ᠰᠢᠯᠤᠭᠤᠨ ᠬᠥᠬᠡ ᠬᠤᠰᠢᠭᠤ ᠠᠵᠤ ᠠᠬᠤᠶ ᠶᠢᠨ ᠡᠵᠡᠩᠨᠡᠯᠳᠡ ᠪᠠ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/27

12 ᠰᠠᠷ᠎ᠠ ᠶᠢᠨ 15 ᠤ ᠡᠳᠦᠷ᠂ ᠰᠢᠯᠤᠭᠤᠨ ᠬᠥᠬᠡ ᠬᠤᠰᠢᠭᠤ ᠠᠵᠤ ᠠᠬᠤᠶ ᠶᠢᠨ ᠡᠵᠡᠩᠨᠡᠯᠳᠡ ᠪᠠ ᠭᠤᠤᠯᠳᠠᠯᠭ᠎ᠠ

 ᠲᠠᠢ ᠠᠵᠢᠯ ᠢ ᠪᠠᠶᠢᠷᠢᠯᠠᠭᠤᠯᠬᠤ ᠬᠤᠷᠠᠯ ᠬᠤᠷᠠᠯᠳᠤᠭᠤᠯᠵᠤ᠂ ᠣᠳᠣᠬᠠᠨ ᠤ ᠠᠵᠤ ᠠᠬᠤᠶ ᠶᠢᠨ ᠡᠵᠡᠩᠨᠡᠯᠳᠡ ᠶᠢᠨ

ᠶᠠᠪᠤᠴᠠ ᠳᠤ ᠣᠷᠣᠰᠢᠵᠤ ᠪᠠᠶᠢᠭ᠎ᠠ ᠳᠣᠪᠣᠶᠢᠮ᠎ᠠ ᠠᠰᠠᠭᠤᠳᠠᠯ ᠪᠣᠯᠤᠨ ᠭᠤᠣᠯᠳᠠᠯᠭ᠎ᠠ ᠲᠠᠢ ᠠᠵᠢᠯ ᠢ ᠠᠬᠢᠭᠤᠯᠵᠤ

ᠪᠠᠶᠢᠭ᠎ᠠ ᠪᠠᠶᠢᠳᠠᠯ ᠳᠤ ᠴᠢᠭᠯᠡᠭᠦᠯᠦᠨ᠂ ᠠᠰᠠᠭᠤᠳᠠᠯ ᠤᠨ ᠵᠥᠷᠢᠶ᠎ᠡ ᠪᠣᠯᠤᠨ ᠪᠠᠭᠤᠷᠠᠶ ᠲᠠᠯ᠎ᠠ ᠪᠠᠨ ᠣᠨᠣᠪᠴᠢᠲᠠᠶ ᠡᠷᠢᠵᠦ

ᠭᠠᠷᠭᠠᠨ᠂ ᠬᠠᠨᠳᠤᠯᠭᠠᠳᠤ ᠴᠢᠨᠠᠷᠲᠠᠶ ᠠᠷᠭ᠎ᠠ ᠬᠡᠮᠵᠢᠶ᠎ᠡ ᠳᠤᠷᠠᠳᠴᠤ᠂ ᠪᠦᠬᠦ ᠵᠢᠯ ᠤᠨ ᠬᠠᠷᠠᠯᠲᠠ ᠶᠢ ᠲᠤᠭᠳᠠᠭᠰᠠᠨ

ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠳᠠᠷᠠᠭ᠎ᠠ ᠵᠢᠯ ᠤᠨ ᠠᠵᠢᠯ ᠤᠨ ᠰᠠᠶᠢᠨ ᠡᠬᠢᠯᠡᠯᠳᠡ ᠶᠢ ᠪᠤᠢ

ᠪᠤᠯᠭᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠯᠢᠦ ᠰᠢᠶᠣᠤ ᠮᠢᠨ

ᠬᠤᠷᠠᠯ ᠢ ᠡᠷᠬᠢᠯᠡᠨ ᠶᠠᠷᠢᠶ᠎ᠠ ᠳᠠᠯᠪᠢᠵᠠᠢ᠃

ᠬᠤᠷᠠᠯ ᠠᠴᠠ ᠮᠠᠨ ᠤ ᠬᠤᠰᠢᠭᠤᠨ ᠤ 11 ᠳ᠋ᠦ᠋ᠭᠡᠷ ᠰᠠᠷ᠎ᠠ ᠶᠢᠨ ᠭᠤᠤᠯᠳᠠᠯᠭ᠎ᠠ ᠲᠠᠢ ᠠᠵᠢᠯ ᠤᠨ ᠠᠬᠢᠴᠠ ᠶᠢᠨ

ᠪᠠᠶᠢᠳᠠᠯ ᠢ ᠨᠡᠶᠢᠳᠡᠯᠡᠵᠦ᠂ ᠠᠵᠤ ᠠᠬᠤᠶ ᠶᠢᠨ ᠶᠡᠷᠦᠩᠬᠡᠶᠢᠯᠡᠭᠰᠡᠨ ᠰᠠᠯᠠᠭ᠎ᠠ ᠮᠥᠴᠢᠷ ᠠᠴᠠ ᠠᠵᠤ ᠠᠬᠤᠶ ᠶᠢᠨ

ᠭᠦᠶᠴᠡᠳᠬᠡᠯ ᠲᠤᠭ᠎ᠠ᠂ ᠭᠤᠤᠯᠳᠠᠯᠭ᠎ᠠ ᠲᠠᠢ ᠲᠥᠷᠥᠯ ᠵᠦᠶᠯ᠂ ᠡᠳ᠋ ᠤᠨ ᠵᠠᠰᠠᠭ ᠤᠨ ᠡᠵᠡᠩᠨᠡᠯᠳᠡ ᠵᠡᠷᠭᠡ ᠪᠠᠶᠢᠳᠠᠯ ᠢ

ᠨᠡᠶᠢᠳᠡᠯᠡᠨ᠂ ᠲᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠶ ᠰᠠᠨᠠᠯ ᠱᠠᠭᠠᠷᠳᠠᠯᠭ᠎ᠠ ᠳᠤᠷᠠᠳᠴᠤ᠂ ᠡᠯ᠎ᠡ ᠳᠡᠳ᠋

ᠬᠤᠰᠢᠭᠤ ᠳᠠᠷᠤᠭ᠎ᠠ ᠠᠴᠠ ᠬᠤᠪᠢᠳᠠᠨ ᠬᠠᠮᠢᠶᠠᠷᠴᠤ ᠪᠠᠶᠢᠭ᠎ᠠ ᠬᠡᠪᠴᠢᠶᠠᠨ ᠤ ᠪᠠᠨ 2024 ᠣᠨ ᠤ ᠠᠵᠢᠯ ᠤᠨ

ᠲᠦᠯᠦᠪᠯᠡᠭᠡ ᠪᠠᠨ ᠳᠤᠷᠠᠳᠤᠨ ᠭᠠᠷᠭᠠᠭᠰᠠᠨ ᠪᠠᠶᠢᠨ᠎ᠠ᠃

ᠬᠤᠷᠠᠯ ᠠᠴᠠ᠂ ᠣᠳᠣᠬᠠᠨ ᠳᠤ ᠶᠠᠭ ᠵᠢᠯ ᠤᠨ ᠡᠴᠦᠰ ᠤᠨ ᠵᠠᠩᠭᠢᠯᠠᠭ᠎ᠠ ᠶᠢᠨ ᠬᠤᠭᠤᠴᠠᠭ᠎ᠠ ᠪᠤᠯᠬᠤᠷ ᠡᠯ᠎ᠡ ᠭᠠᠵᠠᠷ

ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠨᠳᠤᠯᠭᠠᠲᠤ ᠴᠢᠨᠠᠷ ᠲᠠᠢ ᠪᠤᠳᠠᠳᠠᠢ ᠠᠷᠭ᠎ᠠ ᠬᠡᠮᠵᠢᠶ᠎ᠡ ᠠᠪᠴᠤ᠂ ᠭᠠᠵᠠᠷ

ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ᠂ ᠨᠡᠶᠢᠭᠡᠮ ᠤᠨ ᠬᠡᠷᠡᠭᠯᠡᠭᠡᠨ ᠤ ᠵᠦᠶᠯ ᠢ ᠵᠢᠵᠢᠭᠯᠡᠨ

ᠪᠤᠷᠤᠯᠠᠭᠤᠯᠤᠭᠰᠠᠨ ᠨᠡᠶᠢᠳᠡ ᠲᠤᠭ᠎ᠠ᠂ ᠬᠤᠳᠠ ᠪᠠᠯᠭᠠᠰᠤᠨ ᠤ ᠰᠠᠭᠤᠭᠠᠯᠢ ᠠᠷᠠᠳ ᠪᠤᠯᠤᠨ ᠮᠠᠯᠴᠢᠨ ᠲᠠᠷᠢᠶᠠᠴᠢᠳ

 ᠤᠨ ᠤᠷᠤᠯᠭ᠎ᠠ ᠵᠡᠷᠭᠡ ᠲᠠᠯ᠎ᠠ ᠳᠤ ᠬᠦᠴᠦ ᠵᠠᠷᠤᠴᠠᠭᠤᠯᠵᠤ᠂ ᠪᠥᠬᠦ ᠵᠢᠯ ᠤᠨ ᠠᠵᠤ ᠠᠬᠤᠶ ᠶᠢᠨ ᠡᠵᠡᠩᠨᠡᠯᠳᠡ ᠶᠢᠨ

ᠡᠯ᠎ᠡ ᠵᠦᠶᠯ ᠤᠨ ᠭᠦᠶᠴᠡᠳᠬᠡᠯ ᠲᠤᠭ᠎ᠠ ᠶᠢ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠵᠠᠢ᠃

ᠬᠤᠷᠠᠯ ᠠᠴᠠ᠂ ᠡᠯ᠎ᠡ ᠰᠠᠯᠠᠭ᠎ᠠ ᠮᠥᠴᠢᠷ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ

 ᠪᠠᠷ ᠵᠢᠯᠣᠭᠤᠳᠣᠯᠭ᠎ᠠ ᠪᠣᠯᠭᠠᠵᠤ᠂ ᠡᠭᠦᠷᠭᠡ ᠪᠠᠨ ᠳᠤᠳᠤᠷᠬᠠᠶᠢᠯᠠᠨ ᠪᠣᠳᠠᠲᠠᠶ ᠠᠷᠭ᠎ᠠ ᠬᠡᠮᠵᠢᠶ᠎ᠡ ᠠᠪᠴᠤ᠂ ᠢᠷᠡᠬᠦ ᠵᠢᠯ

 ᠤᠨ ᠭᠤᠤᠯᠳᠠᠯᠭ᠎ᠠ ᠲᠠᠢ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠦᠨ᠂ ᠡᠳ᠋ ᠤᠨ ᠵᠠᠰᠠᠭ ᠤᠨ

ᠣᠷᠣᠯᠭ᠎ᠠ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠵᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂

ᠭᠤᠤᠯᠳᠠᠯᠭ᠎ᠠ ᠲᠠᠢ ᠲᠥᠷᠥᠯ ᠵᠦᠶᠯ᠂ ᠠᠷᠠᠯᠵᠢᠶᠠᠴᠢᠨ ᠤᠷᠢᠵᠤ ᠪᠠᠯᠠ ᠤᠷᠤᠭᠤᠯᠬᠤ᠂ ᠲᠥᠷᠥ ᠶᠢᠨ ᠪᠣᠳᠣᠯᠭ᠎ᠠ ᠪᠠᠯᠠ

ᠮᠥᠩᠭᠦ ᠤᠯᠬᠤ ᠵᠡᠷᠭᠡ ᠠᠵᠢᠯ ᠢ ᠰᠠᠶᠢᠳᠤᠷ ᠬᠢᠵᠦ᠂ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠶ

ᠬᠥᠭᠵᠢᠯᠲᠡ ᠶᠢ ᠦᠨᠡᠨᠬᠦ ᠠᠬᠢᠭᠤᠯᠬᠤ ᠬᠡᠷᠡᠭᠲᠡᠶ᠃ ᠤᠯᠤᠰ ᠲᠥᠷᠥ ᠶᠢ ᠡᠷᠬᠢᠮᠯᠡᠬᠦ᠂ ᠶᠣᠰᠣ ᠲᠦᠷᠢᠮ ᠢ ᠰᠠᠬᠢᠬᠤ᠂

ᠶᠡᠭᠡ ᠲᠠᠯ᠎ᠠ ᠶᠢ ᠬᠠᠷᠠᠭᠠᠯᠵᠠᠬᠤ ᠦᠨᠳᠦᠷᠴᠡ ᠠᠴᠠ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ

ᠴᠢᠷᠮᠠᠶᠢᠯᠭ᠎ᠠ ᠭᠠᠷᠭᠠᠵᠤ᠂ ᠲᠥᠯᠥᠪᠵᠢᠭᠦᠯᠬᠦ᠂ ᠪᠠᠶᠢᠷᠢᠯᠠᠭᠤᠯᠬᠤ᠂ ᠬᠡᠷᠡᠭᠵᠢᠭᠦᠯᠬᠦ᠂ ᠪᠠᠶᠢᠴᠠᠭᠠᠬᠤ᠂ ᠬᠠᠷᠢᠭᠤ

ᠲᠤᠰᠬᠠᠬᠤ ᠪᠦᠷᠢᠨ ᠪᠦᠲᠦᠨ ᠠᠵᠢᠯ ᠤᠨ ᠭᠤᠭᠴᠤᠭ᠎ᠠ ᠶᠢ ᠪᠦᠷᠢᠯᠳᠦᠭᠦᠯᠵᠦ᠂ ᠰᠠᠶᠢᠳᠤᠷ ᠨᠠᠶᠢᠳᠠᠪᠤᠷᠢᠵᠢᠭᠤᠯᠤᠨ᠂

ᠢᠷᠡᠬᠦ ᠵᠢᠯ ᠤᠨ ᠨᠢᠭᠡᠳᠦᠭᠡᠷ ᠤᠯᠠᠷᠢᠯ ᠳᠤ ᠰᠠᠶᠢᠨ ᠡᠬᠢᠯᠡᠯᠲᠡ ᠶᠢ ᠪᠤᠢ ᠪᠤᠯᠭᠠᠬᠤ ᠪᠠᠷ ᠴᠢᠷᠮᠠᠶᠢᠬᠤ ᠬᠡᠷᠡᠭᠲᠡᠶ ᠭᠡᠵᠦ

ᠴᠢᠬᠤᠯᠠᠴᠢᠯᠠᠭᠰᠠᠨ ᠪᠠᠶᠢᠨ᠎ᠠ᠃

ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ

ᠵᠠᠩ ᠯᠢ ᠪᠢᠨ᠂ ᠬᠤᠰᠢᠭᠤ ᠳᠡᠳ᠋ ᠳᠠᠷᠤᠭ᠎ᠠ ᠠᠮᠵᠢᠯᠳᠤ᠂ ᠯᠢᠦᠶ ᠡᠾᠦ᠋ᠢ᠂ ᠱᠧᠨ ᠭᠤᠸᠠᠩ ᠱᠧᠩ᠂ ᠵᠣᠷᠢᠭᠰᠠᠶᠢᠬᠠᠨ᠂

ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠦᠨᠳᠦᠰᠦ ᠵᠢᠴᠢ ᠡᠯ᠎ᠡ ᠰᠤᠮᠤ ᠪᠠᠯᠭᠠᠰᠤ ︵ᠲᠠᠯᠠᠪᠠᠶ︶᠂

ᠬᠠᠮᠢᠶ᠎ᠠ ᠲᠠᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠵᠠᠢ᠃

 

 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号