ᠲᠣᠪᠴᠢ ᠨᠠᠮᠲᠠᠷ | ᠵᠣᠷᠢᠭᠰᠠᠶᠢᠬᠠᠨ᠂ ᠡᠷᠡᠭᠲᠡᠢ᠂ ᠮᠣᠩᠭᠤᠯ ᠦᠨᠳᠦᠰᠦᠲᠡᠨ᠂ 2004 ᠣᠨ ᠤ 5 ᠰᠠᠷ᠎ᠠ ᠳᠤ ᠳᠤᠮᠳᠠᠳᠤ | ᠤᠯᠤᠰ ᠤᠨ ᠡᠪ ᠬᠠᠮᠲᠤ ᠨᠠᠮ ᠳᠤ ᠡᠯᠰᠡᠭᠳᠡᠨ᠂ 2000 ᠣᠨ ᠤ 12 ᠰᠠᠷ᠎ᠠ ᠳᠤ ᠠᠵᠢᠯ ᠳᠤ ᠣᠷᠣᠵᠠᠢ᠂ | ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠃ ᠣᠳᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ | ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠢᠯᠤᠭᠤᠨ ᠬᠦᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠡ | ᠵᠠᠩᠭᠢ ᠶᠢᠨ ᠲᠥᠪ ᠤᠨ ᠳᠡᠳ᠋ ᠡᠷᠬᠢᠯᠡᠭᠴᠢ᠂ ᠰᠢᠯᠤᠭᠤᠨ ᠬᠦᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠤ ᠠᠯᠪᠠᠨ ᠭᠡᠷ ᠤᠨ ᠳᠡᠳ᠋ ᠡᠷᠬᠢᠯᠡᠭᠴᠢ᠂ ᠮᠡᠳᠡᠭᠡ ᠵᠠᠩᠭᠢ ᠶᠢᠨ ᠲᠥᠪ ᠤᠨ ᠳᠡᠳ᠋ ᠡᠷᠬᠢᠯᠡᠭᠴᠢ᠂ ᠨᠠᠮ ᠵᠠᠰᠠᠭ ᠤᠨ | ᠣᠷᠴᠢᠭᠤᠯᠭ᠎ᠠ ᠶᠢᠨ ᠲᠥᠪ ᠤᠨ ᠡᠷᠬᠢᠯᠡᠭᠴᠢ᠂ ᠱᠠᠭᠠᠷᠳᠠᠨ ᠪᠠᠶᠢᠴᠠᠭᠠᠬᠤ ᠲᠠᠰᠤᠭ ᠤᠨ ᠡᠷᠬᠢᠯᠡᠭᠴᠢ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠤᠭᠤᠨ ᠬᠦᠬᠡ ᠬᠤᠰᠢᠭᠤᠨ ᠤ ᠨᠠᠷᠠᠳᠤ ᠰᠣᠮᠣᠨ ᠤ ᠨᠠᠮ ᠤᠨ | ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠢᠯᠤᠭᠤᠨ ᠬᠦᠬᠡ ᠬᠤᠰᠢᠭᠤᠨ ᠤ ᠨᠠᠷᠠᠳᠤ ᠰᠣᠮᠣᠨ ᠤ ᠨᠠᠮ ᠤᠨ ᠬᠤᠷᠢᠶᠠᠨ ᠤ ᠱᠦᠵᠢ ᠪᠠ ᠨᠠᠮ ᠤᠨ ᠭᠡᠰᠢᠭᠦᠨ | ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ ᠶᠢᠨ ᠠᠵᠢᠯ ᠢ ᠬᠠᠪᠰᠠᠷᠭᠠᠨ ᠬᠢᠵᠦ ᠪᠠᠶᠢᠭᠰᠠᠨ | ᠪᠥᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠤᠭᠤᠨ ᠬᠦᠬᠡ ᠬᠤᠰᠢᠭᠤᠨ ᠤ ᠨᠠᠷᠠᠳᠤ | ᠰᠣᠮᠣᠨ ᠤ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠢ ᠬᠠᠷᠢᠭᠤᠴᠠᠵᠤ ᠥᠩᠭᠡᠷᠡᠪᠡ᠃ | | | ᠬᠤᠪᠢᠳᠠᠨ ᠬᠠᠮᠢᠶᠠᠷᠴᠤ ᠪᠠᠶᠢᠭ᠎ᠠ ᠠᠵᠢᠯ | ᠬᠤᠰᠢᠭᠤ ᠳᠠᠷᠤᠭ᠎ᠠ ᠶᠢ ᠬᠠᠮᠵᠢᠨ ᠲᠠᠷᠢᠶᠠᠯᠠᠩ ᠮᠠᠯ ᠠᠵᠤ ᠠᠬᠤᠶ᠂ ᠰᠢᠨᠵᠢᠯᠡᠬᠦ ᠮᠡᠷᠭᠡᠵᠢᠯ᠂ ᠨᠤᠲᠤᠭ | ᠪᠡᠯᠴᠢᠭᠡᠷ ᠠᠮᠢ ᠠᠬᠤᠶ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ᠂ ᠤᠰᠤᠨ ᠠᠰᠢᠭᠯᠠᠯᠲᠠ᠂ ᠬᠥᠳᠡᠭᠡ | ᠣᠷᠣᠨ ᠢ ᠬᠦᠴᠦᠷᠬᠡᠭᠵᠢᠬᠦᠯᠬᠦ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ | ᠨᠢᠭᠡᠳᠦᠯᠲᠡᠶ ᠲᠥᠯᠦᠪᠯᠡᠨ ᠬᠠᠷᠢᠭᠤᠴᠠᠵᠤ ᠪᠤᠢ᠃ | ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠮᠡᠷᠭᠡᠵᠢᠯ ᠤᠨ ᠲᠣᠪᠴᠢᠶ᠎ᠠ᠂ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠬᠥᠳᠡᠭᠡ ᠣᠷᠣᠨ ᠢ ᠬᠦᠴᠦᠷᠬᠡᠭᠵᠢᠬᠦᠯᠬᠦ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠴᠤ ᠪᠠᠶᠢᠨ᠎ᠠ᠃ | ᠴᠠᠭ ᠠᠭᠤᠷ ᠤᠨ ᠲᠣᠪᠴᠢᠶ᠎ᠠ᠂ ᠰᠢᠨᠵᠢᠯᠡᠬᠦ ᠮᠡᠷᠭᠡᠵᠢᠯ ᠤᠨ ᠨᠡᠶᠢᠭᠡᠮᠯᠢᠭ ᠲᠠᠢ ᠬᠤᠯᠪᠤᠭ᠎ᠠ ᠪᠠᠷᠢᠵᠤ᠂ | ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ |