ᠣᠢ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠤᠬᠠᠢ ᠰᠢᠯᠤᠭᠤᠨ ᠬᠥᠬᠡ ᠬᠤᠰᠢᠭᠤᠨ  ᠤ ᠠᠷᠠᠳ ᠤᠨ ᠵᠠᠰᠠᠭ ᠤᠨ ᠣᠷᠳᠣᠨ ᠤ ᠵᠠᠷᠯᠢᠭ
ᠨᠡᠶᠢᠲᠡᠯᠡᠭᠰᠡᠨ ᠴᠠᠭ᠄
2023/3/15
ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠬᠤᠰᠢᠭᠤ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠲᠤ᠄

ᠬᠤᠰᠢᠭᠤ ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠭᠰᠠᠨ ᠢᠶᠠᠷ᠂ ᠪᠦᠬᠦ ᠬᠤᠰᠢᠭᠤᠨ ᠤ ᠣᠶ ᠰᠢᠭᠤᠶ

ᠨᠤᠲᠤᠭ ᠪᠡᠯᠴᠢᠭᠡᠷ ᠤᠨ ᠭᠠᠯ ᠲᠦᠢᠮᠡᠷ ᠡᠭᠦᠰᠬᠦ ᠪᠣᠯᠣᠮᠵᠢ ᠶᠡᠬᠡᠲᠡᠢ ᠭᠠᠵᠠᠷ ᠤᠳ ᠲᠤ ᠴᠢᠩᠭ᠎ᠠ ᠰᠡᠷᠭᠡᠶᠢᠯᠡᠯᠲᠡ ᠶᠢᠨ

ᠠᠷᠭ᠎ᠠ ᠪᠣᠳᠤᠯᠭ᠎ᠠ ᠬᠡᠷᠡᠭᠵᠢᠬᠦᠯᠦᠨ᠎ᠡ᠂   ᠲᠣᠣᠷ᠎ᠠ ᠠᠩᠬᠠᠷᠬᠤ ᠵᠦᠢᠯᠡᠰ ᠢ ᠵᠠᠷᠯᠢᠭᠳᠠᠨ ᠮᠡᠳᠡᠭᠳᠡᠶ᠎ᠡ᠄

ᠨᠢᠭᠡ᠂ ᠭᠠᠯ ᠲᠦᠢᠮᠡᠷ ᠢ ᠴᠢᠩᠭ᠎ᠠ ᠰᠡᠷᠭᠡᠶᠢᠯᠡᠬᠦ ᠬᠤᠭᠤᠴᠠᠭ᠎ᠠ

ᠬᠠᠪᠤᠷ᠄ 2023 ᠣᠨ ᠤ 3 ᠰᠠᠷ᠎ᠠ ᠶᠢᠨ 10 ᠠᠴᠠ 6 ᠰᠠᠷ᠎ᠠ ᠶᠢᠨ 15 ᠪᠣᠯᠲᠠᠯ᠎ᠠ

ᠨᠠᠮᠤᠷ᠄ 2023 ᠣᠨ ᠤ 9 ᠰᠠᠷ᠎ᠠ ᠶᠢᠨ 15 ᠠᠴᠠ 11 ᠰᠠᠷ᠎ᠠ ᠶᠢᠨ 15 ᠪᠣᠯᠲᠠᠯ᠎ᠠ

ᠬᠤᠶᠠᠷ᠂ ᠭᠠᠯ ᠲᠦᠢᠮᠡᠷ ᠢ ᠴᠢᠩᠭ᠎ᠠ ᠰᠡᠷᠭᠡᠶᠢᠯᠡᠬᠦ ᠭᠠᠵᠠᠷ ᠣᠷᠣᠨ

ᠡᠯ᠎ᠡ ᠰᠤᠮᠤ ᠪᠠᠯᠭᠠᠰᠤᠨ ︵ᠲᠠᠯᠠᠪᠠᠶ︶ ᠤ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠤ

ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠣᠷᠣᠨ᠂ ᠨᠤᠭᠤ ᠭᠠᠵᠠᠷ ᠤᠨ ᠴᠡᠴᠡᠷᠯᠢᠭ᠂ ᠠᠮᠢ ᠠᠬᠤᠶ

 ᠶᠢᠨ ᠬᠦᠷᠢᠶᠡᠯᠡᠩ᠂ ᠬᠤᠯᠠᠨ ᠰᠢᠷᠭ᠎ᠠ ᠲᠠᠭ᠎ᠠ ᠶᠢᠨ ᠬᠡᠪᠴᠢᠶᠡᠵᠢᠭᠦᠯᠦᠭᠰᠡᠨ ᠣᠶ ᠰᠢᠭᠤᠶ ᠶᠢᠨ ᠲᠠᠯᠠᠪᠠᠶ᠂ ᠪᠠᠭ᠎ᠠ

