ᠰᠢᠯᠤᠭᠤᠨ ᠬᠦᠬᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ60 ᠨᠠᠰᠤᠨ ᠠᠴᠠ ᠲᠡᠭᠡᠭᠰᠢᠬᠢ ᠨᠠᠰᠤᠳᠠᠶᠢᠴᠤᠳ ᠲᠤ ᠭᠡᠨᠡᠳᠳᠡ ᠶᠢᠨ ᠭᠡᠮᠳᠦᠯ ᠤᠨ ᠲᠠᠭᠠᠳᠬᠠᠯ ᠬᠤᠳᠠᠯᠳᠤᠨ ᠠᠪᠴᠤ ᠥᠭᠬᠦ ᠠᠯᠪᠠᠨ ᠵᠠᠷ
ᠨᠡᠶᠢᠲᠡᠯᠡᠭᠰᠡᠨ ᠴᠠᠭ᠄
2023/2/28
      ᠬᠦᠮᠦᠨ ᠠᠮᠠ ᠶᠢᠨ ᠨᠠᠰᠤᠵᠢᠯ ᠢ ᠢᠳᠡᠪᠬᠢᠳᠡᠢ ᠠᠷᠭᠠᠴᠠᠵᠤ᠂ ᠨᠡᠶᠢᠭᠡᠮ ᠤᠨ ᠪᠠᠳᠤᠯᠠᠭ᠎ᠠ ᠶᠢᠨ ᠲᠠᠷᠤᠭᠠᠰᠤ ᠶᠢ ᠨᠠᠮᠳᠠᠭᠤᠯᠤᠨ᠂ ᠨᠠᠰᠤᠳᠠᠶᠢᠴᠤᠳ ᠵᠢᠴᠢ ᠲᠡᠳᠡᠨ ᠤ ᠭᠡᠷ ᠪᠥᠯᠢ ᠶᠢᠨ ᠠᠶᠤᠯ ᠲᠥᠭᠰᠢᠭᠦᠷᠢ ᠶᠢ ᠡᠰᠡᠷᠭᠦᠴᠡᠬᠦ ᠴᠢᠳᠠᠪᠤᠷᠢ  ᠶᠢ ᠲᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠤᠬᠢᠴᠠᠯ ᠢ ᠠᠬᠢᠭᠤᠯᠬᠤ ᠶᠢᠨ ᠲᠥᠯᠦᠭᠡ᠂ ᠥᠪᠡᠷᠳᠡᠭᠡᠨ ᠵᠠᠰᠠᠬᠤ ᠤᠷᠤᠨ  ᠤ ᠠᠷᠠᠳ ᠤᠨ ᠶᠠᠪᠤᠳᠠᠯ ᠤᠨ ᠲᠠᠩᠬᠢᠮ ︽ᠥᠪᠦᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠰᠤᠳᠠᠶᠢᠴᠤᠳ  ᠤᠨ ᠭᠡᠨᠡᠳᠳᠡ ᠶᠢᠨ ᠭᠡᠮᠳᠦᠯ ᠤᠨ ᠲᠠᠭᠠᠳᠬᠠᠯ ᠤᠨ ᠬᠡᠷᠡᠭᠵᠢᠭᠦᠯᠬᠦ ᠲᠥᠰᠦᠯ︾ ᠤᠨ ᠲᠤᠬᠠᠢ ᠮᠡᠳᠡᠭᠳᠡᠯ ︵ᠨᠠᠰᠤᠳᠠᠶᠢᠴᠤᠳ ᠠᠯᠪᠠᠨ ᠲᠠᠷᠬᠠᠭᠠᠭᠰᠠᠨ ﹇2018﹈ 2 ᠳ᠋ᠤᠭᠠᠷ ᠲᠤᠭᠠᠳᠤ︶ ᠶᠢᠨ ᠵᠤᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠰᠢᠭᠤ2018 ᠤᠨ ᠠᠴᠠ ᠡᠬᠢᠯᠡᠨ᠂ ᠨᠠᠰᠤᠳᠠᠶᠢᠴᠤᠳ ᠤᠨ ᠭᠡᠨᠡᠳᠳᠡ ᠶᠢᠨ ᠭᠡᠮᠳᠦᠯ  ᠤᠨ ᠲᠠᠭᠠᠳᠬᠠᠯ ᠤᠨ ᠠᠵᠢᠯ ᠢ ᠥᠷᠨᠢᠭᠦᠯᠦᠨ᠂ ᠡᠳᠦᠭᠡ ᠬᠤᠯᠪᠤᠭᠳᠠᠯ ᠪᠥᠬᠦᠢ ᠤᠴᠢᠷ ᠢ ᠲᠤᠤᠷᠠᠬᠢ ᠮᠡᠳᠦ ᠮᠡᠳᠡᠭᠳᠡᠪᠡ᠄ᠨᠢᠭᠡ᠂ ᠲᠠᠭᠠᠳᠬᠠᠯ ᠬᠦᠷᠳᠡᠬᠦ ᠡᠳᠡᠬᠡᠳᠰᠢᠯᠤᠭᠤᠨ ᠬᠦᠬᠡ ᠬᠤᠰᠢᠭᠤᠨ ᠤ ᠡᠷᠦᠬᠡ ᠠᠮᠠ ᠶᠢᠨ ᠬᠠᠷᠢᠶ᠎ᠠ ᠲᠠᠢ᠂ ᠵᠢᠯ ᠪᠦᠷᠢ ᠶᠢᠨ4 ᠰᠠᠷ᠎ᠠ ᠶᠢᠨ30 ᠤ ᠡᠳᠦᠷ ᠪᠤᠯᠳᠠᠯ᠎ᠠ ︵ᠪᠠᠭᠳᠠᠭᠠᠨ᠎ᠠ︶ ᠪᠥᠬᠦᠯᠢ60 ︵ᠪᠠᠭᠳᠠᠭᠠᠨ᠎ᠠ︶ ᠨᠠᠰᠤᠨ ᠠᠴᠠ ᠲᠡᠭᠡᠭᠰᠢᠬᠢ ᠨᠠᠰᠤᠳᠠᠶᠢᠴᠤᠳ ᠲᠤ᠂ ᠵᠠᠰᠠᠭ ᠤᠨ ᠤᠷᠳᠤᠨ ᠠᠴᠠ ᠪᠡᠯᠡ ᠮᠥᠩᠭᠦ ᠭᠠᠷᠭᠠᠨ ᠬᠥᠮᠦᠨ ᠪᠦᠷᠢ ᠳᠤ ᠨᠢᠭᠡ ᠬᠤᠪᠢ ᠭᠡᠨᠡᠳᠳᠡ ᠶᠢᠨ ᠭᠡᠮᠳᠦᠯ ᠤᠨ ᠲᠠᠭᠠᠳᠬᠠᠯ ᠬᠤᠳᠠᠯᠳᠤᠨ ᠠᠪᠴᠤ ᠥᠭᠭᠦᠨ᠎ᠡ᠃ᠬᠤᠶᠠᠷ᠂ ᠲᠠᠭᠠᠳᠬᠠᠯ ᠤᠨ ᠬᠠᠷᠢᠴᠠᠭᠤᠯᠭ᠎ᠠᠪᠥᠬᠦ ᠤᠯᠤᠰ ᠤᠨ ᠬᠡᠪᠴᠢᠶᠡᠨ ᠳᠤ ︵ᠰᠢᠶᠠᠩᠭᠠᠩ᠂ ᠤᠤᠮᠸᠡ᠂ ᠲᠠᠶᠢᠸᠠᠨ ᠠᠴᠠ ᠪᠤᠰᠤᠳ︶ ᠭᠡᠨᠡᠳᠳᠡ ᠶᠢᠨ ᠭᠡᠮᠳᠦᠯ ᠠᠴᠠ ᠪᠤᠯᠵᠤ ᠪᠡᠶ᠎ᠡ ᠦᠷᠡᠭᠳᠡᠭᠰᠡᠨ᠂ ᠰᠢᠷᠬᠠᠳᠤᠵᠤ ᠵᠡᠮᠳᠡᠭ ᠪᠤᠯᠤᠭᠰᠠᠨ ᠪᠤᠶᠤ ᠡᠮᠨᠡᠯᠭᠡ ᠳᠤ ᠤᠷᠤᠵᠤ ᠡᠮᠴᠢᠯᠡᠭᠦᠯᠦᠭᠰᠡᠨ ᠳᠤ ᠨᠢ ᠪᠡᠶ᠎ᠡ ᠶᠢᠨ ᠠᠳᠡᠯ ᠤᠨ ᠲᠠᠭᠠᠳᠬᠠᠯ ᠤᠨ ᠮᠥᠩᠭᠦ᠂ ᠭᠡᠨᠡᠳᠳᠡ ᠶᠢᠨ ᠭᠡᠮᠳᠦᠯ ᠤᠨ ᠲᠠᠭᠠᠳᠬᠠᠯ ᠤᠨ ᠮᠥᠩᠭᠦ ᠪᠤᠶᠤ ᠡᠮ ᠡᠮᠨᠡᠯᠭᠡ ᠶᠢᠨ ᠲᠠᠭᠠᠳᠬᠠᠯ ᠤᠨ ᠮᠥᠩᠭᠦ ᠶᠢ ᠲᠤᠭᠳᠠᠭᠰᠠᠨ ᠶᠤᠰᠤᠭᠠᠷ ᠥᠭᠭᠦᠨ᠎ᠡ ᠃ ᠭᠡᠨᠡᠳᠳᠡ ᠶᠢᠨ ᠭᠡᠮᠳᠦᠯ ᠤᠨ ᠰᠢᠷᠬᠠᠳᠤᠯ ᠳᠤ ᠭᠡᠷ ᠤᠨ ᠭᠠᠳᠠᠨ᠎ᠠ ᠲᠤᠳᠤᠨ᠎ᠠ ᠵᠢᠴᠢ ᠤᠯᠠᠨ ᠨᠡᠶᠢᠳᠡ ᠶᠢᠨ ᠲᠠᠯᠠᠪᠤᠷ ᠲᠤ ᠭᠠᠷᠤᠭᠰᠠᠨ ᠭᠡᠮᠳᠦᠯ ︵ᠵᠢᠱᠢᠶᠡᠯᠡᠪᠡᠯ ᠵᠠᠮ ᠶᠠᠪᠤᠵᠤ ᠤᠨᠠᠬᠤ᠂ ᠮᠥᠷᠭᠦᠬᠦ᠂ ᠥᠨᠳᠦᠷ ᠲᠡᠭᠡᠷ᠎ᠡ ᠠᠴᠠ ᠤᠨᠠᠵᠤ ᠢᠷᠡᠭᠰᠡᠨ ᠪᠤᠳᠠᠰ᠂ ᠴᠠᠬᠢᠯᠭᠠᠨ ᠲᠠᠭᠠᠷᠢᠯᠳᠠ᠂ ᠤᠰᠤᠨ ᠳᠤ ᠴᠠᠴᠠᠬᠤ ᠵᠡᠷᠭᠡ︶ ᠵᠢᠴᠢ ᠨᠡᠶᠢᠳᠡ ᠶᠢᠨ ᠮᠠᠰᠢᠨ  ᠳᠤ ᠰᠠᠭᠤᠬᠤ᠂ ᠤᠯᠠᠨ ᠨᠡᠶᠢᠳᠡ ᠶᠢᠨ ᠲᠠᠯᠠᠪᠤᠷ ᠲᠤ ᠤᠷᠤᠯᠴᠠᠬᠤ᠂ ᠨᠠᠰᠤᠳᠠᠨ ᠢ ᠠᠰᠠᠷᠠᠬᠤ ᠬᠦᠷᠢᠶᠡᠯᠡᠩ ᠳᠤ ᠤᠷᠤᠬᠤ᠂ ᠭᠠᠳᠠᠭᠰᠢ ᠭᠠᠷᠴᠤ ᠵᠢᠭᠤᠯᠴᠢᠯᠠᠬᠤ᠂ ᠬᠡᠪ ᠤᠨ ᠦᠢᠯᠡᠳᠪᠦᠷᠢᠯᠡᠯ ᠤᠨ ᠠᠵᠢᠯᠯᠠᠭ᠎ᠠ ᠶᠢᠨ ᠶᠠᠪᠤᠴᠠ ᠳᠤ ᠡᠭᠦᠰᠦᠭᠰᠡᠨ ᠭᠡᠨᠡᠳᠳᠡ ᠶᠢᠨ ᠭᠡᠮᠳᠦᠯ ᠵᠡᠷᠭᠡ ᠪᠠᠭᠳᠠᠨ᠎ᠠ᠃ᠭᠤᠷᠪᠠ᠂  ᠲᠠᠭᠠᠳᠬᠠᠯ ᠤᠨ ᠬᠤᠭᠤᠴᠠᠭᠠᠨ ᠬᠢᠵᠠᠭᠠᠷᠵᠢᠯ ᠪᠦᠷᠢ ᠶᠢᠨ5 ᠰᠠᠷ᠎ᠠ ᠶᠢᠨ1 ᠡᠳᠦᠷ ᠠᠴᠠ ᠲᠠᠷᠠᠭ᠎ᠠ ᠵᠢᠯ ᠤᠨ4 ᠰᠠᠷ᠎ᠠ ᠶᠢᠨ30 ᠤ ᠡᠳᠦᠷ ᠪᠤᠯᠳᠠᠯ᠎ᠠ᠃ᠲᠦᠷᠪᠡ᠂ ᠲᠠᠭᠠᠳᠬᠠᠯ ᠤᠨ ᠵᠤᠭᠤᠰ ᠤᠨ ᠲᠤᠭ᠎ᠠ ᠬᠢᠭᠡᠳ ᠲᠠᠭᠠᠳᠬᠠᠯ ᠤᠨ ᠵᠠᠷᠤᠳᠠᠯᠶᠡᠷᠦᠩᠬᠡᠢ ᠲᠠᠭᠠᠳᠬᠠᠯ ᠤᠨ ᠵᠤᠭᠤᠰ ᠤᠨ ᠲᠤᠭ᠎ᠠ ᠨᠢ ᠬᠥᠮᠦᠨ ᠪᠦᠷᠢ ᠳᠤ25000 