ᠰᠢᠯᠤᠭᠤᠨ ᠬᠥᠬᠡ ᠬᠤᠰᠢᠭᠤ ᠡᠪᠡᠰᠦ ᠪᠣᠷᠳᠤᠭ᠎ᠠ ᠨᠦᠭᠡᠴᠡᠯᠡᠬᠦ ᠠᠵᠢᠯ ᠢ ᠰᠠᠶᠢᠳᠤᠷ ᠬᠢᠵᠦ ᠪᠤᠢ
ᠨᠡᠶᠢᠲᠡᠯᠡᠭᠰᠡᠨ ᠴᠠᠭ᠄
2023/12/27
        ᠡᠪᠦᠯᠵᠢᠬᠦᠯᠬᠦ ᠮᠠᠯ ᠳᠠᠭᠠᠨ ᠬᠦᠷᠦᠯᠴᠡᠬᠦᠶᠢᠴᠡ ᠡᠪᠡᠰᠦ ᠪᠣᠷᠳᠤᠭ᠎ᠠ ᠨᠥᠭᠡᠴᠡᠯᠡᠬᠦ ᠪᠣᠯ ᠤᠳᠤᠬᠠᠨ ᠤ ᠮᠠᠯᠵᠢᠬᠤ ᠦᠶᠯᠡᠳᠪᠦᠷᠢᠯᠡᠯ ᠤᠨ ᠴᠢᠬᠤᠯᠠ ᠠᠵᠢᠯ ᠪᠣᠯᠤᠨ᠎ᠠ᠃ ᠮᠠᠯᠴᠢᠳ ᠤᠨ ᠮᠠᠯ ᠣᠨᠤᠭ᠎ᠠ ᠪᠠᠨ ᠮᠡᠨᠳᠦ ᠤᠨᠳᠤᠷᠤᠭᠤᠯᠬᠤ ᠶᠢ ᠪᠠᠲᠤᠯᠠᠬᠤ ᠶᠢᠨ ᠲᠥᠯᠥᠭᠡ ᠰᠢᠯᠤᠭᠤᠨ ᠬᠥᠬᠡ ᠬᠤᠰᠢᠭᠤ ᠠᠭᠤᠷ ᠠᠮᠢᠰᠬᠤᠯ ᠤᠨ ᠨᠥᠬᠦᠴᠡᠯ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠣᠳᠠᠲᠤ ᠪᠠᠶᠢᠳᠠᠯ ᠳᠤ ᠰᠠᠭᠤᠷᠢᠯᠠᠨ ᠮᠠᠯᠴᠢᠨ ᠲᠦᠮᠡᠨ ᠤ ᠡᠪᠦᠯᠵᠢᠬᠦ ᠮᠠᠯ ᠎ ᠳᠠᠭᠠᠨ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠵᠦᠶᠯ ᠤᠨ ᠠᠷᠭ᠎ᠠ ᠠᠪᠴᠠᠯ ᠢᠶᠠᠷ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠᠷ ᠴᠢᠷᠮᠠᠶᠢᠵᠦ ᠪᠤᠢ᠃ᠤᠶᠢᠷ᠎ᠠ ᠶᠢᠨ ᠡᠳᠦᠷ ᠤᠨ ᠦᠷᠬᠦᠯᠵᠢᠯᠡᠭᠰᠡᠨ ᠴᠠᠰᠤᠨ ᠳᠤ ᠪᠡᠯᠴᠢᠭᠡᠷ ᠨᠡᠶᠢᠳᠡᠮ ᠳᠡᠭᠡᠨ ᠳᠠᠷᠤᠭᠳᠠᠭᠰᠠᠨ ᠠᠴᠠ ᠰᠢᠯᠤᠭᠤᠨ ᠬᠥᠬᠡ ᠬᠤᠰᠢᠭᠤᠨ ᠤ ᠱᠠᠩᠳᠤ ᠪᠠᠯᠭᠠᠰᠤᠨ ᠤ ᠪᠠᠶᠠᠨᠭᠤᠤᠯ ᠭᠠᠴᠠᠭᠠᠨ ᠤ ᠮᠠᠯᠴᠢᠨ ᠲᠤᠩᠭᠠᠯᠠᠭ ᠦᠬᠡᠷ ᠬᠤᠨᠢ ᠪᠠᠨ ᠲᠤᠯᠠᠭᠠᠨ ᠰᠠᠷᠠᠪᠴᠢᠨ ᠳᠠᠭᠠᠨ ᠤᠷᠤᠭᠤᠯᠵᠤ ᠳᠡᠵᠢᠭᠡᠭᠦ ᠪᠤᠯᠵᠠᠢ᠃      ᠡᠳᠡᠨ ᠤ ᠬᠢ ᠳᠠᠯᠠᠭᠠᠳ ᠦᠬᠡᠷ᠂ 100 ᠭᠠᠷᠤᠢ ᠬᠤᠨᠢ ᠲᠠᠢ ᠪᠠᠶᠢᠵᠦ᠂ ᠨᠡᠶᠢᠳᠡ 1000 ᠲᠡᠭᠰᠢ ᠳᠥᠷᠪᠡᠯᠵᠢᠨ ᠤᠨ ᠲᠤᠯᠠᠭᠠᠨ ᠰᠠᠷᠠᠪᠴᠢ ᠎ ᠲᠠᠢ᠃ ︿ᠪᠡᠯᠡᠳᠭᠡᠯ ᠲᠠᠢ ᠪᠤᠯ ᠪᠠᠯᠠᠭᠳᠠᠬᠤ ᠦᠭᠡᠢ﹀ ᠬᠡᠳᠡᠭᠴᠢᠯᠡᠨ ᠲᠤᠩᠭᠠᠯᠠᠭ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠨ ᠬᠢᠵᠦ᠂ ᠡᠪᠡᠰᠦ ᠪᠣᠷᠳᠤᠭ᠎ᠠ ᠪᠠᠨ ᠬᠦᠢᠴᠡᠳ ᠨᠦᠭᠡᠴᠡᠯᠡᠭᠰᠡᠨ ᠪᠠᠶᠢᠯ᠎ᠠ᠃       ᠲᠤᠩᠭᠠᠯᠠᠭ ᠬᠡᠯᠡᠬᠦ ᠳᠡᠭᠡᠨ᠄ ︽ᠵᠤᠨ ᠨᠠᠮᠤᠷ ᠬᠡᠳᠦᠶᠢᠪᠡᠷ ᠭᠠᠩᠳᠠᠭᠰᠠᠨ ᠪᠣᠯᠪᠠᠴᠤ᠂ ᠮᠠᠨ ᠤ ᠬᠢᠨ ᠤ ᠪᠡᠯᠴᠢᠭᠡᠷ ᠭᠤᠣᠯ ᠤᠨ ᠬᠦᠪᠡᠭᠡ ᠳᠠᠭᠠᠤ ᠪᠣᠯᠬᠤᠷ ᠪᠠᠰᠠ ᠨᠡᠯᠢᠶᠡᠳ ᠡᠪᠡᠰᠦ ᠬᠠᠳᠤᠵᠤ ᠬᠤᠷᠢᠶᠠᠭᠰᠠᠨ᠃ ᠡᠨᠡ ᠵᠢᠯ ᠮᠠᠨ ᠤ ᠬᠢ 180 ᠲᠣᠨ ᠡᠪᠡᠰᠦ ᠨᠥᠭᠡᠴᠡᠯᠡᠵᠦ᠂ 50 ᠲᠣᠨ ᠪᠣᠷᠳᠤᠭ᠎ᠠ᠂ 100 ᠲᠣᠨ ᠨᠣᠭᠤᠭᠠᠨ ᠳᠠᠷᠤᠰᠢ ᠪᠡᠯᠡᠳᠭᠡᠯ᠎ᠡ︾ ᠭᠡᠪᠡ᠃       ᠣᠶᠢᠷ᠎ᠠ ᠳᠤ᠂ ᠰᠢᠯᠤᠭᠤᠨ ᠬᠥᠬᠡ ᠬᠤᠰᠢᠭᠤᠨ ᠤ ᠬᠠᠮᠢᠶ᠎ᠠ ᠲᠠᠢ ᠰᠠᠯᠠᠭ᠎ᠠ ᠮᠥᠴᠢᠷ ᠡᠭᠦᠷᠭᠡ ᠴᠢᠳᠠᠪᠬᠢ ᠪᠠᠨ ᠢᠳᠡᠪᠬᠢᠲᠡᠶ ᠪᠠᠳᠠᠷᠠᠭᠤᠯᠵᠤ᠂ ᠠᠵᠤ ᠠᠬᠤᠶᠢᠯᠠᠯ ᠲᠠᠢ ᠭᠦᠨᠵᠡᠭᠡᠶ ᠬᠠᠮᠳᠤᠷᠠᠯᠴᠠᠨ᠂ ᠮᠠᠯᠴᠢᠳ ᠲᠤ ᠬᠢᠮᠳᠠ ᠦᠨ᠎ᠡ ᠎ ᠶᠢᠨ ᠡᠪᠡᠰᠦ ᠪᠣᠷᠳᠤᠭ᠎ᠠ ᠬᠠᠩᠭᠠᠵᠤ᠂ ᠮᠠᠯ ᠰᠦᠷᠦᠭ ᠢᠶᠠᠨ ᠮᠡᠨᠳᠦ ᠡᠪᠦᠯᠵᠢᠬᠦᠯᠬᠦ ᠶᠢ ᠪᠠᠳᠤᠯᠠᠵᠤ ᠪᠤᠢ᠃       ᠰᠢᠯᠤᠭᠤᠨ ᠬᠥᠬᠡ ᠬᠤᠰᠢᠭᠤᠨ ᠤ ᠶᠢᠨ ᠱᠠ ᠸᠠᠨ ᠲᠡᠵᠢᠭᠡᠯ ᠪᠣᠷᠳᠣᠭᠠᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠯᠢᠶᠠᠩ ᠵᠧᠨ ᠪᠧᠶ ᠬᠡᠯᠡᠬᠦ ᠳᠡᠭᠡᠨ᠄ ︽ᠮᠠᠨ ᠤ ᠺᠤᠮᠫᠠᠨᠢ ᠪᠠᠰᠠ ᠦᠬᠡᠷ ᠲᠡᠵᠢᠭᠡᠵᠦ ᠪᠠᠶᠢᠬᠤ ᠪᠣᠯᠬᠤᠷ ᠡᠨᠡ ᠵᠢᠯ ᠤᠨ ᠦᠬᠡᠷ ᠤᠨ ᠦᠨ᠎ᠡ ᠬᠠᠩᠰᠢ ᠶᠢ ᠤᠶᠢᠯᠠᠭᠠᠨ᠎ᠠ᠃ ᠡᠶᠢᠮᠦ ᠠᠴᠠ ᠪᠢᠳᠡ ᠲᠡᠵᠢᠭᠡᠯ ᠪᠣᠷᠳᠣᠭᠠᠨ ᠎ ᠤ ᠦᠨ᠎ᠡ ᠬᠠᠩᠰᠢ ᠶᠢ ᠦᠨᠳᠦᠰᠦᠨ ᠳᠡᠭᠡᠨ ᠬᠠᠮᠤᠭ ᠤᠨ ᠳᠣᠤᠷ᠎ᠠ ᠬᠡᠮᠵᠢᠶᠡᠨ ᠳᠤ ᠬᠢᠵᠠᠭᠠᠷᠯᠠᠵᠤ᠂ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠵᠦ ᠪᠠᠶᠢᠨ᠎ᠠ᠃ ᠮᠠᠨ ᠤ ᠺᠤᠮᠫᠠᠨᠢ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ ᠬᠠᠪᠰᠤᠷᠤᠯᠭ᠎ᠠ ᠪᠠᠷ ᠪᠣᠷᠳᠤᠭ᠎ᠠ ᠡᠳ᠋ᠰᠢᠭᠦᠯᠬᠦ ᠴᠢᠳᠠᠪᠤᠷᠢ ᠪᠠ ᠡᠪᠡᠰᠦ ᠪᠣᠷᠳᠤᠭ᠎ᠠ ᠨᠥᠭᠡᠴᠡᠯᠡᠬᠦ ᠴᠢᠳᠠᠪᠤᠷᠢ ᠎ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ ᠡᠪᠡᠰᠦ ᠪᠤᠷᠳᠤᠬᠠᠨ ᠤ ᠬᠡᠷᠡᠭᠴᠡᠭᠡ ᠶᠢ ᠬᠠᠩᠭᠠᠵᠤ ᠪᠠᠶᠢᠨ᠎ᠠ︾ ᠭᠡᠯ᠎ᠡ᠃ᠡᠨᠡ ᠵᠢᠯ᠂ ᠰᠢᠯᠤᠭᠤᠨ ᠬᠥᠬᠡ ᠬᠤᠰᠢᠭᠤ ᠮᠠᠯᠵᠢᠬᠤ ᠣᠷᠣᠨ ᠤ ᠰᠠᠭᠤᠷᠢ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠰᠠᠶᠢᠵᠢᠷᠠᠭᠤᠯᠤᠭᠰᠠᠨ ᠰᠠᠭᠤᠷᠢᠨ ᠳᠡᠭᠡᠷ᠎ᠡ ᠡᠪᠡᠰᠦ ᠪᠣᠷᠳᠤᠭ᠎ᠠ ᠨᠥᠭᠡᠴᠡᠯᠡᠬᠦ ᠨᠥᠬᠦᠪᠥᠷᠢ ᠣᠯᠭᠤᠬᠤ ᠵᠡᠷᠭᠡ ᠠᠷᠭ᠎ᠠ ᠠᠪᠴᠠᠯ ᠢ ᠬᠡᠷᠡᠭᠵᠢᠬᠦᠯᠵᠦ᠂ ᠥᠷᠭᠡᠨ ᠣᠯᠠᠨ ᠮᠠᠯᠴᠢᠨ ᠲᠠᠷᠢᠶᠠᠴᠢᠨ ᠢ ᠵᠢᠯᠤᠭᠤᠳᠤᠨ ᠡᠪᠡᠰᠦ ᠪᠣᠷᠳᠤᠭ᠎ᠠ ᠶᠢ ᠢᠳᠡᠪᠬᠢᠲᠡᠶ ᠨᠦᠭᠡᠴᠡᠯᠡᠭᠦᠯᠦᠭᠰᠡᠨ ᠪᠠᠶᠢᠨ᠎ᠠ᠃ ᠪᠦᠷᠢᠳᠬᠡᠯ ᠠᠴᠠ ᠦᠵᠡᠪᠡᠯ᠂ ᠡᠨᠡ ᠵᠢᠯ ᠪᠦᠬᠦ ᠬᠤᠰᠢᠭᠤᠨ ᠳᠤ 5.8 ᠲᠦᠮᠡᠨ ᠲᠡᠭᠰᠢ ᠳᠥᠷᠪᠡᠯᠵᠢᠨ ᠮᠧᠲᠷ ᠪᠠᠷᠢᠮᠵᠢᠶᠠᠵᠢᠭᠰᠠᠨ ᠫᠧᠩ ᠬᠤᠷᠤᠭ᠎ᠠ᠂ 1.35 