ᠬᠤᠰᠢᠭᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠠᠷᠠᠳ ᠲᠤ ᠬᠠᠶᠢᠷ᠎ᠠ ᠬᠠᠯᠠᠮᠵᠢ ᠬᠦᠷᠬᠡᠵᠦ ᠪᠣᠢ
ᠨᠡᠶᠢᠲᠡᠯᠡᠭᠰᠡᠨ ᠴᠠᠭ᠄
2023/12/27
 

 

  12 ᠳ᠋ᠤᠭᠠᠷ ᠰᠠᠷ᠎ᠠ ᠶᠢᠨ 21 ᠤ ᠥᠷᠯᠥᠭᠡ ᠶᠢᠨ 2 ᠴᠠᠭ 20 ᠮᠢᠨᠦ᠋ᠲ ᠲᠤ᠂ ᠰᠢᠯᠤᠭᠤᠨ ᠬᠥᠬᠡ ᠬᠤᠰᠢᠭᠤᠨ

 ᠤ 12345 ᠬᠠᠯᠠᠮᠰᠢᠯ ᠤᠲᠠᠰᠤᠨ ᠤ ᠥᠷᠲᠡᠭᠡ ᠨᠢ ᠠᠶᠢᠮᠠᠭ ᠤᠨ 12345 ᠲᠥᠪ ᠤᠨ ᠪᠠᠴᠢᠮ ᠲᠤᠰᠠᠯᠠᠮᠵᠢ

ᠭᠤᠶᠣᠬᠤ ᠣᠳᠠᠰᠣ ᠶᠢ ᠲᠣᠰᠣᠯ᠎ᠠ᠃ ᠣᠯᠠᠨ‌‍ᠦ ᠲᠤᠰᠬᠠᠭᠰᠠᠨ ᠢᠶᠠᠷ᠄ ︽ᠰᠢᠯᠤᠭᠤᠨ ᠬᠥᠬᠡ ᠬᠤᠰᠢᠭᠤᠨ ᠤ ᠠᠵᠤ

ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠮᠦᠨ᠎ᠡ ᠲᠠᠯ᠎ᠠ ᠶᠢᠨ ᠵᠠᠮ ᠤᠨ ᠠᠭᠤᠯᠵᠠᠷ ᠠᠴᠠ G 239

ᠤᠯᠤᠰ ᠤᠨ ᠵᠠᠮ ᠬᠦᠷᠲᠡᠯ᠎ᠡ᠂ ᠱᠠᠩᠳᠤ ᠪᠠᠯᠭᠠᠰᠤᠨ ᠤ 5 ᠺᠢᠯᠣᠮᠧᠲᠷ ᠵᠠᠶᠢᠲᠠᠶ ᠭᠠᠵᠠᠷ ᠲᠤ ᠨᠢᠭᠡᠨ‌ᠮᠠᠰᠢᠨ‌‍ᠲ᠋ᠡᠷᠭᠡ

ᠴᠠᠰᠤᠨ ᠳᠤ ᠭᠠᠷᠴᠤ ᠲᠡᠶᠢᠯᠬᠦ ᠥᠭᠡᠢ ᠲᠤᠰᠠᠯᠠᠮᠵᠢ ᠭᠤᠶᠣᠴᠢᠯᠬᠠᠰᠠᠨ ᠪᠠᠶᠢᠯ᠎ᠠ︾᠃

  ᠢᠩᠬᠢᠭᠡᠥᠨ 12345 ᠬᠠᠯᠠᠮᠰᠢᠯ ᠣᠳᠠᠰᠣᠨ ᠤ ᠥᠷᠲᠡᠭᠡᠨ ᠤ ᠠᠵᠢᠯᠲᠠᠳ ᠲᠠᠷᠤᠶᠢᠬᠠᠨ ᠬᠥᠳᠡᠯᠥᠯᠴᠡᠬᠦ ᠶᠢᠨ

ᠳᠠᠭᠠᠤ ᠵᠠᠮ ᠬᠠᠷᠢᠯᠴᠠᠭᠠᠨ ᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠤ ᠮᠡᠳᠡᠭᠳᠡᠵᠦ᠂ ᠠᠵᠢᠯᠲᠠᠨ

ᠲᠣᠬᠢᠷᠠᠭᠤᠯᠤᠨ ᠥᠷᠯᠥᠭᠡ ᠡᠷᠲᠡ ᠶᠢᠨ 2 ᠴᠠᠭ 40 ᠮᠢᠨᠦ᠋ᠲ ᠲᠤ ᠲᠤᠬᠠᠶ ᠶᠢᠨ ᠲᠠᠯᠠᠪᠠᠶ ᠳᠤ ᠬᠦᠷᠴᠦ᠂ ᠬᠤᠷᠢᠨ

ᠮᠢᠨᠦ᠋ᠲ ᠤᠨ ᠴᠢᠷᠮᠠᠶᠢᠯᠭ᠎ᠠ ᠪᠠᠷ ᠳᠠᠮᠵᠢᠨ᠂ ᠥᠷᠯᠥᠭᠡ ᠶᠢᠨ 3 ᠴᠠᠭ ᠲᠤ ᠬᠠᠰᠢᠭᠳᠠᠭᠰᠠᠨ ᠲᠡᠷᠭᠡ ᠵᠢᠴᠢ ᠵᠢᠯᠣᠭᠤᠴᠢ

 ᠶᠢ ᠠᠪᠤᠷᠠᠨ ᠭᠠᠷᠭᠠᠵᠤ᠂ ᠱᠠᠩᠳᠤ ᠪᠠᠯᠭᠠᠰᠤᠨ ᠳᠤ ᠬᠦᠷᠬᠡᠵᠡᠢ᠃

  ᠣᠶᠢᠷ᠎ᠠ ᠳᠤ᠂ ᠠᠭᠠᠷ ᠤᠨ ᠳᠤᠯᠠᠭᠠᠨ‌‍ᠲ᠋ᠣᠷᠣᠭᠰᠢᠯᠠᠵᠤ᠂ ᠵᠠᠮ ᠬᠠᠯᠳᠣᠷᠢᠭ᠎ᠠ ᠲᠠᠢ ᠪᠣᠯᠣᠠᠠᠰᠠᠨ ᠠᠴᠠ ᠠᠷᠠᠥᠨ ᠤᠯᠠᠨ

 ᠤ ᠠᠮᠤᠷ ᠲᠦᠪᠰᠢᠨ ᠢ ᠪᠠᠲᠤᠯᠠᠬᠤ ᠶᠢᠨ ᠲᠣᠰᠠᠳᠠ᠂ ᠬᠤᠰᠢᠭᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ

ᠲᠣᠪᠴᠢᠶ᠎ᠠ 12345 ᠲᠤᠰᠬᠠᠶ ᠠᠩᠭᠢ ᠶᠢ ᠪᠠᠶᠢᠭᠤᠯᠵᠤ᠂ 7 × 24 ᠴᠠᠭ ᠤᠨ ᠲᠣᠭᠲᠠᠴᠠ ᠶᠣᠰᠣᠭᠠᠷ᠂ ᠣᠯᠠᠨ

ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠬᠠᠯᠠᠮᠵᠢᠯᠠᠨ ᠬᠠᠮᠠᠭᠠᠯᠠᠵᠦ ᠪᠣᠢ᠃

  ᠬᠤᠰᠢᠭᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢᠨ 12345 ᠬᠠᠯᠠᠮᠰᠢᠯ ᠤᠲᠠᠰᠤᠨ ᠤ

ᠠᠵᠢᠯᠲᠠᠨ ᠲᠣᠩᠭᠠᠯᠠᠭ ᠰᠣᠷᠪᠣᠯᠵᠢᠯᠬᠠᠴᠢ ᠳᠤ᠄ ︽ᠮᠠᠨ ᠤ ᠰᠢᠯᠤᠭᠤᠨ ᠬᠥᠬᠡ ᠬᠤᠰᠢᠭᠤᠨ ᠤ 12345 ᠬᠠᠯᠠᠮᠰᠢᠯ

ᠤᠲᠠᠰᠤᠨ ᠤ ᠠᠵᠢᠯ ᠤᠨ ᠥᠷᠲᠡᠭᠡ ᠡᠳᠦᠷ ᠪᠦᠷᠢ ᠳᠤᠮᠳᠠᠴᠢ ᠪᠠᠷ 15 ᠠᠵᠢᠯ ᠢ ᠭᠥᠯᠢᠶᠡᠨ ᠠᠪᠴᠦ᠂ ᠠᠶᠢᠮᠠᠭ ᠤᠨ

ᠲᠥᠪ  ᠶᠢᠨ ᠵᠠᠬᠢᠶᠠᠯᠠᠭ᠎ᠠ  ᠶᠢᠨ ᠳᠠᠷᠠᠭ᠎ᠠ᠂ ᠪᠢᠳᠡ ᠳᠠᠬᠢᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠵᠠᠬᠢᠶᠠᠯᠠᠭ᠎ᠠ

