2024 ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2024/1/26

         2024 ᠣᠨ ᠤ 1 ᠰᠠᠷ᠎ᠠ ᠶᠢᠨ 26᠎ ᠤ ᠡᠳᠦᠷ   ᠰᠢᠯᠤᠭᠤᠨ ᠬᠥᠬᠡ ᠬᠤᠰᠢᠭᠤᠨ ᠤ ᠠᠷᠪᠠᠨ ᠵᠢᠷᠭᠤᠳᠤᠭᠠᠷ 

ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ

       ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ                    

ᠯᠢᠦ ᠰᠢᠶᠣᠤ ᠮᠢᠨ

ᠲᠥᠯᠥᠭᠡᠯᠡᠭᠴᠢᠳ ᠡ᠄

               ᠡᠳᠦᠭᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠦᠭᠡᠯᠡᠨ ᠶᠡᠭᠡ ᠬᠤᠷᠠᠯ ᠳᠤ ᠠᠵᠢᠯ ᠤᠨ

ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ

ᠣᠷᠣᠯᠴᠠᠭᠰᠠᠳ ᠰᠠᠨᠠᠯ ᠢᠶᠠᠨ ᠳᠡᠪᠰᠢᠭᠦᠯᠦᠭᠡᠷᠡᠢ᠃

ᠨᠢᠭᠡ᠂ 2023 ᠣᠨ ᠤ ᠠᠵᠢᠯ ᠤᠨ ᠡᠷᠭᠢᠴᠡᠭᠦᠯᠦᠯ

           2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ

ᠲᠤᠤᠱᠯᠠᠭᠤᠯᠬᠤ ᠡᠬᠢᠯᠡᠯᠲᠡ ᠶᠢᠨ ᠵᠢᠯ ᠪᠣᠯᠤᠨ᠎ᠠ᠂ ᠮᠥᠨ ᠴᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ

ᠬᠤᠷᠢᠭᠯᠠᠬᠤ ᠠᠵᠢᠯ ᠤᠨ ᠳᠠᠷᠠᠭᠠᠬᠢ ᠠᠵᠤ ᠠᠬᠤᠶ ᠰᠡᠷᠭᠦᠨ ᠬᠥᠭᠵᠢᠭᠰᠡᠨ ᠨᠢᠭᠡ ᠵᠢᠯ ᠪᠣᠯᠤᠨ᠎ᠠ᠂ ᠪᠠᠰᠠ ᠴᠤ ᠮᠠᠨ ᠤ

ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷᠯᠢᠭ ᠬᠥᠭᠵᠢᠯᠲᠡ ᠢᠯᠡᠳᠲᠡ ᠦᠷ᠎ᠡ ᠪᠦᠲᠦᠮᠵᠢ ᠣᠯᠤᠭᠰᠠᠨ ᠨᠢᠭᠡ ᠵᠢᠯ

ᠪᠣᠯᠤᠨ᠎ᠠ᠃ ᠪᠥᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ

᠎ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ

ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ

ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ

ᠪᠠᠳᠤᠳᠬᠠᠬᠤ ᠪᠠᠷ ᠰᠢᠵᠢᠮ ᠪᠣᠯᠭᠠᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ

ᠰᠠᠶᠢᠲᠤᠷ ᠠᠳᠬᠤᠵᠤ᠂ ᠭᠤᠤᠯ ᠰᠡᠳᠦᠪᠲᠦ ᠬᠥᠮᠦᠵᠢᠯ ᠢ ᠯᠠᠪᠳᠠᠭᠤᠨ ᠢᠶᠠᠷ ᠥᠷᠨᠢᠬᠦᠯᠦᠨ᠂ ᠨᠠᠮ ᠤᠨ ᠲᠥᠪ ᠬᠤᠷᠢᠶᠠᠨ ᠤ

ᠰᠢᠶᠳᠪᠦᠷᠢᠲᠦ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶ᠎ᠠ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ

ᠬᠢᠨᠠᠮᠠᠭᠠᠶ ᠲᠤᠤᠱᠯᠠᠭᠤᠯᠵᠤ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ︽ᠰᠢᠨ᠎ᠡ ᠵᠠᠮ

ᠨᠡᠭᠡᠭᠡᠨ᠂ ᠰᠢᠨ᠎ᠡ ᠠᠬᠢᠯᠲᠠ ᠶᠢ ᠣᠯᠬᠤ︾᠎ ᠳᠤ ᠠᠩᠬᠠᠷᠤᠯ ᠢᠶᠠᠨ ᠬᠠᠨᠳᠤᠭᠤᠯᠵᠤ᠂ ︽ᠳᠠᠪᠠᠭᠤᠯᠢᠭ ᠢᠶᠠᠨ ᠪᠠᠳᠠᠷᠠᠭᠤᠯᠵᠤ᠂

ᠵᠥᠷᠢᠶ᠎ᠡ ᠪᠠᠨ ᠡᠷᠢᠨ᠂ ᠬᠥᠭᠵᠢᠯᠲᠡ ᠶᠢ ᠠᠬᠢᠭᠤᠯᠬᠤ︾᠎ ᠪᠠᠷ ᠴᠢᠷᠮᠠᠶᠢᠨ᠂ ᠨᠡᠮᠡᠭᠳᠡᠯ ᠢ ᠲᠣᠭᠲᠠᠪᠤᠷᠢᠵᠢᠭᠤᠯᠬᠤ᠂

ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠲᠤ ᠠᠰᠢᠭ ᠬᠦᠷᠲᠡᠭᠡᠬᠦ᠂ ᠲᠦᠭᠰᠢᠭᠦᠷᠢ ᠶᠢ

ᠰᠡᠷᠭᠡᠶᠢᠯᠡᠬᠦ ᠵᠡᠷᠭᠡ ᠡᠯ᠎ᠡ ᠵᠦᠶᠯ ᠤᠨ ᠠᠵᠢᠯ ᠢ ᠪᠠᠳᠤᠲᠠᠢ ᠠᠬᠢᠭᠤᠯᠵᠤ᠂ ᠴᠢᠨᠠᠷᠯᠢᠭ ᠬᠥᠭᠵᠢᠯᠲᠡ ᠵᠦᠭ ᠯᠠᠪᠳᠠᠭᠤᠨ ᠢᠶᠠᠷ

ᠤᠷᠤᠭᠰᠢᠯᠠᠭᠰᠠᠨ ᠨᠢᠭᠡ ᠵᠢᠯ ᠪᠣᠯᠤᠨ᠎ᠠ᠃

︵ᠨᠢᠭᠡ︶ ᠬᠥᠭᠵᠢᠯᠲᠡ ᠶᠢ ᠠᠬᠢᠭᠤᠯᠵᠤ᠂ ᠠᠵᠤ ᠠᠬᠤᠢ ᠶᠢᠨ ᠣᠷᠣᠯᠭ᠎ᠠ ᠲᠣᠭᠲᠠᠭᠤᠨ ᠢᠶᠠᠷ ᠨᠡᠮᠡᠭᠳᠡᠪᠡ 

           ᠪᠦᠬᠦ ᠵᠢᠯ ᠤᠨ ᠣᠷᠣᠨ ᠨᠤᠲᠤᠭ ᠤᠨ ᠦᠶᠯᠡᠳᠪᠦᠷᠢᠯᠡᠯ ᠤᠨ ᠶᠡᠷᠦᠩᠬᠡᠶ ᠥᠷᠲᠡᠭ ᠨᠢ 6 %᠎ ᠪᠠᠷ ᠨᠡᠮᠡᠭᠳᠡᠵᠦ᠂

ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ 15. 1 %᠎ ᠪᠠᠷ ᠳᠡᠭᠡᠭᠰᠢᠯᠡᠨ᠂ ᠡᠩ ᠤᠨ ᠤᠯᠠᠨ ᠨᠡᠶᠢᠲᠡ ᠶᠢᠨ

ᠲᠥᠰᠦᠪ ᠤᠨ ᠣᠷᠣᠯᠭ᠎ᠠ ᠨᠢ ᠵᠢᠯ ᠤᠨ ᠡᠬᠢᠨ ᠤ ᠲᠥᠰᠦᠪ ᠠᠴᠠ 5. 1 %᠎ ᠪᠠᠷ ᠨᠡᠮᠡᠭᠳᠡᠵᠦ᠂ ᠬᠡᠪᠴᠢᠶᠡᠵᠢᠯ ᠠᠴᠠ

ᠳᠡᠭᠡᠭᠰᠢᠬᠢ ᠠᠵᠤ ᠦᠶᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠨᠢ 7. 7 %᠎ ᠪᠠᠷ ᠳᠡᠭᠡᠭᠰᠢᠯᠡᠨ᠂ ᠨᠡᠮᠡᠭᠳᠡᠯ

ᠥᠷᠲᠡᠭ ᠨᠢ 11.1 %᠎ ᠳᠤ ᠬᠦᠷᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ

᠎ ᠨᠢ 5. 9 %᠎ ᠪᠠᠷ ᠨᠡᠮᠡᠭᠳᠡᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ

ᠪᠣᠯᠬᠤᠶᠢᠴᠠ ᠣᠷᠣᠯᠭ᠎ᠠ ᠨᠢ ᠲᠤᠰ ᠲᠤᠰ 6. 1 % ᠪᠠ 7 %᠎ ᠪᠠᠷ ᠳᠡᠭᠡᠭᠰᠢᠯᠡᠵᠡᠢ᠃

︵ᠬᠤᠶᠠᠷ︶ ᠡᠷᠴᠢᠮ ᠬᠦᠴᠦᠨ ᠢ ᠴᠢᠩᠭᠠᠳᠬᠠᠵᠤ᠂ ᠠᠵᠤ ᠦᠢᠯᠡᠰ ᠤᠨ ᠬᠡᠯᠪᠡᠷᠢ ᠶᠢᠨ ᠬᠤᠪᠢᠷᠠᠯᠲᠠ ᠶᠢ ᠠᠬᠢᠭᠤᠯᠪᠠ

           ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢ ᠬᠦᠭᠵᠢᠬᠦᠯᠪᠡ᠃  ︽ᠬᠤᠨᠢ ᠶᠢ ᠴᠥᠭᠡᠳᠭᠡᠨ᠂

ᠦᠬᠡᠷ ᠮᠠᠯᠵᠢᠵᠤ︾ ᠦᠬᠡᠷ ᠤᠨ ᠲᠤᠭ᠎ᠠ ᠲᠣᠯᠣᠭᠠᠢ 34.2  ᠲᠥᠮᠡ ᠳᠤ ᠬᠦᠷᠪᠡ᠃ ᠰᠠᠶᠢᠨ ᠡᠭᠦᠯᠳᠡᠷ ᠤᠨ ᠮᠢᠬᠠᠨ ᠤ

ᠦᠬᠡᠷ ᠤᠨ 13 ᠭᠤᠣᠯᠳᠠᠯᠭᠠᠲᠤ ᠰᠦᠷᠦᠭ ᠪᠠ 31 ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠬᠢᠨᠠᠨ ᠲᠣᠭᠲᠠᠭᠠᠵᠤ᠂

ᠮᠢᠬᠠᠨ ᠤ ᠦᠬᠡᠷ ᠤᠨ ᠡᠭᠦᠯᠳᠡᠷ ᠰᠠᠶᠢᠵᠢᠷᠠᠭᠤᠯᠤᠭᠰᠠᠨ ᠨᠣᠷᠮ᠎ᠠ ᠪᠠ ᠤᠨᠳᠤᠷᠤᠯᠲᠠ ᠶᠢᠨ ᠨᠣᠷᠮ᠎ᠠ ᠨᠢ ᠲᠣᠰ ᠲᠣᠰ 96. 9

% ᠪᠠ 85 %᠎ ᠳᠤ ᠬᠦᠷᠪᠡ᠃ ᠵᠢᠯ ᠳᠤ ᠳᠤᠮᠳᠠᠴᠢ ᠪᠠᠷ 3000 ᠲᠣᠯᠤᠭᠠᠢ ᠰᠠᠶᠢᠨ ᠡᠭᠦᠯᠳᠡᠷ ᠤᠨ ᠦᠬᠡᠷ

ᠪᠣᠶᠢᠵᠢᠭᠤᠯᠤᠨ᠂ ᠪᠣᠷᠳᠣᠨ ᠲᠠᠷᠭᠤᠯᠠᠭᠤᠯᠬᠤ ᠬᠡᠪᠴᠢᠶ᠎ᠡ ᠨᠢ 1 ᠲᠦᠮᠡᠨ ᠲᠣᠯᠤᠭᠠᠢ ᠳᠤ ᠬᠦᠷᠴᠡᠢ᠃ ᠮᠢᠬᠠᠨ ᠤ ᠦᠬᠡᠷ

ᠨᠢᠲᠤᠯᠵᠤ ᠡᠳ᠋ᠰᠢᠭᠦᠯᠬᠦ‍ ᠨᠢᠭᠡ ᠵᠣᠷᠪᠤᠰ ᠦᠢᠯᠡᠳᠪᠦᠷᠢᠯᠡᠯ ᠤᠨ ᠱᠤᠭᠤᠮ ᠨᠡᠮᠡᠭᠳᠡᠭᠦᠯᠵᠦ᠂ ᠵᠢᠯ ᠳᠤ 10 ᠲᠦᠮᠡᠨ ᠲᠣᠯᠣᠭᠠᠶ

ᠨᠢᠳᠤᠯᠵᠤ ᠡᠳ᠋ᠰᠢᠬᠦᠯᠬᠦ ᠪᠣᠯᠪᠠ᠃ ᠰᠠᠩ ᠤᠨ ᠳᠠᠯᠠᠢ ᠳᠠᠬᠢ ᠡᠪᠡᠰᠦᠨ ᠤ ᠦᠢᠯᠡᠰ ᠤᠨ ᠬᠦᠷᠢᠶᠡᠯᠡᠩ᠂ ᠲᠢᠶᠠᠨ ᠶᠤᠸᠠᠨ

ᠮᠠᠯᠵᠢᠯ ᠤᠨ ᠲᠠᠯᠠᠪᠠᠢ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠪᠡ᠃ 31 ᠡᠷᠦᠬᠡ ᠰᠠᠭᠠᠯᠢ ᠶᠢᠨ ᠦᠨᠢᠶᠡᠨ

᠎ ᠤ ᠳᠤᠮᠳᠠ ᠵᠢᠵᠢᠭ ᠮᠠᠯᠵᠢᠯ ᠤᠨ ᠲᠠᠯᠠᠪᠠᠢ ᠲᠠᠢ ᠪᠣᠯᠵᠤ᠂ 5. 47 ᠲᠥᠮᠡᠨ ᠲᠣᠯᠤᠭᠠᠢ ᠰᠠᠭᠠᠯᠢ ᠶᠢᠨ ᠦᠨᠢᠶ᠎ᠡ ᠲᠡᠵᠢᠭᠡᠵᠦ᠂

ᠵᠢᠯ ᠤᠨ ᠰᠦᠨ ᠤ ᠭᠠᠷᠤᠯᠲᠠ ᠨᠢ 9. 8 ᠲᠦᠮᠡᠨ ᠲᠤᠨ ᠳᠤ ᠬᠦᠷᠴᠡᠢ᠃ ᠰᠢᠯᠤᠭᠤᠨ ᠬᠥᠬᠡ ᠬᠤᠰᠢᠭᠤᠨ ᠤ ︽ᠴᠤᠷ᠎ᠠ︾

᠎ ᠨᠢ ᠪᠥᠬᠦ ᠤᠯᠤᠰ ᠤᠨ ᠬᠥᠳᠡᠭᠡ ᠠᠵᠤ ᠠᠬᠤᠢ ᠶᠢᠨ ᠰᠢᠯᠢᠳᠡᠭ ᠪᠦᠲᠦᠭᠡᠭᠳᠡᠬᠦᠨ ᠤ ᠨᠡᠷᠡᠰ ᠲᠤ ᠰᠣᠩᠭᠤᠭᠳᠠᠨ ᠣᠷᠣᠵᠤ᠂

ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠵᠧᠩ ᠾᠧ ᠤᠯᠠᠭᠠᠨ ᠢᠳᠡᠭᠡᠨ ᠤ ᠺᠣᠮᠫᠠᠨᠢ ᠶᠢ ︽ᠲᠥᠪ ᠤᠨ ᠨᠥᠭᠡᠴᠡᠯᠡᠯᠲᠡ

︾᠎ ᠶᠢᠨ ᠮᠢᠬ᠎ᠠ ᠶᠢ ᠬᠠᠩᠭᠠᠬᠤ ᠠᠵᠤ ᠠᠬᠤᠶᠢᠯᠠᠯ ᠢᠶᠠᠷ ᠲᠣᠭᠲᠠᠭᠠᠵᠤ᠂ ᠴᠠᠩ ᠬᠤᠩ ᠴᠠᠭᠠᠨ ᠢᠳᠡᠭᠡᠨ ᠤ ᠦᠶᠯᠡᠳᠪᠦᠷᠢ ᠨᠢ

︽ᠥᠪᠥᠷ ᠮᠣᠩᠭᠤᠯ ᠤᠨ ᠨᠡᠷᠡᠮᠵᠢᠲᠤ︾ ᠠᠵᠤ ᠠᠬᠤᠶᠢᠯᠠᠯ ᠢᠶᠠᠷ ᠲᠣᠭᠲᠠᠭᠠᠭᠳᠠᠨ᠂ ᠰᠢ ᠪᠸᠢ ᠾᠦᠢ ᠲᠦᠩ ᠮᠠᠯ ᠠᠵᠤ

ᠠᠬᠤᠶ ᠶᠢᠨ ᠺᠣᠮᠫᠠᠨᠢ ᠨᠢ ︽ᠥᠪᠡᠷᠲᠡᠭᠡᠨ ᠵᠠᠰᠠᠬᠤ ᠣᠷᠣᠨ ᠤ ᠲᠠᠰ ᠤᠨ ᠲᠣᠯᠤᠭᠠᠶᠢᠯᠠᠭᠴᠢ︾ ᠠᠵᠤ ᠠᠬᠤᠶᠢᠯᠠᠯ ᠢᠶᠠᠷ

ᠦᠨᠡᠯᠡᠭᠳᠡᠵᠦ᠂ ᠱᠠᠩᠳᠤ ᠦᠬᠡᠷ ᠤᠨ ᠮᠢᠬᠠᠨ ᠤ ᠺᠣᠮᠫᠠᠨᠢ ᠨᠢ ︽ᠥᠪᠥᠷ ᠮᠣᠩᠭᠤᠯ ᠤᠨ ᠦᠨᠦᠷ ᠠᠮᠲᠠ︾᠎ ᠶᠢ ᠲᠥᠯᠦᠭᠡᠯᠡᠬᠦ

ᠡᠷᠬᠡ ᠣᠯᠣᠭᠰᠠᠨ ᠦᠶᠯᠡᠳᠪᠦᠷᠢᠯᠡᠯ ᠤᠨ ᠠᠵᠤ ᠠᠬᠤᠶᠢᠯᠠᠯ ᠢᠶᠠᠷ ᠵᠢᠭᠰᠠᠭᠠᠭᠳᠠᠵᠤ᠂ 9 ᠡᠷᠦᠬᠡ ᠴᠠᠭᠠᠨ ᠢᠳᠡᠭᠡᠨ ᠤ

ᠦᠶᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠢ ︽ᠰᠢᠯᠢ ᠶᠢᠨ ᠭᠤᠤᠯ ᠤᠨ ᠪᠢᠰᠢᠯᠠᠭ︾ ᠭᠡᠬᠦ ᠨᠠᠷᠠᠲᠤ ᠲᠡᠮᠳᠡᠭ ᠤᠨ

ᠡᠷᠬᠡ ᠶᠢ ᠣᠯᠵᠠᠢ᠃ ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠨᠢ 21.6 ᠲᠦᠮᠡᠨ ᠮᠥ ᠪᠣᠯᠤᠨ ᠨᠡᠮᠡᠭᠳᠡᠵᠦ᠂ ᠤᠨᠠᠯᠲᠠ ᠨᠢ

4 ᠲᠦᠮᠡᠨ ᠲᠣᠨ ᠳᠤ ᠬᠦᠷᠴᠡᠶ᠃

    ᠠᠵᠤ ᠦᠶᠯᠡᠳᠪᠦᠷᠢ ᠶᠢᠨ ᠦᠷ᠎ᠡ ᠠᠰᠢᠭ ᠢ ᠨᠡᠮᠡᠭᠳᠡᠭᠦᠯᠪᠡ᠃ ᠪᠦᠬᠦ ᠵᠢᠯ ᠤᠨ ᠴᠠᠬᠢᠯᠭᠠᠨ ᠭᠠᠷᠭᠠᠯᠲᠠ ᠶᠢᠨ ᠬᠡᠮᠵᠢᠶ᠎ᠡ ᠨᠢ

193 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠰᠢᠨ᠎ᠡ ᠲᠡᠮᠳᠡᠭᠯᠡᠯ ᠢ ᠡᠭᠦᠳᠴᠡᠢ᠃ 3 ᠡᠷᠦᠬᠡ ᠠᠵᠤ

ᠦᠢᠯᠡᠳᠪᠦᠷᠢ ᠶᠢᠨ ᠠᠵᠤ ᠠᠬᠤᠶᠢᠯᠠᠯ ᠨᠢ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢᠶᠠᠷ ᠪᠦᠷᠢᠳᠭᠡᠭᠳᠡᠪᠡ᠃

ᠱᠠᠩᠳᠤ ᠵᠠᠭᠤᠨ ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠢᠨᠵᠧᠨᠧᠷᠢᠩ᠂ ᠳᠠᠩ ᠾᠧ ᠰᠠᠯᠬᠢᠨ

ᠬᠦᠴᠦᠨ ᠤ ᠴᠠᠬᠢᠯᠭᠠᠨ ᠭᠠᠷᠭᠠᠬᠤ ᠢᠨᠵᠧᠨᠧᠷᠢᠩ ᠢ ᠠᠰᠢᠭᠯᠠᠯᠲᠠ ᠳᠤ ᠣᠷᠣᠭᠤᠯᠵᠤ᠂ ᠰᠢᠨ᠎ᠡ ᠡᠨᠧᠷᠭᠢ ᠶᠢ ᠠᠰᠢᠭᠯᠠᠨ

189 ᠲᠦᠮᠡᠨ ᠺᠢᠯᠣᠸᠠᠲ ᠤᠨ ᠴᠠᠬᠢᠯᠭᠠᠨ ᠭᠠᠷᠭᠠᠵᠤ᠂ ᠶᠡᠷᠦᠩᠬᠡᠢ ᠮᠠᠰᠢᠨ ᠴᠣᠭᠴᠠᠯᠠᠪᠤᠷᠢ ᠶᠢᠨ 33. 7 %᠎ ᠶᠢ ᠡᠵᠡᠯᠡᠪᠡ

᠃ ᠬᠡᠪᠴᠢᠶᠡᠵᠢᠯ ᠠᠴᠠ ᠳᠡᠭᠡᠭᠰᠢᠬᠢ ᠰᠢᠨ᠎ᠡ ᠡᠨᠧᠷᠭᠢ ᠶᠢᠨ 9 ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶ᠎ᠡ ᠨᠢ

40. 2 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 218 . 3 %᠎ ᠪᠠᠷ ᠨᠡᠮᠡᠭᠳᠡᠨ᠂ ᠦᠶᠯᠡᠳᠬᠦᠨ ᠤ ᠶᠡᠷᠦᠩᠬᠡᠶ

ᠥᠷᠲᠡᠭ ᠨᠢ 454. 2 %᠎ ᠢᠶᠠᠷ ᠳᠡᠭᠡᠭᠰᠢᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ

ᠦᠶᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ15.7  ᠵᠠᠭᠤᠨ ᠤ ᠬᠤᠪᠢ ᠪᠠᠷ ᠳᠠᠶᠢᠴᠢᠯᠠᠨ᠂ 204.6

%᠎ ᠶᠢᠨ ᠬᠤᠪᠢ ᠨᠡᠮᠡᠷᠢ ᠦᠵᠡᠭᠦᠯᠪᠡ᠃ ᠶᠦᠨ ᠳ᠋ᠠ ᠦᠢᠯᠡᠳᠪᠦᠷᠢᠯᠡᠯ ᠤᠨ ᠰᠠᠭᠤᠷᠢᠨ ᠢ ᠠᠰᠢᠭᠯᠠᠯᠲᠠ ᠳᠤ ᠣᠷᠣᠭᠤᠯᠪᠠ᠃

ᠬᠦᠷᠢᠶᠡᠯᠡᠩ ᠤᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠨᠢ 58 ᠳ᠋ᠦᠩᠰᠢᠭᠤᠷ

ᠲᠥᠭᠦᠷᠢᠭ ᠢ ᠳᠠᠪᠠᠵᠤ᠂ ᠭᠠᠶᠢᠯᠢ ᠶᠢᠨ ᠣᠷᠣᠯᠭ᠎ᠠ ᠨᠢ 2. 5 ᠳ᠋ᠦᠩᠰᠢᠭᠤᠷ ᠲᠥᠭᠦᠷᠢᠭ ᠲᠤ ᠬᠦᠷᠴᠦ᠂ ᠮᠦ ᠪᠦᠷᠢ ᠶᠢᠨ

ᠳᠤᠮᠳᠠᠴᠢ ᠦᠢᠯᠡᠳᠬᠦᠨ ᠤ ᠥᠷᠲᠡᠭ ᠨᠢ 92. 8 ᠲᠦᠮᠡᠨ ᠲᠥᠭᠦᠷᠢᠭ ᠲᠤ ᠬᠦᠷᠴᠦ᠂ ᠪᠦᠬᠦ ᠠᠶᠢᠮᠠᠭ ᠲᠤ ᠲᠡᠷᠢᠭᠦᠯᠡᠪᠡ᠃

    ᠭᠤᠷᠪᠠᠳᠤᠭᠠᠷ ᠠᠵᠤ ᠦᠶᠯᠡᠰ ᠤᠨ ᠬᠦᠭᠵᠢᠯᠲᠡ ᠲᠦᠷᠭᠡᠰᠪᠡ᠃  ᠪᠦᠬᠦ ᠬᠤᠰᠢᠭᠤᠨ ᠤ ᠦᠢᠯᠡᠴᠢᠯᠡᠭᠡᠨ ᠤ ᠦᠢᠯᠡᠰ ᠤᠨ

ᠨᠡᠮᠡᠯᠲᠡ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 3.8 %᠎ ᠪᠠᠷ ᠨᠡᠮᠡᠭᠳᠡᠪᠡ᠃ ︽ᠶᠤᠸᠠᠨ ᠤ ᠳᠡᠭᠡᠳᠦ ᠨᠡᠶᠢᠰᠯᠡᠯ

᠎ ᠤᠨ ᠪᠠᠭᠤᠷᠢ︾᠂ ︽ᠬᠤᠯᠠᠨ ᠰᠢᠷᠭ᠎ᠠ ᠲᠠᠭ᠎ᠠ︾᠂ ︽ᠰᠢᠷ᠎ᠠ ᠲᠠᠯ᠎ᠠ︾ ᠭᠡᠬᠦ ᠰᠣᠶᠣᠯ ᠵᠢᠭᠤᠯᠴᠢᠯᠠᠯ ᠤᠨ ᠨᠥᠯᠦᠭᠡᠯᠡᠬᠦ

ᠬᠦᠴᠦᠨ ᠢ ᠦᠷᠭᠦᠯᠵᠢᠯᠡᠨ ᠬᠦᠭᠵᠢᠬᠦᠯᠪᠡ᠃ ︽ᠪᠠᠶᠢᠭᠠᠯᠢ ᠠᠮᠢ ᠠᠬᠤᠢ ᠶᠢᠨ ᠵᠤᠭᠠᠴᠠᠯ ᠤᠨ ᠭᠠᠵᠠᠷ︾᠎ ᠨᠢ ᠪᠦᠬᠦ ᠤᠯᠤᠰ

᠎ ᠤᠨ ︽ᠬᠥᠬᠡᠭᠴᠢᠨ ᠲᠡᠰ ᠤᠨ ᠵᠢᠭᠤᠯᠴᠢᠯᠠᠯ ᠤᠨ ᠭᠠᠵᠠᠷ︾᠎ ᠢᠶᠠᠷ ᠦᠨᠡᠯᠡᠭᠳᠡᠵᠦ᠂ 5 ᠵᠢᠭᠤᠯᠴᠢᠯᠠᠯ ᠤᠨ ᠦᠷᠳᠡᠭᠡ ᠨᠢ ᠰᠢᠯᠢ

᠎ ᠶᠢᠨ ᠭᠤᠣᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠱᠣᠭᠤᠮ ᠤᠨ ᠤᠳᠤᠨ ᠲᠡᠰ ᠤᠨ ᠦᠷᠳᠡᠭᠡ

᠎ ᠪᠠᠷ ᠦᠨᠡᠯᠡᠭᠳᠡᠵᠡᠢ᠃ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢ ᠬᠠᠮᠠᠭᠠᠯᠠᠨ ᠳᠡᠯᠭᠡᠷᠡᠭᠦᠯᠬᠦ ᠲᠥᠷᠥᠯ ᠵᠦᠢᠯ᠂

ᠵᠢᠭᠤᠯᠴᠢᠳ ᠲᠤ ᠦᠢᠯᠡᠴᠢᠯᠡᠬᠦ ᠲᠥᠪ᠂ ᠴᠠᠭᠠᠨ ᠢᠳᠡᠭᠡᠨ ᠤ ᠵᠣᠭᠤᠭ ᠤᠨ ᠥᠷᠦᠭᠡ᠂ ᠡᠩᠭᠡᠷ ᠭᠠᠴᠠᠭᠠᠨ ᠤ ᠬᠤᠪᠢᠰᠬᠠᠯ

᠎ ᠤᠨ ᠲᠤᠷᠠᠰᠬᠠᠯᠲᠤ ᠭᠠᠵᠠᠷ ᠢ ᠪᠠᠶᠢᠭᠤᠯᠵᠤ ᠳᠠᠭᠤᠰᠬᠠᠪᠠ᠃ ᠠᠯᠲᠠᠩᠬᠤᠸ᠎ᠠ ᠴᠡᠴᠡᠭ ᠰᠣᠨᠢᠷᠬᠠᠬᠤ ᠨᠠᠶᠢᠷ᠂ ᠴᠠᠭᠠᠨ

ᠢᠳᠡᠭᠡᠨ ᠤ ᠨᠠᠶᠢᠷ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠡᠷᠬᠢᠯᠡᠵᠦ᠂ ᠮᠣᠩᠭᠤᠯ ᠮᠣᠷᠢᠨ ᠤ ᠬᠤᠯᠪᠣᠭᠠᠲᠤ

ᠤᠷᠤᠯᠳᠤᠭᠠᠨ ᠤ ᠰᠢᠯᠤᠭᠤᠨ ᠬᠥᠬᠡ ᠬᠤᠰᠢᠭᠤᠨ ᠳᠠᠬᠢ ᠣᠷᠣᠯᠳᠤᠭᠠᠨ ᠢ ᠬᠥᠷ ᠬᠥᠭᠵᠢᠶᠡᠨᠲᠡᠶ ᠶᠠᠪᠤᠭᠳᠠᠭᠤᠯᠪᠠ᠃ ᠪᠥᠬᠦ

ᠵᠢᠯ ᠳᠤ 124 ᠲᠦᠮᠡᠨ ᠵᠢᠭᠤᠯᠴᠢᠳ ︵ᠤᠳᠠᠭ᠎ᠠ︶᠎ ᠢ ᠭᠥᠯᠢᠶᠡᠨ ᠠᠪᠴᠤ᠂ 6. 8 ᠳ᠋ᠦᠩᠰᠢᠭᠤᠷ ᠲᠥᠭᠦᠷᠢᠭ ᠤᠨ

ᠣᠷᠣᠯᠭ᠎ᠠ ᠶᠢ ᠪᠡᠶᠡᠯᠡᠭᠦᠯᠦᠨ᠂ ᠠᠳᠠᠯᠢ ᠬᠤᠭᠤᠴᠠᠭᠠᠨ ᠤ ᠬᠢ ᠠᠴᠠ 188 % ᠪᠠ 132 %᠎ ᠢᠶᠠᠷ ᠨᠡᠮᠡᠭᠳᠡᠵᠡᠢ᠃ 3

ᠡᠷᠦᠬᠡ ᠦᠶᠯᠡᠳᠪᠦᠷᠢᠯᠡᠯ ᠤᠨ ᠦᠶᠯᠡᠴᠢᠯᠡᠭᠡᠨ ᠤ ᠠᠵᠤ ᠠᠬᠤᠶᠢᠯᠠᠯ ᠰᠢᠨ᠎ᠡ ᠪᠠᠷ ᠨᠡᠮᠡᠭᠳᠡᠵᠦ᠂ 3 ᠡᠷᠦᠬᠡ ᠠᠷᠠᠯᠵᠢᠶ᠎ᠠ

ᠬᠤᠳᠠᠯᠳᠤᠭᠠᠨ ᠤ ᠠᠵᠤ ᠠᠬᠤᠶᠢᠯᠠᠯ ᠪᠦᠷᠢᠳᠭᠡᠯ ᠤᠨ ᠬᠡᠪᠴᠢᠶᠡᠨ ᠳᠤ ᠨᠡᠮᠡᠭᠳᠡᠨ ᠣᠷᠤᠵᠠᠢ᠃ ᠰᠢᠭᠤᠳ ᠨᠡᠪᠲᠡᠷᠡᠭᠦᠯᠭᠡ ᠶᠢᠨ

ᠴᠠᠬᠢᠮ ᠬᠤᠳᠠᠯᠳᠤᠭᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠡᠷᠴᠢᠮᠲᠡᠶ ᠬᠥᠭᠵᠢᠵᠦ᠂ ᠪᠥᠬᠦ ᠵᠢᠯ ᠤᠨ ᠴᠠᠬᠢᠮ

ᠬᠤᠳᠠᠯᠳᠤᠭᠠᠨ ᠤ ᠪᠣᠷᠣᠯᠠᠭᠤᠯᠭ᠎ᠠ ᠨᠢ 6553 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ

4. 2 %᠎ ᠢᠶᠠᠷ ᠨᠡᠮᠡᠭᠳᠡᠵᠡᠢ᠃ ᠪᠣᠳᠠᠰ ᠤᠨ ᠭᠦᠢᠯᠭᠡᠭᠡᠨ ᠤ ᠦᠢᠯᠡᠰ ᠲᠦᠷᠭᠡᠨ ᠬᠥᠭᠵᠢᠵᠦ᠂ ᠪᠠᠷᠠᠭ᠎ᠠ ᠲᠡᠭᠡᠭᠡᠪᠦᠷᠢ ᠶᠢᠨ

ᠬᠡᠮᠵᠢᠶ᠎ᠡ 1000 ᠲᠦᠮᠡᠨ ᠲᠣᠨ ᠢ ᠳᠠᠪᠠᠪᠠ᠃

︵ᠭᠤᠷᠪᠠ︶ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ

     ᠠᠷᠠᠯᠵᠢᠶ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠪᠡ᠃ ︽ᠬᠤᠶᠠᠷ ᠢ ᠰᠢᠯᠢᠳᠡᠭᠵᠢᠬᠦᠯᠬᠦ︾ ᠲᠤᠰᠬᠠᠢ

ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ 115 ᠲᠦᠷᠦᠯ ᠤᠨ ᠠᠵᠢᠯ ᠢ ︽ᠨᠢᠭᠡ ᠯᠡ ᠤᠳᠠᠭ᠎ᠠ ᠳᠤ

ᠭᠦᠢᠴᠡᠳᠬᠡᠬᠦ︾᠎ ᠢ ᠪᠡᠶᠡᠯᠡᠬᠦᠯᠦᠨ᠂ ︽ᠪᠢᠴᠢᠭ ᠮᠠᠲ᠋ᠧᠷᠢᠶᠠᠯ᠂ ᠠᠯᠬᠤᠮ ᠭᠤᠭᠴᠤᠭ᠎ᠠ᠂ ᠴᠠᠭ ᠬᠤᠭᠤᠴᠠᠭ᠎ᠠ︾᠎ ᠶᠢ ᠴᠥᠮ

80 %᠎ ᠪᠠᠷ ᠴᠣᠮᠬᠠᠳᠬᠠᠨ ᠪᠠᠭᠠᠰᠬᠠᠵᠤ᠂ ᠪᠦᠬᠦ ᠠᠶᠢᠮᠠᠭ ᠤᠨ ᠲᠡᠷᠢᠭᠦᠨ ᠤ ᠡᠩᠨᠡᠭᠡᠨ ᠳᠤ ᠣᠷᠤᠵᠠᠢ᠃ ᠵᠠᠰᠠᠭ ᠤᠨ

ᠶᠠᠪᠤᠳᠠᠯ ᠤᠨ ᠦᠶᠯᠡᠴᠢᠯᠡᠭᠡᠨ ᠤ 258 ᠵᠦᠶᠯ ᠢ ︽ᠮᠠᠲ᠋ᠧᠷᠢᠶᠠᠯ ᠥᠬᠡᠶ︾᠎ ᠪᠠᠷ ᠭᠦᠶᠴᠡᠳᠬᠡᠵᠦ᠂ 158 ᠵᠦᠶᠯ ᠢ ︽

ᠮᠤᠵᠢ ᠠᠯᠤᠰᠯᠠᠨ ᠨᠡᠶᠢᠳᠡᠮ ᠭᠦᠢᠴᠡᠳᠭᠡᠨ︾᠂ 118 ᠵᠦᠶᠯ ᠢ ︽ᠪᠥᠬᠦ ᠣᠷᠣᠨ ᠳᠤ ᠨᠡᠶᠢᠳᠡᠮ ᠭᠦᠶᠴᠡᠳᠬᠡᠬᠦ︾ ᠪᠣᠯᠪᠠ᠃

ᠪᠥᠬᠦ ᠵᠢᠯ ᠳᠤ 12345 ᠦᠢᠯᠡᠴᠢᠯᠡᠭᠡᠨ ᠤ ᠤᠲᠠᠰᠤ ᠶᠢ 3147 ᠤᠳᠠᠭ᠎ᠠ ᠲᠣᠰᠣᠨ᠂ ᠭᠥᠯᠢᠶᠡᠨ ᠠᠪᠤᠭᠰᠠᠨ ᠨᠣᠷᠮ᠎ᠠ᠂

ᠭᠦᠢᠴᠡᠳᠭᠡᠭᠰᠡᠨ ᠨᠣᠷᠮ᠎ᠠ᠂ ᠬᠠᠨᠤᠮᠵᠢ ᠶᠢᠨ ᠨᠣᠷᠮ᠎ᠠ ᠨᠢ ᠴᠥᠮ 100 %᠎ ᠳᠤ ᠬᠦᠷᠴᠡᠢ᠃ 1499 ᠡᠷᠦᠬᠡ

ᠡᠵᠡᠩᠨᠡᠯᠲᠡ ᠶᠢᠨ ᠨᠢᠭᠡᠴᠡ ᠰᠢᠨ᠎ᠡ ᠪᠠᠷ ᠨᠡᠮᠡᠭᠳᠡᠵᠦ᠂ 58. 3 ᠳ᠋ᠦᠩᠰᠢᠭᠤᠷ ᠲᠥᠭᠦᠷᠢᠭ ᠤᠨ ᠬᠥᠷᠥᠩᠭᠡ ᠳᠠᠩᠰᠠᠯᠠᠭᠤᠯᠤᠨ᠂

ᠲᠣᠰᠪᠣᠷᠢ 13. 5 % ᠪᠠ 23. 6 %᠎ ᠪᠠᠷ ᠨᠡᠮᠡᠭᠳᠡᠪᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ

ᠳᠥᠰᠥᠯ ᠢᠶᠠᠷ 0. 5 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠡᠯᠳᠦᠷᠢᠭᠦᠯᠵᠦ᠂ 17. 8 ᠳ᠋ᠦᠩᠰᠢᠭᠤᠷ ᠲᠥᠭᠦᠷᠢᠭ ᠤᠨ

ᠵᠢᠭᠡᠯᠡᠯᠭᠡ ᠲᠠᠷᠬᠠᠭᠠᠵᠠᠢ᠃ ᠠᠵᠤ ᠦᠶᠯᠡᠳᠪᠦᠷᠢ ᠳᠤ ᠬᠡᠷᠡᠭᠯᠡᠬᠦ 199. 8 ᠮᠥ ︽ᠪᠠᠷᠢᠮᠵᠢᠶᠠᠲᠤ ᠭᠠᠵᠠᠷ︾᠎ ᠢ ᠰᠢᠯᠵᠢᠭᠦᠯᠦᠨ

ᠥᠭᠪᠡ᠃ ᠰᠢᠨᠵᠢᠯᠡᠬᠦ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠨ᠂ 3 ᠡᠷᠦᠬᠡ ᠠᠵᠤ ᠠᠬᠤᠶᠢᠯᠠᠯ ᠨᠢ

ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠮᠡᠷᠭᠡᠵᠢᠯ ᠤᠨ ᠬᠡᠯᠪᠡᠷᠢᠲᠦ ᠳᠤᠮᠳᠠ ᠵᠢᠵᠢᠭ ᠠᠵᠤ ᠠᠬᠤᠶᠢᠯᠠᠯ ᠳᠤ

ᠵᠢᠭᠰᠠᠭᠠᠭᠳᠠᠵᠤ᠂ 1 ᠡᠷᠦᠬᠡ ᠠᠵᠤ ᠠᠬᠤᠶᠢᠯᠠᠯ ᠨᠢ ᠰᠢᠨ᠎ᠡ ᠶᠢ ᠡᠭᠦᠳᠦᠭᠰᠡᠨ ᠠᠵᠤ ᠠᠬᠤᠶᠢᠯᠠᠯ ᠢᠶᠠᠷ ᠲᠣᠳᠤᠷᠠᠵᠤ᠂

ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠰᠢᠨ᠎ᠡ ᠪᠠᠷ ᠨᠡᠮᠡᠭᠳᠡᠨ 2 ᠪᠣᠯᠵᠠᠢ᠃ ᠱᠠᠩᠳᠤ ᠠᠵᠤ ᠦᠶᠯᠡᠳᠪᠦᠷᠢ ᠶᠢᠨ

ᠬᠦᠷᠢᠶᠡᠯᠡᠩ ᠤᠨ ᠰᠠᠭᠤᠷᠢ ᠳᠥᠬᠦᠭᠡᠷᠦᠮᠵᠢ᠂ ᠤᠰᠤ ᠬᠠᠩᠭᠠᠯᠲᠠ ᠵᠢᠴᠢ ᠤᠰᠤ ᠭᠠᠳᠠᠭᠰᠢᠯᠠᠭᠤᠯᠬᠤ ᠲᠣᠣᠷ ᠬᠤᠭᠤᠯᠠᠢ ᠪᠠ

ᠮᠣᠩᠭᠤᠯ ᠭᠡᠷ ᠤᠨ ᠠᠵᠤ ᠦᠢᠯᠡᠰ ᠤᠨ ᠬᠦᠷᠢᠶᠡᠯᠡᠩ ᠤᠨ ᠳᠥᠰᠥᠯ ᠢ ᠪᠦᠬᠦᠨ ᠢ ᠳᠠᠭᠤᠰᠬᠠᠵᠤ᠂ ︽ᠣᠶᠣᠨᠴᠢᠯᠠᠭᠰᠠᠨ

ᠠᠵᠤ ᠦᠢᠯᠡᠰ ᠤᠨ ᠬᠦᠷᠢᠶᠡᠯᠡᠩ︾᠎ ᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠰᠢᠯᠭᠠᠨ ᠪᠠᠶᠢᠴᠠᠭᠠᠯᠲᠠ ᠳᠤ ᠬᠢᠷᠢ

ᠲᠡᠩᠴᠡᠪᠡ᠃

    ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠡᠯᠪᠡᠭ ᠪᠦᠳᠦᠮᠵᠢ ᠣᠯᠪᠠ᠃ ︽ᠠᠷᠠᠯᠵᠢᠶᠠᠴᠢᠨ ᠤᠷᠢᠵᠤ ᠪᠠᠯᠠ

ᠣᠷᠣᠭᠤᠯᠬᠤ︾ ᠣᠨ ᠤ ᠲᠤᠰᠬᠠᠶ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ

ᠠᠵᠢᠯ ᠤᠨ ᠲᠤᠰᠬᠠᠶ ᠳᠤᠭᠤᠶᠢᠯᠠᠩ ᠪᠠᠶᠢᠭᠤᠯᠪᠠ᠃ ᠪᠦᠬᠦ ᠵᠢᠯ ᠳᠤ 149 ᠠᠵᠤ ᠠᠬᠤᠶᠢᠯᠠᠯ ᠢ ︽ᠤᠷᠢᠨ ᠣᠷᠣᠭᠤᠯᠣᠭᠰᠠᠨ

ᠪᠣᠶᠣ ᠭᠠᠳᠠᠭᠰᠢ ᠭᠠᠷᠭᠠᠵᠤ︾᠂ 3 ᠤᠳᠠᠭᠠᠨ ᠤ ᠲᠤᠰᠬᠠᠢ ᠲᠠᠨᠢᠯᠴᠠᠭᠤᠯᠭ᠎ᠠ ᠶᠢᠨ ᠬᠤᠷᠠᠯ ᠡᠷᠬᠢᠯᠡᠨ᠂ 27 ᠲᠥᠰᠥᠯ ᠳᠤ

ᠠᠷᠠᠯᠵᠢᠶᠠᠴᠢᠨ ᠤᠷᠢᠵᠤ ᠪᠡᠯᠡ ᠣᠷᠣᠭᠤᠯᠬᠤ ᠭᠡᠷ᠎ᠡ ᠲᠣᠭᠲᠠᠵᠤ᠂ ᠶᠡᠷᠦᠩᠬᠡᠢ ᠥᠷᠳᠡᠭ ᠨᠢ 163 ᠳ᠋ᠦᠩᠰᠢᠭᠤᠷ ᠲᠥᠭᠦᠷᠢᠭ

᠎ ᠲᠤ ᠬᠦᠷᠴᠦ᠂ 6 ᠳᠥᠰᠥᠯ ᠨᠢ ᠲᠤᠬᠠᠢ ᠶᠢᠨ ᠵᠢᠯ ᠳᠡᠭᠡᠨ ᠭᠡᠷ᠎ᠡ ᠲᠣᠭᠲᠠᠵᠤ᠂ ᠳᠥᠰᠥᠪ ᠢᠶᠠᠨ ᠲᠣᠭᠲᠠᠭᠠᠨ ᠪᠠᠷᠢᠯᠭ᠎ᠠ

ᠡᠬᠢᠯᠡᠭᠦᠯᠪᠡ᠃ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶᠎ ᠠᠴᠠ 8 ᠳᠥᠰᠥᠯ ᠢ ᠣᠷᠣᠭᠤᠯᠤᠨ ᠠᠪᠴᠢᠷᠠᠵᠤ᠂

30. 7 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠳᠠᠲᠠᠨ ᠣᠷᠤᠭᠤᠯᠵᠤ᠂ ᠪᠦᠬᠦ ᠠᠶᠢᠮᠠᠭ ᠲᠤ ᠳᠥᠷᠪᠡᠳᠦᠭᠡᠷ ᠲᠤ

ᠪᠠᠶᠢᠷᠢᠯᠠᠪᠠ᠃

 ᠲᠦᠷᠦᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠳᠡᠭᠡᠭᠰᠢᠯᠡᠪᠡ᠃ ᠲᠥᠰᠦᠪ ᠤᠨ ᠳᠣᠲᠣᠷᠠᠬᠢ ᠪᠠᠯᠠ

ᠣᠷᠣᠭᠤᠯᠤᠯᠲᠠ᠂ ᠤᠯᠤᠰ ᠤᠨ ᠵᠢᠭᠡᠯᠡᠯᠭᠡ᠂ ᠵᠢᠭᠡᠯᠡᠯᠭᠡ ᠶᠢᠨ ᠲᠡᠮᠳᠡᠭᠲᠦ ᠨᠡᠮᠡᠵᠦ ᠲᠠᠷᠬᠠᠭᠠᠬᠤ ᠵᠡᠷᠭᠡ ᠲᠥᠷᠥ ᠶᠢᠨ ᠪᠣᠳᠣᠯᠭ᠎ᠠ

᠎ ᠶᠢᠨ ᠪᠠᠯᠠ ᠣᠷᠣᠭᠤᠯᠤᠯᠲᠠ ᠶᠢᠨ ᠬᠠᠨᠳᠤᠰᠢ ᠳᠤ ᠵᠣᠬᠢᠴᠠᠯᠳᠤᠨ᠂ ᠪᠥᠬᠦ ᠵᠢᠯ ᠳᠤ 12.27 ᠳ᠋ᠦᠩᠰᠢᠭᠤᠷ ᠲᠥᠭᠦᠷᠢᠭ ᠤᠨ

ᠳᠡᠭᠡᠳᠦ ᠱᠠᠲᠤᠨ ᠤ ᠪᠠᠯᠠ ᠮᠥᠩᠭᠦ ᠶᠢ ᠣᠯᠪᠠ᠃ ᠲᠦᠷᠦᠯ ᠵᠦᠢᠯ ᠤᠨ ᠪᠦᠬᠦ ᠶᠠᠪᠤᠴᠠ ᠶᠢ ᠳᠠᠭᠠᠭᠠᠴᠢᠯᠠᠨ ᠪᠠᠲᠤᠯᠠᠬᠤ ᠪᠠ

ᠲᠤᠰᠬᠠᠶ ᠠᠵᠢᠯ ᠤᠨ ᠳᠤᠭᠤᠶᠢᠯᠠᠩ ᠪᠠᠶᠢᠭᠤᠯᠵᠤ ᠪᠤᠳᠠᠲᠠᠢ ᠠᠬᠢᠭᠤᠯᠤᠨ᠂ 204 ᠭᠤᠤᠯᠳᠠᠯᠭ᠎ᠠ ᠲᠠᠢ ᠳᠥᠰᠥᠯ ᠤᠨ ᠭᠠᠷᠳᠠᠮ

᠎ ᠢ ᠬᠤᠭᠤᠴᠠᠭ᠎ᠠ ᠶᠣᠰᠣᠭᠠᠷ ᠭᠦᠶᠴᠡᠳᠬᠡᠵᠦ ᠳᠠᠭᠤᠰᠬᠠᠨ᠂ 56 ᠭᠤᠤᠯᠳᠠᠯᠭ᠎ᠠ ᠲᠠᠢ ᠲᠥᠷᠥᠯ ᠵᠦᠶᠯ ᠢ ᠪᠦᠬᠦᠨ ᠢ

ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠦᠨ᠂ ᠰᠠᠩ ᠤᠨ ᠲᠡᠯᠡᠶ ᠪᠠᠯᠭᠠᠰᠤᠨ ᠳᠤ ᠪᠣᠬᠢᠷ ᠤᠰᠤᠨ ᠤ

ᠲᠥᠬᠦᠭᠡᠷᠦᠮᠵᠢ ᠤᠭᠰᠠᠷᠠᠬᠤ ᠵᠡᠷᠭᠡ 15 ᠰᠢᠨ᠎ᠡ ᠳᠥᠰᠥᠯ ᠢ ᠲᠤᠬᠠᠶ ᠶᠢᠨ ᠵᠢᠯ ᠳᠤ ᠪᠠᠨ ᠠᠵᠢᠯ ᠡᠬᠢᠯᠡᠭᠦᠯᠦᠨ ᠪᠠᠷᠢᠯᠭ᠎ᠠ

ᠳᠠᠭᠤᠰᠬᠠᠵᠤ᠂ ᠪᠥᠬᠦ ᠵᠢᠯ ᠳᠤ 40 ᠳ᠋ᠦᠩᠰᠢᠭᠤᠷ ᠭᠠᠷᠤᠶ ᠲᠥᠭᠦᠷᠢᠭ ᠤᠨ ᠭᠤᠤᠯᠳᠠᠯᠭ᠎ᠠ ᠲᠠᠢ ᠳᠥᠰᠥᠯ ᠤᠨ ᠪᠠᠯᠠ

ᠣᠷᠣᠭᠤᠯᠤᠯᠲᠠ ᠶᠢ ᠪᠡᠶᠡᠯᠡᠭᠦᠯᠪᠡ᠃

︵ᠳᠥᠷᠪᠡ︶ ᠰᠠᠭᠤᠷᠢ ᠪᠠᠨ ᠴᠢᠩᠭᠠᠳᠬᠠᠵᠤ᠂ ᠬᠤᠲᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠪᠠ

    ᠰᠠᠭᠤᠷᠢ ᠲᠥᠬᠦᠭᠡᠷᠦᠮᠵᠢ ᠢᠯᠡᠳᠲᠡ ᠰᠠᠶᠢᠵᠢᠷᠠᠪᠠ᠃ 4677 ᠲᠦᠮᠡᠨ ᠲᠥᠭᠦᠷᠢᠭ ᠤᠨ ᠪᠡᠯᠡ ᠣᠷᠣᠭᠤᠯᠣᠨ᠂

ᠬᠤᠪᠢᠯᠠᠢ ᠶᠡᠭᠡ ᠵᠡᠭᠡᠯᠢ ᠶᠢᠨ ᠪᠠᠷᠠᠭᠤᠨ ᠬᠡᠰᠡᠭ ᠠᠴᠠ ᠱᠧᠩ ᠶᠤᠸᠠᠨ ᠵᠠᠮ ᠬᠦᠷᠲᠡᠯᠡᠬᠢ ᠬᠡᠰᠡᠭ ᠢ ᠳᠡᠪᠢᠰᠴᠦ᠂ ᠱᠠᠩᠳᠤ

ᠪᠠᠯᠭᠠᠰᠤᠨ ᠤ ᠪᠣᠷᠣᠭᠠᠨ ᠤ ᠤᠰᠤ ᠭᠠᠳᠠᠭᠰᠢᠯᠠᠭᠤᠯᠵᠤ ᠤᠰᠤᠲᠤᠯ ᠢ ᠰᠡᠷᠭᠡᠶᠢᠯᠡᠬᠦ ᠢᠨᠵᠧᠨᠧᠷᠢᠩ᠂ ᠰᠠᠩ ᠤᠨ ᠳᠠᠯᠠᠢ

ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠢᠨᠵᠧᠨᠧᠷᠢᠩ ᠢ ᠪᠡᠶᠡᠯᠡᠬᠦᠯᠵᠡᠢ᠃ 3. 5 ᠺᠢᠯᠤᠮᠧᠲᠷ ᠤᠨ ᠪᠣᠬᠢᠷ ᠤᠰᠤ

ᠭᠠᠳᠠᠭᠰᠢᠯᠠᠭᠤᠯᠬᠤ ᠬᠤᠭᠤᠯᠠᠢ ᠶᠢ ᠨᠡᠪᠲᠡᠷᠡᠭᠦᠯᠵᠦ᠂ ᠵᠢᠵᠢᠭ ᠵᠡᠭᠡᠯᠢ ᠭᠤᠳᠤᠮᠵᠢ ᠪᠠᠷ 1500 ᠲᠡᠭᠰᠢ ᠳᠥᠷᠪᠡᠯᠵᠢᠨ

ᠮᠧᠲᠷ ᠤᠨ ᠲᠣᠭᠤᠰᠬ᠎ᠠ ᠳᠡᠪᠢᠰᠦᠨ᠂ 1453 ᠰᠢᠷᠬᠡᠭ ᠵᠠᠮ ᠤᠨ ᠳ᠋ᠧᠩ ᠢ ᠵᠠᠰᠠᠵᠤ ᠰᠣᠯᠢᠪᠠ᠃ ᠬᠤᠲᠠ ᠶᠢᠨ

ᠨᠤᠭᠤᠭᠠᠷᠠᠭᠤᠯᠤᠯᠲᠠ ᠶᠢᠨ ᠨᠣᠷᠮ᠎ᠠ 37. 8 %᠎ ᠳᠤ ᠬᠦᠷᠴᠦ᠂ ᠶᠤᠸᠠᠨ ᠹᠦ᠋ ᠰᠠᠭᠤᠭᠠᠯᠢ ᠲᠣᠭᠤᠷᠢᠭ᠂ ᠣᠪᠣᠭᠠᠨ ᠰᠢᠷᠡᠭᠡ

ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠪᠠ ᠴᠠᠬᠢᠯᠭᠠᠨ ᠦᠶᠯᠡᠳᠪᠦᠷᠢ ᠶᠢᠨ ᠨᠡᠭᠦᠳᠡᠯ ᠠᠷᠠᠳ ᠤᠨ ᠠᠰᠠᠷ ᠢ

