ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠬᠤᠶᠠᠳᠤᠭᠠᠷ ᠪᠦᠭᠦᠳᠡ ᠬᠤᠷᠠᠯ ᠬᠢᠪᠡ ᠰᠢ ᠶᠢᠨ ᠫᠢᠩ ᠯᠢ ᠴᠢᠶᠠᠩ ᠵᠤᠤ ᠯᠧ ᠵᠢᠢ ᠸᠠᠩ | ᠬᠤ᠋ ᠨᠢᠩ ᠬᠠᠨ ᠵᠧᠩ ᠼᠠᠢ ᠴᠢ ᠳ᠋ᠢᠩ ᠰᠢᠤᠸᠠᠢ ᠰᠢᠶᠠᠩ ᠯᠢ ᠰᠢ ᠨᠠᠷ ᠲᠡᠷᠢᠭᠦᠯᠡᠭᠴᠢᠳ ᠤᠨ ᠲᠠᠶᠢᠰᠠᠨ ᠳᠤ | ᠰᠠᠭᠠᠲᠠᠪᠠ ᠯᠢ ᠵᠠᠨ ᠱᠣ᠋ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠬᠢᠵᠡᠢ ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ ᠠᠵᠢᠯ ᠤᠨ | ᠮᠡᠳᠡᠭᠦᠯᠦᠯᠲᠡ ᠪᠣᠯᠣᠨ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠤᠭᠰᠠᠨ ᠪᠠ | ᠬᠢᠨᠠᠨ ᠵᠥᠪᠯᠡᠵᠦ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠤᠨ | ᠲᠤᠬᠠᠢ ᠲᠣᠳᠣᠷᠬᠠᠶᠢᠯᠠᠯᠲᠠ ᠶᠢ ᠰᠣᠨᠣᠰᠪᠠ | ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 7 ᠤ ᠴᠠᠬᠢᠯᠭᠠᠨ ᠮᠡᠳᠡᠭᠡ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ 7 ᠤ | ᠦᠳᠡ ᠶᠢᠨ ᠬᠤᠶᠢᠨ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠬᠤᠶᠠᠳᠤᠭᠠᠷ ᠪᠦᠭᠦᠳᠡ ᠬᠤᠷᠠᠯ ᠬᠢᠵᠦ᠂ | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ | ᠮᠡᠳᠡᠭᠦᠯᠦᠯᠲᠡ ᠪᠣᠯᠣᠨ ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ᠂ ᠠᠷᠠᠳ ᠤᠨ ᠳᠡᠭᠡᠳᠦ | ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠤᠭᠰᠠᠨ ᠪᠠ ᠬᠢᠨᠠᠨ ᠵᠥᠪᠯᠡᠵᠦ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠤᠨ ᠲᠤᠬᠠᠢ ᠲᠣᠳᠣᠷᠬᠠᠶᠢᠯᠠᠯᠲᠠ ᠶᠢ | ᠰᠣᠨᠣᠰᠪᠠ᠃ | ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠬᠠᠨ ᠵᠧᠩ᠂ ᠼᠠᠢ ᠴᠢ᠂ ᠳ᠋ᠢᠩ ᠰᠢᠤᠸᠠᠢ | ᠰᠢᠶᠠᠩ᠂ ᠯᠢ ᠰᠢ ᠨᠠᠷ ᠬᠤᠷᠠᠯ ᠳᠤ ᠣᠷᠣᠯᠴᠠᠵᠠᠢ᠃ | ᠬᠤᠷᠠᠯ ᠳᠤ ᠣᠷᠤᠯᠴᠠᠬᠤ ᠶᠣᠰᠣᠲᠠᠢ ᠲᠥᠯᠥᠭᠡᠯᠡᠭᠴᠢ 2977 ᠬᠥᠮᠥᠨ᠂ ᠬᠤᠷᠠᠯ ᠳᠤ ᠤᠷᠤᠯᠴᠠᠬᠰᠠᠨ ᠨᠢ 2943 | ᠬᠥᠮᠥᠨ᠂ 34 ᠬᠥᠮᠥᠨ ᠣᠷᠣᠯᠴᠠᠬᠰᠠᠨ ᠦᠭᠡᠢ᠂ ᠬᠤᠷᠠᠯ ᠳᠤ ᠣᠷᠣᠯᠴᠠᠬᠰᠠᠨ ᠬᠥᠮᠥᠨ ᠤ ᠲᠤᠭ᠎ᠠ ᠬᠠᠤᠯᠢ ᠳᠤ | ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ | ᠲᠡᠷᠢᠭᠦᠯᠡᠭᠴᠢ ᠯᠢ ᠬᠤᠩ ᠵᠦᠩ ᠬᠤᠷᠠᠯ ᠢ ᠡᠷᠭᠢᠯᠡᠪᠡ᠃ | ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ᠂ ᠬᠤᠷᠢᠶᠠᠨ ᠳᠠᠷᠤᠭ᠎ᠠ ᠯᠢ ᠵᠠᠨ ᠱᠣ᠋ ᠶᠡᠭᠡ ᠬᠤᠷᠠᠯ ᠳᠡᠭᠡᠷ᠎ᠡ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ | ᠬᠢᠪᠡ᠃ ᠯᠢ ᠵᠠᠨ ᠱᠣ᠋ ᠮᠡᠳᠡᠭᠦᠯᠦᠯᠲᠡ ᠳᠡᠭᠡᠨ᠂ ᠥᠩᠭᠡᠷᠡᠭᠰᠡᠨ ᠨᠢᠭᠡ ᠵᠢᠯ ᠳᠤ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠬᠠᠤᠯᠢ ᠲᠣᠭᠲᠠᠭᠠᠬᠤ ᠠᠵᠢᠯ ᠢ | ᠴᠢᠨᠠᠷ ᠰᠠᠶᠢᠲᠠᠢ ᠰᠠᠶᠢᠲᠤᠷ ᠬᠢᠬᠦ ᠶᠢ ᠪᠠᠷᠢᠮᠲᠠᠯᠠᠵᠤ᠂ 5 ᠬᠠᠤᠯᠢ ᠲᠣᠭᠲᠠᠭᠠᠵᠤ᠂ 9 ᠬᠠᠤᠯᠢ ᠳᠤ ᠵᠠᠰᠠᠪᠤᠷᠢ ᠣᠷᠣᠭᠤᠯᠵᠤ᠂ | ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠠᠰᠠᠭᠤᠳᠠᠯ ᠪᠣᠯᠣᠨ ᠴᠢᠬᠤᠯᠠ ᠶᠡᠭᠡ ᠠᠰᠠᠭᠤᠳᠠᠯ ᠤᠨ ᠲᠤᠬᠠᠢ 4 | ᠲᠣᠭᠲᠠᠭᠠᠯ ᠢ ᠪᠠᠲᠤᠯᠠᠵᠤ᠂ 1 ᠬᠠᠤᠯᠢ ᠴᠠᠭᠠᠵᠠ ᠶᠢᠨ ᠲᠠᠶᠢᠯᠪᠤᠷᠢᠯᠠᠯᠲᠠ ᠭᠢᠪᠡ︔ ᠬᠢᠨᠠᠯᠲᠠ ᠲᠠᠯᠪᠢᠬᠤ ᠠᠵᠢᠯ ᠢ ᠴᠢᠨᠠᠷ | ᠰᠠᠶᠢᠲᠠᠢ ᠰᠠᠶᠢᠲᠤᠷ ᠬᠢᠬᠦ ᠶᠢ ᠪᠠᠷᠢᠮᠲᠠᠯᠠᠵᠤ᠂ 5 ᠬᠠᠤᠯᠢ ᠶᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠵᠤ᠂ 23 ᠬᠢᠨᠠᠯᠲᠠ | ᠲᠠᠯᠪᠢᠬᠤ ᠠᠵᠢᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ ᠲᠤᠰᠬᠠᠢ ᠰᠡᠳᠦᠪᠲᠦ ᠯᠠᠪᠯᠠᠨ ᠠᠰᠠᠭᠤᠬᠤ ᠠᠵᠢᠯ ᠢ | ᠥᠷᠨᠢᠭᠦᠯᠵᠦ᠂ 8 ᠵᠦᠢᠯ ᠤᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠭᠢᠪᠡ︔ ᠲᠥᠯᠥᠭᠡᠯᠡᠭᠴᠢᠳ ᠤᠨ ᠠᠵᠢᠯ ᠢ | ᠴᠢᠨᠠᠷ ᠰᠠᠶᠢᠲᠠᠢ ᠰᠠᠶᠢᠲᠤᠷ ᠬᠢᠬᠦ ᠶᠢ ᠪᠠᠷᠢᠮᠲᠠᠯᠠᠵᠤ᠂ 487 ᠬᠤᠪᠢ ᠲᠥᠯᠥᠭᠡᠯᠡᠭᠴᠢᠳ ᠤᠨ ᠰᠠᠨᠠᠯ ᠵᠥᠪᠯᠡᠯᠭᠡ᠂ 9349 | ᠬᠤᠪᠢ ᠰᠠᠨᠠᠭᠤᠯᠭ᠎ᠠ ᠶᠢ ᠰᠢᠢᠳᠪᠦᠷᠢᠯᠡᠵᠦ᠂ ᠪᠠᠶᠢᠩᠭᠤ ᠶᠢᠨ ᠬᠤᠷᠢᠶ᠎ᠠ᠂ ᠲᠤᠰᠬᠠᠢ ᠵᠥᠪᠯᠡᠯ᠂ ᠠᠵᠢᠯ ᠤᠨ ᠵᠥᠪᠯᠡᠯ ᠤᠨ | ᠠᠵᠢᠯ ᠳᠤ ᠨᠡᠶᠢᠳᠡ 100 ᠭᠠᠷᠤᠢ ᠬᠥᠮᠥᠨ ᠤᠳᠠᠭ᠎ᠠ ᠣᠷᠣᠯᠴᠠᠪᠠ︔ ᠭᠠᠳᠠᠭᠠᠳᠤ ᠶᠠᠪᠤᠳᠠᠯ ᠤᠨ ᠠᠵᠢᠯ ᠢ ᠴᠢᠨᠠᠷ ᠰᠠᠶᠢᠲᠠᠢ | ᠰᠠᠶᠢᠲᠤᠷ ᠬᠢᠬᠦ ᠶᠢ ᠪᠠᠷᠢᠮᠲᠠᠯᠠᠵᠤ᠂ ᠲᠦᠷᠦ ᠶᠢᠨ ᠪᠠᠶᠢᠭᠤᠯᠭ᠎ᠠ ᠶᠢᠨ ᠠᠵᠢᠯᠲᠠᠨ ᠢ 393 ᠬᠥᠮᠥᠨ ᠤᠳᠠᠭ᠎ᠠ ᠬᠠᠤᠯᠢ | ᠶᠣᠰᠣᠭᠠᠷ ᠲᠣᠮᠢᠯᠠᠵᠤ ᠪᠠᠭᠤᠯᠭᠠᠵᠤ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠠᠴᠠ ᠲᠣᠭᠲᠠᠭᠠᠭᠰᠠᠨ ᠡᠭᠦᠷᠭᠡ ᠶᠢ ᠲᠡᠭᠦᠰ ᠠᠮᠵᠢᠯᠲᠠ ᠲᠠᠢ | ᠪᠡᠶᠡᠯᠡᠭᠦᠯᠪᠡ ᠭᠡᠵᠦ ᠵᠢᠭᠠᠵᠤ ᠭᠠᠷᠭᠠᠪᠠ᠃ | ᠯᠢ ᠵᠠᠨ ᠱᠣ᠋ ᠮᠡᠳᠡᠭᠦᠯᠦᠯᠲᠡ ᠳᠡᠭᠡᠨ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠠᠪᠤᠨ ᠵᠢᠯ ᠤᠨ ᠲᠤᠰᠢᠶᠠᠯ ᠤᠨ ᠬᠤᠭᠤᠴᠠᠭ᠎ᠠ ᠨᠢ | ᠶᠠᠭ ᠰᠠᠶᠢᠬᠠᠨ ᠨᠠᠮ ᠪᠣᠯᠣᠨ ᠤᠯᠤᠰ ᠤᠨ ᠠᠵᠢᠯ ᠦᠢᠯᠡᠰ ᠤᠨ ᠥᠷᠨᠢᠭᠦᠨ ᠬᠥᠭᠵᠢᠯᠲᠡ ᠶᠢᠨ ᠠᠭᠤᠤ ᠶᠡᠭᠡ ᠲᠡᠦᠬᠡᠨ | ᠬᠤᠪᠢᠰᠤᠯᠲᠠ ᠶᠢᠨ ᠴᠠᠭ ᠦᠶ᠎ᠡ ᠳᠤ ᠲᠣᠬᠢᠶᠠᠪᠠ᠃ ᠪᠠᠶᠢᠩᠭᠤ ᠶᠢᠨ ᠬᠤᠷᠢᠶ᠎ᠠ ︽ᠬᠤᠶᠠᠷ ᠢ ᠲᠣᠭᠲᠠᠭᠠᠭᠰᠠᠨ︾ ᠤ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠢᠮᠠᠭᠲᠠ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ | ᠬᠠᠮᠠᠭᠠᠯᠠᠵᠤ᠂ ᠨᠠᠮ ᠤᠨ ᠤᠨᠤᠯ ᠪᠠ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠶᠢ ᠡᠷᠡᠰ ᠲᠤᠭᠤᠰᠢᠯᠠᠭᠤᠯᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪ ᠴᠢᠭᠯᠡᠯ ᠢ ᠪᠠᠲᠤ ᠡᠵᠡᠮᠳᠡᠵᠦ᠂ ᠨᠠᠮ ᠤᠨ ᠲᠥᠪ | ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠴᠢᠩᠭ᠎ᠠ ᠳᠠᠭᠠᠵᠤ᠂ ᠠᠷᠠᠳ ᠣᠯᠠᠨ ᠤ | ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠲᠠᠢ ᠨᠢᠭᠲᠠ ᠤᠶᠠᠯᠳᠤᠭᠤᠯᠵᠤ᠂ ᠤᠯᠤᠰ ᠤᠨ ᠵᠠᠰᠠᠯᠲᠠ ᠶᠢᠨ | ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠴᠡᠭᠡ ᠲᠠᠢ ᠨᠢᠭᠲᠠ | ᠤᠶᠠᠯᠳᠤᠭᠤᠯᠵᠤ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠶᠡᠭᠡ ᠣᠶᠢᠯᠠᠭᠠᠭᠳᠠᠬᠤᠨ ᠢ | ᠲᠤᠭᠤᠰᠢᠯᠠᠭᠤᠯᠵᠤ᠂ ᠪᠦᠭᠦ ᠲᠥᠯᠥᠭᠡᠯᠡᠭᠴᠢ ᠳᠤ ᠴᠢᠩᠭ᠎ᠠ ᠲᠦᠰᠢᠭᠯᠡᠵᠦ᠂ ᠬᠠᠤᠯᠢ ᠲᠣᠭᠲᠠᠭᠠᠬᠤ ᠡᠷᠬᠡ᠂ ᠬᠢᠨᠠᠯᠲᠠ | ᠲᠠᠯᠪᠢᠬᠤ ᠡᠷᠬᠡ᠂ ᠲᠣᠭᠲᠠᠭᠠᠬᠤ ᠡᠷᠬᠡ᠂ ᠲᠣᠮᠢᠯᠠᠵᠤ ᠪᠠᠭᠤᠯᠭᠠᠬᠤ ᠡᠷᠬᠡ ᠪᠠᠨ ᠬᠠᠤᠯᠢ ᠶᠣᠰᠣᠭᠠᠷ ᠬᠡᠷᠡᠭᠵᠢᠭᠦᠯᠵᠦ᠂ ᠨᠠᠮ ᠪᠠ | ᠠᠷᠠᠳ ᠲᠦᠮᠡᠨ ᠠᠴᠠ ᠣᠯᠭᠤᠭᠰᠠᠨ ᠢᠷᠠᠭᠤ ᠠᠯᠳᠠᠷᠲᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠨ᠂ | ᠨᠠᠮ ᠤᠨ ᠲᠥᠪ ᠬᠤᠷᠢᠶ᠎ᠠ ᠶᠢᠨ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠬᠤ᠂ ᠠᠷᠠᠳ ᠲᠦᠮᠡᠨ ᠤ ᠬᠦᠰᠡᠯ | ᠡᠷᠡᠮᠡᠯᠵᠡᠯ ᠢ ᠬᠥᠰᠡᠷᠳᠡᠭᠦᠯᠬᠦ ᠦᠭᠡᠢ ᠪᠠᠶᠢᠬᠤ ᠲᠥᠪ ᠴᠢᠩᠭ᠎ᠠ ᠠᠮᠠᠯᠠᠯᠲᠠ ᠪᠠᠨ ᠴᠢᠷᠮᠠᠶᠢᠨ ᠪᠡᠶᠡᠯᠡᠭᠦᠯᠵᠡᠢ ᠭᠡᠪᠡ᠃ | ᠯᠢ ᠵᠠᠨ ᠱᠤ᠋ ᠮᠡᠳᠡᠭᠦᠯᠦᠯᠲᠡ ᠳᠡᠭᠡᠨ᠂ ᠲᠠᠪᠤᠨ ᠵᠢᠯ ᠤᠨ ᠲᠤᠷᠰᠢ᠂ ᠦᠨᠳᠦᠰᠦᠨ ᠬᠠᠤᠯᠢ ᠳᠤ ᠵᠠᠰᠠᠪᠤᠷᠢ ᠣᠷᠣᠭᠤᠯᠬᠤ | ᠲᠥᠰᠥᠯ ᠢ ᠪᠠᠲᠤᠯᠠᠵᠤ᠂ 47 ᠬᠠᠤᠯᠢ ᠲᠣᠭᠲᠠᠭᠠᠵᠤ᠂ 111 ᠬᠠᠤᠯᠢ ᠳᠤ ᠵᠠᠰᠠᠪᠤᠷᠢ ᠣᠷᠣᠭᠤᠯᠵᠤ᠂ ᠬᠠᠤᠯᠢ | ᠴᠠᠭᠠᠵᠠ ᠶᠢᠨ ᠲᠠᠶᠢᠯᠪᠤᠷᠢᠯᠠᠯᠲᠠ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠠᠰᠠᠭᠤᠳᠠᠯ ᠪᠣᠯᠣᠨ ᠴᠢᠬᠤᠯᠠ ᠶᠡᠭᠡ | ᠠᠰᠠᠭᠤᠳᠠᠯ ᠤᠨ ᠲᠣᠭᠲᠠᠭᠠᠯ ᠰᠢᠢᠳᠪᠦᠷᠢ ᠶᠢ 53 ᠭᠠᠷᠭᠠᠵᠤ᠂ ᠨᠢᠭᠡᠨᠲᠡ ᠬᠢᠨᠠᠨ ᠵᠥᠪᠯᠡᠭᠡᠳ ᠬᠠᠷᠠᠬᠠᠨ ᠪᠠᠲᠤᠯᠠᠭᠠᠳᠤᠢ | ᠬᠠᠤᠯᠢ ᠶᠢᠨ ᠲᠥᠰᠥᠯ᠂ ᠲᠣᠭᠲᠠᠭᠠᠯ ᠤᠨ ᠲᠥᠰᠥᠯ 19 ᠬᠤᠪᠢ ᠪᠠᠶᠢᠨ᠎ᠠ︔ 182 ᠬᠢᠨᠠᠯᠲᠠ ᠲᠠᠯᠪᠢᠬᠤ ᠠᠵᠢᠯ ᠤᠨ | ᠮᠡᠳᠡᠭᠦᠯᠦᠯᠲᠡ ᠪᠠ ᠪᠤᠰᠤᠳ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ 30 ᠬᠠᠤᠯᠢ ᠪᠠ ᠲᠣᠭᠲᠠᠭᠠᠯ ᠢ | ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠵᠤ᠂ 11 ᠤᠳᠠᠭ᠎ᠠ ᠲᠤᠰᠬᠠᠢ ᠰᠡᠳᠦᠪᠲᠦ ᠯᠠᠪᠯᠠᠨ ᠠᠰᠠᠭᠤᠬᠤ ᠠᠵᠢᠯ᠂ 33 | ᠵᠦᠢᠯ ᠤᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ︔ ᠲᠥᠯᠥᠭᠡᠯᠡᠭᠴᠢ ᠶᠢᠨ 2282 ᠬᠤᠪᠢ ᠰᠠᠨᠠᠯ | ᠵᠥᠪᠯᠡᠯᠭᠡ᠂ ᠲᠥᠯᠥᠭᠡᠯᠡᠭᠴᠢ ᠶᠢᠨ 43750 ᠬᠤᠪᠢ ᠰᠠᠨᠠᠭᠤᠯᠭ᠎ᠠ ᠶᠢ ᠪᠦᠭᠦᠨ ᠢ ᠰᠢᠢᠳᠪᠦᠷᠢᠯᠡᠨ ᠳᠠᠭᠤᠰᠬᠠᠵᠤ᠂ | ᠲᠥᠯᠥᠭᠡᠯᠡᠭᠴᠢᠳ ᠤᠨ ᠰᠠᠨᠠᠯ ᠵᠥᠪᠯᠡᠯᠭᠡ ᠰᠠᠨᠠᠭᠤᠯᠭ᠎ᠠ ᠶᠢ ᠰᠢᠢᠳᠪᠦᠷᠢᠯᠡᠭᠰᠡᠨ ᠠᠵᠢᠯ ᠤᠨ ᠲᠤᠬᠠᠢ ᠬᠠᠨᠤᠮᠵᠢ ᠶᠢᠨ ᠬᠡᠮᠵᠢᠶ᠎ᠡ | 98% ᠳᠤ ᠭᠦᠷᠪᠡ︔ 36 ᠭᠡᠷ᠎ᠡ ᠪᠣᠯᠣᠨ ᠴᠢᠬᠤᠯᠠ ᠬᠡᠯᠡᠯᠴᠡᠭᠡᠷ ᠢ ᠵᠥᠪᠰᠢᠶᠡᠷᠡᠬᠦ ᠪᠠᠷ ᠲᠣᠭᠲᠠᠭᠰᠠᠨ ᠪᠤᠶᠤ ᠲᠡᠭᠦᠨ ᠳᠤ | ᠤᠷᠤᠯᠴᠠᠪᠠ︔ ᠲᠦᠷᠦ ᠶᠢᠨ ᠪᠠᠶᠢᠭᠤᠯᠭ᠎ᠠ ᠶᠢᠨ ᠠᠵᠢᠯᠲᠠᠨ ᠢ 1515 ᠬᠥᠮᠥᠨ ᠤᠳᠠᠭ᠎ᠠ ᠬᠠᠤᠯᠢ ᠶᠣᠰᠣᠭᠠᠷ ᠲᠣᠮᠢᠯᠠᠵᠤ | ᠪᠠᠭᠤᠯᠭᠠᠪᠠ᠃ ᠭᠤᠣᠯᠳᠠᠭᠤ ᠳᠣᠣᠷᠠᠬᠢ ᠠᠵᠢᠯ ᠤᠳ ᠢ ᠥᠷᠨᠢᠭᠦᠯᠪᠡ᠄ ᠨᠢᠭᠡ ᠳᠤ ᠦᠨᠳᠦᠰᠦᠨ ᠬᠠᠤᠯᠢ ᠶᠢ ᠪᠦᠭᠦ ᠲᠠᠯ᠎ᠠ ᠪᠠᠷ | ᠲᠤᠭᠤᠰᠢᠯᠠᠭᠤᠯᠤᠨ ᠬᠡᠷᠡᠭᠵᠢᠭᠦᠯᠵᠦ᠂ ᠦᠨᠳᠦᠰᠦᠨ ᠬᠠᠤᠯᠢ ᠶᠢᠨ ᠡᠷᠬᠡ ᠰᠦᠷ ᠪᠠ ᠨᠡᠷ᠎ᠡ ᠬᠦᠨᠳᠦ ᠶᠢ ᠬᠠᠮᠠᠭᠠᠯᠠᠪᠠ︔ | ᠬᠤᠶᠠᠷ ᠲᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠰᠠᠶᠢᠨ ᠬᠠᠤᠯᠢ ᠪᠠᠷ ᠬᠥᠭᠵᠢᠯᠲᠡ ᠶᠢ ᠠᠬᠢᠭᠤᠯᠵᠤ᠂ ᠴᠢᠳᠠᠮᠠᠭᠠᠢ ᠵᠠᠰᠠᠯᠲᠠ ᠶᠢ ᠪᠠᠲᠤᠯᠠᠵᠠᠢ︔ | ᠭᠤᠷᠪᠠ ᠳᠤ ᠦᠨᠳᠦᠰᠦᠨ ᠬᠠᠤᠯᠢ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠯᠭᠤᠭᠰᠠᠨ ᠬᠢᠨᠠᠯᠲᠠ | ᠲᠠᠯᠪᠢᠬᠤ ᠡᠷᠬᠡ ᠶᠢ ᠰᠠᠶᠢᠲᠤᠷ ᠬᠡᠷᠡᠭᠯᠡᠵᠦ᠂ ᠵᠥᠪ ᠢᠶᠠᠷ ᠬᠢᠨᠠᠯᠲᠠ ᠲᠠᠯᠪᠢᠬᠤ᠂ ᠪᠦᠲᠦᠮᠵᠢᠲᠡᠢ ᠬᠢᠨᠠᠯᠲᠠ ᠲᠠᠯᠪᠢᠬᠤ᠂ ᠬᠠᠤᠯᠢ | ᠶᠣᠰᠣᠭᠠᠷ ᠬᠢᠨᠠᠯᠲᠠ ᠲᠠᠯᠪᠢᠬᠤ ᠶᠢ ᠭᠡᠷᠡᠭᠵᠢᠭᠦᠯᠵᠠᠢ︔ ᠳᠥᠷᠪᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠦᠢᠯᠡᠳᠦᠯ ᠢ ᠪᠠᠳᠠᠷᠠᠭᠤᠯᠵᠤ᠂ ᠠᠷᠠᠳ ᠲᠦᠮᠡᠨ ᠬᠦᠰᠡᠯ ᠱᠠᠭᠠᠷᠳᠠᠯᠭ᠎ᠠ ᠪᠠᠶᠢᠪᠠᠯ ᠬᠠᠷᠢᠭᠤ ᠦᠭᠭᠦ ᠶᠢ | ᠪᠡᠶᠡᠯᠡᠭᠦᠯᠪᠡ︔ ᠲᠠᠪᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠬᠠᠷᠢᠯᠴᠠᠭ᠎ᠠ ᠶᠢᠨ | ᠳᠠᠪᠠᠭᠤᠯᠢᠭ ᠢ ᠪᠠᠳᠠᠷᠠᠭᠤᠯᠵᠤ᠂ ᠨᠠᠮ ᠪᠠ ᠤᠯᠤᠰ ᠤᠨ ᠭᠠᠳᠠᠭᠠᠳᠤ ᠬᠠᠷᠢᠯᠴᠠᠭ᠎ᠠ ᠶᠢᠨ ᠶᠡᠭᠡ ᠲᠠᠯ᠎ᠠ ᠳᠤ ᠦᠢᠯᠡᠴᠢᠯᠡᠪᠡ︔ | ᠵᠢᠷᠭᠤᠭ᠎ᠠ ᠳᠤ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠪᠠᠶᠢᠩᠭᠤ ᠶᠢᠨ ᠬᠤᠷᠢᠶ᠎ᠠ ᠶᠢᠨ | ᠲᠤᠰ ᠪᠡᠶ᠎ᠡ ᠶᠢᠨ ᠪᠠᠶᠢᠭᠤᠯᠤᠯᠲᠠ ᠪᠠᠨ ᠦᠨᠡᠨ ᠬᠦ ᠴᠢᠩᠭᠠᠳᠬᠠᠪᠠ ᠭᠡᠪᠡ᠃ | ᠯᠢ ᠵᠠᠨ ᠱᠤ᠋ ᠮᠡᠳᠡᠭᠦᠯᠦᠯᠲᠡ ᠳᠡᠭᠡᠨ᠂ ᠲᠠᠪᠤᠨ ᠵᠢᠯ ᠤᠨ ᠦᠢᠯᠡᠳᠦᠯᠭᠡ ᠳᠤ ᠮᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠰᠢᠨᠵᠢᠯᠡᠬᠦ ᠤᠬᠠᠭᠠᠨᠴᠢ ᠠᠭᠤᠯᠬᠤᠨ᠂ ᠦᠨᠳᠦᠰᠦᠨ ᠣᠨᠴᠠᠯᠢᠭ | ᠪᠣᠯᠣᠨ ᠮᠥᠨ ᠴᠢᠨᠠᠷ ᠤᠨ ᠱᠠᠭᠠᠷᠳᠠᠯᠭ᠎ᠠ ᠶᠢᠨ ᠲᠤᠬᠠᠢ ᠲᠠᠨᠢᠯᠲᠠ ᠶᠢ ᠤᠯᠠᠮ ᠭᠦᠨᠵᠡᠭᠡᠶᠢᠷᠡᠭᠦᠯᠵᠡᠢ᠂ ᠡᠨᠡ ᠨᠢ ᠳᠠᠷᠤᠢ᠄ | ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠡᠷᠬᠡᠪᠰᠢ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠠᠷᠢᠮᠲᠠᠯᠠᠵᠤ᠂ | ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢ | ᠪᠠᠷᠢᠮᠲᠠᠯᠠᠵᠤ᠂ ᠡᠷᠬᠡᠪᠰᠢ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠶᠡᠭᠡ ᠣᠶᠢᠯᠠᠭᠠᠭᠳᠠᠬᠤᠨ ᠢ | ᠪᠠᠷᠢᠮᠲᠠᠯᠠᠵᠤ᠂ ᠡᠷᠬᠡᠪᠰᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠵᠤ᠂ ᠡᠷᠬᠡᠪᠰᠢ | ᠦᠨᠳᠦᠰᠦᠨ ᠬᠠᠤᠯᠢ ᠳᠤ ᠲᠣᠭᠲᠠᠭᠠᠭᠰᠠᠨ ᠤᠯᠤᠰ ᠤᠨ ᠦᠨᠳᠦᠰᠦᠨ ᠡᠭᠦᠷᠭᠡ᠂ ᠬᠥᠭᠵᠢᠯᠲᠡ ᠶᠢᠨ ᠵᠠᠮ᠂ ᠲᠡᠮᠡᠴᠡᠬᠦ | ᠬᠠᠷᠠᠯᠲᠠ ᠶᠢ ᠪᠠᠷᠢᠮᠲᠠᠯᠠᠬᠤ ᠬᠡᠷᠡᠭᠲᠡᠢ ᠶᠠᠪᠤᠳᠠᠯ ᠪᠣᠯᠣᠨ᠎ᠠ ᠭᠡᠵᠡᠢ᠃ | ᠬᠤᠶᠢᠰᠢᠳᠠ ᠶᠢᠨ ᠨᠢᠭᠡ ᠵᠢᠯ ᠤᠨ ᠠᠵᠢᠯ ᠤᠨ ᠲᠤᠬᠠᠢ ᠰᠠᠨᠠᠭᠤᠯᠭ᠎ᠠ ᠳᠠᠭᠠᠨ ᠯᠢ ᠵᠠᠨ ᠱᠤ᠋᠂ 2023 ᠣᠨ ᠪᠣᠯ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠡᠭᠢᠯᠡᠯᠲᠡ ᠶᠢᠨ ᠵᠢᠯ ᠪᠣᠯᠣᠨ᠎ᠠ᠂ ᠪᠠᠶᠢᠩᠭᠤ ᠶᠢᠨ ᠬᠤᠷᠢᠶ᠎ᠠ ᠶᠢᠨ ᠠᠵᠢᠯ ᠪᠣᠯ ᠨᠢᠭᠡ ᠳᠤ ᠦᠨᠳᠦᠰᠦᠨ ᠬᠠᠤᠯᠢ ᠶᠢ | ᠬᠡᠷᠡᠭᠵᠢᠭᠦᠯᠬᠦ ᠪᠠ ᠬᠠᠤᠯᠢ ᠲᠣᠭᠲᠠᠭᠠᠬᠤ ᠠᠵᠢᠯ ᠢ ᠰᠠᠶᠢᠲᠤᠷ ᠭᠢᠨ᠎ᠠ︔ ᠬᠤᠶᠠᠷ ᠲᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠢᠨᠠᠯᠲᠠ ᠲᠠᠯᠪᠢᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠴᠢᠩᠭᠠᠳᠬᠠᠨ᠎ᠠ︔ ᠭᠤᠷᠪᠠ ᠳᠤ | ᠲᠥᠯᠥᠭᠡᠯᠡᠭᠴᠢ ᠶᠢᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠠ︔ ᠳᠥᠷᠪᠡ ᠳᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠬᠠᠷᠢᠯᠴᠠᠭ᠎ᠠ ᠶᠢ ᠰᠠᠶᠢᠲᠤᠷ ᠭᠢᠨ᠎ᠠ︔ ᠲᠠᠪᠤ ᠳᠤ ᠪᠠᠶᠢᠩᠭᠤ ᠶᠢᠨ | ᠬᠤᠷᠢᠶ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ ᠭᠡᠵᠦ ᠵᠢᠭᠠᠵᠤ ᠭᠠᠷᠭᠠᠪᠠ᠃ | ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ ᠳᠠᠷᠤᠭ᠎ᠠ ᠵᠧᠦ ᠴᠢᠶᠠᠩ ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ | ᠠᠵᠢᠯ ᠤᠨ ᠮᠡᠳᠡᠭᠦᠯᠦᠯᠲᠡ ᠳᠡᠭᠡᠨ᠂ 2022 ᠣᠨ ᠳᠤ᠂ ᠪᠦᠭᠦ ᠤᠯᠤᠰ ᠤᠨ ᠰᠢᠭᠦᠭᠦ ᠬᠤᠷᠢᠶ᠎ᠠ ᠶᠢᠨ ᠡᠯ᠎ᠡ ᠵᠦᠢᠯ ᠤᠨ | ᠠᠵᠢᠯ ᠲᠣᠭᠲᠠᠭᠤᠨ ᠤ ᠳᠤᠮᠳᠠ ᠠᠬᠢᠵᠠᠢ᠃ ᠠᠷᠠᠳ ᠤᠨ ᠳᠡᠭᠡᠳᠦ ᠰᠢᠭᠦᠭᠦ ᠬᠤᠷᠢᠶ᠎ᠠ 18547 ᠬᠡᠷᠡᠭ ᠢ ᠭᠥᠯᠢᠶᠡᠨ | ᠠᠪᠴᠤ ᠰᠢᠢᠳᠪᠦᠷᠢᠯᠡᠵᠦ᠂ 13785 ᠬᠡᠷᠡᠭ ᠢ ᠰᠢᠭᠦᠨ ᠳᠠᠭᠤᠰᠬᠠᠪᠠ︔ ᠣᠷᠣᠨ ᠨᠤᠲᠤᠭ ᠤᠨ ᠡᠯ᠎ᠡ ᠱᠠᠲᠤᠨ ᠤ | ᠠᠷᠠᠳ ᠤᠨ ᠰᠢᠭᠦᠭᠦ ᠬᠤᠷᠢᠶ᠎ᠠ ᠪᠠ ᠠᠷᠠᠳ ᠤᠨ ᠲᠤᠰᠬᠠᠢ ᠰᠢᠭᠦᠭᠦ ᠬᠤᠷᠢᠶ᠎ᠠ 3370.4 ᠲᠦᠮᠡᠨ ᠬᠡᠷᠡᠭ ᠢ ᠭᠥᠯᠢᠶᠡᠨ | ᠠᠪᠴᠤ ᠰᠢᠢᠳᠪᠦᠷᠢᠯᠡᠵᠦ᠂ 3081 ᠲᠦᠮᠡᠨ ᠬᠡᠷᠡᠭ ᠢ ᠰᠢᠭᠦᠵᠦ ᠳᠠᠭᠤᠰᠬᠠᠭᠰᠠᠨ ᠪᠠ ᠭᠦᠢᠴᠡᠳᠬᠡᠵᠦ ᠳᠠᠭᠤᠰᠬᠠᠨ᠂ | ᠬᠡᠷᠡᠭ ᠢ ᠰᠢᠢᠳᠪᠦᠷᠢᠯᠡᠵᠦ ᠳᠠᠭᠤᠰᠬᠠᠭᠰᠠᠨ ᠬᠠᠷᠠᠯᠲᠠ ᠶᠢᠨ ᠬᠡᠮᠵᠢᠶ᠎ᠡ 9.9 ᠲᠦᠮᠡᠨ ᠳ᠋ᠦᠩᠰᠢᠭᠤᠷ ᠲᠥᠭᠦᠷᠢᠭ ᠲᠤ ᠬᠦᠷᠴᠡᠢ | ᠭᠡᠵᠦ ᠵᠢᠭᠠᠵᠤ ᠭᠠᠷᠭᠠᠪᠠ᠃ | ᠵᠧᠦ ᠴᠢᠶᠠᠩ ᠮᠡᠳᠡᠭᠦᠯᠦᠯᠲᠡ ᠳᠡᠭᠡᠨ᠂ ᠲᠠᠪᠤᠨ ᠵᠢᠯ ᠤᠨ ᠲᠤᠷᠰᠢ᠂ ᠠᠷᠠᠳ ᠤᠨ ᠳᠡᠭᠡᠳᠦ ᠰᠢᠭᠦᠭᠦ ᠬᠤᠷᠢᠶ᠎ᠠ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠤᠳᠠᠭ᠎ᠠ ᠪᠦᠷᠢ ᠶᠢᠨ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ | ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ | ᠠᠷᠠᠳ ᠤᠨ ᠰᠢᠭᠦᠭᠦ ᠬᠤᠷᠢᠶ᠎ᠠ ᠶᠢᠨ ᠠᠵᠢᠯ ᠤᠨ ᠰᠢᠨ᠎ᠡ ᠬᠤᠪᠢᠰᠤᠯᠲᠠ ᠰᠢᠨ᠎ᠡ ᠬᠥᠭᠵᠢᠯᠲᠡ ᠶᠢ ᠠᠬᠢᠭᠤᠯᠪᠠ᠃ ᠨᠢᠭᠡ ᠳᠤ | ᠤᠯᠤᠰ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ ᠠᠮᠤᠷ ᠠᠮᠤᠭᠤᠯᠠᠩ ᠢ ᠡᠷᠡᠰ | ᠬᠠᠮᠠᠭᠠᠯᠠᠪᠠ︔ ᠬᠤᠶᠠᠷ ᠲᠤ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠬᠠᠤᠯᠢ ᠶᠣᠰᠣᠭᠠᠷ ᠦᠢᠯᠡᠴᠢᠯᠡᠪᠠ︔ ᠭᠤᠷᠪᠠ ᠳᠤ ᠳᠤᠮᠳᠠᠳᠤ ᠤᠯᠤᠰ ᠤᠨ ᠣᠨᠴᠠᠯᠢᠭ ᠲᠠᠢ ᠠᠷᠠᠳ ᠤᠨ | ᠲᠥᠯᠥᠭᠡ ᠬᠠᠤᠯᠢ ᠪᠠᠷᠢᠬᠤ ᠵᠠᠮ ᠢᠶᠠᠷ ᠰᠠᠶᠢᠲᠤᠷ ᠵᠠᠮᠨᠠᠬᠤ ᠶᠢ ᠪᠠᠷᠢᠮᠲᠠᠯᠠᠪᠠ︔ ᠳᠥᠷᠪᠡ ᠳᠤ ᠨᠡᠶᠢᠭᠡᠮ ᠤᠨ ᠲᠥᠪ ᠭᠤᠣᠯᠴᠢ | ᠰᠢᠳᠤᠷᠭᠤ ᠶᠣᠰᠣ ᠶᠢ ᠬᠠᠮᠠᠭᠠᠯᠠᠬᠤ ᠬᠠᠮᠤᠭ ᠤᠨ ᠡᠴᠦᠰ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠰᠠᠭᠢᠵᠠᠢ︔ ᠲᠠᠪᠤ ᠳᠤ | ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠣᠶᠤᠨᠴᠢ ᠰᠢᠭᠦᠭᠦ ᠬᠤᠷᠢᠶ᠎ᠠ ᠶᠢᠨ ᠪᠠᠶᠢᠭᠤᠯᠤᠯᠲᠠ | ᠴᠢᠬᠤᠯᠠ ᠶᠡᠭᠡ ᠠᠬᠢᠯᠲᠠ ᠲᠠᠢ ᠪᠤᠯᠪᠠ︔ ᠵᠢᠷᠭᠤᠭ᠎ᠠ ᠳᠤ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ | ᠡᠭᠦᠷᠭᠡᠯᠡᠳᠡᠭ ᠰᠢᠭᠦᠭᠦ ᠬᠤᠷᠢᠶ᠎ᠠ ᠶᠢᠨ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠵᠠᠢ ᠭᠡᠵᠦ ᠢᠯᠡᠳᠬᠡᠪᠡ᠃ | ᠮᠡᠳᠡᠭᠦᠯᠦᠯᠲᠡ ᠳᠤ᠂ ᠵᠧᠦ ᠴᠢᠶᠠᠩ 5 ᠲᠠᠯ᠎ᠠ ᠠᠴᠠ 2023 ᠣᠨ ᠤ ᠠᠵᠢᠯ ᠳᠤ ᠰᠠᠨᠠᠭᠤᠯᠭ᠎ᠠ ᠳᠤᠷᠠᠳᠪᠠ᠄ ᠰᠢ | ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠬᠠᠤᠯᠢᠵᠢᠯ ᠤᠨ ᠵᠠᠮ ᠢᠶᠠᠷ ᠭᠤᠶᠢᠪᠢᠰᠢ ᠦᠭᠡᠢ ᠵᠠᠮᠨᠠᠬᠤ ᠭᠡᠷᠡᠭᠲᠡᠢ︔ ᠬᠥᠭᠵᠢᠯᠲᠡ ᠪᠠ ᠠᠮᠤᠷ | ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠪᠠ ᠴᠢᠨᠠᠷ | ᠰᠠᠶᠢᠲᠠᠢ ᠬᠥᠭᠵᠢᠯᠲᠡ ᠳᠤ ᠬᠠᠤᠯᠢ ᠶᠣᠰᠣᠭᠠᠷ ᠦᠢᠯᠡᠴᠢᠯᠡᠬᠦ ᠭᠡᠷᠡᠭᠳᠠᠢ︔ ᠠᠷᠠᠳ ᠲᠦᠮᠡᠨ ᠢᠶᠠᠷ ᠭᠤᠣᠯ ᠪᠤᠯᠭᠠᠬᠤ ᠶᠢ | ᠪᠠᠷᠢᠮᠲᠠᠯᠠᠵᠤ᠂ ᠠᠷᠠᠳ ᠤᠨ ᠲᠥᠯᠥᠭᠡ ᠬᠠᠤᠯᠢ ᠪᠠᠷᠢᠬᠤ᠂ ᠲᠥᠪ ᠭᠤᠣᠯᠴᠢ ᠪᠠᠷ ᠬᠠᠤᠯᠢ ᠪᠠᠷᠢᠬᠤ ᠶᠢ ᠯᠠᠪᠳᠠᠭᠤᠨ ᠪᠠᠲᠤᠲᠠᠢ | ᠠᠬᠢᠭᠤᠯᠬᠤ ᠭᠡᠷᠡᠭᠳᠠᠢ︔ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠭᠦᠨ | ᠲᠠᠰᠤᠯᠬᠤ ᠰᠢᠰᠲ᠋ᠧᠮ ᠪᠠ ᠰᠢᠭᠦᠨ ᠲᠠᠰᠤᠯᠬᠤ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠪᠴᠢᠯᠡᠨ ᠠᠬᠢᠭᠤᠯᠬᠤ ᠭᠡᠷᠡᠭᠳᠠᠢ | ︔ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠰᠢᠭᠦᠭᠦ ᠬᠤᠷᠢᠶ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠰᠢᠭᠦᠭᠦ | ᠬᠤᠷᠢᠶ᠎ᠠ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ | ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠵᠠᠩ ᠵᠢᠶᠦ᠋ᠨ ᠠᠷᠠᠳ ᠤᠨ ᠳᠡᠭᠡᠳᠦ | ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠳᠡᠭᠡᠨ᠂ ᠲᠠᠪᠤᠨ ᠵᠢᠯ ᠤᠨ ᠲᠤᠷᠰᠢ ᠰᠢ ᠶᠢᠨ ᠫᠢᠩ ᠨᠥᠬᠦᠷ ᠢᠶᠠᠷ | ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠦᠴᠦᠲᠡᠢ ᠬᠢᠨᠠᠯᠲᠠ ᠶᠢᠨ | ᠳᠣᠣᠷ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠡᠷᠡᠭᠦᠦ ᠶᠢᠨ ᠬᠡᠷᠡᠭ᠂ ᠢᠷᠭᠡᠨ ᠤ ᠬᠡᠷᠡᠭ᠂ ᠵᠠᠰᠠᠭ ᠵᠠᠬᠢᠷᠭ᠎ᠠ᠂ | ᠨᠡᠶᠢᠲᠡ ᠶᠢᠨ ᠠᠰᠠᠷᠠᠮᠵᠢ ᠶᠢᠨ ᠵᠠᠷᠭᠤ ᠵᠡᠷᠭᠡ ︽ᠲᠦᠷᠪᠡᠨ ᠶᠡᠭᠡ ᠪᠠᠶᠢᠴᠠᠭᠠᠬᠤ ᠠᠵᠢᠯ︾ ᠤᠨ ᠰᠢᠨ᠎ᠡ ᠪᠠᠶᠢᠷᠢᠰᠢᠯ ᠢ | ᠰᠢᠨ᠎ᠡ ᠪᠠᠷ ᠡᠭᠦᠳᠦᠨ ᠪᠠᠶᠢᠭᠤᠯᠵᠤ᠂ ᠠᠷᠠᠳ ᠲᠦᠮᠡᠨ ᠢ ᠳᠡᠭᠡᠳᠦᠯᠡᠬᠦ ᠶᠢ ᠦᠢᠯᠡᠳᠦᠯᠭᠡᠵᠢᠭᠦᠯᠦᠨ᠂ ᠦᠨᠳᠦᠰᠦᠨ ᠬᠠᠤᠯᠢ | ᠬᠠᠤᠯᠢ ᠴᠠᠭᠠᠵᠠ ᠠᠴᠠ ᠣᠯᠭᠤᠭᠰᠠᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ | ᠴᠢᠳᠠᠮᠠᠭᠠᠢ ᠪᠠᠷ ᠭᠦᠢᠴᠡᠳᠬᠡᠵᠦ᠂ ᠠᠷᠠᠳ ᠤᠨ ᠪᠠᠶᠢᠴᠠᠭᠠᠬᠤ ᠠᠵᠢᠯ ᠦᠢᠯᠡᠰ ᠰᠢᠨ᠎ᠡ ᠲᠠᠪᠠᠯᠳᠠᠳᠤ ᠬᠥᠭᠵᠢᠯᠲᠡ ᠶᠢ | ᠪᠡᠶᠡᠯᠡᠭᠦᠯᠪᠡ᠃ 2018 ᠣᠨ ᠠᠴᠠ 2022 ᠣᠨ ᠪᠤᠯᠲᠠᠯ᠎ᠠ᠂ ᠪᠦᠭᠦ ᠤᠯᠤᠰ ᠤᠨ ᠪᠠᠶᠢᠴᠠᠭᠠᠬᠤ ᠪᠠᠶᠢᠭᠤᠯᠭ᠎ᠠ ᠡᠯ᠎ᠡ | ᠲᠦᠷᠦᠯ ᠤᠨ ᠬᠡᠷᠡᠭ ᠢ ᠨᠡᠶᠢᠳᠡ 1733.6 ᠲᠦᠮᠡᠨ ᠬᠤᠪᠢ ᠰᠢᠢᠳᠪᠦᠷᠢᠯᠡᠵᠦ᠂ ᠲᠦᠷᠦᠭᠦᠦ ᠲᠠᠪᠤᠨ ᠵᠢᠯ ᠤᠨ ᠬᠢ ᠠᠴᠠ | 40% ᠪᠠᠷ ᠨᠡᠮᠡᠭᠳᠡᠪᠡ᠃ 2018 ᠣᠨ ᠤ ᠬᠢ ᠲᠠᠢ ᠬᠠᠷᠢᠴᠠᠭᠤᠯᠪᠠᠯ᠂ 2022 ᠣᠨ ᠳᠤ ᠭᠥᠯᠢᠶᠡᠨ ᠠᠪᠤᠭᠰᠠᠨ ᠬᠢᠨᠠᠨ | ᠪᠠᠶᠢᠴᠠᠭᠠᠵᠤ ᠵᠠᠭᠠᠯᠳᠤᠬᠤ ᠬᠡᠷᠡᠭ 2.8% ᠪᠠᠷ ᠨᠡᠮᠡᠭᠳᠡᠵᠦ᠂ ᠢᠷᠭᠡᠨ ᠤ ᠬᠡᠷᠡᠭ᠂ ᠵᠠᠰᠠᠭ ᠵᠠᠬᠢᠷᠭ᠎ᠠ᠂ ᠨᠡᠶᠢᠲᠡ ᠶᠢᠨ | ᠠᠰᠠᠷᠠᠮᠵᠢ ᠶᠢᠨ ᠵᠠᠷᠭᠤ ᠶᠢᠨ ᠬᠡᠷᠡᠭ ᠢ ᠰᠢᠢᠳᠪᠦᠷᠢᠯᠡᠭᠰᠡᠨ ᠬᠡᠮᠵᠢᠶ᠎ᠡ ᠲᠤᠰ ᠲᠤᠰ 1.5 ᠲᠠᠭᠢᠨ᠂ 3.3 ᠲᠠᠭᠢᠨ ᠪᠠ 72. | 6% ᠪᠠᠷ ᠨᠡᠮᠡᠭᠳᠡᠪᠡ ᠭᠡᠵᠦ ᠵᠢᠭᠠᠵᠤ ᠭᠠᠷᠭᠠᠪᠠ᠃ | ᠮᠡᠳᠡᠭᠦᠯᠦᠯᠲᠡ ᠳᠤ᠂ ᠵᠠᠩ ᠵᠢᠶᠦ᠋ᠨ ᠥᠩᠭᠡᠷᠡᠭᠰᠡᠨ ᠲᠠᠪᠤᠨ ᠵᠢᠯ ᠤᠨ ᠠᠵᠢᠯ ᠢ 6 ᠲᠠᠯ᠎ᠠ ᠪᠠᠷ ᠡᠷᠭᠢᠴᠡᠭᠦᠯᠪᠡ᠄ | ᠨᠢᠭᠡ ᠳᠤ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠵᠤ᠂ ᠴᠢᠳᠠᠮᠠᠭᠠᠢ ᠪᠠᠶᠢᠴᠠᠭᠠᠬᠤ ᠪᠠᠷ ᠳᠤᠮᠳᠠᠳᠤ ᠤᠯᠤᠰ ᠤᠨ | ᠵᠠᠰᠠᠯᠲᠠ ᠳᠤ ᠬᠦᠴᠦᠨ ᠨᠡᠮᠡᠷᠢᠯᠡᠪᠡ︔ ᠬᠤᠶᠠᠷ ᠲᠤ᠂ ᠶᠡᠭᠡ ᠲᠠᠯ᠎ᠠ ᠳᠤ ᠦᠢᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠴᠢᠳᠠᠮᠠᠭᠠᠢ ᠪᠠᠶᠢᠴᠠᠭᠠᠬᠤ ᠪᠠᠷ ᠴᠢᠨᠠᠷ ᠰᠠᠶᠢᠲᠠᠢ ᠬᠥᠭᠵᠢᠯᠲᠡ ᠶᠢ ᠠᠭᠢᠭᠤᠯᠪᠠ︔ ᠭᠤᠷᠪᠠ ᠳᠤ᠂ ᠠᠷᠠᠳ ᠤᠨ ᠲᠥᠯᠥᠭᠡ | ᠬᠠᠤᠯᠢ ᠪᠠᠷᠢᠬᠤ ᠶᠢ ᠪᠠᠷᠢᠮᠲᠠᠯᠠᠵᠤ᠂ ᠴᠢᠳᠠᠮᠠᠭᠠᠢ ᠪᠠᠶᠢᠴᠠᠭᠠᠬᠤ ᠪᠠᠷ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠪᠠᠲᠤᠯᠠᠪᠠ︔ | ᠳᠥᠷᠪᠡ ᠳᠤ᠂ ᠵᠠᠷᠭᠤ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠴᠢᠳᠠᠮᠠᠭᠠᠢ ᠪᠠᠶᠢᠴᠠᠭᠠᠬᠤ ᠪᠠᠷ ᠬᠠᠤᠯᠢ ᠴᠠᠭᠠᠵᠠ ᠶᠢᠨ | ᠲᠥᠪ ᠭᠤᠣᠯᠴᠢ ᠶᠢ ᠬᠠᠮᠠᠭᠠᠯᠠᠪᠠ︔ ᠲᠠᠪᠤ ᠳᠤ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠥᠷᠭᠡᠳᠬᠡᠵᠦ᠂ ᠴᠢᠳᠠᠮᠠᠭᠠᠢ | ᠪᠠᠶᠢᠴᠠᠭᠠᠬᠤ ᠪᠠᠷ ᠤᠯᠠᠨ ᠨᠡᠶᠢᠲᠡ ᠶᠢᠨ ᠠᠰᠢᠭ ᠲᠤᠰᠠ ᠶᠢ ᠬᠠᠮᠠᠭᠠᠯᠠᠪᠠ︔ ᠵᠢᠷᠭᠤᠭ᠎ᠠ ᠳᠤ᠂ ᠪᠠᠶᠢᠴᠠᠭᠠᠬᠤ ᠬᠤᠷᠢᠶ᠎ᠠ ᠶᠢ | ᠴᠢᠩᠭ᠎ᠠ ᠵᠠᠰᠠᠬᠤ ᠶᠢ ᠪᠠᠷᠢᠮᠲᠠᠯᠠᠵᠤ᠂ ᠴᠢᠳᠠᠮᠠᠭᠠᠢ ᠪᠠᠶᠢᠴᠠᠭᠠᠬᠤ ᠪᠠᠷ ᠰᠢᠯᠭᠠᠷᠠᠭᠰᠠᠨ ᠡᠩᠨᠡᠭᠡ ᠶᠢ ᠳᠠᠪᠲᠠᠨ ᠪᠣᠯᠪᠠᠰᠤᠷᠠᠭᠤᠯᠪᠠ᠃ | | ᠵᠠᠩ ᠵᠢᠶᠦ᠋ᠨ ᠮᠡᠳᠡᠭᠦᠯᠦᠯᠲᠡ ᠳᠡᠭᠡᠨ 2023 ᠣᠨ ᠤ ᠠᠵᠢᠯ ᠳᠤ ᠰᠠᠨᠠᠭᠤᠯᠭ᠎ᠠ ᠳᠤᠷᠠᠳᠴᠠᠢ᠄ ᠨᠢᠭᠡ ᠳᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠭᠡᠷᠡᠭᠳᠡᠢ︔ ᠬᠤᠶᠠᠷ ᠲᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ | ᠲᠣᠭᠲᠠᠭᠤᠨ ᠢ ᠡᠷᠡᠰ ᠬᠠᠮᠠᠭᠠᠯᠠᠬᠤ ᠭᠡᠷᠡᠭᠳᠡᠢ︔ ᠭᠤᠷᠪᠠ ᠳᠤ᠂ ᠬᠠᠤᠯᠢᠵᠢᠯ ᠤᠨ ᠬᠦᠴᠦᠨ ᠢ ᠭᠦᠢᠴᠡᠳ ᠬᠡᠷᠡᠭᠯᠡᠵᠦ ᠴᠢᠨᠠᠷ | ᠰᠠᠶᠢᠲᠠᠢ ᠬᠥᠭᠵᠢᠯᠲᠡ ᠳᠤ ᠦᠢᠯᠡᠴᠢᠯᠡᠬᠦ ᠭᠡᠷᠡᠭᠳᠡᠢ︔ ᠳᠥᠷᠪᠡ ᠳᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ | ᠴᠢᠳᠠᠪᠤᠷᠢ ᠶᠢ ᠳᠡᠭᠡᠭᠰᠢᠯᠡᠭᠦᠯᠭᠦ ᠭᠡᠷᠡᠭᠳᠡᠢ︔ ᠲᠠᠪᠤ ᠳᠤ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ | ᠢᠵᠢ ᠪᠦᠷᠢᠳᠦᠭᠦᠯᠦᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠭᠡᠷᠡᠭᠳᠡᠢ︔ ᠵᠢᠷᠭᠤᠭ᠎ᠠ ᠳᠤ᠂ ᠬᠦᠨᠳᠦ ᠡᠭᠦᠷᠭᠡ ᠶᠢ | ᠡᠭᠦᠷᠭᠡᠯᠡᠵᠦ ᠲᠡᠶᠢᠯᠭᠦ ᠪᠠᠶᠢᠴᠠᠭᠠᠬᠤ ᠠᠵᠢᠯ ᠤᠨ ᠲᠡᠮᠦᠷ ᠴᠡᠷᠢᠭ ᠢ ᠪᠠᠶᠢᠭᠤᠯᠬᠤ ᠬᠡᠷᠡᠭᠲᠡᠢ᠃ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠺᠧ ᠴᠢᠶᠠᠩ ᠤᠨ ᠬᠢᠨᠠᠨ ᠵᠥᠪᠯᠡᠭᠦᠯᠭᠦ ᠪᠠᠷ | ᠳᠡᠪᠰᠢᠭᠦᠯᠦᠭᠰᠡᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠤᠨ ᠰᠠᠨᠠᠯ | ᠵᠥᠪᠯᠡᠯᠭᠡ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠴᠢᠬᠤᠯᠠ | ᠪᠠᠶᠢᠷᠢᠯᠠᠭᠤᠯᠤᠯᠲᠠ ᠬᠢᠪᠡ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ | ᠬᠤᠷᠠᠯ ᠠᠴᠠ ︽ᠨᠠᠮ ᠪᠠ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠢ ᠬᠢᠨᠠᠨ ᠵᠥᠪᠯᠡᠵᠦ | ᠪᠠᠲᠤᠯᠠᠭᠠᠳ᠂ ᠲᠡᠭᠦᠨ ᠤ ᠳᠣᠲᠣᠷᠠᠬᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠳᠤ | ᠬᠤᠯᠪᠣᠭᠳᠠᠭᠰᠠᠨ ᠠᠭᠤᠯᠭ᠎ᠠ ᠶᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠳᠡᠪᠰᠢᠭᠦᠯᠵᠦ ᠬᠢᠨᠠᠨ ᠵᠦᠪᠯᠡᠭᠦᠯᠭᠦ ᠪᠠᠷ ᠵᠥᠪᠰᠢᠶᠡᠷᠡᠪᠡ᠃ | ᠤᠳᠤ ︽ᠨᠠᠮ ᠪᠠ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠢ ᠦᠨᠳᠦᠰᠦᠯᠡᠨ | ᠪᠦᠷᠢᠯᠳᠦᠭᠦᠯᠦᠭᠰᠡᠨ ︽ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠢ | ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠳᠤ ᠬᠢᠨᠠᠨ ᠵᠦᠪᠯᠡᠭᠦᠯᠭᠦ ᠪᠠᠷ ᠳᠡᠪᠰᠢᠭᠦᠯᠪᠡ ᠭᠡᠵᠦ ᠵᠢᠭᠠᠵᠤ ᠭᠠᠷᠭᠠᠪᠠ᠃ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠨᠠᠶᠢᠳᠠᠯᠭ᠎ᠠ ᠪᠠᠷ ᠲᠦᠷᠦ ᠶᠢᠨ ᠶᠠᠪᠤᠳᠠᠯ ᠤᠨ ᠭᠡᠰᠢᠭᠦᠨ ᠪᠥᠭᠡᠳ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠰᠢᠶᠣᠣ ᠵᠢᠶᠧ ᠲᠦᠷᠦ ᠶᠢᠨ ᠶᠠᠪᠤᠳᠠᠯ ᠤᠨ ᠬᠤᠷᠢᠶ᠎ᠠ | ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠤᠨ ᠲᠤᠬᠠᠢ ᠲᠣᠳᠣᠷᠬᠠᠶᠢᠯᠠᠯᠲᠠ ᠬᠢᠪᠡ᠃ ᠰᠢᠶᠣᠣ ᠵᠢᠶᠧ | ᠲᠣᠳᠣᠷᠬᠠᠶᠢᠯᠠᠯᠲᠠ ᠳᠠᠭᠠᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠨᠢ ᠨᠠᠮ ᠪᠠ | ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠨᠢᠭᠡᠨ ᠴᠢᠬᠤᠯᠠ ᠡᠭᠦᠷᠭᠡ ᠪᠣᠯᠤᠭᠰᠠᠨ ᠤ ᠬᠤᠪᠢ ᠳᠤ᠂ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ᠂ ᠳ᠋ᠠᠶᠢᠲ᠋ᠠ ᠶᠢᠨ ᠬᠠᠮᠢᠶᠠᠷᠤᠯᠲᠠ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠮᠡᠳᠡᠯᠭᠡ ᠶᠢᠨ ᠥᠮᠴᠢᠯᠡᠯ ᠤᠨ ᠡᠷᠬᠡ᠂ ᠥᠲᠡᠭᠦᠰ ᠤᠨ ᠠᠵᠢᠯ ᠵᠡᠷᠭᠡ | ᠭᠤᠣᠯᠳᠠᠯᠭ᠎ᠠ ᠲᠠᠢ ᠬᠦᠷᠢᠶᠡᠨ ᠳᠠᠬᠢ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ ᠶᠢ ᠰᠢᠯᠢᠳᠡᠭᠵᠢᠭᠦᠯᠦᠨ | ᠲᠣᠬᠢᠷᠠᠭᠤᠯᠤᠯᠲᠠ ᠬᠢᠵᠦ᠂ ᠵᠠᠰᠠᠭ ᠤᠨ ᠣᠷᠳᠣᠨ ᠤ ᠡᠭᠦᠷᠭᠡ ᠲᠤᠰᠢᠶᠠᠯ ᠢ ᠬᠤᠪᠢᠷᠠᠭᠤᠯᠤᠨ᠂ ᠬᠠᠤᠯᠢᠵᠢᠯ ᠤᠨ ᠵᠠᠰᠠᠭ ᠤᠨ | ᠣᠷᠳᠣᠨ ᠢ ᠲᠦᠷᠭᠡᠳᠬᠡᠨ ᠪᠠᠶᠢᠭᠤᠯᠬᠤ ᠪᠣᠯ ᠭᠤᠣᠯᠳᠠᠯᠭ᠎ᠠ ᠪᠣᠯᠣᠨ᠎ᠠ ᠭᠡᠵᠦ ᠵᠢᠭᠠᠵᠤ ᠭᠠᠷᠭᠠᠪᠠ᠃ | ᠡᠨᠡ ᠤᠳᠠᠭᠠᠨ ᠤ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠣᠳᠠᠲᠠᠢ | ᠠᠭᠤᠯᠭ᠎ᠠ ᠨᠢ ᠳᠣᠣᠷᠠᠬᠢ ᠮᠡᠲᠦ᠄ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠢ ᠳᠠᠭᠢᠨ ᠰᠢᠨ᠎ᠡ ᠪᠠᠷ | ᠪᠠᠶᠢᠭᠤᠯᠤᠨ᠎ᠠ︔ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢ | ᠪᠠᠶᠢᠭᠤᠯᠤᠨ᠎ᠠ︔ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ︔ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠤᠮᠵᠢ ᠪᠣᠯᠭᠠᠨ | ᠲᠤᠭᠢᠷᠠᠭᠤᠯᠤᠨ᠎ᠠ︔ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠰᠠᠯᠪᠤᠷᠢ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠨᠢᠭᠡᠳᠦᠯᠲᠡᠢ ᠲᠥᠯᠥᠪᠵᠢᠭᠦᠯᠦᠨ ᠠᠭᠢᠭᠤᠯᠤᠨ᠎ᠠ︔ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ | ᠬᠠᠮᠢᠶᠠᠷᠤᠯᠲᠠ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠦᠨ᠎ᠡ︔ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠠᠵᠢᠯᠲᠠᠨ ᠤ ᠨᠢᠭᠡᠳᠦᠯᠲᠡᠢ ᠵᠢᠷᠤᠮᠵᠢᠬᠰᠠᠨ ᠬᠠᠮᠢᠶᠠᠷᠤᠯᠲᠠ ᠶᠢ ᠴᠢᠩᠭᠠᠳᠬᠠᠨ᠎ᠠ︔ ᠤᠯᠤᠰ ᠤᠨ ᠳ᠋ᠠᠶᠢᠲ᠋ᠠ ᠶᠢᠨ | ᠲᠣᠪᠴᠢᠶ᠎ᠠ ᠶᠢ ᠪᠠᠶᠢᠭᠤᠯᠤᠨ᠎ᠠ︔ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠲᠤᠰᠢᠶᠠᠯ ᠬᠠᠷᠢᠭᠤᠴᠠᠯᠭ᠎ᠠ ᠶᠢ | ᠰᠢᠯᠢᠳᠡᠭᠵᠢᠭᠦᠯᠦᠨ᠎ᠡ︔ ᠥᠲᠡᠭᠦᠰ ᠤᠨ ᠠᠵᠢᠯ ᠤᠨ ᠪᠠᠶᠢᠭᠤᠯᠤᠮᠵᠢ ᠶᠢ ᠲᠡᠭᠦᠯᠳᠡᠷᠵᠢᠭᠦᠯᠦᠨ᠎ᠡ︔ ᠮᠡᠳᠡᠯᠭᠡ ᠶᠢᠨ | ᠥᠮᠴᠢᠯᠡᠯ ᠤᠨ ᠡᠷᠬᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠦᠨ᠎ᠡ︔ ᠤᠯᠤᠰ ᠤᠨ ᠵᠠᠬᠢᠳᠠᠯ | ᠰᠤᠷᠪᠤᠯᠵᠢᠯᠠᠯ ᠤᠨ ᠲᠣᠪᠴᠢᠶ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠤᠮᠵᠢ ᠪᠣᠯᠭᠠᠨ | ᠲᠤᠭᠢᠷᠠᠭᠤᠯᠤᠨ᠎ᠠ︔ ᠲᠥᠪ ᠤᠨ ᠲᠥᠷᠥ ᠶᠢᠨ ᠪᠠᠶᠢᠭᠤᠯᠭ᠎ᠠ ᠶᠢᠨ ᠠᠵᠢᠯᠲᠠᠨ ᠤ ᠣᠷᠣᠨ ᠲᠤᠭ᠎ᠠ ᠶᠢ ᠴᠣᠮᠬᠠᠳᠬᠠᠨ᠎ᠠ᠃ | ᠳᠡᠭᠡᠷ᠎ᠡ ᠳᠤᠷᠠᠳᠤᠭᠰᠠᠨ ᠲᠥᠰᠥᠯ ᠶᠣᠰᠣᠭᠠᠷ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠲᠥᠷᠥ ᠶᠢᠨ ᠶᠠᠪᠤᠳᠠᠯ ᠤᠨ ᠬᠤᠷᠢᠶ᠎ᠠ | ᠶᠢᠨ ᠠᠯᠪᠠᠨ ᠲᠢᠩᠬᠢᠮ ᠠᠴᠠ ᠭᠠᠳᠠᠨ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠬᠢᠷᠠᠭᠤᠯᠤᠭᠰᠠᠨ ᠪᠦᠷᠢᠯᠳᠦᠭᠦᠨ | ᠰᠠᠯᠠᠭ᠎ᠠ ᠮᠥᠴᠢᠷ ᠮᠥᠨ ᠬᠦ 26 ᠪᠣᠯᠣᠨ᠎ᠠ᠃ | ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠸᠠᠩ ᠨᠢᠩ᠂ ᠯᠢᠦ ᠢ ᠯᠢᠶᠠᠩ᠂ ᠯᠢᠦ ᠨᠢᠩ᠂ ᠯᠢ ᠰᠢᠤ ᠯᠢᠩ᠂ | ᠴᠧᠨ ᠭᠠᠩ᠂ ᠵᠧᠩ ᠱᠠᠨ ᠵᠢᠶᠧ᠂ ᠨᠢ ᠶᠤᠸᠠᠢ ᠹᠧᠩ᠂ ᠵᠢᠩ ᠵᠢᠶᠦ᠋ᠨ ᠬᠠᠢ᠂ ᠯᠧᠦ ᠶᠠᠩ ᠱᠧᠩ ᠲᠡᠷᠢᠭᠦᠯᠡᠭᠴᠢᠳ ᠤᠨ | ᠲᠠᠶᠢᠰᠠᠨ ᠤ ᠭᠦᠢᠴᠡᠳᠭᠡᠭᠴᠢ ᠲᠡᠷᠢᠭᠦᠯᠡᠭᠴᠢ ᠶᠢᠨ ᠰᠠᠭᠤᠳᠠᠯ ᠳᠤ ᠰᠠᠭᠠᠲᠠᠪᠠ᠃ | | | 十四届全国人大一次会议举行第二次全体会议 | 十四届全国人大一次会议举行第二次全体会议 | 习近平李强赵乐际王沪宁韩正蔡奇丁薛祥李希等在主席 | 台就座 | 栗战书作全国人大常委会工作报告 | 听取和审议最高人民法院工作报告和最高人民检察院工 | 作报告 | 听取关于国务院机构改革方案的说明 | 十四届全国人大一次会议7日下午在北京人民大会堂举行 | 第二次全体会议,听取和审议全国人大常委会工作报告 | 和最高人民法院工作报告、最高人民检察院工作报告,听 | 取关于国务院机构改革方案的说明。 | 习近平、李强、赵乐际、王沪宁、韩正、蔡奇、丁薛祥、李 | 希等出席会议。 | 会议应出席代表2977人,出席2943人,缺席34人,出席人数 | 符合法定人数。 | 大会主席团常务主席、执行主席李鸿忠主持会议。 | 受十三届全国人大常委会委托,栗战书委员长向大会报 | 告全国人大常委会工作。栗战书在报告中指出,过去一年 | ,在以习近平同志为核心的党中央坚强领导下,全国人大 | 常委会认真贯彻党的十九大、二十大精神,坚持高质量做 | 好立法工作,制定法律5件,修改法律9件,通过有关法律 | 问题和重大问题的决定4件,作出法律解释1件︔坚持高质 | 量做好监督工作,检查5件法律的实施情况,听取审议 | 23个监督工作报告,开展专题询问,进行8项专题调研︔坚 | 持高质量做好代表工作,办理代表议案487件、建议9349件 | ,共有100多人次代表参与常委会、专门委员会、工作委员 | 会的工作︔坚持高质量做好外事工作︔依法任免国家机关 | 工作人员393人次,圆满完成十三届全国人大五次会议确 | 定的任务。 | 栗战书在报告中说,十三届全国人大常委会的五年任期 | ,正逢党和国家事业蓬勃发展的伟大历史变革时期。常委 | 会深刻领悟“两个确立”的决定性意义,增强“四个意识 | ”、坚定“四个自信”、做到“两个维护”,始终坚定维护 | 党中央权威和集中统一领导,坚决贯彻党的理论和路线 | 方针政策,牢牢把握人大工作正确方向,紧跟党中央重大 | 决策部署,紧贴人民群众对美好生活的期盼,紧扣推进国 | 家治理体系和治理能力现代化的需求,贯彻全过程人民 | 民主重大理念,紧紧依靠全体代表,依法行使立法权、监 | 督权、决定权、任免权,切实履行党和人民赋予的光荣职 | 责,努力做到不负党中央重托、不负人民期望的庄严承诺 | 。 | 栗战书在报告中说,五年来,通过宪法修正案,制定法律 | 47件,修改法律111件次,作出法律解释、有关法律问题和 | 重大问题的决定决议53件,已经审议尚未通过的法律案、 | 决定案19件︔听取审议182个监督工作报告和其他报告,检 | 查30件法律和决定实施情况,开展11次专题询问、33项专 | 题调研︔2282件代表议案、43750件代表建议已全部办理完 | 毕,代表对议案建议办理工作满意度达到98%︔决定批准 | 或者加入条约和重要协定36项︔依法任免国家机关工作人 | 员1515人次。主要开展了以下工作:一是全面贯彻实施宪 | 法,维护宪法权威和尊严︔二是完善中国特色社会主义法 | 律体系,以良法促进发展、保障善治︔三是用好宪法赋予 | 人大的监督权,实行正确监督、有效监督、依法监督︔四 | 是发挥人大代表作用,做到民有所呼、我有所应︔五是发 | 挥人大对外交往优势,服务党和国家外交大局︔六是以政 | 治建设为统领,切实加强常委会自身建设。 | 栗战书在报告中说,五年的实践,进一步深化了我们对人 | 民代表大会制度科学内涵、基本特征和本质要求的认识 | ,这就是:必须坚持中国共产党的领导,必须坚持习近平 | 新时代中国特色社会主义思想,必须坚持中国特色社会 | 主义政治发展道路,必须坚持全过程人民民主重大理念 | ,必须坚持人民代表大会制度,必须坚持宪法确立的国家 | 根本任务、发展道路、奋斗目标。 | 在对今后一年工作的建议中,栗战书指出,2023年是全面 | 贯彻落实党的二十大精神的开局之年,常委会工作一是 | 做好宪法实施和立法工作︔二是增强人大监督实效︔三是 | 提升代表工作水平︔四是做好人大对外交往︔五是加强常 | 委会自身建设。 | 最高人民法院院长周强在最高人民法院工作报告中指出 | ,2022年,全国法院各项工作稳中有进。最高人民法院受 | 理案件18547件,审结13785件︔地方各级人民法院和专门人 | 民法院受理案件3370.4万件,审结、执结3081万件,结案标 | 的额9.9万亿元。 | 周强在报告中表示,五年来,最高人民法院坚持以习近平 | 新时代中国特色社会主义思想为指导,深入贯彻习近平 | 法治思想,全面贯彻党的十九大和十九届历次全会精神 | ,认真学习贯彻党的二十大精神,忠实履行宪法法律赋予 | 的职责,推动人民法院工作实现新变革新发展。一是坚决 | 维护国家安全、社会安定、人民安宁︔二是依法服务构建 | 新发展格局、推动高质量发展︔三是坚持走好中国特色司 | 法为民之路︔四是坚决守住维护社会公平正义的最后一 | 道防线︔五是司法体制改革和智慧法院建设取得重大进 | 展︔六是锻造忠诚干净担当的法院铁军。 | 在报告中,周强从5个方面对2023年工作提出建议:以习近 | 平法治思想为指引,坚定不移走中国特色社会主义法治 | 道路︔更好统筹发展和安全,依法服务高水平安全和高质 | 量发展︔坚持以人民为中心,扎实推进司法为民、公正司 | 法︔深化司法体制改革,加快推进审判体系和审判能力现 | 代化︔坚持全面从严治党、从严治院,加强法院队伍建设 | 。 | 最高人民检察院检察长张军在最高人民检察院工作报告 | 中指出,五年来,在以习近平同志为核心的党中央坚强领 | 导下,在全国人大及其常委会有力监督下,最高人民检察 | 院创新构建刑事、民事、行政、公益诉讼“四大检察”新格 | 局,践行人民至上,能动履行宪法法律赋予的法律监督职 | 责,人民检察事业实现新的跨越发展。2018年至2022年,全 | 国检察机关共办理各类案件1733.6万件,比前五年上升 | 40%。与2018年相比,2022年受理审查起诉案件上升2.8%,办 | 理民事、行政、公益诉讼案件分别上升1.5倍、3.3倍和72. | 6%。 | 在报告中,张军从6个方面回顾过去五年工作:一是维护 | 安全稳定,以能动检察助力中国之治︔二是聚焦服务大局 | ,以能动检察促推高质量发展︔三是坚持司法为民,以能 | 动检察保障民生福祉︔四是加强诉讼监督,以能动检察维 | 护司法公正︔五是拓展公益诉讼,以能动检察守护公共利 | 益︔六是坚持从严治检,以能动检察锤炼过硬队伍。 | 张军在报告中对2023年工作提出建议:一是深入学习贯彻 | 习近平新时代中国特色社会主义思想︔二是坚决维护国 | 家安全和社会稳定︔三是充分运用法治力量服务高质量 | 发展︔四是提升法律监督能力︔五是深化司法体制综合配 | 套改革︔六是建设堪当重任的检察铁军。 | 国务院总理李克强提请审议的国务院机构改革方案的议 | 案指出,中国共产党第二十次全国代表大会对深化机构 | 改革作出重要部署。党的二十届二中全会审议通过了《党 | 和国家机构改革方案》,同意将其中涉及国务院机构改革 | 的内容提交第十四届全国人民代表大会第一次会议审议 | 。现将根据《党和国家机构改革方案》形成的《国务院机 | 构改革方案》提请第十四届全国人民代表大会第一次会 | 议审议。 | 受国务院委托,国务委员兼国务院秘书长肖捷作关于国 | 务院机构改革方案的说明。肖捷在说明中指出,国务院机 | 构改革作为党和国家机构改革的一项重要任务,重点是 | 加强科学技术、金融监管、数据管理、乡村振兴、知识产 | 权、老龄工作等重点领域的机构职责优化和调整,转变政 | 府职能,加快建设法治政府。 | 这次国务院机构改革的具体内容如下:重新组建科学技 | 术部︔组建国家金融监督管理总局︔深化地方金融监管体 | 制改革︔中国证券监督管理委员会调整为国务院直属机 | 构︔统筹推进中国人民银行分支机构改革︔完善国有金融 | 资本管理体制︔加强金融管理部门工作人员统一规范管 | 理︔组建国家数据局︔优化农业农村部职责︔完善老龄工 | 作体制︔完善知识产权管理体制︔国家信访局调整为国务 | 院直属机构︔精减中央国家机关人员编制。按照上述方案 | 调整后,除国务院办公厅外,国务院设置组成部门仍为 | 26个。 | 大会执行主席王宁、刘艺良、刘宁、李秀领、陈刚、郑栅洁 | 、倪岳峰、景俊海、楼阳生在主席台执行主席席就座。 | | | | |