ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/26
ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ      ᠠᠶᠤᠯ ᠦᠭᠡᠢ ᠦᠢᠯᠡᠳᠪᠦᠷᠢᠯᠡᠯ ᠤᠨ ᠬᠦᠨᠳᠦ ᠶᠡᠭᠡ ᠠᠶᠤᠯ ᠲᠦᠭᠰᠢᠭᠦᠷᠢ ᠪᠠ ᠠᠳᠡᠯ ᠤᠨ ᠲᠡᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ ᠂ ︽ᠭᠡᠷ ᠤᠨ ᠬᠡᠷᠡᠭᠰᠡᠯ ᠤᠨ ᠬᠡᠷᠡᠭᠯᠡᠭᠡ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ ︾ ᠢ ᠬᠢᠨᠠᠨ ᠵᠥᠪᠯᠡᠵᠦ ᠪᠠᠲᠤᠯᠠᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠤᠨᠰᠦ᠋ᠯ ᠤᠨ ᠬᠠᠮᠠᠭᠠᠯᠠᠯᠲᠠ ᠪᠠ ᠬᠠᠮᠵᠢᠯᠴᠠᠭᠠᠨ ᠤ ᠳᠦᠷᠢᠮ ︵ ᠡᠬᠡ ᠨᠣᠣᠷᠠᠭ ︶︾ ᠢ ᠬᠢᠨᠠᠨ ᠵᠥᠪᠯᠡᠵᠦ ᠪᠠᠲᠤᠯᠠᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ ︵ ᠵᠠᠰᠠᠪᠤᠷᠢ ᠣᠷᠣᠭᠤᠯᠤᠭᠰᠠᠨ ᠡᠬᠡ ᠨᠣᠣᠷᠠᠭ︶︾ ᠶᠢ ᠶᠠᠷᠢᠯᠴᠠᠪᠠ      ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 29 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 29 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠬᠦᠨᠳᠦ ᠶᠡᠭᠡ ᠠᠶᠤᠯ ᠲᠦᠭᠰᠢᠭᠦᠷᠢ ᠪᠠ ᠠᠳᠡᠯ ᠤᠨ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ ᠂ ︽ᠭᠡᠷ ᠤᠨ ᠬᠡᠷᠡᠭᠰᠡᠯ ᠤᠨ ᠬᠡᠷᠡᠭᠯᠡᠭᠡ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ ︾ ᠢ ᠬᠢᠨᠠᠨ ᠵᠥᠪᠯᠡᠵᠦ ᠪᠠᠲᠤᠯᠠᠪᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠤᠨᠰᠦ᠋ᠯ ᠤᠨ ᠬᠠᠮᠠᠭᠠᠯᠠᠯᠲᠠ ᠪᠠ ᠬᠠᠮᠵᠢᠯᠴᠠᠭᠠᠨ ᠤ ᠳᠦᠷᠢᠮ ︵ ᠡᠬᠡ ᠨᠣᠣᠷᠠᠭ ︶ ︾ ᠢ ᠬᠢᠨᠠᠨ ᠵᠥᠪᠯᠡᠵᠦ ᠪᠠᠲᠤᠯᠠᠪᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ  ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ ︵ᠵᠠᠰᠠᠪᠤᠷᠢ ᠣᠷᠣᠭᠤᠯᠤᠭᠰᠠᠨ ᠡᠬᠡ ᠨᠣᠣᠷᠠᠭ ︶ ︾ ᠶᠢ ᠶᠠᠷᠢᠯᠴᠠᠪᠠ ᠃      ᠬᠤᠷᠠᠯ ᠠᠴᠠ ᠵᠢᠭᠠᠵᠤ ᠭᠠᠷᠭᠠᠭᠰᠠᠨ ᠨᠢ ᠂ ᠨᠢᠩᠰᠢᠶᠠ  ᠶᠢᠨ ᠢᠷᠭᠠᠢ  ᠶᠢᠨ ︽ 6 • 21︾ ᠤ ᠣᠨᠴᠠ ᠬᠦᠨᠳᠦ ᠶᠡᠭᠡ ᠰᠢᠲᠠᠮᠠᠬᠠᠢ ᠬᠡᠢ ᠶᠢᠨ ᠳᠡᠯᠪᠡᠷᠡᠯᠲᠡ ᠶᠢᠨ ᠠᠳᠡᠯ ᠳᠤ ᠣᠯᠠᠨ ᠬᠥᠮᠥᠨ ᠰᠢᠷᠬᠠᠲᠤᠵᠤ ᠂ ᠨᠡᠶᠢᠭᠡᠮ ᠤᠨ ᠨᠥᠯᠥᠭᠡ ᠶᠡᠭᠡ ᠂ ᠰᠤᠷᠭᠠᠮᠵᠢ ᠲᠤᠶᠢᠯ ᠤᠨ ᠭᠦᠨᠵᠡᠭᠡᠢ ᠪᠠᠶᠢᠨ᠎ᠠ ᠃ ᠶᠡᠷᠦᠩᠬᠡᠢ ᠱᠦᠵᠢ ᠰᠢ ᠶᠢᠨ ᠫᠢᠩ  ᠤᠨ ᠠᠶᠤᠯ ᠦᠭᠡᠢ ᠦᠢᠯᠡᠳᠪᠦᠷᠢᠯᠡᠯ  ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠠᠶᠤᠯ ᠦᠭᠡᠢ ᠦᠢᠯᠡᠳᠪᠦᠷᠢᠯᠡᠯ ᠤᠨ ᠬᠦᠨᠳᠦ ᠶᠡᠭᠡ ᠠᠶᠤᠯ ᠲᠦᠭᠰᠢᠭᠦᠷᠢ ᠪᠣᠯᠣᠨ ᠠᠳᠡᠯ  ᠤᠨ ᠲᠠᠯᠳᠠ ᠭᠡᠮ  ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠤᠯᠠᠮ ᠨᠢᠭᠡ ᠠᠯᠬᠤᠮ ᠴᠢᠩᠭᠠᠷᠠᠭᠤᠯᠤᠨ ᠂ ︽ ᠴᠠᠭ ᠦᠷᠭᠦᠯᠵᠢ ᠰᠠᠨᠠᠭᠠᠰᠢᠷᠠᠨ ᠵᠣᠪᠠᠨᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠢ ᠪᠥᠭᠡᠳ ᠨᠠᠷᠢᠯᠢᠭ ᠠᠳᠬᠤᠵᠤ ᠂ ᠠᠶᠤᠯ ᠦᠭᠡᠢ ᠦᠢᠯᠡᠳᠪᠦᠷᠢᠯᠡᠯ ᠤᠨ ᠬᠦᠨᠳᠦ ᠣᠨᠴᠠ ᠶᠡᠭᠡ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠵᠦ ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ  ᠢ ᠪᠠᠲᠤᠯᠠᠬᠤ ᠬᠡᠷᠡᠭᠲᠡᠢ ᠃ ᠭᠤᠣᠯ ᠵᠥᠷᠢᠴᠡᠯ ᠢ ᠴᠢᠩᠭ᠎ᠠ ᠠᠳᠬᠤᠵᠤ ᠂ ᠪᠡᠯᠡᠳᠬᠡᠮᠵᠢ ᠲᠥᠬᠦᠭᠡᠷᠦᠮᠵᠢ ᠶᠢᠨ ᠣᠷᠴᠢᠨ ᠲᠣᠭᠤᠷᠢᠨ ᠤ ︽ ᠠᠯᠳᠠᠭ᠎ᠠ ᠳᠤᠲᠠᠭᠳᠠᠯ︾ ᠢ ᠪᠠᠶᠢᠴᠠᠭᠠᠬᠤ ᠪᠠᠷ ᠪᠠᠷᠠᠬᠤ ᠦᠭᠡᠢ ᠂ ᠨᠡᠩ ᠴᠤ ᠬᠥᠮᠥᠨ ᠤ ᠬᠦᠴᠦᠨ ᠵᠦᠢᠯ ᠤᠨ ︽ᠡᠮᠵᠡᠭ ᠲᠠᠯ᠎ᠠ ︾  ᠶᠢ ᠨᠥᠬᠦᠪᠦᠷᠢᠯᠡᠵᠦ ᠂ ᠤᠯᠠᠨ ᠨᠡᠶᠢᠲᠡ ᠶᠢᠨ ᠠᠮᠤᠷ ᠲᠦᠪᠰᠢᠨ ᠤ ᠤᠬᠠᠮᠰᠠᠷ ᠪᠣᠯᠣᠨ ᠲᠤᠬᠠᠶᠢᠯᠠᠭᠰᠠᠨ ᠠᠵᠢᠯ ᠡᠷᠭᠢᠯᠡᠭᠰᠡᠳ ᠤᠨ ᠠᠮᠤᠷ ᠲᠦᠪᠰᠢᠨ ᠤ ᠬᠠᠷᠢᠭᠤᠴᠠᠯᠭ᠎ᠠ ᠂ ᠠᠮᠤᠷ ᠲᠦᠪᠰᠢᠨ ᠤ ᠤᠷ᠎ᠠ ᠴᠢᠳᠠᠪᠤᠷᠢ ᠶᠢᠨ ᠳᠡᠭᠡᠭᠰᠢᠯᠡᠯᠲᠡ ᠶᠢ ᠶᠡᠭᠡ ᠪᠠᠷ ᠠᠬᠢᠭᠤᠯᠬᠤ ᠬᠡᠷᠡᠭᠲᠡᠢ ᠃ ᠦᠩᠭᠡᠨ ᠲᠠᠯ᠎ᠠ ᠪᠠ ᠦᠨᠳᠦᠰᠦ ᠠᠴᠠ ᠨᠢ ᠵᠡᠷᠭᠡ ᠪᠠᠷ ᠵᠠᠰᠠᠬᠤ ᠶᠢ ᠴᠢᠩᠭᠠᠳᠬᠠᠵᠤ ᠂ ᠰᠢᠲᠠᠮᠠᠬᠠᠢ ᠬᠡᠢ ᠂ ᠪᠠᠷᠢᠯᠭ᠎ᠠ ᠶᠢᠨ ᠠᠵᠢᠯ ᠂ ᠵᠠᠮ ᠲᠡᠭᠡᠭᠡᠪᠦᠷᠢ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠤ ᠴᠢᠭᠯᠡᠭᠦᠯᠦᠨ ᠂ ᠣᠳᠣᠬᠠᠨ ᠤ ᠲᠣᠪᠣᠶᠢᠮ᠎ᠠ ᠠᠰᠠᠭᠤᠳᠠᠯ ᠢ ᠱᠠᠯᠠᠪᠳᠠᠨ ᠰᠢᠢᠳᠪᠦᠷᠢᠯᠡᠬᠦ ᠶᠢᠨ ᠬᠠᠮᠲᠤ ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠡᠬᠢ ᠢᠷᠡᠯᠲᠡ ᠠᠴᠠ ᠨᠢ ᠪᠠᠭᠠᠰᠬᠠᠵᠤ ᠂ ᠲᠠᠯᠳᠠ ᠭᠡᠮ ᠢ ᠪᠠᠶᠢᠩᠭᠤ ᠵᠠᠰᠠᠭᠰᠠᠨ ᠴᠦ ᠢᠮᠠᠭᠲᠠ ᠣᠷᠣᠰᠢᠬᠤ ᠂ ᠠᠳᠡᠯ ᠢ ᠣᠯᠠᠨᠲᠠ ᠴᠠᠭᠠᠵᠠᠯᠠᠪᠠᠴᠤ ᠠᠷᠢᠯᠭᠠᠵᠤ ᠳᠡᠶᠢᠯᠬᠦ ᠦᠭᠡᠢ ᠠᠰᠠᠭᠤᠳᠠᠯ  ᠠᠴᠠ ᠵᠠᠶᠢᠯᠠᠰᠬᠢᠬᠦ ᠬᠡᠷᠡᠭᠲᠡᠢ ᠃ ︽ᠨᠢᠭᠡ ᠶᠠᠪᠤᠳᠠᠯ ︾  ᠤᠨ ᠲᠣᠭᠤᠷᠢᠨ ᠳᠤ ᠠᠶᠤᠯ ᠦᠭᠡᠢ ᠦᠢᠯᠡᠳᠪᠦᠷᠢᠯᠡᠯ ᠤᠨ ᠬᠠᠮᠢᠶ᠎ᠠ ᠪᠦᠬᠦᠢ ᠬᠠᠷᠢᠭᠤᠴᠠᠯᠭ᠎ᠠ ᠶᠢ ᠪᠦᠬᠦ ᠬᠡᠯᠬᠢᠶ᠎ᠡ ᠪᠠᠷ ᠲᠣᠳᠣᠷᠬᠠᠶᠢᠯᠠᠵᠤ ᠂ ᠬᠤᠪᠢᠶᠠᠷᠢᠯᠠᠬᠤ ᠪᠠ ᠨᠠᠶᠢᠳᠠᠪᠤᠷᠢᠵᠢᠭᠤᠯᠵᠤ ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠴᠢᠩᠭ᠎ᠠ ᠂ ᠪᠣᠳᠠᠲᠠᠢ ᠪᠥᠭᠡᠳ ᠨᠠᠷᠢᠯᠢᠭ ᠠᠷᠭ᠎ᠠ ᠬᠡᠮᠵᠢᠶ᠎ᠡ ᠠᠪᠴᠤ ᠂ ᠴᠢᠩᠭ᠎ᠠ ᠬᠢᠨᠠᠨ ᠬᠠᠮᠢᠶᠠᠷᠴᠤ ᠂ ᠬᠠᠰᠢ ᠶᠠᠰᠢ  ᠬᠠᠨᠳᠤᠬᠤ ᠦᠭᠡᠢ ᠪᠠᠶᠢᠵᠤ ᠂ ᠬᠠᠤᠯᠢ ᠬᠡᠷᠡᠭᠵᠢᠭᠦᠯᠬᠦ ᠳᠤ ︽ᠠᠭᠤᠵᠢᠮ ᠰᠤᠯᠠ ᠵᠠᠳᠠᠭᠠᠢ ︾ ᠪᠠᠶᠢᠬᠤ ᠶᠢ ᠡᠷᠡᠰ ᠬᠤᠷᠢᠭᠯᠠᠵᠤ ᠂ ᠬᠠᠷᠢᠭᠤᠴᠠᠯᠭ᠎ᠠ ᠪᠣᠯᠣᠨ ᠳᠠᠷᠤᠯᠲᠠ ᠶᠢ ᠦᠨᠡᠨ ᠬᠦ ᠦᠨᠳᠦᠰᠦᠨ ᠱᠠᠲᠤᠨ ᠳᠤ ᠬᠦᠷᠲᠡᠯ᠎ᠡ ᠨᠠᠶᠢᠳᠠᠪᠤᠷᠢᠵᠢᠭᠤᠯᠵᠤ ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠳᠤ ᠪᠠᠨ ᠠᠰᠠᠭᠤᠳᠠᠯ ᠢ ᠢᠯᠡᠷᠡᠭᠦᠯᠦᠨ ᠂ ᠠᠰᠠᠭᠤᠳᠠᠯ ᠢ ᠰᠢᠢᠳᠪᠦᠷᠢᠯᠡᠵᠦ ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠡᠢ ᠃      ᠬᠤᠷᠠᠯ ᠠᠴᠠ ᠂ ᠭᠡᠷ ᠤᠨ ᠬᠡᠷᠡᠭᠰᠡᠯ ᠤᠨ ᠬᠡᠷᠡᠭᠯᠡᠭᠡ ᠳᠤ ᠬᠤᠯᠪᠣᠭᠳᠠᠬᠤ ᠬᠦᠷᠢᠶ᠎ᠡ ᠬᠡᠪᠴᠢᠶ᠎ᠡ ᠣᠯᠠᠨ ᠂ ᠳᠡᠭᠡᠳᠦ ᠳᠣᠣᠷᠠᠳᠤ ᠤᠷᠤᠰᠬᠠᠯ ᠤᠨ ᠬᠡᠯᠬᠢᠶ᠎ᠡ ᠤᠷᠲᠤ ᠂ ᠬᠡᠪᠴᠢᠶ᠎ᠡ ᠪᠠᠭᠲᠠᠭᠠᠮᠵᠢ ᠶᠡᠭᠡ ᠪᠣᠯᠬᠤᠷ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠳᠠᠶᠢᠴᠢᠯᠠᠨ ᠬᠥᠭᠵᠢᠭᠡᠬᠦ  ᠨᠢ ᠰᠠᠭᠤᠭᠠᠯᠢ ᠠᠷᠠᠳ ᠤᠨ ᠬᠡᠷᠡᠭᠯᠡᠭᠡ ᠶᠢᠨ ᠨᠡᠮᠡᠭᠳᠡᠯ ᠪᠠ ᠠᠵᠤ ᠠᠬᠤᠢ ᠶᠢᠨ ᠰᠡᠷᠭᠦᠯᠲᠡ ᠶᠢ ᠳᠠᠶᠢᠴᠢᠯᠠᠬᠤ ᠳᠤ ᠠᠰᠢᠭᠲᠠᠢ ᠶᠤᠮ ᠃ ᠲᠦᠷᠦ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ ᠂ ᠭᠡᠷ ᠤᠨ ᠬᠡᠷᠡᠭᠰᠡᠯ ᠤᠨ ᠬᠡᠷᠡᠭᠯᠡᠭᠡ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠂ ᠣᠷᠣᠨ ᠰᠠᠭᠤᠴᠠ ᠶᠢᠨ ᠨᠠᠰᠤᠵᠢᠯ  ᠳᠤ ᠲᠣᠬᠢᠷᠠᠭᠰᠠᠨ ᠥᠭᠡᠷᠡᠴᠢᠯᠡᠯᠲᠡ ᠂ ᠠᠷᠠᠳ ᠲᠤ ᠲᠦᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠂ ᠬᠠᠶᠠᠭᠳᠠᠮᠠᠯ ᠬᠠᠭᠤᠴᠢᠨ ᠡᠳ᠋ ᠪᠣᠳᠠᠰ ᠢ ᠬᠤᠷᠢᠶᠠᠨ ᠠᠪᠬᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠬᠦ ᠵᠡᠷᠭᠡ ᠲᠦᠷᠦ ᠶᠢᠨ ᠪᠣᠳᠣᠯᠭ᠎ᠠ ᠲᠠᠢ ᠵᠣᠯᠭᠠᠭᠤᠯᠤᠨ ᠬᠠᠮᠵᠢᠯᠴᠠᠭᠤᠯᠬᠤ ᠪᠠ ᠬᠠᠮᠲᠤᠷᠠᠨ ᠬᠦᠴᠦᠯᠡᠵᠦ ᠂ ᠬᠡᠷᠡᠭᠯᠡᠭᠡ ᠶᠢ ᠠᠬᠢᠭᠤᠯᠬᠤ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠢ ᠃ ᠬᠠᠩᠭᠠᠯᠭ᠎ᠠ ᠶᠢᠨ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠵᠦ ᠂ ᠠᠵᠤ ᠠᠬᠤᠶᠢᠯᠠᠯ ᠤᠨ ᠨᠡᠩ ᠤᠯᠠᠨ ᠥᠪᠡᠷᠮᠢᠴᠡ ᠴᠢᠨᠠᠷᠲᠠᠢ ᠂ ᠵᠠᠬᠢᠶᠠᠯᠠᠭ᠎ᠠ ᠶᠢᠨ ᠮᠠᠶ᠋ᠢᠭ ᠤᠨ ᠭᠡᠷ ᠤᠨ ᠬᠡᠷᠡᠭᠰᠡᠯ ᠤᠨ ᠲᠠᠸᠠᠷ ᠬᠠᠩᠭᠠᠬᠤ ᠶᠢ ᠵᠣᠷᠢᠭᠵᠢᠭᠤᠯᠵᠤ ᠂ ᠰᠠᠭᠤᠭᠠᠯᠢ ᠠᠷᠠᠳ ᠤᠨ ᠬᠡᠷᠡᠭᠯᠡᠭᠡᠨ ᠤ ᠬᠦᠰᠡᠯ ᠡᠷᠡᠮᠡᠯᠵᠡᠯ ᠢ ᠤᠯᠠᠮ ᠨᠢᠭᠡ ᠠᠯᠬᠤᠮ ᠴᠢᠩᠭᠠᠷᠠᠭᠤᠯᠵᠤ ᠂ ᠠᠮᠢᠳᠤᠷᠠᠯ ᠤᠨ ᠶᠠᠰᠤ ᠴᠢᠨᠠᠷ ᠢ ᠰᠠᠶᠢᠵᠢᠷᠠᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠭᠰᠠᠨ ᠪᠠᠶᠢᠨ᠎ᠠ ᠃      