ᠵᠢᠭᠠᠰᠤᠲᠠᠶ ᠨᠠᠭᠤᠷ ᠤᠨ ᠪᠢᠲᠡᠭᠦᠮᠵᠢᠯᠡᠨ ᠬᠠᠮᠠᠭᠠᠯᠠᠬᠤ ᠣᠷᠣᠨ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ

ᠬᠠᠮᠠᠭᠠᠯᠠᠯᠲᠠ ᠶᠢᠨ ᠣᠷᠣᠨ᠂ ᠨᠡᠶᠢᠲᠡ ᠶᠢᠨ ᠣᠩᠭᠤᠨ ︵ᠡᠯ᠎ᠡ ᠭᠠᠴᠠᠭ᠎ᠠ ᠲᠣᠰᠬᠤᠨ ︵ᠬᠤᠪᠢᠶᠠᠷᠢ ᠲᠠᠯᠠᠪᠠᠶ︶ ᠤ

ᠬᠠᠷᠢᠶᠠᠨ ᠳᠠᠬᠢ ᠣᠩᠭᠤᠨ ᠪᠤᠯᠠᠰᠢᠨ ᠤ ᠭᠠᠵᠠᠷ ᠪᠠᠭᠲᠠᠨ᠎ᠠ︶᠂ ᠠᠵᠤ ᠦᠶᠯᠡᠰ ᠤᠨ ᠬᠦᠷᠢᠶᠡᠯᠡᠩ ᠲᠣᠭᠤᠷᠢᠭ ᠤᠨ

ᠡᠷᠬᠢᠨ ᠲᠣᠭᠤᠷᠢᠨ ᠵᠡᠷᠭᠡ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠠᠮᠠᠷᠬᠠᠨ ᠡᠭᠦᠰᠳᠡᠭ ᠭᠠᠵᠠᠷ

ᠣᠷᠣᠨ᠃

 

ᠭᠤᠷᠪᠠ᠂ ᠬᠠᠮᠢᠶ᠎ᠠ ᠪᠦᠬᠦᠢ ᠱᠠᠭᠠᠷᠳᠠᠯᠭ᠎ᠠ

 ︵ᠨᠢᠭᠡ︶ ᠬᠤᠰᠢᠭᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠶᠮᠡᠷ ᠢ ᠰᠡᠷᠭᠡᠶᠢᠯᠡᠨ ᠤᠨᠲᠠᠷᠠᠭᠠᠬᠤ

ᠵᠢᠯᠣᠭᠤᠳᠬᠤ ᠬᠡᠯᠲᠡᠰ ᠤᠨ ᠡᠯ᠎ᠡ ᠭᠡᠰᠢᠭᠦᠨ ᠨᠢᠭᠡᠴᠡ ᠨᠢ ᠡᠭᠦᠷᠭᠡ ᠬᠠᠷᠢᠭᠤᠴᠠᠯᠭ᠎ᠠ ᠪᠠᠨ ᠰᠠᠶᠢᠳᠤᠷ ᠡᠭᠦᠷᠭᠡᠯᠡᠵᠦ᠂

ᠬᠠᠷᠢᠯᠴᠠᠨ ᠬᠠᠮᠵᠢᠯᠴᠠᠨ᠂ ᠭᠠᠯ ᠲᠦᠶᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠬᠠᠷᠢᠭᠤᠴᠠᠯᠭ᠎ᠠ ᠪᠠᠨ ᠦᠨᠡᠨ ᠬᠦ

ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠶᠮᠡᠷ ᠢ ᠰᠡᠷᠭᠡᠶᠢᠯᠡᠨ ᠤᠨᠲᠠᠷᠠᠭᠠᠬᠤ

ᠤᠬᠠᠭᠤᠯᠭ᠎ᠠ ᠬᠥᠮᠦᠵᠢᠯ ᠢ ᠢᠳᠡᠪᠬᠢᠲᠡᠶ ᠥᠷᠨᠢᠭᠦᠯᠦᠨ᠂ ᠬᠡᠭᠡᠷ᠎ᠡ ᠭᠠᠳᠠᠨᠠᠬᠢ ᠢᠯᠡ ᠭᠠᠯ ᠢ ᠴᠢᠩᠭ᠎ᠠ ᠬᠠᠮᠢᠶᠠᠷᠴᠤ᠂

