ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ 2023 ᠣᠨ ᠤ ᠬᠤᠶᠠᠳᠣᠭᠠᠷ ᠣᠳᠠᠭᠠᠨ ᠤ ᠪᠥᠬᠦ ᠬᠤᠰᠢᠭᠤᠨ ᠤ ᠬᠤᠷᠠᠯ ᠵᠢᠴᠢ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ‌‍ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/27

 

   12 ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠨᠠᠮ ᠤᠨ

ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢ ᠪᠥᠸᠧ ᠹᠧᠩ

ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2023

ᠣᠨ ᠤ ᠬᠤᠶᠠᠳᠤᠭᠠᠷ ᠣᠳᠠᠭᠠᠨ ᠤ ᠪᠥᠬᠦ ᠬᠤᠰᠢᠭᠤᠨ ᠤ ᠬᠤᠷᠠᠯ ᠵᠢᠴᠢ ᠪᠥᠬᠦ ᠬᠤᠰᠢᠭᠤᠨ ᠤ ᠦᠨᠳᠦᠰᠦᠲᠡᠨ ᠤ

ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ

ᠬᠤᠷᠠᠯᠳᠣᠭᠤᠯᠵᠦ᠂ ᠳᠡᠭᠡᠳᠦ ᠱᠠᠲᠤᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ

ᠰᠤᠷᠤᠯᠴᠠᠵᠤ᠂ 2023 ᠣᠨ ᠤ ᠨᠢᠭᠡᠳᠦᠮᠡᠯ ᠹᠷᠣᠨᠲ ᠤᠨ ᠠᠵᠢᠯ ᠢ ᠥᠷᠨᠢᠭᠦᠯᠦᠭᠰᠡᠨ ᠪᠠᠶᠢᠳᠠᠯ ᠵᠢᠴᠢ

ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ

ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃

   ᠬᠤᠷᠠᠯ ᠠᠴᠠ ᠴᠢᠬᠤᠯᠠᠴᠢᠯᠬᠠᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ

 ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠭᠦᠳᠦᠨ ᠪᠠᠶᠢᠭᠤᠯᠬᠤ ᠠᠵᠢᠯ ᠤᠨ ᠬᠠᠷᠢᠭᠤᠴᠠᠯᠭᠠᠲᠤ ᠰᠡᠳᠬᠢᠯᠭᠡ  ᠪᠠᠨ

ᠦᠨᠡᠨ ᠬᠦ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠡᠨᠡ ᠬᠦ ᠭᠤᠤᠯ ᠰᠢᠵᠢᠮ ᠲᠠᠢ ᠨᠢᠭᠲᠠ ᠤᠶᠠᠯᠳᠤᠭᠤᠯᠤᠨ᠂ ᠠᠵᠢᠯ ᠤᠨ ᠠᠷᠭ᠎ᠠ ᠬᠡᠮᠵᠢᠶ᠎ᠡ ᠪᠠᠨ

ᠨᠠᠷᠢᠯᠢᠬᠵᠢᠭᠤᠯᠤᠨ᠂ ᠣᠨᠣᠯ ᠢᠶᠠᠷ ᠵᠡᠪᠰᠡᠭᠯᠡᠬᠦ ᠪᠠ ᠤᠬᠠᠭᠤᠯᠬᠤ ᠠᠵᠢᠯ ᠢ ᠲᠠᠰᠤᠷᠠᠯᠲᠠ ᠥᠬᠡᠶ ᠴᠢᠩᠭᠠᠳᠬᠠᠵᠤ᠂

ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠣᠷᠢᠵᠢᠭᠤᠯᠣᠨ᠂

ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠷᠡᠭᠯᠡᠬᠦ ᠵᠢᠭᠠᠨ ᠰᠤᠷᠭᠠᠯᠲᠠ ᠶᠢ ᠪᠦᠬᠦ ᠲᠠᠯ᠎ᠠ

 ᠪᠠᠷ ᠠᠬᠢᠭᠤᠯᠵᠤ᠂ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ ᠦᠨᠳᠦᠰᠦᠨ ᠱᠠᠲᠤᠨ ᠳᠤ ᠭᠦᠨᠵᠡᠭᠡᠶᠢᠷᠡᠨ

︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠤᠯᠠᠨ ᠲᠦᠮᠡᠨ ᠤ

ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠤᠯᠠᠨ ᠲᠦᠮᠡᠨ ᠤ ᠠᠮᠠᠷᠬᠠᠨ ᠥᠢᠯᠭᠠᠵᠣ

ᠮᠡᠳᠡᠬᠦ ᠬᠡᠯᠪᠡᠷᠢ ᠪᠠᠷ ︽ᠲᠠᠪᠤᠨ ᠰᠠᠨᠠᠭᠤᠯᠣᠮᠵᠢ︾ ᠶᠢᠨ ᠪᠣᠳᠠᠲᠤ ᠶᠠᠪᠤᠳᠠᠯ ᠪᠣᠯᠤᠨ ᠶᠣᠰᠣ ᠤᠴᠢᠷ ᠢ ᠲᠣᠳᠣᠷᠬᠠᠢ

ᠶᠠᠷᠢᠵᠤ᠂ ᠴᠢᠩᠭ᠎ᠠ ᠠᠴᠠ ᠴᠢᠩᠭ᠎ᠠ᠂ ᠪᠣᠳᠠᠲᠠᠢ ᠠᠴᠠ ᠪᠣᠳᠠᠲᠠᠢ ᠡᠯ᠎ᠡ ᠵᠦᠢᠯ ᠤᠨ ᠡᠭᠦᠷᠭᠡ ᠶᠢ ᠨᠠᠷᠢᠯᠢᠭ

ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠳᠡᠢ ᠬᠡᠯ᠎ᠡ᠃

   ᠬᠤᠷᠠᠯ ᠠᠴᠠ ᠱᠠᠭᠠᠷᠳ᠋ᠬᠠᠰᠠᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ

ᠪᠠᠲᠤ ᠴᠣᠭᠴᠠᠯᠠᠬᠤ ᠶᠢ ᠡᠯ᠎ᠡ ᠵᠦᠶᠯ ᠤᠨ ᠠᠵᠢᠯ ᠤᠨ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠭᠤᠤᠯ

ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ

ᠤᠳᠤᠷᠢᠳᠤᠯᠭ᠎ᠠ ᠪᠠᠨ ᠴᠢᠩᠭᠠᠳᠬᠠᠨ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ ᠠᠵᠢᠯ ᠤᠨ ᠬᠠᠮᠲᠤᠷᠠᠯ

ᠬᠦᠴᠦᠨ ᠢ ᠪᠦᠷᠢᠯᠳᠦᠭᠦᠯᠵᠦ᠂ ᠡᠭᠦᠳᠦᠨ ᠪᠠᠶᠢᠭᠤᠯᠬᠤ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ

 ᠶᠢ ᠦᠨᠡᠨ ᠬᠦ ᠪᠠᠲᠤᠯᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ

 ᠳᠤ ᠰᠢᠯᠤᠭᠤᠨ ᠬᠥᠬᠡ ᠬᠤᠰᠢᠭᠤᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠬᠡᠵᠡᠢ᠃

   ᠬᠤᠰᠢᠭᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠬᠤᠰᠢᠭᠤ ᠠᠷᠠᠳ ᠤᠨ ᠲᠥᠯᠥᠭᠡᠯᠡᠭᠴᠢᠳ

 ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠤᠯ ᠤᠳᠤᠷᠢᠳᠤᠯᠭ᠎ᠠ᠂ ᠵᠠᠰᠠᠭ ᠤᠨ ᠣᠷᠳᠣᠨ᠂ ᠤᠯᠤᠰ

ᠲᠥᠷᠥ ᠶᠢᠨ ᠵᠥᠪᠯᠡᠯᠭᠡᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ

ᠳᠠᠷᠤᠭ᠎ᠠ᠂ ᠡᠯ᠎ᠡ ᠰᠤᠮᠤ ᠪᠠᠯᠭᠠᠰᠤ ︵ᠲᠠᠯᠠᠪᠠᠶ︶᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ

 ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃

 

 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号