ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠪᠠ ᠭᠠᠮᠰᠢᠭ ᠤᠨ ᠳᠠᠷᠠᠭᠠᠬᠢ ᠰᠡᠷᠭᠦᠭᠡᠵᠦ ᠳᠠᠭᠢᠨ ᠪᠦᠲᠦᠭᠡᠨ ᠪᠠᠶᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ  ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2023/8/18
ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠪᠠ ᠭᠠᠮᠰᠢᠭ ᠤᠨ ᠳᠠᠷᠠᠭᠠᠬᠢ ᠰᠡᠷᠭᠦᠭᠡᠵᠦ ᠳᠠᠭᠢᠨ ᠪᠦᠲᠦᠭᠡᠨ ᠪᠠᠶᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ  ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠡᠢ      ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 17 ᠤ ᠴᠠᠭᠢᠯᠭᠠᠨ ᠮᠡᠳᠡᠭᠡ  ᠨᠠᠮ ᠤᠨ ᠲᠥᠪ ᠬᠤᠷᠢᠶ᠎ᠠ  ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ 8 ᠰᠠᠷ᠎ᠠ ᠶᠢᠨ 17 ᠤ ᠡᠳᠦᠷ ᠬᠤᠷᠠᠯ ᠬᠤᠷᠠᠯᠳᠤᠭᠤᠯᠵᠤ ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠪᠠ ᠭᠠᠮᠰᠢᠭ ᠤᠨ ᠳᠠᠷᠠᠭᠠᠬᠢ ᠰᠡᠷᠭᠦᠭᠡᠵᠦ ᠳᠠᠭᠢᠨ ᠪᠦᠲᠦᠭᠡᠨ ᠪᠠᠶᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠪᠠ᠃      ᠬᠤᠷᠠᠯ ᠠᠴᠠ ᠂ ︽ᠲᠤᠯᠤᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢ ︾ ᠪᠣᠯ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ  ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠢ ᠵᠢᠯᠤᠭᠤᠳᠬᠤ ᠭᠠᠵᠠᠷ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ ᠂ ᠬᠦᠴᠦ ᠪᠠᠨ ᠬᠠᠮᠲᠤᠳᠬᠠᠨ ᠬᠠᠮᠵᠢᠯᠴᠠᠵᠤ ᠂ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠡᠮᠦᠨ᠎ᠡ ᠨᠢ ᠭᠠᠪᠰᠢᠭᠠᠶᠢᠯᠠᠵᠤ ᠂ ᠴᠢᠯᠦᠭᠡᠯᠡᠬᠦ ᠴᠡᠷᠢᠭ ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠪᠠᠴᠢᠮ ᠲᠤᠰᠠᠯᠠᠵᠤ ᠂ ᠲᠥᠪ ᠤᠨ ᠠᠵᠤ ᠠᠬᠤᠶᠢᠯᠠᠯ ᠪᠣᠯᠣᠨ ᠨᠡᠶᠢᠭᠡᠮ ᠤᠨ ᠬᠦᠴᠦᠨ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ ᠂ ᠥᠷᠭᠡᠨ ᠤᠯᠠᠨ ᠠᠷᠠᠳ ᠲᠦᠮᠡᠨ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠥ ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠂ ᠭᠡᠷ ᠣᠷᠣᠨ ᠢᠶᠠᠨ ᠰᠠᠬᠢᠨ ᠬᠠᠮᠠᠭᠠᠯᠠᠬᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠵᠤ ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠲᠡᠮᠡᠴᠡᠯ ᠴᠢᠬᠤᠯᠠ ᠶᠡᠭᠡ ᠱᠠᠲᠤᠴᠢ ᠴᠢᠨᠠᠷᠲᠠᠢ ᠦᠷ᠎ᠡ ᠪᠦᠲᠦᠭᠡᠯ ᠣᠯᠵᠠᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠂ ᠣᠳᠣᠬᠠᠨ ᠳᠤ ᠮᠠᠨ ᠤ ᠤᠯᠤᠰ ᠮᠥᠨ ᠬᠦ ᠭᠤᠣᠯ ᠦᠶᠡᠷ ᠤᠨ ᠬᠤᠭᠤᠴᠠᠭᠠᠨ ᠳᠤ ᠣᠷᠣᠰᠢᠵᠤ ᠂ ᠪᠦᠭᠦ ᠤᠯᠤᠰ ᠤᠨ ᠣᠯᠠᠨ ᠭᠠᠵᠠᠷ ᠲᠤ ᠰᠢᠷᠦᠭᠦᠨ ᠪᠣᠷᠣᠭᠠᠨ ᠂ ᠦᠶᠡᠷ ᠤᠰᠤᠲᠤᠯ ᠂ ᠲᠠᠶᠢᠹᠧᠩ ᠰᠠᠯᠬᠢ ᠵᠡᠷᠭᠡ ᠭᠠᠮᠰᠢᠭ ᠮᠥᠨ ᠬᠦ ᠣᠯᠠᠨ ᠡᠭᠦᠰᠴᠦ ᠂ ᠵᠠᠷᠢᠮ ᠰᠠᠪᠠ ᠭᠠᠵᠠᠷ ᠲᠤ ᠮᠥᠨ ᠬᠦ ᠦᠶᠡᠷ ᠤᠰᠤᠲᠤᠯ ᠤᠨ ᠭᠠᠮᠰᠢᠭ ᠤᠨ ᠲᠦᠭᠰᠢᠭᠦᠷᠢ ᠣᠷᠣᠰᠢᠵᠤ ᠂ ᠤᠮᠠᠷᠠᠲᠤ ᠣᠷᠣᠨ ᠂ ᠵᠡᠭᠦᠨ ᠬᠤᠶᠢᠲᠤ ᠶᠢᠨ ᠬᠡᠰᠡᠭ ᠠᠭᠤᠯᠠᠷᠬᠠᠭ ᠣᠷᠣᠨ ᠤ ᠬᠥᠷᠥᠰᠥ ᠰᠢᠷᠣᠢ ᠶᠢᠨ ᠤᠰᠤᠨ ᠤ ᠠᠭᠤᠯᠤᠭᠳᠠᠴᠠ ᠨᠢᠭᠡᠨᠲᠡ ᠬᠠᠨᠤᠮᠠᠯ ᠬᠡᠮᠵᠢᠶᠡᠨ ᠳᠤ ᠬᠦᠷᠴᠦ ᠂ ᠠᠭᠤᠯᠠᠨ ᠦᠶᠡᠷ ᠤᠨ ᠭᠠᠮᠰᠢᠭ ᠤᠨ ᠲᠦᠭᠰᠢᠭᠦᠷᠢ ᠥᠨᠳᠥᠷ ᠪᠠᠶᠢᠵᠤ ᠂ ᠮᠥᠨ ᠬᠦ ᠥᠴᠥᠬᠡᠨ ᠴᠦ ᠰᠤᠯᠠᠷᠠᠭᠤᠯᠵᠤ ᠪᠤᠯᠬᠤ ᠦᠭᠡᠢ ᠪᠠᠶᠢᠨ᠎ᠠ᠃ ᠣᠨᠴᠠ ᠵᠠᠷᠢᠮ ᠭᠠᠵᠠᠷ ᠣᠷᠣᠨ ᠳᠤ ᠭᠠᠩ ᠬᠠᠭᠰᠠᠷᠠᠭᠠᠨ ᠤ ᠪᠠᠶᠢᠳᠠᠯ ᠢᠯᠡᠷᠡᠭᠰᠡᠨ ᠪᠥᠭᠡᠳ ᠬᠡᠴᠡᠭᠦᠳᠡᠵᠦ ᠪᠠᠶᠢᠭ᠎ᠠ ᠳᠤ ᠮᠥᠨ ᠬᠦ ᠬᠥᠩᠭᠡᠨ ᠬᠠᠭᠤᠮᠠᠭᠠᠢ ᠬᠠᠨᠳᠤᠵᠤ ᠪᠤᠯᠬᠤ ᠦᠭᠡᠢ᠃ ᠡᠯ᠎ᠡ ᠬᠤᠯᠪᠣᠭᠳᠠᠯ ᠪᠦᠬᠦᠢ ᠭᠠᠵᠠᠷ ᠣᠷᠣᠨ ᠂ ᠰᠠᠯᠠᠭ᠎ᠠ ᠮᠥᠴᠢᠷ ᠪᠣᠯᠣᠨ ᠨᠢᠭᠡᠴᠢ ᠶᠢᠨ ᠬᠢᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠷᠴᠢᠮ ᠢᠶᠠᠨ ᠢᠮᠠᠭᠲᠠ ᠴᠢᠩᠭᠠᠷᠠᠭᠤᠯᠵᠤ ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ ᠂︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ︾ ᠬᠠᠷᠢᠭᠤᠴᠠᠯᠭᠠᠲᠤ ᠰᠡᠳᠬᠢᠯᠭᠡ ᠪᠠᠷ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠢᠮᠠᠭᠲᠠ ᠬᠢᠨᠠᠭᠤᠷ ᠪᠣᠯᠭᠤᠮᠵᠢᠲᠠᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠂ ᠣᠨᠣᠴᠠᠲᠠᠢ ᠪᠠᠷ ᠤᠷᠢᠳᠴᠢᠯᠠᠨ ᠰᠡᠷᠡᠮᠵᠢᠯᠡᠭᠦᠯᠵᠦ ᠴᠤᠤᠷᠢᠶᠠᠲᠤᠨ ᠳᠠᠭᠠᠵᠤ ᠂ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠭᠦ ᠬᠢᠭᠡᠳ ᠭᠠᠮᠰᠢᠭ ᠢ ᠤᠷᠢᠳᠴᠢᠯᠠᠨ ᠮᠡᠳᠡᠭᠡᠯᠡᠬᠦ ᠶᠢᠨ ᠬᠠᠮᠲᠤᠷᠠᠨ ᠬᠥᠳᠡᠯᠦᠯᠴᠡᠬᠦ ᠶᠢ ᠤᠯᠠᠮ ᠴᠢᠨᠠᠭᠰᠢᠳᠠ ᠴᠢᠩᠭᠠᠳᠬᠠᠵᠤ ᠂ ᠭᠠᠮᠰᠢᠭ ᠤᠨ ᠡᠮᠦᠨᠡᠬᠢ ᠤᠷᠢᠳᠴᠢᠯᠠᠨ ᠰᠡᠷᠡᠮᠵᠢᠯᠡᠭᠦᠯᠭᠦ ᠶᠢ ᠲᠣᠪᠤᠶᠢᠯᠭᠠᠨ ᠂ ᠴᠡᠭ ᠴᠡᠭ ᠢᠶᠠᠷ ᠬᠠᠷᠠᠭᠠᠯᠵᠠᠭᠤᠯᠤᠨ ᠣᠨᠣᠴᠠᠲᠠᠢ ᠪᠠᠷ ᠤᠷᠢᠳᠴᠢᠯᠠᠨ ᠮᠡᠳᠡᠭᠡᠯᠡᠬᠦ ᠪᠠ ᠲᠡᠷᠡ ᠳᠠᠷᠤᠢ ᠳᠤᠨᠢ ᠰᠢᠨᠡᠳᠬᠡᠬᠦ ᠶᠢ ᠰᠠᠶᠢᠲᠤᠷ ᠬᠢᠵᠦ ᠂ ᠤᠷᠢᠳᠴᠢᠯᠠᠨ ᠰᠡᠷᠡᠮᠵᠢᠯᠡᠭᠦᠯᠭᠦ ᠶᠢᠨ ᠴᠢᠭᠯᠡᠯᠲᠦ ᠴᠢᠨᠠᠷ ᠢ ᠴᠢᠩᠭᠠᠷᠠᠭᠤᠯᠤᠨ ᠂ ᠭᠠᠮᠰᠢᠭ ᠤᠨ ᠰᠡᠷᠡᠮᠵᠢᠯᠡᠭᠦᠯᠤᠯ ᠤᠨ ︽ᠳᠠᠭᠤᠳᠠᠬᠤ ᠬᠠᠷᠢᠭᠤ ᠥᠭᠬᠦ ︾  ᠶᠢ ᠦᠨᠳᠦᠰᠦᠨ ᠱᠠᠲᠤᠨ ᠤ ᠦᠶᠡᠷ ᠢ ᠰᠡᠷᠭᠡᠶᠢᠯᠡᠬᠦ ᠬᠠᠷᠢᠭᠤᠴᠠᠯᠭᠠᠲᠠᠨ ᠳᠤ ᠰᠢᠭᠤᠳ ᠬᠦᠷᠭᠡᠬᠦ ᠲᠣᠭᠲᠠᠴᠠ ᠶᠢ ᠨᠠᠶᠢᠳᠠᠪᠤᠷᠢᠵᠢᠭᠤᠯᠵᠤ ᠂ ᠤᠷᠢᠳᠴᠢᠯᠠᠨ ᠰᠡᠷᠡᠮᠵᠢᠯᠡᠭᠦᠯᠭᠦ ᠪᠠ ᠪᠠᠴᠢᠮ ᠪᠠᠶᠢᠳᠠᠯ ᠢ ᠠᠷᠭᠠᠴᠠᠭᠠᠬᠤ ᠶᠢᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠨ ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠤᠨ ᠠᠵᠢᠯᠯᠠᠭᠠᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠡᠵᠡᠮᠳᠡᠬᠦ ᠬᠡᠷᠡᠭᠲᠡᠢ᠃ ᠰᠡᠷᠭᠡᠶᠢᠯᠡᠯᠲᠡ ᠶᠢᠨ ᠭᠤᠣᠯᠳᠠᠯᠭ᠎ᠠ ᠶᠢ ᠳᠣᠪᠤᠶᠢᠯᠭᠠᠵᠤ ᠂ ᠰᠠᠪᠠ ᠭᠠᠵᠠᠷ ᠤᠨ ᠴᠢᠨᠠᠷᠲᠠᠢ ᠶᠡᠭᠡ ᠦᠶᠡᠷ ᠪᠣᠯ ᠦᠶᠡᠷ ᠢ ᠰᠡᠷᠭᠡᠶᠢᠯᠡᠬᠦ ᠠᠵᠢᠯ ᠤᠨ ᠢᠮᠠᠭᠲᠠ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠣᠨ᠎ᠠ ᠂ ᠭᠤᠣᠯ ᠮᠥᠷᠡᠨ ᠤ ᠰᠠᠪᠠ ᠭᠠᠵᠠᠷ ᠤᠨ ᠦᠶᠡᠷ ᠢ ᠰᠡᠷᠭᠡᠶᠢᠯᠡᠵᠦ ᠲᠣᠬᠢᠷᠠᠭᠤᠯᠬᠤ ᠠᠵᠢᠯ ᠢ ᠰᠠᠶᠢᠲᠤᠷ ᠲᠥᠯᠥᠪᠵᠢᠭᠦᠯᠵᠦ ᠂ ᠰᠠᠶᠢᠲᠤᠷ ᠨᠠᠶᠢᠳᠠᠪᠤᠷᠢᠵᠢᠭᠤᠯᠵᠤ ᠂ ᠪᠡᠯᠡᠳᠬᠡᠯ ᠲᠥᠰᠥᠯ ᠂ ᠡᠩᠨᠡᠭᠡ ᠂ ᠡᠳ᠋ ᠪᠣᠳᠠᠰ ᠪᠣᠯᠣᠨ ᠦᠶᠡᠷ ᠢ ᠲᠣᠭᠲᠠᠭᠠᠨ ᠬᠤᠷᠠᠭᠤᠯᠬᠤ ᠣᠷᠣᠨ ᠢ ᠡᠬᠢᠯᠡᠨ ᠬᠡᠷᠡᠭᠯᠡᠬᠦ ᠪᠡᠯᠡᠳᠬᠡᠯ ᠢ ᠪᠦᠭᠦ ᠲᠠᠯ᠎ᠠ ᠪᠠᠷ ᠰᠠᠶᠢᠲᠤᠷ ᠬᠢᠵᠦ ᠂ ᠶᠡᠭᠡ ᠭᠤᠣᠯ ᠮᠥᠷᠡᠨ ᠤ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ ᠭᠡᠷᠡᠭᠲᠡᠶ ︔ ᠳᠤᠮᠳᠠ ᠪᠠᠭ᠎ᠠ ᠭᠤᠣᠯ ᠮᠥᠷᠡᠨ ᠤ ᠦᠶᠡᠷ ᠂ ᠳᠤᠮᠳᠠ ᠪᠠᠭ᠎ᠠ ᠤᠰᠤᠨ ᠴᠥᠭᠦᠷᠥᠮ ᠤᠨ ᠦᠶᠡᠷ ᠤᠨ ᠬᠤᠭᠤᠴᠠᠭ᠎ᠠ ᠶᠢ ᠥᠩᠭᠡᠷᠡᠭᠦᠯᠬᠦ ᠂ ᠠᠭᠤᠯᠠᠨ ᠦᠶᠡᠷ ᠪᠣᠯᠣᠨ ᠭᠠᠵᠠᠷ ᠤᠨ ᠭᠠᠮᠰᠢᠭ ᠂ ᠬᠤᠳᠠ ᠬᠥᠳᠡᠭᠡ ᠶᠢᠨ ᠤᠰᠤᠲᠤᠯ ᠵᠡᠷᠭᠡ ᠪᠠᠭᠤᠷᠠᠢ ᠭᠤᠭᠴᠤᠭ᠎ᠠ ᠶᠢᠨ ᠦᠶᠡᠷ ᠢ ᠰᠡᠷᠭᠡᠶᠢᠯᠡᠵᠦ ᠠᠮᠤᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ ᠂ ᠡᠯ᠎ᠡ ᠵᠦᠢᠯ ᠤᠨ ᠠᠶᠤᠯ ᠲᠦᠭᠰᠢᠭᠦᠷᠢ ᠭᠡᠮ ᠰᠣᠭᠤᠭ ᠢ ᠭᠠᠮᠰᠢᠭ ᠪᠤᠯᠬᠤ ᠠᠴᠠ ᠨᠢ ᠡᠮᠦᠨ᠎ᠡ ᠠᠷᠢᠯᠭᠠᠬᠤ ᠭᠡᠷᠡᠭᠲᠡᠢ ︔ ᠦᠶᠡᠷ ᠢ ᠰᠡᠷᠭᠡᠶᠢᠯᠡᠬᠦ ᠪᠠ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ ᠂ ᠭᠠᠩ ᠬᠠᠭᠰᠠᠷᠠᠭᠠᠨ ᠤᠰᠤᠲᠤᠯ ᠵᠡᠷᠭᠡ ᠪᠠᠷ ᠡᠭᠦᠰᠬᠦ ᠂ ᠭᠠᠩ ᠬᠠᠭᠰᠠᠷᠠᠭᠠᠨ ᠤᠰᠤᠲᠤᠯ ᠲᠦᠷᠭᠡᠨ ᠬᠤᠪᠢᠷᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠡᠷᠡᠰ ᠰᠢᠭᠤᠷᠬᠠᠢ ᠪᠠᠷ ᠰᠢᠯᠵᠢᠭᠦᠯᠦᠨ ᠠᠶᠤᠯ ᠠᠴᠠ ᠵᠠᠶᠢᠯᠠᠭᠤᠯᠵᠤ ᠂ ︽ᠠᠷᠪᠠ ᠤᠳᠠᠭ᠎ᠠ ᠰᠡᠷᠭᠡᠶᠢᠯᠡᠭᠡᠳ ᠶᠢᠰᠦ ᠤᠳᠠᠭ᠎ᠠ ᠨᠢ ᠬᠤᠭᠤᠰᠤᠨ ᠪᠣᠯᠤᠭᠰᠠᠨ ᠴᠤ ᠰᠡᠷᠭᠡᠶᠢᠯᠡᠯᠲᠡ ᠪᠠᠨ ᠠᠯᠳᠠᠵᠤ ᠪᠤᠯᠬᠤ ᠦᠭᠡᠢ ︾᠂ ᠵᠠᠩᠭᠢᠯᠠᠭ᠎ᠠ ᠶᠢᠨ ᠦᠶ᠎ᠡ ᠳᠤ ᠠᠶᠤᠯᠲᠠᠢ ᠭᠠᠵᠠᠷ ᠣᠷᠣᠨ ᠤ ᠣᠯᠠᠨ ᠲᠦᠮᠡᠨ ᠢ ᠰᠢᠯᠵᠢᠭᠦᠯᠦᠨ ᠵᠠᠶᠢᠯᠠᠭᠤᠯᠵᠤ ᠂ ᠬᠥᠮᠥᠰ ᠢ ᠰᠢᠯᠵᠢᠭᠦᠯᠦᠨ ᠠᠶᠤᠯ ᠠᠴᠠ ᠵᠠᠶᠢᠯᠠᠭᠤᠯᠬᠤ ᠪᠡᠯᠡᠳᠬᠡᠯ ᠲᠥᠰᠥᠯ ᠢ ᠤᠯᠠᠮ ᠴᠢᠨᠠᠭᠰᠢᠳᠠ ᠨᠠᠷᠢᠯᠢᠭᠵᠢᠭᠤᠯᠵᠤ ᠂ ᠰᠢᠯᠵᠢᠭᠦᠯᠪᠡᠰᠦ ᠵᠣᠬᠢᠬᠤ ᠶᠢ ᠨᠢ ᠪᠦᠭᠦᠨ ᠢ ᠰᠢᠯᠵᠢᠭᠦᠯᠵᠦ ᠂ ᠰᠢᠯᠵᠢᠭᠦᠯᠪᠡᠰᠦ ᠵᠣᠬᠢᠬᠤ ᠶᠢ ᠨᠢ ᠡᠷᠲᠡᠬᠡᠨ ᠰᠢᠯᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠂ ᠪᠦᠭᠦ ᠬᠦᠴᠦᠨ ᠢᠶᠠᠷ ᠢᠶᠠᠨ ᠠᠶᠤᠯ ᠠᠴᠠ ᠠᠪᠤᠷᠠᠨ ᠲᠤᠰᠠᠯᠠᠵᠤ ᠂ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠂ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠂ ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ ᠪᠣᠯᠣᠨ ᠨᠡᠶᠢᠭᠡᠮ ᠤᠨ ᠠᠪᠤᠷᠠᠨ ᠲᠤᠰᠠᠯᠠᠬᠤ ᠬᠦᠴᠦᠨ ᠵᠡᠷᠭᠡ ᠡᠯ᠎ᠡ ᠲᠦᠷᠦᠯ ᠤᠨ ᠠᠪᠤᠷᠠᠨ ᠲᠤᠰᠠᠯᠠᠬᠤ ᠬᠦᠴᠦᠨ ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ ᠂ ᠥᠨᠳᠥᠷ ᠪᠦᠲᠦᠮᠵᠢᠲᠡᠢ ᠪᠠᠷ ᠠᠪᠤᠷᠠᠨ ᠲᠤᠰᠠᠯᠠᠬᠤ ᠂ ᠰᠢᠨᠵᠢᠯᠡᠬᠦ ᠤᠬᠠᠭᠠᠨᠴᠢ ᠪᠠᠷ ᠠᠪᠤᠷᠠᠨ ᠲᠤᠰᠠᠯᠠᠬᠤ ᠶᠢ ᠦᠨᠡᠨ ᠬᠦ ᠪᠠᠲᠤᠯᠠᠵᠤ ᠂ ᠪᠦᠭᠦ ᠬᠦᠴᠦᠨ ᠢᠶᠠᠷ ᠢᠶᠠᠨ ᠬᠠᠰᠢᠯᠭ᠎ᠠ ᠶᠢ ᠪᠠᠬᠢᠯᠡᠨ ᠠᠶᠤᠯ ᠢ ᠠᠷᠢᠯᠭᠠᠵᠤ ᠂ ᠬᠠᠰᠢᠭᠳᠠᠭᠰᠠᠨ ᠬᠥᠮᠥᠰ ᠢ ᠪᠦᠭᠦ ᠬᠦᠴᠦᠨ ᠢᠶᠠᠷ ᠢᠶᠠᠨ ᠠᠪᠤᠷᠠᠵᠤ ᠂ ᠪᠠᠷ᠎ᠠ ᠰᠤᠷᠠᠭ ᠦᠭᠡᠢ ᠪᠣᠯᠤᠭᠰᠠᠨ ᠬᠥᠮᠥᠰ ᠢ ᠪᠦᠭᠦ ᠬᠦᠴᠦᠨ ᠢᠶᠠᠷ ᠢᠶᠠᠨ ᠡᠷᠢᠨ ᠠᠪᠤᠷᠠᠵᠤ ᠂ ᠬᠥᠮᠥᠨ ᠬᠠᠷ᠎ᠠ ᠶᠢᠨ ᠠᠳᠡᠯ ᠰᠢᠷᠬᠠᠲᠤᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠭᠡᠷᠡᠭᠲᠡᠢ ︔ ᠪᠠᠭᠤᠷᠠᠶ ᠬᠠᠰᠢᠯᠭ᠎ᠠ ᠂ ᠵᠠᠩᠭᠢᠯᠠᠭ᠎ᠠ ᠶᠢᠨ ᠬᠠᠰᠢᠯᠭ᠎ᠠ ᠶᠢ ᠤᠷᠢᠳᠴᠢᠯᠠᠨ ᠪᠠᠬᠢᠵᠢᠭᠦᠯᠦᠨ ᠳᠡᠭᠡᠭᠰᠢᠯᠡᠭᠦᠯᠵᠦ ᠂ ᠲᠤᠰᠬᠠᠢ ᠬᠦᠴᠦᠨ ᠢ ᠲᠣᠬᠢᠷᠠᠭᠤᠯᠤᠨ ᠲᠠᠰᠤᠷᠠᠯᠲᠠ ᠦᠭᠡᠢ ᠲᠣᠭᠤᠷᠢᠨ ᠬᠠᠮᠠᠭᠠᠯᠠᠵᠤ ᠲᠣᠭᠤᠷᠢᠨ ᠪᠠᠶᠢᠴᠠᠭᠠᠵᠤ ᠂ ᠤᠰᠤ ᠣᠷᠭᠢᠯᠬᠤ ᠂ ᠬᠠᠰᠢᠯᠭ᠎ᠠ ᠰᠡᠳᠡᠷᠡᠭᠦ ᠵᠡᠷᠭᠡ ᠬᠦᠨᠳᠦ ᠶᠡᠭᠡ ᠲᠦᠭᠰᠢᠭᠦᠷᠢᠲᠦ ᠪᠠᠶᠢᠳᠠᠯ ᠢ ᠴᠠᠭ ᠲᠤᠬᠠᠢ  ᠳᠤᠨᠢ ᠰᠢᠢᠳᠪᠦᠷᠢᠯᠡᠵᠦ ᠂ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠤᠯᠠᠨ ᠲᠦᠮᠡᠨ ᠢ ᠵᠣᠬᠢᠰᠲᠠᠢ ᠲᠥᠪᠬᠢᠨᠡᠭᠦᠯᠵᠦ ᠂ ᠡᠨᠡ ᠤᠳᠠᠭ᠎ᠠ ᠶᠢᠨ ᠭᠠᠮᠰᠢᠭ ᠤᠨ ᠬᠡᠪᠴᠢᠶ᠎ᠡ ᠥᠷᠭᠡᠨ ᠂ ᠦᠶᠡᠷ ᠢ ᠲᠣᠭᠲᠠᠭᠠᠬᠤ ᠣᠷᠣᠨ ᠢ ᠡᠬᠢᠯᠡᠨ ᠬᠡᠷᠡᠭᠯᠡᠭᠰᠡᠨ ᠨᠢ ᠤᠯᠠᠨ ᠂ ᠰᠢᠯᠵᠢᠭᠦᠯᠦᠨ ᠲᠥᠪᠬᠢᠨᠡᠭᠦᠯᠦᠭᠰᠡᠨ ᠤᠯᠠᠨ ᠲᠦᠮᠡᠨ ᠨᠢ ᠤᠯᠠᠨ ᠪᠠᠶᠢᠵᠤ ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠭᠠᠮᠰᠢᠭᠳᠠᠭᠰᠠᠨ ᠤᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠵᠤ ᠂ ᠣᠷᠴᠢᠨ ᠲᠣᠭᠤᠷᠢᠨ ᠢ ᠠᠷᠢᠭᠤᠳᠬᠠᠬᠤ ᠪᠠ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠶᠢ ᠴᠢᠩᠭᠠᠳᠬᠠᠵᠤ ᠂ ᠭᠠᠮᠰᠢᠭᠳᠠᠭᠰᠠᠨ ᠣᠷᠣᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠳᠠᠷᠤᠢ ᠲᠦᠷᠭᠡᠨ ᠰᠡᠷᠭᠦᠭᠡᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠂ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠰᠠᠶᠢᠲᠤᠷ ᠬᠡᠷᠡᠭᠯᠡᠵᠦ ᠂ ᠰᠡᠷᠭᠦᠭᠡᠨ ᠳᠠᠭᠢᠨ ᠪᠦᠲᠦᠭᠡᠨ ᠪᠠᠶᠢᠭᠤᠯᠬᠤ ᠶᠢ ᠲᠦᠷᠭᠡᠳᠬᠡᠵᠦ ᠂ ᠵᠠᠮ ᠬᠠᠷᠢᠯᠴᠠᠭ᠎ᠠ ᠂ ᠴᠢᠮᠡᠭᠡ ᠬᠤᠯᠪᠤᠭ᠎ᠠ ᠂ ᠴᠠᠭᠢᠯᠭᠠᠨ ᠬᠦᠴᠦ ᠵᠡᠷᠭᠡ ᠡᠪᠳᠡᠭᠳᠡᠭᠰᠡᠨ ᠰᠠᠭᠤᠷᠢ ᠲᠥᠬᠦᠭᠡᠷᠦᠮᠵᠢ ᠶᠢ ᠱᠠᠯᠠᠪᠳᠠᠭᠤᠯᠤᠨ ᠰᠡᠯᠪᠢᠨ ᠵᠠᠰᠠᠵᠤ ᠂ ᠭᠠᠮᠰᠢᠭ ᠲᠤ ᠡᠪᠳᠡᠭᠳᠡᠭᠰᠡᠨ ᠲᠠᠷᠢᠶᠠᠨ ᠭᠠᠵᠠᠷ ᠪᠣᠯᠣᠨ ᠲᠠᠷᠢᠶᠠᠯᠠᠩ ᠤᠨ ᠲᠥᠬᠦᠭᠡᠷᠦᠮᠵᠢ ᠶᠢ ᠱᠠᠯᠠᠪᠳᠠᠭᠤᠯᠤᠨ ᠰᠡᠷᠭᠦᠭᠡᠨ ᠵᠠᠰᠠᠵᠤ ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ ᠂ ᠲᠠᠷᠢᠶᠠᠴᠢᠳ ᠤᠨ ᠲᠠᠷᠢᠶᠠᠯᠠᠩ ᠤᠨ ᠮᠡᠷᠭᠡᠵᠢᠯ ᠤᠨ ᠵᠢᠯᠣᠭᠤᠳᠤᠯᠭ᠎ᠠ ᠶᠢ ᠴᠢᠩᠭᠠᠳᠬᠠᠵᠤ ᠂ ᠲᠠᠷᠢᠶᠠᠴᠢᠳ ᠢ ᠵᠣᠬᠢᠶᠠᠨ ᠪᠠᠶᠢᠭᠤᠯᠵᠤ ᠢᠳᠡᠪᠬᠢᠲᠡᠢ ᠪᠠᠷ ᠨᠥᠬᠦᠨ ᠲᠠᠷᠢᠵᠤ ᠠᠪᠤᠷᠠᠨ ᠲᠤᠰᠠᠯᠠᠵᠤ ᠂ ᠲᠠᠷᠢᠶᠠᠯᠠᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠰᠠᠶᠢᠲᠤᠷ ᠬᠢᠵᠦ ᠂ ᠲᠠᠷᠢᠶᠠᠯᠠᠩ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠰᠤᠷᠭᠠᠭᠤᠯᠢ ᠂ ᠡᠮᠨᠡᠯᠭᠡ ᠶᠢᠨ ᠬᠤᠷᠢᠶ᠎ᠠ ᠂ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ ᠤᠯᠠᠨ ᠨᠡᠶᠢᠲᠡ ᠶᠢᠨ ᠲᠥᠬᠦᠭᠡᠷᠦᠮᠵᠢ ᠶᠢ ᠰᠡᠷᠭᠦᠭᠡᠨ ᠲᠠᠭᠢᠨ ᠪᠠᠶᠢᠭᠤᠯᠬᠤ ᠠᠵᠢᠯ ᠢ ᠲᠦᠷᠭᠡᠳᠬᠡᠨ ᠠᠬᠢᠭᠤᠯᠵᠤ ᠂ ᠭᠠᠮᠰᠢᠭᠳᠠᠭᠰᠠᠨ ᠰᠤᠷᠤᠬᠴᠢᠳ ᠤᠨ ᠴᠠᠭ ᠲᠠᠭᠠᠨ ᠰᠤᠷᠭᠠᠭᠤᠯᠢ ᠡᠬᠢᠯᠡᠵᠦ ᠰᠤᠷᠭᠠᠭᠤᠯᠢ ᠳᠠᠭᠠᠨ ᠪᠤᠴᠠᠬᠤ ᠶᠢ ᠪᠠᠲᠤᠯᠠᠬᠤ ᠬᠡᠷᠡᠭᠲᠡᠢ᠃ ᠭᠠᠮᠰᠢᠭ ᠲᠤ ᠡᠪᠳᠡᠭᠳᠡᠭᠰᠡᠨ ᠭᠡᠷ ᠪᠠᠶᠢᠰᠢᠩ ᠢ ᠵᠠᠰᠠᠨ ᠰᠡᠷᠭᠦᠭᠡᠵᠦ ᠳᠠᠭᠢᠨ ᠪᠦᠲᠦᠭᠡᠨ ᠪᠠᠶᠢᠭᠤᠯᠬᠤ ᠠᠵᠢᠯ ᠢ ᠦᠳᠲᠡᠷ ᠲᠦᠷᠭᠡᠨ ᠡᠬᠢᠯᠡᠭᠦᠯᠵᠦ ᠂ ᠭᠠᠮᠰᠢᠭᠳᠠᠭᠰᠠᠨ ᠣᠯᠠᠨ ᠲᠦᠮᠡᠨ ᠤ ᠡᠪᠦᠯ ᠣᠷᠣᠬᠤ ᠠᠴᠠ ᠡᠮᠦᠨ᠎ᠡ ᠭᠡᠷ ᠲᠡᠭᠡᠨ ᠬᠠᠷᠢᠬᠤ ᠪᠤᠶᠤ ᠰᠢᠨ᠎ᠡ ᠣᠷᠣᠨ ᠰᠠᠭᠤᠴᠠ ᠳᠤ ᠨᠡᠭᠦᠵᠦ ᠣᠷᠣᠬᠤ ᠂ ᠠᠮᠤᠷ ᠲᠦᠪᠰᠢᠨ ᠬᠠᠯᠠᠭᠤᠨ ᠳᠤᠯᠠᠭᠠᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠬᠠᠮᠢᠶ᠎ᠠ ᠪᠦᠬᠦᠢ ᠳᠡᠰ ᠳᠠᠷᠠᠭᠠᠯᠠᠯ ᠢ ᠰᠢᠯᠢᠳᠡᠭᠵᠢᠭᠦᠯᠦᠨ ᠳᠥᠭᠦᠮᠴᠢᠯᠡᠵᠦ ᠂ ᠭᠠᠮᠰᠢᠭᠳᠠᠭᠰᠠᠨ ᠭᠠᠵᠠᠷ ᠣᠷᠣᠨ ᠳᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠭᠦ ᠪᠠ ᠳᠠᠭᠠᠳᠬᠠᠯ ᠤᠨ ᠲᠥᠯᠥᠪᠦᠷᠢ ᠥᠭᠬᠦ ᠶᠢ ᠴᠢᠩᠭᠠᠳᠬᠠᠬᠤ ᠶᠢᠨ ᠬᠠᠮᠲᠤ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ ᠂ ᠭᠠᠮᠰᠢᠭᠳᠠᠭᠰᠠᠨ ᠣᠯᠠᠨ ᠲᠦᠮᠡᠨ ᠪᠠ ᠡᠵᠡᠩᠨᠡᠯᠲᠡ ᠶᠢᠨ ᠭᠤᠣᠯ ᠴᠣᠭᠴᠠ ᠶᠢ ᠬᠠᠪᠰᠤᠷᠤᠨ ᠬᠦᠴᠢᠷ ᠢ ᠳᠤᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠂ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ ᠳ᠋ᠦᠩᠨᠡᠵᠦ ᠂ ᠳᠤᠲᠠᠭᠤᠳᠠᠯ ᠢᠶᠠᠨ ᠲᠦᠷᠭᠡᠨ ᠨᠥᠬᠦᠪᠦᠷᠢᠯᠡᠵᠦ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ ᠂ ᠮᠠᠨ ᠤ ᠤᠯᠤᠰ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠭᠦ ᠬᠡᠷᠡᠭᠲᠡᠢ᠃ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠤᠨ ᠰᠢᠰᠲ᠋ᠧᠮ ᠢ ᠴᠢᠨᠠᠭᠰᠢᠳᠠ ᠪᠠᠶᠢᠭᠤᠯᠤᠨ ᠬᠦᠴᠦᠷᠬᠡᠭᠵᠢᠭᠦᠯᠵᠦ ᠂ ᠲᠣᠬᠢᠷᠠᠭᠤᠯᠤᠨ ᠵᠢᠯᠤᠭᠤᠳᠬᠤ ᠂ ᠵᠥᠪᠳᠡᠯᠴᠡᠨ ᠰᠤᠳᠤᠯᠤᠨ ᠮᠠᠭᠠᠳᠯᠠᠬᠤ ᠂ ᠲᠤᠬᠠᠶᠢᠯᠠᠭᠰᠠᠨ ᠠᠵᠢᠯ ᠤᠨ ᠪᠠᠲᠤᠯᠠᠭ᠎ᠠ ᠵᠡᠷᠭᠡ ᠲᠤᠨᠤᠭ ᠲᠥᠬᠦᠭᠡᠷᠦᠮᠵᠢ ᠪᠠ ᠰᠢᠰᠲ᠋ᠧᠮ ᠢ ᠲᠡᠭᠦᠯᠳᠡᠷᠵᠢᠭᠦᠯᠦᠨ ᠂ ᠳᠡᠭᠡᠳᠦ ᠳᠣᠣᠷᠠᠳᠤ ᠱᠠᠲᠤ ᠨᠡᠪᠲᠡᠷᠡᠯᠴᠡᠭᠰᠡᠨ ᠂ ᠨᠢᠭᠡ ᠴᠣᠭᠴᠠᠵᠢᠭᠤᠯᠤᠨ ᠠᠷᠭᠠᠴᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠤᠯᠤᠰ ᠤᠨ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠲᠥᠪ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ ᠂ ᠪᠠᠴᠢᠮ ᠬᠦᠴᠢᠷ ᠠᠶᠤᠯ ᠲᠠᠢ ᠬᠦᠨᠳᠦ ᠡᠭᠦᠷᠭᠡ ᠶᠢ ᠭᠦᠢᠴᠡᠳᠬᠡᠬᠦ ᠳᠤ ᠰᠠᠭᠤᠷᠢᠯᠠᠵᠤ ᠂ ᠣᠷᠣᠨ ᠪᠦᠰᠡ ᠶᠢᠨ ᠴᠢᠨᠠᠷᠲᠠᠢ ᠬᠦᠨᠳᠦ ᠶᠡᠭᠡ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠬᠡᠷᠡᠭᠴᠡᠭᠡ ᠶᠢ ᠲᠤᠪᠤᠶᠢᠯᠭᠠᠵᠤ ᠂ ᠣᠷᠣᠨ ᠪᠦᠰᠡ ᠶᠢᠨ ᠠᠪᠤᠷᠠᠨ ᠲᠤᠰᠠᠯᠠᠬᠤ ᠵᠢᠩᠬᠢᠨᠢ ᠪᠠᠶᠢᠯᠳᠤᠭᠠᠨ ᠤ ᠴᠢᠳᠠᠪᠤᠷᠢ ᠶᠢ ᠲᠦᠷᠭᠡᠨ ᠪᠦᠷᠢᠯᠳᠦᠭᠦᠯᠬᠦ ᠬᠡᠷᠡᠭᠲᠡᠢ᠃ ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠴᠢᠨᠠᠷᠲᠠᠢ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ ᠵᠢᠷᠤᠮᠵᠢᠭᠤᠯᠵᠤ ᠂ ᠭᠠᠮᠰᠢᠭ ᠢ ᠰᠡᠷᠭᠡᠶᠢᠯᠡᠬᠦ ᠭᠤᠣᠯᠳᠠᠯᠭ᠎ᠠ ᠲᠠᠢ ᠣᠷᠣᠨ ᠪᠦᠰᠡ ᠪᠣᠯᠣᠨ ᠠᠶᠤᠯ ᠲᠦᠭᠰᠢᠭᠦᠷᠢ ᠶᠡᠬᠡᠲᠡᠢ ᠰᠢᠶᠠᠩ ᠪᠠᠯᠭᠠᠰᠤ ᠂ ᠲᠣᠰᠬᠤᠨ ᠳᠤᠭᠤᠶᠢᠯᠠᠩ ᠳᠤ ᠴᠢᠬᠤᠯᠠ ᠪᠦᠬᠦᠢ ᠲᠣᠨᠣᠭᠯᠠᠯ ᠲᠣᠬᠢᠷᠠᠭᠤᠯᠤᠨ ᠥᠭᠴᠦ ᠂ ᠦᠨᠳᠦᠰᠦᠨ ᠱᠠᠲᠤᠨ ᠤ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠰᠠᠪᠠ ᠭᠠᠵᠠᠷ ᠢᠯᠠᠩᠭᠤᠶ᠎ᠠ ᠤᠮᠠᠷᠠᠲᠤ ᠣᠷᠣᠨ ᠤ ᠭᠤᠣᠯ ᠪᠤᠯᠬᠤ ᠭᠤᠣᠯ ᠮᠥᠷᠡᠨ ᠤ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠢᠨᠵᠧᠨᠧᠷᠢᠩ ᠤᠨ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠵᠦ ᠂ ᠦᠶᠡᠷ ᠢ ᠲᠣᠭᠲᠠᠭᠠᠬᠤ ᠣᠷᠣᠨ ᠤ ᠠᠮᠤᠷ ᠲᠦᠪᠰᠢᠨ ᠤ ᠪᠠᠶᠢᠭᠤᠯᠤᠯᠲᠠ ᠪᠣᠯᠣᠨ ᠠᠵᠢᠯᠯᠠᠭᠠᠨ ᠤ ᠬᠠᠮᠢᠶᠠᠷᠤᠯᠲᠠ ᠶᠢ ᠴᠢᠩᠭᠠᠳᠬᠠᠵᠤ ᠂ ᠰᠡᠷᠭᠡᠶᠢᠯᠡᠨ ᠬᠤᠷᠢᠭᠯᠠᠬᠤ ᠴᠢᠳᠠᠪᠤᠷᠢ ᠪᠠᠨ ᠪᠦᠬᠦᠶᠢᠯᠡ ᠴᠣᠭᠴᠠ ᠪᠠᠷ ᠨᠢ ᠳᠡᠭᠡᠭᠰᠢᠯᠡᠭᠦᠯᠭᠦ ᠬᠡᠷᠡᠭᠲᠡᠢ᠃ ᠬᠤᠳᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠴᠢᠳᠠᠪᠤᠷᠢ ᠶᠢᠨ ᠲᠥᠯᠦᠪᠵᠢᠭᠦᠯᠭᠡ ᠪᠣᠯᠣᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠬᠤᠳᠠ ᠶᠢᠨ ᠤᠰᠤ ᠵᠠᠯᠠᠬᠤ ᠬᠤᠭᠤᠯᠠᠢ ᠶᠢᠨ ᠲᠣᠣᠷ ᠵᠡᠷᠭᠡ ᠰᠠᠭᠤᠷᠢ ᠲᠥᠬᠦᠭᠡᠷᠦᠮᠵᠢ ᠶᠢᠨ ᠠᠵᠢᠯᠯᠠᠭᠠᠨ ᠤ ᠴᠢᠳᠠᠪᠤᠷᠢ ᠶᠢ ᠰᠢᠨᠡᠳᠬᠡᠨ ᠳᠡᠭᠡᠭᠰᠢᠯᠡᠭᠦᠯᠵᠦ ᠂ ᠭᠤᠣᠯ ᠤᠨ ᠬᠡᠪᠡᠯᠢ ᠶᠢᠨ ᠤᠰᠤᠲᠤᠯ ᠢ ᠵᠠᠯᠠᠬᠤ ᠢᠨᠵᠧᠨᠧᠷᠢᠩ ᠲᠠᠢ ᠪᠦᠲᠦᠮᠵᠢᠲᠡᠢ ᠵᠣᠯᠭᠠᠭᠤᠯᠵᠤ ᠂ ᠬᠤᠳᠠ ᠶᠢᠨ ᠭᠤᠣᠯ ᠤᠰᠤ ᠵᠠᠯᠠᠬᠤ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠨᠠᠭᠰᠢᠳᠠ ᠨᠠᠶᠢᠳᠠᠪᠤᠷᠢᠵᠢᠭᠤᠯᠵᠤ ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠢᠯᠠᠩᠭᠤᠶ᠎ᠠ ᠭᠤᠣᠯ ᠤᠳᠤᠷᠢᠳᠬᠤ ᠺᠠᠳ᠋ᠷᠴᠤᠳ ᠡᠮᠦᠨ᠎ᠡ ᠹᠷᠣᠨᠲ ᠲᠤ ᠣᠴᠢᠵᠤ ᠵᠢᠯᠣᠭᠤᠳᠤᠨ ᠂ ᠡᠯ᠎ᠡ ᠬᠠᠮᠢᠶ᠎ᠠ ᠪᠦᠬᠦᠢ ᠭᠠᠵᠠᠷ ᠣᠷᠣᠨ ᠂ ᠰᠠᠯᠠᠭ᠎ᠠ ᠮᠥᠴᠢᠷ ᠪᠣᠯᠣᠨ ᠨᠢᠭᠡᠴᠢ ᠨᠦᠭᠦᠳ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ ᠂ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠴᠤᠴᠠᠯᠲᠠ ᠦᠭᠡᠢ ᠤᠷᠤᠭᠰᠢᠯᠠᠵᠤ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠲᠠᠶᠢᠴᠢᠨ ᠪᠠᠬᠢᠯᠡᠯᠲᠡ ᠶᠢᠨ ᠦᠢᠯᠡᠳᠦᠯ ᠪᠠ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠡᠮᠦᠨ᠎ᠡ ᠹᠷᠣᠨᠲ ᠲᠤ ᠬᠦᠨᠳᠦ ᠡᠭᠦᠷᠭᠡ ᠶᠢ ᠡᠭᠦᠷᠭᠡᠯᠡᠵᠦ ᠂ ᠬᠤᠰᠢᠭᠤᠴᠢ ᠪᠣᠯᠵᠤ ᠂ ᠲᠦᠷᠦᠭᠦᠯᠡᠨ ᠠᠵᠢᠯᠯᠠᠵᠤ ᠂ ᠠᠷᠠᠳ ᠲᠦᠮᠡᠨ ᠳᠤ ᠴᠢᠩᠭ᠎ᠠ ᠲᠦᠰᠢᠭᠯᠡᠵᠦ ᠂ ᠨᠠᠮ ᠤᠨ ᠤᠯᠤᠰ ᠲᠥᠷᠥ ᠶᠢᠨ ᠳᠠᠪᠠᠭᠤᠯᠢᠭ ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠂ ᠣᠯᠠᠨ ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢᠶᠠᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠪᠠ ᠭᠠᠮᠰᠢᠭ ᠤᠨ ᠳᠠᠷᠠᠭᠠᠬᠢ ᠰᠡᠷᠭᠦᠭᠡᠵᠦ ᠳᠠᠭᠢᠨ ᠪᠦᠲᠦᠭᠡᠨ ᠪᠠᠶᠢᠭᠤᠯᠬᠤ ᠬᠦᠴᠦᠷᠬᠡᠭ ᠶᠡᠭᠡ ᠤᠯᠤᠰ ᠲᠥᠷᠥ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠭᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠡᠶᠢᠳᠡᠯᠡᠯ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号