ᠪᠦᠷᠢᠨᠪᠠᠳᠣ
          ᠪᠦᠷᠢᠨᠪᠠᠲᠤ ᠂ ᠡᠷᠡᠭᠲᠡᠢ ᠂ ᠮᠣᠩᠭᠣᠯ ᠦᠨᠳᠦᠰᠦᠲᠡᠨ ᠂ 1972 ᠣᠨ ᠤ 10 ᠰᠠᠷ᠎ᠠ ᠳᠤ ᠲᠦᠷᠦᠵᠠᠢ ᠂ ᠥᠪᠥᠷ ᠮᠣᠩᠭᠣᠯ ᠤᠨ ᠰᠢᠯᠤᠭᠤᠨ ᠬᠦᠬᠡ ᠬᠣᠰᠢᠭᠤᠨ ᠳᠤ ᠨᠤᠲᠤᠭ ᠲᠠᠶ ᠂ 1995 ᠣᠨ ᠤ 12 ᠰᠠᠷ᠎ᠠ ᠳᠤ ᠠᠵᠢᠯ ᠳᠤ ᠣᠷᠣᠵᠤ ᠂ 1999 ᠣᠨ ᠤ 9 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠵᠦ  ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠶ ᠂ ᠲᠠᠷᠢᠶᠠᠯᠠᠩ ᠤᠨ ᠤᠬᠠᠭᠠᠨ ᠤ ᠣᠶᠤᠲᠠᠨ ᠢᠶᠠᠷ ᠡᠯᠰᠡᠭᠳᠡᠵᠡᠢ᠃ ᠣᠳᠣ ᠰᠢᠯᠤᠭᠤᠨ ᠬᠥᠬᠡ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃        ᠰᠢᠯᠤᠭᠤᠨ ᠬᠥᠬᠡ ᠬᠣᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠤ ᠨᠠᠷᠢᠨ ᠪᠢᠴᠢᠭᠡᠴᠢ ᠂ ᠰᠢᠯᠤᠭᠤᠨ ᠬᠥᠬᠡ ᠬᠣᠰᠢᠭᠤᠨ ᠤ ᠮᠠᠯ ᠠᠵᠤ ᠠᠬᠤᠶ ᠶᠢᠨ ᠲᠣᠪᠴᠢᠶᠠᠨ ᠤ ᠳᠡᠳ᠋  ᠲᠣᠪᠴᠢᠶᠠᠨᠳᠠᠷᠤᠭ᠎ᠠ ᠂ ᠰᠢᠯᠤᠭᠤᠨ ᠬᠥᠬᠡ ᠬᠣᠰᠢᠭᠤᠨ ᠤ ᠣᠷᠳᠣ  ᠶᠢᠨ ᠲᠠᠯ᠎ᠠ ᠰᠤᠮᠤᠨ ᠤ ᠨᠠᠮ ᠤᠨ ᠬᠣᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠰᠤᠮᠤᠨ ᠳᠠᠷᠤᠭ᠎ᠠ ︵ ᠡᠨᠡ ᠬᠤᠭᠤᠴᠠᠭᠠᠨ ᠳᠤ ᠄ 2002 . 09—2005 . 07 ᠥᠪᠥᠷ ᠮᠣᠩᠭᠣᠯ ᠤᠨ ᠲᠠᠷᠢᠶᠠᠯᠠᠩ ᠤᠨ ᠶᠡᠬᠡ ᠰᠤᠷᠭᠠᠭᠤᠯᠢ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠤᠰᠬᠠᠶ ᠮᠡᠷᠭᠡᠵᠢᠯ ᠳᠦ ᠰᠤᠷᠤᠯᠴᠠᠵᠤ ᠂  ᠲᠠᠷᠢᠶᠠᠯᠠᠩ ᠤᠨ ᠤᠬᠠᠭᠠᠨ ᠤ  ᠮᠠᠭᠢᠰᠲᠷ ᠴᠤᠯᠠ ᠣᠯᠪᠠ︶ ᠰᠢᠯᠤᠭᠤᠨ ᠬᠥᠬᠡ ᠬᠣᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠶᠢᠨ ᠳᠡᠳ᠋ ᠱᠦᠵᠢ ᠂ ᠰᠢᠯᠤᠭᠤᠨ ᠬᠥᠬᠡ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠶ᠎ᠠ ᠶᠢᠨ ᠠᠯᠪᠠᠨ ᠬᠡᠷ ᠦᠨ ᠡᠷᠬᠢᠯᠡᠭᠴᠢ ᠂ ᠰᠢᠯᠤᠭᠤᠨ ᠬᠥᠬᠡ ᠬᠣᠰᠢᠭᠤᠨ ᠤ ᠣᠷᠣᠨ ᠰᠠᠭᠤᠴᠠ ᠪᠠ ᠬᠣᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶᠠᠨ ᠳᠠᠷᠤᠭ᠎ᠠ ᠂ ᠰᠢᠯᠤᠭᠤᠨ ᠬᠥᠬᠡ ᠬᠣᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠳᠠᠷᠤᠭ᠎ᠠ ᠂ ᠰᠢᠯᠤᠭᠤᠨ ᠬᠥᠬᠡ ᠬᠣᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂  ᠲᠣᠪᠴᠢᠶᠠᠨ ᠳᠠᠷᠤᠭ᠎ᠠ ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠂ ᠰᠢᠯᠤᠭᠤᠨ ᠬᠥᠬᠡ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠶ᠎ᠠ ᠶᠢᠨ ᠳᠡᠳ᠋ ᠡᠷᠬᠢᠯᠡᠭᠴᠢ ᠶᠢᠨ ᠵᠢᠱᠢᠭᠳᠡᠭᠴᠢ ᠂ ᠬᠣᠰᠢᠭᠤᠨ ᠤ ᠠᠵᠢᠯᠴᠢᠨ ᠤ ᠡᠪᠯᠡᠯ ᠦᠨ ᠲᠡᠷᠢᠭᠦᠯᠡᠭᠴᠢ ᠶᠢᠨ ᠡᠬᠦᠷᠭᠡ ᠶᠢ ᠡᠬᠦᠷᠭᠡᠯᠡᠵᠦ ᠦᠩᠭᠡᠷᠡᠪᠡ ᠃ᠬᠤᠪᠢᠳᠠᠨ  ᠬᠠᠮᠢᠶᠠᠷᠴᠤ ᠪᠠᠶᠢᠭ᠎ᠠ ᠠᠵᠢᠯ      ᠡᠷᠬᠢᠯᠡᠭᠴᠢ ᠶᠢ ᠬᠠᠮᠵᠢᠨ ᠠᠵᠢᠯᠲᠠᠨ ᠤ ᠶᠠᠪᠤᠳᠠᠯ ᠤᠨ ᠲᠥᠯᠥᠭᠡᠯᠡᠭᠴᠢ ᠶᠢ ᠰᠣᠩᠭᠣᠬᠤ ᠠᠵᠢᠯ ᠤᠨ ᠵᠥᠪᠯᠡᠯ ᠂ ᠨᠡᠶᠢᠭᠡᠮ ᠦᠨ ᠪᠠᠶᠢᠭᠤᠯᠤᠯᠲᠠ ᠶᠢᠨ ᠠᠵᠢᠯ ᠤᠨ ᠵᠥᠪᠯᠡᠯ ᠢ ᠬᠤᠪᠢᠳᠠᠨ ᠬᠠᠮᠢᠶᠠᠷᠴᠤ ᠂ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠡᠷᠢᠭᠦᠯᠡᠭᠴᠢᠳ ᠦᠨ ᠪᠦᠯᠬᠦᠮ ᠪᠠ 《 ᠲᠠᠪᠦ‍ ᠨᠢᠭᠡ 》 ᠮᠠᠯᠵᠢᠯ ᠤᠨ ᠲᠠᠯᠠᠪᠠᠶ ᠂  ᠪᠣᠷᠤᠬᠤᠲᠠ ᠵᠢᠱᠢᠶ᠎ᠡ ᠦᠵᠡᠭᠦᠯᠬᠦ ᠲᠣᠭᠣᠷᠢᠭ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢᠳ ᠲᠡᠶ ᠬᠠᠷᠢᠯᠴᠠᠬᠤ ᠠᠯᠪᠠᠨ ᠬᠡᠷ ᠦᠨ ᠠᠵᠢᠯ ᠢ ᠵᠢᠯᠣᠭᠣᠳᠤᠨ᠎ᠠ᠃ ᠦᠨᠳᠦᠰᠦᠲᠡᠨ ᠱᠠᠰᠢᠨ ᠰᠤᠷᠲᠠᠬᠤᠨ ᠂ ᠬᠠᠷᠢᠶᠠᠲᠤ ᠶᠢᠨ ᠶᠠᠪᠤᠳᠠᠯ ᠭᠠᠳᠠᠭᠠᠳᠤ ᠶᠠᠪᠤᠳᠠᠯ ᠂ ᠰᠤᠷᠭᠠᠨ ᠬᠥᠮᠦᠵᠢᠯ ᠂ ᠰᠢᠨᠵᠢᠯᠡᠬᠦ ᠤᠬᠠᠭᠠᠨ ᠮᠡᠷᠭᠡᠵᠢᠯ ᠂ ᠡᠷᠡᠭᠦᠯ ᠬᠠᠮᠠᠭᠠᠯᠠᠯ ᠂ ᠬᠥᠳᠡᠯᠮᠦᠷᠢ ᠠᠵᠢᠯ ᠣᠯᠭᠣᠯᠲᠠ ᠂ ᠨᠡᠶᠢᠭᠡᠮ ᠦᠨ ᠪᠠᠲᠤᠯᠠᠭ᠎ᠠ ᠂ ᠠᠷᠠᠳ ᠤᠨ ᠶᠠᠪᠤᠳᠠᠯ  ᠵᠡᠷᠭᠡ ᠠᠵᠢᠯ ᠢ ᠬᠠᠷᠢᠭᠤᠴᠠᠨ᠎ᠠ᠃      ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠬᠤ ᠵᠥᠪᠯᠡᠯ ᠂ ᠵᠣᠬᠢᠶᠠᠨ ᠪᠠᠶᠢᠭᠤᠯᠬᠤ ᠬᠡᠯᠲᠡᠰ ᠂ ᠨᠢᠭᠡᠳᠦᠮᠡᠯ ᠹᠷᠣᠨᠲ᠋ ᠤᠨ ᠬᠡᠯᠲᠡᠰ ᠂ ᠲᠣᠭᠣᠷᠢᠨ ᠪᠠᠶᠢᠴᠠᠭᠠᠬᠤ ᠠᠯᠪᠠᠨ ᠭᠡᠷ ᠂ ᠰᠤᠷᠭᠠᠨ ᠬᠥᠮᠦᠵᠢᠯ ᠦᠨ ᠲᠣᠪᠴᠢᠶ᠎ᠠ ᠂ ᠠᠷᠠᠳ ᠤᠨ ᠶᠠᠪᠤᠳᠠᠯ ᠤᠨ ᠲᠣᠪᠴᠢᠶ᠎ᠠ ᠂ ᠬᠥᠮᠦᠨ ᠦ ᠬᠦᠴᠦᠨ ᠦ ᠡᠬᠢ ᠪᠠᠶᠠᠯᠢᠭ ᠪᠠ ᠨᠡᠶᠢᠭᠡᠮ ᠦᠨ ᠪᠠᠲᠤᠯᠠᠭ᠎ᠠ ᠶᠢᠨ ᠲᠣᠪᠴᠢᠶ᠎ᠠ ᠂ ᠦᠨᠳᠦᠰᠦᠲᠡᠨ ᠦ ᠬᠡᠷᠡᠭ ᠡᠷᠬᠢᠯᠡᠬᠦ ᠵᠥᠪᠯᠡᠯ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠂ ᠡᠮᠴᠢᠯᠡᠭᠡᠨ ᠦ ᠪᠠᠲᠤᠯᠠᠭ᠎ᠠ ᠶᠢᠨ ᠲᠣᠪᠴᠢᠶ᠎ᠠ ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠂ ᠵᠠᠬ᠎ᠠ ᠳᠡᠯᠭᠡᠭᠦᠷ ᠦᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠨᠠᠰᠤᠲᠠᠶᠢᠴᠤᠳ ᠤᠨ ᠠᠵᠢᠯᠯᠠᠭᠠᠨ ᠤ ᠲᠥᠪ ᠂ ᠵᠡᠮᠳᠡᠭᠴᠦᠳ ᠦᠨ ᠬᠣᠯᠪᠣᠭᠠᠲᠤ ᠬᠤᠷᠠᠯ ᠂ ᠰᠢᠨᠵᠢᠯᠡᠬᠦ ᠤᠬᠠᠭᠠᠨ ᠮᠡᠷᠭᠡᠵᠢᠯ ᠦᠨ ᠨᠡᠶᠢᠭᠡᠮᠯᠢᠭ ᠂ ᠨᠠᠰᠤᠲᠠᠶᠢᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠦᠨ ᠠᠵᠢᠯᠲᠠᠨ ᠤ ᠨᠡᠶᠢᠭᠡᠮᠯᠢᠭ ᠲᠡᠶ ᠬᠠᠷᠢᠯᠴᠠᠨ᠎ᠠ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号