ᠰᠢᠨᠬᠤᠸᠠ ᠬᠤᠷᠢᠶ᠎ᠠ ᠶᠢᠨ ᠱᠠᠩᠬᠠᠢ \ ᠵᠢᠶᠠᠩᠰᠤ ᠶᠢᠨ ᠶᠠᠨᠴᠧᠩ ᠤᠨ 12 ᠰᠠᠷ᠎ᠠ ᠶᠢᠨ 3 ᠤ ᠴᠠᠭᠢᠯᠭᠠᠨ ᠮᠡᠳᠡᠭᠡ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠱᠠᠩᠬᠠᠢ ᠳᠤ ᠰᠢᠨᠵᠢᠯᠡᠨ | ᠪᠠᠶᠢᠴᠠᠭᠠᠬᠤ ᠳᠠᠭᠠᠨ ᠂ ᠱᠠᠩᠬᠠᠢ ᠶᠢᠨ ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ | ᠤᠨᠤᠪᠴᠢᠳᠠᠢ ᠂ ᠪᠦᠭᠦ ᠲᠠᠯ᠎ᠠ ᠪᠠᠷ ᠲᠤᠭᠤᠰᠢᠯᠠᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢᠨ ᠲᠣᠭᠤᠷᠢᠨ ᠳᠤ᠂ ᠤᠯᠠᠨ ᠤᠯᠤᠰ ᠤᠨ ᠠᠵᠤ ᠠᠬᠤᠢ ᠶᠢᠨ | ᠲᠥᠪ ᠂ ᠮᠥᠩᠭᠦᠨ ᠭᠦᠢᠯᠭᠡᠭᠡᠨ ᠤ ᠲᠥᠪ ᠂ ᠠᠷᠠᠯᠵᠢᠶᠠᠨ ᠤ ᠲᠥᠪ ᠂ ᠠᠭᠠᠷ ᠤᠨ ᠲᠡᠭᠡᠭᠡᠪᠦᠷᠢ ᠶᠢᠨ ᠲᠥᠪ ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠦᠲᠦᠭᠡᠨ ᠪᠠᠶᠢᠭᠤᠯᠬᠤ ᠴᠢᠬᠤᠯᠠ ᠡᠭᠦᠷᠭᠡ ᠳᠤ | ᠠᠩᠬᠠᠷᠤᠯ ᠢᠶᠠᠨ ᠲᠥᠪᠯᠡᠷᠡᠭᠦᠯᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠᠷ ᠵᠢᠯᠣᠭᠤᠳᠤᠮᠵᠢ ᠪᠤᠯᠭᠠᠵᠤ ᠂ ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠬᠦ ᠬᠦᠴᠦᠨ | ᠪᠤᠯᠭᠠᠵᠤ ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠᠷ ᠤᠳᠤᠷᠢᠳᠤᠮᠵᠢ ᠪᠤᠯᠭᠠᠵᠤ ᠂ ᠬᠤᠳᠠ ᠶᠢᠨ | ᠵᠠᠰᠠᠯᠲᠠ ᠶᠢᠨ ᠣᠳᠣᠬᠢᠴᠢᠯᠠᠯᠲᠠ ᠪᠠᠷ ᠪᠠᠲᠤᠯᠠᠭ᠎ᠠ ᠪᠤᠯᠭᠠᠵᠤ ᠂ ᠵᠣᠷᠢᠭᠲᠠᠢ ᠪᠠᠷ ᠵᠠᠮ ᠨᠡᠭᠡᠭᠡᠨ | ᠢᠳᠡᠪᠬᠢᠲᠡᠢ ᠪᠠᠷ ᠵᠢᠳᠬᠦᠯ ᠴᠢᠷᠮᠠᠶᠢᠯᠭ᠎ᠠ ᠭᠠᠷᠭᠠᠵᠤ ᠂ ᠳᠡᠯᠡᠬᠡᠢ ᠶᠢᠨ ᠨᠥᠯᠥᠭᠡᠯᠡᠬᠦ ᠬᠦᠴᠦᠨ | ᠪᠦᠬᠦᠢ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠠᠨ ᠤᠯᠤᠰ ᠤᠨ ᠲᠣᠮᠣ ᠬᠤᠳᠠ ᠶᠢ ᠲᠦᠷᠭᠡᠳᠬᠡᠨ ᠪᠠᠶᠢᠭᠤᠯᠵᠤ ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤᠮᠳᠠ ᠳᠠᠭᠠᠭᠤᠯᠤᠨ ᠳᠠᠶᠢᠴᠢᠯᠠᠬᠤ ᠪᠠ | ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | | 11 ᠰᠠᠷ᠎ᠠ ᠶᠢᠨ 28 ᠠᠴᠠ 12 ᠰᠠᠷ᠎ᠠ ᠶᠢᠨ 2 ᠤᠨ ᠡᠳᠦᠷ ᠪᠤᠯᠲᠠᠯ᠎ᠠ ᠂ ᠰᠢ ᠶᠢᠨ ᠫᠢᠩ ᠨᠠᠮ ᠤᠨ ᠲᠥᠪ | ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠭᠡᠰᠢᠭᠦᠨ ᠂ ᠱᠠᠩᠬᠠᠢ ᠬᠤᠲᠠ ᠶᠢᠨ ᠨᠠᠮ ᠤᠨ | ᠬᠤᠷᠢᠶ᠎ᠠ ᠶᠢᠨ ᠱᠦᠵᠢ ᠴᠧᠨ ᠵᠢᠢ ᠨᠢᠩ ᠪᠣᠯᠣᠨ ᠬᠤᠲᠠ ᠶᠢᠨ ᠳᠠᠷᠤᠭ᠎ᠠ ᠭᠦᠩ ᠵᠧᠩ ᠤᠨ ᠪᠠᠷ᠎ᠠ | ᠪᠤᠯᠣᠯᠭ᠎ᠠ ᠲᠠᠢ ᠪᠠᠷ ᠤᠷᠢᠳ ᠬᠤᠵᠢᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠂ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠲᠣᠭᠤᠷᠢᠭ ᠂ | ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠵᠡᠷᠭᠡ ᠶᠢ | ᠪᠠᠶᠢᠴᠠᠭᠠᠨ ᠰᠤᠳᠤᠯᠪᠠ ᠃ | 28 ᠤ ᠦᠳᠡ ᠶᠢᠨ ᠬᠤᠶᠢᠨ᠎ᠠ ᠂ ᠰᠢ ᠶᠢᠨ ᠫᠢᠩ ᠭᠠᠯᠲᠤ ᠲᠡᠷᠭᠡᠨ ᠠᠴᠠ ᠪᠠᠭᠤᠮᠠᠭᠴᠠ ᠱᠠᠩᠬᠠᠢ ᠶᠢᠨ ᠬᠤᠭᠤᠴᠠᠭᠠᠲᠤ | ᠪᠠᠷᠠᠭᠠᠨ ᠤ ᠠᠷᠠᠯᠵᠢᠶᠠᠨ ᠤ ᠭᠠᠵᠠᠷ ᠲᠤ ᠬᠦᠷᠴᠦ ᠰᠢᠨᠵᠢᠯᠡᠨ ᠪᠠᠶᠢᠴᠠᠭᠠᠪᠠ ᠃ | ᠲᠡᠷᠡ ᠡᠯᠧᠺᠲᠷᠣᠨ ᠳᠡᠯᠭᠡᠴᠡ ᠪᠠ ᠵᠠᠬ᠎ᠠ ᠳᠡᠯᠭᠡᠭᠦᠷ ᠲᠤ ᠭᠠᠷᠭᠠᠭᠰᠠᠨ ᠴᠢᠬᠤᠯᠠ ᠲᠥᠷᠥᠯ ᠵᠦᠢᠯ ᠤᠨ ᠰᠢᠯᠵᠢᠭᠦᠯᠦᠨ | ᠲᠤᠰᠢᠶᠠᠬᠤ ᠡᠳ᠋ ᠤᠨ ᠦᠵᠡᠭᠦᠯᠭᠡ ᠲᠠᠢ ᠤᠶᠠᠯᠳᠤᠭᠤᠯᠤᠨ ᠂ ᠠᠷᠠᠯᠵᠢᠶᠠᠨ ᠤ ᠭᠠᠵᠠᠷ ᠤᠨ ᠪᠦᠭᠦ ᠪᠥᠮᠪᠥᠷᠴᠡᠭ ᠤᠨ | ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠴᠢᠳᠠᠪᠤᠷᠢ ᠶᠢ ᠴᠢᠩᠭᠠᠳᠬᠠᠭᠰᠠᠨ ᠂ ᠪᠣᠳᠠᠲᠤ ᠴᠣᠭᠴᠠ ᠶᠢᠨ ᠠᠵᠤ ᠠᠬᠤᠢ ᠪᠠ | ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠭᠰᠡᠨ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ ᠂ | ᠠᠷᠠᠯᠵᠢᠶᠠᠨ ᠤ ᠭᠠᠵᠠᠷ ᠤᠨ ᠡᠳᠦᠷ ᠲᠤᠲᠤᠮ ᠤᠨ ᠪᠡᠯᠡ ᠮᠥᠩᠭᠦ ᠶᠢᠨ ᠬᠠᠮᠢᠶᠠᠷᠤᠯᠲᠠ ᠪᠠ ᠰᠢᠯᠵᠢᠭᠦᠯᠦᠨ | ᠲᠤᠰᠢᠶᠠᠵᠤ ᠲᠡᠰᠦᠯᠦᠨ ᠪᠤᠳᠤᠬᠤ ᠵᠡᠷᠭᠡ ᠵᠦᠢᠯᠡᠰ ᠢ ᠣᠶᠢᠯᠠᠭᠠᠪᠠ ᠃ ᠰᠢ ᠶᠢᠨ ᠫᠢᠩ᠂ ᠱᠠᠩᠬᠠᠢ ᠶᠢᠨ ᠤᠯᠠᠨ ᠤᠯᠤᠰ ᠤᠨ | ᠮᠥᠩᠭᠦᠨ ᠭᠦᠢᠯᠭᠡᠭᠡᠨ ᠤ ᠲᠥᠪ ᠢ ᠪᠦᠲᠦᠭᠡᠨ ᠪᠠᠶᠢᠭᠤᠯᠬᠤ ᠬᠠᠷᠠᠯᠲᠠ ᠵᠥᠪ ᠣᠨᠣᠪᠴᠢᠲᠠᠢ ᠂ ᠠᠯᠬᠤᠭ᠎ᠠ ᠯᠠᠪᠳᠠᠭᠤᠨ ᠂ | ᠠᠯᠤᠰ ᠢᠷᠡᠭᠡᠳᠦᠢ ᠭᠡᠭᠡᠨ ᠰᠠᠷᠠᠭᠤᠯ ᠪᠠᠶᠢᠨ᠎ᠠ ᠂ ᠱᠠᠩᠬᠠᠢ ᠶᠢᠨ ᠬᠤᠭᠤᠴᠠᠭᠠᠲᠤ ᠪᠠᠷᠠᠭᠠᠨ ᠤ ᠠᠷᠠᠯᠵᠢᠶᠠᠨ ᠤ ᠭᠠᠵᠠᠷ ᠤᠨ ᠬᠢᠨ | ᠳᠡᠯᠡᠬᠡᠢ ᠶᠢᠨ ᠲᠡᠷᠢᠭᠦᠨ ᠵᠡᠷᠭᠡ ᠶᠢᠨ ᠠᠷᠠᠯᠵᠢᠶᠠᠨ ᠤ ᠭᠠᠵᠠᠷ ᠢ ᠲᠦᠷᠭᠡᠳᠬᠡᠨ ᠪᠦᠲᠦᠭᠡᠨ ᠪᠠᠶᠢᠭᠤᠯᠵᠤ ᠂ ᠳᠤᠮᠳᠠᠳᠤ ᠤᠯᠤᠰ ᠤᠨ | ᠣᠨᠴᠠᠯᠢᠭ ᠲᠠᠢ ᠬᠤᠭᠤᠴᠠᠭᠠᠲᠤ ᠪᠠᠷᠠᠭᠠᠨ ᠤ ᠬᠢᠨᠠᠯᠲᠠ ᠬᠠᠮᠢᠶᠠᠷᠤᠯᠲᠠ ᠶᠢᠨ ᠳᠦᠷᠢᠮ ᠪᠣᠯᠣᠨ | ᠲᠤᠬᠠᠶᠢᠯᠠᠭᠰᠠᠨ ᠠᠵᠢᠯ ᠤᠨ ᠵᠠᠭᠪᠤᠷ ᠢ ᠬᠠᠶᠢᠨ ᠰᠦᠪᠡᠭᠴᠢᠯᠡᠵᠦ ᠂ ᠤᠯᠠᠨ ᠤᠯᠤᠰ ᠤᠨ ᠮᠥᠩᠭᠦᠨ | ᠭᠦᠢᠯᠭᠡᠭᠡᠨ ᠤ ᠲᠥᠪ ᠢ ᠪᠦᠲᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ | ᠭᠡᠵᠦ ᠴᠢᠬᠤᠯᠠᠴᠢᠯᠠᠪᠠ ᠃ | ᠰᠢ ᠶᠢᠨ ᠫᠢᠩ ᠳᠠᠷᠠᠭ᠎ᠠ ᠨᠢ ᠮᠠᠰᠢᠨ ᠲᠡᠷᠭᠡᠨ ᠳᠤ ᠰᠠᠭᠤᠵᠤ ᠫᠦᠳᠦᠩ ᠰᠢᠨ᠎ᠡ ᠲᠣᠭᠤᠷᠢᠭ ᠤᠨ ᠵᠠᠩ ᠵᠢᠶᠠᠩ ᠰᠢᠨᠵᠢᠯᠡᠬᠦ | ᠤᠬᠠᠭᠠᠨ ᠤ ᠬᠤᠳᠠ ᠳᠤ ᠬᠦᠷᠴᠦ ᠂ ᠱᠠᠩᠬᠠᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠦᠭᠰᠡᠨ ᠦᠷ᠎ᠡ ᠪᠦᠲᠦᠭᠡᠯ ᠤᠨ ᠦᠵᠡᠭᠦᠯᠭᠡ ᠶᠢ ᠲᠣᠭᠤᠷᠢᠨ ᠦᠵᠡᠪᠡ ᠃ ᠲᠡᠷᠡ ᠸᠢᠳᠢᠤ᠋ ᠣᠬᠤᠷ | ᠹᠢᠯᠢᠮ ᠲᠠᠢ ᠤᠶᠠᠯᠳᠤᠭᠤᠯᠤᠨ ᠱᠠᠩᠬᠠᠢ ᠬᠤᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠦᠬᠦᠯᠢ ᠴᠣᠭᠴᠠ ᠶᠢᠨ ᠪᠠᠶᠢᠳᠠᠯ ᠢ ᠣᠶᠢᠯᠠᠭᠠᠵᠤ ᠂ ᠦᠵᠡᠭᠦᠯᠭᠡ ᠶᠢᠨ ᠲᠢᠩᠬᠢᠮ ᠳᠤ | ᠬᠦᠷᠴᠦ ᠰᠠᠭᠤᠷᠢ ᠰᠤᠳᠤᠯᠭᠠᠨ ᠂ ᠵᠣᠬᠢᠶᠠᠮᠠᠯ ᠤᠶᠤᠨ ᠴᠢᠳᠠᠪᠤᠷᠢ ᠂ ᠠᠮᠢᠳᠤ ᠪᠣᠳᠠᠰ ᠤᠨ ᠡᠮ ᠡᠮᠨᠡᠯᠭᠡ ᠵᠡᠷᠭᠡ | ᠬᠦᠷᠢᠶᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ | ᠦᠵᠡᠭᠦᠯᠭᠡ ᠶᠢ ᠨᠠᠷᠢᠨ ᠪᠠᠶᠢᠴᠠᠭᠠᠨ ᠦᠵᠡᠬᠦ ᠶᠢᠨ ᠬᠠᠮᠲᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠢᠯᠲᠠᠳ ᠤᠨ ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠪᠠ ᠃ ᠰᠢ ᠶᠢᠨ ᠫᠢᠩ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠰᠤᠷᠭᠠᠨ | ᠬᠥᠮᠦᠵᠢᠯ ᠂ ᠴᠢᠳᠠᠪᠤᠷᠢᠲᠠᠨ ᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ ᠶᠤᠮ ᠂ | ᠱᠠᠩᠬᠠᠢ ᠶᠢᠨ ᠬᠢᠨ ᠡᠨᠡ ᠲᠠᠯ᠎ᠠ ᠪᠠᠷ ᠰᠠᠶᠢᠨ ᠳᠠᠭᠠᠭᠤᠯᠤᠭᠴᠢ ᠪᠣᠯᠵᠤ ᠂ ᠪᠦᠭᠦ ᠪᠥᠮᠪᠥᠷᠴᠡᠭ ᠲᠤ ᠨᠥᠯᠥᠭᠡᠯᠡᠬᠦ ᠬᠦᠴᠦᠨ ᠪᠦᠬᠦᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠤᠯᠬᠤ ᠲᠡᠶᠢᠰᠢ ᠲᠦᠷᠭᠡᠨ ᠤᠷᠤᠭᠰᠢᠯᠠᠬᠤ ᠬᠡᠷᠡᠭᠲᠡᠢ ᠃ | ᠬᠡᠬᠦᠳᠡᠭ ᠴᠡᠭᠡᠵᠢᠨ ᠳᠡᠭᠡᠨ ᠡᠭᠦᠷᠭᠡᠲᠦ ᠪᠤᠳᠤᠯ ᠡᠪᠦᠷᠯᠡᠭᠰᠡᠨ ᠦᠯᠡᠮᠵᠢ ᠤᠯᠠᠨ ᠬᠤᠰᠢᠭᠤᠴᠢ ᠴᠢᠳᠠᠪᠤᠷᠢᠲᠠᠨ ᠢ | ᠬᠦᠴᠦᠯᠡᠨ ᠬᠥᠮᠥᠵᠢᠭᠦᠯᠵᠦ ᠂ ᠲᠡᠳᠡᠨ ᠤ ᠤᠶᠤᠨ ᠤᠬᠠᠭᠠᠨ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠳᠤ ᠰᠠᠶᠢᠨ | ᠰᠠᠶᠢᠬᠠᠨ ᠨᠥᠬᠦᠴᠡᠯ ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃ | ᠣᠶᠢᠷ᠎ᠠ ᠶᠢᠨ ᠵᠢᠯ ᠳᠤ ᠂ ᠱᠠᠩᠬᠠᠢ ᠬᠤᠲᠠ ᠶᠢᠨ ᠬᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ | ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠵᠦ ᠂ ᠮᠠᠰᠢ ᠤᠯᠠᠨ ᠱᠠᠩᠬᠠᠢ ᠶᠢᠨ ᠰᠢᠨ᠎ᠡ ᠬᠤᠲᠠ ᠶᠢᠨ ᠠᠷᠠᠳ ᠂ | ᠵᠠᠯᠠᠭᠤᠴᠤᠳ ᠪᠣᠯᠣᠨ ᠨᠢᠭᠡᠳᠦᠭᠡᠷ ᠹᠷᠣᠨᠲ ᠲᠤ ᠬᠦᠴᠦ ᠶᠠᠪᠤᠭᠴᠢ ᠳᠤ ᠣᠷᠣᠨ ᠰᠠᠭᠤᠴᠠ ᠶᠢᠨ ᠪᠠᠲᠤᠯᠠᠭ᠎ᠠ | ᠬᠠᠩᠭᠠᠵᠠᠢ ᠃ 29 ᠤ ᠦᠳᠡ ᠶᠢᠨ ᠬᠤᠶᠢᠨ᠎ᠠ ᠂ ᠰᠢ ᠶᠢᠨ ᠫᠢᠩ ᠮᠢᠨ ᠬᠠᠩ ᠲᠣᠭᠤᠷᠢᠭ ᠤᠨ ᠰᠢᠨ᠎ᠡ | ᠴᠠᠭ ᠦᠶ᠎ᠡ ᠶᠢᠨ ᠬᠤᠲᠠ ᠶᠢᠨ ᠪᠦᠲᠦᠭᠡᠨ ᠪᠠᠶᠢᠭᠤᠯᠤᠭᠴᠢ ᠬᠠᠮᠢᠶᠠᠷᠤᠭᠴᠢ ᠶᠢᠨ ᠭᠡᠷ ᠣᠷᠣᠨ ᠳᠤ ᠬᠦᠷᠴᠦ ᠰᠢᠨᠵᠢᠯᠡᠨ | ᠪᠠᠶᠢᠴᠠᠭᠠᠪᠠ ᠃ ᠲᠤᠬᠠᠢ ᠶᠢᠨ ᠭᠠᠵᠠᠷ ᠤᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ | ᠰᠠᠭᠤᠴᠠ ᠶᠢ ᠪᠡᠯᠡᠳᠬᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ ᠂ ︽ ᠨᠢᠭᠡ ᠣᠷᠣ ᠂ ᠨᠢᠭᠡ | ᠲᠠᠰᠤᠯᠭ᠎ᠠ ᠭᠡᠷ ᠂ ᠨᠢᠭᠡ ᠢᠵᠢ ᠭᠡᠷ ︾ ᠵᠡᠷᠭᠡ ᠣᠯᠠᠨ ᠲᠠᠰ ᠳᠠᠪᠬᠤᠷᠭ᠎ᠠ ᠶᠢᠨ ᠲᠦᠷᠢᠶᠡᠰᠦᠨ ᠣᠷᠣᠨ | ᠰᠠᠭᠤᠴᠠ ᠶᠢᠨ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠤᠭᠰᠠᠨ ᠪᠠᠶᠢᠳᠠᠯ ᠤᠨ ᠲᠠᠨᠢᠯᠴᠠᠭᠤᠯᠭ᠎ᠠ ᠶᠢ | ᠰᠣᠨᠣᠰᠤᠭᠠᠳ ᠰᠢ ᠶᠢᠨ ᠫᠢᠩ ᠭᠦᠢᠴᠡᠳ ᠨᠤᠲᠠᠯᠠᠪᠠ ᠃ ᠲᠡᠷᠡ ᠤᠷᠢᠳ ᠬᠤᠵᠢᠳ ᠨᠡᠶᠢᠭᠡᠮ ᠲᠣᠭᠤᠷᠢᠭ ᠤᠨ | ᠣᠷᠣᠨ ᠰᠠᠭᠤᠴᠠ ᠶᠢᠨ ᠭᠡᠯᠪᠡᠷᠢ ᠶᠢᠨ ᠂ ᠪᠠᠶᠢᠷᠢ ᠶᠢᠨ ᠭᠡᠯᠪᠡᠷᠢ ᠶᠢᠨ ᠲᠦᠷᠢᠶᠡᠰᠦᠨ ᠭᠡᠷ ᠤᠨ ᠢᠷᠡᠯᠲᠡ ᠶᠢᠨ ᠲᠦᠷᠢᠶᠡᠰᠦᠨ | ᠡᠷᠦᠭᠡ ᠶᠢᠨ ᠣᠷᠣᠨ ᠰᠠᠭᠤᠴᠠ ᠪᠣᠯᠣᠨ ᠤᠯᠠᠨ ᠨᠡᠶᠢᠲᠡ ᠶᠢᠨ ᠲᠣᠭᠤᠭᠠᠨ ᠭᠡᠷ ᠂ ᠤᠯᠠᠨ ᠨᠡᠶᠢᠲᠡ ᠶᠢᠨ | ᠬᠤᠪᠴᠠᠰᠤ ᠤᠬᠢᠶᠠᠬᠤ ᠭᠡᠷ ᠵᠡᠷᠭᠡ ᠬᠠᠮᠲᠤ ᠪᠠᠷ ᠡᠳ᠋ᠯᠡᠬᠦ ᠣᠷᠣᠨ ᠵᠠᠢ ᠳᠤ ᠬᠦᠷᠴᠦ ᠂ ᠠᠳᠡ ᠰᠠᠭᠤᠵᠤ ᠪᠠᠶᠢᠭ᠎ᠠ | ᠬᠤᠳᠠ ᠶᠢᠨ ᠨᠢᠭᠡᠳᠦᠭᠡᠷ ᠹᠷᠣᠨᠲ ᠤᠨ ᠠᠵᠢᠯᠲᠠᠨ ᠤ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠪᠠ ᠃ | ᠶᠡᠷᠦᠩᠬᠡᠢ ᠱᠦᠵᠢ ᠶᠢᠨ ᠴᠢᠩ ᠰᠡᠳᠬᠢᠯ ᠤᠨ ᠬᠠᠯᠠᠮᠵᠢᠯᠠᠯ ᠨᠢ ᠲᠤᠬᠠᠢ ᠶᠢᠨ ᠲᠠᠯᠠᠪᠠᠢ ᠳᠤ ᠪᠠᠶᠢᠭᠰᠠᠨ | ᠬᠥᠮᠥᠰ ᠤᠨ ᠰᠡᠳᠬᠢᠯ ᠢ ᠳᠣᠭᠳᠣᠯᠤᠭᠤᠯᠪᠠ ᠃ ᠠᠶᠠᠷᠯᠠᠬᠤ ᠦᠶ᠎ᠡ ᠳᠤ ᠂ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠬᠤᠶᠢᠨ᠎ᠠ ᠬᠤᠶᠢᠨ᠎ᠠ ᠠᠴᠠ ᠪᠠᠨ ᠬᠦᠷᠢᠶᠡᠯᠡᠨ ᠢᠷᠡᠵᠦ ᠶᠡᠷᠦᠩᠬᠡᠢ ᠱᠦᠵᠢ ᠶᠢ ᠦᠳᠡᠨ ᠮᠣᠷᠳᠠᠭᠤᠯᠵᠠᠢ ᠃ | ᠰᠢ ᠶᠢᠨ ᠫᠢᠩ ᠂ ᠳᠥᠷᠪᠡᠨ ᠵᠦᠭ ᠨᠠᠢᠮᠠᠨ ᠵᠣᠪᠬᠢᠰ ᠠᠴᠠ ᠢᠷᠡᠭᠰᠡᠨ ᠪᠦᠲᠦᠭᠡᠨ ᠪᠠᠶᠢᠭᠤᠯᠤᠭᠴᠢᠳ ᠠᠳᠡ ᠠᠮᠤᠷ ᠵᠢᠮᠤᠷ | ᠠᠵᠤ ᠲᠥᠷᠥᠵᠦ ᠪᠠᠶᠢᠬᠤ ᠶᠢ ᠬᠠᠷᠠᠭᠠᠳ ᠮᠠᠰᠢ ᠪᠠᠶᠠᠷᠯᠠᠵᠤ ᠪᠠᠶᠢᠨ᠎ᠠ ᠃ ᠬᠤᠳᠠ ᠨᠢ ᠥᠨᠳᠥᠷᠴᠡ ᠲᠠᠢ ᠪᠠᠶᠢᠬᠤ ᠪᠥᠭᠡᠳ ᠨᠡᠩ ᠴᠤ | ᠳᠤᠯᠠᠭᠠᠴᠠ ᠲᠠᠢ ᠪᠠᠶᠢᠬᠤ ᠬᠡᠷᠡᠭᠲᠡᠢ ᠃ ᠮᠠᠨ ᠤ ᠨᠡᠶᠢᠭᠡᠮ ᠵᠢᠷᠤᠮ ᠪᠣᠯ ᠬᠠᠮᠲᠤ ᠪᠠᠷ ᠪᠠᠶᠠᠵᠢᠬᠤ ᠵᠡᠮ ᠢᠶᠠᠷ ᠵᠠᠮᠨᠠᠨ᠎ᠠ ᠃ | ᠭᠠᠳᠠᠨ᠎ᠠ ᠠᠴᠠ ᠢᠷᠡᠵᠦ ᠬᠦᠴᠦ ᠶᠠᠪᠤᠭᠰᠠᠳ ᠱᠠᠩᠬᠠᠢ ᠳᠤ ᠢᠷᠡᠵᠦ ᠬᠤᠪᠢ ᠨᠡᠮᠡᠷᠢ ᠦᠵᠡᠭᠦᠯᠵᠦ | ᠪᠠᠶᠢᠭ᠎ᠠ ᠨᠢ ᠮᠥᠨ ᠴᠦ ᠠᠳᠠᠯᠢᠬᠠᠨ ᠢᠶᠠᠷ ᠬᠤᠲᠠ ᠶᠢᠨ ᠡᠵᠡᠨ ᠮᠥᠨ ᠃ ᠠᠷᠠᠳ ᠤᠨ ᠬᠤᠳᠠ ᠶᠢᠨ | ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ ᠂ ᠠᠷᠠᠳ ᠤᠯᠠᠨ ᠤ ᠣᠷᠣᠨ ᠰᠠᠭᠤᠴᠠ ᠶᠢᠨ | ᠲᠠᠯ᠎ᠠ ᠪᠠᠷ ᠬᠢ ᠤᠯᠠᠨ ᠶᠠᠩᠵᠤᠴᠢᠯᠠᠭᠰᠠᠨ ᠂ ᠤᠯᠠᠨ ᠡᠰᠢᠴᠢᠯᠡᠭᠰᠡᠨ ᠬᠡᠷᠡᠭᠴᠡᠭᠡ ᠶᠢ ᠲᠠᠰᠤᠷᠠᠯᠳᠠ | ᠦᠭᠡᠢ ᠬᠠᠩᠭᠠᠵᠤ ᠂ ᠭᠠᠳᠠᠨ᠎ᠠ ᠠᠴᠠ ᠢᠷᠡᠭᠰᠡᠨ ᠬᠥᠮᠥᠨ ᠠᠮᠠ ᠶᠢᠨ ᠣᠷᠣᠵᠤ ᠢᠷᠡᠬᠦ ᠂ ᠦᠯᠡᠳᠡᠵᠦ ᠳᠡᠶᠢᠯᠭᠦ ᠂ ᠠᠮᠤᠷ | ᠲᠠᠶᠢᠪᠤᠩ ᠰᠠᠭᠤᠷᠢᠰᠢᠬᠤ ᠂ ᠦᠢᠯᠡᠰ ᠪᠣᠰᠬᠠᠵᠤ ᠳᠡᠶᠢᠯᠭᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠬᠡᠯᠡᠪᠡ ᠃ | 12 ᠰᠠᠷ᠎ᠠ ᠶᠢᠨ 1 ᠤ ᠦᠳᠡ ᠶᠢᠨ ᠡᠮᠦᠨ᠎ᠡ ᠂ ᠰᠢ ᠶᠢᠨ ᠫᠢᠩ ᠱᠠᠩᠬᠠᠢ ᠬᠤᠳᠠ ᠶᠢᠨ ᠨᠠᠮ ᠤᠨ ᠬᠤᠷᠢᠶ᠎ᠠ ᠪᠣᠯᠣᠨ | ᠬᠤᠳᠠ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠱᠠᠩᠬᠠᠢ ᠶᠢᠨ ᠡᠯ᠎ᠡ | ᠵᠦᠢᠯ ᠤᠨ ᠠᠵᠢᠯ ᠤᠨ ᠣᠯᠣᠭᠰᠠᠨ ᠠᠮᠵᠢᠯᠲᠠ ᠶᠢ ᠨᠤᠲᠠᠯᠠᠪᠠ ᠃ | ᠰᠢ ᠶᠢᠨ ᠫᠢᠩ ᠂ ︽ ᠲᠠᠪᠤᠨ ᠲᠥᠪ ︾ ᠢ ᠲᠦᠷᠭᠡᠳᠬᠡᠨ ᠪᠦᠲᠦᠭᠡᠨ ᠪᠠᠶᠢᠭᠤᠯᠬᠤ ᠪᠣᠯ ᠨᠠᠮ ᠤᠨ ᠲᠥᠪ | ᠬᠤᠷᠢᠶ᠎ᠠ ᠠᠴᠠ ᠱᠠᠩᠬᠠᠢ ᠳᠤ ᠳᠠᠭᠠᠭᠠᠯᠭᠠᠭᠰᠠᠨ ᠴᠢᠬᠤᠯᠠ ᠡᠭᠦᠷᠭᠡ ᠪᠣᠯᠣᠨ᠎ᠠ ᠃ ᠱᠠᠩᠬᠠᠢ ᠶᠢᠨ ᠬᠢᠨ | ᠡᠭᠦᠨ ᠢᠶᠠᠷ ᠭᠤᠣᠯ ᠰᠢᠪᠲᠤᠯᠤᠯᠲᠠ ᠶᠢᠨ ᠴᠢᠭᠯᠡᠯ ᠪᠤᠯᠭᠠᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠡᠯ᠎ᠡ ᠲᠠᠯ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠲᠠᠶᠢᠴᠢᠯᠠᠵᠤ ᠂ ᠪᠦᠬᠦᠯᠢ ᠴᠣᠭᠴᠠ ᠪᠠᠷ ᠲᠥᠯᠥᠪᠵᠢᠭᠦᠯᠬᠦ ᠂ | ᠬᠠᠮᠵᠢᠯᠴᠠᠨ ᠠᠬᠢᠭᠤᠯᠬᠤ ᠂ ᠭᠤᠣᠯᠳᠠᠯᠭ᠎ᠠ ᠲᠠᠢ ᠰᠢᠪᠲᠤᠯᠤᠯᠲᠠ ᠬᠢᠬᠦ ᠶᠢ ᠪᠠᠷᠢᠮᠲᠠᠯᠠᠵᠤ ᠂ ᠴᠡᠭ ᠢᠶᠠᠷ | ᠨᠡᠶᠢᠳᠡᠮ ᠢ ᠲᠠᠶᠢᠴᠢᠯᠠᠵᠤ ᠂ ᠬᠤᠳᠠ ᠶᠢᠨ ᠴᠢᠳᠠᠪᠬᠢ ᠶᠢᠨ ᠲᠡᠰ ᠪᠣᠯᠣᠨ ᠭᠤᠣᠯᠯᠠᠭᠴᠢ ᠥᠷᠢᠰᠦᠯᠳᠦᠬᠦ | ᠬᠦᠴᠦᠨ ᠢ ᠦᠷᠭᠦᠯᠵᠢᠯᠡᠨ ᠳᠡᠭᠡᠭᠰᠢᠯᠡᠭᠦᠯᠭᠦ ᠬᠡᠷᠡᠭᠲᠡᠢ ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠤᠯᠭᠠᠵᠤ ᠂ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠤᠨ ᠪᠣᠭᠤᠮᠲᠠ | ᠰᠢᠪᠲᠤᠯᠬᠤ ᠶᠢ ᠴᠢᠩᠭᠠᠳᠬᠠᠵᠤ ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ | ᠠᠬᠢᠭᠤᠯᠵᠤ ᠂ ᠳᠡᠯᠡᠬᠡᠢ ᠶᠢᠨ ᠲᠡᠰ ᠤᠨ ᠳᠡᠭᠡᠳᠦ ᠲᠡᠰ ᠤᠨ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ | ᠪᠣᠶᠢᠵᠢᠭᠤᠯᠵᠤ ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ ᠂ | ᠤᠯᠠᠨ ᠤᠯᠤᠰ ᠤᠨ ᠠᠵᠤ ᠠᠬᠤᠢ ᠶᠢᠨ ᠲᠥᠪ ᠤᠨ ᠪᠠᠶᠢᠷᠢ ᠰᠠᠭᠤᠷᠢ ᠪᠣᠯᠣᠨ ᠪᠦᠭᠦ ᠪᠥᠮᠪᠥᠷᠴᠡᠭ ᠤᠨ ᠠᠵᠤ ᠠᠬᠤᠢ ᠶᠢᠨ | ᠵᠠᠰᠠᠯᠲᠠ ᠶᠢᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠃ ᠤᠳᠤ | ᠦᠶ᠎ᠡ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ ᠮᠥᠩᠭᠦᠨ ᠭᠦᠢᠯᠭᠡᠭᠡᠨ ᠤ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠥᠨᠳᠥᠷ ᠲᠦᠪᠰᠢᠨ | ᠪᠦᠬᠦᠢ ᠮᠥᠩᠭᠦᠨ ᠭᠦᠢᠯᠭᠡᠭᠡᠨ ᠤ ᠭᠠᠳᠠᠭᠠᠳᠤ ᠨᠡᠭᠡᠭᠡᠯᠲᠡ ᠶᠢ ᠬᠡᠷᠡᠭᠵᠢᠭᠦᠯᠵᠦ ᠂ ᠪᠣᠳᠠᠲᠤ ᠴᠣᠭᠴᠠ ᠶᠢᠨ ᠠᠵᠤ ᠠᠬᠤᠢ ᠂ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ︽ ᠨᠢᠭᠡ ᠪᠦᠰᠡ ᠨᠢᠭᠡ ᠵᠠᠮ ︾ ᠢ ᠬᠠᠮᠲᠤ ᠪᠠᠷ | ᠪᠦᠲᠦᠭᠡᠨ ᠪᠠᠶᠢᠭᠤᠯᠬᠤ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ ᠃ ᠴᠢᠯᠦᠭᠡᠲᠦ ᠠᠷᠠᠯᠵᠢᠶᠠᠨ ᠤ | ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ ᠂ | ᠤᠯᠠᠨ ᠤᠯᠤᠰ ᠤᠨ ᠠᠷᠠᠯᠵᠢᠶᠠᠨ ᠤ ᠲᠥᠪ ᠤᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠠᠬᠢᠭᠤᠯᠬᠤ | ᠬᠡᠷᠡᠭᠲᠡᠢ ᠃ ᠳᠡᠭᠡᠳᠦ ᠲᠡᠰ ᠤᠨ ᠤᠰᠤᠨ ᠵᠠᠮ ᠤᠨ ᠲᠡᠭᠡᠭᠡᠪᠦᠷᠢ ᠶᠢᠨ ᠦᠢᠯᠡᠴᠢᠯᠡᠭᠡ ᠵᠡᠷᠭᠡ ᠲᠠᠯ᠎ᠠ ᠶᠢᠨ | ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠵᠦ ᠂ ᠤᠰᠤᠨ ᠵᠠᠮ ᠤᠨ ᠲᠡᠭᠡᠭᠡᠪᠦᠷᠢ ᠶᠢᠨ ᠡᠬᠢ | ᠪᠠᠶᠠᠯᠢᠭ ᠤᠨ ᠪᠦᠭᠦ ᠪᠥᠮᠪᠥᠷᠴᠡᠭ ᠤᠨ ᠲᠣᠬᠢᠷᠠᠭᠤᠯᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠃ | ᠥᠨᠳᠥᠷ ᠲᠦᠪᠰᠢᠨ ᠪᠦᠬᠦᠢ ᠴᠢᠳᠠᠪᠤᠷᠢᠲᠠᠨ ᠤ ᠥᠨᠳᠦᠷᠯᠢᠭ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ | ᠰᠢᠨ᠎ᠡ ᠶᠢ ᠡᠭᠦᠳᠬᠦ ᠰᠠᠶᠢᠨ ᠰᠠᠶᠢᠬᠠᠨ ᠠᠮᠢ ᠠᠬᠤᠢ ᠶᠢ ᠪᠤᠢ ᠪᠤᠯᠭᠠᠬᠤ ᠬᠡᠷᠡᠭᠲᠡᠢ ᠃ ᠬᠥᠬᠡᠮᠥ᠋ᠷᠡᠨ ᠤ | ᠭᠤᠷᠪᠠᠯᠵᠢᠨ ᠬᠤᠶᠢᠭ ᠤᠨ ᠣᠷᠣᠨ ᠪᠦᠰᠡ ᠯᠦᠭᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ ᠂ ᠨᠥᠯᠥᠭᠡᠯᠡᠨ | ᠳᠠᠶᠢᠴᠢᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ | ᠪᠠ ᠪᠦᠭᠦ ᠪᠥᠮᠪᠥᠷᠴᠡᠭ ᠢ ᠭᠦᠨᠵᠡᠭᠡᠢ ᠬᠤᠯᠪᠣᠭᠰᠠᠨ ᠳᠡᠯᠡᠬᠡᠢ ᠶᠢᠨ ᠶᠡᠭᠡ ᠬᠤᠳᠠ ᠪᠣᠯᠤᠭᠰᠠᠨ ᠤ ᠬᠤᠪᠢ ᠳᠤ ᠂ ᠱᠠᠩᠬᠠᠢ ᠨᠡᠩ | ᠥᠨᠳᠥᠷ ᠭᠠᠷᠤᠭ᠎ᠠ ᠠᠴᠠ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠬᠥᠭᠵᠢᠯᠲᠡ ᠶᠢᠨ | ᠬᠥᠳᠡᠯᠭᠡᠬᠦ ᠬᠦᠴᠦᠨ ᠪᠠ ᠥᠷᠢᠰᠦᠯᠳᠦᠬᠦ ᠬᠦᠴᠦᠨ ᠢᠶᠠᠨ ᠴᠢᠩᠭᠠᠳᠬᠠᠬᠤ ᠬᠡᠷᠡᠭᠲᠡᠢ ᠃ ᠤᠤᠭᠠᠯ | ᠡᠭᠦᠳᠦᠯᠲᠡ ᠶᠢᠨ ᠴᠢᠨᠠᠷᠲᠠᠢ ᠥᠭᠡᠷᠡᠴᠢᠯᠡᠯᠲᠡ ᠂ ᠬᠥᠲᠥᠯᠥᠨ ᠳᠠᠭᠠᠭᠤᠯᠬᠤ ᠴᠢᠨᠠᠷᠲᠠᠢ ᠨᠡᠭᠡᠭᠡᠯᠲᠡ ᠶᠢ | ᠪᠦᠭᠦ ᠲᠠᠯ᠎ᠠ ᠪᠠᠷ ᠡᠷᠴᠢᠮᠲᠡᠢ ᠠᠬᠢᠭᠤᠯᠵᠤ ᠂ ᠥᠭᠡᠷᠡᠴᠢᠯᠡᠯᠲᠡ ᠶᠢᠨ ᠰᠢᠰᠲ᠋ᠧᠮ ᠤᠨ ᠬᠤᠷᠠᠮᠠᠯ ᠢ ᠴᠢᠩᠭᠠᠳᠬᠠᠵᠤ ᠂ | ᠫᠦᠳᠦ᠋ᠩ ᠰᠢᠨ᠎ᠡ ᠲᠣᠭᠤᠷᠢᠭ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢ ᠯᠠᠪᠳᠠᠭᠤᠨ ᠪᠠᠲᠤᠲᠠᠢ | ᠠᠬᠢᠭᠤᠯᠵᠤ ᠂ ᠭᠠᠷᠠᠮ ᠳᠠᠭᠠᠤ ᠶᠢᠨ ᠰᠢᠨ᠎ᠡ ᠬᠡᠰᠡᠭ ᠲᠣᠭᠤᠷᠢᠭ ᠲᠤ ᠡᠩ ᠲᠡᠷᠢᠭᠦᠨ ᠳᠤ ᠳᠠᠷᠤᠯᠲᠠ ᠶᠢᠨ | ᠰᠣᠷᠢᠯᠲᠠ ᠶᠢ ᠥᠷᠨᠢᠭᠦᠯᠵᠦ ᠂ ᠳᠦᠷᠢᠮ ᠂ ᠬᠡᠪ ᠪᠠᠷᠢᠮᠵᠢᠶ᠎ᠠ ᠂ ᠬᠠᠮᠢᠶᠠᠷᠤᠯᠲᠠ ᠂ ᠪᠠᠷᠢᠮᠵᠢᠶ᠎ᠠ ᠵᠡᠷᠭᠡ | ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ ᠂ ᠬᠢᠯᠢ ᠠᠯᠤᠰᠯᠠᠭᠰᠠᠨ | ᠦᠢᠯᠡᠴᠢᠯᠡᠭᠡᠨ ᠤ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠥᠨᠳᠥᠷ ᠲᠦᠪᠰᠢᠨ ᠪᠦᠬᠦᠢ | ᠨᠡᠭᠡᠭᠡᠯᠲᠡ ᠶᠢ ᠭᠦᠨᠵᠡᠭᠡᠢ ᠠᠬᠢᠭᠤᠯᠵᠤ ᠂ ᠦᠢᠯᠡᠳᠬᠦ ᠦᠢᠯᠡᠰ ᠤᠨ ᠨᠡᠭᠡᠭᠡᠯᠲᠡ ᠶᠢᠨ ᠲᠦᠪᠰᠢᠨ ᠢ | ᠳᠡᠭᠡᠭᠰᠢᠯᠡᠭᠦᠯᠵᠦ ᠂ ᠬᠤᠩᠴᠢᠶᠤᠤ ᠶᠢᠨ ᠤᠯᠠᠨ ᠤᠯᠤᠰ ᠤᠨ ᠨᠡᠭᠡᠭᠡᠯᠲᠡ ᠶᠢᠨ ᠵᠠᠩᠭᠢᠯᠠᠭ᠎ᠠ ᠶᠢᠨ ᠡᠨᠧᠷᠭᠢ ᠶᠢᠨ ᠲᠡᠰ ᠢ ᠤᠯᠠᠮ | ᠳᠡᠭᠡᠭᠰᠢᠯᠡᠭᠦᠯᠵᠦ ᠂ ᠭᠠᠳᠠᠭᠠᠳᠤ ᠤᠷᠤᠭᠤᠯᠤᠯᠳᠠ ᠶᠢᠨ ᠦᠵᠡᠰᠭᠦᠯᠡᠩ ᠤᠨ ᠴᠤᠭᠯᠠᠭᠠᠨ ᠵᠡᠷᠭᠡ | ᠬᠤᠣᠰ ᠴᠢᠭᠯᠡᠯ ᠤᠨ ᠨᠡᠭᠡᠭᠡᠯᠲᠡ ᠶᠢᠨ ᠲᠣᠮᠣ ᠲᠠᠪᠴᠠᠩ ᠢ ᠦᠷᠭᠦᠯᠵᠢᠯᠡᠨ ᠰᠠᠶᠢᠲᠤᠷ ᠡᠷᠭᠢᠯᠡᠵᠦ ᠂ ᠤᠯᠠᠨ ᠤᠯᠤᠰ ᠤᠨ | ᠥᠷᠢᠰᠦᠯᠳᠦᠬᠦ ᠬᠦᠴᠦᠨ ᠪᠦᠬᠦᠢ ᠲᠦᠷᠦ ᠶᠢᠨ ᠪᠣᠳᠣᠯᠭ᠎ᠠ ᠪᠠ ᠳᠦᠷᠢᠮ ᠤᠨ ᠰᠢᠰᠲ᠋ᠧᠮ ᠢ ᠲᠦᠷᠭᠡᠳᠬᠡᠨ | ᠪᠤᠢ ᠪᠤᠯᠭᠠᠬᠤ ᠬᠡᠷᠡᠭᠲᠡᠢ ᠃ ︽ ᠬᠤᠶᠠᠷ ᠭᠤᠶᠢᠪᠢᠰᠢ ᠦᠭᠡᠢ ᠪᠠᠶᠢᠬᠤ ︾ ᠶᠢ ᠪᠠᠷᠢᠮᠲᠠᠯᠠᠵᠤ ᠂ ᠤᠯᠤᠰ ᠤᠨ | ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠡᠷᠬᠡ | ᠲᠡᠭᠰᠢ ᠪᠠᠷ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠣᠷᠤᠯᠴᠠᠬᠤ ᠶᠢ ᠪᠠᠲᠤᠯᠠᠬᠤ ᠲᠦᠷᠦ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠂ ᠳᠡᠯᠡᠬᠡᠢ ᠶᠢᠨ ᠲᠡᠷᠢᠭᠦᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠪᠤᠢ ᠪᠤᠯᠭᠠᠵᠤ ᠂ | ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ ᠂ ᠤᠯᠤᠰ ᠤᠨ ᠳᠣᠲᠣᠭᠠᠳᠤ | ᠭᠠᠳᠠᠭᠠᠳᠤ ᠶᠢᠨ ᠳᠡᠭᠡᠳᠦ ᠲᠡᠰ ᠤᠨ ᠡᠬᠢ ᠪᠠᠶᠠᠯᠢᠭ ᠤᠨ ᠲᠠᠲᠠᠬᠤ ᠬᠦᠴᠦᠨ ᠢ ᠨᠡᠮᠡᠭᠳᠡᠭᠦᠯᠬᠦ ᠬᠡᠷᠡᠭᠲᠡᠢ | ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠠᠷᠠᠳ ᠤᠨ ᠬᠤᠳᠠ ᠶᠢᠨ ᠣᠶᠢᠯᠠᠭᠠᠭᠳᠠᠬᠤᠨ ᠢ ᠪᠦᠭᠦ ᠲᠠᠯ᠎ᠠ ᠪᠠᠷ ᠦᠢᠯᠡᠳᠦᠯᠭᠡᠵᠢᠭᠦᠯᠵᠦ ᠂ ᠨᠠᠮ ᠤᠨ | ᠤᠳᠤᠷᠢᠳᠤᠯᠭ᠎ᠠ ᠪᠣᠯᠣᠨ ᠨᠡᠶᠢᠭᠡᠮ ᠵᠢᠷᠤᠮᠲᠤ ᠪᠠᠶᠢᠭᠤᠯᠤᠯ ᠤᠨ ᠢᠯᠡᠳᠲᠡ ᠳᠠᠪᠠᠭᠤᠯᠢᠭ ᠢ ᠭᠦᠢᠴᠡᠳ | ᠪᠠᠳᠠᠷᠠᠭᠤᠯᠵᠤ ᠂ ᠠᠷᠠᠳ ᠤᠯᠠᠨ ᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ | ᠭᠦᠢᠴᠡᠳ ᠲᠠᠶᠢᠴᠢᠯᠠᠵᠤ ᠂ ᠬᠤᠳᠠ ᠶᠢᠨ ᠲᠥᠯᠦᠪᠵᠢᠭᠦᠯᠭᠡ ᠪᠣᠯᠣᠨ ᠬᠡᠷᠡᠭᠵᠢᠭᠦᠯᠦᠯᠲᠡ ᠶᠢᠨ ᠲᠠᠯ᠎ᠠ ᠪᠠᠷ ᠵᠢᠷᠤᠭ | ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠬᠤ ᠶᠢ ᠪᠠᠷᠢᠮᠲᠠᠯᠠᠵᠤ ᠂ ᠬᠤᠳᠠ ᠶᠢᠨ ᠲᠣᠭᠠᠴᠢᠯᠠᠯᠳᠠ ᠲᠡᠶᠢᠰᠢ | ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠢᠳᠡᠪᠬᠢᠲᠡᠢ ᠠᠬᠢᠭᠤᠯᠵᠤ ᠂ ᠤᠶᠠᠨ | ᠬᠠᠳᠠᠨ ᠴᠢᠨᠠᠷᠲᠠᠢ ᠠᠮᠤᠷ ᠲᠦᠪᠰᠢᠨ ᠬᠤᠳᠠ ᠶᠢᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ ᠂ | ᠳᠤᠮᠳᠠᠳᠤ ᠤᠯᠤᠰ ᠤᠨ ᠣᠨᠴᠠᠯᠢᠭ ᠲᠠᠢ ᠭᠡᠳᠦ ᠶᠡᠭᠡ ᠬᠤᠳᠠ ᠶᠢᠨ ᠵᠠᠰᠠᠯᠲᠠ ᠶᠢᠨ ᠣᠳᠣᠬᠢᠴᠢᠯᠠᠯᠲᠠ ᠶᠢᠨ ᠰᠢᠨ᠎ᠡ | ᠵᠠᠮ ᠢᠶᠠᠷ ᠴᠢᠷᠮᠠᠶᠢᠨ ᠵᠠᠮᠨᠠᠬᠤ ᠬᠡᠷᠡᠭᠲᠡᠢ ᠃ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠶᠢ | ᠬᠤᠳᠠ ᠶᠢᠨ ᠪᠦᠲᠦᠭᠡᠨ ᠪᠠᠶᠢᠭᠤᠯᠤᠯᠲᠠ ᠪᠠ ᠵᠠᠰᠠᠯᠲᠠ ᠶᠢᠨ ᠵᠣᠷᠢᠯᠲᠠ ᠪᠠ ᠲᠤᠰᠤᠯᠲᠠ ᠪᠤᠯᠭᠠᠵᠤ ᠂ ᠪᠦᠭᠦ | ᠶᠠᠪᠤᠴᠠ ᠶᠢᠨ ᠠᠷᠠᠳ ᠤᠨ ᠠᠷᠠᠳᠴᠢᠯᠠᠯ ᠢ ᠬᠤᠳᠠ ᠶᠢᠨ ᠵᠠᠰᠠᠯᠲᠠ ᠶᠢᠨ ᠣᠳᠣᠬᠢᠴᠢᠯᠠᠯᠲᠠ ᠳᠤ | ᠠᠭᠤᠰᠤᠯᠴᠠᠭᠤᠯᠵᠤ ᠂ ᠬᠥᠮᠥᠨ ᠪᠦᠭᠦᠨ ᠣᠷᠤᠯᠴᠠᠬᠤ ᠂ ᠬᠥᠮᠥᠨ ᠪᠦᠭᠦᠨ ᠬᠠᠷᠢᠭᠤᠴᠠᠬᠤ ᠂ | ᠬᠥᠮᠥᠨ ᠪᠦᠭᠦᠨ ᠬᠤᠪᠢ ᠨᠡᠮᠡᠷᠢ ᠦᠵᠡᠭᠦᠯᠭᠦ ᠂ ᠬᠥᠮᠥᠨ ᠪᠦᠭᠦᠨ ᠬᠠᠮᠲᠤ ᠪᠠᠷ ᠡᠳ᠋ᠯᠡᠬᠦ ᠬᠤᠳᠠ ᠶᠢᠨ ᠵᠠᠰᠠᠯᠲᠠ ᠶᠢᠨ | ᠬᠠᠮᠲᠤ ᠶᠢᠨ ᠴᠣᠭᠴᠠ ᠶᠢ ᠪᠠᠶᠢᠭᠤᠯᠵᠤ ᠂ ᠤᠯᠠᠨ ᠲᠦᠮᠡᠨ ᠳᠤ ᠦᠢᠯᠡᠴᠢᠯᠡᠬᠦ ︽ ᠡᠴᠦᠰ ᠤᠨ ᠨᠢᠭᠡ | ᠺᠢᠯᠣᠮᠧᠲᠷ ︾ ᠢ ᠨᠠᠪᠲᠠᠷᠡᠭᠦᠯᠵᠦ ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ | ᠬᠤᠯᠪᠣᠭᠳᠠᠭᠰᠠᠨ ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠵᠦ ᠂ ᠰᠢᠨ᠎ᠡ ᠴᠠᠭ ᠦᠶ᠎ᠡ ᠶᠢᠨ | ︽ ᠹᠧᠩᠴᠢᠶᠤᠤ ᠶᠢᠨ ᠲᠤᠷᠰᠢᠯᠭ᠎ᠠ ︾ ᠶᠢ ᠪᠠᠷᠢᠮᠲᠠᠯᠠᠨ ᠬᠥᠭᠵᠢᠭᠦᠯᠵᠦ ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ | ᠲᠡᠭᠦᠯᠳᠡᠷᠵᠢᠭᠦᠯᠵᠦ ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠤ ᠰᠠᠭᠤᠷᠢ ᠶᠢ ᠪᠠᠲᠤ ᠴᠣᠭᠴᠠᠯᠠᠬᠤ ᠬᠡᠷᠡᠭᠲᠡᠢ ᠭᠡᠵᠦ ᠵᠢᠭᠠᠵᠤ | ᠭᠠᠷᠭᠠᠪᠠ ᠃ | ᠰᠢ ᠶᠢᠨ ᠫᠢᠩ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠣᠶᠣᠯ ᠤᠨ | ᠦᠵᠡᠯ ᠰᠠᠨᠠᠭ᠎ᠠ ᠶᠢ ᠲᠤᠭᠤᠰᠢᠯᠠᠭᠤᠯᠵᠤ ᠂ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ | ᠰᠣᠶᠣᠯ ᠤᠨ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ ᠂ ᠰᠣᠶᠣᠯ ᠤᠨ | ᠵᠥᠭᠡᠯᠡᠨ ᠪᠣᠳᠠᠲᠤ ᠬᠦᠴᠦᠨ ᠢ ᠶᠡᠭᠡ ᠪᠠᠷ ᠳᠡᠭᠡᠭᠰᠢᠯᠡᠭᠦᠯᠭᠦ ᠬᠡᠷᠡᠭᠲᠡᠢ ᠃ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠨᠢᠭᠡᠳᠦᠨ ᠰᠦᠭ ᠰᠦᠨᠡᠰᠦ ᠶᠢ | ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ | ᠦᠵᠡᠯᠲᠡ ᠶᠢ ᠥᠷᠭᠡᠨ ᠢᠶᠠᠷ ᠦᠢᠯᠡᠳᠦᠯᠭᠡᠵᠢᠭᠦᠯᠵᠦ ᠂ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠠᠬᠢ | ᠮᠠᠷᠺᠰ ᠤᠨ ᠦᠵᠡᠯ ᠤᠨ ᠵᠢᠯᠤᠭᠤᠳᠬᠤ ᠪᠠᠶᠢᠷᠢ ᠰᠠᠭᠤᠷᠢ ᠶᠢ ᠪᠠᠬᠢᠵᠢᠭᠦᠯᠵᠦ ᠂ ᠡᠯ᠎ᠡ ᠵᠦᠢᠯ ᠤᠨ ᠰᠣᠶᠣᠯ ᠤᠨ ᠰᠤᠯᠪᠢᠴᠠᠨ | ᠠᠭᠤᠰᠤᠯᠴᠠᠬᠤ ᠳᠤᠮᠳᠠ ᠭᠤᠣᠯ ᠦᠷᠳᠡᠭ ᠂ ᠭᠤᠣᠯ ᠶᠠᠷᠢᠶ᠎ᠠ ᠬᠡᠯᠡᠯᠴᠡᠭᠡ ᠂ ᠭᠤᠣᠯ ᠰᠣᠶᠣᠯ ᠢ | ᠴᠢᠨᠠᠭᠰᠢᠳᠠ ᠪᠤᠵᠠᠭᠠᠶᠢᠷᠠᠭᠤᠯᠬᠤ ᠬᠡᠷᠡᠭᠲᠡᠢ ᠃ ᠬᠤᠳᠠ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢ | ᠴᠢᠬᠤᠯᠠᠴᠢᠯᠠᠵᠤ ᠂ ᠲᠡᠦᠬᠡ ᠶᠢᠨ ᠳᠤᠷᠠᠰᠬᠠᠯᠲᠤ ᠵᠦᠢᠯᠡᠰ ᠪᠠ ᠰᠣᠶᠣᠯ ᠤᠨ ᠥᠪ ᠤᠨ | ᠬᠠᠮᠠᠭᠠᠯᠠᠯᠲᠠ ᠶᠢ ᠴᠢᠩᠭᠠᠳᠬᠠᠵᠤ ᠂ ᠬᠤᠪᠢᠰᠬᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ ᠂ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ ᠂ ᠤᠯᠠᠨ ᠲᠦᠮᠡᠨᠴᠢ ᠴᠢᠨᠠᠷᠲᠠᠢ | ᠤᠶᠤᠨ ᠤ ᠪᠣᠯᠪᠠᠰᠤᠨ ᠤ ᠡᠭᠦᠳᠦᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ ᠂ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ | ᠥᠷᠭᠡᠳᠬᠡᠵᠦ ᠂ ᠪᠢᠴᠢᠭ ᠤᠨ ᠰᠤᠷᠪᠤᠯᠵᠢᠲᠤ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠵᠤ ᠂ ᠬᠤᠳᠠ ᠶᠢᠨ | ᠠᠷᠠᠳ ᠤᠨ ᠪᠣᠯᠪᠠᠰᠤᠨ ᠤ ᠬᠡᠪ ᠴᠢᠨᠠᠷ ᠪᠠ ᠬᠤᠳᠠ ᠶᠢᠨ ᠪᠣᠯᠪᠠᠰᠤᠨ ᠤ ᠬᠡᠮᠵᠢᠶ᠎ᠡ ᠶᠢ ᠪᠦᠭᠦ ᠲᠠᠯ᠎ᠠ ᠪᠠᠷ | ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠮᠥᠨ ᠴᠢᠨᠠᠷ ᠤᠨ ᠱᠠᠭᠠᠷᠳᠠᠯᠭ᠎ᠠ ᠮᠥᠨ ᠂ ᠪᠠᠰᠠ ᠴᠤ | ᠦᠨᠳᠦᠰᠦᠨ ᠪᠠᠲᠤᠯᠠᠭ᠎ᠠ ᠮᠥᠨ ᠃ ᠱᠠᠩᠬᠠᠢ ᠪᠣᠯ ᠮᠠᠨ ᠤ ᠨᠠᠮ ᠤᠨ ᠮᠡᠨᠳᠦᠯᠡᠭᠰᠡᠨ ᠭᠠᠵᠠᠷ ᠮᠥᠨ ᠂ ᠠᠩᠬᠠᠳᠤᠭᠠᠷ | ᠶᠡᠭᠡ ᠬᠤᠷᠠᠯ ᠬᠤᠷᠠᠯᠳᠤᠭᠰᠠᠨ ᠭᠠᠵᠠᠷ ᠵᠡᠷᠭᠡ ᠬᠤᠪᠢᠰᠬᠠᠯᠲᠤ ᠡᠬᠢ ᠪᠠᠶᠠᠯᠢᠭ ᠢ ᠰᠠᠶᠢᠲᠤᠷ ᠠᠰᠢᠭᠯᠠᠵᠤ ᠂ ᠨᠠᠮ ᠪᠠᠶᠢᠭᠤᠯᠤᠭᠰᠠᠨ | ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ︽ ᠭᠤᠷᠪᠠᠨ | ᠡᠷᠬᠡᠪᠰᠢ ︾ ᠶᠢ ᠪᠠᠲᠤ ᠴᠡᠭᠡᠵᠢᠯᠡᠬᠦ ᠶᠢ ᠬᠥᠮᠥᠵᠢᠭᠦᠯᠦᠨ ᠵᠢᠯᠤᠭᠤᠳᠴᠤ ᠂ ᠰᠢᠨ᠎ᠡ ᠠᠶᠠᠨ ᠳᠤ ᠵᠠᠮ ᠨᠡᠭᠡᠭᠡᠨ | ᠰᠢᠨ᠎ᠡ ᠶᠢ ᠡᠭᠦᠳᠴᠦ ᠂ ᠵᠣᠷᠢᠭ ᠬᠥᠪᠴᠢᠯᠡᠨ ᠤᠷᠤᠭᠰᠢᠯᠠᠵᠤ ᠂ ᠦᠨᠡᠨ ᠬᠦ ᠠᠳᠬᠤᠨ ᠪᠣᠳᠠᠲᠠᠢ ᠠᠵᠢᠯᠯᠠᠬᠤ | ᠬᠡᠷᠡᠭᠲᠡᠢ ᠃ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ | ᠲᠤᠭᠤᠰᠢᠯᠠᠭᠤᠯᠵᠤ ᠂ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ | ᠨᠠᠶᠢᠳᠠᠪᠤᠷᠢᠵᠢᠭᠤᠯᠵᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠣᠯᠠᠨ ᠤᠯᠤᠰ ᠤᠨ | ᠲᠣᠮᠣ ᠬᠤᠲᠠ ᠲᠠᠢ ᠵᠣᠬᠢᠴᠠᠯᠳᠤᠭᠰᠠᠨ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠬᠤ | ᠬᠡᠷᠡᠭᠲᠡᠢ ᠃ ᠭᠡᠲᠦ ᠶᠡᠭᠡ ᠬᠤᠲᠠ ᠶᠢᠨ ᠣᠨᠴᠠᠯᠢᠭ ᠢ ᠡᠵᠡᠮᠳᠡᠵᠦ ᠂ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠠᠵᠢᠯ ᠤᠨ ᠰᠡᠳᠬᠢᠴᠡ ᠪᠠ ᠵᠠᠭᠪᠤᠷ ᠤᠨ ᠰᠢᠨ᠎ᠡ ᠶᠢ ᠡᠭᠦᠳᠴᠦ ᠂ | ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ ᠃ | ᠢᠯᠵᠠᠷᠠᠯ ᠢ ᠡᠷᠡᠰ ᠡᠰᠡᠷᠭᠦᠴᠡᠨ ᠵᠠᠯᠬᠠᠭᠠᠨ ᠰᠢᠢᠳᠬᠡᠵᠦ ᠂ ᠢᠯᠵᠠᠷᠠᠬᠤ ᠠᠴᠠ ᠵᠢᠷᠦᠬᠡᠰᠢᠶᠡᠬᠦ ᠂ ᠢᠯᠵᠠᠷᠠᠵᠤ | ᠪᠤᠯᠬᠤ ᠦᠭᠡᠢ ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ ᠂ ᠰᠤᠷᠲᠠᠯ ᠴᠢᠬᠡᠴᠢ ᠣᠪᠣᠷ | ᠲᠥᠪ ᠤᠯᠤᠰ ᠲᠦᠷᠦ ᠶᠢᠨ ᠠᠮᠢ ᠠᠬᠤᠢ ᠶᠢ ᠪᠠᠲᠤᠯᠠᠬᠤ ᠬᠡᠷᠡᠭᠲᠡᠢ ᠃ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ | ᠰᠡᠭᠦᠯ ᠬᠤᠷᠢᠶᠠᠬᠤ ᠣᠶᠢᠷᠠᠲᠤᠯ᠎ᠠ ᠂ ᠪᠠᠷᠢᠮᠵᠢᠶ᠎ᠠ ᠶᠢ ᠪᠠᠭᠤᠷᠠᠭᠤᠯᠬᠤ ᠦᠭᠡᠢ ᠂ ᠡᠷᠴᠢ ᠵᠣᠷᠢᠭ ᠢᠶᠠᠨ ᠰᠤᠯᠠᠷᠠᠭᠤᠯᠬᠤ ᠦᠭᠡᠢ | ᠪᠠᠶᠢᠬᠤ ᠶᠢ ᠪᠠᠷᠢᠮᠲᠠᠯᠠᠵᠤ ᠂ ᠭᠤᠣᠯ ᠰᠡᠳᠦᠪᠲᠦ ᠬᠥᠮᠦᠵᠢᠯ ᠢ ᠡᠯ᠎ᠡ ᠲᠠᠯ᠎ᠠ ᠶᠢᠨ ᠠᠵᠢᠯ ᠲᠠᠢ ᠤᠶᠠᠯᠳᠤᠭᠤᠯᠵᠤ ᠂ | ᠬᠤᠶᠠᠷ ᠲᠠᠯ᠎ᠠ ᠪᠠᠷ ᠠᠳᠬᠤᠵᠤ ᠂ ᠬᠤᠶᠠᠷ ᠢ ᠰᠠᠭᠠᠲᠠᠭᠠᠬᠤ ᠦᠭᠡᠢ ᠂ ᠬᠤᠶᠠᠷ ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | 12 ᠰᠠᠷ᠎ᠠ ᠶᠢᠨ 3 ᠤ ᠦᠳᠡ ᠶᠢᠨ ᠡᠮᠦᠨ᠎ᠡ ᠂ ᠪᠡᠭᠡᠵᠢᠩ ᠳᠤ ᠪᠤᠴᠠᠬᠤ ᠵᠠᠮ ᠵᠠᠭᠤᠷ᠎ᠠ ᠪᠠᠨ ᠂ ᠰᠢ ᠶᠢᠨ ᠫᠢᠩ | ᠵᠢᠶᠠᠩᠰᠤ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠰᠢᠨ ᠴᠠᠩ ᠰᠢᠩ ᠪᠣᠯᠣᠨ ᠮᠤᠵᠢ ᠶᠢᠨ ᠳᠠᠷᠤᠭ᠎ᠠ ᠰᠢᠦᠢ | ᠺᠦᠨ ᠯᠢᠨ ᠤ ᠪᠠᠷ᠎ᠠ ᠪᠤᠯᠤᠯᠭ᠎ᠠ ᠲᠠᠢ ᠪᠠᠷ ᠂ ᠶᠠᠨᠴᠧᠩ ᠬᠤᠳᠠ ᠳᠤ ᠬᠦᠷᠴᠦ ᠰᠢᠨ᠎ᠡ ᠳᠥᠷᠪᠡᠳᠦᠭᠡᠷ ᠠᠷᠮᠢ ᠶᠢᠨ | ᠳᠤᠷᠠᠰᠬᠠᠯ ᠤᠨ ᠣᠷᠳᠣᠨ ᠢᠶᠠᠷ ᠲᠣᠭᠤᠷᠢᠨ ᠦᠵᠡᠪᠡ ᠃ ᠦᠵᠡᠭᠦᠯᠭᠡ ᠶᠢᠨ ᠲᠢᠩᠬᠢᠮ ᠳᠤ ᠠᠯᠢ | ᠤᠯᠠᠨ ᠭᠡᠷᠡᠯ ᠵᠢᠷᠤᠭ ᠂ ᠲᠡᠦᠬᠡ ᠶᠢᠨ ᠮᠠᠲ᠋ᠧᠷᠢᠶᠠᠯ ᠂ ᠲᠡᠦᠬᠡ ᠶᠢᠨ ᠳᠤᠷᠠᠰᠬᠠᠯᠲᠤ ᠵᠦᠢᠯᠡᠰ ᠂ ᠳᠠᠭᠤᠷᠢᠶᠠᠮᠠᠯ ᠪᠣᠳᠠᠲᠤ | ᠦᠵᠡᠭᠳᠡᠯ ᠨᠢ ᠰᠢᠨ᠎ᠡ ᠳᠥᠷᠪᠡᠳᠦᠭᠡᠷ ᠠᠷᠮᠢ ᠶᠢ ᠳᠠᠭᠢᠨ ᠠᠮᠢᠯᠠᠭᠤᠯᠵᠤ ᠂ ᠴᠢᠰᠤ ᠪᠠᠨ ᠤᠷᠤᠰᠬᠠᠨ | ᠲᠡᠮᠡᠴᠡᠭᠰᠡᠨ ᠭᠡᠷᠡᠯ ᠰᠠᠴᠤᠷᠠᠩᠭᠤᠢ ᠲᠡᠦᠬᠡ ᠶᠢ ᠨᠢ ᠪᠦᠷᠢᠨ ᠭᠦᠢᠴᠡᠳ ᠢᠯᠡᠷᠡᠭᠦᠯᠪᠡ ᠃ ᠰᠢ ᠶᠢᠨ ᠫᠢᠩ | ᠪᠠᠶᠢᠨ ᠪᠠᠶᠢᠨ ᠵᠣᠭᠰᠣᠨ ᠪᠠᠶᠢᠴᠠᠭᠠᠨ ᠦᠵᠡᠵᠦ ᠂ ᠤᠯᠠᠨ ᠲᠠᠢ ᠰᠠᠨᠠᠯ ᠢᠶᠠᠨ ᠰᠣᠯᠢᠯᠴᠠᠪᠠ ᠃ ᠲᠡᠷᠡ ᠂ | ᠠᠷᠠᠳ ᠤᠨ ᠰᠡᠳᠬᠢᠯ ᠤᠨ ᠬᠠᠨᠳᠤᠰᠢ ᠲᠡᠦᠬᠡ ᠶᠢᠨ ᠰᠣᠩᠭᠤᠯᠲᠠ ᠶᠢ ᠲᠣᠭᠲᠠᠭᠠᠵᠤ ᠪᠠᠶᠢᠳᠠᠭ ᠂ ᠲᠦᠷᠦ ᠭᠦᠷᠦᠨ | ᠪᠣᠯ ᠠᠷᠠᠳ ᠲᠦᠮᠡᠨ ᠮᠥᠨ ᠂ ᠠᠷᠠᠳ ᠲᠦᠮᠡᠨ ᠪᠣᠯ ᠲᠦᠷᠦ ᠭᠦᠷᠦᠨ ᠮᠥᠨ ᠭᠡᠳᠡᠭ ᠢ ᠰᠢᠨ᠎ᠡ ᠳᠥᠷᠪᠡᠳᠦᠭᠡᠷ ᠠᠷᠮᠢ ᠶᠢᠨ | ᠲᠡᠦᠬᠡ ᠭᠦᠢᠴᠡᠳ ᠲᠣᠳᠣᠷᠬᠠᠶᠢᠯᠠᠵᠠᠢ ᠃ ᠡᠨᠡ ᠪᠣᠯ ᠬᠤᠪᠢᠰᠬᠠᠯᠲᠤ ᠤᠯᠠᠮᠵᠢᠯᠠᠯ ᠤᠨ ᠬᠥᠮᠦᠵᠢᠯ ᠢ ᠥᠷᠨᠢᠭᠦᠯᠬᠦ ᠂ ᠤᠯᠤᠰ ᠢᠶᠠᠨ | ᠬᠠᠶᠢᠷᠠᠯᠠᠬᠤ ᠦᠵᠡᠯ ᠤᠨ ᠬᠥᠮᠦᠵᠢᠯ ᠢ ᠥᠷᠨᠢᠭᠦᠯᠬᠦ ᠠᠮᠢᠳᠤᠯᠢᠭ ᠵᠢᠭᠠᠬᠤ ᠮᠠᠲ᠋ᠧᠷᠢᠶᠠᠯ ᠮᠥᠨ ᠂ ᠡᠨᠡ ᠬᠦ | ᠵᠢᠭᠠᠬᠤ ᠮᠠᠲ᠋ᠧᠷᠢᠶᠠᠯ ᠢ ᠰᠠᠶᠢᠲᠤᠷ ᠬᠡᠷᠡᠭᠯᠡᠵᠦ ᠂ ᠨᠠᠮ ᠤᠨ ᠭᠡᠰᠢᠭᠦᠨ ᠺᠠᠳ᠋ᠷ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠬᠦᠴᠢᠷ | ᠪᠡᠷᠬᠡᠰᠢᠶᠡᠯ ᠠᠴᠠ ᠠᠶᠤᠬᠤ ᠦᠭᠡᠢ ᠂ ᠠᠶᠤᠯ ᠲᠦᠭᠰᠢᠭᠦᠷᠢ ᠠᠴᠠ ᠠᠶᠤᠬᠤ ᠦᠭᠡᠢ ᠂ | ᠵᠣᠷᠢᠭᠲᠠᠢ ᠪᠠᠷ ᠲᠡᠮᠡᠴᠡᠯ ᠬᠢᠵᠦ ᠵᠣᠷᠢᠭᠲᠠᠢ ᠪᠠᠷ ᠢᠯᠠᠯᠲᠠ ᠣᠯᠬᠤ ᠵᠣᠷᠢᠭ ᠰᠠᠨᠠᠭ᠎ᠠ ᠶᠢ | ᠤᠯᠠᠮᠵᠢᠯᠠᠨ ᠪᠠᠳᠠᠷᠠᠭᠤᠯᠵᠤ ᠂ ᠠᠷᠠᠳ ᠲᠦᠮᠡᠨ ᠳᠤ ᠨᠢᠭᠲᠠ ᠲᠦᠰᠢᠭᠯᠡᠨ ᠂ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ | ᠮᠠᠨᠳᠤᠯᠳᠠ ᠶᠢᠨ ᠠᠭᠤᠤ ᠦᠢᠯᠡᠰ ᠢ ᠲᠠᠰᠤᠷᠠᠯᠳᠠ ᠦᠭᠡᠢ ᠤᠷᠤᠭᠰᠢᠯᠠᠭᠤᠯᠬᠤ ᠬᠡᠷᠡᠭᠲᠡᠢ ᠭᠡᠵᠦ | ᠴᠢᠬᠤᠯᠠᠴᠢᠯᠠᠪᠠ ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠲᠥᠪ ᠤᠨ ᠠᠯᠪᠠᠨ | ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ ᠃ | ᠯᠢ ᠭᠠᠨ ᠵᠢᠶᠧ ᠂ ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠳᠡᠭᠡᠷ᠎ᠡ ᠳᠤᠷᠠᠳᠤᠭᠰᠠᠨ ᠬᠤᠯᠪᠣᠭᠳᠠᠯ ᠪᠦᠬᠦᠢ | ᠠᠵᠢᠯᠯᠠᠭ᠎ᠠ ᠳᠤ ᠲᠤᠰ ᠲᠤᠰ ᠣᠷᠣᠯᠴᠠᠵᠤ ᠂ ᠭᠤᠣᠯ ᠰᠡᠳᠦᠪᠲᠦ ᠬᠥᠮᠦᠵᠢᠯ ᠤᠨ ᠲᠥᠪ ᠤᠨ | ᠲᠠᠪᠤᠳᠤᠭᠠᠷ ᠲᠣᠭᠤᠷᠢᠨ ᠵᠢᠯᠤᠭᠤᠳᠬᠤ ᠳᠤᠭᠤᠶᠢᠯᠠᠩ ᠤᠨ ᠬᠠᠷᠢᠭᠤᠴᠠᠯᠭᠠᠲᠠᠨ ᠬᠠᠷᠢᠭᠤ ᠮᠡᠳᠡᠭᠦᠯᠦᠯᠲᠡ ᠶᠢᠨ | ᠬᠤᠷᠠᠯ ᠳᠤ ᠣᠷᠣᠯᠴᠠᠵᠠᠢ ᠃ | | | | | | |