᠢ ᠬᠦᠯᠢᠶᠡᠨ ᠠᠪᠴᠤ ᠰᠢᠢᠳᠪᠦᠷᠢᠯᠡᠭᠰᠡᠨ ᠨᠤᠷᠮ᠎ᠠ᠂ ᠴᠠᠭ ᠲᠤᠬᠠᠢ ᠳᠤᠨᠢ ᠰᠢᠢᠳᠪᠦᠷᠢᠯᠡᠵᠦ ᠳᠠᠭᠤᠰᠬᠠᠭᠰᠠᠨ | ᠨᠤᠷᠮ᠎ᠠ ᠪᠠ ᠬᠠᠨᠤᠮᠵᠢᠲᠠᠢ ᠨᠤᠷᠮ᠎ᠠ ᠴᠥᠮ 100 % ᠳᠤ ᠬᠦᠷᠴᠡᠢ᠃ ᠲᠥᠪ ᠤᠨ ᠲᠣᠭᠤᠷᠢᠨ ᠪᠠᠶᠢᠴᠠᠭᠠᠯᠲᠠ᠂ ᠲᠥᠪ ᠤᠨ | ᠬᠠᠮᠲᠤᠷᠠᠭᠰᠠᠨ ᠠᠵᠢᠯ ᠤᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠬᠠᠮᠲᠤᠷᠠᠭᠰᠠᠨ ᠠᠵᠢᠯ ᠤᠨ ᠠᠯᠪᠠᠨ ᠭᠡᠷ ᠪᠠ | ᠠᠶᠢᠮᠠᠭ ᠤᠨ ᠱᠠᠲᠤᠨ ᠠᠴᠠ ᠲᠤᠰᠢᠶᠠᠨ ᠰᠢᠢᠳᠪᠦᠷᠢᠯᠡᠭᠦᠯᠦᠭᠰᠡᠨ 54 ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠪᠦᠬᠦᠨ ᠢ | ᠰᠢᠢᠳᠪᠦᠷᠢᠯᠡᠵᠦ ᠳᠠᠭᠤᠰᠬᠠᠪᠠ᠃ ︽ᠠᠮᠤᠭᠤᠯᠠᠩ ᠰᠢᠯᠤᠭᠤᠨ ᠬᠥᠬᠡ︾᠂ ︽ᠬᠠᠤᠯᠢ ᠶᠢᠨ ᠵᠠᠰᠠᠭᠯᠠᠯᠳᠤ ᠰᠢᠯᠤᠭᠤᠨ ᠬᠥᠬᠡ | ᠬᠤᠰᠢᠭᠤ ᠶᠢ ᠪᠠᠶᠢᠭᠤᠯᠬᠤ︾ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠡᠮᠡᠴᠡᠯ ᠢ ᠪᠠᠶᠢᠩᠭᠤ ᠥᠷᠨᠢᠭᠦᠯᠵᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠬᠠᠤᠯᠢ ᠶᠣᠰᠣᠭᠠᠷ ᠴᠣᠬᠢᠯᠲᠠ ᠥᠭᠴᠦ᠂ ᠨᠡᠶᠢᠲᠡ 226 ᠡᠷᠡᠭᠦᠦ ᠶᠢᠨ ᠬᠡᠷᠡᠭ ᠢ ᠰᠢᠢᠳᠪᠦᠷᠢᠯᠡᠵᠦ᠂ ᠠᠳᠠᠯᠢ ᠬᠤᠭᠤᠴᠠᠭᠠᠨ | ᠤ ᠬᠢ ᠠᠴᠠ 7 % ᠪᠠᠷ ᠪᠠᠭᠤᠷᠠᠪᠠ᠃ 261 ᠠᠮᠤᠷ ᠢ ᠬᠠᠮᠠᠭᠠᠯᠠᠬᠤ ᠬᠡᠷᠡᠭ ᠢ ᠰᠢᠶᠳᠪᠦᠷᠢᠯᠡᠵᠦ᠂ ᠠᠳᠠᠯᠢ ᠬᠤᠭᠤᠴᠠᠭᠠᠨ | ᠤ ᠬᠢ ᠠᠴᠠ 6. 2 % ᠢᠶᠠᠷ ᠪᠠᠭᠤᠷᠠᠪᠠ᠃ 452 ᠵᠠᠮ ᠬᠠᠷᠢᠯᠴᠠᠭᠠᠨ ᠤ ᠠᠳᠡᠯ ᠬᠡᠷᠡᠭ ᠢ ᠰᠢᠶᠳᠪᠦᠷᠢᠯᠡᠵᠦ᠂ ᠠᠳᠠᠯᠢ | ᠬᠤᠭᠤᠴᠠᠭᠠᠨ ᠤ ᠬᠢ ᠠᠴᠠ 8 % ᠪᠠᠷ ᠪᠠᠭᠤᠷᠠᠪᠠ᠃ ᠵᠠᠮ ᠬᠠᠷᠢᠯᠴᠠᠭᠠᠨ ᠤ ᠬᠠᠤᠯᠢ ᠵᠥᠷᠢᠴᠡᠭᠰᠡᠨ ᠡᠯ᠎ᠡ ᠲᠥᠷᠥᠯ ᠤᠨ | ᠦᠶᠯᠡ ᠠᠵᠢᠯᠯᠠᠭ᠎ᠠ ᠶᠢ 2. 1 ᠲᠥᠮᠡᠨ ᠤᠳᠠᠭ᠎ᠠ ᠪᠠᠶᠢᠴᠠᠭᠠᠨ ᠰᠢᠢᠳᠪᠦᠷᠢᠯᠡᠵᠡᠢ᠂ ᠡᠭᠦᠨ ᠳᠤ᠄ ᠠᠷᠢᠬᠢ ᠤᠤᠭᠤᠵᠤ ᠲᠡᠷᠭᠡ | ᠵᠢᠯᠣᠭᠤᠳᠤᠭᠰᠠᠨ ᠬᠡᠷᠡᠭ 181᠂ ᠰᠣᠭᠲᠣᠭᠤ ᠪᠠᠷ ᠲᠡᠷᠭᠡ ᠵᠢᠯᠣᠭᠤᠳᠤᠭᠰᠠᠨ ᠬᠡᠷᠡᠭ 56 ᠪᠠᠶᠢᠵᠤ᠂ 2 ᠬᠥᠮᠦᠨ ᠢ ᠠᠯᠪᠠᠨ | ᠲᠤᠰᠢᠶᠠᠯ ᠠᠴᠠ ᠨᠢ ᠤᠭᠴᠠᠷᠠᠭᠤᠯᠪᠠ᠃ ᠲᠦᠷ ᠬᠤᠷᠢᠬᠤ ᠭᠠᠵᠠᠷ ᠢ ᠰᠡᠯᠪᠢᠨ ᠵᠠᠰᠠᠬᠤ ᠢᠨᠵᠧᠨᠧᠷᠢᠩ᠂ | ᠰᠠᠶᠢᠨᠬᠤᠳᠳᠤᠭ ᠲᠠᠬᠢ ᠵᠠᠮ ᠬᠠᠷᠢᠯᠴᠠᠭᠠᠨ ᠤ ᠬᠠᠤᠯᠢ ᠬᠡᠷᠡᠭᠵᠢᠭᠦᠯᠬᠦ ᠥᠷᠲᠡᠭᠡ᠂ ᠪᠣᠷᠣᠬᠤᠲᠠ ᠳᠠᠬᠢ ᠬᠤᠤᠷᠲᠤ ᠡᠳ᠋ ᠤᠨ | ᠪᠠᠶᠢᠴᠠᠭᠠᠯᠲᠠ ᠶᠢᠨ ᠥᠷᠲᠡᠭᠡ ᠶᠢ ᠪᠠᠶᠢᠭᠤᠯᠤᠨ ᠠᠰᠢᠭᠯᠠᠯᠲᠠ ᠳᠤ ᠣᠷᠤᠭᠤᠯᠵᠤ᠂ 72 ᠨᠡᠷ᠎ᠡ ᠲᠤᠰᠠᠯᠠᠬᠤ ᠴᠠᠭᠳᠠᠭ᠎ᠠ | ᠡᠯᠰᠡᠨ᠂ 22 ᠲᠡᠷᠭᠡ ᠲᠣᠬᠢᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠪᠥᠬᠦ ᠤᠯᠤᠰ ᠪᠠ ᠥᠪᠡᠷᠲᠡᠭᠡᠨ ᠵᠠᠰᠠᠬᠤ | ᠣᠷᠣᠨ ᠤ ︽ᠬᠤᠶᠠᠷ ᠬᠤᠷᠠᠯ︾᠂ ᠡᠪᠦᠯ ᠤᠨ ᠤᠯᠠᠷᠢᠯ ᠤᠨ ᠣᠯᠢᠮᠫᠢᠺ᠂ ᠡᠪᠦᠯ ᠤᠨ ᠤᠯᠠᠷᠢᠯ ᠤᠨ ᠵᠡᠮᠳᠡᠭᠴᠦᠳ ᠤᠨ | ᠣᠯᠢᠮᠫᠢᠺ ᠤᠨ ᠠᠮᠤᠷ ᠢ ᠬᠠᠮᠠᠭᠠᠯᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ 283 ᠤᠳᠠᠭᠠᠨ ᠤ ᠬᠠᠤᠯᠢ | ᠴᠠᠭᠠᠵᠠ ᠶᠢᠨ ᠲᠤᠰᠠᠯᠠᠮᠵᠢ ᠶᠢᠨ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠢ ᠬᠠᠪᠰᠤᠷᠤᠨ 545. 82 ᠲᠦᠮᠡᠨ | ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠪᠠ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠠᠵᠢᠯ ᠢ ᠰᠠᠶᠢᠲᠤᠷ ᠬᠢᠵᠦ᠂ ᠣᠨᠴᠠᠭᠠᠢ ᠴᠠᠭ ᠠᠭᠤᠷ ᠤᠨ ᠭᠠᠮᠰᠢᠭ ᠢ ᠪᠦᠲᠦᠮᠵᠢᠲᠡᠢ ᠠᠷᠭᠠᠴᠠᠵᠤ | ᠂ 149 ᠡᠷᠦᠬᠡ ᠶᠢᠨ 331 ᠲᠠᠰᠤᠯᠭ᠎ᠠ ᠡᠪᠳᠡᠭᠳᠡᠭᠰᠡᠨ ᠭᠡᠷ ᠪᠠᠶᠢᠰᠢᠩ ᠢ ᠰᠡᠯᠪᠢᠨ ᠵᠠᠰᠠᠵᠤ᠂ ᠴᠠᠬᠢᠯᠭᠠᠨ ᠬᠦᠴᠦᠨ ᠤ | ᠲᠥᠬᠦᠭᠡᠷᠦᠮᠵᠢ ᠶᠢ ᠴᠠᠭ ᠲᠤᠬᠠᠢ ᠳᠤᠨᠢ ᠵᠠᠰᠠᠵᠤ ᠰᠡᠯᠪᠢᠨ᠂ 31 ᠲᠦᠮᠡᠨ ᠲᠥᠭᠦᠷᠢᠭ ᠤᠨ ᠲᠦᠷ ᠴᠠᠭ ᠤᠨ ᠠᠪᠤᠷᠠᠨ | ᠲᠤᠰᠠᠯᠠᠬᠤ ᠮᠥᠩᠭᠦ ᠪᠠᠭᠤᠯᠭᠠᠵᠤ᠂ ᠭᠠᠮᠰᠢᠭ ᠤᠨ ᠨᠥᠯᠥᠭᠡ ᠶᠢ ᠪᠠᠭᠠᠰᠬᠠᠪᠠ᠃ ᠢᠳᠡᠭᠡᠨ ᠤᠮᠳᠠᠭᠠᠨ᠂ ᠡᠮ ᠲᠠᠩ ᠤᠨ | ᠠᠶᠤᠯᠭᠦᠢ ᠪᠠᠶᠢᠳᠠᠯ ᠤᠨ ᠬᠢᠨᠠᠨ ᠬᠠᠮᠢᠶᠠᠷᠤᠯᠲᠠ ᠪᠠ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠠᠵᠢᠯ ᠢ | ᠭᠦᠨᠵᠡᠭᠡᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠥᠷᠥᠯ ᠤᠨ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭ᠎ᠠ ᠶᠢ ᠭᠦᠨᠵᠡᠭᠡᠶᠢᠷᠡᠭᠦᠯᠦᠨ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ 1890 ᠡᠷᠦᠬᠡ ᠤᠳᠠᠭ᠎ᠠ | ᠪᠠᠶᠢᠴᠠᠭᠠᠵᠤ᠂ 1690 ᠵᠦᠢᠯ ᠤᠨ ᠭᠡᠮ ᠰᠣᠭᠤᠭ ᠢ ᠴᠡᠭᠴᠡᠯᠡᠨ ᠵᠠᠰᠠᠬᠤ ᠶᠢ ᠱᠠᠭᠠᠷᠳᠠᠪᠠ᠃ 976 ᠡᠷᠦᠬᠡ ᠶᠢᠨ | ᠥᠪᠡᠷᠲᠡᠭᠡᠨ ᠪᠠᠷᠢᠭᠰᠠᠨ ᠡᠵᠡᠩᠨᠡᠯᠳᠡ ᠶᠢᠨ ᠴᠢᠨᠠᠷᠳᠠᠢ ᠭᠡᠷ ᠪᠠᠶᠢᠰᠢᠩ ᠤᠨ ᠠᠶᠦᠯᠭᠦᠢ ᠪᠠᠶᠢᠳᠠᠯ ᠢ ᠪᠠᠶᠢᠴᠠᠭᠠᠨ᠂ ᠰᠢᠲᠠᠮᠠᠬᠠᠶ | ᠬᠡᠶ ᠶᠢᠨ ᠠᠶᠤᠯᠭᠦᠢ ᠪᠠᠶᠢᠳᠠᠯ ᠢ 24 ᠤᠳᠠᠭ᠎ᠠ ᠰᠢᠯᠭᠠᠵᠤ᠂ 368 ᠵᠦᠶᠯ ᠤᠨ ᠭᠡᠮ ᠰᠤᠭᠤᠭ ᠢ ᠴᠡᠭᠴᠡᠯᠡᠨ ᠵᠠᠰᠠᠪᠠ᠃ | ᠪᠦᠬᠦ ᠬᠤᠰᠢᠭᠤᠨ ᠳᠤ ᠠᠶᠤᠯᠭᠦᠶ ᠦᠶᠯᠡᠳᠪᠦᠷᠢᠯᠡᠯ ᠤᠨ ᠠᠳᠡᠯ ᠣᠰᠤᠯ ᠪᠠ ᠢᠳᠡᠭᠡᠨ ᠤᠮᠳᠠᠭᠠᠨ ᠡᠮ ᠲᠠᠩ ᠤᠨ ᠡᠷᠡᠰᠳᠡᠯ | ᠬᠡᠷᠡᠭ ᠭᠠᠷᠤᠭᠰᠠᠨ ᠦᠭᠡᠢ᠃ | ᠨᠢᠭᠡ ᠵᠢᠯ ᠤᠨ ᠲᠤᠷᠰᠢ᠂ ᠪᠢᠳᠡ ᠦᠷ᠎ᠡ ᠪᠦᠳᠦᠮᠵᠢ ᠶᠢ ᠠᠳᠬᠤᠵᠣ᠂ ᠵᠠᠰᠠᠭ ᠤᠨ ᠣᠷᠳᠣᠨ ᠤ ᠲᠣᠰ ᠪᠡᠶ᠎ᠡ ᠶᠢᠨ | ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠪᠠ᠃ | ᠰᠠᠬᠢᠯᠭ᠎ᠠ ᠪᠠᠲᠤ ᠤᠪᠤᠷ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠪᠠ᠃ ᠠᠷᠪᠠ ᠶᠢᠰᠦᠳᠦᠭᠡᠷ ᠶᠡᠭᠡ ᠬᠤᠷᠠᠯ᠂ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ︽ᠬᠤᠶᠠᠷ ᠢ ᠲᠣᠭᠲᠠᠭᠠᠬᠤ | ︾ ᠶᠢ ᠡᠷᠡᠰ ᠬᠦᠷᠢᠶᠡᠯᠡᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠢ ᠪᠠᠶᠢᠩᠭᠤᠵᠢᠭᠤᠯᠬᠤ ᠪᠠ ᠣᠷᠳᠣ ᠬᠤᠭᠤᠴᠠᠭ᠎ᠠ ᠪᠦᠲᠦᠮᠵᠢᠲᠡᠶ ᠪᠠᠶᠢᠯᠭᠠᠬᠤ ᠶᠢ ᠯᠠᠪᠳᠠᠭᠤᠨ ᠪᠠᠲᠤᠲᠠᠶ | ᠠᠬᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ | ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ ᠥᠷᠨᠢᠭᠦᠯᠦᠨ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ | ᠶᠢᠨ ᠬᠠᠷᠢᠭᠤᠴᠠᠯᠭ᠎ᠠ ᠶᠢᠨ ᠲᠦᠷᠢᠮ ᠪᠠ ︽ᠨᠢᠭᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭ᠎ᠠ ᠶᠢᠨ ᠳᠦᠷᠢᠮ︾ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠭᠡᠮ ᠤᠨ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ | ᠢ ᠪᠣᠳᠠᠲᠠᠶ ᠠᠳᠬᠤᠨ᠂ ᠲᠥᠪ ᠤᠨ ᠨᠠᠶᠮᠠᠨ ᠵᠣᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠲᠤᠤᠱᠯᠠᠭᠤᠯᠵᠤ᠂ ︽ | ᠬᠤᠶᠠᠷ ᠢ ᠴᠢᠩᠭᠠᠳᠬᠠᠬᠤ︾ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠂ ᠵᠠᠰᠠᠭ ᠤᠨ ᠣᠷᠳᠣᠨ ᠤ ᠭᠦᠢᠴᠡᠳᠭᠡᠬᠦ | ᠴᠢᠳᠠᠪᠤᠷᠢ ᠶᠢ ᠳᠡᠭᠡᠭᠰᠢᠯᠡᠬᠦᠯᠪᠡ᠃ | ᠵᠠᠰᠠᠭ ᠵᠠᠬᠢᠷᠭᠠᠨ ᠤ ᠠᠵᠢᠯ ᠤᠨ ᠦᠷ᠎ᠡ ᠪᠥᠳᠥᠮᠵᠢ ᠪᠣᠯᠤᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠬᠦᠯᠪᠡ᠃ | ᠰᠠᠯᠠᠭ᠎ᠠ ᠮᠥᠴᠢᠷ ᠤᠨ ᠲᠥᠰᠦᠪ ᠤᠨ ᠬᠡᠷᠡᠭᠵᠢᠭᠦᠯᠦᠯᠲᠡ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦᠨ ᠤ | ᠬᠡᠷᠡᠭᠯᠡᠯᠲᠡ ᠶᠢᠨ ᠦᠷ᠎ᠡ ᠪᠦᠲᠦᠮᠵᠢ ᠢᠯᠡᠳᠲᠡ ᠳᠡᠭᠡᠭᠰᠢᠯᠡᠵᠦ᠂ ︽ᠭᠤᠷᠪᠠᠨ ᠲᠥᠷᠥᠯ ᠤᠨ ᠠᠯᠪᠠᠨ ᠵᠠᠷᠤᠳᠠᠯ︾ ᠨᠢ ᠠᠳᠠᠯᠢ | ᠬᠤᠭᠤᠴᠠᠭᠠᠨ ᠤ ᠬᠢ ᠠᠴᠠ 5. 1 % ᠪᠠᠷ ᠪᠠᠭᠤᠷᠠᠪᠠ᠃ ᠵᠠᠰᠠᠭ ᠤᠨ ᠣᠷᠳᠣᠨ ᠤ ᠥᠷᠢ ᠥᠭᠴᠡᠭᠡ ᠶᠢ ᠴᠢᠩᠭ᠎ᠠ | ᠬᠢᠵᠠᠭᠠᠷᠯᠠᠵᠤ᠂ ᠥᠷᠢ ᠥᠭᠴᠡᠭᠡᠨ ᠳᠤ ᠲᠦᠭᠰᠢᠭᠦᠷᠢ ᠶᠢ ᠰᠡᠷᠭᠡᠶᠢᠯᠡᠨ᠂ 2. 01 ᠳ᠋ᠦᠩᠰᠢᠭᠤᠷ ᠲᠥᠭᠦᠷᠢᠭ ᠤᠨ ᠳᠠᠯᠳᠠ | ᠥᠷᠢ ᠥᠭᠴᠡᠭᠡ ᠶᠢ ᠠᠷᠢᠯᠭᠠᠪᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ ᠥᠭᠡᠷᠡᠴᠢᠯᠡᠯᠲᠡ ᠬᠢᠵᠦ ᠳᠠᠬᠢᠨ | ᠵᠣᠬᠢᠶᠠᠨ ᠪᠠᠶᠢᠭᠤᠯᠬᠤ ᠠᠵᠢᠯ ᠢ ᠡᠬᠢᠯᠡᠭᠦᠯᠵᠦ᠂ ᠪᠣᠳᠠᠲᠠᠶ ᠡᠵᠡᠩᠨᠡᠯᠲᠡ ᠥᠬᠡᠶ 5 ᠠᠵᠤ ᠠᠬᠤᠶᠢᠯᠠᠯ ᠢ ᠬᠦᠴᠦᠨ ᠥᠬᠡᠶ | ᠪᠣᠯᠭᠠᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠪᠠᠯᠠ ᠣᠷᠣᠭᠤᠯᠤᠯᠲᠠ ᠶᠢᠨ 2 ᠺᠣᠮᠫᠠᠨᠢ ᠶᠢ ᠵᠣᠬᠢᠶᠠᠨ ᠪᠠᠶᠢᠭᠤᠯᠪᠠ᠃ | ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠨᠢᠭᠡᠳᠦᠯᠲᠡᠢ ᠬᠠᠮᠢᠶᠠᠷᠤᠯᠲᠠ ᠨᠢ ᠦᠷ᠎ᠡ ᠪᠦᠲᠦᠮᠵᠢ ᠣᠯᠵᠤ᠂ ᠲᠣᠰᠤᠨ ᠤ | ᠵᠠᠷᠤᠳᠠᠯ ᠪᠠ ᠰᠡᠯᠪᠢᠨ ᠵᠠᠰᠠᠬᠤ ᠵᠠᠷᠤᠳᠠᠯ ᠲᠣᠰ ᠲᠣᠰ 10 % ᠪᠠ 15 % ᠪᠠᠷ ᠪᠠᠭᠤᠷᠠᠪᠠ᠃ ᠣᠯᠠᠨ ᠨᠡᠶᠢᠲᠡ ᠶᠢᠨ | ᠡᠬᠢ ᠪᠠᠶᠠᠯᠢᠭ ᠤᠨ ᠰᠣᠯᠢᠯᠴᠠᠭᠠᠨ ᠤ 85 ᠲᠦᠷᠦᠯ ᠵᠦᠢᠯ ᠢ ᠬᠦᠯᠢᠶᠡᠨ ᠠᠪᠴᠤ᠂ 102 ᠲᠦᠮᠡᠨ ᠲᠥᠭᠦᠷᠢᠭ ᠤᠨ ᠪᠡᠯᠡ | ᠮᠥᠩᠭᠦ ᠶᠢ ᠠᠷᠪᠢᠯᠠᠪᠠ᠃ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ | ᠤᠷᠤᠭᠰᠢᠲᠠᠶ ᠪᠡᠶᠡᠯᠡᠭᠦᠯᠵᠦ᠂ ᠪᠥᠬᠦ ᠣᠷᠣᠨ ᠤ ᠲᠡᠷᠢᠭᠦᠨ ᠤ ᠬᠠᠮᠲᠤ ᠨᠡᠶᠢᠲᠡ ᠶᠢᠨ ᠢᠷᠠᠭᠤ ᠠᠯᠳᠠᠷ ᠤᠨ ᠴᠣᠯᠠ ᠶᠢ | ᠭᠥᠷᠳᠡᠪᠡ᠃ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠪᠡ᠃ ᠵᠠᠰᠠᠭ ᠤᠨ ᠣᠷᠳᠣᠨ ᠤ ︽ | ᠭᠤᠷᠪᠠᠨ ᠴᠢᠬᠤᠯᠠ ᠨᠢᠭᠡ ᠶᠡᠭᠡ︾ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠦᠷᠢᠮ ᠢ ᠴᠢᠩᠭ᠎ᠠ | ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ | ᠠᠷᠠᠳᠴᠢᠯᠠᠭᠰᠠᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠤᠯᠭ᠎ᠠ ᠶᠢ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ᠂ ᠨᠠᠮ ᠤᠨ | ᠤᠳᠤᠷᠢᠳᠬᠤ ᠳᠤᠭᠤᠶᠢᠯᠠᠩ ᠤᠨ ᠬᠤᠷᠠᠯ ᠳᠤ ᠰᠤᠯᠠ ᠣᠷᠣᠯᠴᠠᠬᠤ ᠲᠦᠷᠢᠮ ᠢ ᠪᠠᠷᠢᠮᠲᠠᠯᠠᠨ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠯ ᠰᠠᠨᠠᠭᠤᠯᠭ᠎ᠠ ᠶᠢ 114 ᠬᠤᠪᠢ᠂ ᠤᠯᠤᠰ ᠲᠦᠷᠦ ᠶᠢᠨ ᠵᠥᠪᠯᠡᠯᠭᠡᠨ ᠤ | ᠰᠠᠨᠠᠯ ᠵᠥᠪᠯᠡᠯᠭᠡ ᠶᠢ 141 ᠬᠤᠪᠢ ᠰᠢᠢᠳᠪᠦᠷᠢᠯᠡᠪᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠯᠠᠪᠳᠠᠭᠤᠨ ᠢᠶᠠᠷ | ᠠᠬᠢᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠬᠢᠨᠠᠨ ᠪᠠᠶᠢᠴᠠᠭᠠᠯᠲᠠ ᠪᠠᠨ ᠴᠢᠩᠭᠠᠷᠠᠭᠤᠯᠪᠠ᠃ ︽ᠨᠠᠶᠮᠠᠳᠤᠭᠠᠷ ᠲᠠᠪᠤᠨ | ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠢ ᠠᠬᠢᠭᠤᠯᠵᠤ᠂ ᠵᠠᠰᠠᠭ ᠵᠠᠬᠢᠷᠭᠠᠨ ᠤ ᠳᠦᠷᠢᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠦᠨᠳᠦᠰᠦᠨ ᠱᠠᠲᠤᠨ ᠤ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠠᠬᠢᠭᠤᠯᠤᠨ᠂ 17 ᠵᠠᠰᠠᠭ ᠵᠠᠬᠢᠷᠭᠠᠨ ᠤ | ᠳᠠᠬᠢᠨ ᠵᠥᠪᠯᠡᠬᠦ ᠬᠡᠷᠡᠭ ᠢ ᠰᠢᠢᠳᠪᠦᠷᠢᠯᠡᠨ᠂ ᠵᠠᠰᠠᠭ ᠤᠨ ᠣᠷᠳᠣᠨ ᠤ ᠰᠢᠰᠲ᠋ᠧᠮ ᠤᠨ ᠬᠢᠨ ᠬᠠᠤᠯᠢᠴᠢ ᠠᠴᠠ ᠵᠥᠪᠯᠡᠮᠵᠢ | ᠠᠪᠬᠤ ᠳᠥᠷᠢᠮ ᠢ ᠬᠡᠷᠡᠭᠵᠢᠭᠦᠯᠵᠦ ᠂ ᠲᠠᠩᠬᠢᠮ ᠳᠤ ᠬᠦᠷᠴᠦ ᠵᠠᠷᠭᠤ ᠬᠦᠯᠢᠶᠡᠬᠦ ᠨᠣᠷᠮ᠎ᠠ 100 % ᠳᠤ ᠬᠥᠷᠪᠡ᠃ | ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠬᠤᠶᠢᠴᠢ ᠦᠶ᠎ᠡ ᠪᠠᠨ ᠬᠠᠯᠠᠮᠵᠢᠯᠠᠬᠤ | ᠵᠥᠪᠯᠡᠯ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ | ᠤᠨ ᠨᠡᠶᠢᠭᠡᠮᠯᠢᠭ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ | ᠶᠢᠨ ᠠᠵᠢᠯ ᠢ ᠢᠳᠡᠪᠬᠢᠲᠡᠶ ᠳᠡᠮᠵᠢᠵᠦ᠂ ᠬᠤᠶᠠᠷ ᠢ ᠬᠦᠷᠢᠶᠡᠯᠡᠵᠦ ᠬᠠᠷᠠᠭᠠᠯᠵᠠᠨ ᠲᠡᠳᠬᠦᠬᠦ ᠠᠵᠢᠯᠯᠠᠭ᠎ᠠ ᠶᠢ ᠭᠦᠨᠵᠡᠭᠡᠶ | ᠥᠷᠨᠢᠭᠦᠯᠦᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠴᠢᠩᠭᠠᠷᠠᠵᠤ᠂ ᠠᠷᠠᠳ ᠤᠨ ᠠᠭᠠᠷ ᠤᠨ | ᠰᠡᠷᠭᠡᠶᠢᠯᠡᠯᠲᠡ᠂ ᠭᠠᠳᠠᠭᠠᠳᠤ ᠶᠠᠪᠤᠳᠠᠯ᠂ ᠲᠠᠩᠰᠠ ᠡᠪᠬᠡᠮᠡᠯ᠂ ᠴᠠᠭ ᠠᠭᠤᠷ᠂ ᠨᠢᠭᠤᠴᠠ ᠶᠢ ᠬᠠᠮᠠᠭᠠᠯᠠᠬᠤ ᠵᠡᠷᠭᠡ ᠠᠵᠢᠯ | ᠰᠢᠨ᠎ᠡ ᠦᠷ᠎ᠡ ᠪᠦᠲᠦᠮᠵᠢ ᠤᠯᠪᠠ᠃ | ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠪᠣᠯ ᠰᠢᠯᠤᠭᠤᠨ ᠬᠥᠬᠡ ᠬᠤᠰᠢᠭᠤᠨ ᠤ ᠬᠥᠭᠵᠢᠯᠲᠡ ᠶᠢᠨ ᠶᠠᠪᠤᠴᠠ ᠳᠠᠬᠢ | ᠲᠤᠶᠢᠯ ᠤᠨ ᠶᠡᠷᠦ ᠪᠤᠰᠤ ᠶᠢᠨ᠂ ᠥᠷᠢᠰᠥᠯᠳᠦᠭᠡᠨ ᠶᠡᠭᠡ ᠲᠠᠢ ᠨᠢᠭᠡ ᠵᠢᠯ ᠪᠣᠯᠤᠨ᠎ᠠ᠂ ᠪᠢᠳᠡ ᠡᠨᠡᠬᠦ ᠠᠮᠵᠢᠯᠲᠠ | ᠪᠦᠲᠦᠮᠵᠢ ᠪᠠᠨ ᠬᠢᠯᠪᠠᠷ ᠪᠤᠰᠤ ᠪᠠᠷ ᠣᠯᠵᠠᠢ᠃ ᠬᠥᠭᠵᠢᠯᠲᠡ ᠂ ᠥᠭᠡᠷᠡᠴᠢᠯᠡᠯᠲᠡ ᠂ ᠲᠣᠭᠲᠠᠭᠤᠨ ᠢ ᠪᠠᠳᠤᠯᠠᠬᠤ ᠬᠦᠨᠳᠦ | ᠡᠭᠦᠷᠭᠡ ᠪᠣᠯᠤᠨ ᠨᠠᠷᠢᠨ ᠪᠤᠳᠤᠯᠢᠶᠠᠨᠲᠠᠶ ᠬᠢᠵᠢᠭ ᠤᠨ ᠪᠠᠶᠢᠳᠠᠯ ᠤᠨ ᠡᠮᠦᠨ᠎ᠡ᠂ ᠪᠥᠬᠦ ᠬᠤᠰᠢᠭᠤᠨ ᠤ ᠥᠷᠭᠡᠨ ᠣᠯᠠᠨ ᠨᠠᠮ | ᠤᠨ ᠭᠡᠰᠢᠭᠦᠨ ᠺᠡᠲᠠᠷᠴᠤᠳ ᠨᠢᠭᠡ ᠰᠡᠳᠬᠢᠯ ᠨᠢᠭᠡ ᠵᠣᠷᠢᠭ ᠢᠶᠠᠷ ᠰᠢᠷᠭᠠᠭᠤ ᠠᠵᠢᠯᠯᠠᠨ᠂ ᠬᠠᠯᠠᠰᠢᠷᠠᠯ ᠦᠭᠡᠢ ᠴᠢᠷᠮᠠᠶᠢᠨ᠂ | ᠢᠳᠡᠪᠬᠢᠯᠡᠨ ᠤᠷᠤᠭᠰᠢᠯᠠᠵᠤ᠂ ᠳᠠᠷᠤᠯᠲᠠ ᠶᠢ ᠰᠦᠷᠦᠨ᠂ ᠬᠠᠷᠢᠭᠤᠴᠠᠯᠭ᠎ᠠ ᠪᠠᠨ ᠡᠭᠦᠷᠭᠡᠯᠡᠨ᠂ ᠡᠯ᠎ᠡ ᠵᠦᠶᠯ ᠤᠨ ᠠᠵᠢᠯ | ᠦᠶᠯᠡᠰ ᠤᠨ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠬᠦᠴᠦᠯᠡᠨ ᠠᠬᠢᠭᠤᠯᠵᠤ᠂ ᠡᠯ᠎ᠡ ᠵᠦᠶᠯ ᠤᠨ | ᠠᠵᠢᠯ ᠢᠶᠠᠨ ᠰᠠᠶᠢᠳᠤᠷ ᠪᠡᠶᠡᠯᠡᠬᠦᠯᠦᠭᠰᠡᠨ ᠪᠠᠶᠢᠨ᠎ᠠ᠂ ᠡᠨᠡ ᠪᠣᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠣᠯᠤᠨ | ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠶᠢᠨ ᠦᠷ᠎ᠡ ᠳ᠋ᠦᠩ ᠮᠥᠨ | ᠂ ᠮᠥᠨ ᠴᠤ ᠺᠠᠳ᠋ᠷ ᠠᠵᠢᠯᠲᠠᠨ ᠤ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠭᠰᠡᠨ᠂ ᠣᠯᠠᠨ ᠲᠦᠮᠡᠨ ᠤ ᠢᠳᠡᠭᠡᠨ ᠳᠡᠮᠵᠢᠭᠰᠡᠨ | ᠪᠠ᠂ ᠡᠯ᠎ᠡ ᠡᠲᠡᠭᠡᠳ ᠤᠨ ᠬᠠᠯᠠᠭᠤᠨ ᠳᠡᠮᠵᠢᠯᠭᠡ ᠶᠢᠨ ᠦᠷ᠎ᠡ ᠳ᠋ᠦᠩ ᠮᠥᠨ᠃ ᠪᠢ ᠬᠤᠰᠢᠭᠤ ᠠᠷᠠᠳ ᠤᠨ ᠵᠠᠰᠠᠭ ᠤᠨ | ᠣᠷᠳᠣᠨ ᠢ ᠲᠥᠯᠥᠭᠡᠯᠡᠨ᠂ ᠪᠥᠬᠦ ᠬᠤᠰᠢᠭᠤᠨ ᠤ ᠺᠠᠳ᠋ᠷ ᠣᠯᠠᠨ ᠲᠦᠮᠡᠨ᠂ ᠰᠢᠯᠤᠭᠤᠨ ᠬᠥᠬᠡ ᠬᠤᠰᠢᠭᠤᠨ ᠤ ᠡᠯ᠎ᠡ ᠲᠥᠷᠥᠯ | ᠤᠨ ᠠᠵᠢᠯ ᠦᠶᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠲᠠ ᠪᠦᠬᠦᠨ ᠳᠤ ᠴᠢᠩ ᠰᠡᠳᠬᠢᠯ ᠤᠨ ᠲᠠᠯᠠᠷᠬᠠᠯ ᠪᠠ | ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠪᠢᠳᠡ ᠠᠮᠵᠢᠯᠲᠠ ᠪᠦᠳᠦᠮᠵᠢ ᠪᠠᠨ ᠨᠤᠲᠠᠯᠠᠬᠤ ᠶᠢᠨ ᠬᠠᠮᠲᠤ᠂ ᠪᠠᠰᠠ ᠮᠠᠨ ᠤ ᠬᠤᠰᠢᠭᠤ ᠨᠢ ᠶᠠᠭ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠭᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠬᠥᠭᠵᠢᠯᠲᠡ ᠶᠢᠨ ᠳᠤᠮᠳᠠ ᠵᠠᠷᠢᠮ | ᠬᠦᠴᠢᠷ ᠠᠰᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠪᠠ᠃ ᠡᠭᠦᠨ ᠳᠤ ᠂ ᠠᠵᠤ ᠠᠬᠤᠢ | ᠤᠷᠤᠭᠤᠳᠠᠵᠤ ᠪᠠᠶᠢᠭ᠎ᠠ ᠳᠠᠷᠤᠯᠲᠠ ᠶᠡᠭᠡ ᠂ ︽ᠲᠤᠯᠤᠭᠠᠶᠢᠯᠠᠭᠴᠢ ᠠᠵᠤ ᠠᠬᠤᠶᠢᠯᠠᠯ ᠤᠨ ᠳᠠᠶᠢᠴᠢᠯᠠᠬᠤ ᠬᠦᠴᠦᠨ ︽ | ᠮᠡᠬᠦᠰ︾᠂ ᠠᠵᠤ ᠦᠢᠯᠡᠰ ᠤᠨ ᠬᠡᠯᠬᠢᠶ᠎ᠡ ︽ᠣᠬᠤᠷ︾᠂ ᠵᠠᠩᠭᠢᠯᠠᠭ᠎ᠠ ᠶᠢᠨ ᠴᠡᠭ ︽ᠳᠤᠲᠠᠮᠠᠭ︾᠂ ᠵᠠᠬ᠎ᠠ ᠳᠡᠯᠭᠡᠭᠦᠷ ᠤᠨ | ᠦᠷᠢᠰᠦᠯᠳᠦᠬᠦ ᠬᠦᠴᠦᠨ ︽ᠪᠠᠭᠤᠷᠠᠢ︾᠂ ᠠᠵᠤ ᠦᠢᠯᠡᠰ ᠤᠨ ᠪᠦᠲᠦᠴᠡ ᠲᠠᠩ ᠴᠤᠯᠭᠤᠢ᠂ ᠭᠠᠶᠢᠯᠢ ᠶᠢᠨ ᠢᠷᠡᠯᠲᠡ ᠲᠠᠢ | ᠠᠵᠤ ᠠᠬᠤᠶᠢᠯᠠᠯ ᠴᠥᠭᠡᠨ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ︔ ᠠᠷᠠᠳ ᠤᠨ | ᠠᠮᠢᠳᠤᠷᠠᠯ ᠤᠨ ᠬᠦᠷᠢᠶᠡᠨ ᠳᠤ ᠪᠠᠰᠠ ᠳᠤᠲᠠᠭᠳᠠᠯ ᠣᠷᠣᠰᠢᠵᠤ᠂ ᠡᠵᠡᠮᠳᠡᠵᠦ ᠪᠣᠯᠬᠤ ᠡᠳ᠋ ᠤᠨ ᠬᠦᠴᠦᠨ ᠤ ᠨᠥᠯᠥᠭᠡ ᠶᠢ | ᠭᠥᠷᠳᠡᠵᠦ᠂ ᠬᠥᠳᠡᠭᠡ ᠲᠣᠰᠬᠤᠨ ᠤ ᠤᠰᠤ ᠴᠠᠬᠢᠯᠭᠠᠨ ᠵᠠᠮ ᠴᠢᠮᠡᠭᠡ ᠨᠡᠪᠲᠡᠷᠡᠯᠭᠡ ᠵᠡᠷᠭᠡ ᠰᠠᠭᠤᠷᠢ ᠳᠥᠬᠦᠭᠡᠷᠦᠮᠵᠢ ᠶᠢᠨ | ᠪᠥᠲᠥᠭᠡᠨ ᠪᠠᠶᠢᠭᠤᠯᠤᠯᠲᠠ ᠨᠢ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠬᠦᠷᠴᠦ ᠴᠢᠳᠠᠭᠠᠳᠦᠢ ᠪᠠᠶᠢᠨ᠎ᠠ ᠃ | ᠠᠷᠠᠯᠵᠢᠶ᠎ᠠ ᠡᠷᠬᠢᠯᠡᠬᠦ ᠣᠷᠴᠢᠨ ᠨᠥᠬᠦᠴᠡᠯ ᠠᠨᠠᠶᠢᠬᠠᠨ ᠪᠠᠶᠢᠵᠤ᠂ ᠵᠠᠷᠢᠮ ᠺᠠᠳ᠋ᠷ ᠤᠨ ᠰᠢᠨ᠎ᠡ ᠶᠢ ᠡᠭᠦᠳᠴᠦ ᠬᠠᠮᠲᠤᠷᠠᠯᠴᠠᠬᠤ | ᠰᠡᠳᠬᠢᠬᠦᠶ ᠪᠠ ᠦᠵᠡᠯᠲᠡ ᠴᠢᠩᠭ᠎ᠠ ᠪᠢᠰᠢ᠂ ᠰᠠᠨᠠᠭᠠᠴᠢᠯᠠᠭ᠎ᠠ ᠠᠴᠠ ᠪᠠᠨ ᠠᠵᠢᠯ ᠵᠣᠬᠢᠴᠠᠭᠤᠯᠬᠤ ᠤᠬᠠᠮᠰᠠᠷ ᠬᠦᠷᠦᠯᠴᠡᠬᠦ | ᠥᠬᠡᠶ ᠪᠠᠶᠢᠨ᠎ᠠ᠂ ︽ ᠬᠦᠭᠵᠢᠭᠦᠯᠬᠦ ᠪᠠᠷ ᠶᠠᠭᠠᠷᠠᠬᠤ ᠥᠬᠡᠶ︾ ᠲᠠᠶᠢᠪᠤᠩ ᠪᠤᠳᠤᠯ ᠢ ᠡᠪᠦᠷᠯᠡᠨ ᠂ ︽ ᠬᠤᠯᠠ ᠶᠢᠨ ᠬᠠᠷᠠᠴᠠ | ᠦᠭᠡᠢ︾ ᠤᠬᠤᠷ ᠰᠡᠳᠬᠢᠭᠦᠢ ᠲᠠᠢ ᠂ ︽ ᠬᠠᠰᠢ ᠶᠠᠰᠢ ᠬᠠᠨᠳᠤᠬᠤ︾ ᠬᠠᠭᠤᠮᠠᠭᠠᠢ ᠪᠤᠳᠤᠯ ᠳᠤ ᠠᠪᠳᠠᠭᠳᠠᠵᠤ ᠪᠠᠶᠢᠭ᠎ᠠ | ᠪᠤᠯᠬᠤᠷ᠂ ᠦᠶᠯᠡᠴᠢᠯᠡᠭᠡᠨ ᠤ ᠤᠬᠠᠮᠰᠠᠷ ᠪᠠ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ | ᠡᠭᠦᠨ ᠳᠤ ᠴᠢᠭᠯᠡᠭᠦᠯᠦᠨ ᠬᠤᠰᠢᠭᠤ ᠵᠠᠰᠠᠭ ᠤᠨ ᠣᠷᠳᠣᠨ ᠨᠢ ᠴᠢᠩᠭ᠎ᠠ ᠪᠣᠳᠠᠲᠠᠶ ᠠᠷᠭ᠎ᠠ ᠬᠡᠮᠵᠢᠶ᠎ᠡ ᠠᠪᠴᠤ᠂ ᠪᠥᠬᠦ ᠬᠦᠴᠦᠨ | ᠢᠶᠠᠷ ᠢᠶᠠᠨ ᠰᠢᠢᠳᠪᠦᠷᠢᠯᠡᠬᠦ ᠪᠣᠯᠤᠨ᠎ᠠ᠃ ᠨᠥᠬᠦᠳ ᠨᠡᠷ ᠥᠩᠭᠡᠷᠡᠭᠰᠡᠨ ᠲᠠᠢ ᠪᠠᠨ ᠠᠳᠠᠯᠢ ᠪᠠᠷ ᠵᠠᠰᠠᠭ ᠤᠨ ᠣᠷᠳᠣᠨ ᠤ | ᠠᠵᠢᠯ ᠢ ᠳᠡᠮᠵᠢᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠯᠤᠭᠤᠨ ᠬᠥᠬᠡ ᠬᠤᠰᠢᠭᠤᠨ ᠤ ᠡᠯ᠎ᠡ ᠵᠦᠶᠯ ᠤᠨ | ᠠᠵᠢᠯ ᠢ ᠰᠠᠶᠢᠲᠤᠷ ᠬᠢᠬᠦ ᠶᠢ ᠬᠦᠰᠡᠵᠦ ᠪᠠᠶᠢᠨ᠎ᠠ᠃ | ᠬᠤᠶᠠᠷ᠂ 2023 ᠣᠨ ᠤ ᠠᠵᠢᠯ ᠤᠨ ᠪᠠᠶᠢᠷᠢᠯᠠᠭᠤᠯᠤᠯᠲᠠ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠬᠡᠷᠡᠭᠵᠢᠬᠦᠯᠵᠦ ᠂ ᠤᠷᠢᠳᠤᠬᠢ ᠶᠢ ᠵᠠᠯᠭᠠᠮᠵᠢᠯᠠᠨ ᠬᠤᠶᠢᠳᠤᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ | ᠨᠢᠭᠡ ᠵᠢᠯ ᠮᠥᠨ᠃ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠮᠵᠢ ᠪᠣᠯ᠄ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ | ᠶᠢ ᠪᠠᠷᠢᠮᠲᠠᠯᠠᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠴᠢᠬᠤᠯᠠ ᠡᠭᠦᠷᠭᠡ︾ ᠶᠢᠨ ᠲᠣᠭᠤᠷᠢᠨ ᠳᠤ᠂ ᠨᠠᠮ ᠤᠨ ᠬᠤᠷᠢᠳᠤᠭᠠᠷ | ᠶᠡᠭᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ | ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠯᠠᠪᠳᠠᠭᠤᠨ ᠢ ᠪᠠᠷᠢᠮᠲᠠᠯᠠᠬᠤ᠂ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠡᠵᠡᠮᠳᠡᠵᠦ᠂ ᠰᠢᠨ᠎ᠡ | ᠬᠥᠭᠵᠢᠯᠲᠡ ᠶᠢᠨ ᠤᠶᠢᠯᠠᠭᠠᠭᠳᠠᠬᠤᠨ ᠢ ᠪᠦᠷᠢᠨ ᠪᠦᠳᠦᠨ ᠂ ᠨᠠᠷᠢᠯᠢᠭ ᠤᠨᠤᠪᠴᠢᠲᠠᠢ ᠪᠠᠷ ᠲᠤᠤᠱᠠᠯᠠᠭᠤᠯᠤᠨ ᠂ ᠠᠶᠢᠮᠠᠭ ᠤᠨ | ᠨᠠᠮ ᠤᠨ ᠬᠤᠷᠢᠶ᠎ᠠ ᠂ ᠵᠠᠬᠢᠷᠭ᠎ᠠ ᠂ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢ ᠳᠠᠭᠤ ᠳᠤ ᠬᠢᠵᠢᠭ ᠢ | ᠰᠡᠷᠭᠡᠶᠢᠯᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠳᠥᠯᠦᠪᠵᠢᠭᠦᠯᠦᠨ᠂ ᠬᠥᠭᠵᠢᠯᠲᠡ ᠪᠠ ᠠᠮᠤᠷ | ᠲᠦᠪᠰᠢᠨ ᠢ ᠤᠶᠠᠯᠳᠤᠭᠤᠯᠵᠤ᠂ ︽ᠬᠤᠶᠠᠷ ᠬᠡᠯᠬᠢᠶ᠎ᠡ ᠬᠤᠶᠠᠷ ᠤᠷᠤᠨ︾ ︽ᠲᠠᠪᠤᠨ ᠵᠦᠢᠯ ᠤᠨ ᠣᠨᠴᠠᠯᠢᠭᠲᠤ ᠠᠵᠤ | ᠦᠢᠯᠡᠰ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ | ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠲᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ᠂ | ᠲᠣᠭᠲᠠᠭᠤᠨ ᠢ ᠬᠠᠮᠠᠭᠠᠯᠠᠬᠤ ᠶᠢ ᠪᠡᠶᠡᠯᠡᠬᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠶᠠᠨ | ᠳᠤ ᠰᠢᠯᠤᠭᠤᠨ ᠬᠥᠬᠡ ᠬᠤᠰᠢᠭᠤᠨ ᠤ ᠴᠢᠨᠠᠷᠯᠢᠭ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃ | ᠭᠤᠣᠯ ᠬᠠᠷᠠᠯᠲᠠ ᠪᠣᠯ᠄ 73. 04 ᠳ᠋ᠦᠩᠰᠢᠭᠤᠷ ᠲᠥᠭᠦᠷᠢᠭ ᠤᠨ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ | ᠥᠷᠲᠡᠭ ᠢ ᠪᠡᠶᠡᠯᠡᠭᠦᠯᠦᠨ᠎ᠡ᠃ 2. 6 ᠳ᠋ᠦᠩᠰᠢᠭᠤᠷ ᠲᠥᠭᠦᠷᠢᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ ᠶᠢ ᠪᠡᠶᠡᠯᠡᠬᠦᠯᠦᠨ᠎ᠡ᠃ 39 ᠳ᠋ᠦᠩᠰᠢᠭᠤᠷ ᠲᠥᠭᠦᠷᠢᠭ ᠤᠨ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ ᠪᠡᠶᠡᠯᠡᠬᠦᠯᠦᠨ᠎ᠡ᠃ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ | ᠬᠡᠮᠵᠢᠶ᠎ᠡ ᠶᠢ 14. 2 ᠳ᠋ᠦᠩᠰᠢᠭᠤᠷ ᠲᠥᠭᠦᠷᠢᠭ ᠲᠤ ᠬᠦᠷᠭᠡᠨ᠎ᠡ᠃ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠢ | ᠠᠵᠤ ᠠᠬᠤᠢ ᠶᠢᠨ ᠨᠡᠮᠡᠭᠳᠡᠯ ᠯᠤᠭ᠎ᠠ ᠦᠨᠳᠦᠰᠦᠨ ᠳᠡᠭᠡᠨ ᠠᠳᠠᠯᠢ ᠪᠠᠶᠢᠯᠭᠠᠵᠤ ᠂ ᠡᠨᠧᠷᠭᠢ ᠶᠢᠨ ᠬᠤᠷᠤᠭᠳᠠᠯ ᠪᠠ | ᠭᠠᠳᠠᠭᠰᠢᠯᠠᠭᠤᠯᠤᠯᠲᠠ ᠶᠢ ᠪᠠᠷᠢᠮᠵᠢᠶ᠎ᠠ ᠳᠤ ᠬᠦᠷᠭᠡᠨ᠎ᠡ ᠃ | ᠳᠡᠭᠡᠷ᠎ᠡ ᠳᠣᠷᠠᠳᠣᠭᠰᠠᠨ ᠬᠠᠷᠠᠯᠲᠠ ᠶᠢᠨ ᠢᠶᠠᠨ ᠲᠤᠭᠤᠷᠢᠨ ᠳᠤ ᠲᠤᠤᠷᠠᠬᠢ ᠮᠡᠨᠳᠦ ᠵᠢᠷᠭᠤᠭᠠᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠠᠳᠬᠤᠨ᠎ᠠ᠄ | ︵ᠨᠢᠭᠡ︶ ᠡᠷᠴᠢᠮ ᠬᠦᠴᠦᠨ ᠤ ᠰᠣᠯᠢᠭᠳᠠᠯ ᠳᠤ ᠠᠩᠬᠠᠷᠣᠯ ᠢᠶᠠᠨ ᠬᠠᠨᠳᠣᠭᠤᠯᠵᠣ ᠂ ᠴᠢᠨᠠᠷᠯᠢᠭ ᠬᠥᠭᠵᠢᠯᠳᠡ ᠶᠢᠨ | ᠣᠷᠴᠢᠨ ᠢ ᠰᠢᠯᠢᠳᠡᠭᠵᠢᠭᠦᠯᠦᠨ᠎ᠡ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠦᠴᠦᠯᠡᠴᠡ ᠪᠠᠨ ᠴᠢᠩᠭᠠᠳᠬᠠᠨ᠎ᠠ᠃ ︽ᠥᠭᠡᠷᠡᠴᠢᠯᠡᠯᠳᠡ ᠨᠡᠭᠡᠭᠡᠯᠳᠡ ᠶᠢ | ᠴᠢᠩᠭ᠎ᠠ ᠠᠳᠬᠤᠵᠤ᠂ ᠠᠷᠠᠯᠵᠢᠶᠠᠴᠢᠨ ᠤᠷᠢᠬᠤ ᠶᠢ ᠰᠠᠶᠢᠳᠦᠷ ᠠᠳᠬᠤᠬᠤ︾ ᠣᠨ ᠤ ᠲᠤᠰᠬᠠᠶ ᠠᠵᠢᠯᠯᠠᠭ᠎ᠠ ᠶᠢ | ᠥᠷᠨᠢᠭᠦᠯᠦᠨ᠂ ︽ᠠᠷᠠᠯᠵᠢᠶᠠᠴᠢᠨ ᠤᠷᠢᠵᠤ ᠪᠠᠯᠠ ᠣᠷᠣᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ︵2023 | — 2025︶︾ ᠢ ᠲᠣᠭᠲᠠᠭᠠᠨ᠂ ᠳᠠᠭᠠᠯᠳᠤᠭᠤᠯᠤᠭᠰᠠᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠤᠳᠤᠯᠤᠨ | ᠲᠡᠭᠦᠯᠳᠡᠷᠵᠢᠭᠦᠯᠵᠦ᠂ ︽ᠬᠤᠶᠠᠷ ᠬᠡᠯᠬᠢᠶ᠎ᠡ ᠬᠤᠶᠠᠷ ᠤᠷᠤᠨ︾ ︽ᠲᠠᠪᠤᠨ ᠵᠦᠢᠯ ᠤᠨ ᠣᠨᠴᠠᠯᠢᠭᠲᠤ ᠠᠵᠤ ᠦᠢᠯᠡᠰ︾ ᠤᠨ | ᠲᠣᠭᠤᠷᠢᠨ ᠳᠤ᠂ ︽ᠠᠵᠤ ᠦᠢᠯᠡᠰ ᠤᠨ ᠬᠡᠯᠬᠢᠶ᠎ᠡ ᠶᠢ ᠤᠷᠳᠤᠳᠬᠠᠬᠤ + ᠲᠤᠰᠬᠠᠶ ᠪᠠᠭ ᠬᠠᠷᠢᠭᠤᠴᠠᠬᠤ︾ ᠠᠵᠢᠯ ᠤᠨ | ᠲᠣᠭᠲᠠᠴᠠ ᠶᠢ ᠪᠠᠶᠢᠭᠤᠯᠤᠨ᠎ᠠ᠃ ᠠᠷᠠᠯᠵᠢᠶᠠᠴᠢᠨ ᠤᠷᠢᠬᠤ ᠲᠥᠷᠥᠯ ᠵᠦᠢᠯ ᠢ ᠲᠥᠰᠦᠪᠯᠡᠬᠦ᠂ ᠪᠣᠭᠤᠳᠠᠯᠯᠠᠬᠤ᠂ ᠨᠥᠭᠡᠴᠡᠯᠡᠬᠦ᠂ | ᠲᠠᠨᠢᠯᠴᠠᠭᠤᠯᠬᠤ ᠠᠵᠢᠯ ᠢ ᠴᠢᠩᠭ᠎ᠠ ᠠᠳᠬᠤᠵᠤ᠂ ᠲᠥᠷᠥᠯ ᠵᠦᠢᠯ ᠤᠨ ᠬᠥᠮᠥᠷᠭᠡ ᠶᠢ ᠢᠮᠠᠭᠳᠠ ᠰᠢᠨᠡᠳᠬᠡᠨ᠂ | ᠠᠷᠠᠯᠵᠢᠶ᠎ᠠ ᠪᠠᠷ ᠠᠷᠠᠯᠵᠢᠶᠠᠴᠢᠨ ᠤᠷᠢᠬᠤ᠂ ᠲᠣᠭᠳᠠᠭᠰᠠᠨ ᠴᠡᠭ ᠲᠤ ᠠᠷᠠᠯᠵᠢᠶᠠᠴᠢᠨ ᠤᠷᠢᠬᠤ᠂ ᠠᠵᠤ ᠦᠢᠯᠡᠰ ᠤᠨ | ᠬᠡᠯᠬᠢᠶ᠎ᠡ ᠪᠠᠷ ᠠᠷᠠᠯᠵᠢᠶᠠᠴᠢᠨ ᠤᠷᠢᠬᠤ ᠵᠡᠷᠭᠡ ᠣᠯᠠᠨ ᠬᠡᠯᠪᠡᠷᠢ ᠪᠠᠷ ᠳᠠᠮᠵᠢᠭᠤᠯᠤᠨ ᠣᠷᠢᠨ ᠠᠪᠴᠢᠷᠠᠬᠤ ᠠᠵᠤ | ᠠᠬᠤᠶᠢᠯᠠᠯ ᠢᠶᠠᠨ ᠲᠣᠭᠲᠠᠭᠠᠵᠤ᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ | ᠮᠥᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠲᠤ ᠬᠦᠷᠴᠦ ᠠᠷᠠᠯᠵᠢᠶᠠᠴᠢᠨ ᠤᠷᠢᠬᠤ ᠠᠵᠢᠯ ᠢ ᠨᠠᠷᠢᠯᠢᠭ ᠣᠨᠣᠪᠴᠢᠲᠠᠶ | ᠶᠠᠪᠣᠭᠳᠠᠭᠤᠯᠵᠣ᠂ ᠨᠢᠭᠡ ᠪᠦᠯᠦᠭ ᠳᠠᠶᠢᠴᠢᠯᠠᠨ ᠳᠠᠭᠠᠭᠤᠯᠬᠤ ᠬᠡᠯᠪᠡᠷᠢ ᠶᠢᠨ᠂ ᠪᠦᠷᠢᠨ ᠬᠡᠯᠪᠡᠷᠢ ᠶᠢᠨ᠂ ᠠᠵᠤ ᠦᠢᠯᠡᠰ ᠤᠨ | ᠬᠡᠯᠬᠢᠶ᠎ᠡ ᠶᠢ ᠨᠥᠬᠦᠪᠥᠷᠢᠯᠡᠬᠦ ᠲᠥᠷᠥᠯ ᠵᠦᠢᠯ ᠢ ᠣᠷᠣᠭᠤᠯᠤᠨ ᠠᠪᠴᠢᠷᠠᠨ᠎ᠠ᠃ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢ | ᠤᠯᠠᠮ ᠨᠢᠭᠡ ᠠᠯᠬᠤᠮ ᠴᠢᠩᠭᠠᠳᠬᠠᠵᠤ᠂ 2023 ︽ᠰᠢᠷ᠎ᠠ ᠲᠠᠯ᠎ᠠ ᠶᠢᠨ ᠴᠡᠴᠡᠭ ᠰᠣᠨᠢᠷᠬᠠᠬᠤ ᠨᠠᠶᠢᠷ︾ ᠤᠨ | ᠠᠷᠠᠯᠵᠢᠶᠠᠴᠢᠨ ᠤᠷᠢᠵᠤ ᠪᠡᠯᠡ ᠲᠠᠲᠠᠬᠤ ᠲᠠᠨᠢᠯᠴᠠᠭᠤᠯᠭ᠎ᠠ ᠶᠢᠨ ᠬᠤᠷᠠᠯ ᠢ ᠰᠠᠶᠢᠲᠤᠷ ᠡᠷᠬᠢᠯᠡᠵᠦ᠂ ᠤᠯᠤᠰ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠡᠷᠬᠢᠯᠡᠭᠰᠡᠨ ︽ᠳᠤᠮᠳᠠᠳᠤ | ᠤᠯᠤᠰ ᠤᠨ ᠪᠠᠷᠠᠭᠤᠨ ᠣᠷᠣᠨ ᠤ ᠣᠯᠠᠨ ᠤᠯᠤᠰ ᠤᠨ ᠦᠵᠡᠰᠬᠦᠯᠡᠩ︾ ᠪᠠ ᠠᠶᠢᠮᠠᠭ ᠤᠨ ᠲᠡᠰ ᠤᠨ ᠠᠷᠠᠯᠵᠢᠶᠠᠴᠢᠨ | ᠤᠷᠢᠬᠤ ᠲᠤᠰᠬᠠᠢ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠵᠢᠯ ᠤᠨ ᠳᠣᠲᠣᠷ᠎ᠠ 500 ᠲᠦᠮᠡᠨ ᠲᠥᠭᠦᠷᠢᠭ ᠠᠴᠠ | ᠳᠡᠭᠡᠭᠰᠢᠬᠢ ᠤᠯᠤᠰ ᠤᠨ ᠳᠣᠲᠣᠭᠠᠳᠤ ︵ᠣᠷᠣᠨ ᠤ ᠭᠠᠳᠠᠨ᠎ᠠ︶ ᠶᠢᠨ ᠪᠠᠯᠠ ᠮᠥᠩᠭᠦ ᠶᠢ 14 . 8 ᠳ᠋ᠦᠩᠰᠢᠭᠤᠷ ᠲᠥᠭᠦᠷᠢᠭ | ᠲᠡᠳᠡᠨ ᠣᠷᠣᠭᠤᠯᠬᠤ ᠪᠠᠷ ᠴᠢᠷᠮᠠᠶᠢᠨ᠎ᠠ᠃ | ᠪᠦᠲᠦᠮᠵᠢᠲᠡᠢ ᠪᠡᠯᠡ ᠣᠷᠣᠭᠤᠯᠤᠯᠲᠠ ᠶᠢ ᠬᠦᠴᠦᠯᠡᠨ ᠥᠷᠭᠡᠳᠬᠡᠨ᠎ᠡ᠃ ︽ᠲᠥᠷᠦᠯ ᠵᠦᠢᠯ ᠢ ᠠᠳᠬᠤᠬᠤ ᠪᠣᠯ ᠳᠠᠷᠤᠢ | ᠬᠥᠭᠵᠢᠯᠲᠡ ᠶᠢ ᠠᠳᠬᠤᠬᠤ᠂ ᠪᠡᠯᠡ ᠣᠷᠣᠭᠤᠯᠤᠯᠲᠠ ᠶᠢ ᠠᠳᠬᠤᠬᠤ ᠪᠣᠯ ᠳᠠᠷᠤᠢ ᠦᠢᠯᠡᠳᠪᠦᠷᠢᠯᠡᠯᠳᠡ ᠶᠢ ᠠᠳᠬᠤᠬᠤ︾ | ᠣᠢᠯᠠᠭᠠᠭᠳᠠᠬᠤᠨ ᠢ ᠪᠠᠲᠤ ᠪᠣᠢ ᠪᠣᠯᠭᠠᠵᠤ᠂ ᠠᠵᠤ ᠦᠢᠯᠡᠰ ᠤᠨ ᠪᠠᠶᠢᠷᠢᠯᠠᠭᠤᠯᠤᠯᠲᠠ ᠪᠠ ᠴᠢᠨᠠᠷᠯᠢᠭ ᠬᠥᠭᠵᠢᠯᠲᠡ ᠪᠠᠷ | ᠤᠳᠤᠷᠢᠳᠤᠮᠵᠢ ᠪᠤᠯᠭᠠᠨ᠂ ᠠᠶᠢᠮᠠᠭ ᠤᠨ ᠲᠡᠰ ᠤᠨ 10 ᠭᠤᠣᠯᠳᠠᠯᠭ᠎ᠠ ᠲᠠᠢ ᠲᠥᠷᠦᠯ ᠵᠦᠢᠯ ᠢ ᠠᠬᠢᠭᠤᠯᠤᠨ ᠬᠡᠷᠡᠭᠵᠢᠭᠦᠯᠵᠦ᠂ | ᠳᠦᠷᠪᠡᠳᠦᠬᠡᠷ ᠰᠠᠷ᠎ᠠ ᠶᠢᠨ ᠳᠤᠮᠳᠠᠴᠢ ᠪᠠᠷ ᠪᠦᠷᠢᠨ ᠬᠦᠢᠴᠡᠳᠬᠡᠯ ᠲᠠᠢ ᠠᠵᠢᠯ ᠡᠬᠢᠯᠡᠭᠦᠯᠦᠨ᠂ 25.25 ᠳ᠋ᠦᠩᠰᠢᠭᠤᠷ | ᠲᠥᠭᠦᠷᠢᠭ ᠤᠨ ᠣᠨ ᠤ ᠪᠡᠯᠡ ᠣᠷᠣᠭᠤᠯᠤᠯᠲᠠ ᠶᠢᠨ ᠲᠦᠯᠦᠪᠯᠡᠭᠡ ᠶᠢ ᠪᠡᠶᠡᠯᠡᠭᠦᠯᠦᠨ᠎ᠡ᠃ ᠬᠤᠰᠢᠭᠤᠨ ᠤ ᠲᠡᠰ ᠤᠨ | ᠭᠤᠣᠯᠳᠠᠯᠭ᠎ᠠ ᠲᠠᠢ ᠲᠥᠷᠥᠯ ᠵᠦᠢᠯ 46 ᠶᠢ ᠬᠡᠷᠡᠭᠵᠢᠭᠦᠯᠵᠦ᠂ 12.9 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠦᠨ᠎ᠡ᠃ ︽ᠲᠠᠪᠤᠨ ᠴᠢᠬᠤᠯᠠ ᠡᠭᠦᠷᠭᠡ︾ ᠳᠤ ᠰᠠᠭᠤᠷᠢᠯᠠᠨ ᠂ ᠤᠯᠤᠰ ᠪᠠ ᠣᠷᠣᠨ ᠤ | ᠲᠥᠷᠥ ᠶᠢᠨ ᠪᠣᠳᠣᠯᠭ᠎ᠠ ᠶᠢᠨ ᠬᠠᠨᠳᠣᠰᠢ ᠪᠣᠯᠤᠨ ᠪᠡᠯᠡ ᠣᠷᠣᠭᠤᠯᠤᠯᠲᠠ ᠶᠢᠨ ᠴᠢᠭᠯᠡᠯ ᠢ ᠬᠢᠨᠠᠮᠠᠭᠠᠶ ᠰᠤᠳᠤᠯᠤᠨ ᠡᠵᠡᠮᠰᠢᠵᠤ᠂ | ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠨᠢᠭᠡᠳᠦᠵᠤ ᠠᠵᠢᠯᠯᠠᠬᠤ ᠪᠠᠨ ᠴᠢᠩᠭᠠᠳᠬᠠᠵᠤ᠂ ᠲᠥᠷᠥᠯ | ᠵᠦᠢᠯ ᠤᠨ ᠨᠥᠭᠡᠴᠢᠯᠡᠯᠳᠡ ᠳᠤ ᠪᠠᠨ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ᠂ ᠭᠠᠷ ᠭᠦᠢᠴᠡᠳᠬᠡᠯ ᠢ ᠰᠢᠯᠤᠭᠤᠳᠬᠠᠨ | ᠠᠬᠢᠭᠤᠯᠵᠤ ᠂ ᠨᠡᠩ ᠤᠯᠠᠨ ᠲᠥᠷᠥᠯ ᠵᠦᠢᠯ ᠢ ᠥᠪᠡᠷᠳᠡᠭᠡᠨ ᠵᠠᠰᠠᠬᠤ ᠤᠷᠤᠨ ᠪᠠ ᠠᠶᠢᠮᠠᠭ ᠤᠨ ︽ᠬᠥᠮᠦᠷᠭᠡ︾ ᠳᠤ | ᠤᠷᠤᠭᠤᠯᠤᠨ᠎ᠠ ᠃ ᠡᠨᠡ ᠵᠢᠯ ᠳᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠲᠥᠷᠣ᠋ ᠵᠦᠢᠯ 29 ᠶᠢ | ᠨᠥᠭᠡᠴᠡᠯᠡᠵᠣ 12.22 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠬᠦ᠂ ᠡᠩ ᠤᠨ ᠵᠢᠭᠡᠯᠡᠯᠭᠡ ᠶᠢᠨ | ᠲᠡᠮᠳᠡᠭᠲᠦ ᠲᠥᠷᠥᠯ ᠵᠦᠶ᠋ᠯ 22 ᠢ ᠨᠥᠭᠡᠴᠡᠯᠡᠵᠤ 7.2 ᠳ᠋ᠦᠩᠰᠢᠭᠤᠷ ᠲᠥᠭᠦᠷᠢᠭ ᠤᠨ ᠪᠠᠯᠠ ᠣᠷᠤᠭᠤᠯᠤᠯᠳᠠ ᠶᠢ | ᠪᠡᠶᠡᠯᠡᠭᠦᠯᠬᠦ ᠪᠠᠷ ᠴᠢᠷᠮᠠᠶᠢᠨ᠎ᠠ᠃ | ᠠᠷᠠᠯᠵᠢᠶ᠎ᠠ ᠡᠷᠬᠢᠯᠡᠬᠦ ᠣᠷᠴᠢᠨ ᠨᠥᠬᠦᠴᠡᠯ ᠢ ᠬᠦᠴᠦᠯᠡᠨ ᠰᠠᠶᠢᠵᠢᠷᠠᠭᠤᠯᠤᠨ᠎ᠠ᠃ ︽ᠥᠪᠡᠷᠳᠡᠭᠡᠨ ᠵᠠᠰᠠᠬᠤ ᠤᠷᠤᠨ ᠤ | ᠠᠷᠠᠯᠵᠢᠶ᠎ᠠ ᠡᠷᠬᠢᠯᠡᠬᠦ ᠤᠷᠴᠢᠨ ᠨᠥᠬᠦᠴᠡᠯ ᠢ ᠰᠠᠶᠢᠵᠢᠷᠠᠭᠤᠯᠬᠤ ᠲᠥᠰᠥᠯ ︵3.0︶︾ ᠲᠤᠭᠤᠷᠢᠨ ᠳᠤ ᠂ ᠤᠨ ᠤ | ᠠᠵᠢᠯ ᠤᠨ ᠬᠠᠷᠠᠯᠲᠠ ᠪᠠᠨ ᠲᠤᠭᠳᠠᠭᠠᠵᠤ ᠂ ᠠᠷᠠᠯᠵᠢᠶᠠᠴᠢᠨ ᠤᠷᠢᠬᠤ᠂ ᠲᠦᠷᠦᠯ ᠵᠦᠢᠯ ᠨᠠᠶᠢᠳᠠᠪᠤᠷᠢᠵᠢᠭᠤᠯᠬᠤ᠂ ᠪᠥᠲᠥᠭᠡᠨ | ᠪᠠᠶᠢᠭᠤᠯᠬᠤ᠂ ᠠᠰᠢᠭᠯᠠᠯᠲᠠ ᠳᠤ ᠣᠷᠣᠭᠤᠯᠬᠤ ᠪᠥᠬᠦ ᠭᠤᠭᠴᠤᠭᠠᠨ ᠤ ᠮᠦᠷᠳᠡᠨ ᠦᠢᠯᠡᠴᠢᠯᠡᠭᠡ ᠶᠢ ᠰᠠᠶᠢᠲᠤᠷ ᠬᠢᠵᠦ᠂ | ᠭᠠᠵᠠᠷ ᠤᠨ ᠲᠠᠰ ᠤᠨ ᠤᠳᠤᠷᠢᠳᠤᠯᠭ᠎ᠠ ᠠᠴᠠ ᠭᠤᠤᠯᠳᠠᠯᠭ᠎ᠠ ᠲᠠᠢ ᠲᠥᠷᠥᠯ ᠵᠦᠢᠯ ᠢ ᠳᠠᠭᠠᠭᠠᠴᠢᠯᠠᠬᠤ ᠲᠦᠷᠢᠮ ᠢ | ᠴᠢᠨᠠᠭᠰᠢᠳᠠ ᠪᠠᠷᠢᠮᠳᠠᠯᠠᠨ᠂ ᠨᠢᠭᠡ ᠲᠥᠷᠥᠯ ᠵᠦᠢᠯ ᠳᠤ ᠨᠢᠭᠡ ᠤᠳᠤᠷᠢᠳᠤᠯᠭ᠎ᠠ ᠨᠢᠭᠡ ᠤᠳᠤᠷᠢᠳᠬᠤ ᠪᠠᠭ ᠂ ᠨᠢᠭᠡ ᠲᠤᠰᠬᠠᠢ | ᠲᠥᠰᠥᠪ ᠲᠠᠢ ᠪᠠᠶᠢᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠣᠷᠢᠵᠣ ᠠᠪᠴᠢᠷᠠᠭᠰᠠᠨ ᠲᠥᠷᠥᠯ ᠵᠦᠢᠯ ᠤᠨ ᠡᠷᠲᠡᠬᠡᠨ | ᠠᠵᠢᠯ ᠡᠬᠢᠯᠡᠵᠦ ᠦᠷ᠎ᠡ ᠪᠦᠳᠦᠮᠵᠢ ᠤᠯᠢᠬᠤ ᠶᠢ ᠪᠠᠲᠤᠯᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ | ᠪᠠᠷᠢᠮᠵᠢᠶᠠᠵᠢᠭᠰᠠᠨ ᠳᠥᠷᠢᠮᠵᠢᠭᠦᠨ ᠳᠥᠭᠦᠮ ᠲᠥᠳᠡ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ︽ᠳᠦᠷᠪᠡᠨ | ᠵᠦᠢᠯ ᠢᠶᠠᠷ ᠭᠦᠶ᠋ᠴᠡᠳᠬᠡᠬᠦ︾ ᠠᠵᠢᠯ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠨᠢᠭᠡ | ᠴᠣᠩᠬᠤ ᠪᠠᠷ ᠭᠥᠯᠢᠶᠡᠨ ᠠᠪᠬᠤ ᠶᠡᠷᠦᠩᠭᠡᠢ ᠦᠢᠯᠡᠴᠢᠯᠡᠭᠡ︾ ᠶᠢ ᠪᠦᠬᠦ ᠲᠠᠯ᠎ᠠ ᠪᠠᠷ ᠲᠥᠭᠡᠮᠡᠯᠵᠢᠭᠦᠯᠵᠦ ᠂ ᠣᠯᠠᠨ | ᠲᠤᠬᠢᠶᠠᠯᠲᠤ ᠵᠦᠢᠯᠡᠰ ᠢ ᠨᠢᠭᠡᠳᠦᠯᠳᠡᠢ ᠭᠦᠢᠴᠡᠳᠬᠡᠨ᠎ᠡ᠃ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ︾ | ᠡᠷᠴᠢᠮ ᠢ ᠴᠢᠩᠭᠠᠷᠠᠭᠤᠯᠵᠤ᠂ ᠪᠥᠬᠦ ᠶᠠᠪᠤᠴᠠ ᠳᠤ ᠡᠯᠧᠺᠲᠷᠣᠨ ᠢᠶᠠᠷ ᠳᠡᠩᠰᠡᠯᠡᠨ ᠲᠡᠮᠳᠡᠭᠯᠡᠵᠦ᠂ ᠠᠵᠤ ᠠᠬᠤᠶᠢᠯᠠᠯ ᠡᠷᠭᠢᠯᠡᠨ | ᠪᠠᠶᠢᠭᠤᠯᠬᠤ ᠭᠠᠷ ᠭᠦᠢᠴᠡᠳᠬᠡᠯ ᠤᠨ ᠶᠠᠪᠣᠴᠠ ᠶᠢ ᠬᠢᠯᠪᠠᠷᠴᠢᠯᠠᠨ᠂ ︽ᠨᠢᠭᠡ ᠰᠦᠯᠵᠢᠶ᠎ᠡ ᠪᠠᠷ ᠨᠡᠶᠢᠳᠡᠮ ᠭᠦᠶ᠋ᠴᠡᠳᠬᠡᠬᠦ︾ ︽ | ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠶᠢ ᠪᠡᠶᠡᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠦᠨᠳᠦᠰᠦᠨ ᠱᠠᠲᠤᠨ ᠳᠤ ᠬᠠᠨᠳᠤᠬᠤ᠂ ᠠᠷᠠᠳ ᠲᠤ ᠲᠥᠬᠦᠮ ᠦᠵᠡᠭᠦᠯᠵᠦ ᠠᠰᠢᠭ ᠬᠦᠷᠲᠡᠭᠡᠬᠦ ᠬᠢᠷᠢ ᠲᠥᠪᠰᠢᠨ ᠢ | ᠳᠡᠭᠡᠭᠰᠢᠯᠡᠭᠦᠯᠦᠨ᠎ᠡ᠃ ᠦᠢᠯᠡᠴᠢᠯᠡᠭᠡᠨ ᠤ ᠬᠡᠯᠪᠡᠷᠢ ᠪᠥᠬᠦᠶ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ︽ | 12345︾ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠬᠠᠯᠠᠮᠰᠢᠯ ᠤᠲᠠᠰᠤ ᠶᠢ ᠭᠥᠯᠢᠶᠡᠨ ᠠᠪᠬᠤ ᠨᠣᠷᠮ᠎ᠠ᠂ | ᠭᠦᠶ᠋ᠴᠡᠳᠬᠡᠵᠦ ᠳᠠᠭᠤᠰᠬᠠᠬᠤ ᠨᠣᠷᠮ᠎ᠠ᠂ ᠰᠢᠶ᠋ᠳᠪᠦᠷᠢᠯᠡᠬᠦ ᠨᠣᠷᠮ᠎ᠠ ᠪᠠ ᠬᠠᠨᠤᠮᠵᠢ ᠶᠢᠨ ᠨᠣᠷᠮ᠎ᠠ ᠶᠢ ᠦᠨᠡᠨᠬᠦ ᠲᠣᠭᠲᠠᠭᠤᠨ ᠢᠶᠠᠷ | ᠳᠡᠭᠡᠭᠰᠢᠯᠡᠭᠦᠯᠦᠨ᠂ ︽12345︾ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠬᠠᠯᠠᠮᠰᠢᠯ ᠤᠲᠠᠰᠤ ᠪᠣᠯᠣᠨ ︽110︾ | ᠴᠠᠭᠳᠠᠭ᠎ᠠ ᠳᠤ ᠮᠡᠳᠡᠭᠦᠯᠬᠦ ᠦᠢᠯᠡᠴᠢᠯᠡᠭᠡᠨ ᠤ ᠲᠠᠪᠴᠠᠩ ᠤᠨ ᠬᠠᠷᠢᠯᠴᠠᠨ ᠬᠤᠯᠪᠤᠭᠳᠠᠵᠤ ᠨᠡᠪᠲᠡᠷᠡᠬᠦ ᠶᠢ ᠠᠬᠢᠭᠤᠯᠤᠨ᠂ | ᠴᠠᠭᠳᠠᠭᠠᠨ ᠤ ᠪᠤᠰᠤ ᠲᠤᠰᠠᠯᠠᠮᠵᠢ ᠭᠤᠶᠤᠴᠢᠯᠠᠯᠳᠠ ᠮᠦᠨ ᠡᠰᠡᠬᠦ ᠶᠢ ᠵᠥᠪ ᠲᠦᠷᠭᠡᠨ ᠢᠯᠭᠠᠪᠤᠷᠢᠯᠠᠨ᠂ ᠭᠡᠨᠡᠳᠲᠡ | ᠡᠭᠦᠰᠦᠭᠰᠡᠨ ᠳᠦᠭᠰᠢᠭᠦᠷᠢ ᠶᠢᠨ ᠪᠠᠶᠢᠳᠠᠯ ᠢ ᠪᠦᠲᠦᠮᠵᠢᠲᠡ᠊ ᠰᠢᠢᠳᠪᠦᠷᠢᠯᠡᠨ᠎ᠡ᠃ ᠥᠯᠥ ᠬᠥᠳᠡᠯᠬᠦ ᠬᠥᠷᠥᠩᠭᠡ ᠶᠢᠨ ᠠᠷᠠᠳ ᠲᠤ | ᠲᠥᠬᠦᠮ ᠦᠵᠡᠭᠦᠯᠬᠦ ᠦᠶ᠋ᠯᠡᠴᠢᠯᠡᠭᠡ ᠶᠢ ᠰᠢᠯᠢᠳᠡᠭᠵᠢᠭᠦᠯᠵᠦ᠂ ᠥᠯᠥ ᠬᠥᠳᠡᠯᠬᠦ ᠬᠥᠷᠥᠩᠭᠡ ᠶᠢᠨ ᠲᠠᠯ᠎ᠠ ᠪᠠᠷ ᠬᠢ | ᠦᠢᠯᠡᠴᠢᠯᠡᠭᠡ ᠶᠢ ᠰᠢᠢᠳᠪᠦᠷᠢᠯᠡᠬᠦ ᠡᠷᠴᠢᠮ ᠢ ᠴᠢᠩᠭᠠᠷᠠᠭᠤᠯᠤᠨ᠂ ︽ᠣᠷᠣᠨ ᠰᠠᠭᠤᠴᠠ ᠶᠢ ᠭᠡᠷᠡᠴᠢ ᠪᠢᠴᠢᠭ ᠲᠠᠢ ᠨᠢ ᠬᠠᠮᠳᠣ | ᠵᠡᠷᠭᠡ ᠰᠢᠯᠵᠢᠭᠦᠯᠵᠦ ᠲᠤᠰᠢᠶᠠᠬᠤ︾ ᠶᠢ ᠬᠡᠷᠡᠭᠵᠢᠭᠦᠯᠵᠦ ︽ᠣᠷᠣᠨ ᠰᠠᠭᠤᠴᠠ ᠪᠠ ᠭᠡᠷᠡᠴᠢ ᠪᠢᠴᠢᠭ ᠠᠰᠳᠠᠭᠠᠨ︾ ᠪᠠᠶᠢᠬᠤ | ᠠᠰᠠᠭᠤᠳᠠᠯ ᠢ ᠦᠨᠳᠦᠰᠦᠨ ᠠᠴᠠ ᠨᠢ ᠪᠠᠭᠠᠰᠬᠠᠨ᠎ᠠ᠃ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠤ ᠪᠠᠶᠢᠭᠤᠯᠤᠯᠲᠠ ᠶᠢ | ᠴᠢᠩᠭᠠᠳᠬᠠᠵᠤ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠬᠢ ︽ᠳᠣᠲᠣᠨᠣ︾ ︽ᠴᠢᠬᠡᠴᠢ︾ | ᠬᠠᠷᠢᠴᠠᠭ᠎ᠠ ᠶᠢ ᠪᠠᠶᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ | ᠥᠷᠢᠲᠦᠵᠦ ᠪᠠᠶᠢᠭ᠎ᠠ ᠳᠠᠩᠰᠠ ᠶᠢ ᠵᠦᠭᠰᠢᠷᠡᠭᠦᠯᠦᠨ ᠲᠦᠯᠦᠬᠦ ᠠᠵᠢᠯ ᠢ ᠰᠠᠶᠢᠲᠤᠷ ᠬᠢᠨ᠎ᠠ᠃ | ︵ᠬᠤᠶᠠᠷ︶ ᠠᠵᠤ ᠦᠢᠯᠡᠰ ᠤᠨ ᠳᠡᠰ ᠳᠡᠪᠰᠢᠯᠳᠡ ᠳᠤ ᠠᠩᠬᠠᠷᠣᠯ ᠢᠶᠠᠨ ᠬᠠᠨᠳᠤᠭᠤᠯᠵᠤ ᠴᠢᠨᠠᠷᠯᠢᠭ ᠬᠥᠭᠵᠢᠯᠲᠡ ᠶᠢᠨ | ᠦᠷ᠎ᠡ ᠪᠥᠲᠦᠮᠵᠢ ᠶᠢ ᠳᠡᠭᠡᠭᠰᠢᠯᠡᠭᠦᠯᠦᠨ᠎ᠡ | ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠢ ᠰᠠᠶᠢᠵᠢᠷᠠᠭᠤᠯᠵᠤ ᠦᠷ᠎ᠡ ᠪᠦᠲᠦᠮᠵᠢ ᠶᠢ ᠤᠯᠠᠮ | ᠨᠡᠮᠡᠭᠳᠡᠭᠦᠯᠦᠨ᠎ᠡ᠃ ᠣᠳᠣᠬᠢᠴᠢᠯᠠᠭᠰᠠᠨ ᠮᠢᠬᠠᠨ ᠤ ᠦᠬᠡᠷ ᠤᠨ ᠠᠵᠤ ᠦᠢᠯᠡᠰ ᠤᠨ ᠪᠦᠷᠢᠨ ᠬᠡᠯᠬᠢᠶᠡᠵᠢᠯ ᠢ ᠲᠦᠷᠭᠡᠨ ᠪᠣᠢ | ᠪᠣᠯᠭᠠᠵᠣ᠂ ︽ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠂ ᠳᠠᠭᠠᠭᠤᠯᠤᠭᠴᠢ ᠠᠵᠤ ᠠᠬᠤᠶᠢᠯᠠᠯ ᠢ | ᠬᠦᠴᠦᠷᠬᠡᠭᠵᠢᠭᠦᠯᠵᠦ ᠂ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠣᠢ ᠪᠣᠯᠭᠠᠨ ᠂ ᠮᠠᠯᠴᠢᠳ ᠢ ᠳᠠᠭᠠᠭᠤᠯᠤᠨ | ᠬᠠᠮᠲᠤᠪᠠᠷ ᠴᠢᠨᠡᠭᠡᠯᠢᠭᠵᠢᠬᠦ︾ ᠬᠥᠭᠵᠢᠯᠲᠡ ᠶᠢᠨ ᠵᠠᠮ ᠢ ᠭᠤᠶᠢᠪᠢᠰᠢ ᠦᠭᠡᠢ ᠮᠦᠷᠳᠡᠨ᠂ ᠮᠢᠬᠠᠨ ᠤ ᠦᠬᠡᠷ ᠤᠨ | ᠣᠳᠣᠬᠢᠴᠢᠯᠠᠭᠰᠠᠨ ᠠᠵᠤ ᠦᠢᠯᠡᠰ ᠤᠨ ᠣᠷᠣᠨ ᠤ ᠳᠡᠰ ᠤᠨ ᠬᠦᠷᠢᠶᠡᠯᠡᠩ ᠪᠠ ᠲᠠᠷᠢᠶᠠᠯᠠᠬᠤ ᠣᠷᠣᠨ ᠳᠤ ᠬᠠᠰᠢᠶᠠᠯᠠᠵᠤ | ᠲᠡᠵᠢᠭᠡᠨ ᠮᠠᠯᠵᠢᠬᠤ ᠲᠦᠰᠦᠯ ᠤᠨ ᠬᠡᠷᠡᠭᠵᠢᠭᠦᠯᠦᠯᠳᠡ ᠶᠢ ᠪᠦᠳᠦᠮᠵᠢᠳᠠᠢ ᠨᠠᠶᠢᠳᠠᠪᠤᠷᠢᠵᠢᠭᠤᠯᠤᠨ᠎ᠠ᠃ ᠰᠠᠩ ᠤᠨ ᠳᠠᠯᠠᠢ | ᠪᠠᠯᠭᠠᠰᠤᠨ ᠳᠤ ᠡᠪᠡᠰᠦ ᠪᠣᠷᠳᠣᠭᠠᠨ ᠤ ᠰᠠᠭᠤᠷᠢᠨ ᠪᠠ ᠠᠮᠢᠳᠤ ᠮᠠᠯ ᠤᠨ ᠵᠠᠬ᠎ᠠ ᠶᠢ ᠪᠥᠲᠦᠭᠡᠨ ᠪᠠᠶᠢᠭᠤᠯᠵᠣ᠂ ᠲᠠᠷᠢᠶᠠᠯᠠᠩ | ᠮᠠᠯ ᠠᠵᠤ ᠠᠬᠤᠢ ᠶᠢᠨ ᠲᠠᠸᠠᠷ ᠤᠨ ᠰᠣᠯᠢᠯᠴᠠᠭᠠᠨ ᠤ ᠤᠶᠤᠨᠴᠢᠯᠠᠭᠰᠠᠨ ᠰᠣᠷᠠᠭ ᠵᠠᠩᠭᠢ ᠶᠢᠨ ᠲᠠᠪᠴᠠᠩ ᠢ ᠪᠠᠶᠢᠭᠤᠯᠵᠤ ᠂ | ᠮᠠᠯᠴᠢᠨ ᠲᠠᠷᠢᠶᠠᠴᠢᠨ ᠤ ᠡᠪᠡᠰᠦ ᠪᠤᠷᠳᠤᠭᠠᠨ ᠤ ᠦᠪᠡᠷ ᠤᠨ ᠥᠷᠳᠡᠭ ᠪᠠ ᠠᠮᠢᠳᠦ ᠮᠠᠯ ᠤᠨ ᠠᠷᠠᠯᠵᠢᠶᠠᠨ ᠤ ᠥᠷᠳᠡᠭ ᠢ | ᠪᠠᠭᠤᠷᠠᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠪᠤᠬᠢᠷᠳᠣᠯ ᠦᠭᠡᠢ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ | ᠪᠠ ᠭᠠᠳᠠᠭᠰᠢ ᠵᠠᠷᠣᠬᠤ ᠴᠢᠳᠠᠮᠵᠢ ᠶᠢ ᠠᠬᠢᠭᠤᠯᠵᠤ᠂ ᠳᠠᠭᠠᠭᠤᠯᠤᠭᠴᠢ ᠠᠵᠤ ᠠᠬᠤᠶᠢᠯᠠᠯ᠂ ᠮᠢᠬᠠᠨ ᠤ ᠪᠦᠲᠦᠭᠡᠭᠳᠡᠭᠦᠨ | ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ᠂ ᠬᠤᠷᠰᠢᠶᠠᠵᠢᠯ᠂ ᠲᠤᠰᠬᠠᠢ ᠡᠷᠦᠬᠡ ᠵᠡᠷᠭᠡ ᠨᠢᠭᠡᠴᠡ ᠤᠳ ᠤᠨ | ᠦᠬᠡᠷ ᠤᠨ ᠮᠢᠬ᠎ᠠ ᠶᠢ ᠨᠠᠷᠢᠯᠢᠭ ᠡᠳ᠋ᠰᠢᠭᠦᠯᠬᠦ ᠦᠢᠯᠡᠳᠪᠦᠷᠢ ᠪᠠ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠡᠵᠡᠩᠨᠡᠬᠦ ᠶᠢ | ᠵᠣᠷᠢᠭᠵᠢᠭᠤᠯᠤᠨ᠂ ᠲᠡᠵᠢᠭᠡᠨ ᠪᠤᠷᠳᠤᠬᠤ ᠂ ᠡᠳ᠋ᠰᠢᠭᠦᠯᠦᠨ ᠪᠤᠯᠪᠠᠰᠤᠷᠠᠭᠤᠯᠬᠤ ᠠᠵᠤ ᠦᠢᠯᠡᠰ ᠤᠨ ᠲᠤᠳᠠᠭᠳᠠᠯ ᠢ | ᠨᠥᠬᠦᠪᠦᠷᠢᠯᠡᠨ᠎ᠡ ᠃ ᠠᠮᠢᠳᠠᠨ ᠤ ᠬᠢᠵᠢᠭ ᠢ ᠰᠡᠷᠭᠡᠶᠢᠯᠡᠵᠦ ᠡᠮᠴᠢᠯᠡᠬᠦ ᠪᠠ ᠡᠪᠡᠰᠦ ᠪᠣᠷᠳᠤᠭᠠᠨ ᠤ ᠨᠥᠭᠡᠭᠡᠴᠢᠯᠡᠯᠳᠡ ᠶᠢᠨ | ᠠᠵᠢᠯ ᠢ ᠴᠢᠩᠭᠠᠳᠬᠠᠨ᠎ᠠ ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠮᠤᠷ ᠲᠥᠪᠰᠢᠨ ᠢ ᠪᠠᠲᠤᠯᠠᠨ᠎ᠠ᠃ 3 | ᠮᠢᠬᠠᠨ ᠤ ᠦᠬᠡᠷ ᠤᠨ ᠭᠤᠣᠯᠯᠠᠬᠤ ᠰᠦᠷᠦᠭ ᠢ ᠰᠢᠨ᠎ᠡ ᠪᠠᠷ ᠪᠠᠶᠢᠭᠤᠯᠬᠤ᠂ 9.45 ᠲᠦᠮᠡᠨ ᠲᠣᠯᠣᠭᠠᠢ ᠮᠢᠬᠠᠨ ᠤ | ᠦᠬᠡᠷ ᠤᠨ ᠡᠭᠦᠯᠳᠡᠷ ᠰᠠᠶᠢᠵᠢᠷᠠᠭᠤᠯᠬᠤ᠂ 3000 ᠲᠣᠯᠣᠭᠠᠢ ᠮᠢᠬᠠᠨ ᠤ ᠦᠬᠡᠷ ᠲᠡᠵᠢᠭᠡᠨ ᠦᠷᠡᠵᠢᠭᠦᠯᠬᠦ᠂ ᠨᠡᠶᠢᠲᠡ 2 | ᠲᠦᠮᠡᠨ ᠲᠣᠯᠣᠭᠠᠢ ᠮᠢᠬᠠᠨ ᠤ ᠦᠬᠡᠷ ᠪᠣᠷᠳᠣᠨ ᠲᠠᠷᠭᠤᠯᠠᠭᠤᠯᠵᠤ 1 ᠲᠦᠮᠡᠨ ᠦᠬᠡᠷ ᠶᠢ ᠠᠯᠠᠵᠤ ᠡᠳ᠋ᠰᠢᠭᠦᠯᠬᠦ ᠵᠡᠷᠭᠡ ᠣᠨ ᠤ | ᠲᠥᠯᠥᠪᠯᠡᠭᠡ ᠶᠢ ᠪᠡᠶᠡᠯᠡᠭᠦᠯᠦᠨ᠂ ᠮᠠᠯ ᠠᠵᠤ ᠠᠬᠤᠢ ᠶᠢᠨ ᠲᠤᠮᠤ ᠬᠤᠰᠢᠭᠤ ᠠᠴᠠ ᠮᠠᠯ ᠠᠵᠤ ᠠᠬᠤᠢ ᠶᠢᠨ ᠬᠦᠴᠦᠷᠬᠡᠭ | ᠬᠤᠰᠢᠭᠤ ᠶᠢ ᠪᠠᠶᠢᠭᠤᠯᠤᠨ᠎ᠠ᠃ ᠰᠦᠨ ᠤ ᠠᠵᠤ ᠦᠢᠡᠯᠰ ᠢ ᠴᠢᠨᠠᠭᠰᠢᠳᠠ ᠭᠦᠨᠵᠡᠭᠡᠢ ᠭᠥᠭᠵᠢᠭᠦᠯᠬᠦ ᠶᠢ ᠠᠩᠬᠠᠷᠴᠣ᠂ ︽ | ᠰᠢᠯᠢ ᠶᠢᠨ ᠭᠤᠤᠯ ᠴᠠᠭᠠᠨ ᠢᠳᠡᠭᠡᠨ︾ ᠤ ᠨᠡᠷᠡᠲᠦ ᠳᠡᠮᠳᠡᠭ ᠤᠨ ᠣᠷᠴᠢᠨ ᠳᠤ ᠨᠢᠭᠡᠳᠦᠨ ︽2023 ᠴᠠᠭᠠᠨ ᠢᠳᠡᠭᠡᠨ ᠤ | ᠨᠠᠶᠢᠷ︾ ᠤ ᠰᠢᠷᠢᠰ ᠠᠵᠢᠯᠯᠠᠭ᠎ᠠ ᠶᠢ ᠡᠷᠬᠢᠯᠡᠨ ᠶᠠᠪᠣᠭᠳᠠᠭᠤᠯᠤᠨ᠎ᠠ᠃ ᠢ ᠯᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ | ᠲᠦᠷᠦᠯ ᠵᠦᠢᠯ ᠤᠨ ᠪᠠᠶᠢᠭᠤᠯᠣᠯᠳᠠ ᠶᠢ ᠲᠦᠷᠭᠡᠳᠭᠡᠨ᠂ ᠴᠠᠭᠠᠨ ᠢᠳᠡᠭᠡᠨ ᠤ ᠠᠵᠣ ᠦᠢᠯᠡᠰ ᠤᠨ ᠬᠦᠷᠢᠶᠡᠯᠡᠩ ᠤᠨ | ᠥᠭᠡᠷᠡᠴᠢᠯᠡᠯᠳᠡ ᠪᠠ ᠳᠤᠮᠳᠠ ᠪᠠᠭ᠎ᠠ ᠲᠡᠵᠢᠭᠡᠨ ᠦᠷᠡᠵᠢᠭᠦᠯᠬᠦ ᠲᠠᠯᠠᠪᠠᠢ ᠶᠢ ᠳᠡᠰ ᠳᠡᠪᠰᠢᠭᠦᠯᠦᠨ ᠥᠭᠡᠷᠡᠴᠢᠯᠡᠬᠦ ᠲᠦᠷᠦᠯ | ᠵᠦᠢᠯ ᠢ ᠦᠷᠨᠢᠭᠦᠯᠦᠨ᠂ ᠰᠢᠭᠦᠰᠦᠨ ︵ᠰᠢᠷ᠎ᠠ ᠤᠰᠤ︶ ᠤ ᠪᠦᠷᠢᠨ ᠠᠰᠢᠭᠯᠠᠯᠳᠠ ᠶᠢ ᠨᠡᠮᠡᠭᠳᠡᠭᠦᠯᠦᠨ᠎ᠡ᠃ ᠮᠠᠨ ᠤ | ᠬᠤᠰᠢᠭᠤᠨ ᠤ ᠡᠾᠧᠰᠲ᠋ᠠᠨ ᠰᠠᠭᠠᠯᠢ ᠶᠢᠨ ᠰᠦᠨ ᠤ ᠦᠨᠢᠶᠡᠨ ᠤ ᠲᠡᠵᠢᠭᠡᠨ ᠦᠷᠡᠵᠢᠭᠦᠯᠬᠦ ᠬᠡᠪᠴᠢᠶ᠎ᠡ ᠶᠢ 6000 ᠲᠣᠯᠣᠭᠠᠢ | ᠬᠦᠷᠭᠡᠵᠣ᠂ ᠰᠦᠨ ᠤ ᠭᠠᠷᠤᠯᠲᠠ ᠶᠢ ᠠᠳᠠᠯᠢ ᠬᠤᠭᠤᠴᠠᠭᠠᠨ ᠠᠴᠠ 1500 ᠲᠣᠨ ᠨᠡᠮᠡᠭᠳᠡᠭᠦᠯᠦᠨ᠎ᠡ᠃ ᠨᠡᠷᠡᠲᠦ | ᠲᠡᠮᠳᠡᠭ ᠤᠨ ᠡᠵᠡᠩᠨᠡᠨ ᠪᠣᠷᠤᠯᠠᠭᠤᠯᠤᠯᠳᠠ ᠶᠢ ᠦᠷᠭᠡᠵᠢᠭᠦᠯᠦᠨ ᠲᠡᠯᠡᠵᠣ᠂ ᠴᠢᠨᠠᠷ ᠮᠠᠭᠤ ᠬᠠᠭᠤᠷᠮᠠᠭ ᠰᠦᠨ ᠪᠦᠲᠦᠭᠡᠭᠳᠡᠭᠦᠨ | ᠦᠢᠯᠡᠳᠦᠨ ᠰᠠᠷᠢᠭᠠᠯᠠᠬᠤ ᠬᠠᠣᠯᠢ ᠪᠤᠰᠤ ᠠᠵᠢᠯᠯᠠᠭᠠᠨ ᠳᠤ ᠡᠷᠡᠰ ᠴᠣᠬᠢᠯᠲᠠ ᠥᠭᠴᠦ ︽ᠰᠢᠯᠣᠭᠤᠨ ᠬᠥᠬᠡ ᠶᠢᠨ ᠦᠨᠦᠷ | ᠠᠮᠲᠠ︾ ᠶᠢ ᠦᠨᠡᠨᠬᠦ ᠬᠠᠮᠠᠭᠠᠯᠠᠨ ᠰᠠᠶᠢᠲᠤᠷ ᠳᠡᠯᠭᠡᠷᠡᠭᠦᠯᠦᠨ᠎ᠡ᠃ ᠲᠠᠷᠢᠮᠠᠯ ᠤᠨ ᠦᠢᠯᠡᠰ ᠤᠨ ᠪᠦᠲᠦᠴᠡ ᠶᠢ | ᠰᠢᠯᠢᠳᠡᠭᠵᠢᠭᠦᠯᠦᠨ ᠲᠣᠬᠢᠷᠠᠭᠤᠯᠵᠣ᠂ ᠥᠨᠳᠦᠷ ᠦᠷ᠎ᠡ ᠠᠰᠢᠭᠲᠣ ᠤᠰᠤ ᠠᠷᠪᠢᠯᠠᠬᠤ ᠤᠰᠤᠯᠤᠯᠲᠠ ᠶᠢ ᠲᠥᠭᠡᠭᠡᠮᠡᠯᠵᠢᠭᠦᠯᠬᠦ | ᠪᠠ ᠲᠠᠷᠢᠶᠠᠨ ᠭᠠᠵᠠᠷ ᠤᠨ ᠬᠥᠷᠦᠰᠦ ᠶᠢ ᠰᠠᠶᠢᠵᠢᠷᠠᠭᠤᠯᠬᠤ ᠵᠡᠷᠭᠡ ᠠᠵᠢᠯ ᠢ ᠦᠷᠭᠦᠯᠵᠢᠯᠡᠨ ᠠᠬᠢᠭᠤᠯᠵᠣ᠂ ᠮᠠᠯᠵᠢᠬᠤ | ᠲᠠᠷᠢᠶᠠᠯᠠᠬᠤ ᠣᠷᠣᠨ ᠳᠤ ︽ᠮᠠᠯᠵᠢᠬᠤ ᠶᠢᠨ ᠲᠦᠯᠦᠭᠡ ᠲᠠᠷᠢᠵᠣ᠂ ᠲᠠᠷᠢᠮᠠᠯ ᠢᠶᠠᠷ ᠮᠠᠯᠵᠢᠯ ᠢ ᠠᠬᠢᠭᠤᠯᠬᠤ︾ ᠬᠤᠣᠰ | ᠴᠢᠭᠯᠡᠯᠳᠦ ᠬᠠᠷᠢᠯᠴᠠᠨ ᠨᠦᠬᠦᠪᠦᠷᠢᠯᠡᠬᠦ ᠠᠵᠣ ᠦᠢᠯᠡᠰ ᠤᠨ ᠬᠥᠭᠵᠢᠯᠲᠡ ᠶᠢᠨ ᠵᠠᠭᠪᠣᠷ ᠢ ᠰᠦᠪᠡᠭᠴᠢᠯᠡᠨ᠎ᠡ᠃ ᠲᠠᠷᠢᠮᠠᠯ ᠤᠨ | ᠲᠠᠯᠠᠪᠠᠢ ᠶᠢ 38 ᠲᠦᠮᠡᠨ ᠮᠦ ᠳᠤ ᠬᠦᠷᠭᠡᠵᠣ᠂ 19 ᠲᠦᠮᠡᠨ ᠮᠦ ᠠᠮᠤ ᠪᠤᠳᠠᠭ᠎ᠠ ᠲᠠᠷᠢᠬᠤ ᠣᠨ ᠤ ᠡᠭᠦᠷᠭᠡ ᠶᠢ | ᠪᠡᠶᠡᠯᠡᠭᠦᠯᠦᠨ᠎ᠡ᠃ | ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠡᠷᠭᠢᠯᠲᠡ ᠶᠢ ᠠᠬᠢᠭᠤᠯᠤᠨ᠎ᠠ᠃ ᠤᠳᠤᠬᠢᠴᠢᠯᠠᠭᠰᠠᠨ ᠡᠨᠧᠷᠭᠢ ᠶᠢᠨ | ᠠᠵᠤ ᠠᠬᠤᠶ ᠶᠢᠨ ᠣᠷᠴᠢᠯ ᠠᠵᠤ ᠦᠢᠯᠡᠰ ᠤᠨ ᠬᠡᠯᠬᠢᠶ᠎ᠡ ᠶᠢ ᠲᠦᠷᠭᠡᠳᠬᠡᠨ ᠪᠠᠶᠢᠭᠤᠯᠵᠤ᠂ ᠰᠢᠨ᠎ᠡ ᠡᠨᠧᠷᠭᠢ ᠪᠠᠷ ᠰᠢᠨ᠎ᠡ | ᠠᠵᠤ ᠦᠢᠯᠡᠳᠪᠦᠷᠢ ᠶᠢ ᠳᠠᠶᠢᠴᠢᠯᠠᠬᠤ ᠶᠢ ᠪᠠᠷᠢᠮᠲᠠᠯᠠᠵᠤ᠂ ᠲᠡᠷᠢᠭᠦᠨ ᠤ ᠦᠢᠯᠡᠳᠬᠦ ᠦᠢᠯᠡᠰ ᠢᠶᠠᠷ ᠰᠢᠨ᠎ᠡ ᠬᠡᠯᠪᠡᠷᠢ ᠶᠢᠨ ᠠᠵᠤ | ᠦᠢᠯᠡᠳᠪᠦᠷᠢᠵᠢᠯᠲᠠ ᠶᠢ ᠳᠠᠶᠢᠴᠢᠯᠠᠵᠤ᠂ ᠳᠠᠪᠠᠭᠤᠯᠢᠭ ᠢᠶᠠᠨ ᠤᠯᠠᠮ ᠪᠠᠳᠠᠷᠠᠭᠤᠯᠣᠨ ᠠᠵᠤ ᠦᠢᠯᠡᠰ ᠤᠨ ᠬᠡᠯᠬᠢᠶ᠎ᠡ ᠶᠢ ᠤᠯᠠᠮ | ᠤᠷᠲᠤᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠴᠢᠨᠠᠷᠲᠠᠢ ᠬᠥᠭᠵᠢᠯᠲᠡ ᠶᠢᠨ ᠲᠥᠯᠥᠪᠵᠢᠭᠦᠯᠭᠡ | ᠶᠣᠰᠣᠭᠠᠷ᠂ ᠰᠢᠨ᠎ᠡ ᠡᠨᠧᠷᠭᠢ ᠶᠢᠨ ᠲᠥᠷᠥᠯ ᠵᠦᠢᠯ ᠢ ᠢᠳᠡᠪᠬᠢᠲᠡᠶ ᠲᠥᠯᠥᠪᠵᠢᠭᠦᠯᠵᠦ᠂ ᠨᠡᠩ ᠤᠯᠠᠨ ᠲᠥᠷᠥᠯ ᠵᠦᠢᠯ ᠢ | ᠲᠡᠮᠡᠴᠡᠨ ᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠴᠠᠬᠢᠯᠭᠠᠨ ᠬᠦᠴᠦᠨ ᠤ ᠡᠬᠢ ᠪᠠᠶᠠᠯᠢᠭ ᠤᠨ ᠠᠵᠣ ᠦᠢᠯᠡᠰ ᠤᠨ | ᠦᠢᠯᠡᠴᠢᠯᠡᠭᠡ ᠶᠢ ᠰᠠᠶᠢᠲᠣᠷ ᠬᠢᠵᠣ᠂ ᠱᠠᠩᠳᠣ ᠴᠠᠬᠢᠯᠭᠠᠨ ᠦᠢᠯᠡᠳᠪᠦᠷᠢ ᠶᠢᠨ ᠨᠡᠭᠦᠷᠡᠰᠦᠨ ᠤ ᠬᠠᠩᠭᠠᠯᠭ᠎ᠠ ᠪᠠ ᠴᠠᠬᠢᠯᠠᠭᠠᠨ | ᠭᠠᠷᠭᠠᠯᠳᠠ ᠶᠢ ᠪᠠᠶᠢᠩᠭᠤ ᠠᠩᠬᠠᠷᠣᠨ ᠬᠠᠯᠠᠮᠵᠢᠯᠠᠵᠣ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠨᠡᠩ | ᠣᠯᠠᠨ ᠲᠡᠮᠡᠴᠡᠨ ᠣᠯᠬᠤ ᠪᠠᠷ ᠴᠢᠷᠮᠠᠶᠢᠨ᠎ᠠ᠃ ᠱᠠᠩᠳᠤ ᠳᠠᠬᠢ ᠵᠠᠭᠤᠨ ᠲᠦᠮᠡᠨ ᠺᠢᠯᠤᠸ᠋ᠲ ᠤᠨ ᠲᠡᠰ ᠤᠨ ᠰᠠᠯᠬᠢᠨ ᠬᠦᠴᠦᠨ ᠤ | ᠴᠠᠬᠢᠯᠭᠠᠨ ᠤ ᠰᠠᠭᠤᠷᠢᠨ ᠭᠠᠵᠠᠷ ᠨᠢ ᠪᠦᠬᠦ ᠪᠠᠭᠲᠠᠭᠠᠮᠵᠢ ᠪᠠᠷ ᠢᠶᠠᠨ ᠴᠠᠬᠢᠯᠭᠠᠨ ᠭᠠᠷᠭᠠᠵᠤ᠂ ᠭᠠᠯ ᠴᠠᠬᠢᠯᠭᠠᠨ ᠤ ᠮᠠᠰᠢᠨ | ᠴᠣᠭᠴᠠᠯᠠᠪᠤᠷᠢ ᠶᠢᠨ ᠥᠭᠡᠷᠡᠴᠢᠯᠡᠯᠲᠡ ᠶᠢ ᠠᠯᠬᠤᠮ ᠠᠯᠬᠤᠮ ᠢᠶᠠᠷ ᠥᠷᠨᠢᠭᠦᠯᠦᠨ᠂ ᠱᠠᠩᠳᠤ ᠶᠢᠨ ᠴᠠᠬᠢᠯᠭᠠᠨ | ᠦᠢᠯᠡᠳᠪᠦᠷᠢ ᠶᠢᠨ ᠡᠨᠧᠷᠭᠢ ᠬᠠᠳᠠᠭᠠᠯᠠᠬᠤ ᠲᠥᠷᠥᠯ ᠵᠦᠢᠯ ᠤᠨ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ | ᠠᠬᠢᠭᠤᠯᠵᠤ᠂ ᠱᠠᠩᠳᠤ ᠶᠢᠨ ᠴᠠᠬᠢᠯᠭᠠᠨ ᠦᠢᠯᠡᠳᠪᠦᠷᠢ ᠶᠢ ︽ᠰᠠᠯᠬᠢᠨ ᠭᠡᠷᠡᠯ ᠢᠯᠴᠢ ᠬᠠᠳᠠᠭᠠᠯᠠᠬᠤ ᠳᠣᠯᠠᠭᠠᠯᠭ᠎ᠠ ᠬᠠᠩᠭᠠᠬᠤ︾ | ᠡᠨᠧᠷᠭᠢ ᠶᠢᠨ ᠵᠢᠱᠢᠶ᠎ᠡ ᠦᠵᠡᠭᠦᠯᠬᠦ ᠴᠣᠭᠴᠠ ᠪᠣᠯᠭᠠᠬᠤ ᠪᠠᠷ ᠳᠡᠮᠡᠴᠡᠨ᠎ᠡ᠃ ᠶᠦᠨ ᠳ᠋ᠠ ᠰᠠᠯᠬᠢᠨ ᠬᠦᠴᠦᠨ ᠤ ᠴᠠᠬᠢᠯᠭᠠᠨ | ᠭᠠᠷᠭᠠᠬᠤ ᠲᠥᠬᠦᠭᠡᠷᠦᠮᠵᠢ ᠶᠢ ᠳᠠᠬᠢᠨ ᠠᠰᠢᠭᠯᠠᠬᠤ ᠰᠠᠭᠤᠷᠢᠨ ᠭᠠᠵᠠᠷ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ᠎ᠡ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠨᠡᠭᠡᠭᠡᠨ ᠠᠰᠢᠭᠯᠠᠬᠤ ᠬᠢᠷᠢ ᠲᠦᠪᠰᠢᠨ ᠢ | ᠬᠦᠴᠦᠯᠡᠨ ᠳᠡᠭᠡᠭᠰᠢᠯᠡᠭᠦᠯᠵᠦ᠂ ᠦᠢᠯᠡᠳᠪᠦᠷᠢᠯᠡᠯ ᠵᠣᠭᠰᠣᠭᠰᠠᠨ ᠠᠵᠤ ᠠᠬᠤᠶᠢᠯᠠᠯ ᠢ ᠠᠮᠢᠯᠠᠭᠤᠯᠵᠣ ᠠᠰᠢᠭᠯᠠᠯᠲᠠ ᠳᠤ | ᠣᠷᠣᠭᠤᠯᠤᠨ ᠦᠷ᠎ᠡ ᠠᠰᠢᠭ ᠢ ᠪᠡᠶᠡᠯᠡᠭᠦᠯᠦᠨ᠎ᠡ᠃ ᠹᠦ᠋ ᠶᠠᠩ ᠵᠤᠭᠠᠩ ᠤᠨ ᠦᠢᠯᠡᠳᠪᠦᠷᠢ ᠶᠢᠨ ᠴᠠᠭᠠᠰᠣᠨ ᠭᠠᠳᠠᠷ ᠲᠠᠢ | ᠵᠤᠭᠠᠩ ᠤᠨ ᠬᠠᠪᠲᠠᠰᠤ ᠶᠢᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠵᠦ᠂ ᠹᠦ᠋ ᠶᠠᠩ ᠵᠤᠭᠠᠩ | ᠬᠢᠭᠡᠳ ᠪᠧᠢ ᠰᠢᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠶᠢ ᠦᠨᠡᠨ ᠪᠣᠳᠠᠲᠤ | ᠠᠬᠢᠯᠲᠠ ᠲᠠᠢ ᠪᠣᠯᠭᠠᠵᠤ᠂ ᠨᠤᠨᠲᠠᠭ ᠨᠡᠭᠦᠷᠡᠰᠦᠨ ᠤ ᠦᠨᠡᠰᠦ ᠪᠠ ᠬᠦᠬᠦᠷ ᠥᠬᠡᠶᠢᠳᠡᠭᠦᠯᠦᠭᠰᠡᠨ ᠵᠤᠭᠠᠩ ᠢ ᠭᠠᠳᠠᠭᠰᠢ | ᠪᠣᠷᠣᠯᠠᠭᠤᠯᠬᠤ ᠠᠵᠢᠯ ᠢ ᠬᠢᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠨᠣᠷᠮ᠎ᠠ ᠶᠢ 60 % ᠠᠴᠠ | ᠳᠡᠭᠡᠭᠰᠢ ᠳᠤ ᠬᠦᠷᠭᠡᠬᠦ ᠪᠠᠷ ᠴᠢᠷᠮᠠᠶᠢᠵᠤ᠂ ᠪᠦᠬᠦ ᠠᠶᠢᠮᠠᠭ ᠤᠨ ᠠᠵᠤ ᠦᠢᠯᠡᠳᠪᠦᠷᠢ ᠵᠢᠨᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠵᠢᠱᠢᠶ᠎ᠡ ᠦᠵᠡᠭᠦᠯᠬᠦ ᠬᠤᠰᠢᠭᠤ ᠶᠢ ᠪᠠᠶᠢᠭᠤᠯᠬᠤ ᠪᠠᠷ ᠴᠢᠷᠮᠠᠶᠢᠨ ᠠᠵᠢᠯᠯᠠᠨ᠎ᠠ᠃ ᠠᠵᠤ ᠦᠢᠯᠡᠳᠪᠦᠷᠢ ᠶᠢᠨ ᠠᠵᠤ | ᠠᠬᠤᠶᠢᠯᠠᠯ ᠳᠤ ᠦᠢᠯᠡᠴᠢᠯᠡᠬᠦ ᠡᠷᠴᠢᠮ ᠢᠶᠠᠨ ᠴᠢᠩᠭᠠᠳᠬᠠᠨ᠂ ᠵᠢᠯ ᠤᠨ ᠳᠣᠲᠣᠷ᠎ᠠ 2 ᠠᠵᠤ ᠠᠬᠤᠶᠢᠯᠠᠯ ᠢ ᠬᠡᠪᠴᠢᠶᠡᠨ | ᠳᠡᠭᠡᠭᠰᠢᠬᠢ ᠠᠵᠤ ᠠᠬᠤᠶᠢᠯᠠᠯ ᠤᠨ ᠬᠡᠪᠴᠢᠶᠡᠨ ᠳᠤ ᠣᠷᠣᠭᠤᠯᠵᠤ᠂ ᠰᠢᠨ ᠫᠧᠩ ᠪᠤᠬᠢᠷᠳᠤᠯ ᠦᠭᠡᠢ ᠪᠠᠷᠢᠯᠭ᠎ᠠ ᠶᠢᠨ | ᠮᠠᠲ᠋ᠧᠷᠢᠶᠠᠯ᠂ ᠱᠦᠨ ᠰᠢᠨ ᠰᠢᠨ ᠶᠤᠸᠠᠨ᠂ ᠰᠢ ᠪᠧᠢ ᠬᠤᠢ ᠲᠦᠩ ᠮᠠᠯ ᠠᠵᠤ ᠠᠬᠤᠢ᠂ ᠴᠠᠩ ᠬᠤᠩ ᠴᠠᠭᠠᠨ ᠢᠳᠡᠭᠡ᠂ | ᠱᠠᠩᠳᠤ ᠦᠬᠡᠷ ᠤᠨ ᠮᠢᠬ᠎ᠠ᠂ ᠲᠠᠯ᠎ᠠ ᠨᠤᠲᠤᠭ ᠤᠨ ᠲᠢᠶᠠᠨ ᠮᠦ ᠵᠡᠷᠭᠡ ᠠᠵᠤ ᠠᠬᠤᠶᠢᠯᠠᠯ ᠤᠨ ᠲᠣᠭᠲᠠᠭᠤᠨ ᠡᠷᠭᠢᠯᠲᠡ ᠶᠢ | ᠪᠠᠲᠤᠯᠠᠨ᠎ᠠ᠃ ᠱᠠᠩᠳᠤ ᠠᠵᠤ ᠦᠢᠯᠡᠰ ᠤᠨ ᠬᠦᠷᠢᠶᠡᠯᠡᠩ ᠤᠨ ᠡᠮᠦᠨ᠎ᠡ ᠤᠮᠠᠷ᠎ᠠ ᠶᠡᠭᠡ ᠵᠠᠮ᠂ ᠤᠷᠲᠤᠷᠢᠭ ᠭᠤᠷᠪᠠᠨ ᠵᠠᠮ ᠪᠠ | ᠤᠰᠤ ᠬᠠᠩᠭᠠᠬᠤ ᠬᠤᠭᠤᠯᠠᠢ ᠲᠣᠣᠷ ᠤᠨ ᠢᠨᠵᠧᠨᠧᠷᠢᠩ ᠢ ᠪᠦᠲᠦᠭᠡᠨ ᠪᠠᠶᠢᠭᠤᠯᠵᠤ ᠳᠠᠭᠤᠰᠬᠠᠨ᠂ ᠢᠯᠴᠢ ᠬᠡᠢ ᠬᠠᠩᠭᠠᠬᠤ | ᠲᠥᠷᠥᠯ ᠵᠦᠢᠯ ᠤᠨ ᠠᠵᠢᠯ ᠢ ᠡᠬᠢᠯᠡᠭᠦᠯᠦᠨ᠎ᠡ᠃ ᠮᠣᠩᠭᠤᠯ ᠭᠡᠷ ᠤᠨ ᠠᠵᠤ ᠦᠢᠯᠡᠰ ᠤᠨ ᠬᠦᠷᠢᠶᠡᠯᠡᠩ ᠤᠨ ᠰᠠᠭᠤᠷᠢ | ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠳᠤ ᠠᠰᠢᠭᠲᠠᠢ ᠨᠥᠬᠦᠴᠡᠯ ᠢ | ᠪᠦᠷᠢᠯᠳᠦᠭᠦᠯᠵᠦ ᠥᠭᠭᠦᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ | ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠨᠠᠷᠢᠯᠢᠭ ᠡᠳ᠋ᠰᠢᠭᠦᠯᠬᠦ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ | ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ᠂ ᠠᠵᠤ ᠠᠬᠤᠶᠢᠯᠠᠯ ᠬᠢᠭᠡᠳ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ | ᠠᠬᠤᠶᠢᠯᠠᠯ ᠬᠠᠮᠲᠤᠷᠠᠯᠴᠠᠬᠤ ᠶᠢ ᠵᠣᠷᠢᠭᠵᠢᠭᠤᠯᠵᠤ᠂ ᠰᠢᠨ᠎ᠡ ᠶᠢ ᠡᠭᠦᠳᠬᠦ ᠲᠠᠪᠴᠠᠩ ᠪᠠᠶᠢᠭᠤᠯᠵᠤ᠂ ᠵᠠᠬ᠎ᠠ ᠳᠡᠯᠭᠡᠭᠦᠷ ᠤᠨ | ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠵᠢᠯ ᠤᠨ ᠳᠣᠲᠣᠷ᠎ᠠ ︽ᠲᠤᠰᠬᠠᠢ ᠨᠠᠷᠢᠯᠢᠭᠵᠢᠭᠰᠠᠨ ᠂ ᠤᠨᠴᠠᠯᠢᠭᠳᠤ ᠂ | ᠰᠢᠨ᠎ᠡ︾ ᠠᠵᠤ ᠠᠬᠤᠶᠢᠯᠠᠯ 1 ᠢ ᠪᠠᠶᠢᠭᠤᠯᠤᠨ᠎ᠠ᠃ | ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠤᠨ ᠲᠡᠰ ᠳᠡᠪᠰᠢᠬᠦ ᠶᠢ ᠲᠦᠯᠬᠢᠨ ᠠᠬᠢᠭᠤᠯᠤᠨ᠎ᠠ᠃ ᠲᠠᠯ᠎ᠠ ᠨᠤᠲᠤᠭ ᠤᠨ | ᠰᠣᠶᠣᠯ ᠵᠢᠭᠤᠯᠴᠢᠯᠠᠯ ᠢ ᠠᠭᠤᠰᠣᠯᠴᠠᠭᠤᠯᠥᠨ ᠬᠥᠭᠵᠢᠭᠦᠯᠬᠦ ᠣᠷᠣᠨ ᠤ ᠪᠠᠶᠢᠭᠤᠯᠣᠯᠳᠠ ᠶᠢ ᠲᠦᠷᠭᠡᠳᠬᠡᠨ᠂ ︽ᠪᠥᠬᠦ ᠣᠷᠣᠨ | ᠪᠦᠰᠡ ᠶᠢᠨ ᠵᠢᠭᠤᠯᠴᠢᠯᠠᠯ ᠤᠨ ᠲᠥᠯᠥᠪᠵᠢᠭᠦᠯᠭᠡ︾ ᠶᠢᠨ ᠬᠤᠷᠸ᠎ᠠ ᠲᠠᠯ᠎ᠠ ᠶᠢᠨ ᠬᠥᠲᠥᠯᠦᠨ ᠵᠢᠯᠣᠭᠤᠳᠬᠤ ᠪᠠ ᠵᠠᠶᠢᠯᠠᠰᠢ | ᠦᠭᠡᠢ ᠬᠢᠵᠠᠭᠠᠷᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠨᠢᠭᠡᠳᠦᠯᠲᠡᠶ | ᠲᠥᠯᠥᠪᠯᠡᠨ ᠲᠥᠯᠥᠪᠵᠢᠭᠦᠯᠬᠦ ᠶᠢ ᠴᠢᠩᠭᠠᠳᠬᠠᠵᠤ᠂ ᠪᠥᠬᠦ ᠣᠷᠣᠨ ᠪᠦᠰᠡ ᠪᠥᠬᠦ ᠤᠯᠠᠷᠢᠯ ᠪᠥᠬᠦ ᠠᠵᠤ ᠦᠢᠯᠡᠰ ᠤᠨ | ᠵᠢᠭᠤᠯᠴᠢᠯᠠᠯ ᠤᠨ ᠦᠢᠯᠡᠰ ᠢ ᠬᠦᠭᠵᠢᠭᠦᠯᠦᠨ᠎ᠡ᠃ ︽ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ︾ ᠪᠠᠷ ᠭᠤᠣᠯ ᠪᠣᠯᠭᠠᠵᠤ᠂ | ᠱᠠᠩᠳᠣ ᠵᠢᠭᠤᠯᠴᠢᠯᠠᠯ ᠤᠨ ᠵᠠᠩ ᠦᠢᠯᠡ ᠶᠢᠨ ᠪᠠᠯᠭᠠᠰᠤ᠂ ᠰᠠᠩ ᠤᠨ ᠳᠠᠯᠠᠢ ᠵᠢᠭᠤᠯᠴᠢᠯᠠᠯ ᠤᠨ ᠲᠥᠪᠯᠡᠷᠡᠭᠦᠯᠦᠨ | ᠪᠠᠯᠭᠠᠰᠤ ᠪᠠᠷ ᠲᠤᠯᠭᠠᠭᠤᠷᠢ ᠪᠣᠯᠭᠠᠵᠤ᠂ 207ᠤᠯᠤᠰ ᠤᠨ ᠵᠠᠮ ᠱᠤᠭᠤᠮ ᠳᠠᠭᠠᠤ ᠶᠢᠨ ᠲᠠᠯ᠎ᠠ ᠨᠤᠲᠤᠭ ᠤᠨ ᠰᠣᠳᠣᠨ | ᠵᠢᠭᠤᠯᠴᠢᠯᠠᠯ ᠤᠨ ᠪᠦᠰᠡ ᠳᠤ ᠦᠢᠯᠡᠴᠢᠯᠡᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠱᠤᠭᠤᠮ ᠢ ᠬᠤᠯᠪᠣᠬᠤ | ᠬᠥᠭᠵᠢᠯᠲᠡ ᠶᠢᠨ ᠲᠣᠭᠳᠠᠯᠴᠠᠭ᠎ᠠ ᠶᠢ ᠪᠠᠶᠢᠭᠤᠯᠵᠣ᠂ ᠣᠷᠣᠨ ᠤ ᠲᠡᠰ ᠤᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ | ᠵᠢᠱᠢᠶ᠎ᠡ ᠦᠵᠡᠭᠦᠯᠬᠦ ᠣᠷᠣᠨ ᠢ ᠢᠳᠡᠪᠬᠢᠲᠡᠢ ᠡᠭᠦᠳᠦᠨ ᠪᠠᠶᠢᠭᠤᠯᠤᠨ᠎ᠠ᠃ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ | ᠵᠢᠭᠤᠯᠴᠢᠯᠠᠯ ᠤᠨ ᠣᠷᠣᠨ ᠤ 5 A ᠲᠡᠰ ᠤᠨ ᠦᠵᠡᠮᠵᠢ ᠶᠢᠨ ᠣᠷᠣᠨ ᠢ ᠴᠣᠭᠴᠠᠯᠠᠬᠤ ᠠᠵᠢᠯ ᠢ ᠠᠬᠢᠭᠤᠯᠵᠤ᠂ ᠪᠠᠭᠤᠷᠢ ᠶᠢᠨ | ︽ᠵᠢᠭᠤᠯᠴᠢᠳ ᠲᠤ ᠦᠢᠯᠡᠴᠢᠯᠡᠬᠦ︾ ᠲᠥᠪ ᠢ ᠪᠠᠷᠢᠯᠭ᠎ᠠ ᠳᠠᠭᠤᠰᠬᠠᠨ ᠠᠰᠢᠭᠯᠠᠯᠲᠠ ᠳᠤ ᠣᠷᠣᠭᠤᠯᠤᠨ᠎ᠠ᠃ ᠶᠤᠸᠠᠨ ᠤ | ᠳᠡᠭᠡᠳᠦ ᠨᠡᠶᠢᠰᠯᠡᠯ ᠠᠳᠤᠭᠤᠨ ᠰᠤᠶᠤᠯ ᠤᠨ ᠬᠦᠷᠢᠶᠡᠯᠡᠩ ᠂ ᠬᠤᠰᠢᠭᠤᠨ ᠤ ᠵᠢᠭᠤᠯᠴᠢᠳ ᠤᠨ ᠤᠯᠠᠮᠵᠢᠯᠠᠬᠤ ᠲᠥᠪ ᠤᠨ | ᠪᠠᠶᠢᠭᠠᠯᠤᠯᠲᠠ ᠶᠢᠨ ᠠᠵᠢᠯ ᠢ ᠡᠬᠢᠯᠡᠭᠦᠯᠦᠨ᠎ᠡ ᠃ | ᠬᠢᠵᠢᠭ ᠤᠨ ᠳᠠᠷᠠᠭᠠᠬᠢ ᠬᠡᠷᠡᠭᠯᠡᠭᠡᠨ ᠤ ᠬᠠᠨᠳᠤᠰᠢ ᠶᠢ ᠠᠰᠢᠭᠯᠠᠨ᠂ ᠤᠬᠠᠭᠤᠯᠭ᠎ᠠ ᠲᠠᠨᠢᠯᠴᠠᠭᠤᠯᠭ᠎ᠠ ᠶᠢᠨ ᠡᠷᠴᠢᠮ ᠢᠶᠠᠨ | ᠴᠢᠩᠭᠠᠷᠠᠭᠤᠯᠵᠤ᠂ ︽ᠶᠤᠸᠠᠨ ᠤ ᠳᠡᠭᠡᠳᠦ ᠨᠡᠶᠢᠰᠯᠡᠯ︾᠂ ︽ᠬᠤᠯᠠᠨ ᠰᠢᠷᠭ᠎ᠠ ᠲᠠᠭ᠎ᠠ︾ ᠵᠡᠷᠭᠡ ᠨᠡᠷᠡᠲᠦ ᠳᠡᠮᠳᠡᠭᠳᠦ ᠶᠢᠨ | ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠰᠢᠷ᠎ᠠ ᠲᠠᠯ᠎ᠠ ᠶᠢᠨ ᠴᠡᠴᠡᠭ ᠰᠣᠨᠢᠷᠬᠠᠬᠤ ᠨᠠᠶᠢᠷ᠂ ᠶᠤᠸᠠᠨ ᠤ ᠳᠡᠭᠡᠳᠦ | ᠨᠡᠶᠢᠰᠯᠡᠯ ᠤᠨ ᠳᠠᠭᠤᠤ ᠬᠥᠭᠵᠢᠮ ᠤᠨ ᠨᠠᠶᠢᠷ᠂ ᠴᠠᠭᠠᠨ ᠢᠳᠡᠭᠡᠨ ᠤ ᠰᠣᠶᠣᠯ ᠤᠨ ᠨᠠᠶᠢᠷ᠂ ᠲᠠᠯ᠎ᠠ ᠨᠤᠲᠤᠭ ᠤᠨ ᠮᠠᠷᠠᠽᠤᠨ᠂ | ᠬᠤᠯᠠᠨ ᠰᠢᠷᠭ᠎ᠠ ᠲᠠᠭ᠎ᠠ ᠶᠢᠨ ᠮᠠᠩᠬᠠᠨ ᠭᠠᠵᠠᠷ ᠢᠶᠠᠷ ᠶᠠᠪᠠᠭᠠᠨ ᠠᠯᠬᠤᠬᠤ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ | ᠡᠷᠬᠢᠯᠡᠵᠦ᠂ ᠲᠥᠰᠥᠪᠯᠡᠬᠦ ᠪᠠᠷ ᠪᠦᠬᠦ ᠵᠢᠯ ᠳᠤ120 ᠲᠦᠮᠡᠨ ᠬᠥᠮᠦᠨ ᠤᠳᠠᠭᠠᠨ ᠤ ᠵᠢᠭᠤᠯᠴᠢᠨ ᠢ ᠬᠦᠯᠢᠶᠡᠨ ᠠᠪᠴᠤ᠂ 8. | 5 ᠳ᠋ᠦᠩᠰᠢᠭᠤᠷ ᠲᠥᠭᠦᠷᠢᠭ ᠤᠨ ᠣᠷᠣᠯᠭ᠎ᠠ ᠶᠢ ᠪᠡᠶᠡᠯᠡᠭᠦᠯᠦᠨ᠎ᠡ᠃ ᠠᠷᠠᠯᠵᠢᠶ᠎ᠠ ᠬᠤᠳᠠᠯᠳᠤᠭᠠᠨ ᠤ ᠬᠥᠭᠵᠢᠯᠲᠡ ᠶᠢ | ᠵᠢᠷᠤᠮᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ | ᠪᠠᠶᠢᠭᠤᠯᠤᠯᠲᠠ ᠶᠢᠨ ᠲᠤᠷᠰᠢᠯᠲᠠ ᠶᠢᠨ ᠴᠢᠭ ᠤᠨ ᠬᠤᠰᠢᠭᠤ ᠶᠢ ᠪᠠᠶᠢᠭᠤᠯᠬᠤ ᠠᠵᠠ ᠳᠣᠬᠢᠶᠠᠯ ᠢ ᠠᠰᠢᠭᠯᠠᠵᠤ ᠱᠠᠩᠳᠤ | ᠪᠠᠯᠭᠠᠰᠣᠨ ᠤ ᠶᠡᠷᠦᠩᠬᠡᠶᠢᠯᠡᠭᠰᠡᠨ ᠵᠠᠬ᠎ᠠ ᠳᠡᠯᠭᠡᠭᠦᠷ ᠪᠠ ᠬᠥᠮᠥᠷᠭᠡᠯᠡᠨ ᠬᠠᠳᠠᠭᠠᠯᠠᠬᠤ ᠲᠥᠪ ᠢ ᠪᠠᠶᠢᠭᠤᠯᠵᠤ᠂ ᠬᠦᠳᠡᠭᠡ | ᠳᠣᠰᠬᠤᠨ ᠤ ᠴᠠᠬᠢᠮ ᠬᠤᠳᠠᠯᠳᠤᠭᠠᠨ ᠤ ᠦᠶᠯᠡᠴᠢᠯᠡᠭᠡ ᠪᠠ ᠪᠣᠬᠢᠶᠠ ᠰᠢᠤᠳᠠᠨ ᠤ ᠭᠦᠶᠯᠭᠡᠭᠡᠨ ᠤ ᠰᠢᠰᠲ᠋ᠧᠮ ᠢ | ᠲᠡᠭᠦᠯᠳᠡᠷᠵᠢᠭᠦᠯᠦᠨ᠎ᠡ᠃ ᠡᠷᠡᠭᠦᠯᠵᠢᠯ ᠰᠤᠪᠢᠯᠠᠯᠲᠠ ᠶᠢᠨ ᠠᠵᠤ ᠦᠶᠯᠡᠰ ᠤᠨ ᠬᠥᠭᠵᠢᠯᠲᠡ ᠶᠢ ᠲᠦᠷᠭᠡᠳᠬᠡᠵᠦ᠂ PPP | ᠬᠡᠯᠪᠡᠷᠢ ᠶᠢ ᠠᠰᠢᠭᠯᠠᠨ᠂ ᠮᠧᠩ ᠯᠦᠩ ᠨᠠᠰᠤᠵᠢᠯ ᠤᠨ ᠬᠦᠷᠢᠶᠡᠯᠡᠩ ᠤᠨ ᠰᠠᠭᠤᠷᠢ ᠲᠦᠭᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢ ᠲᠡᠭᠦᠯᠳᠡᠷᠵᠢᠭᠦᠯᠵᠦ᠂ ︽ᠠᠷᠠᠳ ᠠᠴᠠ ᠡᠷᠭᠢᠯᠡᠵᠦ ᠠᠯᠪᠠᠨ ᠠᠴᠠ ᠲᠤᠰᠠᠯᠠᠬᠤ︾ ᠬᠡᠯᠪᠡᠷᠢ ᠶᠢᠨ | ᠨᠠᠰᠤᠳᠠᠳ ᠤᠨ ᠠᠰᠠᠷᠠᠮᠵᠢ ᠶᠢᠨ ᠬᠦᠷᠢᠶᠡᠯᠡᠩ ᠢ ᠳᠥᠷᠢᠮᠵᠢᠭᠦᠯᠦᠨ ᠡᠵᠡᠩᠨᠡᠬᠦ ᠶᠢ ᠠᠬᠢᠭᠤᠯᠤᠨ᠎ᠠ᠃ | ︵ᠭᠤᠷᠪᠠ︶ ᠠᠮᠢ ᠠᠬᠤᠶ ᠶᠢ ᠲᠡᠷᠢᠭᠦᠨ ᠳᠤ ᠪᠤᠳᠣᠯᠬᠢᠯᠠᠵᠤ᠂ ᠴᠢᠨᠠᠷᠯᠢᠭ ᠬᠥᠭᠵᠢᠯᠲᠡ ᠶᠢ ᠪᠠᠲᠤᠯᠠᠨ᠎ᠠ | ᠠᠮᠢ ᠠᠬᠤᠢ ᠶᠢᠨ ᠰᠢᠰᠲ᠋ᠧᠮ ᠢ ᠬᠠᠮᠠᠭᠠᠯᠠᠨ ᠰᠠᠶᠢᠵᠢᠷᠠᠭᠤᠯᠬᠤ ᠠᠵᠢᠯ ᠢ ᠴᠢᠩᠭᠠᠳᠬᠠᠨ᠎ᠠ᠃ ︽ᠰᠢᠯᠤᠭᠤᠨ ᠬᠥᠬᠡ | ᠬᠤᠰᠢᠭᠤᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤᠨ ᠤ | ᠲᠥᠯᠥᠪᠵᠢᠭᠦᠯᠭᠡ︾ ᠶᠢ ᠰᠠᠶᠢᠲᠤᠷ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠰᠡᠷᠡᠮᠵᠢ ᠶᠢᠨ ᠱᠤᠭᠤᠮ᠂ | ᠣᠷᠴᠢᠨ ᠲᠣᠭᠤᠷᠢᠨ ᠤ ᠶᠠᠰᠤ ᠴᠢᠨᠠᠷ᠂ ᠡᠬᠢ ᠪᠠᠶᠠᠯᠢᠭ ᠤᠨ ᠠᠰᠢᠭᠯᠠᠯᠲᠠ ᠶᠢ ᠴᠢᠩᠭ᠎ᠠ ᠰᠠᠬᠢᠵᠤ᠂ ᠠᠮᠢ ᠠᠬᠤᠢ ᠶᠢᠨ | ᠣᠷᠴᠢᠨ ᠲᠣᠭᠤᠷᠢᠨ ᠤ ᠵᠥᠪᠰᠢᠶᠡᠷᠡᠨ ᠣᠷᠣᠭᠤᠯᠬᠤ ᠳᠥᠷᠢᠮ ᠢ ᠨᠠᠶᠢᠳᠠᠪᠤᠷᠢᠵᠢᠭᠤᠯᠵᠤ᠂ ᠠᠭᠤᠯᠠ ᠤᠰᠤ᠂ ᠣᠢ ᠮᠣᠳᠣ᠂ | ᠭᠠᠵᠠᠷ ᠲᠠᠷᠢᠶ᠎ᠠ᠂ ᠨᠠᠭᠤᠷ ᠪᠦᠷᠢᠳᠦ᠂ ᠨᠤᠲᠤᠭ ᠪᠡᠯᠴᠢᠭᠡᠷ᠂ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠰᠡᠷᠭᠦᠭᠡᠬᠦ ᠶᠢ | ᠨᠢᠭᠡᠳᠦᠯᠲᠡᠢ ᠲᠥᠯᠥᠪᠯᠡᠨ ᠠᠬᠢᠭᠤᠯᠵᠤ᠂ ᠡᠯ᠎ᠡ ᠵᠦᠢᠯ ᠤᠨ ᠪᠦᠳᠦᠭᠡᠨ ᠪᠠᠶᠢᠭᠤᠯᠤᠯᠳᠠ ᠶᠢ ᠪᠠᠷᠢᠮᠵᠢᠶᠠᠨ ᠳᠤ ᠬᠦᠷᠭᠡᠬᠦ ᠶᠢ | ᠦᠨᠡᠨᠬᠦ ᠪᠠᠲᠤᠯᠠᠨ᠎ᠠ᠃ ᠬᠤᠯᠠᠨ ᠰᠢᠷᠭ᠎ᠠ ᠲᠠᠭ᠎ᠠ ᠶᠢᠨ ᠮᠠᠩᠬᠠᠨ ᠭᠠᠵᠠᠷ ᠤᠨ ᠠᠮᠢ ᠠᠬᠤᠶ ᠶᠢᠨ ᠴᠡᠭᠴᠡᠯᠡᠯᠳᠡ ᠶᠢᠨ ᠣᠷᠣᠨ ᠤ | ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ︽ᠬᠤᠯᠠᠨ ᠰᠢᠷᠭ᠎ᠠ ᠲᠠᠭ᠎ᠠ ᠶᠢᠨ ᠮᠠᠩᠬᠠᠨ | ᠭᠠᠵᠠᠷ ᠤᠨ ᠠᠮᠢ ᠠᠬᠤᠶ ᠶᠢ ᠰᠡᠷᠭᠦᠭᠡᠬᠦ ᠪᠠ ᠦᠷᠭᠦᠯᠵᠢᠯᠡᠨ ᠬᠥᠭᠵᠢᠭᠦᠯᠬᠦ ᠲᠥᠯᠥᠪᠵᠢᠭᠦᠯᠭᠡ︾ ᠶᠣᠰᠣᠭᠠᠷ᠂ ᠬᠤᠯᠠᠨ | ᠰᠢᠷᠭ᠎ᠠ ᠲᠠᠭ᠎ᠠ ᠶᠢᠨ ᠮᠠᠩᠬᠠᠨ ᠭᠠᠵᠠᠷ ᠪᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢᠶᠠᠷ ᠭᠤᠤᠯᠳᠠᠯᠭ᠎ᠠ ᠪᠣᠯᠭᠠᠨ᠂ ᠮᠠᠯ | ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠣᠭᠠᠬᠤ᠂ ᠰᠡᠯᠭᠦᠨ ᠮᠠᠯᠵᠢᠬᠤ ᠳᠥᠷᠢᠮ ᠢ ᠡᠷᠴᠢᠮᠳᠠᠢ | ᠬᠡᠷᠡᠭᠵᠢᠭᠦᠯᠵᠦ᠂ ᠭᠤᠣᠯ ᠪᠣᠯᠬᠤ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠢ | ᠲᠦᠯᠬᠢᠨ ᠠᠬᠢᠭᠤᠯᠵᠤ᠂ 10 ᠲᠦᠮᠡᠨ ᠮᠦ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠵᠤ᠂ 0.2 ᠲᠦᠮᠡᠨ | ᠮᠦ ᠳᠤᠷᠤᠭ ᠮᠤᠳᠤ ᠲᠠᠷᠢᠵᠤ᠂ ᠣᠶ ᠰᠢᠭᠤᠶ ᠶᠢᠨ ᠤᠷᠭᠤᠮᠠᠯ ᠬᠤᠴᠢᠯᠭ᠎ᠠ ᠶᠢ ᠰᠡᠷᠭᠦᠭᠡᠬᠦ ᠲᠥᠰᠥᠯ ᠤᠨ ᠢᠨᠵᠧᠨᠧᠷᠢᠩ ᠢᠶᠠᠷ | 3.4 ᠲᠦᠮᠡᠨ ᠮᠥ ᠡᠯᠡᠰᠦ ᠶᠢ ᠳᠣᠭᠲᠠᠪᠤᠷᠢᠵᠢᠭᠤᠯᠵᠤ᠂ 0.5 ᠲᠦᠮᠡᠨ ᠮᠥ ᠪᠤᠳᠠ ᠮᠤᠳᠣ ᠲᠠᠷᠢᠵᠤ᠂ ᠥᠨᠳᠦᠷᠯᠢᠭ ᠭᠠᠵᠠᠷ | ᠤᠨ ᠡᠯᠡᠰᠦᠷᠬᠡᠭ ᠣᠷᠣᠨ ᠢ ᠶᠡᠷᠦᠩᠬᠡᠶᠢᠯᠡᠨ ᠵᠠᠰᠠᠬᠤ ᠲᠥᠰᠥᠯ ᠢᠶᠠᠷ 0.5 ᠲᠦᠮᠡᠨ ᠮᠥ ᠠᠭᠤᠯᠠ ᠶᠢ ᠪᠢᠲᠡᠭᠦᠮᠵᠢᠯᠡᠨ ᠣᠶ | ᠮᠣᠳᠣ ᠶᠢ ᠪᠣᠶᠢᠵᠢᠭᠤᠯᠵᠤ᠂ 0.1ᠲᠦᠮᠡᠨ ᠮᠥ ᠡᠯᠡᠰᠦ ᠶᠢ ᠳᠣᠭᠲᠠᠪᠤᠷᠢᠵᠢᠭᠤᠯᠤᠨᠠ᠃ ᠱᠠᠩᠳᠣ ᠶᠢᠨ ᠭᠤᠤᠯ ᠤᠨ ᠰᠢᠯᠤᠭᠤᠨ | ᠬᠥᠬᠡ ᠬᠤᠰᠢᠭᠤᠨ ᠤ ᠬᠡᠰᠡᠭ ᠲᠠᠬᠢ 110 ᠺᠢᠯᠣᠮᠧᠲᠷ᠂ ᠪᠣᠱᠣᠣᠳᠠᠢ ᠰᠣᠮᠣᠨ ᠤ ᠬᠦᠶᠰᠦ ᠶᠢᠨ ᠭᠤᠤᠯ ᠤᠨ 29.5 | ᠺᠢᠯᠣᠮᠧᠲᠷ᠂ ᠬᠠᠪᠢᠷᠭ᠎ᠠ ᠪᠠᠯᠭᠠᠰᠤᠨ ᠤ ᠴᠢᠩ ᠹᠧᠩ ᠭᠤᠤᠯ ᠤᠨ 1.24 ᠺᠢᠯᠣᠮᠧᠲᠷ ᠤᠨ ᠭᠤᠤᠯ ᠤᠨ ᠬᠥᠨᠳᠡᠢ ᠶᠢ ᠵᠠᠰᠠᠬᠤ | ᠢᠨᠵᠧᠨᠧᠷᠢᠩ ᠪᠠ ᠬᠠᠪᠢᠷᠭ᠎ᠠ ᠪᠠᠯᠭᠠᠰᠤᠨ ᠤ ᠳᠣᠯᠣᠳᠤᠭᠠᠷ ᠲᠣᠰᠬᠤᠨ᠂ ᠴᠢᠩ ᠹᠧᠩ ᠲᠣᠰᠬᠤᠨ ᠤ ᠠᠭᠤᠯᠠᠨ ᠦᠶᠡᠷ ᠤᠨ | ᠭᠤᠤ ᠶᠢ ᠵᠠᠰᠠᠬᠤ ᠲᠥᠰᠥᠯ ᠢ ᠬᠡᠷᠡᠭᠵᠢᠭᠦᠯᠦᠨ᠎ᠡ᠃ ᠬᠡᠪᠴᠢᠶᠡᠵᠢᠭᠰᠡᠨ ᠣᠶ ᠰᠢᠭᠤᠶ ᠶᠢᠨ ᠲᠠᠯᠠᠪᠠᠶ ᠶᠢᠨ ᠰᠠᠭᠤᠷᠢ | ᠲᠦᠭᠦᠭᠡᠷᠦᠮᠵᠢ ᠶᠢ ᠰᠠᠶᠢᠵᠢᠷᠠᠭᠤᠯᠬᠤ ᠪᠠ ᠠᠵᠤ ᠦᠶᠯᠡᠰ ᠤᠨ ᠬᠥᠭᠵᠢᠯᠲᠡ ᠶᠢ ᠢᠳᠡᠪᠬᠢᠲᠡᠶ ᠠᠬᠢᠭᠤᠯᠵᠤ᠂ ︽ᠣᠶ ᠰᠢᠭᠤᠶ | + ᠵᠢᠭᠤᠯᠴᠢᠯᠠᠯ︾ ᠤᠨ ᠬᠥᠭᠵᠢᠯᠲᠡ ᠶᠢᠨ ᠠᠷᠭ᠎ᠠ ᠵᠠᠮ ᠢ ᠰᠦᠪᠡᠭᠴᠢᠯᠡᠨ᠂ ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ | ᠠᠷᠠᠯᠵᠢᠶ᠎ᠠ ᠶᠢ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠯᠠᠪᠳᠠᠭᠤᠨ ᠢᠶᠠᠷ ᠠᠬᠢᠭᠤᠯᠤᠨ᠎ᠠ᠃ | ᠠᠮᠢ ᠠᠬᠤᠢ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠨ᠎ᠠ᠃ ᠬᠤᠶᠠᠳᠤᠭᠠᠷ ᠡᠭᠡᠯᠵᠢᠨ ᠤ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠳᠣᠭᠤᠶᠢᠯᠠᠩ ᠠᠴᠠ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠦᠨ᠎ᠡ᠃ ᠬᠦᠬᠡ ᠣᠭᠲᠠᠷᠭᠤᠢ᠂ ᠬᠥᠬᠡᠮᠳᠦᠭ ᠤᠰᠤ᠂ | ᠴᠡᠪᠡᠷ ᠬᠥᠷᠥᠰᠥᠨ ᠤ ᠬᠠᠮᠠᠭᠠᠯᠠᠯᠳᠠ ᠶᠢ ᠰᠠᠶᠢᠲᠤᠷ ᠬᠢᠵᠦ᠂ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠪᠠ | ᠬᠠᠮᠳᠤᠪᠠᠷ ᠰᠡᠷᠭᠡᠶᠢᠯᠡᠨ ᠬᠤᠷᠢᠭᠯᠠᠬᠤ ᠠᠵᠢᠯ ᠢ ᠴᠢᠩᠭᠠᠳᠬᠠᠵᠤ᠂ ᠴᠡᠯᠮᠡᠭ ᠲᠤᠩᠭᠠᠯᠠᠭ ᠡᠳᠦᠷ ᠤᠨ ᠬᠠᠷᠢᠴᠠᠯ ᠢ 90 % | ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠡᠷᠴᠢᠮ ᠢᠶᠠᠨ | ᠴᠢᠩᠭᠠᠷᠠᠭᠤᠯᠵᠤ᠂ ︽ᠢᠯᠭᠠᠨ ᠲᠣᠭᠲᠠᠭᠠᠬᠤ᠂ ᠪᠠᠷᠢᠮᠵᠢᠶ᠎ᠠ ᠲᠣᠭᠲᠠᠭᠠᠬᠤ᠂ ᠰᠡᠷᠭᠦᠭᠡᠨ ᠵᠠᠰᠠᠬᠤ︾ ᠭᠤᠷᠪᠠᠨ ᠵᠦᠶᠯ ᠤᠨ | ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠵᠤ᠂ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠴᠢᠨ ᠲᠣᠭᠤᠷᠢᠨ | ᠤ ᠠᠮᠤᠷ ᠲᠦᠪᠰᠢᠨ ᠢ ᠪᠠᠳᠤᠯᠠᠨ᠎ᠠ᠃ ᠱᠠᠩᠳᠤ ᠶᠢᠨ ᠭᠤᠤᠯ ᠤᠨ ᠰᠢᠯᠤᠭᠤᠨ ᠬᠥᠬᠡ ᠬᠤᠰᠢᠭᠤᠨ ᠤ ᠬᠡᠰᠡᠭ ᠲᠠᠬᠢ ᠤᠰᠤᠨ | ᠤ ᠶᠠᠰᠤ ᠴᠢᠨᠠᠷ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠭᠤᠤᠯ ᠤᠨ ᠵᠠᠮ ᠢ ᠯᠠᠶᠢᠳᠠᠬᠤ᠂ ᠥᠨᠳᠥᠷ | ᠲᠣᠳᠣᠴᠠᠲᠤ ᠬᠢᠨᠠᠨ ᠡᠵᠡᠮᠳᠡᠭᠦᠷ ᠢ ᠬᠡᠷᠡᠭᠯᠡᠬᠦ ᠵᠡᠷᠭᠡ ᠭᠤᠤᠯᠳᠠᠯᠭ᠎ᠠ ᠲᠠᠢ ᠠᠵᠢᠯ ᠢ ᠪᠡᠶᠡᠯᠡᠭᠦᠯᠦᠨ᠎ᠡ᠃ ᠳᠡᠭᠳᠡᠮᠡᠬᠡᠶ ᠴᠢᠨᠠᠷᠲᠠᠶ | ᠣᠷᠭᠠᠨᠢᠭ ᠪᠣᠳᠠᠰ ᠤᠨ ᠭᠠᠳᠠᠭᠰᠢᠯᠠᠭᠤᠯᠤᠯᠲᠠ ᠶᠢ ᠬᠠᠮᠢᠶᠠᠷᠬᠤ᠂ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢ ᠪᠠᠶᠢᠴᠠᠭᠠᠬᠤ | ᠂ ᠺᠠᠳ᠋ᠮᠢ ᠵᠡᠷᠭᠡ ᠳᠤ ᠬᠤᠯᠪᠣᠭᠳᠠᠭᠰᠠᠨ ᠬᠦᠨᠳᠦ ᠲᠡᠮᠦᠷᠯᠢᠭ ᠤᠨ ᠪᠣᠬᠢᠷᠲᠤᠯ ᠪᠠ ᠬᠥᠳᠡᠭᠡ ᠳᠣᠰᠬᠤᠨ ᠤ ᠪᠣᠬᠢᠷ ᠤᠰᠤᠨ ᠤ | ᠪᠠᠶᠢᠴᠠᠭᠠᠯᠳᠠ ᠶᠢ ᠦᠷᠭᠦᠯᠵᠢᠯᠡᠨ ᠥᠷᠨᠢᠭᠦᠯᠵᠦ᠂ ᠮᠠᠯ ᠲᠡᠵᠢᠭᠡᠪᠦᠷᠢ ᠶᠢᠨ ᠢᠯᠭᠠᠳᠠᠰᠤ ᠶᠢ ᠡᠬᠢ ᠪᠠᠶᠠᠯᠢᠭᠵᠢᠭᠤᠯᠤᠨ | ᠠᠰᠢᠭᠯᠠᠬᠤ ᠲᠥᠷᠥᠯ ᠵᠦᠢᠯ ᠤᠨ ᠪᠠᠶᠢᠭᠤᠯᠤᠯᠲᠠ ᠶᠢ ᠠᠬᠢᠭᠤᠯᠵᠤ ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ | ᠦᠨᠡᠨᠬᠦ ᠪᠠᠬᠢᠵᠢᠭᠦᠯᠦᠨ᠎ᠡ᠃ | ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃ ᠭᠤᠣᠯ ᠮᠥᠷᠡᠨ | ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ᠂ ᠣᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠱᠠᠩᠳᠤ ᠶᠢᠨ ᠭᠤᠣᠯ ᠤᠨ ᠰᠠᠪᠠ ᠭᠠᠵᠠᠷ᠂ ᠴᠢᠬᠤᠯᠠ ᠨᠤᠭᠤ ᠭᠠᠵᠠᠷ ᠪᠠ | ᠪᠢᠲᠡᠭᠦᠮᠵᠢᠯᠡᠭᠰᠡᠨ ᠬᠠᠮᠠᠭᠠᠯᠠᠯᠲᠠ ᠶᠢᠨ ᠣᠷᠣᠨ ᠤ ᠬᠢᠨᠠᠨ ᠬᠠᠮᠢᠶᠠᠷᠤᠯᠲᠠ ᠶᠢ ᠴᠢᠩᠭ᠎ᠠ ᠥᠷᠨᠢᠭᠦᠯᠵᠦ᠂ ᠳᠠᠭᠠᠭᠠᠴᠠ ᠠᠴᠠ | ᠬᠡᠲᠦᠷᠡᠭᠦᠯᠦᠨ ᠮᠠᠯᠵᠢᠬᠤ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠰᠢᠢᠳᠬᠡᠨ᠎ᠡ᠃ ︽ᠰᠢᠯᠢ ᠶᠢᠨ ᠭᠤᠤᠯ ᠠᠶᠢᠮᠠᠭ ᠤᠨ | 2023 ᠣᠨ ᠤ ᠲᠠᠷᠢᠶᠠᠯᠠᠬᠤ ᠤᠷᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠣᠭᠲᠠᠯᠴᠠᠭᠠᠨ ᠤ ᠲᠣᠰᠬᠤᠨ ᠤ | ᠡᠭᠦᠷᠭᠡ ᠬᠠᠷᠢᠭᠤᠴᠠᠯᠭ᠎ᠠ︾ ᠲᠠᠢ ᠬᠠᠷᠭᠤᠭᠤᠯᠵᠤ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ᠲᠥᠪᠯᠡᠷᠡᠭᠦᠯᠦᠨ | ᠵᠠᠰᠠᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠪᠠᠶᠢᠩᠭᠤ ᠶᠢᠨ ᠴᠢᠨᠠᠷᠳᠠᠢ᠂ ᠠᠮᠢᠳᠤᠯᠢᠭ᠂ ᠳᠦᠷᠢᠮᠵᠢᠭᠰᠡᠨ | ᠬᠠᠮᠢᠶᠠᠷᠤᠨ ᠡᠵᠡᠮᠳᠡᠬᠦ ᠲᠣᠭᠲᠠᠴᠠ ᠶᠢ ᠪᠦᠷᠢᠯᠳᠦᠭᠦᠯᠵᠦ᠂ ᠰᠦᠯᠢᠶᠣᠣ ᠪᠦᠷᠬᠦᠪᠴᠢ ᠶᠢ ᠬᠤᠷᠢᠶᠠᠨ ᠴᠡᠪᠡᠷᠯᠡᠬᠦ ᠠᠵᠢᠯ ᠤᠨ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ 3.3 ᠲᠦᠮᠡᠨ ᠮᠥ ᠰᠦᠯᠢᠶᠣᠣ ᠪᠦᠷᠬᠦᠪᠴᠢ ᠶᠢ ᠬᠤᠷᠢᠶᠠᠨ ᠴᠡᠪᠡᠷᠯᠡᠨ᠎ᠡ᠃ | ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ 79.08 | ᠾᠧᠺᠲ᠋ᠠᠷ ᠬᠠᠶᠠᠭᠳᠠᠮᠠᠯ ᠠᠭᠤᠷᠬᠠᠢ ᠶᠢᠨ ᠵᠠᠳᠠᠭᠠᠢ ᠨᠦᠬᠡ ᠶᠢ ᠵᠠᠰᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ 70. | 24 ᠾᠧᠺᠲ᠋ᠠᠷ ᠠᠭᠤᠷᠬᠠᠢ ᠶᠢᠨ ᠬᠥᠨᠳᠡᠢ ᠶᠢ ᠴᠡᠭᠴᠡᠯᠡᠨ ᠵᠠᠰᠠᠨ᠎ᠠ᠃ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ᠂ | ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ ᠡᠷᠴᠢᠮᠳᠠᠢ ᠬᠢᠨᠠᠨ ᠬᠠᠮᠢᠶᠠᠷᠤᠯᠲᠠ ᠪᠠᠷ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠵᠤ᠂ | ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠪᠠᠲᠤᠯᠠᠨ᠎ᠠ᠃ | ︵ᠳᠥᠷᠪᠡ︶ ᠬᠤᠲᠠ ᠬᠥᠳᠡᠭᠡ ᠶᠢ ᠨᠢᠭᠡᠳᠦᠯᠲᠡᠶ ᠲᠥᠯᠥᠪᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷᠯᠢᠭ | ᠬᠥᠭᠵᠢᠯᠲᠡ ᠶᠢᠨ ᠳᠤᠲᠠᠭᠳᠠᠯ ᠢᠶᠠᠨ ᠨᠥᠬᠦᠪᠥᠷᠢᠯᠡᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠣᠭᠤᠯᠬᠤ ᠪᠠᠶᠢᠯᠳᠤᠬᠤ | ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ ᠡᠯ᠎ᠡ ᠱᠠᠲᠤᠨ ᠤ ᠡᠯ᠎ᠡ ᠲᠥᠷᠥᠯ ᠤᠨ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠳᠠᠬᠢᠨ ᠶᠠᠳᠠᠭᠤᠷᠠᠬᠤ ᠶᠢ ᠡᠷᠡᠰ | ᠰᠡᠷᠭᠡᠶᠢᠯᠡᠨ᠎ᠡ᠃ ︽ᠬᠥᠳᠡᠭᠡ ᠲᠣᠰᠬᠤᠨ ᠢ ᠬᠦᠴᠦᠷᠬᠡᠭᠵᠢᠭᠦᠯᠬᠦ ᠲᠥᠯᠥᠪᠵᠢᠭᠦᠯᠭᠡ︾ ᠪᠠ ︽︿5 + 1﹀ ᠲᠤᠰᠬᠠᠢ | ᠲᠥᠷᠥᠯ ᠤᠨ ᠲᠥᠯᠥᠪᠵᠢᠭᠦᠯᠭᠡ︾ ᠶᠢ ᠰᠠᠶᠢᠲᠤᠷ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠤᠨ | ᠨᠠᠶᠢᠳᠠᠪᠤᠷᠢᠵᠢᠭᠤᠯᠤᠯᠳᠠ ᠶᠢ ᠡᠷᠴᠢᠮᠵᠢᠭᠦᠯᠵᠦ᠂ ᠲᠥᠰᠥᠯ ᠤᠨ ᠬᠦᠮᠦᠷᠭᠡᠨ ᠳᠤ 6 ᠲᠥᠷᠥᠯ ᠤᠨ 59 ᠲᠥᠰᠥᠯ ᠢ | ᠣᠷᠣᠭᠤᠯᠬᠤ ᠪᠠᠷ ᠲᠥᠯᠥᠪᠯᠡᠨ᠂ 1.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠎ᠠ᠃ 2023 ᠣᠨ ᠳᠤ 5 | ᠲᠥᠷᠥᠯ ᠤᠨ 18 ᠲᠥᠰᠥᠯ ᠢ ᠬᠡᠷᠡᠭᠵᠢᠭᠦᠯᠵᠦ᠂ 9936 ᠲᠦᠮᠡᠨ ᠲᠥᠭᠦᠷᠢᠭ ᠤᠨ ᠪᠡᠯᠡ ᠣᠷᠣᠭᠤᠯᠵᠤ᠂ 9 ᠠᠵᠤ | ᠦᠢᠯᠡᠰ ᠤᠨ ᠬᠥᠭᠵᠢᠯᠲᠡ ᠶᠢᠨ ᠲᠥᠰᠥᠯ᠂ ᠡᠷᠦᠬᠡ ᠳᠤ ᠨᠠᠶᠢᠳᠠᠪᠤᠷᠢᠵᠢᠭᠤᠯᠬᠤ 5 ᠲᠥᠰᠥᠯ᠂ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ 2 ᠲᠥᠰᠥᠯ ᠂ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ | ᠲᠥᠰᠥᠯ ᠢ 1 ᠂ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ | ᠲᠥᠰᠥᠯ 1 ᠶᠢ ᠨᠠᠶᠢᠳᠠᠪᠤᠷᠢᠵᠢᠭᠤᠯᠤᠨ᠎ᠠ᠃ ᠭᠠᠴᠠᠭ᠎ᠠ ᠲᠣᠰᠬᠤᠨ ᠤ ᠡᠯ᠎ᠡ ᠲᠥᠷᠥᠯ ᠤᠨ ᠡᠬᠢ ᠪᠠᠶᠠᠯᠢᠭ᠂ ᠪᠠᠯᠠ ᠮᠥᠩᠭᠦ᠂ | ᠡᠳ᠋ ᠬᠥᠷᠥᠩᠭᠡ ᠶᠢ ᠰᠠᠶᠢᠲᠤᠷ ᠠᠰᠢᠭᠯᠠᠵᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠦᠷᠭᠦᠯᠵᠢᠯᠡᠨ | ᠬᠥᠭᠵᠢᠭᠦᠯᠦᠨ ᠪᠤᠵᠠᠭᠠᠶᠢᠷᠠᠭᠤᠯᠤᠨ᠎ᠠ᠃ ᠤᠰᠤ ᠴᠠᠬᠢᠯᠭᠠᠨ᠂ ᠵᠠᠰᠠᠮᠠᠯ ᠵᠠᠮ᠂ ᠴᠢᠮᠡᠭᠡ ᠬᠤᠯᠪᠣᠭ᠎ᠠ ᠵᠡᠷᠭᠡ ᠪᠠᠭᠤᠷᠠᠢ ᠲᠠᠯ᠎ᠠ ᠳᠤ | ᠠᠩᠬᠠᠷᠤᠯ ᠢᠶᠠᠨ ᠲᠠᠯᠪᠢᠵᠤ᠂ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠳᠠ ᠶᠢ ᠬᠦᠳᠡᠭᠡ ᠳᠣᠰᠬᠤᠨ ᠵᠦᠭ ᠬᠡᠯᠪᠡᠶᠢᠯᠭᠡᠵᠦ᠂ | 133 ᠴᠡᠭ ᠲᠠᠬᠢ ᠤᠰᠤᠨ ᠰᠤᠷᠪᠤᠯᠵᠢ ᠶᠢᠨ ᠢᠨᠵᠧᠨᠧᠷᠢᠩ᠂ 42 ᠴᠡᠭ ᠤᠨ ᠤᠰᠤ ᠠᠷᠪᠢᠯᠠᠬᠤ ᠤᠰᠤᠯᠠᠯᠲᠠ ᠶᠢᠨ | ᠢᠨᠵᠧᠨᠧᠷᠢᠩ᠂ 203 ᠰᠠᠣᠷᠢ ᠮᠠᠰᠢᠨ ᠬᠤᠳᠳᠤᠭ᠂ 14 ᠰᠠᠣᠷᠢ ᠭᠦᠨ ᠬᠤᠳᠳᠤᠭ ᠢ ᠰᠢᠨ᠎ᠡ ᠪᠠᠷ ᠪᠠᠶᠢᠭᠤᠯᠤᠨ᠎ᠠ᠃ | ᠬᠥᠳᠡᠭᠡ ᠳᠣᠰᠬᠤᠨ ᠤ ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ ᠪᠠ ᠴᠢᠮᠡᠭᠡ ᠬᠤᠯᠪᠣᠭᠠᠨ ᠤ ᠲᠦᠭᠦᠭᠡᠷᠦᠮᠵᠢ ᠶᠢ | ᠢᠳᠡᠪᠬᠢᠲᠡᠢ ᠡᠷᠡᠮᠡᠯᠵᠡᠯᠡᠨ ᠣᠯᠵᠤ᠂ ᠰᠦᠯᠵᠢᠶ᠎ᠡ ᠳᠣᠬᠢᠶ᠎ᠠ ᠦᠭᠡᠢ 307 ᠡᠷᠥᠬᠡ ᠮᠠᠯᠴᠢᠨ ᠠᠶᠢᠯ ᠳᠤ ᠰᠦᠯᠵᠢᠶ᠎ᠡ | ᠣᠷᠣᠭᠤᠯᠵᠤ᠂ ᠥᠨᠳᠥᠷ ᠲᠣᠳᠣᠴᠠᠲᠤ ᠬᠤᠣᠰ ᠴᠢᠭᠯᠡᠯ ᠤᠨ ᠬᠠᠷᠢᠯᠴᠠᠨ ᠰᠣᠯᠢᠯᠴᠠᠭᠰᠠᠨ ᠷᠠᠳᠢᠣ᠋ ᠲᠧᠯᠸᠢᠰ ᠢ | ᠨᠡᠪᠲᠡᠷᠡᠭᠦᠯᠦᠨ᠎ᠡ᠃ ᠨᠠᠷᠠᠲᠤ ᠠᠴᠠ ᠵᠢᠭᠠᠰᠤᠲᠠᠢ ᠬᠦᠷᠬᠦ ᠵᠠᠮ ᠢ ᠵᠠᠰᠠᠵᠤ᠂ ᠺᠢᠨᠣ᠋ ᠲᠧᠯᠸᠢᠰ ᠤᠨ ᠰᠠᠭᠤᠷᠢᠨ ᠭᠠᠵᠠᠷ ᠠᠴᠠ | ᠬᠡᠶᠢᠪᠦᠩ ᠭᠤᠣᠯ ᠦᠵᠡᠮᠵᠢ ᠶᠢᠨ ᠣᠷᠣᠨ ᠬᠦᠷᠬᠦ 62.8 ᠺᠢᠯᠤᠮᠧᠲᠷ ᠤᠨ ᠵᠠᠰᠠᠮᠠᠯ ᠵᠠᠮ ᠢ ᠰᠢᠨ᠎ᠡ ᠪᠠᠷ ᠳᠡᠪᠢᠰᠴᠦ᠂ | ᠪᠤᠱᠤᠤᠲᠠᠢ ᠰᠣᠮᠣᠨ ᠤ ᠬᠠᠷ᠎ᠠ ᠮᠣᠳᠣ ᠠᠴᠠ ᠰᠠᠩ ᠤᠨ ᠳᠠᠯᠠᠢ᠂ ᠪᠤᠱᠤᠤᠲᠠᠢ ᠰᠣᠮᠣᠨ ᠤ ᠡᠩᠭᠡᠷ ᠭᠠᠴᠠᠭᠠᠨ ᠤ ᠨᠢᠭᠡᠳᠦᠭᠡᠷ | ᠨᠠᠮ ᠤᠨ ᠡᠭᠦᠷ ᠬᠦᠷᠬᠦ 49.65 ᠺᠢᠯᠤᠮᠧᠲᠷ ᠵᠠᠰᠠᠮᠠᠯ ᠵᠠᠮ ᠢ ᠵᠠᠰᠠᠨ ᠰᠡᠯᠪᠢᠵᠤ᠂ ︽ᠠᠮᠤᠭᠤᠯᠠᠩ ᠬᠥᠭᠦᠷᠭᠡ︾ ᠶᠢ | ᠥᠭᠡᠷᠡᠴᠢᠯᠡᠨ ᠵᠠᠰᠠᠬᠤ ᠲᠦᠰᠥᠯ ᠢ ᠭᠦᠢᠴᠡᠳᠬᠡᠨ᠎ᠡ᠃ ᠬᠥᠳᠡᠭᠡ ᠳᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠬᠥᠳᠡᠭᠡ ᠲᠤᠰᠬᠤᠨ ᠤ ᠨᠡᠶᠢᠭᠡᠮᠴᠢᠯᠡᠭᠰᠡᠨ ᠦᠢᠯᠡᠴᠢᠯᠡᠭᠡᠨ | ᠤ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠬᠥᠳᠡᠭᠡ ᠲᠤᠰᠬᠤᠨ ᠤ ︽ᠵᠣᠷᠯᠣᠩ ᠤᠨ ᠥᠭᠡᠷᠡᠴᠢᠯᠡᠯᠳᠡ︾ ᠶᠢ ᠯᠠᠪᠳᠠᠭᠤᠨ | ᠪᠠᠲᠤᠲᠠᠶ ᠠᠬᠢᠭᠤᠯᠵᠤ᠂ ᠰᠡᠭᠦᠯᠴᠢ ᠶᠢᠨ ᠬᠤᠭᠤᠴᠠᠭᠠᠨ ᠤ ᠠᠰᠢᠭᠯᠠᠯᠳᠠ ᠬᠠᠮᠢᠶᠠᠷᠤᠯᠳᠠ ᠶᠢ ᠲᠡᠭᠦᠯᠳᠡᠷᠵᠢᠭᠦᠯᠦᠨ᠂ ᠬᠡᠷᠡᠭᠯᠡᠵᠦ | ᠪᠣᠯᠬᠤ ᠥᠬᠡᠶ᠂ ᠬᠡᠷᠡᠭᠯᠡᠬᠦ ᠳᠤ ᠠᠨᠠᠢ᠂ ᠬᠡᠷᠡᠭᠯᠡᠵᠦ ᠴᠢᠳᠠᠬᠤ ᠥᠬᠡᠶ᠂ ᠬᠡᠷᠡᠭᠯᠡᠬᠦ ᠳᠤᠷ᠎ᠠ ᠥᠬᠡᠶ ᠪᠠᠶᠢᠬᠤ ᠠᠰᠠᠭᠤᠳᠠᠯ ᠢ | ᠰᠠᠶᠢᠲᠤᠷ ᠰᠢᠶᠳᠪᠦᠷᠢᠯᠡᠨ᠎ᠡ᠃ | ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠬᠢᠵᠠᠭᠠᠷᠯᠠᠬᠤ ᠴᠢᠨᠠᠷᠲᠠᠶ ᠨᠠᠷᠢᠨ ᠲᠥᠯᠥᠪᠯᠡᠭᠡ ᠪᠠ ᠬᠤᠲᠠ ᠪᠠᠯᠭᠠᠰᠤᠨ ᠤ ᠵᠢᠷᠤᠭ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ | ᠠᠵᠢᠯ ᠢ ᠠᠬᠢᠭᠤᠯᠤᠨ᠎ᠠ᠃ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠬᠤᠳᠠ ᠶᠢᠨ ᠨᠡᠶᠢᠲᠡ ᠶᠢᠨ | ᠬᠡᠷᠡᠭᠯᠡᠭᠡᠨ ᠤ ᠲᠥᠬᠦᠭᠡᠷᠦᠮᠵᠢ ᠶᠢᠨ ᠬᠠᠮᠢᠶᠠᠲᠠᠢ ᠲᠥᠰᠥᠯ ᠤᠳ ᠢ ᠨᠥᠭᠡᠴᠡᠯᠡᠨ ᠪᠠᠶᠢᠭᠤᠯᠤᠨ᠎ᠠ᠃ ᠱᠠᠩᠳᠤ ᠪᠠᠯᠭᠠᠰᠤᠨ ᠤ | ᠬᠤᠶᠢᠲᠤ ᠲᠣᠭᠤᠷᠢᠯ ᠵᠠᠮ ᠤᠨ ᠪᠦᠳᠦᠭᠡᠨ ᠪᠠᠶᠢᠭᠤᠯᠤᠯᠳᠠ ᠶᠢᠨ ᠪᠡᠯᠡᠳᠬᠡᠯ ᠠᠵᠢᠯ ᠢ ᠠᠬᠢᠭᠤᠯᠵᠤ᠂ ᠱᠠᠩᠳᠤ ᠪᠠᠯᠭᠠᠰᠤᠨ ᠤ | ᠬᠤᠭᠤᠯᠠᠨ ᠭᠡᠷ ᠤᠨ ᠤᠬᠢᠶᠠᠳᠠᠰᠤ ᠵᠢᠴᠢ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠥᠰᠥᠯ ᠪᠠ ᠰᠠᠩ ᠤᠨ ᠳᠠᠯᠠᠢ | ᠪᠠᠯᠭᠠᠰᠤᠨ ᠤ ᠲᠡᠭᠡᠭᠡᠪᠦᠷᠢ ᠶᠢᠨ ᠲᠡᠷᠭᠡᠨ ᠵᠤᠭᠰᠣᠭᠠᠯ ᠢ ᠪᠦᠲᠦᠭᠡᠨ ᠪᠠᠶᠢᠭᠤᠯᠬᠤ ᠠᠵᠢᠯ ᠢ ᠡᠬᠢᠯᠡᠭᠦᠯᠦᠨ᠎ᠡ᠃ ᠬᠤᠳᠠ | ᠪᠠᠯᠭᠠᠰᠤᠨ ᠤ ᠰᠠᠭᠤᠷᠢ ᠲᠦᠭᠦᠭᠡᠷᠦᠮᠵᠢ ᠶᠢ ᠰᠠᠶᠢᠵᠢᠷᠠᠭᠤᠯᠵᠤ᠂ 17.5 ᠺᠢᠯᠤᠮᠧᠲᠷ ᠤᠨ ᠰᠢᠲᠠᠮᠠᠬᠠᠢ ᠬᠡᠢ ᠶᠢᠨ ᠬᠤᠭᠤᠯᠠᠢ᠂ | 16.9 ᠺᠢᠯᠤᠮᠧᠲᠷ ᠤᠨ ᠤᠰᠤ ᠬᠠᠩᠭᠠᠬᠤ ᠬᠤᠭᠤᠯᠠᠢ᠂ 10 ᠺᠢᠯᠤᠮᠧᠲᠷ ᠤᠨ ᠤᠰᠤ ᠭᠠᠳᠠᠭᠰᠢᠯᠠᠭᠤᠯᠬᠤ ᠬᠤᠭᠤᠯᠠᠢ᠂ 6. | 85 ᠺᠢᠯᠤᠮᠧᠲᠷ ᠤᠨ ᠢᠯᠴᠢ ᠬᠠᠩᠭᠠᠬᠤ ᠬᠤᠭᠤᠯᠠᠢ ᠶᠢ ᠵᠠᠰᠠᠨ ᠥᠭᠡᠷᠡᠴᠢᠯᠡᠨ᠎ᠡ᠃ ᠬᠤᠲᠠ ᠪᠠᠯᠭᠠᠰᠣᠨ ᠤ ᠨᠠᠷᠢᠯᠢᠭᠵᠢᠭᠰᠠᠨ | ᠬᠠᠮᠢᠶᠠᠷᠤᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠠᠷᠢᠭᠤᠨ ᠴᠡᠪᠡᠷ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠭᠤᠷᠪᠠᠳᠠᠬᠢ ᠡᠳᠡᠭᠡᠳ ᠤᠨ ᠺᠣᠮᠫᠠᠨᠢ ᠳᠠᠬᠢ ᠬᠢᠨᠠᠨ ᠬᠠᠮᠢᠶᠠᠷᠤᠯᠲᠠ ᠪᠠᠨ ᠴᠢᠩᠭᠠᠳᠬᠠᠨ᠂ ᠬᠤᠲᠠ ᠲᠡᠭᠦᠷᠭᠡ ᠶᠢᠨ | ᠮᠠᠰᠢᠨᠵᠢᠯᠠᠭᠰᠠᠨ ᠴᠡᠪᠡᠷᠯᠡᠬᠦ ᠨᠣᠷᠮ᠎ᠠ ᠶᠢ ᠳᠡᠭᠡᠭᠰᠢᠯᠡᠭᠦᠯᠵᠦ᠂ ᠠᠷᠢᠭᠤᠨ ᠴᠡᠪᠡᠷ ᠬᠤᠲᠠ ᠶᠢᠨ ᠳᠦᠷᠢ ᠲᠥᠷᠬᠦ ᠶᠢ ᠪᠠᠳᠤᠯᠠᠵᠤ | ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠴᠡᠭᠴᠡᠯᠡᠨ ᠵᠠᠰᠠᠬᠤ ᠦᠷ᠎ᠡ ᠪᠦᠲᠦᠮᠵᠢ ᠪᠠ | ᠬᠠᠮᠢᠶᠠᠷᠤᠯᠲᠠ ᠶᠢᠨ ᠬᠢᠷᠢ ᠲᠥᠪᠰᠢᠨ ᠢᠶᠠᠨ ᠦᠨᠡᠨᠬᠦ ᠳᠡᠭᠡᠭᠰᠢᠯᠡᠭᠦᠯᠦᠨ᠎ᠡ᠃ | ᠴᠢᠬᠤᠯᠠ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠰᠢᠨ᠎ᠡ ᠪᠠᠷ ᠪᠠᠶᠢᠭᠤᠯᠬᠤ ᠠᠷᠠᠳ | ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠥᠰᠥᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠶ ᠪᠠᠷ | ᠲᠦᠯᠬᠢᠨ ᠠᠬᠢᠭᠤᠯᠤᠨ᠎ᠠ᠃ ᠠᠨ ᠭᠦᠩ ᠦᠨᠳᠦᠷ ᠬᠤᠷᠳᠤᠴᠠᠲᠤ ᠵᠠᠰᠠᠮᠠᠯ ᠵᠠᠮ ᠢ ᠳᠡᠪᠢᠰᠬᠦ ᠠᠵᠢᠯ ᠤᠨ ᠣᠷᠣᠭᠰᠢᠳᠠᠢ | ᠶᠠᠪᠤᠭᠳᠠᠬᠤ ᠶᠢ ᠪᠠᠳᠣᠯᠠᠨ᠎ᠠ᠃ ᠲᠠᠶᠢᠽᠢ ᠴᠧᠩ ᠠᠴᠠ ᠰᠢᠯᠢᠩᠬᠤᠲᠠ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠬᠤ | ᠥᠭᠡᠷᠡᠴᠢᠯᠡᠯᠲᠡ ᠶᠢᠨ ᠢᠵᠢ ᠲᠦᠭᠦᠷᠴᠢᠯᠡᠭᠰᠡᠨ ᠴᠠᠬᠢᠯᠭᠠᠨ ᠲᠣᠣᠷ ᠤᠨ ᠪᠦᠳᠦᠭᠡᠨ ᠪᠠᠶᠢᠭᠤᠯᠤᠯᠳᠠ ᠶᠢ ᠴᠠᠭ ᠲᠤᠬᠠᠢ ᠳᠤᠨᠢ | ᠳᠠᠭᠤᠰᠬᠠᠬᠤ ᠶᠢ ᠪᠠᠲᠤᠯᠠᠵᠤ᠂ ᠲᠠᠶᠢᠽᠢ ᠴᠧᠩ ᠠᠴᠠ ᠰᠢᠯᠢᠩᠬᠤᠲᠠ ᠬᠦᠷᠬᠦ ᠲᠡᠮᠦᠷ ᠵᠠᠮ ᠤᠨ ᠪᠦᠲᠦᠭᠡᠨ ᠪᠠᠶᠢᠭᠤᠯᠤᠯᠲᠠ | ᠶᠢᠨ ᠲᠥᠰᠥᠯ ᠢ ᠤᠷᠤᠭᠰᠢᠲᠠᠢ ᠠᠬᠢᠭᠤᠯᠵᠤ᠂ ᠰᠢᠯᠤᠭᠤᠨ ᠬᠥᠬᠡ ᠬᠤᠰᠢᠭᠤ ᠥᠷᠲᠡᠭᠡ᠂ ᠰᠠᠩ ᠤᠨ ᠳᠠᠯᠠᠢ ᠥᠷᠲᠡᠭᠡ᠂ | ᠰᠠᠩ ᠤᠨ ᠳᠠᠯᠠᠢ ᠬᠤᠶᠢᠲᠤ ᠥᠷᠳᠡᠭᠡᠨ ᠤ ᠠᠭᠤᠳᠠᠮ ᠲᠠᠯᠠᠪᠠᠢ ᠶᠢᠨ ᠪᠠᠷᠢᠯᠭ᠎ᠠ ᠶᠢᠨ ᠡᠬᠢᠨ ᠤ ᠬᠤᠭᠤᠴᠠᠭᠠᠨ ᠤ ᠠᠵᠢᠯ ᠢ | ᠪᠡᠶᠡᠯᠡᠭᠦᠯᠵᠦ᠂ ᠵᠢᠯ ᠤᠨ ᠳᠣᠲᠣᠷ᠎ᠠ ᠪᠦᠬᠦᠨ ᠢ ᠠᠵᠢᠯ ᠡᠬᠢᠯᠡᠭᠦᠯᠬᠦ ᠪᠠᠷ ᠴᠢᠷᠮᠠᠶᠢᠨ᠎ᠠ᠃ ᠵᠠᠩᠪᠸᠢ ᠠᠴᠠ ᠢᠯᠠᠯᠲᠠ ᠬᠦᠷᠬᠦ | 1000 ᠺᠢᠯᠣᠸᠠᠲ ᠤᠨ ᠣᠨᠴᠠ ᠥᠨᠳᠥᠷ ᠬᠦᠴᠦᠳᠡᠯᠲᠦ ᠢᠨᠵᠧᠨᠧᠷᠢᠩ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ | ᠴᠢᠬᠤᠯᠠ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠰᠥᠯ ᠤᠨ ᠤᠷᠤᠭᠰᠢᠲᠠᠢ ᠬᠡᠷᠡᠭᠵᠢᠭᠦᠯᠦᠭᠳᠡᠬᠦ | ᠶᠢ ᠦᠨᠡᠨᠬᠦ ᠪᠠᠲᠤᠯᠠᠨ᠎ᠠ᠃ | ︵ᠲᠠᠪᠤ︶ ᠴᠢᠨᠠᠷᠯᠢᠭ ᠮᠥᠷᠲᠡᠭᠡᠨ ᠲᠡᠩᠴᠡᠭᠦᠷᠢᠲᠡᠶ ᠪᠠᠶᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷᠯᠢᠭ ᠬᠥᠭᠵᠢᠯᠲᠡ | ᠶᠢᠨ ᠦᠷ᠎ᠡ ᠪᠦᠳᠦᠮᠵᠢ ᠶᠢ ᠬᠠᠮᠲᠤ ᠪᠠᠷ ᠡᠳ᠋ᠯᠡᠨ᠎ᠡ | ᠰᠤᠷᠭᠠᠨ ᠬᠥᠮᠦᠵᠢᠯ ᠤᠨ ᠦᠢᠯᠡᠰ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠨ᠎ᠠ᠃ ᠰᠤᠷᠭᠠᠭᠤᠯᠢ ᠶᠢᠨ ᠬᠠᠮᠢᠶᠠᠷᠤᠯᠲᠠ ᠶᠢ | ᠴᠢᠩᠭᠠᠳᠬᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠢ ᠢᠯᠡ ᠪᠠᠷ ᠥᠷᠢᠰᠥᠯᠳᠦᠭᠦᠯᠦᠨ ᠤᠷᠢᠬᠤ ᠲᠣᠭᠲᠠᠴᠠ ᠶᠢ | ᠬᠡᠷᠡᠭᠵᠢᠭᠦᠯᠵᠦ᠂ ᠭᠠᠳᠠᠨ᠎ᠠ ᠠᠴᠠ ᠰᠢᠯᠢᠳᠡᠭ ᠵᠠᠬᠢᠷᠤᠯ ᠤᠷᠢᠨ ᠬᠡᠷᠡᠭᠯᠡᠬᠦ ᠲᠤᠷᠰᠢᠯᠲᠠ ᠶᠢᠨ ᠴᠡᠭ ᠤᠨ ᠰᠤᠷᠭᠠᠭᠤᠯᠢ ᠶᠢ | ᠳᠣᠭᠲᠠᠭᠠᠵᠤ᠂ ᠰᠢᠯᠢᠳᠡᠭ ᠤᠨ ᠳᠣᠲᠣᠷ᠎ᠠ ᠠᠴᠠ ᠰᠢᠯᠢᠳᠡᠭ ᠢ ᠨᠢ ᠰᠣᠩᠭᠤᠬᠤ᠂ ᠴᠢᠳᠠᠪᠤᠷᠢᠲᠠᠨ ᠢ ᠤᠷᠢᠨ ᠬᠡᠷᠡᠭᠯᠡᠬᠦ ᠵᠡᠷᠭᠡ | ᠠᠷᠭ᠎ᠠ ᠬᠡᠯᠪᠡᠷᠢ ᠪᠠᠷ ᠳᠠᠮᠵᠢᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠤᠳᠤᠷᠢᠳᠬᠤ ᠪᠠᠭ ᠢ ᠰᠢᠯᠢᠳᠡᠭᠵᠢᠭᠦᠯᠦᠨ | ᠴᠢᠩᠭᠠᠳᠬᠠᠨ᠎ᠠ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠵᠦ᠂ ︽ | ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠤᠨ᠂ ᠪᠠᠭᠰᠢ ᠶᠢᠨ ᠵᠢᠭᠠᠨ | ᠰᠤᠷᠭᠠᠯᠲᠠ ᠪᠠ ᠰᠤᠳᠤᠯᠭᠠᠨ ᠤ ᠴᠢᠳᠠᠪᠤᠷᠢ ᠶᠢ ᠴᠢᠩᠭᠠᠳᠬᠠᠵᠤ᠂ ᠵᠢᠭᠠᠨ ᠰᠤᠷᠭᠠᠯᠲᠠ ᠶᠢᠨ ᠰᠤᠳᠤᠯᠭᠠᠨ ᠤ ᠡᠩᠨᠡᠭᠡᠨ ᠤ | ᠪᠠᠶᠢᠭᠤᠯᠤᠯᠲᠠ ᠶᠢ ᠤᠯᠠᠮ ᠰᠢᠯᠢᠳᠡᠭᠵᠢᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠪᠠᠭᠰᠢ ᠶᠢᠨ | ᠬᠡᠪ ᠪᠤᠯᠪᠠᠰᠤᠷᠠᠯ ᠤᠨ ᠪᠠᠶᠢᠭᠤᠯᠤᠯᠲᠠ ᠪᠠ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠦᠷᠭᠦᠯᠵᠢᠯᠡᠨ | ᠴᠢᠩᠭᠠᠷᠠᠭᠤᠯᠵᠤ᠂ ᠪᠠᠭᠰᠢ ᠶᠢᠨ ᠠᠵᠢᠯ ᠤᠨ ᠪᠦᠲᠦᠮᠵᠢ ᠶᠢ ᠬᠢᠨᠠᠨ ᠳᠣᠭᠳᠠᠭᠠᠬᠤ ᠲᠦᠷᠢᠮ ᠤᠨ ᠪᠠᠶᠢᠭᠤᠯᠤᠯᠲᠠ ᠶᠢ | ᠲᠡᠭᠦᠯᠳᠡᠷᠵᠢᠭᠦᠯᠦᠨ᠂ ︽ᠪᠠᠭᠰᠢ ᠨᠠᠷ ᠤᠨ ᠬᠠᠮᠳᠤᠷᠠᠯᠴᠠᠭ᠎ᠠ︾ ᠵᠡᠷᠭᠡ ᠬᠡᠯᠪᠡᠷᠢ ᠪᠠᠷ ᠰᠢᠯᠢᠳᠡᠭ ᠪᠠᠭᠰᠢ ᠶᠢᠨ ᠵᠢᠱᠢᠶ᠎ᠡ | ᠦᠵᠡᠭᠦᠯᠦᠨ ᠳᠠᠶᠢᠴᠢᠯᠠᠬᠤ ᠦᠶᠯᠡᠳᠦᠯ ᠢ ᠦᠨᠡᠨᠬᠦ ᠪᠠᠳᠠᠷᠠᠭᠤᠯᠤᠨ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ᠲᠡᠷᠢᠭᠦᠨ ᠤ ᠬᠤᠰᠢᠭᠤ ᠰᠢᠶᠠᠨ ᠯᠤᠭ᠎ᠠ ᠰᠣᠯᠢᠯᠴᠠᠨ ᠰᠤᠷᠤᠯᠴᠠᠬᠤ ᠡᠷᠴᠢᠮ ᠢᠶᠠᠨ | ᠴᠢᠩᠭᠠᠷᠠᠭᠤᠯᠵᠤ᠂ ᠣᠷᠣᠨ ᠪᠦᠰᠡ ᠪᠠᠷ ᠵᠠᠯᠭᠠᠯᠳᠤᠭᠰᠠᠨ ᠵᠢᠭᠠᠬᠤ ᠶᠢ ᠰᠤᠳᠤᠯᠬᠤ ᠠᠵᠢᠯᠯᠠᠭ᠎ᠠ ᠶᠢ ᠰᠠᠶᠢᠲᠤᠷ ᠥᠷᠨᠢᠭᠦᠯᠦᠨ᠂ | ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠳᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ | ᠠᠬᠢᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠢ | ᠰᠢᠯᠢᠳᠡᠭᠵᠢᠭᠦᠯᠦᠨ᠂ ᠤᠯᠤᠰ ᠠᠴᠠ ᠬᠥᠮᠦᠵᠢᠭᠦᠯᠬᠦ ᠲᠥᠯᠥᠪᠯᠡᠭᠡ ᠶᠢᠨ ᠡᠳ᠋ ᠮᠥᠩᠭᠦ ᠪᠠᠷ ᠲᠥᠰᠥᠯ ᠢ ᠰᠠᠶᠢᠲᠤᠷ ᠬᠡᠷᠡᠭᠯᠡᠵᠦ᠂ | ᠪᠠᠭᠰᠢ ᠨᠠᠷ ᠲᠤ ᠪᠤᠯᠪᠠᠰᠤᠷᠠᠯ ᠬᠦᠷᠳᠡᠭᠡᠬᠦ ᠨᠣᠷᠮ᠎ᠠ ᠶᠢ 100 % ᠳᠤ ᠬᠦᠷᠭᠡᠨ᠎ᠡ᠃ ᠨᠠᠷᠠᠲᠤ ᠪᠠᠭᠰᠢ ᠶᠢᠨ ᠠᠵᠢᠯ ᠤᠨ | ᠲᠠᠰᠤᠭ 10 ᠶᠢ ᠪᠠᠶᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ16 ᠪᠠᠭᠰᠢ᠂ ᠬᠡᠦᠬᠡᠳ ᠤᠨ ᠴᠡᠴᠡᠷᠯᠢᠭ ᠤᠨ62 | ᠪᠠᠭᠰᠢ ᠡᠯᠰᠡᠨ᠎ᠡ᠃ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠥᠰᠥᠭ ᠪᠢᠴᠢᠭ ᠤᠨ ᠬᠡᠷᠡᠭᠯᠡᠯᠲᠡ ᠶᠢ ᠴᠢᠩᠭᠠᠳᠬᠠᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ | ᠤᠨ ᠠᠶᠢᠮᠠᠭ ᠤᠨ ᠲᠠᠰ ᠤᠨ ᠵᠢᠱᠢᠶ᠎ᠡ ᠦᠵᠡᠭᠦᠯᠬᠦ ᠰᠤᠷᠭᠠᠭᠤᠯᠢ 3 ᠶᠢ ᠡᠭᠦᠳᠦᠨ ᠪᠠᠶᠢᠭᠤᠯᠤᠨ᠎ᠠ᠃ ᠰᠤᠷᠭᠠᠭᠤᠯᠢ ᠡᠷᠬᠢᠯᠡᠬᠦ | ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠭᠤᠷᠪᠠᠳᠤᠭᠠᠷ ᠬᠡᠦᠬᠡᠳ ᠤᠨ ᠴᠡᠴᠡᠷᠯᠢᠭ ᠢ ᠥᠷᠭᠡᠳᠬᠡᠨ ᠪᠠᠶᠢᠭᠤᠯᠬᠤ᠂ | ᠰᠠᠩ ᠤᠨ ᠳᠠᠯᠠᠢ ᠬᠡᠦᠬᠡᠳ ᠤᠨ ᠴᠡᠴᠡᠷᠯᠢᠭ ᠤᠨ ᠰᠢᠨ᠎ᠡ ᠪᠠᠷ ᠪᠠᠶᠢᠭᠤᠯᠬᠤ ᠲᠥᠰᠥᠯ ᠤᠨ ᠪᠠᠷᠢᠯᠭ᠎ᠠ ᠳᠠᠭᠤᠰᠴᠤ ᠠᠰᠢᠭᠯᠠᠯᠲᠠ | ᠳᠤ ᠣᠷᠣᠬᠤ ᠶᠢ ᠪᠠᠲᠤᠯᠠᠵᠤ᠂ ᠭᠤᠷᠪᠠᠳᠤᠭᠠᠷ ᠪᠠᠭ᠎ᠠ ᠰᠤᠷᠭᠠᠭᠤᠯᠢ ᠶᠢᠨ ᠨᠡᠭᠦᠯᠭᠡᠨ ᠪᠠᠶᠢᠭᠤᠯᠬᠤ ᠲᠥᠷᠥᠯ ᠵᠦᠢᠯ᠂ | ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠡᠷᠦᠩᠬᠡᠶᠢᠯᠡᠭᠰᠡᠨ ᠠᠰᠠᠷ ᠵᠢᠴᠢ ᠬᠤᠭᠤᠯᠠᠨ ᠭᠡᠷ ᠤᠨ | ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠥᠷᠭᠡᠳᠬᠡᠨ | ᠪᠠᠶᠢᠭᠤᠯᠬᠤ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ 15 ᠳᠤᠮᠳᠠᠳᠤ ᠪᠠᠭ᠎ᠠ | ᠰᠤᠷᠭᠠᠭᠤᠯᠢ ᠂ ᠬᠡᠦᠬᠡᠳ ᠤᠨ ᠴᠡᠴᠡᠷᠯᠢᠭ ᠤᠨ ᠭᠠᠯ ᠰᠡᠷᠭᠡᠶᠢᠯᠡᠬᠦ ᠲᠦᠬᠦᠭᠡᠷᠦᠮᠵᠢ ᠶᠢᠨ ᠴᠡᠭᠴᠡᠯᠡᠯᠲᠡ ᠪᠠ ᠬᠢᠨᠠᠨ ᠰᠢᠯᠭᠠᠯᠲᠠ | ᠶᠢ ᠪᠡᠶᠡᠯᠡᠭᠦᠯᠵᠦ᠂ ᠰᠤᠷᠭᠠᠭᠤᠯᠢ ᠶᠢᠨ ᠠᠮᠤᠷ ᠲᠦᠪᠰᠢᠨ ᠤ ᠳᠠᠯᠳᠠ ᠭᠡᠮ ᠢ ᠦᠨᠡᠨᠬᠦ ᠠᠷᠢᠯᠭᠠᠨ᠎ᠠ᠃ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠠᠩ ᠰᠠᠶᠢᠲᠤᠷ ᠨᠢᠭᠡᠳᠦᠯᠲᠡᠶ | ᠲᠥᠯᠥᠪᠵᠢᠭᠦᠯᠵᠦ᠂ ᠰᠢᠨ᠎ᠡ ᠲᠢᠲᠢᠮᠯᠢᠭ ᠠᠭᠤᠰᠬᠢᠨ ᠥᠷᠪᠢᠰᠦᠯ ᠢ ᠰᠡᠷᠭᠡᠶᠢᠯᠡᠬᠦ ︽ ᠠᠷᠪᠠᠨ ᠰᠢᠨ᠎ᠡ ᠲᠤᠭᠳᠠᠭᠠᠯ︾ ᠪᠠ ︽ | ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ ︾ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠠᠶᠢᠲᠤᠷ | ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠰᠠᠶᠢᠲᠤᠷ | ᠪᠠᠲᠤᠯᠠᠵᠤ᠂ ᠸᠠᠺᠼᠢᠨ ᠤ ᠲᠠᠷᠢᠯᠭ᠎ᠠ ᠬᠢᠬᠦ ᠪᠠ ᠡᠮᠴᠢᠯᠡᠭᠡ ᠪᠠᠷ ᠠᠪᠤᠷᠠᠨ ᠵᠠᠰᠠᠬᠤ ᠠᠵᠢᠯ ᠢ ᠰᠠᠶᠢᠲᠤᠷ ᠬᠢᠵᠦ᠂ | ᠨᠠᠰᠤᠲᠠᠶᠢᠴᠤᠳ ᠪᠣᠯᠤᠨᠠᠷᠬᠠᠭ ᠡᠪᠡᠳᠴᠢᠨ ᠲᠠᠢ ᠬᠦᠮᠦᠰ ᠤᠨ ᠰᠡᠷᠭᠡᠶᠢᠯᠡᠯᠳᠡ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ | ᠠᠳᠬᠤᠵᠤ᠂ ᠡᠷᠡᠭᠦᠯ ᠮᠡᠨᠳᠦ ᠶᠢ ᠪᠠᠲᠤᠯᠠᠵᠤ᠂ ᠬᠦᠨᠳᠦ ᠡᠪᠡᠳᠴᠢᠨ ᠢ ᠰᠡᠷᠭᠡᠶᠢᠯᠡᠨ᠎ᠡ᠃ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ | ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠶᠡᠷᠦᠩᠬᠡᠶᠢᠯᠡᠭᠰᠡᠨ | ᠲᠤᠷᠰᠢᠯᠲᠠ ᠶᠢᠨ ᠠᠰᠠᠷ᠂ ᠬᠤᠰᠢᠭᠤ ᠡᠮᠨᠡᠯᠭᠡ ᠶᠢᠨ ᠬᠤᠷᠢᠶᠠᠨ ᠤ ᠲᠦᠷᠭᠡᠨ ᠡᠮᠴᠢᠯᠡᠭᠡᠨ ᠤ ᠶᠡᠷᠦᠩᠬᠡᠶᠢᠯᠡᠭᠰᠡᠨ ᠠᠰᠠᠷ ᠢ | ᠠᠰᠢᠭᠯᠠᠯᠲᠠ ᠳᠤ ᠣᠷᠣᠭᠤᠯᠤᠨ᠂ ᠣᠶᠤᠨᠴᠢᠯᠠᠭᠰᠠᠨ ᠡᠮᠨᠡᠯᠭᠡ ᠶᠢᠨ ᠬᠤᠷᠢᠶᠠᠨ ᠤ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠰᠥᠭᠡᠷᠭᠦ ᠳᠠᠷᠤᠯᠲᠠᠲᠤ ᠲᠦᠷᠭᠡᠨ ᠠᠪᠤᠷᠠᠯᠳᠠ ᠶᠢᠨ ᠲᠡᠷᠭᠡ ᠪᠠ ᠪᠠᠴᠢᠮ ᠪᠠᠶᠢᠳᠠᠯ ᠢ ᠠᠷᠭᠠᠴᠠᠬᠤ | ᠡᠮᠴᠢᠯᠡᠭᠡᠨ ᠤ ᠲᠥᠬᠦᠭᠡᠷᠦᠮᠵᠢ ᠬᠤᠳᠠᠯᠳᠤᠨ ᠠᠪᠴᠤ᠂ ᠡᠳᠦᠷ ᠲᠤᠲᠤᠮ ᠤᠨ ᠲᠦᠷᠭᠡᠨ ᠠᠪᠤᠷᠠᠯᠳᠠ᠂ ᠭᠡᠨᠡᠳᠲᠡ ᠶᠢᠨ ᠬᠡᠷᠡᠭ | ᠤᠨ ᠪᠠᠴᠢᠮ ᠡᠮᠴᠢᠯᠡᠭᠡᠨ ᠤ ᠠᠪᠤᠷᠠᠨ ᠲᠤᠰᠠᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠮᠴᠢᠯᠡᠭᠡᠨ ᠤ ᠬᠠᠮᠲᠤ ᠶᠢᠨ | ᠴᠣᠭᠴᠠ ᠶᠢᠨ ᠲᠠᠪᠴᠠᠩ ᠢ ᠪᠠᠶᠢᠭᠤᠯᠵᠤ᠂ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠶᠢᠨ ᠨᠢᠭᠲᠠ | ᠤᠶᠠᠯᠳᠤᠭᠰᠠᠨ ᠥᠭᠡᠷᠡᠴᠢᠯᠡᠯᠲᠡ ᠶᠢ ᠳᠠᠶᠢᠴᠢᠯᠠᠨ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤ | ᠳᠠᠰᠢ ᠬᠡᠯᠪᠡᠶᠢᠯᠭᠡᠵᠦ᠂ ᠡᠮᠴᠢᠯᠡᠭᠡ᠂ ᠰᠠᠴᠤᠷᠠᠭ ᠭᠡᠷᠡᠯ ᠤᠨ ᠪᠠᠶᠢᠴᠠᠭᠠᠯᠲᠠ ᠵᠡᠷᠭᠡ ᠲᠠᠯ᠎ᠠ ᠶᠢᠨ ᠲᠤᠰᠬᠠᠶ ᠮᠡᠷᠭᠡᠵᠢᠯ ᠤᠨ | ᠠᠵᠢᠯᠲᠠᠨ 9 ᠶᠢ ᠡᠯᠰᠡᠨ᠂ ᠬᠤᠰᠢᠭᠤ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ ᠨᠢ ᠡᠳᠦᠷ ᠪᠦᠷᠢ ᠡᠯ᠎ᠡ | ᠰᠤᠮᠤ ᠪᠠᠯᠭᠠᠰᠤ ︵ᠲᠠᠯᠠᠪᠠᠶ︶ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠳᠤ ᠡᠮᠴᠢ ᠲᠣᠮᠢᠯᠠᠨ ᠣᠨᠣᠰᠢᠯᠠᠭᠤᠯᠵᠤ᠂ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ | ᠳᠡᠭᠡᠭᠰᠢᠯᠡᠭᠦᠯᠦᠨ᠂ ᠣᠯᠠᠨ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠪᠠᠲᠤᠯᠠᠨ᠎ᠠ᠃ | ᠬᠢᠲᠠᠳ ᠮᠣᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠮᠣᠩᠭᠤᠯ ᠡᠮᠨᠡᠯᠭᠡ ᠶᠢᠨ ᠬᠤᠷᠢᠶ᠎ᠠ ᠶᠢᠨ | ︽ᠡᠪᠡᠳᠴᠢᠨ ᠢ ᠰᠡᠷᠭᠡᠶᠢᠯᠡᠬᠦ ᠰᠠᠯᠠᠭ᠎ᠠ︾ ︽ᠡᠷᠡᠭᠦᠯᠵᠢᠭᠦᠯᠬᠦ ᠰᠠᠯᠠᠭ᠎ᠠ︾ ᠪᠠ ᠬᠤᠰᠢᠭᠤ ᠡᠮᠨᠡᠯᠭᠡ ᠶᠢᠨ ᠬᠤᠷᠢᠶ᠎ᠠ ᠶᠢᠨ ︽ | ᠬᠢᠲᠠᠳ ᠧᠦ᠋ᠷᠣᠫᠠ ᠡᠮᠨᠡᠯᠭᠡ ᠶᠢᠨ ᠰᠠᠯᠠᠭ᠎ᠠ︾ ᠵᠡᠷᠭᠡ ᠣᠨᠴᠠᠯᠢᠭᠲᠤ ᠳᠠᠪᠠᠭᠤᠯᠢᠭ ᠲᠤᠰᠬᠠᠶ ᠰᠠᠯᠠᠭᠠᠨ ᠤ ᠪᠠᠶᠢᠭᠤᠯᠤᠯᠲᠠ ᠶᠢ | ᠠᠬᠢᠭᠤᠯᠵᠤ᠂ ᠬᠠᠪᠢᠷᠭ᠎ᠠ ᠡᠷᠡᠭᠦᠯ ᠬᠠᠮᠠᠭᠠᠯᠠᠯ ᠤᠨ ᠬᠤᠷᠢᠶ᠎ᠠ᠂ ᠪᠣᠷᠣᠬᠤᠲᠠ ᠡᠷᠡᠭᠦᠯ ᠬᠠᠮᠠᠭᠠᠯᠠᠯ ᠤᠨ ᠬᠤᠷᠢᠶ᠎ᠠ᠂ ᠲᠠᠪᠦ ᠨᠢᠭᠡ | ᠮᠠᠯᠵᠢᠯ ᠤᠨ ᠲᠠᠯᠠᠪᠠᠢ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠬᠢᠲᠠᠳ ᠡᠮᠨᠡᠯᠭᠡ ᠶᠢᠨ ᠲᠠᠰᠤᠭ ᠤᠨ ᠪᠠᠷᠢᠮᠵᠢᠶ᠎ᠠ ᠪᠠᠨ | ᠳᠡᠭᠡᠭᠰᠢᠯᠡᠭᠦᠯᠦᠨ ᠴᠢᠳᠠᠮᠵᠢ ᠪᠠᠨ ᠥᠷᠭᠡᠳᠬᠡᠬᠦ ᠶᠢ ᠠᠬᠢᠭᠤᠯᠤᠨ᠎ᠠ᠃ ᠡᠷᠡᠭᠦᠯ ᠡᠩᠬᠡ ᠰᠢᠯᠤᠭᠤᠨ ᠬᠥᠬᠡ ᠬᠤᠰᠢᠭᠤ ᠶᠢ | ᠪᠠᠶᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠬᠥᠳᠡᠯᠭᠡᠭᠡᠨ ᠢ ᠥᠷᠭᠡᠨ ᠢᠶᠠᠷ ᠥᠷᠨᠢᠭᠦᠯᠵᠦ᠂ ᠠᠷᠢᠭᠤᠨ ᠴᠡᠪᠡᠷ ᠬᠤᠲᠠ ᠪᠠᠯᠭᠠᠰᠤ ᠶᠢ ᠡᠭᠦᠳᠦᠨ ᠪᠠᠶᠢᠭᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ | ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠠᠩᠭᠠᠯᠭ᠎ᠠ ᠶᠢ ᠪᠠᠲᠤᠯᠠᠨ᠎ᠠ᠃ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠥᠪ᠂ ᠱᠠᠩᠳᠤ ᠪᠡᠶ᠎ᠡ ᠲᠠᠮᠢᠷ ᠤᠨ ᠴᠡᠴᠡᠷᠯᠢᠭ᠂ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ᠂ ᠲᠠᠪᠦ ᠨᠢᠭᠡ | ᠮᠠᠯᠵᠢᠯ ᠤᠨ ᠲᠠᠯᠠᠪᠠᠢ ᠶᠢᠨ ᠮᠢᠩᠳᠧᠯᠠ ᠰᠦᠮ᠎ᠡ ᠶᠢᠨ ᠲᠡᠦᠬᠡ ᠰᠣᠶᠣᠯ ᠤᠨ ᠲᠥᠷᠥᠯ ᠵᠦᠢᠯ ᠢ ᠠᠬᠢᠭᠤᠯᠵᠤ᠂ ᠮᠢᠩᠳᠧᠯᠠ | ᠰᠦᠮ᠎ᠡ ᠶᠢ ᠰᠡᠯᠪᠢᠨ ᠵᠠᠰᠠᠬᠤ ᠪᠠ ᠰᠧ ᠯᠠᠩ ᠴᠧᠩ ᠬᠤᠲᠠ ᠶᠢᠨ ᠡᠷᠲᠡᠨ ᠤ ᠬᠤᠲᠠ ᠶᠢᠨ ᠬᠠᠮᠠᠭᠠᠯᠠᠯᠳᠠ ᠶᠢᠨ | ᠢᠨᠵᠧᠨᠧᠷᠢᠩ ᠢ ᠬᠡᠷᠡᠭᠵᠢᠭᠦᠯᠵᠦ᠂ ᠴᠠᠬᠠᠷ ᠠᠶᠢᠮᠠᠭ ᠤᠨ ᠨᠢᠭᠡᠳᠦᠭᠡᠷ ᠨᠠᠮ ᠤᠨ ᠡᠭᠦᠷ ᠤᠨ ᠳᠤᠷᠠᠰᠬᠠᠯ ᠤᠨ ᠣᠷᠳᠣᠨ᠂ | ᠮᠢᠩᠳᠧᠯᠠ ᠰᠦᠮ᠎ᠡ ᠶᠢᠨ ᠪᠠᠭᠤᠷᠢ ᠶᠢ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ | ᠨᠢᠭᠡᠴᠡ ᠪᠠᠷ ᠮᠡᠳᠡᠭᠦᠯᠬᠦ ᠶᠢ ᠠᠬᠢᠭᠤᠯᠤᠨ᠎ᠠ᠃ ᠤᠯᠠᠭᠠᠨᠮᠥ᠋ᠴᠢᠷ ᠤᠨ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ | ᠤᠨ ᠬᠥᠩᠭᠡᠨ ᠮᠣᠷᠢᠲᠤ ᠴᠡᠷᠢᠭ ᠤᠨ ᠦᠶᠯᠡᠳᠦᠯ ᠢ ᠰᠠᠶᠢᠲᠤᠷ ᠪᠠᠳᠠᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠤᠬᠠᠭᠤᠯᠬᠤ ᠶᠢᠨ ᠬᠠᠮᠲᠤ᠂ ᠮᠠᠯᠵᠢᠬᠤ ᠲᠠᠷᠢᠶᠠᠯᠠᠬᠤ ᠣᠷᠣᠨ᠂ ᠦᠨᠳᠦᠰᠦᠨ ᠱᠠᠲᠤᠨ ᠳᠤ | ᠭᠦᠨᠵᠡᠭᠡᠶᠢᠷᠡᠨ 100 ᠲᠠᠯᠠᠪᠠᠶ ᠠᠴᠠ ᠳᠡᠭᠡᠭᠰᠢ ᠤᠳᠠᠭ᠎ᠠ ᠲᠣᠭᠯᠠᠯᠲᠠ ᠭᠠᠷᠭᠠᠵᠤ᠂ ᠳᠠᠭᠤᠯᠠᠯᠲᠤ ᠵᠦᠴᠦᠭᠡ ︽ᠬᠤᠯᠠᠨ | ᠰᠢᠷᠭ᠎ᠠ︾ ᠵᠡᠷᠭᠡ ᠰᠣᠶᠣᠯ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠨ᠎ᠡ᠃ ᠪᠣᠳᠠᠰ ᠤᠨ ᠪᠤᠰᠤ ᠰᠣᠶᠣᠯ ᠤᠨ | ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠰᠢᠷ᠎ᠠ ᠲᠠᠯ᠎ᠠ ᠶᠢᠨ ᠡᠷᠲᠡᠨ ᠤ ᠲᠡᠦᠬᠡ ᠶᠢ ᠬᠠᠶᠢᠨ ᠰᠢᠨᠵᠢᠬᠦ | ᠶᠠᠪᠠᠭᠠᠨ ᠠᠯᠬᠤᠬᠤ ᠤᠷᠤᠯᠳᠤᠭᠠᠨ᠂ ᠠᠭᠤᠳᠠᠮ ᠲᠠᠯᠠᠪᠠᠶ ᠶᠢᠨ ᠪᠥᠵᠢᠭ ᠤᠨ ᠤᠷᠤᠯᠳᠤᠭᠠᠨ ᠵᠡᠷᠭᠡ ᠣᠯᠠᠨ ᠲᠦᠮᠡᠨᠴᠢ | ᠴᠢᠨᠠᠷᠲᠠᠶ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠤᠲᠠ ᠬᠥᠳᠡᠭᠡ ᠶᠢᠨ | ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ | ᠲᠦᠷᠭᠡᠳᠬᠡᠨ᠂ ᠨᠣᠮ ᠤᠨ ᠰᠠᠩ ᠤᠨ ᠬᠤᠪᠢᠶᠠᠷᠢ ᠦᠷᠦᠭᠡ ᠪᠠᠶᠢᠭᠤᠯᠬᠤ ᠳᠦᠷᠢᠮ ᠢ ᠬᠡᠷᠡᠭᠵᠢᠭᠦᠯᠵᠦ᠂ ᠳᠥᠷᠪᠡᠨ ᠰᠤᠮᠤ | ᠪᠠᠯᠭᠠᠰᠤ᠂ ᠨᠡᠶᠢᠭᠡᠮ ᠲᠣᠭᠤᠷᠢᠭ ᠲᠤ ᠬᠤᠪᠢᠶᠠᠷᠢ ᠦᠷᠦᠭᠡ ᠰᠢᠨ᠎ᠡ ᠪᠠᠷ ᠪᠠᠶᠢᠭᠤᠯᠵᠤ᠂ ᠶᠡᠷᠦᠩᠬᠡᠢ ᠨᠣᠮ ᠤᠨ ᠰᠠᠩ ᠪᠠ | ᠬᠤᠪᠢᠶᠠᠷᠢ ᠨᠣᠮ ᠤᠨ ᠦᠷᠦᠭᠡ ᠶᠢᠨ ᠨᠣᠮ ᠵᠢᠭᠡᠯᠡᠵᠦ ᠪᠤᠴᠠᠭᠠᠬᠤ ᠶᠢ ᠨᠢᠭᠡᠳᠦᠯᠵᠢᠭᠦᠯᠵᠦ᠂ ᠤᠷᠢᠳᠴᠢᠯᠠᠨ ᠪᠣᠯᠵᠣᠵᠤ ᠨᠣᠮ | ᠤᠩᠰᠢᠬᠤ ᠶᠢ ᠪᠡᠶᠡᠯᠡᠭᠦᠯᠦᠨ᠎ᠡ᠃ ᠬᠠᠮ ᠵᠠᠭᠤᠴᠢᠯᠠᠭᠤᠷ ᠤᠨ ᠰᠣᠨᠢᠨ ᠮᠡᠳᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ | ᠰᠡᠯᠭᠦᠭᠡ ᠳᠠᠪᠲᠠᠮᠵᠢᠲᠤ ᠷᠠᠳᠢᠣ᠋ ᠨᠡᠪᠲᠡᠷᠡᠭᠦᠯᠭᠡ ᠶᠢᠨ ᠰᠠᠴᠤᠷᠠᠭᠤᠯᠭ᠎ᠠ ᠶᠢ ᠰᠢᠨᠡᠳᠬᠡᠨ ᠰᠣᠯᠢᠬᠤ᠂ ᠭᠠᠵᠠᠷ ᠳᠡᠭᠡᠷᠡᠬᠢ | ᠲᠣᠭᠠᠴᠢᠯᠠᠭᠰᠠᠨ ᠲᠧᠯᠸᠢᠰ ᠵᠢᠴᠢ ᠰᠡᠯᠭᠦᠭᠡ ᠳᠠᠪᠲᠠᠮᠵᠢᠲᠤ ᠷᠠᠳᠢᠣ᠋ ᠨᠡᠪᠲᠡᠷᠡᠭᠦᠯᠭᠡ ᠶᠢᠨ ᠰᠤᠪᠤᠷᠭ᠎ᠠ ᠶᠢᠨ ᠬᠠᠮᠠᠭᠠᠯᠠᠯᠲᠠ ᠶᠢ | ᠠᠬᠢᠭᠤᠯᠵᠤ᠂ ᠷᠠᠳᠢᠣ᠋ ᠲᠧᠯᠸᠢᠰ ᠨᠡᠪᠲᠡᠷᠡᠭᠦᠯᠭᠡ ᠶᠢᠨ ᠠᠮᠤᠷ ᠲᠦᠪᠰᠢᠨ ᠵᠢᠴᠢ ᠬᠢᠨᠠᠨ ᠬᠠᠮᠢᠶᠠᠷᠬᠤ ᠪᠦᠬᠦᠯᠢ ᠴᠣᠭᠴᠠ ᠶᠢᠨ | ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠰᠢᠰᠲ᠋ᠧᠮ ᠢ ᠭᠦᠨᠵᠡᠭᠡᠶᠢᠷᠡᠭᠦᠯᠦᠨ᠎ᠡ᠃ ᠪᠥᠬᠦ ᠠᠷᠠᠳ ᠢᠶᠠᠷ ᠢᠶᠠᠨ | ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠲᠥᠪ ᠭᠤᠤᠯᠴᠢ ᠪᠥᠭᠡᠳ ᠵᠣᠬᠢᠰᠲᠠᠢ ᠡᠮᠴᠢᠯᠡᠭᠡᠨ ᠤ ᠳᠠᠭᠠᠳᠬᠠᠯ | ᠤᠨ ᠣᠯᠭᠤᠮᠵᠢ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠵᠢᠷᠤᠮᠵᠢᠭᠤᠯᠤᠨ ᠬᠡᠷᠡᠭᠵᠢᠭᠦᠯᠦᠨ᠎ᠡ᠃ ᠬᠦᠴᠢᠷᠳᠡᠯᠲᠡᠶ | ᠣᠯᠠᠨ ᠲᠦᠮᠡᠨ ᠤ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ 3800 ᠭᠠᠷᠤᠶ ᠡᠷᠦᠬᠡ ᠶᠢᠨ 6000 ᠭᠠᠷᠤᠶ ᠬᠥᠮᠦᠨ | ᠳᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠤᠯᠭᠤᠵᠦ᠂ 260 ᠬᠥᠮᠦᠨ ᠳᠤ ᠣᠨᠴᠠ ᠬᠦᠴᠢᠷᠳᠡᠯᠲᠡᠶ ᠶᠢ | ᠲᠤᠰᠠᠯᠠᠵᠤ ᠳᠡᠳᠭᠦᠨ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ᠎ᠠ᠃ ︽ᠦᠢᠯᠡᠰ ᠪᠣᠰᠬᠠᠵᠤ ᠰᠢᠨ᠎ᠡ ᠶᠢ ᠡᠭᠦᠳᠬᠦ︾ | ᠠᠵᠢᠯᠯᠠᠭ᠎ᠠ ᠶᠢ ᠯᠠᠪᠳᠠᠭᠤᠨ ᠥᠷᠨᠢᠭᠦᠯᠵᠦ᠂ ᠱᠠᠩᠳᠤ ᠪᠠᠯᠭᠠᠰᠤᠨ ᠤ ᠶᠡᠷᠦᠩᠬᠡᠶᠢᠯᠡᠭᠰᠡᠨ ᠵᠠᠬ᠎ᠠ ᠳᠡᠯᠭᠡᠭᠦᠷ ᠢ ᠠᠶᠢᠮᠠᠭ ᠤᠨ ᠲᠡᠰ | ᠤᠨ ᠦᠢᠯᠡᠰ ᠪᠣᠰᠬᠠᠬᠤ ᠵᠢᠱᠢᠶ᠎ᠡ ᠦᠵᠡᠭᠦᠯᠬᠦ ᠬᠦᠷᠢᠶᠡᠯᠡᠩ ᠪᠣᠯᠭᠠᠨ ᠪᠠᠶᠢᠭᠤᠯᠤᠨ᠎ᠠ᠃ ᠠᠵᠢᠯ ᠣᠯᠬᠤ ᠳᠤ ᠬᠦᠴᠢᠷᠲᠡᠶ | ᠬᠥᠮᠦᠰ ᠲᠤ ᠳᠠᠬᠢᠨ ᠠᠵᠢᠯ ᠣᠯᠭᠤᠬᠤ ᠡᠷᠴᠢᠮ ᠢᠶᠠᠨ ᠨᠡᠮᠡᠭᠳᠡᠭᠦᠯᠵᠦ᠂ ᠮᠡᠷᠭᠡᠵᠢᠯ ᠤᠨ ᠴᠢᠳᠠᠪᠤᠷᠢ ᠶᠢᠨ ᠪᠤᠯᠪᠠᠰᠤᠷᠠᠯ | ᠬᠦᠷᠳᠡᠭᠡᠬᠦ ᠬᠡᠪᠴᠢᠶ᠎ᠡ ᠶᠢ ᠥᠷᠭᠡᠳᠬᠡᠨ᠂ ᠬᠤᠲᠠ ᠪᠠᠯᠭᠠᠰᠤ ᠶᠢᠨ 800 ᠬᠥᠮᠦᠨ ᠳᠤ ᠰᠢᠨ᠎ᠡ ᠪᠠᠷ ᠠᠵᠢᠯ ᠣᠯᠭᠤᠬᠤ ᠶᠢ | ᠪᠡᠶᠡᠯᠡᠭᠦᠯᠵᠦ᠂ 5000 ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤ ᠶᠢᠨ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5 % ᠶᠢᠨ ᠳᠣᠲᠣᠷ᠎ᠠ ᠬᠢᠵᠠᠭᠠᠷᠯᠠᠨ᠎ᠠ᠃ ᠬᠥᠳᠡᠯᠮᠦᠷᠢᠴᠢᠳ ᠤᠨ | ᠡᠷᠬᠡ ᠠᠰᠢᠭ ᠤᠨ ᠪᠠᠲᠤᠯᠠᠭ᠎ᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠦᠷᠡᠭᠳᠡᠭᠰᠡᠨ ᠪᠠᠭᠠᠲᠤᠷᠴᠤᠳ ᠤᠨ ᠤᠩᠭᠤᠨ ᠤ | ᠬᠦᠷᠢᠶᠡᠯᠡᠩ ᠢ ᠥᠪᠡᠷᠲᠡᠭᠡᠨ ᠵᠠᠰᠠᠬᠤ ᠣᠷᠣᠨ ᠤ ᠲᠡᠰ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ | ᠵᠦᠢᠯᠡᠰ ᠢᠶᠠᠷ ᠮᠡᠳᠡᠭᠦᠯᠬᠦ ᠪᠠᠷ ᠢᠳᠡᠪᠬᠢᠯᠡᠨ ᠴᠢᠷᠮᠠᠶᠢᠨ᠎ᠠ ᠃ | ︵ᠵᠢᠷᠭᠤᠭ᠎ᠠ︶ ᠡᠭᠦᠷᠭᠡ ᠴᠢᠳᠠᠪᠬᠢ ᠪᠠᠨ ᠬᠤᠪᠢᠷᠠᠭᠤᠯᠬᠤ ᠶᠢ ᠡᠷᠬᠢᠮᠯᠡᠵᠦ᠂ ᠴᠢᠨᠠᠷᠯᠢᠭ ᠬᠥᠭᠵᠢᠯᠲᠡ ᠶᠢᠨ ᠬᠠᠷᠢᠭᠤᠴᠠᠯᠭ᠎ᠠ | ᠶᠢ ᠪᠣᠳᠠᠲᠠᠶᠢᠵᠢᠭᠤᠯᠤᠨ᠎ᠠ | ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠬᠤ ᠶᠢ | ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠶᠢᠮᠠᠭ ᠤᠨ ᠨᠠᠮ ᠤᠨ ᠬᠤᠷᠢᠶ᠎ᠠ᠂ | ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠩ | ᠲᠡᠷᠢᠭᠦᠨ ᠳᠤ ᠬᠡᠷᠡᠭᠵᠢᠭᠦᠯᠵᠦ᠂ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠨ᠂ ᠴᠢᠨᠠᠷ ᠰᠠᠶᠢᠲᠠᠶ ᠥᠨᠳᠥᠷ ᠪᠦᠲᠦᠮᠵᠢᠲᠡᠶ | ᠠᠬᠢᠭᠤᠯᠬᠤ ᠶᠢ ᠪᠠᠲᠤᠯᠠᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠵᠤ᠂ ︽ᠳᠣᠯᠤᠭ᠎ᠠ ᠶᠢ ᠲᠠᠶᠠᠭᠳᠠᠬᠤ ︾ ᠶᠢ ᠤᠬᠠᠮᠰᠠᠷ ᠠᠴᠠ ᠪᠠᠨ ᠪᠡᠶᠡᠯᠡᠭᠦᠯᠵᠦ᠂ ᠥᠷᠭᠡᠨ ᠣᠯᠠᠨ ᠺᠠᠳ᠋ᠷ ᠢ | ᠬᠥᠲᠥᠯᠥᠨ ᠵᠢᠯᠣᠭᠤᠳᠴᠤ ᠪᠠᠶᠢᠭᠠᠳ ︽ᠢᠳᠡᠪᠬᠢᠳᠡᠢ ᠬᠦᠳᠡᠯᠦᠯᠴᠡᠵᠦ᠂ ᠰᠢᠷᠭᠠᠭᠤ ᠠᠵᠢᠯᠯᠠᠵᠦ᠂ ᠮᠡᠷᠡᠶᠢᠨ ᠵᠢᠳᠬᠦᠬᠦ︾ | ᠢᠳᠡᠪᠬᠢᠵᠢᠯ ᠶᠢ ᠲᠠᠶᠢᠴᠢᠯᠠᠨ᠂ ︽ᠠᠰᠠᠭᠤᠳᠠᠯ ᠢ ᠰᠢᠢᠳᠪᠦᠷᠢᠯᠡᠬᠦ︾ ᠰᠡᠳᠬᠢᠬᠦᠶ ᠪᠠᠷ ᠠᠵᠢᠯ ᠢᠶᠠᠨ ᠠᠬᠢᠭᠤᠯᠵᠤ᠂ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ | ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ | ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ︾ ᠶᠢ ᠦᠨᠡᠨᠬᠦ ᠰᠠᠶᠢᠲᠤᠷ ᠭᠦᠢᠴᠡᠳᠬᠡᠵᠦ᠂ | ᠴᠢᠬᠡᠴᠢ ᠵᠠᠰᠠᠭ ᠤᠨ ᠲᠦᠭᠰᠢᠭᠦᠷᠢ ᠶᠢ ᠪᠦᠲᠦᠮᠵᠢᠲᠡᠢ ᠬᠠᠮᠢᠶᠠᠷᠤᠨ ᠡᠵᠡᠮᠳᠡᠵᠦ᠂ ᠲᠥᠪ ᠤᠨ ᠨᠠᠢᠮᠠᠨ ᠵᠤᠷᠪᠤᠰ ᠲᠣᠭᠲᠠᠭᠠᠯ | ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠪᠠᠷᠢᠮᠲᠠᠯᠠᠵᠤ᠂ ᠠᠷᠠᠳ ᠤᠨ ᠲᠥᠯᠥᠭᠡ᠂ ᠪᠣᠳᠠᠲᠠᠢ | ᠶᠢ ᠡᠷᠬᠢᠮᠯᠡᠭᠰᠡᠨ᠂ ᠠᠷᠢᠭᠤᠨ ᠴᠢᠬᠡᠴᠢ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠴᠢᠷᠮᠠᠶᠢᠨ | ᠪᠠᠶᠢᠭᠤᠯᠤᠨ᠎ᠠ᠃ | ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠦᠷᠭᠦᠯᠵᠢᠯᠡᠨ ᠪᠠᠬᠢᠵᠢᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠨ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ 1᠂ ᠪᠦᠬᠦ ᠠᠶᠢᠮᠠᠭ ᠤᠨ ᠵᠢᠱᠢᠶ᠎ᠡ ᠦᠵᠡᠭᠦᠯᠬᠦ ᠨᠢᠭᠡᠴᠡ 5 ᠶᠢ | ᠴᠢᠷᠮᠠᠶᠢᠨ ᠪᠠᠶᠢᠭᠤᠯᠵᠤ᠂ ᠬᠤᠰᠢᠭᠤ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠨᠢᠭᠡᠴᠡ 30 ᠶᠢ ᠪᠠᠶᠢᠭᠤᠯᠤᠨ᠎ᠠ᠃ ︽ᠠᠮᠤᠭᠤᠯᠠᠩ ᠰᠢᠯᠤᠭᠤᠨ ᠬᠥᠬᠡ ᠬᠤᠰᠢᠭᠤ︾ ︽ᠬᠠᠤᠯᠢ ᠪᠠᠷ ᠵᠠᠰᠠᠭᠰᠠᠨ | ᠰᠢᠯᠤᠭᠤᠨ ᠬᠥᠬᠡ ᠬᠤᠰᠢᠭᠤ︾ ᠶᠢᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠬᠥᠮᠦᠨ ᠠᠮᠠ ᠶᠢᠨ ᠪᠠᠶᠢᠴᠠᠭᠠᠯᠲᠠ᠂ | ᠲᠦᠷᠢᠶᠡᠰᠦᠨ ᠭᠡᠷ ᠪᠠᠶᠢᠰᠢᠩ ᠤᠨ ᠪᠠᠶᠢᠴᠠᠭᠠᠯᠲᠠ᠂ ᠵᠥᠷᠢᠴᠡᠯ ᠵᠢᠭᠤᠷᠠᠯᠳᠤᠭᠠᠨ ᠤ ᠪᠠᠶᠢᠴᠠᠭᠠᠯᠲᠠ᠂ ᠭᠤᠤᠯᠳᠠᠯᠭ᠎ᠠ ᠲᠠᠢ | ᠬᠥᠮᠦᠨ ᠠᠮᠠ ᠶᠢᠨ ᠬᠠᠮᠢᠶᠠᠷᠤᠯᠲᠠ ᠵᠡᠷᠭᠡ ︽ᠭᠤᠷᠪᠠᠨ ᠪᠠᠶᠢᠴᠠᠭᠠᠯᠲᠠ ᠨᠢᠭᠡ ᠬᠠᠮᠢᠶᠠᠷᠤᠯᠲᠠ︾ ᠶᠢᠨ ᠲᠤᠰᠬᠠᠶ ᠠᠵᠢᠯᠯᠠᠭ᠎ᠠ | ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠵᠠᠬᠢᠳᠠᠯ ᠰᠤᠷᠪᠤᠯᠵᠢᠯᠠᠯ ᠤᠨ ᠠᠷᠭ᠎ᠠ ᠵᠠᠮ ᠢ ᠰᠢᠯᠤᠭᠤᠳᠬᠠᠵᠤ᠂ ᠠᠩᠬ᠎ᠠ | ᠤᠳᠠᠭ᠎ᠠ ᠵᠠᠬᠢᠳᠠᠯ ᠰᠤᠷᠪᠤᠯᠵᠢᠯᠠᠯ ᠬᠢᠵᠦ ᠪᠠᠶᠢᠭ᠎ᠠ ᠵᠦᠢᠯᠡᠰ ᠢ ᠰᠢᠢᠳᠪᠦᠷᠢᠯᠡᠬᠦ ᠠᠵᠢᠯ ᠤᠨ ᠡᠷᠴᠢᠮ ᠢᠶᠠᠨ ᠴᠢᠩᠭᠠᠳᠬᠠᠨ᠂ | ᠵᠠᠬᠢᠳᠠᠯ ᠰᠤᠷᠪᠤᠯᠵᠢᠯᠠᠯ ᠤᠨ ᠳᠠᠬᠢᠨ ᠳᠠᠪᠲᠠᠬᠤ ᠨᠣᠷᠮ᠎ᠠ ᠶᠢ 5 % ᠪᠠᠷ ᠪᠠᠭᠤᠷᠠᠭᠤᠯᠵᠤ᠂ ᠣᠯᠠᠨ ᠲᠦᠮᠡᠨ ᠤ ᠬᠠᠨᠤᠮᠵᠢ | ᠶᠢᠨ ᠬᠡᠮᠵᠢᠶ᠎ᠡ ᠶᠢ 92 % ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠪᠦᠬᠦ ᠤᠯᠤᠰ᠂ ᠪᠦᠬᠦ ᠣᠷᠣᠨ ᠤ ︽ᠬᠤᠶᠠᠷ | ᠬᠤᠷᠠᠯ︾ ᠤᠨ ᠬᠤᠭᠤᠴᠠᠭᠠᠨ ᠤ ᠲᠣᠭᠲᠠᠭᠤᠨ ᠢ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ | ᠰᠡᠷᠭᠡᠶᠢᠯᠡᠨ ᠡᠵᠡᠮᠳᠡᠬᠦ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ | ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ︽ᠱᠠᠯᠢᠭ ᠵᠠᠪᠬᠠᠶ᠂ ᠵᠣᠭᠤᠰ ᠮᠥᠷᠥᠶᠢᠴᠡᠬᠦ᠂ ᠬᠤᠤᠷ ᠲᠠᠲᠠᠬᠤ︾ ︽ | ᠢᠳᠡᠭᠡᠨ ᠤᠮᠳᠠᠭᠠᠨ᠂ ᠡᠮ ᠤᠨ ᠵᠦᠢᠯ᠂ ᠣᠷᠴᠢᠨ ᠲᠣᠭᠤᠷᠢᠨ︾ ᠪᠠ ᠴᠠᠬᠢᠯᠭᠠᠨ ᠬᠤᠯᠪᠣᠭ᠎ᠠ ᠲᠣᠤᠷ ᠰᠦᠯᠵᠢᠶ᠎ᠡ ᠪᠠᠷ | ᠮᠡᠬᠡᠯᠡᠬᠦ᠂ ᠰᠣᠭᠲᠣᠭᠤ ᠪᠠᠷ ᠲᠡᠷᠭᠡ ᠵᠢᠯᠣᠭᠤᠳᠬᠤ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠬᠠᠤᠯᠢ | ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ ᠠᠶᠤᠯ ᠥᠬᠡᠶ ᠦᠶᠯᠡᠳᠪᠦᠷᠢᠯᠡᠯ ᠪᠠ ᠢᠳᠡᠭᠡᠨ ᠤᠮᠳᠠᠭᠠᠨ᠂ ᠡᠮ ᠤᠨ ᠵᠦᠶᠯ | ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ | ᠭᠦᠨᠵᠡᠭᠡᠶ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ | ᠬᠤᠰᠢᠭᠤ ᠶᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ᠠᠶᠤᠯᠭᠦᠢ ᠦᠢᠯᠡᠳᠪᠦᠷᠢᠯᠡᠯ ᠤᠨ ︽ᠠᠷᠪᠠᠨ ᠲᠠᠪᠤᠨ ᠵᠣᠷᠪᠤᠰ︾ | ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠱᠠᠲᠤ ᠬᠤᠪᠢᠶᠠᠨ ᠬᠠᠮᠢᠶᠠᠷᠬᠤ ᠪᠠ ᠭᠡᠮ ᠰᠣᠭᠤᠭ ᠢ ᠪᠠᠶᠢᠴᠠᠭᠠᠬᠤ | ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠬᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ | ᠤᠨᠲᠠᠷᠠᠭᠠᠬᠤ᠂ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ᠂ ᠭᠠᠮᠰᠢᠭ ᠢ ᠰᠡᠷᠭᠡᠶᠢᠯᠡᠨ ᠭᠠᠮᠰᠢᠭ ᠠᠴᠠ | ᠠᠪᠤᠷᠬᠠᠤ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠠᠩ ᠤᠨ ᠲᠡᠯᠡᠶ | ᠪᠠᠯᠭᠠᠰᠤᠨ ᠤ ᠲᠤᠰᠬᠠᠶ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠶᠢ | ᠠᠬᠢᠭᠤᠯᠵᠤ᠂ ᠬᠦᠨᠳᠦ ᠣᠨᠴᠠ ᠶᠡᠭᠡ ᠠᠳᠡᠯ ᠢ ᠡᠷᠡᠰ ᠰᠡᠷᠭᠡᠶᠢᠯᠡᠨ ᠬᠤᠷᠢᠭᠯᠠᠨ᠎ᠠ᠃ | ᠵᠠᠰᠠᠭ ᠵᠠᠬᠢᠷᠭᠠᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠢᠮᠠᠭᠲᠠ ᠪᠣᠳᠠᠲᠠᠢ ᠶᠢ ᠡᠷᠬᠢᠮᠯᠡᠨ ᠥᠨᠳᠥᠷ | ᠪᠦᠲᠦᠮᠵᠢᠲᠡᠢ ᠪᠠᠶᠢᠬᠤ ᠶᠢ ᠵᠠᠰᠠᠭ ᠤᠨ ᠣᠷᠳᠣᠨ ᠤ ᠠᠵᠢᠯ ᠤᠨ ᠦᠨᠳᠦᠰᠦᠨ ᠱᠠᠭᠠᠷᠳᠠᠯᠭ᠎ᠠ ᠪᠣᠯᠭᠠᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ | ᠠᠷᠠᠳᠴᠢᠯᠠᠭᠰᠠᠨ ᠬᠢᠨᠠᠯᠲᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠨᠠᠮ ᠤᠨ ᠳᠣᠲᠣᠭᠠᠳᠤ ᠶᠢᠨ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠶᠠᠷᠢᠶ᠎ᠠ ᠬᠡᠯᠡᠯᠴᠡᠭᠡᠨ ᠤ ᠬᠢᠨᠠᠯᠲᠠ᠂ ᠨᠡᠶᠢᠭᠡᠮ ᠤᠨ ᠬᠢᠨᠠᠯᠲᠠ᠂ ᠤᠯᠠᠨ ᠲᠦᠮᠡᠨ ᠤ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ ︽ᠲᠠᠪᠤᠨ ᠵᠦᠢᠯ ᠢ ᠴᠡᠭᠴᠡᠯᠡᠵᠦ ᠴᠡᠪᠡᠷᠯᠡᠬᠦ︾ ᠠᠵᠢᠯᠯᠠᠭ᠎ᠠ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠡᠯ᠎ᠡ ᠲᠥᠷᠥᠯ ᠤᠨ ᠡᠬᠢ ᠪᠠᠶᠠᠯᠢᠭ ᠢ ᠦᠨᠡᠨ ᠬᠦ ᠠᠮᠢᠳᠤᠯᠢᠭᠵᠢᠭᠤᠯᠵᠤ᠂ ᠥᠨᠳᠥᠷ | ᠪᠦᠲᠦᠮᠵᠢᠲᠡᠶ ᠪᠠᠷ ᠬᠡᠷᠡᠭᠯᠡᠬᠦ ᠶᠢ ᠠᠬᠢᠭᠤᠯᠤᠨ᠎ᠠ᠃ ᠬᠠᠤᠯᠢ ᠪᠠᠷ ᠵᠠᠰᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ︽ᠨᠠᠶᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠶ | ᠦᠷᠨᠢᠭᠦᠯᠵᠦ᠂ ᠵᠠᠰᠠᠭ ᠵᠠᠬᠢᠷᠭᠠᠨ ᠤ ᠠᠵᠢᠯᠯᠠᠭ᠎ᠠ ᠶᠢᠨ ᠬᠠᠤᠯᠢ ᠴᠠᠭᠠᠵᠠ ᠶᠢᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ | ᠠᠷᠢᠯᠭᠠᠨ᠎ᠠ᠃ ︽ᠠᠷᠪᠢᠴᠢ ᠭᠠᠮᠲᠠᠶ ᠠᠮᠢᠳᠤᠷᠠᠬᠤ︾ ᠦᠵᠡᠯ ᠰᠠᠨᠠᠭ᠎ᠠ ᠶᠢ ᠪᠠᠷᠢᠮᠲᠠᠯᠠᠵᠤ᠂ ︽ᠭᠤᠷᠪᠠᠨ ᠲᠦᠷᠦᠯ ᠤᠨ | ᠠᠯᠪᠠᠨ ᠵᠠᠷᠤᠳᠠᠯ︾ ᠪᠣᠯᠤᠨ ᠴᠢᠬᠤᠯᠠ ᠪᠤᠰᠤ ᠵᠠᠷᠤᠯᠭ᠎ᠠ ᠶᠢ ᠴᠢᠩᠭ᠎ᠠ ᠬᠢᠵᠠᠭᠠᠷᠯᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠬᠤᠷᠢᠭᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ | ᠵᠠᠮ ᠬᠠᠷᠢᠯᠴᠠᠭ᠎ᠠ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠲᠤᠰᠬᠠᠶ ᠬᠢᠨᠠᠨ ᠪᠤᠳᠤᠯᠲᠠ ᠶᠢ | ᠥᠷᠨᠢᠭᠦᠯᠵᠦ᠂ ᠵᠣᠭᠤᠰ ᠮᠦᠩᠭᠦ ᠪᠠᠨ ︽ᠵᠠᠩᠭᠢᠯᠠᠭ᠎ᠠ ᠶᠢᠨ ᠭᠠᠵᠠᠷ︾ ᠲᠤ ᠬᠡᠷᠡᠭᠯᠡᠬᠦ ᠶᠢ ᠦᠨᠡᠨ ᠬᠦ ᠪᠠᠲᠤᠯᠠᠨ᠎ᠠ᠃ ᠵᠠᠰᠠᠭ | ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠣᠨ ᠤ ᠥᠷᠢ ᠥᠭᠴᠡᠭᠡ ᠶᠢ | ᠠᠷᠢᠯᠭᠠᠬᠤ ᠡᠭᠦᠷᠭᠡ ᠪᠠᠨ ᠪᠡᠶᠡᠯᠡᠭᠦᠯᠦᠨ᠎ᠡ᠃ ᠴᠢᠳᠠᠪᠤᠷᠢᠲᠠᠨ ᠤ ᠬᠥᠭᠵᠢᠯᠲᠡ ᠳᠤ ᠦᠢᠯᠡᠴᠢᠯᠡᠵᠦ᠂ ᠴᠢᠳᠠᠪᠤᠷᠢᠲᠠᠨ ᠤ | ᠰᠢᠯᠵᠢᠯᠲᠡ᠂ ᠦᠨᠡᠯᠡᠯᠲᠡ᠂ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠪᠠᠴᠢᠮ ᠰᠠᠭᠠᠷᠳᠠᠭᠳᠠᠵᠤ ᠪᠠᠶᠢᠭ᠎ᠠ | ᠴᠢᠳᠠᠪᠤᠷᠢᠲᠠᠨ᠂ ᠳᠤᠲᠠᠭᠳᠠᠵᠤ ᠪᠠᠶᠢᠭ᠎ᠠ ᠴᠢᠳᠠᠪᠤᠷᠢᠲᠠᠨ ᠢᠶᠠᠷ ᠭᠤᠣᠯᠯᠠᠭᠤᠯᠤᠨ᠂ ᠴᠢᠳᠠᠪᠤᠷᠢᠲᠠᠨ ᠢ ᠳᠠᠲᠠᠨ ᠠᠪᠴᠢᠷᠠᠵᠤ | ᠬᠥᠮᠦᠵᠢᠭᠦᠯᠦᠨ ᠬᠡᠷᠡᠭᠯᠡᠬᠦ ᠶᠢ ᠴᠢᠩᠭᠠᠳᠬᠠᠵᠤ᠂ ᠨᠤᠲᠤᠭ ᠤᠨ ᠴᠢᠳᠠᠪᠤᠷᠢᠲᠠᠨ ᠢᠶᠠᠨ ᠦᠯᠡᠳᠡᠭᠡᠵᠦ᠂ ᠭᠠᠳᠠᠨ᠎ᠠ ᠶᠢᠨ | ᠴᠢᠳᠠᠪᠤᠷᠢᠲᠠᠨ ᠢ ᠤᠷᠢᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠭᠵᠢᠯᠲᠡ ᠶᠢᠨ ᠲᠤᠲᠠᠭᠳᠠᠯ ᠢ | ᠬᠦᠴᠦᠯᠡᠨ ᠨᠥᠬᠦᠪᠥᠷᠢᠯᠡᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠬᠢᠵᠦ ᠳᠠᠬᠢᠨ ᠵᠣᠬᠢᠶᠠᠨ | ᠪᠠᠶᠢᠭᠤᠯᠬᠤ ᠶᠢ ᠪᠡᠶᠡᠯᠡᠭᠦᠯᠵᠦ᠂ ᠰᠢᠨ᠎ᠡ ᠪᠠᠷ ᠵᠣᠬᠢᠶᠠᠨ ᠪᠠᠶᠢᠭᠤᠯᠤᠭᠰᠠᠨ ᠤᠯᠤᠰ ᠤᠨ ᠥᠮᠴᠢᠯᠡᠯᠲᠦ 2 ᠪᠦᠯᠦᠭᠯᠡᠯ ᠺᠣᠮᠫᠠᠨᠢ | ᠶᠢᠨ ᠪᠣᠳᠠᠲᠤ ᠡᠵᠡᠩᠨᠡᠯᠲᠡ ᠢ ᠠᠬᠢᠭᠤᠯᠵᠤ᠂ ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠤᠯᠤᠰ ᠤᠨ | ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠲᠡᠳᠡᠨ ᠤ ᠲᠤᠰ ᠪᠡᠶ᠎ᠡ | ᠶᠢᠨ ᠬᠥᠭᠵᠢᠯᠲᠡ ᠶᠢᠨ ᠴᠢᠳᠠᠪᠤᠷᠢ ᠶᠢ ᠨᠡᠮᠡᠭᠳᠡᠭᠦᠯᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠠᠯᠬᠤᠮ | ᠠᠯᠬᠤᠮ ᠢᠶᠠᠷ ᠰᠢᠶᠳᠪᠦᠷᠢᠯᠡᠨ᠎ᠡ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠤᠨ | ᠪᠠᠶᠢᠴᠠᠭᠠᠯᠲᠠ ᠶᠢ ᠰᠠᠶᠢᠲᠤᠷ ᠵᠣᠬᠢᠶᠠᠨ ᠪᠠᠶᠢᠭᠤᠯᠤᠨ ᠦᠷᠨᠢᠭᠦᠯᠦᠨ᠎ᠠ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠪᠣᠯᠤᠨ ᠣᠷᠣᠨ ᠨᠤᠲᠤᠭ ᠤᠨ ᠠᠵᠤ | ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠰᠠᠩ ᠤᠨ ᠲᠡᠯᠡᠶ ᠳᠠᠬᠢ ᠴᠡᠷᠢᠭ | ᠤᠨ ᠬᠠᠩᠭᠠᠯᠭ᠎ᠠ ᠶᠢᠨ ᠥᠷᠲᠡᠭᠡᠨ ᠤ ᠪᠠᠶᠢᠭᠤᠯᠤᠯᠲᠠ ᠶᠢ ᠠᠬᠢᠭᠤᠯᠤᠨ᠎ᠠ᠃ ᠣᠯᠠᠨ ᠲᠦᠮᠡᠨ ᠤ ᠪᠦᠯᠬᠦᠮ ᠨᠢᠭᠡᠴᠡ ᠶᠢᠨ | ᠡᠭᠦᠷᠭᠡ ᠴᠢᠳᠠᠪᠬᠢ ᠪᠠᠨ ᠭᠦᠶᠴᠡᠳᠬᠡᠬᠦ᠂ ᠳᠠᠪᠠᠭᠤᠯᠢᠭ ᠢᠶᠠᠨ ᠪᠠᠳᠠᠷᠠᠭᠤᠯᠬᠤ ᠶᠢ ᠳᠠᠮᠵᠢᠵᠤ᠂ ᠬᠥᠭᠵᠢᠯᠲᠡ ᠳᠤ ᠦᠶᠯᠡᠴᠢᠯᠡᠬᠦ᠂ | ᠣᠯᠠᠨ ᠲᠦᠮᠡᠨ ᠳᠤ ᠦᠶᠯᠡᠴᠢᠯᠡᠬᠦ ᠬᠦᠴᠦᠷᠬᠡᠭ ᠶᠡᠭᠡ ᠬᠠᠮᠲᠤ ᠶᠢᠨ ᠬᠦᠴᠦᠨ ᠢ ᠪᠤᠢ ᠪᠤᠯᠭᠠᠨ᠎ᠠ᠃ | ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠳᠤ ᠬᠠᠷᠢᠭᠤᠯᠲᠠ ᠥᠭᠴᠦ᠂ ᠠᠷᠠᠳ ᠤᠨ ᠠᠮᠢᠳᠤᠷᠠᠯ ᠳᠤ | ᠬᠤᠯᠪᠤᠭᠳᠠᠬᠤ ᠪᠣᠳᠠᠲᠤ ᠶᠠᠪᠤᠳᠠᠯ ᠢ ᠰᠠᠶᠢᠲᠤᠷ ᠬᠢᠬᠦ ᠪᠣᠯ ᠬᠤᠰᠢᠭᠤ ᠵᠠᠰᠠᠭ ᠤᠨ ᠣᠷᠳᠣᠨ ᠤ ᠣᠷᠳᠣ ᠬᠤᠭᠤᠴᠠᠭᠠᠨ ᠤ | ᠲᠤᠷᠰᠢ ᠪᠠᠷᠢᠮᠲᠠᠯᠠᠭᠰᠠᠭᠠᠷ ᠢᠷᠡᠭᠰᠡᠨ ᠨᠢᠭᠡᠨ ᠴᠢᠬᠤᠯᠠ ᠵᠠᠷᠴᠢᠮ ᠪᠣᠯᠤᠨ᠎ᠠ᠂ 