ᠵᠠᠰᠠᠨ ᠰᠢᠨᠡᠳᠬᠡᠬᠦ ᠠᠵᠢᠯ ᠢ ᠳᠠᠭᠤᠰᠪᠠ᠃ ᠮᠠᠯᠵᠢᠬᠤ ᠲᠠᠷᠢᠶᠠᠯᠠᠬᠤ ᠣᠷᠣᠨ ᠤ 10 ᠡᠷᠦᠬᠡ ᠶᠢᠨ ᠨᠤᠷᠠᠬᠤ ᠠᠶᠤᠯᠲᠠᠢ ᠭᠡᠷ

ᠪᠠᠶᠢᠰᠢᠩ ᠢ ᠰᠢᠨᠡᠳᠭᠡᠨ ᠵᠠᠰᠠᠵᠠᠢ᠃ 5686 ᠲᠦᠮᠡᠨ ᠲᠥᠭᠦᠷᠢᠭ ᠤᠨ ᠪᠡᠯᠡ ᠣᠷᠣᠭᠤᠯᠣᠨ᠂ ︽ᠠᠮᠤᠭᠤᠯᠠᠩ︾

ᠬᠥᠭᠦᠷᠭᠡ ᠶᠢ ᠵᠠᠰᠠᠨ ᠰᠡᠯᠪᠢᠵᠤ᠂ 279 ᠺᠢᠯᠤᠮᠧᠲᠷ ᠤᠨ ᠬᠥᠳᠡᠭᠡᠨ ᠤ ᠵᠠᠮ ᠢ ᠵᠠᠰᠠᠵᠤ᠂ ᠲᠠᠶᠢᠽᠢ ᠴᠧᠩ ᠠᠴᠠ

ᠰᠢᠯᠢᠩᠬᠤᠲᠠ ᠬᠦᠷᠬᠦ ᠲᠡᠮᠦᠷ ᠵᠠᠮ ᠤᠨ ᠰᠢᠯᠤᠭᠤᠨ ᠬᠥᠬᠡ ᠠᠴᠠ ᠰᠢᠯᠢᠩᠬᠤᠲᠠ ᠬᠦᠷᠬᠦ ᠬᠡᠰᠡᠭ ᠢ ᠴᠠᠬᠢᠯᠭᠠᠨᠵᠢᠭᠤᠯᠬᠤ

ᠢᠨᠵᠧᠨᠧᠷᠢᠩ ᠢ ᠤᠷᠤᠭᠰᠢᠲᠠᠢ ᠪᠡᠶᠡᠯᠡᠬᠦᠯᠵᠡᠢ᠃ ᠰᠢᠨ᠎ᠡ ᠪᠠᠷ ᠪᠠᠶᠢᠭᠤᠯᠬᠤ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ

᠎ ᠤᠨ ᠴᠡᠷᠢᠭ ᠤᠨ ᠶᠠᠪᠤᠳᠠᠯ ᠪᠠ ᠣᠷᠣᠨ ᠨᠣᠲᠤᠭ ᠤᠨ ᠵᠥᠪᠳᠡᠯᠴᠡᠭᠡᠷ᠂ ᠪᠠᠯᠠ ᠮᠥᠩᠭᠦ ᠴᠤᠭᠯᠠᠭᠤᠯᠬᠤ ᠳᠥᠰᠥᠪ ᠵᠡᠷᠭᠡ 5

ᠵᠦᠶᠯ ᠤᠨ ᠪᠡᠯᠡᠳᠭᠡᠯ ᠠᠵᠢᠯ ᠤᠨ ᠭᠠᠷᠳᠠᠮ ᠭᠦᠢᠴᠡᠳᠭᠡᠯ ᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ

᠎ ᠳᠤ ᠮᠡᠳᠡᠭᠦᠯᠦᠨ ᠬᠦᠷᠭᠡᠪᠡ᠃ 2623 ᠲᠦᠮᠡᠨ ᠲᠥᠭᠦᠷᠢᠭ ᠤᠨ ᠪᠠᠯᠠ ᠣᠷᠣᠭᠤᠯᠣᠨ᠂ ᠱᠠᠩᠳᠤ ᠶᠢᠨ ᠭᠤᠤᠯ ᠤᠨ

ᠬᠦᠨᠳᠡᠢ ᠶᠢ ᠴᠡᠪᠡᠷᠯᠡᠵᠦ᠂ ᠴᠢ ᠳ᠋ᠠ ᠳ᠋ᠦᠢ ᠲᠣᠰᠬᠤᠨ ᠤ ᠠᠭᠤᠯᠠᠨ ᠦᠶᠡᠷ ᠢ ᠶᠡᠷᠦᠩᠬᠡᠶᠢᠯᠡᠨ ᠵᠠᠰᠠᠬᠤ ᠳᠥᠰᠥᠯ ᠢ

ᠪᠡᠶᠡᠯᠡᠭᠦᠯᠪᠡ᠃ 217 ᠬᠤᠳᠳᠤᠭ ᠮᠠᠯᠲᠠᠨ᠂ 768 ᠬᠥᠮᠦᠨ ᠪᠠ 1. 39 ᠲᠦᠮᠡᠨ ᠲᠣᠯᠣᠭᠠᠢ ᠮᠠᠯ ᠤᠨᠤᠭᠠᠨ ᠤ ᠤᠰᠤ

ᠤᠮᠳᠠᠨ ᠤ ᠠᠰᠠᠭᠤᠳᠠᠯ ᠢ ᠰᠢᠢᠳᠪᠦᠷᠢᠯᠡᠵᠡᠢ᠃

    ᠬᠥᠳᠡᠭᠡ ᠣᠷᠣᠨ ᠢ ᠬᠦᠭᠵᠢᠬᠦᠯᠬᠦ ᠶᠠᠰᠤ ᠴᠢᠨᠠᠷ ᠢ ᠳᠡᠭᠡᠭᠰᠢᠯᠡᠬᠦᠯᠦᠨ᠂ ᠳᠦᠷᠢ ᠳᠥᠷᠬᠦ ᠶᠢ ᠰᠠᠶᠢᠵᠢᠷᠠᠭᠤᠯᠪᠠ᠃

6569. 4 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠬᠥᠳᠡᠭᠡ ᠣᠷᠣᠨ ᠢ ᠬᠦᠭᠵᠢᠬᠦᠯᠬᠦ16 ᠵᠦᠢᠯ ᠤᠨ ᠳᠥᠰᠥᠯ ᠢ

ᠬᠡᠷᠡᠭᠵᠢᠭᠦᠯᠪᠡ᠃ ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠳᠤᠮᠳᠠᠴᠢ ᠴᠡᠪᠡᠷ ᠣᠷᠣᠯᠭ᠎ᠠ

᠎ ᠨᠢ ᠠᠳᠠᠯᠢ ᠬᠤᠭᠤᠴᠠᠭᠠᠨ ᠤ ᠬᠢ ᠠᠴᠠ 8 %᠎ ᠪᠠᠷ ᠨᠡᠮᠡᠭᠳᠡᠵᠦ᠂ ︽ᠬᠤᠶᠠᠷ ᠨᠡᠮᠡᠭᠳᠡᠯ ᠢ ᠪᠠᠲᠤᠯᠠᠬᠤ︾ ᠪᠠᠷᠢᠮᠵᠢᠶ᠎ᠠ ᠳᠤ

ᠬᠦᠷᠪᠡ᠃ ᠨᠡᠶᠢᠭᠡᠮ ᠤᠨ ᠦᠢᠯᠡᠴᠢᠯᠡᠭᠡ ᠶᠢ ᠴᠢᠩᠭᠠᠳᠬᠠᠨ᠂ ᠣᠷᠣᠰᠢᠨ ᠰᠠᠭᠤᠬᠤ ᠣᠷᠴᠢᠨ ᠨᠥᠬᠦᠴᠡᠯ ᠢ ᠪᠦᠲᠦᠮᠵᠢᠲᠡᠢ

ᠰᠠᠶᠢᠵᠢᠷᠠᠭᠤᠯᠵᠣ᠂ ᠮᠠᠯ ᠵᠢᠭᠦᠷᠲᠡᠨ ᠤ ᠢᠯᠭᠠᠳᠠᠰᠣ ᠶᠢ ᠡᠬᠢ ᠪᠠᠶᠠᠯᠢᠭᠵᠢᠭᠤᠯᠤᠨ ᠠᠰᠢᠭᠯᠠᠵᠤ᠂ ᠰᠢᠩᠭᠡᠨ ᠪᠡᠶᠡᠲᠦ

ᠪᠣᠷᠳᠣᠭᠤᠷ ᠤᠨ ᠦᠢᠯᠡᠳᠪᠦᠷᠢ ᠶᠢ ᠠᠰᠢᠭᠯᠠᠯᠲᠠ ᠳᠤ ᠣᠷᠣᠭᠤᠯᠵᠠᠢ᠃ 885 ᠡᠷᠦᠬᠡ ᠳᠤ ᠰᠢᠨ᠎ᠡ ᠵᠣᠷᠯᠣᠩ ᠪᠠᠶᠢᠭᠤᠯᠵᠤ᠂

386 ᠡᠷᠦᠬᠡ ᠶᠢᠨ ᠵᠣᠷᠯᠣᠩ ᠢ ᠰᠡᠯᠪᠢᠨ ᠵᠠᠰᠠᠵᠤ᠂ ᠵᠣᠷᠯᠣᠩ ᠤᠨ ᠲᠥᠭᠡᠮᠡᠯᠵᠢᠯᠲᠡ ᠶᠢᠨ ᠨᠣᠷᠮ᠎ᠠ ᠨᠢ 37.5 %᠎ ᠳᠤ

ᠬᠥᠷᠪᠡ᠃ ︽ᠲᠤᠰᠬᠠᠢ ᠤᠴᠢᠷ ᠢ ᠲᠤᠰᠬᠠᠢ ᠵᠥᠪᠳᠡᠬᠦ︾ ᠵᠢᠴᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ

ᠪᠠᠶᠢᠭᠤᠯᠬᠤ 9 ᠵᠦᠢᠯ ᠤᠨ ᠳᠥᠰᠥᠯ ᠢ ᠬᠡᠷᠡᠭᠵᠢᠭᠦᠯᠪᠡ᠃ 176 ᠡᠷᠦᠬᠡ ᠶᠢᠨ ᠭᠡᠷᠡᠯ ᠤᠨ ᠡᠨᠧᠷᠭᠢ ᠶᠢᠨ ᠴᠠᠬᠢᠯᠭᠠᠨ ᠢ

ᠪᠠᠶᠢᠩᠭᠤ ᠶᠢᠨ ᠴᠠᠬᠢᠯᠭᠠᠨ ᠪᠣᠯᠭᠠᠨ ᠥᠭᠡᠷᠡᠴᠢᠯᠡᠵᠦ᠂ ᠬᠥᠳᠡᠭᠡ ᠲᠣᠰᠬᠤᠨ ᠤ ᠨᠢᠭᠡᠳᠦᠯᠲᠡᠢ ᠤᠰᠤ ᠬᠠᠩᠭᠠᠬᠤ ᠴᠡᠭ ᠲᠤ

ᠬᠤᠯᠪᠤᠭᠳᠠᠭᠰᠠᠨ 32 ᠠᠰᠠᠭᠤᠳᠠᠯ ᠢ ᠰᠢᠢᠳᠪᠦᠷᠢᠯᠡᠵᠡᠢ᠃ 6 ᠰᠤᠮᠤ ᠪᠠᠯᠭᠠᠰᠤᠨ ᠤ 29 ᠭᠠᠴᠠᠭᠠᠨ ᠤ 325 ᠡᠷᠦᠬᠡ ᠶᠢᠨ

ᠴᠢᠮᠡᠭᠡ ᠬᠤᠯᠪᠤᠭᠠᠨ ᠤ ᠲᠤᠬᠢᠶ᠎ᠠ ᠮᠠᠭᠤ ᠪᠠᠶᠢᠭ᠎ᠠ ᠠᠰᠠᠭᠤᠳᠠᠯ ᠢ ᠰᠢᠢᠳᠪᠦᠷᠢᠯᠡᠪᠡ᠃

︵ᠲᠠᠪᠤ︶ ᠪᠠᠶᠢᠭᠠᠯᠢ ᠣᠷᠴᠢᠨ ᠢ ᠬᠠᠮᠠᠭᠠᠯᠠᠵᠤ᠂ ᠠᠮᠢ ᠠᠬᠤᠢ ᠶᠢ ᠨᠡᠩ ᠦᠵᠡᠰᠬᠦᠯᠡᠩᠲᠦ ᠰᠠᠶᠢᠬᠠᠨ ᠪᠣᠯᠭᠠᠪᠠ

     ᠪᠠᠶᠢᠭᠠᠯᠢ ᠣᠷᠴᠢᠨ ᠤ ᠬᠠᠮᠠᠭᠠᠯᠠᠯᠲᠠ ᠢᠯᠡᠳᠲᠡ ᠦᠷ᠎ᠡ ᠪᠦᠲᠦᠮᠵᠢ ᠣᠯᠪᠠ᠃ 7 ᠰᠤᠮᠤ ᠪᠠᠯᠭᠠᠰᠤ ᠲᠠᠯᠠᠪᠠᠢ᠂ 35

ᠭᠠᠴᠠᠭ᠎ᠠ ᠲᠣᠰᠬᠤᠨ ᠤ ᠤᠯᠤᠰ ᠤᠨ ᠭᠠᠵᠠᠷ ᠰᠢᠷᠣᠶ ᠣᠷᠣᠨ ᠵᠠᠶ ᠶᠢᠨ ᠲᠥᠯᠥᠪᠵᠢᠭᠦᠯᠭᠡ ᠶᠢ ᠲᠤᠭᠤᠷᠪᠢᠵᠤ᠂ ᠬᠤᠶᠠᠷ

ᠨᠢᠭᠡᠴᠡ ᠶᠢᠨ ᠲᠥᠯᠦᠪᠯᠡᠭᠡ ᠨᠢ ᠪᠥᠬᠦ ᠣᠷᠣᠨ ᠤ ᠰᠢᠯᠢᠳᠡᠭ ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ

ᠰᠢᠯᠭᠠᠷᠠᠭᠤᠯᠤᠯᠲᠠ ᠳᠤ ᠲᠣᠳᠤᠷᠠᠪᠠ᠃ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ

ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ 15 ᠵᠢᠯ ᠤᠨ ᠲᠥᠯᠦᠪᠯᠡᠭᠡ ᠪᠠ ᠮᠠᠯ ᠵᠢᠭᠦᠷᠲᠡᠨ ᠤ ᠲᠡᠵᠢᠭᠡᠪᠦᠷᠢ ᠶᠢᠨ

ᠦᠢᠯᠡᠰ ᠤᠨ ᠪᠣᠬᠢᠷᠲᠤᠯ ᠢ ᠰᠡᠷᠭᠡᠶᠢᠯᠡᠨ ᠵᠠᠰᠠᠬᠤ 5 ᠵᠢᠯ ᠤᠨ ᠲᠥᠯᠦᠪᠯᠡᠭᠡ ᠶᠢ ᠨᠡᠶᠢᠲᠡᠯᠡᠨ ᠭᠡᠷᠡᠭᠵᠢᠬᠦᠯᠪᠡ᠃ ᠲᠥᠪ ᠤᠨ

ᠬᠤᠶᠠᠳᠤᠭᠠᠷ ᠡᠭᠡᠯᠵᠢ ᠶᠢᠨ ᠠᠮᠢ ᠠᠬᠤᠶ ᠪᠠᠶᠢᠭᠠᠯᠢ ᠣᠷᠴᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ

ᠳᠤᠭᠤᠶᠢᠯᠠᠩ ᠠᠴᠠ ᠲᠤᠷᠠᠳᠤᠭᠰᠠᠨ ᠬᠤᠭᠤᠴᠠᠭ᠎ᠠ ᠶᠣᠰᠤᠭᠠᠷ ᠴᠡᠭᠴᠡᠯᠡᠨ ᠰᠠᠶᠢᠵᠢᠷᠠᠭᠤᠯᠬᠤ ᠴᠢᠬᠤᠯᠠᠲᠠᠢ 9 ᠵᠦᠢᠯ ᠤᠨ

ᠡᠭᠦᠷᠭᠡ ᠶᠢ ᠪᠦᠬᠦᠨ ᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠪᠠᠶᠢᠭᠠᠯᠢ ᠣᠷᠴᠢᠨ ᠤ ᠬᠠᠮᠠᠭᠠᠯᠠᠯᠲᠠ

᠎ ᠶᠢᠨ ᠱᠠᠭᠠᠷᠳᠠᠨ ᠪᠠᠶᠢᠴᠠᠭᠠᠬᠤ ᠳᠤᠭᠤᠶᠢᠯᠠᠩ ᠠᠴᠠ ᠳᠤᠷᠠᠳᠤᠭᠰᠠᠨ ᠴᠡᠭᠴᠡᠯᠡᠨ ᠰᠠᠶᠢᠵᠢᠷᠠᠭᠤᠯᠬᠤ ᠴᠢᠬᠤᠯᠠᠲᠠᠢ 22

ᠵᠦᠢᠯ ᠤᠨ ᠡᠭᠦᠷᠭᠡ ᠶᠢ ᠪᠦᠬᠦᠨ ᠢ ᠪᠡᠶᠡᠯᠡᠬᠦᠯᠪᠡ᠃ ᠠᠶᠤᠯᠲᠠᠶ ᠬᠠᠶᠠᠭᠳᠠᠮᠠᠯ ᠡᠳ᠋ ᠢ ᠲᠤᠰᠬᠠᠶᠢᠯᠠᠨ ᠴᠡᠭᠴᠡᠯᠡᠬᠦ ᠠᠵᠢᠯᠯᠠᠭ᠎ᠠ

᠎ ᠶᠢ ᠦᠷᠭᠦᠯᠵᠢᠯᠡᠨ ᠥᠷᠨᠢᠭᠦᠯᠵᠦ᠂ 6. 3 ᠲᠣᠨ ᠠᠶᠤᠯᠲᠠᠶ ᠬᠠᠶᠠᠭᠳᠠᠮᠠᠯ ᠡᠳ᠋ ᠢ ᠰᠢᠯᠵᠢᠭᠦᠯᠪᠡ᠃ 14 ᠵᠠᠳᠠᠭᠠᠢ ᠠᠭᠤᠷᠬᠠᠢ

᠎ ᠶᠢᠨ 28 ᠵᠦᠢᠯ ᠤᠨ ᠵᠠᠰᠠᠯᠲᠠ ᠶᠢᠨ ᠡᠭᠦᠷᠭᠡ᠂ 2 ᠠᠭᠤᠷᠬᠠᠢ ᠶᠢᠨ 26 ᠵᠦᠢᠯ ᠤᠨ ᠴᠡᠭᠴᠡᠯᠡᠨ ᠵᠠᠰᠠᠬᠤ ᠡᠭᠦᠷᠭᠡ ᠶᠢ

ᠪᠦᠬᠦᠨ ᠢ ᠪᠡᠶᠡᠯᠡᠬᠦᠯᠵᠡᠢ᠃ 6215 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠬᠠᠶᠠᠭᠳᠠᠮᠠᠯ ᠠᠭᠤᠷᠬᠠᠢ ᠶᠢᠨ

ᠬᠠᠪᠢ ᠪᠠᠷ ᠬᠢ 8400 ᠮᠥ ᠡᠪᠳᠡᠭᠳᠡᠭᠰᠡᠨ ᠭᠠᠵᠠᠷ ᠢ ᠵᠠᠰᠠᠵᠠᠢ᠃ ᠪᠦᠬᠦ ᠵᠢᠯ ᠳᠠᠬᠢ ᠴᠡᠯᠮᠡᠭ ᠲᠤᠩᠭᠠᠯᠠᠭ ᠡᠳᠦᠷ ᠨᠢ 93

% ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠮᠠᠯᠵᠢᠯ ᠤᠨ ᠲᠠᠯᠠᠪᠠᠢ ᠶᠢᠨ ᠮᠠᠯ ᠵᠢᠭᠦᠷᠲᠡᠨ ᠤ ᠢᠯᠭᠠᠳᠠᠰᠤ ᠶᠢ

ᠶᠡᠷᠦᠩᠬᠡᠶᠢᠯᠡᠨ ᠠᠰᠢᠭᠯᠠᠭᠰᠠᠨ ᠨᠣᠷᠮ᠎ᠠ ᠨᠢ 100 %᠎ ᠳᠤ ᠬᠦᠷᠴᠦ᠂ ᠤᠰᠤᠨ ᠤ ᠴᠢᠨᠠᠷ ᠨᠢ 100 %᠎ ᠪᠠᠷ

ᠪᠠᠷᠢᠮᠵᠢᠶᠠᠨ ᠳᠤ ᠬᠦᠷᠴᠡᠢ᠃

    ᠠᠮᠢ ᠠᠬᠤᠢ ᠶᠢᠨ ᠬᠠᠯᠬᠠᠪᠴᠢ ᠶᠢ ᠪᠠᠳᠤᠳᠬᠠᠪᠠ᠃ 8459 ᠲᠦᠮᠡᠨ ᠲᠥᠭᠦᠷᠢᠭ ᠤᠨ ᠪᠡᠯᠡ ᠣᠷᠣᠭᠤᠯᠵᠤ᠂ 16.4

ᠲᠦᠮᠡᠨ ᠮᠦ ᠣᠢ ᠰᠢᠭᠤᠢ ᠪᠠ ᠨᠤᠲᠤᠭ ᠪᠡᠯᠴᠢᠭᠡᠷ ᠢ ᠰᠡᠷᠭᠦᠭᠡᠵᠡᠢ᠃ ᠬᠤᠯᠠᠨ ᠰᠢᠷᠭ᠎ᠠ ᠲᠠᠭ᠎ᠠ ᠶᠢᠨ ᠬᠦᠨᠳᠦ ᠨᠣᠴᠢᠲᠠᠢ

ᠡᠪᠳᠡᠭᠳᠡᠭᠰᠡᠨ ᠭᠠᠵᠠᠷ ᠢ ᠪᠦᠲᠦᠮᠵᠢᠲᠡᠶ ᠵᠠᠰᠠᠵᠤ᠂ ᠨᠤᠲᠤᠭ ᠪᠡᠯᠴᠢᠭᠡᠷ ᠤᠨ ᠳᠤᠮᠳᠠᠴᠢ ᠤᠷᠭᠤᠮᠠᠯ ᠬᠤᠴᠢᠯᠭ᠎ᠠ᠂ ᠣᠶ ᠰᠢᠭᠤᠶ

᠎ ᠶᠢᠨ ᠪᠦᠷᠬᠦᠴᠡ ᠨᠢ ᠲᠣᠰ ᠲᠣᠰ 55 %᠂ 20 %᠎ ᠠᠴᠠ ᠳᠡᠭᠡᠭᠰᠢ ᠳᠤ ᠬᠦᠷᠴᠡᠢ᠃ ︽ᠪᠦᠬᠦ ᠣᠷᠣᠨ ᠤ ︿ᠬᠤᠯᠠᠨ

ᠰᠢᠷᠭ᠎ᠠ ᠲᠠᠭ᠎ᠠ ᠶᠢᠨ ᠡᠯᠡᠰᠦ ᠶᠢ ᠵᠠᠰᠠᠬᠤ ᠠᠵᠢᠯᠯᠠᠭ᠎ᠠ﹀᠎ ᠶᠢ ᠠᠬᠢᠭᠤᠯᠬᠤ ᠬᠤᠷᠠᠯ ᠪᠠ ᠪᠦᠬᠦ ᠠᠶᠢᠮᠠᠭ ᠤᠨ ︿ᠡᠯᠡᠰᠦ ᠶᠢ

ᠵᠠᠰᠠᠬᠤ ᠨᠠᠮᠤᠷ ᠤᠨ ᠤᠯᠠᠷᠢᠯ ᠤᠨ ᠡᠬᠢᠯᠡᠯᠲᠡ ᠶᠢᠨ ᠠᠵᠢᠯᠯᠠᠭ᠎ᠠ﹀︾᠎ ᠶᠢ ᠲᠡᠭᠦᠰ ᠠᠮᠵᠢᠯᠲᠠ ᠲᠠᠢ ᠡᠷᠬᠢᠯᠡᠪᠡ᠃ ᠮᠠᠯ

ᠪᠡᠯᠴᠢᠭᠡᠷ ᠢ ᠲᠡᠩᠴᠡᠭᠦᠷᠢᠰᠢᠭᠦᠯᠬᠦ ᠪᠠ ᠬᠠᠰᠢᠶᠠᠯᠠᠨ ᠮᠠᠯᠵᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠤᠲᠤᠭ

ᠪᠡᠯᠴᠢᠭᠡᠷ ᠤᠨ ᠨᠥᠬᠦᠪᠥᠷᠢ᠂ ᠣᠶ ᠰᠢᠭᠤᠢ ᠶᠢᠨ ᠨᠥᠬᠦᠪᠥᠷᠢ ᠶᠢ 2.6 ᠳ᠋ᠦᠩᠰᠢᠭᠤᠷ ᠲᠥᠭᠦᠷᠢᠭ ᠪᠠᠭᠤᠯᠭᠠᠵᠠᠢ᠃ ᠨᠤᠭᠤ

ᠭᠠᠵᠠᠷ ᠢ ᠬᠠᠮᠠᠭᠠᠯᠠᠬᠤ ᠲᠥᠯᠦᠪᠯᠡᠭᠡ ᠶᠢ ᠨᠠᠶᠢᠷᠠᠭᠤᠯᠤᠨ ᠲᠤᠭᠤᠷᠪᠢᠪᠠ᠃ 795 ᠲᠦᠮᠡᠨ ᠲᠥᠭᠦᠷᠢᠭ ᠤᠨ ᠪᠡᠯᠡ

ᠣᠷᠣᠭᠤᠯᠤᠨ᠂ ᠨᠤᠭᠤ ᠭᠠᠵᠠᠷ ᠤᠨ ᠬᠢᠨᠠᠨ ᠡᠵᠡᠮᠰᠢᠯ ᠤᠨ ᠣᠶᠣᠨᠴᠢᠯᠠᠭᠰᠠᠨ ᠲᠠᠪᠴᠠᠩ ᠢ ᠪᠠᠶᠢᠭᠤᠯᠤᠨ ᠠᠰᠢᠭᠯᠠᠵᠤ᠂ ᠨᠤᠭᠤ

ᠭᠠᠵᠠᠷ ᠤᠨ ᠴᠡᠴᠡᠷᠯᠢᠭ ᠤᠨ ᠰᠠᠭᠤᠷᠢ ᠲᠥᠬᠦᠭᠡᠷᠦᠮᠵᠢ ᠶᠢ ᠰᠡᠯᠪᠢᠨ ᠵᠠᠰᠠᠵᠤ᠂ ᠱᠠᠩᠳᠤ ᠶᠢᠨ ᠭᠤᠣᠯ ᠤᠨ ᠰᠠᠪᠠ ᠭᠠᠵᠠᠷ ᠢ

ᠪᠢᠲᠡᠭᠦᠮᠵᠢᠯᠡᠨ ᠬᠠᠮᠠᠭᠠᠯᠠᠵᠤ ᠪᠡᠯᠴᠢᠭᠡᠷᠯᠡᠭᠦᠯᠬᠦ ᠶᠢ ᠴᠢᠩᠭ᠎ᠠ ᠴᠠᠭᠠᠵᠠᠯᠠᠪᠠ᠃ ᠨᠠᠭᠤᠷ ᠭᠤᠣᠯ ᠤᠨ ᠳᠠᠷᠤᠭ᠎ᠠ ᠶᠢᠨ ᠳᠦᠷᠢᠮ᠂

ᠣᠢ ᠰᠢᠭᠤᠢ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ

ᠠᠶᠢᠮᠠᠭ ᠤᠨ ᠬᠢᠨᠠᠨ ᠲᠣᠭᠲᠠᠭᠠᠯᠲᠠ ᠳᠤ ᠲᠡᠷᠢᠭᠦᠯᠡᠵᠡᠢ᠃

 ︵ᠵᠢᠷᠭᠤᠭ᠎ᠠ︶ ᠪᠣᠳᠠᠲᠤ ᠠᠵᠢᠯ ᠳᠤ ᠬᠦᠴᠦ ᠲᠠᠯᠪᠢᠨ᠂ ᠠᠷᠠᠳ ᠤᠨ ᠠᠮᠢᠳᠤᠷᠠᠯ ᠤᠨ ᠲᠦᠪᠰᠢᠨ ᠢ ᠳᠡᠭᠡᠭᠰᠢᠯᠡᠬᠦᠯᠪᠡ

    ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠳᠡᠭᠡᠭᠰᠢᠯᠡᠬᠦᠯᠪᠡ᠃ ᠠᠷᠪᠢᠴᠢ ᠭᠠᠮᠲᠠᠢ ᠪᠠᠶᠢᠬᠤ ᠶᠢ ᠡᠷᠬᠢᠮᠯᠡᠨ᠂ ︽

ᠭᠤᠷᠪᠠᠨ ᠵᠦᠢᠯ ᠤᠨ ᠠᠯᠪᠠᠨ ᠵᠠᠷᠤᠳᠠᠯ︾᠎ ᠢ ᠪᠠᠭᠠᠰᠬᠠᠵᠤ᠂ ᠡᠳ᠋ ᠤᠨ ᠵᠠᠰᠠᠭ ᠤᠨ ᠶᠡᠷᠦᠩᠬᠡᠢ ᠵᠠᠷᠤᠯᠭ᠎ᠠ ᠶᠢᠨ 70 %᠎ ᠠᠴᠠ

ᠳᠡᠭᠡᠭᠰᠢᠬᠢ ᠶᠢ ᠨᠢ ᠠᠷᠠᠳ ᠤᠨ ᠠᠮᠢᠳᠤᠷᠠᠯ ᠳᠤ ᠬᠤᠯᠪᠤᠭᠳᠠᠬᠤ ᠵᠦᠢᠯ ᠳᠤ ᠵᠠᠷᠣᠴᠠᠭᠤᠯᠪᠠ᠃ ᠬᠤᠲᠠ ᠬᠥᠳᠡᠭᠡ ᠶᠢᠨ

ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠪᠠ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ

ᠨᠡᠮᠡᠭᠳᠡᠭᠦᠯᠵᠦ᠂ 3092 ᠲᠦᠮᠡᠨ ᠲᠥᠭᠦᠷᠢᠭ ᠤᠨ ᠲᠤᠰᠠᠯᠠᠮᠵᠢ ᠶᠢᠨ ᠮᠥᠩᠭᠦ ᠪᠠᠭᠤᠯᠭᠠᠨ᠂ ᠡᠮᠨᠡᠯᠭᠡ ᠶᠢᠨ ᠪᠠᠲᠤᠯᠠᠭ᠎ᠠ ᠪᠠᠷ

1.3 ᠳ᠋ᠦᠩᠰᠢᠭᠤᠷ ᠲᠥᠭᠦᠷᠢᠭ ᠤᠨ ᠵᠠᠷᠤᠳᠠᠯ ᠢ ᠲᠠᠩᠰᠠ ᠳᠡᠶᠢᠯᠪᠡ᠃ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ

ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ 3. 8 ᠵᠠᠭᠤᠨ ᠤ ᠬᠤᠪᠢ ᠪᠠᠷ ᠳᠡᠭᠡᠭᠰᠢᠯᠡᠬᠦᠯᠵᠦ᠂ 4512 ᠡᠷᠦᠬᠡ ᠶᠢᠨ

6908 ᠬᠥᠮᠦᠨ ᠳᠤ 2517 ᠲᠦᠮᠡᠨ ᠲᠥᠭᠦᠷᠢᠭ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ

ᠪᠠᠭᠤᠯᠭᠠᠵᠤ᠂ 4161 ᠬᠦᠮᠦᠨ ᠢ ᠬᠠᠮᠤᠷᠤᠪᠠ᠃ ᠴᠡᠷᠢᠭ ᠠᠴᠠ ᠬᠠᠯᠠᠭᠳᠠᠭᠰᠠᠳ ᠲᠤ 826.9 ᠲᠦᠮᠡᠨ ᠲᠥᠭᠦᠷᠢᠭ ᠤᠨ

ᠬᠠᠷᠠᠭᠠᠯᠵᠠᠯ ᠤᠨ ᠮᠥᠩᠭᠦ ᠪᠠᠭᠤᠯᠭᠠᠪᠠ᠃ ᠥᠨᠳᠥᠷ ᠨᠠᠰᠤᠲᠠᠳ ᠪᠠ ᠬᠦᠴᠢᠷᠳᠡᠯᠲᠡᠢ ᠨᠠᠰᠤᠲᠠᠶᠢᠴᠤᠳ ᠲᠤ 428 ᠲᠦᠮᠡᠨ

ᠲᠥᠭᠦᠷᠢᠭ ᠤᠨ ᠳᠡᠳᠭᠦᠮᠵᠢ ᠶᠢᠨ ᠮᠥᠩᠭᠦ ᠪᠠᠭᠤᠯᠭᠠᠵᠠᠢ᠃ ᠨᠠᠰᠤᠲᠠᠶᠢᠴᠤᠳ ᠲᠤ ᠦᠢᠯᠡᠴᠢᠯᠡᠬᠦ ᠲᠥᠪ ᠵᠢᠴᠢ ᠦᠢᠯᠡᠴᠢᠯᠡᠭᠡᠨ

᠎ ᠤ ᠥᠷᠲᠡᠭᠡ 17᠎ ᠶᠢ ᠪᠠᠶᠢᠭᠤᠯᠵᠤ᠂ ᠣᠨᠴᠠ ᠬᠦᠴᠢᠷᠳᠡᠯᠲᠡᠢ 104 ᠨᠠᠰᠤᠲᠠᠶᠢᠴᠤᠳ ᠭᠡᠷ ᠪᠦᠯᠢ ᠳᠡᠭᠡᠨ ᠥᠳᠡᠯᠦᠭᠡ

ᠨᠠᠰᠤ ᠪᠠᠨ ᠥᠩᠭᠡᠷᠡᠭᠦᠯᠬᠦ ᠨᠥᠭᠦᠴᠡᠯ ᠢ ᠪᠦᠷᠢᠯᠳᠦᠬᠦᠯᠪᠡ᠃ 83 ᠵᠡᠮᠳᠡᠭ ᠬᠦᠮᠦᠨ ᠳᠤ 92 ᠢᠵᠢ ᠡᠷᠡᠭᠦᠯᠵᠢᠯ ᠤᠨ ᠪᠠᠭᠠᠵᠢ

ᠬᠡᠷᠡᠭᠰᠡᠯ ᠲᠠᠷᠬᠠᠭᠠᠵᠤ᠂ ᠬᠤᠲᠠ ᠪᠠᠯᠭᠠᠰᠤ ᠬᠥᠳᠡᠭᠡ ᠲᠣᠰᠬᠤᠨ ᠤ ᠳᠣᠣᠷ᠎ᠠ ᠣᠷᠤᠯᠭ᠎ᠠ ᠲᠠᠢ 1518 ᠡᠮᠡᠭᠲᠡᠶᠢᠴᠦᠳ ᠲᠤ

︽ᠬᠤᠶᠠᠷ ᠥᠮᠡᠨ︾᠎ ᠤ ᠪᠠᠶᠢᠴᠠᠭᠠᠯᠲᠠ ᠬᠢᠵᠦ ᠥᠭᠪᠡ᠃ ᠬᠤᠲᠠ ᠪᠠᠯᠭᠠᠰᠤᠨ ᠤ ᠠᠵᠢᠯ ᠣᠯᠣᠭᠰᠠᠳ 1204 ᠬᠦᠮᠦᠨ

ᠨᠡᠮᠡᠭᠳᠡᠵᠦ᠂ 6166 ᠮᠠᠯᠴᠢᠨ ᠲᠠᠷᠢᠶᠠᠴᠢᠨ ᠳᠤ ᠠᠵᠢᠯ ᠤᠨ ᠪᠠᠶᠢᠷᠢ ᠬᠠᠩᠭᠠᠨ᠂ ᠬᠤᠲᠠ ᠪᠠᠯᠭᠠᠰᠤᠨ ᠤ ᠠᠵᠢᠯ ᠠᠯᠳᠠᠯᠲᠠ

᠎ ᠶᠢᠨ ᠨᠣᠷᠮ᠎ᠠ 3 %᠎ ᠠᠴᠠ ᠳᠣᠤᠷ᠎ᠠ ᠪᠣᠯᠪᠠ᠃

    ᠰᠤᠷᠭᠠᠨ ᠬᠥᠮᠦᠵᠢᠯ ᠡᠮ ᠡᠮᠨᠡᠯᠭᠡ ᠶᠢᠨ ᠲᠠᠯ᠎ᠠ ᠪᠠᠷ ᠬᠢ ᠪᠠᠲᠤᠯᠠᠭ᠎ᠠ ᠶᠢ ᠴᠢᠩᠭᠠᠳᠬᠠᠪᠠ᠃ ᠰᠠᠩ ᠤᠨ ᠲᠡᠯᠡᠶ ᠬᠡᠦᠬᠡᠳ

᠎ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ᠂ ᠭᠤᠷᠪᠠᠳᠤᠭᠠᠷ ᠬᠡᠦᠬᠡᠳ ᠤᠨ ᠴᠡᠴᠡᠷᠯᠢᠭ ᠢ ᠥᠷᠭᠡᠳᠬᠡᠨ ᠪᠠᠶᠢᠭᠤᠯᠬᠤ᠂

ᠳᠤᠮᠳᠠᠳᠤ ᠪᠠᠭ᠎ᠠ ᠰᠤᠷᠭᠠᠭᠤᠯᠢ ᠵᠢᠴᠢ ᠬᠡᠦᠬᠡᠳ ᠤᠨ ᠴᠡᠴᠡᠷᠯᠢᠭ ᠤᠨ ᠭᠠᠯ ᠤᠨᠲᠠᠷᠠᠭᠠᠬᠤ ᠳᠥᠬᠦᠭᠡᠷᠦᠮᠵᠢ ᠶᠢᠨ

ᠪᠠᠶᠢᠭᠤᠯᠤᠯᠲᠠ ᠶᠢᠨ ᠢᠨᠵᠧᠨᠧᠷᠢᠩ ᠢ ᠪᠦᠬᠦᠨ ᠢ ᠳᠠᠭᠤᠰᠬᠠᠵᠤ᠂ 975 ᠰᠤᠷᠤᠭᠴᠢ ᠶᠢᠨ ᠣᠷᠣᠨ ᠲᠤᠭ᠎ᠠ ᠶᠢ ᠨᠡᠮᠡᠭᠳᠡᠭᠦᠯᠪᠡ

᠃ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ ᠲᠤᠭᠤᠭᠠᠨ ᠭᠡᠷ ᠤᠨ ᠪᠠᠶᠢᠭᠤᠯᠤᠯᠲᠠ ᠶᠢᠨ

ᠠᠵᠢᠯ ᠢ ᠡᠬᠢᠯᠡᠭᠦᠯᠪᠡ᠃ 83 ᠨᠡᠷ᠎ᠡ ᠥᠨᠳᠥᠷ ᠰᠤᠷᠤᠯᠭ᠎ᠠ ᠶᠢᠨ ᠨᠠᠮᠲᠠᠷ ᠲᠠᠢ ᠰᠢᠨ᠎ᠡ ᠪᠠᠭᠰᠢ ᠡᠯᠰᠡᠪᠡ᠃ ᠶᠡᠭᠡ

ᠰᠤᠷᠭᠠᠭᠤᠯᠢ ᠶᠢᠨ ᠰᠢᠯᠭᠠᠯᠲᠠ ᠳᠤ ᠵᠢᠩᠭᠢᠨᠢ ᠠᠩᠭᠢ ᠳᠤ ᠡᠯᠰᠡᠭᠳᠡᠭᠰᠡᠨ ᠨᠣᠷᠮ᠎ᠠ 57.4 %᠎ ᠳᠤ ᠬᠥᠷᠪᠡ᠃ ᠤᠯᠤᠰ ᠤᠨ

ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢ ᠵᠢᠷᠤᠮᠵᠢᠭᠤᠯᠤᠨ ᠪᠠᠷᠢᠮᠵᠢᠶ᠎ᠠ ᠳᠤ

ᠬᠦᠷᠭᠡᠭᠰᠡᠨ ᠵᠢᠱᠢᠶᠡᠴᠢ ᠰᠤᠷᠭᠠᠭᠤᠯᠢ ᠶᠢ ᠪᠠᠶᠢᠭᠤᠯᠬᠤ ᠨᠤᠷᠮ᠎ᠠ 100 %᠎ ᠳᠤ ᠬᠦᠷᠪᠡ᠃ ᠬᠢᠵᠢᠭ ᠡᠪᠡᠳᠴᠢᠨ ᠢ

ᠰᠡᠷᠭᠡᠶᠢᠯᠡᠨ ᠬᠤᠷᠢᠭᠯᠠᠬᠤ ᠲᠣᠪᠴᠢᠶ᠎ᠠ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠫᠠᠶᠢᠰᠠ ᠶᠢ ᠡᠯᠭᠦᠨ ᠪᠠᠶᠢᠭᠤᠯᠵᠤ᠂

ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠨᠢ ᠬᠤᠶᠠᠳᠤᠭᠠᠷ ᠱᠠᠳᠤᠨ ᠤ ᠬᠥᠬᠡ ᠲᠠᠰ ᠤᠨ ᠶᠡᠷᠦᠩᠬᠡᠶᠢᠯᠡᠭᠰᠡᠨ ᠡᠮᠨᠡᠯᠭᠡ

᠎ ᠶᠢᠨ ᠬᠤᠷᠢᠶ᠎ᠠ ᠪᠣᠯᠣᠨ ᠳᠡᠰ ᠳᠡᠪᠰᠢᠭᠦᠯᠪᠡ᠃ 2 ᠰᠠᠭᠤᠷᠢ ᠡᠮᠨᠡᠯᠭᠡ ᠶᠢᠨ ᠬᠤᠷᠢᠶ᠎ᠠ ᠴᠥᠮ ᠮᠤᠵᠢ ᠠᠯᠤᠰᠯᠠᠨ ᠡᠮᠴᠢᠯᠡᠬᠦᠯᠬᠦ

ᠵᠠᠮ ᠢ ᠰᠢᠯᠤᠭᠤᠳᠬᠠᠨ᠂ ᠡᠮ ᠤᠨ ᠵᠦᠶᠯ᠂ ᠬᠤᠷᠣᠭᠳᠠᠯ ᠮᠠᠲ᠋ᠧᠷᠢᠶᠠᠯ ᠢ ᠲᠦᠪᠯᠡᠷᠡᠭᠦᠯᠦᠨ ᠬᠤᠳᠠᠯᠳᠤᠨ ᠠᠪᠬᠤ ᠨᠣᠷᠮ᠎ᠠ ᠪᠠ

ᠰᠦᠯᠵᠢᠶ᠎ᠡ ᠪᠠᠷ ᠠᠪᠬᠤ ᠨᠣᠷᠮ᠎ᠠ ᠨᠢ ᠴᠥᠮ 100 %᠎ ᠳᠤ ᠬᠦᠷᠴᠠᠢ᠃ 65 ᠡᠷᠦᠬᠡ ᠲᠣᠭᠲᠠᠭᠰᠠᠨ ᠴᠢᠭ ᠤᠨ

ᠡᠮᠴᠢᠯᠡᠭᠡᠨ ᠤ ᠪᠠᠶᠢᠭᠤᠯᠤᠮᠵᠢ ᠶᠢ ᠪᠦᠭᠦᠳᠡ ᠶᠢ ᠡᠭᠦᠳᠡᠨ ᠡᠮᠨᠡᠯᠭᠡ ᠶᠢᠨ ᠨᠢᠭᠡᠳᠦᠯᠲᠡᠶ ᠬᠠᠮᠢᠶᠠᠷᠤᠯᠲᠠ ᠶᠢᠨ ᠬᠡᠪᠴᠢᠶᠡᠨ ᠳᠤ

ᠣᠷᠣᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠰ ᠤᠨ ︽ᠡᠷᠡᠭᠦᠯ ᠮᠡᠨᠳᠦ︾᠎ ᠶᠢᠨ ᠬᠤᠰᠢᠭᠤ ᠶᠢ ᠠᠮᠵᠢᠯᠲᠠ ᠲᠠᠢ

ᠪᠠᠶᠢᠭᠤᠯᠪᠠ᠃

 

    ᠪᠠᠶᠠᠯᠢᠭ ᠠᠭᠤᠯᠭ᠎ᠠ ᠲᠠᠢ ᠰᠣᠶᠣᠯ ᠲᠠᠮᠢᠷ ᠤᠨ ᠬᠥᠳᠡᠯᠭᠡᠭᠡᠨ ᠥᠷᠨᠢᠬᠦᠯᠪᠡ᠃ 1 ᠲᠥᠷᠦᠯ ᠤᠨ ᠬᠤᠰᠢᠭᠤ ᠲᠡᠰ ᠤᠨ

ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ᠂ 34 ᠨᠡᠷ᠎ᠡ ᠤᠯᠠᠮᠵᠢᠯᠠᠭᠴᠢ ᠶᠢ ᠬᠢᠨᠠᠨ

ᠲᠣᠭᠲᠠᠭᠠᠵᠤ᠂ ᠵᠢᠯ ᠳᠤ 100 ᠭᠠᠷᠤᠶ ᠤᠳᠠᠭ᠎ᠠ ᠶᠢᠨ ᠲᠣᠭᠯᠠᠯᠲᠠ ᠭᠠᠷᠭᠠᠵᠤ᠂ ᠳᠠᠭᠤᠯᠠᠯᠲᠤ ᠵᠥᠴᠤᠭᠡ ︽ᠬᠤᠯᠠᠨ

ᠰᠢᠷᠭ᠎ᠠ︾᠎ ᠨᠢ ᠤᠯᠠᠭᠠᠨᠮᠥ᠋ᠴᠢᠷ ᠤᠨ ᠵᠦᠴᠦᠭᠡ ᠶᠢᠨ ᠲᠦᠷᠦᠯ ᠤᠨ ᠪᠦᠯᠬᠦᠮ ᠨᠢᠭᠡᠴᠡ ᠶᠢᠨ ᠠᠯᠲᠠᠨ ᠮᠧᠳᠡᠯ ᠭᠥᠷᠳᠡᠪᠡ᠃

ᠪᠡᠭᠡᠵᠢᠩ᠂ ᠲᠢᠶᠠᠨᠵᠢᠨ᠂ ᠾᠧᠪᠧᠶ᠂ ᠥᠪᠥᠷ ᠮᠣᠩᠭᠤᠯ᠂ ᠱᠠᠨ ᠰᠢ᠂ ᠱᠠᠨᠳᠦ᠋ᠩ ᠵᠢᠷᠭᠤᠭᠠᠨ ᠮᠤᠵᠢ ᠬᠤᠲᠠ ᠶᠢᠨ ᠮᠠᠰᠢᠨ

ᠲᠡᠷᠭᠡᠨ ᠤ ᠲᠡᠰᠭᠡᠯ ᠤᠷᠤᠯᠳᠤᠭᠠᠨ ᠨᠢ ᠬᠡᠭᠡᠷᠡᠯᠡᠨ ᠠᠶᠠᠯᠠᠭᠴᠢᠳ ᠤᠨ ᠡᠷᠴᠢ ᠵᠣᠷᠢᠭ ᠢᠳᠡ ᠬᠦᠴᠦ ᠶᠢ ᠬᠦᠪᠴᠢᠯᠡᠨ᠂

ᠨᠣᠲᠤᠭ ᠤᠨ ᠦᠬᠡᠷ ᠤᠨ ᠮᠢᠬ᠎ᠠ ᠪᠠᠨ ᠲᠠᠨᠢᠯᠴᠠᠭᠤᠯᠤᠭᠰᠠᠨ ᠤᠨᠴᠠᠯᠢᠭᠲᠤ ︽ᠳᠠᠶᠢᠯᠠᠯᠭ᠎ᠠ︾᠎ ᠨᠢ ᠰᠠᠶᠢᠨ ᠦᠨᠡᠯᠡᠯᠲᠡ ᠣᠯᠪᠠ

᠃ ︽ᠴᠠᠭᠠᠨ ᠢᠳᠡᠭᠡᠨ ᠤ ᠵᠤᠭᠤᠭ ᠤᠨ ᠦᠷᠦᠭᠡᠨ︾᠎ ᠳᠤ ᠶᠠᠪᠣᠭᠳᠠᠭᠰᠠᠨ ᠪᠥᠬᠡ ᠶᠢᠨ ᠬᠤᠯᠪᠣᠭᠠᠲᠤ ᠤᠷᠤᠯᠳᠤᠭᠠᠨ ᠨᠢ

ᠤᠯᠠᠮᠵᠢᠯᠠᠯᠲᠤ ᠪᠡᠶ᠎ᠡ ᠲᠠᠮᠢᠷ ᠤᠨ ᠰᠢᠨ᠎ᠡ ᠶᠢ ᠡᠭᠦᠳᠴᠦ᠂ ᠰᠦᠯᠵᠢᠶᠡᠨ ᠦᠵᠡᠭᠴᠢᠳ ᠤᠨ ᠲᠤᠭ᠎ᠠ 30 ᠲᠦᠮᠡᠨ ᠬᠥᠮᠦᠨ ︵

ᠤᠳᠠᠭ᠎ᠠ︶᠎ ᠢ ᠳᠠᠪᠠᠪᠠ᠃ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ︾ ᠰᠡᠳᠦᠪᠲᠦ ᠨᠡᠶᠢᠭᠡᠮ ᠲᠣᠭᠤᠷᠢᠭ ᠤᠨ ᠪᠡᠶ᠎ᠡ

᠎ ᠶᠢᠨ ᠲᠠᠮᠢᠷ ᠤᠨ ᠬᠦᠳᠡᠯᠭᠡᠭᠡᠨ᠂ ᠬᠤᠯᠠᠨ ᠰᠢᠷᠭ᠎ᠠ ᠲᠠᠭ᠎ᠠ  ᠶᠢᠨ ᠡᠯᠡᠰᠦ ᠶᠢ ᠲᠣᠭᠤᠯᠬᠤ ᠠᠵᠢᠯᠯᠠᠭ᠎ᠠ ᠵᠡᠷᠭᠡ 15 ᠲᠠᠯᠠᠪᠤᠷ

ᠤᠷᠤᠯᠳᠤᠭᠠᠨ ᠢ ᠠᠮᠵᠢᠯᠲᠠ ᠲᠠᠢ ᠡᠷᠬᠢᠯᠡᠵᠦ᠂ ᠤᠯᠤᠰ ᠠᠷᠠᠳ ᠤᠨ ᠪᠡᠶ᠎ᠡ ᠮᠠᠬᠠᠪᠣᠳ ᠤᠨ ᠬᠢᠨᠠᠨ ᠲᠣᠭᠲᠠᠭᠠᠯᠲᠠ ᠳᠤ 90

%᠎ ᠠᠴᠠ ᠳᠡᠭᠡᠭᠰᠢᠬᠢ ᠠᠷᠠᠳ ᠢᠷᠭᠡᠳ ᠬᠢᠷᠢ ᠲᠡᠩᠴᠡᠪᠡ᠃

︵ᠳᠣᠯᠤᠭ᠎ᠠ︶ ᠠᠮᠤᠷ ᠲᠦᠪᠰᠢᠨ ᠢ ᠪᠠᠲᠤᠯᠠᠵᠤ᠂ ᠴᠡᠭᠴᠡᠯᠡᠯᠲᠡ ᠶᠢᠨ ᠦᠷ᠎ᠡ ᠪᠦᠲᠦᠮᠵᠢ ᠲᠣᠭᠲᠠᠭᠤᠨ ᠢᠶᠠᠷ ᠳᠡᠭᠡᠭᠰᠢᠯᠡᠪᠡ

 

    ᠠᠶᠤᠯ ᠲᠦᠭᠰᠢᠭᠦᠷᠢ ᠶᠢᠨ ᠳᠠᠯᠳᠠ ᠬᠡᠮ ᠢ ᠪᠦᠳᠦᠮᠵᠢᠲᠡᠢ ᠰᠡᠷᠭᠡᠶᠢᠯᠡᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ

᠎ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠪᠦᠬᠦ ᠤᠯᠤᠰ ᠤᠨ

ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ

ᠯᠠᠪᠳᠠᠭᠤᠨ ᠢᠶᠠᠷ ᠠᠬᠢᠭᠤᠯᠪᠠ᠃ ᠠᠮᠤᠷ ᠲᠦᠪᠰᠢᠨ ᠤ ᠲᠠᠯ᠎ᠠ ᠳᠤ ᠬᠤᠯᠪᠤᠭᠳᠠᠭᠰᠠᠨ 2040 ᠠᠰᠠᠭᠤᠳᠠᠯ ᠢ ᠪᠥᠬᠦ ᠲᠠᠯ᠎ᠠ

᠎ ᠪᠠᠷ ᠰᠢᠶᠳᠪᠦᠷᠢᠯᠡᠵᠦ᠂ ᠬᠦᠨᠳᠦ ᠨᠣᠴᠢᠲᠠᠢ ᠠᠶᠤᠯᠭᠦᠶ ᠦᠶᠯᠡᠳᠪᠦᠷᠢᠯᠡᠯ ᠤᠨ ᠠᠳᠡᠯ ᠭᠠᠷᠤᠭᠰᠠᠨ ᠥᠬᠡᠶ᠃ ᠵᠠᠬᠢᠳᠠᠯ

ᠰᠤᠷᠪᠤᠯᠵᠢᠯᠠᠭ᠎ᠠ ᠶᠢᠨ ᠬᠡᠷᠡᠭ ᠤᠨ ᠬᠦᠯᠢᠶᠡᠨ ᠠᠪᠤᠭᠰᠠᠨ ᠤᠳᠠᠭ᠎ᠠ ᠪᠠ ᠬᠥᠮᠦᠨ ᠤ ᠲᠤᠭ᠎ᠠ ᠨᠢ ᠲᠣᠰᠪᠣᠷᠢ 18 % ᠪᠠ 52

%᠎ ᠢᠶᠠᠷ ᠪᠠᠭᠤᠷᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠠᠯ᠎ᠠ ᠶᠢᠨ ︽ᠭᠤᠷᠪᠠᠨ ᠨᠣᠷᠮ᠎ᠠ︾᠎ ᠶᠢᠨ ᠵᠢᠭᠰᠠᠭᠠᠯᠲᠠ

᠎ ᠨᠢ ᠪᠦᠬᠦ ᠠᠶᠢᠮᠠᠭ ᠤᠨ ᠲᠡᠷᠢᠭᠦᠨ ᠳᠤ ᠣᠷᠣᠪᠠ᠃ ᠡᠷᠡᠭᠦᠦ ᠶᠢᠨ ᠬᠡᠷᠡᠭ᠂ ᠠᠮᠤᠷ ᠢ ᠬᠠᠮᠠᠭᠠᠯᠠᠬᠤ ᠬᠡᠷᠡᠭ ᠤᠨ ︽ᠬᠤᠣᠰ

ᠪᠠᠭᠤᠷᠠᠯᠲᠠ︾᠎ ᠶᠢ ᠪᠡᠶᠡᠯᠡᠭᠦᠯᠵᠦ᠂ 28 ᠵᠢᠯ ᠳᠠᠷᠠᠭᠠᠯᠠᠨ ᠠᠮᠢᠨ ᠬᠡᠷᠡᠭ ᠵᠢᠴᠢ ᠡᠯ᠎ᠡ ᠵᠦᠢᠯ ᠤᠨ ᠬᠡᠷᠡᠭ ᠢ ᠪᠦᠬᠦᠨ ᠢ

ᠰᠢᠢᠳᠪᠦᠷᠢᠯᠡᠬᠦ ᠶᠢ ᠪᠠᠲᠤᠯᠠᠪᠠ᠃ ᠬᠥᠯᠥᠰᠥᠨ ᠠᠵᠢᠯᠴᠢᠨ ᠤ ᠴᠠᠯᠢᠩ ᠮᠦᠩᠬᠦᠨ ᠤ ᠪᠠᠲᠤᠯᠠᠭ᠎ᠠ ᠶᠢᠨ ᠳᠦᠷᠢᠮ ᠢ ᠨᠡᠶᠢᠳᠡᠮ