ᠬᠤᠷᠠᠯ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠤᠨᠰᠦ᠋ᠯ ᠤᠨ ᠬᠠᠮᠠᠭᠠᠯᠠᠯᠲᠠ ᠪᠠ ᠬᠠᠮᠵᠢᠯᠴᠠᠭᠠᠨ ᠤ ᠳᠦᠷᠢᠮ ︵ ᠡᠬᠡ ᠨᠣᠣᠷᠠᠭ︶︾ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠵᠢᠭᠠᠵᠤ ᠭᠠᠷᠭᠠᠭᠰᠠᠨ  ᠨᠢ᠂ ᠭᠠᠳᠠᠭᠠᠳᠤ ᠳᠠᠬᠢ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠪᠣᠯᠣᠨ ᠬᠢᠷᠢ ᠲᠦᠪᠰᠢᠨ ᠢ ᠳᠡᠭᠡᠭᠰᠢᠯᠡᠭᠦᠯᠵᠦ ᠂ ᠭᠠᠳᠠᠭᠠᠳᠤ ᠳᠠᠬᠢ ᠠᠮᠤᠷ ᠲᠦᠪᠰᠢᠨ ᠤ ᠬᠠᠮᠠᠭᠠᠯᠠᠯᠲᠠ ᠶᠢᠨ ᠲᠣᠭᠲᠠᠯᠴᠠᠭ᠎ᠠ ᠶᠢ ᠲᠦᠷᠭᠡᠨ ᠪᠠᠶᠢᠭᠤᠯᠵᠤ ᠂ ᠮᠠᠨ ᠤ ᠤᠯᠤᠰ ᠤᠨ ᠭᠠᠳᠠᠭᠠᠳᠤ ᠳᠤ ᠪᠠᠶᠢᠭ᠎ᠠ ᠠᠷᠠᠳ ᠢᠷᠭᠡᠨ ᠂ ᠬᠠᠤᠯᠢ ᠶᠢᠨ ᠡᠷᠬᠡᠲᠡᠨ ᠂ ᠬᠠᠤᠯᠢ ᠶᠢᠨ ᠡᠷᠬᠡᠲᠡᠨ ᠤ ᠪᠤᠰᠤ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠨᠡᠩ ᠰᠠᠶᠢᠲᠤᠷ ᠪᠠᠲᠤᠯᠠᠬᠤ ᠬᠡᠷᠡᠭᠲᠡᠢ ᠭᠡᠵᠡᠢ ᠃      ᠬᠤᠷᠠᠯ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ  ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ ︵ ᠵᠠᠰᠠᠪᠤᠷᠢ ᠣᠷᠣᠭᠤᠯᠤᠭᠰᠠᠨ ᠡᠬᠡ ᠨᠣᠣᠷᠠᠭ︶ ︾  ᠶᠢ ᠶᠠᠷᠢᠯᠴᠠᠨ ᠵᠠᠷᠴᠢᠮ ᠳᠡᠭᠡᠷ᠎ᠡ ᠪᠠᠨ ᠪᠠᠲᠤᠯᠠᠵᠤ ᠂ ᠵᠠᠰᠠᠪᠤᠷᠢ ᠣᠷᠣᠭᠤᠯᠤᠭᠰᠠᠨ ᠡᠬᠡ ᠨᠣᠣᠷᠠᠭ ᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃ 
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠡᠶᠢᠳᠡᠯᠡᠯ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号