| | 1 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ | ᠸᠠᠩ ᠯᠢ ᠰᠢᠶᠠ ᠪᠡᠭᠡᠵᠢᠩ ᠳᠤ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠡᠷᠭᠢᠯᠡᠭᠴᠢ ᠵᠧᠩ ᠱᠠᠨ ᠵᠢᠶᠧ ᠲᠠᠢ ᠪᠠᠷᠠᠳᠠᠨ ᠠᠭᠤᠯᠵᠠᠵᠤ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠰᠠᠨᠠᠯ︾ ᠵᠡᠷᠭᠡ ᠶᠢ ᠲᠦᠷᠭᠡᠳᠬᠡᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠠᠵᠢᠯ ᠢᠶᠠᠨ ᠵᠣᠯᠭᠠᠭᠤᠯᠵᠤ᠂ | ᠬᠤᠯᠪᠣᠭᠳᠠᠯ ᠪᠦᠬᠦᠢ ᠵᠦᠢᠯᠡᠰ ᠤᠨ ᠲᠤᠬᠠᠢ ᠭᠦᠢᠴᠡᠳ ᠶᠠᠷᠢᠯᠴᠠᠨ ᠰᠣᠯᠢᠯᠴᠠᠪᠠ᠃ | ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠡᠮᠦᠨ᠎ᠡ ᠠᠴᠠ᠂ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠣᠷᠳᠣ ᠬᠤᠭᠤᠴᠠᠭᠠᠨ ᠤ ᠲᠤᠷᠰᠢ ᠥᠪᠥᠷ | ᠮᠣᠩᠭᠤᠯ ᠳᠤ ᠬᠦᠴᠦᠲᠡᠢ ᠳᠡᠮᠵᠢᠯᠭᠡ ᠦᠵᠡᠭᠦᠯᠦᠭᠰᠡᠨ᠂ ᠢᠯᠠᠩᠭᠤᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠥᠪᠥᠷ | ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ︽ᠰᠠᠨᠠᠯ︾ ᠢ ᠲᠣᠭᠲᠠᠭᠠᠬᠤ ᠶᠠᠪᠤᠴᠠ ᠳᠠᠬᠢ ᠰᠢᠷᠭᠠᠭᠤ | ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ | ᠪᠠᠶᠢᠳᠠᠯ ᠢ ᠲᠠᠨᠢᠯᠴᠠᠭᠤᠯᠪᠠ᠃ ᠲᠡᠷᠡ᠂ ᠥᠩᠭᠡᠷᠡᠭᠰᠡᠨ ᠨᠢᠭᠡ ᠵᠢᠯ ᠳᠤ᠂ ᠣᠷᠣᠨ ᠳᠠᠶᠠᠭᠠᠷ ᠢᠶᠠᠨ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ | ᠣᠷᠣᠬᠤ ᠪᠠᠷ ᠴᠢᠷᠮᠠᠶᠢᠵᠤ᠂ ︽ᠲᠠᠪᠤᠨ ᠶᠡᠭᠡ ᠡᠭᠦᠷᠭᠡ︾ ᠶᠢ ᠨᠡᠯᠢᠶᠡᠳ ᠰᠠᠶᠢᠨ ᠨᠠᠶᠢᠳᠠᠪᠤᠷᠢᠵᠢᠭᠤᠯᠵᠤ᠂ ᠤᠯᠤᠰ ᠤᠨ ᠠᠮᠢ | ᠠᠬᠤᠢ ᠶᠢᠨ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ | ᠦᠢᠯᠡᠰ ᠤᠨ ᠠᠮᠤᠷ ᠲᠦᠪᠰᠢᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ ᠢ ᠪᠠᠲᠤᠯᠠᠬᠤ ᠳᠤ | ᠦᠵᠡᠭᠦᠯᠪᠡᠰᠦ ᠵᠣᠬᠢᠬᠤ ᠬᠦᠴᠦᠨ ᠴᠢᠳᠠᠯ ᠢᠶᠠᠨ ᠨᠡᠮᠡᠷᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ | ᠠᠵᠢᠯ ᠤᠨ ᠬᠤᠷᠠᠯ ᠠᠴᠠ 2024 ᠣᠨ ᠤ ᠠᠵᠢᠯ ᠳᠤ ᠪᠠᠶᠢᠷᠢᠯᠠᠭᠤᠯᠤᠯᠲᠠ ᠬᠢᠪᠡ᠂ ᠪᠢᠳᠡ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠦᠭᠦ | ᠲᠠᠯ᠎ᠠ ᠪᠠᠷ ᠲᠤᠭᠤᠰᠢᠯᠠᠭᠤᠯᠵᠤ᠂ ︽ᠵᠢᠷᠭᠤᠭᠠᠨ ᠢᠨᠵᠧᠨᠧᠷᠢᠩ︾ ᠢ ᠭᠤᠣᠯᠳᠠᠯᠭ᠎ᠠ ᠲᠠᠢ ᠰᠠᠶᠢᠲᠤᠷ ᠬᠡᠷᠡᠭᠵᠢᠭᠦᠯᠵᠦ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ︾ ᠢ ᠥᠪᠥᠷ ᠮᠣᠩᠭᠤᠯ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ | ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠪᠣᠯᠣᠨ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠭᠦᠨ ᠵᠤᠵᠠᠭᠠᠨ ᠬᠠᠶᠢᠷ᠎ᠠ ᠬᠠᠯᠠᠮᠵᠢ ᠶᠢ ᠬᠠᠷᠢᠭᠤᠯᠠᠨ᠎ᠠ | ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠥᠪᠥᠷ ᠮᠣᠩᠭᠤᠯ ᠢ ᠦᠷᠭᠦᠯᠵᠢᠯᠡᠨ | ᠬᠠᠯᠠᠮᠵᠢᠯᠠᠵᠤ᠂ ᠨᠡᠩ ᠤᠯᠠᠨ ᠵᠢᠯᠣᠭᠤᠳᠤᠯᠭ᠎ᠠ ᠪᠠ ᠬᠠᠪᠰᠤᠷᠤᠯᠭ᠎ᠠ ᠦᠵᠡᠭᠦᠯᠭᠦ ᠶᠢ ᠬᠦᠰᠡᠵᠦ ᠪᠠᠶᠢᠨ᠎ᠠ ᠭᠡᠵᠡᠢ᠃ | ᠵᠧᠩ ᠱᠠᠨ ᠵᠢᠶᠧ᠂ ᠰᠢᠨ᠎ᠡ ᠣᠨ ᠡᠬᠢᠯᠡᠭᠡᠳ ᠳᠡᠮᠡᠢ ᠤᠳᠠᠭᠰᠠᠨ ᠦᠭᠡᠢ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ ᠳᠠᠷᠦ᠋ᠢᠬᠠᠨ ᠢᠷᠡᠵᠤ ᠠᠵᠢᠯ ᠢᠶᠠᠨ ᠵᠣᠯᠭᠠᠭᠤᠯᠵᠤ ᠪᠠᠶᠢᠬᠤ ᠨᠢ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠢ ᠳᠡᠮᠵᠢᠵᠤ ᠪᠠᠶᠢᠬᠤ ᠶᠢ ᠭᠦᠢᠴᠡᠳ ᠢᠯᠡᠷᠡᠭᠦᠯᠪᠡ᠃ | ᠨᠢᠳᠤᠨᠤᠨ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠮᠠᠰᠢ ᠰᠠᠶᠢᠨ ᠬᠠᠨᠳᠤᠰᠢ ᠪᠠᠨ ᠪᠠᠲᠤᠯᠠᠵᠤ᠂ ᠡᠯ᠎ᠡ | ᠵᠦᠢᠯ ᠤᠨ ᠠᠵᠢᠯ ᠨᠡᠯᠢᠶᠡᠳ ᠰᠠᠶᠢᠨ ᠠᠮᠵᠢᠯᠲᠠ ᠣᠯᠵᠠᠢ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠤᠨ ᠬᠢᠨ ᠬᠤᠯᠪᠣᠭᠳᠠᠯ ᠪᠦᠬᠦᠢ ᠶᠠᠮᠤᠨ ᠵᠥᠪᠯᠡᠯ ᠢ ᠢᠳᠡᠪᠬᠢᠲᠡᠢ ᠵᠣᠬᠢᠴᠠᠭᠤᠯᠵᠤ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ︽ᠰᠠᠨᠠᠯ︾ ᠪᠣᠯᠣᠨ ᠤᠯᠤᠰ ᠤᠨ | ᠬᠤᠯᠪᠣᠭᠳᠠᠯ ᠪᠦᠬᠦᠢ ᠴᠢᠬᠤᠯᠠ ᠶᠡᠭᠡ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠨᠥᠬᠦᠴᠡᠯ ᠲᠠᠢ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ | ᠭᠥᠯᠢᠶᠡᠨ ᠠᠪᠬᠤ ᠶᠢ ᠳᠡᠮᠵᠢᠵᠦ᠂ ᠲᠥᠪ ᠤᠨ ᠠᠵᠤ ᠠᠬᠤᠶᠢᠯᠠᠯ ᠬᠢᠭᠡᠳ ᠥᠪᠡᠷᠲᠡᠭᠡᠨ ᠵᠠᠰᠠᠬᠤ ᠣᠷᠣᠨ ᠤ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠭᠠᠷ ᠬᠤᠯᠪᠣᠨ ᠬᠠᠮᠲᠤᠷᠠᠯᠴᠠᠬᠤ ᠳᠤ ᠬᠥᠭᠦᠷᠭᠡ ᠬᠤᠯᠪᠣᠭᠠᠰᠤ ᠪᠣᠯᠵᠤ᠂ ᠥᠪᠥᠷ | ᠮᠣᠩᠭᠤᠯ ᠤᠨ ︽ᠲᠠᠪᠤᠨ ᠶᠡᠭᠡ ᠡᠭᠦᠷᠭᠡ︾ ᠪᠠᠨ ᠨᠠᠩ ᠰᠠᠶᠢᠲᠤᠷ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠱᠠᠭᠠᠷᠳᠠᠯᠭ᠎ᠠ ᠶᠢ ᠬᠠᠮᠲᠤ ᠪᠠᠷ ᠰᠠᠶᠢᠲᠤᠷ | ᠨᠠᠶᠢᠳᠠᠪᠤᠷᠢᠵᠢᠭᠤᠯᠤᠨ᠎ᠠ ᠭᠡᠵᠡᠢ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ᠂ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠤᠳᠤᠷᠢᠳᠤᠯᠭ᠎ᠠ ᠯᠢ ᠴᠦᠨ ᠯᠢᠨ ᠠᠵᠢᠯᠯᠠᠭ᠎ᠠ ᠳᠤ ᠣᠷᠣᠯᠴᠠᠵᠠᠢ᠃ |