ᠲᠦᠭᠦᠷᠢᠭ᠂ ᠡᠭᠦᠨ ᠳᠤ ᠭᠡᠨᠡᠳᠳᠡ ᠶᠢᠨ ᠭᠡᠮᠳᠦᠯ ᠤᠨ ᠲᠠᠭᠠᠳᠬᠠᠯ ᠤᠨ ᠵᠤᠭᠤᠰ ᠤᠨ ᠲᠤᠭ᠎ᠠ ᠨᠢ200000 ᠲᠦᠭᠦᠷᠢᠭ᠂ ᠭᠡᠨᠡᠳᠳᠡ ᠶᠢᠨ ᠰᠢᠷᠬᠠᠳᠤᠯ ᠤᠨ ᠡᠮᠴᠢᠯᠡᠭᠡᠨ ᠤ ᠰᠦᠢᠳᠬᠡᠯ ︵ᠡᠭᠦᠳᠡᠨ ᠡᠮᠨᠡᠯᠭᠡ ᠪᠠ ᠡᠮᠨᠡᠯᠭᠡ ᠳᠤ ᠰᠠᠭᠤᠭᠰᠠᠨ︶5000 ᠲᠦᠭᠦᠷᠢᠭ︔ᠲᠠᠭᠠᠳᠬᠠᠯ ᠤᠨ ᠵᠠᠷᠤᠳᠠᠯ᠄ ᠬᠥᠮᠦᠨ ᠪᠥᠷᠢ ᠵᠢᠯ ᠳᠤ15 ᠲᠦᠭᠦᠷᠢᠭ᠃ᠲᠠᠪᠤ᠂ ᠲᠠᠭᠠᠳᠬᠠᠯ ᠬᠠᠷᠢᠭᠤᠴᠠᠭᠰᠠᠨ ᠺᠤᠮᠫᠠᠨᠢᠰᠢᠯᠤᠭᠤᠨ ᠬᠦᠬᠡ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠ ᠪᠤᠯᠤᠨ ᠲᠤᠮᠳᠠᠳᠤ ᠤᠯᠤᠰ ᠤᠨ ᠠᠮᠢ ᠨᠠᠰᠤᠨ ᠤ ᠲᠠᠭᠠᠳᠬᠠᠯ ᠤᠨ ᠬᠤᠪᠢ ᠤᠷᠤᠭᠤᠯᠤᠭᠰᠠᠨ ᠬᠢᠵᠠᠭᠠᠷᠳᠤ ᠺᠤᠮᠫᠠᠨᠢ ᠶᠢᠨ ᠭᠠᠷ ᠤᠨ ᠦᠰᠦᠭ ᠵᠢᠷᠤᠭᠰᠠᠨ ︽ᠨᠠᠰᠤᠳᠠᠶᠢᠴᠤᠳ ᠤᠨ ᠭᠡᠨᠡᠳᠳᠡ ᠶᠢᠨ ᠭᠡᠮᠳᠦᠯ ᠤᠨ ᠲᠠᠭᠠᠳᠬᠠᠯ ᠤᠨ ᠬᠡᠯᠡᠯᠴᠡᠭᠡᠷ︾ ᠢ ᠦᠨᠳᠦᠰᠦᠯᠡᠵᠦ᠂ ᠲᠤᠮᠳᠠᠳᠤ ᠤᠯᠤᠰ ᠤᠨ ᠠᠮᠢ ᠨᠠᠰᠤᠨ ᠤ ᠲᠠᠭᠠᠳᠬᠠᠯ ᠤᠨ ᠬᠤᠪᠢ ᠤᠷᠤᠭᠤᠯᠤᠭᠰᠠᠨ ᠬᠢᠵᠠᠭᠠᠷᠳᠤ ᠺᠤᠮᠫᠠᠨᠢ ᠶᠢᠨ ᠰᠢᠯᠤᠭᠤᠨ ᠬᠦᠬᠡ ᠬᠤᠰᠢᠭᠤᠨ ᠤ ᠬᠤᠪᠢᠶᠠᠷᠢ ᠺᠤᠮᠫᠠᠨᠢ ᠠᠴᠠ ᠲᠠᠭᠠᠳᠬᠠᠯ ᠬᠦᠯᠢᠶᠡᠪᠡ᠃ᠵᠢᠷᠭᠤᠭ᠎ᠠ᠂ ᠲᠥᠯᠦᠬᠦ ᠶᠠᠪᠤᠴᠠ⒈ ᠲᠦᠯᠦᠪᠦᠷᠢ ᠨᠡᠬᠡᠵᠦ ᠬᠡᠷᠡᠭ ᠮᠡᠳᠡᠭᠦᠯᠬᠦ᠃ ᠲᠠᠭᠠᠳᠬᠠᠯ ᠤᠨ ᠠᠳᠡᠯ ᠭᠠᠷᠤᠭᠰᠠᠨ ᠦᠶ᠎ᠡ ᠳᠤ᠂ ᠳ᠋ᠢᠶᠠᠩᠬᠤᠸᠠ  ᠶᠢᠨ ᠬᠡᠯᠪᠡᠷᠢ ᠪᠠᠷ ᠬᠡᠷᠡᠭ ᠮᠡᠳᠡᠭᠦᠯᠬᠦ ᠬᠡᠷᠡᠭᠳᠡᠢ᠃ ᠲᠠᠭᠠᠳᠬᠠᠯ ᠤᠨ ᠺᠤᠮᠫᠠᠨᠢ ᠶᠢᠨ ᠬᠠᠷᠢᠴᠠᠭᠠᠨ ᠤ ᠡᠷᠦᠬᠡ ᠶᠢᠨ ᠦᠢᠯᠡᠴᠢᠯᠡᠭᠡᠨ ᠤ ᠲᠤᠰᠬᠠᠢ ᠱᠤᠭᠤᠮ ᠢ ᠤᠳᠠᠰᠤᠳᠠᠭᠤᠯᠬᠤ ︵ᠪᠢᠴᠢᠭ ᠮᠠᠲ᠋ᠧᠷᠢᠶᠠᠯ ᠤᠨ ᠲᠤᠤᠷ᠎ᠠ ᠲᠠᠯ᠎ᠠ ᠶᠢ ᠦᠵᠡ︶᠂ ᠲᠥᠯᠦᠪᠦᠷᠢ ᠥᠭᠬᠦ ᠵᠢᠯᠤᠭᠤᠳᠤᠯᠭ᠎ᠠ ᠶᠢ ᠬᠦᠯᠢᠶᠡᠬᠦ ᠬᠡᠷᠡᠭᠳᠡᠢ᠃ ᠤᠨᠳᠤᠤ ᠭᠠᠵᠠᠷ ᠲᠤ ᠲᠠᠭᠠᠳᠬᠠᠯ ᠤᠨ ᠠᠳᠡᠯ ᠭᠠᠷᠤᠭᠰᠠᠨ ᠦᠶ᠎ᠡ ᠳᠤ᠂ ᠲᠤᠮᠳᠠᠳᠤ ᠤᠯᠤᠰ ᠤᠨ ᠠᠮᠢ ᠨᠠᠰᠤᠨ ᠤ ᠡᠯ᠎ᠡ ᠬᠤᠪᠢᠶᠠᠷᠢ ᠰᠠᠯᠪᠤᠷᠢ ᠪᠠᠶᠢᠭᠤᠯᠤᠮᠵᠢ   ᠲᠥᠯᠦᠪᠦᠷᠢ ᠥᠭᠬᠦ ᠶᠢ ᠬᠦᠯᠢᠶᠡᠨ ᠠᠪᠬᠤ ᠪᠠᠷ ᠭᠤᠶᠤᠴᠢᠯᠠᠵᠤ ᠪᠤᠯᠤᠨ᠎ᠠ᠃⒉ ᠲᠥᠯᠦᠪᠦᠷᠢ ᠶᠢᠨ ᠮᠠᠲ᠋ᠧᠷᠢᠶᠠᠯ᠃ ᠲᠦᠭᠰᠢᠭᠦᠷᠢ ᠭᠠᠷᠬᠤ ᠬᠦᠮᠦᠨ ᠤ ᠪᠡᠶ᠎ᠡ ᠶᠢᠨ ᠭᠠᠷᠤᠯ ᠤᠨ ᠭᠡᠷᠡᠴᠢ ᠶᠢᠨ ᠤᠭ ᠮᠠᠲ᠋ᠧᠷᠢᠶᠡᠯ᠂ ᠲᠠᠷᠤᠮᠯᠠᠭᠰᠠᠨ ᠮᠠᠲ᠋ᠧᠷᠢᠶᠠᠯ︔ ᠡᠮᠴᠢᠯᠡᠭᠡᠨ ᠤ ᠵᠠᠷᠤᠳᠠᠯ ᠤᠨ ᠪᠠᠷᠢᠮᠳᠠ ᠶᠢᠨ ᠤᠭ ᠮᠠᠲ᠋ᠧᠷᠢᠶᠠᠯ᠂ ᠲᠠᠷᠤᠮᠯᠠᠭᠰᠠᠨ ᠮᠠᠲ᠋ᠧᠷᠢᠶᠠᠯ︔ ᠵᠠᠷᠤᠳᠠᠯ ᠤᠨ ᠲᠤᠳᠤᠷᠬᠠᠢ ᠬᠠᠭᠤᠳᠠᠰᠤ︔ ᠡᠮᠨᠡᠯᠭᠡ ᠳᠤ ᠰᠠᠭᠤᠬᠤ ᠪᠥᠷᠢᠨ ᠪᠥᠳᠦᠨ ᠡᠪᠡᠳᠴᠢᠨ ᠤ ᠲᠡᠦᠬᠡ ᠪᠠ ᠡᠮᠨᠡᠯᠭᠡ ᠠᠴᠠ ᠭᠠᠷᠬᠤ ᠪᠠᠭ᠎ᠠ ᠳ᠋ᠦᠩᠨᠡᠯᠳᠡ︔ ᠤᠨᠤᠰᠢᠯᠠᠯᠳᠠ ᠶᠢᠨ ᠭᠡᠷᠡᠴᠢ︔ ᠭᠡᠨᠡᠳᠳᠡ  ᠶᠢᠨ ᠠᠳᠡᠯ ᠤᠨ ᠭᠡᠷᠡᠴᠢ ︵ᠵᠠᠮ ᠬᠠᠷᠢᠯᠴᠠᠭᠠᠨ ᠤ ᠠᠳᠡᠯ᠂ ᠪᠠᠶᠢᠭᠠᠯᠢ ᠶᠢᠨ ᠭᠠᠮᠰᠢᠭ︶︔ ᠲᠠᠭᠠᠳᠬᠠᠭᠳᠠᠭᠴᠢ ᠶᠢᠨ ᠪᠠᠩᠭᠢ ᠶᠢᠨ ᠲᠠᠩᠰᠠ ᠶᠢᠨ ᠲᠠᠷᠤᠮᠯᠠᠭᠰᠠᠨ ᠮᠠᠲ᠋ᠧᠷᠢᠶᠠᠯ᠃ ᠲᠠᠭᠠᠳᠬᠠᠭᠳᠠᠭᠴᠢ ᠭᠡᠨᠡᠳᠳᠡ ᠪᠠᠷ ᠰᠢᠷᠬᠠᠳᠤᠵᠤ ᠭᠡᠮᠳᠦᠭᠰᠡᠨ ᠠᠴᠠ ᠪᠤᠯᠵᠤ ᠪᠡᠶ᠎ᠡ ᠠᠳᠡᠯ ᠳᠤ ᠤᠴᠠᠷᠠᠭᠰᠠᠨ ᠪᠠᠶᠢᠪᠠᠯ᠂ ᠠᠰᠢᠭ ᠭᠦᠷᠳᠡᠭᠴᠢ ᠨᠢ ᠬᠠᠮᠢᠶ᠎ᠠ ᠪᠥᠬᠦᠢ ᠮᠠᠲ᠋ᠧᠷᠢᠶᠠᠯ ᠢ ᠠᠪᠴᠤ ᠲᠥᠯᠦᠪᠦᠷᠢ ᠶᠢ ᠰᠢᠢᠳᠪᠦᠷᠢᠯᠡᠵᠦ ᠪᠤᠯᠤᠨ᠎ᠠ᠃⒊ ᠲᠦᠯᠦᠪᠦᠷᠢ ᠶᠢ ᠰᠢᠢᠳᠪᠦᠷᠢᠯᠡᠬᠦ᠃ ᠪᠤᠳᠠᠳᠤ ᠪᠠᠶᠢᠳᠠᠯ ᠢ ᠲᠤᠳᠤᠷᠬᠠᠢ᠂ ᠮᠠᠲ᠋ᠧᠷᠢᠶᠠᠯ ᠨᠢ ᠪᠦᠷᠢ ᠭᠦᠢᠴᠡᠳ ᠲᠦᠭᠦᠮ ᠬᠡᠷᠡᠭ ᠢ 2 ᠡᠳᠦᠷ ᠲᠠᠭᠤᠰᠬᠠᠵᠤ᠂ ᠡᠩ ᠤᠨ ᠬᠡᠷᠡᠭ ᠢ 3 ᠡᠳᠦᠷ ᠲᠠᠭᠤᠰᠬᠠᠵᠤ᠂ ᠬᠡᠷᠡᠭ ᠢ ᠲᠠᠭᠤᠰᠬᠠᠭᠰᠠᠨ ᠤ ᠲᠠᠷᠠᠭ᠎ᠠ5 —10 ᠠᠵᠢᠯᠯᠠᠬᠤ ᠡᠳᠦᠷ ᠤᠨ ᠲᠤᠳᠤᠷ᠎ᠠ ᠵᠤᠭᠤᠰ ᠲᠥᠯᠦᠵᠦ ᠲᠠᠩᠰᠠᠨ ᠳᠤ ᠤᠷᠤᠭᠤᠯᠤᠨ᠎ᠠ᠃ ᠳᠠᠭᠠᠳᠬᠠᠭᠤᠯᠤᠭᠴᠢ ᠶᠢᠨ ᠠᠳᠠᠯᠢ ᠨᠢᠭᠡᠨ ᠲᠠᠭᠠᠳᠬᠠᠯ ᠤᠨ ᠤᠨ ᠤ ᠲᠤᠳᠤᠷ᠎ᠠ2 ᠤᠳᠠᠭ᠎ᠠ ᠠᠴᠠ ᠲᠡᠭᠡᠭᠰᠢ ᠭᠡᠨᠡᠳᠳᠡ ᠶᠢᠨ ᠶᠠᠪᠤᠳᠠᠯ ᠭᠠᠷᠪᠠᠯ᠂ ᠴᠦᠮ ᠲᠥᠯᠦᠭᠦᠯᠬᠦ ᠪᠠᠷ ᠭᠤᠶᠤᠴᠢᠯᠠᠵᠤ ᠪᠤᠯᠤᠨ᠎ᠠ᠂ ᠭᠡᠪᠡᠴᠤ ᠠᠳᠠᠯᠢ ᠨᠢᠭᠡᠨ ᠭᠡᠨᠡᠳᠳᠡ ᠶᠢᠨ ᠠᠳᠡᠯ ᠠᠴᠠ ᠪᠤᠯᠤᠭᠰᠠᠨ ᠵᠠᠷᠤᠳᠠᠯ ᠢ ᠲᠠᠪᠬᠤᠷᠳᠠᠭᠤᠯᠤᠨ ᠲᠦᠯᠥᠬᠦ ᠦᠭᠡᠢ᠃⒋ ᠵᠡᠮᠳᠡᠭ ᠤᠨ ᠬᠢᠨᠠᠨ ᠲᠤᠭᠳᠠᠭᠠᠯᠳᠠ᠃ ᠲᠠᠭᠠᠳᠬᠠᠭᠤᠯᠤᠭᠴᠢ ᠭᠡᠨᠡᠳᠳᠡ ᠶᠢᠨ ᠠᠳᠡᠯ ᠠᠴᠠ ᠪᠤᠯᠵᠤ ᠪᠡᠶ᠎ᠡ ᠨᠢ ᠵᠡᠮᠳᠡᠭ ᠪᠤᠯᠤᠭᠰᠠᠨ ᠪᠤᠯ ᠡᠮᠨᠡᠨ ᠵᠠᠰᠠᠵᠤ ᠲᠠᠭᠤᠰᠬᠠᠭᠰᠠᠨ ᠤ ᠲᠠᠷᠠᠭ᠎ᠠ᠂ ᠬᠤᠶᠠᠳᠤᠭᠠᠷ ᠲᠡᠰ ︵ᠪᠠᠭᠳᠠᠨ᠎ᠠ︶ ᠠᠴᠠ ᠲᠡᠭᠡᠭᠰᠢᠬᠢ ᠡᠮᠨᠡᠯᠭᠡ ᠶᠢᠨ ᠬᠤᠷᠢᠶ᠎ᠠ ᠪᠤᠶᠤ ᠲᠠᠭᠠᠳᠬᠠᠭᠤᠯᠤᠭᠴᠢ ᠪᠤᠯᠤᠨ ᠲᠠᠭᠠᠳᠬᠠᠯ ᠤᠨ ᠺᠤᠮᠫᠠᠨᠢ ᠶᠢᠨ ᠬᠤᠶᠠᠷ ᠲᠠᠯ᠎ᠠ ᠪᠠᠷ ᠢᠶᠠᠨ ᠴᠦᠮ ᠮᠡᠳᠡᠷᠡᠭᠰᠡᠨ ᠪᠤᠰᠤᠳ ᠡᠮᠨᠡᠯᠭᠡ ᠶᠢᠨ ᠪᠠᠶᠢᠭᠤᠯᠤᠮᠵᠢ ᠪᠤᠶᠤ ᠬᠢᠨᠠᠨ ᠲᠤᠭᠳᠠᠭᠠᠬᠤ ᠪᠠᠶᠢᠭᠤᠯᠤᠮᠵᠢ ᠠᠴᠠ  ᠲᠠᠭᠠᠳᠬᠠᠭᠤᠯᠤᠭᠴᠢ ᠶᠢᠨ ᠵᠡᠮᠳᠡᠭ ᠤᠨ ᠬᠡᠮᠵᠢᠶ᠎ᠡ ᠶᠢ ᠭᠡᠷᠡᠴᠢᠯᠡᠬᠦ ᠮᠠᠲ᠋ᠧᠷᠢᠶᠠᠯ ᠬᠢᠵᠦ ᠥᠭᠬᠦ ᠬᠡᠷᠡᠭᠳᠡᠢ᠃ ᠬᠡᠷᠪᠡ ᠲᠠᠭᠠᠳᠬᠠᠯ ᠬᠦᠯᠢᠶᠡᠭᠰᠡᠡ ᠲᠠᠯ᠎ᠠ ᠪᠠ ᠲᠠᠭᠠᠳᠬᠠᠯ ᠠᠪᠤᠭᠰᠠᠨ ᠲᠠᠯ᠎ᠠ ᠶᠢᠨ ᠨᠢᠭᠡ ᠲᠠᠯ᠎ᠠ ᠨᠢ ᠵᠡᠮᠳᠡᠭ ᠤᠨ ᠬᠡᠮᠵᠢᠶ᠎ᠡ ᠶᠢ ᠮᠠᠭᠠᠳᠯᠠᠬᠤ ᠳᠤ ᠤᠨᠳᠤᠤ ᠰᠠᠨᠠᠯ ᠲᠠᠢ ᠪᠤᠯ ᠬᠠᠤᠯᠢ ᠴᠠᠭᠠᠵᠠ ᠶᠢᠨ ᠬᠢᠨᠠᠨ ᠲᠤᠭᠳᠠᠭᠠᠬᠤ ᠪᠠᠶᠢᠭᠤᠯᠤᠮᠵᠢ ᠶᠢᠨ ᠬᠢᠨᠠᠨ ᠲᠤᠭᠳᠠᠭᠠᠭᠰᠠᠨ ᠦᠷ᠎ᠡ ᠳ᠋ᠦᠩ ᠢᠶᠠᠷ ᠪᠠᠷᠢᠮᠵᠢᠶ᠎ᠠ ᠪᠤᠯᠭᠠᠨ᠎ᠠ᠃       ᠰᠢᠯᠤᠭᠤᠨ ᠬᠦᠬᠡ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠠᠰᠠᠭᠤᠨ ᠯᠠᠪᠯᠠᠬᠤ ᠤᠳᠠᠰᠤ 