ᠤᠯᠤᠰ ᠲᠥᠷᠥ ᠶᠢᠨ ᠵᠥᠪᠯᠡᠯᠭᠡᠨ ᠤ ᠰᠢᠯᠤᠭᠤᠨ ᠬᠥᠬᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ  ᠤ ᠬᠤᠷᠢᠶᠠᠨ ᠤ ᠭᠤᠷᠪᠠᠳᠤᠭᠠᠷ ᠬᠤᠷᠠᠯ ᠡᠬᠢᠯᠡᠯ᠎ᠡ
ᠨᠡᠶᠢᠲᠡᠯᠡᠭᠰᠡᠨ ᠴᠠᠭ᠄
2024/1/26

 

1 ᠰᠠᠷ᠎ᠠ ᠶᠢᠨ 25 ᠤ ᠡᠳᠦᠷ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ

ᠰᠢᠯᠤᠭᠤᠨ ᠬᠥᠬᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ

ᠡᠬᠢᠯᠡᠵᠦ᠂ ᠪᠦᠬᠦ ᠬᠤᠰᠢᠭᠤᠨ ᠤ ᠡᠯ᠎ᠡ ᠠᠵᠢᠯ ᠲᠦᠷᠦᠯ᠂ ᠡᠯ᠎ᠡ ᠹᠷᠣᠨᠲ ᠠᠴᠠ ᠢᠷᠡᠭᠰᠡᠨ ᠤᠯᠤᠰ ᠲᠥᠷᠦ ᠶᠢᠨ

ᠵᠥᠪᠯᠡᠯᠭᠡᠨ ᠤ ᠭᠡᠰᠢᠭᠦᠳ ᠨᠢᠭᠡᠨ ᠲᠠᠩᠬᠢᠮ ᠳᠤ ᠴᠤᠭᠯᠠᠷᠠᠨ᠂ ᠤᠯᠤᠰ ᠲᠥᠷᠦ ᠳᠤ ᠵᠦᠪᠯᠡᠬᠦ᠂ ᠠᠷᠠᠳᠴᠢᠯᠠᠯ ᠢᠶᠠᠷ

ᠬᠢᠨᠠᠯᠲᠠ ᠲᠠᠯᠪᠢᠬᠤ᠂  ᠵᠠᠰᠠᠭ ᠤᠨ ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠬᠦ ᠡᠭᠦᠷᠭᠡ ᠴᠢᠳᠠᠪᠬᠢ

 ᠪᠠᠨ ᠬᠢᠨᠠᠮᠠᠭᠠᠢ ᠭᠦᠢᠴᠡᠳᠬᠡᠵᠦ᠂ ᠰᠠᠨᠠᠯ ᠰᠠᠨᠠᠭᠤᠯᠭ᠎ᠠ ᠲᠣᠷᠠᠳᠣᠨ᠂ ᠬᠠᠮᠲᠤ ᠶᠢᠨ ᠲᠠᠨᠢᠯᠲᠠ ᠶᠢ ᠨᠢᠬᠳᠠᠷᠠᠭᠤᠯᠵᠤ᠂

ᠰᠢᠯᠤᠭᠤᠨ ᠬᠥᠬᠡ ᠬᠤᠰᠢᠭᠤᠨ ᠤ ᠬᠥᠭᠵᠢᠯᠲᠡ ᠳᠤ ᠬᠦᠴᠦᠨ ᠨᠡᠮᠡᠷᠢᠯᠡᠭᠰᠡᠨ ᠪᠠᠶᠢᠨ᠎ᠠ᠃

 

ᠤᠯᠤᠰ ᠲᠥᠷᠥ ᠶᠢᠨ ᠵᠥᠪᠯᠡᠯᠭᠡᠨ ᠤ ᠰᠢᠯᠤᠭᠤᠨ ᠬᠥᠬᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ

ᠬᠤᠷᠢᠶᠠᠨ ᠤ ᠭᠤᠷᠪᠠᠳᠤᠭᠠᠷ ᠬᠤᠷᠠᠯ ᠳᠤ ᠣᠷᠣᠯᠴᠠᠬᠤ ᠵᠤᠬᠢᠰᠳᠠᠢ ᠭᠡᠰᠢᠭᠦᠨ 135 ᠬᠥᠮᠦᠨ᠂ ᠪᠣᠳᠠᠲᠠᠶ

ᠣᠷᠣᠯᠴᠠᠭᠰᠠᠨ ᠨᠢ 116 ᠬᠥᠮᠦᠨ ᠪᠠᠶᠢᠵᠦ᠂ ᠤᠯᠤᠰ ᠲᠥᠷᠥ ᠶᠢᠨ ᠵᠥᠪᠯᠡᠯᠭᠡᠨ ᠤ ᠲᠦᠷᠢᠮ ᠤᠨ ᠲᠣᠭᠲᠠᠭᠠᠯ ᠳᠤ

ᠨᠡᠶᠢᠴᠡᠵᠡᠢ᠃

ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂

ᠵᠠᠰᠠᠭ ᠤᠨ ᠣᠷᠳᠣᠨ ᠤ ᠬᠤᠰᠢᠭᠤ ᠳᠠᠷᠤᠭ᠎ᠠ ᠯᠢᠦ ᠰᠢᠶᠣᠤ ᠮᠢᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ

ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠣᠶᠣᠯᠲᠤ ᠵᠡᠷᠭᠡ ᠬᠤᠰᠢᠭᠤ ᠤᠳᠤᠷᠢᠳᠤᠯᠭ᠎ᠠ ᠨᠠᠷ

ᠤᠷᠢᠯᠭ᠎ᠠ ᠪᠠᠷ ᠬᠤᠷᠠᠯ ᠳᠤ ᠤᠷᠤᠯᠴᠠᠵᠤ ᠲᠡᠷᠢᠭᠦᠯᠡᠭᠴᠢᠳ ᠤᠨ ᠲᠠᠶᠢᠰᠠᠨ ᠳᠤ ᠰᠠᠭᠤᠯᠴᠠᠭᠰᠠᠨ ᠪᠠᠶᠢᠨ᠎ᠠ᠃

ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠭᠠᠩᠪᠦ᠋ᠬᠡ᠂ ᠳᠡᠳ᠋ ᠲᠡᠷᠢᠭᠦᠯᠡᠭᠴᠢ ᠦᠨᠳᠦᠰᠦ᠂

ᠼᠦᠢ ᠮᠢᠩ ᠬᠤᠸᠠ᠂ ᠳᠡᠳ᠋ ᠲᠡᠷᠢᠭᠦᠯᠡᠭᠴᠢ ᠶᠢᠨ ᠵᠢᠱᠢᠭᠳᠡᠭᠴᠢ ᠢᠦᠢ ᠵᠤᠸᠠᠩ᠂ ᠳ᠋ᠢᠩ ᠬᠤᠩ ᠨᠠᠷ ᠬᠤᠷᠠᠯ ᠳᠤ

ᠤᠷᠤᠯᠴᠠᠵᠤ᠂ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠤᠯᠴᠠᠵᠠᠢ᠃

ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠦᠨᠳᠦᠰᠦ ᠶᠡᠭᠡ ᠬᠤᠷᠠᠯ ᠢ ᠡᠷᠬᠢᠯᠡᠨ᠂ ᠦᠳᠡ ᠶᠢᠨ

ᠡᠮᠦᠨᠡᠬᠢ 9 ᠴᠠᠭ ᠲᠤ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠡᠬᠢᠯᠡᠯ᠎ᠡ᠃

ᠯᠢ ᠪᠥᠸᠧ ᠹᠧᠩ ᠬᠤᠰᠢᠭᠤ ᠨᠠᠮ ᠤᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠤᠨ ᠠᠮᠵᠢᠯᠲᠠ ᠲᠠᠢ

ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠪᠡ᠃ ᠲᠡᠷᠡ᠂ ᠥᠩᠭᠡᠷᠡᠭᠰᠡᠨ ᠨᠢᠭᠡ ᠵᠢᠯ ᠳᠤ ᠪᠢᠳᠡ ᠰᠢ ᠶᠢᠨ ᠫᠢᠩ

 ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ

ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠳᠤᠮᠳᠠᠳᠤ

 ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠶᠯ ᠤᠨ ᠠᠵᠢᠯ

 ᠤᠨ ᠭᠤᠤᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠦᠪᠯᠡᠷᠡᠭᠦᠯᠦᠨ᠂

ᠴᠢᠨᠠᠷ ᠰᠠᠶᠢᠲᠠᠶ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠡᠯ᠎ᠡ ᠵᠦᠶᠯ ᠤᠨ ᠠᠵᠢᠯ

ᠦᠶᠯᠡᠰ ᠰᠢᠨ᠎ᠡ ᠳᠦᠷᠰᠦ ᠪᠠᠶᠢᠳᠠᠯ ᠲᠠᠢ ᠪᠤᠯᠤᠭᠰᠠᠨ ᠪᠠᠶᠢᠨ᠎ᠠ᠃ ᠡᠲᠡᠭᠡᠷ ᠠᠮᠵᠢᠯᠲᠠ ᠪᠣᠯ ᠪᠥᠬᠦ ᠬᠤᠰᠢᠭᠤᠨ ᠤ

ᠥᠷᠭᠡᠨ ᠣᠯᠠᠨ ᠺᠠᠳ᠋ᠷ ᠣᠯᠠᠨ ᠲᠦᠮᠡᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ

ᠲᠡᠮᠡᠴᠡᠭᠰᠡᠨ ᠤ ᠦᠷ᠎ᠡ ᠳ᠋ᠦᠩ ᠮᠥᠨ᠃ ᠤᠯᠤᠰ ᠲᠥᠷᠥ ᠶᠢᠨ ᠵᠥᠪᠯᠡᠯᠭᠡᠨ ᠪᠠ ᠥᠷᠭᠡᠨ ᠣᠯᠠᠨ ᠤᠯᠤᠰ ᠲᠥᠷᠥ

 ᠶᠢᠨ ᠵᠥᠪᠯᠡᠯᠭᠡᠨ ᠤ ᠭᠡᠰᠢᠭᠦᠨ ᠤᠯᠤᠰ ᠲᠥᠷᠥ ᠳᠤ ᠵᠦᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ

ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠬᠦ ᠡᠭᠦᠷᠭᠡ ᠴᠢᠳᠠᠪᠬᠢ ᠪᠠᠨ ᠨᠠᠷᠢᠨ ᠬᠢᠨᠠᠮᠠᠭᠠᠶ

