ᠰᠢ ᠶᠢᠨ ᠫᠢᠩ ᠾᠧᠪᠧᠢ ᠶᠢᠨ ᠰᠢᠶᠦ᠋ᠩ ᠠᠨ ᠰᠢᠨ᠎ᠡ ᠲᠣᠭᠤᠷᠢᠭ ᠲᠤ ᠰᠢᠨᠵᠢᠯᠡᠨ ᠪᠠᠶᠢᠴᠠᠭᠠᠭᠰᠠᠨ ᠪᠥᠭᠡᠳ | ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ | ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠢᠲᠡᠭᠡᠯ | ᠵᠣᠷᠢᠭ ᠢᠶᠠᠨ ᠪᠠᠲᠤᠳᠬᠠᠵᠤ ᠲᠣᠭᠲᠠᠯ ᠬᠦᠴᠦᠨ ᠢᠶᠠᠨ ᠪᠠᠲᠤᠯᠠᠵᠤ ᠯᠠᠪᠳᠠᠭᠤᠨ ᠴᠢᠳᠠᠮᠠᠭᠠᠢ ᠪᠦᠲᠦᠭᠡᠯᠴᠢ ᠪᠠᠷ | ᠠᠵᠢᠯᠯᠠᠵᠤ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ | ᠰᠢᠨ᠎ᠡ ᠪᠠᠷ ᠠᠬᠢᠭᠤᠯᠬᠤ ᠬᠡᠷᠡᠭᠲᠡᠢ ᠯᠢ ᠴᠢᠶᠠᠩ ᠼᠠᠢ ᠴᠢ ᠳ᠋ᠢᠩ ᠰᠢᠤᠸᠠᠢ ᠰᠢᠶᠠᠩ ᠪᠠᠷ᠎ᠠ ᠪᠣᠯᠵᠤ ᠰᠢᠨᠵᠢᠯᠡᠨ | ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠵᠠᠢ | ᠨᠡᠶᠢᠲᠡᠯᠡᠭᠰᠡᠨ ᠴᠠᠭ᠄ 2023/5/11 | ᠰᠢᠨᠬᠤᠸᠠ ᠬᠤᠷᠢᠶ᠎ᠠ ᠶᠢᠨ ᠾᠧᠪᠧᠢ ᠶᠢᠨ ᠰᠢᠶᠦ᠋ᠩ ᠠᠨ ᠰᠢᠨ᠎ᠡ ᠲᠣᠭᠤᠷᠢᠭ ᠤᠨ 5 ᠰᠠᠷ᠎ᠠ ᠶᠢᠨ 10 ᠤ | ᠴᠠᠬᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 10 ᠤ ᠡᠳᠦᠷ ᠾᠧᠪᠧᠢ | ᠮᠤᠵᠢ ᠶᠢᠨ ᠰᠢᠶᠦ᠋ᠩ ᠠᠨ ᠰᠢᠨ᠎ᠡ ᠲᠣᠭᠤᠷᠢᠭ ᠲᠤ ᠰᠢᠨᠵᠢᠯᠡᠨ ᠪᠠᠶᠢᠴᠠᠭᠠᠵᠤ᠂ ᠰᠢᠶᠦ᠋ᠩ ᠠᠨ ᠰᠢᠨ᠎ᠡ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠬᠤ ᠶᠠᠷᠢᠯᠴᠠᠬᠤ | ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠶᠦ᠋ᠩ ᠠᠨ | ᠰᠢᠨ᠎ᠡ ᠲᠣᠭᠤᠷᠢᠭ ᠨᠢᠭᠡᠨᠲᠡ ᠶᠡᠭᠡ ᠬᠡᠪᠴᠢᠶ᠎ᠡ ᠪᠠᠷ ᠪᠦᠲᠦᠭᠡᠨ ᠪᠠᠶᠢᠭᠤᠯᠬᠤ ᠬᠢᠭᠡᠳ ᠪᠡᠭᠡᠵᠢᠩ ᠤᠨ ᠨᠡᠶᠢᠰᠯᠡᠯ ᠤᠨ | ᠪᠤᠰᠤ ᠴᠢᠳᠠᠮᠵᠢ ᠶᠢ ᠵᠣᠬᠢᠴᠠᠭᠤᠯᠤᠨ ᠰᠢᠢᠳᠪᠦᠷᠢᠯᠡᠬᠦ ᠶᠢ ᠵᠣᠯᠭᠠᠭᠤᠯᠬᠤ ᠶᠢ ᠵᠡᠷᠭᠡ ᠪᠠᠷ ᠴᠢᠬᠤᠯᠠᠴᠢᠯᠠᠬᠤ ᠱᠠᠲᠤᠨ ᠳᠤ | ᠣᠷᠣᠵᠤ᠂ ᠠᠵᠢᠯ ᠤᠨ ᠭᠤᠣᠯᠳᠠᠯᠭ᠎ᠠ ᠨᠢᠭᠡᠨᠲᠡ ᠴᠢᠨᠠᠷ ᠰᠠᠶᠢᠲᠠᠢ ᠪᠦᠲᠦᠭᠡᠨ ᠪᠠᠶᠢᠭᠤᠯᠤᠯᠲᠠ᠂ ᠥᠨᠳᠥᠷ ᠲᠦᠪᠰᠢᠨ | ᠪᠦᠬᠦᠢ ᠬᠠᠮᠢᠶᠠᠷᠤᠯᠲᠠ᠂ ᠴᠢᠨᠠᠷ ᠰᠠᠶᠢᠲᠠᠢ ᠵᠣᠬᠢᠴᠠᠭᠤᠯᠤᠨ ᠰᠢᠢᠳᠪᠦᠷᠢᠯᠡᠬᠦ ᠬᠥᠭᠵᠢᠯᠲᠡ ᠶᠢ ᠵᠡᠷᠭᠡ ᠪᠠᠷ | ᠴᠢᠬᠤᠯᠠᠴᠢᠯᠠᠬᠤ ᠲᠡᠶᠢᠰᠢ ᠰᠢᠯᠵᠢᠪᠡ᠃ ᠢᠲᠡᠭᠡᠯ ᠵᠣᠷᠢᠭ ᠢᠶᠠᠨ ᠪᠠᠲᠤᠳᠬᠠᠵᠤ᠂ ᠲᠣᠭᠲᠠᠯ ᠬᠦᠴᠦᠨ ᠢᠶᠠᠨ | ᠪᠠᠲᠤᠯᠠᠵᠤ᠂ ᠯᠠᠪᠳᠠᠭᠤᠨ ᠴᠢᠳᠠᠮᠠᠭᠠᠢ ᠪᠦᠲᠦᠭᠡᠯᠴᠢ ᠪᠠᠷ ᠠᠵᠢᠯᠯᠠᠵᠤ᠂ ᠡᠯ᠎ᠡ ᠵᠦᠢᠯ ᠤᠨ ᠠᠵᠢᠯ ᠤᠨ ᠲᠠᠰᠤᠷᠠᠯᠲᠠ | ᠦᠭᠡᠢ ᠰᠢᠨ᠎ᠡ ᠠᠬᠢᠴᠠ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ | ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ | ᠼᠠᠢ ᠴᠢ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠪᠠᠷ᠎ᠠ ᠪᠣᠯᠵᠤ | ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠵᠠᠢ᠃ | 5 ᠰᠠᠷ᠎ᠠ ᠶᠢᠨ 10 ᠤ ᠡᠳᠦᠷ᠂ ᠰᠢ ᠶᠢᠨ ᠫᠢᠩ ᠾᠧᠪᠧᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠨᠢ | ᠶᠤᠸᠠᠢ ᠹᠧᠩ᠂ ᠮᠤᠵᠢ ᠶᠢᠨ ᠳᠠᠷᠤᠭ᠎ᠠ ᠸᠠᠩ ᠵᠧᠩ ᠫᠦ᠋ ᠶᠢᠨ ᠪᠠᠷ᠎ᠠ ᠪᠤᠯᠣᠯᠭ᠎ᠠ ᠲᠠᠢ ᠪᠠᠷ᠂ ᠰᠢᠶᠦ᠋ᠩ ᠠᠨ ᠰᠢᠨ᠎ᠡ | ᠲᠣᠭᠤᠷᠢᠭ ᠤᠨ ᠲᠦᠷᠭᠡᠨ ᠤ ᠲᠡᠮᠦᠷ ᠵᠠᠮ ᠤᠨ ᠥᠷᠲᠡᠭᠡ᠂ ᠨᠡᠶᠢᠭᠡᠮ ᠲᠣᠭᠤᠷᠢᠭ᠂ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠵᠡᠷᠭᠡ ᠪᠠᠷ ᠭᠦᠨᠵᠡᠭᠡᠶᠢᠷᠡᠵᠦ᠂ ᠰᠢᠶᠦ᠋ᠩ ᠠᠨ ᠰᠢᠨ᠎ᠡ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠬᠤ ᠲᠤᠬᠠᠢ | ᠪᠠᠶᠢᠴᠠᠭᠠᠨ ᠰᠤᠳᠤᠯᠤᠯᠲᠠ ᠬᠢᠪᠡ᠃ | ᠲᠤᠰ ᠡᠳᠦᠷ ᠤᠨ ᠦᠳᠡ ᠶᠢᠨ ᠡᠮᠦᠨ᠎ᠡ᠂ ᠰᠢ ᠶᠢᠨ ᠫᠢᠩ ᠲᠦᠷᠭᠡᠨ ᠤ ᠲᠡᠮᠦᠷ ᠵᠠᠮ ᠢᠶᠠᠷ ᠰᠢᠶᠦ᠋ᠩ ᠠᠨ | ᠰᠢᠨ᠎ᠡ ᠲᠣᠭᠤᠷᠢᠭ ᠲᠤ ᠬᠦᠷᠴᠦ᠂ ᠭᠦᠷᠦᠭᠰᠡᠨ ᠤ ᠳᠠᠷᠠᠭ᠎ᠠ ᠡᠩ ᠲᠡᠷᠢᠭᠦᠨ ᠳᠤ ᠰᠢᠶᠦ᠋ᠩ ᠠᠨ ᠥᠷᠲᠡᠭᠡ ᠶᠢᠨ | ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠰᠢᠨᠵᠢᠯᠡᠨ ᠪᠠᠶᠢᠴᠠᠭᠠᠪᠠ᠃ ᠰᠢᠶᠦ᠋ᠩ ᠠᠨ | ᠦᠷᠳᠡᠭᠡ ᠪᠣᠯ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠩᠬᠠᠨ ᠤ ᠴᠢᠬᠤᠯᠠ | ᠶᠡᠭᠡ ᠰᠠᠭᠤᠷᠢ ᠲᠥᠬᠦᠭᠡᠷᠦᠮᠵᠢ ᠶᠢᠨ ᠲᠦᠷᠤᠯ ᠵᠦᠢᠯ ᠮᠥᠨ ᠪᠠᠶᠢᠵᠤ᠂ ᠪᠡᠯᠭᠡ ᠲᠡᠮᠳᠡᠭ ᠤᠨ ᠴᠢᠨᠠᠷᠲᠠᠢ ᠠᠴᠢ | ᠬᠤᠯᠪᠣᠭᠳᠠᠯ ᠲᠠᠢ ᠶᠤᠮ᠃ ᠰᠢ ᠶᠢᠨ ᠫᠢᠩ ᠤᠷᠢᠳ ᠬᠤᠵᠢᠳ ᠥᠷᠲᠡᠭᠡᠨ ᠤ ᠵᠣᠭᠰᠣᠭᠠᠯ᠂ ᠲᠡᠷᠭᠡ ᠬᠦᠯᠢᠶᠡᠬᠦ | ᠲᠢᠩᠬᠢᠮ᠂ ᠥᠷᠲᠡᠭᠡᠨ ᠤ ᠭᠠᠳᠠᠨᠠᠬᠢ ᠠᠭᠤᠳᠠᠮ ᠲᠠᠯᠠᠪᠠᠢ ᠶᠢ ᠪᠠᠶᠢᠴᠠᠭᠠᠨ ᠦᠵᠡᠵᠦ᠂ ᠰᠢᠶᠦ᠋ᠩ ᠠᠨ | ᠥᠷᠲᠡᠭᠡᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠪᠣᠯᠣᠨ ᠪᠠᠶᠢᠭ᠎ᠠ ᠽᠠᠨ ᠭᠠᠩ ᠲᠣᠭᠤᠷᠢᠭ ᠤᠨ | ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠪᠠ᠃ ᠰᠢ ᠶᠢᠨ ᠫᠢᠩ᠂ ᠰᠢᠶᠦ᠋ᠩ ᠠᠨ | ᠦᠷᠳᠡᠭᠡ ᠪᠣᠯ ᠰᠢᠶᠦ᠋ᠩ ᠠᠨ ᠰᠢᠨ᠎ᠡ ᠲᠣᠭᠤᠷᠢᠭ ᠤᠨ ᠠᠭᠤᠯᠵᠠᠷ ᠲᠡᠷᠭᠡᠨ ᠦᠷᠳᠡᠭᠡ ᠪᠣᠯᠣᠨ᠎ᠠ᠂ ᠰᠢᠶᠦ᠋ᠩ | ᠠᠨ ᠦᠷᠳᠡᠭᠡ ᠪᠣᠯᠣᠨ ᠰᠢᠶᠦ᠋ᠩ ᠠᠨ ᠰᠢᠨ᠎ᠡ ᠲᠣᠭᠤᠷᠢᠭ ᠢ ᠬᠤᠯᠪᠣᠨ ᠨᠡᠪᠲᠡᠷᠡᠭᠦᠯᠬᠦ ᠵᠠᠮ ᠬᠠᠷᠢᠯᠴᠠᠭᠠᠨ ᠤ ︽ | ᠨᠠᠷᠢᠨ ᠴᠢᠰᠤᠨ ᠰᠤᠳᠠᠯ︾ ᠢ ᠴᠢᠨᠠᠭᠰᠢᠳᠠ ᠲᠡᠭᠦᠯᠳᠡᠷᠵᠢᠭᠦᠯᠵᠦ᠂ ᠬᠥᠮᠥᠨ ᠤ ᠤᠷᠤᠰᠬᠠᠯ ᠪᠠᠷᠠᠭᠠᠨ ᠤ | ᠭᠦᠢᠯᠭᠡᠭᠡ ᠶᠢᠨ ᠲᠥᠪᠯᠡᠷᠡᠬᠦ ᠪᠠ ᠲᠠᠷᠬᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠽᠠᠨ ᠭᠠᠩ | ᠲᠣᠭᠤᠷᠢᠭ ᠢ ᠳᠡᠭᠡᠳᠦ ᠲᠡᠰ ᠤᠨ ᠳᠡᠭᠡᠳᠦ ᠰᠢᠨ᠎ᠡ ᠠᠵᠤ ᠦᠢᠯᠡᠰ ᠤᠨ ᠲᠥᠪᠯᠡᠷᠡᠭᠰᠡᠨ ᠣᠷᠣᠨ ᠪᠣᠯᠭᠠᠨ | ᠪᠦᠲᠦᠭᠡᠨ ᠪᠠᠶᠢᠭᠤᠯᠵᠤ᠂ ᠡᠯ᠎ᠡ ᠲᠠᠯ᠎ᠠ ᠶᠢᠨ ᠵᠣᠴᠢᠳ ᠲᠤ ᠰᠢᠶᠦ᠋ᠩ ᠠᠨ ᠳᠤ ᠢᠷᠡᠮᠡᠭᠴᠡ ᠰᠢᠶᠦ᠋ᠩ ᠠᠨ ᠰᠢᠨ᠎ᠡ | ᠲᠣᠭᠤᠷᠢᠭ ᠤᠨ ᠰᠦᠷ ᠳᠠᠯᠠᠶᠢᠴᠠᠲᠠᠢ ᠣᠳᠣᠬᠢᠴᠢᠯᠠᠯᠲᠠ ᠶᠢᠨ ᠰᠢᠨ᠎ᠡ ᠳᠦᠷᠰᠦ ᠪᠠᠶᠢᠳᠠᠯ ᠢ ᠮᠡᠳᠡᠷᠡᠭᠦᠯᠬᠦ ᠬᠡᠷᠡᠭᠲᠡᠢ | ᠭᠡᠵᠦ ᠵᠢᠭᠠᠵᠤ ᠭᠠᠷᠭᠠᠪᠠ᠃ | ᠰᠢ ᠶᠢᠨ ᠫᠢᠩ ᠳᠠᠷᠠᠭ᠎ᠠ ᠨᠢ ᠲᠡᠷᠭᠡᠨ ᠳᠤ ᠰᠠᠭᠤᠵᠤ ᠷᠦᠩᠳᠦ᠋ᠩ ᠲᠣᠭᠤᠷᠢᠭ ᠤᠨ ᠨᠠᠨ ᠸᠧᠨ ᠶᠢᠩ ᠨᠡᠶᠢᠭᠡᠮ | ᠲᠣᠭᠤᠷᠢᠭ ᠲᠤ ᠭᠦᠷᠪᠡ᠃ ᠲᠣᠰ ᠨᠡᠶᠢᠭᠡᠮ ᠲᠣᠭᠤᠷᠢᠭ ᠠᠨ ᠰᠢᠨ᠂ ᠷᠦᠩ ᠴᠧᠩ ᠬᠤᠶᠠᠷ ᠰᠢᠶᠠᠨ ᠤ | 5000 ᠭᠠᠷᠤᠢ ᠪᠤᠴᠠᠭᠠᠨ ᠨᠡᠭᠦᠯᠭᠡᠭᠰᠡᠨ ᠠᠷᠠᠳ ᠢ ᠲᠥᠪᠬᠢᠨᠡᠭᠦᠯᠪᠡ᠃ ᠰᠢ ᠶᠢᠨ ᠫᠢᠩ ᠤᠷᠢᠳ ᠬᠤᠵᠢᠳ | ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠪᠣᠯᠣᠨ ᠨᠡᠶᠢᠭᠡᠮ ᠲᠣᠭᠤᠷᠢᠭ ᠤᠨ ᠬᠤᠭᠤᠯᠠᠨ ᠲᠠᠩᠬᠢᠮ ᠳᠤ | ᠬᠦᠷᠴᠦ᠂ ᠨᠡᠶᠢᠭᠡᠮ ᠲᠣᠭᠤᠷᠢᠭ ᠤᠨ ᠠᠵᠢᠯᠲᠠᠨ᠂ ᠲᠤᠬᠠᠢ ᠶᠢᠨ ᠲᠠᠯᠠᠪᠠᠢ ᠳᠤ ᠠᠵᠢᠯ ᠶᠠᠪᠤᠳᠠᠯ ᠭᠦᠢᠴᠡᠳᠬᠡᠵᠦ | ᠪᠠᠶᠢᠭ᠎ᠠ ᠤᠯᠠᠨ ᠲᠦᠮᠡᠨ᠂ ᠬᠤᠭᠤᠯᠠ ᠢᠳᠡᠵᠦ ᠪᠠᠶᠢᠭ᠎ᠠ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠠᠢ | ᠳᠣᠲᠣᠨᠣ ᠪᠠᠷ ᠶᠠᠷᠢᠯᠴᠠᠵᠤ᠂ ᠠᠷᠠᠳ ᠤᠨ ᠪᠠᠶᠢᠳᠠᠯ ᠤᠨ ᠡᠬᠡ ᠲᠠᠩᠰᠠ ᠶᠢ ᠨᠠᠷᠢᠨ ᠦᠵᠡᠵᠦ᠂ ᠨᠡᠶᠢᠭᠡᠮ | ᠲᠣᠭᠤᠷᠢᠭ ᠤᠨ ᠥᠷᠨᠢᠭᠦᠯᠦᠭᠰᠡᠨ ᠠᠷᠠᠳ ᠲᠤ ᠲᠦᠭᠦᠮ ᠦᠵᠡᠭᠦᠯᠭᠦ ᠨᠠᠰᠤᠵᠢᠯ ᠤᠨ ᠦᠢᠯᠡᠴᠢᠯᠡᠭᠡ ᠵᠡᠷᠭᠡ ᠶᠢ | ᠨᠤᠲᠠᠯᠠᠵᠤ ᠪᠠᠶᠢᠬᠤ ᠪᠠᠨ ᠢᠯᠡᠳᠬᠡᠪᠡ᠃ | ᠰᠢ ᠶᠢᠨ ᠫᠢᠩ᠂ ᠪᠢ ᠪᠤᠴᠠᠭᠠᠨ ᠨᠡᠭᠦᠯᠭᠡᠭᠰᠡᠨ ᠤᠯᠠᠨ ᠲᠦᠮᠡᠨ ᠤ ᠲᠥᠯᠥᠭᠡ ᠰᠠᠨᠠᠭᠠᠰᠢᠷᠠᠭᠰᠠᠭᠠᠷ ᠢᠷᠡᠵᠠᠢ᠂ | ᠤᠯᠠᠨ ᠤ ᠠᠮᠢᠳᠤᠷᠠᠯ ᠰᠠᠶᠢᠨ ᠪᠠᠶᠢᠬᠤ ᠶᠢ ᠦᠵᠡᠭᠡᠳ ᠪᠢ ᠮᠠᠰᠢ ᠪᠠᠶᠠᠷᠯᠠᠵᠤ ᠪᠠᠶᠢᠨ᠎ᠠ᠃ ᠰᠢᠶᠦ᠋ᠩ ᠠᠨ | ᠰᠢᠨ᠎ᠡ ᠲᠣᠭᠤᠷᠢᠭ ᠢ ᠰᠠᠶᠢᠲᠤᠷ ᠪᠦᠲᠦᠭᠡᠨ ᠪᠠᠶᠢᠭᠤᠯᠬᠤ ᠳᠤ᠂ ᠴᠢᠬᠤᠯᠠ ᠨᠢ ᠠᠮᠤᠷ ᠠᠮᠤᠭᠤᠯᠠᠩ ᠣᠷᠣᠨ ᠰᠠᠭᠤᠴᠠ | ᠪᠠ ᠪᠠᠶᠠᠷ ᠪᠠᠶᠠᠰᠤᠯ ᠲᠠᠢ ᠠᠵᠤ ᠳᠦᠷᠦᠭᠦ ᠶᠢ ᠵᠤᠯᠭᠠᠯᠴᠠᠭᠤᠯᠵᠦ᠂ ᠤᠯᠠᠨ ᠲᠦᠮᠡᠨ ᠢ ᠲᠣᠭᠲᠠᠭᠤᠨ | ᠰᠠᠭᠤᠷᠢᠰᠢᠭᠤᠯᠵᠤ᠂ ᠠᠮᠤᠷ ᠲᠠᠶᠢᠪᠤᠩ ᠠᠮᠢᠳᠤᠷᠠᠭᠤᠯᠵᠤ᠂ ᠬᠦᠰᠡᠯ ᠡᠷᠡᠮᠡᠯᠵᠡᠯ ᠲᠠᠢ ᠪᠣᠯᠭᠠᠬᠤ ᠶᠠᠪᠤᠳᠠᠯ ᠪᠣᠯᠣᠨ᠎ᠠ᠃ | ᠬᠤᠳᠠ ᠶᠢᠨ ᠵᠠᠰᠠᠯᠲᠠ ᠶᠢᠨ ᠣᠳᠣᠬᠢᠴᠢᠯᠠᠯᠲᠠ ᠶᠢ ᠵᠡᠷᠭᠡ ᠪᠠᠷ ᠠᠬᠢᠭᠤᠯᠵᠤ᠂ ᠡᠬᠢᠯᠡᠩᠭᠦᠲᠡ ᠪᠠᠨ ︽ᠬᠠᠳᠬᠤᠮᠠᠯ | ᠬᠠᠳᠬᠤᠬᠤ︾ ᠬᠦᠴᠦ ᠶᠢ ᠣᠷᠣᠭᠤᠯᠵᠤ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ | ᠲᠡᠩᠴᠡᠭᠦᠷᠢᠰᠢᠭᠦᠯᠬᠦ ᠶᠢ ᠢᠳᠡᠪᠬᠢᠲᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠠᠵᠢᠯᠯᠠᠵᠤ ᠠᠮᠢᠳᠤᠷᠠᠬᠤ ᠳᠤ | ᠲᠣᠬᠢᠷᠠᠮᠵᠢᠲᠠᠢ ︽ᠠᠷᠠᠳ ᠤᠨ ᠬᠤᠳᠠ︾ ᠶᠢ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠰᠢ ᠶᠢᠨ ᠫᠢᠩ | ᠪᠤᠴᠠᠭᠠᠨ ᠨᠡᠭᠦᠯᠭᠡᠭᠰᠡᠨ ᠰᠠᠭᠤᠭᠠᠯᠢ ᠠᠷᠠᠳ ᠯᠢ ᠵᠢᠩ ᠾᠧ ᠶᠢᠨ ᠭᠡᠷ ᠲᠤ ᠬᠦᠷᠴᠦ ᠪᠣᠯᠭᠤᠭᠠᠨ ᠦᠵᠡᠪᠡ᠃ ᠯᠢ | ᠵᠢᠩ ᠾᠧ ᠶᠡᠷᠦᠩᠬᠡᠢ ᠱᠦᠵᠢ ᠳᠤ᠂ 2021 ᠣᠨ ᠤ 11 ᠰᠠᠷ᠎ᠠ ᠳᠤ ᠰᠢᠨ᠎ᠡ ᠣᠷᠣᠨ ᠰᠠᠭᠤᠴᠠ ᠳᠤ ᠨᠡᠭᠦᠨ | ᠣᠷᠣᠵᠤ᠂ ᠭᠡᠷ ᠪᠠᠶᠢᠰᠢᠩ ᠠᠭᠤᠵᠢᠮ ᠰᠠᠷᠠᠭᠤᠯ᠂ ᠰᠠᠭᠤᠬᠤ ᠳᠤ ᠲᠦᠢᠯ ᠤᠨ ᠲᠠᠭᠠᠯᠠᠮᠵᠢᠲᠠᠢ ᠪᠠᠶᠢᠵᠤ᠂ | ᠠᠮᠢᠳᠤᠷᠠᠯ ᠶᠠᠪᠤᠬᠤ ᠲᠤᠲᠤᠮ ᠰᠠᠶᠢᠵᠢᠷᠠᠵᠤ ᠪᠠᠶᠢᠨ᠎ᠠ ᠭᠡᠪᠡ᠃ ᠰᠢ ᠶᠢᠨ ᠫᠢᠩ᠂ ᠰᠢᠶᠦ᠋ᠩ ᠠᠨ ᠰᠢᠨ᠎ᠡ | ᠲᠣᠭᠤᠷᠢᠭ ᠢ ᠪᠦᠲᠦᠭᠡᠨ ᠪᠠᠶᠢᠭᠤᠯᠬᠤ ᠪᠣᠯ ᠨᠠᠮ ᠤᠨ ᠲᠥᠪ ᠬᠤᠷᠢᠶ᠎ᠠ ᠶᠢᠨ ᠭᠠᠷᠭᠠᠭᠰᠠᠨ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠮᠥᠨ᠂ ᠤᠯᠠᠨ ᠢᠶᠠᠷ ᠢᠶᠠᠨ ᠤᠯᠤᠰ ᠤᠨ ᠤᠷᠢᠶᠠᠯᠠᠭ᠎ᠠ ᠶᠢ | ᠴᠤᠤᠷᠢᠶᠠᠲᠤᠨ᠂ ᠢᠳᠡᠪᠬᠢᠲᠡᠢ ᠬᠠᠮᠵᠢᠯᠴᠠᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠬᠤᠪᠢ | ᠨᠡᠮᠡᠷᠢ ᠦᠵᠡᠭᠦᠯᠵᠡᠢ ᠭᠡᠵᠦ ᠴᠢᠬᠤᠯᠠᠴᠢᠯᠠᠪᠠ᠃ ᠲᠡᠷᠡ ᠵᠠᠯᠠᠭᠤ ᠨᠢᠭᠡ ᠦᠶ᠎ᠡ ᠶᠢᠨ ᠬᠢᠨ ᠢ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠬᠢᠴᠠ ᠳᠤᠮᠳᠠ | ᠢᠲᠡᠭᠡᠯ ᠵᠣᠷᠢᠭ ᠢᠶᠠᠨ ᠪᠠᠲᠤᠳᠬᠠᠵᠤ᠂ ᠡᠷᠳᠡᠮ ᠴᠢᠳᠠᠪᠤᠷᠢ ᠶᠢ ᠰᠠᠶᠢᠲᠤᠷ ᠰᠤᠷᠤᠯᠴᠠᠵᠤ᠂ ᠨᠤᠲᠤᠭ ᠤᠰᠤᠨ ᠳᠠᠭᠠᠨ | ᠪᠤᠶᠠᠨ ᠦᠢᠯᠡᠳᠴᠦ᠂ ᠨᠡᠶᠢᠭᠡᠮ ᠵᠢᠷᠤᠮ ᠤᠨ ᠦᠢᠯᠡᠰ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ | ᠪᠣᠯᠣᠭᠠᠷᠠᠢ ᠭᠡᠵᠦ ᠵᠣᠷᠢᠭᠵᠢᠭᠤᠯᠪᠠ᠃ | ᠠᠶᠠᠷᠯᠠᠨ ᠰᠠᠯᠬᠤ ᠦᠶ᠎ᠡ ᠳᠤ᠂ ᠰᠠᠭᠤᠭᠠᠯᠢ ᠠᠷᠠᠳ ︽ᠶᠡᠷᠦᠩᠬᠡᠢ ᠱᠦᠵᠢ ᠰᠠᠶᠢᠨ︾ ᠭᠡᠵᠦ ᠥᠨᠳᠥᠷ | ᠲᠠᠭᠤᠨ ᠢᠶᠠᠷ ᠬᠠᠰᠬᠢᠷᠤᠨ᠂ ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠯ ᠳᠡᠪᠰᠢᠭᠦᠯᠪᠡ᠃ | ᠲᠡᠷᠡ ᠭᠦᠨ ᠰᠡᠳᠬᠢᠯᠭᠡ ᠲᠠᠢ ᠪᠠᠷ ᠤᠯᠠᠨ ᠳᠤ᠂ ᠾᠧᠪᠧᠢ ᠪᠣᠯ ᠮᠢᠨᠤ ᠠᠵᠢᠯᠯᠠᠵᠤ ᠥᠩᠭᠡᠷᠡᠭᠰᠡᠨ ᠭᠠᠵᠠᠷ᠂ ᠪᠢ | ᠠᠳᠡ ᠬᠠᠶᠢᠷ᠎ᠠ ᠰᠡᠳᠬᠢᠯᠭᠡ ᠲᠠᠢ᠂ ᠠᠳᠡᠬᠢ ᠶᠢ ᠰᠠᠶᠢᠲᠤᠷ ᠪᠦᠲᠦᠭᠡᠨ ᠪᠠᠶᠢᠭᠤᠯᠬᠤ ᠪᠣᠯ ᠮᠢᠨᠤ ᠬᠦᠰᠡᠯ ᠡᠷᠡᠮᠡᠯᠵᠡᠯ | ᠮᠥᠨ᠃ ᠰᠢᠶᠦ᠋ᠩ ᠠᠨ ᠰᠢᠨ᠎ᠡ ᠲᠣᠭᠤᠷᠢᠭ ᠢ ᠪᠦᠲᠦᠭᠡᠨ ᠪᠠᠶᠢᠭᠤᠯᠬᠤ ᠪᠣᠯ ᠮᠢᠩᠭᠠᠨ ᠣᠨ ᠤ ᠶᠡᠭᠡ ᠪᠣᠳᠣᠯᠭ᠎ᠠ᠂ | ᠤᠯᠤᠰ ᠤᠨ ᠶᠡᠭᠡ ᠶᠠᠪᠤᠳᠠᠯ ᠮᠥᠨ᠂ ᠭᠦᠪᠰᠦᠷᠭᠡᠵᠤ ᠬᠥᠭᠡᠷᠴᠦ ᠪᠣᠯᠬᠤ ᠦᠭᠡᠢ᠂ ᠬᠦᠯᠢᠶᠡᠵᠦ ᠲᠦᠰᠢᠵᠦ ᠠᠪᠴᠤ | ᠪᠣᠯᠬᠤ ᠦᠭᠡᠢ᠂ ᠯᠠᠪᠳᠠᠭᠤᠨ ᠪᠠᠲᠤᠲᠠᠢ ᠪᠠᠷ ᠴᠢᠷᠮᠠᠶᠢᠵᠤ᠂ ᠤᠳᠠᠭᠠᠨ ᠳᠠᠭᠠᠭᠠᠮᠠᠭᠠᠢ ᠪᠠᠷ ᠵᠢᠳᠬᠦᠬᠦ ᠬᠡᠷᠡᠭᠲᠡᠢ ᠭᠡᠪᠡ | ᠃ | ᠰᠢᠶᠦ᠋ᠩ ᠠᠨ ᠤ ᠬᠤᠳᠠ ᠶᠢᠨ ᠬᠤᠭᠤᠷᠣᠨᠳᠣᠭᠢ ᠦᠷᠳᠡᠭᠡ ᠶᠢᠨ ᠬᠦᠢᠰᠦ ᠪᠠᠷᠢᠯᠭ᠎ᠠ ᠨᠢ ᠰᠢᠶᠦ᠋ᠩ ᠠᠨ ᠰᠢᠨ᠎ᠡ | ᠲᠣᠭᠤᠷᠢᠭ ᠤᠨ ᠡᠬᠢᠯᠡᠭᠦᠯᠬᠦ ᠣᠷᠣᠨ ᠤ ᠭᠤᠣᠯ ᠪᠠᠶᠢᠷᠢᠨ ᠳᠤ ᠪᠤᠢ᠃ ᠰᠢ ᠶᠢᠨ ᠫᠢᠩ ᠰᠢᠶᠦ᠋ᠩ ᠠᠨ ᠤ | ᠬᠤᠳᠠ ᠶᠢᠨ ᠬᠤᠭᠤᠷᠣᠨᠳᠣᠭᠢ ᠦᠷᠳᠡᠭᠡ ᠵᠢᠴᠢ ᠤᠯᠠᠨ ᠤᠯᠤᠰ ᠤᠨ ᠠᠷᠠᠯᠵᠢᠶᠠᠨ ᠤ ᠲᠥᠪ ᠤᠨ ᠲᠦᠷᠤᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠡᠯᠡᠰᠦᠨ ᠴᠠᠷᠠᠭ᠎ᠠ ᠶᠢ ᠦᠵᠡᠵᠦ᠂ | ᠲᠠᠭᠲᠤ ᠳᠤ ᠭᠠᠷᠴᠤ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠢ ᠪᠠᠷᠠᠯᠠᠵᠤ᠂ ᠡᠬᠢᠯᠡᠭᠦᠯᠬᠦ | ᠣᠷᠣᠨ ᠤ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠲᠦᠷᠤᠯ ᠵᠦᠢᠯ ᠵᠢᠴᠢ ᠭᠤᠣᠯᠳᠠᠯᠭ᠎ᠠ ᠲᠠᠢ ᠲᠠᠷᠬᠠᠭᠠᠨ | ᠵᠣᠬᠢᠴᠠᠭᠤᠯᠬᠤ ᠲᠦᠷᠤᠯ ᠵᠦᠢᠯ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ | ᠣᠶᠢᠯᠠᠭᠠᠪᠠ᠃ ᠰᠢ ᠶᠢᠨ ᠫᠢᠩ᠂ ᠵᠠᠮ ᠬᠠᠷᠢᠯᠴᠠᠭ᠎ᠠ ᠪᠣᠯ ᠤᠳᠤ ᠦᠶ᠎ᠡ ᠶᠢᠨ ᠬᠤᠳᠠ ᠶᠢᠨ ᠴᠢᠰᠤᠨ ᠰᠤᠳᠠᠯ | ᠮᠥᠨ᠃ ᠴᠢᠰᠤᠨ ᠰᠤᠳᠠᠯ ᠰᠠᠭᠠᠳ ᠦᠭᠡᠢ ᠨᠡᠪᠲᠡᠷᠡᠪᠡᠯ ᠬᠤᠲᠠ ᠨᠢ ᠰᠠᠶ᠋ᠢ ᠡᠷᠡᠭᠦᠯ ᠢᠶᠠᠷ ᠬᠥᠭᠵᠢᠵᠦ ᠴᠢᠳᠠᠨ᠎ᠠ᠃ | ᠪᠣᠰᠤᠭ᠎ᠠ ᠴᠣᠭᠴᠠᠲᠤ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠣᠷ ᠢ ᠪᠦᠲᠦᠭᠡᠨ ᠪᠠᠶᠢᠭᠤᠯᠬᠤ ᠳᠡᠭᠡᠷ᠎ᠡ ᠬᠦᠴᠦ | ᠲᠠᠯᠪᠢᠵᠤ᠂ ᠭᠠᠵᠠᠷ ᠳᠣᠣᠷᠠᠬᠢ ᠣᠷᠣᠨ ᠵᠠᠢ ᠶᠢ ᠭᠦᠢᠴᠡᠳ ᠠᠰᠢᠭᠯᠠᠬᠤ ᠳᠡᠭᠡᠷ᠎ᠡ ᠬᠦᠴᠦ ᠲᠠᠯᠪᠢᠵᠤ᠂ ︽ | ᠬᠤᠳᠠ ᠶᠢᠨ ᠡᠪᠡᠳᠴᠢᠨ︾ ᠦᠭᠡᠢ ᠢᠷᠡᠭᠡᠳᠦᠢ ᠶᠢᠨ ᠬᠤᠳᠠ ᠶᠢ ᠬᠦᠴᠦᠯᠡᠨ ᠪᠠᠶᠢᠭᠤᠯᠵᠤ᠂ ᠥᠨᠳᠥᠷ | ᠪᠠᠷᠢᠮᠵᠢᠶᠠᠲᠤ ᠬᠤᠳᠠ ᠶᠢᠨ ᠲᠥᠯᠦᠪᠵᠢᠭᠦᠯᠭᠡ ᠶᠢᠨ ᠠᠤᠭ᠎ᠠ ᠲᠥᠰᠥᠪ ᠢ ᠦᠨᠡᠨ ᠬᠦ ᠴᠢᠨᠠᠷ ᠰᠠᠶᠢᠲᠠᠢ ᠬᠤᠳᠠ ᠶᠢᠨ | ᠬᠥᠭᠵᠢᠯᠲᠡ ᠶᠢᠨ ᠪᠣᠳᠠᠲᠤ ᠦᠵᠡᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠦᠳᠡ ᠶᠢᠨ ᠬᠤᠶᠢᠨ᠎ᠠ᠂ ᠰᠢ ᠶᠢᠨ ᠫᠢᠩ ᠰᠢᠶᠦ᠋ᠩ ᠠᠨ ᠤ ᠬᠤᠷᠠᠯ ᠦᠵᠡᠰᠬᠦᠯᠡᠩ ᠤᠨ ᠲᠥᠪ ᠤᠨ | ᠰᠢᠶᠦ᠋ᠩ ᠠᠨ ᠲᠢᠩᠬᠢᠮ ᠳᠤ ᠬᠦᠷᠴᠦ᠂ ᠡᠯᠡᠰᠦᠨ ᠴᠠᠷ᠎ᠠ᠂ ᠸᠢᠳᠢᠤ᠋ ᠣᠬᠤᠷ ᠹᠢᠯᠢᠮ ᠲᠠᠢ ᠤᠶᠠᠯᠳᠤᠭᠤᠯᠤᠨ᠂ | ᠰᠢᠶᠦ᠋ᠩ ᠠᠨ ᠰᠢᠨ᠎ᠡ ᠲᠣᠭᠤᠷᠢᠭ ᠤᠨ ᠪᠦᠬᠦᠯᠢ ᠴᠣᠭᠴᠠ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ | ᠠᠬᠢᠴᠠ ᠶᠢᠨ ᠲᠠᠨᠢᠯᠴᠠᠭᠤᠯᠭ᠎ᠠ ᠶᠢ ᠰᠣᠨᠣᠰᠴᠤ᠂ ᠪᠠᠢ ᠶᠠᠩ ᠳ᠋ᠢᠶᠠᠨ ᠤ ᠠᠮᠢ ᠠᠬᠤᠢ ᠣᠷᠴᠢᠨ ᠲᠣᠭᠤᠷᠢᠨ ᠤ | ᠵᠠᠰᠠᠯᠲᠠ ᠪᠠ ᠬᠠᠮᠠᠭᠠᠯᠠᠯᠲᠠ ᠵᠢᠴᠢ ᠬᠤᠷᠠᠭᠰᠠᠨ ᠰᠢᠪᠠᠷ ᠢ ᠴᠡᠪᠡᠷᠯᠡᠨ ᠯᠠᠶᠢᠳᠠᠬᠤ᠂ ᠪᠠᠢ ᠶᠠᠩ ᠳ᠋ᠢᠶᠠᠨ ᠤ | ᠳᠣᠲᠣᠭᠠᠳᠤ ᠤᠰᠤᠨ ᠵᠠᠮ ᠤᠨ ᠨᠡᠪᠲᠡᠷᠡᠯᠴᠡᠭᠡ ᠵᠡᠷᠭᠡ ᠠᠵᠢᠯ ᠤᠨ ᠠᠬᠢᠴᠠ ᠶᠢᠨ ᠪᠠᠶᠢᠳᠠᠯ ᠢ ᠣᠶᠢᠯᠠᠭᠠᠪᠠ᠃ | ᠰᠢ ᠶᠢᠨ ᠫᠢᠩ᠂ ᠪᠠᠢ ᠶᠠᠩ ᠳ᠋ᠢᠶᠠᠨ ᠤ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠪᠠ ᠬᠠᠮᠠᠭᠠᠯᠠᠯᠲᠠ ᠨᠢ | ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠮᠢᠩᠭᠠᠨ ᠣᠨ ᠳᠤ ᠠᠰᠢᠭ ᠬᠦᠷᠲᠡᠭᠡᠬᠦ ᠤᠴᠢᠷ ᠠᠴᠠ ᠡᠷᠬᠡᠪᠰᠢ | ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠲᠠᠷᠠᠭ᠎ᠠ ᠨᠢ᠂ ᠰᠢ ᠶᠢᠨ ᠫᠢᠩ ᠬᠤᠷᠠᠯ ᠦᠵᠡᠰᠬᠦᠯᠡᠩ ᠤᠨ ᠲᠥᠪ ᠤᠨ ᠭᠤᠷᠪᠠᠳᠤᠭᠠᠷ ᠳᠠᠪᠬᠤᠷᠭ᠎ᠠ ᠶᠢᠨ | ᠤᠯᠠᠨ ᠴᠢᠳᠠᠪᠬᠢᠲᠤ ᠲᠢᠩᠬᠢᠮ ᠳᠤ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠨᠳᠥᠷ | ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠬᠤ ᠲᠤᠬᠠᠢ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠵᠧᠩ ᠱᠠᠨ ᠵᠢᠶᠧ᠂ ᠾᠧᠪᠧᠢ | ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠨᠢ ᠶᠤᠸᠠᠢ ᠹᠧᠩ᠂ ᠰᠢᠶᠦ᠋ᠩ ᠠᠨ ᠰᠢᠨ᠎ᠡ ᠲᠣᠭᠤᠷᠢᠭ ᠤᠨ ᠨᠠᠮ ᠤᠨ | ᠠᠵᠢᠯᠯᠠᠬᠤ ᠬᠤᠷᠢᠶ᠎ᠠ ᠶᠢᠨ ᠱᠦᠵᠢ ᠵᠠᠩ ᠭᠦᠸᠧ ᠬᠤᠸᠠ ᠤᠷᠢᠳ ᠬᠤᠵᠢᠳ ᠦᠭᠡ ᠬᠡᠯᠡᠵᠡᠢ᠃ ᠳᠤᠮᠳᠠᠳᠤ | ᠤᠯᠤᠰ ᠤᠨ ᠳᠠᠭᠠᠭᠤᠯᠢ ᠤᠳᠤᠨ ᠤ ᠰᠦᠯᠵᠢᠶᠡᠨ ᠤ ᠪᠦᠯᠦᠭᠯᠡᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ | ᠪᠠᠷᠢᠯᠭ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠭᠤᠣᠯ ᠬᠠᠷᠢᠭᠤᠴᠠᠯᠭᠠᠲᠠᠨ ᠪᠢᠴᠢᠭ ᠢᠶᠠᠷ ᠦᠭᠡ ᠬᠡᠯᠡᠪᠡ᠃ | | ᠤᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ | ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠥᠪ ᠤᠨ ᠬᠠᠮᠢᠶ᠎ᠠ ᠪᠦᠬᠦᠢ ᠰᠠᠯᠠᠭ᠎ᠠ | ᠮᠥᠴᠢᠷ ᠪᠣᠯᠣᠨ ᠪᠡᠭᠡᠵᠢᠩ᠂ ᠲᠢᠶᠠᠨᠵᠢᠨ ᠵᠡᠷᠭᠡ ᠭᠠᠵᠠᠷ ᠤᠨ ᠬᠦᠴᠦᠲᠡᠢ ᠳᠡᠮᠵᠢᠯᠭᠡ ᠳᠣᠣᠷ᠎ᠠ᠂ ᠾᠧᠪᠧᠢ ᠮᠤᠵᠢ | ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠰᠢᠶᠦ᠋ᠩ ᠠᠨ ᠰᠢᠨ᠎ᠡ ᠲᠣᠭᠤᠷᠢᠭ ᠤᠨ | ᠨᠠᠮ ᠤᠨ ᠠᠵᠢᠯᠯᠠᠬᠤ ᠬᠤᠷᠢᠶ᠎ᠠ ᠪᠠ ᠬᠠᠮᠢᠶᠠᠷᠤᠯᠲᠠ ᠶᠢᠨ ᠵᠥᠪᠯᠡᠯ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ | ᠨᠠᠷᠢᠨ ᠬᠢᠨᠠᠮᠠᠭᠠᠢ ᠭᠦᠢᠴᠡᠳᠬᠡᠵᠦ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠰᠢᠶᠦ᠋ᠩ | ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ ᠱᠠᠲᠤᠴᠢ ᠴᠢᠨᠠᠷᠲᠠᠢ ᠦᠷ᠎ᠡ ᠪᠦᠲᠦᠭᠡᠯ | ᠣᠯᠵᠤ᠂ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠦᠵᠦ ᠲᠥᠯᠥᠪᠯᠡᠭᠡ ᠶᠢ | ᠦᠨᠳᠦᠰᠦᠨ ᠳᠡᠭᠡᠨ ᠪᠡᠶᠡᠯᠡᠭᠦᠯᠵᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ | ᠠᠬᠢᠯᠲᠠ ᠲᠠᠢ ᠪᠣᠯᠵᠤ᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠨ ᠵᠣᠬᠢᠴᠠᠭᠤᠯᠬᠤ ᠠᠵᠢᠯ | ᠠᠩᠬ᠎ᠠ ᠠᠯᠬᠤᠮ ᠦᠷ᠎ᠡ ᠪᠦᠲᠦᠮᠵᠢ ᠣᠯᠵᠤ᠂ ᠪᠠᠢ ᠶᠠᠩ ᠳ᠋ᠢᠶᠠᠨ ᠤ ᠠᠮᠢ ᠠᠬᠤᠢ ᠣᠷᠴᠢᠨ ᠲᠣᠭᠤᠷᠢᠨ ᠤ | ᠵᠠᠰᠠᠯᠲᠠ ᠢᠯᠡᠳᠲᠡ ᠦᠷ᠎ᠡ ᠪᠦᠲᠦᠮᠵᠢ ᠣᠯᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠠᠵᠢᠯ | ᠢᠳᠡᠪᠬᠢᠲᠡᠢ ᠠᠬᠢᠯᠲᠠ ᠲᠠᠢ ᠪᠣᠯᠵᠤ᠂ ᠠᠵᠤ ᠦᠢᠯᠡᠰ ᠪᠠ ᠰᠢᠨ᠎ᠡ ᠶᠢ ᠡᠭᠦᠳᠬᠦ ᠡᠯᠧᠮᠧᠨ᠋ᠲ ᠤᠨ ᠲᠥᠪᠯᠡᠷᠡᠯ ᠤᠨ | ᠨᠥᠬᠦᠴᠡᠯ ᠠᠯᠬᠤᠮ ᠠᠯᠬᠤᠮ ᠢᠶᠠᠷ ᠲᠡᠭᠦᠯᠳᠡᠷᠵᠢᠵᠦ᠂ ᠪᠤᠴᠠᠭᠠᠨ ᠨᠡᠭᠦᠯᠭᠡᠵᠦ ᠲᠥᠪᠬᠢᠨᠡᠭᠦᠯᠬᠦ ᠠᠵᠢᠯ ᠢ ᠡᠮᠬᠢ | ᠵᠢᠷᠤᠮ ᠲᠠᠢ ᠪᠠᠷ ᠠᠬᠢᠭᠤᠯᠪᠠ᠃ ᠣᠬᠤᠷᠬᠠᠨ 6 ᠵᠢᠯ ᠳᠤ᠂ ᠰᠢᠶᠦ᠋ᠩ ᠠᠨ ᠰᠢᠨ᠎ᠡ ᠲᠣᠭᠤᠷᠢᠭ ᠦᠭᠡᠢ | ᠪᠠᠶᠢᠭᠰᠠᠨ ᠠᠴᠠ ᠪᠠᠨ ᠪᠠᠶᠢᠬᠤ ᠪᠣᠯᠵᠤ᠂ ᠠᠤᠭ᠎ᠠ ᠲᠥᠰᠥᠪ ᠠᠴᠠ ᠪᠣᠳᠠᠲᠤ ᠠᠬᠤᠢ ᠪᠣᠯᠵᠤ᠂ ᠥᠨᠳᠥᠷ ᠲᠦᠪᠰᠢᠨ | ᠪᠦᠬᠦᠢ ᠣᠳᠣᠬᠢᠴᠢᠯᠠᠭᠰᠠᠨ ᠬᠤᠳᠠ ᠶᠠᠭ ᠰᠦᠨᠳᠡᠷᠯᠡᠨ ᠪᠣᠰᠴᠤ᠂ ᠭᠠᠶᠢᠬᠠᠮᠰᠢᠭ ᠲᠤ ᠲᠣᠭᠠᠴᠠᠭᠳᠠᠵᠤ ᠪᠣᠯᠣᠨ᠎ᠠ᠃ | ᠡᠳᠡᠭᠡᠷ ᠠᠮᠵᠢᠯᠲᠠ ᠪᠦᠲᠦᠮᠵᠢ ᠶᠢ ᠪᠣᠯ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ | ᠬᠤᠪᠢᠰᠤᠯᠲᠠ᠂ 3 ᠵᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ | ᠨᠣᠴᠢᠲᠠᠢ ᠪᠠᠶᠢᠳᠠᠯ ᠳᠣᠣᠷ᠎ᠠ ᠣᠯᠣᠭᠰᠠᠨ ᠶᠤᠮ᠂ ᠮᠠᠰᠢ ᠭᠢᠯᠪᠠᠷ ᠪᠤᠰᠤ ᠪᠢᠯᠡ᠃ ᠰᠢᠶᠦ᠋ᠩ ᠠᠨ ᠰᠢᠨ᠎ᠡ | ᠲᠣᠭᠤᠷᠢᠭ ᠢ ᠪᠦᠲᠦᠭᠡᠨ ᠪᠠᠶᠢᠭᠤᠯᠬᠤ ᠲᠤᠬᠠᠢ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠪᠣᠯ ᠪᠦᠷᠢᠮᠦᠰᠦᠨ ᠵᠥᠪ᠂ ᠡᠯ᠎ᠡ ᠲᠠᠯ᠎ᠠ ᠶᠢᠨ ᠠᠵᠢᠯ ᠪᠣᠯ ᠯᠠᠪᠳᠠᠭᠤᠨ ᠪᠦᠲᠦᠮᠵᠢᠲᠡᠢ ᠭᠡᠳᠡᠭ ᠢ | ᠦᠢᠯᠡᠳᠦᠯᠭᠡ ᠭᠡᠷᠡᠴᠢᠯᠡᠵᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠰᠢᠶᠦ᠋ᠩ ᠠᠨ ᠰᠢᠨ᠎ᠡ | ᠲᠣᠭᠤᠷᠢᠭ ᠢ ᠪᠦᠲᠦᠭᠡᠨ ᠪᠠᠶᠢᠭᠤᠯᠬᠤ ᠲᠤᠬᠠᠢ ᠨᠠᠮ ᠤᠨ ᠲᠥᠪ ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠶᠢᠨ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠠ ᠠᠯᠤᠰ ᠭᠡᠲᠦ ᠶᠢᠨ ᠲᠡᠦᠬᠡᠲᠦ ᠠᠴᠢ ᠬᠤᠯᠪᠣᠭᠳᠠᠯ ᠢ | ᠭᠦᠨᠵᠡᠭᠡᠢ ᠣᠶᠢᠯᠠᠭᠠᠵᠤ᠂ ᠰᠢᠶᠦ᠋ᠩ ᠠᠨ ᠰᠢᠨ᠎ᠡ ᠲᠣᠭᠤᠷᠢᠭ ᠤᠨ ᠲᠤᠬᠠᠢ ᠨᠠᠮ ᠤᠨ ᠲᠥᠪ ᠬᠤᠷᠢᠶ᠎ᠠ ᠶᠢᠨ | ᠴᠢᠳᠠᠮᠵᠢ ᠶᠢᠨ ᠪᠠᠶᠢᠷᠢ ᠲᠣᠭᠲᠠᠭᠠᠯᠲᠠ᠂ ᠲᠡᠦᠬᠡᠲᠦ ᠡᠭᠦᠷᠭᠡ ᠪᠠ ᠵᠠᠷᠴᠢᠮ ᠤᠨ ᠱᠠᠭᠠᠷᠳᠠᠯᠭ᠎ᠠ ᠶᠢ ᠪᠠᠲᠤ ᠡᠵᠡᠮᠳᠡᠵᠦ | ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠡᠦᠬᠡᠲᠦ ᠲᠡᠰᠪᠦᠷᠢ ᠲᠡᠪᠴᠢᠶᠡᠷᠢ ᠶᠢ ᠪᠠᠲᠤᠯᠠᠵᠤ᠂ | ᠣᠶᠢᠷ᠎ᠠ ᠶᠢᠨ ᠬᠤᠭᠤᠴᠠᠭᠠᠨ ᠤ ᠬᠠᠷᠠᠯᠲᠠ ᠪᠣᠯᠣᠨ ᠳᠤᠮᠳᠠ ᠤᠷᠳᠤ ᠬᠤᠭᠤᠴᠠᠭᠠᠨ ᠤ ᠬᠠᠷᠠᠯᠲᠠ᠂ ᠬᠤᠲᠠ ᠶᠢᠨ | ᠪᠦᠲᠦᠭᠡᠨ ᠪᠠᠶᠢᠭᠤᠯᠤᠯᠲᠠ ᠶᠢᠨ ᠬᠤᠷᠳᠤᠴᠠ ᠪᠠ ᠬᠥᠮᠥᠨ ᠠᠮᠠ ᠶᠢᠨ ᠲᠥᠪᠯᠡᠷᠡᠯ ᠤᠨ ᠬᠡᠪᠴᠢᠶ᠎ᠡ᠂ ᠠᠵᠤ | ᠦᠢᠯᠡᠰ ᠤᠨ ᠰᠢᠯᠵᠢᠯᠲᠡ ᠪᠠ ᠠᠵᠤ ᠦᠢᠯᠡᠰ ᠤᠨ ᠳᠡᠰ ᠳᠠᠪᠰᠢᠯᠲᠠ᠂ ᠵᠠᠰᠠᠭ ᠤᠨ ᠣᠷᠳᠣᠨ ᠪᠠ ᠵᠠᠬ᠎ᠠ | ᠳᠡᠯᠭᠡᠭᠦᠷ᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠨ ᠵᠣᠬᠢᠴᠠᠭᠤᠯᠬᠤ ᠪᠠ ᠬᠤᠲᠠ ᠶᠢᠨ ᠲᠣᠰ | ᠪᠡᠶ᠎ᠡ ᠶᠢᠨ ᠬᠥᠭᠵᠢᠯᠲᠡ ᠶᠢ ᠵᠣᠯᠭᠠᠭᠤᠯᠬᠤ᠂ ᠬᠤᠲᠠ ᠶᠢᠨ ᠪᠦᠲᠦᠭᠡᠨ ᠪᠠᠶᠢᠭᠤᠯᠤᠯᠲᠠ ᠪᠠ ᠡᠷᠭᠢᠨ ᠲᠣᠭᠤᠷᠢᠨ ᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠴᠢᠬᠤᠯᠠ ᠶᠡᠭᠡ ᠬᠠᠷᠢᠴᠠᠭ᠎ᠠ ᠶᠢ ᠰᠠᠶᠢᠲᠤᠷ | ᠰᠢᠢᠳᠪᠦᠷᠢᠯᠡᠵᠦ᠂ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠵᠥᠪ | ᠴᠢᠭᠯᠡᠯ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠨ ᠵᠣᠬᠢᠴᠠᠭᠤᠯᠬᠤ ᠡᠯ᠎ᠡ | ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠤᠶᠠᠳᠤᠭᠠᠷ | ᠪᠦᠯᠦᠭ ᠤᠨ ᠲᠠᠷᠬᠠᠭᠠᠨ ᠵᠣᠬᠢᠴᠠᠭᠤᠯᠬᠤ ᠠᠵᠢᠯ ᠢ ᠡᠬᠢᠯᠡᠭᠦᠯᠦᠭᠰᠡᠨ ᠪᠡᠭᠡᠵᠢᠩ ᠳᠤ ᠪᠠᠶᠢᠭ᠎ᠠ ᠲᠥᠪ ᠤᠨ ᠠᠵᠤ | ᠠᠬᠤᠶᠢᠯᠠᠯ ᠤᠨ ᠶᠡᠷᠦᠩᠬᠡᠢ ᠬᠡᠯᠲᠡᠰ ᠵᠢᠴᠢ ᠬᠤᠶᠠᠳᠤᠭᠠᠷ᠂ ᠭᠤᠷᠪᠠᠳᠤᠭᠠᠷ ᠳᠡᠰ ᠤᠨ ᠬᠤᠪᠢᠶᠠᠷᠢ ᠺᠣᠮᠫᠠᠨᠢ ᠪᠤᠶᠤ | ᠰᠢᠨ᠎ᠡ ᠶᠢ ᠡᠭᠦᠳᠬᠦ ᠲᠤᠬᠠᠶᠢᠯᠠᠭᠰᠠᠨ ᠠᠵᠢᠯ ᠤᠨ ᠬᠡᠰᠡᠭ ᠵᠡᠷᠭᠡ ᠶᠢ ᠦᠷᠭᠦᠯᠵᠢᠯᠡᠨ ᠲᠥᠯᠥᠪᠵᠢᠭᠦᠯᠵᠦ᠂ ᠮᠥᠩᠭᠦᠨ | ᠭᠦᠢᠯᠭᠡᠭᠡᠨ ᠤ ᠪᠠᠶᠢᠭᠤᠯᠤᠮᠵᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠵᠢᠯ | ᠦᠢᠯᠡᠰ ᠤᠨ ᠨᠢᠭᠡᠴᠡ ᠶᠢ ᠲᠠᠷᠬᠠᠭᠠᠨ ᠰᠢᠯᠵᠢᠭᠦᠯᠬᠦ ᠠᠵᠢᠯ ᠢ ᠭᠠᠷᠳᠠᠨ ᠲᠥᠯᠥᠪᠵᠢᠭᠦᠯᠵᠦ ᠬᠡᠷᠡᠭᠲᠡᠢ᠃ | ᠲᠠᠷᠬᠠᠭᠠᠨ ᠵᠣᠬᠢᠴᠠᠭᠤᠯᠬᠤ ᠶᠢ ᠵᠣᠷᠢᠭᠵᠢᠭᠤᠯᠬᠤ ᠬᠢᠵᠠᠭᠠᠷᠯᠠᠬᠤ ᠲᠦᠷᠦ ᠶᠢᠨ ᠪᠣᠳᠣᠯᠭ᠎ᠠ ᠶᠢᠨ ᠰᠢᠰᠲ᠋ᠧᠮ ᠢ | ᠦᠷᠭᠦᠯᠵᠢᠯᠡᠨ ᠲᠡᠭᠦᠯᠳᠡᠷᠵᠢᠭᠦᠯᠬᠦ ᠬᠡᠷᠡᠭᠲᠡᠢ᠃ ᠲᠠᠷᠬᠠᠭᠠᠨ ᠵᠣᠬᠢᠴᠠᠭᠤᠯᠬᠤ ᠬᠥᠮᠥᠰ ᠤᠨ ᠦᠷ᠎ᠡ ᠬᠡᠦᠬᠡᠳ ᠤᠨ | ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠴᠠᠯᠢᠩ ᠬᠥᠯᠥᠰᠦ᠂ ᠨᠡᠶᠢᠭᠡᠮ ᠤᠨ ᠳᠠᠭᠠᠳᠬᠠᠯ᠂ | ᠡᠮ ᠡᠮᠨᠡᠯᠭᠡ ᠶᠢᠨ ᠳᠠᠭᠠᠳᠬᠠᠯ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠶᠢᠨ ᠬᠤᠯᠪᠣᠭᠳᠠᠯ ᠪᠦᠬᠦᠢ | ᠲᠥᠷᠥ ᠶᠢᠨ ᠪᠣᠳᠣᠯᠭ᠎ᠠ ᠳᠤ᠂ ᠨᠠᠰᠤᠲᠠᠶᠢᠴᠤᠳ ᠲᠤᠨᠢ ᠬᠠᠭᠤᠴᠢᠨ ᠠᠷᠭ᠎ᠠ ᠪᠣᠳᠣᠯᠭ᠎ᠠ ᠶᠢ ᠬᠡᠷᠡᠭᠵᠢᠭᠦᠯᠬᠦ᠂ ᠰᠢᠨ᠎ᠡ | ᠬᠥᠮᠥᠨ ᠳᠤ ᠰᠢᠨ᠎ᠡ ᠠᠷᠭ᠎ᠠ ᠬᠡᠷᠡᠭᠵᠢᠭᠦᠯᠬᠦ ᠵᠠᠷᠴᠢᠮ ᠤᠨ ᠱᠠᠭᠠᠷᠳᠠᠯᠭ᠎ᠠ ᠶᠣᠰᠣᠭᠠᠷ᠂ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠲᠠᠷᠬᠠᠭᠠᠨ | ᠵᠣᠬᠢᠴᠠᠭᠤᠯᠤᠭᠰᠠᠨ ᠨᠢᠭᠡᠴᠢ ᠪᠠ ᠠᠵᠢᠯᠲᠠᠨ ᠳᠤ ᠦᠨᠡᠨ ᠪᠣᠳᠠᠲᠠᠢ ᠠᠰᠢᠭ ᠬᠦᠷᠲᠡᠭᠡᠬᠦ ᠶᠢ ᠦᠨᠡᠨ ᠬᠦ ᠪᠠᠲᠤᠯᠠᠬᠤ | ᠬᠡᠷᠡᠭᠲᠡᠢ᠃ ᠵᠠᠬ᠎ᠠ ᠳᠡᠯᠭᠡᠭᠦᠷ ᠤᠨ ᠲᠣᠭᠲᠠᠴᠠ ᠪᠠ ᠵᠠᠰᠠᠭ ᠤᠨ ᠣᠷᠳᠣᠨ ᠤ ᠬᠥᠲᠥᠯᠥᠨ ᠵᠢᠯᠤᠭᠤᠳᠬᠤ ᠶᠢ | ᠤᠶᠠᠯᠳᠤᠭᠤᠯᠬᠤ᠂ ᠲᠦᠷᠦᠯ ᠵᠦᠢᠯ ᠪᠠ ᠲᠦᠷᠦ ᠶᠢᠨ ᠪᠣᠳᠣᠯᠭ᠎ᠠ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ | ᠵᠠᠬ᠎ᠠ ᠳᠡᠯᠭᠡᠭᠦᠷᠴᠢᠯᠡᠯᠲᠡ᠂ ᠬᠠᠤᠯᠢᠵᠢᠯᠳᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ ᠨᠡᠶᠢᠰᠯᠡᠯ ᠤᠨ ᠪᠤᠰᠤ | ᠴᠢᠳᠠᠮᠵᠢ ᠶᠢ ᠭᠠᠳᠠᠭᠰᠢ ᠪᠠᠨ ᠲᠠᠷᠬᠠᠭᠠᠨ ᠵᠣᠬᠢᠴᠠᠭᠤᠯᠬᠤ ᠳᠣᠲᠣᠭᠠᠳᠤ ᠬᠦᠳᠡᠯᠭᠡᠬᠦ ᠬᠦᠴᠦᠨ ᠢ ᠴᠢᠩᠭᠠᠳᠬᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ | ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠬᠦᠷᠢᠶᠡᠨ ᠤ ᠥᠭᠡᠷᠡᠴᠢᠯᠡᠯᠲᠡ ᠨᠡᠭᠡᠭᠡᠯᠲᠡ ᠶᠢᠨ ᠬᠤᠰᠢᠭᠤᠷᠠᠯ | ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠪᠣᠯᠣᠨ ᠤᠷᠢᠳᠠᠴᠢ ᠴᠢᠨᠠᠷᠲᠠᠢ ᠰᠢᠨ᠎ᠡ ᠶᠢ ᠡᠭᠦᠳᠬᠦ ᠲᠤᠷᠰᠢᠯᠲᠠ ᠶᠢᠨ | ᠵᠢᠱᠢᠶ᠎ᠡ ᠦᠵᠡᠭᠦᠯᠭᠦ ᠲᠦᠷᠦᠯ ᠵᠦᠢᠯ ᠢ ᠰᠢᠶᠦ᠋ᠩ ᠠᠨ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠴᠢᠷᠮᠠᠶᠢᠵᠤ | ᠪᠠᠶᠢᠭᠠᠳ ᠰᠢᠨ᠎ᠡ ᠴᠢᠳᠠᠪᠬᠢ ᠶᠢ ᠪᠠᠶᠢᠭᠤᠯᠵᠤ᠂ ᠰᠢᠨ᠎ᠡ ᠳᠦᠷᠢ ᠲᠥᠷᠬᠦ ᠶᠢ ᠪᠦᠷᠢᠯᠳᠦᠭᠦᠯᠵᠦ᠂ ᠰᠢᠨ᠎ᠡ ᠠᠵᠤ | ᠦᠢᠯᠡᠰ ᠢ ᠬᠥᠭᠵᠢᠭᠦᠯᠵᠦ᠂ ᠰᠢᠨ᠎ᠡ ᠴᠢᠳᠠᠪᠤᠷᠢᠲᠠᠨ ᠢ ᠲᠥᠪᠯᠡᠷᠡᠭᠦᠯᠵᠦ᠂ ᠰᠢᠨ᠎ᠡ ᠲᠣᠭᠲᠠᠴᠠ ᠶᠢ ᠪᠠᠶᠢᠭᠤᠯᠵᠤ᠂ | ᠰᠢᠶᠦ᠋ᠩ ᠠᠨ ᠰᠢᠨ᠎ᠡ ᠲᠣᠭᠤᠷᠢᠭ ᠢ ᠰᠢᠨ᠎ᠡ ᠴᠠᠭ ᠦᠶ᠎ᠡ ᠶᠢᠨ ᠰᠢᠨ᠎ᠡ ᠶᠢ ᠡᠭᠦᠳᠬᠦ ᠥᠨᠳᠦᠷᠯᠢᠭ ᠪᠠ ᠦᠢᠯᠡᠰ | ᠪᠣᠰᠬᠠᠬᠤ ᠬᠠᠯᠠᠭᠤᠨ ᠬᠥᠷᠥᠰᠥ ᠪᠣᠯᠭᠠᠬᠤ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ | ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠢ ᠪᠣᠯᠭᠠᠵᠤ᠂ ᠠᠯᠢ | ᠤᠯᠠᠨ ᠣᠨᠴᠠᠭᠠᠢ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠤᠯᠤᠰ ᠤᠨ | ᠳᠣᠲᠣᠭᠠᠳᠤ ᠭᠠᠳᠠᠭᠠᠳᠤ ᠶᠢᠨ ᠬᠦᠴᠦᠨ ᠪᠣᠯᠣᠨ ᠬᠥᠷᠥᠩᠭᠡ ᠶᠢ ᠥᠷᠭᠡᠨ ᠢᠶᠠᠷ ᠲᠠᠲᠠᠬᠤ ᠪᠠ ᠲᠥᠪᠯᠡᠷᠡᠭᠦᠯᠵᠦ | ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠣᠯᠣᠨ ᠬᠥᠭᠵᠢᠯᠲᠡ ᠳᠤ ᠣᠷᠣᠯᠴᠠᠭᠤᠯᠵᠤ᠂ | ᠬᠥᠮᠥᠰ ᠤᠨ ᠬᠦᠰᠡᠨ ᠡᠷᠡᠮᠡᠯᠵᠡᠵᠦ᠂ ᠴᠢᠬᠤᠯᠠ ᠡᠯᠧᠮᠧᠨ᠋ᠲ ᠴᠤᠭᠯᠠᠷᠠᠵᠤ᠂ ᠬᠦᠴᠦ ᠪᠠᠨ ᠬᠠᠮᠲᠤᠳᠬᠠᠵᠤ ᠬᠠᠮᠲᠤ ᠪᠠᠷ | ᠪᠠᠶᠢᠭᠤᠯᠬᠤ᠂ ᠬᠠᠮᠲᠤ ᠪᠠᠷ ᠬᠥᠭᠵᠢᠬᠦ ᠠᠮᠢᠳᠤᠯᠢᠭ ᠪᠠᠶᠢᠳᠠᠯ ᠢ ᠪᠦᠷᠢᠯᠳᠦᠭᠦᠯᠬᠦ ᠬᠡᠷᠡᠭᠲᠡᠢ᠃ ᠲᠡᠷᠢᠭᠦᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠥᠷᠭᠡᠨ ᠢᠶᠠᠷ ᠬᠡᠷᠡᠭᠯᠡᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠡᠷᠴᠢᠮ ᠢᠶᠠᠨ ᠴᠢᠩᠭᠠᠷᠠᠭᠤᠯᠵᠤ᠂ | ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠢ ᠢᠳᠡᠪᠬᠢᠲᠡᠢ ᠬᠥᠭᠵᠢᠭᠦᠯᠵᠦ᠂ ᠰᠢᠨ᠎ᠡ ᠨᠡᠮᠡᠭᠳᠡᠯ ᠤᠨ | ᠴᠡᠭ ᠢ ᠪᠤᠶᠢᠵᠢᠭᠤᠯᠵᠤ᠂ ᠰᠢᠨ᠎ᠡ ᠬᠦᠳᠡᠯᠭᠡᠬᠦ ᠡᠨᠧᠷᠭᠢ ᠶᠢ ᠪᠦᠷᠢᠯᠳᠦᠭᠦᠯᠵᠦ᠂ ᠣᠶᠤᠨᠴᠢ᠂ ᠪᠣᠬᠢᠷᠳᠤᠯ ᠦᠭᠡᠢ᠂ | ᠰᠢᠨ᠎ᠡ ᠶᠢ ᠡᠭᠦᠳᠬᠦ ᠶᠢ ᠰᠢᠶᠦ᠋ᠩ ᠠᠨ ᠰᠢᠨ᠎ᠡ ᠲᠣᠭᠤᠷᠢᠭ ᠤᠨ ᠦᠵᠡᠰᠬᠦᠯᠡᠩᠲᠦ ᠰᠠᠶᠢᠬᠠᠨ ᠨᠡᠷ᠎ᠡ ᠶᠢᠨ | ᠬᠠᠭᠤᠳᠠᠰᠤ ᠪᠣᠯᠭᠠᠬᠤ ᠬᠡᠷᠡᠭᠲᠡᠢ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ | ᠮᠥᠨ ᠭᠡᠬᠦ ᠣᠶᠢᠯᠠᠭᠠᠭᠳᠠᠬᠤᠨ ᠢ ᠲᠤᠭᠤᠰᠢᠯᠠᠭᠤᠯᠵᠤ᠂ ᠪᠣᠬᠢᠷᠳᠤᠯ ᠦᠭᠡᠢ᠂ ᠪᠠᠭ᠎ᠠ ᠨᠡᠭᠦᠷᠡᠰᠦᠲᠥ᠋ᠷᠥᠭᠴᠢᠲᠦ | ᠬᠥᠭᠵᠢᠯᠲᠡ ᠶᠢ ᠪᠠᠷᠢᠮᠲᠠᠯᠠᠵᠤ᠂ ᠰᠢᠶᠦ᠋ᠩ ᠠᠨ ᠰᠢᠨ᠎ᠡ ᠲᠣᠭᠤᠷᠢᠭ ᠢ ᠪᠣᠬᠢᠷᠳᠤᠯ ᠦᠭᠡᠢ ᠬᠥᠭᠵᠢᠬᠦ ᠬᠤᠳᠠ ᠶᠢᠨ | ᠨᠡᠶᠢᠲᠡᠯᠢᠭ ᠵᠢᠱᠢᠶ᠎ᠡ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠰᠢ ᠶᠢᠨ ᠫᠢᠩ᠂ | ᠰᠢᠶᠦ᠋ᠩ ᠠᠨ ᠰᠢᠨ᠎ᠡ ᠲᠣᠭᠤᠷᠢᠭ ᠤᠨ ᠤᠳᠤᠷᠢᠳᠬᠤ ᠪᠠᠶᠢᠭᠤᠯᠤᠮᠵᠢ ᠪᠣᠯᠣᠨ ᠬᠠᠮᠢᠶᠠᠷᠤᠯᠲᠠ ᠶᠢᠨ ᠲᠣᠭᠲᠠᠴᠠ ᠶᠢ | ᠰᠢᠯᠢᠳᠡᠭᠵᠢᠭᠦᠯᠦᠨ ᠪᠦᠷᠢᠨᠰᠢᠭᠦᠯᠵᠦ᠂ ᠰᠢᠨ᠎ᠡ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ | ᠲᠡᠶᠢᠰᠢ ᠬᠤᠪᠢᠷᠠᠬᠤ ᠶᠢ ᠱᠠᠲᠤ ᠬᠤᠪᠢᠶᠠᠨ ᠠᠯᠬᠤᠮ ᠲᠠᠷᠠᠭ᠎ᠠ ᠬᠤᠪᠢᠶᠠᠨ ᠯᠠᠪᠳᠠᠭᠤᠨ ᠡᠮᠬᠢ ᠵᠢᠷᠤᠮ ᠲᠠᠢ ᠪᠠᠷ | ᠠᠬᠢᠭᠤᠯᠬᠤ ᠬᠡᠷᠡᠭᠲᠡᠢ᠃ ᠰᠢᠨ᠎ᠡ ᠲᠣᠭᠤᠷᠢᠭ ᠤᠨ ᠡᠯ᠎ᠡ ᠱᠠᠲᠤᠨ ᠤ ᠤᠳᠤᠷᠢᠳᠬᠤ ᠪᠠᠭ ᠪᠠ ᠺᠠᠳ᠋ᠷ ᠤᠨ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠺᠠᠳ᠋ᠷ ᠤᠨ ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠪᠠ | ᠲᠤᠰᠬᠠᠶᠢᠵᠢᠭᠰᠠᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠲᠣᠭᠤᠷᠢᠭ ᠤᠨ ᠺᠠᠳ᠋ᠷ ᠢ ᠰᠢᠯᠭᠠᠨ | ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠢ ᠪᠠᠷ ᠰᠢᠨ᠎ᠡ ᠶᠢ ᠡᠭᠦᠳᠬᠦ᠂ ᠴᠢᠳᠠᠮᠠᠭᠠᠢ ᠪᠠᠷ ᠵᠢᠳᠬᠦᠯ ᠴᠢᠷᠮᠠᠶᠢᠯᠭ᠎ᠠ | ᠭᠠᠷᠭᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠠᠷᠠᠳ ᠲᠦᠮᠡᠨ ᠤ ᠬᠤᠳᠠ ᠶᠢ ᠠᠷᠠᠳ ᠲᠦᠮᠡᠨ ᠪᠦᠲᠦᠭᠡᠨ ᠪᠠᠶᠢᠭᠤᠯᠵᠤ᠂ ᠠᠷᠠᠳ | ᠲᠦᠮᠡᠨ ᠤ ᠬᠤᠳᠠ ᠶᠢ ᠠᠷᠠᠳ ᠲᠦᠮᠡᠨ ᠤ ᠲᠥᠯᠥᠭᠡ ᠪᠠᠶᠢᠯᠭᠠᠬᠤ ᠶᠢ ᠪᠠᠷᠢᠮᠲᠠᠯᠠᠵᠤ᠂ ᠰᠢᠶᠦ᠋ᠩ ᠠᠨ ᠰᠢᠨ᠎ᠡ | ᠲᠣᠭᠤᠷᠢᠭ ᠤᠨ ᠺᠠᠳ᠋ᠷ ᠤᠯᠠᠨ ᠲᠦᠮᠡᠨ ᠤ ᠠᠩᠬᠠᠷᠴᠤ ᠪᠠᠶᠢᠭ᠎ᠠ ᠲᠤᠰ ᠪᠡᠶ᠎ᠡ ᠶᠢᠨ ᠠᠰᠢᠭ ᠲᠤᠰᠠ ᠶᠢᠨ | ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠳᠤ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ | ᠬᠥᠭᠵᠢᠯᠲᠡ ᠠᠴᠠ ᠦᠨᠡᠨ ᠪᠣᠳᠠᠲᠠᠢ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠣᠯᠭᠤᠬᠤ ᠬᠡᠷᠡᠭᠲᠡᠢ᠃ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠵᠢᠯ ᠣᠯᠭᠤᠬᠤ ᠦᠢᠯᠡᠰ ᠪᠣᠰᠬᠠᠬᠤ ᠶᠢ | ᠬᠥᠲᠥᠯᠥᠨ ᠵᠢᠯᠤᠭᠤᠳᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠰᠢᠨ᠎ᠡ ᠲᠣᠭᠤᠷᠢᠭ ᠤᠨ ᠬᠥᠳᠡᠯᠮᠦᠷᠢ | ᠬᠦᠴᠦᠨ ᠳᠤ ᠲᠠᠭᠢᠨ ᠠᠵᠢᠯ ᠣᠯᠭᠤᠬᠤ ᠪᠣᠯᠪᠠᠰᠤᠷᠠᠯ ᠬᠦᠷᠲᠡᠭᠡᠬᠦ ᠶᠢ ᠴᠢᠩᠭᠠᠳᠬᠠᠬᠤ ᠬᠡᠷᠡᠭᠲᠡᠢ᠃ ᠬᠤᠳᠠ | ᠬᠥᠳᠡᠭᠡ ᠶᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠶᠢ ᠠᠬᠢᠭᠤᠯᠵᠤ᠂ ᠬᠤᠳᠠ ᠬᠥᠳᠡᠭᠡ ᠶᠢᠨ ᠵᠥᠷᠢᠶ᠎ᠡ ᠶᠢ | ᠪᠠᠭᠠᠰᠬᠠᠬᠤ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ᠂ ᠪᠦᠭᠦ ᠠᠷᠠᠳ ᠲᠦᠮᠡᠨ ᠤ | ᠬᠠᠮᠲᠤ ᠪᠠᠷ ᠪᠠᠶᠠᠵᠢᠬᠤ ᠶᠢ ᠠᠬᠢᠭᠤᠯᠬᠤ ᠲᠠᠯ᠎ᠠ ᠪᠠᠷ ᠰᠢᠨ᠎ᠡ ᠵᠠᠮ ᠨᠡᠭᠡᠭᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠶᠦ᠋ᠩ ᠠᠨ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠵᠢᠴᠢ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠤᠣᠯ ᠰᠡᠳᠦᠪᠲᠦ ᠬᠥᠮᠦᠵᠢᠯ ᠢ ᠨᠠᠷᠢᠨ ᠬᠢᠨᠠᠮᠠᠭᠠᠢ ᠥᠷᠨᠢᠭᠦᠯᠬᠦ ᠶᠢᠨ | ᠬᠠᠮᠲᠤ ᠡᠭᠦᠨ ᠢᠶᠠᠷ ᠠᠵᠠ ᠲᠣᠭᠢᠶᠠᠯ ᠪᠣᠯᠭᠠᠵᠤ᠂ ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠵᠤ᠂ ᠦᠵᠡᠯ | ᠰᠠᠨᠠᠭᠠᠨ ᠤ ᠶᠡᠭᠡ ᠴᠢᠯᠦᠭᠡᠯᠡᠯᠲᠡ᠂ ᠴᠢᠳᠠᠪᠤᠷᠢ ᠶᠢᠨ ᠶᠡᠭᠡ ᠳᠡᠭᠡᠭᠰᠢᠯᠡᠯᠲᠡ᠂ ᠰᠤᠷᠲᠠᠯ ᠤᠨ ᠶᠡᠭᠡ ᠬᠤᠪᠢᠷᠠᠯᠲᠠ᠂ | ᠠᠵᠢᠯ ᠤᠨ ᠶᠡᠭᠡ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠤᠯᠤᠰ ᠲᠦᠷᠦ ᠶᠢᠨ ᠴᠢᠳᠠᠮᠵᠢ ᠪᠣᠯᠣᠨ ᠵᠣᠬᠢᠶᠠᠨ | ᠪᠠᠶᠢᠭᠤᠯᠤᠯᠲᠠ ᠶᠢᠨ ᠴᠢᠳᠠᠮᠵᠢ ᠶᠢ ᠤᠯᠠᠮ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ︽ᠲᠦᠷᠪᠡᠨ ᠰᠤᠷᠲᠠᠯ︾ | ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ | ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ︽ᠠᠷᠢᠭᠤᠨ ᠴᠢᠬᠡᠴᠢ | ᠰᠢᠶᠦ᠋ᠩ ᠠᠨ︾ ᠢᠶᠠᠷ ︽ᠰᠢᠶᠦ᠋ᠩ ᠠᠨ ᠤ ᠶᠠᠰᠤ ᠴᠢᠨᠠᠷ︾ ᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | ᠯᠢ ᠴᠢᠶᠠᠩ ᠶᠠᠷᠢᠶᠠᠨ ᠳᠠᠭᠠᠨ᠂ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ | ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠬᠤ ᠳᠤ ᠬᠠᠮᠤᠭ ᠤᠨ ᠦᠨᠳᠦᠰᠦᠨ ᠬᠠᠮᠤᠭ ᠤᠨ ᠵᠠᠩᠭᠢᠯᠠᠭ᠎ᠠ ᠨᠢ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠰᠤᠷᠤᠯᠴᠠᠨ ᠣᠶᠢᠯᠠᠭᠠᠵᠤ᠂ ᠰᠠᠶᠢᠲᠤᠷ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠠᠪᠤᠳᠠᠯ ᠪᠣᠯᠣᠨ᠎ᠠ᠃ ︽ᠮᠢᠩᠭᠠᠨ ᠣᠨ ᠤ ᠶᠡᠭᠡ ᠪᠣᠳᠣᠯᠭ᠎ᠠ︾ ᠶᠢᠨ ᠲᠣᠭᠲᠠᠯ | ᠬᠦᠴᠦᠨ ᠲᠠᠢ ᠪᠠᠶᠢᠵᠤ᠂ ᠰᠢᠶᠦ᠋ᠩ ᠠᠨ ᠰᠢᠨ᠎ᠡ ᠲᠣᠭᠤᠷᠢᠭ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠠ | ᠲᠡᠦᠬᠡᠲᠦ ᠡᠭᠦᠷᠭᠡ ᠬᠠᠷᠢᠭᠤᠴᠠᠯᠭ᠎ᠠ ᠶᠢ ᠪᠠᠲᠤ ᠡᠵᠡᠮᠳᠡᠵᠦ᠂ ᠯᠠᠪᠳᠠᠭᠤᠨ ᠪᠠᠲᠤᠲᠠᠢ ᠠᠵᠢᠯᠯᠠᠵᠤ᠂ ᠤᠷᠳᠤ | ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ ︽ᠥᠷᠯᠥᠭᠡ ᠦᠳᠡᠰᠢ ᠶᠢ ᠲᠡᠮᠡᠴᠡᠬᠦ︾ ᠡᠷᠴᠢ ᠵᠣᠷᠢᠭ ᠲᠠᠢ | ᠪᠠᠶᠢᠵᠤ᠂ ᠨᠢᠭᠡᠨᠲᠡ ᠲᠣᠳᠣᠷᠬᠠᠢ ᠪᠣᠯᠤᠭᠰᠠᠨ᠂ ᠡᠷᠬᠡᠪᠰᠢ ᠬᠢᠬᠦ ᠴᠢᠬᠤᠯᠠᠲᠠᠢ ᠶᠠᠪᠤᠳᠠᠯ ᠢ ᠴᠢᠩᠭ᠎ᠠ ᠠᠳᠬᠤᠵᠤ᠂ | ᠬᠦᠯᠢᠶᠡᠬᠦ ᠦᠭᠡᠢ ᠤᠳᠠᠭᠠᠰᠢᠷᠠᠭᠤᠯᠬᠤ ᠦᠭᠡᠢ᠂ ᠱᠠᠯᠠᠮᠠᠭᠠᠶᠢᠯᠠᠨ ᠠᠵᠢᠯᠯᠠᠵᠤ᠂ ᠪᠡᠭᠡᠵᠢᠩ ᠤᠨ ᠨᠡᠶᠢᠰᠯᠡᠯ ᠤᠨ | ᠪᠤᠰᠤ ᠴᠢᠳᠠᠮᠵᠢ ᠶᠢ ᠲᠠᠷᠬᠠᠭᠠᠨ ᠵᠣᠬᠢᠴᠠᠭᠤᠯᠬᠤ ᠶᠢ ᠲᠦᠷᠭᠡᠪᠴᠢᠯᠡᠨ ᠵᠣᠯᠭᠠᠭᠤᠯᠵᠤ᠂ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠬᠦᠴᠦᠯᠡᠨ ᠪᠠᠶᠢᠭᠤᠯᠵᠤ᠂ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠪᠠᠳᠠᠷᠠᠭᠤᠯᠵᠤ᠂ ᠡᠯ᠎ᠡ | ᠵᠦᠢᠯ ᠤᠨ ᠠᠵᠢᠯ ᠤᠨ ᠲᠠᠰᠤᠷᠠᠯᠲᠠ ᠦᠭᠡᠢ ᠰᠢᠨ᠎ᠡ ᠠᠬᠢᠴᠠ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ | ᠢᠯᠡᠳᠬᠡᠪᠡ᠃ | ᠳ᠋ᠢᠩ ᠰᠢᠤᠸᠠᠢ ᠰᠢᠶᠠᠩ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠᠷ ᠰᠢᠶᠦ᠋ᠩ ᠠᠨ ᠰᠢᠨ᠎ᠡ ᠲᠣᠭᠤᠷᠢᠭ ᠤᠨ ᠴᠢᠨᠠᠷ ᠰᠠᠶᠢᠲᠠᠢ ᠪᠦᠲᠦᠭᠡᠨ ᠪᠠᠶᠢᠭᠤᠯᠤᠯᠲᠠ ᠪᠠ | ᠬᠥᠭᠵᠢᠯᠲᠡ ᠶᠢᠨ ᠦᠨᠳᠦᠰᠦ ᠪᠣᠯᠭᠠᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ ᠤᠤᠭᠠᠯ ᠰᠢᠨ᠎ᠡ ᠶᠢ | ᠡᠭᠦᠳᠬᠦ ᠴᠢᠬᠤᠯᠠ ᠭᠤᠯᠣᠮᠲᠠ ᠶᠢ ᠬᠦᠴᠦᠯᠡᠨ ᠪᠠᠶᠢᠭᠤᠯᠵᠤ᠂ ᠲᠡᠷᠢᠭᠦᠨ ᠤ ᠰᠢᠨ᠎ᠡ ᠶᠢ ᠡᠭᠦᠳᠬᠦ ᠲᠠᠪᠴᠠᠩ ᠢ | ᠪᠠᠶᠢᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ | ᠥᠷᠨᠢᠭᠦᠯᠬᠦ ᠭᠡᠷᠡᠭᠲᠡᠢ︔ ᠰᠢᠨ᠎ᠡ ᠶᠢ ᠡᠭᠦᠳᠬᠦ ᠬᠡᠯᠬᠢᠶ᠎ᠡ ᠠᠵᠤ ᠦᠢᠯᠡᠰ ᠤᠨ ᠬᠡᠯᠬᠢᠶ᠎ᠡ ᠶᠢᠨ ᠭᠦᠨᠵᠡᠭᠡᠢ | ᠠᠭᠤᠰᠤᠯᠴᠠᠯ ᠢ ᠬᠦᠴᠦᠯᠡᠨ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠰᠢᠨ᠎ᠡ ᠶᠢ ᠡᠭᠦᠳᠬᠦ | ᠬᠡᠯᠬᠢᠶ᠎ᠡ ᠶᠢ ᠪᠠᠶᠢᠷᠢᠯᠠᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠣᠨᠳᠣᠣᠰᠢᠭᠤᠯᠬᠤ ᠡᠷᠴᠢᠮ ᠢ ᠴᠢᠩᠭᠠᠷᠠᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠬᠥᠭᠵᠢᠯᠲᠡ ᠶᠢ ᠠᠬᠢᠭᠤᠯᠬᠤ ᠭᠡᠷᠡᠭᠳᠠᠢ︔ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠰᠢᠨ᠎ᠡ ᠶᠢ ᠡᠭᠦᠳᠬᠦ | ᠬᠠᠮᠲᠤ ᠶᠢᠨ ᠴᠣᠭᠴᠠ ᠶᠢ ᠬᠦᠴᠦᠯᠡᠨ ᠪᠠᠶᠢᠭᠤᠯᠵᠤ᠂ ᠠᠰᠢᠭ ᠲᠤᠰᠠ ᠶᠢ ᠬᠠᠮᠲᠤ ᠪᠠᠷ ᠡᠳ᠋ᠯᠡᠬᠦ ᠵᠠᠭᠪᠤᠷ ᠤᠨ | ᠰᠢᠨ᠎ᠡ ᠶᠢ ᠡᠭᠦᠳᠴᠦ᠂ ᠰᠢᠨ᠎ᠡ ᠶᠢ ᠡᠭᠦᠳᠬᠦ ᠨᠡᠩ ᠤᠯᠠᠨ ᠡᠯᠧᠮᠧᠨ᠋ᠲ ᠤᠨ ᠡᠬᠢ ᠪᠠᠶᠠᠯᠢᠭ ᠢ ᠰᠢᠩᠭᠡᠬᠡᠨ ᠠᠪᠬᠤ | ᠪᠠ ᠲᠥᠪᠯᠡᠷᠡᠭᠦᠯᠵᠦ ᠪᠠᠶᠢᠭᠠᠳ ᠰᠢᠶᠦ᠋ᠩ ᠠᠨ ᠰᠢᠨ᠎ᠡ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠣᠷᠣᠯᠴᠠᠭᠤᠯᠬᠤ ᠬᠡᠷᠡᠭᠲᠡᠢ ᠭᠡᠵᠦ ᠢᠯᠡᠳᠬᠡᠪᠡ᠃ | ᠯᠢ ᠭᠠᠨ ᠵᠢᠶᠧ᠂ ᠾᠧ ᠯᠢ ᠹᠧᠩ ᠨᠠᠷ ᠪᠠᠷ᠎ᠠ ᠪᠣᠯᠵᠤ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ | ᠬᠤᠷᠠᠯ ᠳᠤ ᠣᠷᠣᠯᠴᠠᠵᠤ᠂ ᠦ᠋ ᠵᠧᠩ ᠯᠦᠩ᠂ ᠮᠦ ᠬᠤᠩ᠂ ᠵᠢᠶᠠᠩ ᠰᠢᠨ ᡁᠢ ᠵᠢᠴᠢ ᠲᠥᠪ ᠤᠨ ᠪᠠ | ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠴᠡᠷᠢᠭ ᠠᠩᠭᠢ ᠶᠢᠨ ᠬᠤᠯᠪᠣᠭᠳᠠᠯ | ᠪᠦᠬᠦᠢ ᠨᠢᠭᠡᠴᠢ᠂ ᠾᠧᠪᠧᠢ ᠮᠤᠵᠢ᠂ ᠰᠢᠶᠦ᠋ᠩ ᠠᠨ ᠰᠢᠨ᠎ᠡ ᠲᠣᠭᠤᠷᠢᠭ᠂ ᠬᠤᠯ᠊ |