ᠬᠡᠷᠡᠭᠵᠢᠬᠦᠯᠵᠦ᠂ ᠡᠮ ᠪᠠ ᠬᠦᠨᠡᠰᠦᠨ ᠤ ᠠᠶᠤᠯᠭᠦᠢ ᠶᠢᠨ ᠠᠵᠢᠯ ᠲᠣᠭᠲᠠᠭᠤᠨ ᠢᠶᠠᠷ ᠣᠷᠣᠭᠰᠢᠯᠠᠵᠤ᠂ ᠦᠶᠡᠷ ᠢ

ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ

ᠪᠣᠳᠠᠲᠠᠶᠢᠵᠢᠭᠤᠯᠵᠤ ᠢᠯᠡᠳᠲᠡ ᠦᠷ᠎ᠡ ᠪᠦᠲᠦᠮᠵᠢ ᠤᠯᠪᠠ᠃

    ᠲᠤᠰ ᠪᠡᠶ᠎ᠡ ᠶᠢᠨ ᠪᠦᠳᠦᠭᠡᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠪᠠ᠃ ᠨᠠᠮ ᠤᠨ ᠪᠥᠬᠦ ᠲᠠᠯ᠎ᠠ ᠶᠢᠨ

ᠤᠳᠤᠷᠢᠳᠤᠯᠭ᠎ᠠ ᠶᠢ ᠴᠢᠩᠭ᠎ᠠ ᠪᠠᠷᠢᠮᠲᠠᠯᠠᠨ᠂ ᠵᠠᠰᠠᠭ ᠤᠨ ᠣᠷᠳᠣᠨ ᠤ ᠰᠢᠰᠲ᠋ᠧᠮ ᠤᠨ ᠤᠯᠤᠰ ᠲᠥᠷᠥ ᠶᠢᠨ ᠡᠭᠦᠷᠭᠡ

ᠬᠠᠷᠢᠭᠤᠴᠠᠯᠭ᠎ᠠ ᠪᠠᠨ ᠰᠠᠶᠢᠳᠤᠷ ᠭᠦᠢᠴᠡᠳᠭᠡᠵᠦ᠂ ︽ᠬᠤᠶᠠᠷ ᠢ ᠲᠣᠭᠲᠠᠭᠠᠬᠤ︾᠎ ᠶᠢ ᠡᠷᠡᠰ ᠬᠠᠮᠠᠭᠠᠯᠠᠵᠤ᠂ ︽ᠬᠤᠶᠠᠷ ᠢ

ᠬᠠᠮᠠᠭᠠᠯᠠᠬᠤ︾᠎ ᠶᠢ ᠴᠢᠩᠭ᠎ᠠ ᠪᠡᠶᠡᠯᠡᠭᠦᠯᠪᠡ᠃ ᠠᠷᠠᠳᠴᠢᠯᠠᠯ ᠲᠥᠪᠯᠡᠷᠡᠯ ᠤᠨ ᠶᠣᠰᠣ ᠶᠢ ᠬᠢᠨᠠᠮᠠᠭᠠᠢ ᠲᠤᠤᠱᠯᠠᠭᠤᠯᠤᠨ

ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ 26 ᠤᠳᠠᠭ᠎ᠠ᠂

ᠪᠠᠶᠢᠩᠭᠤ ᠶᠢᠨ ᠬᠤᠷᠠᠯ ᠢ 18 ᠤᠳᠠᠭ᠎ᠠ ᠬᠤᠷᠠᠯᠳᠤᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠰᠡᠳᠦᠪᠲᠦ

ᠵᠥᠪᠯᠡᠯᠭᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ

᠎ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ 100 %᠎ ᠳᠤ ᠬᠦᠷᠴᠡᠢ᠃

ᠭᠤᠣᠯᠳᠠᠯᠭ᠎ᠠ ᠲᠠᠢ ᠠᠵᠢᠯ ᠢ ᠤᠷᠢᠳᠴᠢᠯᠠᠨ ᠪᠠᠶᠢᠷᠢᠯᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠠᠮᠢᠶᠠᠷᠤᠯᠲᠠ ᠪᠠᠨ

ᠴᠢᠩᠭᠠᠳᠬᠠᠨ᠂ ᠦᠷ᠎ᠡ ᠪᠦᠲᠦᠮᠵᠢ ᠶᠢ ᠴᠢᠬᠤᠯᠠᠴᠢᠯᠠᠵᠤ᠂ ᠵᠠᠰᠠᠭ  ᠤᠨ ᠣᠷᠳᠣᠨ ᠤ ᠭᠦᠢᠴᠡᠳᠭᠡᠬᠦ ᠡᠷᠬᠡ ᠶᠢ ᠴᠢᠩᠭᠠᠳᠬᠠᠪᠠ

᠃ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ᠂ ᠱᠠᠭᠠᠷᠳᠠᠨ ᠪᠠᠶᠢᠴᠠᠭᠠᠬᠤ ᠵᠡᠷᠭᠡ ᠠᠰᠠᠭᠤᠳᠠᠯ ᠢ ᠴᠡᠭᠴᠡᠯᠡᠨ

ᠰᠠᠶᠢᠵᠢᠷᠠᠭᠤᠯᠵᠤ᠂ ᠵᠠᠰᠠᠭ ᠵᠠᠬᠢᠷᠭᠠᠨ ᠤ ᠠᠵᠢᠯᠯᠠᠭ᠎ᠠ ᠶᠢ ᠤᠯᠠᠮ ᠵᠢᠷᠤᠮᠵᠢᠭᠤᠯᠵᠤ᠂ ᠪᠦᠯᠬᠦᠮᠳᠡᠨ ᠳᠠᠪᠰᠢᠭᠰᠠᠨ ᠰᠠᠶᠢᠨ

ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃

    ᠡᠭᠦᠨ ᠤ ᠬᠠᠮᠲᠤ᠂ ᠲᠠᠪᠤᠳᠤᠭᠠᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠯᠠᠪᠳᠠᠭᠤᠨ ᠪᠠᠲᠤᠲᠠᠶ

ᠥᠷᠨᠢᠭᠦᠯᠵᠦ᠂ ᠤᠯᠤᠰ ᠤᠨ ᠠᠮᠤᠷ ᠲᠦᠪᠰᠢᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ

ᠠᠭᠠᠷ ᠤᠨ ᠰᠡᠷᠭᠡᠶᠢᠯᠡᠯᠲᠡ᠂ ᠡᠷᠦᠬᠡ ᠶᠢᠨ ᠴᠡᠷᠢᠭ ᠤᠨ ᠪᠡᠯᠡᠳᠬᠡᠯ ᠠᠯᠪᠠ ᠵᠡᠷᠭᠡ ᠠᠵᠢᠯ ᠢ ᠦᠷᠭᠦᠯᠵᠢᠯᠡᠨ ᠴᠢᠩᠭᠠᠳᠬᠠᠵᠤ᠂

ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ

ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠠᠵᠤ ᠦᠶᠯᠡᠳᠪᠦᠷᠢ ᠬᠤᠳᠠᠯᠳᠤᠭᠠᠨ ᠤ

ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠣᠯᠠᠨ ᠲᠦᠮᠡᠨ ᠤ ᠪᠦᠯᠬᠦᠮ

ᠨᠢᠭᠡᠴᠡ ᠶᠢᠨ ᠬᠥᠭᠦᠷᠭᠡ ᠬᠤᠯᠪᠣᠭᠠᠰᠤ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠬᠢᠨᠠᠨ ᠪᠤᠳᠤᠵᠤ ᠬᠢᠨᠠᠯᠲᠠ ᠲᠠᠯᠪᠢᠬᠤ

᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠴᠠᠭ ᠠᠭᠤᠷ ᠭᠠᠵᠠᠷ ᠬᠥᠳᠡᠯᠦᠯᠲᠡ᠂ ᠬᠤᠶᠢᠴᠢ ᠦᠶ᠎ᠡ ᠪᠠᠨ ᠬᠠᠯᠠᠮᠵᠢᠯᠠᠬᠤ᠂

ᠲᠠᠩᠰᠠ ᠡᠪᠬᠡᠮᠡᠯ ᠲᠡᠦᠬᠡ ᠣᠶᠢᠯᠠᠯᠭ᠎ᠠ ᠵᠡᠷᠭᠡ ᠠᠵᠢᠯ ᠰᠢᠨ᠎ᠡ ᠦᠷ᠎ᠡ ᠪᠦᠲᠦᠮᠵᠢ ᠤᠯᠪᠠ᠃

     2023 ᠣᠨ ᠳᠤ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠰᠢᠭᠤ

᠎ ᠪᠠᠷ ᠢᠶᠠᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠰᠢᠷᠭᠠᠭᠤ ᠠᠵᠢᠯᠯᠠᠵᠤ᠂ ᠪᠦᠬᠦ ᠰᠡᠳᠬᠢᠯ ᠪᠦᠬᠦ ᠬᠦᠴᠦᠨ ᠢᠶᠠᠷ

᠎ ᠢᠶᠠᠨ ᠬᠥᠭᠵᠢᠯᠲᠡ ᠶᠢ ᠡᠷᠢᠯᠬᠢᠯᠡᠵᠦ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠥᠷᠥᠯ ᠵᠦᠢᠯ ᠤᠨ ᠪᠦᠲᠦᠭᠡᠨ

ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠢᠯᠡᠷᠬᠡᠢ ᠪᠠᠶᠢᠵᠤ᠂

ᠣᠯᠠᠨ ᠲᠦᠮᠡᠨ ᠤ ᠬᠦᠴᠢᠷ ᠲᠦᠪᠡᠭᠲᠡᠢ ᠠᠰᠠᠭᠤᠳᠠᠯ ᠎ ᠢ ᠪᠦᠲᠦᠮᠵᠢᠲᠡᠢ ᠰᠢᠢᠳᠪᠦᠷᠢᠯᠡᠵᠦ᠂ ᠰᠢᠨ᠎ᠡ ᠠᠮᠵᠢᠯᠲᠠ ᠳᠤ

ᠬᠦᠷᠦᠭᠰᠡᠨ ᠪᠠᠶᠢᠨ᠎ᠠ᠃

    —ᠪᠢᠳᠠ ᠥᠷᠢ ᠰᠢᠷᠢ ᠪᠠᠨ ᠪᠦᠳᠦᠮᠵᠢᠳᠠᠢ ᠲᠥᠯᠥᠵᠦ᠂ ᠠᠯᠢ ᠤᠯᠠᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠪᠡ᠃

ᠡᠯ᠎ᠡ ᠲᠥᠷᠥᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠢᠨᠠᠷᠯᠢᠭ ᠠᠬᠢᠭᠤᠯᠵᠤ᠂ ᠦᠶᠯᠡᠳᠪᠦᠷᠢᠯᠡᠯ ᠵᠣᠭᠰᠣᠭᠰᠠᠨ 2

ᠠᠵᠤ ᠠᠬᠤᠶᠢᠯᠠᠯ ᠤᠨ ᠰᠤᠯᠠ ᠪᠠᠶᠢᠭ᠎ᠠ ᠬᠡᠷ ᠪᠠᠶᠢᠰᠢᠩ ᠢ ᠠᠰᠢᠭᠯᠠᠵᠤ᠂ ᠲᠤᠲᠠᠭᠤ ᠲᠣᠷᠭᠤᠨ ᠬᠠᠶᠠᠭᠳᠠᠭᠰᠠᠨ 3 ᠲᠦᠷᠦᠯ

ᠵᠦᠢᠯ ᠤᠨ ᠡᠵᠡᠩᠨᠡᠯᠲᠡ ᠶᠢ ᠠᠬᠢᠭᠤᠯᠵᠤ᠂ ᠤᠳᠠᠭᠠᠨ ᠳᠠᠷᠤᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ 26 ᠬᠡᠷᠡᠭ ᠢ ᠪᠦᠬᠦᠨ

᠎ ᠢ ᠰᠢᠶᠳᠪᠦᠷᠢᠯᠡᠵᠦ᠂ ᠨᠤᠲᠤᠭ ᠪᠡᠯᠴᠢᠭᠡᠷ᠂ ᠣᠢ ᠰᠢᠭᠤᠢ ᠶᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ 568

ᠬᠡᠷᠡᠭ ᠢ ᠪᠦᠬᠦᠨ ᠢ ᠰᠢᠢᠳᠪᠦᠷᠢᠯᠡᠵᠦ᠂ ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ ᠥᠬᠡᠶ ᠪᠣᠶᠣ ᠰᠤᠯᠠ ᠪᠠᠶᠢᠭ᠎ᠠ 650 ᠮᠥ

ᠭᠠᠵᠠᠷ ᠢ ᠪᠦᠬᠦᠨ ᠢ ᠰᠢᠢᠳᠪᠦᠷᠢᠯᠡᠵᠦ᠂ ᠬᠥᠭᠵᠢᠯᠲᠡ ᠶᠢ ᠬᠢᠵᠠᠭᠠᠷᠯᠠᠵᠤ ᠪᠠᠶᠢᠭᠰᠠᠨ ᠵᠦᠢᠯᠡᠰ ᠢ ᠠᠯᠬᠤᠮ ᠠᠯᠬᠤᠮ ᠢᠶᠠᠷ

ᠦᠭᠡᠶᠢᠰᠬᠡᠪᠡ᠃ ᠠᠷᠠᠳ ᠣᠯᠠᠨ ᠤ ᠳᠤᠯᠠᠭᠠᠨ ᠪᠦᠯᠢᠶᠡᠨ ᠡᠪᠦᠯᠵᠢᠬᠦ ᠶᠢ ᠡᠷᠴᠢᠮᠲᠠᠢ ᠪᠠᠲᠤᠯᠠᠵᠤ᠂ 2 ᠲᠦᠮᠡ ᠭᠠᠷᠤᠶ ᠲᠣᠨ

ᠨᠡᠭᠦᠷᠡᠰᠦ ᠬᠠᠩᠭᠠᠨ ᠳᠤᠯᠠᠭᠠᠯᠠᠭ᠎ᠠ ᠶᠢ ᠪᠠᠲᠤᠯᠠᠵᠤ᠂ 953 ᠬᠤᠪᠢ ᠳᠤᠯᠠᠭᠠᠯᠠᠭ᠎ᠠ ᠠᠨᠠᠢ ᠪᠠᠶᠢᠭ᠎ᠠ ᠠᠰᠠᠭᠤᠳᠠᠯ ᠢ

ᠰᠢᠶᠳᠪᠦᠷᠢᠯᠡᠪᠡ᠃ ᠬᠡᠷ ᠪᠠᠶᠢᠰᠢᠩ ᠭᠠᠵᠠᠷ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ

ᠡᠷᠴᠢᠮᠳᠠᠢ ᠰᠢᠶᠳᠪᠦᠷᠢᠯᠡᠵᠦ᠂ 3365 ᠬᠡᠷ ᠪᠦᠯᠢ ᠶᠢᠨ ᠬᠢᠨ ︽ᠬᠡᠷ ᠪᠠᠶᠢᠰᠢᠩ ᠤᠨ ᠬᠥᠷᠥᠩᠭᠡ ᠶᠢᠨ ᠦᠨᠡᠮᠯᠡᠯ︾᠎ ᠢᠶᠠᠨ

ᠣᠯᠵᠠᠶ᠃ ᠡᠳ᠋ ᠤᠨ ᠬᠦᠴᠦᠨ ᠲᠤᠶᠢᠯ ᠤᠨ ᠪᠠᠴᠢᠮ ᠪᠠᠶᠢᠳᠠᠯ ᠳᠣᠣᠷ᠎ᠠ᠂ ᠳᠣᠲᠣᠭᠠᠳᠤ ᠶᠢ ᠬᠠᠮᠠᠭᠠᠯᠠᠬᠤ 94 ᠺᠠᠳ᠋ᠷ

ᠴᠠᠭᠳᠠᠭᠠᠨ ᠤ ᠨᠡᠶᠢᠭᠡᠮ ᠤᠨ ᠳᠠᠭᠠᠳᠬᠠᠯ ᠤᠨ ᠮᠥᠩᠭᠦ ᠶᠢ ᠨᠦᠬᠦᠨ ᠲᠤᠰᠢᠶᠠᠵᠦ᠂ ᠲᠡᠳᠡᠨ ᠳᠤ ᠲᠤᠯᠭᠠᠷᠠᠵᠤ ᠪᠠᠶᠢᠭ᠎ᠠ

ᠬᠦᠴᠢᠷᠳᠡᠯ ᠢ ᠪᠦᠲᠦᠮᠵᠢᠲᠡᠢ ᠰᠢᠢᠳᠪᠦᠷᠢᠯᠡᠪᠡ᠃ ︽ᠥᠷᠢ ᠥᠭᠴᠡᠭᠡ ᠶᠢ ᠴᠠᠶᠢᠷᠠᠭᠤᠯᠬᠤ ᠨᠢ ᠮᠦᠨ ᠴᠦ ᠵᠠᠰᠠᠭ ᠤᠨ ᠠᠵᠢᠯ

᠎ ᠤᠨ ᠪᠦᠲᠦᠮᠵᠢ ᠮᠥᠨ︾ ᠭᠡᠬᠦ ᠤᠳᠤᠷᠢᠳᠤᠮᠵᠢ ᠶᠢ ᠪᠤᠢ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ

᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠷᠮᠠᠶᠢᠨ ᠣᠯᠵᠤ᠂ ᠦᠨᠡᠨ ᠪᠣᠳᠠᠲᠠᠶ ᠪᠠᠷ ᠠᠷᠭ᠎ᠠ

ᠬᠡᠮᠵᠢᠶ᠎ᠡ ᠠᠪᠴᠤ᠂ 2.2 ᠳ᠋ᠦᠩᠰᠢᠭᠤᠷ ᠲᠦᠭᠦᠷᠢᠭ ᠤᠨ ᠵᠠᠰᠠᠭ ᠤᠨ ᠣᠷᠳᠣᠨ ᠤ ᠳᠠᠯᠳᠠ ᠴᠢᠨᠠᠷ ᠤᠨ ᠥᠷᠢ ᠰᠢᠷᠢ ᠪᠠ 3.

2 ᠳ᠋ᠦᠩᠰᠢᠭᠤᠷ ᠲᠦᠭᠦᠷᠢᠭ ᠤᠨ ᠦᠯᠡᠳᠡᠭᠳᠡᠵᠦ ᠢᠷᠡᠭᠰᠡᠨ ᠥᠷᠢ ᠰᠢᠷᠢ ᠶᠢ ᠲᠦᠯᠦᠵᠦ᠂ ᠨᠢᠭᠡ ᠪᠦᠯᠦᠭ ᠳᠤᠮᠳᠠ ᠵᠢᠵᠢᠭ

ᠠᠵᠤ ᠠᠬᠤᠶᠢᠯᠠᠯ ᠤᠨ ᠲᠣᠰ ᠪᠡᠶ᠎ᠡ ᠶᠢᠨ ᠠᠰᠢᠭ ᠲᠤᠰᠠ ᠶᠢ ᠪᠦᠲᠦᠮᠵᠢᠲᠡᠶ ᠬᠠᠮᠠᠭᠠᠯᠠᠪᠠ᠃

     —ᠪᠢᠳᠡ ᠦᠶᠯᠡᠴᠢᠯᠡᠭᠡ ᠪᠠᠨ ᠰᠢᠯᠢᠳᠡᠭᠵᠢᠭᠦᠯᠵᠦ᠂ ᠭᠤᠤᠯᠳᠠᠯᠭ᠎ᠠ ᠲᠠᠢ ᠲᠥᠰᠥᠯ ᠢ ᠪᠠᠲᠤᠯᠠᠪᠠ᠃ ᠢᠷᠡᠭᠡᠳᠦᠶ ᠶᠢᠨ

ᠬᠥᠭᠵᠢᠯᠲᠡ ᠲᠠᠢ ᠬᠤᠯᠪᠤᠭᠳᠠᠬᠤ ᠠᠯᠤᠰ ᠬᠡᠲᠦ ᠶᠢᠨ ᠨᠥᠯᠥᠭᠡ ᠲᠠᠢ ᠲᠤᠯᠭᠠᠭᠤᠷᠢ ᠪᠣᠯᠬᠤ ᠳᠥᠰᠥᠯ ᠢ ᠨᠠᠶᠢᠳᠠᠪᠤᠷᠢᠵᠢᠭᠤᠯᠵᠤ

᠂ ᠱᠠᠩᠳᠤ ᠵᠠᠭᠤᠨ ᠲᠦᠮᠡᠨ ᠺᠢᠯᠤᠸᠠᠲ ᠤᠨ ᠰᠠᠯᠬᠢᠨ ᠬᠦᠴᠦᠨ ᠤ ᠴᠠᠬᠢᠯᠭᠠᠨ ᠪᠠ 30 ᠲᠦᠮᠡᠨ ᠺᠢᠯᠣᠸᠠᠲ ᠤᠨ ᠢᠵᠢ

ᠪᠥᠷᠢᠳᠦᠭᠰᠡᠨ ᠡᠨᠧᠷᠭᠢ ᠬᠠᠳᠠᠭᠠᠯᠠᠬᠤ ᠳᠥᠰᠥᠯ ᠢ ᠠᠰᠢᠭᠯᠠᠯᠲᠠ ᠳᠤ ᠣᠷᠣᠭᠤᠯᠵᠣ᠂ ᠪᠥᠬᠦ ᠤᠯᠤᠰ ᠤᠨ ᠠᠩᠬᠠᠳᠠᠭᠴᠢ ︽

ᠰᠠᠯᠬᠢᠨ ᠬᠦᠴᠦᠨ ᠤ ᠴᠠᠬᠢᠯᠭᠠᠨ ᠪᠠ ᠢᠯᠴᠢ ᠶᠢᠨ ᠬᠦᠴᠦᠨ ᠤ ᠴᠠᠬᠢᠯᠭᠠᠨ ᠤ ᠨᠥᠭᠡᠴᠡᠯᠡᠯ︾᠎ ᠶᠢ ᠭᠠᠳᠠᠭᠰᠢ ᠬᠦᠷᠭᠡᠬᠦ

ᠡᠨᠧᠷᠭᠢ ᠶᠢᠨ ᠰᠠᠭᠤᠷᠢᠨ ᠢ ᠪᠠᠶᠢᠭᠤᠯᠪᠠ᠃ ᠰᠢᠨ᠎ᠡ ᠡᠨᠧᠷᠭᠢ ᠶᠢᠨ ᠭᠤᠷᠪᠠᠳᠤᠭᠠᠷ ᠬᠤᠭᠤᠴᠠᠭᠠᠨ ᠤ 30 ᠲᠦᠮᠡᠨ ᠺᠢᠯᠣᠸᠠᠲ

᠎ ᠤᠨ ᠨᠠᠷᠠ ᠰᠠᠯᠬᠢᠨ ᠤ ᠡᠨᠧᠷᠭᠢ ᠪᠠᠷ ᠴᠠᠬᠢᠯᠭᠠᠨ ᠭᠠᠷᠭᠠᠬᠤ ᠳᠥᠰᠥᠯ ᠤᠳᠠᠯ ᠥᠬᠡᠶ ᠠᠵᠢᠯ ᠡᠬᠢᠯᠡᠬᠦᠯᠵᠦ᠂ ᠱᠠᠩᠳᠤ ᠵᠠᠭᠤᠨ

ᠲᠦᠮᠡᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠢᠨᠵᠧᠨᠧᠷᠢᠩ ᠤᠨ ᠬᠤᠶᠠᠳᠤᠭᠠᠷ ᠬᠤᠭᠤᠴᠠᠭᠠᠨ ᠤ ᠳᠥᠰᠥᠯ ᠪᠣᠯᠤᠨ

ᠴᠡᠪᠡᠷ ᠡᠨᠧᠷᠭᠢ ᠶᠢᠨ ᠴᠠᠬᠢᠯᠭᠠᠨ ᠢᠶᠠᠷ ᠤᠰᠤᠲᠥ᠋ᠷᠥᠭᠴᠢ ᠦᠶᠯᠡᠳᠬᠦ ᠳᠥᠰᠥᠯ ᠢ ᠡᠳᠦᠷ ᠲᠤᠲᠤᠮ ᠤᠨ ᠵᠥᠪᠯᠡᠬᠦ ᠵᠦᠶᠯ

᠎ ᠳᠡᠭᠡᠨ ᠣᠷᠤᠭᠤᠯᠪᠠ᠃ ᠵᠠᠭᠤ ᠰᠢᠬᠠᠮ ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠲᠠᠢ ᠬᠠᠶᠢᠯᠤᠰᠢ ᠶᠢᠨ ᠳᠥᠰᠥᠯ

᠎ ᠤᠨ ᠪᠡᠯᠡᠳᠭᠡᠯ ᠠᠵᠢᠯ ᠨᠢᠭᠡᠨᠲᠡ ᠡᠬᠢᠯᠡᠵᠦ᠂ ︽ᠴᠡᠪᠡᠷ ᠡᠨᠧᠷᠭᠢ ᠶᠢᠨ ᠴᠠᠬᠢᠯᠭᠠᠨ + ᠴᠢᠨᠠᠷᠯᠢᠭ ᠳᠠᠭᠠᠭᠠᠴᠠ ᠲᠠᠢ ᠡᠨᠧᠷᠭᠢ︾

᠎ ᠶᠢᠨ ᠬᠦᠷᠢᠶᠡᠨ ᠳᠠᠬᠢ ᠬᠤᠭᠤᠰᠣᠨ ᠢ ᠨᠥᠬᠦᠪᠥᠷᠢᠯᠡᠵᠦ᠂ ᠠᠰᠢᠭᠯᠠᠯᠲᠠ ᠳᠤ ᠤᠷᠤᠭᠰᠠᠨ ᠤ ᠳᠠᠷᠠᠭ᠎ᠠ ᠠᠵᠤ ᠦᠶᠯᠡᠳᠪᠦᠷᠢ

᠎ ᠶᠢᠨ ᠦᠶᠯᠡᠳᠬᠦᠨ ᠤ ᠥᠷᠲᠡᠭ᠂ ᠭᠠᠶᠢᠯᠢ ᠲᠠᠲᠠᠪᠤᠷᠢ ᠳᠠᠬᠢᠨ ᠢᠶᠠᠷ ᠨᠡᠮᠡᠭᠳᠡᠨ᠂ ᠴᠢᠨᠠᠷᠯᠢᠭ ᠬᠥᠭᠵᠢᠯᠲᠡ ᠦᠷᠭᠦᠯᠵᠢᠯᠡᠨ

ᠪᠠᠲᠤᠵᠢᠬᠤ ᠪᠣᠯᠤᠨ᠎ᠠ᠃ ᠡᠷᠢᠶᠡᠨ ᠠᠴᠠ ᠭᠤᠸᠠᠩᠵᠧᠦ ᠬᠦᠷᠬᠦ ᠬᠤᠷᠳᠤᠨ ᠤ ᠵᠠᠮ᠂ ᠲᠠᠶᠢᠽᠢ ᠴᠧᠩ ᠠᠴᠠ ᠰᠢᠯᠢᠩᠬᠤᠲᠠ

ᠬᠦᠷᠬᠦ ᠲᠡᠮᠦᠷ ᠵᠠᠮ᠂ ᠵᠢᠨᠢᠩ ᠠᠴᠠ ᠲᠦᠩᠯᠢᠶᠣᠤ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢᠨ

ᠳᠥᠰᠥᠯ ᠢ ᠯᠠᠪᠳᠠᠭᠤᠨ ᠢᠶᠠᠷ ᠬᠡᠷᠡᠭᠵᠢᠭᠦᠯᠵᠦ᠂ ᠱᠠᠩᠳᠤ ᠤᠰᠤᠨ ᠴᠥᠭᠦᠷᠥᠮ ᠤᠨ ᠪᠡᠯᠡᠳᠭᠡᠯ ᠠᠵᠢᠯ ᠢ ᠲᠦᠷᠭᠡᠳᠬᠡᠨ

ᠠᠬᠢᠭᠤᠯᠵᠤ᠂ ᠠᠵᠤ ᠦᠢᠯᠡᠰ ᠤᠨ ᠴᠢᠨᠠᠷᠯᠢᠭ ᠬᠥᠭᠵᠢᠯᠲᠡ ᠳᠤ ᠥᠷᠭᠡᠨ ᠵᠠᠢ ᠬᠠᠩᠭᠠᠪᠠ᠃

     ᠲᠥᠯᠥᠭᠡᠯᠡᠭᠴᠢᠳ ᠡ︕ ᠬᠦᠴᠢᠷ ᠤᠨ ᠡᠮᠦᠨ᠎ᠡ ᠨᠤᠭᠤᠷᠠᠬᠤ ᠦᠭᠡᠢ᠂ ᠬᠦᠷᠬᠦ ᠠᠯᠤᠰ ᠲᠤ ᠢᠲᠡᠭᠡᠯ ᠠᠯᠳᠠᠬᠤ ᠦᠭᠡᠢ

ᠪᠠᠶᠢᠵᠤ᠂ ᠰᠡᠳᠬᠢᠯ ᠪᠠᠭ᠋ᠠᠳᠤᠮ᠎ᠠ ᠠᠵᠢᠯ ᠤᠨ ᠪᠦᠳᠦᠮᠵᠢ ᠶᠢᠨ ᠬᠤᠶᠢᠨ᠎ᠠ ᠡᠷᠡᠰ ᠰᠢᠭᠤᠷᠬᠠᠢ ᠢᠲᠡᠭᠡᠯ ᠪᠢᠰᠢᠷᠡᠯ᠂ ᠬᠡᠮᠵᠢᠶᠡᠯᠡᠰᠢ

ᠦᠭᠡᠢ ᠴᠢᠷᠮᠠᠶᠢᠯᠭ᠎ᠠ ᠳᠤᠲᠠᠭᠳᠠᠵᠤ ᠪᠤᠯᠤᠰᠢ ᠦᠭᠡᠢ᠃ ᠰᠢᠯᠤᠭᠤᠨ ᠬᠥᠬᠡ ᠬᠤᠰᠢᠭᠤᠨ ᠤ ᠡᠯ᠎ᠡ ᠲᠦᠷᠦᠯ ᠤᠨ ᠠᠵᠢᠯ ᠢ

ᠭᠢᠯᠠᠯᠵᠠᠮ᠎ᠠ ᠪᠡᠶᠡᠯᠡᠭᠦᠯᠦᠨ᠂ ᠠᠰᠤᠷᠤ ᠬᠥᠭᠵᠢᠯᠲᠡ ᠶᠢ ᠠᠬᠢᠭᠤᠯᠬᠤ ᠶᠢᠨ ᠬᠠᠮᠤᠭ ᠤᠨ ᠪᠠᠲᠤ ᠴᠢᠩᠭ᠎ᠠ ᠪᠠᠲᠤᠯᠠᠭ᠎ᠠ ᠪᠣᠯ ᠰᠢ

᠎ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠴᠢᠩᠭ᠎ᠠ ᠤᠳᠤᠷᠢᠳᠤᠯᠭ᠎ᠠ ᠮᠥᠨ᠂ ᠬᠠᠮᠤᠭ

᠎ ᠤᠨ ᠦᠨᠳᠦᠰᠦᠨ ᠵᠢᠷᠤᠮᠯᠠᠯ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ

ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠮᠥᠨ᠂ ᠬᠠᠮᠤᠭ ᠤᠨ ᠴᠢᠬᠤᠯᠠ ᠡᠭᠦᠷᠭᠡ

ᠪᠣᠯ ︽ᠬᠤᠶᠠᠷ ᠶᠡᠭᠡ ᠶᠠᠪᠤᠳᠠᠯ︾᠎ ᠢ ᠪᠣᠳᠠᠲᠠᠶ ᠨᠠᠶᠢᠳᠠᠪᠤᠷᠢᠵᠢᠭᠤᠯᠬᠤ ᠪᠣᠯᠤᠨ᠎ᠠ ᠭᠡᠳᠡᠭ ᠢ ᠪᠢᠳᠡ ᠭᠦᠨᠵᠡᠭᠡᠶ ᠣᠶᠢᠯᠠᠭᠠᠪᠠ᠃

ᠥᠩᠭᠡᠷᠡᠭᠰᠡᠨ ᠨᠢᠭᠡ ᠵᠢᠯ ᠳᠤ᠂ ᠪᠢᠳᠠᠨ ᠤ ᠣᠯᠤᠭᠰᠠᠨ ᠠᠮᠵᠢᠯᠲᠠ᠂ ᠪᠡᠶᠡᠯᠡᠭᠦᠯᠦᠭᠰᠡᠨ ᠢᠨᠵᠧᠨᠧᠷᠢᠩ ᠨᠢᠭᠡᠪᠦᠷᠢ ᠨᠢ

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ᠂

ᠠᠶᠢᠮᠠᠭ ᠤᠨ ᠵᠠᠬᠢᠷᠭᠠᠨ ᠤ ᠴᠢᠩᠭ᠎ᠠ ᠤᠳᠤᠷᠢᠳᠤᠯᠭ᠎ᠠ᠂ ᠬᠤᠰᠢᠭᠤ ᠨᠠᠮ ᠤᠨ ᠬᠤᠷᠢᠶᠠᠨ ᠤ ᠪᠦᠭᠦᠳᠡ ᠳᠠᠶᠠᠭᠠᠷ ᠢ

ᠪᠦᠯᠬᠦᠮᠳᠡᠭᠦᠯᠦᠨ ᠳᠠᠭᠠᠭᠤᠯᠵᠤ᠂ ᠰᠢᠷᠭᠠᠭᠤ ᠬᠠᠲᠠᠭᠤᠵᠢᠯᠲᠠᠶ ᠲᠡᠮᠡᠴᠡᠭᠰᠡᠨ ᠤ ᠬᠢ᠂ ᠬᠤᠰᠢᠭᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠪᠦᠲᠦᠮᠵᠢᠲᠡᠶ ᠬᠢᠨᠠᠯᠲᠠ᠂ ᠬᠦᠴᠦᠲᠡᠶ

ᠳᠡᠮᠵᠢᠯᠭᠡ ᠠᠴᠠ ᠪᠣᠯᠤᠭᠰᠠᠨ ᠶᠤᠮ᠃ ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠪᠦᠬᠦ

ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ᠂ ᠪᠦᠬᠦ ᠠᠷᠠᠳ ᠤᠨ ᠲᠥᠯᠥᠭᠡᠯᠡᠭᠴᠢ ᠪᠠ ᠤᠯᠤᠰ ᠲᠥᠷᠦ ᠶᠢᠨ

ᠵᠥᠪᠯᠡᠯᠭᠡᠨ ᠤ ᠭᠡᠰᠢᠭᠦᠨ᠂ ᠡᠯ᠎ᠡ ᠠᠷᠠᠳ ᠤᠨ ᠪᠦᠯᠬᠦᠮ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠵᠢᠯ ᠠᠴᠠ ᠪᠠᠨ

ᠳᠠᠷᠬᠠᠯᠠᠭᠳᠠᠭᠰᠠᠨ ᠠᠬᠠᠮᠠᠳ ᠺᠠᠳ᠋ᠷ᠂ ᠵᠡᠪᠰᠡᠭᠲᠦ ᠴᠠᠭᠳᠠᠭᠠᠨ ᠤ ᠳᠤᠮᠳᠠ ᠠᠩᠭᠢ᠂ ᠳᠣᠲᠣᠭᠠᠳᠤ ᠶᠢ ᠬᠠᠮᠠᠭᠠᠯᠠᠬᠤ ᠺᠠᠳ᠋ᠷ

ᠴᠠᠭᠳᠠᠭ᠎ᠠ᠂ ᠭᠠᠯ ᠤᠨᠲᠠᠷᠠᠭᠠᠨ ᠠᠪᠤᠷᠠᠨ ᠲᠤᠰᠠᠯᠠᠬᠤ ᠡᠩᠨᠡᠭᠡ᠂ ᠰᠢᠯᠤᠭᠤᠨ ᠬᠥᠬᠡ ᠬᠤᠰᠢᠭᠤᠨ ᠳᠤ ᠪᠡᠯᠡ

ᠣᠷᠣᠭᠤᠯᠤᠭᠴᠢᠳ᠂ ᠪᠦᠲᠦᠭᠡᠨ ᠪᠠᠶᠢᠭᠤᠯᠤᠭᠴᠢᠳ᠂ ᠰᠢᠯᠤᠭᠤᠨ ᠬᠥᠬᠡ ᠬᠤᠰᠢᠭᠤᠨ ᠤ ᠬᠥᠭᠵᠢᠯᠲᠡ ᠶᠢ ᠬᠠᠯᠠᠮᠵᠢᠯᠠᠨ

ᠳᠡᠮᠵᠢᠭᠰᠡᠨ ᠡᠯ᠎ᠡ ᠡᠲᠡᠭᠡᠳ ᠤᠨ ᠬᠢᠨ ᠳᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ

ᠳᠡᠪᠰᠢᠭᠦᠯᠦᠶ᠎ᠡ︕

     ᠲᠥᠯᠥᠭᠡᠯᠡᠭᠴᠢᠳ ᠡ᠂ ᠤᠯᠤᠭᠰᠠᠨ ᠠᠮᠵᠢᠯᠲᠠ ᠪᠠᠨ ᠨᠤᠲᠠᠯᠠᠬᠤ ᠶᠢᠨ ᠳᠠᠭᠠᠤ ᠬᠥᠭᠵᠢᠯᠲᠡ ᠶᠢᠨ ᠳᠤᠮᠳᠠ ᠤᠷᠤᠰᠢᠵᠤ

ᠪᠠᠶᠢᠭ᠎ᠠ ᠬᠦᠴᠢᠷᠳᠡᠯ ᠪᠠ ᠠᠰᠠᠭᠤᠳᠠᠯ ᠢᠶᠠᠨ ᠪᠢᠳᠡ ᠰᠡᠷᠭᠡᠭ ᠢᠶᠠᠷ ᠤᠯᠵᠤ ᠲᠠᠨᠢᠯ᠎ᠠ᠃ ᠨᠢᠭᠡ ᠳᠤ᠂ ᠠᠵᠤ ᠦᠢᠯᠡᠰ ᠤᠨ

ᠬᠥᠭᠵᠢᠯᠲᠡ ᠶᠢᠨ ᠬᠢᠷᠢ ᠲᠦᠪᠰᠢᠨ ᠳᠣᠣᠷ᠎ᠠ᠂ ᠮᠠᠯ ᠲᠠᠷᠢᠶᠠᠯᠠᠩ ᠤᠨ ᠪᠦᠲᠦᠭᠡᠭᠳᠡᠬᠦᠨ ᠨᠢ ᠠᠵᠤ ᠦᠢᠯᠡᠰ ᠤᠨ ᠬᠡᠯᠬᠢᠶᠡᠵᠢᠯ

ᠪᠠ ᠥᠷᠲᠡᠭ ᠤᠨ ᠬᠡᠯᠬᠢᠶᠡᠵᠢᠯ ᠤᠨ ᠳᠣᠣᠷ᠎ᠠ ᠲᠦᠪᠰᠢᠨ ᠳᠤ ᠪᠠᠶᠢᠷᠢᠯᠠᠵᠤ᠂ ᠠᠵᠤ ᠠᠬᠤᠢ ᠶᠢᠨ ᠦᠷ᠎ᠡ ᠠᠰᠢᠭ ᠠᠨᠠᠢ

ᠪᠠᠶᠢᠭᠰᠠᠭᠠᠷ᠃ ᠡᠨᠧᠷᠭᠢ ᠶᠢᠨ ᠪᠤᠰᠤ ᠲᠥᠷᠥᠯ ᠵᠦᠶᠯ ᠤᠨ ᠨᠥᠭᠡᠴᠡ ᠴᠦᠬᠡᠨ᠂ ᠠᠵᠤ ᠦᠶᠯᠡᠳᠪᠦᠷᠢ ᠶᠢᠨ ᠬᠡᠯᠪᠡᠷᠢ ᠪᠤᠯᠤᠨ

ᠭᠠᠶᠢᠯᠢ ᠶᠢᠨ ᠢᠷᠡᠯᠲᠡ ᠶᠢᠨ ᠬᠡᠯᠪᠡᠷᠢ ᠶᠢᠨ ᠲᠥᠷᠥᠯ ᠵᠦᠶᠯ ᠴᠥᠬᠡᠨ ᠪᠠᠶᠢᠨ᠎ᠠ᠃ ᠰᠣᠶᠣᠯ ᠵᠢᠭᠤᠯᠴᠢᠯᠠᠯ ᠤᠨ ᠠᠵᠤ ᠦᠶᠯᠡᠰ

᠎ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠠᠶᠢᠴᠢᠯᠠᠬᠤ ᠦᠶᠯᠡᠳᠦᠯ ᠢ ᠬᠠᠷᠠᠬᠠᠨ ᠭᠦᠶᠴᠡᠳ ᠪᠠᠳᠠᠷᠠᠭᠤᠯᠤᠭᠠᠳᠤᠶ᠃

ᠬᠤᠶᠠᠷ ᠲᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠤᠨ᠂ ᠬᠤᠯᠠᠨ ᠰᠢᠷᠭ᠎ᠠ ᠲᠠᠭ᠎ᠠ ᠶᠢᠨ

ᠮᠠᠩᠬᠠᠨ ᠭᠠᠵᠠᠷ ᠢ ᠴᠡᠭᠴᠡᠯᠡᠨ ᠵᠠᠰᠠᠬᠤ ᠡᠭᠦᠷᠭᠡ ᠬᠦᠨᠳᠦ ᠪᠠᠶᠢᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ

ᠪᠣᠯᠤᠨ ᠠᠵᠤ ᠠᠬᠤᠢ ᠶᠢᠨ ᠬᠥᠭᠵᠢᠯᠲᠡ ᠶᠢᠨ ᠱᠠᠳᠤᠴᠢ ᠴᠢᠨᠠᠷᠲᠠᠢ ᠵᠥᠷᠢᠴᠡᠯ ᠢ ᠪᠦᠲᠦᠮᠵᠢᠲᠡᠢ ᠰᠢᠢᠳᠪᠦᠷᠢᠯᠡᠵᠦ

ᠳᠡᠶᠢᠯᠦᠭᠡᠳᠦᠢ ᠪᠠᠶᠢᠨ᠎ᠠ᠃ ᠭᠤᠷᠪᠠ ᠳᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠥᠨ ᠲᠣᠪᠣᠶᠢᠮ᠎ᠠ

ᠪᠦᠭᠡᠳ ᠣᠷᠣᠯᠭ᠎ᠠ ᠵᠠᠷᠤᠯᠭ᠎ᠠ ᠶᠢᠨ ᠳᠠᠷᠤᠯᠲᠠ ᠶᠡᠭᠡ ᠪᠠᠶᠢᠵᠤ᠂ ᠥᠷᠢ ᠥᠭᠴᠡᠭᠡᠨ ᠤ ᠲᠦᠭᠰᠢᠭᠦᠷᠢ ᠦᠨᠳᠦᠷ ᠪᠠᠶᠢᠭᠰᠠᠭᠠᠷ᠃

ᠳᠥᠷᠪᠡ ᠳᠤ᠂ ᠰᠠᠭᠤᠷᠢ ᠲᠥᠬᠦᠭᠡᠷᠦᠮᠵᠢ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠬᠡᠦᠬᠡᠳ

ᠰᠠᠭᠠᠲᠠᠭᠤᠯᠬᠤ ᠵᠡᠷᠭᠡ ᠬᠦᠷᠢᠶ᠎ᠡ ᠴᠠᠷ᠎ᠠ ᠳᠤ ᠮᠠᠰᠢ ᠣᠯᠠᠨ ᠳᠤᠳᠠᠭᠳᠠᠯ ᠪᠠ ᠪᠠᠭᠤᠷᠠᠶ ᠲᠠᠯ᠎ᠠ ᠣᠷᠣᠰᠢᠵᠤ᠂ ᠣᠯᠠᠨ ᠲᠦᠮᠡᠨ ᠤ

ᠬᠦᠰᠡᠯ ᠡᠷᠡᠮᠡᠯᠵᠡᠯ ᠪᠠ ᠬᠡᠷᠡᠭᠴᠡᠭᠡ ᠱᠠᠭᠠᠷᠳᠠᠯᠭ᠎ᠠ ᠠᠴᠠ ᠪᠠᠰᠠ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ᠃ ᠲᠠᠪᠤ ᠳᠤ᠂

ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠤᠯᠠᠮ ᠴᠢᠩᠭᠠᠳᠬᠠᠬᠤ ᠴᠢᠬᠤᠯᠠᠲᠠᠢ ᠪᠠᠶᠢᠵᠤ᠂ ᠵᠠᠰᠠᠭ ᠤᠨ

ᠣᠷᠳᠣᠨ ᠤ ᠵᠠᠷᠢᠮ ᠺᠠᠳ᠋ᠷ ᠠᠵᠢᠯᠲᠠᠨ ᠤ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠴᠢᠳᠠᠪᠤᠷᠢ ᠬᠦᠷᠦᠯᠴᠡᠬᠦ ᠦᠭᠡᠢ᠂

ᠥᠪᠡᠷ ᠢ ᠪᠠᠨ ᠴᠢᠩᠭ᠎ᠠ ᠱᠠᠭᠠᠷᠳᠠᠵᠤ ᠪᠣᠳᠠᠲᠠᠢ ᠪᠠᠷ ᠠᠵᠢᠯᠯᠠᠬᠤ ᠰᠤᠷᠲᠠᠯ ᠪᠠᠰᠠ ᠪᠠᠭᠤᠷᠠᠢ ᠪᠠᠶᠢᠭᠰᠠᠭᠠᠷ᠃ ᠪᠢᠳᠡ

ᠤᠷᠤᠰᠢᠵᠤ ᠪᠠᠶᠢᠭ᠎ᠠ ᠠᠰᠠᠭᠤᠳᠠᠯ ᠪᠤᠯᠤᠨ ᠲᠤᠯᠭᠠᠷᠠᠵᠤ ᠪᠠᠶᠢᠭ᠎ᠠ ᠥᠷᠢᠰᠥᠯᠳᠦᠭᠡᠨ ᠳᠤ ᠰᠢᠭᠤᠳ ᠬᠠᠨᠳᠤᠵᠤ᠂ ᠴᠦᠬᠦᠷᠡᠰᠢ

ᠦᠭᠡᠢ ᠵᠣᠷᠢᠭ ᠪᠣᠯᠤᠨ ᠪᠦᠳᠦᠮᠵᠢᠳᠠᠢ ᠠᠷᠭ᠎ᠠ ᠬᠡᠮᠵᠢᠶ᠎ᠡ ᠪᠠᠷ ᠬᠢᠨᠠᠮᠠᠭᠠᠢ ᠰᠢᠢᠳᠪᠦᠷᠢᠯᠡᠵᠦ᠂ ᠠᠵᠤ ᠠᠬᠤᠢ ᠨᠡᠶᠢᠭᠡᠮ ᠤᠨ

ᠬᠥᠭᠵᠢᠯᠲᠡ ᠶᠢᠨ ᠯᠠᠪᠳᠠᠭᠤᠨ ᠢᠶᠠᠷ ᠤᠷᠤᠭᠰᠢᠯᠠᠬᠤ ᠶᠢ ᠠᠬᠢᠭᠤᠯᠤᠨ᠎ᠠ᠃

ᠬ᠊‍ᠣᠶᠠᠷ᠂ 2024 ᠣᠨ ᠤ ᠭᠤᠣᠯ ᠡᠭᠦᠷᠭᠡ

     2024 ᠣᠨ ᠪᠣᠯ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ

ᠪᠣᠯᠤᠨ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ

ᠨᠠᠶᠢᠳᠠᠪᠤᠷᠢᠵᠢᠭᠤᠯᠤᠭᠰᠠᠨ ᠴᠢᠬᠤᠯᠠ ᠨᠢᠭᠡ ᠵᠢᠯ ᠪᠣᠯᠤᠨ᠎ᠠ᠂ ᠮᠦᠨ ᠴᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ

ᠲᠥᠯᠥᠪᠵᠢᠭᠦᠯᠭᠡ ᠶᠢ ᠪᠦᠬᠦ ᠲᠠᠯ᠎ᠠ ᠪᠠᠷ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ 2024 ᠣᠨ ᠤ ᠠᠵᠢᠯ ᠢ

ᠰᠠᠶᠢᠶᠢᠨ ᠬᠢᠬᠦ ᠳᠤ ᠠᠵᠠ ᠲᠣᠬᠢᠶᠠᠯ ᠪᠠ ᠥᠷᠢᠰᠥᠯᠳᠦᠭᠡᠨ ᠵᠡᠷᠭᠡᠪᠡᠷ ᠣᠷᠣᠰᠢᠵᠤ᠂ ᠶᠡᠷᠦᠩᠬᠡᠢ ᠳᠡᠭᠡᠨ ᠠᠵᠠ ᠲᠣᠬᠢᠶᠠᠯ ᠨᠢ

ᠥᠷᠢᠰᠥᠯᠳᠦᠭᠡᠨ ᠠᠴᠠ ᠶᠡᠭᠡ᠂ ᠠᠰᠢᠭ ᠨᠢ ᠬᠦᠴᠢᠷ ᠪᠡᠷᠬᠡᠰᠢᠶᠡᠯ ᠠᠴᠠ ᠤᠯᠠᠨ ᠪᠠᠶᠢᠨ᠎ᠠ᠃ ᠪᠥᠬᠦ ᠤᠯᠤᠰ ᠤᠨ ᠬᠥᠭᠵᠢᠯᠲᠡ

᠎ ᠠᠴᠠ ᠦᠵᠡᠪᠡᠯ᠂ ᠠᠵᠤ ᠠᠬᠤᠶ ᠦᠷᠭᠦᠯᠵᠢᠯᠡᠨ ᠬᠥᠭᠵᠢᠬᠦ ᠦᠨᠳᠦᠰᠦᠨ ᠪᠠᠶᠢᠳᠠᠯ ᠬᠤᠪᠢᠷᠠᠭ᠎ᠠ ᠥᠬᠡᠶ ᠪᠠᠶᠢᠵᠤ᠂ ︽ᠨᠢᠭᠡ

ᠪᠦᠰᠡ ᠨᠢᠭᠡ ᠵᠠᠮ︾᠎ ᠢ ᠬᠠᠮᠲᠤ ᠪᠠᠷ ᠪᠥᠲᠥᠭᠡᠨ ᠪᠠᠶᠢᠭᠤᠯᠬᠤ ᠰᠠᠨᠠᠭᠠᠴᠢᠯᠠᠭ᠎ᠠ᠂ ᠰᠢᠨ᠎ᠡ ᠴᠠᠭ ᠦᠶ᠎ᠡ ᠳᠤ ᠪᠠᠷᠠᠭᠤᠨ ᠣᠷᠣᠨ

᠎ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ᠂ ︽ᠤᠮᠠᠷᠠᠲᠤ ᠶᠢᠨ ᠭᠤᠷᠪᠠᠨ ᠣᠷᠣᠨ︾᠎ ᠤ ᠰᠢᠪᠲᠤᠯᠤᠯᠲᠠ ᠶᠢᠨ

ᠢᠨᠵᠧᠨᠧᠷᠢᠩ ᠢ ᠡᠷᠴᠢᠮᠳᠠᠢ ᠭᠦᠢᠴᠡᠳᠬᠡᠬᠦ ᠪᠠ ᠬᠤᠯᠠᠨ ᠰᠢᠷᠭ᠎ᠠ ᠲᠠᠭ᠎ᠠ ᠶᠢᠨ ᠮᠠᠩᠬᠠᠨ ᠭᠠᠵᠠᠷ ᠢ ᠴᠡᠭᠴᠡᠯᠡᠨ ᠵᠠᠰᠠᠬᠤ ᠲᠥᠷᠥ

᠎ ᠶᠢᠨ ᠪᠣᠳᠣᠯᠭ᠎ᠠ ᠶᠢ ᠰᠠᠶᠢᠳᠤᠷ ᠨᠠᠶᠢᠳᠠᠪᠤᠷᠢᠵᠢᠭᠤᠯᠤᠨ᠂ ᠲᠥᠷᠥ ᠶᠢᠨ ᠶᠠᠪᠤᠳᠠᠯ ᠤᠨ ᠬᠤᠷᠢᠶᠠᠨ ᠤ ︽ᠥᠪᠥᠷ ᠮᠣᠩᠭᠤᠯ ᠤᠨ

ᠴᠢᠨᠠᠷᠯᠢᠭ ᠬᠥᠭᠵᠢᠯᠲᠡ ᠶᠢ ᠠᠬᠢᠭᠤᠯᠤᠨ ᠳᠤᠮᠳᠠᠳᠤ ᠤᠯᠤᠰ ᠤᠨ ᠤᠨᠴᠠᠯᠢᠭ ᠪᠦᠬᠦᠢ ᠣᠳᠣᠬᠢᠴᠢᠯᠠᠯᠲᠠ ᠶᠢᠨ ᠰᠢᠨ᠎ᠡ

ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾᠎ ᠳᠤ ᠳᠤᠷᠠᠳᠤᠭᠰᠠᠨ 33 ᠵᠦᠶᠯ ᠤᠨ ᠲᠥᠷᠥ ᠶᠢᠨ ᠪᠣᠳᠣᠯᠭ᠎ᠠ ᠪᠠ

ᠤᠯᠤᠰ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠲᠣᠭᠲᠠᠭᠠᠭᠰᠠᠨ ᠠᠷᠭ᠎ᠠ ᠬᠡᠮᠵᠢᠶ᠎ᠡ ᠨᠢ ᠮᠠᠨ ᠤ ᠬᠤᠰᠢᠭᠤᠨ ᠤ ᠠᠵᠤ

ᠠᠬᠤᠶ ᠨᠡᠶᠢᠭᠡᠮ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠳᠤ ᠰᠢᠨ᠎ᠡ ᠠᠵᠠ ᠲᠣᠬᠢᠶᠠᠯ ᠤᠯᠭᠤᠨ᠎ᠠ᠃ ᠥᠪᠡᠷᠲᠡᠭᠡᠨ

ᠵᠠᠰᠠᠬᠤ ᠣᠷᠣᠨ ᠤ ᠳᠡᠮᠵᠢᠯᠭᠡ ᠠᠴᠠ ᠦᠵᠡᠪᠡᠯ᠂ ︽ᠵᠢᠷᠭᠤᠭᠠᠨ ᠵᠦᠢᠯ ᠤᠨ ᠢᠨᠵᠧᠨᠧᠷᠢᠩ︾᠎ ᠢ ᠭᠦᠨᠵᠡᠭᠡᠶ ᠬᠡᠷᠡᠭᠵᠢᠭᠦᠯᠵᠦ᠂

︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ ᠶᠢ ᠪᠣᠳᠠᠲᠠᠶ ᠪᠠᠷ ᠬᠡᠷᠡᠭᠵᠢᠭᠦᠯᠬᠦ ᠢᠨᠵᠧᠨᠧᠷᠢᠩ ᠤᠨ ᠲᠥᠷᠥᠯ ᠵᠦᠶᠯ

ᠪᠣᠯᠭᠠᠨ ᠨᠠᠷᠢᠯᠢᠭᠵᠢᠭᠤᠯᠵᠤ᠂ ᠵᠣᠬᠢᠶᠠᠨ ᠪᠠᠶᠢᠭᠤᠯᠤᠨ ᠭᠦᠢᠴᠡᠳᠬᠡᠬᠦ ᠶᠢ ᠰᠠᠶᠢᠲᠤᠷ ᠠᠳᠬᠤᠨ᠎ᠠ᠃ ᠰᠢᠨ᠎ᠡ ᠡᠨᠧᠷᠭᠢ ᠶᠢᠨ

ᠠᠵᠤ ᠦᠶᠯᠡᠰ ᠤᠨ ︽ᠬᠤᠶᠠᠷ ᠢ ᠤᠷᠢᠳᠠᠪᠠᠷ ᠭᠦᠢᠴᠡᠳᠬᠡᠬᠦ︾ ︽ᠬᠤᠶᠠᠷ ᠢ ᠳᠠᠪᠠᠭᠤᠯᠬᠤ︾ ᠬᠠᠷᠠᠯᠲᠠ ᠳᠤ ᠠᠩᠬᠠᠷᠤᠯ

᠎ ᠢᠶᠠᠨ ᠲᠥᠪᠯᠡᠷᠡᠭᠦᠯᠵᠦ᠂ ︽ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠪᠠ ᠰᠠᠯᠬᠢᠨ ᠭᠦᠴᠦᠨ ᠤ ᠴᠠᠬᠢᠯᠭᠠᠨ ᠢ ᠨᠢᠭᠡ

ᠴᠣᠭᠴᠠᠵᠢᠭᠤᠯᠬᠤ︾ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠡᠯᠡᠰᠦᠷᠬᠡᠭ ᠭᠠᠵᠠᠷ ᠣᠷᠣᠨ ᠳᠤ ᠮᠢᠩᠭᠠᠨ ᠲᠦᠮᠡᠨ

ᠺᠢᠯᠣᠸᠠᠲ ᠤᠨ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠰᠠᠭᠤᠷᠢᠨ ᠭᠠᠵᠠᠷ ᠢ ᠪᠥᠲᠥᠭᠡᠨ

ᠪᠠᠶᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠨ ᠤ ᠦᠶᠯᠡᠰ ᠤᠨ ᠴᠢᠨᠠᠷᠯᠢᠭ

ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ︾᠎ ᠶᠢ ᠳᠠᠷᠤᠮᠠᠯᠯᠠᠨ ᠲᠠᠷᠬᠠᠭᠠᠵᠤ᠂ ᠰᠦᠨ ᠤ ᠦᠶᠯᠡᠰ ᠢ ᠬᠦᠭᠵᠢᠬᠦᠯᠬᠦ

ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠤᠯᠠᠮ ᠴᠢᠩᠭᠠᠳᠬᠠᠬᠤ ᠨᠢ ᠪᠢᠳᠡᠨ ᠤ ᠠᠵᠤ ᠦᠶᠯᠡᠰ ᠤᠨ ᠪᠠᠶᠢᠷᠢ

ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠬᠦ᠂ ᠳᠠᠪᠠᠭᠤᠯᠢᠭ ᠢᠶᠠᠨ ᠪᠠᠳᠠᠷᠠᠭᠤᠯᠤᠨ᠂ ᠬᠦᠷᠦᠯᠴᠡᠬᠦ ᠥᠬᠡᠶ ᠲᠠᠯ᠎ᠠ ᠪᠠᠨ

ᠲᠡᠪᠴᠢᠬᠦ᠂ ᠰᠢᠯᠢᠳᠡᠭ ᠢ ᠪᠠᠶᠢᠭᠤᠯᠵᠤ ᠦᠷ᠎ᠡ ᠠᠰᠢᠭ ᠢᠶᠠᠨ ᠨᠡᠮᠡᠭᠳᠡᠭᠦᠯᠬᠦ᠂ ᠠᠵᠤ ᠦᠶᠯᠡᠰ ᠤᠨ ᠬᠡᠯᠪᠡᠷᠢ ᠪᠠᠨ

ᠬᠤᠪᠢᠷᠠᠭᠤᠯᠤᠨ ᠲᠠᠰ ᠳᠡᠪᠰᠢᠭᠦᠯᠬᠦ ᠶᠢ ᠡᠷᠴᠢᠮᠲᠠᠢ ᠠᠬᠢᠭᠤᠯᠬᠤ ᠳᠤ ᠠᠷᠭ᠎ᠠ ᠬᠡᠮᠵᠢᠶ᠎ᠡ ᠪᠤᠯᠤᠨ ᠠᠰᠢᠭᠲᠠᠶ ᠨᠥᠬᠦᠴᠡᠯ

ᠬᠠᠩᠭᠠᠭᠰᠠᠨ ᠪᠠᠶᠢᠨ᠎ᠠ᠃ ᠲᠣᠰ ᠪᠡᠶ᠎ᠡ ᠶᠢᠨ ᠨᠥᠬᠦᠴᠡᠯ ᠠᠴᠠ ᠦᠵᠡᠪᠡᠯ᠂ ᠮᠠᠨ ᠤ ᠬᠤᠰᠢᠭᠤᠨ ᠤ ᠪᠠᠶᠢᠭᠠᠯᠢ ᠶᠢᠨ ᠨᠥᠬᠦᠴᠡᠯ

ᠣᠯᠠᠨ ᠠᠴᠠ ᠣᠨᠴᠠᠭᠠᠢ᠂ ᠵᠠᠮ ᠬᠠᠷᠢᠯᠴᠠᠭᠠᠨ ᠤ ᠪᠠᠶᠢᠴᠠ ᠳᠠᠪᠠᠭᠤᠯᠢᠭ᠂ ᠮᠠᠯ ᠠᠵᠤ ᠠᠬᠤᠢ ᠶᠢᠨ ᠠᠵᠤ ᠦᠢᠯᠡᠰ ᠤᠨ

ᠳᠠᠪᠠᠭᠤᠯᠢᠭ ᠢᠯᠡᠷᠬᠡᠢ᠂ ᠴᠠᠬᠢᠯᠭᠠᠨ ᠬᠦᠴᠦᠨ ᠤ ᠡᠨᠧᠷᠭᠢ ᠶᠢᠨ ᠬᠥᠭᠵᠢᠯᠲᠡ ᠲᠦᠷᠭᠡᠨ᠂ ᠰᠣᠶᠣᠯ ᠵᠢᠭᠤᠯᠴᠢᠯᠠᠯ ᠤᠨ ᠡᠬᠢ

ᠪᠠᠶᠠᠯᠢᠭ ᠡᠯᠪᠡᠭ᠂ ᠦᠨᠳᠦᠰᠦᠲᠡᠨ ᠤ ᠪᠦᠯᠬᠦᠮᠳᠡᠯ ᠦᠷᠭᠦᠯᠵᠢᠯᠡᠨ ᠪᠠᠬᠢᠵᠢᠵᠦ᠂ ᠲᠠᠶᠢᠽᠢ ᠴᠧᠩ ᠠᠴᠠ ᠰᠢᠯᠢᠩᠬᠤᠲᠠ ᠬᠦᠷᠬᠦ

ᠲᠡᠮᠦᠷ ᠵᠠᠮ᠂ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ᠂ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠵᠡᠷᠭᠡ

ᠴᠢᠬᠤᠯᠠ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠤᠷᠤᠭᠰᠢᠲᠠᠢ ᠠᠬᠢᠵᠤ᠂ ᠰᠢᠨ᠎ᠡ ᠨᠢᠭᠡ ᠵᠢᠯ ᠳᠤ᠂

ᠪᠢᠳᠡᠨ ᠳᠤ ᠠᠵᠠ ᠳᠤᠬᠢᠶᠠᠯ ᠢ ᠵᠠᠪᠳᠤᠵᠤ᠂ ᠨᠠᠩ ᠰᠠᠶᠢᠨ ᠬᠥᠭᠵᠢᠯᠲᠡ ᠶᠢᠨ ᠦᠷ᠎ᠡ ᠪᠦᠲᠦᠮᠵᠢ ᠣᠯᠬᠤ ᠨᠥᠬᠦᠴᠡᠯ᠂

ᠴᠢᠳᠠᠪᠤᠷᠢ ᠪᠦᠷᠢᠨ ᠪᠠᠶᠢᠨ᠎ᠠ᠃

     2024 ᠣᠨ ᠤ ᠵᠠᠰᠠᠭ ᠤᠨ ᠣᠷᠳᠣᠨ ᠤ ᠠᠵᠢᠯ ᠤᠨ ᠵᠢᠯᠣᠭᠤᠳᠬᠤ ᠦᠵᠡᠯ ᠰᠠᠨᠠᠭ᠎ᠠ ᠪᠣᠯ᠄ ᠰᠢ ᠶᠢᠨ ᠫᠢᠩ ᠤᠨ

ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ

ᠵᠢᠯᠣᠭᠤᠳᠣᠯᠭ᠎ᠠ ᠪᠤᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ

ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ

ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ᠂

ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ

ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ

᠎ ᠤᠨ ᠬᠤᠷᠠᠯ ᠪᠣᠯᠤᠨ ᠠᠶᠢᠮᠠᠭ ᠤᠨ ᠨᠠᠮ ᠤᠨ ᠬᠤᠷᠢᠶᠠᠨ ᠤ 2023 ᠣᠨ ᠤ 4 ᠳ᠋ᠦ᠋ᠭᠡᠷ ᠤᠳᠠᠭᠠᠨ ᠤ ︵ᠥᠷᠭᠡᠳᠬᠡᠭᠰᠡᠨ︶

ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠪᠠ ᠳᠤᠮᠳᠠᠳᠤ ᠤᠯᠤᠰ ᠤᠨ ᠡᠪ ᠬᠠᠮᠲᠤ ᠨᠠᠮ

᠎ ᠤᠨ ᠰᠢᠯᠤᠭᠤᠨ ᠬᠦᠬᠡ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠶᠢᠰᠦᠳᠦᠭᠡᠷ ᠪᠦᠬᠦᠳᠡ ︵

ᠥᠷᠭᠡᠳᠬᠡᠭᠰᠡᠨ︶ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ

ᠲᠤᠤᠱᠯᠠᠭᠤᠯᠤᠨ᠂ ᠲᠣᠭᠲᠠᠭᠤᠨ ᠢᠶᠠᠷ ᠤᠷᠤᠭᠰᠢᠯᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠶᠯ ᠤᠨ ᠠᠵᠢᠯ ᠤᠨ ᠭᠤᠤᠯ ᠰᠢᠵᠢᠮ ᠪᠤᠯᠭᠠᠨ᠂ ᠰᠡᠳᠬᠢᠯ

᠎ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠭᠦᠢᠴᠡᠳᠬᠡᠵᠦ᠂ ︽ᠵᠢᠷᠭᠤᠭᠠᠨ

ᠵᠦᠢᠯ ᠤᠨ ᠢᠨᠵᠧᠨᠧᠷᠢᠩ︾᠎ ᠢ ᠴᠢᠨᠠᠷᠯᠢᠭ ᠨᠠᠶᠢᠳᠠᠪᠤᠷᠢᠵᠢᠭᠤᠯᠤᠨ᠂ ᠳᠤᠭᠲᠠᠭᠤᠨ ᠢᠶᠠᠷ ᠨᠡᠮᠡᠭᠳᠡᠭᠦᠯᠬᠦ᠂ ᠥᠭᠡᠷᠡᠴᠢᠯᠡᠯᠲᠡ ᠶᠢ

ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ

ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠡᠯ᠎ᠡ ᠵᠦᠶᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ᠂ ᠡᠯ᠎ᠡ ᠬᠦᠷᠢᠶ᠎ᠡ

ᠴᠠᠷ᠎ᠠ ᠶᠢᠨ ᠠᠵᠢᠯ ᠢ ᠪᠦᠳᠦᠮᠵᠢᠳᠠᠢ ᠠᠬᠢᠭᠤᠯᠵᠤ᠂ ᠰᠢᠯᠤᠭᠤᠨ ᠬᠥᠬᠡ ᠬᠤᠰᠢᠭᠤᠨ ᠤ ᠤᠳᠤᠬᠢᠴᠢᠯᠠᠭᠰᠠᠨ ᠪᠦᠲᠦᠭᠡᠨ

ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ᠃

    ᠬᠤᠰᠢᠭᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ 2024 ᠣᠨ ᠤ ᠪᠥᠬᠦ ᠬᠤᠰᠢᠭᠤᠨ ᠤ ᠠᠵᠤ

ᠠᠬᠤᠶ ᠨᠡᠶᠢᠭᠡᠮ ᠤᠨ ᠭᠤᠤᠯ ᠬᠠᠷᠠᠯᠲᠠ ᠪᠣᠯ᠄ ᠳᠠᠷᠤᠢ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠢ

6% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠢ 6.5 %

ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 15% ᠣᠷᠴᠢᠮ ᠨᠡᠮᠡᠭᠳᠡᠭᠦᠯᠵᠦ᠂ ᠡᠩ

᠎ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 6 % ᠣᠷᠴᠢᠮ ᠨᠡᠮᠡᠭᠳᠡᠭᠦᠯᠦᠨ᠎ᠡ᠃ ᠬᠤᠳᠠ ᠬᠥᠳᠡᠭᠡ ᠶᠢᠨ

ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠤᠯᠤᠨ ᠠᠵᠤ ᠠᠬᠤᠢ ᠶᠢᠨ ᠨᠡᠮᠡᠭᠳᠡᠯ ᠢ ᠵᠡᠷᠭᠡᠪᠡᠷ ᠠᠬᠢᠭᠤᠯᠤᠨ᠎ᠠ᠃

    ᠡᠳᠡᠭᠡᠷ ᠬᠠᠷᠠᠯᠲᠠ ᠡᠭᠦᠷᠭᠡ ᠶᠢᠨ ᠲᠣᠭᠤᠷᠢᠨ ᠳᠤ᠂ ᠳᠣᠤᠷᠠᠬᠢ ᠨᠠᠶᠮᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ

ᠰᠠᠶᠢᠲᠤᠷ ᠠᠳᠬᠤᠨ᠎ᠠ᠃

    ︵ᠨᠢᠭᠡ︶ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠰᠠᠶᠢᠲᠤᠷ ᠠᠳᠬᠤᠵᠤ᠂ ᠠᠵᠤ ᠠᠬᠤᠢ ᠶᠢᠨ

ᠡᠵᠡᠩᠨᠡᠯᠲᠡ ᠶᠢᠨ ᠰᠢᠨ᠎ᠡ ᠬᠥᠳᠡᠯᠭᠡᠬᠦ ᠬᠦᠴᠦᠨ ᠢ ᠡᠷᠴᠢᠮᠵᠢᠭᠦᠯᠦᠨ᠎ᠡ

ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ︽ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ︾ ᠪᠣᠯᠭᠠᠬᠤ ᠶᠢ

ᠪᠠᠷᠢᠮᠲᠠᠯᠠᠵᠤ᠂ ︽ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ︾ ᠢᠨᠵᠧᠨᠧᠷᠢᠩ ᠢ ᠡᠷᠴᠢᠮᠲᠠᠢ ᠬᠡᠷᠡᠭᠵᠢᠭᠦᠯᠵᠦ᠂ ᠠᠵᠠ

ᠲᠣᠬᠢᠶᠠᠯ ᠢ ᠵᠠᠪᠳᠤᠨ᠂ ᠰᠤᠳᠤᠯᠭᠠᠨ ᠢ ᠭᠦᠨᠵᠡᠭᠡᠶᠢᠷᠡᠭᠦᠯᠵᠦ᠂ ᠨᠠᠶᠢᠳᠠᠪᠤᠷᠢᠵᠢᠭᠤᠯᠤᠯᠳᠠ ᠶᠢ ᠨᠠᠷᠢᠯᠢᠭᠵᠢᠭᠤᠯᠤᠨ᠂ ᠲᠥᠷᠥ

᠎ ᠶᠢᠨ ᠶᠠᠪᠤᠳᠠᠯ ᠤᠨ ᠬᠤᠷᠢᠶᠠᠨ ᠤ ︽ᠰᠠᠨᠠᠯ︾᠎ ᠢ ᠭᠦᠶᠴᠡᠳ ᠠᠰᠢᠭᠯᠠᠵᠤ᠂ ︽ᠲᠠᠪᠤᠨ ᠶᠡᠭᠡ ᠡᠭᠦᠷᠭᠡ︾᠎ ᠳᠤ ᠰᠠᠭᠤᠷᠢᠯᠠᠨ᠂

ᠲᠥᠪ ᠪᠠ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠴᠢᠩᠭ᠎ᠠ ᠠᠩᠬᠠᠷᠴᠤ᠂

ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠣᠨᠣᠪᠴᠢᠲᠠᠶ ᠡᠵᠡᠮᠳᠡᠨ᠂ ︽ᠢᠯᠡᠭᠦᠭᠡᠨ ᠡᠷᠡᠮᠡᠯᠵᠡᠯᠡᠬᠦ᠂ ᠡᠷᠴᠢᠮᠳᠠᠢ

ᠨᠠᠶᠢᠳᠠᠪᠤᠷᠢᠵᠢᠭᠤᠯᠬᠤ᠂ ᠡᠷᠲᠡᠬᠡᠨ ᠦᠷ᠎ᠡ ᠪᠦᠲᠦᠮᠵᠢ ᠤᠯᠬᠤ︾᠎ ᠶᠢ ᠦᠨᠡᠨᠬᠦ ᠪᠡᠶᠡᠯᠡᠭᠦᠯᠦᠨ᠎ᠡ᠃ ᠠᠶᠢᠮᠠᠭ ᠤᠨ ᠲᠡᠰ ᠤᠨ

11 ᠭᠤᠣᠯᠳᠠᠯᠭᠠᠲᠤ ᠲᠥᠷᠥᠯ ᠵᠦᠢᠯ᠂ ᠬᠤᠰᠢᠭᠤ ᠲᠡᠰ ᠤᠨ 31 ᠭᠤᠣᠯᠳᠠᠯᠭᠠᠲᠤ ᠲᠥᠷᠥᠯ ᠵᠦᠢᠯ ᠢ ᠰᠠᠶᠢᠲᠤᠷ

ᠠᠳᠬᠤᠵᠤ᠂ ᠭᠤᠣᠯᠳᠠᠯᠭᠠᠲᠤ ᠲᠥᠷᠥᠯ ᠵᠦᠢᠯ ᠤᠨ ᠭᠠᠷᠳᠠᠮ ᠢ ︽ᠪᠦᠬᠦᠨ ᠢ ᠭᠦᠢᠴᠡᠳᠬᠡᠬᠦ︾ ᠠᠵᠢᠯᠯᠠᠭ᠎ᠠ ᠶᠢ

ᠦᠷᠭᠦᠯᠵᠢᠯᠡᠨ ᠥᠷᠨᠢᠭᠦᠯᠵᠦ᠂ ᠲᠥᠯᠥᠪᠯᠡᠭᠡ ᠱᠠᠭᠠᠷᠳᠠᠯᠭ᠎ᠠ ᠶᠤᠰᠤᠭᠠᠷ ᠬᠡᠷᠡᠭᠵᠢᠭᠦᠯᠵᠦ᠂ 4 ᠰᠠᠷ᠎ᠠ ᠶᠢᠨ 15᠎ ᠤ ᠡᠳᠦᠷ

᠎ ᠠᠴᠠ ᠡᠮᠦᠨ᠎ᠡ ᠪᠦᠬᠦᠶᠢᠯᠡ ᠭᠠᠷᠳᠠᠮ ᠢ ᠭᠦᠢᠴᠡᠳᠬᠡᠨ ᠪᠠᠷᠢᠯᠭ᠎ᠠ ᠡᠬᠢᠯᠡᠭᠦᠯᠬᠦ ᠶᠢ ᠪᠠᠳᠤᠯᠠᠵᠤ᠂ ᠵᠢᠯ ᠤᠨ ᠳᠣᠲᠣᠷ᠎ᠠ 31.7

ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ︽ᠲᠥᠷᠥᠯ ᠵᠦᠢᠯ ᠤᠨ

ᠲᠥᠯᠦᠪᠵᠢᠬᠦᠯᠭᠡ ᠣᠨᠣᠪᠴᠢᠲᠠᠢ ᠡᠰᠡᠬᠦ᠂ ᠲᠥᠷᠥᠯ ᠵᠦᠢᠯ ᠤᠨ ᠲᠤᠯᠭᠠᠭᠤᠷᠢᠯᠠᠯ ᠴᠢᠩᠭ᠎ᠠ ᠡᠰᠡᠬᠦ᠂ ᠲᠥᠷᠥᠯ ᠵᠦᠢᠯ ᠤᠨ

ᠬᠡᠷᠡᠭᠵᠢᠭᠦᠯᠦᠯᠲᠡ ᠡᠷᠴᠢᠮᠳᠠᠢ ᠡᠰᠡᠬᠦ᠂ ᠲᠥᠷᠥᠯ ᠵᠦᠢᠯ ᠤᠨ ᠦᠢᠯᠡᠴᠢᠯᠡᠭᠡ ᠰᠠᠶᠢᠨ ᠡᠰᠡᠬᠦ︾ ᠵᠡᠷᠭᠡ ︽ᠲᠠᠪᠤᠨ ᠠᠰᠠᠭᠤᠯᠲᠠ

︾᠎ ᠶᠢᠨ ᠲᠣᠭᠤᠷᠢᠨ ᠳᠤ᠂ ᠲᠥᠪ ᠤᠨ ᠲᠥᠰᠦᠪ ᠤᠨ ᠳᠣᠲᠣᠷᠠᠬᠢ ᠪᠡᠯᠡ ᠮᠥᠩᠭᠦᠨ ᠤ 14 ᠲᠥᠷᠥᠯ ᠵᠦᠢᠯ᠂ ᠥᠪᠡᠷᠲᠡᠭᠡᠨ

ᠵᠠᠰᠠᠬᠤ ᠣᠷᠣᠨ ᠤ ᠲᠥᠰᠦᠪ ᠤᠨ ᠳᠣᠲᠣᠷᠠᠬᠢ ᠪᠡᠯᠡ ᠮᠥᠩᠭᠦᠨ ᠤ 3 ᠲᠥᠷᠥᠯ ᠵᠦᠢᠯ ᠵᠢᠴᠢ ᠠᠶᠢᠮᠠᠭ ᠤᠨ ᠲᠡᠰ ᠢᠶᠠᠷ

ᠵᠥᠪᠰᠢᠶᠡᠷᠡᠭᠳᠡᠭᠰᠡᠨ ᠤᠯᠤᠰ ᠤᠨ ᠵᠢᠭᠡᠯᠡᠯᠭᠡ ᠶᠢᠨ 11 ᠲᠥᠷᠥᠯ ᠵᠦᠢᠯ ᠢ ᠡᠷᠡᠮᠡᠯᠵᠡᠯᠡᠨ ᠮᠡᠳᠡᠭᠦᠯᠬᠦ ᠶᠢ ᠪᠠᠲᠤᠯᠠᠵᠤ᠂ ᠨᠠᠩ

ᠣᠯᠠᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠲᠡᠰ ᠤᠨ ︽ᠬᠡᠪᠴᠢᠶ᠎ᠡ︾᠎ ᠳᠤ ᠣᠷᠣᠭᠤᠯᠬᠤ

᠎ ᠪᠠᠷ ᠴᠢᠷᠮᠠᠶᠢᠨ᠎ᠠ᠃ 5000 ᠲᠦᠮᠡᠨ ᠲᠥᠭᠦᠷᠢᠭ ᠠᠴᠠ ᠳᠡᠭᠡᠭᠰᠢᠬᠢ 18 ᠨᠥᠭᠡᠴᠡ ᠲᠥᠷᠥᠯ ᠵᠦᠢᠯ ᠢ ᠡᠷᠴᠢᠮᠲᠠᠢ

ᠰᠠᠶᠢᠲᠤᠷ ᠠᠳᠬᠤᠵᠤ᠂ ᠲᠥᠷᠥᠯ ᠵᠦᠢᠯ ᠤᠨ ᠪᠣᠯᠤᠮᠵᠢᠲᠤ ᠴᠢᠨᠠᠷ᠂ ᠭᠠᠷᠳᠠᠮ ᠭᠦᠢᠴᠡᠳᠬᠡᠵᠦ ᠪᠠᠶᠢᠭ᠎ᠠ ᠪᠠᠶᠢᠳᠠᠯ ᠳᠤ

ᠴᠢᠭᠯᠡᠭᠦᠯᠦᠨ᠂ ᠲᠥᠷᠥᠯ ᠬᠤᠪᠢᠶᠠᠨ ᠵᠢᠭᠰᠠᠭᠠᠵᠤ᠂ ᠨᠠᠷᠢᠯᠢᠭ ᠣᠨᠣᠪᠴᠢᠲᠠᠶ ᠪᠠᠷ ᠲᠦᠯᠬᠢᠨ ᠠᠬᠢᠭᠤᠯᠵᠤ᠂ ᠲᠥᠷᠥᠯ ᠵᠦᠢᠯ

᠎ ᠤᠨ ᠶᠠᠰᠤ ᠴᠢᠨᠠᠷ ᠪᠣᠯᠤᠨ ᠪᠣᠯᠪᠠᠰᠤᠷᠠᠩᠭᠤᠶ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠨᠢᠭᠡ ᠪᠦᠯᠦᠭ ᠢ ᠨᠥᠭᠡᠴᠡᠯᠡᠬᠦ᠂ ᠨᠢᠭᠡ

ᠪᠦᠯᠦᠭ ᠢ ᠠᠵᠢᠯ ᠡᠬᠢᠯᠡᠭᠦᠯᠬᠦ᠂ ᠨᠢᠭᠡ ᠪᠦᠯᠦᠭ ᠢ ᠪᠦᠲᠦᠭᠡᠨ ᠪᠠᠶᠢᠭᠤᠯᠬᠤ ᠪᠦᠳᠦᠴᠠ ᠶᠢ ᠠᠬᠢᠭᠤᠯᠤᠨ᠎ᠠ᠃

     ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠲᠡᠷᠢᠬᠦᠨ ᠴᠢᠬᠤᠯᠠ ᠠᠵᠢᠯ ᠪᠣᠯᠭᠠᠨ ᠠᠳᠬᠤᠬᠤ ᠶᠢ ᠪᠠᠷᠢᠮᠳᠠᠯᠠᠨ᠎ᠠ᠃

ᠪᠦᠬᠦ ᠬᠤᠰᠢᠭᠤᠨ ᠤ ᠪᠡᠯᠡ ᠣᠷᠣᠭᠤᠯᠵᠤ ᠦᠶᠯᠡᠰ ᠪᠣᠰᠬᠠᠬᠤ ᠳᠠᠪᠠᠭᠤᠯᠢᠭ ᠲᠤ ᠲᠦᠰᠢᠭᠯᠡᠨ᠂ ︽ᠪᠣᠬᠢᠷᠲᠤᠯ ᠦᠭᠡᠢ

ᠡᠨᠧᠷᠭᠢ ᠶᠢᠨ ᠡᠬᠢ ᠪᠠᠶᠠᠯᠢᠭ ᠤᠨ ᠠᠰᠢᠭᠯᠠᠯᠲᠠ᠂ ᠠᠵᠤ ᠦᠢᠯᠡᠳᠪᠦᠷᠢ + ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ᠂

ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ ᠶᠢᠨ ᠠᠰᠢᠭ ᠰᠢᠮ᠎ᠡ ᠶᠢᠨ ᠪᠣᠯᠪᠠᠰᠣᠷᠠᠭᠤᠯᠣᠯᠲᠠ᠂ ᠰᠣᠶᠣᠯ ᠵᠢᠭᠤᠯᠴᠢᠯᠠᠯ᠂

ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ + ᠡᠷᠡᠭᠦᠯ ᠮᠡᠨᠳᠦ ᠶᠢᠨ ᠰᠤᠪᠢᠯᠠᠯᠲᠠ︾ ᠵᠡᠷᠭᠡ 5 ᠰᠢᠵᠢᠮ ᠢᠶᠠᠷ

ᠠᠴᠢᠶᠠᠯᠠᠪᠤᠷᠢ ᠪᠣᠯᠭᠠᠵᠤ᠂ ᠤᠷᠮᠠᠰᠢᠭᠤᠯᠤᠯ ᠵᠣᠷᠢᠭᠵᠢᠭᠤᠯᠤᠯ ᠢ ᠪᠦᠷᠢᠨ ᠪᠠᠳᠠᠷᠠᠭᠤᠯᠤᠨ᠂ ᠨᠠᠶᠢᠳᠠᠪᠤᠷᠢᠵᠢᠭᠤᠯᠤᠯᠲᠠ ᠶᠢ

ᠴᠢᠩᠭ᠎ᠠ ᠠᠳᠬᠤᠵᠤ᠂ ᠠᠵᠤ ᠠᠬᠤᠶᠢᠯᠠᠯ ᠳᠤ ᠢᠳᠡᠪᠬᠢᠲᠡᠢ ᠦᠢᠯᠡᠴᠢᠯᠡᠵᠦ᠂ ᠠᠵᠤ ᠦᠢᠯᠡᠰ ᠤᠨ ᠬᠡᠯᠬᠢᠶᠡᠵᠢᠯ ᠤᠨ ᠬᠠᠷᠠᠯᠲᠠ

᠎ ᠲᠠᠢ᠂ ᠪᠦᠳᠦᠮᠵᠢᠲᠡᠢ ᠪᠠᠶᠢᠬᠤ ᠶᠢ ᠪᠡᠶᠡᠯᠡᠬᠦᠯᠵᠦ᠂ ᠠᠷᠠᠯᠵᠢᠶᠠᠴᠢᠨ ᠤᠷᠢᠵᠤ ᠪᠡᠯᠡ ᠳᠠᠲᠠᠨ᠂ ᠮᠠᠨ ᠤ ᠬᠤᠰᠢᠭᠤᠨ ᠤ

ᠴᠢᠨᠠᠷᠯᠢᠭ ᠬᠦᠭᠵᠢᠯᠲᠡ ᠳᠤ ᠪᠠᠲᠤ ᠴᠢᠩᠭ᠎ᠠ ᠰᠠᠭᠤᠷᠢ ᠲᠠᠯᠪᠢᠨ᠎ᠠ᠃ ᠬᠤᠸᠠ ᠳ᠋ᠢᠶᠠᠨ ᠰᠢᠨ᠎ᠡ ᠡᠨᠧᠷᠭᠢ ᠶᠢᠨ ᠺᠣᠮᠫᠠᠨᠢ᠂

ᠵᠢᠶᠠᠩᠰᠦ ᠶᠢᠨ ᠾᠦᠢ ᠳ᠋ᠢᠶᠠᠨ ᠴᠠᠬᠢᠯᠭᠠᠨ ᠡᠨᠧᠷᠭᠢ ᠶᠢᠨ ᠺᠣᠮᠫᠠᠨᠢ᠂ ᠰᠢ ᠠᠨ ᠤ ᠯᠦᠩ ᠪᠢᠨ ᠯᠢ ᠴᠢᠶᠠᠩ ᠠᠵᠤ ᠠᠬᠤᠶᠢᠯᠠᠯ

᠂ ᠢ ᠺᠤᠸᠠᠢ ᠵᠠᠮ ᠬᠠᠷᠢᠯᠴᠠᠭ᠎ᠠ ᠭᠦᠢᠯᠭᠡᠭᠡᠨ ᠤ ᠺᠣᠮᠫᠠᠨᠢ ᠵᠣᠤ ᠳ᠋ᠦᠩ ᠶᠢ ᠪᠠᠢ ᠺᠣᠮᠫᠠᠨᠢ ᠵᠡᠷᠭᠡ ᠠᠵᠤ ᠠᠬᠤᠶᠢᠯᠠᠯ ᠲᠠᠢ

ᠦᠷᠭᠦᠯᠵᠢᠯᠡᠨ ᠬᠠᠷᠢᠴᠠᠵᠤ᠂ ᠭᠡᠷ᠎ᠡ ᠲᠣᠭᠲᠠᠵᠤ ᠠᠵᠢᠯ ᠢᠶᠠᠨ ᠪᠤᠳᠠᠲᠠᠶᠢᠵᠢᠭᠤᠯᠤᠨ᠎ᠠ᠃ ᠰᠢᠨ᠎ᠡ ᠪᠠᠷ ᠭᠡᠷ᠎ᠡ ᠲᠣᠭᠲᠠᠭᠰᠠᠨ

ᠲᠦᠷᠦᠯ ᠵᠦᠢᠯ ᠤᠨ ᠲᠤᠰ ᠵᠢᠯ ᠳᠡᠭᠡᠨ ᠠᠵᠢᠯ ᠡᠬᠢᠯᠡᠬᠦᠯᠬᠦ ᠶᠢ ᠪᠠᠲᠤᠯᠠᠨ᠎ᠠ᠃ ᠵᠦᠩ ᠽᠧ ᠪᠦᠯᠦᠭᠯᠡᠯ ᠯᠦᠭᠡ ᠶᠢᠨ

ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠵᠢᠢ ᠲᠢᠶᠧ ᠲᠡᠮᠦᠷ ᠤᠨ ᠬᠠᠶᠢᠯᠤᠰᠢ ᠶᠢᠨ ᠲᠥᠷᠥᠯ ᠵᠦᠢᠯ ᠤᠨ

ᠠᠵᠢᠯ ᠡᠬᠢᠯᠡᠬᠦ ᠳᠤ ᠲᠤᠰᠠᠯᠠᠵᠤ᠂ ᠵᠢᠯ ᠤᠨ ᠳᠣᠲᠣᠷ᠎ᠠ 20 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ

ᠣᠷᠣᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠪᠥᠬᠦ ᠵᠢᠯ ᠳᠤ 2 ᠤᠳᠠᠭ᠎ᠠ ᠲᠤᠰᠬᠠᠶ ᠲᠠᠯᠠᠪᠠᠢ ᠲᠠᠨᠢᠯᠴᠠᠭᠤᠯᠭ᠎ᠠ ᠶᠢᠨ

ᠬᠤᠷᠠᠯ ᠡᠷᠭᠢᠯᠡᠬᠦ ᠪᠠᠷ ᠲᠥᠯᠥᠪᠯᠡᠵᠦ᠂ ᠠᠵᠤ ᠦᠶᠯᠡᠰ ᠤᠨ ᠬᠠᠷᠢᠴᠠᠭ᠎ᠠ ᠬᠤᠯᠪᠣᠭ᠎ᠠ ᠲᠠᠢ ᠬᠠᠮᠲᠤᠷᠠᠯᠴᠠᠭᠠᠨ ᠤ ᠣᠷᠣᠨ ᠵᠠᠶ

ᠥᠷᠭᠡᠨ ᠳᠡᠯᠭᠡᠷ 60 ᠠᠵᠤ ᠠᠬᠤᠶᠢᠯᠠᠯ ︵ᠪᠠᠶᠢᠭᠤᠯᠤᠮᠵᠢ︶᠎ ᠲᠠᠢ ᠬᠤᠷᠢᠭᠠᠳ ᠭᠡᠷ᠎ᠡ ᠲᠣᠭᠲᠠᠨ᠂ 35 ᠳ᠋ᠦᠩᠰᠢᠭᠤᠷ

ᠲᠥᠭᠦᠷᠢᠭ ᠤᠨ ᠪᠡᠯᠡ ᠣᠷᠣᠭᠤᠯᠣᠯᠲᠠ ᠶᠢ ᠳᠠᠲᠠᠨ ᠠᠪᠴᠢᠷᠠᠬᠤ ᠪᠠᠷ ᠴᠢᠷᠮᠠᠶᠢᠨ᠎ᠠ᠃

     ᠵᠠᠬ᠎ᠠ ᠳᠡᠯᠭᠡᠭᠦᠷ ᠢ ᠪᠤᠵᠠᠭᠠᠶᠢᠷᠠᠭᠤᠯᠬᠤ ᠳᠤ ᠣᠯᠠᠨ ᠲᠠᠯ᠎ᠠ ᠶᠢᠨ ᠳᠡᠮᠵᠢᠯᠭᠡ ᠬᠠᠩᠭᠠᠨ᠎ᠠ᠃ ᠠᠷᠠᠳ ᠠᠴᠠ ᠡᠵᠡᠩᠨᠡᠭᠰᠡᠨ

ᠠᠵᠤ ᠠᠬᠤᠶᠢᠯᠠᠯ ᠤᠨ ᠢᠳᠡᠪᠬᠢᠲᠡᠶ ᠬᠥᠭᠵᠢᠯᠲᠡ ᠳᠤ ᠰᠢᠯᠢᠳᠡᠭ ᠣᠷᠴᠢᠨ ᠨᠥᠬᠦᠴᠡᠯ ᠬᠠᠩᠭᠠᠵᠤ᠂ ᠥᠪᠡᠷᠲᠡᠭᠡᠨ ᠵᠠᠰᠠᠬᠤ

ᠣᠷᠣᠨ ᠠᠴᠠ ᠲᠣᠭᠲᠠᠭᠠᠭᠰᠠᠨ ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ

ᠬᠦᠭᠵᠢᠯᠲᠡ ᠶᠢᠨ ᠲᠥᠯᠥᠪᠯᠡᠭᠡ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ︽ᠬᠤᠪᠢ ᠶᠢᠨ ᠦᠢᠯᠡᠳᠪᠦᠷᠢ ᠡᠵᠡᠩᠨᠡᠯᠲᠡ ᠶᠢᠨ

ᠡᠷᠦᠬᠡ ᠶᠢ ᠠᠵᠤ ᠠᠬᠤᠶᠢᠯᠠᠯ ᠳᠤ ᠰᠢᠯᠵᠢᠬᠦᠯᠬᠦ︾᠂ ︽ᠵᠢᠵᠢᠭ ᠠᠵᠤ ᠠᠬᠤᠶᠢᠯᠠᠯ ᠢ ᠬᠡᠪᠴᠢᠶᠡᠵᠢᠯ ᠠᠵᠤ ᠠᠬᠤᠶᠢᠯᠠᠯ ᠳᠤ

ᠳᠡᠪᠰᠢᠬᠦᠯᠬᠦ︾᠎ ᠶᠢ ᠲᠦᠷᠭᠡᠳᠬᠡᠨ ᠠᠬᠢᠭᠤᠯᠵᠤ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠪᠠᠷᠢᠮᠵᠢᠶ᠎ᠡ ᠶᠢ

ᠳᠡᠭᠡᠭᠰᠢᠯᠡᠭᠦᠯᠦᠨ᠂ ᠲᠤᠰ ᠵᠢᠯ ᠳᠤ 1 ᠠᠵᠤ ᠠᠬᠤᠶᠢᠯᠠᠯ ᠢ ᠪᠥᠷᠢᠳᠭᠡᠯ ᠤᠨ ᠬᠡᠪᠴᠢᠶᠡᠨ ᠳᠠᠬᠢ ᠠᠵᠤ ᠠᠬᠤᠶᠢᠯᠠᠯ ᠳᠤ

ᠣᠷᠤᠭᠤᠯᠬᠤ ᠪᠣᠯᠤᠨ᠎ᠠ᠃ ᠠᠮᠠᠷᠠᠯᠲᠠ ᠶᠢᠨ ᠡᠳᠦᠷ ᠤᠨ ᠬᠡᠷᠡᠭᠯᠡᠭᠡ᠂ ᠵᠠᠬ᠎ᠠ ᠵᠡᠭᠡᠯᠢ᠂ ᠳᠡᠯᠭᠡᠭᠦᠷ ᠬᠤᠳᠠᠯᠳᠤᠭ᠎ᠠ᠂ ᠰᠦᠨᠢ ᠶᠢᠨ

ᠵᠠᠬ᠎ᠠ ᠶᠢ ᠬᠥᠭᠵᠢᠭᠡᠨ᠂ ᠰᠢᠭᠤᠳ ᠨᠡᠪᠲᠡᠷᠡᠭᠦᠯᠭᠡ᠂ ᠰᠦᠯᠵᠢᠶᠡᠨ ᠣᠳᠣᠨ ᠤ ᠠᠵᠤ ᠠᠬᠤᠶ ᠵᠡᠷᠭᠡ ᠰᠢᠨ᠎ᠡ ᠡᠵᠡᠩᠨᠡᠯᠲᠡ ᠶᠢᠨ

ᠬᠡᠯᠪᠡᠷᠢ ᠶᠢᠨ ᠬᠥᠭᠵᠢᠯᠲᠡ ᠶᠢ ᠠᠬᠢᠭᠤᠯᠵᠤ᠂600 ᠲᠥᠮᠡᠨ ᠲᠥᠭᠦᠷᠢᠭ ᠤᠨ ᠣᠷᠤᠯᠭ᠎ᠠ ᠶᠢ ᠪᠡᠶᠡᠯᠡᠬᠦᠯᠬᠦ ᠪᠠᠷ ᠴᠢᠷᠮᠠᠶᠢᠨ᠎ᠠ᠃

ᠳᠤᠮᠳᠠ ᠵᠢᠵᠢᠭ ᠠᠵᠤ ᠠᠬᠤᠶᠢᠯᠠᠯ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠢ ᠳᠡᠮᠵᠢᠬᠦ ᠡᠯ᠎ᠡ ᠵᠦᠢᠯ ᠤᠨ

ᠲᠦᠷᠦ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠦᠨᠳᠦᠰᠦᠨ ᠪᠠᠶᠢᠳᠠᠯ ᠳᠤ

ᠲᠣᠬᠢᠷᠠᠭᠰᠠᠨ ᠳᠡᠮᠵᠢᠯᠭᠡ ᠶᠢᠨ ᠲᠦᠷᠦ ᠶᠢᠨ ᠪᠣᠳᠤᠯᠭ᠎ᠠ ᠶᠢ ᠬᠡᠷᠡᠭᠵᠢᠬᠦᠯᠵᠦ᠂ ᠭᠠᠶᠢᠯᠢ ᠬᠡᠯᠳᠦᠷᠢᠬᠦᠯᠬᠦ᠂ ᠮᠥᠩᠭᠦᠨ

ᠭᠦᠢᠯᠭᠡᠭᠡᠨ ᠤ ᠲᠦᠭᠡᠮᠡᠯ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ

ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠰᠡᠷᠭᠦᠭᠡᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ

ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠰᠢᠨ᠎ᠡ ᠡᠨᠧᠷᠭᠢ᠂ ᠰᠣᠶᠣᠯ ᠵᠢᠭᠤᠯᠴᠢᠯᠠᠯ᠂ ᠤᠢ ᠰᠢᠭᠤᠢ ᠶᠢᠨ ᠨᠡᠭᠡᠭᠡᠨ

ᠠᠰᠢᠭᠯᠠᠯᠲᠠ ᠵᠡᠷᠭᠡ ᠴᠣᠭᠴᠠ ᠶᠢᠨ ᠡᠵᠡᠩᠨᠡᠯᠲᠡ ᠶᠢ ᠠᠬᠢᠭᠤᠯᠵᠤ᠂ ᠦᠷ᠎ᠡ ᠠᠰᠢᠭ ᠢ ᠳᠡᠭᠡᠭᠰᠢᠯᠡᠭᠦᠯᠦᠨ᠎ᠡ᠃

     ︵ᠬᠤᠶᠠᠷ︶ ᠠᠵᠤ ᠦᠢᠯᠡᠰ ᠤᠨ ᠬᠡᠯᠬᠢᠶᠡᠵᠢᠯ ᠢ ᠪᠤᠵᠠᠭᠠᠶᠢᠷᠠᠭᠤᠯᠵᠤ᠂ ᠬᠥᠭᠵᠢᠯᠲᠡ ᠶᠢᠨ ᠨᠥᠭᠡᠴᠡ ᠬᠦᠴᠦᠨ ᠢ

ᠪᠠᠳᠠᠷᠠᠭᠤᠯᠣᠨ᠎ᠠ᠃

    ᠤᠯᠠᠮᠵᠢᠯᠠᠯᠲᠤ ᠠᠵᠤ ᠦᠢᠯᠡᠰ ᠤᠨ ᠳᠠᠭᠠᠭᠠᠮᠠᠭᠠᠢ ᠬᠦᠭᠵᠢᠯᠲᠡ ᠶᠢ ᠠᠬᠢᠭᠤᠯᠤᠨ᠎ᠠ᠃ ︽ᠬᠡᠮᠵᠢᠶ᠎ᠡ ᠶᠢ ᠨᠡᠮᠡᠭᠳᠡᠭᠦᠯᠵᠦ᠂

ᠴᠢᠨᠠᠷ ᠢ ᠪᠠᠲᠤᠯᠠᠨ᠂ ᠦᠷ᠎ᠡ ᠪᠦᠳᠦᠮᠵᠢ ᠶᠢ ᠠᠬᠢᠭᠤᠯᠬᠤ︾᠎ ᠪᠠᠷ ᠬᠠᠷᠠᠯᠲᠠ ᠪᠣᠯᠭᠠᠨ᠂ ᠤᠯᠠᠭᠠᠨ ᠢᠳᠡᠭᠡ ᠪᠠ ᠤᠯᠠᠮᠵᠢᠯᠠᠯᠲᠤ

ᠴᠠᠭᠠᠨ ᠢᠳᠡᠭᠡᠨ ᠤ ᠣᠨᠴᠠᠯᠢᠭᠲᠤ ᠠᠵᠤ ᠦᠢᠯᠡᠰ ᠢ ᠤᠯᠠᠮ ᠬᠦᠭᠵᠢᠬᠦᠯᠦᠨ᠎ᠡ᠃ ᠲᠠᠭᠠᠭᠠᠴᠠ ᠠᠴᠠ ᠬᠡᠳᠦᠷᠡᠲᠡᠯ᠎ᠡ

ᠮᠠᠯᠵᠢᠬᠤ ᠶᠢ ᠬᠤᠷᠢᠭᠯᠠᠬᠤ ᠪᠠ ᠬᠠᠰᠢᠶᠠᠯᠠᠨ ᠲᠡᠵᠢᠭᠡᠬᠦ ᠶᠢ ᠳᠡᠮᠵᠢᠬᠦ ᠲᠥᠰᠦᠯ ᠢ ᠬᠢᠨᠠᠮᠠᠭᠠᠶ ᠲᠤᠤᠱᠯᠠᠭᠤᠯᠤᠨ

ᠨᠠᠶᠢᠳᠠᠪᠤᠷᠢᠵᠢᠭᠤᠯᠵᠤ᠂ ︽ᠬᠤᠨᠢ ᠶᠢ ᠴᠦᠭᠡᠴᠢᠯᠡᠵᠦ ᠦᠬᠡᠷ ᠮᠠᠯᠵᠢᠬᠤ︾ ᠠᠵᠢᠯ ᠢ ᠦᠷᠭᠦᠯᠵᠢᠯᠡᠨ ᠠᠬᠢᠭᠤᠯᠵᠤ᠂ 8

ᠲᠥᠮᠡᠨ ᠲᠣᠯᠤᠭᠠᠢ ᠦᠬᠡᠷ ᠢ ᠲᠡᠵᠢᠭᠡᠨ ᠪᠣᠷᠳᠤᠵᠤ᠂ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠤ ᠮᠢᠬᠠᠨ ᠤ ᠦᠬᠡᠷ

᠎ ᠤᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠂ 5 ᠰᠠᠭᠤᠷᠢ ᠮᠢᠬᠠᠨ ᠤ ᠦᠬᠡᠷ ᠲᠡᠵᠢᠭᠡᠨ ᠪᠣᠷᠳᠤᠬᠤ ᠰᠠᠭᠤᠷᠢᠨ ᠢ

ᠪᠠᠶᠢᠭᠤᠯᠤᠨ᠎ᠠ᠃ ᠮᠢᠬᠠᠨ ᠤ ᠦᠬᠡᠷ ᠤᠨ ᠡᠭᠦᠯᠳᠡᠷ ᠢ ᠰᠠᠶᠢᠵᠢᠷᠠᠭᠤᠯᠤᠨ᠂ ᠠᠶᠢᠮᠠᠭ ᠤᠨ ᠲᠡᠰ ᠤᠨ 3 ᠭᠤᠣᠯᠳᠠᠯᠭᠠᠲᠤ

ᠰᠦᠷᠦᠭ ᠢ ᠰᠢᠨ᠎ᠡ ᠪᠠᠷ ᠲᠣᠭᠲᠠᠭᠠᠵᠤ᠂ 15.9 ᠲᠦᠮᠡᠨ ᠲᠣᠯᠣᠭᠠᠢ ᠰᠠᠶᠢᠨ ᠡᠭᠦᠯᠲᠡᠷ ᠤᠨ ᠮᠢᠬᠠᠨ ᠤ ᠦᠬᠡᠷ ᠢ

ᠪᠤᠶᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠡᠰ ᠤᠨ ᠣᠳᠣᠬᠢᠴᠢᠯᠠᠭᠰᠠᠨ ᠮᠢᠬᠠᠨ ᠤ ᠦᠬᠡᠷ ᠤᠨ ᠠᠵᠤ ᠦᠢᠯᠡᠰ

᠎ ᠤᠨ ᠬᠦᠷᠢᠶᠡᠯᠡᠩ ᠪᠠ ᠲᠠᠷᠢᠶᠠᠯᠠᠬᠤ ᠣᠷᠣᠨ ᠳᠤ ᠬᠠᠰᠢᠶᠠᠯᠠᠨ ᠲᠡᠵᠢᠭᠡᠬᠦ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠵᠤ᠂

ᠮᠢᠬᠠᠨ ᠤ ᠦᠬᠡᠷ ᠪᠣᠷᠳᠣᠨ ᠲᠠᠷᠭᠤᠯᠠᠭᠤᠯᠬᠤ ᠠᠵᠤ ᠠᠬᠤᠶᠢᠯᠠᠯ ᠢ ᠤᠷᠢᠨ᠂ ᠠᠵᠤ ᠦᠢᠯᠡᠰ ᠤᠨ ᠬᠡᠯᠬᠢᠶᠡᠵᠢᠯ ᠢ

ᠤᠷᠳᠤᠳᠬᠠᠨ ᠨᠠᠷᠢᠯᠢᠭᠵᠢᠭᠤᠯᠵᠤ᠂ ᠵᠢᠯ ᠳᠤ ᠲᠥᠮᠡᠨ ᠲᠣᠯᠤᠭᠠᠢ ᠦᠬᠡᠷ ᠨᠢᠳᠦᠯᠵᠦ ᠪᠣᠷᠤᠯᠠᠭᠤᠯᠤᠨ᠎ᠠ᠃ ︽ᠵᠠᠰᠠᠭ ᠤᠨ

ᠣᠷᠳᠣᠨ + ᠳᠠᠭᠠᠳᠬᠠᠯ ᠤᠨ ᠺᠣᠮᠫᠠᠨᠢ + ᠮᠠᠯᠴᠢᠨ ᠡᠷᠦᠬᠡ︾ ᠬᠠᠮᠲᠤᠷᠠᠭᠰᠠᠨ ᠵᠠᠭᠪᠤᠷ ᠢ ᠡᠭᠦᠰᠭᠡᠨ᠂ 5000 ᠲᠣᠯᠣᠭᠠᠶ

ᠮᠢᠬᠠᠨ ᠤ ᠦᠬᠡᠷ ᠲᠤ ᠳᠠᠭᠠᠳᠬᠠᠯ ᠣᠷᠣᠭᠤᠯᠣᠨ᠂ ᠮᠢᠬᠠᠨ ᠤ ᠦᠬᠡᠷ ᠮᠠᠯᠵᠢᠵᠤ ᠪᠠᠶᠢᠭ᠎ᠠ ᠡᠷᠦᠬᠡ ᠶᠢᠨ ᠰᠦᠢᠳᠦᠯ ᠢ ᠠᠯᠢ

ᠴᠢᠳᠠᠬᠤ ᠪᠠᠷ ᠪᠠᠭᠠᠰᠬᠠᠨ᠎ᠠ᠃ ᠰᠦ ᠰᠠᠭᠠᠯᠢ ᠶᠢᠨ ᠦᠶᠯᠡᠰ ᠤᠨ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂

ᠴᠠᠭᠠᠨ ᠢᠳᠡᠭᠡᠨ ᠤ ᠠᠵᠤ ᠦᠶᠯᠡᠰ ᠤᠨ ᠬᠦᠷᠢᠶᠡᠯᠡᠩ ᠤᠨ ᠥᠭᠡᠷᠡᠴᠢᠯᠡᠯᠲᠡ ᠪᠠ ᠳᠤᠮᠳᠠ ᠪᠠᠭ᠎ᠠ ᠮᠠᠯᠵᠢᠯ ᠤᠨ ᠲᠠᠯᠠᠪᠠᠶ ᠶᠢᠨ

ᠲᠠᠰ ᠳᠡᠪᠰᠢᠬᠦ ᠶᠢ ᠠᠬᠢᠭᠤᠯᠵᠤ᠂ 5.5 ᠲᠥᠮᠡᠨ ᠲᠣᠯᠤᠭᠠᠢ ᠰᠠᠭᠠᠯᠢ ᠶᠢᠨ ᠦᠨᠢᠶ᠎ᠡ ᠮᠠᠯᠵᠢᠵᠤ᠂ ᠡᠳᠦᠷ ᠤᠨ ᠰᠦᠨ ᠤ

ᠭᠠᠷᠤᠯᠲᠠ ᠶᠢ 10 ᠲᠦᠮᠡᠨ ᠲᠣᠨ ᠳᠤ ᠬᠦᠷᠭᠡᠨ᠎ᠡ᠃ ︽ᠲᠢᠶᠠᠨ ᠶᠤᠸᠠᠨ︾ ᠰᠠᠭᠠᠯᠢ ᠶᠢᠨ ᠦᠨᠢᠶ᠎ᠡ ᠮᠠᠯᠵᠢᠬᠤ ᠲᠥᠷᠥᠯ

ᠵᠦᠢᠯ ᠪᠠ ᠲᠤᠰ ᠲᠦᠷᠦᠯ ᠵᠦᠢᠯ ᠳᠤ ᠴᠢᠭᠯᠡᠭᠦᠯᠦᠭᠰᠡᠨ ᠵᠠᠮ ᠱᠣᠭᠤᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ︽

ᠴᠠᠩ ᠬᠤᠩ︾ ᠰᠦ ᠶᠢᠨ ᠡᠭᠡᠳᠡᠩ ᠢ ᠡᠳ᠋ᠰᠢᠭᠦᠯᠬᠦ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ

ᠪᠠᠲᠤᠯᠠᠨ᠎ᠠ᠃ ︽ᠰᠢᠯᠢ ᠶᠢᠨ ᠭᠤᠤᠯ ᠤᠨ ᠪᠢᠰᠢᠯᠠᠭ︾ ᠬᠡᠮᠡᠬᠦ ᠨᠠᠷᠠᠲᠤ ᠲᠡᠮᠳᠡᠭᠲᠦ ᠶᠢ ᠪᠦᠳᠦᠮᠵᠢᠲᠡᠢ ᠠᠰᠢᠭᠯᠠᠵᠤ᠂ ᠴᠠᠭᠠᠨ

ᠢᠳᠡᠭᠡᠨ ᠤ ᠠᠵᠤ ᠦᠶᠯᠡᠰ ᠤᠨ ᠲᠥᠪᠯᠡᠷᠡᠩᠭᠦᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠣᠷᠣᠨ ᠨᠤᠲᠤᠭ ᠤᠨ

ᠣᠨᠴᠠᠯᠢᠭᠲᠤ ᠴᠠᠭᠠᠨ ᠢᠳᠡᠭᠡᠨ ᠤ ᠨᠠᠷᠠᠲᠤ ᠲᠡᠮᠳᠡᠭ ᠢ ᠲᠥᠭᠡᠮᠡᠯᠵᠢᠬᠦᠯᠬᠦ ᠪᠠ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ

᠎ ᠶᠢᠨ ᠡᠷᠴᠢᠮ ᠢ ᠴᠢᠩᠭᠠᠳᠬᠠᠨ᠂ ᠴᠠᠭᠠᠨ ᠢᠳᠡᠭᠡᠨ ᠤ ᠪᠠᠶᠢᠴᠠᠭᠠᠨ ᠰᠢᠯᠭᠠᠬᠤ ᠲᠥᠪ᠂ ᠮᠥᠷᠳᠡᠨ ᠬᠢᠨᠠᠬᠤ ᠲᠠᠪᠴᠠᠩ ᠤᠨ

ᠦᠶᠯᠡᠳᠦᠯ ᠢ ᠰᠠᠶᠢᠲᠤᠷ ᠪᠠᠳᠠᠷᠠᠭᠤᠯᠵᠤ᠂ ︽ᠰᠢᠯᠤᠭᠤᠨ ᠬᠥᠬᠡ ᠶᠢᠨ ᠠᠮᠲᠠ︾ ᠭᠡᠰᠡᠨ ᠨᠠᠷᠠᠲᠤ ᠲᠡᠮᠳᠡᠭᠲᠦ ᠶᠢᠨ

ᠲᠠᠨᠢᠯᠴᠠᠭᠤᠯᠭ᠎ᠠ ᠶᠢ ᠰᠠᠶᠢᠲᠤᠷ ᠬᠢᠵᠦ᠂ ᠰᠢᠯᠤᠭᠤᠨ ᠬᠥᠬᠡ ᠬᠤᠰᠢᠭᠤᠨ ᠤ ᠴᠠᠭᠠᠨ ᠢᠳᠡᠭᠡᠨ ᠤ ᠨᠡᠷ᠎ᠡ ᠨᠥᠯᠦᠭᠡ ᠶᠢ

ᠦᠷᠭᠦᠯᠵᠢᠯᠡᠨ ᠬᠠᠮᠠᠭᠠᠯᠠᠵᠤ ᠤᠬᠠᠭᠤᠯᠤᠨ᠎ᠠ᠃ ᠲᠠᠷᠢᠶᠠᠨ ᠭᠠᠵᠠᠷ ᠢ  ︽ᠲᠠᠷᠢᠶᠠᠯᠠᠩ ᠳᠤ ᠬᠡᠷᠡᠭᠯᠡᠬᠦ ᠦᠭᠡᠢ︾᠂ ︽ᠠᠮᠤ

ᠪᠤᠳᠠᠭᠠᠨ ᠤ ᠲᠠᠷᠢᠮᠠᠯ ᠳᠤ ᠬᠡᠷᠡᠭᠯᠡᠬᠦ ᠦᠭᠡᠢ︾ ᠪᠠᠶᠢᠭ᠎ᠠ ᠦᠵᠡᠭᠳᠡᠯ ᠳᠤ ᠴᠢᠩᠭ᠎ᠠ ᠴᠣᠬᠢᠯᠲᠠ ᠥᠭᠴᠦ᠂ 1.78 ᠲᠥᠮᠡᠨ ᠮᠦ

ᠥᠨᠳᠦᠷ ᠤᠨᠠᠯᠳᠠᠲᠤ ᠲᠠᠷᠢᠶᠠᠨ ᠭᠠᠵᠠᠷ ᠢ ᠪᠠᠶᠢᠭᠤᠯᠤᠨ᠂ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠶᠢ 20 ᠲᠦᠮᠡᠨ ᠮᠥ ᠳᠤ

ᠲᠣᠭᠲᠠᠪᠤᠷᠢᠵᠢᠭᠤᠯᠤᠨ᠎ᠠ᠃ ᠣᠶᠣᠨᠳᠣ ᠡᠪᠡᠰᠦᠨ ᠤ ᠦᠢᠯᠡᠰ ᠤᠨ ᠬᠦᠷᠢᠶᠡᠯᠡᠩ ᠤᠨ ᠲᠤᠬᠢᠷᠠᠭᠤᠯᠤᠨ ᠬᠦᠷᠭᠡᠬᠦ ᠰᠠᠭᠤᠷᠢᠨ

ᠭᠠᠵᠠᠷ ᠤᠨ ᠲᠣᠭᠲᠠᠭᠤᠨ ᠢᠶᠠᠷ ᠡᠵᠡᠩᠨᠡᠬᠦ ᠶᠢ ᠠᠬᠢᠭᠤᠯᠤᠨ᠎ᠠ᠃ ᠠᠯᠳᠠᠩᠬᠤᠸ᠎ᠠ ᠴᠡᠴᠡᠭ ᠢ ᠬᠠᠮᠠᠭᠠᠯᠠᠨ ᠪᠣᠶᠢᠵᠢᠭᠤᠯᠬᠤ ᠵᠢᠴᠢ

ᠲᠠᠸᠠᠷᠴᠢᠯᠠᠨ ᠠᠰᠢᠭᠯᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ 1.67 ᠲᠥᠮᠡᠨ ᠮᠦ ᠬᠡᠭᠡᠷ᠎ᠡ ᠶᠢᠨ ᠠᠯᠳᠠᠩᠬᠤᠸ᠎ᠠ

ᠴᠡᠴᠡᠭ ᠤᠨ ᠤᠷᠭᠤᠯᠲᠠ ᠶᠢᠨ ᠣᠷᠣᠨ ᠢ ᠪᠢᠲᠡᠭᠦᠮᠵᠢᠯᠡᠵᠦ᠂ 2000 ᠮᠦ ᠲᠠᠯᠠᠪᠠᠢ ᠳᠤ ᠬᠥᠮᠦᠨ ᠤ ᠬᠦᠴᠦ ᠪᠠᠷ

ᠠᠯᠳᠠᠩᠬᠤᠸ᠎ᠠ ᠴᠡᠴᠡᠭ ᠳᠠᠷᠢᠵᠤ᠂ ᠠᠯᠳᠠᠩᠬᠤᠸ᠎ᠠ ᠴᠡᠴᠡᠭ ᠤᠨ ᠵᠢᠭᠤᠯᠴᠢᠯᠠᠯ᠂ ᠲᠠᠸᠠᠷᠴᠢᠯᠠᠯᠲᠠ ᠶᠢᠨ ᠠᠵᠤ ᠦᠶᠯᠡᠰ ᠤᠨ

ᠬᠡᠯᠬᠢᠶ᠎ᠡ ᠶᠢ ᠠᠯᠬᠤᠮ ᠠᠯᠬᠤᠮ ᠢᠶᠠᠷ ᠲᠡᠭᠦᠯᠳᠡᠷᠵᠢᠬᠦᠯᠦᠨ᠎ᠡ᠃

 

     ᠲᠣᠯᠭᠠᠭᠤᠷᠢ ᠠᠵᠤ ᠦᠢᠯᠡᠰ ᠢ ᠪᠦᠬᠦ ᠲᠠᠯ᠎ᠠ ᠪᠠᠷ ᠬᠦᠭᠵᠢᠬᠦᠯᠦᠨ᠎ᠡ᠃ ᠱᠠᠩᠳᠤ ᠴᠠᠬᠢᠯᠭᠠᠨ ᠭᠠᠷᠭᠠᠬᠤ ᠦᠶᠯᠡᠳᠪᠦᠷᠢ

᠎ ᠶᠢᠨ ᠴᠠᠬᠢᠯᠭᠠᠨ ᠨᠡᠭᠦᠷᠡᠰᠦᠨ ᠤ ᠬᠠᠩᠭᠠᠯᠭ᠎ᠠ ᠶᠢ ᠪᠠᠲᠤᠯᠠᠵᠤ᠂ ᠴᠠᠬᠢᠯᠭᠠᠨ ᠭᠠᠷᠭᠠᠬᠤ ᠬᠡᠮᠵᠢᠶ᠎ᠡ ᠶᠢ ᠤᠯᠠᠮ ᠢᠯᠡᠭᠦᠦ

ᠡᠷᠡᠮᠡᠯᠵᠡᠯᠡᠨ ᠣᠯᠵᠤ᠂ ᠰᠢᠨ᠎ᠡ ᠡᠨᠧᠷᠭᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢ ᠪᠠᠲᠤᠯᠠᠬᠤ ᠳᠤ ᠦᠶᠯᠡᠴᠢᠯᠡᠭᠡ

ᠬᠠᠩᠭᠠᠵᠤ᠂ ᠪᠥᠬᠦ ᠵᠢᠯ ᠤᠨ ᠢᠯᠴᠢ ᠶᠢᠨ ᠴᠠᠬᠢᠯᠭᠠᠨ ᠤ ᠬᠡᠮᠵᠢᠶ᠎ᠡ 145 ᠳ᠋ᠦᠩᠰᠢᠭᠤᠷ ᠺᠢᠯᠣᠸᠠᠲ ᠴᠠᠭ ᠲᠤ ᠬᠦᠷᠴᠦ᠂

ᠬᠡᠪᠴᠢᠶᠡᠵᠢᠯ ᠠᠴᠠ ᠳᠡᠭᠡᠭᠰᠢᠬᠢ 9 ᠰᠢᠨ᠎ᠡ ᠡᠨᠧᠷᠭᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠬᠤ ᠬᠡᠮᠵᠢᠶ᠎ᠡ 56

ᠳ᠋ᠦᠩᠰᠢᠭᠤᠷ ᠺᠢᠯᠣᠸᠠᠲ ᠴᠠᠭ ᠲᠤ ᠬᠦᠷᠬᠦ ᠪᠣᠯᠤᠨ᠎ᠠ᠃ ︽ᠠᠵᠤ ᠠᠬᠤᠶᠢᠯᠠᠯ ᠳᠤ ᠬᠠᠪᠰᠤᠷᠤᠨ ᠬᠦᠴᠢᠷᠳᠡᠯ ᠢ ᠨᠢ

ᠰᠢᠢᠳᠪᠦᠷᠢᠯᠡᠬᠦ︾ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠪᠦᠬᠦ ᠠᠶᠢᠮᠠᠭ ᠤᠨ ︽ᠰᠢᠨ᠎ᠡ ᠡᠨᠧᠷᠭᠢ ᠶᠢᠨ ᠲᠣᠨᠤᠭ

ᠲᠥᠬᠦᠭᠡᠷᠦᠮᠵᠢ ᠦᠢᠯᠡᠳᠬᠦ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠳᠡᠮᠵᠢᠬᠦ ᠲᠦᠷ ᠬᠡᠷᠡᠭᠵᠢᠭᠦᠯᠬᠦ ᠠᠷᠭ᠎ᠠ︾᠎ ᠶᠢ

ᠬᠢᠨᠠᠮᠠᠭᠠᠢ ᠰᠤᠳᠤᠯᠤᠨ ᠨᠠᠶᠢᠳᠠᠪᠣᠷᠢᠵᠢᠭᠤᠯᠵᠤ᠂ ᠳᠡᠮᠵᠢᠬᠦ ᠬᠦᠷᠢᠶ᠎ᠡ ᠬᠡᠪᠴᠢᠶᠡᠨ ᠳᠤ ᠵᠣᠬᠢᠴᠠᠭᠰᠠᠨ ᠠᠵᠤ ᠠᠬᠤᠶᠢᠯᠠᠯ ᠳᠤ

ᠬᠠᠪᠰᠤᠷᠤᠨ ᠦᠢᠯᠡᠳᠭᠦᠨ ᠤ ᠥᠷᠳᠡᠭ ᠢ ᠨᠡᠮᠡᠭᠳᠡᠭᠦᠯᠵᠦ᠂ ᠬᠤᠣᠰ ᠠᠰᠢᠭ ᠬᠦᠷᠲᠡᠬᠦ ᠪᠠᠷ ᠴᠢᠷᠮᠠᠶᠢᠨ᠎ᠠ᠃ ᠶᠦᠨ ᠳ᠋ᠠ

ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠠᠰᠢᠭᠯᠠᠯᠲᠠ ᠳᠤ ᠣᠷᠣᠵᠤ ᠦᠷ᠎ᠡ ᠠᠰᠢᠭ ᠣᠯᠬᠤ

᠎ ᠶᠢ ᠠᠬᠢᠭᠤᠯᠵᠤ᠂ ᠰᠢᠨ᠎ᠡ ᠡᠨᠧᠷᠭᠢ ᠶᠢᠨ ᠲᠥᠬᠦᠭᠡᠷᠦᠮᠵᠢ ᠶᠢ ᠲᠠᠬᠢᠨ ᠠᠰᠢᠭᠯᠠᠬᠤ ᠲᠥᠷᠥᠯ ᠵᠦᠢᠯ ᠤᠨ ᠠᠵᠢᠯ

ᠡᠬᠢᠯᠡᠬᠦᠯᠬᠦ ᠶᠢ ᠠᠬᠢᠭᠤᠯᠤᠨ᠎ᠠ᠃ ᠮᠠ ᠶᠠ ᠱᠠᠨ ᠠᠭᠤᠷᠬᠠᠢ ᠶᠢᠨ ᠦᠢᠯᠡᠰ᠂ ᠾᠦᠢ ᠯᠢ ᠳ᠋ᠦᠸᠧ ᠢᠳᠡᠭᠡᠨ ᠤ ᠦᠢᠯᠡᠰ᠂

ᠵᠦᠩ ᠭᠠᠩ ᠠᠭᠤᠷᠬᠠᠢ ᠶᠢᠨ ᠦᠢᠯᠡᠰ ᠤᠨ ᠲᠣᠭᠲᠠᠭᠤᠨ ᠡᠵᠡᠩᠨᠡᠯᠲᠡ ᠶᠢ ᠪᠠᠲᠤᠯᠠᠵᠤ᠂ ᠦᠢᠯᠡᠳᠬᠦᠨ ᠤ ᠥᠷᠲᠡᠭ ᠢ 4

ᠳ᠋ᠦᠩᠰᠢᠭᠤᠷ ᠲᠥᠭᠦᠷᠢᠭ ᠲᠤ ᠬᠦᠷᠭᠡᠨ᠎ᠡ᠃ ᠮᠣᠩᠭᠤᠯ ᠭᠡᠷ ᠤᠨ ᠠᠵᠤ ᠦᠢᠯᠡᠰ ᠤᠨ ᠬᠦᠷᠢᠶᠡᠯᠡᠩ ᠳᠤ ᠠᠵᠤ ᠠᠬᠤᠶᠢᠯᠠᠯ

ᠣᠷᠣᠭᠤᠯᠬᠤ ᠶᠢ ᠠᠬᠢᠭᠤᠯᠵᠤ᠂ ᠮᠣᠩᠭᠤᠯ ᠭᠡᠷ ᠤᠨ ᠠᠵᠤ ᠦᠢᠯᠡᠰ ᠤᠨ ᠬᠦᠭᠵᠢᠯᠲᠡ ᠶᠢ ᠲᠦᠷᠭᠡᠳᠭᠡᠨ᠎ᠡ᠃ ᠹᠦ᠋ ᠶᠠᠩ

ᠵᠤᠭᠠᠩ ᠤᠨ ᠠᠵᠤ ᠦᠢᠯᠡᠰ ᠤᠨ ᠠᠰᠢᠭᠯᠠᠯᠲᠠ ᠳᠤ ᠣᠷᠤᠵᠤ ᠦᠷ᠎ᠡ ᠠᠰᠢᠭ ᠤᠯᠬᠤ ᠶᠢ ᠳᠡᠮᠵᠢᠵᠦ᠂ ᠨᠤᠨᠲᠠᠭ ᠨᠡᠭᠦᠷᠡᠰᠦᠨ

ᠦᠨᠡᠰᠦ ᠪᠠ ᠬᠦᠬᠦᠷ ᠥᠬᠡᠶᠢᠳᠡᠭᠦᠯᠦᠭᠰᠡᠨ ᠵᠤᠭᠠᠩ ᠢ ᠭᠠᠳᠠᠭᠰᠢ ᠪᠣᠷᠣᠯᠠᠭᠤᠯᠬᠤ ᠶᠢ ᠠᠬᠢᠭᠤᠯᠵᠤ᠂ ᠱᠠᠨ ᠵᠢᠶᠠᠩ ᠵᠢᠶᠦ᠋ᠨ

ᠾᠧ ᠰᠢᠨ᠎ᠡ ᠮᠠᠲ᠋ᠧᠷᠢᠶᠠᠯ᠂ ᠶᠢᠨ ᠢᠦᠢ ᠱᠦᠶᠨᠢ ᠶᠢᠨ ᠦᠢᠯᠡᠳᠪᠦᠷᠢ ᠵᠡᠷᠭᠡ ᠠᠵᠤ ᠠᠬᠤᠶᠢᠯᠠᠯ ᠲᠠᠢ ᠬᠠᠮᠲᠤᠷᠠᠯᠴᠠᠬᠤ ᠡᠷᠴᠢᠮ

᠎ ᠢᠶᠠᠨ ᠴᠢᠩᠭᠠᠳᠬᠠᠵᠤ᠂ ᠭᠡᠷ᠎ᠡ ᠲᠣᠭᠲᠠᠭᠰᠠᠨ ᠲᠥᠷᠥᠯ ᠵᠦᠶᠯ ᠢ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠲᠠᠭᠤ

ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠴᠢᠷᠮᠠᠶᠢᠨ ᠳᠡᠭᠡᠭᠰᠢᠯᠡᠭᠦᠯᠦᠨ᠎ᠡ᠃ ᠠᠵᠤ

ᠦᠶᠯᠡᠳᠪᠦᠷᠢ ᠶᠢᠨ ᠠᠵᠤ ᠠᠬᠤᠶᠢᠯᠠᠯ ᠢᠶᠠᠷ ᠭᠦᠨᠵᠡᠭᠡᠶᠢᠷᠡᠵᠦ᠂ ᠠᠵᠤ ᠠᠬᠤᠶᠢᠯᠠᠯ ᠳᠤ ᠲᠣᠯᠭᠠᠷᠠᠵᠤ ᠪᠠᠶᠢᠭ᠎ᠠ ᠬᠦᠴᠢᠷᠳᠡᠯ ᠪᠠ

ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠵᠢᠯ ᠤᠨ ᠳᠣᠲᠣᠷ᠎ᠠ ᠬᠦᠷᠢᠶᠡᠯᠡᠩ ᠲᠣᠭᠤᠷᠢᠭ ᠤᠨ ᠠᠵᠤ

ᠦᠶᠯᠡᠳᠪᠦᠷᠢ ᠶᠢᠨ ᠦᠢᠯᠡᠳᠬᠦᠨ ᠤ ᠥᠷᠲᠡᠭ ᠢ 60 ᠳ᠋ᠦᠩᠰᠢᠭᠤᠷ ᠲᠥᠭᠦᠷᠢᠭ ᠲᠤ ᠬᠦᠷᠭᠡᠵᠦ᠂ 8 . 3 %᠎ ᠪᠠᠷ

ᠨᠡᠮᠡᠭᠳᠡᠭᠦᠯᠦᠨ᠎ᠡ᠃

    ᠦᠢᠯᠡᠴᠢᠯᠡᠭᠡᠨ ᠤ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠤᠨ᠎ᠠ᠃ ︽ᠶᠤᠸᠠᠨ ᠤ ᠲᠡᠭᠡᠳᠦ ᠨᠡᠶᠢᠰᠯᠡᠯ

᠎ ᠤᠨ ᠪᠠᠭᠤᠷᠢ︾᠂ ︽ᠬᠤᠯᠠᠨ ᠰᠢᠷᠭ᠎ᠠ ᠲᠠᠭ᠎ᠠ︾᠂ ︽ᠠᠯᠳᠠᠩᠬᠤᠸ᠎ᠠ︾ ᠵᠡᠷᠭᠡ ᠨᠡᠷᠡᠲᠦ ᠲᠡᠮᠳᠡᠭ ᠤᠨ ᠨᠥᠯᠥᠭᠡᠯᠡᠬᠦ

ᠬᠦᠴᠦᠨ᠂ ᠲᠠᠲᠠᠬᠤ ᠬᠦᠴᠦᠨ ᠢ ᠦᠷᠭᠦᠯᠵᠢᠯᠡᠨ ᠪᠠᠳᠠᠷᠠᠭᠤᠯᠵᠣ᠂ ︽ᠡᠬᠢ ᠪᠠᠶᠠᠯᠢᠭ᠂ ᠦᠢᠯᠡᠴᠢᠯᠡᠭᠡ᠂ ᠵᠢᠭᠤᠯᠴᠢᠳ︾

ᠵᠡᠷᠭᠡ ᠭᠤᠷᠪᠠᠨ ᠶᠡᠭᠡ ᠡᠯᠧᠮᠧᠨ᠋ᠲ ᠲᠤ ᠠᠩᠬᠠᠷᠤᠯ ᠢᠶᠠᠨ ᠲᠥᠪᠯᠡᠷᠡᠭᠦᠯᠦᠨ᠂ ᠮᠠᠯᠴᠢᠨ ᠠᠶᠢᠯ ᠵᠣᠭᠠᠴᠠᠯ ᠤᠨ ᠦᠢᠯᠡᠰ ᠤᠨ

ᠦᠷᠭᠦᠯᠵᠢ ᠶᠢᠨ ᠬᠦᠭᠵᠢᠯᠲᠡ ᠪᠠ ᠡᠵᠡᠩᠨᠡᠯᠲᠡ ᠶᠢᠨ ᠠᠷᠭ᠎ᠠ ᠮᠠᠶ᠋ᠢᠭ ᠢ ᠰᠥᠪᠡᠭᠴᠢᠯᠡᠵᠦ᠂ ᠨᠢᠭᠡ ᠴᠣᠭᠴᠠᠵᠢᠭᠰᠠᠨ

ᠵᠢᠭᠤᠯᠴᠢᠯᠠᠯ ᠤᠨ ᠴᠣᠭᠴᠠ ᠶᠢ ᠪᠠᠶᠢᠭᠤᠯᠤᠨ᠎ᠠ᠃ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠦᠵᠡᠮᠵᠢ ᠶᠢᠨ ᠣᠷᠣᠨ

᠎ ᠤ ᠰᠠᠭᠤᠷᠢ ᠳᠥᠬᠦᠭᠡᠷᠦᠮᠵᠢ᠂ ᠮᠡᠨᠳᠦ ᠬᠠᠭᠠᠯᠭ᠎ᠠ᠂ ᠲᠥᠪ ᠬᠢᠴᠢᠶᠡᠩᠬᠦᠢ ᠬᠠᠷᠰᠢ ᠶᠢᠨ ᠰᠡᠯᠪᠢᠨ ᠵᠠᠰᠠᠬᠤ ᠬᠠᠮᠠᠭᠠᠯᠠᠯᠲᠠ ᠶᠢᠨ

ᠠᠵᠢᠯ᠂ ᠲᠡᠦᠬᠡ ᠶᠢᠨ ᠳᠤᠷᠠᠰᠬᠠᠯᠲᠤ ᠵᠦᠢᠯᠡᠰ ᠢ ᠰᠢᠨ᠎ᠡ ᠮᠡᠷᠭᠡᠵᠢᠯ ᠢᠶᠠᠷ ᠳᠡᠯᠭᠡᠨ ᠦᠵᠡᠭᠦᠯᠬᠦ ᠵᠡᠷᠭᠡ ᠲᠥᠷᠥᠯ ᠵᠦᠢᠯ ᠢ

ᠲᠦᠷᠭᠡᠳᠬᠡᠨ ᠠᠬᠢᠭᠤᠯᠵᠤ᠂ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢ ᠰᠠᠶᠢᠲᠤᠷ ᠬᠠᠮᠠᠭᠠᠯᠠᠨ ᠤᠬᠠᠭᠤᠯᠵᠤ᠂ ᠳᠡᠯᠡᠬᠡᠢ

᠎ ᠶᠢᠨ ᠰᠣᠶᠣᠯ ᠤᠨ ᠥᠪ ᠲᠠᠬᠢ ︽ᠰᠣᠶᠣᠯ ᠤᠨ ᠠᠯᠲᠠᠨ ᠬᠠᠭᠤᠳᠠᠰᠤ︾᠎ ᠶᠢ ᠪᠢᠴᠢᠭᠯᠡᠨ᠎ᠡ᠃ ᠥᠪᠡᠷᠲᠡᠭᠡᠨ ᠵᠠᠰᠠᠬᠤ ᠣᠷᠣᠨ

᠎ ᠤ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠺᠣᠮᠫᠠᠨᠢ ᠯᠤᠭ᠎ᠠ ᠶᠢᠨ ᠬᠠᠷᠢᠯᠴᠠᠭ᠎ᠠ ᠪᠠᠨ ᠴᠢᠩᠭᠠᠳᠬᠠᠵᠤ᠂ ︽

ᠰᠢᠷ᠎ᠠ ᠲᠠᠯ᠎ᠠ︾᠎ ᠶᠢᠨ ᠵᠢᠭᠤᠯᠴᠢᠯᠠᠯ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠶᠤᠸᠠᠨ ᠤ

ᠲᠡᠭᠡᠳᠦ ᠨᠡᠶᠢᠰᠯᠡᠯ ᠤᠨ ᠬᠠᠭᠤᠴᠢ ᠰᠤᠳᠤᠯᠤᠯ ᠤᠨ ᠬᠦᠷᠢᠶᠡᠯᠡᠩ ᠢ ᠡᠷᠡᠮᠡᠯᠵᠡᠯᠡᠨ ᠮᠡᠳᠡᠭᠦᠯᠦᠨ᠎ᠡ᠃ ᠶᠤᠸᠠᠨ ᠤ ᠲᠡᠭᠡᠳᠦ

ᠨᠡᠶᠢᠰᠯᠡᠯ ᠮᠣᠷᠢᠨ ᠬᠦᠷᠢᠶ᠎ᠡ᠂ ︽ᠡᠷᠲᠡᠨ ᠤ ᠬᠤᠲᠠᠳ ᠤᠨ ᠰᠡᠷᠭᠦᠭᠡᠯᠲᠡ︾ ᠵᠡᠷᠭᠡ ᠲᠦᠷᠦᠯ ᠵᠦᠢᠯ ᠤᠳ ᠢ ᠵᠢᠯ ᠤᠨ

ᠳᠣᠲᠣᠷ᠎ᠠ ᠠᠰᠢᠭᠯᠠᠯᠲᠠ ᠳᠤ ᠣᠷᠣᠭᠤᠯᠣᠨ᠂ ᠬᠤᠯᠠᠨ ᠰᠢᠷᠭ᠎ᠠ ᠳᠠᠭ᠎ᠠ ᠶᠢᠨ ᠮᠠᠩᠬᠠᠨ ᠭᠠᠵᠠᠷ ᠤᠨ ᠬᠡᠭᠡᠷᠡᠯᠡᠨ ᠭᠦᠶᠦᠭᠴᠢ

ᠮᠠᠰᠢᠨ ᠲᠡᠷᠭᠡᠨ ᠤ ᠤᠷᠤᠯᠳᠤᠭᠠᠨ ᠤ ᠵᠠᠮ ᠤᠨ ᠲᠥᠷᠥᠯ ᠵᠦᠢᠯ᠂ ᠬᠤᠯᠠᠨ ᠰᠢᠷᠭ᠎ᠠ ᠳᠠᠭ᠎ᠠ ᠶᠢᠨ ᠮᠠᠩᠬᠠᠨ ᠭᠠᠵᠠᠷ ᠤᠨ ᠠᠮᠢ

ᠠᠬᠤᠢ ᠶᠢᠨ ᠰᠣᠳᠣᠯᠭᠠᠨ ᠤ ᠬᠦᠷᠢᠶᠡᠯᠡᠩ ᠵᠡᠷᠭᠡ ᠲᠥᠷᠥᠯ ᠵᠦᠢᠯ ᠢ ᠪᠣᠳᠠᠲᠤ ᠠᠬᠢᠴᠠ ᠲᠠᠢ ᠪᠣᠯᠭᠠᠨ᠎ᠠ᠃ ᠠᠯᠳᠠᠩᠬᠤᠸ᠎ᠠ

ᠴᠡᠴᠡᠭ ᠰᠣᠨᠢᠷᠬᠠᠬᠤ ᠨᠠᠶᠢᠷ᠂ ᠬᠤᠯᠠᠨ ᠰᠢᠷᠭ᠎ᠠ ᠲᠠᠭ᠎ᠠ ᠶᠢᠨ ᠮᠥᠩᠭᠦᠨ ᠡᠪᠦᠯ ᠤᠨ ᠨᠠᠭᠠᠳᠤᠮ ᠵᠡᠷᠭᠡ ᠰᠣᠶᠣᠯ ᠵᠢᠭᠤᠯᠴᠢᠯᠠᠯ

᠎ ᠤᠨ ᠠᠵᠢᠯᠯᠠᠭ᠎ᠠ ᠶᠢ ᠰᠠᠶᠢᠲᠤᠷ ᠡᠷᠭᠢᠯᠡᠨ᠎ᠡ᠃ ︽ᠴᠠᠭᠠᠨ ᠢᠳᠡᠭᠡᠨ ᠤ ᠵᠤᠭᠤᠭ ᠤᠨ ᠦᠷᠦᠭᠡ︾᠎ ᠶᠢᠨ ᠡᠵᠡᠩᠨᠡᠯᠲᠡ

ᠬᠠᠮᠢᠶᠠᠷᠤᠯᠲᠠ ᠶᠢ ᠴᠢᠩᠭᠠᠳᠬᠠᠵᠤ᠂ ︽ᠲᠠᠯ᠎ᠠ ᠨᠤᠲᠤᠭ ᠤᠨ ᠪᠣᠯᠵᠤᠭ᠎ᠠ︾ ᠨᠡᠷᠡᠮᠵᠢᠲᠤ ᠳᠡᠯᠭᠡᠭᠦᠷ᠂ ︽ᠳᠤᠮᠳᠠᠳᠤ ᠤᠯᠤᠰ

᠎ ᠤᠨ ᠴᠠᠭᠠᠨ ᠢᠳᠡᠭᠡᠨ ᠤ ᠨᠤᠳᠤᠭ︾᠎ ᠤᠨ ᠣᠨᠴᠠᠯᠢᠭᠲᠤ ᠳᠡᠯᠭᠡᠭᠦᠷ ᠢ ᠪᠠᠶᠢᠭᠤᠯᠤᠨ᠎ᠠ᠃ ᠪᠦᠬᠦ ᠵᠢᠯ ᠳᠤ 140 ᠲᠦᠮᠡᠨ

ᠵᠢᠭᠤᠯᠴᠢᠳ ︵ᠤᠳᠠᠭ᠎ᠠ︶᠎ ᠢ ᠬᠦᠯᠢᠶᠡᠨ ᠠᠪᠴᠤ᠂ 7.7 ᠳ᠋ᠦᠩᠰᠢᠭᠤᠷ ᠲᠥᠭᠦᠷᠢᠭ ᠤᠨ ᠵᠤᠭᠠᠴᠠᠯ ᠤᠨ ᠣᠷᠣᠯᠭ᠎ᠠ ᠶᠢ

ᠡᠭᠦᠳᠬᠦ ᠪᠠᠷ ᠴᠢᠷᠮᠠᠶᠢᠨ᠎ᠠ᠃ ︽ᠬᠡᠷᠡᠭᠯᠡᠭᠡ ᠶᠢ ᠠᠬᠢᠭᠤᠯᠵᠤ ᠳᠣᠲᠣᠭᠠᠳᠤ ᠬᠡᠷᠡᠭᠴᠡᠭᠡ ᠶᠢ ᠥᠷᠭᠡᠳᠬᠡᠬᠦ︾ ᠠᠵᠢᠯ ᠢ

ᠢᠳᠡᠪᠬᠢᠲᠡᠶ ᠥᠷᠨᠢᠭᠦᠯᠵᠦ᠂ ᠬᠡᠷᠡᠭᠯᠡᠭᠡᠨ ᠤ ᠬᠡᠪᠴᠢᠶ᠎ᠡ ᠶᠢ ᠥᠷᠭᠡᠳᠬᠡᠨ᠂ ᠬᠡᠷᠡᠭᠯᠡᠭᠡᠨ ᠤ ᠵᠠᠬ᠎ᠠ ᠳᠡᠯᠭᠡᠭᠦᠷ ᠢ ᠬᠥᠭᠵᠢᠶᠡᠨ ᠲᠠᠢ

ᠪᠣᠯᠭᠠᠵᠤ᠂ ᠪᠦᠬᠦ ᠵᠢᠯ ᠳᠤ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ ᠪᠣᠷᠤᠯᠠᠭᠤᠯᠭ᠎ᠠ ᠶᠢᠨ ᠶᠡᠷᠦᠩᠬᠡᠶ ᠥᠷᠲᠡᠭ ᠢ

14.2 ᠳ᠋ᠦᠩᠰᠢᠭᠤᠷ ᠲᠥᠭᠦᠷᠢᠭ ᠲᠤ ᠬᠦᠷᠭᠡᠨ᠂ 5 %᠎ ᠪᠠᠷ ᠨᠡᠮᠡᠭᠳᠡᠭᠦᠯᠦᠨ᠎ᠡ᠃ ︽ᠴᠢᠯᠥᠭᠡᠲᠦ ᠠᠷᠠᠯᠵᠢᠶᠠᠨ ᠤ ᠵᠠᠬ᠎ᠠ︾

᠎ ᠶᠢ ᠡᠭᠦᠳᠦᠨ ᠪᠠᠶᠢᠭᠤᠯᠵᠤ᠂ ᠱᠠᠩᠳᠤ ᠠᠵᠤ ᠦᠢᠯᠡᠰ ᠤᠨ ᠬᠦᠷᠢᠶᠡᠯᠡᠩ ᠤᠨ ᠪᠣᠳᠠᠰ ᠤᠨ ᠬᠦᠢᠯᠭᠡᠭᠡ᠂ ᠰᠠᠩ ᠤᠨ

ᠳᠠᠯᠠᠢ ᠳᠠᠬᠢ ᠲᠡᠭᠡᠭᠡᠪᠦᠷᠢ ᠬᠦᠢᠯᠭᠡᠭᠡᠨ ᠤ ᠰᠠᠭᠤᠷᠢᠨ ᠢ ᠪᠠᠶᠢᠭᠤᠯᠬᠤ ᠠᠵᠢᠯ ᠢ ᠪᠣᠳᠠᠳᠠᠢ ᠠᠬᠢᠭᠤᠯᠵᠤ᠂ ᠪᠠᠷᠠᠭ᠎ᠠ ᠲᠡᠭᠡᠭᠡᠪᠦᠷᠢ

᠎ ᠶᠢᠨ ᠦᠢᠯᠡᠰ ᠤᠨ ᠦᠨᠳᠦᠰᠦᠨ ᠨᠥᠬᠦᠴᠡᠯ ᠢ ᠰᠠᠶᠢᠵᠢᠷᠠᠭᠤᠯᠵᠣ᠂ ᠪᠠᠶᠢᠷᠢᠰᠢᠯ ᠪᠠ ᠵᠠᠮ ᠬᠠᠷᠢᠯᠴᠠᠭᠠᠨ ᠤ ᠳᠠᠪᠠᠭᠤᠯᠢᠭ ᠢ

ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ ᠴᠢᠷᠮᠠᠶᠢᠨ᠎ᠠ᠃

    ︵ᠭᠤᠷᠪᠠ︶ ᠠᠮᠢ ᠠᠬᠤᠢ ᠶᠢᠨ ᠬᠠᠮᠠᠭᠠᠯᠠᠯᠲᠠ ᠶᠢᠨ ᠦᠷ᠎ᠡ ᠪᠦᠳᠦᠮᠵᠢ ᠶᠢ ᠪᠠᠬᠢᠵᠢᠭᠦᠯᠵᠦ᠂ ᠪᠣᠬᠢᠷᠲᠤᠯ ᠦᠭᠡᠢ

ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠢ ᠪᠣᠯᠭᠠᠨ᠎ᠠ᠃

ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠵᠠᠰᠠᠬᠤ ᠠᠵᠢᠯ ᠢ ᠵᠠᠪᠠᠯ ᠰᠠᠶᠢᠨ ᠬᠢᠨ᠎ᠡ᠃ ︽ᠡᠯᠡᠰᠦᠷᠬᠡᠭᠵᠢᠯ ᠢ ᠰᠡᠷᠭᠡᠶᠢᠯᠡᠨ

ᠡᠯᠡᠰᠦᠷᠬᠡᠭᠵᠢᠯ ᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠤᠨ ᠡᠨᠧᠷᠬᠢ ᠶᠢ ᠨᠢᠭᠡ ᠴᠣᠭᠴᠠᠵᠢᠭᠤᠯᠬᠤ︾ ᠢᠨᠵᠧᠨᠧᠷᠢᠩ ᠢ

ᠭᠤᠣᠯᠳᠠᠯᠭ᠎ᠠ ᠲᠠᠢ ᠬᠡᠷᠡᠭᠵᠢᠭᠦᠯᠵᠦ᠂ ᠭᠡᠷᠡᠯ ᠤᠨ ᠡᠨᠧᠷᠬᠢ ᠶᠢ ᠠᠰᠢᠭᠯᠠᠨ ᠡᠯᠡᠰᠦᠷᠬᠡᠭᠵᠢᠯ ᠢ ᠵᠠᠰᠠᠬᠤ ᠲᠥᠰᠦᠯ ᠢ

ᠨᠠᠶᠢᠷᠠᠭᠤᠯᠵᠤ᠂ ᠲᠥᠷᠥᠯ ᠵᠦᠢᠯ ᠢ ᠡᠷᠲᠡ ᠨᠢᠭᠡᠨ ᠡᠳᠦᠷ ᠪᠣᠳᠠᠳᠠᠶᠢᠵᠢᠭᠤᠯᠣᠨ᠎ᠠ᠃ ︽ᠬᠤᠯᠠᠨ ᠰᠢᠷᠭ᠎ᠠ ᠲᠠᠭ᠎ᠠ ᠡᠯᠡᠰᠦ

ᠮᠠᠩᠬ᠎ᠠ ᠶᠢ ᠵᠠᠰᠠᠬᠤ ᠠᠵᠢᠯ ᠤᠨ ᠢᠯᠠᠯᠲᠠ ᠶᠢ ᠲᠡᠮᠡᠴᠡᠨ ᠤᠯᠬᠤ ᠲᠥᠰᠦᠯ︾᠎ ᠢ ᠪᠣᠳᠠᠲᠠᠶ ᠨᠠᠶᠢᠳᠠᠪᠤᠷᠢᠵᠢᠭᠤᠯᠵᠤ᠂ ᠨᠡᠭᠦᠳᠡᠯ

ᠡᠯᠡᠰᠦ᠂ ᠬᠠᠭᠠᠰ ᠲᠣᠭᠲᠠᠪᠤᠷᠢᠵᠢᠭᠰᠠᠨ ᠡᠯᠡᠰᠦ ᠪᠠ ᠨᠡᠯᠢᠶᠡᠳ ᠶᠡᠭᠡ ᠡᠯᠡᠰᠦᠷᠭᠡᠭᠵᠢᠭᠰᠡᠨ ᠣᠷᠣᠨ ᠢ ᠵᠠᠰᠠᠬᠤ ᠪᠠᠷ

ᠭᠤᠤᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠡᠯᠡᠰᠦ ᠶᠢ ᠲᠣᠭᠳᠠᠪᠣᠷᠢᠵᠢᠭᠤᠯᠵᠤ ᠠᠮᠢ ᠠᠬᠤᠢ ᠶᠢ ᠰᠡᠷᠭᠦᠭᠡᠭᠦ ᠬᠠᠷᠠᠯᠲᠠ ᠪᠠᠨ

ᠭᠤᠶᠢᠪᠠᠰᠢ ᠦᠭᠡᠢ ᠪᠡᠶᠡᠯᠡᠬᠦᠯᠦᠨ᠎ᠡ᠃ ᠵᠠᠬ᠎ᠠ ᠳᠡᠯᠭᠡᠭᠦᠷ ᠲᠤ ᠰᠠᠭᠤᠷᠢᠯᠠᠵᠦ᠂ ᠲᠠᠷᠢᠵᠦ ᠣᠷᠭᠤᠭᠤᠯᠬᠤ᠂ ᠮᠠᠯᠵᠢᠵᠦ ᠲᠡᠵᠢᠭᠡᠬᠦ

᠂ ᠵᠢᠭᠤᠯᠴᠢᠯᠡᠯ ᠤᠨ ᠦᠢᠯᠡᠰ ᠢ ᠬᠦᠭᠵᠢᠬᠦᠯᠬᠦ ᠵᠡᠷᠭᠡ ᠶᠢ ᠬᠠᠷᠢᠯᠴᠠᠨ ᠣᠶᠠᠯᠳᠣᠭᠤᠯᠵᠣ ᠮᠠᠯ ᠠᠵᠤ ᠠᠬᠤᠢ ᠶᠢᠨ ᠦᠢᠯᠡᠰ ᠢ

ᠰᠢᠯᠢᠳᠡᠭᠵᠢᠬᠦᠯᠦᠨ ᠲᠡᠰ ᠲᠡᠪᠰᠢᠬᠦᠯᠵᠦ᠂ ︽ᠠᠮᠢ ᠠᠬᠤᠶ ᠰᠡᠷᠬᠦᠭᠰᠡᠨ᠂ ᠠᠵᠤ ᠠᠬᠤᠶᠢᠯᠠᠯ ᠠᠰᠢᠭ ᠬᠦᠷᠳᠡᠭᠰᠡᠨ᠂

ᠮᠠᠯᠴᠢᠳ ᠤᠨ ᠣᠷᠣᠯᠭ᠎ᠠ ᠨᠠᠮᠡᠭᠳᠡᠭᠰᠡᠨ︾ ᠵᠣᠬᠢᠴᠠᠩᠭᠤᠶ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠪᠣᠳᠠᠲᠠᠶ ᠲᠠᠢ ᠪᠠᠨ

ᠤᠶᠠᠯᠳᠤᠭᠤᠯᠤᠨ ᠪᠥᠬᠦ ᠬᠤᠰᠢᠭᠤᠨ ᠤ ᠬᠤᠯᠠᠨ ᠰᠢᠷᠭ᠎ᠠ ᠲᠠᠭ᠎ᠠ ᠮᠠᠩᠬ᠎ᠠ ᠶᠢ ︽ᠶᠢᠰᠦᠨ ᠣᠷᠣᠨ ᠬᠤᠶᠠᠷ ᠪᠦᠰᠡ ᠨᠢᠭᠡ

ᠰᠠᠭᠤᠷᠢᠨ︾ ᠪᠣᠯᠭᠠᠨ ᠬᠤᠪᠢᠶᠠᠵᠤ᠂ ᠰᠢᠨᠵᠢᠯᠡᠬᠦ ᠣᠬᠠᠭᠠᠨᠴᠢ ᠪᠠᠷ ᠣᠷᠭᠤᠮᠠᠯ ᠤᠨ ᠬᠤᠴᠢᠯᠭ᠎ᠠ ᠶᠢ ᠰᠡᠷᠬᠦᠭᠡᠨ ︽ᠬᠡᠷᠡᠯ ᠤᠨ

ᠡᠨᠧᠷᠬᠢ ᠎ ᠪᠠᠷ ᠴᠠᠬᠢᠯᠭᠠᠨ ᠭᠠᠷᠭᠠᠬᠤ ᠪᠠᠷ ᠲᠠᠮᠵᠢᠭᠤᠯᠤᠨ ᠡᠯᠡᠰᠦ ᠶᠢ ᠵᠠᠰᠠᠵᠤ᠂ ᠢᠨᠵᠧᠨᠧᠷᠢᠩ ᠢᠶᠠᠷ ᠡᠯᠡᠰᠦ ᠶᠢ

ᠲᠣᠭᠲᠠᠪᠤᠷᠢᠵᠢᠭᠤᠯᠤᠨ᠂ ᠨᠢᠰᠬᠡᠯ ᠢᠶᠠᠷ ᠳᠠᠷᠢᠵᠤ ᠣᠶᠢᠵᠢᠭᠤᠯᠬᠤ᠂ ᠠᠭᠤᠯᠠ ᠶᠢ ᠪᠢᠲᠡᠭᠦᠮᠵᠢᠯᠡᠨ ᠣᠶᠢᠵᠢᠭᠤᠯᠬᠤ᠂ ᠬᠥᠮᠦᠨ

᠎ ᠤ ᠬᠦᠴᠦ ᠪᠠᠷ ᠣᠶᠢᠵᠢᠭᠤᠯᠬᠤ᠂ ᠬᠦᠳᠡᠯᠮᠦᠷᠢ ᠪᠠᠷ ᠲᠡᠭᠵᠢᠷᠡᠬᠦ︾ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠣᠶ

ᠰᠢᠭᠤᠶ ᠤᠷᠭᠤᠮᠠᠯ ᠬᠤᠴᠢᠯᠭ᠎ᠠ ᠶᠢᠨ ᠲᠥᠷᠥᠯ ᠵᠦᠢᠯ ᠪᠠ ᠨᠢᠭᠲᠠᠴᠠ ᠶᠢ ᠵᠣᠬᠢᠰᠲᠠᠶ ᠳᠣᠭᠢᠷᠠᠭᠤᠯᠵᠤ᠂ ᠡᠯᠡᠰᠦ ᠶᠢ

ᠰᠡᠷᠭᠡᠶᠢᠯᠡᠨ ᠵᠠᠰᠠᠬᠤ ᠠᠵᠢᠯ ᠤᠨ ᠰᠢᠰᠲ᠋ᠧᠮ ᠪᠠ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ

ᠳᠡᠭᠡᠭᠰᠢᠯᠡᠭᠦᠯᠦᠨ᠎ᠡ᠃ 2024 ᠣᠨ ᠳᠤ ᠬᠤᠯᠠᠨ ᠰᠢᠷᠭ᠎ᠠ ᠲᠠᠭ᠎ᠠ ᠶᠢᠨ ᠬᠦᠨᠳᠦ ᠡᠯᠡᠰᠦᠷᠬᠡᠭᠵᠢᠭᠰᠡᠨ ᠣᠷᠣᠨ ᠤ 59

ᠲᠦᠮᠡᠨ ᠮᠥ ᠣᠶ ᠰᠢᠭᠤᠶ ᠡᠪᠡᠰᠦ ᠪᠡᠯᠴᠢᠭᠡᠷ ᠢ ᠶᠡᠷᠦᠩᠬᠡᠶᠢᠯᠡᠨ ᠵᠠᠰᠠᠵᠦ᠂ 8 ᠲᠦᠮᠡᠨ ᠮᠥ ᠨᠤᠲᠤᠭ ᠪᠡᠯᠴᠢᠭᠡᠷ ᠢ

ᠰᠠᠶᠢᠵᠢᠷᠠᠭᠤᠯᠣᠨ᠂ 24 ᠲᠦᠮᠡᠨ ᠮᠥ ᠪᠣᠳᠠ ᠮᠣᠳᠣᠨ ᠣᠶ᠂ 1.6 ᠲᠦᠮᠡᠨ ᠮᠥ ᠣᠶ ᠰᠢᠭᠤᠶ ᠶᠢ ᠲᠠᠷᠢᠵᠦ ᠪᠦᠢᠵᠢᠭᠤᠯᠣᠨ

᠂ 0.5 ᠲᠦᠮᠡᠨ ᠮᠥ ᠰᠡᠶᠢᠷᠡᠭ ᠣᠶ ᠶᠢ ᠨᠦᠬᠦᠨ ᠰᠡᠷᠭᠦᠭᠡᠬᠦ ᠪᠠᠷ ᠲᠦᠯᠦᠪᠯᠡᠵᠦ᠂ ᠲᠡᠭᠡᠳᠦ ᠱᠠᠳᠣᠨ ᠤ ᠱᠠᠭᠠᠷᠳᠠᠯᠭ᠎ᠠ

ᠶᠣᠰᠣᠭᠠᠷ ᠪᠣᠳᠠᠳᠠᠢ ᠬᠦᠢᠴᠡᠳᠭᠡᠭᠦ ᠪᠣᠯᠣᠨ᠎ᠠ᠃ 0.8 ᠲᠦᠮᠡᠨ ᠮᠥ ᠭᠠᠵᠠᠷ ᠲᠤ ᠣᠶ ᠰᠢᠭᠤᠶ ᠤᠷᠭᠤᠮᠠᠯ ᠬᠤᠴᠢᠯᠭ᠎ᠠ ᠶᠢ

ᠰᠡᠷᠭᠦᠭᠡᠨ᠂ ᠵᠡᠭᠦᠨ ᠪᠡᠶ᠎ᠡ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢᠶᠠᠷ 0.6 ᠲᠥᠮᠡᠨ ᠮᠦ

ᠭᠠᠵᠠᠷ ᠤᠨ ᠡᠯᠡᠰᠦ ᠶᠢ ᠵᠠᠰᠠᠵᠤ᠂ ᠲᠥᠷᠥᠯ ᠵᠦᠶᠯ ᠳᠤ ᠣᠷᠣᠭᠤᠯᠣᠨ᠂ ᠦᠨᠥ ᠬᠠᠪᠤᠷ ᠠᠴᠠ ᠠᠵᠢᠯ ᠢᠶᠠᠨ ᠡᠬᠢᠯᠡᠬᠦᠯᠦᠨ᠎ᠡ᠃

ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠶᠡᠷᠦᠩᠬᠡᠶᠢᠯᠡᠨ ᠵᠠᠰᠠᠬᠤ ᠡᠷᠳᠡᠮ ᠰᠢᠨᠵᠢᠯᠡᠭᠡᠨ ᠤ ᠬᠤᠷᠠᠯ ᠢ ᠡᠷᠬᠢᠯᠡᠬᠦ ᠪᠠᠷ

ᠴᠢᠷᠮᠠᠶᠢᠨ᠎ᠠ᠃

    ᠣᠷᠴᠢᠨ ᠠᠬᠤᠢ ᠶᠢᠨ ᠬᠠᠮᠠᠭᠠᠯᠠᠯᠲᠠ ᠪᠠ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠦᠨᠵᠡᠭᠡᠶᠢᠷᠡᠬᠦᠯᠦᠨ᠎ᠡ᠃ ᠲᠥᠪ

᠎ ᠤᠨ ᠬᠤᠶᠠᠳᠤᠭᠠᠷ ᠡᠭᠡᠯᠵᠢ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ

ᠲᠣᠭᠤᠶᠢᠯᠠᠩ ᠠᠴᠠ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠠᠬᠢᠭᠤᠯᠵᠤ᠂ ᠲᠣᠰ ᠵᠢᠯ ᠳᠤ 2

ᠵᠦᠶᠯ ᠤᠨ ᠡᠭᠦᠷᠭᠡ ᠶᠢ ᠪᠡᠶᠡᠯᠡᠭᠦᠯᠬᠦ ᠶᠢ ᠪᠠᠲᠤᠯᠠᠵᠤ᠂ ᠥᠩᠭᠡᠷᠡᠭᠰᠡᠨ ᠵᠢᠯ ᠤᠳ ᠤᠨ ᠡᠯ᠎ᠡ ᠱᠠᠲᠤᠨ ᠤ ᠣᠷᠴᠢᠨ ᠲᠣᠭᠤᠷᠢᠨ

᠎ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠲᠣᠭᠤᠶᠢᠯᠠᠩ ᠠᠴᠠ ᠬᠠᠷᠢᠭᠤ ᠲᠤᠰᠬᠠᠭᠰᠠᠨ ᠠᠰᠠᠭᠤᠳᠠᠯ ᠤᠳ ᠢ ᠲᠠᠬᠢᠨ

ᠬᠢᠨᠠᠵᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ

ᠪᠠᠶᠢᠴᠠᠭᠠᠯᠲᠠ ᠶᠢᠨ ᠲᠣᠭᠤᠶᠢᠯᠠᠩ ᠢ ᠤᠭᠲᠤᠬᠤ ᠪᠡᠯᠡᠳᠬᠡᠯ ᠠᠵᠢᠯ ᠢ ᠰᠠᠶᠢᠲᠤᠷ ᠬᠢᠨ᠎ᠠ᠃ ᠭᠤᠤᠯᠳᠠᠯᠭ᠎ᠠ ᠲᠠᠢ ᠰᠠᠪᠠ ᠭᠠᠵᠠᠷ

᠎ ᠢ ᠦᠷᠭᠦᠯᠵᠢ ᠶᠢᠨ ᠴᠢᠨᠠᠷᠳᠠᠢ ᠵᠠᠰᠠᠬᠤ ᠲᠤᠰᠬᠠᠶ ᠠᠵᠢᠯ ᠢ ᠰᠠᠶᠢᠲᠤᠷ ᠬᠢᠵᠦ᠂ ᠤᠤᠭᠤᠬᠤ ᠤᠰᠤᠨ ᠤ ᠡᠬᠢ ᠰᠤᠷᠪᠤᠯᠵᠢ ᠶᠢᠨ

ᠣᠷᠴᠢᠨ ᠲᠣᠭᠤᠷᠢᠨ ᠢ ᠪᠠᠶᠢᠴᠠᠭᠠᠨ ᠦᠨᠡᠯᠡᠬᠦ ᠪᠠ ᠤᠰᠤᠨ ᠤ ᠴᠢᠨᠠᠷ ᠲᠤ ᠪᠠᠶᠢᠴᠠᠭᠠᠯᠲᠠ ᠬᠢᠬᠦ ᠠᠵᠢᠯ ᠢ ᠥᠷᠨᠢᠭᠦᠯᠵᠦ᠂

ᠤᠤᠭᠤᠬᠤ ᠤᠰᠤᠨ ᠤ ᠠᠮᠤᠷ ᠲᠦᠪᠰᠢᠨ ᠢ ᠦᠨᠡᠨᠬᠦ ᠪᠠᠳᠣᠯᠠᠨ᠎ᠠ᠃ ︽ᠠᠭᠠᠷ ᠤᠨ ᠶᠠᠰᠣ ᠴᠢᠨᠠᠷ ᠢ ᠦᠷᠭᠦᠯᠵᠢᠯᠡᠨ

ᠰᠠᠶᠢᠵᠢᠷᠠᠭᠤᠯᠬᠤ ᠲᠥᠯᠥᠪᠯᠡᠭᠡ︾᠎ ᠶᠢ ᠴᠢᠩᠭ᠎ᠠ ᠨᠠᠶᠢᠳᠠᠪᠤᠷᠢᠵᠢᠭᠤᠯᠵᠣ᠂ ᠠᠭᠠᠷ ᠤᠨ ᠪᠣᠬᠢᠷᠳᠣᠯ ᠢ ᠰᠡᠷᠭᠡᠶᠢᠯᠡᠨ᠂ ᠴᠡᠯᠮᠡᠭ

ᠲᠣᠩᠭᠠᠯᠠᠭ ᠡᠳᠦᠷ ᠤᠨ ᠲᠤᠭ᠎ᠠ ᠶᠢ 90 %᠎ ᠠᠴᠠ ᠳᠡᠭᠡᠭᠰᠢ ᠳᠤ ᠬᠦᠷᠭᠡᠨ᠎ᠡ᠃ ᠦᠯᠡᠳᠡᠭᠳᠡᠯ ᠠᠭᠤᠷᠬᠠᠢ᠂ ᠬᠦᠨᠳᠦ

ᠲᠡᠮᠦᠷᠯᠢᠭ ᠲᠤ ᠬᠤᠯᠪᠣᠭᠳᠠᠭᠰᠠᠨ ᠠᠵᠢᠯ ᠲᠥᠷᠥᠯ ᠪᠠ ᠠᠶᠤᠯᠲᠠᠶ ᠬᠠᠶᠠᠭᠳᠠᠮᠠᠯ ᠪᠣᠳᠠᠰ᠂ ᠡᠮᠴᠢᠯᠡᠭᠡᠨ ᠤ ᠬᠠᠶᠠᠭᠳᠠᠮᠠᠯ

ᠪᠣᠳᠠᠰ ᠤᠨ ᠪᠣᠬᠢᠷᠲᠤᠯ ᠢ ᠴᠢᠩᠭ᠎ᠠ ᠰᠡᠷᠭᠡᠶᠢᠯᠡᠨ᠂ ᠬᠤᠲᠠ ᠪᠠᠯᠭᠠᠰᠤ ᠵᠢᠴᠢ ᠬᠦᠳᠡᠭᠡ ᠲᠣᠰᠬᠤᠨ ᠤ ᠪᠣᠬᠢᠷ ᠦᠮᠡᠬᠡᠶ ᠤᠰᠤ

᠎ ᠶᠢ ᠪᠦᠷᠢᠳᠬᠡᠵᠦ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃

ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠬᠦᠭᠡᠷᠦᠮᠵᠢ᠂ ᠰᠠᠩ ᠤᠨ ᠳᠠᠯᠠᠢ ᠪᠠᠯᠭᠠᠰᠣᠨ ᠤ ᠣᠣᠭᠤᠬᠤ

ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ᠂ ᠮᠠᠯᠵᠢᠬᠤ ᠲᠠᠷᠢᠶᠠᠯᠠᠬᠤ ᠣᠷᠣᠨ ᠤ ᠪᠣᠬᠢᠷ ᠤᠰᠤ ᠶᠢ ᠵᠠᠰᠠᠬᠤ ᠪᠠ

ᠬᠤᠲᠠ ᠤᠰᠤᠨ ᠤ ᠠᠮᠢᠳᠤᠷᠠᠯ ᠤᠨ ᠬᠤᠭ ᠨᠣᠪᠰᠢ ᠶᠢ ᠰᠢᠲᠠᠭᠠᠬᠤ ᠲᠥᠬᠦᠭᠡᠷᠦᠮᠵᠢ ᠵᠡᠷᠭᠡ ᠲᠥᠷᠥᠯ ᠵᠦᠢᠯ ᠢ ᠪᠣᠳᠠᠳᠠᠢ

ᠨᠠᠶᠢᠳᠠᠪᠣᠷᠢᠵᠢᠭᠤᠯᠤᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠦᠢᠯᠡᠴᠢᠯᠡᠭᠡᠨ ᠤ

ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃

    ᠠᠮᠢ ᠠᠬᠤᠶ ᠣᠷᠴᠢᠨ ᠲᠣᠭᠤᠷᠢᠨ ᠤ ᠬᠢᠨᠠᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠥᠬᠡᠶ

ᠴᠢᠩᠭᠠᠳᠬᠠᠨ᠎ᠠ᠃ ᠮᠠᠯ ᠪᠡᠯᠴᠢᠭᠡᠷ ᠤᠨ ᠲᠡᠩᠴᠡᠭᠦᠷᠢ᠂ ᠬᠠᠰᠢᠶᠠᠯᠠᠨ ᠮᠠᠯᠵᠢᠬᠤ ᠪᠠ ᠰᠡᠯᠭᠦᠨ ᠮᠠᠯᠵᠢᠬᠤ᠂ ᠠᠮᠢ ᠠᠬᠤᠢ ᠶᠢᠨ

ᠱᠠᠩᠨᠠᠯ ᠨᠦᠬᠦᠪᠦᠷᠢ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠣᠷᠢᠵᠢᠭᠤᠯᠤᠨ᠂ ᠨᠤᠲᠤᠭ ᠪᠡᠯᠴᠢᠭᠡᠷ ᠤᠨ

ᠨᠢᠭᠡᠴᠢᠯᠡᠭᠰᠡᠨ ᠬᠠᠮᠢᠶᠠᠷᠤᠯᠲᠠ ᠶᠢᠨ ᠲᠤᠷᠰᠢᠯᠲᠠ ᠶᠢᠨ ᠴᠢᠭ ᠤᠨ ᠠᠵᠢᠯ ᠢ ᠠᠬᠢᠭᠤᠯᠵᠤ᠂ ᠠᠮᠢ ᠠᠬᠤᠢ ᠶᠢᠨ ᠪᠦᠲᠦᠭᠡᠨ

ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠦᠨ᠎ᠡ᠃ ᠭᠤᠣᠯ ᠮᠥᠷᠡᠨ ᠨᠠᠭᠤᠷ

ᠴᠥᠭᠦᠷᠥᠮ ᠤᠨ ᠳᠠᠷᠤᠭ᠎ᠠ ᠶᠢᠨ ᠳᠦᠷᠢᠮ᠂ ᠣᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ ᠢ ᠴᠢᠩᠭ᠎ᠠ

ᠨᠠᠶᠢᠳᠠᠪᠦᠷᠢᠵᠢᠭᠤᠯᠵᠣ᠂ ᠱᠠᠩᠳᠤ ᠶᠢᠨ ᠭᠤᠣᠯ  ᠤᠨ ᠰᠠᠪᠠ ᠭᠠᠵᠠᠷ᠂ ᠴᠢᠬᠤᠯᠠ ᠨᠤᠭᠤ ᠭᠠᠵᠠᠷ ᠪᠠ ᠪᠢᠲᠡᠭᠦᠮᠵᠢᠯᠡᠨ

ᠴᠠᠭᠠᠵᠠᠯᠠᠭᠰᠠᠨ ᠬᠠᠮᠠᠭᠠᠯᠠᠯᠲᠠ ᠶᠢᠨ ᠣᠷᠣᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠪᠡᠯᠴᠢᠭᠡᠷ ᠤᠨ ᠳᠠᠭᠠᠭᠠᠴᠠ

᠎ ᠠᠴᠠ ᠬᠡᠲᠦᠷᠡᠭᠦᠯᠦᠨ ᠮᠠᠯᠵᠢᠬᠤ ᠶᠢ ᠴᠢᠩᠭ᠎ᠠ ᠰᠡᠷᠭᠡᠶᠢᠯᠡᠨ ᠰᠢᠢᠳᠬᠡᠨ᠎ᠡ᠃ ᠬᠥᠳᠡᠭᠡ ᠲᠣᠰᠬᠤᠨ ᠤ ᠣᠷᠴᠢᠨ ᠲᠣᠭᠤᠷᠢᠨ ᠤ

ᠴᠡᠭᠴᠡᠯᠡᠯᠲᠡ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠠᠮᠢᠳᠣᠯᠢᠭ᠂ ᠪᠣᠳᠠᠳᠣ ᠦᠷ᠎ᠡ ᠪᠦᠳᠦᠮᠵᠢ ᠲᠠᠢ᠂

ᠪᠠᠶᠢᠩᠭᠤ ᠶᠢᠨ ᠴᠢᠨᠠᠷᠲᠠᠢ ᠲᠣᠭᠳᠠᠯᠴᠠᠭ᠎ᠠ ᠶᠢ ᠪᠦᠷᠢᠯᠳᠦᠭᠦᠯᠵᠦ᠂ ᠲᠠᠷᠢᠮᠠᠯ ᠤᠨ ᠰᠦᠯᠢᠶᠣᠣ ᠪᠦᠷᠬᠦᠪᠴᠢ ᠶᠢ ᠴᠡᠭᠴᠡᠯᠡᠨ

ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠦᠬᠦ ᠵᠢᠯ ᠤᠨ ᠰᠦᠯᠢᠶᠣᠣ ᠪᠦᠷᠬᠦᠪᠴᠢ ᠶᠢ ᠡᠭᠡᠭᠦᠯᠦᠨ

ᠬᠤᠷᠢᠶᠠᠭᠰᠠᠨ ᠨᠤᠷᠮ᠎ᠠ 95 % ᠎ ᠶᠢ ᠲᠠᠪᠠᠭ᠋ᠣ ᠪᠣᠯᠣᠨ᠎ᠠ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ

᠎ ᠶᠢ ᠯᠠᠪᠳᠠᠭᠤᠨ ᠠᠬᠢᠭᠤᠯᠵᠤ᠂ ᠭᠠᠷ ᠬᠦᠢᠴᠡᠳᠭᠡᠯ ᠪᠦᠷᠢᠨ ︽ᠪᠡᠯᠡᠨ ᠠᠭᠤᠷᠬᠠᠶ︾᠎ ᠶᠢ ᠬᠤᠳᠠᠯᠳᠤᠬᠤ ᠶᠢ ᠪᠥᠬᠦ ᠬᠦᠴᠦᠨ

᠎ ᠢᠶᠠᠷ ᠥᠷᠨᠢᠭᠦᠯᠦᠨ᠎ᠡ᠃ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ᠂ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ

ᠪᠠᠶᠠᠯᠢᠭ ᠢ ᠡᠪᠳᠡᠵᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃

︵ᠳᠥᠷᠪᠡ︶ ᠠᠷᠠᠯᠵᠢᠶ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ

ᠠᠯᠬᠤᠮ ᠢ ᠠᠯᠬᠤᠨ᠎ᠠ᠃

     ᠠᠷᠠᠯᠵᠢᠶ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠦᠨᠡᠨᠴᠢ ᠢᠲᠡᠭᠡᠮᠵᠢ ᠶᠢᠨ

ᠪᠠᠶᠢᠭᠤᠯᠤᠯᠲᠠ︾᠎ ᠶᠢ ᠬᠦᠨᠵᠡᠭᠡᠶᠢᠷᠡᠬᠦᠯᠵᠦ᠂ ︽ᠠᠷᠠᠯᠵᠢᠶ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠣᠨ︾᠎ ᠤ

ᠠᠵᠢᠯᠯᠠᠭ᠎ᠠ ᠶᠢ ᠥᠷᠨᠢᠭᠦᠯᠦᠨ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢᠲᠡᠢ ᠪᠠᠷ ᠭᠡᠷ᠎ᠡ ᠪᠠᠨ ᠭᠦᠢᠴᠡᠳᠬᠡᠬᠦ

ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠮᠠᠯᠠᠯᠲᠠ ᠳᠤ ᠪᠠᠨ ᠵᠠᠪᠠᠯ ᠬᠦᠷᠦᠨ᠎ᠡ᠃ ︽ᠲᠤᠰᠬᠠᠢ

ᠮᠡᠷᠭᠡᠵᠢᠯ ᠤᠨ ᠨᠠᠷᠢᠯᠢᠭ ᠪᠦᠳᠦᠴᠡᠳᠦ ᠰᠢᠨ᠎ᠡ ᠣᠨᠴᠠᠯᠢᠭᠳᠣ︾ ᠠᠵᠤ ᠠᠬᠤᠶᠢᠯᠠᠯ ᠪᠠ ᠳᠤᠮᠳᠠ ᠵᠢᠵᠢᠭ ᠠᠵᠤ ᠠᠬᠤᠶᠢᠯᠠᠯ ᠢ

ᠬᠦᠭᠵᠢᠬᠦᠯᠵᠦ᠂ ᠭᠠᠶᠢᠯᠢ ᠬᠡᠯᠳᠦᠷᠢᠬᠦᠯᠬᠦ᠂ ᠲᠦᠭᠡᠮᠡᠯ ᠬᠠᠷᠠᠭᠠᠯᠵᠠᠯᠳᠣ ᠮᠥᠩᠭᠦᠨ ᠬᠦᠢᠯᠭᠡᠭᠡᠨ ᠤ ᠲᠦᠷᠦ ᠶᠢᠨ ᠪᠤᠳᠤᠯᠭ᠎ᠠ ᠶᠢ

ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠦᠷᠲᠡᠭ

᠎ ᠢ ᠪᠠᠭᠤᠷᠠᠭᠤᠯᠵᠤ᠂ ᠮᠥᠩᠭᠦᠨ ᠭᠦᠢᠯᠭᠡᠭᠡᠨ ᠤ ᠠᠵᠤ ᠠᠬᠤᠢ ᠳᠤ ᠦᠢᠯᠡᠴᠢᠯᠡᠬᠦ ᠴᠢᠳᠠᠪᠤᠷᠢ ᠶᠢ ᠨᠡᠮᠡᠭᠳᠡᠭᠦᠯᠦᠨ᠂

ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠨᠡᠮᠡᠭᠳᠡᠯ ᠦᠷᠲᠡᠭ ᠢ 27 ᠳ᠋ᠦᠩᠰᠢᠭᠤᠷ ᠲᠥᠭᠦᠷᠢᠭ ᠠᠴᠠ ᠲᠠᠪᠠᠭᠤᠯᠬᠤ

᠎ ᠪᠠᠷ ᠴᠢᠷᠮᠠᠶᠢᠨ᠎ᠠ᠃ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠬᠢ ︽ᠳᠣᠲᠣᠨᠣ ᠴᠢᠬᠡᠴᠢ︾ ᠬᠠᠷᠢᠴᠠᠭ᠎ᠠ

᠂ ᠬᠤᠳᠠᠯᠳᠤᠭ᠎ᠠ ᠡᠵᠡᠩᠨᠡᠬᠦ ᠡᠶᠡᠪᠡᠷᠭᠦᠦ ᠣᠷᠴᠢᠨ ᠨᠥᠬᠦᠴᠡᠯ ᠢ ᠪᠣᠢ ᠪᠤᠯᠠᠭᠠᠨ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠪᠠ

ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠪᠠᠶᠢᠭᠤᠯᠵᠣ ᠪᠠᠶᠢᠭ᠎ᠠ᠂ ᠥᠷᠭᠡᠳᠬᠡᠨ ᠪᠠᠶᠢᠭᠤᠯᠬᠤ᠂ ᠰᠢᠨ᠎ᠡ ᠪᠠᠷ

ᠪᠠᠶᠢᠭᠤᠯᠬᠤ ᠵᠢᠴᠢ ᠪᠠᠶᠢᠭᠤᠯᠬᠤ ᠪᠠᠷ ᠪᠠᠶᠢᠭ᠎ᠠ ᠲᠦᠷᠦᠯ ᠵᠦᠢᠯ ᠳᠤ ᠠᠩᠬᠠᠷᠣᠯ ᠢᠶᠠᠨ ᠬᠠᠨᠳᠣᠭᠤᠯᠣᠨ᠂ ᠵᠠᠰᠠᠭ ᠤᠨ ᠣᠷᠳᠣᠨ᠂

ᠠᠵᠤ ᠠᠬᠤᠶᠢᠯᠠᠯ ᠬᠠᠷᠢᠯᠴᠠᠨ ᠵᠥᠪᠳᠡᠯᠴᠡᠬᠦ᠂ ᠲᠣᠪᠴᠢᠶ᠎ᠠ ᠪᠠ ᠠᠵᠤ ᠠᠬᠤᠶᠢᠯᠠᠯ ᠬᠠᠷᠢᠯᠴᠠᠬᠤ᠂ ᠪᠠᠩᠬᠢ ᠪᠠ ᠠᠵᠤ

ᠠᠬᠤᠶᠢᠯᠠᠯ ᠬᠠᠮᠲᠤᠷᠠᠯᠴᠠᠬᠤ᠂ ᠠᠵᠤ ᠠᠬᠤᠶᠢᠯᠠᠯ ᠬᠤᠭᠤᠷᠤᠨᠳᠤ ᠪᠠᠨ ᠬᠠᠪᠰᠤᠷᠤᠯᠴᠠᠬᠤ ᠲᠣᠭᠲᠠᠴᠠ ᠶᠢ ᠪᠦᠷᠢᠨᠰᠢᠭᠦᠯᠵᠦ᠂

ᠠᠵᠤ ᠠᠬᠤᠶᠢᠯᠠᠯ  ᠳᠤ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠨ᠂ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠨ᠎ᠡ᠃

ᠭᠠᠵᠠᠷ ᠤᠨ ᠲᠠᠰ ᠤᠨ ᠤᠳᠤᠷᠢᠳᠤᠯᠭ᠎ᠠ ᠠᠴᠠ ᠳᠠᠭᠠᠭᠠᠴᠢᠯᠠᠬᠤ ᠪᠠ  ︽ᠨᠢᠭᠡ ᠠᠵᠤ ᠠᠬᠤᠶᠢᠯᠠᠯ ᠳᠤ ᠠᠵᠢᠯ ᠤᠨ

ᠳᠤᠭᠤᠶᠢᠯᠠᠩ︾ ᠪᠠᠶᠢᠭᠤᠯᠬᠤ ᠲᠣᠭᠲᠠᠴᠠ ᠶᠢ ᠬᠡᠷᠡᠭᠵᠢᠭᠦᠯᠵᠦ᠂ ᠲᠥᠷᠥᠯ ᠵᠦᠶᠯ ᠤᠨ ᠭᠡᠷ᠎ᠡ ᠲᠣᠭᠲᠠᠬᠤ᠂

ᠨᠠᠶᠢᠳᠠᠪᠤᠷᠢᠵᠢᠭᠤᠯᠬᠤ᠂ ᠠᠵᠢᠯ ᠡᠬᠢᠯᠡᠭᠦᠯᠬᠦ᠂ ᠪᠥᠲᠥᠭᠡᠨ ᠪᠠᠶᠢᠭᠤᠯᠬᠤ᠂ ᠠᠰᠢᠭᠯᠠᠯᠲᠠ ᠳᠤ ᠣᠷᠣᠭᠤᠯᠬᠤ᠂ ᠦᠷ᠎ᠡ

ᠪᠦᠲᠦᠮᠵᠢ ᠤᠯᠬᠤ ᠵᠡᠷᠭᠡ ᠪᠥᠬᠦ ᠶᠠᠪᠤᠴᠠ ᠳᠤ ᠣᠷᠣᠯᠴᠠᠨ᠂ ᠠᠵᠤ ᠠᠬᠤᠶᠢᠯᠠᠯ ᠤᠨ ᠰᠢᠯᠤᠭᠤᠨ ᠬᠥᠬᠡ ᠬᠤᠰᠢᠭᠤᠨ ᠳᠤ ᠪᠡᠯᠡ

ᠣᠷᠣᠭᠤᠯᠣᠨ᠂ ᠦᠶᠯᠡᠰ ᠪᠤᠰᠬᠠᠵᠤ᠂ ᠬᠦᠭᠵᠢᠯᠲᠡ ᠪᠠᠨ ᠠᠬᠢᠭᠤᠯᠬᠤ ᠳᠤ ᠪᠣᠳᠠᠳᠠᠢ ᠦᠢᠯᠡᠴᠢᠯᠡᠭᠡ ᠬᠠᠩᠭᠠᠨ᠎ᠠ᠃ ᠠᠵᠣ

ᠦᠢᠯᠡᠳᠪᠦᠷᠢ ᠶᠢᠨ ᠬᠦᠷᠢᠶᠡᠯᠡᠩ ᠤᠨ ᠰᠠᠭᠤᠷᠢ ᠲᠦᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂

ᠪᠠᠷᠢᠮᠵᠢᠶᠠᠵᠢᠭᠰᠠᠨ ᠦᠶᠯᠡᠳᠪᠦᠷᠢ ᠶᠢᠨ ᠭᠡᠷ ᠤᠨ ᠪᠦᠲᠦᠭᠡᠨ ᠪᠠᠶᠢᠭᠤᠯᠤᠯᠲᠠ᠂ ᠵᠠᠮ ᠱᠤᠭᠤᠮ ᠢ ᠰᠡᠯᠪᠢᠨ ᠵᠠᠰᠠᠬᠤ ᠪᠠ ᠢᠯᠴᠢ

ᠬᠠᠩᠭᠠᠬᠤ᠂ ᠬᠡᠢ ᠬᠠᠩᠭᠠᠬᠤ ᠢᠨᠵᠧᠨᠧᠷᠢᠩ ᠢ ᠠᠬᠢᠭᠤᠯᠵᠤ᠂ ᠲᠥᠷᠥᠯ ᠵᠦᠶᠯ ᠢ ᠪᠣᠳᠠᠲᠠᠶᠢᠵᠢᠭᠤᠯᠬᠤ ᠳᠤ ᠨᠠᠩ ᠰᠠᠶᠢᠨ

ᠪᠠᠲᠤᠯᠠᠭ᠎ᠠ ᠬᠠᠩᠭᠠᠨ᠎ᠠ᠃

     ᠥᠭᠡᠷᠡᠴᠢᠯᠡᠯᠲᠡ ᠶᠢ ᠦᠷᠭᠦᠯᠵᠢᠯᠡᠨ ᠬᠦᠨᠵᠡᠭᠡᠶᠢᠷᠡᠭᠦᠯᠦᠨ᠎ᠡ᠃ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ

ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠰ ᠳᠡᠪᠰᠢᠬᠦᠯᠬᠦ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠤᠯᠤᠰ ᠤᠨ

ᠦᠮᠴᠢᠯᠡᠯᠳᠦ ᠪᠦᠯᠦᠭᠯᠡᠯᠳᠦ ᠺᠣᠮᠫᠠᠨᠢ ᠶᠢᠨ ᠪᠤᠵᠠᠭᠠᠶᠢᠷᠠᠨ ᠬᠦᠴᠦᠷᠬᠡᠭᠵᠢᠬᠦ ᠶᠢ ᠲᠡᠮᠵᠢᠨ᠎ᠡ᠃ ︽ᠰᠣᠯᠠᠯᠠᠬᠤ ᠬᠠᠮᠢᠶᠠᠷᠬᠤ

ᠦᠶᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠨᠢᠭᠡ ᠰᠦᠯᠵᠢᠶ᠎ᠡ ᠪᠠᠷ ᠭᠦᠶᠴᠡᠳᠬᠡᠬᠦ︾᠎ ᠶᠢ

ᠭᠦᠨᠵᠡᠭᠡᠶ ᠠᠬᠢᠭᠤᠯᠤᠨ᠂ ᠡᠯᠧᠺᠲᠷᠣᠨ ᠦᠨᠡᠮᠯᠡᠯ ᠢ ᠪᠥᠬᠦ ᠣᠷᠣᠨ ᠳᠤ ᠬᠠᠷᠢᠯᠴᠠᠨ ᠮᠡᠳᠡᠷᠡᠬᠦ ᠠᠵᠢᠯ ᠢ ᠠᠬᠢᠭᠤᠯᠵᠤ᠂ ︽

ᠮᠥᠩᠬᠡ ᠰᠤᠪᠠᠭ︾᠎ ᠤᠨ ᠬᠡᠷᠡᠭᠯᠡᠯᠲᠡ ᠶᠢ ᠳᠡᠯᠭᠡᠷᠡᠭᠦᠯᠦᠨ ᠲᠦᠭᠡᠮᠡᠯᠵᠢᠬᠦᠯᠵᠦ᠂ ᠦᠶᠯᠡᠴᠢᠯᠡᠭᠡᠨ ᠤ ᠬᠢᠷᠢ ᠲᠦᠪᠰᠢᠨ ᠢ ᠤᠯᠠᠮ

ᠨᠢᠭᠡ ᠠᠯᠬᠤᠮ ᠳᠡᠭᠡᠭᠰᠢᠯᠡᠭᠦᠯᠦᠨ᠂ ᠣᠯᠠᠨ ᠲᠦᠮᠡᠨ ᠤ ︽ᠲᠠᠭᠠᠯᠠᠮᠵᠢᠲᠠᠶ᠂ ᠪᠠᠶᠠᠷ ᠪᠠᠶᠠᠰᠣᠯ ᠲᠠᠢ᠂ ᠲᠥᠬᠦᠮ ᠲᠥᠳᠡ︾

᠎ ᠢᠶᠠᠷ ᠠᠵᠢᠯ ᠶᠠᠪᠤᠳᠠᠯ ᠢᠶᠠᠨ ᠭᠦᠶᠴᠡᠳᠬᠡᠬᠦ ᠳᠤ ᠨᠦᠬᠦᠴᠡᠯ ᠬᠠᠩᠭᠠᠨ᠎ᠠ᠃ ᠦᠨᠳᠦᠰᠦᠨ ᠱᠠᠲᠤᠨ ᠤ ᠬᠠᠪᠰᠤᠷᠤᠨ

ᠭᠦᠶᠴᠡᠳᠬᠡᠵᠦ᠂ ᠣᠷᠣᠯᠠᠨ ᠭᠦᠶᠴᠡᠳᠬᠡᠬᠦ ᠦᠶᠯᠡᠴᠢᠯᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ︽ᠵᠠᠰᠠᠭ ᠤᠨ ᠶᠠᠪᠤᠳᠠᠯ

᠎ ᠤᠨ ᠦᠶᠯᠡᠴᠢᠯᠡᠭᠡᠨ ᠤ ᠣᠶᠣᠨᠴᠢᠯᠠᠭᠰᠠᠨ ᠮᠠᠰᠢᠨ︾᠎ ᠢ ᠨᠡᠶᠢᠭᠡᠮ ᠲᠣᠭᠤᠷᠢᠭ ᠲᠤ ᠣᠷᠤᠭᠤᠯᠵᠤ᠂ ᠣᠯᠠᠨ ᠬᠡᠷᠡᠭᠯᠡᠭᠳᠡᠳᠡᠭ

ᠭᠠᠷ ᠭᠦᠢᠴᠡᠳᠬᠡᠯ ᠤᠨ ᠵᠦᠢᠯᠡᠰ ᠢ ᠭᠡᠷ ᠤᠨ ᠬᠠᠵᠠᠭᠤ ᠳᠤ ᠪᠠᠨ ᠪᠡᠶᠡᠯᠡᠭᠦᠯᠵᠦ᠂ ︽ᠭᠠᠷ ᠤᠲᠠᠰᠤᠨ ᠳᠡᠭᠡᠷ᠎ᠡ ᠪᠠᠨ

ᠪᠡᠶᠡᠯᠡᠬᠦᠯᠵᠦ︾᠂ ᠰᠦᠯᠵᠢᠶᠡᠨ ᠳᠡᠭᠡᠷ᠎ᠡ ᠭᠦᠶᠴᠡᠳᠬᠡᠭᠰᠡᠨ ᠨᠣᠷᠮ᠎ᠠ ᠶᠢ 65 %᠎ ᠠᠴᠠ ᠳᠡᠭᠡᠭᠰᠢ ᠳᠤ ᠬᠦᠷᠭᠡᠨ᠎ᠡ᠃ ︽

12345︾ ᠤᠲᠠᠰᠤᠨ ᠤ ᠦᠶᠯᠡᠴᠢᠯᠡᠭᠡᠨ ᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠡᠩ ᠤᠨ ᠰᠠᠨᠠᠯ ᠢ 24 ᠴᠠᠭ

᠎ ᠤᠨ ᠳᠣᠲᠣᠷ᠎ᠠ ᠭᠥᠯᠢᠶᠡᠨ ᠠᠪᠬᠤ᠂ ᠭᠡᠨᠡᠳᠲᠡ ᠶᠢᠨ ᠬᠡᠷᠡᠭ ᠤᠨ ᠲᠤᠬᠠᠢ ᠲᠤᠰᠬᠠᠬᠰᠠᠨ ᠰᠠᠨᠠᠯ ᠢ ᠴᠠᠭ ᠲᠤᠬᠠᠶ ᠳᠤᠨᠢ

ᠭᠥᠯᠢᠶᠡᠨ ᠠᠪᠬᠤ ᠶᠢ ᠪᠠᠲᠤᠯᠠᠨ᠎ᠠ᠃ ︽ᠵᠢᠷᠭᠤᠭᠠᠨ ᠨᠢᠭᠡ︾᠎ ᠶᠢᠨ ᠠᠵᠢᠯ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ

ᠠᠬᠤᠶᠢᠯᠠᠯ᠂ ᠣᠯᠠᠨ ᠲᠦᠮᠡᠨ ᠤ ᠲᠤᠰᠬᠠᠭᠰᠠᠨ ᠪᠠᠴᠢᠮ ᠶᠠᠭᠠᠷᠠᠤ ᠬᠦᠴᠢᠷ ᠵᠣᠪᠠᠭᠤᠷᠢ ᠲᠠᠢ ᠠᠰᠠᠭᠤᠳᠠᠯ ᠤᠨ ᠪᠦᠲᠦᠮᠵᠢᠲᠡᠢ

ᠰᠢᠢᠳᠪᠦᠷᠢᠯᠡᠭᠳᠡᠬᠦ ᠶᠢ ᠦᠨᠡᠨᠬᠦ ᠪᠠᠲᠤᠯᠠᠨ᠎ᠠ᠃ ᠭᠠᠵᠠᠷ ᠰᠢᠷᠣᠶ ᠶᠢ ᠭᠠᠮᠲᠠᠢ ᠬᠡᠷᠡᠭᠯᠡᠬᠦ ᠡᠷᠴᠢᠮ ᠢ ᠴᠢᠩᠭᠠᠳᠬᠠᠵᠤ᠂ ᠠᠵᠤ

ᠠᠬᠤᠶᠢᠯᠠᠯ ᠤᠨ ᠭᠠᠵᠠᠷ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠤᠨ᠂ ᠠᠵᠤ ᠦᠶᠯᠡᠳᠪᠦᠷᠢ ᠶᠢᠨ ᠲᠥᠷᠥᠯ ᠵᠦᠶᠯ ᠳᠤ

ᠬᠡᠷᠡᠭᠯᠡᠬᠦ ︽ᠪᠠᠷᠢᠮᠵᠢᠶᠠᠲᠤ ᠭᠠᠵᠠᠷ︾᠎ ᠢ ᠬᠤᠳᠠᠯᠳᠤᠬᠤ ᠨᠣᠷᠮ᠎ᠠ ᠶᠢ 100 %᠎ ᠳᠤ ᠬᠦᠷᠭᠡᠨ᠎ᠡ᠃ 26.9 ᠮᠥ ᠰᠤᠯᠠ

ᠪᠠᠶᠢᠭ᠎ᠠ ᠭᠠᠵᠠᠷ ᠰᠢᠷᠣᠶ ᠶᠢ ᠰᠢᠶᠳᠪᠦᠷᠢᠯᠡᠬᠦ ᠪᠠ 260 . 7 ᠮᠥ ᠭᠠᠷ ᠭᠦᠢᠴᠡᠳᠭᠡᠯ ᠢᠶᠠᠨ ᠳᠠᠭᠤᠰᠬᠠᠭᠰᠠᠨ ᠪᠣᠯᠪᠠᠴᠤ

ᠬᠡᠷᠡᠭᠯᠡᠭᠰᠡᠨ ᠦᠭᠡᠢ ᠭᠠᠵᠠᠷ ᠰᠢᠷᠣᠶ ᠶᠢ ᠰᠢᠢᠳᠪᠦᠷᠢᠯᠡᠬᠦ ᠡᠭᠦᠷᠭᠡ ᠶᠢ ᠳᠠᠷᠤᠶᠢᠬᠠᠨ ᠪᠡᠶᠡᠯᠡᠬᠦᠯᠦᠨ᠎ᠡ᠃

     ᠰᠢᠨᠵᠢᠯᠡᠬᠦ ᠤᠬᠠᠭᠠᠨ ᠮᠡᠷᠭᠡᠵᠢᠯ ᠢᠶᠠᠷ ᠰᠢᠨ᠎ᠡ ᠶᠢ ᠡᠭᠦᠳᠬᠦ ᠶᠢ ᠠᠬᠢᠭᠤᠯᠤᠨ᠎ᠠ᠃ ︽ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠢᠶᠠᠷ ᠰᠢᠨ᠎ᠡ ᠶᠢ ᠡᠭᠦᠳᠬᠦ︾᠎ ᠶᠢᠨ ᠢᠨᠵᠧᠨᠧᠷᠢᠩ ᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠰᠢᠨ᠎ᠡ ᠶᠢ

ᠡᠭᠦᠳᠬᠦ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ

ᠰᠣᠳᠣᠯᠣᠨ ᠨᠡᠭᠡᠭᠡᠯᠲᠡ ᠳᠠᠬᠢ ᠪᠡᠯᠨ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠤᠨ ᠳᠠᠮᠵᠢᠵᠤ᠂ ᠭᠤᠣᠯᠳᠠᠯᠭ᠎ᠠ

᠎ ᠲᠠᠢ ᠠᠵᠤ ᠠᠬᠤᠶᠢᠯᠠᠯ ᠢ ᠵᠢᠯᠣᠭᠤᠳᠴᠤ ᠡᠪᠡᠰᠦᠨ ᠤ ᠦᠷ᠎ᠡ᠂ ᠠᠮᠢ ᠠᠬᠤᠢ ᠶᠢᠨ ᠵᠠᠰᠠᠯᠲᠠ᠂ ᠴᠡᠪᠡᠷ ᠡᠨᠧᠷᠭᠢ᠂ ᠬᠠᠲᠠᠭᠤ

ᠪᠡᠶᠡᠲᠦ ᠬᠠᠶᠠᠭᠳᠠᠮᠠᠯ ᠪᠣᠳᠠᠰ ᠢ ᠠᠰᠢᠭᠯᠠᠬᠤ ᠪᠠ ᠣᠶᠤᠨᠴᠢ ᠮᠠᠯ ᠠᠵᠤ ᠠᠬᠤᠢ ᠶᠢᠨ ᠬᠦᠷᠢᠶ᠎ᠡ ᠴᠠᠷ᠎ᠠ ᠳᠤ ᠴᠢᠭᠯᠡᠬᠦᠯᠦᠨ᠂

ᠰᠣᠳᠣᠯᠭᠠᠨ ᠤ ᠲᠥᠪ ᠪᠠᠶᠢᠭᠤᠯᠵᠤ᠂ ᠮᠡᠷᠭᠡᠵᠢᠯ ᠤᠨ ᠵᠢᠯᠣᠭᠤᠳᠤᠯᠭ᠎ᠠ ᠪᠠ ᠦᠢᠯᠡᠳᠦᠯᠭᠡ ᠶᠢᠨ ᠴᠢᠳᠠᠪᠤᠷᠢ ᠶᠢ

ᠳᠡᠭᠡᠭᠰᠢᠯᠡᠬᠦᠯᠦᠨ᠎ᠡ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠷᠭᠤᠮᠠᠯ ᠤᠨ ᠰᠣᠳᠣᠯᠭᠠᠨ ᠤ

ᠭᠠᠵᠠᠷ᠂ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ

ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠪᠠᠶᠢᠭᠤᠯᠭ᠎ᠠ ᠨᠢᠭᠡᠴᠡ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠨ᠂

ᠠᠯᠲᠠᠩᠬᠤᠸ᠎ᠠ ᠴᠡᠴᠡᠭ ᠢ ᠬᠦᠮᠦᠨ ᠤ ᠬᠦᠴᠦ ᠪᠠᠷ ᠲᠠᠷᠢᠵᠤ ᠤᠷᠭᠤᠭᠤᠯᠬᠤ ᠶᠢ ᠢᠳᠡᠪᠬᠢᠲᠡᠢ ᠰᠥᠪᠡᠭᠴᠢᠯᠡᠵᠦ᠂ ᠰᠢᠨᠵᠢᠯᠡᠭᠡ

ᠮᠡᠷᠭᠡᠵᠢᠯ ᠤᠨ ᠦᠷ᠎ᠡ ᠪᠦᠳᠦᠮᠵᠢ ᠶᠢ ᠠᠬᠢᠭᠤᠯᠤᠨ᠎ᠠ᠃ ᠴᠢᠳᠠᠪᠤᠷᠢᠲᠠᠨ ᠤᠷᠢᠵᠤ ᠬᠡᠷᠡᠭᠯᠡᠬᠦ ᠲᠥᠷᠥ ᠶᠢᠨ ᠪᠣᠳᠣᠯᠭ᠎ᠠ ᠶᠢ

ᠲᠡᠭᠦᠯᠳᠡᠷᠵᠢᠭᠦᠯᠵᠦ᠂ ᠠᠵᠤ ᠦᠶᠯᠡᠰ ᠤᠨ ᠪᠠᠶᠢᠷᠢ ᠲᠣᠭᠲᠠᠭᠠᠯᠲᠠ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢᠨ

ᠲᠣᠭᠤᠷᠢᠨ ᠳᠤ ᠨᠢᠭᠡ ᠪᠦᠯᠦᠭ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠤᠶᠤᠲᠠᠳ ᠤᠨ ᠳᠠᠳᠤᠯᠭ᠎ᠠ

ᠦᠢᠯᠡᠳᠦᠯᠭᠡ ᠶᠢᠨ ᠰᠠᠭᠤᠷᠢᠨ ᠢ ᠪᠠᠶᠢᠭᠤᠯᠵᠤ᠂ ︽ᠰᠤᠷᠭᠠᠭᠤᠯᠢ ᠪᠠ ᠣᠷᠣᠨ ᠨᠤᠲᠤᠭ ᠬᠠᠮᠲᠤᠷᠠᠨ ᠡᠷᠭᠢᠯᠡᠬᠦ᠂ ᠰᠤᠷᠭᠠᠭᠤᠯᠢ

ᠪᠠ ᠠᠵᠤ ᠠᠬᠤᠶᠢᠯᠠᠯ ᠬᠠᠮᠲᠤᠷᠠᠯᠴᠠᠬᠤ᠂ ᠠᠵᠤ ᠦᠶᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ︾ ᠠᠷᠭ᠎ᠠ ᠮᠠᠶ᠋ᠢᠭ

᠎ ᠢᠶᠠᠷ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠠᠨᠳᠤᠯᠭ᠎ᠠ ᠲᠠᠢ ᠪᠠᠷ ᠬᠥᠮᠦᠵᠢᠭᠦᠯᠵᠦ᠂ ᠴᠢᠨᠠᠷᠯᠢᠭ ᠬᠥᠭᠵᠢᠯᠲᠡ ᠳᠤ

ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃

︵ᠲᠠᠪᠤ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠬᠥᠳᠡᠭᠡ

᠎ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠳᠦᠷᠰᠦ ᠪᠠᠶᠢᠳᠠᠯ ᠢ ᠢᠯᠡᠷᠡᠭᠦᠯᠦᠨ᠎ᠡ᠃

    ᠭ᠊‍ᠥ᠋ᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠵᠤ᠂ ᠠᠷᠠᠳ ᠤᠨ ᠠᠮᠢᠳᠤᠷᠠᠯ ᠢ

ᠰᠠᠶᠢᠵᠢᠷᠠᠭᠤᠯᠤᠨ᠎ᠠ᠃ ︽ᠲᠥᠮᠡ ᠮᠢᠩᠭᠠᠨ ᠲᠣᠰᠬᠤᠨ ᠤ ᠢᠨᠵᠧᠨᠧᠷᠢᠩ︾᠎ ᠤᠨ ᠲᠤᠷᠰᠢᠯᠭ᠎ᠠ ᠶᠢ ᠭᠦᠨᠵᠡᠭᠡᠶ ᠰᠤᠷᠤᠯᠴᠠᠨ

ᠬᠡᠷᠡᠭᠯᠡᠵᠦ᠂ ︽ᠠᠷᠪᠠᠨ ᠬᠤᠰᠢᠭᠤ ︵ᠰᠢᠶᠠᠨ︶ ᠵᠠᠭᠤᠨ ᠰᠣᠮᠣ ︵ᠰᠢᠶᠠᠩ︶ ᠮᠢᠩᠭᠠᠨ ᠭᠠᠴᠠᠭ᠎ᠠ ︵ᠲᠣᠰᠬᠤᠨ︶︾᠎ ᠢ

ᠪᠠᠶᠢᠭᠤᠯᠬᠤ ᠠᠵᠢᠯ ᠢ ᠰᠠᠶᠢᠲᠤᠷ ᠠᠳᠬᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ

ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠵᠤ᠂ 7343 ᠲᠦᠮᠡᠨ ᠲᠥᠭᠦᠷᠢᠭ ᠤᠨ ᠪᠠᠯᠠ

ᠮᠥᠩᠭᠦ ᠣᠷᠣᠭᠤᠯᠵᠤ᠂ ᠳᠠᠪᠠᠭᠤᠯᠢᠭ ᠤᠨᠴᠠᠯᠢᠭᠳᠤ ᠠᠵᠤ ᠦᠶᠯᠡᠰ ᠤᠨ 5 ᠲᠥᠷᠥᠯ ᠵᠦᠶᠯ᠂ ᠠᠵᠤ ᠲᠦᠷᠦᠨ ᠠᠮᠢᠳᠤᠷᠠᠬᠤ

ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ 2 ᠲᠥᠷᠥᠯ ᠵᠦᠶᠯ ᠢ

ᠬᠡᠷᠡᠭᠵᠢᠭᠦᠯᠵᠦ᠂ ᠲᠤᠳᠠᠭᠳᠠᠯ ᠢᠶᠠᠨ ᠨᠥᠬᠦᠪᠥᠷᠢᠯᠡᠬᠦ 6 ᠲᠥᠷᠥᠯ ᠵᠦᠶᠯ ᠢ ᠬᠡᠷᠡᠭᠵᠢᠭᠦᠯᠵᠦ᠂ ᠬᠡᠪᠴᠢᠶᠡᠵᠢᠯ ᠤᠨ ᠴᠢᠨᠠᠷᠲᠠᠶ

ᠳᠠᠬᠢᠨ ᠶᠠᠳᠠᠭᠤᠷᠠᠬᠤ ᠶᠢ ᠡᠷᠡᠰ ᠰᠡᠷᠭᠡᠶᠢᠯᠡᠨ᠎ᠡ᠃ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ

᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠳᠤ ᠣᠷᠴᠢᠨ ᠨᠥᠬᠦᠴᠡᠯ ᠤᠨ ᠪᠥᠲᠥᠭᠡᠨ ᠪᠠᠶᠢᠭᠤᠯᠤᠯᠲᠠ ᠪᠠ

ᠣᠯᠠᠨ ᠨᠡᠶᠢᠲᠡ ᠶᠢᠨ ᠦᠶᠯᠡᠴᠢᠯᠡᠭᠡᠨ ᠤ ᠰᠢᠰᠲ᠋ᠧᠮ ᠤᠨ ᠬᠠᠮᠢᠶᠠᠷᠤᠯᠲᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠮᠠᠯᠵᠢᠬᠤ

ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠴᠡᠭᠴᠡᠯᠡᠬᠦ᠂ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ᠂

︽ᠵᠣᠷᠯᠣᠩ ᠤᠨ ᠦᠭᠡᠷᠡᠴᠢᠯᠡᠯᠳᠡ︾᠂ ᠬᠦᠳᠡᠭᠡ ᠲᠣᠰᠬᠤᠨ ᠤ ᠳᠥᠷᠢ ᠳᠥᠷᠬᠦ ᠶᠢ ᠭᠤᠶᠣᠵᠢᠭᠤᠯᠬᠤ᠂ ᠲᠠᠷᠢᠶᠠᠯᠠᠩ ᠮᠠᠯ

ᠠᠵᠤ ᠠᠬᠤᠶ ᠶᠢᠨ ᠦᠶᠯᠡᠳᠪᠦᠷᠢᠯᠡᠯ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠠᠵᠢᠯ ᠤᠨ

ᠡᠭᠦᠷᠭᠡ ᠶᠢ ᠭᠤᠤᠯᠳᠠᠯᠭ᠎ᠠ ᠲᠠᠢ ᠠᠬᠢᠭᠤᠯᠤᠨ᠎ᠠ᠃ ᠸᠠᠨ ᠵᠥᠩ ᠢ ᠰᠢᠨ ᠰᠢᠩᠭᠡᠨ ᠲᠥᠯᠥᠪᠲᠦ ᠪᠣᠷᠲᠣᠭᠤᠷ ᠤᠨ ᠲᠥᠷᠥᠯ

ᠵᠦᠶᠯ ᠢ ᠠᠰᠢᠭᠯᠠᠯᠲᠠ ᠳᠤ ᠣᠷᠣᠭᠤᠯᠤᠨ᠎ᠠ᠃ 693 ᠲᠦᠮᠡᠨ ᠲᠥᠭᠦᠷᠢᠭ ᠤᠨ ᠪᠡᠯᠡ ᠣᠷᠣᠭᠤᠯᠣᠨ᠂ ᠲᠠᠷᠢᠶᠠᠯᠠᠬᠤ

ᠮᠠᠯᠵᠢᠬᠤ ᠣᠷᠣᠨ ᠤ ᠤᠰᠤᠨ ᠤ ᠬᠠᠩᠭᠠᠯᠭ᠎ᠠ ᠶᠢ ᠪᠠᠲᠤᠯᠠᠨ᠂ 226 ᠡᠷᠦᠬᠡ ᠶᠢᠨ 611 ᠬᠥᠮᠦᠨ ᠤ ᠤᠰᠤ ᠤᠮᠳᠠᠨ ᠤ

ᠠᠰᠠᠭᠤᠳᠠᠯ ᠢ ᠦᠨᠡᠨᠬᠦ ᠰᠢᠶᠳᠪᠦᠷᠢᠯᠡᠨ᠎ᠡ᠃ 44 ᠡᠷᠦᠬᠡ ᠰᠢᠨ᠎ᠡ ᠡᠨᠧᠷᠭᠢ ᠶᠢᠨ ᠴᠠᠬᠢᠯᠭᠠᠨ ᠢ ᠪᠠᠶᠢᠩᠭᠤ ᠶᠢᠨ ᠴᠠᠬᠢᠯᠭᠠᠨ ᠢᠶᠠᠷ

ᠥᠭᠡᠷᠡᠴᠢᠯᠡᠵᠦ᠂ ᠴᠢᠮᠡᠭᠡ ᠬᠤᠯᠪᠣᠭᠠᠨ ᠤ ᠰᠠᠭᠤᠷᠢ ᠥᠷᠲᠡᠭᠡ 5᠎ ᠶᠢ ᠰᠢᠨ᠎ᠡ ᠪᠠᠷ ᠪᠠᠶᠢᠭᠤᠯᠤᠨ᠎ᠠ᠃ ᠡᠯ᠎ᠡ ᠱᠠᠲᠤᠨ ᠠᠴᠠ

ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠨ᠎ᠠ᠃

     ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠤᠨ᠂ ᠬᠤᠲᠠ ᠬᠥᠳᠡᠭᠡᠨ ᠤ ᠴᠢᠳᠠᠮᠵᠢ ᠶᠢ ᠨᠡᠮᠡᠭᠳᠡᠭᠦᠯᠦᠨ᠎ᠡ᠃

ᠳᠤᠯᠠᠭᠠᠯᠠᠭ᠎ᠠ ᠬᠠᠩᠭᠠᠬᠤ ᠠᠵᠢᠯ ᠤᠨ ᠡᠷᠴᠢᠮ ᠢ ᠴᠢᠩᠭᠠᠳᠬᠠᠵᠤ᠂ ᠳᠣᠯᠠᠭᠠᠯᠠᠭ᠎ᠠ ᠳᠤ ᠣᠷᠤᠰᠢᠵᠤ ᠪᠠᠶᠢᠭ᠎ᠠ ᠠᠰᠠᠭᠤᠳᠠᠯ ᠢ

ᠡᠷᠲᠡ ᠰᠢᠢᠳᠪᠦᠷᠢᠯᠡᠵᠦ᠂ 600 ᠲᠦᠮᠡᠨ ᠲᠥᠭᠦᠷᠢᠭ ᠤᠨ ᠪᠡᠯᠡ ᠣᠷᠣᠭᠤᠯᠣᠨ᠂ ᠢᠯᠴᠢ ᠬᠠᠩᠭᠠᠬᠤ ᠬᠤᠭᠤᠯᠠᠢ ᠶᠢ

ᠥᠭᠡᠷᠡᠴᠢᠯᠡᠨ ᠰᠢᠨᠡᠳᠭᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠣᠯᠠᠨ ᠲᠦᠮᠡᠨ ᠢ ᠬᠠᠯᠠᠭᠤᠨ ᠳᠤᠯᠠᠭᠠᠨ

ᠡᠪᠦᠯᠵᠢᠬᠦᠯᠬᠦ ᠪᠣᠯᠤᠨ᠎ᠠ᠃ ᠬᠤᠲᠠ ᠪᠠᠯᠭᠠᠰᠤᠨ ᠤ ᠰᠢᠨᠡᠴᠢᠯᠡᠯᠲᠡ ᠵᠠᠰᠠᠯᠲᠠ ᠶᠢ ᠦᠷᠭᠦᠯᠵᠢᠯᠡᠨ ᠠᠬᠢᠭᠤᠯᠵᠤ᠂ 6500

ᠲᠥᠮᠡᠨ ᠲᠦᠭᠦᠷᠢᠭ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠡᠷᠡᠮᠡᠯᠵᠡᠵᠦ᠂ ᠱᠠᠩᠳᠤ ᠪᠠᠯᠭᠠᠰᠤᠨ ᠤ ᠬᠤᠲᠠ ᠶᠢᠨ

ᠶᠠᠪᠤᠳᠠᠯ ᠤᠨ ᠲᠣᠣᠷ ᠬᠤᠭᠤᠯᠠᠢ ᠶᠢ ᠥᠭᠡᠷᠡᠴᠢᠯᠡᠨ ᠵᠠᠰᠠᠬᠤ 3 ᠲᠥᠷᠥᠯ ᠵᠦᠢᠯ ᠢ ᠬᠡᠷᠡᠭᠵᠢᠭᠦᠯᠵᠦ᠂ 12 . 3 ᠺᠢᠯᠤᠮᠧᠲᠷ

ᠰᠢᠲᠠᠮᠠᠬᠠᠢ ᠬᠡᠢ ᠶᠢᠨ ᠬᠤᠭᠤᠯᠠᠢ᠂ 9. 83 ᠺᠢᠯᠤᠮᠧᠲᠷ ᠤᠰᠤ ᠬᠠᠩᠭᠠᠬᠤ ᠬᠤᠭᠤᠯᠠᠢ᠂ 8 ᠺᠢᠯᠤᠮᠧᠲᠷ ᠤᠰᠤ

ᠭᠠᠳᠠᠭᠰᠢᠯᠠᠭᠤᠯᠬᠤ ᠬᠤᠭᠤᠯᠠᠢ᠂ 3. 75 ᠺᠢᠯᠤᠮᠧᠲᠷ ᠢᠯᠴᠢ ᠬᠠᠩᠭᠠᠬᠤ ᠬᠤᠭᠤᠯᠠᠢ ᠶᠢ ᠥᠭᠡᠷᠡᠴᠢᠯᠡᠨ ᠵᠠᠰᠠᠨ᠎ᠠ᠃ ᠬᠤᠲᠠ

ᠪᠠᠯᠭᠠᠰᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ 1368 ᠲᠦᠮᠡᠨ

ᠲᠥᠭᠦᠷᠢᠭ ᠤᠨ ᠪᠡᠯᠡ ᠣᠷᠣᠭᠤᠯᠵᠣ᠂ ᠱᠠᠩᠳᠤ ᠪᠠᠯᠭᠠᠰᠤᠨ ᠤ ᠬᠤᠭᠤᠯᠠᠨ ᠭᠡᠷ ᠤᠨ ᠬᠤᠭ ᠨᠣᠪᠰᠢ ᠵᠢᠴᠢ ᠰᠠᠩ ᠤᠨ ᠳᠠᠯᠠᠢ

ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠥᠷᠥᠯ ᠵᠦᠢᠯ ᠢ ᠬᠡᠷᠡᠭᠵᠢᠭᠦᠯᠦᠨ᠎ᠡ᠃ ᠰᠠᠭᠤᠭᠠᠯᠢ

ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠥᠮᠴᠢᠲᠡᠨ ᠤ

ᠵᠥᠪᠯᠡᠯ ᠪᠠ ᠠᠳᠠᠯ ᠠᠬᠤᠢ ᠶᠢᠨ ᠦᠢᠯᠡᠴᠢᠯᠡᠭᠡ ᠦᠭᠡᠢ ᠰᠠᠭᠤᠭᠠᠯᠢ ᠲᠣᠭᠤᠷᠢᠭ ᠢ ᠭᠤᠷᠪᠠᠳᠠᠬᠢ ᠡᠲᠡᠭᠡᠳ ᠤᠨ ᠣᠷᠴᠢᠨ

ᠲᠣᠭᠤᠷᠢᠨ ᠤ ᠠᠷᠢᠭᠤᠨ ᠴᠡᠪᠡᠷ ᠤᠨ ᠺᠣᠮᠫᠠᠨᠢ ᠳᠤ ᠥᠭᠴᠦ ᠬᠠᠷᠢᠭᠤᠴᠠᠭᠤᠯᠤᠨ᠎ᠠ᠃ ᠪᠥᠲᠥᠭᠡᠨ ᠪᠠᠶᠢᠭᠤᠯᠵᠤ ᠪᠠᠶᠢᠭ᠎ᠠ

ᠲᠥᠷᠥᠯ ᠵᠦᠶᠯ ᠤᠨ ᠤᠷᠢᠳᠴᠢᠯᠠᠨ ᠬᠤᠳᠠᠯᠳᠤᠭᠰᠠᠨ ᠪᠠᠯᠠ ᠮᠥᠩᠭᠦᠨ ᠤ ᠬᠢᠨᠠᠯᠲᠠ ᠶᠢ ᠴᠢᠩᠭᠠᠳᠬᠠᠵᠤ᠂ ︽ᠬᠡᠷ

ᠪᠠᠶᠢᠰᠢᠩ ᠢ ᠥᠮᠴᠢᠯᠡᠯ ᠤᠨ ᠦᠨᠡᠮᠯᠡᠯ ᠲᠠᠢ ᠬᠠᠮᠲᠤ ᠲᠤᠰᠢᠶᠠᠬᠤ︾᠎ ᠶᠢ ᠪᠠᠷᠢᠮᠲᠠᠯᠠᠨ᠎ᠠ᠃ ᠭᠡᠷ ᠪᠠᠶᠢᠰᠢᠩ ᠭᠠᠵᠠᠷ ᠰᠢᠷᠣᠢ ᠶᠢᠨ

ᠬᠦᠷᠦᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠵᠦ᠂ ᠠᠮᠢᠳᠤᠯᠢᠭ

ᠠᠷᠭ᠎ᠠ ᠬᠡᠮᠵᠢᠶ᠎ᠡ ᠠᠪᠴᠤ ᠭᠦᠢᠴᠡᠳᠬᠡᠬᠦ ᠶᠣᠰᠣᠲᠠᠢ ᠦᠨᠡᠮᠯᠡᠯ ᠢ ᠪᠦᠬᠦᠨ ᠢ ᠭᠦᠢᠴᠡᠳᠬᠡᠬᠦ ᠪᠠᠷ ᠴᠢᠷᠮᠠᠶᠢᠨ᠎ᠠ᠃ 5863

ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠠᠭᠤᠯᠠᠨ ᠦᠶᠡᠷ ᠢ ᠰᠡᠷᠭᠡᠶᠢᠯᠡᠬᠦ ᠭᠤᠤ 4᠎ ᠶᠢ ᠮᠠᠯᠲᠠᠨ᠂ ᠵᠢᠵᠢᠭ

ᠰᠠᠪᠠ ᠭᠠᠵᠠᠷ ᠤᠨ ᠬᠥᠷᠥᠰᠥ ᠰᠢᠷᠣᠢ ᠶᠢ ᠬᠠᠮᠠᠭᠠᠯᠠᠬᠤ ᠶᠡᠷᠦᠩᠬᠡᠶᠢᠯᠡᠨ ᠵᠠᠰᠠᠬᠤ ᠢᠨᠵᠧᠨᠧᠷᠢᠩ ᠢ 3 ᠭᠠᠵᠠᠷ ᠲᠤ

ᠬᠡᠷᠡᠭᠵᠢᠭᠦᠯᠦᠨ᠎ᠡ᠃ ᠱᠠᠩᠳᠤ ᠤᠰᠤᠨ ᠴᠥᠭᠦᠷᠥᠮ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠭᠡᠯ ᠢ

ᠱᠠᠯᠠᠪᠳᠠᠭᠤᠯᠵᠤ᠂ ᠵᠢᠯ ᠤᠨ ᠳᠣᠲᠣᠷ᠎ᠠ ᠠᠵᠢᠯ ᠡᠬᠢᠯᠡᠭᠦᠯᠬᠦ ᠨᠥᠬᠦᠴᠡᠯ ᠢ ᠪᠥᠷᠢᠯᠳᠦᠬᠦᠯᠦᠨ᠎ᠡ᠃

    ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠥᠭᠵᠢᠯᠲᠡ ᠶᠢᠨ ᠬᠦᠴᠦᠨ ᠢ ᠨᠡᠮᠡᠭᠳᠡᠭᠦᠯᠦᠨ᠎ᠡ᠃

G 5511 ᠠᠨ ᠶᠧ ᠠᠴᠠ ᠭᠦᠩᠵᠦ ᠶᠢᠨ ᠳᠠᠯᠠᠩ ᠬᠦᠷᠬᠦ ᠦᠨᠳᠦᠷ ᠬᠤᠷᠳᠤᠴᠠᠲᠤ ᠵᠠᠰᠠᠮᠠᠯ ᠵᠠᠮ ᠤᠨ ᠪᠦᠲᠦᠭᠡᠨ

ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠬᠤᠭᠤᠴᠠᠭ᠎ᠠ ᠶᠣᠰᠣᠭᠠᠷ ᠠᠵᠢᠯ ᠳᠠᠭᠤᠰᠬᠠᠬᠤ ᠶᠢ

ᠪᠠᠲᠤᠯᠠᠨ᠎ᠠ᠃ ᠠᠨ ᠶᠧ ᠠᠴᠠ ᠭᠦᠩᠵᠦ ᠶᠢᠨ ᠳᠠᠯᠠᠩ ᠬᠦᠷᠬᠦ ᠦᠨᠳᠦᠷ ᠬᠤᠷᠳᠤᠴᠠᠲᠤ ᠵᠠᠰᠠᠮᠠᠯ ᠵᠠᠮ ᠤᠨ ᠳᠠᠭᠠᠤ ᠳᠠᠬᠢ

ᠰᠤᠮᠤ ᠪᠠᠯᠭᠠᠰᠤᠨ ᠳᠤ ᠬᠠᠶᠢᠷ ᠴᠢᠯᠠᠭᠤᠨ ᠵᠠᠮ ᠳᠡᠪᠢᠰᠬᠦ ᠪᠠ ᠰᠠᠩ ᠤᠨ ᠳᠠᠯᠠᠶ ᠪᠠᠯᠭᠠᠰᠤ ᠶᠢᠨ ᠵᠡᠭᠡᠯᠢ ᠭᠤᠳᠤᠮᠵᠢ ᠶᠢᠨ

ᠪᠠᠷᠤᠭᠰᠢᠨ ᠭᠠᠳᠠᠷᠭᠤ ᠶᠢ ᠳᠡᠪᠢᠰᠬᠦ ᠢᠨᠵᠧᠨᠧᠷᠢᠩ ᠢ ᠬᠡᠷᠡᠭᠵᠢᠭᠦᠯᠬᠦ ᠪᠠᠷ ᠢᠳᠡᠪᠬᠢᠯᠡᠨ ᠴᠢᠷᠮᠠᠶᠢᠨ᠎ᠠ᠃ ᠳᠡᠭᠡᠳᠦ ᠱᠠᠲᠤᠨ ᠠᠴᠠ

1. 42 ᠳ᠋ᠦᠩᠰᠢᠭᠤᠷ ᠲᠥᠭᠦᠷᠢᠭ ᠡᠷᠡᠮᠡᠯᠵᠡᠵᠦ᠂ ᠨᠠᠷᠠᠲᠤ ᠰᠤᠮᠤ ᠠᠴᠠ ᠵᠢᠭᠠᠰᠤᠲᠠᠢ ᠰᠤᠮᠤ ᠬᠦᠷᠬᠦ ᠵᠠᠮ ᠢ ᠰᠢᠨᠡᠳᠭᠡᠨ᠂

ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠠᠴᠠ ᠪᠠᠭ᠎ᠠ ᠵᠢᠭᠠᠰᠤᠲᠠᠢ ᠨᠠᠭᠤᠷ ᠤᠨ ᠦᠵᠡᠮᠵᠢ ᠶᠢᠨ ᠣᠷᠣᠨ ᠬᠦᠷᠬᠦ ᠵᠠᠮ ᠢ

ᠠᠷᠠᠴᠢᠯᠠᠬᠤ᠂ 510 ᠤᠯᠤᠰ ᠤᠨ ᠳᠡᠰ ᠤᠨ ᠵᠠᠮ ᠢ ᠵᠠᠰᠠᠨ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠬᠦ ᠪᠠᠷ

ᠲᠥᠯᠥᠪᠯᠡᠵᠦ ᠪᠠᠶᠢᠨ᠎ᠠ᠃ ᠵᠢᠶ ᠲᠦᠩ ᠺᠣᠮᠫᠠᠨᠢ ᠲᠠᠢ ᠬᠠᠷᠢᠯᠴᠠᠵᠤ ᠰᠠᠩ ᠤᠨ ᠳᠠᠯᠠᠶ ᠪᠠᠯᠭᠠᠰᠤᠨ ᠳᠠᠬᠢ ᠵᠢᠨᠢᠩ ᠠᠴᠠ