ᠥᠭᠴᠦ᠂ ᠳᠠᠷᠠᠭ᠎ᠠ ᠨᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠠᠴᠠ ᠡᠨᠡ ᠬᠦ ᠠᠵᠢᠯ ᠢ ᠪᠡᠶᠡᠯᠡᠬᠦᠯᠳᠡᠭ᠂ ᠣᠶᠢᠷ᠎ᠠ

 ᠳᠤ ᠪᠢᠳᠡᠨ ᠤ ᠬᠠᠮᠤᠭ ᠤᠨ ᠣᠯᠠᠨ ᠠᠵᠢᠯ ᠪᠣᠯ ᠳᠠᠷᠤᠶ ᠢᠯᠴᠢ ᠬᠠᠩᠭᠠᠬᠤ ᠲᠥᠷᠥᠯ ᠤᠨ ᠠᠵᠢᠯ ᠪᠠ ᠵᠠᠮ

ᠬᠠᠷᠢᠯᠴᠠᠭ᠎ᠠ ᠶᠢ ᠰᠠᠭᠠᠳ ᠥᠬᠡᠶ ᠨᠡᠪᠳᠡᠷᠡᠬᠦᠯᠬᠦ ᠠᠵᠢᠯ ᠪᠣᠯᠤᠨ᠎ᠠ︾ ᠬᠡᠯ᠎ᠡ᠃

   ᠬᠤᠰᠢᠭᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶᠠᠨ ᠤ ᠳᠡᠳ᠋ ᠳᠠᠷᠤᠭ᠎ᠠ ᠯᠢᠦ ᠲᠤᠤ ᠬᠡᠯᠡᠬᠦ

 ᠳᠡᠭᠡᠨ᠄ ︽12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ

ᠤᠲᠠᠰᠤ︾ ᠨᠢ ᠠᠷᠠᠳ ᠤᠨ ᠬᠦᠰᠡᠯ ᠱᠠᠭᠠᠷᠳᠠᠯᠭ᠎ᠠ ᠨᠢᠭᠡᠪᠦᠷᠢ ᠶᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ

ᠪᠣᠯᠭᠠᠨ ᠬᠤᠪᠢᠷᠠᠭᠤᠯᠵᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠠᠷᠠᠳ ᠣᠯᠠᠨ  ᠢ ᠨᠢᠠᠠᠳᠠᠷᠠᠭᠤᠯᠬᠤ

ᠱᠤᠭᠤᠮ ᠪᠤᠯᠥᠨ᠎ᠠ᠃ ᠣᠶᠢᠷ᠎ᠠ ᠳᠤ᠂ ᠮᠠᠨ ᠤ ᠠᠶᠢᠮᠠᠭ ᠲᠤ ᠨᠡᠶᠢᠳᠡᠮ ᠳᠡᠭᠡᠨ ᠶᠡᠭᠡ ᠴᠠᠰᠤ ᠣᠷᠣᠵᠤ᠂ ᠰᠢᠯᠤᠭᠤᠨ

ᠬᠥᠬᠡ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ 12345 ᠵᠠᠮ ᠬᠠᠷᠢᠯᠴᠠᠭᠠᠨ ᠤ

ᠰᠠᠭᠠᠳ ᠥᠬᠡᠶ ᠨᠡᠪᠲᠡᠷᠡᠬᠦ ᠲᠤᠰᠬᠠᠶ ᠠᠩᠭᠢ ᠪᠠᠶᠢᠭᠤᠯᠵᠤ᠂ 7 × 24 ᠴᠠᠭ  ᠤᠨ ᠲᠤᠠᠠᠳᠠᠴᠠ ᠶᠤᠰᠤᠭᠠᠷ᠂

ᠳᠠᠷᠤᠶᠢᠬᠠᠨ ᠰᠢᠢᠥᠠᠪᠤᠷᠢᠯᠡᠵᠦ᠂ ᠣᠯᠠᠨ ᠲᠦᠮᠡᠨ  ᠳᠤ ᠲᠥᠬᠦᠮ ᠥᠵᠡᠬᠦᠯᠵᠤ ᠪᠤᠢ︾ ᠬᠡᠯ᠎ᠡ᠃

  

 

 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号