12 ᠰᠠᠷ᠎ᠠ ᠶᠢᠨ 15 ᠤ ᠡᠳᠦᠷ᠂ ᠰᠢᠯᠤᠭᠤᠨ ᠬᠥᠬᠡ ᠬᠤᠰᠢᠭᠤ ᠠᠵᠤ ᠠᠬᠤᠶ ᠶᠢᠨ ᠡᠵᠡᠩᠨᠡᠯᠳᠡ ᠪᠠ ᠭᠤᠤᠯᠳᠠᠯᠭ᠎ᠠ | ᠲᠠᠢ ᠠᠵᠢᠯ ᠢ ᠪᠠᠶᠢᠷᠢᠯᠠᠭᠤᠯᠬᠤ ᠬᠤᠷᠠᠯ ᠬᠤᠷᠠᠯᠳᠤᠭᠤᠯᠵᠤ᠂ ᠣᠳᠣᠬᠠᠨ ᠤ ᠠᠵᠤ ᠠᠬᠤᠶ ᠶᠢᠨ ᠡᠵᠡᠩᠨᠡᠯᠳᠡ ᠶᠢᠨ | ᠶᠠᠪᠤᠴᠠ ᠳᠤ ᠣᠷᠣᠰᠢᠵᠤ ᠪᠠᠶᠢᠭ᠎ᠠ ᠳᠣᠪᠣᠶᠢᠮ᠎ᠠ ᠠᠰᠠᠭᠤᠳᠠᠯ ᠪᠣᠯᠤᠨ ᠭᠤᠣᠯᠳᠠᠯᠭ᠎ᠠ ᠲᠠᠢ ᠠᠵᠢᠯ ᠢ ᠠᠬᠢᠭᠤᠯᠵᠤ | ᠪᠠᠶᠢᠭ᠎ᠠ ᠪᠠᠶᠢᠳᠠᠯ ᠳᠤ ᠴᠢᠭᠯᠡᠭᠦᠯᠦᠨ᠂ ᠠᠰᠠᠭᠤᠳᠠᠯ ᠤᠨ ᠵᠥᠷᠢᠶ᠎ᠡ ᠪᠣᠯᠤᠨ ᠪᠠᠭᠤᠷᠠᠶ ᠲᠠᠯ᠎ᠠ ᠪᠠᠨ ᠣᠨᠣᠪᠴᠢᠲᠠᠶ ᠡᠷᠢᠵᠦ | ᠭᠠᠷᠭᠠᠨ᠂ ᠬᠠᠨᠳᠤᠯᠭᠠᠳᠤ ᠴᠢᠨᠠᠷᠲᠠᠶ ᠠᠷᠭ᠎ᠠ ᠬᠡᠮᠵᠢᠶ᠎ᠡ ᠳᠤᠷᠠᠳᠴᠤ᠂ ᠪᠦᠬᠦ ᠵᠢᠯ ᠤᠨ ᠬᠠᠷᠠᠯᠲᠠ ᠶᠢ ᠲᠤᠭᠳᠠᠭᠰᠠᠨ | ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠳᠠᠷᠠᠭ᠎ᠠ ᠵᠢᠯ ᠤᠨ ᠠᠵᠢᠯ ᠤᠨ ᠰᠠᠶᠢᠨ ᠡᠬᠢᠯᠡᠯᠳᠡ ᠶᠢ ᠪᠤᠢ | ᠪᠤᠯᠭᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠯᠢᠦ ᠰᠢᠶᠣᠤ ᠮᠢᠨ | ᠬᠤᠷᠠᠯ ᠢ ᠡᠷᠬᠢᠯᠡᠨ ᠶᠠᠷᠢᠶ᠎ᠠ ᠳᠠᠯᠪᠢᠵᠠᠢ᠃ | ᠬᠤᠷᠠᠯ ᠠᠴᠠ ᠮᠠᠨ ᠤ ᠬᠤᠰᠢᠭᠤᠨ ᠤ 11 ᠳ᠋ᠦ᠋ᠭᠡᠷ ᠰᠠᠷ᠎ᠠ ᠶᠢᠨ ᠭᠤᠤᠯᠳᠠᠯᠭ᠎ᠠ ᠲᠠᠢ ᠠᠵᠢᠯ ᠤᠨ ᠠᠬᠢᠴᠠ ᠶᠢᠨ | ᠪᠠᠶᠢᠳᠠᠯ ᠢ ᠨᠡᠶᠢᠳᠡᠯᠡᠵᠦ᠂ ᠠᠵᠤ ᠠᠬᠤᠶ ᠶᠢᠨ ᠶᠡᠷᠦᠩᠬᠡᠶᠢᠯᠡᠭᠰᠡᠨ ᠰᠠᠯᠠᠭ᠎ᠠ ᠮᠥᠴᠢᠷ ᠠᠴᠠ ᠠᠵᠤ ᠠᠬᠤᠶ ᠶᠢᠨ | ᠭᠦᠶᠴᠡᠳᠬᠡᠯ ᠲᠤᠭ᠎ᠠ᠂ ᠭᠤᠤᠯᠳᠠᠯᠭ᠎ᠠ ᠲᠠᠢ ᠲᠥᠷᠥᠯ ᠵᠦᠶᠯ᠂ ᠡᠳ᠋ ᠤᠨ ᠵᠠᠰᠠᠭ ᠤᠨ ᠡᠵᠡᠩᠨᠡᠯᠳᠡ ᠵᠡᠷᠭᠡ ᠪᠠᠶᠢᠳᠠᠯ ᠢ | ᠨᠡᠶᠢᠳᠡᠯᠡᠨ᠂ ᠲᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠶ ᠰᠠᠨᠠᠯ ᠱᠠᠭᠠᠷᠳᠠᠯᠭ᠎ᠠ ᠳᠤᠷᠠᠳᠴᠤ᠂ ᠡᠯ᠎ᠡ ᠳᠡᠳ᠋ | ᠬᠤᠰᠢᠭᠤ ᠳᠠᠷᠤᠭ᠎ᠠ ᠠᠴᠠ ᠬᠤᠪᠢᠳᠠᠨ ᠬᠠᠮᠢᠶᠠᠷᠴᠤ ᠪᠠᠶᠢᠭ᠎ᠠ ᠬᠡᠪᠴᠢᠶᠠᠨ ᠤ ᠪᠠᠨ 2024 ᠣᠨ ᠤ ᠠᠵᠢᠯ ᠤᠨ | ᠲᠦᠯᠦᠪᠯᠡᠭᠡ ᠪᠠᠨ ᠳᠤᠷᠠᠳᠤᠨ ᠭᠠᠷᠭᠠᠭᠰᠠᠨ ᠪᠠᠶᠢᠨ᠎ᠠ᠃ | ᠬᠤᠷᠠᠯ ᠠᠴᠠ᠂ ᠣᠳᠣᠬᠠᠨ ᠳᠤ ᠶᠠᠭ ᠵᠢᠯ ᠤᠨ ᠡᠴᠦᠰ ᠤᠨ ᠵᠠᠩᠭᠢᠯᠠᠭ᠎ᠠ ᠶᠢᠨ ᠬᠤᠭᠤᠴᠠᠭ᠎ᠠ ᠪᠤᠯᠬᠤᠷ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠨᠳᠤᠯᠭᠠᠲᠤ ᠴᠢᠨᠠᠷ ᠲᠠᠢ ᠪᠤᠳᠠᠳᠠᠢ ᠠᠷᠭ᠎ᠠ ᠬᠡᠮᠵᠢᠶ᠎ᠡ ᠠᠪᠴᠤ᠂ ᠭᠠᠵᠠᠷ | ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ᠂ ᠨᠡᠶᠢᠭᠡᠮ ᠤᠨ ᠬᠡᠷᠡᠭᠯᠡᠭᠡᠨ ᠤ ᠵᠦᠶᠯ ᠢ ᠵᠢᠵᠢᠭᠯᠡᠨ | ᠪᠤᠷᠤᠯᠠᠭᠤᠯᠤᠭᠰᠠᠨ ᠨᠡᠶᠢᠳᠡ ᠲᠤᠭ᠎ᠠ᠂ ᠬᠤᠳᠠ ᠪᠠᠯᠭᠠᠰᠤᠨ ᠤ ᠰᠠᠭᠤᠭᠠᠯᠢ ᠠᠷᠠᠳ ᠪᠤᠯᠤᠨ ᠮᠠᠯᠴᠢᠨ ᠲᠠᠷᠢᠶᠠᠴᠢᠳ | ᠤᠨ ᠤᠷᠤᠯᠭ᠎ᠠ ᠵᠡᠷᠭᠡ ᠲᠠᠯ᠎ᠠ ᠳᠤ ᠬᠦᠴᠦ ᠵᠠᠷᠤᠴᠠᠭᠤᠯᠵᠤ᠂ ᠪᠥᠬᠦ ᠵᠢᠯ ᠤᠨ ᠠᠵᠤ ᠠᠬᠤᠶ ᠶᠢᠨ ᠡᠵᠡᠩᠨᠡᠯᠳᠡ ᠶᠢᠨ | ᠡᠯ᠎ᠡ ᠵᠦᠶᠯ ᠤᠨ ᠭᠦᠶᠴᠡᠳᠬᠡᠯ ᠲᠤᠭ᠎ᠠ ᠶᠢ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠵᠠᠢ᠃ | ᠬᠤᠷᠠᠯ ᠠᠴᠠ᠂ ᠡᠯ᠎ᠡ ᠰᠠᠯᠠᠭ᠎ᠠ ᠮᠥᠴᠢᠷ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ | ᠪᠠᠷ ᠵᠢᠯᠣᠭᠤᠳᠣᠯᠭ᠎ᠠ ᠪᠣᠯᠭᠠᠵᠤ᠂ ᠡᠭᠦᠷᠭᠡ ᠪᠠᠨ ᠳᠤᠳᠤᠷᠬᠠᠶᠢᠯᠠᠨ ᠪᠣᠳᠠᠲᠠᠶ ᠠᠷᠭ᠎ᠠ ᠬᠡᠮᠵᠢᠶ᠎ᠡ ᠠᠪᠴᠤ᠂ ᠢᠷᠡᠬᠦ ᠵᠢᠯ | ᠤᠨ ᠭᠤᠤᠯᠳᠠᠯᠭ᠎ᠠ ᠲᠠᠢ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠦᠨ᠂ ᠡᠳ᠋ ᠤᠨ ᠵᠠᠰᠠᠭ ᠤᠨ | ᠣᠷᠣᠯᠭ᠎ᠠ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠵᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ | ᠭᠤᠤᠯᠳᠠᠯᠭ᠎ᠠ ᠲᠠᠢ ᠲᠥᠷᠥᠯ ᠵᠦᠶᠯ᠂ ᠠᠷᠠᠯᠵᠢᠶᠠᠴᠢᠨ ᠤᠷᠢᠵᠤ ᠪᠠᠯᠠ ᠤᠷᠤᠭᠤᠯᠬᠤ᠂ ᠲᠥᠷᠥ ᠶᠢᠨ ᠪᠣᠳᠣᠯᠭ᠎ᠠ ᠪᠠᠯᠠ | ᠮᠥᠩᠭᠦ ᠤᠯᠬᠤ ᠵᠡᠷᠭᠡ ᠠᠵᠢᠯ ᠢ ᠰᠠᠶᠢᠳᠤᠷ ᠬᠢᠵᠦ᠂ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠶ | ᠬᠥᠭᠵᠢᠯᠲᠡ ᠶᠢ ᠦᠨᠡᠨᠬᠦ ᠠᠬᠢᠭᠤᠯᠬᠤ ᠬᠡᠷᠡᠭᠲᠡᠶ᠃ ᠤᠯᠤᠰ ᠲᠥᠷᠥ ᠶᠢ ᠡᠷᠬᠢᠮᠯᠡᠬᠦ᠂ ᠶᠣᠰᠣ ᠲᠦᠷᠢᠮ ᠢ ᠰᠠᠬᠢᠬᠤ᠂ | ᠶᠡᠭᠡ ᠲᠠᠯ᠎ᠠ ᠶᠢ ᠬᠠᠷᠠᠭᠠᠯᠵᠠᠬᠤ ᠦᠨᠳᠦᠷᠴᠡ ᠠᠴᠠ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠵᠤ᠂ ᠲᠥᠯᠥᠪᠵᠢᠭᠦᠯᠬᠦ᠂ ᠪᠠᠶᠢᠷᠢᠯᠠᠭᠤᠯᠬᠤ᠂ ᠬᠡᠷᠡᠭᠵᠢᠭᠦᠯᠬᠦ᠂ ᠪᠠᠶᠢᠴᠠᠭᠠᠬᠤ᠂ ᠬᠠᠷᠢᠭᠤ | ᠲᠤᠰᠬᠠᠬᠤ ᠪᠦᠷᠢᠨ ᠪᠦᠲᠦᠨ ᠠᠵᠢᠯ ᠤᠨ ᠭᠤᠭᠴᠤᠭ᠎ᠠ ᠶᠢ ᠪᠦᠷᠢᠯᠳᠦᠭᠦᠯᠵᠦ᠂ ᠰᠠᠶᠢᠳᠤᠷ ᠨᠠᠶᠢᠳᠠᠪᠤᠷᠢᠵᠢᠭᠤᠯᠤᠨ᠂ | ᠢᠷᠡᠬᠦ ᠵᠢᠯ ᠤᠨ ᠨᠢᠭᠡᠳᠦᠭᠡᠷ ᠤᠯᠠᠷᠢᠯ ᠳᠤ ᠰᠠᠶᠢᠨ ᠡᠬᠢᠯᠡᠯᠲᠡ ᠶᠢ ᠪᠤᠢ ᠪᠤᠯᠭᠠᠬᠤ ᠪᠠᠷ ᠴᠢᠷᠮᠠᠶᠢᠬᠤ ᠬᠡᠷᠡᠭᠲᠡᠶ ᠭᠡᠵᠦ | ᠴᠢᠬᠤᠯᠠᠴᠢᠯᠠᠭᠰᠠᠨ ᠪᠠᠶᠢᠨ᠎ᠠ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ | ᠵᠠᠩ ᠯᠢ ᠪᠢᠨ᠂ ᠬᠤᠰᠢᠭᠤ ᠳᠡᠳ᠋ ᠳᠠᠷᠤᠭ᠎ᠠ ᠠᠮᠵᠢᠯᠳᠤ᠂ ᠯᠢᠦᠶ ᠡᠾᠦ᠋ᠢ᠂ ᠱᠧᠨ ᠭᠤᠸᠠᠩ ᠱᠧᠩ᠂ ᠵᠣᠷᠢᠭᠰᠠᠶᠢᠬᠠᠨ᠂ | ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠦᠨᠳᠦᠰᠦ ᠵᠢᠴᠢ ᠡᠯ᠎ᠡ ᠰᠤᠮᠤ ᠪᠠᠯᠭᠠᠰᠤ ︵ᠲᠠᠯᠠᠪᠠᠶ︶᠂ | ᠬᠠᠮᠢᠶ᠎ᠠ ᠲᠠᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠵᠠᠢ᠃ | | | |