0479—42235000       ᠲᠤᠮᠳᠠᠳᠤ ᠤᠯᠤᠰ ᠤᠨ ᠠᠮᠢ ᠨᠠᠰᠤᠨ ᠤ ᠲᠠᠭᠠᠳᠬᠠᠯ ᠤᠨ ᠬᠤᠪᠢ ᠤᠷᠤᠭᠤᠯᠤᠭᠰᠠᠨ ᠬᠢᠵᠠᠭᠠᠷᠳᠤ ᠺᠤᠮᠫᠠᠨᠢ  ᠶᠢᠨ ᠪᠥᠬᠦ ᠤᠯᠤᠰ ᠤᠨ ᠦᠢᠯᠡᠴᠢᠯᠡᠭᠡᠨ ᠤ ᠲᠤᠰᠬᠠᠢ ᠱᠤᠭᠤᠮ᠄ 95519       ᠲᠤᠮᠳᠠᠳᠤ ᠤᠯᠤᠰ ᠤᠨ ᠠᠮᠢ ᠨᠠᠰᠤᠨ ᠤ ᠲᠠᠭᠠᠳᠬᠠᠯ ᠤᠨ ᠰᠢᠯᠤᠭᠤᠨ ᠬᠦᠬᠡ ᠬᠤᠰᠢᠭᠤᠨ ᠤ ᠬᠡᠷᠡᠭᠯᠡᠭᠴᠢᠳ  ᠤᠨ ᠦᠢᠯᠡᠴᠢᠯᠡᠭᠡᠨ ᠤ ᠲᠤᠰᠬᠠᠢ ᠱᠤᠭᠤᠮ᠄ 0479—4237966                                                  ᠰᠢᠯᠤᠭᠤᠨ ᠬᠦᠬᠡ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠ                                                  ᠲᠤᠮᠳᠠᠳᠤ ᠤᠯᠤᠰ ᠤᠨ ᠠᠮᠢ ᠨᠠᠰᠤᠨ ᠤ ᠲᠠᠭᠠᠳᠬᠠᠯ ‍ᠤᠨ‌ᠬᠤᠪᠢ ᠤᠷᠤᠭᠤᠯᠤᠭᠰᠠᠨ ᠬᠢᠵᠠᠭᠠᠷᠳᠤ ᠺᠤᠮᠫᠠᠨᠢ ᠵᠢᠨ‌‍ᠰᠢᠯᠤᠭᠤᠨ ᠬᠦᠬᠡ ᠬᠤᠰᠢᠭᠤᠨ ᠤ ᠬᠤᠪᠢᠶᠠᠷᠢ ᠺᠤᠮᠫᠠᠨᠢ                           2023 ᠤᠨ ᠤ 2 ᠰᠠᠷ᠎ᠠ ᠶᠢᠨ 24 ᠤ ᠡᠳᠦᠷadᠠᠯᠢᠶ᠎ᠠ ᠣᠷᠴᠢᠭᠤᠯᠵᠤ ᠮᠦᠳᠡᠭ ᠬᠢᠨᠠᠪᠠ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠰᠤᠮᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号