ᠲᠣᠭᠤᠷᠢᠨ ᠪᠠᠶᠢᠴᠠᠭᠠᠬᠤ ᠴᠠᠭᠳᠠᠨ ᠬᠠᠮᠠᠭᠠᠯᠠᠬᠤ ᠠᠵᠢᠯ ᠢᠶᠠᠨ ᠴᠢᠩᠭᠠᠳᠬᠠᠨ᠂ ᠣᠨᠴᠠᠭᠠᠶ ᠬᠥᠮᠦᠰ ᠢ ᠬᠢᠨᠠᠨ

ᠬᠠᠮᠢᠶᠠᠷᠴᠤ᠂ ᠲᠦᠶᠮᠡᠷ ᠤᠨᠲᠠᠷᠠᠭᠠᠬᠤ ᠪᠠᠭᠠᠵᠢ ᠬᠡᠷᠡᠭᠰᠡᠯ ᠢ ᠪᠦᠷᠢᠨ ᠪᠡᠯᠡᠳᠬᠡᠨ᠂ ᠲᠦᠶᠮᠡᠷ ᠢ ᠤᠨᠲᠠᠷᠠᠭᠠᠬᠤ ᠪᠠᠴᠢᠮ

ᠪᠡᠯᠡᠳᠬᠡᠯ ᠢ ᠲᠡᠭᠦᠯᠳᠡᠷᠵᠢᠭᠦᠯᠵᠦ᠂ ᠵᠢᠵᠢᠭᠦᠷ ᠤᠨ ᠳᠥᠷᠢᠮ ᠢᠶᠠᠨ ᠴᠢᠩᠭᠠᠷᠠᠭᠤᠯᠤᠨ᠂ ᠭᠠᠯ ᠤᠨᠲᠠᠷᠠᠭᠠᠬᠤ ᠠᠵᠢᠯ ᠢ

ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ᠂ ᠬᠦᠨᠳᠦ ᠶᠡᠭᠡ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ

ᠠᠶᠤᠯ ᠭᠠᠷᠬᠤ ᠦᠭᠡᠶ ᠪᠠᠶᠢᠬᠤ ᠪᠠ ᠬᠥᠮᠦᠨ ᠠᠮᠢᠲᠠᠨ ᠦᠬᠦᠵᠦ ᠰᠢᠷᠬᠠᠲᠤᠬᠤ ᠪᠠᠶᠢᠳᠠᠯ ᠭᠠᠷᠬᠤ ᠦᠭᠡᠶ ᠪᠠᠶᠢᠬᠤ ᠶᠢ

ᠦᠨᠡᠨᠬᠦ ᠪᠠᠲᠤᠯᠠᠵᠤ᠂ ᠣᠶ ᠰᠢᠭᠤᠶ ᠨᠤᠲᠤᠭ ᠪᠡᠯᠴᠢᠭᠡᠷ ᠤᠨ ᠠᠶᠤᠯᠭᠦᠢ ᠪᠠᠶᠢᠳᠠᠯ ᠢ ᠬᠠᠮᠠᠭᠠᠯᠠᠬᠤ ᠬᠡᠷᠡᠭᠲᠡᠶ᠃ 

︵ᠬᠤᠶᠠᠷ︶ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠠᠮᠠᠷᠬᠠᠨ ᠡᠭᠦᠰᠳᠡᠭ ᠭᠠᠵᠠᠷ ᠣᠷᠣᠨ ᠤ ᠡᠯ᠎ᠡ

ᠰᠤᠮᠤ  ᠪᠠᠯᠭᠠᠰᠣᠨ ︵ᠲᠠᠯᠠᠪᠠᠶ︶ ᠤ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂

ᠵᠢᠭᠤᠯᠴᠢᠯᠠᠯ ᠤᠨ ᠣᠷᠣᠨ ᠪᠣᠯᠤᠨ ᠭᠤᠣᠯᠳᠠᠯᠭ᠎ᠠ ᠲᠠᠢ ᠨᠣᠭᠤᠭᠠᠷᠠᠭᠤᠯᠤᠯᠲᠠ ᠶᠢᠨ ᠣᠷᠣᠨ ᠤ ᠡᠵᠡᠩᠨᠡᠯᠲᠡ

ᠬᠠᠮᠢᠶᠠᠷᠤᠯᠲᠠ ᠶᠢᠨ ᠨᠢᠭᠡᠴᠡ ᠨᠢ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ

ᠠᠵᠢᠯ ᠤᠨ ᠪᠡᠯᠡᠳᠬᠡᠯ ᠢᠶᠠᠨ ᠰᠠᠶᠢᠲᠤᠷ ᠬᠢᠵᠦ᠂ ᠴᠠᠭ ᠢᠮᠠᠭᠲᠠ ᠵᠠᠷᠯᠢᠭ ᠬᠦᠯᠢᠶᠡᠬᠦ ᠳᠤ ᠪᠡᠯᠡᠬᠡᠨ ᠪᠠᠶᠢᠬᠤ ᠬᠡᠷᠡᠭᠳᠡᠢ᠃

ᠬᠤᠯᠠᠨ ᠰᠢᠷᠭ᠎ᠠ ᠲᠠᠭ᠎ᠠ ᠶᠢᠨ ᠬᠡᠪᠴᠢᠶᠡᠵᠢᠭᠦᠯᠦᠭᠰᠡᠨ ᠣᠶ ᠰᠢᠭᠤᠶ ᠶᠢᠨ ᠲᠠᠯᠠᠪᠠᠶ ᠨᠢ ᠭᠤᠤᠯ ᠵᠠᠮ ᠤᠨ ᠠᠭᠤᠯᠵᠠᠷ

 ᠲᠤ ᠪᠠᠶᠢᠴᠠᠭᠠᠬᠤ ᠥᠷᠲᠡᠭᠡ ᠪᠠᠶᠢᠭᠤᠯᠤᠨ ᠠᠭᠤᠯᠠ ᠶᠢ ᠪᠢᠲᠡᠭᠦᠮᠵᠢᠯᠡᠨ ᠭᠠᠯ ᠢ ᠰᠡᠷᠭᠡᠶᠢᠯᠡᠵᠦ᠂ ᠰᠢᠭᠤᠶᠢᠲᠤ ᠣᠷᠣᠨ

 ᠳᠤ ᠣᠷᠤᠬᠤ ᠬᠥᠮᠦᠰ ᠪᠠ ᠲᠡᠷᠭᠡ ᠤᠨᠤᠭ᠎ᠠ ᠶᠢ ᠴᠢᠩᠭ᠎ᠠ ᠪᠠᠶᠢᠴᠠᠭᠠᠨ ᠳᠡᠩᠰᠡᠯᠡᠵᠦ᠂ ᠢᠯᠡ ᠭᠠᠯ ᠠᠪᠴᠤ

ᠰᠢᠭᠤᠶᠢᠲᠤ ᠣᠷᠣᠨ ᠳᠤ ᠣᠷᠣᠬᠤ ᠶᠢ ᠴᠢᠩᠭ᠎ᠠ ᠴᠠᠭᠠᠵᠠᠯᠠᠬᠤ ᠶᠢᠨ ᠬᠠᠮᠲᠤ ᠰᠢᠭᠤᠶᠢᠲᠤ ᠣᠷᠣᠨ ᠳᠤ ᠣᠷᠤᠬᠤ ᠵᠠᠮ

 ᠤᠨ ᠠᠭᠤᠯᠵᠠᠷ ᠲᠤ ᠰᠠᠨᠠᠭᠤᠯᠤᠮᠵᠢ ᠶᠢᠨ ᠫᠠᠶᠢᠰᠠ᠂ ᠰᠡᠷᠡᠮᠵᠢ ᠶᠢᠨ ᠲᠡᠮᠳᠡᠭ ᠲᠠᠯᠪᠢᠬᠤ ᠬᠡᠷᠡᠭᠲᠡᠶ᠃

 ︵ᠭᠤᠷᠪᠠ︶ ᠬᠠᠪᠤᠷ ᠨᠠᠮᠤᠷ ᠤᠨ ᠭᠠᠯ ᠲᠦᠢᠮᠡᠷ ᠰᠡᠷᠭᠡᠶᠢᠯᠡᠬᠦ ᠬᠤᠭᠤᠴᠠᠭᠠᠨ ᠳᠤ᠂ ᠶᠠᠮᠠᠷᠪᠠ ᠨᠢᠭᠡᠴᠡ ᠪᠠ ᠬᠤᠪᠢ

ᠬᠥᠮᠦᠨ ᠭᠡᠳ ᠴᠥᠮ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠶ ᠭᠠᠵᠠᠷ ᠣᠷᠣᠨ ᠳᠤ ᠳᠤᠷ᠎ᠠ

 ᠪᠠᠷ ᠢᠶᠠᠨ ᠣᠷᠣᠵᠤ ᠪᠣᠯᠬᠤ ᠥᠬᠡᠶ᠂ ᠰᠢᠨᠵᠢᠯᠡᠭᠡ ᠮᠡᠷᠭᠡᠵᠢᠯ ᠤᠨ ᠰᠣᠳᠣᠤ᠋ᠯᠠᠭᠠᠨ ᠪᠠ ᠠᠶᠤᠯ ᠠᠴᠠ ᠠᠪᠤᠷᠬᠠᠤ ᠵᠡᠷᠭᠡ