ᠭᠦᠶᠴᠡᠳᠬᠡᠵᠦ᠂ ᠤᠯᠤᠰ ᠲᠥᠷᠥ ᠶᠢᠨ ᠵᠢᠯᠤᠭᠤᠳᠬᠤ ᠬᠦᠴᠦᠨ ᠢᠶᠠᠨ ᠴᠢᠩᠭᠠᠳᠬᠠᠵᠤ᠂ ᠶᠡᠭᠡ ᠲᠠᠯ᠎ᠠ ᠳᠤ

ᠦᠢᠯᠡᠴᠢᠯᠡᠨ ᠲᠣᠪᠣᠶᠢᠮ᠎ᠠ ᠦᠷ᠎ᠡ ᠪᠦᠲᠦᠮᠵᠢ ᠭᠠᠷᠭᠠᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ

ᠴᠢᠩᠭᠠᠳᠬᠠᠨ᠂ ᠰᠢᠯᠤᠭᠤᠨ ᠬᠥᠬᠡ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ

ᠬᠤᠪᠢ ᠨᠡᠮᠡᠷᠢ ᠦᠵᠡᠭᠦᠯᠵᠡᠢ ᠭᠡᠵᠤ ᠵᠢᠭᠠᠵᠤ ᠭᠠᠷᠭᠠᠯ᠎ᠠ᠃

ᠯᠢ ᠪᠥᠸᠧ ᠹᠧᠩ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ︽ᠤᠯᠤᠰ ᠲᠥᠷᠥ ᠶᠢᠨ ᠵᠥᠪᠯᠡᠯᠭᠡᠨ ᠢ

ᠣᠶᠢᠯᠠᠭᠠᠬᠤ᠂ ᠵᠥᠪᠯᠡᠯᠭᠡ ᠬᠢᠬᠦ᠂ ᠵᠠᠰᠠᠭ ᠤᠨ ᠶᠠᠪᠤᠳᠠᠯ ᠢ ᠵᠥᠪᠯᠡᠬᠦ ᠳᠡᠭᠡᠨ ᠴᠢᠳᠠᠮᠠᠭᠠᠶ᠂ ᠰᠠᠬᠢᠯᠭ᠎ᠠ ᠪᠠᠲᠤ ᠶᠢ

ᠰᠠᠬᠢᠬᠤ᠂ ᠶᠣᠰᠣ ᠲᠦᠷᠢᠮ ᠢ ᠡᠷᠬᠢᠮᠯᠡᠬᠦ᠂ ᠰᠤᠷᠲᠠᠯ ᠢ ᠴᠢᠬᠤᠯᠠᠴᠢᠯᠠᠬᠤ︾ ᠱᠠᠭᠠᠷᠳᠠᠯᠭ᠎ᠠ ᠶᠢ ᠪᠠᠲᠤ ᠴᠡᠭᠡᠵᠢᠯᠡᠵᠦ᠂

ᠪᠥᠬᠦ ᠲᠠᠯ᠎ᠠ ᠶᠢᠨ ᠦᠨᠳᠦᠷᠴᠡ ᠠᠴᠠ ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠨ᠂ ᠮᠡᠳᠡᠬᠦᠯᠦᠯᠳᠡ ᠶᠢ

ᠬᠢᠨᠠᠮᠠᠭᠠᠶ ᠬᠢᠨᠠᠨ ᠶᠠᠷᠢᠯᠴᠠᠵᠤ᠂ ᠰᠠᠨᠠᠯ ᠰᠠᠨᠠᠭᠤᠯᠭ᠎ᠠ ᠪᠠᠨ ᠳᠡᠪᠰᠢᠬᠦᠯᠦᠨ ᠣᠯᠠᠨ ᠤ ᠣᠶᠤᠨ ᠤᠬᠠᠭᠠᠨ ᠢ

ᠲᠦᠪᠯᠡᠷᠡᠭᠦᠯᠵᠦ᠂ ᠪᠣᠳᠠᠲᠠᠶ ᠶᠢ ᠡᠷᠬᠢᠮᠯᠡᠬᠦ ᠠᠷᠭ᠎ᠠ ᠪᠣᠳᠣᠯᠭ᠎ᠠ ᠰᠤᠪᠢᠨ᠂ ᠡᠯ᠎ᠡ ᠵᠦᠶᠯ ᠤᠨ ᠢᠯᠡᠳᠬᠡᠯ ᠤᠨ

ᠬᠥᠭᠵᠢᠯᠲᠡ ᠶᠢᠨ ᠬᠠᠷᠠᠯᠲᠠ ᠶᠢ ᠨᠠᠩ ᠰᠢᠨᠵᠢᠯᠡᠬᠦ ᠤᠬᠠᠭᠠᠨᠴᠢ᠂ ᠠᠵᠢᠯ ᠤᠨ ᠰᠡᠳᠬᠢᠮᠵᠢ ᠶᠢ ᠨᠠᠩ ᠲᠡᠭᠦᠯᠳᠡᠷ᠂ ᠡᠯ᠎ᠡ

ᠵᠦᠶᠯ ᠤᠨ ᠠᠷᠭ᠎ᠠ ᠬᠡᠮᠵᠢᠶ᠎ᠡ ᠶᠢ ᠨᠠᠩ ᠬᠦᠴᠦᠲᠡᠶ ᠪᠣᠯᠭᠠᠬᠤ ᠬᠡᠷᠡᠭᠲᠡᠶ᠃ ᠦᠵᠡᠯ ᠰᠠᠨᠠᠭ᠎ᠠ ᠪᠠ ᠦᠶᠯᠡ ᠠᠵᠢᠯᠯᠠᠭ᠎ᠠ

 ᠪᠠᠨ ᠬᠤᠰᠢᠭᠤ ᠨᠠᠮ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠳᠡᠭᠡᠷ᠎ᠡ ᠨᠢᠭᠡᠳᠬᠡᠵᠦ᠂ ᠤᠯᠤᠰ ᠲᠥᠷᠥ ᠶᠢᠨ

ᠤᠬᠠᠮᠰᠠᠷ ᠢᠶᠠᠨ ᠴᠢᠩᠭᠠᠳᠬᠠᠨ᠂ ᠨᠠᠮ ᠤᠨ ᠤᠳᠤᠷᠢᠳᠤᠯᠭ᠎ᠠ᠂ ᠠᠷᠠᠳᠴᠢᠯᠠᠯ ᠢ ᠪᠠᠳᠠᠷᠠᠭᠤᠯᠬᠤ᠂ ᠬᠠᠤᠯᠢ ᠲᠦᠷᠢᠮ

ᠶᠣᠰᠣᠭᠠᠷ ᠠᠵᠢᠯ ᠶᠠᠪᠤᠳᠠᠯ ᠭᠦᠶᠴᠡᠳᠬᠡᠬᠦ ᠶᠢ ᠰᠣᠩᠭᠤᠭᠤᠯᠢ ᠶᠢᠨ ᠠᠵᠢᠯ ᠤᠨ ᠪᠥᠬᠦ ᠶᠠᠪᠤᠴᠠ ᠳᠤ

ᠲᠤᠭᠤᠰᠢᠯᠠᠭᠤᠯᠵᠤ᠂ ᠬᠠᠤᠯᠢ ᠶᠢᠨ ᠲᠤᠭᠳᠠᠭᠠᠯ ᠶᠣᠰᠣᠭᠠᠷ ᠠᠷᠠᠳᠴᠢᠯᠠᠯ ᠤᠨ ᠡᠷᠬᠡ ᠪᠠᠨ ᠰᠠᠶᠢᠲᠤᠷ ᠭᠡᠷᠡᠭᠵᠢᠬᠦᠯᠦᠨ᠂

ᠰᠣᠩᠭᠤᠭᠤᠯᠢ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠤᠯᠤᠰ ᠲᠥᠷᠥ ᠶᠢᠨ

ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠨᠢ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ

ᠭᠡᠰᠢᠭᠦᠳ ᠢ ᠪᠦᠯᠬᠦᠮᠳᠡᠭᠦᠯᠦᠨ ᠲᠠᠶᠢᠴᠢᠯᠠᠵᠤ᠂ ᠢᠮᠠᠭᠲᠠ ᠬᠤᠰᠢᠭᠤ ᠨᠠᠮ ᠤᠨ ᠬᠤᠷᠢᠶ᠎ᠠ ᠲᠠᠢ ᠰᠠᠨᠠᠯ ᠢᠶᠠᠨ

ᠨᠢᠭᠡᠳᠬᠡᠨ ᠬᠦᠴᠦ ᠪᠠᠨ ᠬᠠᠮᠲᠤᠳᠬᠠᠵᠤ᠂ ᠪᠥᠬᠦ ᠵᠢᠯ ᠤᠨ ᠠᠵᠢᠯ ᠢᠶᠠᠨ ᠨᠠᠷᠢᠨ ᠬᠢᠨᠠᠮᠠᠭᠠᠶ ᠰᠠᠶᠢᠲᠤᠷ

ᠲᠦᠯᠦᠪᠵᠢᠬᠦᠯᠦᠨ᠂ ᠪᠥᠬᠦ ᠬᠤᠰᠢᠭᠤᠨ ᠤ ᠡᠯ᠎ᠡ ᠲᠥᠷᠥᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠣᠶᠤᠨ

ᠤᠬᠠᠭᠠᠨ ᠪᠠ ᠬᠦᠴᠦᠨ ᠴᠢᠳᠠᠯ ᠢᠶᠠᠨ ᠡᠷᠭᠦᠭᠦ ᠬᠡᠷᠡᠭᠳᠡᠢ᠃ ᠪᠦᠬᠦ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ

ᠵᠢᠳᠬᠦᠯ ᠴᠢᠷᠮᠠᠶᠢᠯᠭ᠎ᠠ ᠲᠠᠢ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠬᠠᠷᠢᠭᠤᠴᠠᠯᠭᠠᠲᠤ ᠤᠬᠠᠮᠰᠠᠷ ᠢᠶᠠᠨ

ᠢᠮᠠᠭᠲᠠ ᠪᠠᠲᠤᠯᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠲᠦᠷᠦᠯ ᠵᠦᠢᠯ ᠤᠨ ᠪᠦᠳᠦᠭᠡᠨ

