ᠯᠢ ᠪᠥᠸᠧ ᠹᠧᠩ ᠭᠤᠤᠯᠳᠠᠯᠭ᠎ᠠ ᠲᠠᠢ ᠠᠵᠢᠯ   ᠳᠤ ᠪᠠᠶᠢᠴᠠᠭᠠᠯᠳᠠ ᠬᠢᠪᠡ
ᠨᠡᠶᠢᠲᠡᠯᠡᠭᠰᠡᠨ ᠴᠠᠭ᠄
2024/1/16
     1 ᠰᠠᠷ᠎ᠠ ᠶᠢᠨ 15 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠲᠠᠷᠢᠶᠠᠯᠠᠩ  ᠤᠨ ᠠᠷᠠᠯᠵᠢᠶᠠᠨ ᠤ ᠵᠠᠬ᠎ᠠ ᠳᠡᠯᠭᠡᠭᠦᠷ᠂ ᠰᠤᠷᠭᠠᠭᠤᠯᠢ ᠵᠡᠷᠭᠡ ᠭᠠᠵᠠᠷ ᠲᠤ ᠭᠦᠨᠵᠡᠭᠡᠶᠢᠷᠡᠵᠦ᠂ ᠠᠶᠤᠯᠭᠦᠶ ᠦᠶᠯᠡᠳᠪᠦᠷᠢᠯᠡᠯ᠂  ᠥᠭᠡᠷᠡᠴᠢᠯᠡᠨ ᠥᠷᠭᠡᠳᠬᠡᠨ ᠪᠠᠶᠢᠭᠤᠯᠬᠤ ᠲᠥᠷᠥᠯ ᠵᠦᠶᠯ ᠤᠨ ᠬᠡᠷᠡᠭᠵᠢᠭᠦᠯᠦᠯᠲᠡ ᠵᠡᠷᠭᠡ ᠠᠵᠢᠯ  ᠳᠤ ᠪᠠᠶᠢᠴᠠᠭᠠᠯᠳᠠ ᠬᠢᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠬᠥᠭᠵᠢᠯᠲᠦ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠬᠤᠰᠢᠭᠤ ᠨᠠᠮ  ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠶᠠᠨ ᠷᠦᠢ ᠴᠢ ᠪᠠᠷ᠎ᠠ ᠪᠣᠯᠵᠤ  ᠪᠠᠶᠢᠴᠠᠭᠠᠯᠳᠠ ᠳᠤ ᠤᠷᠤᠯᠴᠠᠵᠠᠢ᠃    ᠯᠢ ᠪᠥᠸᠧ ᠹᠧᠩ ᠮᠧᠩ ᠯᠦᠩ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠱᠠᠩᠳᠤ ᠶᠡᠷᠦᠩᠬᠡᠶᠢᠯᠡᠭᠰᠡᠨ ᠠᠷᠠᠯᠵᠢᠶᠠᠨ ᠵᠠᠬ᠎ᠠ ᠳᠡᠯᠭᠡᠭᠦᠷ ᠲᠤ ᠬᠥᠷᠴᠤ ᠪᠠᠶᠠᠷ ᠤᠨ ᠡᠳᠦᠷ ᠠᠴᠠ ᠡᠮᠦᠨᠡᠬᠢ ᠠᠷᠠᠥᠨ ‍ᠤᠨ‌ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠶᠯ ᠤᠨ ᠨᠥᠭᠡᠴᠡ᠂ ᠬᠠᠩᠭᠠᠯᠭ᠎ᠠ᠂ ᠦᠨ᠎ᠡ ᠬᠠᠩᠰᠢ ᠵᠢᠴᠢ ᠠᠶᠤᠯᠭᠦᠶ ᠦᠶᠯᠡᠳᠪᠦᠷᠢᠯᠡᠯ ᠵᠡᠷᠭᠡ ᠪᠠᠶᠢᠳᠠᠯ ᠢ ᠨᠠᠷᠢᠨ‌ᠣᠶᠢᠯᠠᠭᠠᠵᠠᠢ᠃ ᠲᠡᠷᠡ‌‍ᠴᠢᠬᠤᠯᠠᠴᠢᠯᠠᠬᠤ ᠳᠠᠭᠠᠨ᠂  ᠴᠠᠭᠠᠨ ᠰᠠᠷ᠎ᠠ ᠶᠢᠨ ᠪᠠᠷᠠᠭ᠎ᠠ ᠭᠦᠶᠴᠡᠳ ᠪᠠᠶᠢᠬᠤ ᠡᠰᠡᠬᠦ᠂ ᠦᠨ᠎ᠡ ᠬᠠᠩᠰᠢ ᠲᠣᠭᠲᠠᠭᠤᠨ ᠪᠠᠶᠢᠬᠤ ᠡᠰᠡᠬᠦ᠂ ᠢᠳᠡᠭᠡᠨ ᠤ ᠠᠮᠤᠷ ᠲᠦᠪᠰᠢᠨ ᠪᠠᠲᠤᠯᠠᠭ᠎ᠠ ᠲᠠᠢ ᠪᠠᠶᠢᠬᠤ ᠡᠰᠡᠬᠦ ᠪᠣᠯ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ ᠠᠰᠠᠭᠤᠳᠠᠯ ᠪᠣᠯᠤᠨ᠎ᠠ᠂ ᠬᠠᠮᠢᠶ᠎ᠠ ᠪᠥᠬᠦᠶ ᠡᠭᠦᠷᠭᠡ ᠴᠢᠳᠠᠪᠬᠢᠳᠤ ᠰᠠᠯᠠᠭ᠎ᠠ ᠮᠥᠴᠢᠷ ᠤᠨ ᠬᠢᠨ ᠵᠠᠬ᠎ᠠ ᠳᠡᠯᠭᠡᠭᠦᠷ ᠤᠨ ᠪᠠᠶᠢᠳᠠᠯ ᠢ  ᠠᠩᠬᠠᠷᠴᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ  ᠴᠢᠩᠭᠠᠳᠬᠠᠨ᠂ ᠬᠠᠩᠭᠠᠯᠭ᠎ᠠ ᠭᠦᠶᠴᠡᠳ ᠪᠠᠶᠢᠬᠤ᠂ ᠦᠨ᠎ᠡ ᠬᠠᠩᠰᠢ ᠲᠣᠭᠲᠠᠭᠤᠨ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠳᠣᠯᠠᠬᠤ ᠶᠢᠨ  ᠬᠠᠮᠲᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠥᠷᠭᠡᠨ ᠤᠯᠠᠨ ᠲᠦᠮᠡᠨ ᠢ ᠠᠮᠤᠷ ᠠᠮᠤᠭᠤᠯᠠᠩ ᠡᠶ᠎ᠡ  ᠵᠤᠬᠢᠴᠠᠯ ᠲᠠᠢ ᠴᠠᠭᠠᠨ ᠰᠠᠷ᠎ᠠ ᠶᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠬᠡᠯ᠎ᠡ᠃    ᠯᠢ ᠪᠥᠸᠧ ᠹᠧᠩ ᠰᠢᠯᠤᠭᠤᠨ ᠬᠥᠬᠡ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠳᠤ᠂  ᠰᠤᠷᠭᠠᠨ ᠬᠥᠮᠦᠵᠢᠯ ᠤᠨ ᠲᠣᠪᠴᠢᠶ᠎ᠠ ᠵᠢᠴᠢ ᠡᠯ᠎ᠡ ᠰᠤᠷᠭᠠᠭᠤᠯᠢ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠵᠢᠭᠠᠨ ᠰᠤᠷᠭᠠᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠮᠠᠭᠠᠳᠯᠠᠵᠤ ᠰᠢᠢᠳᠪᠦᠷᠢᠯᠡᠨ᠂ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠵᠢᠭᠠᠨ ᠰᠤᠷᠭᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠤᠯᠤᠰ  ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠵᠢᠭᠠᠨ ᠰᠤᠷᠭᠠᠬᠤ ᠠᠵᠢᠯ ᠢ  ᠪᠦᠲᠦᠮᠵᠢᠲᠡᠢ ᠠᠬᠢᠭᠤᠯᠬᠤ ᠬᠡᠷᠡᠭᠲᠡᠢ ᠬᠡᠵᠡᠢ᠃    ᠭᠤᠷᠪᠠᠳᠤᠭᠠᠷ ᠬᠡᠦᠬᠡᠳ ᠤᠨ ᠴᠡᠴᠡᠷᠯᠢᠭ ᠲᠤ᠂ ᠬᠡᠦᠬᠡᠳ ᠤᠨ ᠴᠡᠴᠡᠷᠯᠢᠭ ᠤᠨ ᠥᠷᠭᠡᠳᠬᠡᠨ ᠪᠠᠶᠢᠭᠤᠯᠬᠤ ᠲᠥᠷᠥᠯ ᠵᠦᠶᠯ ᠤᠨ ᠰᠡᠬᠦᠯᠴᠢ ᠶᠢᠨ ᠠᠵᠢᠯ ᠵᠢᠴᠢ ᠵᠢᠭᠠᠨ ᠰᠤᠷᠭᠠᠯᠲᠠ ᠶᠢᠨ ᠪᠠᠶᠢᠳᠠᠯ ᠢ  ᠣᠶᠢᠯᠠᠭᠠᠵᠠᠢ᠃ ᠲᠡᠷᠡ ᠴᠢᠬᠤᠯᠠᠴᠢᠯᠠᠬᠤ  ᠳᠠᠭᠠᠨ᠂ ᠰᠣᠳᠣᠨ ᠪᠦᠲᠦᠭᠡᠯ ᠤᠨ ᠤᠬᠠᠮᠰᠠᠷ ᠢ ᠪᠤᠢ ᠪᠣᠯᠭᠠᠵᠤ᠂ ᠢᠨᠵᠧᠨᠧᠷᠢᠩ ᠤᠨ ᠶᠠᠰᠤ ᠴᠢᠨᠠᠷ  ᠢ ᠲᠡᠷᠢᠭᠦᠨ ᠪᠠᠶᠢᠷᠢᠨ ᠳᠤ ᠲᠠᠯᠪᠢᠵᠤ᠂ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠲᠦᠭᠡᠨ‌‍ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠲᠦᠷᠦᠯ ᠵᠦᠢᠯ ᠢ ᠰᠢᠯᠭᠠᠨ ᠠᠪᠬᠤ ᠶᠢ ᠲᠦᠷᠭᠡᠳᠬᠡᠨ ᠠᠬᠢᠭᠤᠯᠵᠦ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠪᠠᠭᠰᠢ ᠶᠢᠨ ᠬᠦᠴᠦᠨ ᠢ ᠲᠤᠬᠢᠷᠠᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠠᠭᠰᠢ ᠰᠤᠷᠤᠭᠴᠢᠳ  ᠲᠤ ᠪᠣᠬᠢᠷᠲᠤᠯ ᠦᠭᠡᠢ᠂ ᠡᠷᠡᠭᠦᠯ᠂ ᠠᠮᠤᠷ ᠲᠦᠪᠰᠢᠨ ᠣᠷᠴᠢᠨ  ᠢ ᠪᠤᠢ ᠪᠣᠯᠭᠠᠵᠤ ᠥᠭᠬᠦ ᠬᠡᠷᠡᠭᠲᠡᠢ ᠬᠡᠯ᠎ᠡ᠃    ᠴᠠᠭᠠᠨ ᠢᠳᠡᠬᠡᠨ ᠤ ᠵᠣᠭᠤᠭ ᠤᠨ ᠦᠷᠦᠬᠡᠨ ᠳᠤ᠂  ᠴᠠᠭᠠᠨ ᠢᠳᠡᠬᠡᠨ ᠤ ᠵᠣᠭᠤᠭ ᠤᠨ  ᠥᠷᠥᠭᠡ ᠪᠦᠬᠡ ᠶᠢᠨ ᠰᠠᠷ᠎ᠠ ᠶᠢᠨ ᠤᠷᠤᠯᠳᠤᠭᠠᠨ ᠤ ᠰᠢᠭᠤᠳ ᠨᠡᠪᠲᠡᠷᠡᠭᠦᠯᠭᠡ ᠵᠢᠴᠢ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢᠨ ᠪᠠᠶᠢᠳᠠᠯ  ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ ᠴᠢᠬᠤᠯᠠᠴᠢᠯᠬᠠᠰᠠᠨ ᠨᠢ᠂ ᠴᠠᠭᠠᠨ ᠢᠳᠡᠬᠡᠨ ᠤ ᠵᠣᠭᠤᠭ ᠤᠨ ᠦᠷᠦᠬᠡ ᠪᠣᠯ ᠰᠢᠯᠤᠭᠤᠨ ᠬᠥᠬᠡ ᠬᠤᠰᠢᠭᠤᠨ ᠤ ᠰᠣᠶᠣᠯ ᠵᠢᠭᠤᠯᠴᠢᠯᠠᠯ ᠤᠨ ᠴᠣᠩᠬᠤ ᠪᠣᠯᠤᠨ᠎ᠠ᠂  ᠴᠠᠭᠠᠨ ᠢᠳᠡᠬᠡᠨ  ᠤ ᠵᠣᠭᠤᠭ ᠤᠨ ᠦᠷᠦᠬᠡᠨ ᠤ ᠵᠣᠴᠢᠯᠠᠬᠤ ᠲᠢᠩᠬᠢᠮ ᠤᠨ ᠭᠤᠤᠯ ᠪᠠᠶᠢᠷᠢ ᠲᠣᠭᠲᠠᠭᠠᠯᠲᠠ ᠶᠢ ᠴᠢᠩᠭ᠎ᠠ ᠠᠳᠬᠤᠵᠤ᠂ ᠪᠦᠬᠦᠯᠢ ᠴᠣᠭᠴᠠ ᠶᠢᠨ ᠬᠡᠪ ᠨᠠᠮᠪᠠ ᠶᠢ ᠰᠢᠯᠤᠭᠤᠨ ᠬᠥᠬᠡ ᠬᠤᠰᠢᠭᠤᠨ ᠤ ᠲᠡᠦᠬᠡ᠂ ᠰᠣᠶᠣᠯ᠂ ᠠᠵᠤ ᠦᠶᠯᠡᠰ᠂ ᠵᠢᠭᠤᠯᠴᠢᠯᠠᠯ ᠤᠨ ᠬᠥᠭᠵᠢᠯᠲᠡ ᠶᠢᠨ ᠳᠦᠷᠢ ᠲᠦᠷᠬᠦ ᠶᠢ ᠬᠠᠷᠠᠭᠤᠯᠥᠨ ᠣᠳᠣᠬᠢᠴᠢᠯᠠᠭᠰᠠᠨ ᠤᠷᠠᠯᠢᠭ ᠤᠨ ᠬᠡᠪ ᠨᠠᠮᠪᠠ  ᠶᠢ ᠠᠯᠢ ᠴᠢᠳᠠᠬᠤ ᠪᠠᠷ ᠠᠭᠤᠰᠤᠯᠴᠠᠭᠤᠯᠬᠤ ᠬᠡᠷᠡᠭᠲᠡᠶ ᠬᠡᠵᠡᠢ᠃   ᠡᠯ᠎ᠡ ᠬᠤᠪᠢᠳᠠᠨ ᠬᠠᠮᠢᠶᠠᠷᠴᠤ  ᠪᠠᠶᠢᠭ᠎ᠠ ᠬᠤᠰᠢᠭᠤ ᠲᠡᠳ᠋ ᠳᠠᠷᠤᠭ᠎ᠠ ᠵᠢᠴᠢ  ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号