ᠰᠢᠯᠲᠠᠭᠠᠨ ᠠᠴᠠ ᠪᠣᠯᠵᠤ ᠰᠢᠭᠤᠶᠢᠲᠤ ᠤᠷᠤᠨ ᠳᠤ ᠣᠷᠣᠬᠤ ᠴᠢᠬᠤᠯᠠ ᠱᠠᠭᠠᠷᠳᠠᠯᠭ᠎ᠠ ᠲᠠᠢ ᠪᠣᠯ᠂ ᠬᠠᠤᠯᠢ ᠶᠣᠰᠣᠭᠠᠷ

ᠮᠡᠳᠡᠭᠦᠯᠦᠨ ᠵᠥᠪᠰᠢᠶᠡᠷᠡᠭᠦᠯᠵᠦ᠂ ᠵᠥᠪᠰᠢᠶᠡᠷᠡᠭᠰᠡᠨ ᠴᠠᠭ ᠬᠤᠭᠤᠴᠠᠭ᠎ᠠ᠂ ᠭᠠᠵᠠᠷ ᠣᠷᠣᠨ᠂ ᠬᠦᠷᠢᠶ᠎ᠡ ᠬᠡᠪᠴᠢᠶ᠎ᠡ ᠶᠢ

ᠴᠢᠩᠭ᠎ᠠ ᠵᠢᠷᠤᠮᠯᠠᠨ ᠳᠠᠭᠠᠬᠤ ᠶᠢᠨ ᠬᠠᠮᠲᠤ ᠬᠤᠰᠢᠭᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂

ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠢᠨᠠᠨ ᠬᠠᠮᠢᠶᠠᠷᠤᠯᠲᠠ ᠶᠢ ᠬᠦᠯᠢᠶᠡᠵᠦ᠂ ᠭᠠᠯ ᠰᠡᠷᠭᠡᠶᠢᠯᠡᠬᠦ ᠴᠢᠬᠤᠯᠠ

ᠪᠦᠬᠦᠢ ᠠᠷᠭ᠎ᠠ ᠬᠡᠮᠵᠢᠶ᠎ᠡ ᠶᠢ ᠠᠪᠬᠤ ᠬᠡᠷᠡᠭᠲᠡᠶ᠄

ᠭᠠᠯ ᠤᠨ ᠠᠶᠤᠯ ᠶᠡᠬᠡᠲᠡᠶ ᠭᠠᠵᠠᠷ ᠣᠷᠣᠨ ᠳᠤ ᠣᠷᠣᠬᠤ ᠡᠯ᠎ᠡ ᠲᠥᠷᠥᠯ ᠤᠨ ᠮᠠᠰᠢᠨ ᠲᠡᠷᠭᠡ ᠨᠢ ᠲᠣᠭᠲᠠᠭᠠᠯ

ᠶᠣᠰᠣᠭᠠᠷ ᠭᠠᠯ ᠰᠡᠷᠭᠡᠶᠢᠯᠡᠬᠦ ᠲᠣᠨᠣᠭᠯᠠᠯ ᠤᠭᠰᠠᠷᠠᠵᠤ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠲᠣᠬᠢᠷᠠᠭᠤᠯᠬᠤ ᠶᠢᠨ

ᠬᠠᠮᠲᠤ ᠭᠠᠯ ᠰᠡᠷᠭᠡᠶᠢᠯᠡᠬᠦ ᠠᠵᠢᠯᠲᠠᠨ ᠤ ᠬᠢᠨᠠᠨ ᠪᠠᠶᠢᠴᠠᠭᠠᠯᠲᠠ ᠶᠢ ᠬᠦᠯᠢᠶᠡᠬᠦ ᠬᠡᠷᠡᠭᠲᠡᠶ᠃2. ᠭᠠᠯ ᠰᠡᠷᠭᠡᠶᠢᠯᠡᠬᠦ

ᠴᠠᠷᠠᠭ᠎ᠠ ᠭᠠᠷᠭᠠᠵᠤ᠂ ᠦᠶᠯᠡᠳᠪᠦᠷᠢᠯᠡᠯ ᠤᠨ ᠴᠢᠨᠠᠷᠲᠠᠶ ᠭᠠᠯ ᠬᠡᠷᠡᠭᠯᠡᠬᠦ ᠴᠢᠬᠤᠯᠠ ᠲᠠᠢ ᠪᠣᠯ ᠬᠤᠰᠢᠭᠤ ᠣᠶ ᠰᠢᠭᠤᠶ

ᠨᠤᠲᠤᠭ ᠪᠡᠯᠴᠢᠭᠡᠷ ᠤᠨ ᠲᠣᠪᠴᠢᠶ᠎ᠠ ᠪᠠᠷ ᠵᠥᠪᠰᠢᠶᠡᠷᠡᠭᠦᠯᠬᠦ ᠬᠡᠷᠡᠭᠲᠡᠶ᠃ ᠭᠠᠯ ᠬᠡᠷᠡᠭᠯᠡᠬᠦ ᠶᠢ ᠵᠥᠪᠰᠢᠶᠡᠷᠡᠭᠰᠡᠨ ᠪᠠᠶᠢᠪᠠᠯ

᠂ ᠭᠠᠯ ᠰᠡᠷᠭᠡᠶᠢᠯᠡᠬᠦ ᠴᠠᠷᠠᠭ᠎ᠠ ᠭᠠᠷᠭᠠᠵᠤ᠂ ᠭᠠᠯ ᠤᠨᠲᠠᠷᠠᠭᠠᠬᠤ ᠠᠵᠢᠯᠳᠡᠠ ᠲᠤᠬᠢᠷᠡᠭᠤᠯᠦᠠ᠂ ᠭᠠᠯ ᠤᠨᠲᠠᠷᠠᠭᠠᠬᠤ

ᠪᠠᠭᠠᠵᠢ ᠬᠡᠷᠡᠭᠰᠡᠯ ᠪᠡᠯᠡᠳᠬᠡᠵᠦ᠂ ᠳᠥᠷᠪᠡᠨ ᠳᠡᠰ ᠠᠴᠠ ᠲᠤᠷᠤᠭᠰᠢᠬᠢ ᠰᠠᠯᠬᠢ ᠲᠠᠢ ᠦᠶ᠎ᠡ ᠳᠤ ᠯᠠ ᠰᠠᠶ᠋ᠢ ᠭᠠᠯ

ᠬᠡᠷᠡᠭᠯᠡᠵᠦ ᠪᠣᠯᠬᠤ ᠪᠥᠭᠡᠳ ᠭᠠᠯ ᠬᠡᠷᠡᠭᠯᠡᠬᠦ ᠴᠠᠭ ᠢᠶᠠᠨ ᠬᠥᠷᠰᠢ ᠵᠡᠷᠭᠡᠯᠡᠳᠡᠭᠡ ᠭᠠᠵᠠᠷ ᠣᠷᠣᠨ ᠳᠠᠭᠠᠨ ᠮᠡᠳᠡᠭᠳᠡᠬᠦ

ᠬᠡᠷᠡᠭᠲᠡᠢ᠃ ᠬᠡᠭᠡᠷ᠎ᠡ ᠭᠠᠳᠠᠨ᠎ᠠ ᠭᠠᠯ ᠬᠡᠷᠡᠭᠯᠡᠬᠦ ᠴᠢᠬᠤᠯᠠ ᠲᠠᠢ ᠪᠣᠯ ᠠᠶᠤᠯᠭᠦᠢ ᠭᠠᠵᠠᠷ ᠢ ᠰᠣᠩᠭᠤᠵᠤ᠂ ᠭᠠᠯ

ᠰᠡᠷᠭᠡᠶᠢᠯᠡᠬᠦ ᠴᠠᠷᠠᠭ᠎ᠠ ᠪᠦᠰᠡ ᠭᠠᠷᠭᠠᠬᠤ ᠪᠤᠶᠤ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠂ ᠭᠠᠯ

ᠬᠡᠷᠡᠭᠯᠡᠭᠰᠡᠨ ᠤ ᠳᠠᠷᠠᠭ᠎ᠠ ᠦᠨᠡᠰᠦ ᠴᠤᠭ ᠢᠶᠠᠨ ᠡᠷᠬᠡᠪᠰᠢ ᠲᠤᠶᠢᠯᠪᠤᠷᠢᠲᠠᠶ ᠳᠠᠷᠤᠵᠤ ᠤᠨᠲᠠᠷᠠᠭᠠᠬᠤ ᠬᠡᠷᠡᠭᠲᠡᠶ᠃

3. ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ ᠵᠢᠭᠤᠯᠴᠢᠯᠠᠯ ᠤᠨ ᠲᠡᠷᠭᠡ ᠤᠨᠤᠭ᠎ᠠ ᠪᠣᠯᠤᠨ ᠵᠢᠭᠤᠯᠴᠢᠯᠠᠭᠴᠢᠳ

ᠰᠡᠷᠭᠡᠶᠢᠯᠡᠯᠲᠡ ᠶᠢᠨ ᠣᠷᠣᠨ ᠳᠤ ᠣᠷᠤᠬᠤ ᠶᠢ ᠴᠢᠩᠭ᠎ᠠ ᠴᠠᠭᠠᠵᠠᠯᠠᠨ᠎ᠠ᠃

 ︵ᠳᠥᠷᠪᠡ︶ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠬᠡᠯᠲᠡᠰ ᠤᠨ

ᠡᠯ᠎ᠡ ᠭᠡᠰᠢᠭᠦᠨ ᠨᠢᠭᠡᠴᠡ ᠨᠢ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠵᠢᠵᠢᠭᠦᠷ ᠳᠠᠭᠠᠭᠤᠯᠬᠤ ᠳᠦᠷᠢᠮ ᠢ

ᠴᠢᠩᠭ᠎ᠠ ᠬᠡᠷᠡᠭᠵᠢᠭᠦᠯᠵᠦ᠂ ᠭᠠᠯ ᠲᠦᠢᠮᠡᠷ ᠭᠠᠷᠪᠠᠯ ᠳᠠᠷᠤᠶ ᠲᠦᠷᠭᠡᠨ ᠵᠣᠬᠢᠶᠠᠨ ᠪᠠᠶᠢᠭᠤᠯᠤᠨ ᠤᠨᠲᠠᠷᠠᠭᠠᠬᠤ ᠶᠢᠨ

ᠬᠠᠮᠲᠤ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠤᠨ

ᠳᠣᠬᠢᠶ᠎ᠠ ᠥᠭᠬᠦ ᠤᠲᠠᠰᠤ᠄ 12119᠃

ᠳᠥᠷᠪᠡ᠂ ᠬᠠᠷᠢᠭᠤᠴᠠᠯᠭ᠎ᠠ ᠨᠡᠬᠡᠮᠵᠢᠯᠡᠬᠦ 

 ︵ᠨᠢᠭᠡ︶ ᠲᠡᠮᠦᠷ ᠵᠠᠮ᠂ ᠵᠠᠰᠠᠮᠠᠯ ᠵᠠᠮ᠂ ᠴᠠᠬᠢᠯᠭᠠᠨ ᠬᠦᠴᠦ᠂ ᠴᠢᠯᠠᠭᠤᠨ ᠲᠣᠰᠣ᠂ ᠰᠢᠲᠠᠮᠠᠬᠠᠶ ᠬᠡᠶ ᠶᠢᠨ

ᠬᠠᠮᠢᠶᠠᠷᠤᠯᠲᠠ ᠶᠢᠨ ᠨᠢᠭᠡᠴᠡ ᠪᠣᠯᠤᠨ ᠦᠶᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠨᠢ ᠬᠡᠭᠡᠷ᠎ᠡ ᠭᠠᠳᠠᠨ᠎ᠠ ᠠᠵᠢᠯ

ᠬᠢᠬᠦ ᠳᠡᠭᠡᠨ ᠭᠠᠯ ᠤᠨ ᠠᠶᠤᠯ ᠠᠮᠠᠷᠬᠠᠨ ᠡᠭᠦᠰᠳᠡᠭ ᠭᠠᠵᠠᠷ ᠣᠷᠣᠨ ᠳᠤ ᠭᠠᠯ ᠰᠡᠷᠭᠡᠶᠢᠯᠡᠬᠦ ᠴᠠᠷᠠᠭ᠎ᠠ ᠪᠦᠰᠡ ᠪᠣᠯᠤᠨ

ᠰᠡᠷᠡᠮᠵᠢ ᠶᠢᠨ ᠲᠡᠮᠳᠡᠭ ᠲᠠᠯᠪᠢᠭᠰᠠᠨ ᠥᠬᠡᠶ ᠪᠣᠯ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ

ᠵᠠᠷᠯᠢᠭᠳᠠᠨ ᠵᠠᠯᠠᠷᠠᠭᠤᠯᠵᠤ᠂ ᠬᠤᠪᠢ ᠬᠥᠮᠦᠨ ᠢ 200 ᠲᠥᠭᠦᠷᠢᠭ ᠠᠴᠠ ᠳᠡᠭᠡᠭᠰᠢ 2000 ᠲᠥᠭᠦᠷᠢᠭ ᠠᠴᠠ

ᠳᠣᠷᠣᠭᠰᠢ ᠵᠣᠭᠤᠰ ᠢᠶᠠᠷ ᠲᠣᠷᠭᠠᠵᠤ᠂ ᠬᠠᠮᠲᠤ ᠨᠢᠭᠡᠴᠡ ᠶᠢ 2000 ᠲᠥᠭᠦᠷᠢᠭ ᠠᠴᠠ ᠳᠡᠭᠡᠭᠰᠢ 5000

ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠰᠢᠳᠬᠡᠨ᠎ᠡ᠃

 ︵ᠬᠤᠶᠠᠷ︶ ᠭᠠᠯ ᠰᠡᠷᠭᠡᠶᠢᠯᠡᠬᠦ ᠬᠤᠭᠤᠴᠠᠭᠠᠨ ᠳᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ

ᠣᠷᠣᠨ ᠳᠤ ᠨᠡᠭᠦᠷᠡᠰᠦ ᠲᠦᠯᠡᠭᠡ᠂ ᠬᠤᠭ ᠨᠣᠪᠰᠢ ᠰᠢᠲᠠᠭᠠᠬᠤ᠂ ᠲᠠᠷᠢᠶ᠎ᠠ ︵ᠳᠠᠯᠠᠩ︶᠂ ᠡᠪᠡᠰᠦ ᠪᠣᠷᠳᠤᠭ᠎ᠠ᠂ ᠡᠰᠢ

ᠰᠦᠷᠡᠯ ᠰᠢᠲᠠᠭᠠᠬᠤ᠂ ᠲᠠᠮᠠᠬᠢ ᠲᠠᠲᠠᠬᠤ᠂ ᠴᠠᠭᠠᠰᠤ ᠨᠣᠴᠤᠭᠠᠬᠤ᠂ ᠬᠦᠵᠢ ᠠᠰᠠᠭᠠᠬᠤ᠂ ᠭᠠᠯ ᠰᠢᠷᠠᠬᠤ᠂ ᠬᠡᠭᠡᠷ᠎ᠡ

ᠬᠤᠭᠤᠯᠠᠯᠠᠬᠤ ᠪᠠ ᠫᠤᠤᠵᠢᠩ ᠲᠠᠯᠪᠢᠬᠤ᠂ ᠳ᠋ᠧᠩᠯᠦ ᠪᠠᠷᠢᠬᠤ ᠵᠡᠷᠭᠡ ᠠᠵᠢᠯᠯᠠᠭ᠎ᠠ ᠬᠢᠭᠰᠡᠨ ᠪᠠᠶᠢᠪᠠᠯ᠂ ᠬᠤᠰᠢᠭᠤ

ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠬᠠᠤᠯᠢ ᠪᠤᠰᠤ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂

ᠰᠢᠭᠦᠮᠵᠢᠯᠡᠨ ᠳᠣᠩᠭᠤᠳᠴᠤ᠂ ᠬᠤᠪᠢ ᠬᠥᠮᠦᠨ ᠢ 300 ᠲᠥᠭᠦᠷᠢᠭ ᠠᠴᠠ ᠳᠡᠭᠡᠭᠰᠢ 3000 ᠲᠥᠭᠦᠷᠢᠭ ᠠᠴᠠ

ᠳᠣᠷᠣᠭᠰᠢ ᠵᠣᠭᠤᠰ ᠢᠶᠠᠷ ᠲᠣᠷᠭᠠᠵᠤ᠂ ᠬᠠᠮᠲᠤ ᠨᠢᠭᠡᠴᠡ ᠶᠢ 10000 ᠲᠥᠭᠦᠷᠢᠭ ᠠᠴᠠ ᠳᠡᠭᠡᠭᠰᠢ 50000

ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠰᠢᠳᠭᠡᠬᠦ ᠶᠢᠨ ᠬᠠᠮᠲᠤ ︽ᠠᠮᠤᠷ ᠢ ᠬᠠᠮᠠᠭᠠᠯᠠᠬᠤ

ᠬᠠᠮᠢᠶᠠᠷᠤᠯᠲᠠ ᠶᠢᠨ ᠬᠠᠤᠯᠢ︾ ᠶᠢᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠰᠢᠭᠦᠮᠵᠢᠯᠡᠨ ᠵᠠᠯᠬᠠᠭᠠᠬᠤ᠂

ᠲᠦᠷ ᠬᠤᠷᠢᠬᠤ ᠵᠡᠷᠭᠡ ᠰᠢᠳᠭᠡᠯ ᠥᠭᠴᠦ᠂ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ

ᠬᠠᠷᠢᠭᠤᠴᠠᠯᠭ᠎ᠠ ᠨᠡᠬᠡᠮᠵᠢᠯᠡᠬᠦ ᠪᠣᠯᠤᠨ᠎ᠠ᠃

 

ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ

 2023 ᠣᠨ ᠤ 3 ᠰᠠᠷ᠎ᠠ ᠶᠢᠨ 10 ᠤ ᠡᠳᠦᠷ

ᠣᠷᠠᠯᠢᠭ ᠣᠷᠴᠢᠭᠤᠯᠵᠤ ᠮᠦᠳᠡᠭ ᠬᠢᠨᠠᠪᠠ

 

 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号