ᠬᠠᠪᠢᠷᠭ᠎ᠠ ᠪᠠᠯᠭᠠᠰᠤ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ  ᠢᠶᠠᠨ ᠳᠠᠭᠠᠬᠤ︾ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/27
          ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ  ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠲᠤᠭᠤᠰᠢᠯᠠᠭᠤᠯᠤᠨ‌ᠨᠠᠶᠢᠳᠠᠪᠤᠷᠢᠵᠢᠭᠤᠯᠬᠤ ᠶᠢᠨ ᠲᠤᠰᠠᠳᠠ12 ᠰᠠᠷ᠎ᠠ ᠶᠢᠨ 19 ᠤ ᠡᠳᠦᠷ ᠬᠠᠪᠢᠷᠭ᠎ᠠ ᠪᠠᠯᠭᠠᠰᠤ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠬᠦᠯᠵᠦ᠂ ᠰᠢᠯᠤᠭᠤᠨ ᠬᠥᠬᠡ ᠬᠤᠰᠢᠭᠤᠨ ᠤ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠬᠠᠭᠤᠯᠤᠨ ᠲᠠᠶᠢᠯᠪᠤᠷᠢᠯᠠᠬᠤ ᠪᠦᠯᠬᠦᠮ  ᠤᠨ ᠪᠦᠷᠢᠯᠳᠦᠬᠦᠨ᠂ ᠬᠤᠰᠢᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ ᠳᠠᠷᠤᠭ᠎ᠠ ᠯᠢᠦ ᠢᠦ᠋ᠶ ᠬᠤᠩ ᠪᠥᠬᠦ ᠪᠠᠯᠭᠠᠰᠤᠨ ᠤ ᠤᠳᠤᠷᠢᠳᠬᠤ ᠺᠠᠳ᠋ᠷ ᠲᠤ ᠲᠠᠶᠢᠯᠤᠮᠵᠢ ᠬᠢᠪᠡ᠃         ᠯᠢᠦ ᠢᠦ᠋ᠶ ᠬᠤᠩ ︽ᠲᠠᠪᠤᠨ ᠰᠠᠨᠠᠭᠤᠯᠤᠮᠵᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ  ᠢ ᠬᠥᠨᠵᠡᠭᠡᠢ ᠤᠶᠢᠯᠠᠭᠠᠬᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠠ ᠬᠦᠰᠡᠯ ᠨᠠᠶᠢᠳᠠᠯᠭ᠎ᠠ ᠶᠢ ᠬᠥᠨᠵᠡᠭᠡᠢ ᠤᠶᠢᠯᠠᠭᠠᠬᠤ᠂ ︽ᠰᠠᠨᠠᠯ︾ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ︽ᠰᠠᠨᠠᠯ︾ ᠢ ᠲᠤᠭᠤᠰᠢᠯᠠᠭᠤᠯᠬᠤ ᠪᠠ ︽ᠰᠠᠨᠠᠯ︾ ᠤᠨ ᠴᠢᠬᠤᠯᠠ ᠶᠡᠭᠡ ᠠᠴᠢ ᠬᠤᠯᠪᠣᠭᠳᠠᠯ ᠢ ᠬᠥᠨᠵᠡᠭᠡᠢ ᠤᠶᠢᠯᠠᠭᠠᠬᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠵᠢᠴᠢ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠲᠠᠯ᠎ᠠ ᠪᠠᠷ ᠲᠠᠶᠢᠯᠤᠮᠵᠢ ᠬᠢᠵᠠᠢ᠃       ᠪᠥᠬᠦ ᠪᠠᠯᠭᠠᠰᠤᠨ ᠤ ᠺᠠᠳ᠋ᠷᠴᠤᠳ ᠬᠤᠶᠢᠰᠢᠳᠠ ᠶᠢᠨ ᠠᠵᠢᠯ  ᠰᠤᠷᠤᠯᠴᠠᠯᠭ᠎ᠠ ᠶᠢᠨ ᠳᠤᠮᠳᠠ ᠪᠠᠨ‌ᠨᠡᠩ‌‍ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠬᠤᠪᠢᠰᠬᠠᠯᠲᠤ ᠤᠳᠤᠮᠰᠢᠯ ᠢ ᠵᠠᠯᠭᠠᠮᠵᠢᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠭᠰᠠᠨ ᠥᠪᠥᠷ ᠮᠣᠩᠭᠤᠯ ᠢ ᠪᠥᠲᠥᠭᠡᠨ ᠪᠠᠶᠢᠭᠤᠯᠬᠤ ᠰᠢᠨ᠎ᠡ ᠬᠠᠭᠤᠳᠠᠰᠤᠨ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号