ᠪᠠᠶᠢᠭᠤᠯᠤᠯᠲᠠ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠵᠡᠷᠭᠡ

ᠠᠵᠢᠯ ᠤᠨ ᠳᠤᠮᠳᠠ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂

ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠤᠪᠢ ᠨᠡᠮᠡᠷᠢ

ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃

ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠠᠩᠪᠦ᠋ᠬᠡ ᠶᠡᠭᠡ ᠬᠤᠷᠠᠯ ᠳᠤ ᠤᠯᠤᠰ ᠲᠥᠷᠥ ᠶᠢᠨ

ᠵᠥᠪᠯᠡᠯᠭᠡᠨ ᠤ ᠰᠢᠯᠤᠭᠤᠨ ᠬᠥᠬᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ

ᠬᠤᠷᠢᠶᠠᠨ ᠤ ᠠᠵᠢᠯ ᠤᠨ ᠢᠯᠡᠳᠬᠡᠯ ᠬᠢᠯ᠎ᠡ᠃ ᠭᠠᠩᠪᠦ᠋ᠬᠡ ᠮᠡᠳᠡᠭᠦᠯᠦᠯᠲᠡ ᠳᠡᠭᠡᠨ᠂ 2023 ᠣᠨ ᠪᠣᠯ ᠳᠤᠮᠳᠠᠳᠤ

ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ

ᠲᠤᠭᠤᠰᠢᠯᠠᠭᠤᠯᠬᠤ ᠡᠬᠢᠯᠡᠯᠲᠡ ᠶᠢᠨ ᠵᠢᠯ ᠮᠥᠨ᠃ ᠨᠢᠭᠡ ᠵᠢᠯ ᠤᠨ ᠲᠤᠷᠰᠢ᠂ ᠪᠠᠶᠢᠩᠭᠤ ᠶᠢᠨ ᠬᠤᠷᠢᠶ᠎ᠠ ᠰᠢ ᠶᠢᠨ

ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ

 ᠪᠠᠷ ᠵᠢᠯᠣᠭᠤᠳᠣᠯᠭ᠎ᠠ ᠪᠤᠯᠭᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ

ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠳᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ

ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ

 ᠳᠤ ᠳᠤᠷᠠᠳᠤᠭᠰᠠᠨ ︽ᠭᠤᠷᠪᠠ ᠶᠢ ᠪᠠᠷᠢᠮᠲᠠᠯᠠᠬᠤ᠂ ᠨᠢᠭᠡ ᠶᠢ ᠴᠢᠩᠭᠠᠳᠬᠠᠬᠤ᠂ ᠨᠢᠭᠡ ᠶᠢ ᠳᠡᠭᠡᠭᠰᠢᠯᠡᠭᠦᠯᠬᠦ ᠪᠠ

ᠲᠡᠭᠦᠯᠳᠡᠷᠵᠢᠭᠦᠯᠬᠦ︾ ᠱᠠᠭᠠᠷᠳᠠᠯᠭ᠎ᠠ ᠶᠢ ᠬᠦᠨᠵᠡᠭᠡᠢ ᠤᠶᠢᠯᠠᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ

ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ

ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠶᠢ ᠰᠠᠶᠢᠲᠤᠷ ᠪᠡᠶᠡᠯᠡᠭᠦᠯᠬᠦ ᠲᠠᠢ ᠨᠢᠭᠲᠠ

ᠤᠶᠠᠯᠳᠤᠭᠤᠯᠤᠨ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠵᠤ᠂ ᠨᠠᠮ

 ᠤᠨ ᠪᠠᠶᠢᠭᠤᠯᠤᠯᠲᠠ ᠪᠠᠷ ᠤᠯᠤᠰ ᠲᠥᠷᠥ ᠶᠢ ᠬᠦᠴᠦᠷᠬᠡᠭᠵᠢᠭᠦᠯᠬᠦ᠂ ᠡᠩᠨᠡᠭᠡ ᠶᠢ ᠳᠠᠶᠢᠴᠢᠯᠠᠬᠤ᠂ ᠲᠤᠰᠢᠶᠠᠯ ᠢᠶᠠᠨ

ᠭᠦᠢᠴᠡᠳᠬᠡᠬᠦ ᠶᠢ ᠠᠬᠢᠭᠤᠯᠬᠤ᠂ ᠪᠦᠯᠬᠦᠮᠳᠡᠯ ᠢ ᠴᠢᠩᠭᠠᠳᠬᠠᠬᠤ ᠠᠵᠢᠯ ᠤᠨ ᠰᠢᠨ᠎ᠡ ᠪᠠᠶᠢᠳᠠᠯ ᠢ ᠪᠤᠢ ᠪᠤᠯᠭᠠᠭᠰᠠᠨ

ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠬᠡ ᠬᠤᠰᠢᠭᠤᠨ ᠤ ᠬᠤᠷᠢᠶᠠᠨ ᠤ ᠪᠠᠲᠤ

ᠴᠢᠩᠭ᠎ᠠ ᠤᠳᠤᠷᠢᠳᠤᠯᠭ᠎ᠠ ᠳᠣᠤᠷ᠎ᠠ᠂ ᠬᠤᠰᠢᠭᠤ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠪᠠ ᠠᠶᠢᠮᠠᠭ ᠤᠨ

ᠤᠯᠤᠰ ᠲᠥᠷᠥ ᠶᠢᠨ ᠵᠥᠪᠯᠡᠯᠭᠡᠨ ᠤ ᠵᠢᠯᠣᠭᠤᠳᠣᠯᠭ᠎ᠠ ᠪᠠᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ

ᠪᠠᠶᠢᠩᠭᠤ ᠶᠢᠨ ᠬᠤᠷᠢᠶ᠎ᠠ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ

ᠤᠶᠠᠯᠳᠤᠭᠤᠯᠬᠤ ᠶᠢ ᠪᠠᠷᠢᠮᠲᠠᠯᠠᠵᠤ᠂ ᠠᠷᠭ᠎ᠠ ᠪᠤᠳᠤᠯᠭ᠎ᠠ ᠰᠦᠪᠡᠭᠴᠢᠯᠡᠨ ᠵᠠᠰᠠᠭ ᠲᠤ ᠲᠤᠰᠠᠯᠠᠬᠤ ᠪᠠ ᠬᠠᠮᠲᠤ ᠶᠢᠨ

ᠲᠠᠨᠢᠯᠲᠠ ᠶᠢ ᠨᠢᠭᠲᠠᠷᠠᠭᠤᠯᠬᠤ ᠬᠤᠤᠰ ᠴᠢᠭᠯᠡᠯ ᠢᠶᠠᠷ ᠴᠢᠷᠮᠠᠶᠢᠵᠦ᠂ ᠪᠥᠬᠦ ᠵᠢᠯ ᠤᠨ ᠡᠯ᠎ᠡ ᠵᠦᠶᠯ ᠤᠨ ᠠᠵᠢᠯ ᠤᠨ

ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠢᠶᠠᠷ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ

ᠠᠵᠢᠯ ᠳᠤ ᠰᠢᠨ᠎ᠡ ᠳᠦᠷᠰᠦ ᠪᠠᠶᠢᠳᠠᠯ ᠢᠯᠡᠷᠡᠨ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠯᠤᠭᠤᠨ ᠬᠥᠬᠡ

ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠭᠰᠡᠨ ᠪᠠᠶᠢᠨ᠎ᠠ ᠭᠡᠯ᠎ᠡ᠃

 ᠮᠡᠳᠡᠭᠦᠯᠦᠯᠲᠡ ᠳᠤ 2024 ᠣᠨ ᠤ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠶᠡᠷᠦᠩᠬᠡᠶ

ᠱᠠᠭᠠᠷᠳᠠᠯᠭ᠎ᠠ ᠶᠢ ᠲᠣᠳᠣᠷᠬᠠᠶᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ

ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠳᠤᠮᠳᠠᠳᠤ ᠤᠯᠤᠰ ᠤᠨ

ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ

ᠬᠤᠶᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ

ᠭᠤᠤᠯ ᠰᠢᠵᠢᠮ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽

ᠲᠠᠪᠤᠨ ᠶᠡᠭᠡ ᠡᠭᠦᠷᠭᠡ︾ ᠪᠠ  ︽ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠥᠬᠦ ᠲᠠᠯ᠎ᠠ ᠪᠠᠷ ᠪᠥᠲᠥᠭᠡᠨ

ᠪᠠᠶᠢᠭᠤᠯᠬᠤ ᠬᠤᠶᠠᠷ ᠶᠡᠭᠡ ᠶᠠᠪᠤᠳᠠᠯ ᠢ ᠰᠡᠳᠬᠢᠯ ᠨᠢᠭᠡᠳᠬᠡᠨ ᠬᠦᠴᠦ ᠪᠠᠨ ᠬᠠᠮᠲᠤᠳᠬᠠᠵᠤ ᠰᠠᠶᠢᠲᠤᠷ ᠪᠡᠶᠡᠯᠡᠬᠦᠯᠵᠦ᠂

ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠣᠷᠣᠨ ᠪᠠᠶᠢᠷᠢ ᠰᠢᠨ᠎ᠡ ᠡᠭᠦᠷᠭᠡ

ᠬᠠᠷᠢᠭᠤᠴᠠᠯᠭ᠎ᠠ ᠶᠢ ᠪᠠᠲᠤ ᠡᠵᠡᠮᠳᠡᠵᠦ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ

᠂ ᠶᠡᠭᠡ ᠪᠦᠯᠬᠦᠮᠳᠡᠯ ᠶᠡᠭᠡ ᠬᠤᠯᠪᠣᠭᠠᠯᠠᠯ ᠢ ᠢᠮᠠᠭᠲᠠ ᠪᠠᠷᠢᠮᠲᠠᠯᠠᠵᠤ᠂ ᠵᠥᠪᠯᠡᠬᠦ ᠠᠷᠠᠳᠴᠢᠯᠠᠯ ᠢ ᠪᠥᠬᠦ ᠲᠠᠯ᠎ᠠ ᠪᠠᠷ

ᠬᠥᠭᠵᠢᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠬᠡ ᠬᠤᠰᠢᠭᠤᠨ ᠤ ᠠᠷᠪᠠᠨ

ᠲᠠᠪᠤᠳᠤᠭᠠᠷ ᠬᠤᠭᠤᠴᠠᠭᠠᠨ ᠤ ᠬᠤᠷᠢᠶᠠᠨ ᠤ ᠶᠢᠰᠦᠳᠦᠭᠡᠷ ᠤᠳᠠᠭᠠᠨ ᠤ ᠪᠥᠬᠦᠳᠡ ( ᠥᠷᠭᠡᠳᠬᠡᠭᠰᠡᠨ ) ᠬᠤᠷᠠᠯ

ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠰᠢᠶᠳᠪᠦᠷᠢᠲᠦ ᠪᠣᠳᠣᠯᠭ᠎ᠠ ᠶᠢᠨ

ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠭᠰᠠᠨ ᠰᠢᠯᠤᠭᠤᠨ

ᠬᠥᠬᠡ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠠᠮᠲᠤ ᠶᠢᠨ ᠲᠠᠨᠢᠯᠲᠠ ᠢᠶᠠᠨ

ᠨᠢᠠᠠᠳᠠᠷᠠᠭᠤᠯᠬᠤ ᠬᠡᠷᠡᠭᠳᠡᠢ ᠬᠡᠵᠡᠢ ᠃

 ᠭᠠᠩᠪᠦ᠋ᠬᠡ ᠮᠡᠳᠡᠭᠦᠯᠦᠯᠲᠡ ᠳᠡᠭᠡᠨ ᠴᠢᠬᠤᠯᠠᠴᠢᠯᠠᠭᠰᠠᠨ ᠨᠢ᠂ 2024 ᠣᠨ ᠳᠤ ᠬᠤᠰᠢᠭᠤ ᠤᠯᠤᠰ ᠲᠥᠷᠥ ᠶᠢᠨ

ᠵᠥᠪᠯᠡᠯᠭᠡᠨ ᠨᠢ ᠨᠠᠮ ᠤᠨ ᠪᠠᠶᠢᠭᠤᠯᠤᠯᠲᠠ ᠶᠢᠨ ᠵᠢᠯᠣᠭᠤᠳᠤᠮᠵᠢ ᠶᠢᠨ ᠲᠠᠯ᠎ᠠ ᠪᠠᠷ ᠳᠠᠬᠢᠨ ᠴᠢᠩᠭᠠᠳᠬᠠᠵᠤ᠂ ᠤᠯᠤᠰ

ᠲᠥᠷᠥ ᠶᠢᠨ ᠵᠥᠪ ᠴᠢᠭᠯᠡᠯ ᠢ ᠪᠠᠲᠤ ᠡᠵᠡᠮᠳᠡᠨ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠲᠠᠯ᠎ᠠ ᠪᠠᠷ ᠶᠠᠰᠤ

ᠴᠢᠨᠠᠷ ᠢ ᠳᠠᠬᠢᠨᠲᠠ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠰᠡᠳᠬᠢᠮᠵᠢ ᠶᠢᠨ ᠲᠠᠯ᠎ᠠ ᠪᠠᠷ ᠦᠷ᠎ᠡ ᠠᠰᠢᠭ ᠢ ᠳᠠᠬᠢᠨᠲᠠ

ᠨᠡᠮᠡᠭᠳᠡᠬᠦᠯᠦᠨ᠂ ᠣᠯᠠᠨ ᠲᠦᠮᠡᠨ ᠳᠤ ᠦᠶᠯᠡᠴᠢᠯᠡᠬᠦ ᠳᠤᠮᠳᠠ ᠳᠠᠬᠢᠨ ᠰᠡᠳᠬᠢᠯ ᠲᠠᠯᠪᠢᠵᠤ᠂ ᠠᠵᠢᠯ ᠢᠶᠠᠨ ᠠᠬᠢᠭᠤᠯᠬᠤ

ᠳᠡᠭᠡᠷ᠎ᠡ ᠳᠠᠬᠢᠨ  ᠬᠦᠴᠦᠯᠡᠵᠦ᠂ ᠡᠩᠨᠡᠭᠡᠨ ᠤ ᠪᠠᠶᠢᠭᠤᠯᠤᠯᠲᠠ ᠶᠢᠨ ᠲᠠᠯ᠎ᠠ ᠪᠠᠷ ᠳᠠᠬᠢᠨᠲᠠ ᠳᠡᠭᠡᠭᠰᠢᠯᠡᠭᠦᠯᠵᠦ᠂

ᠭᠡᠰᠢᠭᠦᠳ ᠤᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠦᠷᠦ

 ᠶᠢᠨ ᠵᠥᠪᠯᠡᠯᠭᠡᠨ ᠤ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠬᠡᠵᠡᠢ᠃

ᠬᠤᠷᠠᠯ ᠳᠡᠭᠡᠷ᠎ᠡ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠼᠦᠢ ᠮᠢᠩ ᠬᠤᠸᠠ ᠶᠡᠭᠡ

ᠬᠤᠷᠠᠯ ᠳᠤ ᠤᠯᠤᠰ ᠲᠥᠷᠥ ᠶᠢᠨ ᠵᠥᠪᠯᠡᠯᠭᠡᠨ ᠤ ᠰᠢᠯᠤᠭᠤᠨ ᠬᠥᠬᠡ ᠬᠤᠰᠢᠭᠤᠨ ᠤ ᠠᠷᠪᠠᠨ ᠨᠢᠭᠡᠳᠦᠭᠡᠷ

ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ

ᠬᠤᠷᠠᠯᠳᠤᠭᠠᠨ ᠠᠴᠠ ᠨᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ ᠬᠢᠬᠦ

 ᠳᠡᠭᠡᠨ᠂ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠬᠤᠷᠠᠯᠳᠤᠭᠠᠨ ᠠᠴᠠ ᠨᠠᠰᠢ ᠭᠡᠰᠢᠭᠦᠳ ᠨᠡᠶᠢᠲᠡ 113

ᠬᠤᠪᠢ ᠰᠠᠨᠠᠯ ᠵᠥᠪᠯᠡᠯᠭᠡ ᠳᠡᠪᠰᠢᠬᠦᠯᠵᠦ᠂ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠺᠣᠮᠢᠰ ᠬᠢᠨᠠᠨ ᠪᠠᠶᠢᠴᠠᠭᠠᠬᠤ

 ᠪᠠᠷ ᠳᠠᠮᠵᠢᠭᠠᠳ 101 ᠬᠤᠪᠢ ᠰᠠᠨᠠᠯ ᠵᠥᠪᠯᠡᠯᠭᠡ ᠨᠢ ᠪᠦᠷᠢᠳᠭᠡᠨ ᠳᠠᠩᠰᠠᠯᠠᠬᠤ ᠨᠥᠬᠦᠴᠡᠯ ᠳᠤ ᠬᠦᠷᠴᠡᠶ᠃

2023 ᠣᠨ ᠤ 2 ᠰᠠᠷ᠎ᠠ ᠶᠢᠨ 10 ᠤ ᠡᠳᠦᠷ᠂ ᠬᠤᠰᠢᠭᠤ ᠵᠠᠰᠠᠭ ᠤᠨ ᠣᠷᠳᠣᠨ ᠪᠣᠯᠤᠨ ᠬᠤᠰᠢᠭᠤ ᠤᠯᠤᠰ

ᠲᠥᠷᠥ ᠶᠢᠨ ᠵᠥᠪᠯᠡᠯᠭᠡᠨ ᠬᠠᠮᠲᠤᠷᠠᠨ ᠰᠠᠨᠠᠯ ᠳᠤᠷᠠᠳᠤᠯᠭ᠎ᠠ ᠶᠢ ᠲᠤᠰᠢᠶᠠᠨ ᠰᠢᠶᠳᠪᠦᠷᠢᠯᠡᠭᠦᠯᠬᠦ ᠬᠤᠷᠠᠯ

ᠬᠤᠷᠠᠯᠳᠤᠭᠤᠯᠵᠤ᠂ 101 ᠬᠤᠪᠢ ᠰᠠᠨᠠᠯ ᠳᠤᠷᠠᠳᠤᠯᠭ᠎ᠠ ᠶᠢ 24  ᠨᠢᠭᠡᠴᠡ ᠳᠤ ᠲᠤᠰᠢᠶᠠᠨ ᠥᠭᠴᠦ 

ᠰᠡᠢᠳᠪᠦᠷᠢᠯᠡᠬᠦᠯᠵᠦ᠂ ᠨᠢᠭᠡᠨᠲᠡ ᠳᠠᠩᠰᠠᠯᠠᠭᠰᠠᠨ 101 ᠬᠤᠪᠢ ᠰᠠᠨᠠᠯ ᠳᠤᠷᠠᠳᠤᠯᠭ᠎ᠠ ᠨᠢ ᠠᠵᠤ ᠠᠬᠤᠶ᠂ ᠨᠡᠶᠢᠭᠡᠮ᠂

ᠠᠮᠢ ᠠᠬᠤᠢ᠂ ᠰᠣᠶᠣᠯ ᠵᠡᠷᠭᠡ ᠬᠦᠷᠢᠶ᠎ᠠ ᠴᠠᠷᠠᠭ᠎ᠠ ᠳᠤ ᠬᠤᠯᠪᠣᠭᠳᠠᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ

ᠣᠷᠳᠣᠨ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ

ᠦᠵᠡᠵᠦ ᠬᠦᠢᠴᠡᠳᠭᠡᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢ ᠠᠬᠢᠭᠤᠯᠬᠤ ᠪᠤᠯᠤᠨ

ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠢᠳᠡᠪᠬᠢ ᠦᠢᠯᠡᠳᠦᠯ ᠦᠵᠡᠭᠦᠯᠦᠭᠰᠡᠨ ᠪᠠᠶᠢᠨ᠎ᠠ ᠭᠡᠯ᠎ᠡ᠃

 ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ ᠵᠠᠩ ᡁᠢ ᠬᠤᠸᠠ᠂ ᠰᠠᠶᠢᠰᠢᠶᠠᠯᠳᠤ᠂ ᠭᠤᠤ ᠶᠠᠨ᠂

ᠰᠠᠷᠠᠨ᠎ᠠ ᠲᠤᠰ ᠲᠤᠰ ᠶᠡᠭᠡ ᠬᠤᠷᠠᠯ ᠳᠤ ᠢᠯᠡᠳᠭᠡᠯ ᠬᠢᠵᠡᠢ᠃

 ᠬᠤᠰᠢᠭᠤᠨ ᠳᠤ ᠰᠠᠭᠤᠭ᠎ᠠ ᠠᠶᠢᠮᠠᠭ ᠤᠨ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ᠂ ᠬᠤᠰᠢᠭᠤ ᠰᠢᠭᠤᠳ

ᠬᠠᠷᠢᠶ᠎ᠠ ᠬᠠᠮᠢᠶ᠎ᠠ  ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠤᠷᠠᠯ ᠳᠤ ᠰᠤᠯᠠ ᠤᠷᠤᠯᠴᠠᠵᠠᠢ᠃

 

 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号