ᠲᠦᠩᠯᠢᠶᠣᠤ ᠬᠦᠷᠬᠦ ᠲᠡᠮᠦᠷ ᠵᠠᠮ ᠪᠠ 207 ᠤᠯᠤᠰ ᠤᠨ ᠳᠡᠰ ᠤᠨ ᠵᠠᠮ ᠤᠨ ᠠᠭᠤᠯᠵᠠᠷ ᠤᠨ ᠬᠥᠭᠦᠷᠭᠡ ᠶᠢ ᠥᠷᠭᠡᠳᠬᠡᠬᠦ

ᠢᠨᠵᠧᠨᠧᠷᠢᠩ ᠢ ᠬᠡᠷᠡᠭᠵᠢᠭᠦᠯᠦᠨ᠎ᠡ᠃ ᠲᠠᠶᠢᠽᠢ ᠴᠧᠩ ᠠᠴᠠ ᠰᠢᠯᠢᠩᠬᠤᠲᠠ ᠬᠦᠷᠬᠦ ᠲᠡᠮᠦᠷ ᠵᠠᠮ ᠤᠨ ᠲᠥᠷᠥᠯ ᠵᠦᠢᠯ ᠤᠨ

ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠰᠢᠨ᠎ᠡ ᠪᠠᠷ ᠪᠠᠶᠢᠭᠤᠯᠬᠤ ᠠᠷᠠᠳ ᠤᠨ ᠬᠡᠷᠡᠭᠯᠡᠭᠡᠨ

᠎ ᠤ ᠨᠢᠰᠬᠡᠯ ᠤᠨ ᠪᠠᠭᠤᠳᠠᠯ ᠤᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ ᠲᠥᠷᠥᠯ ᠵᠦᠢᠯ ᠤᠨ

ᠵᠥᠪᠰᠢᠶᠡᠷᠡᠯ ᠢ ᠣᠯᠬᠤ ᠪᠠᠷ ᠴᠢᠷᠮᠠᠶᠢᠨ᠎ᠠ᠃

 

︵ᠵᠢᠷᠭᠤᠭ᠎ᠠ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠠᠷᠠᠳ ᠤᠨ ᠣᠷᠤᠯᠭ᠎ᠠ ᠶᠢ ᠨᠡᠮᠡᠭᠳᠡᠭᠦᠯᠬᠦ ᠪᠠᠷ

ᠴᠢᠷᠮᠠᠶᠢᠨ᠎ᠠ᠃

     ᠰ᠊‍ᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠦᠨ᠎ᠡ᠃ ᠤᠯᠤᠰ ᠤᠨ

ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠠᠬᠢᠭᠤᠯᠬᠤ

ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢ

ᠳᠡᠭᠡᠭᠰᠢᠯᠡᠭᠦᠯᠬᠦ ᠶᠢ ᠦᠷᠭᠦᠯᠵᠢᠯᠡᠨ ᠴᠢᠬᠤᠯᠠᠴᠢᠯᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ

ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠰᠤᠷᠭᠠᠭᠤᠯᠢ ᠶᠢᠨ ᠵᠠᠬᠢᠷᠤᠯ ᠢ ᠬᠥᠮᠦᠵᠢᠭᠦᠯᠬᠦ ᠡᠷᠴᠢᠮ

᠎ ᠢᠶᠠᠨ ᠴᠢᠩᠭᠠᠷᠠᠭᠤᠯᠵᠤ᠂  ︽ᠭᠤᠷᠪᠠᠨ ᠰᠢᠯᠢᠳᠡᠭ ᠤᠨ ᠢᠨᠵᠧᠨᠧᠷᠢᠩ︾᠂ ︽ᠰᠤᠷᠭᠠᠨ ᠬᠥᠮᠦᠵᠢᠯ ᠤᠨ ᠵᠠᠯᠠᠭᠤ ᠰᠣᠳᠣᠨ︾

᠂ ︽ᠰᠢᠯᠢᠳᠡᠭ ᠳᠠᠭᠠᠭᠤᠯᠤᠭᠴᠢ ᠶᠢᠨ ᠢᠨᠵᠧᠨᠧᠷᠢᠩ︾᠂ ︽ᠵᠢᠱᠢᠶᠡᠴᠢ ᠰᠤᠷᠭᠠᠭᠤᠯᠢ︾ ᠪᠠᠶᠢᠭᠤᠯᠵᠤ᠂ ᠪᠣᠳᠠᠲᠤ ᠦᠷ᠎ᠡ

ᠪᠦᠳᠦᠮᠵᠢ ᠭᠠᠷᠭᠠᠬᠤ ᠪᠠᠷ ᠴᠢᠷᠮᠠᠶᠢᠨ᠎ᠠ᠃ ᠵᠢᠭᠠᠨ ᠰᠤᠷᠭᠠᠯᠲᠠ ᠶᠢᠨ ᠶᠠᠰᠤ ᠴᠢᠨᠠᠷ ᠢ ᠳ᠋ᠦᠩᠨᠡᠵᠦ ᠬᠥᠬᠢᠬᠦᠯᠬᠦ᠂ ᠵᠠᠯᠠᠭᠤ ᠺᠠᠳ᠋ᠷ

᠎ ᠢ ᠬᠥᠮᠦᠵᠢᠭᠦᠯᠬᠦ ᠪᠠ ᠰᠢᠯᠢᠳᠡᠭ ᠪᠠᠭᠰᠢ᠂ ᠰᠢᠯᠢᠳᠡᠭ ᠠᠩᠭᠢ ᠶᠢᠨ ᠡᠷᠬᠢᠯᠡᠭᠴᠢ᠂ ᠰᠢᠯᠢᠳᠡᠭ ᠵᠠᠬᠢᠷᠤᠯ ᠢ ᠬᠥᠮᠦᠵᠢᠭᠦᠯᠬᠦ ᠵᠡᠷᠭᠡ

ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ

ᠬᠥᠭᠵᠢᠭᠡᠨ᠎ᠡ᠃ ᠣᠳᠣ ᠶᠢᠨ ᠪᠠᠶᠢᠭ᠎ᠠ ᠪᠠᠭᠰᠢ ᠶᠢᠨ ᠬᠦᠴᠦᠨ ᠢ ᠵᠣᠬᠢᠰᠲᠠᠢ ᠲᠣᠬᠢᠷᠠᠭᠤᠯᠬᠤ ᠪᠠ ᠪᠠᠭᠰᠢ ᠤᠷᠢᠨ ᠬᠡᠷᠡᠭᠯᠡᠬᠦ

ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ

ᠠᠵᠢᠯ ᠤᠨ ᠰᠣᠯᠢᠯᠴᠠᠭ᠎ᠠ ᠶᠢ ᠴᠢᠩᠭᠠᠳᠬᠠᠵᠤ᠂ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠭᠠᠳᠠᠨ᠎ᠠ ᠠᠴᠠ ᠤᠷᠢᠭᠰᠠᠨ

ᠪᠠᠭᠰᠢ᠂ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ᠂ ᠲᠤᠯᠤᠨ ᠨᠠᠭᠤᠷ ᠤᠨ ᠭᠤᠷᠪᠠᠳᠤᠭᠠᠷ

ᠳᠤᠮᠳᠠᠳᠤ ᠰᠤᠷᠭᠠᠭᠤᠯᠢ ᠯᠤᠭ᠎ᠠ ᠶᠢᠨ ᠬᠠᠮᠵᠢᠯᠴᠠᠭᠠᠨ ᠤ ᠦᠢᠯᠡᠳᠦᠯ ᠢ ᠰᠠᠶᠢᠲᠤᠷ ᠪᠠᠳᠠᠷᠠᠭᠤᠯᠵᠤ᠂ 800 ᠪᠠᠭᠰᠢ ᠳᠤ

ᠪᠣᠯᠪᠠᠰᠤᠷᠠᠯ ᠬᠦᠷᠲᠡᠭᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷᠯᠢᠭ ᠪᠥᠭᠡᠳ ᠲᠡᠩᠴᠡᠭᠦᠷᠢᠲᠡᠢ ᠬᠥᠭᠵᠢᠭᠦᠯᠬᠦ

᠎ ᠶᠢ ᠯᠠᠪᠳᠠᠭᠤᠨ ᠠᠬᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠ

ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ

ᠡᠯᠰᠡᠭᠳᠡᠬᠦ ᠨᠣᠷᠮ᠎ᠠ ᠨᠢ 5 %᠎ ᠪᠠᠷ ᠳᠡᠭᠡᠭᠰᠢᠯᠡᠵᠦ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠳᠤ ᠡᠯᠰᠡᠭᠳᠡᠬᠦ ᠨᠣᠷᠮ᠎ᠠ ᠨᠢ

6 %᠎ ᠪᠠᠷ ᠳᠡᠭᠡᠭᠰᠢᠯᠡᠨ᠂ ᠬᠤᠶᠠᠳᠤᠭᠠᠷ ᠳᠤᠮᠳᠠᠳᠤ ᠰᠤᠷᠭᠠᠭᠤᠯᠢ ᠶᠢ ︽ᠥᠪᠡᠷᠲᠡᠭᠡᠨ ᠵᠠᠰᠠᠬᠤ ᠣᠷᠣᠨ ᠤ ᠲᠡᠰ ᠤᠨ

ᠬᠤᠰᠢᠭᠤ ᠰᠢᠶᠠᠨ ᠤ ᠴᠢᠨᠠᠷᠯᠢᠭ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ︾ ᠪᠣᠯᠭᠠᠬᠤ ᠪᠠᠷ ᠬᠦᠴᠦᠯᠡᠨ ᠴᠢᠷᠮᠠᠶᠢᠵᠤ᠂

ᠰᠢᠯᠤᠭᠤᠨ ᠬᠥᠬᠡ ᠶᠢᠨ ᠬᠡᠦᠬᠡᠳ ᠤᠳ ᠲᠤ ᠭᠡᠷ ᠤᠨ ᠢᠶᠠᠨ ᠡᠭᠦᠳᠡᠨ ᠳᠤ ᠴᠢᠨᠠᠷᠯᠢᠭ ᠰᠤᠷᠭᠠᠨ ᠬᠦᠮᠦᠵᠢᠯ ᠬᠦᠷᠲᠡᠬᠦ ᠶᠢ

ᠴᠢᠷᠮᠠᠶᠢᠨ ᠪᠡᠶᠡᠯᠡᠭᠦᠯᠦᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠠᠰᠢᠭ

ᠬᠦᠷᠲᠡᠭᠡᠵᠦ ᠬᠥᠭᠵᠢᠭᠦᠯᠬᠦ ᠶᠢ ᠭᠦᠨᠵᠡᠭᠡᠶ ᠲᠦᠯᠬᠢᠨ ᠠᠬᠢᠭᠤᠯᠵᠤ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ

᠎ ᠤᠨ ᠵᠡᠷᠭᠡ ᠳᠡᠰ ᠢ ᠮᠠᠭᠠᠳᠯᠠᠨ ᠲᠣᠭᠲᠠᠭᠠᠬᠤ ᠪᠠ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠬᠡᠪᠴᠢᠶᠡᠨ ᠳᠠᠬᠢ

ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠥᠭᠡᠮᠡᠯᠵᠢᠬᠦᠯᠦᠭᠰᠡᠨ ᠪᠠᠶᠢᠳᠠᠯ ᠳᠤ ᠬᠢᠨᠠᠨ ᠲᠣᠭᠲᠠᠭᠠᠯᠲᠠ ᠬᠢᠬᠦ

ᠠᠵᠢᠯ ᠳᠤ ᠰᠠᠶᠢᠳᠤᠷ ᠪᠡᠯᠡᠳᠭᠡᠨ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠱᠠᠲᠤᠨ ᠤ ᠵᠢᠱᠢᠶ᠎ᠡ ᠦᠵᠡᠭᠦᠯᠬᠦ

ᠬᠡᠦᠬᠡᠳ ᠤᠨ ᠴᠡᠴᠡᠷᠯᠢᠭ ᠲᠤᠰ ᠪᠦᠷᠢ 1᠎ ᠶᠢ ᠪᠠᠶᠢᠭᠤᠯᠬᠤ ᠪᠠᠷ ᠴᠢᠷᠮᠠᠶᠢᠨ᠎ᠠ᠃ ᠰᠤᠷᠭᠠᠨ ᠬᠥᠮᠦᠵᠢᠯ ᠤᠨ

ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠭᠤᠷᠪᠠᠳᠤᠭᠠᠷ ᠳᠤᠮᠳᠠᠳᠤ ᠰᠤᠷᠭᠠᠭᠤᠯᠢ ᠶᠢ ᠥᠷᠭᠡᠳᠬᠡᠨ ᠪᠠᠶᠢᠭᠤᠯᠬᠤ᠂

ᠭᠤᠷᠪᠠᠳᠤᠭᠠᠷ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠪᠠ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠢᠭᠠᠨ

ᠰᠤᠷᠭᠠᠯᠲᠠ ᠶᠢᠨ ᠠᠰᠠᠷ᠂ ᠲᠣᠭᠤᠭᠠᠨ ᠭᠡᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ

ᠠᠬᠢᠭᠤᠯᠵᠤ᠂ ᠡᠷᠲᠡᠬᠡᠨ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ︽ᠲᠠᠪᠤᠨ ᠬᠥᠮᠦᠵᠢᠯ

᠎ ᠢ ᠵᠡᠷᠭᠡ ᠪᠠᠷ ᠴᠢᠬᠤᠯᠠᠴᠢᠯᠠᠬᠤ︾᠎ ᠶᠢ ᠪᠠᠷᠢᠮᠲᠠᠯᠠᠵᠤ᠂ ︽ᠬᠤᠶᠠᠷ ᠢ ᠬᠦᠩᠭᠡᠷᠡᠭᠦᠯᠬᠦ︾ ᠦᠷ᠎ᠡ ᠪᠦᠲᠦᠭᠡᠯ ᠢ ᠪᠠᠬᠢᠵᠢᠭᠦᠯᠦᠨ

ᠭᠦᠨᠵᠡᠭᠡᠶᠢᠷᠡᠭᠦᠯᠵᠦ᠂ ᠤᠯᠤᠰ ᠢᠶᠠᠨ ᠬᠠᠶᠢᠷᠠᠯᠠᠬᠤ ᠬᠥᠮᠦᠵᠢᠯ ᠪᠠ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ

ᠰᠠᠶᠢᠲᠤᠷ ᠠᠳᠬᠤᠨ᠎ᠠ᠃ ︽ᠬᠡᠤᠬᠡᠳ ᠪᠠᠭᠠᠴᠤᠳ ᠢ ᠬᠠᠮᠠᠭᠠᠯᠠᠵᠤ ᠰᠤᠷᠭᠠᠭᠤᠯᠢ ᠶᠢᠨ ᠠᠮᠤᠷ ᠳᠥᠪᠰᠢᠨ ᠢ ᠪᠠᠲᠤᠯᠠᠬᠤ︾

ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠪᠠᠭᠰᠢ ᠶᠢᠨ ᠬᠡᠪ ᠰᠤᠷᠲᠠᠯ ᠮᠤᠷᠠᠯ ᠬᠦᠮᠦᠵᠢᠯ ᠢ ᠦᠷᠭᠦᠯᠵᠢᠯᠡᠨ

ᠴᠢᠩᠭᠠᠳᠬᠠᠵᠤ᠂ ᠳᠠᠭᠤᠷᠢᠶᠠᠯ ᠪᠣᠯᠣᠭᠰᠠᠨ ᠪᠠᠭᠰᠢ ᠶᠢᠨ ᠡᠩᠨᠡᠭᠡ ᠶᠢ ᠲᠡᠭᠦᠯᠳᠡᠷᠵᠢᠬᠦᠯᠦᠨ᠂ ᠪᠠᠭᠰᠢ ᠪᠠᠨ ᠬᠦᠨᠳᠦᠳᠭᠡᠨ᠂

ᠰᠤᠷᠭᠠᠨ ᠬᠥᠮᠦᠵᠢᠯ ᠢ ᠴᠢᠬᠤᠯᠠᠴᠢᠯᠠᠭᠰᠠᠨ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠶ ᠡᠭᠦᠳᠦᠨ ᠪᠠᠶᠢᠭᠤᠯᠤᠨ᠎ᠠ᠃

     ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠦᠨ᠎ᠡ᠃ ᠡᠮ ᠡᠮᠨᠡᠯᠭᠡ

ᠡᠷᠡᠭᠦᠯ ᠬᠠᠮᠠᠭᠠᠯᠠᠯ ᠤᠨ ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠯᠪᠠᠨ ᠠᠴᠠ

ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠵᠡᠩᠨᠡᠯᠲᠡ ᠬᠠᠮᠢᠶᠠᠷᠤᠯᠲᠠ᠂ ᠡᠮᠴᠢᠯᠡᠭᠡᠨ ᠤ ᠲᠤᠰᠬᠠᠶ ᠰᠠᠯᠠᠭᠠᠨ ᠤ

ᠴᠢᠳᠠᠪᠤᠷᠢ ᠶᠢᠨ ᠪᠠᠶᠢᠭᠤᠯᠤᠯᠲᠠ᠂ ᠬᠤᠰᠢᠭᠤ ᠰᠢᠶᠠᠨ ᠤ ᠳᠡᠰ ᠤᠨ ᠶᠡᠷᠦᠩᠬᠡᠶᠢᠯᠡᠭᠰᠡᠨ ᠡᠮᠴᠢᠯᠡᠭᠡᠨ ᠤ ᠬᠠᠮᠲᠤ ᠶᠢᠨ ᠴᠣᠭᠴᠠ

᠎ ᠶᠢᠨ ᠪᠠᠶᠢᠭᠤᠯᠤᠯᠲᠠ᠂ ᠡᠮᠴᠢᠯᠡᠭᠡᠨ ᠤ ᠦᠶᠯᠡᠴᠢᠯᠡᠭᠡ ᠶᠢ ᠰᠠᠶᠢᠵᠢᠷᠠᠭᠤᠯᠬᠤ ᠳᠥᠷᠪᠡᠨ ᠶᠡᠭᠡ ᠰᠢᠪᠲᠤᠯᠤᠯᠲᠠ ᠶᠢᠨ ᠠᠵᠢᠯᠯᠠᠭ᠎ᠠ

᠎ ᠶᠢ ᠯᠠᠪᠳᠠᠭᠤᠨ ᠪᠠᠲᠤᠲᠠᠶ ᠠᠬᠢᠭᠤᠯᠵᠤ᠂ ᠴᠢᠨᠠᠷᠯᠢᠭ ᠡᠮᠴᠢᠯᠡᠭᠡᠨ ᠤ ᠡᠬᠢ ᠪᠠᠶᠠᠯᠢᠭ ᠢ ᠲᠥᠭᠡᠮᠡᠯᠵᠢᠭᠦᠯᠦᠨ

ᠲᠡᠩᠴᠡᠭᠦᠷᠢᠰᠢᠭᠦᠯᠦᠨ᠎ᠡ᠃ ᠭᠤᠣᠯᠳᠠᠯᠭ᠎ᠠ ᠲᠠᠢ ᠲᠤᠰᠬᠠᠢ ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠬᠤᠰᠢᠭᠤ

ᠶᠡᠷᠦᠩᠬᠡᠢ ᠡᠮᠨᠡᠯᠭᠡ ᠶᠢᠨ ᠬᠤᠷᠢᠶ᠎ᠠ ᠳᠤ ᠬᠤᠰᠢᠭᠤ ᠲᠡᠰ ᠤᠨ 5 ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢ ᠪᠠᠶᠢᠭᠤᠯᠵᠤ᠂ 1

ᠠᠶᠢᠮᠠᠭ ᠤᠨ ᠲᠡᠰ ᠤᠨ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢ ᠡᠷᠡᠮᠡᠯᠵᠡᠯᠡᠨ᠎ᠡ᠃ ᠬᠢᠲᠠᠳ ᠮᠣᠩᠭᠤᠯ ᠡᠮ ᠡᠮᠨᠡᠯᠭᠡ ᠶᠢ

ᠬᠦᠭᠵᠢᠬᠦᠯᠬᠦ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠬᠢᠲᠠᠳ᠂ ᠮᠣᠩᠭᠤᠯ ᠡᠮᠨᠡᠯᠭᠡ ᠶᠢᠨ ᠳᠠᠰᠤᠭ ᠢ ᠲᠠᠰ ᠳᠡᠪᠰᠢᠭᠦᠯᠬᠦ

ᠠᠵᠢᠯ ᠢ ᠯᠠᠪᠳᠠᠭᠤᠨ ᠢᠶᠠᠷ ᠠᠬᠢᠭᠤᠯᠤᠨ᠂ 90 %᠎ ᠶᠢ ᠨᠢ ᠰᠢᠯᠢᠳᠡᠭ ᠤᠨ ᠪᠠᠷᠢᠮᠵᠢᠶᠠᠨ ᠳᠤ ᠬᠦᠷᠭᠡᠨ᠎ᠡ᠃ ᠰᠠᠭᠤᠷᠢ

ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠪᠠᠨ ᠥᠷᠭᠡᠳᠭᠡᠨ᠂

ᠬᠤᠰᠢᠭᠤ ᠡᠮᠨᠡᠯᠭᠡ ᠶᠢᠨ ᠬᠤᠷᠢᠶᠠᠨ ᠤ ᠳᠡᠰ ᠳᠡᠪᠰᠢᠨ ᠰᠢᠯᠢᠳᠡᠭᠵᠢᠬᠦ ᠶᠢ ᠠᠬᠢᠭᠤᠯᠤᠨ᠎ᠠ᠃ ᠡᠮᠨᠡᠯᠭᠡ ᠶᠢᠨ ᠬᠤᠷᠢᠶᠠᠨ ᠤ

ᠮᠡᠳᠡᠭᠡ ᠵᠠᠩᠭᠢ ᠶᠢᠨ ᠰᠢᠰᠲ᠋ᠧᠮ ᠢ ᠥᠭᠡᠷᠡᠴᠢᠯᠡᠨ ᠲᠡᠰ ᠳᠡᠪᠰᠢᠭᠦᠯᠵᠦ᠂ ᠶᠡᠷᠦᠩᠬᠡᠢ ᠡᠮᠨᠡᠯᠭᠡ ᠶᠢᠨ ᠬᠤᠷᠢᠶᠠᠨ ᠤ ᠮᠡᠳᠡᠭᠡ

ᠵᠠᠩᠭᠢᠵᠢᠯᠲᠠ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ

ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠬᠤᠯᠤᠭᠠᠨ᠎ᠠ ᠶᠢᠨ ᠬᠢᠵᠢᠭ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠵᠡᠷᠭᠡ

ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ︽ᠳᠥᠷᠪᠡᠨ

ᠬᠠᠮᠤᠭ ᠤᠨ ᠴᠢᠩᠭ᠎ᠠ︾ ᠪᠠᠷᠢᠮᠵᠢᠶ᠎ᠠ ᠪᠠᠷ ᠡᠮ ᠪᠠ ᠬᠦᠨᠡᠰᠦᠨ ᠤ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠰᠠᠶᠢᠲᠤᠷ

ᠠᠳᠬᠤᠵᠤ᠂ ᠤᠯᠤᠰ ᠤᠨ ᠳᠡᠰ ᠤᠨ ︽ᠡᠷᠡᠭᠦᠯ ᠬᠠᠮᠠᠭᠠᠯᠠᠯ︾᠎ ᠤᠨ ᠬᠤᠲᠠ᠂ ᠤᠯᠤᠰ ᠤᠨ ᠳᠡᠰ ᠤᠨ ᠬᠦᠨᠡᠰᠦᠨ ᠤ ᠠᠮᠤᠷ

ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠢᠳᠡᠪᠬᠢᠲᠡᠶ ᠡᠭᠦᠳᠦᠨ ᠪᠠᠶᠢᠭᠤᠯᠤᠨ᠎ᠠ᠃

     ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠶᠢ ᠬᠦᠴᠦᠯᠡᠨ ᠨᠡᠮᠡᠭᠳᠡᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ

ᠨᠥᠬᠦᠪᠥᠷᠢ᠂ ᠪᠠᠭ᠎ᠠ ᠲᠣᠭᠠᠨ ᠤ ᠪᠠᠷᠢᠴᠠᠭᠠᠲᠤ ᠵᠢᠭᠡᠯᠡᠯᠭᠡ ᠵᠡᠷᠭᠡ ᠡᠯ᠎ᠡ ᠵᠦᠢᠯ ᠤᠨ ᠠᠵᠢᠯ ᠣᠯᠭᠤᠯᠲᠠ ᠶᠢ ᠲᠡᠳᠬᠦᠨ ᠳᠡᠮᠵᠢᠬᠦ

ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠣᠶᠤᠲᠠᠳ᠂

ᠴᠡᠷᠢᠭ ᠠᠴᠠ ᠬᠠᠯᠠᠭᠳᠠᠭᠰᠠᠳ᠂ ᠠᠵᠢᠯ ᠣᠯᠬᠤ ᠳᠤ ᠬᠦᠴᠢᠷᠲᠡᠶ ᠬᠥᠮᠦᠰ ᠵᠡᠷᠭᠡ ᠭᠤᠣᠯᠳᠠᠯᠭ᠎ᠠ ᠲᠠᠢ ᠬᠥᠮᠦᠰ ᠤᠨ ᠠᠵᠢᠯ

ᠣᠯᠬᠤ ᠳᠤ ᠲᠤᠰᠠᠯᠠᠨ᠎ᠠ᠃ ᠲᠤᠰ ᠵᠢᠯ ᠳᠤ 900 ᠲᠦᠮᠡᠨ ᠲᠥᠭᠦᠷᠢᠭ ᠤᠨ ᠦᠢᠯᠡᠰ ᠪᠣᠰᠬᠠᠬᠤ ᠵᠢᠭᠡᠯᠡᠯᠭᠡ ᠲᠠᠯᠪᠢᠵᠤ᠂

ᠬᠤᠲᠠ ᠪᠠᠯᠭᠠᠰᠤᠨ ᠤ 800 ᠭᠠᠷᠤᠢ ᠬᠦᠮᠦᠨ ᠳᠤ ᠰᠢᠨ᠎ᠡ ᠪᠠᠷ ᠠᠵᠢᠯ ᠣᠯᠭᠤᠨ᠂ 500 ᠮᠠᠯᠴᠢᠨ ᠲᠠᠷᠢᠶᠠᠴᠢᠳ ᠢ

ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤᠨ ᠤ ᠠᠵᠢᠯ ᠠᠯᠳᠠᠯᠲᠠ ᠶᠢᠨ ᠨᠣᠷᠮ᠎ᠠ ᠶᠢ 3 %᠎ ᠶᠢᠨ ᠳᠣᠲᠣᠷ᠎ᠠ

ᠬᠢᠵᠠᠭᠠᠷᠯᠠᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶᠢᠷᠡᠭᠦᠯᠵᠦ᠂

ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 95 %᠎ ᠠᠴᠠ ᠳᠡᠭᠡᠭᠰᠢ ᠳᠤ ᠪᠠᠶᠢᠯᠭᠠᠨ᠎ᠠ᠃

ᠨᠡᠶᠢᠭᠡᠮ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠭᠡᠵᠦ᠂ 1200 ᠬᠦᠮᠦᠨ ᠢ ᠰᠢᠨ᠎ᠡ ᠪᠠᠷ ᠳᠠᠭᠠᠳᠬᠠᠯ ᠳᠤ

ᠣᠷᠤᠭᠤᠯᠤᠨ᠎ᠠ᠃ ᠲᠣᠭᠲᠠᠭᠠᠯ ᠠᠴᠠ ᠵᠥᠷᠢᠴᠡᠭᠰᠡᠨ ᠣᠩᠭᠤᠨ ᠤ ᠭᠠᠵᠠᠷ ᠢ ᠴᠡᠭᠴᠡᠯᠡᠬᠦ ᠠᠵᠢᠯ ᠤᠨ ᠦᠷ᠎ᠡ ᠪᠦᠳᠦᠮᠵᠢ ᠶᠢ

ᠪᠠᠬᠢᠵᠢᠭᠦᠯᠦᠨ᠂ ᠣᠷᠣᠰᠢᠭᠤᠯᠭ᠎ᠠ ᠶᠢᠨ ᠲᠠᠯ᠎ᠠ ᠪᠠᠷ ᠬᠢ ᠥᠭᠡᠷᠡᠴᠢᠯᠡᠯᠲᠡ ᠶᠢ ᠬᠦᠨᠵᠡᠭᠡᠶᠢᠷᠡᠭᠦᠯᠦᠨ᠂ ᠨᠡᠶᠢᠲᠡ ᠶᠢᠨ ᠠᠰᠠᠷᠠᠮᠵᠢ

᠎ ᠶᠢᠨ ᠴᠢᠨᠠᠷᠲᠠᠶ ᠣᠩᠭᠤᠨ ᠤ ᠲᠥᠷᠥᠯ ᠵᠦᠶᠯ ᠢ ᠠᠰᠢᠭᠯᠠᠯᠲᠠ ᠳᠤ ᠣᠷᠤᠭᠤᠯᠤᠨ᠎ᠠ᠃ ᠴᠢᠳᠠᠪᠤᠷᠢᠲᠠᠨ ᠤᠷᠢᠬᠤ ᠱᠠᠩᠨᠠᠯ

ᠨᠥᠬᠦᠪᠥᠷᠢ ᠶᠢᠨ ᠲᠥᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ 2024 ᠣᠨ ᠳᠤ ᠠᠵᠢᠯ ᠦᠢᠯᠡᠰ

᠎ ᠤᠨ ᠨᠢᠭᠡᠴᠡ ᠶᠢᠨ ᠠᠵᠢᠯᠲᠠᠨ ᠢ ᠢᠯᠡ ᠪᠠᠷ ᠤᠷᠢᠨ ᠬᠡᠷᠡᠭᠯᠡᠬᠦ ᠶᠢ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ︽

ᠬᠤᠶᠠᠷ ᠢ ᠬᠦᠷᠢᠶᠡᠯᠡᠭᠰᠡᠨ ᠵᠢᠱᠢᠶᠡᠴᠢ ᠬᠤᠰᠢᠭᠤ︾᠎ ᠶᠢ ᠡᠭᠦᠳᠦᠨ ᠪᠠᠶᠢᠭᠤᠯᠬᠤ ᠪᠠᠷ ᠢᠳᠡᠪᠬᠢᠲᠡᠢ ᠲᠡᠮᠡᠴᠡᠵᠦ᠂ ᠰᠠᠩ ᠤᠨ

ᠳᠠᠯᠠᠢ ᠳᠠᠬᠢ ᠴᠡᠷᠢᠭ ᠤᠨ ᠬᠠᠩᠭᠠᠯᠭ᠎ᠠ ᠶᠢᠨ ᠥᠷᠲᠡᠭᠡᠨ ᠤ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠵᠢᠯ ᠤᠨ

ᠳᠣᠲᠣᠷ᠎ᠠ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃

 

    ︵ᠳᠣᠯᠤᠭ᠎ᠠ︶ ᠠᠶᠤᠯ ᠲᠦᠭᠰᠢᠭᠦᠷᠢ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠵᠤ᠂ ᠠᠮᠤᠷ ᠲᠣᠭᠲᠠᠭᠤᠨ ᠢ

ᠪᠠᠲᠤᠯᠠᠨ᠎ᠠ᠃

    ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠪᠦᠬᠦ ᠤᠯᠤᠰ ᠤᠨ

ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ

ᠭᠦᠨᠵᠡᠭᠡᠢ ᠥᠷᠨᠢᠭᠦᠯᠵᠦ᠂ ᠲᠣᠭᠲᠠᠭᠰᠠᠨ ᠬᠤᠭᠤᠴᠠᠭᠠᠨ ᠳᠤ ᠠᠮᠵᠢᠯᠲᠠ ᠲᠠᠢ ᠪᠠᠷ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃

︽ᠠᠮᠤᠷ ᠠᠮᠤᠭᠤᠯᠠᠩ ᠰᠢᠯᠤᠭᠤᠨ ᠬᠥᠬᠡ ᠬᠤᠰᠢᠭᠤ︾᠎ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠠᠷ᠎ᠠ

ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠪᠠ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠨ

ᠥᠷᠨᠢᠭᠦᠯᠵᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃

︽ᠵᠢᠷᠭᠤᠭ᠎ᠠ ᠶᠢ ᠰᠡᠷᠭᠡᠶᠢᠯᠡᠵᠦ ᠲᠠᠪᠤ ᠶᠢ ᠡᠵᠡᠮᠳᠡᠬᠦ ᠳᠥᠷᠪᠡ ᠶᠢ ᠠᠬᠢᠭᠤᠯᠬᠤ︾ ᠰᠠᠭᠤᠷᠢ ᠶᠢ ᠪᠠᠬᠢᠵᠢᠭᠦᠯᠬᠦ ᠢᠨᠵᠧᠨᠧᠷᠢᠩ ᠢ

ᠦᠷᠭᠦᠯᠵᠢᠯᠡᠨ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ  ︽ᠣᠶᠤᠨᠴᠢᠯᠠᠭᠰᠠᠨ︾ ᠬᠢᠷᠢ ᠲᠦᠪᠰᠢᠨ ᠢ ᠤᠯᠠᠮ

ᠴᠢᠨᠠᠭᠰᠢᠳᠠ ᠳᠡᠭᠡᠭᠰᠢᠯᠡᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠶᠢᠲᠤᠷ

ᠰᠠᠬᠢᠨ ᠬᠠᠮᠠᠭᠠᠯᠠᠨ᠎ᠠ᠃ ᠤᠳᠤᠷᠢᠳᠤᠯᠭ᠎ᠠ ᠠᠴᠠ ᠬᠠᠷᠢᠭᠤᠴᠠᠬᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠪᠠ

ᠦᠨᠳᠦᠰᠦᠨ ᠱᠠᠲᠤᠨ ᠳᠤ ᠭᠦᠨᠵᠡᠭᠡᠶᠢᠷᠡᠨ ᠰᠤᠷᠪᠤᠯᠵᠢᠯᠠᠬᠤ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ᠵᠠᠬᠢᠳᠠᠯ

ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠦᠷᠢᠮ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠤᠨ᠎ᠠ᠃ ᠵᠥᠷᠢᠴᠡᠯ

ᠵᠢᠭᠤᠷᠠᠯᠳᠤᠭᠠᠨ ᠢ ᠡᠶᠡᠳᠡᠭᠦᠯᠦᠨ ᠠᠷᠢᠯᠭᠠᠬᠤ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠷᠠᠳ ᠣᠯᠠᠨ

ᠦᠭᠡ ᠪᠠᠶᠢᠪᠠᠯ ᠬᠡᠯᠡᠬᠦ ᠭᠠᠵᠠᠷ ᠲᠠᠢ᠂ ᠬᠦᠴᠢᠷ ᠪᠠᠶᠢᠪᠠᠯ ᠬᠠᠪᠰᠤᠷᠬᠤ ᠬᠥᠮᠦᠨ ᠲᠠᠢ᠂ ᠤᠴᠢᠷ ᠪᠠᠶᠢᠪᠠᠯ ᠬᠠᠮᠢᠶᠠᠷᠬᠤ ᠬᠥᠮᠦᠨ

᠎ ᠲᠠᠢ ᠪᠠᠶᠢᠬᠤ ᠶᠢ ᠪᠠᠲᠤᠯᠠᠨ᠎ᠠ᠃ ︽ᠪᠦᠬᠦ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠵᠢᠱᠢᠶ᠎ᠡ ᠦᠵᠡᠭᠦᠯᠬᠦ ᠬᠤᠰᠢᠭᠤ ︵

ᠰᠢᠶᠠᠨ︶︾᠎ ᠶᠢ ᠢᠳᠡᠪᠬᠢᠲᠡᠶ ᠡᠭᠦᠳᠦᠨ ᠪᠠᠶᠢᠭᠤᠯᠤᠨ᠎ᠠ᠃ 

     ᠠᠶᠤᠯ ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠨ᠎ᠠ᠃ ᠵᠠᠰᠠᠭ ᠤᠨ ᠣᠷᠳᠣᠨ ᠤ ᠥᠷᠢ

ᠥᠭᠴᠡᠭᠡ ᠶᠢ ᠠᠮᠢᠳᠤᠯᠢᠭ ᠢᠶᠠᠷ ᠬᠢᠨᠠᠨ ᠪᠠᠶᠢᠴᠠᠭᠠᠬᠤ ᠪᠠ ᠲᠦᠭᠰᠢᠭᠦᠷᠢ ᠶᠢ ᠤᠷᠢᠳᠴᠢᠯᠠᠨ ᠮᠠᠭᠠᠳᠯᠠᠬᠤ ᠶᠢ ᠴᠢᠩᠭᠠᠳᠬᠠᠵᠤ᠂

ᠥᠷᠢ ᠥᠭᠴᠡᠭᠡ ᠶᠢ ᠬᠠᠤᠯᠢ ᠶᠣᠰᠣᠭᠠᠷ ᠠᠷᠢᠯᠭᠠᠨ᠂ ᠳᠠᠯᠳᠠ ᠥᠷᠢ ᠰᠢᠷᠢ ᠶᠢᠨ ᠨᠡᠮᠡᠭᠳᠡᠯ ᠢ ᠡᠷᠡᠰ ᠬᠤᠷᠢᠭᠯᠠᠵᠤ᠂ ᠵᠠᠰᠠᠭ

᠎ ᠤᠨ ᠣᠷᠳᠣᠨ ᠠᠴᠠ ᠥᠷᠢ ᠥᠭᠴᠡᠭᠡᠨ ᠤ ᠳᠦᠭᠰᠢᠭᠦᠷᠢ ᠭᠠᠷᠬᠤ ᠦᠭᠡᠢ ᠪᠠᠶᠢᠬᠤ ᠶᠢ ᠪᠠᠲᠤᠯᠠᠵᠤ᠂ ᠥᠷᠢ ᠥᠭᠴᠡᠭᠡ ᠶᠢ

ᠠᠷᠢᠯᠭᠠᠬᠤ ᠵᠢᠯ ᠤᠨ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠠᠷᠪᠢᠯᠠᠨ ᠭᠠᠮᠨᠠᠵᠤ ᠵᠠᠷᠤᠯᠭ᠎ᠠ ᠪᠠᠨ ᠪᠠᠭᠠᠰᠬᠠᠨ᠂

ᠡᠩ ᠤᠨ ᠵᠠᠷᠤᠯᠭ᠎ᠠ ᠶᠢ ᠳᠠᠬᠢᠨ 5 %᠎ ᠪᠠᠷ ᠪᠠᠭᠠᠰᠬᠠᠵᠤ᠂ ᠵᠣᠭᠤᠰ ᠮᠥᠩᠭᠦ ᠶᠢ ᠦᠨᠡᠨᠬᠦ ᠬᠡᠷᠡᠭᠴᠡᠭᠡ ᠲᠠᠢ ᠭᠠᠵᠠᠷ

ᠵᠠᠷᠤᠬᠤ ᠶᠢ ᠪᠠᠲᠤᠯᠠᠨ᠎ᠠ᠃ ᠪᠠᠩᠬᠢ ᠶᠢᠨ ᠠᠰᠠᠭᠤᠳᠠᠯ ᠲᠠᠢ ᠡᠳ᠋ ᠬᠥᠷᠥᠩᠭᠡ ᠶᠢ ᠬᠤᠷᠢᠶᠠᠵᠤ ᠰᠢᠶᠳᠪᠦᠷᠢᠯᠡᠬᠦ ᠪᠠ ᠤᠯᠤᠰ ᠤᠨ

ᠥᠮᠴᠢᠯᠡᠯᠲᠦ ᠪᠠᠯᠠ ᠬᠤᠷᠠᠮᠳᠤᠭᠤᠯᠬᠤ ᠲᠠᠪᠴᠠᠩ ᠢ ᠴᠣᠮᠬᠠᠳᠬᠠᠬᠤ ᠠᠵᠢᠯ ᠢ ᠠᠬᠢᠭᠤᠯᠵᠤ᠂ 6 ᠳ᠋ᠤᠭᠠᠷ ᠰᠠᠷ᠎ᠠ ᠶᠢᠨ

ᠰᠡᠭᠦᠯᠴᠢ ᠠᠴᠠ ᠡᠮᠦᠨ᠎ᠡ ᠪᠦᠬᠦᠨ ᠢ ᠰᠢᠢᠳᠪᠦᠷᠢᠯᠡᠵᠦ ᠳᠠᠭᠤᠰᠬᠠᠨ᠂ ᠮᠥᠩᠭᠦᠨ ᠭᠦᠶᠯᠭᠡᠭᠡᠨ ᠤ ᠬᠦᠷᠢᠶᠡᠨ ᠳᠠᠬᠢ

ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃

    ᠠᠶᠤᠯᠭᠦᠢ ᠦᠢᠯᠡᠳᠪᠦᠷᠢᠯᠡᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ᠲᠦᠷᠦ ᠶᠢᠨ ᠶᠠᠪᠤᠳᠠᠯ ᠤᠨ

ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ 15 ᠵᠣᠷᠪᠤᠰ ᠪᠠ ᠥᠪᠡᠷᠲᠡᠭᠡᠨ ᠵᠠᠰᠠᠬᠤ ᠣᠷᠣᠨ ᠤ 135 ᠵᠣᠷᠪᠤᠰ

ᠲᠣᠭᠲᠠᠭᠠᠯ ᠢ ᠴᠢᠩᠭ᠎ᠠ ᠪᠠᠷᠢᠮᠲᠠᠯᠠᠨ᠂ ᠠᠶᠣᠯᠭᠦᠢ ᠦᠶᠯᠡᠳᠪᠦᠷᠢᠯᠡᠯ ᠢ ᠦᠨᠳᠦᠰᠦ ᠠᠴᠠ ᠨᠢ ᠵᠠᠰᠠᠬᠤ ᠭᠤᠷᠪᠠᠨ ᠵᠢᠯ ᠤᠨ

ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠴᠡᠭᠴᠡᠯᠡᠯᠲᠡ ᠶᠢᠨ

ᠠᠵᠢᠯ ᠳᠤ ᠢᠯᠡᠳᠳᠡ ᠠᠮᠵᠢᠯᠲᠠ ᠭᠠᠷᠭᠠᠨ᠎ᠠ᠃ ︽ᠠᠶᠤᠯᠭᠦᠢ ᠶᠢᠨ ᠵᠢᠱᠢᠯᠲᠡ + ᠬᠠᠤᠯᠢ ᠬᠡᠷᠡᠭᠵᠢᠭᠦᠯᠦᠯᠲᠡ +

ᠦᠶᠯᠡᠴᠢᠯᠡᠭᠡ︾ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠠᠤᠯᠢ ᠬᠡᠷᠡᠭᠵᠢᠬᠦᠯᠬᠦ ᠮᠡᠷᠭᠡᠵᠢᠯ ᠤᠨ

ᠪᠠᠶᠢᠴᠠᠭᠠᠭᠴᠢ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠠᠮᠤᠷ ᠲᠦᠪᠰᠢᠨ ᠤ ᠨᠥᠬᠦᠴᠡᠯ ᠢ

ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠶᠡᠷᠦ ᠪᠤᠰᠤ ᠶᠢᠨ ᠴᠠᠭ ᠠᠭᠤᠷ ᠢ ᠠᠷᠭᠠᠴᠠᠬᠤ ᠠᠵᠢᠯ ᠢ ᠦᠷᠭᠦᠯᠵᠢᠯᠡᠨ

ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠪᠦᠬᠦ ᠬᠦᠴᠦᠨ

᠎ ᠢᠶᠠᠷ ᠢᠶᠠᠨ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠨ᠎ᠠ᠃

    ᠡᠭᠦᠨ ᠤ ᠬᠠᠮᠲᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠤᠯᠤᠰ ᠤᠨ

ᠠᠮᠤᠷ ᠲᠦᠪᠰᠢᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ

ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠠᠵᠢᠯᠴᠢᠨ ᠤ ᠡᠪᠯᠡᠯ᠂ ᠡᠪ ᠬᠠᠮᠲᠤ

ᠵᠠᠯᠠᠭᠤᠴᠤᠳ ‍ᠤᠨ‌ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂

ᠵᠡᠮᠳᠡᠭᠴᠦᠳ ᠤᠨ ᠬᠤᠯᠪᠤᠭ᠎ᠠ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠵᠡᠷᠭᠡ ᠤᠯᠠᠨ ᠲᠦᠮᠡᠨ ᠤ

ᠪᠦᠯᠬᠦᠮ ᠨᠢᠭᠡᠴᠡ᠂ ᠨᠡᠶᠢᠭᠡᠮ ᠤᠨ ᠪᠦᠯᠬᠦᠮ ᠨᠢᠭᠡᠴᠡ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠬᠢᠨᠠᠨ ᠪᠤᠳᠤᠯᠳᠠ

᠂ ᠲᠤᠭ᠎ᠠ ᠪᠦᠷᠢᠳᠬᠡᠯ᠂ ᠴᠠᠭ ᠠᠭᠤᠷ᠂ ᠭᠠᠵᠠᠷ ᠬᠥᠳᠡᠯᠦᠯᠲᠡ᠂ ᠲᠡᠦᠬᠡ ᠣᠶᠢᠯᠠᠯᠭ᠎ᠠ᠂ ᠳᠠᠩᠰᠠ ᠡᠪᠬᠡᠮᠡᠯ ᠤᠨ ᠠᠵᠢᠯ ᠳᠤ

ᠰᠢᠨ᠎ᠡ ᠠᠮᠵᠢᠯᠲᠠ ᠤᠯᠬᠤ ᠶᠢ ᠠᠬᠢᠭᠤᠯᠤᠨ᠎ᠠ᠃

 

    ︵ᠨᠠᠶᠮᠠ︶ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠰᠢᠨ᠎ᠡ ᠠᠬᠢᠯᠲᠠ ᠳᠠᠪᠰᠢᠯᠲᠠ ᠶᠢ ᠲᠡᠮᠡᠴᠡᠨ

ᠣᠯᠤᠨ᠎ᠠ᠃

    ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠨ᠎ᠠ᠃ ᠭᠤᠣᠯ ᠰᠡᠳᠦᠪᠲᠦ ᠬᠥᠮᠦᠵᠢᠯ ᠤᠨ

ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ

ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠦᠢᠯᠡᠳᠦᠯᠭᠡᠵᠢᠭᠦᠯᠵᠦ᠂ ᠦᠵᠡᠯ

ᠤᠬᠠᠮᠰᠠᠷ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠬᠤᠶᠠᠷ ᠢ

ᠲᠣᠭᠲᠠᠭᠠᠬᠤ︾᠎ ᠶᠢ ᠡᠷᠡᠰ ᠪᠠᠷᠢᠮᠲᠠᠯᠠᠵᠤ᠂ ︽ᠲᠦᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾

᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠦᠨ᠎ᠡ᠃ ᠭᠦᠢᠴᠡᠳᠭᠡᠬᠦ ᠴᠢᠳᠠᠪᠤᠷᠢ ᠪᠠᠨ ᠴᠢᠩᠭᠠᠳᠬᠠᠨ᠂

ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠥᠪ ᠤᠨ ᠱᠣᠭᠤᠮ ᠴᠢᠭᠯᠡᠯᠲᠡ ᠲᠦᠷᠦ ᠶᠢᠨ ᠪᠣᠳᠤᠯᠭ᠎ᠠ᠂ ᠥᠪᠡᠷᠲᠡᠭᠡᠨ ᠵᠠᠰᠠᠬᠤ

ᠣᠷᠣᠨ᠂ ᠠᠶᠢᠮᠠᠭ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠤᠰᠢᠭᠤ ᠨᠠᠮ ᠤᠨ ᠬᠤᠷᠢᠶᠠᠨ ᠤ ᠠᠵᠢᠯ

᠎ ᠤᠨ ᠱᠠᠭᠠᠷᠳᠠᠯᠭ᠎ᠠ ᠶᠢ ᠭᠤᠶᠢᠪᠢᠰᠢ ᠥᠬᠡᠶ ᠪᠠᠷᠢᠮᠲᠠᠯᠠᠨ᠂ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ

ᠠᠬᠢᠭᠤᠯᠵᠤ᠂ ᠠᠯᠪᠠ ᠬᠠᠰᠢᠬᠤ ᠦᠭᠡᠢ᠂ ᠰᠤᠩᠭᠤᠯᠲᠠ ᠬᠢᠬᠦ ᠦᠭᠡᠢ᠂ ᠳᠦᠭᠦᠮᠴᠢᠯᠡᠬᠦ ᠦᠭᠡᠢ ᠪᠠᠶᠢᠬᠤ ᠶᠢ ᠪᠠᠷᠢᠮᠲᠠᠯᠠᠨ᠂

ᠠᠵᠢᠯ ᠤᠨ ᠨᠠᠶᠢᠳᠠᠪᠤᠷᠢᠵᠢᠭᠤᠯᠤᠯᠲᠠ ᠪᠠᠷ ᠬᠦᠭᠵᠢᠯᠲᠡ ᠶᠢ ᠠᠬᠢᠭᠤᠯᠤᠨ᠎ᠠ᠃

     ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ ᠠᠷᠠᠳ ᠤᠨ ᠲᠥᠯᠥᠭᠡᠯᠡᠭᠴᠢᠳ

᠎ ᠤᠨ ᠶᠡᠭᠡ ᠬᠤᠷᠠᠯ ᠤᠨ ᠬᠢᠨᠠᠯᠲᠠ ᠪᠤᠯᠤᠨ ᠤᠯᠤᠰ ᠲᠥᠷᠦ ᠶᠢᠨ ᠵᠥᠪᠯᠡᠯᠭᠡᠨ ᠤ ᠬᠢᠨᠠᠯᠲᠠ ᠶᠢ ᠤᠬᠠᠮᠰᠠᠷ ᠠᠴᠠ ᠪᠠᠨ

ᠬᠦᠯᠢᠶᠡᠵᠦ᠂ ᠨᠡᠶᠢᠭᠡᠮ ᠤᠨ ᠬᠢᠨᠠᠯᠲᠠ ᠪᠠ ᠣᠯᠠᠨ ᠲᠦᠮᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠲᠣᠰᠴᠤ᠂ ᠠᠷᠠᠳ

᠎ ᠤᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠪᠠ ᠤᠯᠤᠰ ᠲᠥᠷᠦ ᠶᠢᠨ ᠵᠥᠪᠯᠡᠯᠭᠡᠨ ᠤ ᠭᠡᠰᠢᠬᠦᠨ ᠤ ᠳᠤᠷᠠᠳᠤᠯᠭ᠎ᠠ ᠶᠢ

ᠴᠢᠨᠠᠷᠲᠠᠢ ᠭᠦᠢᠴᠡᠳᠭᠡᠨ᠎ᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂

ᠬᠠᠤᠯᠢ ᠪᠠᠷ ᠵᠠᠰᠠᠬᠤ ᠰᠡᠳᠬᠢᠬᠦᠶ ᠪᠠ ᠠᠮᠢᠳᠤᠯᠢᠭ ᠢᠶᠠᠷ ᠵᠠᠰᠠᠬᠤ ᠠᠷᠭ᠎ᠠ ᠪᠠᠷᠢᠯ ᠢᠶᠠᠷ ᠬᠥᠭᠵᠢᠯᠲᠡ ᠶᠢ ᠠᠬᠢᠭᠤᠯᠬᠤ᠂

ᠵᠥᠷᠢᠴᠡᠯ ᠢ ᠠᠷᠢᠯᠭᠠᠬᠤ᠂ ᠠᠶᠤᠯ ᠲᠦᠭᠰᠢᠭᠦᠷᠢ ᠶᠢ ᠠᠷᠭᠠᠴᠠᠭᠠᠬᠤ ᠶᠢ ᠪᠠᠷᠢᠮᠲᠠᠯᠠᠵᠤ᠂ ᠲᠥᠪ ᠭᠤᠤᠯᠴᠢ ᠪᠣᠯᠪᠠᠰᠤᠨ ᠢᠶᠠᠷ

ᠬᠠᠤᠯᠢ ᠬᠡᠷᠡᠭᠵᠢᠭᠦᠯᠬᠦ ᠶᠢ ᠴᠢᠬᠤᠯᠠᠴᠢᠯᠠᠵᠤ᠂ ᠬᠠᠤᠯᠢ ᠬᠡᠷᠡᠭᠵᠢᠬᠦᠯᠵᠦ ᠬᠢᠨᠠᠯᠲᠠ ᠲᠠᠯᠪᠢᠬᠤ ᠠᠵᠢᠯ ᠢ ᠡᠷᠴᠢᠮ ᠲᠠᠢ ᠪᠥᠭᠡᠳ

ᠨᠠᠶᠢᠷᠲᠠᠢ ᠥᠷᠨᠢᠬᠦᠯᠦᠨ᠎ᠡ᠃

    ᠠᠷᠠᠳ ᠲᠦᠮᠡᠨ ᠳᠤ ᠦᠶᠯᠡᠴᠢᠯᠡᠬᠦ ᠶᠢ ᠦᠨᠡᠨᠬᠦ ᠦᠢᠯᠡᠳᠦᠯᠭᠡᠵᠢᠬᠦᠯᠦᠨ᠎ᠡ᠃ ︽ᠬᠡᠨ ᠤ ᠲᠥᠯᠥᠭᠡ︾ ᠭᠡᠳᠡᠭ ᠢ

ᠬᠡᠵᠢᠶᠡᠳᠡ ᠰᠡᠳᠬᠢᠵᠦ᠂ ᠠᠷᠠᠳ ᠲᠦᠮᠡᠨ ᠶᠠᠭᠤ ᠬᠦᠰᠡᠵᠦ ᠪᠠᠶᠢᠪᠠᠯ ᠪᠢᠳᠡ ᠶᠠᠭᠤ ᠬᠢᠵᠦ᠂ ᠠᠷᠠᠳ ᠤᠨ ᠠᠮᠢᠳᠤᠷᠠᠯ ᠤᠨ

ᠪᠣᠳᠠᠲᠤ ᠶᠠᠪᠤᠳᠠᠯ ᠳᠤ ᠬᠤᠯᠪᠤᠭᠳᠠᠭᠰᠠᠨ ᠵᠦᠢᠯ ᠢ ᠦᠨᠡᠨ ᠬᠦ ᠠᠷᠠᠳ ᠲᠦᠮᠡᠨ ᠤ ᠰᠡᠳᠬᠢᠯ ᠳᠤ ᠰᠠᠭᠤᠭᠳᠠᠲᠠᠯ᠎ᠠ ᠬᠢᠨ᠎ᠡ᠃

︽ᠬᠡᠨ ᠳᠤ ᠲᠦᠰᠢᠭᠯᠡᠬᠦ︾᠎ ᠪᠠᠨ ᠦᠷᠭᠦᠯᠵᠢ ᠪᠤᠳᠤᠵᠤ᠂ ︽ᠳᠥᠷᠪᠡ ᠶᠢ ᠦᠨᠳᠦᠰᠦᠨ ᠱᠠᠲᠤᠨ ᠳᠤ ᠬᠦᠷᠭᠡᠬᠦ︾ ᠰᠢᠯᠢᠳᠡᠭ

ᠤᠯᠠᠮᠵᠢᠯᠠᠯ ᠢᠶᠠᠨ ᠪᠠᠳᠠᠷᠠᠭᠤᠯᠤᠨ᠂ ᠣᠯᠠᠨ ᠲᠦᠮᠡᠨ ᠤ ᠳᠤᠮᠳᠠ ᠰᠠᠨᠠᠭᠠᠴᠢᠯᠠᠭ᠎ᠠ ᠠᠴᠠ ᠪᠠᠨ ᠠᠭᠤᠰᠤᠨ ᠣᠷᠣᠵᠤ᠂

ᠠᠷᠠᠳ ᠤᠨ ᠬᠡᠷᠡᠭᠴᠡᠭᠡ ᠶᠢ ᠦᠨᠳᠦᠰᠦᠯᠡᠨ᠂ ᠠᠷᠭ᠎ᠠ ᠪᠣᠳᠤᠯᠭ᠎ᠠ ᠪᠠᠨ ᠲᠣᠭᠲᠠᠭᠠᠨ᠂ ᠵᠠᠰᠠᠭ ᠤᠨ ᠶᠠᠪᠤᠳᠠᠯ ᠢ ᠠᠷᠠᠳ

ᠲᠥᠮᠡᠨ ᠳᠤ ᠦᠢᠯᠡᠴᠢᠯᠡᠭᠦᠯᠦᠨ᠎ᠡ᠃ ︽ᠬᠡᠨ ᠪᠣᠯᠬᠤ︾ ᠭᠡᠳᠡᠭ ᠢᠶᠠᠨ ᠦᠷᠭᠦᠯᠵᠢ ᠲᠤᠩᠭᠠᠵᠤ᠂ ᠡᠭᠦᠷᠭᠡ ᠬᠠᠷᠢᠭᠤᠴᠠᠯᠭ᠎ᠠ

