ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ | 262 ᠳ᠋ᠤᠭᠠᠷ ᠲᠣᠭᠠᠲᠤ | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾ ᠶᠢ ᠨᠢᠭᠡᠨᠲᠡ 2023 ᠣᠨ ᠤ 10 ᠳ᠋ᠤᠭᠠᠷ ᠰᠠᠷ᠎ᠠ ᠶᠢᠨ | 10 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 25 | ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ 2023 | ᠣᠨ ᠤ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ | 2023 ᠣᠨ ᠤ 10 ᠳ᠋ᠤᠭᠠᠷ ᠰᠠᠷ᠎ᠠ ᠶᠢᠨ 23 ᠤ ᠡᠳᠦᠷ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠠᠬᠢ | ᠬᠠᠮᠢᠶᠠᠷᠤᠯᠲᠠ ᠪᠠᠨ ᠴᠢᠩᠭᠠᠳᠬᠠᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠵᠤ᠂ ᠬᠠᠤᠯᠢ ᠪᠠᠷ | ᠵᠠᠰᠠᠭᠰᠠᠨ ᠵᠠᠰᠠᠭ ᠤᠨ ᠣᠷᠳᠣᠨ ᠢ ᠪᠠᠶᠢᠭᠤᠯᠬᠤ ᠶᠢᠨ ᠲᠤᠰᠠᠳᠠ᠂ ᠤᠯᠤᠰ ᠤᠨ ᠬᠤᠯᠪᠣᠭᠳᠠᠯ ᠪᠦᠬᠦᠢ ᠬᠠᠤᠯᠢ | ᠴᠠᠭᠠᠵᠠ᠂ ᠬᠠᠤᠯᠢ ᠲᠣᠭᠲᠠᠭᠠᠯ ᠪᠠ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠢ ᠦᠨᠳᠦᠰᠦᠯᠡᠨ᠂ | ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠭᠡᠳᠡᠭ ᠨᠢ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ | ᠣᠯᠭᠤᠭᠰᠠᠨ ᠣᠯᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ | ᠪᠠᠶᠢᠭᠤᠯᠤᠯᠲᠠ ᠠᠴᠠ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠤᠨ ᠢᠶᠠᠨ ᠬᠡᠪᠴᠢᠶᠡᠨ ᠳᠣᠲᠣᠷ᠎ᠠ ᠬᠠᠤᠯᠢ ᠪᠠᠷ | ᠲᠣᠭᠲᠠᠭᠠᠭᠰᠠᠨ ᠲᠡᠰ ᠳᠠᠷᠠᠭᠠᠯᠠᠯ ᠶᠣᠰᠣᠭᠠᠷ ᠲᠣᠭᠲᠠᠭᠠᠭᠰᠠᠨ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ | ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ᠂ ᠡᠭᠦᠷᠭᠡ ᠳᠤ ᠬᠤᠯᠪᠣᠭᠳᠠᠭᠰᠠᠨ᠂ ᠲᠦᠭᠡᠮᠡᠯ ᠬᠢᠵᠠᠭᠠᠷᠯᠠᠬᠤ | ᠬᠦᠴᠦᠨ ᠲᠠᠢ ᠪᠥᠭᠡᠳ ᠵᠣᠬᠢᠬᠤ ᠬᠤᠭᠤᠴᠠᠭᠠᠨ ᠳᠤ ᠳᠠᠬᠢᠨ ᠳᠠᠪᠲᠠᠨ ᠬᠡᠷᠡᠭᠯᠡᠭᠳᠡᠬᠦ ᠵᠠᠰᠠᠭ ᠤᠨ ᠣᠷᠳᠣᠨ ᠤ ᠳᠦᠷᠢᠮ | ᠲᠣᠭᠲᠠᠭᠠᠯ ᠠᠴᠠ ᠭᠠᠳᠠᠨᠠᠬᠢ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠢ ᠵᠢᠭᠠᠵᠤ ᠪᠠᠶᠢᠨ᠎ᠠ᠃ | ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠵᠠᠰᠠᠭ ᠤᠨ ᠣᠷᠳᠣᠨ ᠤ ᠵᠠᠰᠠᠭ | ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠪᠠ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠪᠠᠭᠲᠠᠨ᠎ᠠ᠃ | ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠰᠠᠭ | ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠬᠤ᠂ ᠬᠠᠤᠯᠢ ᠶᠣᠰᠣᠴᠢ ᠴᠢᠨᠠᠷ ᠢ ᠨᠢ ᠬᠢᠨᠠᠨ | ᠬᠠᠷᠭᠤᠭᠤᠯᠬᠤ᠂ ᠬᠠᠮᠲᠤ ᠪᠠᠷ ᠶᠠᠷᠢᠯᠴᠠᠬᠤ᠂ ᠨᠡᠶᠢᠲᠡᠯᠡᠬᠦ᠂ ᠪᠦᠷᠢᠳᠬᠡᠨ ᠳᠠᠩᠰᠠᠯᠠᠬᠤ᠂ ᠬᠢᠨᠠᠯᠲᠠ ᠲᠠᠯᠪᠢᠬᠤ ᠵᠢᠴᠢ | ᠢᠯᠭᠠᠷᠠᠭᠤᠯᠤᠨ ᠴᠡᠪᠡᠷᠯᠡᠬᠦ ᠵᠡᠷᠭᠡ ᠠᠵᠢᠯᠯᠠᠭ᠎ᠠ ᠳᠤ ᠲᠤᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃ | ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠳᠣᠲᠣᠭᠠᠳᠤ ᠶᠢᠨ ᠬᠠᠮᠢᠶᠠᠷᠤᠯᠲᠠ ᠶᠢᠨ ᠵᠢᠷᠤᠮᠵᠢᠯ᠂ ᠪᠠᠶᠢᠭᠤᠯᠤᠮᠵᠢ | ᠣᠷᠣᠨ ᠲᠤᠭ᠎ᠠ᠂ ᠬᠤᠷᠠᠯ ᠤᠨ ᠲᠣᠪᠴᠢ᠂ ᠠᠵᠢᠯ ᠤᠨ ᠲᠥᠰᠥᠯ᠂ ᠵᠢᠭᠠᠪᠤᠷᠢ ᠠᠪᠬᠤ ᠮᠡᠳᠡᠭᠦᠯᠦᠯᠲᠡ᠂ ᠬᠥᠬᠢᠭᠦᠯᠦᠨ | ᠰᠠᠶᠢᠰᠢᠶᠠᠵᠤ ᠱᠠᠩᠨᠠᠨ ᠲᠣᠷᠭᠠᠬᠤ᠂ ᠠᠵᠢᠯᠲᠠᠨ ᠤ ᠶᠠᠪᠤᠳᠠᠯ ᠤᠨ ᠲᠣᠮᠢᠯᠠᠵᠤ ᠪᠠᠭᠤᠯᠭᠠᠬᠤ ᠵᠡᠷᠭᠡ ᠪᠢᠴᠢᠭ | ᠮᠠᠲ᠋ᠧᠷᠢᠶᠠᠯ ᠳᠤ ᠲᠣᠰ ᠠᠷᠭ᠎ᠠ ᠲᠣᠬᠢᠷᠠᠬᠤ ᠦᠭᠡᠢ᠃ | ᠳᠥᠷᠪᠡᠳᠦᠭᠡᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ | ᠬᠠᠮᠢᠶᠠᠷᠤᠯᠲᠠ ᠶᠢᠨ ᠠᠵᠢᠯ ᠳᠤ ᠳᠣᠣᠷᠠᠬᠢ ᠵᠠᠷᠴᠢᠮ ᠢ ᠵᠢᠷᠤᠮᠯᠠᠬᠤ ᠬᠡᠷᠡᠭᠲᠡᠢ᠄ | ︵ᠨᠢᠭᠡ︶ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ ; | | ︵ᠬᠤᠶᠠᠷ︶ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠦᠨ᠎ᠡ ; | ︵ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠣᠭᠲᠠᠭᠠᠯ ᠳᠦᠷᠢᠮ ᠢ ᠲᠤᠭᠤᠰᠢᠯᠠᠭᠤᠯᠤᠨ | ᠬᠡᠷᠡᠭᠵᠢᠭᠦᠯᠬᠦ ᠶᠢ ᠪᠠᠲᠤᠯᠠᠨ᠎ᠠ ; | ︵ᠳᠥᠷᠪᠡ︶ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠨ᠎ᠠ ; | ︵ᠲᠠᠪᠤ︶ ᠴᠣᠮᠬᠠᠳᠬᠠᠬᠤ᠂ ᠬᠦᠴᠦᠨ ᠴᠢᠳᠠᠪᠤᠷᠢ ᠪᠠ ᠡᠷᠬᠡ ᠬᠠᠷᠢᠭᠤᠴᠠᠯᠭ᠎ᠠ ᠶᠢ ᠨᠢᠭᠡᠳᠬᠡᠨ᠎ᠡ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ | ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠤᠨ ᠬᠠᠮᠢᠶᠠᠷᠤᠯᠲᠠ ᠶᠢᠨ ᠠᠵᠢᠯ ᠢ ᠤᠳᠤᠷᠢᠳᠤᠨ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠤᠳᠤᠷᠢᠳᠤᠯᠭ᠎ᠠ ᠶᠢᠨ ᠢᠶᠠᠨ ᠳᠣᠣᠷ᠎ᠠ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠪᠦᠷᠢᠳᠬᠡᠨ ᠳᠠᠩᠰᠠᠯᠠᠵᠤ ᠬᠢᠨᠠᠨ ᠪᠠᠶᠢᠴᠠᠭᠠᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠠᠵᠢᠯ ᠢ ᠪᠣᠳᠠᠲᠠᠢ | ᠳᠠᠭᠠᠭᠠᠨ ᠡᠭᠦᠷᠭᠡᠯᠡᠨ᠎ᠡ᠃ ᠳᠡᠭᠡᠳᠦ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ | ᠳᠣᠣᠷᠠᠳᠤ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠬᠢ ᠠᠵᠢᠯ ᠤᠨ | ᠵᠢᠯᠣᠭᠤᠳᠤᠯᠭ᠎ᠠ ᠪᠠᠨ ᠴᠢᠩᠭᠠᠳᠬᠠᠬᠤ ᠬᠡᠷᠡᠭᠲᠡᠢ᠃ | ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠪᠥᠬᠦ ᠣᠷᠣᠨ ᠤ ᠵᠠᠰᠠᠭ ᠵᠠᠬᠢᠷᠭᠠᠨ ᠤ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠢ ᠪᠦᠷᠢᠳᠬᠡᠨ ᠳᠠᠩᠰᠠᠯᠠᠬᠤ ᠨᠢᠭᠡᠳᠦᠯᠲᠡᠢ ᠬᠠᠮᠢᠶᠠᠷᠤᠯᠲᠠ ᠶᠢᠨ ᠰᠢᠰᠲ᠋ᠧᠮ ᠢ | ᠪᠠᠶᠢᠭᠤᠯᠤᠨ ᠲᠡᠭᠦᠯᠳᠡᠷᠵᠢᠭᠦᠯᠵᠦ᠂ ᠪᠦᠷᠢᠳᠬᠡᠨ ᠲᠠᠩᠰᠠᠯᠠᠵᠤ ᠬᠢᠨᠠᠨ ᠪᠠᠶᠢᠴᠠᠭᠠᠬᠤ ᠬᠦᠴᠦᠨ ᠴᠢᠳᠠᠪᠤᠷᠢ ᠪᠠᠨ | ᠳᠡᠭᠡᠭᠰᠢᠯᠡᠭᠦᠯᠬᠦ ᠬᠡᠷᠡᠭᠲᠡᠢ᠃ | ᠬᠤᠶᠠᠳᠤᠭᠠᠷ ᠪᠦᠯᠦᠭ ᠲᠤᠭᠤᠷᠪᠢᠬᠤ | ᠳᠣᠯᠣᠳᠤᠭᠠᠷ ᠵᠦᠢᠯ ᠳᠣᠣᠷ᠎ᠠ ᠵᠢᠭᠰᠠᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠵᠣᠬᠢᠶᠠᠨ | ᠪᠠᠶᠢᠭᠤᠯᠤᠯᠲᠠ ᠨᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭᠠᠵᠤ ᠪᠣᠯᠣᠨ᠎ᠠ᠄ | ︵ᠨᠢᠭᠡ︶ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ; | ︵ᠬᠤᠶᠠᠷ︶ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠤᠯᠢ | ᠶᠣᠰᠣᠭᠠᠷ ᠪᠠᠶᠢᠭᠤᠯᠤᠭᠰᠠᠨ ᠲᠣᠮᠢᠯᠠᠭᠰᠠᠨ ᠪᠠᠶᠢᠭᠤᠯᠭ᠎ᠠ ; | ︵ᠭᠤᠷᠪᠠ︶ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠠᠯᠠᠭ᠎ᠠ | ᠮᠥᠴᠢᠷ ; | ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠤᠯᠠᠨ ᠨᠡᠶᠢᠲᠡ ᠶᠢᠨ ᠬᠡᠷᠡᠭ | ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ᠃ | ᠲᠦᠷ ᠴᠠᠭ ᠤᠨ ᠪᠠᠶᠢᠭᠤᠯᠤᠮᠵᠢ᠂ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ᠂ ᠰᠠᠯᠠᠭ᠎ᠠ ᠮᠥᠴᠢᠷ ᠤᠨ | ᠲᠣᠮᠢᠯᠠᠭᠰᠠᠨ ᠪᠠᠶᠢᠭᠤᠯᠤᠮᠵᠢ᠂ ᠰᠠᠯᠠᠭ᠎ᠠ ᠮᠥᠴᠢᠷ ᠤᠨ ᠳᠣᠲᠣᠭᠠᠳᠤ ᠳᠤ ᠪᠠᠨ ᠪᠠᠶᠢᠭᠤᠯᠤᠭᠰᠠᠨ ᠪᠠᠶᠢᠭᠤᠯᠤᠮᠵᠢ ᠵᠢᠴᠢ | ᠡᠮᠦᠨᠡᠬᠢ ᠵᠤᠷᠪᠤᠰ ᠲᠤ ᠲᠣᠭᠲᠠᠭᠠᠭᠰᠠᠨ ᠠᠴᠠ ᠭᠠᠳᠠᠨᠠᠬᠢ ᠪᠤᠰᠤᠳ ᠪᠠᠶᠢᠭᠤᠯᠭ᠎ᠠ ᠪᠠ ᠵᠣᠬᠢᠶᠠᠨ | ᠪᠠᠶᠢᠭᠤᠯᠤᠯᠲᠠ ᠨᠤᠭᠤᠳ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠵᠤ ᠪᠣᠯᠬᠤ | ᠦᠭᠡᠢ᠃ | ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ | ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠪᠠᠷ ᠳᠠᠮᠵᠢᠭᠤᠯᠤᠨ ᠲᠣᠰ ᠱᠠᠲᠤᠨ ᠤ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭᠠᠬᠤ ᠭᠤᠣᠯ ᠴᠣᠭᠴᠠ ᠶᠢ ᠨᠡᠶᠢᠭᠡᠮ ᠳᠤ ᠢᠯᠡ | ᠨᠡᠶᠢᠲᠡᠯᠡᠬᠦ ᠶᠢᠨ ᠬᠠᠮᠲᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ | ᠶᠢᠰᠦᠳᠦᠭᠡᠷ ᠵᠦᠢᠯ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ | ᠨᠢᠭᠡ ᠪᠤᠶᠤ ᠬᠡᠳᠦᠨ ᠰᠠᠯᠠᠭ᠎ᠠ ᠮᠥᠴᠢᠷ ᠠᠴᠠ ᠬᠠᠷᠢᠭᠤᠴᠠᠨ ᠲᠤᠭᠤᠷᠪᠢᠵᠤ ᠪᠣᠯᠣᠨ᠎ᠠ᠃ | ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠨᠢ ᠬᠤᠶᠠᠷ ᠠᠴᠠ | ᠳᠡᠭᠡᠭᠰᠢᠬᠢ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠳᠤ ᠬᠤᠯᠪᠣᠭᠳᠠᠭᠰᠠᠨ ᠪᠠᠶᠢᠪᠠᠯ ᠬᠤᠯᠪᠤᠭᠠᠯᠠᠨ ᠲᠤᠭᠤᠷᠪᠢᠬᠤ | ᠬᠡᠷᠡᠭᠲᠡᠢ᠃ | ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠨᠢ ᠲᠤᠰᠬᠠᠢ ᠮᠡᠷᠭᠡᠵᠢᠯ ᠤᠨ ᠴᠢᠨᠠᠷ ᠢᠶᠠᠷ | ᠴᠢᠩᠭ᠎ᠠ ᠪᠤᠶᠤ ᠬᠤᠯᠪᠣᠭᠳᠠᠬᠤ ᠬᠡᠪᠴᠢᠶ᠎ᠡ ᠪᠠᠷ ᠥᠷᠭᠡᠨ᠂ ᠨᠡᠯᠢᠶᠡᠳ ᠬᠦᠴᠢᠷᠲᠡᠢ ᠪᠠᠶᠢᠪᠠᠯ᠂ ᠲᠤᠭᠤᠷᠪᠢᠬᠤ | ᠨᠢᠭᠡᠴᠢ ᠨᠢ ᠲᠤᠰᠬᠠᠢ ᠮᠡᠷᠭᠡᠵᠢᠯᠲᠡᠨ ᠡᠷᠳᠡᠮᠲᠡᠨ᠂ ᠬᠠᠤᠯᠢ ᠴᠠᠭᠠᠵᠠ ᠶᠢᠨ ᠵᠥᠪᠯᠡᠭᠴᠢ ᠶᠢ ᠤᠷᠢᠵᠤ ᠲᠤᠭᠤᠷᠪᠢᠬᠤ ᠳᠤ | ᠣᠷᠣᠯᠴᠠᠭᠤᠯᠬᠤ ᠪᠤᠶᠤ ᠬᠠᠮᠢᠶ᠎ᠠ ᠪᠦᠬᠦᠢ ᠵᠣᠬᠢᠶᠠᠨ ᠪᠠᠶᠢᠭᠤᠯᠤᠯᠲᠠ᠂ ᠲᠤᠰᠬᠠᠢ ᠮᠡᠷᠭᠡᠵᠢᠯᠲᠡᠨ ᠳᠤ ᠨᠠᠶᠢᠳᠠᠵᠤ | ᠲᠤᠭᠤᠷᠪᠢᠨ ᠪᠢᠴᠢᠭᠦᠯᠵᠦ ᠪᠣᠯᠣᠨ᠎ᠠ᠃ | ᠠᠷᠪᠠᠳᠤᠭᠠᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠬᠤ ᠳᠤ | ᠲᠡᠭᠦᠨ ᠤ ᠴᠢᠬᠤᠯᠠ ᠴᠢᠨᠠᠷ᠂ ᠬᠠᠤᠯᠢ ᠶᠣᠰᠣᠴᠢ ᠴᠢᠨᠠᠷ᠂ ᠵᠦᠢ ᠵᠣᠬᠢᠰᠲᠤ ᠴᠢᠨᠠᠷ ᠲᠤ ᠨᠤᠲᠠᠯᠠᠯᠲᠠ ᠬᠢᠵᠦ᠂ | ᠰᠢᠢᠳᠪᠦᠷᠢᠯᠡᠬᠦ ᠴᠢᠬᠤᠯᠠ ᠲᠠᠢ ᠠᠰᠠᠭᠤᠳᠠᠯ ᠪᠠ ᠲᠣᠭᠲᠠᠭᠠᠬᠤ ᠪᠠᠷ ᠪᠠᠶᠢᠭ᠎ᠠ ᠭᠤᠣᠯ ᠳᠦᠷᠢᠮ᠂ ᠭᠤᠣᠯ ᠠᠷᠭ᠎ᠠ | ᠬᠡᠮᠵᠢᠶ᠎ᠡ ᠵᠢᠴᠢ ᠵᠢᠱᠢᠭᠰᠡᠨ ᠦᠷ᠎ᠡ ᠳ᠋ᠦᠩ ᠳᠤ ᠦᠨᠡᠯᠡᠨ ᠵᠢᠱᠢᠯᠲᠡ ᠬᠢᠬᠦ ᠬᠡᠷᠡᠭᠲᠡᠢ᠃ | ᠠᠷᠪᠠᠨ ᠨᠢᠭᠡᠳᠦᠭᠡᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠲᠤᠭᠤᠷᠪᠢᠬᠤ ᠳᠤ᠂ ᠴᠢᠬᠤᠯᠠ ᠶᠡᠭᠡ ᠣᠯᠠᠨ ᠨᠡᠶᠢᠲᠡ ᠶᠢᠨ ᠠᠰᠢᠭ ᠲᠤᠰᠠ ᠪᠤᠶᠤ ᠨᠡᠶᠢᠭᠡᠮ ᠨᠡᠶᠢᠲᠡ ᠶᠢᠨ ᠠᠮᠢ | ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠨᠡᠶᠢᠭᠡᠮ ᠤᠨ ᠲᠣᠭᠲᠠᠭᠤᠨ᠂ ᠣᠯᠠᠨ ᠨᠡᠶᠢᠲᠡ ᠶᠢᠨ ᠠᠮᠤᠷ | ᠲᠦᠪᠰᠢᠨ ᠤ ᠲᠦᠭᠰᠢᠭᠦᠷᠢ ᠶᠢ ᠡᠭᠦᠰᠬᠡᠵᠦ ᠮᠡᠳᠡᠬᠦ ᠳᠤ ᠭᠦᠷᠪᠡᠯ᠂ ᠲᠦᠭᠰᠢᠭᠦᠷᠢ ᠶᠢᠨ ᠦᠨᠡᠯᠡᠨ ᠵᠢᠱᠢᠯᠲᠡ ᠬᠢᠬᠦ | ᠬᠡᠷᠡᠭᠲᠡᠢ᠃ | ᠠᠷᠪᠠᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠲᠤᠭᠤᠷᠪᠢᠬᠤ ᠳᠤ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠪᠠ ᠪᠤᠴᠠᠭᠠᠨ ᠭᠠᠷᠭᠠᠬᠤ᠂ ᠠᠵᠤ | ᠦᠢᠯᠡᠰ ᠤᠨ ᠬᠥᠭᠵᠢᠯᠲᠡ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠡᠵᠡᠩᠨᠡᠯᠲᠡ ᠶᠢᠨ ᠠᠵᠢᠯᠯᠠᠭᠠᠨ ᠤ | ᠵᠢᠷᠤᠮᠵᠢᠯ᠂ ᠬᠢᠷᠢ ᠴᠢᠳᠠᠮᠵᠢ ᠶᠢᠨ ᠪᠠᠷᠢᠮᠵᠢᠶ᠎ᠠ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠤ ᠠᠬᠤᠢ ᠶᠢᠨ | ᠠᠵᠢᠯᠯᠠᠭ᠎ᠠ ᠳᠤ ᠬᠤᠯᠪᠣᠭᠳᠠᠭᠰᠠᠨ ᠪᠠᠶᠢᠪᠠᠯ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠬᠢᠬᠦ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠲᠤᠭᠤᠷᠪᠢᠬᠤ ᠳᠤ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠰᠠᠨᠠᠯ ᠢ | ᠥᠷᠭᠡᠨ ᠢᠶᠠᠷ ᠬᠤᠷᠢᠶᠠᠬᠤ ᠬᠡᠷᠡᠭᠲᠡᠢ᠂ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠ ᠲᠠᠢ ᠨᠢ ᠡᠭᠦᠨ ᠳᠤ | ᠪᠠᠭᠲᠠᠬᠤ ᠦᠭᠡᠢ᠃ | ᠰᠠᠨᠠᠯ ᠬᠤᠷᠢᠶᠠᠬᠤ ᠳᠤ ᠪᠠᠨ ᠨᠡᠶᠢᠭᠡᠮ ᠨᠡᠶᠢᠲᠡ ᠳᠤ ᠲᠥᠰᠥᠯ ᠢ ᠢᠯᠡ ᠨᠡᠶᠢᠲᠡᠯᠡᠬᠦ᠂ ᠪᠢᠴᠢᠭ ᠤᠨ ᠬᠡᠯᠪᠡᠷᠢ ᠪᠠᠷ | ᠰᠠᠨᠠᠯ ᠬᠤᠷᠢᠶᠠᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ᠂ ᠰᠠᠭᠤᠳᠠᠯ ᠤᠨ ᠬᠤᠷᠠᠯ᠂ ᠭᠡᠷᠡᠴᠢᠯᠡᠭᠡ | ᠰᠣᠨᠣᠰᠬᠤ ᠬᠤᠷᠠᠯ ᠬᠢᠬᠦ ᠪᠠ ᠲᠤᠬᠠᠢ ᠶᠢᠨ ᠭᠠᠵᠠᠷ ᠲᠤ ᠨᠢ ᠬᠦᠷᠴᠦ ᠰᠤᠷᠪᠤᠯᠵᠢᠯᠠᠬᠤ ᠵᠡᠷᠭᠡ ᠬᠡᠯᠪᠡᠷᠢ ᠶᠢ ᠠᠪᠴᠤ | ᠪᠣᠯᠣᠨ᠎ᠠ᠃ | ᠨᠡᠶᠢᠭᠡᠮ ᠨᠡᠶᠢᠲᠡ ᠳᠤ ᠲᠥᠰᠥᠯ ᠢᠶᠠᠨ ᠢᠯᠡ ᠨᠡᠶᠢᠲᠡᠯᠡᠬᠦ ᠳᠤ ᠪᠠᠨ ᠵᠠᠰᠠᠭ ᠤᠨ ᠣᠷᠳᠣᠨ ᠤ ᠰᠦᠯᠵᠢᠶᠡᠨ | ᠦᠷᠳᠡᠭᠡ ᠪᠠᠷ ᠪᠤᠶᠤ ᠤᠯᠠᠨ ᠨᠡᠶᠢᠲᠡ ᠶᠢᠨ ᠣᠶᠢᠯᠠᠭᠠᠨ ᠮᠡᠳᠡᠬᠦ ᠳᠤ ᠠᠰᠢᠭᠲᠠᠢ ᠪᠤᠰᠤᠳ ᠠᠷᠭ᠎ᠠ ᠮᠠᠶ᠋ᠢᠭ ᠢᠶᠠᠷ ᠢᠯᠡ | ᠨᠡᠶᠢᠲᠡᠯᠡᠬᠦ ᠬᠡᠷᠡᠭᠲᠡᠢ᠂ ᠰᠠᠨᠠᠯ ᠬᠤᠷᠢᠶᠠᠬᠤ ᠬᠤᠭᠤᠴᠠᠭ᠎ᠠ ᠶᠢ ᠠᠷᠪᠠᠨ ᠲᠠᠪᠤᠨ ᠡᠳᠦᠷ ᠠᠴᠠ ᠳᠤᠲᠠᠭᠤ ᠪᠠᠶᠢᠯᠭᠠᠵᠤ | ᠪᠣᠯᠬᠤ ᠦᠭᠡᠢ᠃ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠬᠦ | ᠲᠣᠭᠲᠠᠭᠠᠯ ᠢ ᠵᠢᠷᠤᠮᠯᠠᠨ᠎ᠠ᠃ | ᠠᠷᠪᠠᠨ ᠳᠥᠷᠪᠡᠳᠦᠭᠡᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠲᠤᠭᠤᠷᠪᠢᠬᠤ ᠳᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠳᠤ ᠬᠤᠯᠪᠣᠭᠳᠠᠭᠰᠠᠨ ᠪᠠᠶᠢᠪᠠᠯ᠂ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠶᠢᠨ ᠬᠠᠮᠲᠤ ᠵᠥᠪᠳᠡᠯᠴᠡᠨ ᠰᠠᠨᠠᠯ ᠨᠢᠭᠡᠳᠬᠦ ᠬᠡᠷᠡᠭᠲᠡᠢ᠃ | ᠵᠥᠪᠳᠡᠯᠴᠡᠭᠡᠳ ᠰᠠᠨᠠᠯ ᠨᠢᠭᠡᠳᠴᠦ ᠴᠢᠳᠠᠭᠰᠠᠨ ᠦᠭᠡᠢ ᠪᠠᠶᠢᠪᠠᠯ ᠰᠢᠢᠳᠪᠦᠷᠢᠯᠡᠬᠦ ᠡᠷᠬᠡ ᠲᠠᠢ ᠠᠷᠠᠳ ᠤᠨ ᠵᠠᠰᠠᠭ ᠤᠨ | ᠣᠷᠳᠣᠨ ᠳᠤ ᠳᠡᠪᠰᠢᠭᠦᠯᠦᠨ ᠮᠡᠳᠡᠭᠦᠯᠵᠦ ᠲᠣᠭᠲᠠᠭᠠᠯᠭᠠᠨ᠎ᠠ᠃ | ᠠᠷᠪᠠᠨ ᠲᠠᠪᠤᠳᠤᠭᠠᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠲᠤᠭᠤᠷᠪᠢᠬᠤ ᠳᠤ᠂ ᠣᠨᠴᠠ ᠲᠣᠭᠲᠠᠭᠰᠠᠨ ᠬᠥᠮᠥᠰ ᠤᠨ ᠠᠰᠢᠭ ᠲᠤᠰᠠ ᠳᠤ ᠬᠤᠯᠪᠣᠭᠳᠠᠭᠰᠠᠨ ᠪᠠᠶᠢᠪᠠᠯ᠂ | ᠲᠤᠭᠤᠷᠪᠢᠬᠤ ᠨᠢᠭᠡᠴᠢ ᠨᠢ ᠬᠠᠮᠢᠶ᠎ᠠ ᠪᠦᠬᠦᠢ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠵᠡᠷᠭᠡ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠠᠨᠠᠯ ᠪᠠ ᠰᠠᠨᠠᠭᠤᠯᠭ᠎ᠠ ᠶᠢ ᠭᠦᠢᠴᠡᠳ ᠬᠦᠯᠢᠶᠡᠨ ᠠᠪᠴᠤ ᠰᠣᠨᠣᠰᠬᠤ | ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠲᠤᠭᠤᠷᠪᠢᠬᠤ ᠳᠤ ᠲᠤᠰᠬᠠᠢ ᠮᠡᠷᠭᠡᠵᠢᠯ ᠤᠨ ᠴᠢᠨᠠᠷ ᠢᠶᠠᠷ ᠴᠢᠩᠭ᠎ᠠ ᠪᠤᠶᠤ ᠬᠤᠯᠪᠣᠭᠳᠠᠬᠤ ᠬᠡᠪᠴᠢᠶ᠎ᠡ ᠪᠠᠷ ᠥᠷᠭᠡᠨ᠂ | ᠨᠡᠯᠢᠶᠡᠳ ᠬᠦᠴᠢᠷᠲᠡᠢ ᠪᠠᠶᠢᠪᠠᠯ᠂ ᠬᠠᠮᠢᠶ᠎ᠠ ᠪᠦᠬᠦᠢ ᠬᠦᠷᠢᠶᠡᠨ ᠤ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠵᠤ | ᠨᠤᠲᠠᠯᠠᠯᠲᠠ ᠬᠢᠯᠭᠡᠬᠦ ᠬᠡᠷᠡᠭᠲᠡᠢ᠃ ᠨᠤᠲᠠᠯᠠᠯᠲᠠ ᠶᠢᠨ ᠦᠷ᠎ᠡ ᠳ᠋ᠦᠩ ᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ᠢ ᠲᠤᠭᠤᠷᠪᠢᠭᠰᠠᠨ ᠲᠣᠳᠣᠷᠬᠠᠶᠢᠯᠠᠯᠲᠠ ᠳᠤ ᠪᠠᠨ ᠲᠣᠳᠣᠷᠬᠠᠶᠢᠯᠠᠨ ᠲᠡᠮᠳᠡᠭᠯᠡᠬᠦ ᠬᠡᠷᠡᠭᠲᠡᠢ᠃ | ᠠᠷᠪᠠᠨ ᠳᠣᠯᠣᠳᠤᠭᠠᠷ ᠵᠦᠢᠯ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠵᠠᠰᠠᠭ ᠵᠠᠬᠢᠷᠭᠠᠨ ᠤ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠬᠤ ᠳᠤ ᠪᠠᠨ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ | ᠬᠡᠷᠡᠭᠲᠡᠢ᠄ | ︵ᠨᠢᠭᠡ︶ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠠᠮᠢ | ᠪᠡᠶ᠎ᠡ ᠶᠢᠨ ᠠᠰᠢᠭ ᠲᠤᠰᠠ ᠳᠤ ᠨᠡᠯᠢᠶᠡᠳ ᠶᠡᠭᠡ ᠨᠥᠯᠥᠭᠡ ᠲᠠᠢ ᠪᠤᠶᠤ ᠰᠠᠨᠠᠯ ᠨᠢ ᠬᠡᠴᠡᠭᠦᠦ ᠶᠡᠭᠡ ᠵᠥᠷᠢᠯᠳᠦᠭᠡᠨ ᠲᠠᠢ | ᠪᠠᠶᠢᠬᠤ ; | ︵ᠬᠤᠶᠠᠷ︶ ᠲᠤᠭᠤᠷᠪᠢᠬᠤ ᠨᠢᠭᠡᠴᠢ ᠨᠢ ᠦᠨᠡᠨ ᠬᠦ ᠴᠢᠬᠤᠯᠠ ᠲᠠᠢ ᠭᠡᠵᠦ ᠦᠵᠡᠭᠰᠡᠨ ; | ︵ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠳᠤ ᠲᠣᠭᠲᠠᠭᠠᠭᠰᠠᠨ ᠭᠡᠷᠡᠴᠢᠯᠡᠭᠡ | ᠰᠣᠨᠣᠰᠬᠤ ᠬᠤᠷᠠᠯ ᠬᠤᠷᠠᠯᠳᠤᠭᠤᠯᠬᠤ ᠴᠢᠬᠤᠯᠠ ᠲᠠᠢ ᠪᠤᠰᠤᠳ ᠪᠠᠶᠢᠳᠠᠯ᠃ | ᠠᠷᠪᠠᠨ ᠨᠠᠢᠮᠠᠳᠤᠭᠠᠷ ᠵᠦᠢᠯ ᠲᠤᠭᠤᠷᠪᠢᠬᠤ ᠨᠢᠭᠡᠴᠢ ᠭᠡᠷᠡᠴᠢᠯᠡᠭᠡ ᠰᠣᠨᠣᠰᠬᠤ ᠬᠤᠷᠠᠯ ᠢ | ᠬᠤᠷᠠᠯᠳᠤᠭᠤᠯᠬᠤ ᠳᠤ ᠪᠠᠨ ᠳᠣᠣᠷᠠᠬᠢ ᠳᠡᠰ ᠳᠠᠷᠠᠭᠠᠯᠠᠯ ᠤᠨ ᠶᠣᠰᠣᠭᠠᠷ ᠵᠣᠬᠢᠶᠠᠨ ᠪᠠᠶᠢᠭᠤᠯᠬᠤ ᠬᠡᠷᠡᠭᠲᠡᠢ᠄ | ︵ᠨᠢᠭᠡ︶ ᠭᠡᠷᠡᠴᠢᠯᠡᠭᠡ ᠰᠣᠨᠣᠰᠬᠤ ᠬᠤᠷᠠᠯ ᠢ ᠬᠤᠷᠠᠯᠳᠤᠭᠤᠯᠬᠤ ᠠᠴᠠ ᠡᠮᠦᠨ᠎ᠡ ᠲᠤᠯᠤᠭᠠᠨ ᠠᠵᠢᠯᠯᠠᠬᠤ | ᠡᠳᠦᠷ ᠲᠤ᠂ ᠭᠡᠷᠡᠴᠢᠯᠡᠭᠡ ᠰᠣᠨᠣᠰᠬᠤ ᠴᠠᠭ᠂ ᠭᠠᠵᠠᠷ᠂ ᠠᠭᠤᠯᠭ᠎ᠠ ᠶᠢ ᠢᠯᠡ ᠨᠡᠶᠢᠲᠡᠯᠡᠨ᠎ᠡ ; | ︵ᠬᠤᠶᠠᠷ︶ ᠢᠯᠡ ᠪᠠᠶᠢᠯᠭᠠᠬᠤ᠂ ᠲᠥᠪ ᠭᠤᠣᠯᠴᠢ᠂ ᠲᠥᠪ ᠴᠢᠬᠡᠴᠢ ᠪᠠᠶᠢᠬᠤ ᠵᠠᠷᠴᠢᠮ ᠶᠣᠰᠣᠭᠠᠷ ᠭᠡᠷᠡᠴᠢᠯᠡᠭᠡ | ᠰᠣᠨᠣᠰᠬᠤ ᠳᠤ ᠣᠷᠣᠯᠴᠠᠭᠰᠠᠳ ᠢ ᠲᠣᠭᠲᠠᠭᠠᠨ᠎ᠠ᠂ ᠭᠡᠷᠡᠴᠢᠯᠡᠭᠡ ᠰᠣᠨᠣᠰᠬᠤ ᠳᠤ ᠣᠷᠣᠯᠴᠠᠭᠰᠠᠳ ᠲᠤ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠬᠠᠷᠢᠴᠠᠩᠭᠤᠢ ᠬᠥᠮᠥᠨ᠂ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ᠂ ᠬᠠᠮᠢᠶ᠎ᠠ | ᠪᠦᠬᠦᠢ ᠬᠦᠷᠢᠶᠡᠨ ᠤ ᠲᠤᠰᠬᠠᠢ ᠮᠡᠷᠭᠡᠵᠢᠯᠲᠡᠨ ᠡᠷᠳᠡᠮᠲᠡᠨ ᠵᠢᠴᠢ ᠲᠤᠭᠤᠷᠪᠢᠬᠤ ᠨᠢᠭᠡᠴᠢ ᠠᠴᠠ ᠣᠷᠣᠯᠴᠠᠬᠤ | ᠴᠢᠬᠤᠯᠠ ᠲᠠᠢ ᠭᠡᠵᠦ ᠦᠵᠡᠭᠰᠡᠨ ᠪᠤᠰᠤᠳ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠪᠠ ᠠᠷᠠᠳ ᠢᠷᠭᠡᠨ ᠢ | ᠪᠠᠭᠲᠠᠭᠠᠬᠤ ᠬᠡᠷᠡᠭᠲᠡᠢ ; | ︵ᠭᠤᠷᠪᠠ︶ ᠭᠡᠷᠡᠴᠢᠯᠡᠭᠡ ᠰᠣᠨᠣᠰᠬᠤ ᠬᠤᠷᠠᠯ ᠬᠢᠬᠦ ᠦᠶ᠎ᠡ ᠳᠤ᠂ ᠲᠤᠭᠤᠷᠪᠢᠬᠤ ᠨᠢᠭᠡᠴᠢ ᠨᠢ ᠵᠠᠰᠠᠭ | ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠲᠥᠰᠥᠯ ᠤᠨ ᠲᠤᠬᠠᠢ ᠲᠣᠳᠣᠷᠬᠠᠶᠢᠯᠠᠯᠲᠠ ᠬᠢᠵᠦ᠂ | ᠭᠡᠷᠡᠴᠢᠯᠡᠭᠡ ᠰᠣᠨᠣᠰᠬᠤ ᠳᠤ ᠣᠷᠣᠯᠴᠠᠭᠰᠠᠳ ᠰᠠᠨᠠᠯ ᠪᠠ ᠰᠠᠨᠠᠭᠤᠯᠭ᠎ᠠ ᠳᠤᠷᠠᠳᠴᠤ ᠪᠣᠯᠣᠨ᠎ᠠ ; | ︵ᠳᠥᠷᠪᠡ︶ ᠭᠡᠷᠡᠴᠢᠯᠡᠭᠡ ᠰᠣᠨᠣᠰᠬᠤ ᠬᠤᠷᠠᠯ ᠳᠤ ᠲᠡᠮᠳᠡᠭᠯᠡᠯ ᠬᠢᠬᠦ ᠬᠡᠷᠡᠭᠲᠡᠢ᠂ ᠭᠡᠷᠡᠴᠢᠯᠡᠭᠡ ᠰᠤᠨᠤᠰᠬᠤ | ᠬᠤᠷᠠᠯ ᠤᠨ ᠲᠡᠮᠳᠡᠭᠯᠡᠯ ᠢ ᠭᠡᠷᠡᠴᠢᠯᠡᠭᠡ ᠰᠣᠨᠣᠰᠬᠤ ᠳᠤ ᠣᠷᠣᠯᠴᠠᠭᠰᠠᠳ ᠲᠤ ᠲᠤᠰᠢᠶᠠᠵᠤ ᠲᠠᠰᠢᠶ᠎ᠡ ᠪᠤᠷᠤᠭᠤ ᠵᠦᠢᠯ | ᠦᠭᠡᠢ ᠶᠢ ᠨᠤᠲᠠᠯᠠᠭᠤᠯᠤᠭᠰᠠᠨ ᠤ ᠲᠠᠷᠠᠭ᠎ᠠ ᠭᠠᠷ ᠤᠨ ᠦᠰᠦᠭ ᠵᠢᠷᠤᠭᠤᠯᠬᠤ ᠪᠤᠶᠤ ᠲᠠᠮᠠᠭ᠎ᠠ ᠳᠠᠷᠤᠭᠤᠯᠬᠤ ᠬᠡᠷᠡᠭᠲᠡᠢ᠃ | | ᠲᠤᠭᠤᠷᠪᠢᠬᠤ ᠨᠢᠭᠡᠴᠢ ᠨᠢ ᠭᠡᠷᠡᠴᠢᠯᠡᠭᠡ ᠰᠣᠨᠣᠰᠬᠤ ᠳᠤ ᠣᠷᠣᠯᠴᠠᠭᠰᠠᠳ ᠤᠨ ᠳᠤᠷᠠᠳᠤᠭᠰᠠᠨ ᠵᠦᠢ ᠵᠣᠬᠢᠰᠲᠠᠢ | ᠰᠠᠨᠠᠯ ᠪᠠ ᠰᠠᠨᠠᠭᠤᠯᠭ᠎ᠠ ᠶᠢ ᠭᠥᠯᠢᠶᠡᠨ ᠠᠪᠬᠤ ᠶᠢᠨ ᠬᠠᠮᠲᠤ ᠭᠡᠷᠡᠴᠢᠯᠡᠭᠡ ᠰᠣᠨᠣᠰᠬᠤ ᠳᠤ ᠣᠷᠣᠯᠴᠠᠭᠰᠠᠳ ᠲᠤ | ᠰᠠᠨᠠᠯ ᠢ ᠭᠥᠯᠢᠶᠡᠨ ᠠᠪᠤᠭᠰᠠᠨ ᠪᠠᠶᠢᠳᠠᠯ ᠢᠶᠠᠨ ᠬᠠᠷᠢᠭᠤ ᠲᠤᠰᠬᠠᠬᠤ ᠬᠡᠷᠡᠭᠲᠡᠢ᠃ | ᠠᠷᠪᠠ ᠶᠢᠰᠦᠳᠦᠭᠡᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠳᠣᠣᠷᠠᠬᠢ | ᠵᠦᠢᠯᠡᠰ ᠢ ᠲᠣᠭᠲᠠᠭᠠᠵᠤ ᠪᠣᠯᠬᠤ ᠦᠭᠡᠢ᠄ | ︵ᠨᠢᠭᠡ︶ ᠬᠠᠤᠯᠢ ᠴᠠᠭᠠᠵᠠ ᠬᠠᠤᠯᠢ ᠲᠣᠭᠲᠠᠭᠠᠯ ᠤᠨ ᠦᠨᠳᠦᠰᠦᠯᠡᠯ ᠦᠭᠡᠢ ᠪᠠᠷ ᠲᠤᠰ ᠨᠢᠭᠡᠴᠢ ᠶᠢᠨ ᠢᠶᠠᠨ | ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠨᠡᠮᠡᠭᠳᠡᠭᠦᠯᠬᠦ ᠪᠤᠶᠤ ᠬᠠᠤᠯᠢ ᠪᠠᠷ ᠲᠣᠭᠲᠠᠭᠠᠭᠰᠠᠨ ᠡᠭᠦᠷᠭᠡ | ᠬᠠᠷᠢᠭᠤᠴᠠᠯᠭ᠎ᠠ ᠪᠠᠨ ᠪᠠᠭᠠᠰᠬᠠᠬᠤ ; | ︵ᠬᠤᠶᠠᠷ︶ ᠬᠠᠤᠯᠢ ᠴᠠᠭᠠᠵᠠ ᠬᠠᠤᠯᠢ ᠲᠣᠭᠲᠠᠭᠠᠯ ᠤᠨ ᠦᠨᠳᠦᠰᠦᠯᠡᠯ ᠦᠭᠡᠢ ᠪᠠᠷ ᠠᠷᠠᠳ ᠢᠷᠭᠡᠨ᠂ | ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠰᠤᠵᠤ | ᠬᠤᠬᠢᠷᠠᠭᠤᠯᠬᠤ ᠪᠤᠶᠤ ᠲᠡᠳᠡᠨᠡᠷ ᠤᠨ ᠡᠭᠦᠷᠭᠡ ᠶᠢ ᠨᠡᠮᠡᠭᠳᠡᠭᠦᠯᠬᠦ ; | ︵ᠭᠤᠷᠪᠠ︶ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ᠂ ᠵᠠᠰᠠᠭ | ᠵᠠᠬᠢᠷᠭᠠᠨ ᠤ ᠠᠯᠪᠠᠳᠠᠯᠭ᠎ᠠ ᠵᠡᠷᠭᠡ ᠵᠦᠢᠯᠡᠰ ᠢ ᠲᠣᠭᠲᠠᠭᠠᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ | ᠭᠦᠢᠴᠡᠳᠬᠡᠬᠦ ᠨᠥᠬᠦᠴᠡᠯ ᠢ ᠨᠡᠮᠡᠭᠳᠡᠭᠦᠯᠬᠦ ; | ︵ᠳᠥᠷᠪᠡ︶ ᠭᠡᠷᠡᠴᠢᠯᠡᠭᠡ ᠶᠢᠨ ᠵᠦᠢᠯᠡᠰ ᠢ ᠲᠣᠭᠲᠠᠭᠠᠬᠤ ; | ︵ᠲᠠᠪᠤ︶ ᠭᠤᠣᠯᠴᠢ ᠪᠠᠷ ᠥᠷᠢᠰᠦᠯᠳᠦᠬᠦ ᠶᠢ ᠭᠠᠳᠠᠭᠤᠷᠴᠢᠯᠠᠬᠤ ᠪᠤᠶᠤ ᠬᠢᠵᠠᠭᠠᠷᠯᠠᠬᠤ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠭᠠᠷ ᠲᠦᠷᠦᠭᠦ ᠪᠤᠶᠤ ᠲᠡᠭᠦᠨ ᠢ | ᠨᠥᠯᠥᠭᠡᠯᠡᠬᠦ ᠶᠢ ᠪᠠᠭᠲᠠᠭᠠᠭᠰᠠᠨ ᠠᠷᠭ᠎ᠠ ᠬᠡᠮᠵᠢᠶ᠎ᠡ ᠶᠢ ᠬᠠᠤᠯᠢ ᠠᠴᠠ ᠵᠥᠷᠢᠴᠡᠨ ᠲᠣᠭᠲᠠᠭᠠᠬᠤ ; | ︵ᠵᠢᠷᠭᠤᠭ᠎ᠠ︶ ᠵᠠᠬ᠎ᠠ ᠳᠡᠯᠭᠡᠭᠦᠷ ᠠᠴᠠ ᠲᠣᠬᠢᠷᠠᠭᠤᠯᠬᠤ᠂ ᠠᠵᠤ ᠠᠬᠤᠶᠢᠯᠠᠯ ᠪᠠ ᠨᠡᠶᠢᠭᠡᠮ ᠥᠪᠡᠷ ᠢ ᠪᠠᠨ | ᠱᠠᠭᠠᠷᠳᠠᠬᠤ᠂ ᠠᠷᠠᠳ ᠢᠷᠭᠡᠨ ᠥᠪᠡᠷ ᠢ ᠪᠠᠨ ᠬᠠᠮᠢᠶᠠᠷᠬᠤ ᠶᠣᠰᠣᠲᠠᠢ ᠵᠦᠢᠯᠡᠰ ᠢ ᠡᠷᠬᠡ ᠲᠤᠰᠢᠶᠠᠯ ᠠᠴᠠ ᠪᠠᠨ | ᠳᠠᠪᠠᠭᠤᠯᠵᠤ ᠲᠣᠭᠲᠠᠭᠠᠬᠤ ; | ︵ᠳᠣᠯᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠵᠢᠴᠢ ᠳᠡᠭᠡᠳᠦ ᠱᠠᠲᠤᠨ ᠤ | ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠲᠣᠭᠲᠠᠭᠠᠬᠤ ᠶᠣᠰᠣᠲᠠᠢ ᠪᠤᠰᠤᠳ ᠵᠦᠢᠯᠡᠰ᠃ | | ᠭᠤᠷᠪᠠᠳᠤᠭᠠᠷ ᠪᠦᠯᠦᠭ ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠤᠯᠲᠠ | ᠬᠤᠷᠢᠳᠤᠭᠠᠷ ᠵᠦᠢᠯ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠢ ᠪᠣᠯ ᠲᠤᠭᠤᠷᠪᠢᠭᠰᠠᠨ ᠨᠢᠭᠡᠴᠢ ᠶᠢᠨ ᠬᠠᠤᠯᠢ ᠳᠦᠷᠢᠮ ᠤᠨ ᠪᠠᠶᠢᠭᠤᠯᠤᠮᠵᠢ ᠠᠴᠠ ᠬᠠᠤᠯᠢ ᠶᠣᠰᠣᠴᠢ | ᠴᠢᠨᠠᠷ ᠢ ᠨᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠲᠣᠭᠲᠠᠭᠠᠭᠰᠠᠨ ᠬᠢᠨᠠᠨ ᠬᠠᠷᠭᠤᠭᠤᠯᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠳᠤ ᠮᠡᠳᠡᠭᠦᠯᠵᠦ ᠬᠠᠤᠯᠢ ᠶᠣᠰᠣᠴᠢ | ᠴᠢᠨᠠᠷ ᠤᠨ ᠬᠢᠨᠠᠨ ᠬᠠᠷᠭᠤᠭᠤᠯᠤᠯᠲᠠ ᠬᠢᠯᠭᠡᠬᠦ ᠬᠡᠷᠡᠭᠲᠡᠢ᠃ | ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠨᠢ ᠬᠢᠨᠠᠨ ᠬᠠᠷᠭᠤᠭᠤᠯᠬᠤ ᠪᠠᠶᠢᠭᠤᠯᠤᠮᠵᠢ ᠪᠤᠶᠤ ᠬᠢᠨᠠᠨ ᠬᠠᠷᠭᠤᠭᠤᠯᠬᠤ ᠠᠵᠢᠯᠲᠠᠨ ᠢ ᠲᠣᠳᠣᠷᠬᠠᠶᠢᠯᠠᠭᠰᠠᠨ | ᠦᠭᠡᠢ ᠪᠣᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠬᠢᠨᠠᠨ | ᠬᠠᠷᠭᠤᠭᠤᠯᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠪᠠᠷ ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠤᠯᠲᠠ | ᠬᠢᠯᠭᠡᠨ᠎ᠡ᠃ | ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠪᠣᠯ ᠲᠤᠰ | ᠨᠢᠭᠡᠴᠢ ᠶᠢᠨ ᠢᠶᠠᠨ ᠬᠠᠤᠯᠢ ᠳᠦᠷᠢᠮ ᠤᠨ ᠪᠠᠶᠢᠭᠤᠯᠤᠮᠵᠢ ᠪᠠᠷ ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠤᠯᠲᠠ | ᠬᠢᠯᠭᠡᠬᠦ ᠬᠡᠷᠡᠭᠲᠡᠢ᠃ | ᠬᠤᠷᠢᠨ ᠨᠢᠭᠡᠳᠦᠭᠡᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠬᠠᠤᠯᠢ | ᠶᠣᠰᠣᠴᠢ ᠴᠢᠨᠠᠷ ᠤᠨ ᠬᠢᠨᠠᠨ ᠬᠠᠷᠭᠤᠭᠤᠯᠤᠯᠲᠠ ᠬᠢᠯᠭᠡᠬᠦ ᠳᠤ ᠪᠠᠨ᠂ ᠳᠣᠣᠷᠠᠬᠢ ᠮᠠᠲ᠋ᠧᠷᠢᠶᠠᠯ ᠤᠳ ᠢ ᠬᠠᠩᠭᠠᠬᠤ | ᠬᠡᠷᠡᠭᠲᠡᠢ᠄ | ︵ᠨᠢᠭᠡ︶ ᠲᠥᠰᠥᠯ ᠤᠨ ᠬᠢᠨᠠᠭᠤᠯᠬᠤ ᠨᠣᠣᠷᠠᠭ᠂ ᠲᠤᠭᠤᠷᠪᠢᠭᠰᠠᠨ ᠲᠣᠳᠣᠷᠬᠠᠶᠢᠯᠠᠯᠲᠠ ᠪᠠ ᠲᠣᠭᠲᠠᠭᠠᠭᠰᠠᠨ | ᠦᠨᠳᠦᠰᠦᠯᠡᠯ ; | ︵ᠬᠤᠶᠠᠷ︶ ᠰᠠᠨᠠᠯ ᠬᠤᠷᠢᠶᠠᠭᠰᠠᠨ ᠵᠢᠴᠢ ᠰᠠᠨᠠᠯ ᠢ ᠬᠦᠯᠢᠶᠡᠨ ᠠᠪᠤᠭᠰᠠᠨ ᠪᠠᠶᠢᠳᠠᠯ ; | ︵ᠭᠤᠷᠪᠠ︶ ᠲᠦᠭᠰᠢᠭᠦᠷᠢ ᠶᠢ ᠦᠨᠡᠯᠡᠨ ᠵᠢᠱᠢᠭᠰᠡᠨ᠂ ᠭᠤᠣᠯᠴᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠭᠰᠠᠨ | ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠤᠭᠰᠠᠨ᠂ ᠭᠡᠷᠡᠴᠢᠯᠡᠭᠡ ᠰᠣᠨᠣᠰᠤᠭᠰᠠᠨ ᠪᠠᠶᠢᠬᠤ ᠪᠥᠭᠡᠳ ᠬᠠᠮᠢᠶ᠎ᠠ ᠪᠦᠬᠦᠢ | ᠮᠠᠲ᠋ᠧᠷᠢᠶᠠᠯ ᠢᠶᠠᠨ ᠬᠠᠩᠭᠠᠬᠤ ᠬᠡᠷᠡᠭᠲᠡᠢ᠃ | ᠬᠤᠷᠢᠨ ᠬᠤᠶᠠᠳᠤᠭᠠᠷ ᠵᠦᠢᠯ ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠤᠯᠲᠠ ᠶᠢᠨ ᠠᠭᠤᠯᠭ᠎ᠠ ᠳᠤ | ᠳᠣᠣᠷᠠᠬᠢ ᠵᠦᠢᠯᠡᠰ ᠪᠠᠭᠲᠠᠨ᠎ᠠ᠄ | ︵ᠨᠢᠭᠡ︶ ᠲᠣᠭᠲᠠᠭᠠᠭᠰᠠᠨ ᠪᠠᠶᠢᠭᠤᠯᠭ᠎ᠠ ᠶᠢᠨ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠠᠴᠠ ᠨᠢ | ᠳᠠᠪᠠᠭᠰᠠᠨ ᠡᠰᠡᠬᠦ ; | ︵ᠬᠤᠶᠠᠷ︶ ᠲᠣᠭᠲᠠᠭᠠᠭᠰᠠᠨ ᠠᠭᠤᠯᠭ᠎ᠠ ᠨᠢ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ | ᠵᠢᠴᠢ ᠳᠡᠭᠡᠳᠦ ᠱᠠᠲᠤᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠤᠯᠪᠣᠭᠳᠠᠯ | ᠪᠦᠬᠦᠢ ᠲᠣᠭᠲᠠᠭᠠᠯ ᠳᠤ ᠨᠡᠶᠢᠴᠡᠬᠦ ᠡᠰᠡᠬᠦ︔ | ︵ᠭᠤᠷᠪᠠ︶ ᠲᠣᠭᠲᠠᠭᠠᠭᠰᠠᠨ ᠶᠠᠪᠤᠴᠠ ᠨᠢ ᠬᠠᠤᠯᠢ ᠪᠠᠷ ᠲᠣᠭᠲᠠᠭᠠᠭᠰᠠᠨ ᠲᠡᠰ ᠳᠠᠷᠠᠭᠠᠯᠠᠯ ᠳᠤ ᠨᠡᠶᠢᠴᠡᠬᠦ ᠡᠰᠡᠬᠦ | ; | ︵ᠳᠥᠷᠪᠡ︶ ᠪᠢᠴᠢᠭ ᠮᠠᠲ᠋ᠧᠷᠢᠶᠠᠯ ᠤᠨ ᠬᠡᠯᠪᠡᠷᠢ ᠨᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠡᠰᠡᠬᠦ ; | | ︵ᠲᠠᠪᠤ︶ ᠬᠠᠤᠯᠢ ᠶᠣᠰᠣᠭᠠᠷ ᠬᠢᠨᠠᠨ ᠬᠠᠷᠭᠤᠭᠤᠯᠬᠤ ᠴᠢᠬᠤᠯᠠᠲᠠᠢ ᠪᠤᠰᠤᠳ ᠠᠭᠤᠯᠭ᠎ᠠ᠃ | ᠬᠤᠷᠢᠨ ᠭᠤᠷᠪᠠᠳᠤᠭᠠᠷ ᠵᠦᠢᠯ ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠤᠯᠲᠠ ᠨᠢ ᠡᠩ ᠤᠨ | ᠪᠠᠶᠢᠳᠠᠯ ᠳᠤ ᠪᠢᠴᠢᠭ ᠤᠨ ᠬᠡᠯᠪᠡᠷᠢ ᠪᠠᠷ ᠬᠢᠨᠠᠨ ᠬᠠᠷᠭᠤᠭᠤᠯᠬᠤ ᠠᠷᠭ᠎ᠠ ᠮᠠᠶ᠋ᠢᠭ ᠢ ᠬᠡᠷᠡᠭᠯᠡᠨ᠎ᠡ᠃ ᠨᠥᠯᠥᠭᠡᠯᠡᠬᠦ | ᠬᠡᠪᠴᠢᠶ᠎ᠡ ᠪᠠᠷ ᠥᠷᠭᠡᠨ᠂ ᠪᠠᠶᠢᠳᠠᠯ ᠨᠢ ᠪᠤᠳᠤᠯᠢᠶᠠᠨᠲᠠᠢ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠪᠠᠷ ᠥᠨᠳᠥᠷ ᠵᠠᠰᠠᠭ | ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠬᠦᠴᠢᠷ ᠲᠦᠪᠡᠭᠲᠡᠢ ᠬᠠᠤᠯᠢ ᠴᠠᠭᠠᠵᠠ ᠶᠢᠨ | ᠠᠰᠠᠭᠤᠳᠠᠯ ᠲᠣᠬᠢᠶᠠᠯᠳᠤᠪᠠᠯ᠂ ᠪᠢᠴᠢᠭ ᠤᠨ ᠬᠡᠯᠪᠡᠷᠢ ᠪᠠᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ᠂ ᠰᠠᠭᠤᠳᠠᠯ ᠤᠨ | ᠬᠤᠷᠠᠯ᠂ ᠨᠤᠲᠠᠯᠠᠯᠲᠠ ᠶᠢᠨ ᠬᠤᠷᠠᠯ ᠬᠤᠷᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠬᠤᠯᠪᠣᠭᠳᠠᠯ ᠪᠦᠬᠦᠢ | ᠲᠠᠯ᠎ᠠ ᠶᠢᠨ ᠬᠢᠨ ᠤ ᠰᠠᠨᠠᠯ ᠢ ᠰᠣᠨᠣᠰᠴᠤ ᠪᠣᠯᠣᠨ᠎ᠠ᠃ | ᠬᠤᠷᠢᠨ ᠳᠥᠷᠪᠡᠳᠦᠭᠡᠷ ᠵᠦᠢᠯ ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠤᠯᠲᠠ ᠬᠢᠬᠦ ᠳᠤ ᠪᠢᠴᠢᠭ ᠤᠨ | ᠬᠡᠯᠪᠡᠷᠢ ᠪᠠᠷ ᠬᠢᠨᠠᠨ ᠬᠠᠷᠭᠤᠭᠤᠯᠤᠭᠰᠠᠨ ᠰᠠᠨᠠᠯ ᠭᠠᠷᠭᠠᠬᠤ ᠬᠡᠷᠡᠭᠲᠡᠢ᠃ ᠭᠡᠨᠡᠳᠲᠡ ᠶᠢᠨ ᠬᠡᠷᠡᠭ ᠢ ᠤᠷᠢᠳᠴᠢᠯᠠᠨ | ᠰᠡᠷᠭᠡᠶᠢᠯᠡᠬᠦ᠂ ᠠᠷᠭᠠᠴᠠᠭᠠᠬᠤ ᠪᠠ ᠰᠢᠢᠳᠪᠦᠷᠢᠯᠡᠬᠦ᠂ ᠡᠰᠡᠬᠦᠯ᠎ᠡ ᠳᠡᠭᠡᠳᠦ ᠱᠠᠲᠤᠨ ᠤ ᠪᠠᠶᠢᠭᠤᠯᠭ᠎ᠠ ᠶᠢᠨ ᠪᠠᠴᠢᠮ ᠵᠠᠷᠯᠢᠭ | ᠪᠠ ᠲᠣᠭᠲᠠᠭᠠᠯ ᠢ ᠬᠡᠷᠡᠭᠵᠢᠭᠦᠯᠬᠦ ᠠᠴᠠ ᠪᠣᠯᠵᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠲᠡᠷᠡ ᠳᠠᠷᠤᠢ ᠳᠤ ᠨᠢ ᠲᠣᠭᠲᠠᠭᠠᠨ ᠬᠡᠷᠡᠭᠵᠢᠭᠦᠯᠬᠦ ᠴᠢᠬᠤᠯᠠᠲᠠᠢ ᠵᠡᠷᠭᠡ ᠪᠠᠶᠢᠳᠠᠯ ᠠᠴᠠ ᠭᠠᠳᠠᠨ᠎ᠠ᠂ ᠬᠢᠨᠠᠨ | ᠬᠠᠷᠭᠤᠭᠤᠯᠬᠤ ᠴᠠᠭ ᠬᠤᠭᠤᠴᠠᠭ᠎ᠠ ᠶᠢ ᠡᠩ ᠤᠨ ᠪᠠᠶᠢᠳᠠᠯ ᠳᠤ ᠲᠠᠪᠤᠨ ᠠᠵᠢᠯᠯᠠᠬᠤ ᠡᠳᠦᠷ ᠠᠴᠠ ᠳᠤᠲᠠᠭᠤ | ᠪᠠᠶᠢᠯᠭᠠᠵᠤ ᠪᠣᠯᠬᠤ ᠦᠭᠡᠢ᠂ ᠬᠠᠮᠤᠭ ᠤᠨ ᠤᠷᠳᠤ ᠳᠤ ᠪᠠᠨ ᠠᠷᠪᠠᠨ ᠲᠠᠪᠤᠨ ᠠᠵᠢᠯᠯᠠᠬᠤ ᠡᠳᠦᠷ ᠠᠴᠠ ᠬᠡᠲᠦᠷᠡᠭᠦᠯᠵᠦ | ᠪᠣᠯᠬᠤ ᠦᠭᠡᠢ᠃ ᠬᠢᠨᠠᠨ ᠬᠠᠷᠭᠤᠭᠤᠯᠬᠤ ᠶᠠᠪᠤᠴᠠ ᠳᠠᠬᠢ ᠰᠠᠨᠠᠯ ᠬᠤᠷᠢᠶᠠᠬᠤ᠂ ᠲᠤᠰᠬᠠᠢ ᠮᠡᠷᠭᠡᠵᠢᠯᠲᠡᠨ ᠨᠤᠲᠠᠯᠠᠯᠲᠠ | ᠬᠢᠬᠦ ᠵᠡᠷᠭᠡ ᠴᠠᠭ ᠬᠤᠭᠤᠴᠠᠭ᠎ᠠ ᠶᠢ ᠡᠭᠦᠨ ᠳᠤ ᠪᠤᠳᠤᠵᠤ ᠣᠷᠣᠭᠤᠯᠬᠤ ᠦᠭᠡᠢ᠃ | ᠬᠤᠷᠢᠨ ᠲᠠᠪᠤᠳᠤᠭᠠᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠬᠠᠤᠯᠢ | ᠶᠣᠰᠣᠴᠢ ᠴᠢᠨᠠᠷ ᠤᠨ ᠬᠢᠨᠠᠨ ᠬᠠᠷᠭᠤᠭᠤᠯᠤᠯᠲᠠ ᠬᠢᠭᠰᠡᠨ ᠦᠭᠡᠢ ᠪᠤᠶᠤ ᠬᠢᠨᠠᠨ ᠬᠠᠷᠭᠤᠭᠤᠯᠤᠭᠠᠳ ᠬᠠᠤᠯᠢ | ᠶᠣᠰᠣᠨ ᠳᠤ ᠥᠯᠥ ᠨᠡᠶᠢᠴᠡᠪᠡᠯ᠂ ᠬᠠᠮᠲᠤ ᠪᠠᠷ ᠶᠠᠷᠢᠯᠴᠠᠭᠤᠯᠬᠤ ᠪᠠᠷ ᠳᠡᠪᠰᠢᠭᠦᠯᠵᠦ ᠪᠣᠯᠬᠤ ᠦᠭᠡᠢ᠃ | ᠬᠤᠷᠢᠨ ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠠᠮᠲᠤ ᠪᠠᠷ | ᠶᠠᠷᠢᠯᠴᠠᠭᠰᠠᠨ ᠤ ᠳᠠᠷᠠᠭ᠎ᠠ ᠠᠭᠤᠯᠭ᠎ᠠ ᠳᠤ ᠨᠢ ᠨᠡᠯᠢᠶᠡᠳ ᠶᠡᠭᠡ ᠬᠤᠪᠢᠷᠠᠯᠲᠠ ᠲᠠᠢ ᠪᠠᠶᠢᠪᠠᠯ᠂ ᠳᠠᠬᠢᠨᠲᠠ ᠬᠠᠤᠯᠢ | ᠶᠣᠰᠣᠴᠢ ᠴᠢᠨᠠᠷ ᠤᠨ ᠬᠢᠨᠠᠨ ᠬᠠᠷᠭᠤᠭᠤᠯᠤᠯᠲᠠ ᠶᠢ ᠬᠢᠬᠦ ᠬᠡᠷᠡᠭᠲᠡᠢ᠃ | ᠳᠥᠷᠪᠡᠳᠦᠭᠡᠷ ᠪᠦᠯᠦᠭ ᠬᠠᠮᠲᠤ ᠪᠠᠷ ᠶᠠᠷᠢᠯᠴᠠᠬᠤ ᠪᠠ ᠢᠯᠡ ᠨᠡᠶᠢᠲᠡᠯᠡᠬᠦ | ᠬᠤᠷᠢᠨ ᠳᠣᠯᠣᠳᠤᠭᠠᠷ ᠵᠦᠢᠯ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠢ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠶᠠᠷᠢᠯᠴᠠᠨ ᠲᠣᠭᠲᠠᠭᠠᠬᠤ ᠬᠡᠷᠡᠭᠲᠡᠢ ; ᠰᠠᠯᠠᠭ᠎ᠠ | ᠮᠥᠴᠢᠷ ᠤᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠰᠠᠯᠠᠭ᠎ᠠ ᠮᠥᠴᠢᠷ ᠤᠨ ᠠᠯᠪᠠᠨ | ᠠᠵᠢᠯ ᠤᠨ ᠬᠤᠷᠠᠯ ᠢᠶᠠᠷ ᠶᠠᠷᠢᠯᠴᠠᠨ ᠲᠣᠭᠲᠠᠭᠠᠬᠤ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠠᠮᠲᠤ ᠪᠠᠷ | ᠶᠠᠷᠢᠯᠴᠠᠨ ᠲᠣᠭᠲᠠᠭᠠᠭᠰᠠᠨ ᠤ ᠲᠠᠷᠠᠭ᠎ᠠ᠂ ᠲᠣᠭᠲᠠᠭᠠᠭᠰᠠᠨ ᠪᠠᠶᠢᠭᠤᠯᠭ᠎ᠠ ᠶᠢᠨ ᠭᠤᠣᠯ ᠬᠠᠷᠢᠭᠤᠴᠠᠯᠭᠠᠲᠠᠨ ᠪᠤᠶᠤ | ᠲᠡᠭᠦᠨ ᠤ ᠬᠠᠤᠯᠢ ᠶᠣᠰᠣᠭᠠᠷ ᠡᠷᠬᠡ ᠣᠯᠭᠤᠭᠰᠠᠨ ᠬᠠᠷᠢᠭᠤᠴᠠᠯᠭᠠᠲᠠᠨ ᠠᠴᠠ ᠭᠠᠷ ᠤᠨ ᠥᠰᠥᠭ ᠵᠢᠷᠤᠵᠤ | ᠶᠠᠪᠤᠭᠤᠯᠤᠨ᠎ᠠ᠃ | ᠬᠤᠷᠢ ᠶᠢᠰᠦᠳᠦᠭᠡᠷ ᠵᠦᠢᠯ ᠲᠣᠭᠲᠠᠭᠠᠬᠤ ᠪᠠᠶᠢᠭᠤᠯᠭ᠎ᠠ ᠨᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ᠢ ᠨᠢᠭᠡᠳᠦᠯᠲᠡᠢ ᠳᠡᠩᠰᠡᠯᠡᠨ ᠲᠡᠮᠳᠡᠭᠯᠡᠬᠦ᠂ ᠨᠢᠭᠡᠳᠦᠯᠲᠡᠢ ᠨᠤᠮᠧᠷ ᠬᠠᠳᠠᠬᠤ ᠪᠠ ᠨᠢᠭᠡᠳᠦᠯᠲᠡᠢ | ᠳᠠᠷᠤᠮᠠᠯᠯᠠᠨ ᠶᠠᠪᠤᠭᠤᠯᠬᠤ ᠶᠢ ᠬᠡᠷᠡᠭᠵᠢᠭᠦᠯᠬᠦ ᠬᠡᠷᠡᠭᠲᠡᠢ᠃ ᠬᠤᠯᠪᠤᠭᠠᠯᠠᠨ ᠲᠣᠭᠲᠠᠭᠠᠭᠰᠠᠨ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠭᠤᠣᠯᠴᠢᠯᠠᠨ ᠡᠷᠭᠢᠯᠡᠬᠦ ᠪᠠᠶᠢᠭᠤᠯᠭ᠎ᠠ ᠠᠴᠠ ᠨᠤᠮᠧᠷ ᠬᠠᠳᠠᠨ᠎ᠠ᠃ | ᠭᠤᠴᠢᠳᠤᠭᠠᠷ ᠵᠦᠢᠯ ᠲᠣᠭᠲᠠᠭᠠᠬᠤ ᠪᠠᠶᠢᠭᠤᠯᠭ᠎ᠠ ᠨᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠢ ᠭᠠᠷ ᠤᠨ ᠥᠰᠥᠭ ᠵᠢᠷᠤᠵᠤ ᠶᠠᠪᠤᠭᠤᠯᠤᠭᠰᠠᠨ ᠡᠳᠦᠷ ᠠᠴᠠ ᠡᠬᠢᠯᠡᠨ ᠬᠤᠷᠢᠨ ᠠᠵᠢᠯᠯᠠᠬᠤ ᠡᠳᠦᠷ ᠤᠨ | ᠳᠣᠲᠣᠷ᠎ᠠ ᠵᠠᠰᠠᠭ ᠤᠨ ᠣᠷᠳᠣᠨ ᠤ ᠠᠯᠪᠠᠨ ᠮᠡᠳᠡᠭᠡ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠤᠶᠤ | ᠪᠤᠰᠤᠳ ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠵᠠᠭᠤᠴᠢᠯᠠᠭᠤᠷ᠂ ᠰᠣᠨᠢᠨ ᠮᠡᠳᠡᠭᠡ ᠨᠡᠶᠢᠲᠡᠯᠡᠬᠦ ᠬᠤᠷᠠᠯ | ᠵᠢᠴᠢ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠢᠯᠡ | ᠨᠡᠶᠢᠲᠡᠯᠡᠬᠦ ᠬᠡᠷᠡᠭᠲᠡᠢ᠃ | ᠢᠯᠡ ᠨᠡᠶᠢᠲᠡᠯᠡᠭᠰᠡᠨ ᠦᠭᠡᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢᠶᠠᠷ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦᠯᠡᠯ ᠪᠣᠯᠭᠠᠵᠤ ᠪᠣᠯᠬᠤ ᠦᠭᠡᠢ᠂ ᠬᠠᠤᠯᠢ ᠶᠣᠰᠣᠭᠠᠷ ᠨᠢᠭᠤᠴᠠ ᠶᠢ | ᠬᠠᠮᠠᠭᠠᠯᠠᠬᠤ ᠴᠢᠬᠤᠯᠠᠲᠠᠢ ᠨᠢ ᠡᠭᠦᠨ ᠳᠤ ᠪᠠᠭᠲᠠᠬᠤ ᠦᠭᠡᠢ᠃ | ᠭᠤᠴᠢᠨ ᠨᠢᠭᠡᠳᠦᠭᠡᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠠᠤᠯᠢ ᠪᠠᠷ | ᠲᠣᠭᠲᠠᠭᠠᠭᠰᠠᠨ ᠵᠢᠷᠤᠮ ᠶᠣᠰᠣᠭᠠᠷ ᠲᠣᠭᠲᠠᠭᠠᠬᠤ ᠬᠡᠷᠡᠭᠲᠡᠢ᠃ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠭᠡᠶᠢᠯᠡᠬᠦ᠂ | ᠠᠷᠭᠠᠴᠠᠭᠠᠬᠤ ᠪᠠ ᠰᠢᠢᠳᠪᠦᠷᠢᠯᠡᠬᠦ᠂ ᠡᠰᠡᠬᠦᠯ᠎ᠡ ᠳᠡᠭᠡᠳᠦ ᠱᠠᠲᠤᠨ ᠤ ᠪᠠᠶᠢᠭᠤᠯᠭ᠎ᠠ ᠶᠢᠨ ᠪᠠᠴᠢᠮ ᠵᠠᠷᠯᠢᠭ ᠪᠠ | ᠲᠣᠭᠲᠠᠭᠠᠯ ᠢ ᠬᠡᠷᠡᠭᠵᠢᠭᠦᠯᠬᠦ ᠠᠴᠠ ᠪᠣᠯᠵᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠲᠡᠷᠡ ᠳᠠᠷᠤᠢ ᠳᠤ ᠨᠢ ᠨᠡᠶᠢᠲᠡᠯᠡᠨ ᠬᠡᠷᠡᠭᠵᠢᠭᠦᠯᠬᠦ ᠴᠢᠬᠤᠯᠠᠲᠠᠢ ᠪᠠᠶᠢᠪᠠᠯ᠂ ᠲᠣᠭᠲᠠᠭᠠᠭᠰᠠᠨ ᠪᠠᠶᠢᠭᠤᠯᠭ᠎ᠠ ᠶᠢᠨ ᠭᠤᠣᠯ | ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ᠂ ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠤᠯᠲᠠ ᠬᠢᠬᠦ ᠪᠠ | ᠬᠠᠮᠲᠤ ᠪᠠᠷ ᠶᠠᠷᠢᠯᠴᠠᠬᠤ ᠠᠴᠠ ᠪᠤᠰᠤᠳ ᠳᠡᠰ ᠳᠠᠷᠠᠭᠠᠯᠠᠯ ᠢ ᠨᠢ ᠳᠥᠭᠦᠮᠴᠢᠯᠡᠵᠦ ᠪᠣᠯᠣᠨ᠎ᠠ᠃ | ᠭᠤᠴᠢᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ | ᠲᠠᠶᠢᠯᠪᠤᠷᠢᠯᠠᠬᠤ ᠡᠷᠬᠡ ᠨᠢ ᠲᠣᠭᠲᠠᠭᠠᠭᠰᠠᠨ ᠪᠠᠶᠢᠭᠤᠯᠭ᠎ᠠ ᠳᠤ ᠬᠠᠷᠢᠶᠠᠯᠠᠭᠳᠠᠨ᠎ᠠ᠃ ᠲᠣᠭᠲᠠᠭᠠᠭᠰᠠᠨ ᠪᠠᠶᠢᠭᠤᠯᠭ᠎ᠠ | ᠪᠤᠶᠤ ᠲᠤᠭᠤᠷᠪᠢᠭᠰᠠᠨ ᠨᠢᠭᠡᠴᠢ ᠠᠴᠠ ᠲᠠᠶᠢᠯᠪᠤᠷᠢᠯᠠᠯᠲᠠ ᠶᠢᠨ ᠲᠥᠰᠥᠯ ᠢ ᠲᠤᠭᠤᠷᠪᠢᠨ ᠲᠣᠭᠲᠠᠭᠠᠬᠤ ᠳᠤ ᠪᠠᠨ᠂ | ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠲᠣᠰ ᠠᠷᠭ᠎ᠠ ᠳᠠᠬᠢ ᠲᠣᠭᠲᠠᠭᠠᠯ ᠶᠣᠰᠣᠭᠠᠷ | ᠢᠯᠡ ᠨᠡᠶᠢᠲᠡᠯᠡᠨ᠎ᠡ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠲᠠᠶᠢᠯᠪᠤᠷᠢᠯᠠᠯᠲᠠ ᠨᠢ | ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠠᠢ ᠠᠳᠠᠯᠢᠬᠠᠨ ᠬᠦᠴᠦᠨ ᠲᠠᠢ᠃ | ᠲᠠᠪᠤᠳᠤᠭᠠᠷ ᠪᠦᠯᠦᠭ ᠪᠦᠷᠢᠳᠬᠡᠨ ᠳᠠᠩᠰᠠᠯᠠᠭᠤᠯᠬᠤ ᠪᠠ ᠬᠢᠨᠠᠯᠲᠠ ᠲᠠᠯᠪᠢᠬᠤ | ᠭᠤᠴᠢᠨ ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠡ | ᠨᠡᠶᠢᠲᠡᠯᠡᠭᠰᠡᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ᠂ ᠲᠣᠭᠲᠠᠭᠠᠭᠰᠠᠨ ᠪᠠᠶᠢᠭᠤᠯᠭ᠎ᠠ ᠠᠴᠠ | ᠳᠣᠣᠷᠠᠬᠢ ᠲᠣᠭᠲᠠᠭᠠᠯ ᠶᠣᠰᠣᠭᠠᠷ ᠪᠦᠷᠢᠳᠬᠡᠨ ᠳᠠᠩᠰᠠᠯᠠᠭᠤᠯᠬᠤ ᠬᠡᠷᠡᠭᠲᠡᠢ᠄ | ︵ᠨᠢᠭᠡ︶ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠵᠦ ᠪᠦᠷᠢᠳᠬᠡᠨ | ᠳᠠᠩᠰᠠᠯᠠᠭᠤᠯᠤᠨ᠎ᠠ︔ | ︵ᠬᠤᠶᠠᠷ︶ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠤᠯᠢ | ᠶᠣᠰᠣᠭᠠᠷ ᠪᠠᠶᠢᠭᠤᠯᠤᠭᠰᠠᠨ ᠲᠣᠮᠢᠯᠠᠭᠰᠠᠨ ᠪᠠᠶᠢᠭᠤᠯᠭ᠎ᠠ ᠶᠢᠨ ᠲᠣᠭᠲᠠᠭᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠢ ᠲᠣᠰ ᠲᠣᠮᠢᠯᠠᠭᠰᠠᠨ ᠪᠠᠶᠢᠭᠤᠯᠭ᠎ᠠ ᠶᠢ ᠪᠠᠶᠢᠭᠤᠯᠤᠭᠰᠠᠨ ᠠᠷᠠᠳ ᠤᠨ ᠵᠠᠰᠠᠭ ᠤᠨ | ᠣᠷᠳᠣᠨ ᠳᠤ ᠮᠡᠳᠡᠭᠦᠯᠦᠨ ᠬᠦᠷᠭᠡᠵᠦ ᠪᠦᠷᠢᠳᠬᠡᠨ ᠳᠠᠩᠰᠠᠯᠠᠭᠤᠯᠤᠨ᠎ᠠ︔ | ︵ᠭᠤᠷᠪᠠ︶ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠵᠦ ᠪᠦᠷᠢᠳᠬᠡᠨ ᠳᠠᠩᠰᠠᠯᠠᠭᠤᠯᠤᠨ᠎ᠠ︔ | ︵ᠳᠥᠷᠪᠡ︶ ᠤᠯᠤᠰ ᠠᠴᠠ ᠡᠭᠴᠡ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠰᠠᠯᠠᠭ᠎ᠠ ᠮᠥᠴᠢᠷ ᠤᠨ | ᠲᠣᠭᠲᠠᠭᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠡᠭᠡᠷ᠎ᠡ ᠨᠢᠭᠡ ᠱᠠᠲᠤᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠪᠦᠷᠢᠳᠬᠡᠨ ᠳᠠᠩᠰᠠᠯᠠᠭᠤᠯᠬᠤ ᠶᠢᠨ ᠬᠠᠮᠲᠤ | ᠲᠣᠭᠲᠠᠭᠠᠭᠰᠠᠨ ᠪᠠᠶᠢᠭᠤᠯᠭ᠎ᠠ ᠶᠢᠨ ᠪᠠᠶᠢᠭ᠎ᠠ ᠭᠠᠵᠠᠷ ᠤᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ | ᠬᠠᠭᠤᠯᠤᠨ ᠬᠦᠷᠭᠡᠨ᠎ᠡ᠃ | ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠠᠳᠠᠯᠢ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠭᠦᠯᠦᠨ ᠬᠦᠷᠭᠡᠵᠦ ᠪᠦᠷᠢᠳᠬᠡᠨ | ᠳᠠᠩᠰᠠᠯᠠᠭᠤᠯᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠠᠰᠠᠭ | ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠪᠦᠷᠢᠳᠬᠡᠨ ᠳᠠᠩᠰᠠᠯᠠᠭᠤᠯᠬᠤ ᠲᠤᠬᠠᠢ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠭᠤᠴᠢᠨ ᠳᠥᠷᠪᠡᠳᠦᠭᠡᠷ ᠵᠦᠢᠯ ᠲᠣᠭᠲᠠᠭᠠᠭᠰᠠᠨ ᠪᠠᠶᠢᠭᠤᠯᠭ᠎ᠠ ᠨᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ᠤᠨ ᠪᠦᠷᠢᠳᠬᠡᠨ ᠳᠠᠩᠰᠠᠯᠠᠭᠤᠯᠬᠤ ᠮᠡᠳᠡᠭᠦᠯᠦᠯᠲᠡ᠂ ᠵᠢᠩᠬᠢᠨᠢ ᠪᠢᠴᠢᠭ ᠬᠠᠷ᠎ᠠ᠂ ᠲᠤᠭᠤᠷᠪᠢᠭᠰᠠᠨ | ᠲᠣᠳᠣᠷᠬᠠᠶᠢᠯᠠᠯᠲᠠ᠂ ᠦᠨᠳᠦᠰᠦᠯᠡᠯ᠂ ᠰᠠᠨᠠᠯ ᠬᠤᠷᠢᠶᠠᠭᠰᠠᠨ ᠬᠠᠮᠢᠶ᠎ᠠ ᠪᠦᠬᠦᠢ ᠮᠠᠲ᠋ᠧᠷᠢᠶᠠᠯ᠂ ᠬᠠᠤᠯᠢ ᠶᠣᠰᠣᠴᠢ | ᠴᠢᠨᠠᠷ ᠢ ᠬᠢᠨᠠᠨ ᠬᠠᠷᠭᠤᠭᠤᠯᠤᠭᠰᠠᠨ ᠰᠠᠨᠠᠯ ᠵᠡᠷᠭᠡ ᠪᠦᠷᠢᠳᠬᠡᠨ ᠳᠠᠩᠰᠠᠯᠠᠭᠤᠯᠬᠤ ᠮᠠᠲ᠋ᠧᠷᠢᠶᠠᠯ ᠤᠨ ᠡᠯᠧᠺᠳ᠋ᠷᠣᠨ | ᠪᠢᠴᠢᠭ ᠬᠠᠷ᠎ᠠ ᠶᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠪᠦᠷᠢᠳᠬᠡᠨ | ᠳᠠᠩᠰᠠᠯᠠᠭᠤᠯᠬᠤ ᠬᠠᠮᠢᠶᠠᠷᠤᠯᠲᠠ ᠶᠢᠨ ᠰᠢᠰᠲ᠋ᠧᠮ ᠢᠶᠠᠷ ᠳᠠᠮᠵᠢᠭᠤᠯᠤᠨ ᠮᠡᠳᠡᠭᠦᠯᠬᠦ ᠬᠡᠷᠡᠭᠲᠡᠢ᠃ | ᠭᠤᠴᠢᠨ ᠲᠠᠪᠤᠳᠤᠭᠠᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠲᠤᠭᠤᠷᠪᠢᠭᠰᠠᠨ ᠲᠣᠳᠣᠷᠬᠠᠶᠢᠯᠠᠯᠲᠠ ᠳᠤ ᠳᠣᠣᠷᠠᠬᠢ ᠠᠭᠤᠯᠭ᠎ᠠ ᠶᠢ ᠪᠠᠭᠲᠠᠭᠠᠬᠤ ᠬᠡᠷᠡᠭᠲᠡᠢ᠄ | ︵ᠨᠢᠭᠡ︶ ᠲᠣᠭᠲᠠᠭᠠᠭᠰᠠᠨ ᠵᠣᠷᠢᠯᠭ᠎ᠠ᠂ ᠴᠢᠬᠤᠯᠠ ᠴᠢᠨᠠᠷ᠂ ᠪᠣᠯᠣᠮᠵᠢᠲᠤ ᠴᠢᠨᠠᠷ ; | ︵ᠬᠤᠶᠠᠷ︶ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠭᠰᠠᠨ ᠭᠤᠣᠯ | ᠦᠨᠳᠦᠰᠦᠯᠡᠯ︔ | ︵ᠭᠤᠷᠪᠠ︶ ᠲᠤᠭᠤᠷᠪᠢᠭᠰᠠᠨ ᠶᠠᠪᠤᠴᠠ᠂ ᠰᠠᠨᠠᠯ ᠬᠤᠷᠢᠶᠠᠭᠰᠠᠨ ᠪᠠᠶᠢᠳᠠᠯ᠂ ᠬᠠᠮᠲᠤ ᠪᠠᠷ ᠶᠠᠷᠢᠯᠴᠠᠨ | ᠲᠣᠭᠲᠠᠭᠠᠭᠰᠠᠨ ᠪᠠᠶᠢᠳᠠᠯ︔ | ︵ᠳᠥᠷᠪᠡ︶ ᠰᠢᠢᠳᠪᠦᠷᠢᠯᠡᠭᠰᠡᠨ ᠭᠤᠣᠯ ᠠᠰᠠᠭᠤᠳᠠᠯ᠂ ᠲᠣᠭᠲᠠᠭᠠᠭᠰᠠᠨ ᠭᠤᠣᠯ ᠳᠦᠷᠢᠮ ᠪᠠ ᠠᠷᠭ᠎ᠠ ᠬᠡᠮᠵᠢᠶ᠎ᠡ | ; | ︵ᠲᠠᠪᠤ︶ ᠲᠣᠳᠣᠷᠬᠠᠶᠢᠯᠠᠬᠤ ᠴᠢᠬᠤᠯᠠᠲᠠᠢ ᠪᠤᠰᠤᠳ ᠠᠰᠠᠭᠤᠳᠠᠯ᠃ | ᠭᠤᠴᠢᠨ ᠵᠢᠷᠭᠤᠳᠤᠭᠠᠷ ᠵᠦᠢᠯ ᠲᠣᠭᠲᠠᠭᠠᠭᠰᠠᠨ ᠪᠠᠶᠢᠭᠤᠯᠭ᠎ᠠ ᠨᠢ ᠵᠢᠯ ᠪᠦᠷᠢ ᠶᠢᠨ ᠨᠢᠭᠡᠳᠦᠭᠡᠷ ᠰᠠᠷ᠎ᠠ ᠶᠢᠨ | ᠰᠡᠭᠦᠯᠴᠢ ᠠᠴᠠ ᠡᠮᠦᠨ᠎ᠡ᠂ ᠳᠡᠭᠡᠷ᠎ᠡ ᠨᠢᠭᠡ ᠵᠢᠯ ᠤᠨ ᠲᠣᠭᠲᠠᠭᠠᠭᠰᠠᠨ᠂ ᠵᠠᠰᠠᠪᠤᠷᠢ ᠣᠷᠣᠭᠤᠯᠤᠭᠰᠠᠨ᠂ ᠬᠦᠴᠦᠨ | ᠦᠭᠡᠢ ᠪᠣᠯᠭᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ ᠢ ᠮᠡᠳᠡᠭᠦᠯᠦᠨ | ᠬᠦᠷᠭᠡᠵᠦ ᠪᠦᠷᠢᠳᠬᠡᠨ ᠳᠠᠩᠰᠠᠯᠠᠭᠤᠯᠬᠤ ᠬᠡᠷᠡᠭᠲᠡᠢ᠃ | ᠭᠤᠴᠢᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ︵ᠳᠣᠷᠣᠭᠰᠢ ᠪᠦᠷᠢᠳᠬᠡᠨ ᠳᠠᠩᠰᠠᠯᠠᠵᠤ | ᠬᠢᠨᠠᠨ ᠪᠠᠶᠢᠴᠠᠭᠠᠬᠤ ᠰᠠᠯᠠᠭ᠎ᠠ ᠮᠥᠴᠢᠷ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠨᠢ ᠵᠠᠰᠠᠭ ᠵᠠᠬᠢᠷᠭᠠᠨ ᠤ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠢ ᠪᠦᠷᠢᠳᠬᠡᠨ ᠲᠠᠩᠰᠠᠯᠠᠵᠤ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠵᠤ᠂ | ᠮᠡᠳᠡᠭᠦᠯᠦᠨ ᠬᠦᠷᠭᠡᠵᠦ ᠪᠦᠷᠢᠳᠬᠡᠨ ᠳᠠᠩᠰᠠᠯᠠᠭᠤᠯᠤᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠤᠨ ᠳᠣᠣᠷᠠᠬᠢ ᠵᠦᠢᠯᠡᠰ ᠤᠨ ᠲᠤᠬᠠᠢ ᠬᠢᠨᠠᠨ ᠪᠠᠶᠢᠴᠠᠭᠠᠯᠲᠠ ᠬᠢᠨ᠎ᠡ᠄ | ︵ᠨᠢᠭᠡ︶ ᠲᠣᠭᠲᠠᠭᠠᠭᠰᠠᠨ ᠪᠠᠶᠢᠭᠤᠯᠭ᠎ᠠ ᠶᠢᠨ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠠᠴᠠ ᠳᠠᠪᠠᠭᠰᠠᠨ | ᠡᠰᠡᠬᠦ ; | ︵ᠬᠤᠶᠠᠷ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠵᠢᠴᠢ ᠳᠡᠭᠡᠳᠦ ᠱᠠᠲᠤᠨ ᠤ | ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠯᠤᠭ᠎ᠠ ᠬᠠᠷᠢᠯᠴᠠᠨ ᠬᠠᠷᠰᠢᠯᠳᠤᠭᠰᠠᠨ ᠡᠰᠡᠬᠦ︔ | ︵ᠭᠤᠷᠪᠠ︶ ᠲᠤᠰ ᠠᠷᠭ᠎ᠠ ᠳᠤ ᠲᠣᠭᠲᠠᠭᠠᠭᠰᠠᠨ ᠲᠣᠭᠲᠠᠭᠠᠬᠤ ᠳᠡᠰ ᠳᠠᠷᠠᠭᠠᠯᠠᠯ ᠢ ᠵᠥᠷᠢᠴᠡᠭᠰᠡᠨ ᠡᠰᠡᠬᠦ︔ | ︵ᠳᠥᠷᠪᠡ︶ ᠬᠢᠨᠠᠨ ᠪᠠᠶᠢᠴᠠᠭᠠᠬᠤ ᠴᠢᠬᠤᠯᠠᠲᠠᠢ ᠪᠤᠰᠤᠳ ᠵᠦᠢᠯᠡᠰ᠃ | ᠭᠤᠴᠢᠨ ᠨᠠᠢᠮᠠᠳᠤᠭᠠᠷ ᠵᠦᠢᠯ ᠪᠦᠷᠢᠳᠬᠡᠨ ᠳᠠᠩᠰᠠᠯᠠᠵᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠨᠢ ᠪᠦᠷᠢᠳᠬᠡᠨ | ᠳᠠᠩᠰᠠᠯᠠᠭᠤᠯᠬᠤ ᠪᠠᠷ ᠮᠡᠳᠡᠭᠦᠯᠦᠨ ᠬᠦᠷᠭᠡᠭᠰᠡᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠲᠤᠰᠴᠤ ᠣᠯᠣᠭᠰᠠᠨ ᠠᠴᠠ ᠲᠠᠪᠤᠨ ᠠᠵᠢᠯᠯᠠᠬᠤ ᠡᠳᠦᠷ ᠤᠨ ᠳᠣᠲᠣᠷ᠎ᠠ ᠪᠦᠷᠢᠳᠬᠡᠨ ᠳᠠᠩᠰᠠᠯᠠᠵᠦ ᠲᠡᠮᠳᠡᠭᠯᠡᠬᠦ | ᠬᠡᠷᠡᠭᠲᠡᠢ᠃ | ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠬᠠᠷᠢᠶᠠᠯᠠᠭᠳᠠᠬᠤ ᠦᠭᠡᠢ᠂ ᠡᠰᠡᠬᠦᠯ᠎ᠡ | ᠲᠣᠰ ᠠᠷᠭ᠎ᠠ ᠶᠢᠨ ᠭᠤᠴᠢᠨ ᠭᠤᠷᠪᠠᠳᠤᠭᠠᠷ ᠵᠦᠢᠯ ᠤᠨ ᠲᠣᠭᠲᠠᠭᠠᠯ ᠳᠤ ᠨᠡᠶᠢᠴᠡᠬᠦ ᠦᠭᠡᠢ ᠪᠠᠶᠢᠪᠠᠯ᠂ ᠮᠠᠲ᠋ᠧᠷᠢᠶᠠᠯ ᠢ | ᠪᠤᠴᠠᠭᠠᠬᠤ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠢ᠃ | ᠲᠣᠰ ᠠᠷᠭ᠎ᠠ ᠶᠢᠨ ᠭᠤᠴᠢᠨ ᠳᠥᠷᠪᠡᠳᠦᠭᠡᠷ ᠵᠦᠢᠯ᠂ ᠭᠤᠴᠢᠨ ᠲᠠᠪᠤᠳᠤᠭᠠᠷ ᠵᠦᠢᠯ ᠤᠨ ᠲᠣᠭᠲᠠᠭᠠᠯ ᠳᠤ | ᠨᠡᠶᠢᠴᠡᠬᠦ ᠦᠭᠡᠢ ᠪᠠᠶᠢᠪᠠᠯ᠂ ᠲᠣᠭᠲᠠᠭᠠᠭᠰᠠᠨ ᠪᠠᠶᠢᠭᠤᠯᠭ᠎ᠠ ᠳᠤ ᠲᠠᠪᠤᠨ ᠠᠵᠢᠯᠯᠠᠬᠤ ᠡᠳᠦᠷ ᠤᠨ ᠳᠣᠲᠣᠷ᠎ᠠ | ᠮᠠᠲ᠋ᠧᠷᠢᠶᠠᠯ ᠢᠶᠠᠨ ᠨᠥᠬᠦᠪᠦᠷᠢᠯᠡᠵᠦ ᠵᠠᠯᠠᠷᠠᠭᠤᠯᠬᠤ ᠶᠢ ᠮᠡᠳᠡᠭᠳᠡᠵᠦ᠂ ᠨᠥᠬᠦᠪᠦᠷᠢᠯᠡᠵᠦ ᠵᠠᠯᠠᠷᠠᠭᠤᠯᠤᠭᠰᠠᠨ ᠤ ᠳᠠᠷᠠᠭ᠎ᠠ | ᠮᠥᠨ ᠬᠦ ᠲᠣᠭᠲᠠᠭᠠᠯ ᠳᠤ ᠨᠡᠶᠢᠴᠡᠬᠦ ᠦᠭᠡᠢ ᠪᠤᠶᠤ ᠬᠤᠭᠤᠴᠠᠭ᠎ᠠ ᠬᠡᠲᠦᠷᠡᠭᠡᠳ ᠨᠥᠬᠦᠪᠦᠷᠢᠯᠡᠵᠦ ᠵᠠᠯᠠᠷᠠᠭᠤᠯᠤᠭᠰᠠᠨ | ᠦᠭᠡᠢ ᠪᠣᠯ᠂ ᠪᠦᠷᠢᠳᠬᠡᠨ ᠳᠠᠩᠰᠠᠯᠠᠭᠤᠯᠤᠭᠰᠠᠨ ᠦᠭᠡᠢ ᠪᠠᠷ ᠦᠵᠡᠨ᠎ᠡ᠃ | ᠭᠤᠴᠢ ᠶᠢᠰᠦᠳᠦᠭᠡᠷ ᠵᠦᠢᠯ ᠪᠦᠷᠢᠳᠬᠡᠨ ᠳᠡᠩᠰᠡᠯᠡᠵᠦ ᠬᠢᠨᠠᠨ ᠪᠠᠶᠢᠴᠠᠭᠠᠬᠤ ᠰᠠᠯᠠᠭ᠎ᠠ ᠮᠥᠴᠢᠷ ᠨᠢ ᠵᠠᠰᠠᠭ | ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠳᠤ ᠪᠠᠨ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠠᠴᠠ ᠰᠠᠨᠠᠯ ᠳᠤᠷᠠᠳᠬᠤ ᠴᠢᠬᠤᠯᠠᠲᠠᠢ ᠭᠡᠵᠦ ᠦᠵᠡᠪᠡᠯ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢ ᠲᠣᠭᠲᠠᠭᠰᠠᠨ ᠬᠤᠭᠤᠴᠠᠭᠠᠨ ᠳᠣᠲᠣᠷ᠎ᠠ ᠬᠠᠷᠢᠭᠤ ᠥᠭᠬᠦ ᠬᠡᠷᠡᠭᠲᠡᠢ︔ ᠲᠣᠭᠲᠠᠭᠠᠭᠰᠠᠨ ᠪᠠᠶᠢᠭᠤᠯᠭ᠎ᠠ ᠪᠠᠷ | ᠪᠠᠶᠢᠳᠠᠯ ᠢ ᠨᠥᠬᠦᠪᠦᠷᠢᠯᠡᠨ ᠲᠣᠳᠣᠷᠬᠠᠶᠢᠯᠠᠭᠤᠯᠬᠤ ᠴᠢᠬᠤᠯᠠᠲᠠᠢ ᠪᠣᠯ᠂ ᠲᠣᠭᠲᠠᠭᠠᠭᠰᠠᠨ ᠪᠠᠶᠢᠭᠤᠯᠭ᠎ᠠ ᠨᠢ ᠲᠣᠭᠲᠠᠭᠰᠠᠨ | ᠬᠤᠭᠤᠴᠠᠭᠠᠨ ᠳᠣᠲᠣᠷ᠎ᠠ ᠲᠣᠳᠣᠷᠬᠠᠶᠢᠯᠠᠯᠲᠠ ᠬᠢᠬᠦ ᠬᠡᠷᠡᠭᠲᠡᠢ᠃ | ᠳᠥᠴᠢᠳᠦᠭᠡᠷ ᠵᠦᠢᠯ ᠪᠦᠷᠢᠳᠬᠡᠨ ᠳᠠᠩᠰᠠᠯᠠᠵᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠳᠤ ᠪᠠᠨ ᠣᠯᠵᠤ ᠮᠡᠳᠡᠭᠰᠡᠨ ᠠᠰᠠᠭᠤᠳᠠᠯ ᠢ | ᠳᠣᠣᠷᠠᠬᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠄ | ︵ᠨᠢᠭᠡ︶ ᠲᠣᠭᠲᠠᠭᠠᠭᠰᠠᠨ ᠪᠠᠶᠢᠭᠤᠯᠭ᠎ᠠ ᠶᠢᠨ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠠᠴᠠ ᠨᠢ | ᠳᠠᠪᠠᠭᠰᠠᠨ ᠪᠤᠶᠤ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ᠂ ᠳᠡᠭᠡᠳᠦ ᠱᠠᠲᠤᠨ ᠤ ᠵᠠᠰᠠᠭ | ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠯᠤᠭ᠎ᠠ ᠬᠠᠷᠢᠯᠴᠠᠨ ᠬᠠᠷᠰᠢᠯᠳᠤᠭᠰᠠᠨ ᠪᠠᠶᠢᠪᠠᠯ᠂ ᠵᠠᠰᠠᠭ | ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠭᠰᠠᠨ | ᠮᠡᠳᠡᠭᠳᠡᠯ ᠤᠨ ᠪᠢᠴᠢᠭ ᠲᠣᠭᠲᠠᠭᠠᠨ ᠪᠠᠭᠤᠯᠭᠠᠵᠤ ᠵᠠᠷᠯᠢᠭᠳᠠᠨ ᠵᠠᠯᠠᠷᠠᠭᠤᠯᠤᠭᠤᠯᠤᠨ᠎ᠠ︔ | ︵ᠬᠤᠶᠠᠷ︶ ᠲᠣᠰ ᠠᠷᠭ᠎ᠠ ᠳᠤ ᠲᠣᠭᠲᠠᠭᠠᠭᠰᠠᠨ ᠲᠣᠭᠲᠠᠭᠠᠬᠤ ᠳᠡᠰ ᠳᠠᠷᠠᠭᠠᠯᠠᠯ ᠠᠴᠠ ᠵᠥᠷᠢᠴᠡᠭᠰᠡᠨ ᠪᠠᠶᠢᠪᠠᠯ᠂ | ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠭᠰᠠᠨ | ᠮᠡᠳᠡᠭᠳᠡᠯ ᠤᠨ ᠪᠢᠴᠢᠭ ᠲᠣᠭᠲᠠᠭᠠᠨ ᠪᠠᠭᠤᠯᠭᠠᠵᠤ ᠵᠠᠷᠯᠢᠭᠳᠠᠵᠤ ᠪᠠᠶᠢᠭᠠᠳ ᠳᠡᠰ ᠳᠠᠷᠠᠭᠠᠯᠠᠯ ᠢ ᠨᠥᠬᠦᠪᠦᠷᠢᠯᠡᠵᠦ | ᠵᠠᠯᠠᠷᠠᠭᠤᠯᠤᠭᠰᠠᠨ ᠤ ᠳᠠᠷᠠᠭ᠎ᠠ ᠳᠠᠭᠢᠵᠤ ᠨᠡᠶᠢᠲᠡᠯᠡᠨ᠎ᠡ︔ | ︵ᠭᠤᠷᠪᠠ︶ ᠲᠣᠭᠲᠠᠭᠠᠭᠰᠠᠨ ᠦᠨᠳᠦᠰᠦᠯᠡᠯ ᠨᠢ ᠬᠤᠭᠤᠷᠣ ᠬᠤᠭᠤᠷᠣᠨᠳᠤ ᠪᠠᠨ ᠬᠠᠷᠢᠯᠴᠠᠨ ᠵᠥᠷᠢᠴᠡᠯᠳᠦᠵᠦ᠂ | ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠰᠢᠢᠳᠪᠦᠷᠢᠯᠡᠬᠦ ᠡᠷᠬᠡ ᠦᠭᠡᠢ ᠶᠢ ᠨᠢ ᠳᠡᠭᠡᠷ᠎ᠡ ᠨᠢᠭᠡ ᠱᠠᠲᠤᠨ ᠤ | ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠰᠢᠢᠳᠪᠦᠷᠢᠯᠡᠭᠦᠯᠦᠨ᠎ᠡ ; | ︵ᠳᠥᠷᠪᠡ︶ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠵᠠᠰᠠᠭ | ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠨᠢ ᠬᠤᠭᠤᠷᠣᠨᠳᠤ ᠪᠠᠨ ᠮᠥᠷᠭᠦᠯᠳᠦᠭᠡᠨ ᠲᠠᠢ ᠪᠣᠯ | ᠵᠣᠬᠢᠴᠠᠭᠤᠯᠵᠤ᠂ ᠵᠣᠬᠢᠴᠠᠭᠤᠯᠤᠭᠠᠳ ᠰᠠᠨᠠᠯ ᠨᠢᠭᠡᠳᠴᠦ ᠳᠡᠶᠢᠯᠬᠦ ᠦᠭᠡᠢ ᠪᠠᠶᠢᠪᠠᠯ᠂ ᠰᠢᠢᠳᠪᠦᠷᠢᠯᠡᠬᠦ ᠰᠠᠨᠠᠯ | ᠳᠤᠷᠠᠳᠴᠤ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠰᠢᠢᠳᠪᠦᠷᠢᠯᠡᠭᠦᠯᠦᠨ᠎ᠡ᠃ | ᠳᠥᠴᠢᠨ ᠨᠢᠭᠡᠳᠦᠭᠡᠷ ᠵᠦᠢᠯ ᠲᠣᠭᠲᠠᠭᠠᠭᠰᠠᠨ ᠪᠠᠶᠢᠭᠤᠯᠭ᠎ᠠ ᠨᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠭᠰᠠᠨ ᠮᠡᠳᠡᠭᠳᠡᠯ ᠤᠨ ᠪᠢᠴᠢᠭ ᠢ ᠣᠯᠣᠭᠰᠠᠨ ᠡᠳᠦᠷ ᠠᠴᠠ | ᠡᠬᠢᠯᠡᠨ ᠵᠢᠷᠠᠨ ᠡᠳᠦᠷ ᠤᠨ ᠳᠣᠲᠣᠷ᠎ᠠ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ | ᠵᠠᠰᠠᠪᠤᠷᠢ ᠣᠷᠣᠭᠤᠯᠬᠤ ᠪᠤᠶᠤ ᠬᠦᠴᠦᠨ ᠦᠭᠡᠢ ᠪᠣᠯᠭᠠᠬᠤ ᠶᠢᠨ ᠬᠠᠮᠲᠤ ᠵᠠᠰᠠᠪᠤᠷᠢ ᠣᠷᠣᠭᠤᠯᠬᠤ ᠪᠤᠶᠤ ᠬᠦᠴᠦᠨ | ᠦᠭᠡᠢ ᠪᠣᠯᠭᠠᠬᠤ ᠲᠣᠭᠲᠠᠭᠠᠯ ᠭᠠᠷᠭᠠᠭᠰᠠᠨ ᠡᠳᠦᠷ ᠠᠴᠠ ᠡᠬᠢᠯᠡᠨ ᠲᠤᠯᠤᠭᠠᠨ ᠠᠵᠢᠯᠯᠠᠬᠤ ᠡᠳᠦᠷ ᠤᠨ ᠳᠣᠲᠣᠷ᠎ᠠ | ᠪᠦᠷᠢᠳᠬᠡᠨ ᠳᠠᠩᠰᠠᠯᠠᠵᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠰᠢᠢᠳᠪᠦᠷᠢᠯᠡᠭᠰᠡᠨ ᠦᠷ᠎ᠡ ᠳ᠋ᠦᠩ ᠢᠶᠠᠨ | ᠪᠢᠴᠢᠭ ᠤᠨ ᠬᠡᠯᠪᠡᠷᠢ ᠪᠠᠷ ᠬᠠᠷᠢᠭᠤ ᠲᠤᠰᠬᠠᠬᠤ ᠬᠡᠷᠡᠭᠲᠡᠢ᠃ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ | ᠬᠠᠷᠢᠭᠤ ᠥᠭᠬᠦ ᠦᠭᠡᠢ ᠪᠤᠶᠤ ᠭᠦᠢᠴᠡᠳᠬᠡᠬᠦ ᠶᠢ ᠲᠡᠪᠴᠢᠪᠡᠯ᠂ ᠪᠦᠷᠢᠳᠬᠡᠨ ᠳᠠᠩᠰᠠᠯᠠᠵᠤ ᠬᠢᠨᠠᠨ ᠪᠠᠶᠢᠴᠠᠭᠠᠬᠤ | ᠰᠠᠯᠠᠭ᠎ᠠ ᠮᠥᠴᠢᠷ ᠨᠢ ᠳᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠳᠤᠰ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠬᠤ ᠪᠠᠷ ᠳᠡᠪᠰᠢᠭᠦᠯᠬᠦ ᠬᠡᠷᠡᠭᠲᠡᠢ᠃ | ᠳᠥᠴᠢᠨ ᠬᠤᠶᠠᠳᠤᠭᠠᠷ ᠵᠦᠢᠯ ᠪᠦᠷᠢᠳᠬᠡᠨ ᠳᠠᠩᠰᠠᠯᠠᠵᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠨᠢ ᠵᠠᠰᠠᠭ | ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠪᠦᠷᠢᠳᠬᠡᠨ ᠳᠠᠩᠰᠠᠯᠠᠵᠤ ᠲᠡᠮᠳᠡᠭᠯᠡᠭᠰᠡᠨ ᠡᠳᠦᠷ ᠠᠴᠠ | ᠡᠬᠢᠯᠡᠨ ᠭᠤᠴᠢᠨ ᠡᠳᠦᠷ ᠤᠨ ᠳᠣᠲᠣᠷ᠎ᠠ ᠬᠢᠨᠠᠨ ᠪᠠᠶᠢᠴᠠᠭᠠᠵᠤ ᠳᠠᠭᠤᠰᠬᠠᠬᠤ ᠬᠡᠷᠡᠭᠲᠡᠢ᠃ ᠲᠤᠰᠬᠠᠢ ᠮᠡᠷᠭᠡᠵᠢᠯ ᠤᠨ | ᠴᠢᠨᠠᠷ ᠢᠶᠠᠷ ᠴᠢᠩᠭ᠎ᠠ ᠪᠤᠶᠤ ᠬᠤᠯᠪᠣᠭᠳᠠᠬᠤ ᠬᠡᠪᠴᠢᠶ᠎ᠡ ᠪᠠᠷ ᠥᠷᠭᠡᠨ᠂ ᠨᠡᠯᠢᠶᠡᠳ ᠬᠦᠴᠢᠷᠲᠡᠢ ᠪᠠᠶᠢᠬᠤ ᠶᠢ ᠨᠢ᠂ | ᠪᠦᠷᠢᠳᠬᠡᠨ ᠲᠠᠩᠰᠠᠯᠠᠵᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠢᠶᠠᠷ | ᠵᠥᠪᠰᠢᠶᠡᠷᠡᠭᠦᠯᠦᠭᠡᠳ ᠬᠢᠨᠠᠨ ᠪᠠᠶᠢᠴᠠᠭᠠᠬᠤ ᠬᠤᠭᠤᠴᠠᠭ᠎ᠠ ᠶᠢ ᠨᠢ ᠤᠷᠲᠤᠳᠬᠠᠵᠤ ᠪᠣᠯᠣᠨ᠎ᠠ᠂ ᠭᠡᠪᠡᠴᠦ ᠤᠷᠲᠤᠳᠬᠠᠬᠤ | ᠬᠤᠭᠤᠴᠠᠭ᠎ᠠ ᠶᠢ ᠠᠷᠪᠠᠨ ᠲᠠᠪᠤᠨ ᠡᠳᠦᠷ ᠠᠴᠠ ᠬᠡᠲᠦᠷᠡᠭᠦᠯᠵᠦ ᠪᠣᠯᠬᠤ ᠦᠭᠡᠢ᠃ | ᠳᠥᠴᠢᠨ ᠭᠤᠷᠪᠠᠳᠤᠭᠠᠷ ᠵᠦᠢᠯ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ | ᠪᠠᠶᠢᠭᠤᠯᠤᠯᠲᠠ ᠨᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠣᠨᠳᠣᠣ ᠰᠠᠨᠠᠯ ᠲᠠᠢ | ᠪᠠᠶᠢᠪᠠᠯ᠂ ᠲᠤᠰ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠪᠦᠷᠢᠳᠬᠡᠨ ᠳᠠᠩᠰᠠᠯᠠᠵᠤ | ᠬᠢᠨᠠᠨ ᠪᠠᠶᠢᠴᠠᠭᠠᠭᠰᠠᠨ ᠰᠠᠯᠠᠭ᠎ᠠ ᠮᠥᠴᠢᠷ ᠲᠤ ᠣᠨᠳᠣᠣ ᠰᠠᠨᠠᠯ ᠤᠨ ᠬᠢᠨᠠᠨ ᠪᠠᠶᠢᠴᠠᠭᠠᠯᠲᠠ ᠬᠢᠯᠭᠡᠬᠦ ᠪᠠᠷ | ᠭᠤᠶᠤᠴᠢᠯᠠᠵᠤ ᠪᠣᠯᠣᠨ᠎ᠠ ; ᠤᠯᠤᠰ ᠠᠴᠠ ᠡᠭᠴᠡ ᠬᠠᠮᠢᠶᠠᠷᠤᠯᠲᠠ ᠬᠢᠵᠦ ᠪᠠᠶᠢᠭ᠎ᠠ ᠰᠠᠯᠠᠭ᠎ᠠ ᠮᠥᠴᠢᠷ ᠤᠨ ᠵᠠᠰᠠᠭ | ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠣᠨᠳᠣᠣ ᠰᠠᠨᠠᠯ ᠲᠠᠢ ᠪᠠᠶᠢᠪᠠᠯ᠂ ᠲᠣᠭᠲᠠᠭᠠᠭᠰᠠᠨ | ᠪᠠᠶᠢᠭᠤᠯᠭ᠎ᠠ ᠶᠢᠨ ᠳᠡᠭᠡᠷ᠎ᠡ ᠨᠢᠭᠡ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠭᠤᠶᠤᠴᠢᠯᠠᠨ᠎ᠠ᠃ | ᠳᠥᠴᠢᠨ ᠳᠥᠷᠪᠡᠳᠦᠭᠡᠷ ᠵᠦᠢᠯ ᠪᠦᠷᠢᠳᠬᠡᠨ ᠳᠠᠩᠰᠠᠯᠠᠵᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠨᠢ ᠵᠠᠰᠠᠭ | ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠣᠨᠳᠣᠣ ᠰᠠᠨᠠᠯ ᠤᠨ ᠬᠢᠨᠠᠨ ᠪᠠᠶᠢᠴᠠᠭᠠᠯᠲᠠ ᠬᠢᠯᠭᠡᠬᠦ | ᠭᠤᠶᠤᠴᠢᠯᠠᠯ ᠢ ᠭᠥᠯᠢᠶᠡᠨ ᠠᠪᠤᠭᠰᠠᠨ ᠡᠳᠦᠷ ᠠᠴᠠ ᠡᠬᠢᠯᠡᠨ ᠲᠠᠪᠤᠨ ᠠᠵᠢᠯᠯᠠᠬᠤ ᠡᠳᠦᠷ ᠤᠨ ᠳᠣᠲᠣᠷ᠎ᠠ ᠬᠡᠯᠪᠡᠷᠢ ᠶᠢᠨ | ᠬᠢᠨᠠᠨ ᠪᠠᠶᠢᠴᠠᠭᠠᠯᠲᠠ ᠬᠢᠵᠦ᠂ ᠪᠦᠷᠢᠳᠬᠡᠨ ᠳᠠᠩᠰᠠᠯᠠᠵᠤ ᠬᠢᠨᠠᠯᠲᠠ ᠲᠠᠯᠪᠢᠬᠤ ᠬᠡᠪᠴᠢᠶᠡᠨ ᠳᠤ ᠬᠠᠷᠢᠶᠠᠯᠠᠭᠳᠠᠬᠤ ᠶᠢ ᠨᠢ | ᠭᠥᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠵᠢᠷᠠᠨ ᠡᠳᠦᠷ ᠤᠨ ᠳᠣᠲᠣᠷ᠎ᠠ ᠬᠢᠨᠠᠨ ᠪᠠᠶᠢᠴᠠᠭᠠᠵᠤ ᠳᠠᠭᠤᠰᠬᠠᠬᠤ | ᠬᠡᠷᠡᠭᠲᠡᠢ᠃ | ᠳᠥᠴᠢᠨ ᠲᠠᠪᠤᠳᠤᠭᠠᠷ ᠵᠦᠢᠯ ᠣᠨᠳᠣᠣ ᠰᠠᠨᠠᠯ ᠤᠨ ᠬᠢᠨᠠᠨ ᠪᠠᠶᠢᠴᠠᠭᠠᠯᠲᠠ ᠬᠢᠯᠭᠡᠬᠦ ᠭᠤᠶᠤᠴᠢᠯᠠᠯ ᠳᠤ ᠳᠣᠣᠷ᠎ᠠ | ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠦᠯᠢᠶᠡᠨ ᠠᠪᠴᠤ ᠰᠢᠢᠳᠪᠦᠷᠢᠯᠡᠬᠦ ᠦᠭᠡᠢ᠄ | ︵ᠨᠢᠭᠡ︶ ᠣᠨᠳᠣᠣ ᠰᠠᠨᠠᠯ ᠤᠨ ᠬᠢᠨᠠᠨ ᠪᠠᠶᠢᠴᠠᠭᠠᠯᠲᠠ ᠬᠢᠯᠭᠡᠬᠦ ᠴᠢᠭᠯᠡᠭᠳᠡᠬᠦᠨ ᠡᠲᠡᠭᠡᠳ ᠨᠢ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠬᠠᠷᠢᠶᠠᠯᠠᠭᠳᠠᠬᠤ ᠦᠭᠡᠢ ; | ︵ᠬᠤᠶᠠᠷ︶ ᠭᠤᠶᠤᠴᠢᠯᠠᠭᠴᠢ ᠨᠢ ᠠᠳᠠᠯᠢ ᠨᠢᠭᠡᠨ ᠠᠭᠤᠯᠭ᠎ᠠ ᠶᠢᠨ ᠲᠤᠬᠠᠢ ᠨᠢᠭᠡᠨᠲᠡ ᠬᠢᠨᠠᠨ ᠪᠠᠶᠢᠴᠠᠭᠠᠬᠤ | ᠡᠷᠬᠡ ᠲᠠᠢ ᠪᠤᠰᠤᠳ ᠪᠠᠶᠢᠭᠤᠯᠭ᠎ᠠ ᠳᠤ ᠬᠠᠤᠯᠢ ᠶᠣᠰᠣᠭᠠᠷ ᠬᠢᠨᠠᠨ ᠪᠠᠶᠢᠴᠠᠭᠠᠯᠭᠠᠬᠤ ᠭᠤᠶᠤᠴᠢᠯᠠᠯ ᠳᠤᠷᠠᠳᠤᠭᠰᠠᠨ ; | ︵ᠭᠤᠷᠪᠠ︶ ᠪᠦᠷᠢᠳᠬᠡᠨ ᠲᠠᠩᠰᠠᠯᠠᠵᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠠᠴᠠ ᠠᠳᠠᠯᠢ ᠨᠢᠭᠡᠨ | ᠠᠭᠤᠯᠭ᠎ᠠ ᠶᠢᠨ ᠲᠤᠬᠠᠢ ᠬᠢᠨᠠᠨ ᠪᠠᠶᠢᠴᠠᠭᠠᠯᠭᠠᠬᠤ ᠭᠤᠶᠤᠴᠢᠯᠠᠯ ᠢ ᠨᠢᠭᠡᠨᠲᠡ ᠰᠢᠢᠳᠪᠦᠷᠢᠯᠡᠭᠰᠡᠨ ; | ︵ᠳᠥᠷᠪᠡ︶ ᠬᠦᠴᠦᠨ ᠲᠠᠢ ᠪᠣᠯᠤᠭᠰᠠᠨ ᠠᠷᠠᠳ ᠤᠨ ᠰᠢᠭᠦᠬᠦ ᠬᠤᠷᠢᠶᠠᠨ ᠤ ᠲᠠᠰᠤᠯᠤᠨ ᠲᠣᠭᠲᠠᠭᠠᠯᠲᠠ ᠶᠢᠨ | ᠪᠢᠴᠢᠭ ᠬᠠᠷ᠎ᠠ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠲᠣᠭᠲᠠᠭᠠᠯ ᠤᠨ ᠪᠢᠴᠢᠭ ᠬᠠᠷ᠎ᠠ ᠳᠤ ᠬᠢᠨᠠᠨ | ᠪᠠᠶᠢᠴᠠᠭᠠᠯᠭᠠᠬᠤ ᠪᠠᠷ ᠭᠤᠶᠤᠴᠢᠯᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ | ᠬᠠᠤᠯᠢ ᠶᠣᠰᠣᠴᠢ ᠴᠢᠨᠠᠷ ᠢ ᠨᠢᠭᠡᠨᠲᠡ ᠮᠠᠭᠠᠳᠯᠠᠨ ᠲᠣᠭᠲᠠᠭᠠᠭᠰᠠᠨ ; | ︵ᠲᠠᠪᠤ︶ ᠬᠠᠤᠯᠢ ᠶᠣᠰᠣᠭᠠᠷ ᠦᠯᠦ ᠬᠦᠯᠢᠶᠡᠨ ᠠᠪᠴᠤ ᠰᠢᠢᠳᠪᠦᠷᠢᠯᠡᠬᠦ ᠪᠤᠰᠤᠳ ᠪᠠᠶᠢᠳᠠᠯ᠃ | ᠳᠥᠴᠢᠨ ᠵᠢᠷᠭᠤᠳᠤᠭᠠᠷ ᠵᠦᠢᠯ ᠪᠦᠷᠢᠳᠬᠡᠨ ᠳᠡᠩᠰᠡᠯᠡᠵᠦ ᠬᠢᠨᠠᠨ ᠪᠠᠶᠢᠴᠠᠭᠠᠬᠤ ᠰᠠᠯᠠᠭ᠎ᠠ ᠮᠥᠴᠢᠷ ᠨᠢ ᠲᠣᠰ | ᠠᠷᠭ᠎ᠠ ᠶᠢᠨ ᠲᠣᠭᠲᠠᠭᠠᠯ ᠶᠣᠰᠣᠭᠠᠷ᠂ ᠣᠨᠳᠣᠣ ᠰᠠᠨᠠᠯ ᠤᠨ ᠬᠢᠨᠠᠨ ᠪᠠᠶᠢᠴᠠᠭᠠᠯᠲᠠ ᠬᠢᠯᠭᠡᠬᠦ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠶᠢᠨ ᠬᠠᠮᠲᠤ᠂ ᠬᠢᠨᠠᠨ ᠪᠠᠶᠢᠴᠠᠭᠠᠭᠰᠠᠨ ᠦᠷ᠎ᠡ | ᠳ᠋ᠦᠩ ᠢᠶᠠᠨ ᠭᠤᠶᠤᠴᠢᠯᠠᠭᠴᠢ ᠳᠤ ᠪᠢᠴᠢᠭ ᠤᠨ ᠬᠡᠯᠪᠡᠷᠢ ᠪᠠᠷ ᠮᠡᠳᠡᠭᠳᠡᠵᠦ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ | ᠬᠡᠷᠡᠭᠲᠡᠢ᠃ | ᠳᠥᠴᠢᠨ ᠳᠣᠯᠣᠳᠤᠭᠠᠷ ᠵᠦᠢᠯ ᠪᠦᠷᠢᠳᠬᠡᠨ ᠳᠠᠩᠰᠠᠯᠠᠵᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠨᠢ ᠣᠨᠳᠣᠣ | ᠰᠠᠨᠠᠯ ᠤᠨ ᠬᠢᠨᠠᠨ ᠪᠠᠶᠢᠴᠠᠭᠠᠯᠲᠠ ᠬᠢᠬᠦ ᠳᠤ ᠪᠠᠨ᠂ ᠲᠣᠭᠲᠠᠭᠠᠬᠤ ᠪᠠᠶᠢᠭᠤᠯᠭ᠎ᠠ ᠪᠠᠷ ᠲᠣᠳᠣᠷᠬᠠᠶᠢᠯᠠᠯᠲᠠ ᠬᠢᠯᠭᠡᠬᠦ ᠶᠢᠨ | ᠬᠠᠮᠲᠤ ᠬᠠᠮᠢᠶ᠎ᠠ ᠪᠦᠬᠦᠢ ᠮᠠᠲ᠋ᠧᠷᠢᠶᠠᠯ ᠢ ᠬᠠᠩᠭᠠᠯᠭᠠᠬᠤ ᠪᠠᠷ ᠱᠠᠭᠠᠷᠳᠠᠵᠤ ᠪᠣᠯᠣᠨ᠎ᠠ᠃ ᠲᠣᠭᠲᠠᠭᠠᠬᠤ ᠪᠠᠶᠢᠭᠤᠯᠭ᠎ᠠ ᠨᠢ | ᠮᠡᠳᠡᠭᠳᠡᠯ ᠢ ᠣᠯᠣᠭᠰᠠᠨ ᠡᠳᠦᠷ ᠠᠴᠠ ᠡᠬᠢᠯᠡᠨ ᠲᠤᠯᠤᠭᠠᠨ ᠠᠵᠢᠯᠯᠠᠬᠤ ᠡᠳᠦᠷ ᠤᠨ ᠳᠣᠲᠣᠷ᠎ᠠ ᠪᠢᠴᠢᠭ ᠤᠨ | ᠬᠡᠯᠪᠡᠷᠢ ᠪᠠᠷ ᠬᠠᠷᠢᠭᠤ ᠥᠭᠬᠦ ᠶᠢᠨ ᠬᠠᠮᠲᠤ ᠬᠠᠮᠢᠶ᠎ᠠ ᠪᠦᠬᠦᠢ ᠬᠢᠨᠠᠨ ᠪᠠᠶᠢᠴᠠᠭᠠᠬᠤ ᠠᠵᠢᠯ ᠢ ᠬᠠᠮᠵᠢᠯᠴᠠᠨ ᠰᠠᠶᠢᠲᠤᠷ | ᠬᠢᠬᠦ ᠬᠡᠷᠡᠭᠲᠡᠢ᠃ | ᠪᠦᠷᠢᠳᠬᠡᠨ ᠳᠠᠩᠰᠠᠯᠠᠵᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠨᠢ ᠲᠣᠭᠲᠠᠭᠠᠬᠤ ᠪᠠᠶᠢᠭᠤᠯᠭ᠎ᠠ ᠪᠠᠷ | ᠲᠣᠳᠣᠷᠬᠠᠶᠢᠯᠠᠯᠲᠠ ᠬᠢᠯᠭᠡᠬᠦ ᠶᠢᠨ ᠬᠠᠮᠲᠤ ᠬᠠᠮᠢᠶ᠎ᠠ ᠪᠦᠬᠦᠢ ᠮᠠᠲ᠋ᠧᠷᠢᠶᠠᠯ ᠢ ᠬᠠᠩᠭᠠᠯᠭᠠᠬᠤ ᠪᠠᠷ ᠱᠠᠭᠠᠷᠳᠠᠭᠰᠠᠨ ᠪᠠᠶᠢᠪᠠᠯ᠂ | ᠬᠡᠷᠡᠭᠰᠡᠬᠦ ᠴᠠᠭ ᠢ ᠨᠢ ᠣᠨᠳᠣᠣ ᠰᠠᠨᠠᠯ ᠢ ᠬᠢᠨᠠᠨ ᠪᠠᠶᠢᠴᠠᠭᠠᠬᠤ ᠬᠤᠭᠤᠴᠠᠭᠠᠨ ᠳᠤ ᠪᠤᠳᠤᠵᠤ ᠣᠷᠣᠭᠤᠯᠬᠤ ᠦᠭᠡᠢ᠃ | ᠵᠢᠷᠭᠤᠳᠤᠭᠠᠷ ᠪᠦᠯᠦᠭ ᠢᠯᠭᠠᠷᠠᠭᠤᠯᠤᠨ ᠴᠡᠪᠡᠷᠯᠡᠬᠦ | ᠳᠥᠴᠢᠨ ᠨᠠᠢᠮᠠᠳᠤᠭᠠᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ | ᠬᠦᠴᠦᠨ ᠲᠠᠢ ᠬᠤᠭᠤᠴᠠᠭ᠎ᠠ ᠶᠢ ᠲᠣᠳᠣᠷᠬᠠᠶᠢᠯᠠᠵᠤ᠂ ᠬᠦᠴᠦᠨ ᠲᠠᠢ ᠬᠤᠭᠤᠴᠠᠭ᠎ᠠ ᠶᠢ ᠬᠡᠷᠡᠭᠵᠢᠭᠦᠯᠦᠭᠰᠡᠨ | ᠡᠳᠦᠷ ᠠᠴᠠ ᠡᠬᠢᠯᠡᠨ ᠪᠤᠳᠤᠬᠤ ᠬᠡᠷᠡᠭᠲᠡᠢ᠃ ᠬᠦᠴᠦᠨ ᠲᠠᠢ ᠬᠤᠭᠤᠴᠠᠭ᠎ᠠ ᠨᠢ ᠭᠦᠢᠴᠡᠵᠦ ᠤᠷᠲᠤᠳᠬᠠᠬᠤ ᠶᠢ | ᠲᠣᠳᠣᠷᠬᠠᠶᠢᠯᠠᠭᠰᠠᠨ ᠦᠭᠡᠢ ᠪᠣᠯ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠨᠢ | ᠠᠶᠠᠨᠳᠠᠭᠠᠨ ᠬᠦᠴᠦᠨ ᠦᠭᠡᠢ ᠪᠣᠯᠣᠨ᠎ᠠ᠃ | ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠶᠢ ᠲᠠᠪᠤᠨ | ᠵᠢᠯ ᠠᠴᠠ ᠬᠡᠲᠦᠷᠡᠭᠦᠯᠬᠦ ᠦᠭᠡᠢ᠃ ᠨᠡᠷᠡᠶᠢᠳᠦᠯ ᠢ ᠨᠢ ᠲᠦᠷ ᠬᠡᠷᠡᠭᠵᠢᠭᠦᠯᠬᠦ᠂ ᠲᠤᠷᠰᠢᠨ ᠬᠡᠷᠡᠭᠵᠢᠭᠦᠯᠬᠦ ᠪᠠᠷ | ᠲᠠᠯᠪᠢᠭᠰᠠᠨ ᠪᠠᠶᠢᠪᠠᠯ᠂ ᠬᠦᠴᠦᠨ ᠲᠠᠢ ᠬᠤᠭᠤᠴᠠᠭ᠎ᠠ ᠶᠢ ᠨᠢ ᠬᠤᠶᠠᠷ ᠵᠢᠯ ᠠᠴᠠ ᠬᠡᠲᠦᠷᠡᠭᠦᠯᠬᠦ ᠦᠭᠡᠢ᠃ | ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠬᠤ ᠪᠤᠶᠤ ᠶᠠᠮᠠᠷ | ᠨᠢᠭᠡᠨ ᠳᠦᠷᠢᠮ ᠤᠨ ᠬᠡᠷᠡᠭᠵᠢᠭᠦᠯᠦᠯᠲᠡ ᠶᠢ ᠵᠣᠭᠰᠤᠭᠠᠬᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠳᠤ ᠲᠣᠰ ᠵᠦᠢᠯ ᠤᠨ ᠨᠢᠭᠡᠳᠦᠭᠡᠷ ᠵᠤᠷᠪᠤᠰ᠂ ᠬᠤᠶᠠᠳᠤᠭᠠᠷ ᠵᠤᠷᠪᠤᠰ ᠤᠨ ᠲᠣᠭᠲᠠᠭᠠᠯ ᠲᠣᠬᠢᠷᠠᠬᠤ ᠦᠭᠡᠢ | ᠃ | ᠳᠥᠴᠢ ᠶᠢᠰᠦᠳᠦᠭᠡᠷ ᠵᠦᠢᠯ ᠲᠣᠭᠲᠠᠭᠠᠭᠰᠠᠨ ᠪᠠᠶᠢᠭᠤᠯᠭ᠎ᠠ ᠨᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠭᠦᠢᠴᠡᠬᠦ ᠠᠴᠠ ᠡᠮᠦᠨ᠎ᠡ ᠵᠢᠷᠭᠤᠭᠠᠨ ᠰᠠᠷ᠎ᠠ ᠶᠢᠨ ᠳᠣᠲᠣᠷ᠎ᠠ | ᠲᠡᠭᠦᠨ ᠳᠤ ᠦᠨᠡᠯᠡᠨ ᠵᠢᠱᠢᠯᠲᠡ ᠬᠢᠵᠦ᠂ ᠦᠨᠡᠨ ᠬᠦ ᠤᠷᠲᠤᠳᠬᠠᠬᠤ ᠴᠢᠬᠤᠯᠠ ᠲᠠᠢ ᠪᠣᠯ ᠳᠠᠬᠢᠨ ᠨᠡᠶᠢᠲᠡᠯᠡᠵᠦ | ᠬᠡᠷᠡᠭᠵᠢᠭᠦᠯᠦᠨ᠂ ᠬᠦᠴᠦᠨ ᠲᠠᠢ ᠬᠤᠭᠤᠴᠠᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠳᠠᠬᠢᠵᠤ ᠰᠢᠨ᠎ᠡ ᠪᠠᠷ | ᠪᠤᠳᠤᠬᠤ ᠬᠡᠷᠡᠭᠲᠡᠢ᠃ | ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠨᠡᠷᠡᠶᠢᠳᠦᠯ ᠢ ᠲᠦᠷ ᠬᠡᠷᠡᠭᠵᠢᠭᠦᠯᠬᠦ᠂ | ᠲᠤᠷᠰᠢᠨ ᠬᠡᠷᠡᠭᠵᠢᠭᠦᠯᠬᠦ ᠪᠠᠷ ᠲᠠᠯᠪᠢᠭᠰᠠᠨ ᠪᠠᠶᠢᠪᠠᠯ᠂ ᠬᠦᠴᠦᠨ ᠲᠠᠢ ᠬᠤᠭᠤᠴᠠᠭ᠎ᠠ ᠶᠢ ᠨᠢ ᠤᠷᠲᠤᠳᠬᠠᠵᠤ ᠪᠣᠯᠬᠤ | ᠦᠭᠡᠢ᠃ | ᠲᠠᠪᠢᠳᠤᠭᠠᠷ ᠵᠦᠢᠯ ᠲᠣᠭᠲᠠᠭᠠᠭᠰᠠᠨ ᠪᠠᠶᠢᠭᠤᠯᠭ᠎ᠠ ᠨᠢ ᠬᠤᠶᠠᠷ ᠵᠢᠯ ᠪᠦᠷᠢ ᠵᠠᠰᠠᠭ ᠵᠠᠬᠢᠷᠭᠠᠨ ᠤ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠢᠯᠭᠠᠷᠠᠭᠤᠯᠤᠨ ᠴᠡᠪᠡᠷᠯᠡᠬᠦ ᠬᠡᠷᠡᠭᠲᠡᠢ᠃ ᠵᠠᠰᠠᠭ ᠤᠨ ᠣᠷᠳᠣᠨ ᠤ | ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠢᠯᠭᠠᠷᠠᠭᠤᠯᠤᠨ ᠴᠡᠪᠡᠷᠯᠡᠬᠦ ᠠᠵᠢᠯ ᠢ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠵᠢᠯᠯᠠᠬᠤ | ᠪᠠᠶᠢᠭᠤᠯᠤᠮᠵᠢ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠢᠯᠭᠠᠷᠠᠭᠤᠯᠤᠨ ᠴᠡᠪᠡᠷᠯᠡᠬᠦ ᠠᠵᠢᠯ ᠢ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠲᠠᠪᠢᠨ ᠨᠢᠭᠡᠳᠦᠭᠡᠷ ᠵᠦᠢᠯ ᠲᠣᠭᠲᠠᠭᠠᠭᠰᠠᠨ ᠪᠠᠶᠢᠭᠤᠯᠭ᠎ᠠ ᠨᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ᠢ ᠢᠯᠭᠠᠷᠠᠭᠤᠯᠤᠨ ᠴᠡᠪᠡᠷᠯᠡᠵᠦ ᠳᠠᠭᠤᠰᠤᠭᠰᠠᠨ ᠤ ᠲᠠᠷᠠᠭ᠎ᠠ᠂ ᠭᠤᠴᠢᠨ ᠡᠳᠦᠷ ᠤᠨ ᠳᠣᠲᠣᠷ᠎ᠠ | ᠦᠷᠭᠦᠯᠵᠢᠯᠡᠨ ᠬᠦᠴᠦᠨ ᠲᠠᠢ ᠪᠠᠶᠢᠬᠤ᠂ ᠬᠦᠴᠦᠨ ᠦᠭᠡᠢ ᠪᠣᠯᠭᠠᠭᠰᠠᠨ ᠪᠠ ᠬᠦᠴᠦᠨ ᠦᠭᠡᠢ ᠪᠣᠯᠤᠭᠰᠠᠨ ᠵᠠᠰᠠᠭ | ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ ᠢ ᠨᠡᠶᠢᠭᠡᠮ ᠳᠤ ᠢᠯᠡ ᠨᠡᠶᠢᠲᠡᠯᠡᠬᠦ ᠶᠢᠨ | ᠬᠠᠮᠲᠤ ᠲᠤᠰ ᠠᠷᠭ᠎ᠠ ᠶᠢᠨ ᠭᠤᠴᠢᠨ ᠭᠤᠷᠪᠠᠳᠤᠭᠠᠷ ᠵᠦᠢᠯ ᠤᠨ ᠲᠣᠭᠲᠠᠭᠠᠯ ᠶᠣᠰᠣᠭᠠᠷ ᠮᠡᠳᠡᠭᠦᠯᠵᠦ ᠪᠦᠷᠢᠳᠬᠡᠨ | ᠳᠠᠩᠰᠠᠯᠠᠭᠤᠯᠬᠤ ᠬᠡᠷᠡᠭᠲᠡᠢ᠃ | ᠦᠷᠭᠦᠯᠵᠢᠯᠡᠨ ᠬᠦᠴᠦᠨ ᠲᠠᠢ ᠪᠠᠶᠢᠬᠤ ᠭᠠᠷᠴᠠᠭ ᠲᠤ ᠵᠢᠭᠰᠠᠭᠠᠨ ᠣᠷᠣᠭᠤᠯᠤᠭᠰᠠᠨ ᠦᠭᠡᠢ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦᠯᠡᠯ ᠪᠣᠯᠭᠠᠵᠤ | ᠪᠣᠯᠬᠤ ᠦᠭᠡᠢ᠃ | ᠲᠠᠪᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠤᠰ ᠠᠷᠭ᠎ᠠ ᠳᠤ ᠲᠣᠭᠲᠠᠭᠠᠭᠰᠠᠨ | ᠪᠦᠷᠢᠳᠬᠡᠨ ᠳᠠᠩᠰᠠᠯᠠᠵᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠵᠠᠰᠠᠭ ᠤᠨ ᠣᠷᠳᠣᠨ ᠤ | ᠰᠦᠯᠵᠢᠶᠡᠨ ᠦᠷᠳᠡᠭᠡ ᠪᠤᠶᠤ ᠵᠠᠰᠠᠭ ᠤᠨ ᠣᠷᠳᠣᠨ ᠤ ᠠᠯᠪᠠᠨ ᠮᠡᠳᠡᠭᠡ ᠪᠠᠷ ᠳᠠᠮᠵᠢᠭᠤᠯᠤᠨ᠂ ᠪᠦᠷᠢᠳᠬᠡᠨ | ᠳᠠᠩᠰᠠᠯᠠᠵᠤ ᠲᠡᠮᠳᠡᠭᠯᠡᠭᠰᠡᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ ᠢ | ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠳᠤ ᠢᠯᠡ ᠨᠡᠶᠢᠲᠡᠯᠡᠬᠦ ᠬᠡᠷᠡᠭᠲᠡᠢ᠃ | ᠲᠠᠪᠢᠨ ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠨᠢ | ᠣᠲᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠵᠢᠴᠢ ᠳᠡᠭᠡᠳᠦ | ᠱᠠᠲᠤᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠯᠤᠭ᠎ᠠ ᠬᠠᠷᠢᠯᠴᠠᠨ ᠬᠠᠷᠰᠢᠯᠳᠤᠭᠰᠠᠨ᠂ | ᠡᠰᠡᠬᠦᠯ᠎ᠡ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠬᠤ ᠦᠭᠡᠢ ᠪᠠᠶᠢᠪᠠᠯ᠂ | ᠲᠣᠭᠲᠠᠭᠠᠭᠰᠠᠨ ᠪᠠᠶᠢᠭᠤᠯᠭ᠎ᠠ ᠨᠢ ᠴᠠᠭ ᠲᠤᠬᠠᠢ ᠳᠤ ᠨᠢ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠢ ᠪᠣᠯᠭᠠᠬᠤ | ᠬᠡᠷᠡᠭᠲᠡᠢ᠃ | ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠵᠠᠰᠠᠪᠤᠷᠢ ᠣᠷᠣᠭᠤᠯᠬᠤ᠂ ᠬᠦᠴᠦᠨ | ᠦᠭᠡᠢ ᠪᠣᠯᠭᠠᠬᠤ ᠳᠡᠰ ᠳᠠᠷᠠᠭᠠᠯᠠᠯ ᠳᠤ ᠲᠤᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃ | ᠳᠣᠯᠣᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠲᠠᠪᠢᠨ ᠳᠥᠷᠪᠡᠳᠦᠭᠡᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠳᠤ | ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠢ ᠰᠢᠢᠳᠬᠡᠨ ᠲᠣᠷᠭᠠᠬᠤ | ᠲᠣᠭᠲᠠᠭᠠᠯ ᠭᠠᠷᠭᠠᠭᠰᠠᠨ ᠪᠣᠯ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠦᠨ᠎ᠡ᠃ | ᠲᠠᠪᠢᠨ ᠲᠠᠪᠤᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠵᠠᠰᠠᠭ ᠵᠠᠬᠢᠷᠭᠠᠨ ᠤ | ᠪᠠᠶᠢᠭᠤᠯᠭ᠎ᠠ ᠪᠠ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠤᠯᠠᠨ ᠨᠡᠶᠢᠲᠡ ᠶᠢᠨ ᠠᠵᠢᠯ | ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ ᠳᠤ ᠳᠣᠣᠷᠠᠬᠢ ᠥᠢᠯᠡ ᠠᠵᠢᠯᠯᠠᠭ᠎ᠠ ᠶᠢᠨ | ᠨᠢᠭᠡ ᠨᠢ ᠪᠠᠶᠢᠪᠠᠯ᠂ ᠡᠷᠬᠡᠲᠦ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠭᠤᠯᠵᠤ᠂ ᠳᠣᠩᠭᠤᠳᠬᠤ ᠪᠤᠶᠤ | ᠨᠡᠪᠲᠡᠷᠡᠭᠦᠯᠦᠨ ᠮᠡᠳᠡᠭᠡᠯᠡᠵᠦ ᠰᠢᠭᠦᠮᠵᠢᠯᠡᠨ᠂ ᠰᠢᠭᠤᠳ ᠬᠠᠷᠢᠭᠤᠴᠠᠵᠤ ᠪᠠᠶᠢᠭ᠎ᠠ ᠭᠤᠣᠯᠴᠢᠯᠠᠨ ᠬᠠᠮᠢᠶᠠᠷᠬᠤ ᠠᠵᠢᠯᠲᠠᠨ | ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠲᠤ ᠬᠠᠤᠯᠢ ᠶᠣᠰᠣᠭᠠᠷ ᠰᠢᠢᠳᠬᠡᠯ ᠥᠭᠭᠦᠨ᠎ᠡ᠄ | ︵ᠨᠢᠭᠡ︶ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠯ ᠶᠣᠰᠣᠭᠠᠷ | ᠲᠣᠭᠲᠠᠭᠠᠭᠰᠠᠨ ᠦᠭᠡᠢ︔ | ︵ᠬᠤᠶᠠᠷ︶ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠯ ᠶᠣᠰᠣᠭᠠᠷ | ᠨᠡᠶᠢᠲᠡᠯᠡᠭᠰᠡᠨ ᠦᠭᠡᠢ︔ | ︵ᠭᠤᠷᠪᠠ︶ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠪᠦᠷᠢᠳᠬᠡᠨ | ᠳᠠᠩᠰᠠᠯᠠᠭᠤᠯᠬᠤ ᠪᠠᠷ ᠮᠡᠳᠡᠭᠦᠯᠦᠨ ᠬᠦᠷᠭᠡᠬᠦ ᠦᠭᠡᠢ ᠪᠤᠶᠤ ᠲᠣᠭᠲᠠᠭᠠᠯ ᠶᠣᠰᠣᠭᠠᠷ ᠮᠡᠳᠡᠭᠦᠯᠦᠨ ᠬᠦᠷᠭᠡᠭᠰᠡᠨ ᠦᠭᠡᠢ︔ | ︵ᠳᠥᠷᠪᠡ︶ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠪᠦᠷᠢᠳᠬᠡᠨ ᠳᠠᠩᠰᠠᠯᠠᠵᠦ | ᠬᠢᠨᠠᠨ ᠪᠠᠶᠢᠴᠠᠭᠠᠵᠤ ᠬᠢᠨᠠᠯᠲᠠ ᠲᠠᠯᠪᠢᠭᠰᠠᠨ ᠮᠡᠳᠡᠭᠳᠡᠯ ᠤᠨ ᠪᠢᠴᠢᠭ ᠤᠨ ᠰᠠᠨᠠᠯ ᠳᠤ ᠵᠦᠢ ᠶᠣᠰᠣᠨ ᠤ ᠤᠴᠢᠷ | ᠰᠢᠯᠲᠠᠭᠠᠨ ᠦᠭᠡᠢ ᠪᠠᠷ ᠬᠠᠷᠢᠭᠤ ᠥᠭᠬᠦ ᠦᠭᠡᠢ ᠪᠤᠶᠤ ᠬᠡᠷᠡᠭᠵᠢᠭᠦᠯᠬᠦ ᠶᠢ ᠲᠡᠪᠴᠢᠭᠰᠡᠨ︔ | ︵ᠲᠠᠪᠤ︶ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠯ ᠶᠣᠰᠣᠭᠠᠷ | ᠢᠯᠭᠠᠷᠠᠭᠤᠯᠤᠨ ᠴᠡᠪᠡᠷᠯᠡᠭᠰᠡᠨ ᠦᠭᠡᠢ᠃ | ᠲᠠᠪᠢᠨ ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ | ᠬᠠᠮᠢᠶᠠᠷᠤᠯᠲᠠ ᠶᠢᠨ ᠠᠵᠢᠯ ᠤᠨ ᠳᠤᠮᠳᠠ ᠠᠯᠪᠠᠨ ᠲᠤᠰᠢᠶᠠᠯ ᠳᠤ ᠠᠯᠮᠠᠶᠢᠷᠠᠨ ᠣᠰᠣᠯᠳᠤᠬᠤ᠂ ᠡᠷᠬᠡ ᠲᠤᠰᠢᠶᠠᠯ ᠢᠶᠠᠨ | ᠳᠤᠷ᠎ᠠ ᠪᠠᠷ ᠢᠶᠠᠨ ᠬᠡᠷᠡᠭᠯᠡᠭᠰᠡᠨ᠂ ᠬᠤᠪᠢ ᠶᠢᠨ ᠨᠠᠶᠢᠷ ᠲᠠᠯ᠎ᠠ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠠᠶᠢᠪᠠᠯ᠂ | ᠰᠢᠭᠤᠳ ᠬᠠᠷᠢᠭᠤᠴᠠᠵᠤ ᠪᠠᠶᠢᠭ᠎ᠠ ᠭᠤᠣᠯᠴᠢᠯᠠᠨ ᠬᠠᠮᠢᠶᠠᠷᠬᠤ ᠠᠵᠢᠯᠲᠠᠨ ᠪᠠ ᠪᠤᠰᠤᠳ ᠰᠢᠭᠤᠳ | ᠬᠠᠷᠢᠭᠤᠴᠠᠯᠭ᠎ᠠ ᠲᠠᠢ ᠬᠥᠮᠥᠰ ᠲᠤ ᠬᠠᠤᠯᠢ ᠶᠣᠰᠣᠭᠠᠷ ᠰᠢᠢᠳᠬᠡᠯ ᠥᠭᠭᠦᠨ᠎ᠡ︔ ᠶᠠᠯ᠎ᠠ ᠳᠤ ᠬᠦᠷᠦᠭᠰᠡᠨ ᠪᠠᠶᠢᠪᠠᠯ | ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠨᠠᠢᠮᠠᠳᠤᠭᠠᠷ ᠪᠦᠯᠦᠭ ᠳᠠᠭᠠᠯᠳᠤᠭᠤᠯᠤᠯ ᠳᠦᠷᠢᠮ | ᠲᠠᠪᠢᠨ ᠳᠣᠯᠣᠳᠤᠭᠠᠷ ᠵᠦᠢᠯ ᠲᠣᠰ ᠠᠷᠭ᠎ᠠ ᠶᠢ 2023 ᠣᠨ ᠤ 12 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2013 | ᠣᠨ ᠤ 1 ᠳ᠋ᠦ᠋ᠭᠡᠷ ᠰᠠᠷ᠎ᠠ ᠶᠢᠨ 11 ᠤ ᠡᠳᠦᠷ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠪᠦᠷᠢᠳᠬᠡᠨ ᠳᠠᠩᠰᠠᠯᠠᠵᠤ ᠬᠢᠨᠠᠯᠲᠠ | ᠲᠠᠯᠪᠢᠬᠤ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠵᠠᠷᠯᠢᠭ 191 ᠳ᠋ᠦ᠋ᠭᠡᠷ ᠲᠣᠭᠠᠲᠤ︶ ᠶᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ | ᠬᠤᠪᠢᠳᠠᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ᠂ | ᠳᠡᠳ᠋ ᠨᠠᠷᠢᠨ ᠪᠢᠴᠢᠭ ᠤᠨ ᠳᠠᠷᠤᠭ᠎ᠠ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠷᠬᠢᠯᠡᠭᠴᠢ᠂ ᠳᠡᠳ᠋ | ᠡᠷᠬᠢᠯᠡᠭᠴᠢ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ | ᠃ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠥᠪᠥᠷ ᠮᠣᠩᠭᠤᠯ ᠤᠨ | ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ | ᠵᠥᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2023 ᠣᠨ ᠤ 10 ᠳ᠋ᠤᠭᠠᠷ ᠰᠠᠷ᠎ᠠ ᠶᠢᠨ 24 ᠤ ᠡᠳᠦᠷ ᠳᠠᠷᠤᠮᠠᠯᠯᠠᠨ ᠲᠠᠷᠬᠠᠭᠠᠪᠠ | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ |