ᠰᠢᠨᠬᠤᠸᠠ ᠬᠤᠷᠢᠶ᠎ᠠ ᠶᠢᠨ ᠱᠠᠩᠬᠠᠢ ᠶᠢᠨ 11 ᠰᠠᠷ᠎ᠠ ᠶᠢᠨ 30 ᠤ ᠴᠠᠭᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 30 ᠤ ᠦᠳᠡ ᠶᠢᠨ ᠡᠮᠦᠨ᠎ᠡ | ᠱᠠᠩᠬᠠᠢ ᠳᠤ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ | ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ ᠴᠢᠬᠤᠯᠠ ᠶᠠᠷᠢᠶ᠎ᠠ ᠲᠠᠯᠪᠢᠪᠠ᠃ | ᠲᠡᠷᠡ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠢ ᠠᠬᠢᠭᠤᠯᠵᠤ᠂ | ᠰᠢᠨ᠎ᠡ ᠶᠢ ᠡᠭᠦᠳᠬᠦ ᠴᠢᠳᠠᠪᠤᠷᠢ᠂ ᠠᠵᠤ ᠦᠢᠯᠡᠰ ᠤᠨ ᠥᠷᠢᠰᠦᠯᠳᠦᠬᠦ ᠬᠦᠴᠦᠨ᠂ ᠬᠥᠭᠵᠢᠯᠲᠡ ᠶᠢᠨ | ᠴᠢᠳᠠᠪᠤᠷᠢ ᠲᠡᠰ ᠢ ᠤᠯᠠᠮ ᠳᠡᠭᠡᠭᠰᠢᠯᠡᠭᠦᠯᠵᠦ᠂ ᠨᠡᠩ ᠥᠨᠳᠥᠷ ᠲᠡᠰ ᠳᠠᠪᠬᠤᠷᠭ᠎ᠠ ᠶᠢᠨ | ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠪᠠᠶᠢᠷᠢᠰᠢᠯ ᠢ ᠤᠷᠢᠳ ᠢᠶᠠᠷ ᠪᠦᠷᠢᠯᠳᠦᠭᠦᠯᠬᠦ ᠨᠢ | ᠮᠠᠨ ᠤ ᠤᠯᠤᠰ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ | ᠪᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠴᠢᠬᠤᠯᠠ ᠶᠡᠭᠡ | ᠠᠴᠢ ᠬᠤᠯᠪᠣᠭᠳᠠᠯ ᠲᠠᠢ ᠶᠤᠮ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ | ᠪᠦᠭᠦ ᠲᠠᠯ᠎ᠠ ᠪᠠᠷ ᠲᠤᠭᠤᠰᠢᠯᠠᠭᠤᠯᠵᠤ᠂ ᠨᠢᠭᠡ ᠴᠣᠭᠴᠠᠵᠢᠭᠤᠯᠬᠤ ᠪᠠ ᠴᠢᠨᠠᠷ ᠰᠠᠶᠢᠲᠠᠢ ᠪᠠᠶᠢᠯᠭᠠᠬᠤ ᠡᠨᠡ ᠬᠤᠶᠠᠷ | ᠵᠠᠩᠭᠢᠯᠠᠭ᠎ᠠ ᠶᠢᠨ ᠦᠭᠡ ᠶᠢ ᠴᠢᠩᠭ᠎ᠠ ᠡᠵᠡᠮᠳᠡᠵᠦ᠂ ᠪᠦᠭᠦ ᠪᠥᠮᠪᠥᠷᠴᠡᠭ ᠤᠨ ᠬᠠᠷᠠᠭᠠᠰᠤ | ᠪᠠ ᠪᠠᠶᠢᠯᠳᠤᠬᠤ ᠪᠣᠳᠣᠯᠭ᠎ᠠ ᠶᠢᠨ ᠰᠡᠳᠬᠢᠬᠦᠢ ᠶᠢ ᠪᠤᠢ ᠪᠤᠯᠭᠠᠵᠤ᠂ ᠣᠭᠲᠣᠬᠠᠨ ᠴᠸ ᠭᠤᠶᠢᠪᠢᠰᠢ ᠦᠭᠡᠢ ᠪᠠᠷ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ | ᠨᠡᠭᠡᠭᠡᠯᠲᠡ ᠶᠢ ᠥᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠨᠢᠭᠡᠳᠦᠯᠲᠡᠢ ᠲᠥᠯᠥᠪᠵᠢᠭᠦᠯᠵᠦ᠂ ᠳᠠᠭᠠᠭᠤᠯᠤᠭᠴᠢ | ᠪᠣᠯᠵᠤ ᠳᠠᠶᠢᠴᠢᠯᠠᠬᠤ ᠪᠠ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ | ᠬᠠᠲᠠᠭᠤ ᠲᠤᠨᠤᠭ ᠤᠨ ᠬᠤᠯᠪᠣᠯᠳᠤᠨ ᠨᠡᠪᠲᠡᠷᠡᠯᠴᠡᠬᠦ ᠪᠠ ᠲᠣᠭᠲᠠᠴᠠ ᠶᠢᠨ ᠬᠠᠮᠵᠢᠯᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ ᠠᠵᠤ ᠠᠬᠤᠢ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ | ᠬᠠᠮᠲᠤ ᠪᠠᠷ ᠪᠠᠶᠠᠵᠢᠬᠤ ᠶᠢ ᠠᠬᠢᠭᠤᠯᠬᠤ ᠲᠠᠯ᠎ᠠ ᠪᠠᠷ ᠤᠷᠢᠳ ᠢᠶᠠᠷ ᠵᠢᠱᠢᠶ᠎ᠡ ᠦᠵᠡᠭᠦᠯᠵᠦ᠂ ᠳᠤᠮᠳᠠᠳᠤ ᠶᠢᠨ | ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠲᠠᠯ᠎ᠠ ᠪᠠᠷ ᠢᠳᠡᠪᠬᠢᠲᠡᠢ ᠰᠦᠪᠡᠭᠴᠢᠯᠡᠵᠦ᠂ | ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠴᠢᠬᠤᠯᠠ ᠶᠡᠭᠡ ᠰᠢᠨ᠎ᠡ | ᠰᠢᠪᠲᠤᠯᠤᠯᠲᠠ ᠲᠠᠢ ᠪᠤᠯᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠳᠤᠮᠳᠠ ᠡᠮᠦᠨ᠎ᠡ ᠨᠢ ᠬᠤᠰᠢᠭᠤᠷᠠᠵᠤ᠂ ᠤᠷᠢᠳ ᠢᠶᠠᠷ ᠵᠠᠮ ᠰᠦᠪᠡᠭᠴᠢᠯᠡᠬᠦ᠂ | ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠭᠦ᠂ ᠨᠥᠯᠥᠭᠡᠯᠡᠨ ᠳᠠᠶᠢᠴᠢᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | 11 ᠰᠠᠷ᠎ᠠ ᠶᠢᠨ 30 ᠤ ᠦᠳᠡ ᠶᠢᠨ ᠡᠮᠦᠨ᠎ᠡ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠱᠠᠩᠬᠠᠢ ᠳᠤ ᠬᠥᠬᠡᠮᠥ᠋ᠷᠡᠨ ᠤ | ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠢ ᠠᠬᠢᠭᠤᠯᠬᠤ | ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ ᠴᠢᠬᠤᠯᠠ ᠶᠠᠷᠢᠶ᠎ᠠ ᠲᠠᠯᠪᠢᠪᠠ᠃ | ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ | ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ | ᠲᠢᠩᠬᠢᠮ ᠤᠨ ᠡᠷᠭᠢᠯᠡᠭᠴᠢ ᠼᠠᠢ ᠴᠢ ᠶᠠᠷᠢᠯᠴᠠᠬᠤ ᠬᠤᠷᠠᠯ ᠳᠤ ᠣᠷᠣᠯᠴᠠᠪᠠ᠃ | ᠰᠢ ᠶᠢᠨ ᠫᠢᠩ ᠱᠠᠩᠬᠠᠢ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠠᠭᠠᠨ ᠡᠨᠡ ᠤᠳᠠᠭ᠎ᠠ ᠶᠢᠨ | ᠶᠠᠷᠢᠯᠴᠠᠬᠤ ᠬᠤᠷᠠᠯ ᠢ ᠲᠤᠰᠬᠠᠶᠢᠯᠠᠨ ᠬᠤᠷᠠᠯᠳᠤᠭᠤᠯᠪᠠ᠃ ᠶᠠᠷᠢᠯᠴᠠᠬᠤ ᠬᠤᠷᠠᠯ ᠳᠡᠭᠡᠷ᠎ᠡ᠂ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠵᠧᠩ ᠱᠠᠨ ᠵᠢᠶᠧ᠂ | ᠱᠠᠩᠬᠠᠢ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠴᠧᠨ ᠵᠢᠢ ᠨᠢᠩ᠂ ᠵᠢᠶᠠᠩᠰᠤ ᠮᠤᠵᠢ ᠶᠢᠨ ᠨᠠᠮ ᠤᠨ | ᠬᠤᠷᠢᠶ᠎ᠠ ᠶᠢᠨ ᠱᠦᠵᠢ ᠰᠢᠨ ᠴᠠᠩ ᠰᠢᠩ᠂ ᠵᠧᠵᠢᠶᠠᠩ ᠮᠤᠵᠢ ᠶᠢᠨ ᠨᠠᠮ ᠤᠨ ᠬᠤᠷᠢᠶ᠎ᠠ ᠶᠢᠨ | ᠱᠦᠵᠢ ᠢ ᠯᠢᠶᠠᠨ ᠬᠤᠩ᠂ ᠠᠨᠾᠦ᠋ᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠠᠨ ᠵᠢᠶᠦ᠋ᠨ ᠤᠷᠢᠳ | ᠬᠤᠵᠢᠳ ᠦᠭᠡ ᠬᠡᠯᠡᠵᠦ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ | ᠠᠬᠢᠭᠤᠯᠬᠤ ᠲᠤᠬᠠᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠬᠢᠵᠦ᠂ ᠰᠠᠨᠠᠯ ᠰᠠᠨᠠᠭᠤᠯᠭ᠎ᠠ ᠳᠤᠷᠠᠳᠴᠠᠢ᠃ | | ᠤᠯᠠᠨ ᠤ ᠬᠡᠯᠡᠬᠦ ᠶᠢ ᠰᠣᠨᠣᠰᠤᠭᠰᠠᠨ ᠤ ᠲᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ | ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢ ᠳᠤᠷᠠᠳᠤᠨ ᠭᠠᠷᠭᠠᠵᠤ ᠬᠡᠷᠡᠭᠵᠢᠭᠦᠯᠦᠭᠰᠡᠨ 5 ᠵᠢᠯ ᠤᠨ ᠲᠤᠷᠰᠢ᠂ | ᠲᠥᠯᠦᠪᠵᠢᠭᠦᠯᠭᠡ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠪᠦᠷᠢᠯᠳᠦᠭᠦᠯᠦᠭᠰᠡᠨ ᠪᠥᠭᠡᠳ | ᠲᠠᠰᠤᠷᠠᠯᠳᠡ ᠦᠭᠡᠢ ᠲᠡᠭᠦᠯᠳᠡᠷᠵᠢᠭᠦᠯᠵᠦ᠂ ᠡᠷᠴᠢᠮᠲᠡᠢ ᠬᠥᠭᠵᠢᠶᠡᠨᠲᠡᠢ ᠨᠡᠮᠡᠭᠳᠡᠯ ᠤᠨ ᠲᠤᠶᠢᠯ ᠤᠨ | ᠴᠢᠳᠠᠮᠵᠢ ᠶᠢ ᠲᠠᠰᠤᠷᠠᠯᠳᠡ ᠦᠭᠡᠢ ᠪᠠᠬᠢᠵᠢᠭᠦᠯᠦᠨ ᠳᠡᠭᠡᠭᠰᠢᠯᠡᠭᠦᠯᠵᠦ᠂ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠴᠢᠬᠤᠯᠠ ᠶᠡᠭᠡ | ᠰᠢᠪᠲᠤᠯᠤᠯᠲᠠ ᠲᠠᠢ ᠪᠣᠯᠵᠤ᠂ ᠥᠭᠡᠷᠡᠴᠢᠯᠡᠯᠲᠡ ᠨᠡᠭᠡᠭᠡᠯᠲᠡ ᠰᠢᠨ᠎ᠡ ᠠᠯᠬᠤᠮ ᠢ ᠠᠯᠬᠤᠵᠤ᠂ | ᠠᠮᠢ ᠠᠬᠤᠢ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠵᠤ ᠬᠤᠯᠪᠤᠭᠠᠯᠠᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ | ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠪᠦᠬᠦᠯᠢ ᠴᠣᠭᠴᠠ ᠶᠢᠨ ᠪᠣᠳᠠᠲᠤ ᠬᠦᠴᠦᠨ ᠪᠣᠯᠣᠨ | ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠦᠷᠭᠦᠯᠵᠢᠯᠡᠨ ᠪᠦᠭᠦ ᠤᠯᠤᠰ ᠤᠨ | ᠡᠮᠦᠨ᠎ᠡ ᠡᠩᠨᠡᠭᠡᠨ ᠳᠤ ᠣᠷᠣᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠪᠠᠶᠢᠭᠤᠯᠤᠯ ᠤᠨ ᠳᠠᠪᠠᠭᠤᠯᠢᠭ ᠴᠢᠨᠠᠷ ᠢ ᠢᠯᠡᠷᠡᠭᠦᠯᠦᠭᠰᠡᠨ ᠴᠢᠬᠤᠯᠠ ᠴᠣᠩᠬᠤᠪᠴᠢ ᠪᠣᠯᠣᠨ | ᠮᠠᠨ ᠤ ᠤᠯᠤᠰ ᠤᠨ ᠤᠯᠠᠨ ᠤᠯᠤᠰ ᠤᠨ ᠥᠷᠢᠰᠦᠯᠳᠦᠭᠡᠨ ᠬᠠᠮᠲᠤᠷᠠᠯᠴᠠᠭ᠎ᠠ ᠳᠤ ᠣᠷᠤᠯᠴᠠᠬᠤ ᠴᠢᠬᠤᠯᠠ | ᠲᠠᠪᠴᠠᠩ ᠤᠨ ᠦᠢᠯᠡᠳᠦᠯ ᠡᠳᠦᠷ ᠢᠷᠡᠬᠦᠶ᠎ᠡ ᠢᠯᠡᠷᠡᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ | ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠳᠤ ᠪᠠᠶᠢᠯᠳᠤᠬᠤ ᠪᠣᠳᠣᠯᠭ᠎ᠠ ᠶᠢᠨ ᠰᠠᠨᠠᠭᠠᠴᠢᠯᠠᠭᠠᠲᠤ | ᠡᠷᠬᠡ ᠶᠢ ᠲᠡᠮᠡᠴᠡᠨ ᠣᠯᠣᠭᠰᠠᠨ ᠪᠠᠶᠢᠨ᠎ᠠ᠃ ᠡᠭᠦᠨ ᠤ ᠬᠠᠮᠲᠤ᠂ ᠬᠥᠬᠡᠮᠥ᠋ᠷᠡᠨ ᠤ ᠭᠤᠷᠪᠠᠯᠵᠢᠨ | ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠳᠤ ᠮᠠᠰᠢ ᠤᠯᠠᠨ ᠭᠦᠨ ᠳᠠᠪᠬᠤᠷᠭ᠎ᠠ ᠶᠢᠨ | ᠠᠰᠠᠭᠤᠳᠠᠯ ᠢ ᠤᠯᠠᠮ ᠴᠢᠨᠠᠭᠰᠢᠳᠠ ᠰᠢᠢᠳᠪᠦᠷᠢᠯᠡᠬᠦ ᠴᠢᠬᠤᠯᠠᠲᠠᠢ᠂ ᠬᠥᠭᠵᠢᠯᠲᠡ ᠶᠢᠨ ᠶᠠᠰᠤ ᠴᠢᠨᠠᠷ | ᠦᠷ᠎ᠡ ᠪᠦᠲᠦᠮᠵᠢ ᠪᠣᠯᠣᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠮᠥᠨ ᠬᠦ ᠳᠡᠭᠡᠭᠰᠢᠯᠡᠭᠦᠯᠭᠦ ᠴᠢᠬᠤᠯᠠᠲᠠᠢ᠂ | ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠣᠷᠣᠨ ᠪᠦᠰᠡ ᠶᠢᠨ ᠨᠢᠭᠡ | ᠴᠣᠭᠴᠠᠵᠢᠯᠲᠠ ᠳᠤ ᠪᠠᠰᠠ ᠴᠢᠷᠮᠠᠶᠢᠯᠭ᠎ᠠ ᠭᠠᠷᠭᠠᠬᠤ ᠴᠢᠬᠤᠯᠠᠲᠠᠢ᠂ ᠠᠵᠤ ᠦᠢᠯᠡᠰ ᠤᠨ | ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠵᠢᠯ ᠤᠨ ᠬᠤᠪᠢᠶᠠᠷᠢᠯᠠᠨ ᠬᠠᠮᠵᠢᠯᠴᠠᠬᠤ ᠲᠦᠪᠰᠢᠨ ᠢ | ᠳᠡᠭᠡᠭᠰᠢᠯᠡᠭᠦᠯᠭᠦ ᠴᠢᠬᠤᠯᠠᠲᠠᠢ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ | ᠳᠡᠯᠭᠡᠭᠦᠷ ᠢ ᠪᠠᠶᠢᠭᠤᠯᠬᠤ ᠳᠠᠭᠠᠭᠤᠯᠤᠭᠴᠢ ᠶᠢᠨ ᠳᠠᠶᠢᠴᠢᠯᠠᠬᠤ ᠦᠢᠯᠡᠳᠦᠯ ᠢ ᠴᠢᠨᠠᠭᠰᠢᠳᠠ | ᠪᠠᠳᠠᠷᠠᠭᠤᠯᠬᠤ ᠴᠢᠬᠤᠯᠠᠲᠠᠢ᠂ ᠥᠭᠡᠷᠡᠴᠢᠯᠡᠯᠲᠡ ᠨᠡᠭᠡᠭᠡᠯᠲᠡ ᠶᠢ ᠪᠠᠰᠠ ᠴᠢᠨᠠᠭᠰᠢᠳᠠ | ᠭᠦᠨᠵᠡᠭᠡᠶᠢᠷᠡᠭᠦᠯᠦᠨ ᠥᠷᠭᠡᠳᠬᠡᠬᠦ ᠴᠢᠬᠤᠯᠠᠲᠠᠢ᠂ ᠭᠡᠳᠦ ᠶᠡᠭᠡ ᠣᠨᠴᠠ ᠶᠡᠭᠡ | ᠬᠤᠳᠠ ᠶᠢᠨ ᠵᠠᠰᠠᠯᠲᠠ ᠪᠣᠯᠣᠨ ᠬᠥᠭᠵᠢᠯᠲᠡ ᠳᠤ ᠪᠠᠰᠠ ᠴᠥᠭᠡᠨ ᠪᠤᠰᠤ ᠳᠤᠲᠠᠭᠤᠳᠠᠯ ᠣᠷᠣᠰᠢᠵᠤ | ᠪᠠᠶᠢᠬᠤ ᠶᠢ ᠣᠯᠵᠤ ᠬᠠᠷᠠᠬᠤ ᠬᠡᠷᠡᠭᠲᠡᠢ᠃ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ | ᠴᠣᠭᠴᠠᠵᠢᠭᠰᠠᠨ ᠬᠥᠭᠵᠢᠯᠲᠡ ᠶᠢ ᠠᠬᠢᠭᠤᠯᠬᠤ ᠪᠣᠯ ᠲᠣᠮᠣ ᠶᠠᠪᠤᠳᠠᠯ ᠮᠥᠨ᠂ ᠲᠣᠭᠲᠠᠭᠤᠨ ᠤ | ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠨᠢᠭᠡ ᠡᠭᠡᠯᠵᠢ ᠨᠢ ᠨᠢᠭᠡ ᠡᠭᠡᠯᠵᠢ ᠪᠠᠨ ᠵᠠᠯᠭᠠᠨ ᠠᠪᠴᠤ | ᠦᠷᠭᠦᠯᠵᠢᠯᠡᠨ ᠠᠵᠢᠯᠯᠠᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ | ᠬᠥᠭᠵᠢᠯᠲᠡ ᠶᠢᠨ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠳᠡᠭᠡᠨ ᠣᠷᠣᠨ | ᠪᠦᠰᠡ ᠠᠯᠤᠰᠯᠠᠨ ᠬᠠᠮᠵᠢᠯᠴᠠᠬᠤ ᠶᠢ ᠴᠢᠩᠭᠠᠳᠬᠠᠬᠤ ᠬᠡᠷᠡᠭᠲᠡᠢ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ | ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠭᠡᠯᠪᠡᠷᠢ ᠰᠢᠨ᠎ᠡ ᠵᠠᠭᠪᠤᠷ ᠤᠨ ᠪᠤᠢ ᠪᠤᠯᠬᠤ ᠶᠢ ᠲᠦᠷᠭᠡᠳᠬᠡᠵᠦ᠂ | ᠬᠥᠭᠵᠢᠯᠲᠡ ᠶᠢᠨ ᠰᠢᠨ᠎ᠡ ᠣᠷᠣᠨ ᠵᠠᠢ ᠶᠢ ᠥᠷᠭᠡᠳᠬᠡᠵᠦ᠂ ᠬᠥᠭᠵᠢᠯᠲᠡ ᠶᠢᠨ ᠰᠢᠨ᠎ᠡ | ᠬᠥᠳᠡᠯᠭᠡᠬᠦ ᠡᠨᠧᠷᠭᠢ ᠶᠢ ᠪᠣᠶᠢᠵᠢᠭᠤᠯᠵᠤ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠲᠠᠢ ᠨᠡᠩ | ᠰᠠᠶᠢᠲᠤᠷ ᠬᠤᠯᠪᠤᠭᠠᠯᠠᠨ ᠬᠥᠳᠡᠯᠦᠯᠴᠡᠵᠦ᠂ ᠪᠦᠭᠦ ᠤᠯᠤᠰ ᠢ ᠲᠠᠶᠢᠴᠢᠯᠠᠨ ᠨᠥᠯᠥᠭᠡᠯᠡᠬᠦ ᠬᠡᠷᠡᠭᠲᠡᠢ᠃ ᠣᠷᠣᠨ | ᠪᠦᠰᠡ ᠠᠯᠤᠰᠯᠠᠨ᠂ ᠰᠠᠯᠠᠭ᠎ᠠ ᠮᠥᠴᠢᠷ ᠠᠯᠤᠰᠯᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠬᠦᠴᠦᠨ ᠪᠣᠯᠣᠨ ᠳᠠᠪᠠᠭᠤᠯᠢᠭ ᠡᠬᠢ ᠪᠠᠶᠠᠯᠢᠭ ᠢ ᠨᠡᠶᠢᠳᠬᠡᠵᠦ᠂ ᠬᠦᠴᠦᠷᠬᠡᠭ ᠨᠢ ᠬᠦᠴᠦᠷᠬᠡᠭ ᠲᠠᠢ ᠪᠠᠨ | ᠬᠤᠯᠪᠣᠭᠠᠯᠠᠬᠤ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠭᠤᠯᠣᠮᠲᠠ ᠶᠢ ᠴᠣᠭᠴᠠᠯᠠᠬᠤ ᠬᠡᠷᠡᠭᠲᠡᠢ᠃ ᠨᠡᠩ ᠨᠡᠭᠡᠭᠡᠯᠲᠡᠲᠡᠢ ᠰᠡᠳᠬᠢᠬᠦᠢ ᠪᠣᠯᠣᠨ | ᠠᠷᠭ᠎ᠠ ᠬᠡᠮᠵᠢᠶ᠎ᠡ ᠪᠠᠷ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠳᠤ ᠣᠷᠣᠯᠴᠠᠵᠤ᠂ | ᠪᠦᠭᠦ ᠪᠥᠮᠪᠥᠷᠴᠡᠭ ᠤᠨ ᠥᠷᠢᠰᠦᠯᠳᠦᠬᠦ ᠬᠦᠴᠦᠨ ᠢᠶᠠᠷ ᠨᠡᠩ ᠶᠡᠭᠡ ᠰᠢᠨ᠎ᠡ ᠶᠢ ᠡᠭᠦᠳᠬᠦ ᠠᠮᠢ ᠠᠬᠤᠢ ᠶᠢ ᠪᠤᠢ ᠪᠤᠯᠭᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠨᠢᠭᠡ ᠴᠣᠭᠴᠠᠵᠢᠭᠰᠠᠨ | ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠢ᠃ | ᠡᠷᠬᠡᠪᠰᠢ ᠪᠠᠶᠢᠭᠤᠯᠤᠮᠵᠢ ᠲᠣᠭᠲᠠᠴᠠ ᠶᠢᠨ ᠲᠠᠯ᠎ᠠ ᠪᠠᠷ ᠭᠠᠵᠠᠷ ᠣᠷᠣᠨ ᠤ ᠬᠡᠰᠡᠭᠯᠡᠯ ᠪᠠ ᠵᠠᠰᠠᠭ ᠵᠠᠬᠢᠷᠭᠠᠨ ᠤ ᠪᠠᠬᠢᠯᠡᠯᠲᠡ ᠶᠢ | ᠡᠪᠳᠡᠵᠦ᠂ ᠨᠢᠭᠡ ᠴᠣᠭᠴᠠᠵᠢᠭᠤᠯᠤᠨ ᠬᠥᠭᠵᠢᠭᠦᠯᠬᠦ ᠳᠤ ᠳᠦᠷᠢᠮ ᠤᠨ ᠪᠠᠲᠤᠯᠠᠭ᠎ᠠ ᠬᠠᠩᠭᠠᠬᠤ ᠬᠡᠷᠡᠭᠲᠡᠢ᠃ ᠨᠢᠭᠡ | ᠴᠣᠭᠴᠠᠵᠢᠭᠤᠯᠬᠤ ᠤᠬᠠᠮᠰᠠᠷ ᠢᠶᠠᠨ ᠴᠢᠩᠭᠠᠳᠬᠠᠵᠤ᠂ ᠬᠥᠯᠭᠡ ᠰᠢᠲᠠᠷ᠎ᠠ ᠶᠢᠨ ᠦᠵᠡᠯ | ᠰᠠᠨᠠᠭ᠎ᠠ ᠶᠢ ᠪᠠᠷᠢᠮᠲᠠᠯᠠᠵᠤ᠂ ᠳᠦᠷᠢᠮ ᠪᠠ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ | ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠬᠦᠷᠢᠶ᠎ᠡ ᠭᠤᠣᠯᠳᠠᠯᠭ᠎ᠠ ᠲᠠᠢ ᠣᠷᠣᠨ | ᠪᠦᠰᠡ ᠳᠤ ᠨᠡᠩ ᠶᠡᠭᠡ ᠰᠢᠪᠲᠤᠯᠤᠯᠲᠠ ᠭᠠᠷᠭᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢᠨ ᠰᠢᠰᠲ᠋ᠧᠮ ᠲᠠᠢ ᠬᠤᠷᠠᠮᠳᠤᠯ ᠪᠠ ᠬᠠᠮᠵᠢᠯᠴᠠᠭ᠎ᠠ ᠶᠢ ᠴᠢᠩᠭᠠᠳᠬᠠᠵᠤ᠂ ᠨᠢᠭᠡ | ᠴᠣᠭᠴᠠᠵᠢᠯᠲᠠ ᠶᠢ ᠨᠡᠩ ᠭᠦᠨ ᠳᠠᠪᠬᠤᠷᠭ᠎ᠠ ᠨᠡᠩ ᠥᠷᠭᠡᠨ ᠬᠦᠷᠢᠶ᠎ᠡ ᠲᠡᠶᠢᠰᠢ | ᠥᠷᠭᠡᠳᠬᠡᠬᠦ ᠶᠢ ᠠᠬᠢᠭᠤᠯᠬᠤ ᠬᠡᠷᠡᠭᠲᠡᠢ᠃ ᠤᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠳᠦᠷᠢᠮ ᠤᠨ ᠵᠣᠯᠭᠠᠯᠴᠠᠭ᠎ᠠ᠂ ᠲᠦᠷᠦ ᠶᠢᠨ ᠪᠣᠳᠣᠯᠭ᠎ᠠ ᠶᠢᠨ ᠬᠠᠮᠵᠢᠯᠴᠠᠭ᠎ᠠ᠂ | ᠪᠠᠷᠢᠮᠵᠢᠶ᠎ᠠ ᠠᠳᠠᠯᠢᠰᠢᠬᠤ ᠶᠢ ᠠᠯᠬᠤᠮ ᠲᠠᠷᠠᠭ᠎ᠠ ᠲᠠᠢ ᠪᠠᠷ ᠠᠬᠢᠭᠤᠯᠵᠤ᠂ ᠡᠯ᠎ᠡ ᠬᠦᠷᠢᠶᠡᠨ ᠤ ᠤᠯᠠᠨ ᠨᠡᠶᠢᠲᠡ ᠶᠢᠨ | ᠦᠢᠯᠡᠴᠢᠯᠡᠭᠡ ᠶᠢᠨ ᠲᠦᠭᠦᠮ ᠦᠵᠡᠭᠦᠯᠵᠦ ᠬᠠᠮᠲᠤ ᠪᠠᠷ ᠡᠳ᠋ᠯᠡᠬᠦ ᠶᠢ ᠲᠦᠷᠦᠯ ᠬᠤᠪᠢᠶᠠᠨ | ᠠᠬᠢᠭᠤᠯᠬᠤ ᠬᠡᠷᠡᠭᠲᠡᠢ᠃ ᠡᠯ᠎ᠡ ᠲᠦᠷᠦᠯ ᠤᠨ ᠵᠠᠮ ᠬᠠᠷᠢᠯᠴᠠᠭᠠᠨ ᠤ ᠲᠣᠣᠷ ᠤᠨ ᠰᠠᠭᠤᠷᠢ | ᠲᠥᠬᠦᠭᠡᠷᠦᠮᠵᠢ ᠶᠢᠨ ᠪᠠᠷᠢᠮᠵᠢᠶ᠎ᠠ ᠶᠢ ᠣᠷᠣᠨ ᠪᠦᠰᠡ ᠠᠯᠤᠰᠯᠠᠨ ᠵᠣᠯᠭᠠᠭᠤᠯᠬᠤ ᠶᠢ ᠴᠢᠩᠭᠠᠳᠬᠠᠵᠤ᠂ | ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠬᠥᠬᠡᠮᠥ᠋ᠷᠡᠨ ᠤ | ᠭᠤᠷᠪᠠᠯᠵᠢᠨ ᠬᠤᠶᠢᠭ ᠤᠨ ᠠᠮᠢ ᠠᠬᠤᠢ ᠶᠢᠨ ᠪᠣᠬᠢᠷᠳᠤᠯ ᠦᠭᠡᠢ ᠨᠢᠭᠡ ᠴᠣᠭᠴᠠᠵᠢᠭᠰᠠᠨ | ᠬᠥᠭᠵᠢᠯᠲᠡ ᠶᠢᠨ ᠵᠢᠱᠢᠶ᠎ᠡ ᠦᠵᠡᠭᠦᠯᠭᠦ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ | ᠵᠢᠱᠢᠶ᠎ᠡ ᠦᠵᠡᠭᠦᠯᠭᠦ ᠣᠷᠣᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠲᠥᠯᠦᠪᠵᠢᠭᠦᠯᠭᠡ᠂ ᠭᠠᠵᠠᠷ ᠰᠢᠷᠣᠢ᠂ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠣᠷᠣᠨ ᠪᠦᠰᠡ ᠠᠯᠤᠰᠯᠠᠨ ᠬᠠᠮᠵᠢᠯᠴᠠᠬᠤ ᠪᠠ ᠣᠷᠭᠠᠨᠢᠭ ᠢᠶᠠᠷ | ᠵᠣᠯᠭᠠᠯᠳᠤᠬᠤ ᠶᠢ ᠴᠢᠩᠭᠠᠳᠬᠠᠵᠤ᠂ ᠣᠷᠣᠨ ᠪᠦᠰᠡ ᠶᠢᠨ ᠲᠦᠷᠦᠯ ᠵᠦᠢᠯ ᠤᠨ | ᠬᠠᠮᠵᠢᠯᠴᠠᠭ᠎ᠠ ᠠᠴᠠ ᠣᠷᠣᠨ ᠪᠦᠰᠡ ᠶᠢᠨ ᠨᠢᠭᠡ ᠴᠣᠭᠴᠠᠵᠢᠭᠰᠠᠨ ᠳᠦᠷᠢᠮ ᠤᠨ | ᠰᠢᠨ᠎ᠡ ᠶᠢ ᠡᠭᠦᠳᠬᠦ ᠶᠢ ᠲᠦᠷᠭᠡᠳᠬᠡᠬᠦ ᠬᠡᠷᠡᠭᠲᠡᠢ᠃ ᠣᠷᠣᠨ ᠪᠦᠰᠡ ᠠᠯᠤᠰᠯᠠᠨ ᠬᠠᠮᠲᠤ ᠪᠠᠷ | ᠪᠠᠶᠢᠭᠤᠯᠵᠤ ᠬᠠᠮᠲᠤ ᠪᠠᠷ ᠡᠳ᠋ᠯᠡᠬᠦ ᠶᠢ ᠠᠬᠢᠭᠤᠯᠵᠤ᠂ ᠠᠵᠤ ᠦᠢᠯᠡᠰ ᠤᠨ ᠣᠷᠣᠨ ᠪᠦᠰᠡ ᠠᠯᠤᠰᠯᠠᠨ | ᠰᠢᠯᠵᠢᠭᠦ ᠪᠠ ᠦᠢᠯᠡᠳᠪᠦᠷᠢᠯᠡᠯ ᠤᠨ ᠬᠦᠴᠦᠨ ᠵᠦᠢᠯ ᠢ ᠵᠦᠢ ᠵᠣᠬᠢᠰᠲᠠᠢ ᠲᠣᠬᠢᠷᠠᠭᠤᠯᠬᠤ ᠶᠢ ᠡᠮᠬᠢ ᠵᠢᠷᠤᠮ ᠲᠠᠢ ᠠᠬᠢᠭᠤᠯᠵᠤ᠂ | ᠬᠥᠬᠡᠮᠥ᠋ᠷᠡᠨ ᠤ ᠭᠤᠷᠪᠠᠯᠵᠢᠨ ᠬᠤᠶᠢᠭ ᠢ ᠦᠨᠡᠨ ᠬᠦ ᠣᠷᠣᠨ ᠪᠦᠰᠡ ᠶᠢᠨ ᠬᠥᠭᠵᠢᠯᠲᠡ ᠶᠢᠨ ᠬᠠᠮᠲᠤ ᠶᠢᠨ ᠴᠣᠭᠴᠠ | ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠳᠡᠭᠡᠳᠦ ᠲᠡᠰ | ᠳᠠᠪᠬᠤᠷᠭ᠎ᠠ ᠶᠢᠨ ᠬᠠᠮᠵᠢᠯᠴᠠᠨ ᠨᠡᠭᠡᠭᠡᠯᠲᠡ ᠬᠢᠬᠦ ᠶᠢ ᠢᠳᠡᠪᠬᠢᠲᠡᠢ ᠠᠬᠢᠭᠤᠯᠬᠤ ᠬᠡᠷᠡᠭᠲᠡᠢ᠃ | ᠳᠦᠷᠢᠮ ᠤᠨ ᠭᠡᠯᠪᠡᠷᠢ ᠶᠢᠨ ᠨᠡᠭᠡᠭᠡᠯᠲᠡ ᠪᠠᠷ ᠭᠤᠣᠯᠳᠠᠯᠭ᠎ᠠ ᠪᠤᠯᠭᠠᠬᠰᠠᠨ ᠥᠨᠳᠥᠷ ᠲᠦᠪᠰᠢᠨ ᠪᠦᠬᠦᠢ ᠭᠠᠳᠠᠭᠠᠳᠤ | ᠨᠡᠭᠡᠭᠡᠯᠲᠡ ᠶᠢ ᠠᠬᠢᠭᠤᠯᠵᠤ᠂ ᠥᠭᠡᠷᠡᠴᠢᠯᠡᠯᠲᠡ ᠶᠢᠨ ᠲᠤᠷᠰᠢᠯᠭ᠎ᠠ ᠪᠠᠨ ᠬᠠᠷᠢᠯᠴᠠᠨ | ᠰᠤᠷᠤᠯᠴᠠᠵᠤ ᠬᠠᠷᠢᠯᠴᠠᠨ ᠲᠣᠯᠢ ᠪᠤᠯᠭᠠᠬᠤ ᠪᠠ ᠲᠡᠷᠡ ᠬᠡᠪ ᠢᠶᠠᠷ ᠨᠢ ᠳᠡᠯᠭᠡᠷᠡᠭᠦᠯᠬᠦ ᠶᠢ ᠴᠢᠩᠭᠠᠳᠬᠠᠵᠤ᠂ | ᠮᠠᠨ ᠤ ᠤᠯᠤᠰ ᠤᠨ ᠠᠵᠤ ᠠᠬᠤᠢ ᠶᠢᠨ ᠶᠡᠭᠡ ᠣᠷᠴᠢᠯ ᠢ ᠰᠢᠯᠤᠭᠤᠳᠬᠠᠬᠤ ᠬᠦᠴᠦᠷᠬᠡᠭ ᠶᠡᠭᠡ ᠬᠥᠳᠡᠯᠭᠡᠭᠦᠷ ᠪᠠ | ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠯᠳᠤᠭᠤᠯᠬᠤ ᠪᠠᠶᠢᠯᠳᠤᠬᠤ | ᠪᠣᠳᠣᠯᠭ᠎ᠠ ᠶᠢᠨ ᠬᠦᠢᠰᠦ ᠪᠤᠯᠬᠤ ᠪᠠᠷ ᠴᠢᠷᠮᠠᠶᠢᠬᠤ ᠬᠡᠷᠡᠭᠲᠡᠢ᠃ ᠱᠠᠩᠬᠠᠢ ᠶᠢᠨ ︽ ᠲᠠᠪᠤᠨ | ᠲᠥᠪ ︾ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠫᠦᠳᠦ᠋ᠩ ᠰᠢᠨ᠎ᠡ ᠲᠣᠭᠤᠷᠢᠭ ᠤᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠲᠦᠷᠭᠡᠳᠬᠡᠨ | ᠠᠬᠢᠭᠤᠯᠵᠤ᠂ ᠬᠤᠩ ᠴᠢᠶᠣᠤ ᠶᠢᠨ ᠤᠯᠠᠨ ᠤᠯᠤᠰ ᠤᠨ ᠨᠡᠭᠡᠭᠡᠯᠲᠡ ᠶᠢᠨ ᠬᠦᠢᠰᠦ ᠶᠢᠨ ᠲᠠᠶᠢᠴᠢᠯᠠᠨ ᠨᠥᠯᠥᠭᠡᠯᠡᠬᠦ | ᠴᠢᠳᠠᠪᠤᠷᠢ ᠶᠢᠨ ᠲᠡᠰ ᠢ ᠤᠯᠠᠮ ᠳᠡᠭᠡᠭᠰᠢᠯᠡᠭᠦᠯᠵᠦ᠂ ᠴᠢᠯᠦᠭᠡᠲᠦ ᠠᠷᠠᠯᠵᠢᠶᠠᠨ ᠤ | ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠵᠦ᠂ | ᠱᠠᠩᠬᠠᠢ ᠶᠢᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠭᠠᠷᠠᠮ ᠳᠠᠭᠠᠤ ᠰᠢᠨ᠎ᠡ ᠲᠣᠭᠤᠷᠢᠭ ᠤᠨ ᠨᠡᠩ | ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠬᠡᠷᠡᠭᠲᠡᠢ᠃ ᠬᠥᠬᠡᠮᠥ᠋ᠷᠡᠨ ᠤ ᠭᠤᠷᠪᠠᠯᠵᠢᠨ | ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠪᠣᠯᠣᠨ ︽ ᠨᠢᠭᠡ ᠪᠦᠰᠡ ᠨᠢᠭᠡ ᠵᠠᠮ ︾ ᠢ | ᠬᠠᠮᠲᠤ ᠪᠠᠷ ᠪᠦᠲᠦᠭᠡᠨ ᠪᠠᠶᠢᠭᠤᠯᠬᠤ ᠴᠢᠨᠠᠷ ᠰᠠᠶᠢᠲᠠᠢ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ | ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠳᠠᠪᠠᠭᠤᠯᠢᠭ ᠦᠢᠯᠡᠳᠪᠦᠷᠢᠯᠡᠯ ᠤᠨ ᠴᠢᠳᠠᠪᠤᠷᠢ᠂ ᠰᠢᠯᠢᠳᠡᠭ ᠲᠣᠨᠣᠭᠯᠠᠯ᠂ | ᠬᠡᠷᠡᠭᠯᠡᠭᠡᠨ ᠤ ᠮᠡᠷᠭᠡᠵᠢᠯ ᠪᠣᠯᠣᠨ ᠪᠠᠷᠢᠮᠵᠢᠶ᠎ᠠ ᠶᠢᠨ ︽ ᠭᠠᠷᠴᠤ ᠶᠠᠪᠤᠬᠤ ︾ ᠶᠢ | ᠠᠬᠢᠭᠤᠯᠬᠤ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠵᠣᠷᠢᠭᠵᠢᠭᠤᠯᠬᠤ᠂ | ᠳᠡᠮᠵᠢᠬᠦ᠂ ᠬᠥᠲᠥᠯᠥᠨ ᠵᠢᠯᠤᠭᠤᠳᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠦᠷᠦᠭᠦᠯᠡᠨ ᠨᠠᠶᠢᠳᠠᠪᠤᠷᠢᠵᠢᠭᠤᠯᠵᠤ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠢ ᠤᠯᠠᠮ ᠰᠢᠯᠢᠳᠡᠭᠵᠢᠭᠦᠯᠵᠦ᠂ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ᠂ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠠᠮᠢ ᠠᠬᠤᠢ ᠣᠷᠴᠢᠨ | ᠲᠣᠭᠤᠷᠢᠨ ᠢ ᠬᠠᠮᠲᠤ ᠪᠠᠷ ᠬᠠᠮᠠᠭᠠᠯᠠᠵᠤ ᠬᠤᠯᠪᠤᠭᠠᠯᠠᠨ ᠵᠠᠰᠠᠬᠤ ᠶᠢ ᠴᠢᠩᠭᠠᠳᠬᠠᠬᠤ ᠬᠡᠷᠡᠭᠲᠡᠢ᠃ | ᠭᠤᠷᠪᠠᠨ ᠮᠤᠵᠢ ᠨᠢᠭᠡ ᠬᠤᠳᠠ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠵᠠᠪᠰᠠᠷ | ᠦᠭᠡᠢ ᠵᠣᠯᠭᠠᠭᠤᠯᠬᠤ ᠶᠢ ᠴᠢᠩᠭᠠᠳᠬᠠᠵᠤ᠂ ᠴᠢᠬᠤᠯᠠ ᠠᠮᠢ ᠠᠬᠤᠢ ᠶᠢᠨ ᠬᠠᠯᠬᠠᠪᠴᠢ ᠪᠠ ᠠᠮᠢ ᠠᠬᠤᠢ ᠶᠢᠨ | ᠬᠤᠩᠭᠢᠯ ᠢ ᠬᠠᠮᠲᠤ ᠪᠠᠷ ᠬᠠᠮᠠᠭᠠᠯᠠᠬᠤ ᠶᠢ ᠠᠬᠢᠭᠤᠯᠵᠤ᠂ ᠠᠭᠠᠷ ᠮᠠᠨᠳᠠᠯ᠂ ᠤᠰᠤ᠂ ᠬᠥᠷᠥᠰᠥ | ᠰᠢᠷᠣᠢ ᠶᠢᠨ ᠪᠣᠬᠢᠷᠳᠤᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠬᠢᠯᠢ | ᠠᠯᠤᠰᠯᠠᠭᠰᠠᠨ ᠤᠰᠤᠨ ᠴᠣᠭᠴᠠ ᠶᠢ ᠬᠠᠮᠲᠤ ᠪᠠᠷ ᠬᠠᠮᠠᠭᠠᠯᠠᠵᠤ ᠬᠠᠮᠲᠤᠷᠠᠨ ᠵᠠᠰᠠᠬᠤ ᠶᠢ ᠭᠦᠨᠵᠡᠭᠡᠢ ᠥᠷᠨᠢᠭᠦᠯᠵᠦ᠂ | ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠣᠷᠣᠨ ᠪᠦᠰᠡ ᠶᠢᠨ | ᠲᠦᠷᠦ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠣᠷᠣᠨ ᠪᠦᠰᠡ ᠶᠢᠨ ᠪᠣᠬᠢᠷᠳᠤᠯ | ᠦᠭᠡᠢ ᠦᠢᠯᠡᠳᠬᠦ ᠰᠢᠰᠲ᠋ᠧᠮ ᠢ ᠪᠠᠶᠢᠭᠤᠯᠬᠤ ᠬᠡᠷᠡᠭᠲᠡᠢ᠃ ᠠᠷᠢᠭᠤᠨ ᠴᠡᠪᠡᠷ ᠦᠢᠯᠡᠳᠪᠦᠷᠢᠯᠡᠯ ᠢ ᠪᠦᠭᠦ ᠲᠠᠯ᠎ᠠ ᠪᠠᠷ | ᠠᠬᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠪᠣᠯᠣᠨ ᠭᠤᠣᠯᠳᠠᠯᠭ᠎ᠠ ᠲᠠᠢ ᠠᠵᠢᠯ ᠲᠦᠷᠦᠯ ᠤᠨ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ | ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ | ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠪᠣᠬᠢᠷᠳᠤᠯ ᠦᠭᠡᠢ ᠠᠵᠤ ᠦᠢᠯᠡᠰ ᠤᠨ ᠰᠢᠰᠲ᠋ᠧᠮ ᠢ | ᠪᠠᠶᠢᠭᠤᠯᠤᠨ ᠪᠦᠷᠢᠨᠰᠢᠭᠦᠯᠵᠦ᠂ ᠦᠷᠭᠦᠯᠵᠢᠯᠡᠬᠦ ᠦᠢᠯᠡᠳᠪᠦᠷᠢᠯᠡᠯ ᠠᠮᠢᠳᠤᠷᠠᠯ ᠤᠨ ᠠᠷᠭ᠎ᠠ | ᠭᠡᠯᠪᠡᠷᠢ ᠶᠢ ᠲᠦᠷᠭᠡᠳᠬᠡᠨ ᠪᠦᠷᠢᠯᠳᠦᠭᠦᠯᠬᠦ ᠬᠡᠷᠡᠭᠲᠡᠢ᠃ ᠣᠷᠣᠨ ᠪᠦᠰᠡ ᠠᠯᠤᠰᠯᠠᠨ ᠪᠣᠬᠢᠷᠳᠤᠯ ᠢ | ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠳᠦᠷᠢᠮ ᠢ ᠪᠠᠶᠢᠭᠤᠯᠵᠤ᠂ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ | ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠯᠠᠪᠳᠠᠭᠤᠨ | ᠠᠬᠢᠭᠤᠯᠬᠤ ᠬᠡᠷᠡᠭᠲᠡᠢ᠃ ᠰᠢᠨ᠎ᠡ ᠮᠠᠶ᠋ᠢᠭ ᠤᠨ ᠡᠨᠧᠷᠭᠢ ᠶᠢᠨ ᠰᠢᠰᠲ᠋ᠧᠮ ᠢ ᠲᠥᠯᠥᠪᠵᠢᠭᠦᠯᠦᠨ ᠪᠠᠶᠢᠭᠤᠯᠵᠤ᠂ | ᠮᠤᠵᠢ ᠬᠤᠳᠠ ᠶᠢᠨ ᠬᠤᠭᠤᠷᠣᠨᠳᠣᠭᠢ ᠴᠠᠭᠢᠯᠭᠠᠨ ᠬᠦᠴᠦᠨ ᠤ ᠬᠠᠷᠢᠯᠴᠠᠨ ᠲᠤᠰᠠᠯᠠᠯᠴᠠᠬᠤ ᠶᠢ ᠵᠣᠬᠢᠴᠠᠭᠤᠯᠤᠨ ᠠᠬᠢᠭᠤᠯᠬᠤ ᠬᠡᠷᠡᠭᠲᠡᠢ᠃ | ᠬᠥᠬᠡᠮᠥ᠋ᠷᠡᠨ ᠤ ︽ ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ ︾ ᠶᠢ ᠦᠷᠭᠦᠯᠵᠢᠯᠡᠨ ᠠᠬᠢᠭᠤᠯᠵᠤ᠂ | ᠬᠤᠯᠪᠤᠭᠠᠯᠠᠨ ᠬᠠᠤᠯᠢ ᠬᠡᠷᠡᠭᠵᠢᠭᠦᠯᠬᠦ ᠶᠢ ᠴᠢᠩᠭᠠᠳᠬᠠᠬᠤ ᠬᠡᠷᠡᠭᠲᠡᠢ᠃ ᠠᠮᠢ ᠠᠬᠤᠢ ᠶᠢᠨ | ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ ᠪᠦᠷᠢᠨᠰᠢᠭᠦᠯᠵᠦ᠂ ᠠᠮᠢ ᠠᠬᠤᠢ ᠶᠢᠨ | ᠳᠠᠪᠠᠭᠤᠯᠢᠭ ᠢ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠠᠷᠭ᠎ᠠ ᠵᠠᠮ ᠢ | ᠥᠷᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | | | | | |