ᠰᠢᠯᠤᠭᠤᠨ ᠬᠥᠬᠡ ᠬᠤᠰᠢᠭᠤ ᠡᠪᠡᠰᠦ ᠪᠣᠷᠳᠤᠭ᠎ᠠ ᠨᠦᠭᠡᠴᠡᠯᠡᠬᠦ ᠠᠵᠢᠯ ᠢ ᠰᠠᠶᠢᠳᠤᠷ ᠬᠢᠵᠦ ᠪᠤᠢ
ᠨᠡᠶᠢᠲᠡᠯᠡᠭᠰᠡᠨ ᠴᠠᠭ᠄
2023/12/27
        ᠡᠪᠦᠯᠵᠢᠬᠦᠯᠬᠦ ᠮᠠᠯ ᠳᠠᠭᠠᠨ ᠬᠦᠷᠦᠯᠴᠡᠬᠦᠶᠢᠴᠡ ᠡᠪᠡᠰᠦ ᠪᠣᠷᠳᠤᠭ᠎ᠠ ᠨᠥᠭᠡᠴᠡᠯᠡᠬᠦ ᠪᠣᠯ ᠤᠳᠤᠬᠠᠨ ᠤ ᠮᠠᠯᠵᠢᠬᠤ ᠦᠶᠯᠡᠳᠪᠦᠷᠢᠯᠡᠯ ᠤᠨ ᠴᠢᠬᠤᠯᠠ ᠠᠵᠢᠯ ᠪᠣᠯᠤᠨ᠎ᠠ᠃ ᠮᠠᠯᠴᠢᠳ ᠤᠨ ᠮᠠᠯ ᠣᠨᠤᠭ᠎ᠠ ᠪᠠᠨ ᠮᠡᠨᠳᠦ ᠤᠨᠳᠤᠷᠤᠭᠤᠯᠬᠤ ᠶᠢ ᠪᠠᠲᠤᠯᠠᠬᠤ ᠶᠢᠨ ᠲᠥᠯᠥᠭᠡ ᠰᠢᠯᠤᠭᠤᠨ ᠬᠥᠬᠡ ᠬᠤᠰᠢᠭᠤ ᠠᠭᠤᠷ ᠠᠮᠢᠰᠬᠤᠯ ᠤᠨ ᠨᠥᠬᠦᠴᠡᠯ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠣᠳᠠᠲᠤ ᠪᠠᠶᠢᠳᠠᠯ ᠳᠤ ᠰᠠᠭᠤᠷᠢᠯᠠᠨ ᠮᠠᠯᠴᠢᠨ ᠲᠦᠮᠡᠨ ᠤ ᠡᠪᠦᠯᠵᠢᠬᠦ ᠮᠠᠯ  ᠳᠠᠭᠠᠨ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠵᠦᠶᠯ ᠤᠨ ᠠᠷᠭ᠎ᠠ ᠠᠪᠴᠠᠯ ᠢᠶᠠᠷ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠᠷ ᠴᠢᠷᠮᠠᠶᠢᠵᠦ ᠪᠤᠢ᠃ᠤᠶᠢᠷ᠎ᠠ ᠶᠢᠨ ᠡᠳᠦᠷ ᠤᠨ ᠦᠷᠬᠦᠯᠵᠢᠯᠡᠭᠰᠡᠨ ᠴᠠᠰᠤᠨ ᠳᠤ ᠪᠡᠯᠴᠢᠭᠡᠷ ᠨᠡᠶᠢᠳᠡᠮ ᠳᠡᠭᠡᠨ ᠳᠠᠷᠤᠭᠳᠠᠭᠰᠠᠨ ᠠᠴᠠ ᠰᠢᠯᠤᠭᠤᠨ ᠬᠥᠬᠡ ᠬᠤᠰᠢᠭᠤᠨ ᠤ ᠱᠠᠩᠳᠤ ᠪᠠᠯᠭᠠᠰᠤᠨ ᠤ ᠪᠠᠶᠠᠨᠭᠤᠤᠯ ᠭᠠᠴᠠᠭᠠᠨ ᠤ ᠮᠠᠯᠴᠢᠨ ᠲᠤᠩᠭᠠᠯᠠᠭ ᠦᠬᠡᠷ ᠬᠤᠨᠢ ᠪᠠᠨ ᠲᠤᠯᠠᠭᠠᠨ ᠰᠠᠷᠠᠪᠴᠢᠨ ᠳᠠᠭᠠᠨ ᠤᠷᠤᠭᠤᠯᠵᠤ ᠳᠡᠵᠢᠭᠡᠭᠦ ᠪᠤᠯᠵᠠᠢ᠃      ᠡᠳᠡᠨ ᠤ ᠬᠢ ᠳᠠᠯᠠᠭᠠᠳ ᠦᠬᠡᠷ᠂ 100 ᠭᠠᠷᠤᠢ ᠬᠤᠨᠢ ᠲᠠᠢ ᠪᠠᠶᠢᠵᠦ᠂ ᠨᠡᠶᠢᠳᠡ 1000 ᠲᠡᠭᠰᠢ ᠳᠥᠷᠪᠡᠯᠵᠢᠨ ᠤᠨ ᠲᠤᠯᠠᠭᠠᠨ ᠰᠠᠷᠠᠪᠴᠢ  ᠲᠠᠢ᠃ ︿ᠪᠡᠯᠡᠳᠭᠡᠯ ᠲᠠᠢ ᠪᠤᠯ ᠪᠠᠯᠠᠭᠳᠠᠬᠤ ᠦᠭᠡᠢ﹀ ᠬᠡᠳᠡᠭᠴᠢᠯᠡᠨ ᠲᠤᠩᠭᠠᠯᠠᠭ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠨ ᠬᠢᠵᠦ᠂ ᠡᠪᠡᠰᠦ ᠪᠣᠷᠳᠤᠭ᠎ᠠ ᠪᠠᠨ ᠬᠦᠢᠴᠡᠳ ᠨᠦᠭᠡᠴᠡᠯᠡᠭᠰᠡᠨ ᠪᠠᠶᠢᠯ᠎ᠠ᠃       ᠲᠤᠩᠭᠠᠯᠠᠭ ᠬᠡᠯᠡᠬᠦ ᠳᠡᠭᠡᠨ᠄ ︽ᠵᠤᠨ ᠨᠠᠮᠤᠷ ᠬᠡᠳᠦᠶᠢᠪᠡᠷ ᠭᠠᠩᠳᠠᠭᠰᠠᠨ ᠪᠣᠯᠪᠠᠴᠤ᠂ ᠮᠠᠨ ᠤ ᠬᠢᠨ ᠤ ᠪᠡᠯᠴᠢᠭᠡᠷ ᠭᠤᠣᠯ ᠤᠨ ᠬᠦᠪᠡᠭᠡ ᠳᠠᠭᠠᠤ ᠪᠣᠯᠬᠤᠷ ᠪᠠᠰᠠ ᠨᠡᠯᠢᠶᠡᠳ ᠡᠪᠡᠰᠦ ᠬᠠᠳᠤᠵᠤ ᠬᠤᠷᠢᠶᠠᠭᠰᠠᠨ᠃ ᠡᠨᠡ ᠵᠢᠯ ᠮᠠᠨ ᠤ ᠬᠢ 180 ᠲᠣᠨ ᠡᠪᠡᠰᠦ ᠨᠥᠭᠡᠴᠡᠯᠡᠵᠦ᠂ 50 ᠲᠣᠨ ᠪᠣᠷᠳᠤᠭ᠎ᠠ᠂ 100 ᠲᠣᠨ ᠨᠣᠭᠤᠭᠠᠨ ᠳᠠᠷᠤᠰᠢ ᠪᠡᠯᠡᠳᠭᠡᠯ᠎ᠡ︾ ᠭᠡᠪᠡ᠃       ᠣᠶᠢᠷ᠎ᠠ ᠳᠤ᠂ ᠰᠢᠯᠤᠭᠤᠨ ᠬᠥᠬᠡ ᠬᠤᠰᠢᠭᠤᠨ ᠤ ᠬᠠᠮᠢᠶ᠎ᠠ ᠲᠠᠢ ᠰᠠᠯᠠᠭ᠎ᠠ ᠮᠥᠴᠢᠷ ᠡᠭᠦᠷᠭᠡ ᠴᠢᠳᠠᠪᠬᠢ ᠪᠠᠨ ᠢᠳᠡᠪᠬᠢᠲᠡᠶ ᠪᠠᠳᠠᠷᠠᠭᠤᠯᠵᠤ᠂ ᠠᠵᠤ ᠠᠬᠤᠶᠢᠯᠠᠯ ᠲᠠᠢ ᠭᠦᠨᠵᠡᠭᠡᠶ ᠬᠠᠮᠳᠤᠷᠠᠯᠴᠠᠨ᠂ ᠮᠠᠯᠴᠢᠳ ᠲᠤ ᠬᠢᠮᠳᠠ ᠦᠨ᠎ᠡ  ᠶᠢᠨ ᠡᠪᠡᠰᠦ ᠪᠣᠷᠳᠤᠭ᠎ᠠ ᠬᠠᠩᠭᠠᠵᠤ᠂ ᠮᠠᠯ ᠰᠦᠷᠦᠭ ᠢᠶᠠᠨ ᠮᠡᠨᠳᠦ ᠡᠪᠦᠯᠵᠢᠬᠦᠯᠬᠦ ᠶᠢ ᠪᠠᠳᠤᠯᠠᠵᠤ ᠪᠤᠢ᠃       ᠰᠢᠯᠤᠭᠤᠨ ᠬᠥᠬᠡ ᠬᠤᠰᠢᠭᠤᠨ ᠤ ᠶᠢᠨ ᠱᠠ ᠸᠠᠨ ᠲᠡᠵᠢᠭᠡᠯ ᠪᠣᠷᠳᠣᠭᠠᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠯᠢᠶᠠᠩ ᠵᠧᠨ ᠪᠧᠶ ᠬᠡᠯᠡᠬᠦ ᠳᠡᠭᠡᠨ᠄ ︽ᠮᠠᠨ ᠤ ᠺᠤᠮᠫᠠᠨᠢ ᠪᠠᠰᠠ ᠦᠬᠡᠷ ᠲᠡᠵᠢᠭᠡᠵᠦ ᠪᠠᠶᠢᠬᠤ ᠪᠣᠯᠬᠤᠷ ᠡᠨᠡ ᠵᠢᠯ ᠤᠨ ᠦᠬᠡᠷ ᠤᠨ ᠦᠨ᠎ᠡ ᠬᠠᠩᠰᠢ ᠶᠢ ᠤᠶᠢᠯᠠᠭᠠᠨ᠎ᠠ᠃ ᠡᠶᠢᠮᠦ ᠠᠴᠠ ᠪᠢᠳᠡ ᠲᠡᠵᠢᠭᠡᠯ ᠪᠣᠷᠳᠣᠭᠠᠨ  ᠤ ᠦᠨ᠎ᠡ ᠬᠠᠩᠰᠢ ᠶᠢ ᠦᠨᠳᠦᠰᠦᠨ ᠳᠡᠭᠡᠨ ᠬᠠᠮᠤᠭ ᠤᠨ ᠳᠣᠤᠷ᠎ᠠ ᠬᠡᠮᠵᠢᠶᠡᠨ ᠳᠤ ᠬᠢᠵᠠᠭᠠᠷᠯᠠᠵᠤ᠂ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠵᠦ ᠪᠠᠶᠢᠨ᠎ᠠ᠃ ᠮᠠᠨ ᠤ ᠺᠤᠮᠫᠠᠨᠢ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ ᠬᠠᠪᠰᠤᠷᠤᠯᠭ᠎ᠠ ᠪᠠᠷ ᠪᠣᠷᠳᠤᠭ᠎ᠠ ᠡᠳ᠋ᠰᠢᠭᠦᠯᠬᠦ ᠴᠢᠳᠠᠪᠤᠷᠢ ᠪᠠ ᠡᠪᠡᠰᠦ ᠪᠣᠷᠳᠤᠭ᠎ᠠ ᠨᠥᠭᠡᠴᠡᠯᠡᠬᠦ ᠴᠢᠳᠠᠪᠤᠷᠢ  ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ ᠡᠪᠡᠰᠦ ᠪᠤᠷᠳᠤᠬᠠᠨ ᠤ ᠬᠡᠷᠡᠭᠴᠡᠭᠡ ᠶᠢ ᠬᠠᠩᠭᠠᠵᠤ ᠪᠠᠶᠢᠨ᠎ᠠ︾ ᠭᠡᠯ᠎ᠡ᠃ᠡᠨᠡ ᠵᠢᠯ᠂ ᠰᠢᠯᠤᠭᠤᠨ ᠬᠥᠬᠡ ᠬᠤᠰᠢᠭᠤ ᠮᠠᠯᠵᠢᠬᠤ ᠣᠷᠣᠨ ᠤ ᠰᠠᠭᠤᠷᠢ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠰᠠᠶᠢᠵᠢᠷᠠᠭᠤᠯᠤᠭᠰᠠᠨ ᠰᠠᠭᠤᠷᠢᠨ ᠳᠡᠭᠡᠷ᠎ᠡ ᠡᠪᠡᠰᠦ ᠪᠣᠷᠳᠤᠭ᠎ᠠ ᠨᠥᠭᠡᠴᠡᠯᠡᠬᠦ ᠨᠥᠬᠦᠪᠥᠷᠢ ᠣᠯᠭᠤᠬᠤ ᠵᠡᠷᠭᠡ ᠠᠷᠭ᠎ᠠ ᠠᠪᠴᠠᠯ ᠢ ᠬᠡᠷᠡᠭᠵᠢᠬᠦᠯᠵᠦ᠂ ᠥᠷᠭᠡᠨ ᠣᠯᠠᠨ ᠮᠠᠯᠴᠢᠨ ᠲᠠᠷᠢᠶᠠᠴᠢᠨ ᠢ ᠵᠢᠯᠤᠭᠤᠳᠤᠨ ᠡᠪᠡᠰᠦ ᠪᠣᠷᠳᠤᠭ᠎ᠠ ᠶᠢ ᠢᠳᠡᠪᠬᠢᠲᠡᠶ ᠨᠦᠭᠡᠴᠡᠯᠡᠭᠦᠯᠦᠭᠰᠡᠨ ᠪᠠᠶᠢᠨ᠎ᠠ᠃ ᠪᠦᠷᠢᠳᠬᠡᠯ ᠠᠴᠠ ᠦᠵᠡᠪᠡᠯ᠂ ᠡᠨᠡ ᠵᠢᠯ ᠪᠦᠬᠦ ᠬᠤᠰᠢᠭᠤᠨ ᠳᠤ 5.8 ᠲᠦᠮᠡᠨ ᠲᠡᠭᠰᠢ ᠳᠥᠷᠪᠡᠯᠵᠢᠨ ᠮᠧᠲᠷ ᠪᠠᠷᠢᠮᠵᠢᠶᠠᠵᠢᠭᠰᠠᠨ ᠫᠧᠩ ᠬᠤᠷᠤᠭ᠎ᠠ᠂ 1.35 ᠲᠦᠮᠡᠨ ᠲᠡᠭᠰᠢ ᠳᠥᠷᠪᠡᠯᠵᠢᠨ ᠮᠧᠲᠷ ᠡᠪᠡᠰᠦ ᠬᠠᠳᠠᠭᠠᠯᠠᠬᠤ ᠰᠠᠷᠠᠪᠴᠢ᠂ 1.14 ᠲᠦᠮᠡᠨ ᠺᠦᠪ ᠮᠧᠲᠷ ᠨᠣᠭᠤᠭᠠᠨ ᠳᠠᠷᠤᠰᠢ ᠶᠢᠨ ᠵᠣᠭᠤᠷᠢ ᠰᠢᠨ᠎ᠡ ᠪᠠᠷ ᠨᠡᠮᠡᠭᠳᠡᠵᠡᠢ᠃ ᠮᠠᠯᠴᠢᠳ ᠡᠨᠡ ᠨᠠᠮᠤᠷ ᠨᠡᠶᠢᠳᠡ 10 ᠲᠦᠮᠡᠨ ᠲᠣᠨ ᠡᠪᠡᠰᠦ ᠬᠠᠳᠤᠵᠤ᠂ 35 ᠲᠦᠮᠡᠨ ᠲᠣᠨ ᠨᠣᠭᠤᠭᠠᠨ ᠳᠠᠷᠤᠰᠢ ᠬᠤᠷᠢᠶᠠᠨ᠂ ᠠᠶᠢᠮᠠᠭ ᠤᠨ ᠭᠠᠳᠠᠨ᠎ᠠ  ᠠᠴᠠ 26 ᠲᠦᠮᠡᠨ ᠲᠣᠨ ᠡᠪᠡᠰᠦ ᠪᠣᠷᠳᠤᠭ᠎ᠠ ᠤᠷᠤᠭᠤᠯᠵᠤ᠂ ᠬᠤᠰᠢᠭᠤ ᠱᠠᠲᠤᠨ ᠠᠴᠠ 3000 ᠲᠣᠨ ᠪᠠᠴᠢᠮ ᠪᠠᠶᠢᠳᠠᠯ ᠢ ᠠᠷᠭᠠᠴᠠᠭᠠᠬᠤ ᠡᠪᠡᠰᠦ ᠪᠣᠷᠳᠤᠭ᠎ᠠ ᠨᠥᠭᠡᠴᠡᠯᠡᠵᠦ᠂ ᠪᠤᠰᠤᠳ ᠬᠡᠯᠪᠡᠷᠢ ᠪᠠᠷ 8000 ᠲᠣᠨ ᠡᠪᠡᠰᠦ ᠪᠣᠷᠳᠤᠭ᠎ᠠ ᠨᠦᠭᠡᠴᠡᠯᠡᠵᠦ ᠪᠤᠢ᠃ ᠡᠭᠦᠨ ᠠᠴᠠ ᠭᠠᠳᠠᠨ᠎ᠠ ᠮᠠᠯᠴᠢᠨ ᠲᠠᠷᠢᠶᠠᠴᠢᠳ ᠢ ᠢᠳᠡᠪᠬᠢᠲᠡᠶ ᠤᠬᠠᠭᠤᠯᠤᠨ ᠵᠢᠯᠣᠭᠤᠳᠴᠤ ᠪᠠᠶᠢᠭᠠᠳ ᠡᠪᠦᠯᠵᠢᠬᠦᠯᠬᠦ ᠮᠠᠯ ᠤᠨ ᠲᠤᠭ᠎ᠠ ᠶᠢ ᠪᠠᠭᠠᠰᠬᠠᠵᠤ ᠡᠪᠡᠰᠦ ᠪᠡᠯᠴᠢᠭᠡᠷ ᠤᠨ ᠳᠠᠷᠤᠯᠲᠠ ᠶᠢ ᠪᠠᠭᠠᠰᠬᠠᠬᠤ᠂ ᠮᠠᠯ ᠨᠥᠭᠡᠴᠡᠯᠡᠬᠦ ᠠᠴᠠ ᠪᠡᠯᠡ ᠮᠥᠩᠭᠦ ᠨᠥᠭᠡᠴᠡᠯᠡᠬᠦ ᠶᠢ ᠵᠤᠷᠢᠭᠵᠢᠭᠤᠯᠤᠭᠰᠠᠨ ᠪᠠᠶᠢᠨ᠎ᠠ᠃ ᠣᠳᠣᠬᠠᠨ ᠪᠣᠯᠲᠠᠯ᠎ᠠ᠂ ᠪᠥᠬᠦ ᠬᠤᠰᠢᠭᠤᠨ ᠤ ᠮᠠᠯ ᠤᠨ ᠭᠠᠷᠭᠠᠯᠲᠠ 30.23 ᠲᠦᠮᠡᠨ ᠲᠣᠯᠣᠭᠠᠶ ︵ᠡᠭᠦᠨ ᠳᠤ᠄            ᠦᠬᠡᠷ 14.53 ᠲᠦᠮᠡᠨ ᠲᠣᠯᠣᠭᠠᠶ᠂ ᠬᠤᠨᠢ 15.7 ᠲᠦᠮᠡᠨ ᠲᠣᠯᠣᠭᠠᠶ︶ ᠳᠤ ᠬᠦᠷᠴᠡᠢ᠃ᠲᠠᠷᠠᠭᠠᠴᠢ ᠪᠠᠷ᠂ ᠰᠢᠯᠤᠭᠤᠨ ᠬᠥᠬᠡ ᠬᠤᠰᠢᠭᠤ ᠮᠠᠯᠴᠢᠳ ᠤᠨ ᠬᠠᠪᠤᠷ ᠤᠨ ᠤᠯᠠᠷᠢᠯ ᠤᠨ ᠦᠶᠯᠡᠳᠪᠦᠷᠢᠯᠡᠯ ᠠᠮᠢᠳᠤᠷᠠᠯ ᠳᠤ ᠲᠤᠯᠭᠠᠷᠠᠵᠤ ᠮᠡᠳᠡᠬᠦ ᠬᠦᠴᠢᠷᠳᠡᠯ ᠢ ᠬᠠᠮᠵᠢᠯᠴᠠᠨ ᠰᠢᠶᠳᠪᠦᠷᠢᠯᠡᠬᠦ ᠶᠢᠨ ᠬᠠᠮᠲᠤ ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠡᠪᠡᠰᠦ ᠪᠣᠷᠳᠤᠭ᠎ᠠ ᠨᠦᠭᠡᠴᠡᠯᠡᠬᠦ ᠰᠢᠰᠲ᠋ᠧᠮ ᠤᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠪᠠᠶᠢᠭᠠᠯᠢ ᠶᠢᠨ ᠭᠠᠮᠰᠢᠭ ᠢ ᠤᠷᠢᠳᠴᠢᠯᠠᠨ ᠰᠡᠷᠭᠡᠶᠢᠯᠡᠬᠦ ᠪᠠ ᠡᠪᠦᠯ ᠬᠠᠪᠤᠷ ᠤᠨ ᠤᠯᠠᠷᠢᠯ  ᠳᠤ ᠲᠥᠯ ᠲᠣᠰᠴᠤ ᠪᠣᠶᠢᠵᠢᠭᠤᠯᠬᠤ᠂ ᠪᠡᠯᠴᠢᠭᠡᠷ ᠰᠡᠷᠭᠦᠭᠡᠬᠦ ᠵᠡᠷᠭᠡ ᠮᠠᠯ ᠠᠵᠤ ᠠᠬᠤᠶ ᠶᠢᠨ ᠭᠤᠤᠯᠳᠠᠯᠭ᠎ᠠ ᠲᠠᠢ ᠠᠵᠢᠯ ᠤᠨ ᠤᠷᠤᠭᠰᠢᠲᠠᠶ ᠶᠠᠪᠤᠭᠳᠠᠬᠤ ᠳᠤ ᠪᠠᠲᠤᠯᠠᠭ᠎ᠠ ᠬᠠᠩᠭᠠᠬᠤ ᠪᠠᠷ ᠪᠤᠢ᠃ 

 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号