2023 ᠣᠨ ᠳᠤ ᠪᠢᠳᠡ ᠳᠣᠤᠷᠠᠬᠢ ᠮᠡᠲᠦ᠂ | ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠪᠣᠳᠠᠲᠤ ᠶᠠᠪᠤᠳᠠᠯ ᠢ ᠦᠷᠭᠦᠯᠵᠢᠯᠡᠨ ᠬᠢᠬᠦ ᠪᠤᠯᠤᠨ᠎ᠠ᠄ ᠨᠢᠭᠡ ᠳᠤ᠂ ᠱᠠᠩᠳᠤ | ᠪᠠᠯᠭᠠᠰᠤᠨ ᠤ ᠶᠡᠷᠦᠩᠬᠡᠶᠢᠯᠡᠭᠰᠡᠨ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠬᠡᠷᠡᠭᠵᠢᠭᠦᠯᠦᠨ᠎ᠡ | ︔ ᠬᠤᠶᠠᠷ ᠲᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ ᠪᠠᠶᠢᠭᠤᠯᠵᠤ ᠡᠬᠢᠯᠡᠨ᠎ᠡ᠃ ᠭᠤᠷᠪᠠ ᠳᠤ᠂ ᠰᠠᠩ | ᠤᠨ ᠲᠡᠯᠡᠶ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ ᠰᠢᠶᠳᠪᠦᠷᠢᠯᠡᠬᠦ ᠲᠥᠷᠥᠯ ᠵᠦᠶᠯ ᠢ ᠡᠬᠢᠯᠡᠨ | ᠬᠡᠷᠡᠭᠵᠢᠭᠦᠯᠦᠨ᠎ᠡ︔ ᠳᠥᠷᠪᠡ ᠳᠤ᠂ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ | ᠲᠠᠯ᠎ᠠ ᠪᠠᠷ ᠬᠢ ᠢᠨᠵᠧᠨᠧᠷᠢᠩ ᠢ 43 ᠴᠡᠭ ᠲᠤ ᠬᠡᠷᠡᠭᠵᠢᠭᠦᠯᠵᠦ᠂ 260 ᠭᠠᠷᠤᠶ ᠬᠥᠮᠦᠨ ᠪᠠ 4000 ᠭᠠᠷᠤᠶ ᠮᠠᠯ | ᠤᠨᠤᠭᠠᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠳᠤᠯᠠᠬᠤ ᠶᠢᠨ ᠬᠠᠮᠲᠤ ᠤᠰᠤ ᠤᠤᠭᠤᠬᠤ ᠳᠤ ᠬᠦᠴᠢᠷ | ᠠᠰᠠᠭᠤᠳᠠᠯ ᠢ ᠰᠢᠢᠳᠪᠦᠷᠢᠯᠡᠨ᠎ᠡ︔ ᠲᠠᠪᠤ ᠳᠤ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ | ᠶᠡᠷᠦᠩᠬᠡᠶᠢᠯᠡᠭᠰᠡᠨ ᠠᠰᠠᠷ ᠵᠢᠴᠢ ᠬᠤᠭᠤᠯᠠᠨ ᠭᠡᠷ ᠤᠨ ᠲᠥᠷᠥᠯ ᠵᠦᠶᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ︔ | ᠵᠢᠷᠭᠤᠭ᠎ᠠ ᠳᠤ᠂ ᠮᠢᠬᠠᠨ ᠤ ᠦᠬᠡᠷ ᠪᠣᠷᠳᠣᠵᠤ ᠲᠠᠷᠭᠤᠯᠠᠭᠤᠯᠬᠤ᠂ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠤᠨ ᠭᠤᠤᠯ | ᠴᠣᠭᠴᠠ ᠳᠤ 5500 ᠲᠦᠮᠡᠨ ᠲᠥᠭᠦᠷᠢᠭ ᠤᠨ ᠳᠠᠮ ᠬᠦᠦ ᠲᠠᠢ ᠵᠢᠭᠡᠯᠡᠯᠭᠡ ᠬᠠᠩᠭᠠᠨ᠎ᠠ︔ ᠳᠣᠯᠤᠭ᠎ᠠ ᠳᠤ᠂ ᠤᠲᠠᠰᠤ | ᠲᠠᠢ ᠪᠠ ᠤᠲᠠᠰᠤ ᠥᠬᠡᠶ ᠲᠧᠯᠸᠢᠰ ᠲᠠᠮᠢᠷᠵᠢᠭᠤᠯᠤᠭᠠ ᠶᠢᠨ ᠲᠤᠤᠷ ᠰᠦᠯᠵᠢᠶ᠎ᠡ ᠶᠢ ᠰᠠᠶᠢᠵᠢᠷᠠᠭᠤᠯᠤᠨ᠂ 307 ᠡᠷᠦᠬᠡ | ᠶᠢᠨ ᠲᠤᠬᠢᠶᠠᠨ ᠤ ᠠᠰᠠᠭᠤᠳᠠᠯ ᠢ ᠰᠢᠶᠳᠪᠦᠷᠢᠯᠡᠨ᠎ᠡ︔ ᠨᠠᠢᠮᠠ ᠳᠤ᠂ ᠰᠠᠩ ᠤᠨ ᠳᠠᠯᠠᠢ ᠪᠠᠯᠭᠠᠰᠤᠨ ᠤ ᠣᠷᠬᠢᠬᠤ | ᠰᠠᠭᠠᠯᠢ ᠶᠢᠨ ᠦᠨᠢᠶᠡᠨ ᠤ ᠲᠣᠰᠬᠤᠨ ᠠᠴᠠ ᠪᠣᠱᠣᠣᠳᠠᠢ ᠰᠣᠮᠣᠨ ᠤ ᠨᠠᠷᠢᠨᠠᠭᠤᠷ ᠬᠦᠷᠬᠦ ᠵᠠᠮ ᠢ ᠰᠡᠯᠪᠢᠨ ᠵᠠᠰᠠᠬᠤ | ᠢᠨᠵᠧᠨᠧᠷᠢᠩ ᠢ ᠬᠡᠷᠡᠭᠵᠢᠬᠦᠯᠵᠦ᠂ ᠣᠯᠠᠨ ᠲᠥᠪᠮᠡᠨᠳᠦ ᠶᠢᠨ ᠶᠠᠪᠤᠵᠤ ᠰᠠᠭᠤᠬᠤ ᠬᠦᠴᠢᠷᠳᠡᠯ ᠢ ᠰᠢᠢᠳᠪᠦᠷᠢᠯᠡᠨ᠎ᠡ᠃ ᠶᠢᠰᠦ ᠳᠤ | ᠂ ᠬᠤᠲᠠ ᠪᠠᠯᠭᠠᠰᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠲᠠᠢ ᠪᠣᠶᠣ ᠮᠠᠯᠵᠢᠬᠤ ᠲᠠᠷᠢᠶᠠᠯᠠᠬᠤ ᠣᠷᠣᠨ ᠤ | ᠵᠣᠬᠢᠬᠤ ᠨᠠᠰᠤᠨ ᠳᠤ ᠬᠦᠷᠦᠭᠰᠡᠨ ᠡᠮᠡᠭᠲᠡᠶᠢᠴᠦᠳ ᠲᠤ ︽ᠬᠤᠶᠠᠷ ᠥᠮᠡᠨ︾ ᠤ ᠪᠠᠶᠢᠴᠠᠭᠠᠯᠲᠠ ᠶᠢ ᠰᠦᠢᠳᠬᠡᠯ ᠦᠭᠡᠢ | ᠬᠢᠵᠦ ᠦᠭᠭᠦᠨ᠎ᠡ᠃ ᠠᠷᠪᠠ ᠳᠤ᠂ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠰᠦᠢᠳᠬᠡᠯ ᠬᠤᠷᠢᠶᠠᠬᠤ ᠦᠭᠡᠢ | ᠪᠡᠶ᠎ᠡ ᠶᠢᠨ ᠪᠠᠶᠢᠴᠠᠭᠠᠯᠲᠠ ᠬᠢᠵᠦ ᠥᠭᠭᠦᠨ᠎ᠡ᠃ ᠬᠤᠰᠢᠭᠤ ᠵᠠᠰᠠᠭ ᠤᠨ ᠣᠷᠳᠣᠨ ᠨᠢ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠡᠳᠦᠯᠲᠡᠶ ᠲᠥᠯᠥᠪᠵᠢᠭᠦᠯᠦᠨ ᠬᠠᠮᠵᠢᠯᠴᠠᠵᠦ᠂ ᠪᠣᠳᠠᠲᠤ ᠶᠠᠪᠤᠳᠠᠯ ᠢ ᠰᠠᠶᠢᠲᠤᠷ | ᠬᠢᠵᠦ᠂ ᠰᠠᠶᠢᠨ ᠶᠠᠪᠤᠳᠠᠯ ᠢ ᠪᠣᠳᠠᠲᠠᠶ ᠬᠢᠬᠦ ᠶᠢ ᠦᠨᠡᠨ ᠬᠦ ᠪᠠᠲᠤᠯᠠᠨ᠎ᠠ᠃ | ᠲᠥᠯᠥᠭᠡᠯᠡᠭᠴᠢᠳ ᠡ᠂ ᠨᠥᠬᠦᠳ ᠡ᠂ ᠰᠢᠨ᠎ᠡ ᠴᠠᠭ ᠦᠶ᠎ᠡ ᠶᠢᠨ ᠰᠢᠨ᠎ᠡ ᠠᠶᠠᠨ ᠠᠳᠡ ᠠᠴᠠ ᠡᠬᠢᠯᠡᠵᠦ ᠪᠢᠳᠡᠨ ᠢ ᠰᠢᠨ᠎ᠡ | ᠵᠢᠳᠬᠦᠯ ᠴᠢᠷᠮᠠᠶᠢᠯᠭ᠎ᠠ ᠭᠠᠷᠭᠠᠬᠤ ᠶᠢ ᠤᠷᠢᠶᠠᠯᠠᠵᠦ ᠪᠠᠶᠢᠨ᠎ᠠ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠤᠨ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠦ᠂ ᠠᠶᠢᠮᠠᠭ ᠤᠨ ᠨᠠᠮ ᠤᠨ | ᠬᠤᠷᠢᠶ᠎ᠡ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ ᠢᠲᠡᠭᠡᠯ | ᠵᠣᠷᠢᠭ ᠢᠶᠠᠨ ᠬᠦᠪᠴᠢᠯᠡᠵᠦ᠂ ᠡᠷᠡᠯᠬᠡᠭ ᠢᠶᠠᠷ ᠤᠷᠤᠭᠰᠢᠯᠠᠨ᠂ ᠴᠠᠭ ᠢᠮᠬᠠᠳᠠ ᠤᠯᠠᠨ ᠲᠦᠮᠡᠨ ᠢ ᠪᠤᠳᠤᠯᠬᠢᠯᠠᠨ᠂ ᠳᠤᠮᠳᠠᠳᠤ | ᠤᠯᠤᠰ ᠤᠨ ᠮᠠᠶ᠋ᠢᠭᠲᠤ ᠣᠳᠣᠬᠢᠴᠢᠯᠠᠯᠲᠠ ᠶᠢᠨ ᠰᠢᠨ᠎ᠡ ᠠᠶᠠᠨ ᠳᠤ ᠰᠢᠯᠤᠭᠤᠨ ᠬᠥᠬᠡ ᠬᠤᠰᠢᠭᠤᠨ ᠤ ᠴᠢᠨᠠᠷᠯᠢᠭ | ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠴᠡᠭᠡᠶᠡ ︕ | | ᠨᠡᠷ᠎ᠡ ᠦᠭᠡ ᠤᠨ ᠲᠠᠶᠢᠯᠪᠤᠷᠢ | ᠲᠠᠪᠤᠨ ᠴᠢᠬᠤᠯᠡ ᠡᠭᠦᠷᠭᠡ᠄ ᠥᠪᠥᠷ ᠮᠣᠩᠭᠤᠯ ᠢ ᠳᠤᠮᠳᠠᠳᠤ ᠤᠯᠤᠰ ᠤᠨ ᠤᠮᠠᠷᠠᠲᠤ ᠳᠠᠬᠢ ᠴᠢᠬᠤᠯᠠ ᠠᠮᠢ ᠠᠬᠤᠶ ᠶᠢᠨ | ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠬᠢᠯᠢ ᠶᠢᠨ ᠲᠣᠭᠲᠠᠭᠤᠨ ᠤ ᠬᠠᠯᠬᠠᠪᠴᠢ᠂ ᠤᠯᠤᠰ ᠤᠨ | ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠤᠯᠤᠰ ᠤᠨ ᠴᠢᠬᠤᠯᠠ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠰᠠᠭᠤᠷᠢᠨ᠂ ᠤᠯᠤᠰ ᠤᠨ ᠤᠮᠠᠷᠠᠰᠢ ᠨᠡᠭᠡᠭᠡᠯᠲᠡ | ᠬᠢᠬᠦ ᠴᠢᠬᠤᠯᠠ ᠪᠠᠬᠢᠯᠡᠯᠲᠡ ᠶᠢᠨ ᠤᠷᠤᠨ ᠪᠣᠯᠭᠠᠨ ᠪᠥᠲᠥᠭᠡᠨ ᠪᠠᠶᠢᠭᠤᠯᠬᠤ ᠶᠢ ᠵᠢᠭᠠᠵᠤ ᠪᠤᠢ᠃ | ᠬᠤᠶᠠᠷ ᠬᠡᠯᠬᠢᠶ᠎ᠡ ᠬᠤᠶᠠᠷ ᠣᠷᠣᠨ᠄ ᠤᠳᠤᠬᠢᠴᠢᠯᠠᠭᠰᠠᠨ ᠮᠢᠬᠠᠨ ᠤ ᠦᠬᠡᠷ ᠤᠨ ᠪᠥᠬᠦ ᠠᠵᠤ ᠦᠶᠯᠡᠰ ᠤᠨ ᠬᠡᠯᠬᠢᠶ᠎ᠡ᠂ | ᠤᠳᠤᠬᠢᠴᠢᠯᠠᠭᠰᠠᠨ ᠡᠨᠧᠷᠭᠢ ᠶᠢᠨ ᠠᠵᠤ ᠠᠬᠤᠶ ᠶᠢᠨ ᠣᠷᠴᠢᠯ ᠠᠵᠤ ᠦᠶᠯᠡᠰ ᠤᠨ ᠬᠡᠯᠬᠢᠶ᠎ᠡ᠂ ᠬᠤᠯᠠᠨ ᠰᠢᠷᠭ᠎ᠠ ᠲᠠᠭ᠎ᠠ ᠶᠢᠨ | ᠮᠠᠩᠬᠠᠨ ᠤ ᠠᠮᠢ ᠠᠬᠤᠶ ᠶᠢᠨ ᠴᠡᠭᠴᠡᠯᠡᠯᠳᠡ ᠶᠢᠨ ᠣᠷᠣᠨ᠂ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠤᠨ ᠠᠭᠤᠰᠤᠯᠴᠠᠨ | ᠬᠦᠭᠵᠢᠭᠰᠡᠨ ᠣᠷᠣᠨ ᠢ ᠲᠦᠷᠭᠡᠳᠬᠡᠨ ᠪᠠᠶᠢᠭᠤᠯᠵᠤ᠂ ᠴᠢᠨᠠᠷᠯᠢᠭ ᠬᠥᠭᠵᠢᠯᠲᠡ ᠳᠤ ᠠᠷᠭ᠎ᠠ ᠵᠠᠮ ᠪᠠ ᠪᠤᠳᠠᠳᠤ ᠲᠤᠯᠭᠠᠭᠤᠷᠢ | ᠬᠠᠩᠭᠠᠨ᠎ᠠ᠃ | ᠲᠠᠪᠤᠨ ᠵᠦᠶᠯ ᠤᠨ ᠣᠨᠴᠠᠯᠢᠭᠲᠤ ᠠᠵᠤ ᠦᠶᠯᠡᠰ᠄ ᠨᠢᠭᠡ ᠳᠤ᠂ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ | ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠪᠠ ᠭᠠᠳᠠᠭᠰᠢ ᠭᠠᠷᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ | ᠂ ᠰᠦ ᠮᠢᠬ᠎ᠠ ᠢᠳᠡᠭᠡᠰᠢᠬᠦᠯᠬᠦ ᠲᠦᠪᠰᠢᠨ ᠢ ᠳᠡᠭᠡᠭᠰᠢᠯᠡᠭᠦᠯᠵᠦ᠂ ᠤᠳᠤᠬᠢᠴᠢᠯᠠᠭᠰᠠᠨ ᠮᠠᠯ ᠠᠵᠤ ᠠᠬᠤᠶ ᠶᠢᠨ ᠠᠵᠤ ᠦᠶᠯᠡᠰ | ᠤᠨ ᠬᠡᠯᠬᠢᠶ᠎ᠡ ᠶᠢ ᠤᠷᠲᠤᠳᠬᠠᠨ᠎ᠠ᠃ ᠬᠤᠶᠠᠷ ᠲᠤ᠂ ᠮᠣᠩᠭᠤᠯ ᠭᠡᠷ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠪᠠᠷ ᠠᠴᠢᠶᠠᠯᠠᠪᠤᠷᠢ ᠪᠣᠯᠭᠠᠵᠤ᠂ ᠮᠣᠩᠭᠤᠯ ᠭᠡᠷ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢ | ᠲᠣᠭᠲᠠᠭᠠᠯᠲᠠ ᠶᠢ ᠣᠨᠣᠪᠴᠢᠲᠠᠢ ᠡᠵᠡᠮᠳᠡᠵᠦ᠂ ᠮᠣᠩᠭᠤᠯ ᠭᠡᠷ ᠤᠨ ᠠᠵᠤ ᠦᠢᠯᠡᠰ ᠤᠨ ᠲᠥᠪᠯᠡᠷᠡᠭᠰᠡᠨ᠂ ᠵᠢᠷᠤᠮᠵᠢᠭᠰᠠᠨ | ᠬᠥᠭᠵᠢᠯᠲᠡ ᠶᠢ ᠠᠬᠢᠭᠤᠯᠵᠤ᠂ ᠪᠦᠬᠦ ᠤᠯᠤᠰ ᠲᠠᠬᠢ ᠮᠣᠩᠭᠤᠯ ᠭᠡᠷ ᠤᠨ ᠦᠢᠯᠡᠳᠪᠦᠷᠢ ᠶᠢᠨ ᠨᠡᠷᠡᠲᠦ ᠰᠠᠭᠤᠷᠢᠨ ᠢ | ᠬᠦᠴᠦᠯᠡᠨ ᠪᠠᠶᠢᠭᠤᠯᠤᠨ᠎ᠠ᠃ ᠭᠤᠷᠪᠠ ᠳᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠨᠡᠭᠡᠭᠡᠨ | ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠪᠦᠬᠦ ᠠᠶᠢᠮᠠᠭ ᠲᠠᠬᠢ ᠠᠵᠤ ᠦᠶᠯᠡᠳᠪᠦᠷᠢ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠬᠤᠰᠢᠭᠤ ᠶᠢ ᠪᠠᠶᠢᠭᠤᠯᠤᠨ᠎ᠠ᠃ ᠳᠥᠷᠪᠡ ᠳᠤ᠂ | ᠵᠠᠮ ᠬᠠᠷᠢᠯᠴᠠᠭᠠᠨ ᠤ ᠣᠷᠣᠨ ᠪᠠᠶᠢᠷᠢ ᠶᠢᠨ ᠳᠠᠪᠠᠭᠤᠯᠢᠭ ᠲᠤ ᠲᠦᠰᠢᠭᠯᠡᠨ᠂ ᠪᠥᠬᠦ ᠠᠶᠢᠮᠠᠭ ᠤᠨ ᠠᠮᠢᠳᠤ ᠮᠠᠯ ᠵᠢᠴᠢ | ᠪᠠᠶᠢᠭᠠᠯᠢᠯᠢᠭ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠷᠠᠯᠵᠢᠶ᠎ᠠ ᠭᠦᠶᠯᠭᠡᠭᠡᠨ ᠤ ᠴᠢᠬᠤᠯᠠ ᠭᠠᠵᠠᠷ ᠢ | ᠪᠠᠶᠢᠭᠤᠯᠤᠨ᠎ᠠ᠃ ᠲᠠᠪᠤ ᠳᠤ᠂ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠪᠠᠷ ᠳᠠᠮᠵᠢᠨ᠂ ᠤᠷᠤᠰᠢᠨ ᠰᠠᠭᠤᠷᠢᠰᠢᠬᠤ ᠳᠤ ᠲᠠᠭᠠᠯᠠᠮᠵᠢᠳᠠᠢ᠂ ᠠᠵᠢᠯᠯᠠᠵᠦ ᠠᠮᠢᠳᠤᠷᠠᠬᠤ ᠳᠤ | ᠲᠣᠬᠢᠷᠠᠮᠵᠢᠲᠠᠢ᠂ ᠰᠡᠯᠡᠭᠦᠴᠡᠨ ᠵᠤᠭᠠᠴᠠᠬᠤ ᠳᠤ ᠲᠠᠭᠠᠳᠠᠢ ᠣᠨᠴᠠᠯᠢᠭᠲᠤ ᠬᠤᠲᠠ ᠪᠠᠯᠭᠠᠰᠤ ᠶᠢ ᠪᠠᠶᠢᠭᠤᠯᠵᠤ᠂ ᠬᠤᠲᠠ | ᠪᠠᠯᠭᠠᠰᠤᠨ ᠤ ᠲᠠᠲᠠᠬᠤ ᠬᠦᠴᠦᠨ᠂ ᠠᠴᠢᠶᠠᠯᠠᠬᠤ ᠬᠦᠴᠦᠨ ᠢ ᠳᠡᠭᠡᠭᠰᠢᠯᠡᠭᠦᠯᠦᠨ᠎ᠡ᠃ | ᠰᠤᠯᠠ ᠵᠠᠳᠠᠭᠠᠢ ᠪᠣᠬᠢᠷᠲᠤᠯ ᠲᠠᠢ ᠠᠵᠤ ᠠᠬᠤᠶᠢᠯᠠᠯ᠄ ᠡᠨᠡ ᠨᠢ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠠᠵᠤ | ᠦᠢᠯᠡᠰ ᠤᠨ ᠪᠠᠶᠢᠷᠢᠰᠢᠯᠠᠭᠤᠯᠤᠯᠳᠠ ᠶᠢᠨ ᠲᠥᠯᠥᠪᠵᠢᠭᠦᠯᠭᠡ ᠳᠤ ᠨᠡᠶᠢᠴᠡᠬᠦ ᠦᠭᠡᠶ᠂ ᠪᠣᠬᠢᠷ ᠪᠣᠳᠠᠰ ᠤᠨ | ᠭᠠᠳᠠᠭᠰᠢᠯᠠᠭᠤᠯᠤᠯᠳᠠ ᠨᠢ ᠪᠠᠷᠢᠮᠵᠢᠶ᠎ᠠ ᠳᠤ ᠬᠦᠷᠬᠦ ᠦᠭᠡᠶ ᠪᠦᠭᠡᠳ ᠭᠠᠵᠠᠷ ᠰᠢᠷᠣᠶ᠂ ᠣᠷᠴᠢᠨ ᠲᠣᠭᠤᠷᠢᠨ ᠤ ᠬᠠᠮᠠᠭᠠᠯᠠᠯᠲᠠ | ᠂ ᠠᠵᠤ ᠦᠢᠯᠡᠳᠪᠦᠷᠢ ᠬᠤᠳᠠᠯᠳᠤᠭ᠎ᠠ᠂ ᠶᠠᠰᠤ ᠴᠢᠨᠠᠷ ᠲᠤ ᠬᠢᠨᠠᠯᠲᠠ ᠲᠠᠯᠪᠢᠬᠤ ᠵᠡᠷᠭᠡ ᠭᠠᠷᠳᠠᠮ ᠭᠦᠢᠴᠡᠳᠬᠡᠯ ᠨᠢ ᠪᠦᠷᠢᠨ | ᠪᠤᠰᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ ᠵᠢᠭᠠᠵᠤ ᠪᠤᠶ᠃ | ᠬᠤᠤᠰ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ᠄ ︽ᠪᠠᠶᠢᠭᠤᠯᠭ᠎ᠠ ᠨᠢᠭᠡᠴᠡ ᠶᠢᠨ ᠲᠤᠰᠢᠶᠠᠯ ᠬᠠᠷᠢᠭᠤᠴᠠᠯᠭ᠎ᠠ | ᠪᠠᠨ ᠭᠦᠶᠴᠡᠳᠬᠡᠬᠦ︾ ᠪᠠ ︽ᠨᠡᠶᠢᠭᠡᠮ ᠤᠨ ᠠᠮᠤᠷ ᠲᠣᠭᠲᠠᠭᠤᠨ ᠤ ᠠᠶᠤᠯ ᠲᠦᠭᠰᠢᠭᠦᠷᠢ ᠶᠢ ᠪᠠᠶᠢᠴᠠᠭᠠᠨ ᠴᠡᠭᠴᠡᠯᠡᠬᠦ ︾ | ᠬᠤᠶᠠᠷ ᠵᠦᠢᠯ ᠤᠨ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ᠃ | ᠬᠤᠶᠠᠷ ᠢ ᠲᠣᠭᠲᠠᠭᠠᠬᠤ᠄ ᠰᠢ ᠶᠢᠨ ᠫᠢᠩ ᠨᠥᠬᠦᠷ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ | ᠭᠤᠣᠯᠯᠠᠭᠴᠢ ᠶᠢᠨ ᠪᠠᠶᠢᠷᠢ ᠰᠠᠭᠤᠷᠢ ᠶᠢ ᠲᠣᠭᠲᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ | ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠬᠤ ᠪᠠᠶᠢᠷᠢ ᠰᠠᠭᠤᠷᠢ ᠶᠢ ᠲᠣᠭᠲᠠᠭᠠᠨ᠎ᠠ᠃ | ᠬᠤᠶᠠᠷ ᠢ ᠬᠠᠮᠠᠭᠠᠯᠠᠬᠤ᠄ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ | ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠨ᠎ᠠ᠃ | ᠭᠤᠷᠪᠠᠨ ᠴᠢᠬᠤᠯᠠ ᠨᠢᠭᠡ ᠶᠡᠭᠡ ᠶᠠᠪᠤᠳᠠᠯ᠄ ᠴᠢᠬᠤᠯᠠ ᠶᠡᠭᠡ ᠵᠦᠶᠯᠡᠰ ᠲᠤ ᠰᠢᠶᠳᠪᠦᠷᠢᠲᠦ ᠪᠣᠳᠣᠯᠭ᠎ᠠ ᠲᠣᠭᠲᠠᠭᠠᠬᠤ᠂ | ᠴᠢᠬᠤᠯᠠ ᠺᠠᠳ᠋ᠷ ᠢ ᠲᠣᠮᠢᠯᠠᠵᠤ ᠪᠠᠭᠤᠯᠭᠠᠬᠤ᠂ ᠴᠢᠬᠤᠯᠠ ᠲᠥᠷᠥᠯ ᠵᠦᠶᠯ ᠤᠨ ᠲᠣᠬᠢᠷᠠᠭᠤᠯᠤᠯᠲᠠ᠂ ᠶᠡᠭᠡ ᠲᠣᠭᠠᠨ ᠤ ᠪᠠᠯᠠ | ᠮᠥᠩᠭᠦ ᠶᠢᠨ ᠬᠡᠷᠡᠭᠯᠡᠯᠲᠡ᠃ | ᠳᠦᠷᠪᠡᠨ ᠵᠦᠢᠯ ᠢᠶᠠᠷ ᠭᠦᠢᠴᠡᠳᠬᠡᠬᠦ᠄ ᠰᠦᠯᠵᠢᠶ᠎ᠡ ᠪᠠᠷ ᠭᠦᠢᠴᠡᠳᠬᠡᠬᠦ᠂ ᠨᠢᠭᠡ ᠤᠳᠠᠭ᠎ᠠ ᠳᠤ ᠭᠦᠢᠴᠡᠳᠬᠡᠬᠦ᠂ ᠬᠠᠪᠰᠤᠷᠤᠨ | ᠭᠦᠢᠴᠡᠳᠬᠡᠬᠦ ᠂ ᠭᠠᠷ ᠤᠳᠠᠰᠤᠨ ᠲᠡᠭᠡᠷ᠎ᠡ ᠭᠦᠢᠴᠡᠳᠬᠡᠬᠦ ᠃ | ᠲᠤᠰᠬᠠᠢ᠂ ᠨᠠᠷᠢᠯᠢᠭᠵᠢᠭᠰᠠᠨ᠂ ᠤᠨᠴᠠᠯᠢᠭᠳᠤ᠂ ᠰᠢᠨ᠎ᠡ᠄ ᠡᠨᠡ ᠨᠢ ᠳᠤᠮᠳᠠ ᠵᠢᠵᠢᠭ ᠠᠵᠤ ᠠᠬᠤᠶᠢᠯᠠᠯ ᠤᠨ | ᠲᠤᠰᠬᠠᠶᠢᠵᠢᠭᠰᠠᠨ᠂ ᠨᠠᠷᠢᠯᠢᠭᠵᠢᠭᠰᠠᠨ ᠂ ᠤᠨᠴᠠᠯᠢᠭᠳᠤ᠂ ᠰᠢᠨ᠎ᠡ ᠰᠡᠪᠡᠬᠦᠨ ᠤᠨᠴᠠᠯᠢᠭ ᠢ ᠵᠢᠭᠠᠵᠤ ᠪᠤᠶ᠃ | ᠬᠤᠶᠠᠷ ᠢ ᠬᠦᠩᠭᠡᠷᠡᠭᠦᠯᠬᠦ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠳᠠᠰᠬᠠᠯ | ᠳᠠᠭᠠᠭᠠᠯᠭᠠᠪᠤᠷᠢ ᠶᠢᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠬᠢᠴᠢᠶᠡᠯ ᠪᠤᠯᠪᠠᠰᠤᠷᠠᠯ ᠤᠨ ᠳᠠᠷᠤᠭᠠᠰᠤ ᠶᠢ | ᠬᠦᠩᠭᠡᠷᠡᠭᠦᠯᠬᠦ᠃ | ᠪᠠᠭᠰᠢ ᠨᠠᠷ ᠤᠨ ᠬᠠᠮᠵᠢᠯᠴᠠᠭ᠎ᠠ᠄ ᠵᠠᠯᠠᠭᠤ ᠪᠠᠭᠰᠢ ᠨᠠᠷ ᠤᠨ ᠲᠠᠷᠤᠶᠢᠬᠠᠨ ᠠᠵᠢᠯ ᠳᠠᠭᠠᠨ ᠴᠠᠭᠠᠷᠠᠬᠤ ᠵᠠ ᠠᠬᠢᠭᠤᠯᠤᠨ᠂ | ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠤᠯᠠᠮ ᠴᠢᠨᠠᠭᠰᠢᠳᠠ ᠳᠡᠭᠡᠭᠰᠢᠯᠡᠭᠦᠯᠬᠦ ᠤᠨ | ᠲᠤᠯᠠᠳᠠ᠂ ᠭᠤᠣᠯᠯᠠᠭᠴᠢ ᠪᠠᠭᠰᠢ ᠨᠠᠷ ᠤᠨ ᠤᠯᠠᠮᠵᠢᠯᠠᠬᠤ᠂ ᠬᠠᠪᠰᠤᠷᠬᠤ᠂ ᠳᠠᠭᠠᠭᠤᠯᠬᠤ ᠢᠳᠡᠪᠬᠢ ᠦᠢᠯᠡᠳᠦᠯ ᠢ | ᠢᠳᠡᠪᠬᠢᠳᠡᠢ ᠪᠠᠳᠠᠷᠠᠭᠤᠯᠵᠤ᠂ ︽ᠬᠠᠭᠤᠴᠢᠨ ᠢᠶᠠᠷ ᠰᠢᠨ᠎ᠡ ᠶᠢ ᠳᠠᠭᠠᠭᠤᠯᠬᠤ᠂ ᠰᠢᠨ᠎ᠡ ᠪᠠᠷ ᠬᠠᠭᠤᠴᠢᠨ ᠢ ᠠᠬᠢᠭᠤᠯᠬᠤ᠂ | ᠪᠠᠭᠰᠢ ᠱᠠᠪᠢ ᠬᠤᠣᠰᠯᠠᠬᠤ᠂ ᠬᠠᠮᠲᠤ ᠪᠠᠷ ᠳᠡᠭᠡᠭᠰᠢᠯᠡᠬᠦ︾ ᠶᠢ ᠵᠢᠭᠠᠵᠤ ᠪᠤᠢ ᠃ | ᠦᠢᠯᠡᠰ ᠪᠤᠰᠬᠠᠵᠦ ᠰᠢᠨ᠎ᠡ ᠶᠢ ᠡᠭᠦᠳᠬᠦ᠄ ᠲᠦᠮᠡᠨ ᠤᠯᠠᠨ ᠢᠶᠠᠷ ᠢᠶᠠᠨ ᠦᠢᠯᠡᠰ ᠪᠤᠰᠬᠠᠵᠦ᠂ ᠲᠦᠭᠡᠮᠡᠯ ᠤᠯᠠᠨ ᠢᠶᠠᠷ ᠢᠶᠠᠨ | ᠰᠢᠨ᠎ᠡ ᠶᠢ ᠡᠭᠦᠳᠬᠦ ᠃ | ᠭᠤᠷᠪᠠᠨ ᠲᠦᠷᠦᠯ ᠤᠨ ᠠᠯᠪᠠᠨ ᠵᠠᠷᠤᠳᠠᠯ᠄ ᠠᠯᠪᠠᠨ ᠶᠠᠪᠤᠳᠠᠯ ᠢᠶᠠᠷ ᠤᠯᠤᠰ ︵ᠬᠢᠯᠢ︶ ᠠᠴᠠ ᠭᠠᠷᠬᠤ ᠵᠠᠷᠤᠳᠠᠯ᠂ | ᠠᠯᠪᠠᠨ ᠤ ᠲᠡᠷᠭᠡ ᠬᠤᠳᠠᠯᠳᠤᠨ ᠠᠪᠬᠤ ᠪᠠ ᠠᠵᠢᠯᠯᠠᠭᠤᠯᠬᠤ ᠵᠠᠷᠤᠳᠠᠯ᠂ ᠠᠯᠪᠠᠨ ᠶᠠᠪᠤᠳᠠᠯ ᠤᠨ ᠵᠣᠴᠢᠯᠠᠬᠤ ᠵᠠᠷᠤᠳᠠᠯ᠃ | ᠳᠤᠯᠤᠭ᠎ᠠ ᠶᠢ ᠲᠠᠶᠠᠭᠳᠠᠬᠤ᠄ ︽ᠪᠢ ᠪᠤᠰᠤᠳ ᠢ ᠬᠦᠷᠬᠦ ᠦᠭᠡᠶ︾ ᠭᠡᠬᠦ ᠨᠤᠮᠤᠢ ᠪᠣᠳᠣᠯ᠂ ︽ᠬᠥᠭᠵᠢᠭᠦᠯᠬᠦ ᠪᠠᠷ ᠶᠠᠭᠠᠷᠠᠬᠤ | ᠦᠬᠡᠢ︾ ᠲᠠᠶᠢᠪᠣᠩ ᠪᠣᠳᠣᠯ᠂ ︽ᠶᠠᠪᠤᠴᠠ ᠶᠢ ᠴᠢᠬᠤᠯᠠᠴᠢᠯᠠᠨ ᠦᠷ᠎ᠡ ᠳ᠋ᠦᠩ ᠢ ᠬᠦᠩᠭᠡᠪᠴᠢᠯᠡᠬᠦ︾ ᠦᠩᠭᠡᠴᠡ ᠤᠬᠠᠮᠰᠠᠷ᠂ | ︽ᠬᠡᠷᠡᠭ ᠤᠴᠢᠷ ᠢ ᠰᠢᠢᠳᠪᠦᠷᠢᠯᠡᠬᠦ ᠦᠬᠡᠢ︾ ᠠᠶᠤᠮᠠᠲᠠᠭᠠᠢ ᠪᠣᠳᠣᠯ᠂ ︽ᠬᠤᠯᠠ ᠶᠢᠨ ᠬᠠᠷᠠᠴᠠ ᠦᠬᠡᠢ︾ ᠤᠬᠤᠷ | ᠰᠡᠳᠬᠢᠬᠦᠶ᠂ ︽ᠬᠠᠰᠢ ᠶᠠᠰᠢ ᠬᠠᠨᠳᠤᠬᠤ︾ ᠬᠠᠭᠤᠮᠠᠭᠠᠢ ᠪᠣᠳᠣᠯ ᠪᠣᠯᠤᠨ ︽ᠦᠢᠯᠡᠳᠪᠦᠷᠢᠯᠡᠯ ᠢ ᠴᠢᠬᠤᠯᠠᠴᠢᠯᠠᠨ | ᠡᠵᠡᠩᠨᠡᠯᠲᠡ ᠶᠢ ᠬᠥᠩᠭᠡᠪᠴᠢᠯᠡᠬᠦ ︾ ᠨᠠᠵᠠᠭᠠᠢ ᠦᠵᠡᠯᠲᠡ ᠶᠢ ᠲᠠᠶᠠᠭᠳᠠᠬᠤ ᠶᠢ ᠬᠡᠯᠡᠵᠦ ᠪᠤᠢ᠃ | |