ᠲᠦᠮᠡᠨ ᠲᠡᠭᠰᠢ ᠳᠥᠷᠪᠡᠯᠵᠢᠨ ᠮᠧᠲᠷ ᠡᠪᠡᠰᠦ ᠬᠠᠳᠠᠭᠠᠯᠠᠬᠤ ᠰᠠᠷᠠᠪᠴᠢ᠂ 1.14 ᠲᠦᠮᠡᠨ ᠺᠦᠪ ᠮᠧᠲᠷ ᠨᠣᠭᠤᠭᠠᠨ ᠳᠠᠷᠤᠰᠢ ᠶᠢᠨ ᠵᠣᠭᠤᠷᠢ ᠰᠢᠨ᠎ᠡ ᠪᠠᠷ ᠨᠡᠮᠡᠭᠳᠡᠵᠡᠢ᠃ ᠮᠠᠯᠴᠢᠳ ᠡᠨᠡ ᠨᠠᠮᠤᠷ ᠨᠡᠶᠢᠳᠡ 10 ᠲᠦᠮᠡᠨ ᠲᠣᠨ ᠡᠪᠡᠰᠦ ᠬᠠᠳᠤᠵᠤ᠂ 35 ᠲᠦᠮᠡᠨ ᠲᠣᠨ ᠨᠣᠭᠤᠭᠠᠨ ᠳᠠᠷᠤᠰᠢ ᠬᠤᠷᠢᠶᠠᠨ᠂ ᠠᠶᠢᠮᠠᠭ ᠤᠨ ᠭᠠᠳᠠᠨ᠎ᠠ ᠎ ᠠᠴᠠ 26 ᠲᠦᠮᠡᠨ ᠲᠣᠨ ᠡᠪᠡᠰᠦ ᠪᠣᠷᠳᠤᠭ᠎ᠠ ᠤᠷᠤᠭᠤᠯᠵᠤ᠂ ᠬᠤᠰᠢᠭᠤ ᠱᠠᠲᠤᠨ ᠠᠴᠠ 3000 ᠲᠣᠨ ᠪᠠᠴᠢᠮ ᠪᠠᠶᠢᠳᠠᠯ ᠢ ᠠᠷᠭᠠᠴᠠᠭᠠᠬᠤ ᠡᠪᠡᠰᠦ ᠪᠣᠷᠳᠤᠭ᠎ᠠ ᠨᠥᠭᠡᠴᠡᠯᠡᠵᠦ᠂ ᠪᠤᠰᠤᠳ ᠬᠡᠯᠪᠡᠷᠢ ᠪᠠᠷ 8000 ᠲᠣᠨ ᠡᠪᠡᠰᠦ ᠪᠣᠷᠳᠤᠭ᠎ᠠ ᠨᠦᠭᠡᠴᠡᠯᠡᠵᠦ ᠪᠤᠢ᠃ ᠡᠭᠦᠨ ᠠᠴᠠ ᠭᠠᠳᠠᠨ᠎ᠠ ᠮᠠᠯᠴᠢᠨ ᠲᠠᠷᠢᠶᠠᠴᠢᠳ ᠢ ᠢᠳᠡᠪᠬᠢᠲᠡᠶ ᠤᠬᠠᠭᠤᠯᠤᠨ ᠵᠢᠯᠣᠭᠤᠳᠴᠤ ᠪᠠᠶᠢᠭᠠᠳ ᠡᠪᠦᠯᠵᠢᠬᠦᠯᠬᠦ ᠮᠠᠯ ᠤᠨ ᠲᠤᠭ᠎ᠠ ᠶᠢ ᠪᠠᠭᠠᠰᠬᠠᠵᠤ ᠡᠪᠡᠰᠦ ᠪᠡᠯᠴᠢᠭᠡᠷ ᠤᠨ ᠳᠠᠷᠤᠯᠲᠠ ᠶᠢ ᠪᠠᠭᠠᠰᠬᠠᠬᠤ᠂ ᠮᠠᠯ ᠨᠥᠭᠡᠴᠡᠯᠡᠬᠦ ᠠᠴᠠ ᠪᠡᠯᠡ ᠮᠥᠩᠭᠦ ᠨᠥᠭᠡᠴᠡᠯᠡᠬᠦ ᠶᠢ ᠵᠤᠷᠢᠭᠵᠢᠭᠤᠯᠤᠭᠰᠠᠨ ᠪᠠᠶᠢᠨ᠎ᠠ᠃ ᠣᠳᠣᠬᠠᠨ ᠪᠣᠯᠲᠠᠯ᠎ᠠ᠂ ᠪᠥᠬᠦ ᠬᠤᠰᠢᠭᠤᠨ ᠤ ᠮᠠᠯ ᠤᠨ ᠭᠠᠷᠭᠠᠯᠲᠠ 30.23 ᠲᠦᠮᠡᠨ ᠲᠣᠯᠣᠭᠠᠶ ︵ᠡᠭᠦᠨ ᠳᠤ᠄            ᠦᠬᠡᠷ 14.53 ᠲᠦᠮᠡᠨ ᠲᠣᠯᠣᠭᠠᠶ᠂ ᠬᠤᠨᠢ 15.7 ᠲᠦᠮᠡᠨ ᠲᠣᠯᠣᠭᠠᠶ︶᠎ ᠳᠤ ᠬᠦᠷᠴᠡᠢ᠃ᠲᠠᠷᠠᠭᠠᠴᠢ ᠪᠠᠷ᠂ ᠰᠢᠯᠤᠭᠤᠨ ᠬᠥᠬᠡ ᠬᠤᠰᠢᠭᠤ ᠮᠠᠯᠴᠢᠳ ᠤᠨ ᠬᠠᠪᠤᠷ ᠤᠨ ᠤᠯᠠᠷᠢᠯ ᠤᠨ ᠦᠶᠯᠡᠳᠪᠦᠷᠢᠯᠡᠯ ᠠᠮᠢᠳᠤᠷᠠᠯ ᠳᠤ ᠲᠤᠯᠭᠠᠷᠠᠵᠤ ᠮᠡᠳᠡᠬᠦ ᠬᠦᠴᠢᠷᠳᠡᠯ ᠢ ᠬᠠᠮᠵᠢᠯᠴᠠᠨ ᠰᠢᠶᠳᠪᠦᠷᠢᠯᠡᠬᠦ ᠶᠢᠨ ᠬᠠᠮᠲᠤ ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠡᠪᠡᠰᠦ ᠪᠣᠷᠳᠤᠭ᠎ᠠ ᠨᠦᠭᠡᠴᠡᠯᠡᠬᠦ ᠰᠢᠰᠲ᠋ᠧᠮ ᠤᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠪᠠᠶᠢᠭᠠᠯᠢ ᠶᠢᠨ ᠭᠠᠮᠰᠢᠭ ᠢ ᠤᠷᠢᠳᠴᠢᠯᠠᠨ ᠰᠡᠷᠭᠡᠶᠢᠯᠡᠬᠦ ᠪᠠ ᠡᠪᠦᠯ ᠬᠠᠪᠤᠷ ᠤᠨ ᠤᠯᠠᠷᠢᠯ ᠎ ᠳᠤ ᠲᠥᠯ ᠲᠣᠰᠴᠤ ᠪᠣᠶᠢᠵᠢᠭᠤᠯᠬᠤ᠂ ᠪᠡᠯᠴᠢᠭᠡᠷ ᠰᠡᠷᠭᠦᠭᠡᠬᠦ ᠵᠡᠷᠭᠡ ᠮᠠᠯ ᠠᠵᠤ ᠠᠬᠤᠶ ᠶᠢᠨ ᠭᠤᠤᠯᠳᠠᠯᠭ᠎ᠠ ᠲᠠᠢ ᠠᠵᠢᠯ ᠤᠨ ᠤᠷᠤᠭᠰᠢᠲᠠᠶ ᠶᠠᠪᠤᠭᠳᠠᠬᠤ ᠳᠤ ᠪᠠᠲᠤᠯᠠᠭ᠎ᠠ ᠬᠠᠩᠭᠠᠬᠤ ᠪᠠᠷ ᠪᠤᠢ᠃ 

 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号