᠎ ᠪᠠᠨ ᠭᠦᠶᠴᠡᠳᠬᠡᠨ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠥᠮᠡᠨ ᠳᠤ ᠦᠢᠯᠡᠴᠢᠯᠡᠵᠦ᠂ ᠥᠪᠡᠷ ᠤᠨ ᠶᠠᠳᠠᠷᠠᠯ

ᠵᠥᠳᠡᠷᠡᠯ ᠢᠶᠠᠷ ᠢᠶᠠᠨ ᠠᠷᠠᠳ ᠣᠯᠠᠨ ᠤ ᠵᠣᠯ ᠵᠢᠷᠭᠠᠯᠲᠤ ᠠᠮᠢᠳᠤᠷᠠᠯ ᠢ ᠴᠣᠭᠴᠠᠯᠠᠨ ᠪᠠᠶᠢᠭᠤᠯᠤᠨ᠎ᠠ᠃

    ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ︽ᠳᠣᠯᠤᠭᠠᠨ ᠵᠦᠢᠯ ᠢ ᠲᠠᠶᠠᠭᠳᠠᠬᠤ︾᠎ ᠶᠢ ᠡᠷᠡᠰ

ᠪᠡᠶᠡᠯᠡᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠨ᠂ ᠠᠰᠠᠭᠤᠳᠠᠯ ᠰᠢᠶᠳᠪᠦᠷᠢᠯᠡᠬᠦ ᠥᠬᠡᠶ

ᠬᠤᠭᠤᠰᠤᠨ ᠬᠤᠷᠠᠯ ᠬᠢᠬᠦ᠂ ᠪᠣᠳᠠᠲᠤ ᠠᠭᠤᠯᠭ᠎ᠠ ᠥᠬᠡᠶ ᠪᠢᠴᠢᠭ ᠮᠠᠲ᠋ᠧᠷᠢᠶᠠᠯ ᠲᠠᠷᠬᠠᠭᠠᠬᠤ᠂ ᠵᠢᠷᠤᠭ ᠰᠡᠭᠦᠳᠡᠷ ᠦᠯᠡᠳᠡᠭᠡᠵᠦ

᠂ ᠪᠣᠳᠠᠲᠤ ᠪᠦᠳᠦᠮᠵᠢ ᠭᠠᠷᠭᠠᠬᠤ ᠦᠭᠡᠢ ᠪᠠᠶᠢᠬᠤ ᠶᠢ ᠡᠷᠡᠰ ᠳᠡᠪᠴᠢᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ

ᠬᠦ ᠬᠦᠩᠭᠡᠷᠡᠭᠦᠯᠦᠨ᠎ᠡ᠃ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠥᠷᠦᠰᠢᠶᠡᠨ ᠵᠠᠯᠠᠷᠠᠭᠤᠯᠬᠤ ᠲᠣᠭᠲᠠᠴᠠ ᠶᠢ

ᠲᠡᠭᠦᠯᠳᠡᠷᠵᠢᠭᠦᠯᠵᠦ᠂ ᠵᠣᠷᠢᠭᠲᠠᠢ ᠠᠵᠢᠯᠯᠠᠭᠴᠢ ᠳᠤ ᠲᠤᠬᠢᠶᠠᠯ ᠬᠠᠩᠭᠠᠨ ᠥᠭᠴᠦ᠂ ᠪᠣᠳᠠᠲᠠᠢ ᠠᠵᠢᠯᠯᠠᠭᠴᠢ ᠳᠤ ᠲᠠᠪᠴᠠᠩ

ᠪᠠᠶᠢᠭᠤᠯᠤᠨ ᠥᠭᠴᠦ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠤᠰᠬᠠᠬᠤ ᠠᠭᠤᠷ ᠠᠮᠢᠰᠬᠤᠯ ᠢ ᠪᠤᠢ

ᠪᠣᠯᠭᠠᠨ᠎ᠠ᠃

    ᠠᠷᠢᠭᠤᠨ ᠴᠢᠬᠡᠴᠢ ᠪᠠᠷ ᠵᠠᠰᠠᠭ ᠶᠠᠪᠤᠭᠤᠯᠬᠤ ᠶᠢ ᠢᠮᠠᠭᠲᠠ ᠪᠠᠷᠢᠮᠲᠠᠯᠠᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ

ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠠᠬᠢᠯᠭ᠎ᠠ ᠪᠠᠲᠤ ᠶᠣᠰᠣ ᠳᠦᠷᠢᠮ ᠢ ᠢᠮᠠᠭᠲᠠ ᠲᠡᠷᠢᠭᠦᠨ

᠎ ᠳᠤ ᠲᠠᠯᠪᠢᠵᠤ᠂ ᠴᠢᠬᠡᠴᠢ ᠵᠠᠰᠠᠭ ᠢ ᠴᠢᠬᠤᠯᠠᠴᠢᠯᠠᠨ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ

ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠢ ᠥᠷᠨᠢᠬᠦᠯᠦᠨ᠎ᠡ᠃ ᠲᠥᠪ ᠤᠨ ᠨᠠᠶᠮᠠᠨ

ᠵᠣᠷᠪᠤᠰ ᠳᠥᠷᠢᠮ ᠲᠣᠭᠲᠠᠭᠠᠯ ᠪᠠ ᠨᠠᠷᠢᠨ ᠵᠦᠢᠯᠡᠰ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠨ᠂ ︽ᠭᠤᠷᠪᠠᠨ ᠠᠷᠪᠢᠨ᠂

ᠭᠤᠷᠪᠠᠨ ᠴᠥᠭᠡᠨ᠂ ᠭᠤᠷᠪᠠᠨ ᠤᠳᠠᠭᠠᠨ︾ ᠪᠠᠶᠢᠭ᠎ᠠ ᠠᠰᠠᠭᠤᠳᠠᠯ ᠢ ᠬᠦᠴᠦᠯᠡᠨ ᠰᠢᠶᠳᠪᠦᠷᠢᠯᠡᠨ᠎ᠡ᠃ ᠡᠳ᠋ ᠤᠨ ᠬᠦᠴᠦᠨ

᠎ ᠢᠶᠠᠨ ᠲᠥᠪᠯᠡᠷᠡᠭᠦᠯᠦᠨ ᠠᠵᠢᠯ ᠣᠯᠭᠤᠯᠲᠠ ᠪᠠ ᠠᠷᠠᠳ ᠤᠨ ᠠᠮᠢᠳᠤᠷᠠᠯ ᠢ ᠪᠠᠲᠤᠯᠠᠨ᠂ ᠵᠠᠬ᠎ᠠ ᠳᠡᠯᠭᠡᠭᠦᠷ ᠤᠨ ᠭᠤᠤᠯ

ᠴᠣᠭᠴᠠ ᠶᠢ ᠪᠠᠲᠤᠯᠠᠵᠤ᠂ ᠪᠦᠷᠢᠯᠭᠡᠨ ᠰᠦᠶᠳᠬᠡᠬᠦ ᠥᠬᠡᠶ᠂ ᠥᠩᠭᠡᠨ ᠲᠠᠯ᠎ᠠ ᠶᠢᠨ ᠠᠵᠢᠯ ᠬᠢᠬᠦ ᠥᠬᠡᠶ᠂ ᠬᠤᠳᠠᠯ

ᠬᠠᠭᠤᠷᠮᠠᠭ ᠠᠵᠢᠯ ᠤᠨ ᠪᠦᠲᠦᠮᠵᠢ ᠭᠠᠷᠭᠠᠬᠤ ᠥᠬᠡᠶ ᠪᠠᠶᠢᠵᠤ᠂ ᠵᠠᠰᠠᠭ ᠤᠨ ᠣᠷᠳᠣᠨ ᠤ ︽ᠠᠷᠪᠢᠴᠢ ᠠᠮᠢᠳᠤᠷᠠᠯ︾᠎ ᠢᠶᠠᠷ

ᠠᠷᠠᠳ ᠣᠯᠠᠨ ᠤ ︽ᠵᠢᠷᠭᠠᠯᠲᠤ ᠠᠮᠢᠳᠤᠷᠠᠯ︾᠎ ᠢ ᠰᠣᠯᠢᠵᠤ ᠠᠪᠴᠢᠷᠠᠨ᠎ᠠ᠃

    ᠡᠳᠡᠭᠡᠷ ᠵᠦᠢᠯ ᠢ ᠪᠡᠶᠡᠯᠡᠬᠦᠯᠬᠦ ᠳᠤ ᠪᠢᠳᠡ ᠳᠣᠣᠷᠠᠬᠢ ᠬᠤᠶᠠᠷ ᠵᠦᠢᠯ ᠢ ᠴᠢᠩᠭ᠎ᠠ ᠪᠠᠷᠢᠮᠲᠠᠯᠠᠬᠤ ᠬᠡᠷᠡᠭᠳᠡᠢ᠃ ᠳᠠᠷᠤᠢ

ᠨᠢᠭᠡ ᠳᠤ᠂ ᠡᠷᠬᠡᠪᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ

ᠡᠨᠡ ᠬᠦ ᠭᠤᠣᠯ ᠰᠢᠵᠢᠮ ᠢ ᠠᠵᠢᠯ ᠤᠨ ᠪᠦᠬᠦ ᠲᠠᠯ᠎ᠠ ᠳᠤ ᠲᠤᠤᠱᠯᠠᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ ᠢ ᠪᠦᠬᠦ ᠲᠠᠯ᠎ᠠ ᠪᠠᠷ

ᠲᠤᠤᠱᠯᠠᠭᠤᠯᠬᠤ ᠶᠢᠨ ᠲᠤᠯᠠᠳᠠ ᠥᠪᠡᠷᠲᠡᠭᠡᠨ ᠵᠠᠰᠠᠬᠤ ᠣᠷᠣᠨ ᠠᠴᠠ ᠠᠪᠤᠭᠰᠠᠨ ᠠᠷᠭ᠎ᠠ ᠬᠡᠮᠵᠢᠶ᠎ᠡ ᠨᠦᠭᠦᠳ ᠢ ᠬᠢᠨᠠᠮᠠᠭᠠᠢ

ᠨᠠᠶᠢᠳᠠᠪᠤᠷᠢᠵᠢᠭᠤᠯᠵᠤ᠂ ︽ᠳᠣᠯᠣᠭᠠᠨ ᠲᠠᠯ᠎ᠠ ᠪᠠᠷ ᠵᠢᠱᠢᠶᠡᠴᠢ ᠪᠣᠯᠬᠤ︾ ᠠᠵᠢᠯ ᠳᠤ ᠵᠢᠳᠬᠦᠯ ᠴᠢᠷᠮᠠᠶᠢᠯᠭ᠎ᠠ ᠭᠠᠷᠭᠠᠵᠤ᠂ ︽

ᠵᠢᠷᠭᠤᠭᠠᠨ ᠪᠠᠳᠠᠭ ᠦᠭᠡᠨ︾᠎ ᠤ ᠦᠢᠯᠡᠳᠦᠯᠭᠡ ᠪᠠ ᠤᠳᠬ᠎ᠠ ᠤᠴᠢᠷ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂

ᠡᠯ᠎ᠡ ᠦᠨᠳᠦᠰᠦᠲᠡᠨ ᠤ ᠠᠷᠠᠳ ᠲᠦᠮᠡᠨ ᠢ ᠳᠠᠶᠢᠴᠢᠯᠠᠨ ︽ᠨᠠᠮ ᠳᠤ ᠪᠠᠨ ᠲᠠᠯᠠᠷᠬᠠᠵᠤ᠂ ᠨᠠᠮ ᠤᠨ ᠵᠢᠯᠣᠭᠤᠳᠤᠯᠭ᠎ᠠ ᠶᠢ

ᠬᠦᠯᠢᠶᠡᠵᠦ᠂ ᠨᠠᠮ ᠢᠶᠠᠨ ᠳᠠᠭᠠᠨ᠎ᠠ︾᠃ ᠬᠤᠶᠠᠷ ᠲᠤ᠂ ᠡᠷᠬᠡᠪᠰᠢ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂

ᠪᠣᠬᠢᠷᠲᠤᠯ ᠦᠭᠡᠢ ᠬᠦᠭᠵᠢᠯᠲᠡ ᠶᠢᠨ ᠤᠳᠤᠷᠢᠳᠤᠮᠵᠢ ᠶᠢ ᠪᠠᠷᠢᠮᠲᠠᠯᠠᠬᠤ ᠬᠡᠷᠡᠭᠲᠡᠢ᠃ ᠠᠮᠢ ᠠᠬᠤᠶ ᠣᠷᠴᠢᠨ ᠲᠣᠭᠤᠷᠢᠨ ᠤ

ᠬᠠᠮᠠᠭᠠᠯᠠᠯᠲᠠ ᠶᠢ ᠢᠮᠠᠭᠲᠠ ᠲᠡᠷᠢᠭᠦᠨ ᠳᠤ ᠲᠠᠯᠪᠢᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠪᠥᠬᠦ

ᠣᠷᠣᠨ ᠪᠦᠰᠡ᠂ ᠪᠥᠬᠦ ᠠᠵᠢᠯ ᠤᠨ ᠶᠠᠪᠤᠴᠠ ᠳᠤ ᠲᠤᠤᠱᠯᠠᠭᠤᠯᠤᠨ᠂ ᠪᠣᠬᠢᠷᠳᠤᠯ ᠦᠭᠡᠢ ᠬᠦᠭᠵᠢᠯᠲᠡ ᠶᠢ ᠪᠥᠬᠦ ᠠᠵᠢᠯ ᠤᠨ

ᠬᠦᠷᠢᠶᠡᠨ ᠳᠤ ᠨᠠᠶᠢᠳᠠᠪᠤᠷᠢᠵᠢᠭᠤᠯᠤᠨ᠂ ᠨᠡᠭᠦᠷᠡᠰᠦᠲᠥ᠋ᠷᠥᠭᠴᠢ ᠶᠢ ᠬᠢᠵᠠᠭᠠᠷᠯᠠᠨ ᠪᠣᠬᠢᠷᠲᠤᠯ ᠢ ᠪᠠᠭᠠᠰᠬᠠᠵᠤ᠂

ᠨᠣᠭᠤᠭᠠᠷᠠᠭᠤᠯᠤᠯᠲᠠ ᠬᠢᠵᠦ᠂ ᠨᠡᠮᠡᠭᠳᠡᠯ ᠢ ᠠᠬᠢᠭᠤᠯᠤᠨ᠂ ᠰᠠᠶᠢᠨ ᠰᠠᠶᠢᠬᠠᠨ ᠪᠠᠶᠢᠭᠠᠯᠢ ᠣᠷᠴᠢᠨ ᠠᠮᠢ ᠠᠬᠤᠶ ᠪᠠᠷ

ᠰᠢᠯᠤᠭᠤᠨ ᠬᠥᠬᠡ ᠬᠤᠰᠢᠭᠤᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃

     ᠲᠥᠯᠥᠭᠡᠯᠡᠭᠴᠢᠳ ᠡ᠂ ᠪᠢᠳᠡ ᠳᠡᠭᠡᠷᠡᠬᠢ ᠠᠵᠢᠯ ᠢ ᠰᠠᠶᠢᠲᠤᠷ ᠠᠳᠬᠤᠬᠤ ᠶᠢᠨ ᠬᠠᠮᠲᠤ ᠬᠦᠴᠦᠨ ᠢᠶᠠᠨ

ᠲᠥᠪᠯᠡᠷᠡᠭᠦᠯᠦᠨ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠳᠣᠣᠷᠠᠬᠢ ᠮᠡᠲᠦ ᠠᠷᠪᠠᠨ ᠵᠦᠢᠯ ᠤᠨ ᠠᠵᠢᠯ ᠢ

ᠭᠤᠣᠯᠳᠠᠯᠭ᠎ᠠ ᠲᠠᠢ ᠬᠢᠬᠦ ᠪᠣᠯᠤᠨ᠎ᠠ᠂ ᠳᠠᠷᠤᠢ᠄ ᠨᠢᠭᠡ ᠳᠤ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠯᠭ᠎ᠠ ᠶᠢ

ᠪᠠᠲᠤᠯᠠᠬᠤ ᠢᠨᠵᠧᠨᠧᠷᠢᠩ ᠢ ᠬᠡᠷᠡᠭᠵᠢᠭᠦᠯᠦᠨ᠎ᠡ᠃ ᠬᠤᠶᠠᠷ ᠲᠤ᠂ ᠱᠠᠩᠳᠤ ᠪᠠᠯᠭᠠᠰᠤᠨ ᠤ ᠰᠠᠭᠤᠭᠠᠯᠢ ᠲᠣᠭᠤᠷᠢᠭ ᠪᠦᠬᠦᠨ ᠳᠤ

ᠥᠮᠴᠢᠲᠡᠨ ᠤ ᠵᠥᠪᠯᠡᠯ ᠪᠠᠶᠢᠭᠤᠯᠤᠨ᠎ᠠ᠃ ᠭᠤᠷᠪᠠ ᠳᠤ᠂ ᠰᠠᠩ ᠤᠨ ᠲᠡᠯᠡᠶ ᠪᠠᠯᠭᠠᠰᠤᠨ ᠤ ᠡᠪᠡᠰᠦᠨ ᠤ ᠦᠶᠯᠡᠰ ᠤᠨ

ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢ ᠬᠢᠨ᠎ᠠ᠃ ᠳᠥᠷᠪᠡ ᠳᠤ᠂ ᠬᠤᠰᠢᠭᠤ

ᠡᠮᠨᠡᠯᠭᠡ ᠶᠢᠨ ᠬᠤᠷᠢᠶᠠᠨ ᠤ ᠪᠠᠴᠢᠮ ᠠᠪᠤᠷᠠᠯᠲᠠ ᠶᠢᠨ ᠶᠡᠷᠦᠩᠬᠡᠶᠢᠯᠡᠭᠰᠡᠨ ᠠᠰᠠᠷ ᠤᠨ ᠮᠡᠰᠡ ᠵᠠᠰᠠᠯ ᠤᠨ ᠳᠠᠰᠤᠭ ᠪᠠ ᠰᠢᠯᠭᠠᠨ

ᠪᠠᠶᠢᠴᠠᠭᠠᠯᠲᠠ ᠶᠢᠨ ᠲᠥᠪ ᠢ ᠬᠡᠷᠡᠭᠯᠡᠯᠲᠡ ᠳᠤ ᠣᠷᠤᠭᠤᠯᠤᠨ᠎ᠠ᠃ ᠲᠠᠪᠤ ᠳᠤ᠂ ᠭᠤᠷᠪᠠᠳᠤᠭᠠᠷ ᠪᠠᠭ᠎ᠠ ᠰᠤᠷᠭᠠᠭᠤᠯᠢ ᠶᠢᠨ

ᠶᠡᠷᠦᠩᠬᠡᠶᠢᠯᠡᠭᠰᠡᠨ ᠠᠰᠠᠷ ᠢ ᠪᠠᠶᠢᠭᠤᠯᠤᠨ᠎ᠠ᠃ ᠵᠢᠷᠭᠤᠭ᠎ᠠ ᠳᠤ᠂ ᠱᠠᠩᠳᠤ ᠪᠡᠶ᠎ᠡ ᠶᠢᠨ ᠲᠠᠮᠢᠷ ᠤᠨ ᠤᠷᠳᠤᠨ ᠢ ᠪᠠᠶᠢᠭᠤᠯᠤᠨ᠎ᠠ᠃

ᠳᠣᠯᠤᠭ᠎ᠠ ᠳᠤ᠂ 50 ᠡᠷᠦᠬᠡ ᠣᠨᠴᠠ ᠬᠦᠴᠢᠷᠳᠡᠯᠲᠡᠢ ᠨᠠᠰᠤᠲᠠᠳ ᠤᠨ ᠦᠲᠡᠯᠦᠭᠡ ᠨᠠᠰᠤᠨ ᠤ ᠠᠮᠢᠳᠤᠷᠠᠯ ᠢ ᠬᠠᠯᠠᠮᠵᠢᠯᠠᠨ᠎ᠠ

᠃ ᠨᠠᠢᠮᠠ ᠳᠤ᠂ ᠱᠠᠩᠳᠤ ᠪᠠᠯᠭᠠᠰᠤᠨ ᠤ ᠠᠳᠤᠭᠤᠨ ᠬᠤᠳᠳᠤᠭ ᠭᠠᠴᠠᠭ᠎ᠠ᠂ ᠰᠧᠯᠠᠩᠴᠧᠩ ᠭᠠᠴᠠᠭ᠎ᠠ ᠪᠠ ᠪᠣᠷᠣᠬᠤᠲᠠ ᠶᠢᠨ

ᠨᠢᠭᠡᠳᠦᠭᠡᠷ ᠰᠠᠭᠤᠭᠠᠯᠢ ᠠᠷᠠᠳ ᠤᠨ ᠵᠥᠪᠯᠡᠯ ᠤᠨ ᠤᠯᠠᠭᠠᠨ ᠭᠤᠤ ᠳᠤ ᠤᠰᠤ ᠬᠦᠷᠦᠰᠦᠨ ᠤ ᠬᠠᠮᠠᠭᠠᠯᠠᠯᠲᠠ ᠶᠢ ᠪᠠᠲᠤᠯᠠᠬᠤ

ᠶᠡᠷᠦᠩᠬᠡᠶᠢᠯᠡᠭᠰᠡᠨ ᠵᠠᠰᠠᠯᠲᠠ ᠶᠢᠨ ᠠᠵᠢᠯ ᠢ ᠥᠷᠨᠢᠬᠦᠯᠦᠨ᠎ᠡ᠃ ᠶᠢᠰᠦ ᠳᠤ᠂ ᠬᠠᠪᠢᠷᠭ᠎ᠠ ᠪᠠᠯᠭᠠᠰᠤᠨ ᠤ ᠴᠢᠩ ᠹᠧᠩ

ᠲᠣᠰᠬᠤᠨ᠂ ᠬᠦᠢᠰᠦ ᠶᠢᠨ ᠭᠤᠣᠯ ᠲᠣᠰᠬᠤᠨ᠂ ᠬᠤᠩ ᠰᠢᠩ ᠲᠣᠰᠬᠤᠨ ᠪᠠ ᠪᠣᠱᠣᠣᠳᠠᠢ ᠰᠣᠮᠣᠨ ᠤ ᠬᠦᠢᠰᠦ ᠶᠢᠨ ᠭᠤᠣᠯ

ᠭᠠᠴᠠᠭᠠᠨ ᠳᠤ ᠠᠭᠤᠯᠠᠨ ᠦᠶᠡᠷ ᠢ ᠰᠡᠷᠭᠡᠶᠢᠯᠡᠬᠦ ᠬᠠᠰᠢᠯᠭ᠎ᠠ ᠪᠠᠶᠢᠭᠤᠯᠤᠨ᠎ᠠ᠃ ᠠᠷᠪᠠ ᠳᠤ᠂ ᠰᠣᠮᠣ ᠪᠠᠯᠭᠠᠰᠤᠨ ᠤ ᠳᠡᠰ ᠤᠨ

ᠨᠠᠰᠤᠲᠠᠳ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ 1᠎ ᠶᠢ ᠥᠭᠡᠷᠡᠴᠢᠯᠡᠨ ᠪᠠᠶᠢᠭᠤᠯᠤᠨ᠎ᠠ᠃

    ᠲᠥᠯᠥᠭᠡᠯᠡᠭᠴᠢᠳ ᠡ᠂ ᠨᠥᠬᠦᠳ ᠡ᠂ ᠪᠢᠳᠡ ᠪᠦᠯᠬᠦᠮᠳᠡᠨ ᠨᠢᠭᠡᠳᠴᠦ ᠬᠦᠴᠦᠨ ᠢᠶᠠᠨ ᠬᠠᠮᠳᠤᠳᠬᠠᠨ ᠰᠢ ᠶᠢᠨ ᠫᠢᠩ

ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠢ

᠎ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ

ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ

ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ᠂

ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠪᠣᠯᠤᠨ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ

ᠳᠣᠤᠷ᠎ᠠ᠂ ᠦᠷᠭᠦᠯᠵᠢᠯᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠣᠳᠣᠬᠢᠴᠢᠯᠠᠭᠰᠠᠨ ᠰᠢᠯᠤᠭᠤᠨ ᠬᠥᠬᠡ ᠬᠤᠰᠢᠭᠤ

᠎ ᠶᠢ ᠪᠠᠶᠢᠭᠤᠯᠬᠤ ᠪᠠᠷ ᠴᠢᠷᠮᠠᠶᠢᠨ ᠲᠡᠮᠡᠴᠡᠵᠡᠭᠡᠶ᠎ᠡ︕

ᠨᠡᠷ᠎ᠡ ᠦᠭᠡᠰ ᠤᠨ ᠲᠠᠶᠢᠯᠪᠤᠷᠢ

1. ︽ᠬᠤᠶᠠᠷ ᠢ ᠰᠢᠯᠢᠳᠡᠭᠵᠢᠬᠦᠯᠬᠦ︾᠄ ᠠᠷᠠᠯᠵᠢᠶ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠵᠠᠰᠠᠭ ᠤᠨ

ᠣᠷᠳᠣᠨ ᠤ ᠦᠶᠯᠡᠴᠢᠯᠡᠭᠡ ᠶᠢ ᠰᠢᠯᠢᠳᠡᠭᠵᠢᠭᠦᠯᠦᠨ᠎ᠡ᠃

2. ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠢᠷᠭᠤᠭᠠᠨ ᠵᠣᠷᠪᠤᠰ︾᠄ ᠠᠵᠤ ᠠᠬᠤᠶᠢᠯᠠᠯ ᠡᠷᠬᠢᠯᠡᠬᠦ ᠭᠠᠷ

ᠭᠦᠢᠴᠡᠳᠭᠡᠯ ᠬᠢᠬᠦ ᠴᠠᠭ ᠢ ᠬᠠᠭᠠᠰ ᠢᠶᠠᠷ ᠪᠠᠭᠠᠰᠬᠠᠵᠤ᠂ ᠳᠥᠰᠥᠯ ᠢ ᠬᠢᠨᠠᠨ ᠵᠥᠪᠰᠢᠶᠡᠷᠡᠬᠦ ᠴᠠᠭ ᠢ ᠬᠠᠭᠠᠰ ᠢᠶᠠᠷ ᠬᠠᠰᠤᠵᠤ᠂

ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡ ᠰᠦᠯᠵᠢᠶ᠎ᠡ ᠪᠠᠷ ᠨᠡᠪᠲᠡᠷᠡᠭᠦᠯᠵᠦ᠂ ᠠᠵᠤ ᠠᠬᠤᠶᠢᠯᠠᠯ ᠪᠠ ᠣᠯᠠᠨ

ᠲᠦᠮᠡᠨ ᠭᠠᠷᠳᠠᠮ ᠭᠦᠢᠴᠡᠳᠭᠡᠯ ᠬᠢᠬᠦ ᠳᠡᠭᠡᠨ ᠨᠢᠭᠡᠯᠡ ᠭᠠᠵᠠᠷ ᠣᠴᠢᠵᠤ᠂ ᠬᠠᠮᠤᠭ ᠣᠯᠠᠨ ᠳᠠᠭᠠᠨ ᠨᠢᠭᠡ ᠯᠡ ᠤᠳᠠᠭ᠎ᠠ

ᠭᠦᠶᠦᠵᠦ᠂ ᠬᠠᠤᠯᠢ ᠴᠠᠭᠠᠵᠠ ᠳᠥᠷᠢᠮ ᠲᠣᠭᠲᠠᠭᠠᠯ ᠤᠨ ᠦᠨᠳᠦᠰᠦᠯᠡᠯ ᠦᠭᠡᠶ ᠭᠡᠷᠡᠴᠢ ᠪᠦᠬᠦᠨ ᠢ ᠴᠥᠮ ᠬᠦᠴᠦᠨ ᠦᠭᠡᠶ

ᠪᠣᠯᠭᠠᠨ᠎ᠠ᠃

3. ︽ᠪᠠᠷᠢᠮᠵᠢᠶᠠᠲᠤ ᠭᠠᠵᠠᠷ︾᠄ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠮᠵᠢᠶ᠎ᠡ᠂ ᠮᠦ ᠪᠦᠷᠢ ᠶᠢᠨ

ᠭᠠᠶᠢᠯᠢ ᠶᠢᠨ ᠣᠷᠤᠯᠭ᠎ᠠ᠂ ᠡᠨᠧᠷᠭᠢ ᠶᠢᠨ ᠬᠤᠷᠣᠭᠳᠠᠯ᠂ ᠭᠠᠳᠠᠭᠰᠢᠯᠠᠭᠤᠯᠤᠯᠲᠠ ᠶᠢᠨ ᠬᠡᠮᠵᠢᠶ᠎ᠡ᠂ ᠪᠠᠭᠲᠠᠭᠠᠮᠵᠢ ᠵᠡᠷᠭᠡ ᠶᠢ

ᠲᠣᠳᠤᠷᠬᠠᠶᠢᠯᠠᠭᠰᠠᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠤᠯᠤᠰ ᠤᠨ ᠥᠮᠴᠢᠯᠡᠯᠲᠦ ᠭᠠᠵᠠᠷ᠂ ᠠᠵᠤ ᠠᠬᠤᠶᠢᠯᠠᠯ ᠨᠢ

ᠪᠠᠷᠢᠮᠵᠢᠶ᠎ᠠ ᠶᠣᠰᠣᠭᠠᠷ ᠨᠡᠭᠡᠭᠡᠨ ᠠᠰᠢᠭᠯᠠᠵᠤ᠂ ᠬᠢᠨᠠᠨ ᠬᠠᠮᠢᠶᠠᠷᠬᠤ ᠨᠢᠭᠡᠴᠡ ᠠᠴᠠ ᠪᠠᠷᠢᠮᠵᠢᠶ᠎ᠠ ᠶᠣᠰᠤᠭᠠᠷ ᠰᠢᠯᠭᠠᠨ ᠬᠢᠨᠠᠳᠠᠭ

ᠠᠵᠤ ᠦᠢᠯᠡᠳᠪᠦᠷᠢ ᠶᠢᠨ ᠠᠵᠤ ᠦᠢᠯᠡᠰ ᠲᠤ ᠬᠡᠷᠡᠭᠯᠡᠳᠡᠭ ᠭᠠᠵᠠᠷ ᠢ ᠵᠢᠭᠠᠵᠤ ᠪᠤᠢ᠃

4. ︽ᠭᠤᠷᠪᠠᠨ ᠵᠦᠢᠯ ᠤᠨ ᠠᠯᠪᠠᠨ ᠵᠠᠷᠤᠳᠠᠯ︾᠄ ᠠᠯᠪᠠᠨ ᠶᠠᠪᠤᠳᠠᠯ ᠢᠶᠠᠷ ᠭᠠᠳᠠᠭᠠᠳᠤ ᠳᠤ ᠭᠠᠷᠬᠤ ᠵᠠᠷᠤᠳᠠᠯ᠂ ᠠᠯᠪᠠᠨ

ᠶᠠᠪᠤᠳᠠᠯ ᠤᠨ ᠵᠣᠴᠢᠯᠠᠬᠤ ᠵᠠᠷᠤᠳᠠᠯ᠂ ᠠᠯᠪᠠᠨ ᠤ ᠲᠡᠷᠭᠡᠨ ᠤᠨᠤᠭᠠᠨ ᠤ ᠵᠠᠷᠤᠳᠠᠯ ᠪᠣᠯᠤᠨ ᠠᠯᠪᠠᠨ ᠤ ᠡᠳ᠋ ᠪᠤᠳᠠᠰ

ᠬᠤᠳᠠᠯᠳᠤᠨ ᠠᠪᠬᠤ ᠵᠠᠷᠤᠳᠠᠯ᠃

5. ᠵᠠᠬᠢᠳᠠᠯ ᠰᠤᠷᠪᠤᠯᠵᠢᠯᠠᠭ᠎ᠠ ᠶᠢᠨ ︽ᠭᠤᠷᠪᠠᠨ ᠨᠣᠷᠮ᠎ᠠ︾᠄ ᠬᠦᠯᠢᠶᠡᠨ ᠠᠪᠴᠤ ᠰᠢᠶᠳᠪᠦᠷᠢᠯᠡᠬᠦ ᠨᠣᠷᠮ᠎ᠠ᠂

ᠰᠢᠶᠳᠪᠦᠷᠢᠯᠡᠵᠦ ᠳᠠᠭᠤᠰᠬᠠᠬᠤ ᠨᠣᠷᠮ᠎ᠠ᠂ ᠣᠯᠠᠨ ᠲᠦᠮᠡᠨ ᠤ ᠬᠠᠨᠤᠮᠵᠢ ᠶᠢᠨ ᠨᠣᠷᠮ᠎ᠠ᠃

6. ︽ᠬᠤᠶᠠᠷ ᠢ ᠲᠣᠭᠲᠠᠭᠠᠬᠤ︾᠄ ᠰᠢ ᠶᠢᠨ ᠫᠢᠩ ᠨᠥᠬᠦᠷ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ ᠪᠠᠶᠢᠷᠢ

ᠰᠠᠭᠤᠷᠢ᠂ ᠪᠦᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠲᠣᠭᠲᠠᠭᠠᠬᠤ᠂ ᠰᠢ ᠶᠢᠨ ᠫᠢᠩ ᠤᠨ ᠰᠢᠨ᠎ᠡ ᠴᠠᠭ

ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠬᠤ ᠪᠠᠶᠢᠷᠢ

ᠰᠠᠭᠤᠷᠢ ᠶᠢ ᠲᠣᠭᠲᠠᠭᠠᠬᠤ᠃

7. ︽ᠬᠤᠶᠠᠷ ᠢ ᠬᠠᠮᠠᠭᠠᠯᠠᠬᠤ︾᠄ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠪᠣᠯᠤᠨ ᠪᠦᠬᠦ ᠨᠠᠮ

᠎ ᠤᠨ ᠭᠤᠣᠯᠯᠠᠭᠴᠢ ᠪᠠᠶᠢᠷᠢ ᠰᠠᠭᠤᠷᠢ ᠶᠢ ᠡᠷᠡᠰ ᠬᠠᠮᠠᠭᠠᠯᠠᠨ᠎ᠠ᠃ ᠨᠠᠮ ᠤᠨ ᠲᠥᠪ ᠬᠤᠷᠢᠶᠠᠨ ᠤ ᠡᠷᠬᠡ ᠰᠦᠷ ᠪᠠ

ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠨ᠎ᠠ᠃

8. ︽ᠵᠢᠷᠭᠤᠭᠠᠨ ᠵᠦᠢᠯ ᠤᠨ ᠢᠨᠵᠧᠨᠧᠷᠢᠩ︾᠄ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂

ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠢᠨᠵᠧᠨᠧᠷᠢᠩ᠂

ᠳᠤᠯᠠᠭᠠᠯᠭ᠎ᠠ ᠶᠢᠨ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ

ᠤᠬᠠᠭᠠᠨ ᠪᠠᠷ ᠰᠢᠨ᠎ᠡ ᠶᠢ ᠡᠭᠦᠳᠬᠦ ᠢᠨᠵᠧᠨᠧᠷᠢᠩ᠂ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ

ᠢᠨᠵᠧᠨᠧᠷᠢᠩ᠃

9. ︽ᠬᠤᠪᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠡᠷᠦᠬᠡ ᠶᠢ ᠠᠵᠤ ᠠᠬᠤᠶᠢᠯᠠᠯ ᠳᠤ ᠰᠢᠯᠵᠢᠬᠦᠯᠬᠦ︾᠄ ᠬᠤᠪᠢ ᠶᠢᠨ

ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠵᠦ ᠠᠵᠤ ᠠᠬᠤᠶᠢᠯᠠᠯ

ᠪᠣᠯᠭᠠᠨ᠎ᠠ᠃

10. ︽ᠵᠢᠵᠢᠭ ᠠᠵᠤ ᠠᠬᠤᠶᠢᠯᠠᠯ ᠢ ᠬᠡᠪᠴᠢᠶᠡᠵᠢᠯ ᠤᠨ ᠠᠵᠤ ᠠᠬᠤᠶᠢᠯᠠᠯ ᠵᠦᠭ ᠬᠤᠪᠢᠷᠠᠭᠤᠯᠬᠤ︾᠄ ᠵᠢᠵᠢᠭ ᠠᠵᠤ

ᠠᠬᠤᠶᠢᠯᠠᠯ ᠢ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠪᠣᠯᠭᠠᠨ ᠳᠡᠰ ᠳᠡᠪᠰᠢᠭᠦᠯᠦᠨ᠎ᠡ᠃

11. ︽ᠶᠢᠰᠦᠨ ᠣᠷᠣᠨ ᠬᠤᠶᠠᠷ ᠪᠦᠰᠡ ᠨᠢᠭᠡ ᠰᠠᠭᠤᠷᠢᠨ︾᠄ ᠨᠡᠭᠦᠳᠡᠯ ᠮᠠᠩᠬ᠎ᠠ ᠶᠢ ᠵᠠᠰᠠᠬᠤ ᠣᠷᠣᠨ᠂ ᠬᠠᠭᠠᠰ

ᠲᠣᠭᠲᠠᠮᠠᠯ ᠡᠯᠡᠰᠦ ᠶᠢ ᠵᠠᠰᠠᠬᠤ ᠣᠷᠣᠨ᠂ ᠲᠣᠭᠲᠠᠮᠠᠯ ᠡᠯᠡᠰᠦ ᠶᠢ ᠵᠠᠰᠠᠬᠤ ᠣᠷᠣᠨ᠂ ᠭᠤᠤᠯᠳᠠᠯᠭ᠎ᠠ ᠲᠠᠢ ᠣᠷᠣᠨ ᠢ

ᠰᠡᠷᠭᠦᠭᠡᠨ ᠵᠠᠰᠠᠬᠤ ᠣᠷᠣᠨ᠂ ᠨᠤᠭᠤ ᠭᠠᠵᠠᠷ ᠤᠨ ᠬᠠᠮᠠᠭᠠᠯᠠᠯᠲᠠ ᠶᠢᠨ ᠣᠷᠣᠨ ᠢ ᠰᠡᠷᠭᠦᠭᠡᠨ ᠵᠠᠰᠠᠬᠤ᠂ ᠠᠭᠤᠷᠬᠠᠶ ᠶᠢᠨ

ᠣᠷᠣᠨ ᠢ ᠰᠡᠷᠭᠦᠭᠡᠨ ᠵᠠᠰᠠᠬᠤ᠂ ᠲᠠᠷᠢᠶᠠᠨ ᠭᠠᠵᠠᠷ ᠢ ᠬᠠᠮᠠᠭᠠᠯᠠᠬᠤ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ

ᠪᠦᠲᠦᠭᠡᠨ ᠪᠠᠶᠢᠭᠤᠯᠤᠯᠲᠠ ᠶᠢᠨ ᠣᠷᠣᠨ᠂ ᠬᠤᠵᠢᠷᠯᠢᠭ ᠭᠠᠵᠠᠷ ᠤᠨ ᠠᠮᠢ ᠠᠬᠤᠶ ᠶᠢ ᠵᠠᠰᠠᠬᠤ ᠣᠷᠣᠨ᠂ ᠡᠯᠡᠰᠦᠷᠬᠡᠭᠵᠢᠯ ᠢ

ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠤᠷᠰᠢᠯᠲᠠ ᠶᠢᠨ ᠣᠷᠣᠨ᠃ ᠲᠡᠮᠦᠷ

ᠵᠠᠮ᠂ ᠵᠠᠰᠠᠮᠠᠯ ᠵᠠᠮ ᠤᠨ ᠬᠤᠶᠠᠷ ᠬᠠᠪᠢ ᠶᠢ ᠶᠡᠷᠦᠩᠬᠡᠶᠢᠯᠡᠨ ᠵᠠᠰᠠᠬᠤ᠃ ᠴᠢᠬᠢ ᠮᠣᠳᠤ ᠶᠢ ᠪᠣᠶᠢᠵᠢᠭᠤᠯᠬᠤ ᠰᠠᠭᠤᠷᠢᠨ᠃

12. ︽ᠲᠦᠮᠡ ᠮᠢᠩᠭᠠᠨ ᠲᠣᠰᠬᠤᠨ ᠤ ᠢᠨᠵᠧᠨᠧᠷᠢᠩ︾᠄ ᠰᠢ ᠶᠢᠨ ᠫᠢᠩ ᠨᠥᠬᠦᠷ ᠵᠧᠵᠢᠶᠠᠩ ᠮᠤᠵᠢ ᠳᠤ ᠠᠵᠢᠯᠯᠠᠵᠤ

ᠪᠠᠶᠢᠬᠤ ᠳᠠᠭᠠᠨ ᠪᠡᠶ᠎ᠡ ᠪᠠᠷ ᠢᠶᠠᠨ ᠲᠥᠯᠥᠪᠯᠡᠵᠦ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠠᠬᠢᠭᠤᠯᠤᠭᠰᠠᠨ

ᠨᠢᠭᠡᠨ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠮᠥᠨ᠃ ᠪᠦᠬᠦ ᠮᠤᠵᠢ ᠠᠴᠠ ᠲᠥᠮᠡᠨ ᠵᠠᠰᠠᠭ ᠵᠠᠬᠢᠷᠭᠠᠨ ᠤ ᠲᠣᠰᠬᠤᠨ ᠢ

ᠰᠣᠩᠭᠤᠵᠤ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠲᠡᠭᠦᠨ ᠤ ᠳᠣᠲᠣᠷᠠᠬᠢ 1000 ᠲᠣᠰᠬᠤᠨ ᠢ ᠪᠦᠬᠦ ᠲᠠᠯ᠎ᠠ ᠪᠠᠷ

ᠴᠢᠨᠡᠭᠡᠯᠢᠭᠵᠢᠭᠰᠡᠨ ᠵᠢᠱᠢᠶ᠎ᠡ ᠦᠵᠡᠭᠦᠯᠬᠦ ᠲᠣᠰᠬᠤᠨ ᠪᠣᠯᠭᠠᠨ ᠪᠦᠳᠦᠭᠡᠨ ᠪᠠᠶᠢᠭᠤᠯᠤᠭᠰᠠᠨ᠃

13. ︽ᠵᠠᠮ ᠳᠡᠭᠡᠭᠦᠷ ᠬᠦᠭᠦᠷᠭᠡ ᠪᠠᠶᠢᠭᠤᠯᠬᠤ︾᠄ ᠲᠡᠮᠦᠷ ᠵᠠᠮ ᠪᠣᠯᠤᠨ ᠵᠠᠰᠠᠮᠠᠯ ᠵᠠᠮ ᠤᠨ ᠠᠭᠤᠯᠵᠠᠭᠤᠷ ᠣᠷᠣᠨ ᠳᠤ

ᠭᠦᠬᠦᠷᠭᠡ ᠵᠠᠰᠠᠨ᠂ ᠵᠠᠮ ᠨᠡᠪᠳᠡᠷᠡᠯᠭᠡ ᠶᠢ ᠰᠢᠯᠤᠭᠤᠳᠬᠠᠬᠤ᠃

14. ︽ᠭᠤᠷᠪᠠᠨ ᠰᠢᠯᠢᠳᠡᠭ ᠤᠨ ᠢᠨᠵᠧᠨᠧᠷᠢᠩ︾᠄ ᠰᠢᠯᠢᠳᠡᠭ ᠪᠠᠭᠰᠢ᠂ ᠰᠢᠯᠢᠳᠡᠭ ᠠᠩᠭᠢ ᠶᠢᠨ ᠡᠷᠬᠢᠯᠡᠭᠴᠢ᠂ ᠰᠢᠯᠢᠳᠡᠭ

ᠰᠤᠷᠭᠠᠭᠤᠯᠢ ᠶᠢᠨ ᠵᠠᠬᠢᠷᠤᠯ᠃

15. ︽ᠰᠤᠷᠭᠠᠨ ᠬᠥᠮᠦᠵᠢᠯ ᠤᠨ ᠵᠠᠯᠠᠭᠤ ᠰᠣᠳᠣᠨ︾᠄ ᠵᠢᠭᠠᠨ ᠰᠤᠷᠭᠠᠬᠤ ᠦᠶᠯᠡᠳᠦᠯᠭᠡ ᠶᠢᠨ ᠴᠢᠳᠠᠪᠤᠷᠢ ᠪᠠᠷ ᠴᠢᠩᠭ᠎ᠠ᠂

ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠣᠳᠠᠲᠤ ᠠᠮᠵᠢᠯᠲᠠ ᠪᠠᠷ ᠲᠣᠪᠣᠶᠢᠮ᠎ᠠ ᠰᠢᠯᠢᠳᠡᠭ ᠵᠠᠯᠠᠭᠤ ᠪᠠᠭᠰᠢ᠃

16. ︽ᠰᠢᠯᠢᠳᠡᠭ ᠳᠠᠭᠠᠭᠤᠯᠤᠭᠴᠢ︾᠄ ᠵᠢᠭᠠᠨ ᠰᠤᠷᠭᠠᠯᠲᠠ ᠶᠢᠨ ᠲᠤᠷᠰᠢᠯᠭ᠎ᠠ ᠪᠠᠷ ᠪᠠᠶᠠᠯᠢᠭ ᠰᠢᠯᠢᠳᠡᠭ ᠪᠠᠭᠰᠢ ᠠᠴᠠ

ᠵᠠᠯᠠᠭᠤ ᠪᠠᠭᠰᠢ ᠶᠢ ᠳᠠᠭᠠᠭᠤᠯᠤᠨ ᠬᠦᠮᠦᠵᠢᠬᠦᠯᠬᠦ᠃

17. ︽ᠵᠢᠱᠢᠶᠡᠴᠢ ᠰᠤᠷᠭᠠᠭᠤᠯᠢ︾᠄ ᠵᠢᠭᠠᠨ ᠰᠤᠷᠭᠠᠬᠤ ᠪᠠ ᠬᠡᠤᠬᠡᠳ ᠬᠥᠮᠦᠵᠢᠭᠦᠯᠬᠦ ᠲᠠᠯ᠎ᠠ ᠪᠠᠷ ᠦᠯᠢᠭᠡᠷ ᠳᠠᠭᠤᠷᠢᠶᠠᠯ

ᠪᠤᠶᠤ ᠵᠢᠱᠢᠶ᠎ᠡ ᠪᠣᠯᠵᠤ ᠪᠣᠯᠬᠤᠶᠢᠴᠠ ᠰᠤᠷᠭᠠᠭᠤᠯᠢ᠃

18. ︽ᠬᠤᠶᠠᠷ ᠢ ᠬᠦᠩᠭᠡᠷᠡᠭᠦᠯᠬᠦ︾᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ

ᠬᠡᠲᠦ ᠬᠦᠨᠳᠦ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ

ᠬᠥᠩᠭᠡᠷᠡᠭᠦᠯᠦᠨ᠎ᠡ᠃

19. ︽ᠳᠥᠷᠪᠡᠨ ᠤᠬᠠᠮᠰᠠᠷ︾᠄ ᠤᠯᠤᠰ ᠲᠥᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠲᠥᠪ ᠢ ᠪᠠᠷᠢᠮᠲᠠᠯᠠᠬᠤ

ᠤᠬᠠᠮᠰᠠᠷ᠂ ᠨᠢᠭᠡᠳᠦᠯᠲᠡᠢ ᠪᠠᠶᠢᠬᠤ ᠤᠬᠠᠮᠰᠠᠷ᠃

20. ︽ᠳᠥᠷᠪᠡᠨ ᠢᠲᠡᠭᠡᠯ︾᠄ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ ᠢᠲᠡᠭᠡᠯ᠂

ᠣᠨᠣᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ᠃

21. ︽ᠳᠥᠷᠪᠡ ᠶᠢ ᠦᠨᠳᠦᠰᠦᠨ ᠱᠠᠲᠤᠨ ᠳᠤ ᠬᠦᠷᠭᠡᠬᠦ︾᠄ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ

᠎ ᠶᠢ ᠦᠨᠳᠦᠰᠦᠨ ᠱᠠᠲᠤᠨ ᠳᠤ ᠬᠦᠷᠭᠡᠬᠦ᠂ ᠪᠠᠶᠢᠴᠠᠭᠠᠨ ᠰᠤᠳᠤᠯᠤᠯᠲᠠ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ᠂

ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠠᠵᠢᠯ ᠢ ᠦᠨᠳᠦᠰᠦᠨ ᠱᠠᠲᠤᠨ ᠳᠤ ᠬᠦᠷᠭᠡᠬᠦ᠂ ᠦᠨᠳᠦᠰᠦᠨ ᠱᠠᠲᠤᠨ ᠢ

ᠬᠦᠷᠴᠦ ᠠᠵᠢᠯᠯᠠᠬᠤ᠃

22. ︽ᠳᠣᠯᠣᠭᠠᠨ ᠵᠦᠢᠯ ᠢ ᠲᠠᠶᠠᠭᠳᠠᠬᠤ︾᠄ ︽ᠪᠡᠶ᠎ᠡ ᠪᠠᠨ ᠭᠤᠯᠣᠬᠤ︾ ᠪᠣᠳᠣᠯ ᠢᠶᠠᠨ ᠲᠠᠶᠠᠭᠳᠠᠬᠤ᠂ ︽ᠤᠳᠠᠭᠠᠯᠢᠭ

ᠬᠦᠭᠵᠢᠯᠲᠡ︾᠎ ᠶᠢᠨ ᠪᠣᠳᠣᠯ ᠢᠶᠠᠨ ᠲᠠᠶᠠᠭᠳᠠᠬᠤ᠂ ︽ᠶᠠᠪᠤᠴᠠ ᠶᠢ ᠴᠢᠬᠤᠯᠠᠴᠢᠯᠠᠬᠤ︾ ᠪᠣᠳᠣᠯ ᠢᠶᠠᠨ ᠲᠠᠶᠠᠭᠳᠠᠬᠤ᠂ ︽

ᠬᠠᠷᠢᠭᠤᠴᠠᠯᠭ᠎ᠠ ᠡᠭᠦᠷᠭᠡᠯᠡᠬᠦ ᠦᠭᠡᠢ︾ ᠪᠣᠳᠣᠯ ᠢᠶᠠᠨ ᠲᠠᠶᠠᠭᠳᠠᠬᠤ᠂ ︽ᠨᠢᠳᠦᠨ ᠡᠮᠦᠨᠡᠬᠢ︾᠎ ᠪᠠᠨ ᠬᠠᠷᠠᠬᠤ ᠰᠡᠳᠭᠢᠬᠦᠢ ᠪᠠᠨ

ᠲᠠᠶᠠᠭᠳᠠᠬᠤ᠂ ︽ᠬᠤᠶᠢᠷᠭᠤ︾ ᠵᠠᠩ ᠢᠶᠠᠨ ᠲᠠᠶᠠᠭᠳᠠᠬᠤ᠂ ︽ᠦᠢᠯᠡᠳᠪᠦᠷᠢᠯᠡᠯ ᠢ ᠬᠦᠨᠳᠦᠳᠬᠡᠵᠦ ᠡᠵᠡᠩᠨᠡᠯᠲᠡ ᠶᠢ

ᠬᠥᠩᠭᠡᠪᠴᠢᠯᠡᠬᠦ︾ ᠦᠵᠡᠯᠲᠡ ᠪᠠᠨ ᠲᠠᠶᠠᠭᠳᠠᠬᠤ᠃

23. ︽ᠵᠢᠷᠭᠤᠭᠠᠨ ᠪᠠᠳᠠᠭ ᠦᠭᠡᠨ ᠤ ᠦᠢᠯᠡᠳᠦᠯᠭᠡ ᠪᠠ ᠤᠳᠬ᠎ᠠ ᠤᠴᠢᠷ︾᠄ ᠥᠪᠥᠷ ᠮᠣᠩᠭᠤᠯ ᠪᠣᠯ ᠬᠠᠮᠤᠭ ᠡᠷᠲᠡ

ᠳᠤᠮᠳᠠᠳᠤ ᠤᠯᠤᠰ ᠤᠨ ᠡᠪ ᠬᠠᠮᠲᠤ ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠤᠭᠰᠠᠨ ᠦᠨᠳᠦᠰᠦᠲᠡᠨ ᠤ ᠣᠷᠣᠨ

ᠪᠣᠯᠤᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ

ᠬᠤᠷᠢᠶᠠᠨ ᠤ ᠰᠢᠭᠤᠳ ᠤᠳᠤᠷᠢᠳᠤᠯᠭ᠎ᠠ ᠳᠣᠣᠷ᠎ᠠ ᠪᠠᠶᠢᠭᠤᠯᠤᠭᠳᠠᠭᠰᠠᠨ ᠶᠤᠮ᠃ ᠥᠪᠥᠷ ᠮᠣᠩᠭᠤᠯ ᠪᠣᠯ ᠨᠠᠮ ᠤᠨ ᠲᠥᠪ

ᠬᠤᠷᠢᠶᠠᠨ ᠤ ᠳᠡᠮᠵᠢᠯᠭᠡ ᠳᠣᠣᠷ᠎ᠠ ᠬᠥᠭᠵᠢᠵᠦ ᠢᠷᠡᠭᠰᠡᠨ ᠶᠤᠮ᠃ ᠥᠪᠥᠷ ᠮᠣᠩᠭᠤᠯ ᠤᠨ ᠠᠵᠢᠯ ᠤᠨ ᠳᠤᠮᠳᠠ ᠢᠯᠡᠷᠡᠭᠰᠡᠨ

ᠴᠢᠬᠤᠯᠠ ᠶᠡᠭᠡ ᠠᠯᠳᠠᠭ᠎ᠠ ᠶᠢ ᠴᠥᠮ ᠨᠠᠮ ᠤᠨ ᠲᠥᠪ ᠬᠤᠷᠢᠶ᠎ᠠ ᠠᠴᠠ ᠬᠠᠪᠰᠤᠷᠤᠨ ᠵᠠᠯᠠᠷᠠᠭᠤᠯᠪᠠ᠃ ᠥᠪᠥᠷ ᠮᠣᠩᠭᠤᠯ ᠤᠨ

ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠪᠣᠯ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ

ᠬᠠᠯᠠᠮᠵᠢᠯᠠᠯ ᠪᠠ ᠵᠢᠯᠤᠭᠤᠳᠤᠯᠭ᠎ᠠ ᠠᠴᠠ ᠢᠷᠡᠭᠰᠡᠨ ᠶᠤᠮ᠃ ᠨᠠᠮ ᠢᠶᠠᠨ ᠭᠤᠶᠢᠪᠠᠰᠢ ᠦᠭᠡᠢ ᠳᠠᠭᠠᠭᠰᠠᠨ ᠠᠴᠠ ᠥᠪᠥᠷ

ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠶᠤᠮ᠃

24. ︽ᠭᠤᠷᠪᠠᠨ ᠠᠷᠪᠢᠨ᠂ ᠭᠤᠷᠪᠠᠨ ᠴᠥᠭᠡᠨ᠂ ᠭᠤᠷᠪᠠᠨ ᠤᠳᠠᠭᠠᠨ︾᠄ ᠬᠤᠷᠠᠯ ᠠᠷᠪᠢᠨ᠂ ᠠᠵᠢᠯᠯᠠᠭ᠎ᠠ ᠬᠥᠳᠡᠯᠭᠡᠭᠡᠨ

ᠠᠷᠪᠢᠨ᠂ ᠭᠠᠳᠠᠭᠰᠢ ᠭᠠᠷᠬᠤ ᠨᠢ ᠠᠷᠪᠢᠨ᠃ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ

ᠰᠡᠳᠬᠢᠴᠡ ᠴᠥᠭᠡᠨ᠂ ᠪᠣᠳᠠᠲᠠᠶ ᠠᠰᠠᠭᠤᠳᠠᠯ ᠢ ᠰᠢᠶᠳᠪᠦᠷᠢᠯᠡᠬᠦ ᠨᠢ ᠴᠥᠭᠡᠨ᠃ ᠰᠢᠶᠳᠪᠦᠷᠢᠲᠦ ᠪᠣᠳᠣᠯᠭ᠎ᠠ ᠶᠢ

ᠪᠤᠳᠠᠲᠠᠶᠢᠵᠢᠭᠤᠯᠬᠤ ᠨᠢ ᠤᠳᠠᠭᠠᠨ᠂ ᠦᠢᠯᠡᠳᠴᠦ ᠬᠢᠬᠦ ᠨᠢ ᠤᠳᠠᠭᠠᠨ᠂ ᠦᠷ᠎ᠡ ᠪᠦᠳᠦᠮᠵᠢ ᠭᠠᠷᠭᠠᠬᠤ ᠨᠢ ᠤᠳᠠᠭᠠᠨ᠃

 

 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号